ᠦᠪᠡᠷᠳᠡᠬᠡᠨ ᠵᠠᠰᠬᠠᠤ ᠤᠷᠤᠨ ᠤ ᠠᠩᠬᠠᠳᠠᠭᠴᠢ ᠬᠡᠪᠯᠡᠯ ᠤᠨ ᠡᠷᠬᠡ ᠶᠢᠨ ᠦᠢᠯᠡᠴᠢᠯᠡᠬᠡᠨ ᠤ ᠦᠷᠳᠡᠭᠡ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2018-04-28
      4 ᠰᠠᠷ᠎ᠠ ᠶᠢᠨ 21 ᠤ ᠡᠳᠦᠷ᠂ 2018 ᠤᠨ ᠤ ᠪᠦᠬᠦ ᠤᠯᠤᠰ ᠤᠨ ᠮᠡᠳᠡᠯᠬᠡ ᠶᠢᠨ ᠦᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠤᠨ ᠬᠤᠭᠤᠴᠠᠭᠠᠨ ᠳᠤ᠂ ᠠᠩᠬᠠᠳᠠᠭᠴᠢ ᠦᠪᠡᠷᠳᠡᠬᠡᠨ ᠵᠠᠰᠠᠬᠤ ᠤᠷᠤᠨ ᠤ ᠬᠡᠪᠯᠡᠯ ᠤᠨ ᠡᠷᠬᠡ ᠶᠢᠨ ᠦᠢᠯᠡᠴᠢᠯᠡᠬᠡᠨ ᠤ ᠦᠷᠳᠡᠭᠡ ᠫᠠᠶᠢᠰᠠ ᠡᠯᠬᠦᠨ ᠪᠠᠶᠢᠭᠤᠯᠤᠭᠳᠠᠪᠠ᠃ ᠡᠨᠡ ᠨᠢ ᠮᠠᠨ ᠤ ᠤᠷᠤᠨ ᠤ ᠠᠩᠬᠠᠳᠠᠭᠴᠢ ᠰᠦᠢᠳᠬᠡᠯ ᠬᠤᠷᠢᠶᠠᠬᠤ ᠦᠬᠡᠢ ᠨᠡᠶᠢᠳᠡ ᠶᠢᠨ ᠠᠰᠠᠷᠠᠮᠵᠢ ᠶᠢᠨ ᠬᠡᠪᠯᠡᠯ ᠤᠨ ᠡᠷᠬᠡ ᠶᠢᠨ ᠦᠢᠯᠡᠴᠢᠯᠡᠬᠡᠨ ᠤ ᠦᠷᠳᠡᠭᠡ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠭ᠎ᠠ ᠶᠤᠮ᠃      ᠤᠢᠢᠯᠠᠭᠠᠭᠰᠠᠨ ᠢᠶᠠᠷ᠂ ᠬᠡᠪᠯᠡᠯ ᠤᠨ ᠡᠷᠬᠡ ᠶᠢᠨ ᠦᠢᠯᠡᠴᠢᠯᠡᠬᠡᠨ ᠤ ᠦᠷᠳᠡᠭᠡ ᠨᠢ ᠭᠤᠤᠯᠳᠠᠭᠤ ᠵᠤᠬᠢᠶᠠᠨ ᠪᠦᠳᠦᠬᠡᠯᠬᠡ ᠶᠢᠨ ᠡᠷᠬᠡ ᠶᠢᠨ ᠬᠠᠤᠯᠢ ᠲᠦᠷᠢᠮ ᠳᠤᠭᠳᠠᠭᠠᠯ ᠢ ᠤᠬᠠᠭᠤᠯᠤᠨ ᠳᠤᠤᠱᠯᠠᠭᠤᠯᠵᠤ᠂ ᠬᠠᠮᠢᠶ᠎ᠠ ᠪᠦᠬᠦᠢ ᠠᠵᠤ ᠠᠬᠤᠢᠢᠯᠠᠯ ᠠᠵᠢᠯ ᠦᠢᠯᠡᠰ ᠤᠨ ᠨᠢᠬᠡᠴᠡ ᠶᠢ ᠬᠠᠪᠰᠤᠷᠴᠤ ᠬᠡᠪᠯᠡᠯ ᠤᠨ ᠡᠷᠬᠡ ᠶᠢᠨ ᠬᠠᠮᠢᠶᠠᠷᠤᠯᠳᠠ ᠪᠠ ᠬᠠᠮᠠᠭᠠᠯᠠᠬᠤ ᠲᠦᠷᠢᠮ ᠢ ᠪᠠᠶᠢᠭᠤᠯᠵᠤ᠂ ᠬᠡᠪᠯᠡᠯ ᠤᠨ ᠡᠷᠬᠡ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠠ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠲᠠᠢ ᠬᠠᠮᠵᠢᠯᠴᠠᠨ ᠬᠡᠪᠯᠡᠯ ᠤᠨ ᠡᠷᠬᠡ ᠶᠢᠨ ᠪᠠᠶᠢᠴᠠᠭᠠᠯᠳᠠ ᠪᠠ ᠪᠦᠷᠢᠳᠬᠡᠬᠦ ᠠᠵᠢᠯ ᠢ ᠬᠢᠵᠦ᠂ ᠳᠤᠭᠳᠠᠭᠰᠠᠨ ᠬᠡᠪᠴᠢᠶᠡᠨ ᠳᠤᠳᠤᠷ᠎ᠠ ᠬᠡᠪᠯᠡᠯ ᠤᠨ ᠡᠷᠬᠡ ᠶᠢᠨ ᠳᠤᠬᠠᠢ ᠬᠠᠮᠢᠶ᠎ᠠ ᠪᠦᠬᠦᠢ ᠦᠢᠯᠡᠴᠢᠯᠡᠭᠡ ᠬᠢᠵᠦ ᠂ ᠰᠦᠢᠳᠬᠡᠯ ᠬᠤᠷᠢᠶᠠᠬᠤ ᠦᠬᠡᠢ ᠪᠠᠷ ᠡᠩ ᠤᠨ ᠪᠦᠳᠦᠬᠡᠯ ᠢ ᠪᠦᠷᠢᠳᠬᠡᠨ ᠳᠡᠬᠡᠭᠰᠢ ᠳᠡᠪᠰᠢᠬᠦᠯᠬᠦ᠂ ᠠᠩᠬᠠᠨ ᠤ ᠬᠢᠨᠠᠯᠳᠠ ᠬᠢᠬᠦ ᠵᠢᠴᠢ ᠯᠠᠪᠯᠠᠯᠭ᠎ᠠ ᠦᠭᠬᠦ ᠵᠡᠷᠬᠡ ᠠᠵᠢᠯ ᠢ ᠦᠷᠨᠢᠬᠦᠯᠦᠨ᠎ᠡ᠃      ᠦᠪᠦᠷ ᠮᠤᠩᠭᠤᠯ ᠤᠨ ᠰᠤᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠧᠢᠰ ᠤᠨ ᠳᠤᠪᠴᠢᠶ᠎ᠠ ᠶᠢᠨ ᠬᠡᠪᠯᠡᠯ ᠤᠨ ᠡᠷᠬᠡ ᠶᠢᠨ ᠬᠠᠮᠢᠶᠠᠷᠤᠯᠳᠠ ᠶᠢᠨ ᠳᠤᠪᠴᠢᠶ᠎ᠠ ᠶᠢᠨ ᠳᠠᠷᠤᠭ᠎ᠠ ᠯᠢ ᠵᠢᠶᠦ᠋ᠨ᠄ ︽5 ᠰᠠᠷ᠎ᠠ ᠶᠢᠨ ᠰᠡᠬᠦᠯᠴᠢ ᠠᠴᠠ ᠡᠮᠦᠨ᠎ᠡ ᠂ ᠡᠯ᠎ᠠ ᠠᠶᠢᠮᠠᠭ ᠬᠤᠳᠠ ᠨᠢᠬᠡᠪᠦᠷᠢ ᠳᠤ ᠠᠳᠠᠭ ᠲᠠᠭᠠᠨ ᠨᠢᠬᠡ ᠬᠡᠪᠯᠡᠯ ᠤᠨ ᠡᠷᠬᠡ ᠪᠠᠨ ᠪᠦᠷᠢᠳᠬᠡᠬᠦᠯᠬᠦ ᠦᠢᠯᠡᠴᠢᠯᠡᠬᠡᠨ ᠤ ᠦᠷᠳᠡᠭᠡ ᠪᠠᠶᠢᠭᠤᠯᠵᠤ᠂ ᠦᠢᠯᠡᠴᠢᠯᠡᠬᠡᠨ ᠤ ᠦᠷᠳᠡᠭᠡ ᠪᠠᠨ ᠠᠵᠤ ᠠᠬᠤᠢᠢᠯᠠᠯ᠂ ᠬᠦᠷᠢᠶᠡᠯᠡᠩ ᠳᠤᠭᠤᠷᠢᠭ᠂ ᠰᠤᠶᠤᠯ ᠤᠨ ᠰᠢᠨ᠎ᠡ ᠶᠢ ᠡᠬᠦᠳᠬᠦ ᠬᠦᠷᠢᠶᠡᠯᠡᠩ ᠳᠤᠭᠤᠷᠢᠭ ᠲᠤ ᠪᠠᠶᠢᠭᠤᠯᠬᠤ ᠪᠠᠷ ᠪᠠᠶᠢᠨ᠎ᠠ︾ ᠬᠡᠪᠡ᠃ ᠬᠡᠪᠯᠡᠯ ᠤᠨ ᠡᠷᠬᠡ ᠶᠢᠨ ᠦᠢᠯᠡᠴᠢᠯᠡᠬᠡᠨ ᠤ ᠦᠷᠳᠡᠭᠡ ᠪᠠᠶᠢᠭᠤᠯᠬᠤ ᠪᠤᠯ ᠮᠠᠨ ᠤ ᠤᠷᠤᠨ ᠤ ᠬᠡᠪᠯᠡᠯ ᠤᠨ ᠡᠷᠬᠡ ᠶᠢ ᠪᠦᠷᠢᠳᠬᠡᠬᠦ ᠦᠷ᠎ᠡ ᠪᠦᠳᠦᠮᠵᠢ ᠶᠢ ᠳᠡᠬᠡᠭᠰᠢᠯᠡᠬᠦᠯᠵᠦ᠂ ᠬᠡᠪᠯᠡᠯ ᠤᠨ ᠡᠷᠬᠡ ᠶᠢᠨ ᠤᠯᠠᠨ ᠨᠡᠶᠢᠳᠡ ᠶᠢᠨ ᠦᠢᠯᠡᠴᠢᠯᠡᠭᠡ ᠶᠢ ᠴᠢᠩᠭᠠᠳᠬᠠᠵᠤ᠂ ᠬᠡᠪᠯᠡᠯ ᠤᠨ ᠡᠷᠬᠡ ᠶᠢ ᠬᠠᠮᠠᠭᠠᠯᠬᠤ ᠲᠦᠪᠰᠢᠨ ᠢ ᠳᠡᠬᠡᠭᠰᠢᠯᠡᠬᠦᠯᠵᠦ᠂ ᠤᠯᠠᠨ ᠲᠦᠮᠡᠨ ᠳᠤ ᠰᠢᠯᠢᠳᠡᠭ ᠦᠢᠯᠡᠴᠢᠯᠡᠭᠡ ᠬᠠᠩᠭᠠᠵᠤ᠂ ᠮᠠᠨ ᠤ ᠤᠷᠤᠨ ᠤ ᠬᠡᠪᠯᠡᠯ ᠤᠨ ᠡᠷᠬᠡ ᠶᠢᠨ ᠦᠢᠯᠡᠴᠢᠯᠡᠭᠡ ᠶᠢ ᠤᠯᠠᠮ ᠨᠢᠬᠡ ᠠᠯᠬᠤᠮ ᠳᠡᠬᠡᠭᠰᠢᠯᠡᠬᠦᠯᠵᠦ᠂ ᠪᠦᠬᠦ ᠤᠷᠤᠨ ᠤ ᠬᠡᠪᠯᠡᠯ ᠤᠨ ᠡᠷᠬᠡ ᠶᠢᠨ ᠠᠵᠤ ᠦᠢᠯᠡᠰ ᠤᠨ ᠲᠦᠷᠬᠡᠨ ᠬᠦᠭᠵᠢᠯᠳᠡ ᠶᠢ ᠠᠬᠢᠭᠤᠯᠬᠤ ᠪᠤᠯᠤᠨ᠎ᠠ᠃      ᠤᠢᠢᠯᠠᠭᠠᠭᠰᠠᠨ ᠢᠶᠠᠷ᠂ 2017 ᠤᠨ ᠳᠤ ᠮᠠᠨ ᠤ ᠤᠷᠤᠨ ᠤ ᠵᠤᠬᠢᠶᠠᠨ ᠪᠦᠳᠦᠬᠡᠯᠬᠡ ᠶᠢᠨ ᠡᠷᠬᠡ ᠪᠠᠨ ᠳᠠᠩᠰᠠᠯᠠᠭᠤᠯᠤᠭᠰᠠᠳ 291 ᠬᠤᠪᠢ ᠳᠤ ᠬᠦᠷᠴᠦ᠂ ᠦᠩᠬᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ 34.72% ᠨᠡᠮᠡᠭᠳᠡᠵᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号