ᠵᠣᠬᠢᠶᠠᠭᠴᠢ᠄ ᠰᠦᠩ ᠱᠧᠩ ᠭᠦᠢ | | ︽ᠦᠭᠡᠷᠡᠴᠢᠯᠡᠯᠳᠡ ᠨᠡᠭᠡᠭᠡᠯᠳᠡ︾ ᠬᠡᠵᠤ ᠲᠤᠮᠳᠠᠳᠤ ᠤᠯᠤᠰ ᠤᠨ ᠨᠡᠶᠢᠬᠡᠮ ᠤᠨ ᠬᠦᠭᠵᠢᠯᠳᠠ ᠶᠢᠨ ᠠᠬᠢᠴᠠ | ᠲᠤᠮᠳᠠᠬᠢ ᠤᠨᠴᠠ ᠠᠭᠤᠯᠬᠤᠨ ᠲᠠᠢ ᠤᠨᠴᠠᠭᠠᠢ ᠠᠴᠢ ᠬᠤᠯᠪᠤᠬᠳᠠᠯ ᠲᠠᠢ ᠤᠬᠠᠬᠳᠠᠬᠤᠨ ᠪᠤᠯᠤᠨ᠎ᠠ᠃ | ᠦᠬᠡᠷᠡᠴᠢᠯᠠᠯᠳᠠ ᠨᠡᠬᠡᠬᠡᠯᠳᠡ ᠶᠢᠨ ᠲᠤᠮᠤ ᠬᠦᠰᠢᠬᠡ ᠢᠷᠡᠬᠳᠠᠬᠰᠠᠨ ᠠᠴᠠ ᠨᠠᠰᠢ 2018 ᠤᠨ ᠪᠤᠯᠳᠠᠯ᠎ᠠ ᠨᠢᠬᠡᠨᠳᠡ | 40 ᠵᠢᠯ ᠢ ᠦᠩᠬᠡᠷᠡᠬᠡᠯᠡ︔ 40 ᠵᠢᠯ ᠤᠨ ᠲᠤᠷᠰᠢ᠂ ᠲᠤᠮᠳᠠᠳᠤ ᠤᠯᠤᠰ ᠤᠨ ᠡᠬᠡ ᠭᠠᠵᠠᠷ ᠲᠡᠭᠡᠷ᠎ᠡ ᠲᠡᠭᠷᠢ | ᠭᠠᠵᠠᠷ ᠢ ᠲᠤᠩᠰᠤᠯᠭᠠᠮ᠎ᠠ ᠲᠤᠮᠤ ᠬᠤᠪᠢᠷᠠᠯᠳᠠ ᠭᠠᠷᠴᠤ᠂ ᠤᠯᠠᠨ ᠬᠦᠷᠢᠶ᠎ᠠ ᠴᠠᠷᠠᠭ᠎ᠠ ᠳᠤ ᠲᠡᠯᠡᠬᠡᠢ ᠳ᠋ᠠᠬᠢᠨ ᠤ | ᠠᠩᠬᠠᠷᠤᠯ ᠢ ᠲᠠᠳᠠᠬᠰᠠᠨ ᠠᠮᠵᠢᠯᠳᠠ ᠶᠢ ᠪᠦᠳᠦᠬᠡᠵᠤ᠂ ᠲᠤᠮᠳᠠᠳᠤ ᠤᠯᠤᠰ ᠤᠨ ᠬᠦᠮᠦᠨ ᠨᠢᠬᠡᠪᠦᠷᠢ ᠳᠤ ᠡᠷᠭᠡ ᠦᠭᠡᠢ | ᠤᠮᠤᠭ ᠪᠠᠭ᠋ᠠᠳᠤᠯᠳᠤ ᠰᠡᠳᠬᠢᠯᠬᠡ ᠶᠢ ᠲᠦᠷᠦᠬᠦᠯᠬᠦ ᠶᠤᠮ᠃ ᠮᠠᠨ ᠤ ᠡᠨᠡ ᠨᠢᠬᠡ ᠦᠶ᠎ᠠ ᠶᠢᠨ ᠬᠢᠨ ᠪᠤᠯ | ᠦᠬᠡᠷᠡᠴᠢᠯᠠᠯᠳᠠ ᠨᠡᠬᠡᠬᠡᠯᠳᠡ ᠶᠢᠨ 40 ᠵᠢᠯ ᠢ ᠪᠡᠶᠡᠳᠡᠨ ᠦᠩᠬᠡᠷᠡᠬᠦᠯᠦᠭᠴᠢ ᠪᠦᠭᠡᠳ ᠡᠨᠡᠬᠦ ᠬᠦᠮᠦᠨ ᠤ ᠰᠡᠳᠬᠢᠯ ᠢ | ᠤᠷᠮᠠᠰᠢᠭᠤᠯᠤᠨ ᠬᠦᠭᠵᠢᠬᠡᠬᠦ ᠴᠠᠭ ᠦᠶ᠎ᠠ ᠶᠢᠨ ᠬᠦᠭ ᠠᠶᠠᠰ ᠢ ᠲᠠᠭᠠᠨ ᠡᠷᠡᠮᠡᠭᠡᠶᠢᠯᠡᠨ ᠲᠡᠮᠡᠴᠡᠭᠴᠢ ᠮᠦᠨ᠂ ᠠᠰᠢᠭ | ᠲᠤᠰᠠ ᠶᠢ ᠨᠢ ᠬᠦᠷᠳᠡᠭᠴᠢ ᠶᠤᠮ᠂ ᠡᠶᠢᠮᠦ ᠠᠴᠠ᠂ ᠢᠯᠠᠩᠭᠤᠶ᠎ᠠ ᠦᠪᠡᠷ ᠤᠨ ᠢᠶᠠᠨ ᠰᠠᠶᠢᠨ ᠤᠢᠢᠯᠠᠭᠠᠳᠠᠭ ᠬᠦᠷᠢᠶ᠎ᠠ | ᠴᠠᠷᠠᠭ᠎ᠠ ᠳᠤ ᠤᠢᠢᠯᠠᠭᠠᠯᠳᠠ ᠲᠦᠷᠦᠭᠳᠡᠯ ᠬᠡᠵᠤ ᠵᠠᠬ᠎ᠠ ᠠᠴᠠ ᠤᠯᠠᠨ᠃ | ᠮᠢᠨᠦ ᠪᠠᠷ᠂ 1980 ᠤᠨ ᠳᠤ ᠶᠡᠭᠡ ᠰᠤᠷᠭᠠᠭᠤᠯᠢ ᠶᠢᠨ ᠤᠶᠤᠳᠠᠨ ᠪᠠᠶᠢᠬᠤ ᠠᠴᠠ ᠪᠠᠨ ᠡᠬᠢᠯᠠᠵᠤ ᠵᠤᠬᠢᠶᠠᠨ | ᠪᠦᠳᠦᠭᠡᠬᠦ ᠤᠷᠤᠯᠳᠤᠯᠭ᠎ᠠ ᠬᠢᠵᠦ ᠡᠬᠢᠯᠡᠭᠰᠡᠨ ᠪᠦᠬᠡᠳ ᠤᠳᠬ᠎ᠠ ᠤᠷᠠᠯᠢᠭ ᠤᠨ ᠰᠢᠬᠦᠮᠵᠢ ᠶᠢᠨ ᠵᠤᠬᠢᠶᠠᠯ ᠢᠶᠠᠨ | ᠨᠡᠶᠢᠳᠡᠯᠡᠬᠦᠯᠵᠤ ᠪᠠᠶᠢᠬᠰᠠᠨ᠂ ᠤᠳᠤ ᠶᠠᠭ 38 ᠵᠢᠯ ᠤᠨ ᠨᠢᠭᠤᠷ ᠢ ᠦᠵᠠᠵᠤ ᠪᠠᠶᠢᠨ᠎ᠠ᠂ ᠡᠨᠡ ᠬᠤᠭᠤᠴᠠᠭᠠᠨ ᠳᠤ | ᠤᠳᠬ᠎ᠠ ᠤᠷᠠᠯᠢᠭ ᠤᠨ ᠰᠢᠬᠦᠮᠵᠢ ᠪᠤᠯᠤᠨ ᠤᠳᠬ᠎ᠠ ᠤᠷᠠᠯᠢᠭ ᠤᠨ ᠤᠨᠤᠯ ᠰᠤᠳᠤᠯᠤᠯ ᠤᠨ ᠠᠵᠢᠯ ᠢ ᠬᠢᠭᠰᠡᠭᠡᠷ | ᠢᠷᠡᠭᠰᠡᠨ᠂ ᠲᠤᠮᠳᠠᠳᠤ ᠤᠯᠤᠰ ᠤᠨ ᠤᠳᠬ᠎ᠠ ᠤᠷᠠᠯᠢᠭ ᠤᠨ ᠦᠵᠡᠭᠳᠡᠯ ᠤᠨ ᠤᠳᠤᠬᠢ ᠪᠠᠶᠢᠳᠠᠯ ᠵᠢᠴᠢ ᠲᠤᠰ | ᠬᠦᠷᠢᠶ᠎ᠠ ᠴᠠᠷᠠᠭᠠᠨ ᠳᠠᠬᠢ ᠡᠷᠳᠡᠮ ᠰᠢᠨᠵᠢᠯᠡᠬᠡᠨ ᠤ ᠦᠵᠦᠬᠦᠷ ᠰᠢᠨᠵᠢᠯᠡᠭᠡ ᠳᠤ ᠨᠠᠷᠢᠨ ᠬᠢᠨᠠᠮᠠᠭᠠᠢ ᠠᠵᠢᠬᠯᠠᠯᠳᠠ ᠬᠢᠵᠤ | ᠢᠷᠡᠭᠰᠡᠨ᠃ ᠢᠯᠡᠩᠭᠤᠶ᠎ᠠ ᠦᠪᠦᠷ ᠮᠤᠩᠭᠤᠯ ᠤᠨ ᠤᠳᠬ᠎ᠠ ᠤᠷᠠᠯᠢᠭ ᠤᠨ ᠵᠤᠬᠢᠶᠠᠨ ᠪᠦᠳᠦᠬᠡᠯᠬᠡ᠂ ᠤᠳᠬ᠎ᠠ | ᠤᠷᠠᠯᠢᠭ ᠤᠨ ᠰᠢᠬᠦᠮᠵᠢ ᠪᠤᠯᠤᠨ ᠰᠤᠳᠤᠯᠤᠯ ᠢ ᠬᠠᠮᠤᠭ ᠠᠴᠠ ᠠᠩᠬᠠᠷᠴᠤ ᠢᠷᠡᠭᠰᠡᠨ ᠨᠢ ᠶᠠᠷᠢᠶᠠᠨ ᠦᠬᠡᠢ᠃ 40 | ᠵᠢᠯ ᠤᠨ ᠲᠤᠷᠰᠢ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠰᠢᠬᠦᠮᠵᠢ ᠪᠠ ᠤᠳᠬ᠎ᠠ ᠤᠷᠠᠯᠢᠭ ᠤᠨ | ᠰᠤᠳᠤᠯᠤᠯ ᠤᠨ ᠬᠦᠷᠢᠶ᠎ᠠ ᠴᠠᠷᠠᠭ᠎ᠠ ᠳᠤ ᠯᠤᠳᠤ ᠶᠡᠭᠡ ᠬᠤᠪᠢᠷᠠᠯᠳᠠ ᠭᠠᠷᠤᠬᠰᠠᠨ ᠨᠢ ᠦᠨᠡᠯᠡᠬᠦᠰᠢᠳᠡᠢ ᠶᠤᠮ᠃ | ᠲᠤᠭ᠎ᠠ ᠪᠦᠷᠢᠳᠬᠡᠯ ᠠᠴᠠ ᠮᠠᠨ ᠤ ᠤᠷᠤᠨ ᠤ ᠤᠷᠠᠯᠢᠭ ᠤᠨ ᠰᠢᠬᠦᠮᠵᠢ ᠰᠤᠳᠤᠯᠤᠯ ᠢ ᠠᠵᠢᠬᠯᠠᠬᠤ ᠨᠢ | 2012 ᠤᠨ ᠳᠤ᠂ ᠮᠢᠨᠦ ᠪᠠᠷ ᠲᠤᠬᠠᠢ ᠶᠢᠨ ᠦᠶ᠎ᠠ ᠳᠤ ᠦᠪᠦᠷ ᠮᠤᠩᠭᠤᠯ ᠤᠨ ᠤᠳᠬ᠎ᠠ | ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠬᠦᠯᠡᠭᠴᠢ ᠪᠠᠶᠢᠬᠰᠠᠨ ᠪᠠᠭᠠᠳᠤᠷ ᠭᠤᠸᠠᠢ ᠲᠠᠢ ᠬᠠᠮᠳᠤ ᠦᠪᠦᠷ | ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠴᠢᠬᠤᠯᠠ ᠶᠡᠭᠡ ᠲᠦᠷᠦᠯ ᠵᠦᠢᠯ ᠪᠤᠯᠬᠤ — ︽ | ᠲᠠᠯ᠎ᠠ ᠨᠤᠳᠤᠭ ᠤᠨ ᠤᠷᠠᠯᠢᠭ ᠰᠤᠳᠤᠯᠤᠯ ᠤᠨ ᠢᠨᠵᠧᠨᠧᠷᠢᠩ︾ ᠢ ᠡᠷᠬᠢᠯᠡᠵᠤ ᠪᠠᠶᠢᠬᠰᠠᠨ ᠶᠤᠮ᠃ ᠡᠬᠦᠨ ᠳᠤ | ᠵᠤᠬᠢᠶᠠᠬᠴᠢ ᠶᠢᠨ ᠭᠤᠤᠯᠯᠠᠨ ᠨᠠᠶᠢᠷᠠᠭᠤᠯᠤᠬᠰᠠᠨ ︽ᠤᠳᠤ ᠦᠶ᠎ᠠ ᠶᠢᠨ ᠲᠠᠯ᠎ᠠ ᠨᠤᠳᠤᠭ ᠤᠨ ᠤᠷᠠᠯᠢᠭ ᠤᠨ ᠤᠨ ᠤ | ᠴᠠᠳᠢᠭ · ᠤᠨᠤᠯ ᠪᠠ ᠰᠢᠬᠦᠮᠵᠢ ᠶᠢᠨ ᠪᠤᠳᠢ︾ ᠨᠢ ᠰᠢᠯᠢᠨ ᠲᠤᠪᠴᠢᠯᠠᠬᠤ ᠬᠡᠯᠪᠡᠷᠢ ᠪᠠᠷ ᠰᠢᠨ᠎ᠠ ᠲᠤᠮᠳᠠᠳᠤ ᠤᠯᠤᠰ | ᠪᠠᠶᠢᠭᠤᠯᠤᠬᠳᠠᠬᠰᠠᠨ ᠠᠴᠠ 2012 ᠤᠨ ᠪᠤᠯᠳᠠᠯᠡᠬᠢ ᠦᠪᠤᠷ ᠮᠤᠩᠭᠤᠯ ᠤᠨ ᠤᠷᠠᠯᠢᠭ ᠤᠨ ᠰᠢᠬᠦᠮᠵᠢ ᠪᠠ | ᠤᠷᠠᠯᠢᠭ ᠤᠨ ᠰᠤᠳᠤᠯᠤᠯ ︵ᠤᠳᠬ᠎ᠠ ᠵᠤᠬᠢᠶᠠᠯ ᠤᠨ ᠰᠢᠬᠦᠮᠵᠢ ᠪᠤᠯᠤᠨ ᠤᠳᠬ᠎ᠠ ᠵᠤᠬᠢᠶᠠᠯ ᠤᠨ ᠰᠤᠳᠤᠯᠤᠯ ᠢ | ᠪᠠᠭᠳᠠᠭᠠᠬᠤ ᠦᠬᠡᠢ︶ ᠤᠨ ᠵᠤᠬᠢᠶᠠᠯ ᠪᠦᠳᠦᠬᠡᠯ ︵ᠬᠢᠳᠡᠳ ᠮᠤᠩᠭᠤᠯ ᠬᠡᠯᠡᠨ ᠤ ᠬᠢ ᠶᠢ ᠴᠦᠮ ᠪᠠᠭᠳᠠᠭᠠᠨ᠎ᠠ︶ ᠢ | ᠴᠤᠬᠯᠠᠭᠤᠯᠤᠨ ᠡᠮᠬᠢᠳᠬᠡᠭᠰᠡᠨ ᠶᠤᠮ᠃ ᠮᠢᠨᠦ ᠦᠵᠡᠬᠦ ᠪᠠᠷ᠂ ᠡᠳᠡᠬᠡᠷ ᠵᠤᠬᠢᠶᠠᠯ ᠪᠦᠳᠦᠬᠡᠯ ᠠᠴᠠ 1949 ᠤᠨ ᠠᠴᠠ | ᠨᠠᠰᠢᠬᠢ ᠦᠪᠦᠷ ᠮᠤᠩᠭᠤᠯ ᠤᠨ ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠦᠨᠳᠦᠰᠦᠨ ᠪᠠᠶᠢᠳᠠᠯ | ᠵᠢᠴᠢ ᠬᠦᠭᠵᠢᠯᠳᠠ ᠶᠢᠨ ᠬᠠᠨᠳᠤᠰᠢ ᠶᠢ ᠦᠵᠡᠵᠤ ᠭᠠᠷᠴᠤ ᠪᠤᠯᠤᠨ᠎ᠠ᠃ | ᠲᠤᠭ᠎ᠠ ᠪᠦᠷᠢᠳᠬᠡᠯ ᠠᠴᠠ ᠦᠵᠡᠪᠡᠯ᠂ ᠮᠤᠩᠭᠤᠯ᠂ ᠬᠢᠳᠡᠳ ᠬᠤᠶᠠᠷ ᠬᠡᠯᠡᠨ ᠤ ᠤᠷᠠᠯᠢᠭ ᠤᠨ ᠰᠢᠬᠦᠮᠵᠢ ᠪᠠ | ᠤᠷᠠᠯᠢᠭ ᠤᠨ ᠰᠤᠳᠤᠯᠤᠯ ᠤᠨ ᠲᠤᠬᠠᠢ ᠵᠤᠬᠢᠶᠠᠯ ᠪᠦᠳᠦᠬᠡᠯ ᠤᠨ ᠲᠤᠭ᠎ᠠ ᠬᠡᠮᠵᠢᠶ᠎ᠠ ᠪᠠᠷᠤᠭ ᠠᠳᠠᠯᠢᠪᠳᠤᠷ ᠪᠠᠶᠢᠨ᠎ᠠ᠄ | ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ ᠠᠩᠬᠠᠨ ᠤ ᠠᠷᠪᠠᠨ ᠵᠢᠯ ᠲᠤᠭ᠎ᠠ ᠬᠡᠮᠵᠢᠶ᠎ᠠ ᠪᠠᠷ ᠴᠦᠬᠡᠨ︔ ᠤᠯᠠᠨ | ᠵᠦᠢᠯ ᠤᠨ ᠰᠢᠯᠳᠠᠭᠠᠨ ᠠᠴᠠ ᠪᠤᠯᠵᠤ ᠲᠡᠭᠡᠷ᠎ᠡ ᠵᠠᠭᠤᠨ ᠤ ᠵᠢᠷᠠᠭᠠᠳ ᠤᠨ᠂ ᠲᠠᠯᠠᠭᠠᠳ ᠤᠨ ᠳᠤ ᠮᠦᠨᠬᠦ ᠲᠤᠭ᠎ᠠ | ᠬᠡᠮᠵᠢᠶ᠎ᠠ ᠪᠠᠷ ᠨᠡᠯᠢᠶᠡᠳ ᠴᠦᠬᠡᠨ ᠪᠠᠶᠢᠵᠤ᠂ ᠤᠨᠴᠠᠭᠠᠢᠢᠯᠠᠨ ᠮᠤᠩᠭᠤᠯ ᠬᠡᠯᠡ ᠪᠠᠷ ᠪᠢᠴᠢᠭᠳᠡᠭᠰᠡᠨ ᠤᠷᠠᠯᠢᠭ ᠤᠨ | ᠰᠢᠬᠦᠮᠵᠢ ᠶᠢᠨ ᠵᠤᠬᠢᠶᠠᠯ ᠪᠦᠳᠦᠬᠡᠯ ᠪᠠᠷᠤᠭ ᠪᠠᠶᠢᠬᠤ ᠦᠬᠡᠢ︔ ᠲᠠᠯᠠᠭᠠᠳ ᠤᠨ ᠤ ᠰᠡᠬᠦᠯᠴᠢ᠂ ᠨᠠᠶᠠᠭᠠᠳ ᠤᠨ ᠤ | ᠡᠬᠢᠨ ᠠᠴᠠ ᠡᠬᠢᠯᠡᠨ ᠵᠢᠯ ᠲᠤᠳᠤᠮ ᠲᠦᠷᠬᠡᠨ ᠨᠡᠮᠡᠭᠳᠡᠭᠰᠠᠨ ᠪᠠᠶᠢᠨ᠎ᠠ᠂ ᠡᠨᠡ ᠨᠢ ᠶᠠᠭ ᠰᠠᠶᠢᠬᠠᠨ ᠦᠬᠡᠷᠡᠴᠢᠯᠠᠯᠳᠠ | ᠨᠡᠬᠡᠬᠡᠯᠳᠡ ᠬᠢᠭᠰᠡᠨ ᠠᠴᠠ ᠨᠠᠰᠢ ᠪᠤᠯᠤᠨ᠎ᠠ᠃ ᠤᠨᠴᠠᠭᠠᠢᠢᠯᠠᠨ ᠲᠤᠳᠤᠷᠬᠠᠢᠢᠯᠠᠭᠤᠰᠢᠳᠠᠢ ᠨᠢ᠂ ︽ᠤᠨ ᠤ ᠴᠠᠳᠢᠭ︾ | ᠤᠨ ᠮᠠᠲ᠋ᠧᠷᠢᠶᠠᠯ ᠴᠤᠬᠯᠠᠭᠤᠯᠬᠤ ᠶᠢ 2012 ᠤᠨ ︵ᠬᠢᠳᠠᠳ ᠬᠡᠯᠡᠨ ᠤ ᠪᠦᠳᠦᠭᠡᠯ︶ ᠪᠠ 2010 ᠤᠨ ︵ | ᠮᠤᠩᠭᠤᠯ ᠬᠡᠯᠡᠨ ᠤ ᠪᠦᠳᠦᠬᠡᠯ ︶ ᠢᠶᠠᠷ ᠬᠢᠵᠠᠭᠠᠷᠯᠠᠬᠰᠠᠨ ᠲᠤᠯᠠ ᠬᠢᠳᠡᠳ ᠬᠡᠯᠡᠨ ᠤ 2013 ᠤᠨ ᠤ ᠨᠢᠬᠡ ᠪᠦᠯᠦᠭ | ᠵᠤᠬᠢᠶᠠᠯ ᠪᠦᠳᠦᠬᠡᠯ᠂ ᠮᠤᠩᠭᠤᠯ ᠬᠡᠯᠡᠨ ᠤ 2011 ᠤᠨ ᠠᠴᠠ ᠨᠠᠰᠢᠬᠢ ᠨᠢᠬᠡ ᠪᠦᠯᠦᠭ ᠵᠤᠬᠢᠶᠠᠯ ᠪᠦᠳᠦᠬᠡᠯ ᠢ | ᠪᠦᠷᠢᠳᠬᠡᠵᠤ ᠤᠷᠤᠭᠤᠯᠤᠬᠰᠠᠨ ᠦᠬᠡᠢ᠃ ᠭᠡᠪᠡᠴᠦ᠂ ᠤᠢᠢᠷ᠎ᠠ ᠶᠢᠨ ᠬᠡᠳᠦᠨ ᠵᠢᠯ ᠤᠨ ᠪᠠᠶᠢᠳᠠᠯ ᠢ ᠦᠷᠬᠦᠯᠵᠢᠯᠡᠨ | ᠠᠵᠢᠬᠯᠠᠬᠰᠠᠨ ᠢᠶᠠᠷ᠂ ᠦᠪᠦᠷ ᠮᠤᠩᠭᠤᠯ ᠤᠨ ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠵᠤᠬᠢᠶᠠᠯ | ᠪᠦᠳᠦᠬᠡᠯ ᠤᠨ ᠲᠤᠭ᠎ᠠ ᠮᠦᠨᠬᠦ ᠨᠡᠮᠡᠭᠳᠡᠭᠰᠡᠬᠡᠷ᠃ | ᠦᠷ᠎ᠠ ᠪᠦᠳᠦᠬᠡᠯ ᠢ ᠲᠦᠷᠦᠯ ᠬᠤᠪᠢᠶᠠᠵᠤ ᠬᠠᠷᠢᠴᠠᠭᠤᠯᠵᠤ ᠠᠵᠢᠬᠯᠠᠬᠤ ᠨᠢ | ᠲᠤᠭ᠎ᠠ ᠬᠡᠮᠵᠢᠶᠠᠨ ᠤ ᠲᠠᠯ᠎ᠠ ᠪᠠᠷ ᠠᠪᠴᠤ ᠬᠡᠯᠡᠪᠡᠯ᠂ 20 ᠳ᠋ᠤᠭᠠᠷ ᠵᠠᠭᠤᠨ ᠤ ᠲᠠᠪᠢᠭᠠᠳ ᠤᠨ ᠤ | ᠡᠬᠢ ᠠᠴᠠ ᠲᠠᠯᠠᠭᠠᠳ ᠤᠷᠤᠨ ᠤ ᠡᠴᠦᠰ ᠪᠤᠯᠳᠠᠯᠡᠬᠢ 30 ᠵᠢᠯ ᠤᠨ ᠠᠮᠵᠢᠯᠳᠠ ᠪᠦᠳᠦᠮᠵᠢ ᠨᠢ 20 ᠳ᠋ᠤᠭᠠᠷ | ᠵᠠᠭᠤᠨ ᠤ ᠨᠠᠶᠠᠭᠠᠳ ᠤᠨ ᠤ ᠡᠬᠢᠨ ᠠᠴᠠ ᠨᠠᠰᠢᠬᠢ ᠤᠢᠢᠷ᠎ᠠ ᠶᠢᠨ 40 ᠵᠢᠯ ᠤᠨ ᠠᠮᠵᠢᠯᠳᠠ ᠪᠦᠳᠦᠮᠵᠢ ᠠᠴᠠ ᠬᠤᠯᠠ | ᠵᠦᠷᠢᠬᠦ ᠪᠠᠷ ᠪᠠᠷᠠᠬᠤ ᠦᠬᠡᠢ᠂ ᠪᠦᠷᠢᠳᠭᠡᠭᠰᠡᠨ ᠵᠤᠬᠢᠶᠠᠯ ᠪᠦᠳᠦᠬᠡᠯ ᠢ ᠰᠢᠬᠦᠨ ᠤᠩᠰᠢᠵᠤ ᠵᠠᠳᠠᠯᠤᠨ | ᠬᠠᠷᠢᠴᠠᠭᠤᠯᠤᠬᠰᠠᠨ ᠤ ᠳ᠋ᠦᠩ ᠳᠤ᠂ ᠲᠡᠬᠦᠨ ᠤ ᠠᠭᠤᠯᠭ᠎ᠠ ᠪᠤᠯᠤᠨ ᠢᠯᠡᠷᠡᠬᠦᠯᠬᠦ ᠠᠷᠭ᠎ᠠ ᠬᠡᠯᠪᠡᠷᠢ ᠶᠢᠨ ᠲᠠᠯ᠎ᠠ ᠪᠠᠷ | ᠴᠦᠮ ᠬᠤᠪᠢᠷᠠᠯᠳᠠ ᠭᠠᠷᠤᠬᠰᠠᠨ ᠪᠠᠶᠢᠨ᠎ᠠ᠃ ᠪᠢᠳᠠ ᠦᠬᠡᠷᠠᠴᠢᠯᠠᠯᠳᠠ ᠨᠡᠬᠡᠬᠡᠯᠳᠡ ᠬᠢᠭᠰᠡᠨ ᠠᠴᠠ ᠨᠠᠰᠢᠬᠢ 40 ᠵᠢᠯ | ᠪᠠ ᠦᠬᠡᠷᠡᠴᠢᠯᠡᠯᠳᠡ ᠨᠡᠬᠡᠬᠡᠯᠳᠡ ᠬᠢᠬᠦ ᠠᠴᠠ ᠡᠮᠦᠨᠡᠬᠢ 30 ᠵᠢᠯ ᠤᠨ ᠲᠤᠳᠤᠷᠠᠬᠢ ᠦᠪᠦᠷ ᠮᠤᠩᠭᠤᠯ ᠤᠨ | ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠦᠷ᠎ᠠ ᠪᠦᠳᠦᠬᠡᠯ ᠳᠤ ᠵᠠᠳᠠᠯᠤᠯᠳᠠ ᠬᠢᠵᠤ | ᠬᠠᠷᠢᠴᠠᠭᠤᠯᠤᠬᠰᠠᠨ ᠳᠤ ᠲᠤᠤᠷᠠᠬᠢ ᠮᠠᠳᠤ ᠬᠡᠳᠦᠨ ᠲᠠᠯ᠎ᠠ ᠶᠢᠨ ᠬᠤᠪᠢᠷᠠᠯᠳᠠ ᠶᠢ ᠢᠯᠡᠷᠡᠬᠦᠯᠪᠡ᠄ | ᠵᠤᠬᠢᠶᠠᠯ ᠤᠨ ᠲᠦᠷᠦᠯ ᠵᠦᠯ ᠤᠨ ᠲᠠᠯ᠎ᠠ ᠪᠠᠷ᠂ ᠦᠬᠡᠷᠡᠴᠢᠯᠠᠯᠳᠠ ᠨᠡᠬᠡᠬᠡᠯᠳᠡ ᠠᠴᠠ ᠡᠮᠦᠨᠡᠬᠢ 30 ᠵᠢᠯ ᠤᠨ | ᠤᠷᠠᠯᠢᠭ ᠤᠨ ᠰᠢᠬᠦᠮᠵᠢ ᠨᠢ ᠶᠠᠮᠠᠷ ᠨᠢᠬᠡᠨ ᠪᠤᠳᠠᠳᠤ ᠪᠦᠳᠦᠬᠡᠯ ᠡᠰᠡᠬᠦᠯ᠎ᠡ ᠤᠷᠠᠯᠢᠭ ᠤᠨ ᠠᠵᠢᠯᠯᠠᠭ᠎ᠠ ᠶᠢ ᠦᠬᠦᠯᠡᠨ | ᠰᠢᠬᠦᠮᠵᠢᠯᠡᠭᠰᠡᠨ ᠨᠢ ᠤᠯᠠᠨ ᠪᠠᠶᠢᠵᠤ᠂ ᠤᠨᠤᠯ ᠤᠨ ᠲᠠᠯ᠎ᠠ ᠪᠠᠷ ᠬᠢ ᠰᠤᠳᠤᠯᠤᠯᠳᠠ ᠪᠠᠷᠤᠭ ᠪᠠᠶᠢᠬᠰᠠᠨ ᠦᠬᠡᠢ | ᠮᠦᠷᠳᠡᠬᠡᠨ ᠰᠢᠬᠦᠮᠵᠢ ᠶᠢᠨ ᠵᠤᠬᠢᠶᠠᠯ ᠨᠢ ︽ᠠᠰ ᠠᠰ ᠲᠤᠨᠢ ᠶᠠᠷᠢᠬᠤ︾ ᠬᠡᠯᠪᠡᠷᠢ ᠶᠢᠨ ᠪᠠᠶᠢᠵᠤ᠂ ᠰᠢᠬᠦᠮᠵᠢᠯᠡᠭᠳᠡᠬᠦ | ᠡᠳᠡᠬᠡᠳ ᠤᠨ ᠦᠨᠳᠦᠰᠦᠨ ᠪᠠᠶᠢᠳᠠᠯ ᠢ ᠲᠠᠨᠢᠯᠴᠠᠭᠤᠯᠬᠤ ᠪᠠᠷ ᠭᠤᠤᠯ ᠪᠤᠯᠭᠠᠵᠤ᠂ ᠨᠢᠭᠤᠷ ᠬᠠᠭᠤᠳᠠᠰᠤᠨ ᠤ | ᠲᠤᠭ᠎ᠠ ᠪᠠᠷ ᠴᠤ ᠤᠬᠤᠷ ᠠᠪᠰᠠᠷ᠃ ᠦᠬᠡᠷᠠᠴᠢᠯᠠᠯᠳᠠ ᠨᠡᠬᠡᠬᠡᠯᠳᠠ ᠠᠴᠠ ᠲᠠᠷᠠᠭᠠᠬᠢ 40 ᠵᠢᠯ ᠤᠨ ᠲᠤᠷᠰᠢ ᠬᠠᠷᠢᠨ | ᠰᠢᠬᠦᠮᠵᠢ ᠪᠠ ᠤᠨᠤᠯ ᠤᠨ ᠰᠤᠳᠤᠯᠤᠯ ᠴᠤᠬᠭᠠᠷ ᠴᠢᠬᠤᠯᠠᠴᠢᠯᠠᠬᠳᠠᠵᠠᠢ᠂ ᠡᠨᠡᠬᠦ ᠬᠤᠭᠤᠴᠠᠭᠠᠨ ᠤ ᠰᠢᠬᠦᠮᠵᠢ ᠪᠠᠷ | ᠠᠪᠴᠤ ᠬᠡᠯᠡᠪᠡᠯ᠂ ᠡᠮᠦᠨᠡᠬᠢ 30 ᠵᠢᠯ ᠤᠨ ᠬᠢ ᠲᠠᠢ ᠶᠡᠬᠡᠬᠡᠨ ᠠᠳᠠᠯᠢ ᠦᠬᠡᠢ ᠪᠤᠯᠵᠠᠢ᠃ ᠲᠠᠷᠤᠢ᠂ ᠶᠠᠮᠠᠷ ᠨᠢᠬᠡᠨ | ᠪᠦᠳᠦᠬᠡᠯ ᠢ ᠰᠢᠬᠦᠮᠵᠢᠯᠡᠭᠰᠡᠨ ᠵᠤᠬᠢᠶᠠᠯ ᠪᠠᠶᠢᠨ᠎ᠠ᠂ ᠶᠠᠮᠠᠷ ᠨᠢᠬᠡᠨ ᠤᠷᠠᠯᠢᠬᠴᠢᠨ ᠢ ᠰᠢᠬᠦᠮᠵᠢᠯᠡᠭᠰᠡᠨ ᠵᠤᠬᠢᠶᠠᠯ ᠴᠤ | ᠪᠠᠶᠢᠨ᠎ᠠ᠂ ᠪᠠᠰᠠ ᠶᠠᠮᠠᠷ ᠨᠢᠬᠡᠨ ᠤᠷᠠᠯᠢᠭ ᠤᠨ ᠦᠵᠡᠭᠳᠡᠯ ᠳᠤ ᠶᠠᠷᠦᠩᠬᠡᠶᠢᠯᠡᠨ ᠰᠢᠬᠦᠮᠵᠢᠯᠠᠯᠳᠠ ᠬᠢᠭᠰᠡᠨ ᠴᠤ ᠪᠠᠶᠢᠵᠤ᠂ | ᠠᠭᠤᠯᠭ᠎ᠠ ᠶᠢᠨ ᠲᠠᠯ᠎ᠠ ᠪᠠᠷ ᠲᠦᠷᠦᠯ ᠵᠦᠢᠯ ᠤᠨ ᠲᠠᠯ᠎ᠠ ᠪᠠᠷ ᠶᠡᠬᠡᠬᠡᠨ ᠪᠠᠶᠠᠯᠢᠬᠵᠢᠬᠰᠠᠨ ᠪᠠᠶᠢᠨ᠎ᠠ᠃ | ᠢᠯᠡᠷᠡᠬᠦᠯᠬᠦ ᠠᠷᠭ᠎ᠠ ᠶᠢᠨ ᠲᠠᠯ᠎ᠠ ᠪᠠᠷ᠂ ᠦᠬᠡᠷᠡᠴᠢᠯᠡᠯᠳᠡ ᠨᠡᠬᠡᠬᠡᠯᠳᠡ ᠠᠴᠠ ᠡᠮᠦᠨᠡᠬᠢ 30 ᠵᠢᠯ ᠤᠨ | ᠤᠷᠠᠯᠢᠭ ᠤᠨ ᠰᠢᠬᠦᠮᠵᠢ ᠳᠤ ᠤᠯᠠᠩᠬᠢ ᠨᠢ ᠲᠤᠷᠰᠢᠯᠭ᠎ᠠ ᠶᠢᠨ ᠮᠠᠶ᠋ᠢᠭ ᠤᠨ ᠡᠮᠬᠢᠯᠡᠯ᠂ ᠳ᠋ᠦᠩᠨᠠᠯᠳᠠ ᠵᠢᠴᠢ ᠦᠨᠡᠯᠠᠯᠳᠠ | ᠪᠠᠶᠢᠵᠤ᠂ ᠬᠠᠷᠠᠭᠠᠰᠤ ᠪᠤᠯᠤᠨ ᠢᠯᠡᠷᠡᠬᠦᠯᠬᠦ ᠠᠷᠭ᠎ᠠ ᠶᠢᠨ ᠲᠠᠯ᠎ᠠ ᠪᠠᠷ ᠬᠠᠷᠢᠴᠠᠩᠭᠤᠢ ᠪᠠᠷ ᠲᠡᠩ ᠴᠤᠯᠭᠤᠢ ᠪᠠᠶᠢᠵᠠᠢ᠃ | ᠲᠠᠷᠤᠢ᠂ ᠭᠤᠤᠯᠳᠠᠭᠤ ᠨᠡᠶᠢᠬᠡᠮ ᠤᠨ ᠤᠬᠠᠭᠠᠨ ᠤ ᠠᠷᠭ᠎ᠠ ᠪᠠᠷ ᠢᠯᠡᠷᠡᠬᠦᠯᠬᠦ ᠮᠦᠷᠳᠡᠬᠡᠨ ᠢᠯᠡ ᠲᠤᠳᠤ ᠴᠠᠭ | ᠦᠶ᠎ᠠ ᠶᠢᠨ ᠤᠨᠴᠠᠯᠢᠭ ᠲᠠᠢ ᠪᠠᠶᠢᠳᠠᠭ᠃ | ᠦᠬᠡᠷᠡᠴᠢᠯᠡᠯᠳᠡ ᠨᠡᠬᠡᠬᠡᠯᠳᠡ ᠠᠴᠠ ᠨᠠᠰᠢᠬᠢ 40 ᠵᠢᠯ ᠤᠨ ᠲᠤᠷᠰᠢᠬᠢ ᠤᠷᠠᠯᠢᠭ ᠤᠨ ᠰᠢᠬᠦᠮᠵᠢ ᠨᠢ ᠨᠢᠬᠡ | ᠲᠠᠯ᠎ᠠ ᠪᠠᠷ ᠨᠢᠬᠡ ᠪᠦᠯᠦᠭ ᠨᠢ ᠮᠦᠨᠬᠦ ᠲᠤᠷᠰᠢᠯᠭ᠎ᠠ ᠶᠢᠨ ᠮᠠᠶ᠋ᠢᠭ ᠤᠨ ᠪᠤᠯᠤᠨ ᠲᠤᠭᠠᠴᠢᠯᠳᠠ ᠶᠢᠨ ᠰᠢᠨᠵᠢᠳᠡᠢ ᠪᠠᠶᠢᠵᠤ᠂ | ᠨᠢᠬᠡ ᠪᠦᠯᠦᠭ ᠨᠢ ᠬᠠᠷᠢᠨ ᠨᠠᠩ ᠲᠤᠰᠬᠠᠢ ᠮᠡᠷᠬᠡᠵᠢᠯ ᠤᠨ ᠪᠠ ᠤᠨᠤᠯ ᠤᠨ ᠤᠬᠠᠮᠰᠠᠷ ᠤᠨ ᠰᠢᠬᠦᠮᠵᠢ ᠪᠤᠯᠤᠨ | ᠢᠯᠡᠷᠡᠵᠤ᠂ ᠡᠳᠡᠬᠡᠷ ᠰᠢᠬᠦᠮᠵᠢ ᠨᠢ ᠦᠷᠬᠦᠯᠵᠢ ᠰᠢᠬᠦᠮᠵᠢᠯᠡᠭᠴᠢ ᠶᠢᠨ ᠤᠷᠠᠯᠢᠭ ᠠᠴᠠ ᠬᠦᠷᠳᠡᠭᠰᠡᠨ ᠰᠤᠨᠢᠷᠬᠠᠯ | ᠲᠦᠷᠦᠭᠳᠡᠯ ᠤᠨ ᠰᠠᠭᠤᠷᠢᠨ ᠲᠡᠬᠡᠷ᠎ᠡ᠂ ᠬᠦᠨ ᠤᠬᠠᠭᠠᠨ᠂ ᠤᠷᠠᠯᠢᠭ ᠤᠨ ᠤᠬᠠᠭᠠᠨ᠂ ᠭᠤᠸ᠎ᠠ ᠵᠦᠢ᠂ ᠰᠡᠳᠬᠢᠴᠡ | ᠵᠦᠢ᠂ ᠰᠤᠶᠤᠯ ᠵᠡᠷᠬᠡ ᠤᠨᠤᠯ ᠤᠨ ᠬᠠᠷᠠᠭᠠᠰᠤ ᠡᠰᠡᠬᠦᠯ᠎ᠡ ᠠᠷᠭ᠎ᠠ ᠶᠢᠨ ᠤᠨᠤᠯ ᠢᠶᠠᠷ ᠤᠷᠠᠯᠢᠭ ᠤᠨ ᠪᠦᠳᠦᠬᠡᠯ᠂ | ᠤᠷᠠᠯᠢᠬᠴᠢᠨ ᠡᠰᠡᠬᠦᠯ᠎ᠡ ᠤᠷᠠᠯᠢᠭ ᠤᠨ ᠠᠵᠢᠯᠯᠠᠭ᠎ᠠ ᠦᠵᠡᠭᠳᠡᠯ ᠳᠤ ᠰᠤᠳᠤᠯᠤᠨ ᠵᠠᠳᠠᠯᠤᠯᠳᠠ ᠬᠢᠬᠦ ᠪᠦᠬᠡᠳ | ᠤᠨᠤᠯ ᠤᠨ ᠴᠢᠨᠠᠷᠳᠠᠢ ᠮᠠᠭᠠᠳᠯᠠᠯᠳᠠ ᠪᠤᠯᠤᠨ ᠦᠨᠡᠯᠠᠯᠳᠠ ᠬᠢᠬᠦ ᠪᠤᠯᠵᠠᠢ᠃ ᠨᠡᠶᠢᠬᠡᠮ ᠤᠨ ᠬᠦᠭᠵᠢᠯᠳᠠ ᠬᠤᠪᠢᠷᠠᠯᠳᠠ᠂ | ᠤᠷᠠᠯᠢᠭ ᠤᠨ ᠠᠵᠢᠯᠯᠠᠭ᠎ᠠ ᠶᠢᠨ ᠪᠠᠶᠠᠯᠢᠭᠵᠢᠬᠤ ᠶᠢ ᠲᠠᠭᠠᠯᠳᠤᠨ ᠡᠨᠡᠬᠦ ᠬᠤᠭᠤᠴᠠᠭᠠᠨ ᠳᠤ᠂ ᠦᠪᠦᠷ ᠮᠤᠩᠭᠤᠯ ᠤᠨ | ᠤᠷᠠᠯᠢᠭ ᠤᠨ ᠰᠢᠬᠦᠮᠵᠢ ᠨᠢ ︽ᠦᠵᠡᠯ ᠰᠠᠨᠠᠭ᠎ᠠ ᠪᠠᠨ ᠴᠢᠯᠦᠬᠡᠯᠡᠬᠦ︾ ᠶᠡᠭᠡ ᠤᠷᠴᠢᠨ ᠳᠤ᠂ ᠤᠷᠠᠯᠢᠭ ᠤᠨ | ᠰᠢᠬᠦᠮᠵᠢᠯᠡᠯ ᠤᠨ ᠠᠷᠭ᠎ᠠ ᠴᠤ ᠬᠦᠭᠵᠢᠨ ᠬᠤᠪᠢᠷᠠᠵᠠᠢ᠃ ᠦᠬᠡᠷᠡᠴᠢᠯᠡᠯᠳᠡ ᠨᠡᠬᠡᠬᠡᠯᠳᠡ ᠠᠴᠠ ᠨᠠᠰᠢᠬᠢ 40 ᠵᠢᠯ | ᠰᠢᠬᠠᠮ ᠤᠨ ᠪᠦᠷᠢᠳᠬᠡᠯ ᠲᠤᠳᠤᠷ᠎ᠠ᠂ ᠤᠷᠠᠯᠢᠭ ᠤᠨ ᠰᠢᠬᠦᠮᠵᠢ ᠪᠤᠯᠤᠨ ᠤᠷᠠᠯᠢᠭ ᠤᠨ ᠰᠤᠳᠤᠯᠤᠯ ᠤᠨ ᠵᠤᠬᠢᠶᠠᠯ | ᠪᠦᠳᠦᠬᠡᠯ ᠲᠤᠭᠠᠨ ᠤ ᠲᠠᠯ᠎ᠠ ᠪᠠᠷ ᠢᠯᠡᠳᠳᠡ ᠨᠡᠮᠡᠭᠳᠡᠭᠰᠡᠨ ᠤ ᠬᠠᠮᠳᠤ᠂ ᠶᠡᠷᠦᠩᠬᠡᠢ ᠪᠦᠳᠦᠴᠡ ᠪᠤᠯᠤᠨ ᠡᠷᠳᠡᠮ | ᠰᠢᠨᠵᠢᠯᠡᠬᠡᠨ ᠤ ᠠᠭᠤᠯᠬᠤᠨ ᠤ ᠲᠠᠯ᠎ᠠ ᠪᠠᠷ ᠴᠤ ᠲᠤᠩ ᠶᠡᠭᠡ ᠬᠤᠪᠢᠷᠠᠯᠳᠠ ᠭᠠᠷᠤᠬᠰᠠᠨ ᠶᠤᠮ᠃ ᠦᠬᠡᠷᠠᠴᠢᠯᠡᠯᠳᠡ | ᠨᠡᠬᠡᠬᠡᠯᠳᠡ ᠶᠢᠨ ᠡᠬᠢᠨ ᠤ ᠦᠶ᠎ᠠ ᠶᠢᠨ ᠬᠡᠳᠦᠨ ᠵᠢᠯ ᠤᠨ ᠲᠤᠳᠤᠷ᠎ᠠ᠂ ᠲᠤᠬᠠᠢ ᠶᠢᠨ ᠴᠠᠭ ᠦᠶ᠎ᠠ ᠶᠢᠨ ᠤᠷᠠᠯᠢᠭ ᠤᠨ | ᠰᠤᠷᠭᠠᠨ ᠬᠦᠮᠦᠵᠢᠯ ᠤᠨ ᠱᠠᠭᠠᠷᠳᠠᠯᠭ᠎ᠠ ᠳᠤ ᠵᠤᠬᠢᠴᠠᠬᠤ ᠶᠢᠨ ᠲᠦᠯᠦᠬᠡ ᠵᠠᠷᠢᠮ ᠬᠠᠮᠢᠶ᠎ᠠ ᠪᠦᠬᠦᠢ ᠵᠢᠭᠠᠨ ᠰᠤᠷᠭᠠᠯᠳᠠ | ᠵᠢᠴᠢ ᠤᠷᠠᠯᠢᠭ ᠤᠨ ᠲᠦᠷᠦᠯ ᠤᠨ ᠡᠩ ᠤᠨ ᠮᠡᠳᠡᠯᠬᠡ ᠶᠢᠨ ᠴᠢᠨᠠᠷᠳᠠᠢ ᠨᠤᠮ ᠤᠳ ᠢ ᠬᠡᠪᠯᠡᠬᠦᠯᠬᠦ ᠪᠤᠯᠵᠠᠢ᠃ ᠡᠬᠦᠨ ᠳᠤ | ᠮᠤᠩᠭᠤᠯ ᠬᠡᠯᠡᠨ ᠤ ᠡᠨᠡ ᠲᠠᠯ᠎ᠠ ᠪᠠᠷ ᠬᠢ ᠨᠤᠮ ᠨᠡᠩ ᠤᠯᠠᠨ᠃ ᠠᠳᠠᠯᠢ ᠪᠤᠰᠤ ᠤᠷᠠᠯᠢᠭ ᠤᠨ ᠲᠦᠷᠦᠯ ᠤᠨ | ᠰᠤᠳᠤᠯᠤᠯ ᠤᠨ ᠲᠤᠰᠬᠠᠢ ᠵᠤᠬᠢᠶᠠᠯ ᠪᠦᠳᠦᠬᠡᠯ ᠤᠳ ᠢᠯᠡᠷᠡᠭᠰᠡᠨ ᠮᠦᠷᠳᠡᠬᠡᠨ ᠲᠤᠭ᠎ᠠ ᠬᠡᠮᠵᠢᠶ᠎ᠡ ᠪᠠᠷ ᠴᠤ ᠨᠡᠯᠢᠶᠡᠳ | ᠤᠯᠠᠨ ᠪᠤᠯᠵᠤ ᠢᠷᠡᠪᠠ᠃ ᠤᠷᠠᠯᠢᠭ ᠤᠨ ᠤᠬᠠᠭᠠᠨ᠂ ᠭᠤᠸ᠎ᠠ ᠵᠦᠢ ᠶᠢᠨ ᠡᠷᠳᠡᠮ ᠰᠢᠨᠵᠢᠯᠡᠬᠡᠨ ᠤ ᠲᠠᠯ᠎ᠠ ᠪᠠᠷ ᠬᠢ | ᠲᠤᠰᠬᠠᠢ ᠪᠦᠳᠦᠬᠡᠯ ᠤᠳ ᠪᠠᠰᠠ ᠬᠡᠪᠯᠡᠭᠳᠡᠭᠰᠡᠨ ᠪᠦᠬᠡᠳ ᠡᠳᠡᠬᠡᠷ ᠪᠦᠳᠦᠬᠡᠯ ᠤᠨ ᠢᠯᠡ ᠲᠤᠳᠤ ᠤᠨᠴᠠᠯᠢᠭ ᠨᠢ | ᠤᠨᠤᠯᠴᠢ ᠴᠢᠨᠠᠷ ᠢᠶᠠᠷ ᠨᠡᠯᠢᠶᠡᠳ ᠴᠢᠩᠭ᠎ᠠ ᠪᠤᠯᠵᠠᠢ᠃ | ᠬᠤᠪᠢᠷᠠᠯᠳᠠ ᠶᠢᠨ ᠬᠠᠨᠳᠤᠰᠢ ᠵᠢᠴᠢ ᠵᠤᠬᠢᠶᠠᠯ ᠪᠦᠳᠦᠬᠡᠯ ᠤᠨ ᠤᠨᠴᠠᠯᠢᠭ | ᠲᠤᠭ᠎ᠠ ᠪᠦᠷᠢᠳᠬᠡᠯ ᠠᠴᠠ ᠵᠤᠬᠢᠶᠠᠯ ᠪᠦᠳᠦᠬᠡᠯ ᠢ ᠲᠦᠷᠦᠯ ᠬᠤᠪᠢᠶᠠᠵᠤ ᠬᠠᠷᠢᠴᠠᠭᠤᠯᠵᠤ ᠦᠵᠡᠪᠡᠯ᠂ | ᠦᠬᠡᠷᠡᠴᠢᠯᠡᠯᠳᠡ ᠨᠡᠬᠡᠬᠡᠯᠳᠡ ᠠᠴᠠ ᠨᠠᠰᠢᠬᠢ 40 ᠵᠢᠯ ᠤᠨ ᠲᠤᠷᠰᠢ᠂ ᠦᠪᠦᠷ ᠮᠤᠩᠭᠤᠯ ᠤᠨ ᠤᠷᠠᠯᠢᠭ ᠤᠨ ᠰᠢᠬᠦᠮᠵᠢ | ᠪᠠ ᠤᠷᠠᠯᠢᠭ ᠤᠨ ᠰᠤᠳᠤᠯᠤᠯ ᠨᠢ ᠦᠬᠡᠷᠡᠴᠢᠯᠠᠯᠳᠠ ᠨᠡᠬᠡᠬᠡᠯᠳᠡ ᠠᠴᠠ ᠡᠮᠦᠨᠡᠬᠢ 30 ᠵᠢᠯ ᠤᠨ ᠬᠢ ᠲᠠᠢ | ᠬᠠᠷᠢᠴᠠᠭᠤᠯᠪᠠᠯ ᠴᠢᠬᠤᠯᠠ ᠶᠡᠭᠡ ᠬᠤᠪᠢᠷᠠᠯᠳᠠ ᠭᠠᠷᠴᠠᠢ᠄ 20 ᠳ᠋ᠤᠭᠠᠷ ᠵᠠᠭᠤᠨ ᠤ ᠲᠠᠪᠢᠭᠠᠳ ᠤᠨ ᠤ ᠡᠬᠢᠨ ᠠᠴᠠ | ᠡᠬᠢᠯᠡᠭᠰᠡᠨ ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠨᠢ ᠠᠷᠪᠠᠨ ᠵᠢᠯ ᠤᠨ ︽ᠰᠤᠶᠤᠯ ᠤᠨ ᠶᠡᠭᠡ | ᠬᠤᠪᠢᠰᠬᠠᠯ︾ ᠤᠨ ᠨᠦᠯᠦᠬᠡ ᠪᠠᠷ ᠬᠠᠷᠠᠬᠠᠨ ᠬᠦᠭᠵᠢᠵᠤ ᠴᠢᠳᠠᠭ᠎ᠠ ᠦᠬᠡᠢ ᠪᠠᠶᠢᠵᠤ᠂ ᠦᠨᠳᠦᠰᠦᠨ ᠳᠡᠭᠡᠨ | ᠵᠤᠬᠰᠤᠩᠭᠤᠢᠢᠷᠠᠬᠰᠠᠨ ᠪᠠᠶᠢᠳᠠᠯ ᠲᠠᠢ ᠪᠠᠶᠢᠪᠠ᠃ ᠨᠠᠮ ᠤᠨ ᠠᠷᠪᠠᠨ ᠨᠢᠬᠡᠳᠦᠬᠡᠷ ᠬᠤᠭᠤᠴᠠᠭᠠᠨ ᠤ ᠭᠤᠷᠪᠠᠳᠤᠭᠠᠷ | ᠪᠦᠬᠦᠳᠠ ᠬᠤᠷᠠᠯ ᠤᠨ ᠲᠠᠷᠠᠭ᠎ᠠ᠂ ᠦᠬᠡᠷᠡᠴᠢᠯᠠᠯᠳᠠ ᠨᠡᠬᠡᠬᠡᠯᠳᠡ᠂ ᠦᠵᠡᠯ ᠰᠠᠨᠠᠭ᠎ᠠ ᠪᠠᠨ ᠴᠢᠯᠦᠬᠡᠯᠡᠬᠦ ᠶᠡᠭᠡ | ᠤᠷᠴᠢᠨ ᠳᠤ᠂ ᠦᠪᠦᠷ ᠮᠤᠩᠭᠤᠯ ᠤᠨ ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠰᠡᠷᠬᠦᠯᠳᠠ ᠠᠴᠠ ᠪᠠᠨ | ᠠᠭᠠᠵᠢᠮ ᠢᠶᠠᠷ ᠬᠦᠭᠵᠢᠨ ᠴᠡᠴᠡᠭᠯᠡᠬᠦ ᠵᠠᠮ ᠳᠤ ᠤᠷᠤᠵᠤ᠂ ᠡᠯᠪᠡᠭ ᠠᠮᠵᠢᠯᠳᠠ ᠤᠯᠵᠤ᠂ ᠦᠪᠦᠷ ᠮᠤᠩᠭᠤᠯ ᠤᠨ | ᠤᠷᠠᠯᠢᠭ ᠤᠨ ᠠᠵᠢᠯ ᠦᠢᠯᠡᠰ ᠤᠨ ᠬᠦᠭᠵᠢᠯᠳᠠ ᠳᠤ ᠴᠢᠬᠤᠯᠠ ᠠᠬᠢᠭᠤᠯᠬᠤ ᠦᠢᠯᠡᠳᠦᠯ ᠦᠵᠡᠬᠦᠯᠦᠭᠰᠡᠨ ᠲᠠᠳᠦᠢ | ᠦᠬᠡᠢ ᠲᠤᠰ ᠪᠡᠶ᠎ᠠ ᠶᠢᠨ ᠡᠷᠳᠡᠮ ᠰᠢᠨᠵᠢᠯᠡᠬᠡᠨ ᠤ ᠬᠦᠷᠢᠶ᠎ᠠ ᠴᠠᠷᠠᠭᠠᠨ ᠳᠤ ᠤᠷᠤᠰᠢᠬᠤᠢ ᠶᠢᠨ ᠦᠷᠳᠡᠭ ᠵᠢᠴᠢ ᠪᠠᠶᠢᠷᠢ | ᠰᠠᠭᠤᠷᠢ ᠨᠢ ᠢᠯᠡᠳᠳᠡ ᠲᠡᠭᠡᠭᠰᠢᠯᠡᠭᠰᠡᠨ ᠶᠤᠮ᠃ ᠦᠬᠡᠷᠠᠴᠢᠯᠠᠯᠳᠠ ᠨᠡᠬᠡᠬᠡᠯᠳᠡ ᠠᠴᠠ ᠨᠠᠰᠢᠬᠢ 40 ᠵᠢᠯ ᠤᠨ | ᠲᠤᠷᠰᠢᠬᠢ ᠦᠪᠦᠷ ᠮᠤᠩᠭᠤᠯ ᠤᠨ ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠬᠤᠪᠢᠷᠠᠯᠳᠠ ᠪᠠ | ᠭᠤᠤᠯ ᠪᠤᠯᠬᠤ ᠠᠮᠵᠢᠯᠳᠠ ᠶᠢ ᠳ᠋ᠦᠩᠨᠡᠪᠡᠯ᠄ | ᠲᠤᠰᠬᠠᠢ ᠮᠡᠷᠬᠡᠵᠢᠯ ᠤᠨ ᠬᠤᠪᠢ ᠪᠠᠷ ᠤᠷᠤᠰᠢᠵᠤ ᠪᠦᠬᠦᠢ ᠤᠷᠠᠯᠢᠭ ᠤᠨ ᠰᠢᠬᠦᠮᠵᠢ ᠪᠤᠯᠤᠨ ᠤᠷᠠᠯᠢᠭ ᠤᠨ | ᠰᠤᠳᠤᠯᠤᠯ ᠤᠨ ᠲᠤᠰᠠᠭᠠᠷ ᠴᠢᠨᠡᠷ ᠠᠭᠠᠵᠢᠮ ᠢᠶᠠᠷ ᠲᠤᠪᠤᠶᠢᠵᠤ᠂ ᠤᠳᠬ᠎ᠠ ᠵᠤᠬᠢᠶᠠᠯ ᠤᠨ ᠰᠢᠬᠦᠮᠵᠢ ᠪᠠ ᠤᠳᠬ᠎ᠠ | ᠵᠤᠬᠢᠶᠠᠯ ᠤᠨ ᠰᠤᠳᠤᠯᠤᠯ ᠯᠤᠭ᠎ᠠ ᠵᠡᠷᠬᠡᠴᠡᠨ ᠤᠷᠤᠰᠢᠬᠤ ᠪᠠᠶᠢᠳᠠᠯ ᠢ ᠪᠦᠷᠢᠯᠳᠦᠬᠦᠯᠦᠭᠰᠡᠨ ᠪᠠᠶᠢᠨ᠎ᠠ᠃ | ᠵᠤᠬᠢᠶᠠᠬᠴᠢ ᠶᠢᠨ ᠦᠵᠡᠬᠦ ᠪᠠᠷ᠂ ᠦᠩᠬᠡᠷᠡᠭᠰᠡᠨ ᠨᠡᠯᠢᠶᠡᠳ ᠤᠷᠳᠤ ᠬᠤᠭᠤᠴᠠᠭᠠᠨ ᠳᠤ᠂ ︽ᠤᠳᠬ᠎ᠠ ᠤᠷᠠᠯᠢᠭ ᠤᠨ | ᠰᠢᠬᠦᠮᠵᠢ︾᠂ ︽ᠤᠳᠬ᠎ᠠ ᠤᠷᠠᠯᠢᠭ ᠤᠨ ᠰᠤᠳᠤᠯᠤᠯ︾ ᠤᠨ ᠤᠬᠠᠬᠳᠠᠬᠤᠨ ᠤ ᠲᠤᠮᠳᠠ ᠦᠨᠡᠨ ᠳᠡᠭᠡᠨ ᠤᠳᠬ᠎ᠠ | ᠵᠤᠬᠢᠶᠠᠯ ᠤᠨ ᠰᠢᠬᠦᠮᠵᠢ ᠪᠠ ᠤᠳᠬ᠎ᠠ ᠵᠤᠬᠢᠶᠠᠯ ᠤᠨ ᠰᠤᠳᠤᠯᠤᠯ ᠨᠢ ︽ᠭᠤᠤᠯ ᠲᠤᠬᠯᠠᠬᠴᠢ︾ ᠪᠠᠶᠢᠵᠤ᠂ ᠬᠠᠷᠢᠨ | ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠲᠤᠰᠠᠭᠠᠷ ᠤᠷᠤᠰᠢᠬᠤ ᠭᠤᠤᠯ ᠴᠤᠬᠴᠠ ᠶᠢᠨ ᠪᠠᠶᠢᠷᠢ | ᠰᠠᠭᠤᠷᠢ ᠲᠡᠶᠢᠮᠦ ᠲᠤᠳᠤᠷᠬᠠᠢ ᠪᠠᠶᠢᠬᠰᠠᠨ ᠦᠬᠡᠢ᠃ ᠡᠨᠡᠬᠦ ᠦᠵᠡᠭᠳᠡᠯ ᠤᠨ ᠲᠤᠬᠠᠢ᠂ ᠦᠬᠡᠷᠡᠴᠢᠯᠡᠯᠳᠡ | ᠨᠡᠬᠡᠬᠡᠯᠳᠡ ᠠᠴᠠ ᠡᠮᠦᠨᠡᠬᠢ 30 ᠵᠢᠯ ᠤᠨ ᠲᠤᠳᠤᠷᠠᠬᠢ ᠡᠨᠡ ᠬᠤᠶᠠᠷ ᠲᠠᠯ᠎ᠠ ᠶᠢᠨ ᠵᠤᠬᠢᠶᠠᠯ ᠪᠦᠳᠦᠬᠡᠯ ᠵᠢᠴᠢ ᠵᠤᠬᠢᠶᠠᠨ | ᠪᠦᠳᠦᠬᠡᠵᠤ ᠪᠠᠶᠢᠬᠰᠠᠨ ᠡᠩᠨᠡᠭᠡ ᠶᠢ ᠬᠠᠷᠢᠴᠠᠭᠤᠯᠪᠠᠯ ᠲᠠᠷᠤᠢ ᠦᠵᠡᠵᠤ ᠭᠠᠷᠴᠤ ᠪᠤᠯᠤᠨ᠎ᠠ᠃ ᠬᠡᠬᠦ ᠳᠡᠭᠡᠨ ᠡᠨᠡ ᠪᠤᠯ | ᠨᠢᠬᠡᠨ ᠪᠦᠬᠦ ᠤᠯᠤᠰ ᠤᠨ ᠴᠢᠨᠠᠷᠳᠠᠢ ᠦᠵᠡᠭᠳᠡᠯ ᠬᠡᠯᠳᠡᠢ᠃ ᠵᠤᠬᠢᠶᠠᠬᠴᠢ 2000 ᠤᠨ ᠳᠤ ︽ᠦᠨᠢᠷ ᠴᠡᠴᠡᠭ ᠠᠴᠠ | ᠲᠡᠬᠦᠬᠦᠢ — ᠦᠪᠦᠷ ᠮᠤᠩᠭᠤᠯ ᠤᠨ ᠤᠳᠬ᠎ᠠ ᠤᠷᠠᠯᠢᠭ ᠤᠨ ᠤᠨᠤᠯ ᠰᠢᠬᠦᠮᠵᠢ ᠶᠢᠨ ᠰᠤᠩᠭᠤᠮᠠᠯ ︵ᠨᠢᠬᠡᠳᠦᠬᠡᠷ | ᠠᠩᠬᠢ︶︾ ᠢ ᠰᠤᠩᠭᠤᠨ ᠨᠠᠶᠢᠷᠠᠭᠤᠯᠬᠤ ᠬᠤᠭᠤᠴᠠᠭᠠᠨ ᠳᠤ᠂ ᠦᠩᠬᠡᠷᠡᠭᠰᠡᠨ ᠤ ᠵᠤᠬᠢᠶᠠᠯ ᠪᠦᠳᠦᠬᠡᠯ ᠢ ᠡᠮᠬᠢᠳᠬᠡᠨ | ᠨᠠᠶᠢᠷᠠᠭᠤᠯᠬᠤ ᠦᠶ᠎ᠠ ᠳᠤ ᠡᠨᠡ ᠪᠠᠶᠢᠳᠠᠯ ᠢ ᠢᠯᠡᠷᠡᠬᠦᠯᠦᠭᠰᠡᠨ ᠪᠠᠶᠢᠨ᠎ᠠ᠃ ᠪᠠᠶᠠᠷᠯᠡᠭᠤᠰᠢᠳᠠᠢ ᠨᠢ᠂ ᠦᠬᠡᠷᠡᠴᠢᠯᠡᠯᠳᠡ | ᠨᠡᠬᠡᠬᠡᠯᠳᠡ ᠠᠴᠠ ᠨᠠᠰᠢ ᠡᠨᠡᠬᠦ ᠪᠠᠶᠢᠳᠠᠯ ᠠᠭᠠᠵᠢᠮ ᠢᠶᠠᠷ ᠦᠬᠡᠷᠡᠴᠢᠯᠡᠭᠳᠡᠵᠠᠢ᠂ ᠤᠨᠴᠠᠭᠠᠢᠢᠯᠠᠨ 21 ᠳ᠋ᠤᠭᠡᠷ | ᠵᠠᠭᠤᠨ ᠳᠤ ᠤᠷᠤᠬᠰᠠᠨ ᠤ ᠲᠠᠷᠠᠭ᠎ᠠ᠂ ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠮᠠᠰᠢ ᠲᠦᠷᠬᠡᠨ | ᠬᠦᠭᠵᠢᠭᠰᠡᠨ ᠪᠠᠶᠢᠨ᠎ᠠ᠃ | ᠡᠨᠡᠬᠦ ᠬᠤᠪᠢᠷᠠᠯᠳᠠ ᠨᠢ ᠤᠯᠠᠨ ᠲᠠᠯ᠎ᠠ ᠠᠴᠠ ᠰᠢᠯᠳᠠᠭᠠᠯᠠᠭᠳᠠᠵᠠᠢ᠃ ᠵᠤᠬᠢᠶᠠᠬᠴᠢ ᠶᠢᠨ ᠦᠵᠡᠬᠦ ᠪᠠᠷ | ᠭᠤᠤᠯᠳᠠᠭᠤ ᠲᠤᠤᠷᠠᠬᠢ ᠬᠡᠳᠦᠨ ᠲᠠᠯ᠎ᠠ ᠢᠯᠡᠷᠡᠵᠦ ᠪᠤᠢ᠃ ᠨᠡᠶᠢᠬᠡᠮ ᠠᠴᠠ ᠤᠷᠠᠯᠢᠭ ᠢ ᠴᠢᠬᠤᠯᠠᠴᠢᠯᠠᠬᠤ ᠪᠤᠯᠤᠬᠰᠠᠨ | ᠵᠢᠴᠢ ᠤᠷᠠᠯᠢᠭ ᠤᠨ ᠬᠦᠷᠢᠶ᠎ᠠ ᠴᠠᠷᠠᠭᠠᠨ ᠳᠤ ᠢᠯᠡᠷᠡᠭᠰᠡᠨ ᠠᠮᠵᠢᠯᠳᠠ ᠪᠦᠳᠦᠮᠵᠢ ᠯᠦᠭᠡ ᠬᠤᠯᠪᠤᠬᠳᠠᠨ᠎ᠠ᠃ | ᠦᠬᠡᠷᠡᠴᠢᠯᠠᠯᠳᠠ ᠨᠡᠬᠡᠬᠡᠯᠳᠡ ᠠᠴᠠ ᠨᠡᠰᠢ᠂ ᠤᠷᠠᠯᠢᠭ ᠤᠨ ᠵᠤᠬᠢᠶᠠᠨ ᠪᠦᠳᠦᠬᠡᠯᠬᠡ ᠶᠢᠨ ᠴᠢᠬᠤᠯᠠ ᠠᠮᠵᠢᠯᠳᠠ | ᠪᠦᠳᠦᠬᠡᠯ ᠤᠳ᠂ ᠤᠷᠠᠯᠢᠭ ᠤᠨ ᠰᠤᠷᠭᠠᠨ ᠬᠦᠮᠦᠵᠢᠯ ᠤᠨ ᠲᠦᠷᠬᠡᠨ ᠬᠦᠭᠵᠢᠯᠳᠠ᠂ ᠲᠡᠬᠦᠨ ᠢ ᠲᠠᠭᠠᠯᠳᠤᠨ ᠪᠤᠢ | ᠪᠤᠯᠤᠬᠰᠠᠨ ᠤᠷᠠᠯᠢᠭ ᠤᠨ ᠬᠡᠪ ᠪᠠᠶᠢᠳᠠᠯ᠂ ᠤᠷᠠᠯᠢᠭ ᠤᠨ ᠪᠤᠳᠠᠭᠠᠯᠢ ᠰᠢᠨᠵᠢ᠂ ᠤᠷᠠᠯᠢᠭ ᠤᠨ ᠰᠠᠨᠠᠭ᠎ᠠ ᠠᠬᠤᠢ | ᠵᠡᠷᠬᠡ ᠳᠤ ᠢᠯᠡᠷᠡᠭᠰᠡᠨ ᠯᠤᠳᠤ ᠶᠡᠭᠡ ᠬᠤᠪᠢᠷᠠᠯᠳᠠ ᠵᠢᠴᠢ ᠡᠳᠡᠭᠡᠷ ᠲᠠᠢ ᠬᠤᠯᠪᠤᠬᠳᠠᠬᠰᠠᠨ ᠤᠷᠠᠯᠢᠭ ᠤᠨ ᠦᠵᠡᠯᠳᠠ | ᠲᠠᠨᠢᠯᠳᠠ ᠶᠢᠨ ᠬᠤᠪᠢᠰᠤᠯᠳᠠ ᠪᠠ ᠭᠤᠸ᠎ᠠ ᠲᠠᠭᠠᠰᠢᠶᠠᠯ ᠤᠨ ᠬᠤᠪᠢᠷᠠᠯᠳᠠ ᠵᠡᠷᠬᠡ ᠨᠢ ᠴᠦᠮ ᠤᠷᠠᠯᠢᠭ ᠤᠨ ᠰᠢᠬᠦᠮᠵᠢ | ᠪᠤᠯᠤᠨ ᠤᠷᠠᠯᠢᠭ ᠤᠨ ᠰᠤᠳᠤᠯᠤᠯ ᠤᠨ ᠦᠪᠡᠷᠮᠢᠴᠡ ᠦᠢᠯᠡᠳᠦᠯ ᠢᠶᠠᠨ ᠪᠠᠳᠠᠷᠠᠭᠤᠯᠬᠤ᠂ ᠲᠡᠬᠦᠨ ᠤ ᠲᠤᠰᠠᠭᠠᠷ | ᠤᠷᠤᠰᠢᠬᠤ ᠪᠠᠶᠢᠷᠢ ᠰᠠᠭᠤᠷᠢ ᠪᠠᠨ ᠲᠤᠭᠳᠠᠭᠠᠬᠤ ᠳᠤ ᠠᠬᠤᠢᠢᠴᠢ ᠦᠨᠳᠦᠰᠦᠯᠡᠯ ᠪᠤᠯᠤᠨ ᠴᠢᠬᠤᠯᠠ ᠪᠦᠬᠦᠢ | ᠪᠡᠯᠡᠳᠬᠡᠯ ᠢ ᠬᠠᠩᠭᠠᠵᠤ ᠦᠭᠴᠡᠢ︔ ᠲᠤᠰᠬᠠᠢᠢᠵᠢᠬᠰᠠᠨ᠂ ᠰᠢᠰᠲ᠋ᠧᠮᠳᠤ ᠴᠢᠨᠠᠷᠳᠠᠢ ᠤᠷᠠᠯᠢᠭ ᠤᠨ ᠰᠢᠬᠦᠮᠵᠢ ᠪᠠ | ᠤᠷᠠᠯᠢᠭ ᠤᠨ ᠰᠤᠳᠤᠯᠤᠯ ᠤᠨ ᠲᠤᠬᠠᠢ ᠨᠡᠶᠢᠬᠡᠮ ᠤᠨ ᠦᠷᠬᠡᠨ ᠬᠡᠷᠡᠭᠴᠡᠭᠡ ᠵᠢᠴᠢ ᠤᠷᠠᠯᠢᠭ ᠤᠨ ᠰᠢᠬᠦᠮᠵᠢ ᠪᠠ | ᠰᠤᠳᠤᠯᠤᠯ ᠤᠨ ᠪᠠᠳᠠᠷᠠᠭᠤᠯᠤᠬᠰᠠᠨ ᠪᠤᠳᠠᠳᠤ ᠦᠢᠯᠡᠳᠦᠯ ᠨᠢ ᠲᠡᠬᠦᠨ ᠤ ᠲᠤᠰ ᠪᠡᠶ᠎ᠠ ᠶᠢᠨ ᠲᠤᠮᠳᠠᠳᠤ ᠤᠯᠤᠰ ᠤᠨ | ᠰᠤᠶᠤᠯ ᠤᠨ ᠰᠢᠰᠲ᠋ᠧᠮ ᠳᠠᠬᠢ ᠪᠠᠶᠢᠷᠢ ᠰᠠᠭᠤᠷᠢ ᠶᠢᠨ ᠲᠡᠬᠡᠭᠰᠢᠯᠡᠯᠳᠠ ᠪᠤᠯᠤᠨ ᠨᠦᠯᠦᠬᠡᠯᠡᠬᠦ ᠬᠦᠴᠦᠨ ᠤ | ᠲᠡᠭᠡᠭᠰᠢᠯᠡᠯᠳᠡ ᠶᠢ ᠠᠬᠢᠭᠤᠯᠵᠠᠢ︔ ᠤᠷᠠᠯᠢᠭ ᠢ ᠪᠠᠭᠳᠠᠭᠠᠬᠰᠠᠨ ᠰᠤᠶᠤᠯ ᠤᠨ ᠪᠠᠶᠢᠭᠤᠯᠤᠯᠳᠠ ᠨᠢ ᠤᠯᠤᠰ ᠤᠨ | ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠳᠤ ᠵᠢᠬᠰᠠᠭᠠᠬᠳᠠᠵᠤ ᠤᠯᠠᠮ ᠢᠶᠠᠷ ᠴᠢᠬᠤᠯᠠᠴᠢᠯᠠᠬᠳᠠᠬᠤ ᠪᠤᠯᠵᠠᠢ᠃ | ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠤᠨᠤᠯ ᠤᠨ ᠤᠬᠠᠮᠰᠠᠷ ᠠᠭᠠᠵᠢᠮ ᠢᠶᠠᠷ | ᠴᠢᠩᠭᠠᠷᠠᠵᠤ᠂ ᠵᠤᠬᠢᠶᠠᠯ ᠪᠦᠳᠦᠬᠡᠯ ᠤᠨ ᠲᠤᠰᠬᠠᠢ ᠮᠡᠷᠬᠡᠵᠢᠯ ᠤᠨ ᠴᠢᠨᠠᠷ ᠪᠤᠯᠤᠨ ᠡᠷᠳᠡᠮ ᠰᠢᠨᠵᠢᠯᠡᠬᠡᠨ ᠤ ᠲᠦᠪᠰᠢᠨ | ᠲᠠᠰᠤᠷᠠᠯᠳᠠ ᠦᠬᠡᠢ ᠲᠡᠬᠡᠭᠰᠢᠯᠡᠵᠡᠢ᠃ ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠪᠤᠯ | ᠦᠢᠯᠡᠳᠦᠯᠬᠡ ᠠᠴᠠ ᠡᠬᠦᠰᠦᠭᠰᠡᠨ ᠭᠡᠷᠡᠭ ᠪᠤᠳᠠᠰ ᠮᠦᠨ᠂ ᠮᠦᠨᠴᠦ ᠲᠡᠬᠦᠨ ᠤ ᠲᠤᠰ ᠪᠡᠶ᠎ᠠ ᠶᠢᠨ ᠶᠤᠰᠤ ᠵᠦᠢ ᠪᠤᠯᠤᠨ | ᠲᠠᠪᠠᠯᠳᠠ ᠶᠢᠨ ᠴᠢᠨᠠᠷᠳᠠᠢ ᠦᠵᠡᠯ ᠰᠠᠨᠠᠭᠠᠨ ᠤ ᠤᠤᠷ ᠲᠤᠨᠤᠳᠠᠰᠤ ᠮᠦᠨ᠃ ᠦᠬᠡᠷᠡᠴᠢᠯᠠᠯᠳᠠ ᠨᠡᠬᠡᠬᠡᠯᠳᠡ ᠠᠴᠠ ᠨᠠᠰᠢ | ᠂ ᠦᠪᠦᠷ ᠮᠤᠩᠭᠤᠯ ᠤᠨ ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠲᠦᠢᠯ ᠤᠨ ᠶᠡᠭᠡ ᠠᠬᠢᠯᠳᠠ ᠲᠠᠢ | ᠪᠤᠯᠤᠭᠰᠠᠨ ᠨᠢ ᠲᠤᠤᠷᠠᠬᠢ ᠬᠡᠳᠦᠨ ᠲᠠᠯ᠎ᠠ ᠪᠠᠷ ᠢᠯᠡᠷᠡᠵᠦ ᠪᠤᠢ᠄ ᠨᠡᠩ ᠤᠯᠠᠨ ᠤᠷᠠᠯᠢᠭ ᠤᠨ ᠰᠢᠬᠦᠮᠵᠢᠯᠡᠭᠴᠢ ᠪᠠ | ᠤᠷᠠᠯᠢᠭ ᠤᠨ ᠰᠤᠳᠤᠯᠤᠬᠴᠢ ᠨᠠᠷ ᠲᠤᠳᠤ ᠲᠤᠳᠤᠷᠠᠭᠤᠨ ᠡᠷᠳᠡᠮ ᠰᠢᠨᠵᠢᠯᠡᠬᠡᠨ ᠤ ᠰᠠᠨᠠᠭᠠᠴᠢᠯᠠᠭᠠᠳᠤ ᠤᠬᠠᠮᠰᠠᠷ ᠵᠢᠴᠢ | ᠬᠠᠷᠠᠭᠠᠯᠵᠠᠬᠰᠠᠨ ᠲᠤᠰᠬᠠᠢ ᠮᠡᠷᠬᠡᠵᠢᠯ ᠤᠨ ᠬᠤᠷᠠᠮᠳᠤᠭᠤᠯᠤᠯ᠂ ᠤᠨᠤᠯ ᠤᠨ ᠪᠡᠯᠡᠳᠬᠡᠯ ᠲᠠᠢ ᠪᠤᠯᠵᠤ᠂ ᠰᠢᠬᠦᠮᠵᠢ᠂ | ᠰᠤᠳᠤᠯᠤᠯ ᠨᠢ ᠦᠩᠬᠡᠷᠡᠭᠰᠡᠨ ᠤ ᠬᠢ ᠲᠠᠢ ᠬᠠᠷᠢᠴᠠᠭᠤᠯᠪᠠᠯ ᠨᠡᠩ ᠦᠷᠬᠡᠨ ᠬᠠᠷᠠᠭᠠᠰᠤ ᠲᠠᠢ ᠪᠤᠯᠤᠬᠰᠠᠨ ᠪᠦᠬᠡᠳ | ᠡᠷᠳᠡᠮ ᠰᠢᠨᠵᠢᠯᠡᠬᠡᠨ ᠤ ᠠᠭᠤᠯᠬᠤᠨ ᠢᠶᠠᠷ ᠨᠡᠩ ᠪᠠᠶᠠᠯᠢᠭ ᠪᠤᠯᠵᠠᠢ︔ ᠰᠢᠬᠦᠮᠵᠢᠯᠡᠭᠴᠢ᠂ ᠰᠤᠳᠤᠯᠤᠬᠴᠢ ᠨᠠᠷ ᠤᠨ | ᠭᠤᠤᠯ ᠴᠤᠬᠴᠠ ᠶᠢᠨ ᠤᠬᠠᠮᠰᠠᠷ ᠠᠭᠠᠵᠢᠮ ᠢᠶᠠᠷ ᠠᠳᠠᠯᠢ ᠪᠤᠰᠤ ᠬᠡᠮᠵᠢᠶ᠎ᠠ ᠪᠠᠷ ᠲᠤᠪᠤᠶᠢᠮ᠎ᠠ ᠪᠤᠯᠵᠤ᠂ ᠨᠡᠩ ᠤᠯᠠᠨ | ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠵᠤᠬᠢᠶᠠᠯ ᠪᠦᠳᠦᠬᠡᠯ ᠴᠦᠮ ᠵᠤᠬᠢᠬᠤ ᠡᠷᠳᠡᠮ | ᠰᠢᠨᠵᠢᠯᠡᠬᠡᠨ ᠤ ᠰᠢᠨᠵᠢᠳᠡᠢ ᠪᠤᠯᠵᠠᠢ︔ ᠡᠷᠳᠡᠮ ᠰᠢᠨᠵᠢᠯᠡᠬᠡᠨ ᠤ ᠲᠠᠯ᠎ᠠ ᠪᠠᠷ ᠬᠢ ᠰᠢᠨ᠎ᠠ ᠶᠢ ᠡᠬᠦᠳᠬᠦ ᠤᠬᠠᠮᠰᠠᠷ | ᠠᠭᠠᠵᠢᠮ ᠢᠶᠠᠷ ᠲᠡᠬᠡᠭᠰᠢᠯᠡᠵᠤ᠂ ᠨᠢᠬᠡ ᠪᠦᠯᠦᠭ ᠤᠷᠠᠯᠢᠭ ᠤᠨ ᠤᠨᠤᠯᠴᠢᠳ ᠲᠠᠰᠤᠷᠠᠯᠳᠠ ᠦᠬᠡᠢ ᠡᠷᠳᠡᠮ | ᠰᠢᠨᠵᠢᠯᠡᠬᠡᠨ ᠤ ᠰᠢᠨ᠎ᠠ ᠬᠠᠷᠠᠯᠳᠠ ᠶᠢ ᠬᠦᠬᠡᠬᠡᠴᠡᠯᠳᠦᠵᠤ᠂ ᠲᠤᠰ ᠦᠨᠳᠦᠰᠦᠳᠡᠨ ᠠᠴᠠ ᠪᠤᠰᠤᠳ ᠡᠷᠡᠬᠦᠯ ᠰᠠᠷᠠᠭᠤᠯ | ᠠᠰᠢᠭᠳᠠᠢ ᠵᠦᠢᠯᠡᠰ ᠢ ᠰᠢᠩᠬᠡᠬᠡᠨ ᠠᠪᠴᠤ᠂ ᠬᠠᠷᠠᠭᠠᠰᠤ ᠪᠠᠨ ᠦᠷᠬᠡᠳᠬᠡᠬᠦ ᠶᠢᠨ ᠬᠠᠮᠳᠤ ᠲᠠᠰᠤᠷᠠᠯᠳᠠ ᠦᠬᠡᠢ ᠰᠢᠨ᠎ᠠ | ᠰᠠᠨᠠᠭ᠎ᠠ ᠠᠬᠤᠢ ᠳᠤ ᠬᠦᠷᠴᠦ᠂ ᠤᠯᠠᠮᠵᠢᠯᠠᠯᠳᠤ ᠲᠠᠪᠠᠭᠤᠯᠢᠭ ᠲᠠᠭᠠᠨ ᠰᠠᠭᠤᠷᠢᠯᠠᠨ ᠠᠭᠠᠵᠢᠮ ᠢᠶᠠᠷ ᠬᠦᠨᠵᠡᠬᠡᠶᠢᠷᠡᠬᠦ ᠶᠢ | ᠪᠠᠶᠠᠯᠡᠬᠦᠯᠵᠡᠢ᠃ | ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠡᠩᠨᠡᠭᠡ ᠬᠦᠭᠵᠢᠨ ᠪᠤᠵᠠᠭᠠᠢᠢᠷᠠᠵᠤ᠂ | ᠲᠤᠰᠬᠠᠢᠢᠵᠢᠬᠰᠠᠨ ᠬᠡᠮᠵᠢᠶ᠎ᠠ᠂ ᠤᠷᠠᠯᠢᠭ ᠤᠨ ᠬᠡᠪ ᠪᠤᠯᠪᠠᠰᠤᠷᠠᠯ ᠵᠢᠴᠢ ᠭᠤᠸ᠎ᠠ ᠲᠠᠭᠠᠰᠢᠶᠠᠯ ᠤᠨ ᠲᠦᠪᠰᠢᠨ ᠨᠢ | ᠲᠠᠰᠤᠷᠠᠯᠳᠠ ᠦᠬᠡᠢ ᠲᠡᠬᠡᠭᠰᠢᠯᠡᠵᠡᠢ᠃ ᠦᠪᠦᠷ ᠮᠤᠩᠭᠤᠯ ᠤᠯᠠᠨ ᠠᠷᠪᠢᠨ ᠡᠷᠳᠡᠮ ᠰᠢᠨᠵᠢᠯᠡᠬᠡᠨ ᠤ ᠬᠦᠷᠢᠶ᠎ᠠ | ᠴᠠᠷᠠᠭᠠᠨ ᠳᠤ ᠠᠪᠴᠤ ᠬᠡᠯᠡᠪᠡᠯ᠂ ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠡᠩᠨᠡᠭᠡ ᠶᠢᠨ | ᠪᠤᠵᠠᠭᠠᠢᠢᠷᠠᠬᠰᠠᠨ ᠪᠠ ᠲᠡᠰ ᠲᠠᠪᠬᠤᠭᠠ ᠶᠢᠨ ᠲᠡᠬᠡᠭᠰᠢᠯᠡᠯᠳᠡ ᠨᠢ ᠲᠤᠩ ᠲᠤᠪᠤᠶᠢᠮ᠎ᠠ ᠪᠠᠶᠢᠳᠠᠭ᠃ 20 ᠳ᠋ᠤᠭᠠᠷ | ᠵᠠᠭᠤᠨ ᠤ ᠲᠠᠪᠢᠭᠠᠳ ᠤᠨ ᠤ ᠡᠬᠢ ᠠᠴᠠ ᠦᠬᠡᠷᠡᠴᠢᠯᠠᠯᠳᠠ ᠨᠡᠬᠡᠬᠡᠯᠳᠠ ᠠᠴᠠ ᠡᠮᠦᠨᠡᠬᠡᠨ ᠪᠤᠯᠳᠠᠯ᠎ᠠ᠂ ᠲᠡᠳᠡᠬᠡᠷ ︽ | ᠤᠷᠠᠯᠢᠭ ᠤᠨ ᠰᠢᠬᠦᠮᠵᠢ︾ ᠲᠤᠭᠤᠷᠪᠢᠨ ᠪᠢᠴᠢᠳᠡᠭ ᠬᠦᠮᠦᠰ ᠤᠨ ᠲᠤᠳᠤᠷ᠎ᠠ᠂ ᠤᠷᠠᠯᠢᠭᠴᠢᠨ᠂ ᠪᠠᠭᠰᠢ᠂ ᠰᠤᠶᠤᠯ ᠤᠨ | ᠰᠠᠯᠠᠭ᠎ᠠ ᠮᠦᠴᠢᠷ ᠤᠨ ᠠᠵᠢᠯᠳᠠᠨ ᠵᠡᠷᠬᠡ ᠪᠠᠶᠢᠵᠠᠢ᠃ ᠲᠡᠳᠡ ᠨᠠᠷ ᠴᠦᠮ ᠦᠪᠡᠷ ᠤᠨ ᠲᠤᠬᠠᠢᠢᠯᠠᠬᠰᠠᠨ ᠠᠵᠢᠯ ᠲᠠᠢ | ᠲᠤᠯᠠ ᠤᠷᠠᠯᠢᠭ ᠤᠨ ᠰᠢᠬᠦᠮᠵᠢ ᠪᠢᠴᠢᠬᠦ ᠠᠵᠢᠯ ᠢ ᠵᠦᠪᠬᠡᠨ ᠬᠠᠪᠰᠤᠷᠭᠠᠨ ᠬᠢᠵᠤ ᠪᠠᠶᠢᠬᠰᠠᠨ ᠪᠦᠬᠡᠳ ᠬᠠᠶᠠ ᠨᠢᠬᠡ | ᠪᠢᠴᠢᠳᠡᠭ᠂ ᠬᠠᠷᠢᠨ ᠰᠢᠰᠲ᠋ᠧᠮᠳᠤ ᠴᠢᠨᠠᠷᠳᠡᠢ ᠪᠠᠷ ᠤᠷᠠᠯᠢᠭ ᠤᠨ ᠰᠤᠳᠤᠯᠤᠯ ᠤᠷᠤᠯᠳᠤᠳᠠᠭ ᠬᠦᠮᠦᠨ ᠲᠤᠩ ᠴᠦᠬᠡᠨ | ᠪᠠᠶᠢᠬᠰᠠᠨ᠃ ᠦᠬᠡᠷᠡᠴᠢᠯᠠᠯᠳᠠ ᠨᠡᠬᠡᠬᠡᠯᠳᠡ ᠶᠢᠨ ᠲᠠᠷᠠᠭ᠎ᠠ᠂ ᠤᠨᠴᠠᠭᠠᠢᠢᠯᠠᠨ 20 ᠳ᠋ᠤᠭᠠᠷ ᠵᠠᠭᠤᠨ ᠤ ᠶᠡᠷᠡᠭᠡᠳ | ᠤᠨ ᠤ ᠲᠤᠮᠳᠠᠴᠢ ᠠᠴᠠ ᠰᠡᠬᠦᠯᠡᠷ᠂ ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠡᠩᠨᠡᠭᠡ ᠳᠤ | ᠠᠭᠠᠵᠢᠮ ᠢᠶᠠᠷ ᠬᠤᠪᠢᠷᠠᠯᠳᠠ ᠭᠠᠷᠴᠠᠢ᠄ ᠤᠷᠠᠯᠢᠭ ᠤᠨ ᠰᠤᠳᠤᠯᠤᠯ ᠤᠨ ᠲᠤᠰᠬᠠᠢ ᠪᠠᠶᠢᠭᠤᠯᠤᠮᠵᠢ ᠵᠤᠬᠢᠬᠤ | ᠬᠡᠮᠵᠢᠶ᠎ᠠ ᠪᠠᠷ ᠨᠡᠮᠡᠭᠳᠡᠵᠤ᠂ ᠰᠤᠶᠤᠯ ᠤᠨ ᠰᠠᠯᠠᠭ᠎ᠠ ᠮᠦᠴᠢᠷ ᠤᠨ ᠪᠠᠶᠢᠭᠤᠯᠤᠬᠰᠠᠨ ᠤᠷᠠᠯᠢᠭ ᠰᠤᠳᠤᠯᠤᠯ ᠤᠨ | ᠭᠠᠵᠠᠷ ᠠᠴᠠ ᠭᠠᠳᠠᠨ᠎ᠠ᠂ ᠦᠪᠡᠷᠳᠡᠬᠡᠨ ᠵᠠᠰᠠᠬᠤ ᠤᠷᠤᠨ ᠤ ᠤᠯᠠᠩᠬᠢ ᠶᠡᠭᠡ ᠰᠤᠷᠭᠠᠭᠤᠯᠢ ᠴᠤ ᠴᠦᠮ ᠤᠷᠢᠳ | ᠬᠤᠵᠢᠳ ᠤᠷᠠᠯᠢᠭ ᠰᠤᠳᠤᠯᠤᠯ ᠤᠨ ᠪᠠᠶᠢᠭᠤᠯᠤᠮᠵᠢ ᠬᠡᠵᠤ ᠪᠠᠶᠢᠭᠤᠯᠤᠨ ᠲᠤᠰᠬᠠᠢ ᠠᠵᠢᠯ ᠤᠨ ᠪᠠᠶᠢᠷᠢ᠂ ᠲᠤᠰᠬᠠᠢ | ᠲᠦᠷᠦᠯ ᠵᠦᠢᠯ ᠲᠤᠬᠢᠷᠠᠭᠤᠯᠤᠬᠰᠠᠨ ᠪᠠᠶᠢᠨ᠎ᠠ︔ ᠬᠠᠮᠢᠶ᠎ᠠ ᠪᠦᠬᠦᠢ ᠵᠤᠬᠢᠶᠠᠨ ᠪᠠᠶᠢᠭᠤᠯᠤᠯᠳᠠ ᠲᠠᠢ ᠪᠤᠯᠵᠤ᠂ 2000 | ᠤᠨ ᠳᠤ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠤᠳᠬ᠎ᠠ ᠤᠷᠠᠯᠢᠭ ᠤᠨ | ᠰᠢᠬᠦᠮᠵᠢᠯᠡᠭᠴᠢᠳ ᠤᠨ ᠨᠡᠶᠢᠬᠡᠮᠯᠢᠭ ᠵᠢᠩᠬᠢᠨᠢ ᠪᠠᠷ ᠪᠠᠶᠢᠭᠤᠯᠤᠬᠳᠠᠵᠤ᠂ ᠤᠷᠠᠯᠢᠭ ᠤᠨ ᠰᠢᠬᠦᠮᠵᠢ᠂ ᠤᠷᠠᠯᠢᠭ ᠤᠨ | ᠰᠤᠳᠤᠯᠤᠯ ᠤᠨ ᠡᠩᠨᠡᠭᠡ ᠶᠢ ᠰᠢᠩᠭᠡᠭᠡᠨ ᠠᠪᠴᠤ ᠴᠤᠭᠯᠠᠭᠤᠯᠬᠤ᠂ ᠪᠦᠬᠦ ᠤᠷᠤᠨ ᠤ ᠤᠷᠠᠯᠢᠭ ᠤᠨ ᠰᠢᠬᠦᠮᠵᠢ᠂ | ᠤᠷᠠᠯᠢᠭ ᠤᠨ ᠰᠤᠳᠤᠯᠤᠯ ᠢ ᠵᠤᠬᠢᠶᠠᠨ ᠪᠠᠶᠢᠭᠤᠯᠤᠯᠳᠠ ᠲᠠᠢ ᠪᠠᠷ ᠦᠷᠨᠢᠬᠦᠯᠬᠦ ᠶᠢ ᠲᠦᠯᠬᠢᠨ ᠠᠬᠢᠭᠤᠯᠬᠤ ᠳᠤ ᠴᠢᠬᠤᠯᠠ | ᠦᠢᠯᠡᠳᠦᠯ ᠦᠵᠡᠬᠦᠯᠦᠭᠰᠡᠨ ᠪᠠᠶᠢᠨ᠎ᠠ︔ ᠤᠷᠠᠯᠢᠭ ᠤᠨ ᠰᠤᠷᠭᠠᠨ ᠬᠦᠮᠦᠵᠢᠯ ᠤᠨ ᠬᠦᠭᠵᠢᠯᠳᠠ ᠪᠠ ᠲᠡᠬᠡᠭᠰᠢᠯᠡᠯᠳᠡ ᠨᠢ | ᠤᠷᠠᠯᠢᠭ ᠤᠨ ᠰᠢᠬᠦᠮᠵᠢ᠂ ᠤᠷᠠᠯᠢᠭ ᠤᠨ ᠰᠤᠳᠤᠯᠤᠯ ᠤᠨ ᠴᠢᠳᠡᠪᠦᠷᠢᠳᠡᠨ ᠢ ᠬᠦᠮᠦᠵᠢᠬᠦᠯᠬᠦ ᠳᠤ ᠰᠠᠶᠢᠨ ᠰᠠᠶᠢᠬᠠᠨ | ᠨᠦᠬᠦᠴᠡᠯ ᠢ ᠡᠬᠦᠳᠦᠨ ᠦᠭᠴᠠᠢ᠃ ᠢᠩᠬᠢᠬᠡᠳ᠂ ᠤᠷᠤᠨ ᠤ ᠲᠤᠳᠤᠷᠠᠬᠢ ᠨᠢᠬᠡᠨ ᠰᠠᠯᠠᠭ᠎ᠠ ᠪᠦᠳᠦᠴᠡ ᠵᠤᠬᠢᠰᠳᠠᠢ᠂ | ᠲᠤᠰᠬᠠᠢ ᠮᠡᠷᠬᠡᠵᠢᠯ ᠢᠶᠠᠷ ᠲᠤᠪᠤᠶᠢᠮ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠬᠠᠷᠢᠴᠠᠩᠭᠤᠢ ᠪᠠᠷ ᠲᠤᠬᠳᠠᠭᠤᠨ | ᠤᠷᠠᠯᠢᠭ ᠤᠨ ᠰᠢᠬᠦᠮᠵᠢ ᠪᠠ ᠤᠷᠠᠯᠢᠭ ᠤᠨ ᠰᠤᠳᠤᠯᠤᠯ ᠤᠨ ᠡᠩᠨᠡᠭᠡ ᠪᠦᠷᠢᠯᠳᠤᠵᠠᠢ᠃ ᠡᠨᠡᠬᠦ ᠰᠠᠯᠠᠭ᠎ᠠ ᠡᠩᠨᠡᠭᠡ ᠶᠢᠨ | ᠪᠦᠷᠢᠯᠳᠦᠭᠰᠡᠨ ᠨᠢ ᠪᠦᠬᠦ ᠤᠷᠤᠨ ᠤ ᠤᠷᠠᠯᠢᠭ ᠤᠨ ᠰᠢᠬᠦᠮᠵᠢ᠂ ᠤᠷᠠᠯᠢᠭ ᠤᠨ ᠰᠤᠳᠤᠯᠤᠯ ᠤᠨ ᠠᠵᠢᠯ ᠤᠨ | ᠬᠦᠭᠵᠢᠯᠳᠠ ᠳᠤ ᠲᠦᠢᠯ ᠤᠨ ᠴᠢᠬᠤᠯᠠ ᠠᠴᠢ ᠬᠤᠯᠪᠤᠬᠳᠠᠯ ᠦᠵᠡᠬᠦᠯᠦᠭᠰᠡᠨ ᠶᠤᠮ᠃ | ᠦᠪᠡᠷᠳᠡᠬᠡᠨ ᠵᠠᠰᠠᠬᠤ ᠤᠷᠤᠨ ᠤ ᠤᠷᠠᠯᠢᠭ ᠤᠨ ᠵᠤᠬᠢᠶᠠᠨ ᠪᠦᠳᠦᠬᠡᠯᠬᠡ ᠶᠢᠨ ᠤᠳᠤᠬᠢ ᠪᠠᠶᠢᠳᠠᠯ ᠢ ᠨᠡᠶᠢᠳᠡᠮ | ᠠᠩᠬᠠᠷᠴᠤ᠂ ᠰᠢᠨ᠎ᠠ ᠬᠦᠮᠦᠨ ᠢ ᠢᠯᠡᠷᠡᠬᠦᠯᠦᠨ᠂ ᠰᠢᠨ᠎ᠠ ᠪᠦᠳᠦᠬᠡᠯ ᠢ ᠲᠠᠨᠢᠯᠴᠠᠭᠤᠯᠵᠤ᠂ ᠠᠰᠠᠭᠤᠳᠠᠯ ᠢ ᠢᠯᠡᠷᠡᠬᠦᠯᠦᠨ | ᠂ ᠠᠰᠠᠭᠤᠳᠠᠯ ᠢ ᠰᠢᠢᠳᠪᠦᠷᠢᠯᠡᠬᠦ ᠰᠠᠶᠢᠨ ᠵᠤᠷ ᠢ ᠲᠤᠷᠠᠳᠤᠨ ᠭᠠᠷᠭᠠᠬᠤ ᠪᠤᠯ ᠦᠬᠡᠷᠡᠴᠢᠯᠡᠯᠳᠡ ᠨᠡᠬᠡᠬᠡᠯᠳᠡ ᠠᠴᠠ | ᠨᠠᠰᠢᠬᠢ ᠦᠪᠦᠷ ᠮᠤᠩᠭᠤᠯ ᠤᠨ ᠤᠷᠠᠯᠢᠭ ᠤᠨ ᠰᠢᠬᠦᠮᠵᠢ ᠠᠭᠠᠵᠢᠮ ᠢᠶᠠᠷ ᠴᠢᠬᠤᠯᠠᠴᠢᠯᠠᠬᠳᠠᠬᠰᠠᠨ ᠤ ᠰᠢᠯᠳᠠᠭᠠᠨ | ᠪᠤᠯᠤᠨ᠎ᠠ᠃ ᠨᠢᠬᠡ ᠲᠠᠯ᠎ᠠ ᠪᠠᠷ᠂ ᠤᠷᠠᠯᠢᠭ ᠤᠨ ᠰᠢᠬᠦᠮᠵᠢᠯᠡᠭᠴᠢ ᠠᠴᠠ ᠤᠷᠠᠯᠢᠬᠴᠢᠨ ᠲᠠᠢ ᠡᠷᠬᠡ ᠲᠡᠭᠰᠢ ᠪᠠᠷ ᠦᠬᠡ | ᠵᠤᠯᠭᠠᠯᠴᠠᠬᠰᠠᠨ ᠰᠠᠭᠤᠷᠢᠨ ᠲᠡᠭᠡᠷ᠎ᠡ᠂ ᠤᠷᠠᠯᠢᠭ ᠤᠨ ᠵᠤᠬᠢᠶᠠᠨ ᠪᠦᠳᠦᠬᠡᠯᠬᠡ ᠶᠢᠨ ᠵᠢᠮ᠎ᠠ ᠶᠤᠰᠤ ᠪᠠᠷ ᠰᠢᠨᠵᠢᠵᠤ | ᠵᠠᠳᠠᠯᠬᠤ ᠶᠢᠨ ᠬᠠᠮᠳᠤ᠂ ᠵᠤᠬᠢᠶᠠᠬᠴᠢ ᠶᠢᠨ ᠲᠠᠯ᠎ᠠ ᠠᠴᠠ ᠠᠰᠠᠭᠤᠳᠠᠯ ᠢ ᠪᠤᠳᠤᠯᠬᠢᠯᠠᠵᠤ᠂ ᠤᠷᠠᠯᠢᠭ ᠤᠨ ᠰᠢᠬᠦᠮᠵᠢ ᠶᠢᠨ | ᠪᠦᠳᠦᠮᠵᠢᠳᠠᠢ ᠪᠦᠬᠡᠳ ᠡᠶ᠎ᠡ ᠵᠤᠬᠢᠴᠠᠩᠭᠤᠢ ᠶᠢᠨ ᠲᠤᠮᠳᠠ ᠬᠦᠭᠵᠢᠬᠦ ᠶᠢ ᠪᠠᠳᠤᠯᠠᠵᠠᠢ᠃ ᠨᠦᠬᠦᠬᠡ ᠲᠠᠯ᠎ᠠ ᠪᠠᠷ᠂ | ᠤᠳᠤᠬᠠᠨ ᠤ ᠤᠷᠠᠯᠢᠭ ᠤᠨ ᠲᠦᠷᠦᠯ ᠵᠦᠢᠯ ᠲᠤᠮᠳᠠᠬᠢ ᠴᠢᠬᠤᠯᠠ ᠲᠦᠷᠦᠯ ᠵᠦᠢᠯ ᠪᠠ ᠴᠢᠬᠤᠯᠠ ᠠᠵᠢᠯᠯᠠᠭ᠎ᠠ ᠶᠢ | ᠤᠨᠴᠠᠭᠠᠢᠢᠯᠠᠨ ᠠᠩᠬᠠᠷᠤᠬᠰᠠᠨ ᠢᠶᠠᠷ᠂ ᠰᠢᠬᠦᠮᠵᠢᠯᠡᠭᠴᠢᠳ ᠴᠠᠭ ᠲᠤᠬᠠᠢ ᠳᠤᠨᠢ ᠦᠪᠡᠷ ᠤᠨ ᠲᠠᠭᠤᠨ ᠪᠠ | ᠦᠵᠠᠯᠳᠠ ᠪᠠᠨ ᠢᠯᠡᠳᠭᠡᠵᠤ ᠴᠢᠳᠡᠬᠤ ᠪᠦᠬᠡᠳ ᠪᠡᠶ᠎ᠠ ᠪᠠᠷ ᠢᠶᠠᠨ ᠤᠷᠤᠯᠴᠠᠵᠤ᠂ ᠰᠠᠨᠠᠭᠠᠴᠢᠯᠠᠭ᠎ᠠ ᠲᠠᠢ ᠪᠠᠷ ᠠᠷᠭ᠎ᠠ | ᠤᠬᠠᠭᠠᠨ ᠰᠦᠪᠡᠭᠴᠢᠯᠡᠨ ᠦᠭᠳᠡᠭ᠃ ᠶᠠᠭ ᠢᠢᠮᠦ ᠠᠴᠠ ᠵᠠᠷᠢᠮ ᠤᠷᠠᠯᠢᠭ ᠤᠨ ᠰᠢᠬᠦᠮᠵᠢ ᠨᠢ ᠨᠡᠩ ᠢᠯᠡ ᠲᠤᠳᠤ | ᠠᠮᠢᠵᠢᠷᠠᠯ ᠤᠨ ᠬᠦᠴᠦᠨ ᠲᠠᠢ ᠪᠤᠯᠤᠬᠰᠠᠨ ᠪᠦᠬᠡᠳ ᠦᠪᠡᠷ ᠤᠨ ᠬᠡᠰᠡᠨ ᠤᠨᠴᠠᠯᠢᠭ ᠲᠠᠢ ᠪᠠᠶᠢᠳᠠᠭ᠃ | ᠡᠯ᠎ᠡ ᠲᠦᠷᠦᠯ ᠵᠦᠢᠯ ᠤᠨ ᠤᠷᠠᠯᠢᠭ ᠤᠨ ᠰᠤᠳᠤᠯᠤᠯ ᠠᠭᠠᠵᠢᠮ ᠢᠶᠠᠷ ᠰᠢᠰᠲ᠋ᠧᠮᠵᠢᠵᠤ᠂ ᠶᠡᠷᠦᠩᠬᠡᠶᠢᠯᠡᠭᠰᠡᠨ | ᠰᠤᠳᠤᠯᠤᠯ ᠲᠤᠩ ᠰᠠᠶᠢᠨ ᠬᠦᠭᠵᠢᠯᠳᠠ ᠪᠠᠨ ᠤᠯᠵᠠᠢ᠃ ᠬᠦᠭᠵᠢᠯᠳᠠ ᠶᠢᠨ ᠪᠠᠶᠢᠳᠠᠯ ᠠᠴᠠ ᠦᠵᠡᠪᠡᠯ᠂ ᠦᠪᠦᠷ | ᠮᠤᠩᠭᠤᠯ ᠤᠨ ᠤᠷᠠᠯᠢᠭ ᠤᠨ ᠰᠤᠳᠤᠯᠤᠯ ᠨᠢ ᠬᠤᠶᠠᠷ ᠲᠠᠯ᠎ᠠ ᠶᠢᠨ ᠢᠯᠡ ᠲᠤᠳᠤ ᠬᠤᠪᠢᠷᠠᠯᠳᠠ ᠲᠠᠢ᠄ ᠶᠠᠮᠠᠷ ᠨᠢᠬᠡ | ᠵᠦᠢᠯ ᠤᠨ ᠤᠯᠤᠰ ᠲᠦᠷᠦ ᠶᠢᠨ ᠴᠢᠨᠡᠷ ᠲᠠᠢ ᠦᠬᠡ ᠶᠠᠷᠢᠶ᠎ᠠ ᠳᠤ ᠲᠠᠭᠠᠯᠳᠤᠬᠤ ᠶᠢᠨ ᠬᠠᠮᠳᠤ ᠤᠬᠠᠭᠤᠯᠭ᠎ᠠ ᠲᠠᠰᠢ | ᠬᠡᠯᠪᠠᠶᠢᠭ᠍ᠰᠡᠨ ᠦᠨᠡᠯᠠᠨ ᠵᠠᠳᠠᠯᠤᠯᠳᠠ ᠪᠠ ᠦᠬᠦᠯᠡᠨ ᠲᠤᠭᠠᠴᠢᠯᠳᠠ ᠠᠴᠠ ᠪᠠᠨ ᠤᠷᠠᠯᠢᠭ ᠤᠨ ᠲᠤᠰ ᠪᠡᠶ᠎ᠠ ᠶᠢ | ᠲᠤᠪᠤᠶᠢᠯᠭᠠᠬᠤ ᠪᠡᠶ᠎ᠠ ᠪᠠᠨ ᠲᠠᠭᠠᠭᠠᠬᠰᠠᠨ ᠴᠢᠨᠠᠷᠳᠠᠢ ᠰᠤᠳᠤᠯᠤᠯ ᠪᠤᠯᠵᠠᠢ︔ ᠡᠬᠦᠨ ᠤ ᠤᠯᠠᠮ ᠢᠶᠠᠷ ᠤᠯᠠᠮᠵᠢᠯᠠᠯᠳᠤ | ᠤᠷᠠᠯᠢᠭ ᠤᠨ ᠦᠵᠡᠭᠳᠡᠯ᠂ ᠪᠤᠳᠠᠳᠠᠢ ᠤᠷᠠᠯᠢᠭ ᠤᠨ ᠪᠦᠳᠦᠬᠡᠯ ᠳᠤ ᠴᠢᠭᠯᠡᠬᠦᠯᠦᠨ ᠲᠦᠬᠦᠮ ᠲᠦᠳᠡ ᠲᠤᠷᠰᠢᠯᠭ᠎ᠠ ᠶᠢᠨ | ᠴᠢᠨᠡᠷᠳᠡᠢ ᠲᠤᠭᠠᠴᠢᠯᠳᠠ ᠬᠢᠵᠤ ᠪᠠᠶᠢᠬᠰᠠᠨ ᠠᠴᠠ ᠪᠠᠨ ᠤᠷᠠᠯᠢᠭ ᠤᠨ ᠲᠦᠷᠦᠯ ᠵᠦᠢᠯ ᠤᠨ ᠲᠤᠰ ᠪᠡᠶ᠎ᠠ ᠶᠢᠨ ᠬᠡᠪ | ᠪᠠᠶᠢᠳᠠᠯ ᠤᠨᠴᠠᠯᠢᠭ ᠢ ᠲᠤᠪᠤᠶᠢᠯᠭᠠᠬᠰᠠᠨ ᠤᠨᠤᠯ ᠤᠨ ᠰᠢᠰᠲ᠋ᠧᠮᠳᠤ ᠰᠤᠳᠤᠯᠤᠯ ᠪᠤᠯᠵᠤ ᠬᠤᠪᠢᠷᠠᠵᠠᠢ᠃ ᠡᠶᠢᠮᠦᠷᠬᠦ | ᠬᠤᠪᠢᠷᠠᠯᠳᠠ ᠲᠤᠮᠳᠠ᠂ ᠲᠠᠭᠤᠤ ᠬᠦᠭᠵᠢᠮ᠂ ᠪᠦᠵᠢᠭ᠂ ᠰᠢ ᠵᠦᠴᠦᠬᠡ᠂ ᠺᠢᠨᠣ᠋ ᠵᠡᠷᠬᠡ ᠲᠦᠷᠦᠯ ᠵᠦᠢᠯ ᠤᠨ | ᠤᠷᠠᠯᠢᠭ ᠤᠨ ᠰᠤᠳᠤᠯᠤᠯ ᠠᠭᠠᠵᠢᠮ ᠢᠶᠠᠷ ᠵᠤᠬᠢᠬᠤ ᠰᠢᠰᠲ᠋ᠧᠮᠳᠤ ᠴᠢᠨᠠᠷ ᠢ ᠪᠦᠷᠢᠯᠳᠦᠬᠦᠯᠵᠡᠢ᠃ ᠡᠬᠦᠨ ᠤ ᠬᠠᠮᠳᠤ᠂ | ᠡᠯ᠎ᠡ ᠲᠦᠷᠦᠯ ᠵᠦᠢᠯ ᠤᠨ ᠤᠷᠠᠯᠢᠭ ᠤᠨ ᠰᠤᠳᠤᠯᠤᠯ ᠤᠨ ᠠᠬᠢᠬᠤ ᠶᠢ ᠲᠠᠭᠠᠯᠳᠤᠨ᠂ ᠶᠠᠷᠦᠩᠬᠡᠶᠢᠯᠡᠭᠰᠡᠨ ᠴᠢᠨᠠᠷᠳᠠᠢ | ᠤᠷᠠᠯᠢᠭ ᠤᠨ ᠰᠤᠳᠤᠯᠤᠯ ᠳᠤ ᠰᠠᠶᠢᠨ ᠰᠠᠶᠢᠬᠠᠨ ᠬᠦᠭᠵᠢᠯᠳᠠ ᠶᠢᠨ ᠬᠠᠨᠳᠤᠰᠢ ᠢᠯᠡᠷᠡᠵᠤ ᠨᠡᠯᠢᠶᠡᠳ ᠰᠠᠶᠢᠨ ᠦᠷ᠎ᠡ | ᠨᠦᠯᠦᠬᠡ ᠭᠠᠷᠭᠠᠬᠰᠠᠨ ᠪᠠᠶᠢᠨ᠎ᠠ᠃ ᠡᠳᠡᠬᠡᠷ ᠰᠤᠳᠤᠯᠤᠯ ᠨᠢ ᠨᠡᠶᠢᠳᠡᠮ ᠳᠡᠭᠡᠨ ᠡᠯᠪᠡᠭ ᠬᠤᠷᠠᠮᠳᠤᠭᠤᠯᠤᠯ ᠲᠠᠢ᠂ | ᠠᠤᠭ᠎ᠠ ᠬᠠᠷᠠᠭᠠᠰᠤ ᠲᠠᠢ᠂ ᠬᠦᠨᠵᠡᠬᠡᠢ ᠰᠦᠪᠡᠭᠴᠢᠯᠡᠯ ᠰᠤᠳᠤᠯᠤᠯ ᠲᠠᠢ ᠪᠠᠶᠢᠵᠤ᠂ ᠰᠢᠰᠲ᠋ᠧᠮᠵᠢᠯᠳᠠ ᠪᠠ ᠡᠷᠳᠡᠮ | ᠰᠢᠨᠵᠢᠯᠡᠬᠡᠨ ᠤ ᠴᠢᠨᠠᠷ ᠢᠶᠠᠷ ᠴᠢᠩᠭ᠎ᠠ ᠪᠤᠯᠵᠠᠢ᠃ | ᠦᠨᠳᠦᠰᠦᠳᠠᠨ ᠤ ᠤᠷᠠᠯᠢᠭ ᠤᠨ ᠰᠤᠳᠤᠯᠤᠯ ᠤᠨ ᠦᠷ᠎ᠠ ᠪᠦᠳᠦᠮᠵᠢ ᠢᠯᠡᠳᠳᠡ᠃ ᠵᠢᠱᠢᠶᠡᠯᠡᠪᠡᠯ᠂ ᠮᠤᠩᠭᠤᠯ | ᠦᠨᠳᠦᠰᠦᠳᠡᠨ ᠤ ᠠᠷᠠᠳ ᠤᠨ ᠲᠠᠭᠤᠤ ᠤᠷᠠᠯᠢᠭ ᠤᠨ ᠰᠤᠳᠤᠯᠤᠯ᠂ ᠮᠤᠩᠭᠤᠯ ᠦᠨᠳᠦᠰᠦᠳᠡᠨ ᠤ ᠬᠦᠭᠵᠢᠮ ᠤᠨ | ᠪᠠᠭᠠᠵᠢ ᠬᠡᠷᠡᠭᠰᠡᠯ ᠤᠨ ᠦᠬᠡᠷᠠᠴᠢᠯᠠᠯᠳᠠ ᠶᠢᠨ ᠰᠤᠳᠤᠯᠤᠯ᠂ ᠮᠤᠩᠭᠤᠯ ᠪᠦᠵᠢᠭ ᠤᠨ ᠰᠤᠳᠤᠯᠤᠯ᠂ ᠲᠠᠯ᠎ᠠ ᠨᠤᠳᠤᠭ ᠤᠨ | ᠵᠢᠷᠤᠭ ᠤᠨ ᠤᠷᠤᠰᠬᠠᠯ ᠪᠦᠯᠦᠭ ᠤᠨ ᠰᠤᠳᠤᠯᠤᠯ᠂ ᠲᠠᠯ᠎ᠠ ᠨᠤᠳᠤᠭ ᠤᠨ ᠺᠢᠨᠣ᠋ ᠤᠷᠠᠯᠢᠭ ᠤᠨ ᠰᠤᠳᠤᠯᠤᠯ᠂ | ᠤᠯᠠᠭᠠᠨᠮᠦ᠋ᠴᠢᠷ ᠤᠨ ᠰᠤᠳᠤᠯᠤᠯ ᠵᠡᠷᠬᠡ ᠵᠡᠷᠬᠡ᠂ ᠠᠷᠠᠳ ᠤᠨ ᠤᠷᠠᠯᠢᠭ ᠤᠨ ᠬᠡᠯᠪᠡᠷᠢ ᠠᠴᠠ ᠲᠤᠰᠬᠠᠢ ᠮᠡᠷᠭᠡᠵᠢᠯ ᠤᠨ | ᠵᠤᠬᠢᠶᠠᠨ ᠪᠦᠳᠦᠬᠡᠯᠬᠡ ᠪᠠ ᠲᠤᠬᠯᠠᠯᠳᠠ ᠬᠦᠷᠳᠡᠯ᠎ᠡ᠂ ᠮᠠᠲ᠋ᠧᠷᠢᠶᠠᠯ ᠴᠤᠬᠯᠠᠭᠤᠯᠬᠤ ᠠᠴᠠ ᠡᠷᠳᠡᠮ ᠰᠢᠨᠵᠢᠯᠡᠬᠡᠨ ᠤ | ᠡᠮᠬᠢᠯᠡᠯ ᠬᠦᠷᠳᠡᠯ᠎ᠡ᠂ ᠴᠦᠮ ᠯᠠᠪᠳᠠᠭᠤᠨ ᠪᠠᠳᠤᠳᠠᠢ ᠪᠦᠬᠡᠳ ᠰᠢᠰᠲ᠋ᠧᠮᠳᠤ ᠰᠤᠳᠤᠯᠤᠯ ᠤᠨ ᠦᠷ᠎ᠠ ᠪᠦᠳᠦᠬᠡᠯ ᠲᠠᠢ | ᠪᠤᠯᠵᠠᠢ᠃ ᠡᠬᠦᠨ ᠳᠤ᠂ ᠵᠠᠷᠢᠮ ᠰᠤᠳᠤᠯᠤᠯ ᠨᠢ ᠨᠡᠬᠡᠬᠡᠯᠳᠡ ᠶᠢᠨ ᠴᠢᠨᠠᠷᠳᠠᠢ ᠪᠠᠶᠢᠵᠤ᠂ ᠵᠠᠷᠢᠮ ᠦᠷ᠎ᠠ ᠪᠦᠳᠦᠬᠡᠯ ᠨᠢ | ᠤᠯᠤᠰ ᠤᠨ ᠲᠤᠳᠤᠭᠠᠳᠤ ᠶᠢᠨ ᠲᠡᠷᠢᠬᠦᠨ ᠤ ᠲᠦᠪᠰᠢᠨ ᠳᠤ ᠬᠦᠷᠦᠭᠰᠡᠨ ᠶᠤᠮ᠃ ᠤᠨᠴᠠᠭᠠᠢᠢᠯᠠᠨ᠂ 21 ᠳ᠋ᠤᠭᠡᠷ | ᠵᠠᠭᠤᠨ ᠳᠤ ᠤᠷᠤᠬᠰᠠᠨ ᠠᠴᠠ ᠨᠡᠰᠢ᠂ ᠦᠨᠳᠦᠰᠦᠳᠡᠨ ᠤ ᠰᠤᠶᠤᠯ ᠤᠨ ᠬᠦᠴᠦᠷᠭᠡᠭ ᠤᠷᠤᠨ ᠤ ᠪᠠᠶᠢᠭᠤᠯᠤᠯᠳᠠ ᠪᠠ | ᠲᠠᠯ᠎ᠠ ᠨᠤᠳᠤᠭ ᠤᠨ ᠰᠤᠶᠤᠯ ᠤᠨ ᠡᠷᠳᠡᠮ ᠰᠢᠨᠵᠢᠯᠡᠬᠡᠨ ᠤ ᠰᠤᠳᠤᠯᠤᠯ ᠤᠨ ᠲᠤᠭᠤᠷᠢᠨ ᠳᠤ᠂ ᠦᠨᠳᠦᠰᠦᠳᠡᠨ ᠤ | ᠰᠤᠶᠤᠯ ᠪᠤᠯᠤᠨ ᠦᠨᠳᠦᠰᠦᠳᠡᠨ ᠤ ᠤᠷᠠᠯᠢᠭ ᠤᠨ ᠲᠤᠳᠤᠭᠠᠳᠤ ᠬᠠᠷᠢᠴᠠᠭ᠎ᠠ ᠳᠤ ᠬᠦᠨᠵᠡᠬᠡᠢ ᠰᠦᠪᠡᠭᠴᠢᠯᠡᠯᠳᠡ ᠬᠢᠵᠤ᠂ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠠᠯᠢᠭ ᠤᠨ ᠵᠤᠬᠢᠶᠠᠨ ᠪᠦᠳᠦᠬᠡᠯᠬᠡ ᠶᠢᠨ ᠦᠢᠯᠡᠳᠦᠯᠬᠡ | ᠪᠤᠯᠤᠨ ᠤᠷᠠᠯᠢᠭ ᠤᠨ ᠬᠦᠭᠵᠢᠯᠳᠠ ᠶᠢᠨ ᠲᠤᠳᠤᠭᠠᠳᠤ ᠵᠢᠮ᠎ᠠ ᠶᠤᠰᠤ ᠵᠢᠴᠢ ᠦᠪᠡᠷᠮᠢᠴᠡ ᠤᠨᠴᠠᠯᠢᠭ ᠢ ᠰᠢᠨᠵᠢᠯᠡᠬᠦ | ᠤᠬᠠᠭᠠᠨᠴᠢ ᠪᠠᠷ ᠳ᠋ᠦᠩᠨᠡᠪᠡ᠂ ᠡᠳᠡᠬᠡᠷ ᠰᠤᠳᠤᠯᠤᠯ ᠪᠠ ᠰᠢᠬᠦᠮᠵᠢ ᠶᠢᠨ ᠤᠯᠠᠩᠬᠢ ᠨᠢ ︽ᠲᠠᠯ᠎ᠠ ᠨᠤᠳᠤᠭ︾ ᠤᠨ ᠢᠮ | ᠲᠠᠮᠠᠭ᠎ᠠ ᠲᠠᠢ ᠪᠠᠶᠢᠵᠤ᠂ ᠤᠨᠤᠯ ᠤᠨ ᠪᠤᠳᠠᠭᠠᠯᠢ ᠰᠢᠨᠵᠢ ᠪᠤᠯᠤᠨ ᠦᠪᠡᠷᠮᠢᠴᠡ ᠤᠨᠴᠠᠯᠢᠭ ᠲᠠᠢ ᠪᠤᠯᠵᠠᠢ᠃ ᠡᠬᠦᠨ ᠤ | ᠬᠠᠮᠳᠤ᠂ ᠲᠡᠯᠡᠬᠡᠶᠢᠵᠢᠯᠳᠠ ᠶᠢᠨ ᠦᠷᠭᠡᠨ ᠬᠠᠷᠠᠭᠠᠰᠤ ᠠᠴᠠ᠂ ᠲᠡᠯᠡᠬᠡᠢ ᠶᠢᠨ ᠰᠤᠶᠤᠯ ᠤᠨ ᠬᠦᠴᠦᠳᠡᠢ ᠮᠦᠷᠬᠦᠯᠳᠦᠬᠡᠨ | ᠲᠤᠮᠳᠠ᠂ ᠦᠨᠳᠦᠰᠦᠳᠡᠨ ᠤ ᠤᠷᠠᠯᠢᠭ ᠤᠨ ᠲᠡᠦᠬᠡᠨ ᠦᠷᠳᠡᠭ ᠵᠢᠴᠢ ᠠᠬᠤᠢᠢᠴᠢ ᠠᠴᠢ ᠬᠤᠯᠪᠤᠬᠳᠠᠯ ᠢ ᠰᠢᠨᠵᠢᠯᠡᠬᠦ | ᠤᠬᠠᠭᠠᠨᠴᠢ ᠪᠠᠷ ᠰᠤᠳᠤᠯᠤᠬᠰᠠᠨ ᠪᠠ ᠨᠤᠳᠠᠯᠠᠵᠤ᠂ ᠲᠤᠰ ᠪᠡᠶ᠎ᠠ ᠶᠢᠨ ᠡᠷᠳᠡᠮ ᠰᠢᠨᠵᠢᠯᠡᠬᠡᠨ ᠤ ᠦᠷᠳᠡᠭ ᠵᠢᠴᠢ | ᠬᠦᠮᠦᠨ ᠲᠦᠷᠦᠯᠬᠢᠳᠠᠨ ᠤ ᠬᠦᠭᠵᠢᠯᠳᠠ ᠶᠢᠨ ᠲᠡᠦᠬᠡᠨ ᠳᠠᠬᠢ ᠦᠪᠡᠷᠮᠢᠴᠡ ᠦᠢᠯᠡᠳᠦᠯ ᠢ ᠲᠤᠳᠤᠷᠬᠠᠢᠢᠯᠠᠵᠤ᠂ | ᠦᠨᠳᠦᠰᠦᠳᠡᠨ ᠤ ᠢᠳᠡᠬᠡᠯ ᠪᠤᠯᠤᠨ ᠦᠨᠳᠦᠰᠦᠳᠡᠨ ᠤ ᠰᠤᠶᠤᠯ ᠢ ᠬᠠᠮᠠᠭᠠᠯᠠᠨ ᠰᠠᠬᠢᠬᠤ ᠰᠠᠨᠠᠭᠠᠴᠢᠯᠠᠭᠠᠳᠤ ᠴᠢᠨᠠᠷ ᠨᠢ | ᠴᠢᠩᠭᠠᠷᠠᠵᠠᠢ᠃ | ᠴᠢᠬᠤᠯᠠ ᠶᠡᠭᠡ ᠲᠦᠷᠦᠯ ᠵᠦᠢᠯ ᠡᠰᠡᠬᠦᠯ᠎ᠡ ᠰᠡᠳᠦᠪ ᠲᠤ ᠲᠦᠰᠢᠭᠯᠡᠵᠤ ᠰᠤᠳᠤᠯᠬᠤ ᠬᠦᠴᠦᠨ ᠢᠶᠠᠨ | ᠨᠢᠬᠳᠠᠷᠠᠭᠤᠯᠵᠤ᠂ ᠴᠢᠬᠤᠯᠠ ᠶᠡᠭᠡ ᠦᠷ᠎ᠠ ᠪᠦᠳᠦᠬᠡᠯ ᠢ ᠡᠬᠦᠳᠦᠭᠰᠡᠨ ᠪᠠᠶᠢᠨ᠎ᠠ᠃ ᠤᠨᠴᠠᠭᠠᠢᠢᠯᠠᠨ 21 ᠳ᠋ᠤᠭᠡᠷ | ᠵᠠᠭᠤᠨ ᠳᠤ ᠤᠷᠤᠬᠰᠠᠨ ᠠᠴᠠ ᠨᠠᠰᠢ᠂ ᠦᠪᠤᠷ ᠮᠤᠩᠭᠤᠯ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠡᠬᠡᠳᠤ | ᠬᠡᠮᠵᠢᠶᠠᠨ ᠤ ᠰᠤᠶᠤᠯ ᠤᠨ ᠤᠬᠠᠮᠰᠠᠷ ᠪᠤᠯᠤᠨ ᠰᠤᠶᠤᠯ ᠤᠨ ᠢᠳᠡᠬᠡᠯ ᠢᠶᠠᠷ᠂ ᠦᠪᠡᠷᠳᠡᠬᠡᠨ ᠵᠠᠰᠠᠬᠤ ᠤᠷᠤᠨ ᠤ | ᠪᠤᠳᠠᠳᠠᠢ ᠪᠠᠶᠢᠳᠠᠯ ᠠᠴᠠ ᠡᠬᠦᠰᠴᠤ᠂ ᠤᠷᠢᠳ ᠬᠤᠵᠢᠳ ᠦᠨᠳᠦᠰᠦᠳᠡᠨ ᠤ ᠰᠤᠶᠤᠯ ᠤᠨ ᠲᠤᠮᠤ ᠤᠷᠤᠨ ᠪᠤᠯᠤᠨ | ᠦᠨᠳᠦᠰᠦᠳᠡᠨ ᠤ ᠰᠤᠶᠤᠯ ᠤᠨ ᠬᠦᠴᠦᠷᠬᠡᠭ ᠤᠷᠤᠨ ᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢ | ᠲᠤᠷᠠᠳᠤᠨ ᠭᠠᠷᠭᠠᠬᠰᠠᠨ ᠪᠦᠬᠡᠳ ᠠᠯᠢ ᠤᠯᠠᠨ ᠭᠡᠷᠡᠭᠵᠢᠬᠦᠯᠦᠬᠦᠰᠢᠳᠡᠢ ᠲᠦᠷᠦ ᠶᠢᠨ ᠪᠤᠳᠤᠯᠭ᠎ᠠ ᠪᠠ ᠠᠷᠭ᠎ᠠ | ᠠᠪᠴᠠᠯ ᠢ ᠲᠤᠬᠳᠠᠭᠠᠨ ᠬᠡᠷᠡᠭᠵᠢᠬᠦᠯᠵᠤ᠂ ᠰᠤᠶᠤᠯ ᠤᠨ ᠠᠵᠤ ᠦᠢᠯᠡᠰ ᠤᠨ ᠲᠦᠷᠬᠡᠨ ᠬᠦᠭᠵᠢᠯᠳᠠ ᠶᠢ ᠦᠨᠡᠨᠬᠦ | ᠲᠦᠯᠬᠢᠨ ᠠᠬᠢᠭᠤᠯᠤᠬᠰᠠᠨ ᠪᠠᠶᠢᠨ᠎ᠠ᠃ ᠡᠬᠦᠨ ᠳᠤ᠂ ︽ᠲᠠᠯ᠎ᠠ ᠨᠤᠳᠤᠭ ᠤᠨ ᠰᠤᠶᠤᠯ ᠰᠤᠳᠤᠯᠤᠯ ᠤᠨ ᠢᠨᠵᠧᠨᠧᠷᠢᠩ | ︾ ᠤᠨ ᠬᠡᠷᠡᠭᠵᠢᠬᠦᠯᠦᠭᠳᠡᠭᠰᠡᠨ ᠨᠢ ᠤᠷᠠᠯᠢᠭ ᠤᠨ ᠰᠤᠳᠤᠯᠤᠯ ᠢ ᠰᠢᠭᠤᠳ ᠪᠦᠭᠡᠳ ᠬᠦᠴᠦᠳᠡᠢ ᠲᠦᠯᠬᠢᠨ | ᠠᠬᠢᠭᠤᠯᠤᠭᠰᠠᠨ ᠪᠦᠬᠡᠳ ᠲᠠᠯ᠎ᠠ ᠨᠤᠳᠤᠭ ᠤᠨ ᠰᠤᠶᠤᠯ ᠤᠨ ᠰᠤᠳᠤᠯᠤᠯᠳᠠ ᠶᠢᠨ ᠦᠷ᠎ᠠ ᠪᠦᠳᠦᠬᠡᠯ ᠨᠢ ︽ᠲᠠᠯ᠎ᠠ | ᠨᠤᠳᠤᠭ ᠤᠨ ᠤᠷᠠᠯᠢᠭ︾ ᠢ ᠲᠤᠷᠠᠳᠤᠨ ᠭᠠᠷᠭᠠᠵᠤ ᠴᠢᠨᠠᠬᠰᠢᠳᠠ ᠰᠢᠰᠲ᠋ᠧᠮ ᠲᠠᠢ ᠰᠤᠳᠤᠯᠬᠤ ᠶᠢᠨ ᠴᠢᠬᠤᠯᠠ | ᠰᠤᠶᠤᠯ ᠤᠨ ᠦᠨᠳᠦᠰᠦᠯᠡᠯ ᠪᠠ ᠠᠷᠤ ᠦᠵᠡᠭᠳᠡᠯ ᠪᠤᠯᠵᠤ᠂ ᠲᠠᠯ᠎ᠠ ᠨᠤᠳᠤᠭ ᠤᠨ ᠤᠷᠠᠯᠢᠭ ᠤᠨ ᠤᠨᠤᠯ ᠤᠨ | ᠪᠠᠶᠢᠭᠤᠯᠤᠯᠳᠠ ᠳᠤ ᠵᠠᠩᠬᠢᠯᠠᠭ᠎ᠠ ᠶᠢᠨ ᠴᠢᠬᠤᠯᠠ ᠲᠡᠮᠵᠢᠯᠬᠡ ᠦᠵᠡᠬᠦᠯᠦᠭᠰᠡᠨ ᠪᠠᠶᠢᠨ᠎ᠠ᠃ | ᠦᠬᠡᠷᠡᠴᠢᠯᠠᠯᠳᠠ ᠨᠡᠬᠡᠬᠡᠯᠳᠡ ᠠᠴᠠ ᠨᠠᠰᠢᠬᠢ 40 ᠵᠢᠯ ᠤᠨ ᠲᠤᠷᠰᠢ᠂ ᠦᠪᠦᠷ ᠮᠤᠩᠭᠤᠯ ᠤᠨ ᠤᠷᠠᠯᠢᠭ ᠤᠨ | ᠰᠢᠬᠦᠮᠵᠢ ᠪᠠ ᠤᠷᠠᠯᠢᠭ ᠤᠨ ᠰᠤᠳᠤᠯᠤᠯ ᠳᠤ ᠰᠠᠶᠢᠨ ᠰᠠᠶᠢᠬᠠᠨ ᠬᠦᠭᠵᠢᠯᠳᠠ ᠶᠢᠨ ᠪᠠᠶᠢᠳᠠᠯ ᠢᠯᠡᠷᠡᠵᠤ᠂ ᠰᠡᠳᠬᠢᠯ | ᠪᠠᠭ᠋ᠠᠳᠤᠮ᠎ᠠ ᠠᠮᠵᠢᠯᠳᠠ ᠶᠢ ᠤᠯᠤᠬᠰᠠᠨ ᠪᠠᠶᠢᠨ᠎ᠠ᠂ ᠮᠦᠨᠬᠦ ᠤᠯᠠᠨ ᠲᠠᠯ᠎ᠠ ᠶᠢᠨ ᠲᠤᠷᠰᠢᠯᠭ᠎ᠠ ᠪᠠ ᠰᠠᠩᠬᠡᠷᠡᠬᠦᠯᠦᠯ | ᠦᠭᠬᠦᠭᠰᠡᠨ ᠪᠠᠶᠢᠨ᠎ᠠ᠃ ᠡᠨᠡ ᠲᠤᠬᠠᠢ ᠨᠠᠷᠢᠨ ᠬᠢᠨᠠᠮᠠᠭᠠᠢ ᠡᠮᠬᠢᠯᠡᠨ ᠨᠢᠬᠡᠳᠭᠡᠵᠤ ᠰᠠᠶᠢᠳᠤᠷ ᠳ᠋ᠦᠩᠨᠡᠬᠦ᠂ ᠤᠨᠴᠠᠭᠠᠢᠢᠯᠠᠨ | ᠬᠦᠭᠵᠢᠯᠳᠠ ᠬᠤᠪᠢᠷᠠᠯᠳᠠ ᠶᠢᠨ ᠵᠢᠮ᠎ᠠ ᠶᠤᠰᠤᠴᠢ ᠴᠢᠨᠠᠷ ᠵᠢᠴᠢ ᠦᠢᠯᠡᠳᠦᠯᠬᠡᠵᠢᠬᠦᠯᠬᠦ ᠦᠷ᠎ᠡ ᠪᠦᠳᠦᠮᠵᠢᠳᠦ ᠴᠢᠨᠡᠷ ᠢ | ᠦᠨᠡᠨᠬᠦ ᠡᠵᠡᠮᠳᠡᠬᠦ ᠨᠢ ᠲᠤᠰ ᠬᠦᠷᠢᠶ᠎ᠠ ᠴᠡᠷᠠᠭᠠᠨ ᠳᠠᠬᠢ ᠠᠵᠢᠯ ᠦᠢᠯᠡᠰ ᠤᠨ ᠬᠦᠭᠵᠢᠯᠳᠠ ᠶᠢ ᠨᠠᠩ ᠰᠠᠶᠢᠳᠤᠷ | ᠠᠬᠢᠭᠤᠯᠬᠤ ᠳᠤ ᠢᠳᠡᠪᠬᠢ ᠦᠢᠯᠡᠳᠦᠯ ᠦᠵᠡᠬᠦᠯᠬᠦ ᠨᠢ ᠯᠠᠪᠳᠠᠢ ᠶᠤᠮ᠃ ᠤᠷᠠᠯᠢᠭ ᠤᠨ ᠰᠢᠬᠦᠮᠵᠢ ᠪᠠ ᠤᠷᠠᠯᠢᠭ ᠤᠨ | ᠰᠤᠳᠤᠯᠤᠯ ᠪᠤᠯ ᠨᠢᠬᠡᠨ ᠬᠦᠭᠵᠢᠵᠤ ᠪᠠᠶᠢᠭ᠎ᠠ ᠠᠵᠢᠯ ᠦᠢᠯᠡᠰ ᠮᠦᠨ᠂ ᠨᠢᠬᠡ ᠲᠠᠯ᠎ᠠ ᠪᠠᠷ᠂ ᠨᠢᠬᠡᠨᠳᠡ ᠤᠷᠤᠰᠢᠵᠤ | ᠪᠠᠶᠢᠭ᠎ᠠ ᠤᠷᠠᠯᠢᠭ ᠰᠤᠶᠤᠯ ᠤᠨ ᠡᠬᠢ ᠪᠠᠶᠠᠯᠢᠭ ᠲᠤᠮᠳᠠ ᠠᠩᠬᠠᠷᠤᠭᠤᠰᠢᠳᠠᠢ᠂ ᠰᠤᠳᠤᠯᠬᠤ ᠴᠢᠬᠤᠯᠠᠳᠠᠢ ᠠᠭᠤᠯᠭ᠎ᠠ | ᠤᠯᠠᠨ ᠤᠯᠠᠨ ᠪᠤᠢ᠃ ᠨᠦᠬᠦᠬᠡ ᠲᠠᠯ᠎ᠠ ᠪᠠᠷ᠂ ᠤᠷᠠᠯᠢᠭ ᠤᠨ ᠵᠤᠬᠢᠶᠠᠨ ᠪᠦᠳᠦᠬᠡᠯᠬᠡ ᠶᠢᠨ ᠰᠢᠨ᠎ᠠ ᠦᠷ᠎ᠠ ᠪᠦᠳᠦᠬᠡᠯ | ᠪᠠ ᠤᠷᠠᠯᠢᠭ ᠤᠨ ᠰᠢᠨ᠎ᠠ ᠦᠵᠡᠭᠳᠡᠯ᠂ ᠰᠢᠨ᠎ᠠ ᠰᠡᠳᠦᠪ ᠲᠠᠰᠤᠷᠠᠯᠳᠠ ᠦᠬᠡᠢ ᠢᠯᠡᠷᠡᠬᠦ ᠶᠤᠮ᠃ ᠲᠡᠷᠡᠴᠢᠯᠡᠨ | ᠨᠡᠶᠢᠬᠡᠮ ᠤᠨ ᠬᠦᠭᠵᠢᠯᠳᠠ ᠬᠤᠪᠢᠷᠠᠯᠳᠠ ᠶᠢ ᠲᠠᠭᠠᠯᠳᠤᠨ ᠬᠦᠮᠦᠰ ᠤᠨ ᠤᠷᠠᠯᠢᠭ ᠤᠨ ᠲᠤᠬᠠᠢ ᠭᠤᠸ᠎ᠠ ᠲᠠᠭᠠᠰᠢᠶᠠᠯ ᠤᠨ | ᠰᠢᠨ᠎ᠠ ᠲᠠᠨᠢᠯᠳᠠ᠂ ᠰᠢᠨ᠎ᠠ ᠬᠡᠷᠡᠭᠴᠡᠭᠡ ᠴᠦ ᠲᠠᠰᠤᠷᠠᠯᠳᠠ ᠦᠬᠡᠢ ᠪᠤᠢ ᠪᠤᠯᠬᠤ ᠶᠤᠮ᠂ ᠡᠶᠢᠮᠦ ᠠᠴᠠ᠂ ᠤᠷᠠᠯᠢᠭ ᠤᠨ | ᠰᠢᠬᠦᠮᠵᠢ ᠪᠠ ᠤᠷᠠᠯᠢᠭ ᠤᠨ ᠰᠤᠳᠤᠯᠤᠯ ᠤᠨ ᠠᠵᠢᠯ ᠳᠤ ᠤᠷᠤᠯᠴᠠᠵᠤ ᠪᠠᠶᠢᠭ᠎ᠠ ᠬᠦᠮᠦᠰ ᠲᠤ ᠠᠪᠴᠤ ᠬᠡᠯᠡᠪᠡᠯ᠂ | ᠠᠪᠢᠶᠠᠰ ᠪᠢᠯᠢᠭ ᠢᠶᠠᠨ ᠪᠠᠳᠠᠷᠠᠭᠤᠯᠬᠤ ᠤᠷᠤᠨ ᠵᠠᠢ ᠦᠷᠭᠡᠨ ᠪᠤᠢ ᠪᠦᠬᠡᠳ ᠡᠬᠦᠷᠭᠡᠯᠡᠵᠦ ᠪᠦᠬᠦᠢ ᠡᠬᠦᠷᠬᠡ ᠴᠤ ᠲᠤᠩ | ᠬᠦᠨᠳᠤ ᠪᠠᠶᠢᠬᠤ ᠨᠢ ᠲᠡᠮᠵᠢᠭ᠋ ᠦᠬᠡᠢ᠃ | | | ︵ᠵᠣᠬᠢᠶᠠᠭᠴᠢ ᠰᠦᠩ ᠱᠧᠩ ᠭᠦᠢ ᠄ ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ | ᠲᠡᠳ᠋ ᠲᠡᠷᠢᠬᠦᠯᠡᠭᠴᠢ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠰᠢᠬᠦᠮᠵᠢᠯᠡᠭᠴᠢᠳ ᠤᠨ ᠨᠡᠶᠢᠬᠡᠮᠯᠢᠭ ᠤᠨ | ᠲᠠᠷᠢᠬᠦᠯᠡᠭᠴᠢ︶ | ᠨᠠᠶᠢᠷᠠᠭᠤᠯᠤᠭᠴᠢ᠄ ᠴᠡᠯᠮᠡᠭ | | |