︽ᠮᠤᠩᠭᠤᠯ ᠰᠤᠳᠤᠯᠤᠯ ᠤᠨ ᠨᠡᠪᠲᠡᠷᠬᠡᠢ ᠲᠤᠯᠢ︾ ᠶᠢ ᠪᠡᠯᠡᠭᠯᠡᠨ ᠬᠦᠷᠭᠡᠬᠦ ᠶᠤᠰᠤᠯᠠᠯ ᠬᠦᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2018-04-27
      4 ᠰᠠᠷ᠎ᠠ ᠶᠢᠨ 20 ᠤ ᠡᠳᠦᠷ᠂ ︽ᠮᠤᠩᠭᠤᠯ ᠰᠤᠳᠤᠯᠤᠯ ᠤᠨ ᠨᠡᠪᠲᠡᠷᠬᠡᠢ ᠲᠤᠯᠢ︾ ᠶᠢ ᠪᠡᠯᠡᠭᠯᠡᠨ ᠬᠦᠷᠭᠡᠬᠦ ᠶᠤᠰᠤᠯᠠᠯ ᠬᠦᠬᠡᠬᠤᠲᠠ ᠶᠢᠨ ᠮᠤᠩᠭᠤᠯ ᠦᠨᠳᠦᠰᠦᠲᠡᠨ ᠤ ᠰᠤᠷᠭᠠᠭᠤᠯᠢ ᠳᠤ ᠶᠠᠪᠤᠭᠳᠠᠪᠠ᠃      ᠬᠦᠬᠡᠬᠤᠲᠠ ᠶᠢᠨ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠵᠢᠴᠢ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠵᠡᠷᠭᠡ 20 ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ ᠪᠠᠭᠰᠢ ᠰᠤᠷᠤᠭᠴᠢᠳ ᠤᠨ ᠲᠦᠯᠦᠭᠡᠯᠡᠭᠴᠢ ᠶᠤᠰᠤᠯᠠᠯ ᠳᠤ ᠤᠷᠤᠯᠴᠠᠵᠤ᠂ ᠲᠤᠰ ᠪᠦᠷᠢ 20 ᠪᠤᠳᠢ ᠮᠤᠩᠭᠤᠯ ᠬᠢᠲᠠᠳ ᠬᠡᠯᠡᠨ ᠤ ︽ᠮᠤᠩᠭᠤᠯ ᠰᠤᠳᠤᠯᠤᠯ ᠤᠨ ᠨᠡᠪᠲᠡᠷᠬᠡᠢ ᠲᠤᠯᠢ︾ ᠲᠤᠰᠤᠭᠰᠠᠨ ᠪᠠᠶᠢᠨ᠎ᠠ᠃          ᠤᠢᠢᠯᠠᠭᠠᠭᠰᠠᠨ ᠢᠶᠠᠷ᠂ ︽ᠮᠤᠩᠭᠤᠯ ᠰᠤᠳᠤᠯᠤᠯ ᠤᠨ ᠨᠡᠪᠲᠡᠷᠬᠡᠢ ᠲᠤᠯᠢ︾ ᠶᠢ ᠠᠩᠬ᠎ᠠ ᠠᠯᠬᠤᠮ ᠡᠷᠲᠡᠨ ᠤ ᠲᠡᠦᠬᠡ ᠶᠢᠨ ᠪᠤᠳᠢ᠂ ᠤᠷᠴᠢᠨ ᠤᠳᠤ ᠦᠶ᠎ᠡ ᠶᠢᠨ ᠲᠡᠦᠬᠡ ᠶᠢᠨ ᠪᠤᠳᠢ᠂ ᠦᠭᠡ ᠬᠡᠯᠡ ᠦᠰᠦᠭ ᠪᠢᠴᠢᠭ ᠤᠨ ᠪᠤᠳᠢ ᠵᠡᠷᠭᠡ ᠨᠡᠶᠢᠲᠡ 20 ᠪᠤᠳᠢ ᠬᠡᠪᠯᠡᠭᠦᠯᠵᠦ᠂ ᠲᠤᠰ ᠪᠦᠷᠢ ᠮᠤᠩᠭᠤᠯ᠂ ᠬᠢᠲᠠᠳ ᠬᠡᠯᠡ ᠪᠠᠷ ᠬᠡᠪᠯᠡᠭᠦᠯᠬᠦ ᠪᠠᠷ ᠲᠤᠭᠲᠠᠪᠠ᠃ ᠪᠤᠳᠢ ᠪᠦᠷᠢ ᠶᠢᠨ ᠬᠠᠭᠤᠳᠠᠰᠤ ᠶᠢ ᠬᠢᠲᠠᠳ ᠦᠰᠦᠭ ᠤᠨ ᠲᠤᠭ᠎ᠠ ᠪᠠᠷ ᠪᠤᠳᠤᠵᠤ᠂ ᠶᠡᠷᠦᠩᠬᠡᠢ ᠳᠡᠭᠡᠨ 120 ~150 ᠲᠦᠮᠡᠨ ᠦᠰᠦᠭ ᠢᠶᠠᠷ ᠲᠦᠯᠦᠪᠯᠡᠪᠡ᠃ ᠤᠷᠤᠨ ᠤ ᠳᠤᠲᠤᠨ᠎ᠠ ᠪᠠ ᠨᠠᠢᠮᠠᠨ ᠮᠤᠵᠢ ᠤᠷᠤᠨ ᠤ ᠲᠤᠰᠬᠠᠢ ᠮᠡᠷᠭᠡᠵᠢᠯᠲᠡᠨ ᠡᠷᠳᠡᠮᠲᠡᠳ ᠭᠤᠤᠯᠯᠠᠨ ᠨᠠᠶᠢᠷᠠᠭᠤᠯᠵᠤ᠂ ᠤᠷᠤᠨ ᠤ ᠭᠠᠳᠠᠨᠠᠬᠢ ᠪᠠ ᠤᠯᠤᠰ ᠤᠨ ᠭᠠᠳᠠᠨᠠᠬᠢ ᠵᠠᠷᠢᠮ ᠡᠷᠳᠡᠮᠲᠡᠳ ᠴᠦ ᠬᠤᠯᠪᠤᠭᠳᠠᠯ ᠪᠦᠬᠦᠢ ᠪᠤᠳᠢ ᠶᠢᠨ ᠨᠠᠶᠢᠷᠠᠭᠤᠯᠬᠤ ᠠᠵᠢᠯ ᠳᠤ ᠰᠢᠭᠤᠤᠨ ᠪᠡᠶᠡᠳᠡᠨ ᠤᠷᠤᠯᠴᠠᠭᠰᠠᠨ ᠪᠠᠶᠢᠨ᠎ᠠ᠃      ︽ᠮᠤᠩᠭᠤᠯ ᠰᠤᠳᠤᠯᠤᠯ ᠤᠨ ᠨᠡᠪᠲᠡᠷᠬᠡᠢ ᠲᠤᠯᠢ︾ ᠨᠢ ᠮᠤᠩᠭᠤᠯ ᠰᠤᠳᠤᠯᠤᠯ ᠤᠨ ᠤᠯᠠᠨ ᠰᠤᠳᠤᠯᠭᠠᠨ ᠤ ᠰᠠᠯᠪᠤᠷᠢ ᠮᠡᠳᠡᠯᠭᠡ ᠶᠢᠨ ᠬᠦᠮᠦᠷᠭᠡ ᠪᠠᠶᠢᠵᠤ᠂ ᠡᠷᠲᠡ ᠡᠳᠦᠭᠡ ᠳᠤᠮᠳᠠᠳᠤ ᠭᠠᠳᠠᠭᠠᠳᠤ ᠶᠢᠨ ᠮᠤᠩᠭᠤᠯ ᠰᠤᠳᠤᠯᠤᠯ ᠤᠨ ᠦᠨᠳᠦᠰᠦᠨ ᠤᠨᠤᠯ᠂ ᠦᠨᠳᠦᠰᠦᠨ ᠤᠬᠠᠭᠳᠠᠬᠤᠨ᠂ ᠦᠨᠳᠦᠰᠦᠨ ᠮᠡᠳᠡᠯᠭᠡ ᠶᠢᠨ ᠶᠡᠷᠦᠩᠬᠡᠶᠢᠯᠡᠭᠰᠡᠨ ᠴᠢᠨᠠᠷ ᠲᠠᠢ ᠬᠡᠷᠡᠭᠯᠡᠭᠡᠨ ᠤ ᠪᠢᠴᠢᠭ ᠪᠠᠶᠢᠵᠤ᠂ ᠮᠤᠩᠭᠤᠯ ᠦᠨᠳᠦᠰᠦᠲᠡᠨ ᠤ ᠰᠢᠨᠵᠢᠯᠡᠬᠦ ᠤᠬᠠᠭᠠᠨ ᠰᠤᠶᠤᠯ ᠤᠨ ᠦᠢᠯᠡᠰ ᠤᠨ ᠨᠢᠭᠡᠨ ᠰᠦᠷᠯᠢᠭ ᠬᠦᠰᠢᠶ᠎ᠡ ᠪᠤᠯᠬᠤ ᠶᠤᠮ᠃      ᠨᠠᠶᠢᠷᠠᠭᠤᠯᠤᠭᠴᠢ᠄ ᠴᠡᠯᠮᠡᠭ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号