2018 ᠣᠨ ᠤ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2018-04-28
                      2018 ᠣᠨ ᠤ 1 ᠳ᠋ᠦ᠋ᠭᠡᠷ ᠰᠠᠷ᠎ᠠ ᠶᠢᠨ 6 ᠤ ᠡᠳᠦᠷ ᠤᠨ ᠬᠥᠬᠡᠬᠤᠲᠠ ᠶᠢᠨ                       ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ                       ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ                                  ᠬᠥᠬᠡᠬᠤᠲᠠ ᠶᠢᠨ ᠬᠤᠲᠠ ᠶᠢᠨ ᠳᠠᠷᠤᠭ᠎ᠠ       ᠹᠧᠩ ᠢᠦᠶ ᠵᠧᠨᠲᠥᠯᠥᠭᠡᠯᠡᠭᠴᠢᠳ ᠡ᠄      ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ‌ᠵᠦ᠋ᠪᠯᠡᠬᠦ ᠪᠣᠯᠪᠠᠤ᠂ ᠲᠡᠷᠡᠴᠢᠯᠡᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ ᠥᠩᠭᠡᠷᠡᠭᠰᠡᠨ ᠲᠠᠪᠤᠨ ᠵᠢᠯ ᠪᠣᠯᠣᠨ 2017 ᠣᠨ ᠤ ᠠᠵᠢᠯ ᠤᠨ ᠲᠤᠬᠠᠶ ᠡᠷᠭᠢᠴᠡᠭᠦᠯᠦᠯ      ᠥᠩᠭᠡᠷᠡᠭᠰᠡᠨ ᠲᠠᠪᠤᠨ ᠵᠢᠯ ᠪᠣᠯ ᠮᠠᠨ ᠤ ᠬᠤᠲᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠠᠬᠢᠴᠠ ᠳᠤᠮᠳᠠᠬᠢ ᠮᠠᠰᠢ ᠴᠢᠬᠤᠯᠠ ᠲᠠᠪᠤᠨ ᠵᠢᠯ ᠮᠥᠨ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠯᠢ ᠤᠯᠠᠨ ᠭᠦᠨᠵᠡᠭᠡᠶ ᠬᠤᠪᠢᠷᠠᠯᠲᠠ ᠪᠠ ᠠᠯᠢ ᠤᠯᠠᠨ ᠬᠦᠴᠢᠷᠳᠡᠯ ᠰᠢᠯᠭᠠᠯᠲᠠ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠤᠯᠭ᠎ᠠ ᠶᠢ ᠭᠦᠨᠵᠡᠭᠡᠶ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠯᠠᠪᠳᠠᠭᠤᠨ ᠣᠷᠣᠭᠰᠢᠯᠠᠬᠤ ᠠᠵᠢᠯ ᠤᠨ ᠶᠡᠷᠦᠩᠬᠡᠶ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠣᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠤ ᠬᠦᠴᠢᠷ ᠢ ᠰᠦᠷᠦᠠ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠦᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠤᠷᠤᠭᠰᠢᠲᠠᠶ ᠪᠡᠶᠡᠯᠡᠭᠦᠯᠵᠦ᠂ ᠰᠢᠨ᠎ᠡ ᠬᠡᠪ ᠪᠠᠶᠢᠳᠠᠯ ᠳᠣᠣᠷᠠᠬᠢ ᠰᠢᠨ᠎ᠡ ᠬᠥᠭᠵᠢᠯᠲᠡ ᠶᠢ ᠪᠡᠶᠡᠯᠡᠭᠦᠯᠪᠡ᠃      — ᠠᠵᠤ ᠠᠬᠤᠶ ᠶᠢᠨ ᠬᠥᠭᠵᠢᠯᠲᠡ ᠲᠣᠭᠲᠠᠭᠤᠨ ᠣᠷᠣᠭᠰᠢᠯᠠᠪᠠ᠃ ᠥᠩᠭᠡᠷᠡᠭᠰᠡᠨ ᠲᠠᠪᠤᠨ ᠵᠢᠯ ᠳᠤ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ ᠪᠥᠬᠦ ᠬᠦᠴᠦᠨ ᠢᠶᠠᠷ ᠢᠶᠠᠨ ᠠᠵᠤ ᠠᠬᠤᠶ ᠶᠢᠨ ᠲᠣᠭᠲᠠᠭᠤᠨ ᠨᠡᠮᠡᠭᠳᠡᠯ ᠢ  ᠪᠠᠲᠤᠯᠠᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠨᠢ 2012 ᠣᠨ ᠤ 2459 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2017 ᠣᠨ ᠤ 3100 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ ᠳᠤᠮᠳᠠᠴᠢ ᠪᠠᠷ 8 % ᠪᠠᠷ ᠨᠡᠮᠡᠭᠳᠡᠵᠡᠶ᠃ ᠬᠦᠮᠦᠨ ᠪᠦᠷᠢ ᠶᠢᠨ ᠳᠤᠮᠳᠠᠴᠢ GDP ᠨᠢ 8.4  ᠲᠦᠮᠡᠨ ᠲᠥᠭᠦᠷᠢᠭ ᠪᠠᠶᠢᠭᠰᠠᠨ ᠠᠴᠠ 10.3 ᠲᠦᠮᠡᠨ ᠲᠥᠭᠦᠷᠢᠭ  ᠪᠣᠯᠣᠭᠰᠠᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠵᠢᠯ ᠪᠦᠷᠢ ᠳᠤᠮᠳᠠᠴᠢ ᠪᠠᠷ 10. 5 % ᠪᠠᠷ  ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 6.1% ᠪᠠᠷ ᠨᠡᠮᠡᠭᠳᠡᠪᠡ᠃ ᠲᠠᠪᠤᠨ ᠵᠢᠯ  ᠳᠤ ᠲᠣᠭᠲᠠᠮᠠᠯ ᠬᠦ᠋ᠷᠦᠩᠭᠡ ᠳᠤ ᠣᠷᠣᠭᠤᠯᠬᠤ ᠪᠡᠯᠡ ᠣᠷᠣᠭᠤᠯᠤᠯᠲᠠ 8200 ᠳ᠋ᠦᠩᠰᠢᠭᠤᠷ ᠲᠥᠭᠦᠷᠢᠭ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠭ᠎ᠠ ᠨᠢ 6800  ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂  ᠪᠦᠷ ᠳᠡᠭᠡᠷ᠎ᠡ ᠲᠠᠪᠤᠨ ᠵᠢᠯ ᠤᠨ ᠬᠢ ᠠᠴᠠ 1.8 ᠳᠠᠬᠢᠨ ᠨᠡᠮᠡᠭᠳᠡᠪᠡ᠃      — ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠪᠠᠲᠣᠵᠢᠪᠠ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ 4.9᠄ 32.6᠄ 62.5 ᠠᠴᠠ 3.7᠄ 28.3᠄ 68.0 ᠪᠣᠯᠭᠠᠨ ᠲᠣᠬᠢᠷᠠᠭᠤᠯᠵᠠᠢ᠃ ᠬᠤᠲᠠᠴᠢᠯᠠᠭᠰᠠᠨ ᠤᠳᠤ  ᠦᠶ᠎ᠡ ᠶᠢᠨ ᠲᠠᠷᠢᠶᠠᠯᠠᠩ ᠮᠠᠯ ᠠᠵᠤ ᠠᠬᠤᠶ ᠡᠷᠡᠭᠦᠯ ᠬᠦᠭᠵᠢᠯᠲᠡ ᠲᠠᠢ᠃ ᠠᠮᠤ ᠪᠤᠳᠠᠭ᠎ᠠ ᠶᠢᠨ ᠲᠠᠷᠢᠮᠠᠯ ᠠᠵᠤ ᠠᠬᠤᠶ ᠶᠢᠨ ᠲᠠᠷᠢᠮᠠᠯ ᠪᠣᠷᠳᠣᠭᠠᠨ ᠲᠠᠷᠢᠮᠠᠯ ᠤᠨ ᠬᠠᠷᠢᠴᠠᠯ ᠢ 79᠄12᠄ 9 ᠠᠴᠠ 59᠄18᠄23 ᠪᠣᠯᠭᠠᠨ ᠲᠣᠬᠢᠷᠠᠭᠤᠯᠵᠤ᠂ 27.8 ᠲᠦᠮᠡᠨ ᠡᠷᠦᠬᠡ ᠲᠠᠷᠢᠶᠠᠴᠢᠨ ᠲᠠᠷᠢᠶᠠᠯᠠᠩ ᠮᠠᠯ ᠠᠵᠤ ᠠᠬᠤᠢ ᠵᠢᠨ‌ᠠᠵᠤ ᠦᠢᠯᠡᠰᠵᠢᠯᠲᠡ ᠶᠢᠨ ᠠᠰᠢᠭ ᠬᠦᠷᠲᠡᠵᠤ᠂ ᠠᠵᠤ ᠦᠢᠯᠡᠳᠪᠦᠷᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ᠂ ᠴᠠᠬᠢᠯᠭᠠᠨ ᠬᠦᠴᠦ ᠵᠡᠷᠭᠡ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠯᠠᠪᠳᠠᠭᠤᠨ ᠢᠶᠠᠷ ᠬᠥᠭᠵᠢᠵᠦ᠂ ᠢ ᠯᠢ᠂ ᠮᠧᠩ ᠨᠢᠦ ᠪᠦᠬᠦ ᠪᠥᠮᠪᠥᠷᠴᠡᠭ ᠤᠨ ᠰᠦ ᠰᠠᠭᠠᠯᠢ ᠶᠢᠨ ᠠᠵᠤ ᠠᠬᠤᠶᠢᠯᠠᠯ ᠤᠨ ᠠᠷᠪᠠᠨ ᠬᠦᠴᠦᠷᠬᠡᠭ ᠲᠤ ᠣᠷᠣᠵᠤ᠂ ︽ᠳᠤᠮᠳᠠᠳᠤ ᠤᠯᠤᠰ ᠤᠨ ᠰᠦ ᠶᠢᠨ ᠬᠤᠲᠠ︾ ᠪᠠᠷ ᠳᠠᠬᠢᠨ ᠴᠤᠯᠠᠯᠠᠭᠳᠠᠵᠤ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 1200 ᠲᠦᠮᠡᠨ ᠺᠢᠯᠣᠸᠠᠲ᠂ ᠴᠠᠬᠢᠭᠤᠷ ᠮᠠᠲ᠋ᠧᠷᠢᠶᠠᠯ ᠦᠢᠯᠡᠳᠪᠦᠷᠢᠯᠡᠬᠦ ᠴᠢᠳᠠᠪᠤᠷᠢ ᠳᠡᠯᠡᠬᠡᠶ ᠶᠢᠨ ᠲᠡᠷᠢᠭᠦᠨ ᠤ ᠡᠩᠨᠡᠭᠡᠨ ᠳᠤ ᠣᠷᠣᠵᠣ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠪᠴᠢᠯᠡᠨ ᠬᠦᠭᠵᠢᠭᠦᠯᠵᠦ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠲᠡᠭ ᠤᠨ 28 % ᠠᠴᠠ ᠳᠡᠭᠡᠭᠰᠢᠬᠢ ᠬᠤᠪᠢ ᠶᠢᠨ ᠵᠢᠩ ᠢ ᠡᠵᠡᠯᠡᠵᠦ ᠪᠠᠶᠢᠨ᠎ᠠ᠃ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠲᠦᠷᠭᠡᠪᠴᠢᠯᠡᠨ ᠬᠡᠯᠪᠡᠷᠢ ᠪᠠᠨ ᠬᠤᠪᠢᠷᠠᠭᠤᠯᠤᠨ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠥᠷᠨᠢᠩᠭᠦᠶ ᠪᠠᠷ ᠭᠦᠭᠵᠢᠨ᠂ ᠮᠥᠩᠭᠦᠨ ᠭᠦᠢᠯᠭᠡᠭᠡᠨ ᠤ ᠦᠢᠯᠡᠰ ᠤᠨ  ᠦᠷᠲᠡᠭ  ᠲᠠᠭᠢᠠ ᠢᠶᠠᠷ  ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ  ᠂ ᠬᠦᠯᠢᠶᠡᠨ ᠠᠪᠬᠤ ᠬᠥᠮᠦᠨ ᠤ ᠲᠤᠭ᠎ᠠ  ᠪᠦᠬᠦ  ᠣᠷᠣᠨ ᠤ ᠲᠡᠷᠢᠭᠦᠨ ᠳᠤ ᠣᠷᠣᠵᠦ᠂ ᠡᠯᠧᠺᠲᠷᠣᠨ ᠬᠤᠳᠠᠯᠳᠤᠭ᠎ᠠ᠂ ᠤᠳᠤ ᠦᠶ᠎ᠡ ᠶᠢᠨ ᠬᠠᠮ ᠦᠵᠡᠰᠬᠦᠯᠡᠩ᠂ ᠰᠣᠶᠣᠯ ᠤᠨ ᠡᠭᠦᠳᠦᠨ ᠪᠦᠲᠦᠭᠡᠬᠦ ᠰᠡᠳᠬᠢᠮᠵᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠦᠳᠲᠡᠷ ᠲᠦᠷᠭᠡᠨ ᠬᠦᠭᠵᠢᠵᠡᠢ᠃ ᠰᠢᠨ᠎ᠡ ᠶᠢ ᠡᠭᠦᠳᠬᠦ ᠪᠠᠷ  ᠬᠥᠭᠵᠢᠯᠲᠡ ᠶᠢᠨ ᠴᠢᠬᠤᠯᠠ ᠬᠥᠳᠡᠯᠭᠡᠭᠴᠢ ᠬᠦᠴᠦᠨ ᠪᠣᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ 52 % ᠂ ᠰᠦ ᠰᠠᠭᠠᠯᠢ ᠶᠢᠨ ᠦᠢᠯᠡᠰ᠂ ᠭᠡᠷᠡᠯᠯᠢᠭ ᠴᠠᠬᠢᠯᠭᠠᠨ ᠵᠡᠷᠭᠡ ᠬᠦᠷᠢᠶᠡᠨ ᠳᠠᠬᠢ ᠨᠢᠭᠡ ᠪᠦᠯᠦᠭ ᠬᠡᠷᠡᠭᠯᠡᠭᠡᠨ ᠤ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠬᠢᠷᠢ ᠬᠡᠮᠵᠢᠶᠡᠨ ᠳᠤ ᠬᠦᠷᠴᠦ᠂ ᠮᠧᠩ ᠼᠤᠤ ᠺᠣᠮᠫᠠᠨᠢ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠯᠭ᠎ᠠ ᠶᠢᠨ ᠱᠠᠩᠨᠠᠯ ᠬᠦᠷᠲᠡᠵᠦ᠂ ᠰᠠᠶ ᠺᠧ ᠰᠢᠩ ᠵᠡᠷᠭᠡ 9 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ  ᠶᠠᠰᠤ  ᠴᠢᠨᠠᠷ ᠤᠨ ᠱᠠᠩᠨᠠᠯ ᠭᠥᠷᠳᠡᠪᠡ᠃      — ᠬᠤᠲᠠ ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠲᠦᠷᠭᠡᠨ ᠠᠬᠢᠭᠤᠯᠵᠣ᠂ ᠬᠤᠳᠠ ᠪᠠᠯᠭᠠᠰᠤᠵᠢᠯᠳᠡ ᠶᠢᠨ ᠨᠤᠷᠮ᠎ᠠ 69 % ᠬᠦᠷᠴᠡᠶ᠃ ᠬᠤᠲᠠ ᠶᠢᠨ ᠬᠠᠭᠤᠴᠢᠨ ᠪᠠᠷᠢᠯᠭ᠎ᠠ ᠶᠢ ᠦᠭᠡᠷᠡᠴᠢᠯᠡᠨ ᠵᠠᠰᠠᠬᠤ ᠪᠠ ᠰᠢᠨ᠎ᠡ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠭᠠᠵᠠᠷ ᠳᠡᠭᠡᠷᠡᠬᠢ ᠵᠠᠮ ᠤᠨ ᠲᠣᠣᠷ ᠵᠢᠴᠢ ᠭᠠᠵᠠᠷ ᠳᠣᠣᠷᠠᠬᠢ ᠬᠤᠭᠤᠯᠠᠶ ᠶᠢᠨ ᠲᠣᠣᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠭᠦᠯᠵᠦ᠂ ᠬᠤᠳᠠ ᠳᠠᠬᠢ ᠲᠣᠰᠬᠤᠨ ᠢ ︵ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ︶ 1828 ᠲᠡᠭᠰᠢ ᠳᠥᠷᠪᠡᠯᠵᠢᠨ ᠮᠧᠲᠷ  ᠦᠭᠡᠷᠡᠴᠢᠯᠡᠵᠦ᠂ ᠬᠤᠲᠠ ᠶᠢᠨ ᠵᠠᠮ ᠢ 960 ᠲᠦᠮᠡᠨ ᠲᠡᠭᠰᠢ ᠳᠥᠷᠪᠡᠯᠵᠢᠨ ᠮᠧᠲᠷ᠂ ᠴᠡᠴᠡᠷᠯᠢᠭ ᠤᠨ ᠨᠣᠭᠤᠭᠠᠷᠠᠭᠤᠯᠣᠯᠲᠠ 3.1ᠲᠦᠮᠡᠨ ᠮᠦ᠂ ᠭᠠᠵᠠᠷ ᠳᠣᠣᠷᠠᠬᠢ ᠬᠤᠭᠤᠯᠠᠶ ᠶᠢᠨ ᠲᠣᠣᠷ 2900 ᠺᠢᠯᠣᠮᠧᠲᠷ ᠰᠢᠨ᠎ᠡ ᠪᠠᠷ ᠨᠡᠮᠡᠭᠳᠡᠪᠡ᠃ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠶᠢ ᠠᠬᠢᠭᠤᠯᠵᠤ᠂ ᠬᠤᠲᠠ ᠲᠤᠭᠤᠷᠢᠭᠰᠠᠨ ᠬᠤᠶᠠᠳᠣᠭᠠᠷ ᠲᠦᠷᠭᠡᠨ ᠵᠠᠮ ᠪᠠᠶᠢᠭᠤᠯᠤᠭᠳᠠᠵᠤ ᠲᠡᠷᠭᠡ ᠨᠡᠪᠲᠡᠷᠡᠪᠡ᠃ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠪᠦᠭᠦ ᠲᠠᠯ᠎ᠠ ᠪᠠᠷ ᠠᠬᠢᠭᠤᠯᠵᠤ᠂ ᠨᠢᠭᠡᠳᠤᠭᠡᠷ ᠲᠡᠰ ᠠᠴᠠ ᠳᠡᠭᠡᠭᠰᠢ ᠦᠨᠳᠦᠷ ᠳᠡᠰᠲᠤ ᠵᠠᠰᠠᠮᠠᠯ ᠵᠠᠮ 460 ᠺᠢᠯᠣᠮᠧᠲᠷ ᠰᠢᠨ᠎ᠡ ᠪᠠᠷ ᠨᠡᠮᠡᠭᠳᠡᠵᠦ᠂ ᠬᠥᠬᠡᠬᠤᠲᠠ ᠪᠤᠭᠤᠲᠤ ᠤᠷᠳᠤᠰ ᠵᠢᠨᠢᠩ᠂ ᠬᠥᠬᠡᠬᠤᠲᠠ ᠵᠡᠭᠦᠨᠭᠠᠷ ᠤᠷᠳᠤᠰ ᠬᠥᠷᠬᠦ ᠬᠥᠳᠡᠯᠭᠡᠭᠦᠷᠲᠦ ᠴᠤᠪᠤᠭ᠎ᠠ ᠲᠡᠷᠭᠡ ᠨᠡᠪᠲᠡᠷᠡᠵᠦ᠂ ᠬᠦᠬᠡᠬᠤᠲᠠ ᠠᠴᠠ ᠴᠢᠭᠤᠯᠭᠠᠲᠣ ᠬᠠᠭᠠᠯᠭ᠎ᠠ ᠬᠦᠷᠬᠦ ᠦᠨᠲᠦᠷ  ᠬᠤᠷᠳᠤᠴᠠᠲᠤ ᠲᠡᠮᠦᠷ ᠵᠠᠮ ᠤᠨ ᠬᠦᠬᠡᠬᠤᠲᠠ ᠠᠴᠠ ᠵᠢᠨᠢᠩ ᠬᠦᠷᠬᠦ ᠬᠡᠰᠡᠭ ᠨᠢ ᠬᠡᠷᠡᠭᠯᠡᠯᠲᠡ ᠳᠤ ᠣᠷᠣᠪᠠ᠃ ᠰᠢᠨ᠎ᠡ ᠨᠢᠰᠭᠡᠯ ᠤᠨ ᠪᠠᠭᠤᠳᠠᠯ ᠨᠡᠭᠦᠯᠭᠡᠨ ᠪᠠᠶᠢᠭᠤᠯᠬᠤ ᠲᠦᠰᠦᠯ ᠨᠢ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠦᠷᠦ ᠶᠢᠨ ᠴᠡᠷᠢᠭ ᠤᠨ ᠶᠠᠪᠦᠳᠠᠯ ᠤᠨ ᠬᠤᠷᠢᠶ᠎ᠠ ᠶᠢᠨ ᠰᠡᠳᠦᠪ ᠲᠣᠭᠲᠠᠭᠠᠭᠰᠠᠨ ᠴᠣᠬᠤᠯᠠᠪᠣᠷᠢ ᠪᠣᠯᠣᠨ ᠣᠯᠣᠰ ᠤᠨ ᠭᠦᠭᠵᠢᠭᠦᠯᠦᠯᠲᠡ ᠦᠭᠡᠷᠡᠴᠢᠯᠡᠯᠲᠡ ᠶᠢᠨ ᠶᠠᠮᠣᠨ ᠤ ᠪᠣᠯᠣᠮᠵᠢᠲᠣ ᠰᠣᠳᠣᠯᠭᠠᠨ ᠤ ᠴᠣᠬᠤᠯᠠᠪᠣᠷᠢ ᠶᠢ ᠣᠯᠵᠤ᠂ ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠨᠢ ᠮᠠᠨ ᠤ ᠤᠯᠤᠰ ᠤᠨ 32 ᠳᠠᠬᠢ ᠣᠷᠣᠭᠤᠯᠵᠣ ᠭᠠᠷᠭᠠᠬᠤ  ᠬᠡᠮᠵᠢᠶ᠎ᠡ ᠨᠢ ᠮᠢᠩᠭᠠᠨ ᠲᠦᠮᠡᠨ ᠬᠦᠮᠦᠨ ᠪᠠᠭᠲᠠᠬᠤ ᠨᠢᠰᠭᠡᠯ ᠤᠨ ᠪᠠᠭᠤᠳᠠᠯ ᠪᠣᠯᠪᠠ᠃ ᠠᠭᠤᠯᠠ᠂ ᠣᠰᠦ᠂   ᠠᠭᠠᠷ᠂ ᠰᠢᠷᠣᠢ ᠶᠢ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠣᠶᠢᠵᠢᠭᠤᠯᠤᠨ ᠨᠣᠭᠤᠭᠠᠷᠠᠭᠤᠯᠣᠭᠰᠠᠨ ᠲᠠᠯᠠᠪᠠᠢ ᠨᠢ 198 ᠲᠦᠮᠡᠨ ᠮᠦ ᠬᠦᠷᠴᠦ᠂ ᠬᠤᠲᠠ ᠶᠢᠨ ᠠᠭᠠᠷ ᠤᠨ ᠶᠠᠰᠤ ᠴᠢᠨᠠᠷ ᠨᠢ ᠤᠮᠠᠷᠠᠲᠤ ᠶᠢᠨ 15 ᠮᠤᠵᠢ ᠶᠢᠨ ᠲᠥᠪ ᠬᠤᠲᠠ ᠶᠢᠨ ᠲᠡᠷᠢᠭᠦᠨ ᠤ ᠡᠩᠨᠡᠭᠡᠨ ᠳᠤ ᠣᠷᠣᠵᠠᠶ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠨᠢᠭᠡ ᠴᠤᠭᠴᠠᠵᠢᠭᠤᠯᠬᠤ  ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠵᠢᠭᠳᠡ ᠬᠢᠷᠢ ᠲᠦᠪᠰᠢᠨ ᠪᠣᠯᠭᠠᠬᠤ  ᠠᠵᠢᠯ ᠢᠯᠡᠳᠲᠡ ᠳᠡᠭᠡᠭᠰᠢᠯᠡᠪᠡ  ᠃      — ᠠᠷᠠᠳ ᠤᠨ ᠠᠮᠢᠳᠤᠷᠠᠯ ᠤᠨ ᠪᠠᠲᠤᠯᠠᠭ᠎ᠠ ᠦᠷᠭᠦᠯᠵᠢᠯᠡᠨ ᠳᠡᠭᠡᠭᠰᠢᠯᠡᠪᠡ᠃ ᠬᠤᠲᠠ ᠶᠢᠨ ᠲᠣᠰ ᠱᠠᠲᠤᠨ ᠤ ᠡᠯ᠎ᠡ ᠲᠥᠷᠥᠯ ᠤᠨ ᠠᠷᠠᠳ ᠤᠨ ᠠᠮᠢᠳᠤᠷᠠᠯ  ᠳᠤ ᠣᠷᠣᠭᠤᠯᠤᠭᠰᠠᠨ ᠮᠦᠩᠭᠦ 1128.5 ᠳ᠋ᠦᠩᠰᠢᠭᠤᠷ ᠲᠦᠭᠦᠷᠢᠭ ᠪᠠᠶᠢᠵᠣ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 64 % ᠶᠢ ᠡᠵᠡᠯᠡᠵᠦ ᠪᠠᠶᠢᠨ᠎ᠠ ᠃ ᠬᠤᠳᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 8%   ᠪᠠᠷ ᠨᠡᠮᠡᠭᠳᠡᠵᠦ᠂ ᠲᠤᠰ ᠲᠤᠰ 43000 ᠲᠥᠭᠦᠷᠢᠭ ᠪᠣᠯᠣᠨ 15700 ᠲᠥᠭᠦᠷᠢᠭ ᠪᠣᠯᠪᠠ᠃ ᠡᠯ᠎ᠡ ᠲᠦᠷᠦᠯ ᠤᠨ ᠠᠵᠢᠯ ᠣᠯᠵᠤ ᠠᠳᠠᠯ ᠦᠢᠯᠡᠰ ᠪᠤᠰᠬᠠᠬᠤ ᠰᠠᠭᠤᠷᠢᠨ ᠭᠠᠵᠠᠷ ᠪᠣᠯᠤᠨ ᠨᠡᠪᠴᠢᠭᠦᠯᠦᠭᠦᠷ 43 ᠪᠠᠶᠢᠭᠤᠯᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠦᠭᠡᠶᠢᠳᠡᠯ ᠤᠨ ᠨᠤᠷᠮ᠎ᠠ ᠢᠮᠠᠭᠲᠠ 4 % ᠶᠢᠨ ᠳᠣᠲᠣᠷ᠎ᠠ ᠪᠠᠶᠢᠨ᠎ᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠪᠠᠲᠣᠯᠠᠭ᠎ᠠ ᠶᠢᠨ ᠪᠦᠷᠬᠦᠴᠡ ᠶᠢᠨ ᠰᠢᠰᠲ᠋ᠧᠮ ᠨᠡᠩ ᠪᠦᠷᠢᠨᠰᠢᠵᠦ᠂ ᠨᠠᠰᠤᠵᠢᠯ᠂ ᠡᠮᠴᠢᠯᠡᠭᠡ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠦᠨ᠂ ᠡᠯ᠎ᠡ ᠲᠦᠷᠦᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ 9.9 ᠲᠦᠮᠡᠨ ᠢᠵᠢ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ 3.1 ᠲᠦᠮᠡᠨ ᠡᠷᠦᠬᠡ ᠦᠭᠡᠷᠡᠴᠢᠯᠡᠨ ᠵᠠᠰᠠᠵᠤ᠂1394 ᠬᠠᠭᠤᠴᠢᠷᠬᠠᠰᠠᠨ ᠬᠤᠷᠢᠶᠠᠯᠠᠯ ᠢ ᠵᠠᠰᠠᠵᠦ᠂ 4.8 ᠲᠦᠮᠡᠨ ᠡᠷᠦᠬᠡ ᠰᠠᠭᠤᠭᠠᠯᠢ ᠠᠷᠠᠳ ᠤᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠠᠪᠬᠤ ᠳᠤ ᠬᠦᠴᠢᠷᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠵᠠᠢ᠃ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠲᠦᠯᠬᠢᠨ ᠠᠬᠢᠭᠤᠯᠵᠤ᠂ 10.2 ᠲᠦᠮᠡᠨ ᠬᠦᠮᠦᠨ ᠢ ᠬᠥᠳᠡᠯᠦᠩᠭᠦᠶ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠵᠡᠢ᠃ ᠰᠤᠷᠭᠠᠨ ᠬᠥᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠦᠢᠯᠡᠰ ᠂ ᠴᠡᠴᠡᠷᠯᠢᠭ ᠲᠤ ᠣᠷᠣᠬᠤ ᠳᠤ ᠬᠦᠴᠢᠷ᠂ ᠰᠤᠷᠭᠠᠭᠤᠯᠢ ᠳᠤ ᠣᠷᠣᠬᠤ ᠳᠤ ᠬᠦᠴᠢᠷ᠂ ᠡᠪᠡᠳᠴᠢᠨ ᠡᠮᠨᠡᠭᠦᠯᠬᠦ ᠳᠤ ᠬᠦᠴᠢᠷ ᠵᠡᠷᠭᠡ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠵᠤ᠂ ᠤᠶᠤᠨ ᠤ ᠪᠣᠯᠪᠠᠰᠤᠨ ᠤ ᠪᠦᠳᠦᠭᠡᠨ  ᠪᠠᠶᠢᠭᠤᠯᠤᠯᠲᠠ ᠶᠢᠨ ᠠᠵᠢᠯ ᠢ ᠪᠠᠲᠤᠲᠠᠶ ᠥᠷᠨᠢᠭᠦᠯᠵᠦ᠂ ᠬᠤᠳᠠ ᠬᠥᠳᠡᠭᠡ ᠶᠢ ᠬᠠᠮᠤᠷᠤᠭᠰᠠᠨ ᠲᠦᠷᠪᠡᠠ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠣᠣᠷ ᠦᠨᠳᠦᠰᠦᠨ ᠳᠡᠭᠡᠨ  ᠪᠦᠷᠢᠯᠳᠦᠵᠠᠢ᠃ ᠨᠡᠶᠢᠭᠡᠮ ᠤᠨ  ᠵᠠᠰᠠᠨ ᠴᠡᠭᠴᠡᠯᠡᠯᠲᠡ ᠶᠢᠨ ᠠᠵᠢᠯ  ᠢ ᠲᠠᠰᠤᠷᠠᠯᠲᠠ ᠦᠭᠡᠢ ᠴᠢᠩᠭᠠᠳᠬᠠᠵᠤ᠂ ᠠᠶᠤᠯᠭᠦᠢ ᠦᠢᠯᠠᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ   ᠳᠤ ᠠᠷᠠᠳ ᠤᠯᠠᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠦᠬᠦ ᠣᠯᠣᠰ ᠤᠨ ᠡᠮᠦᠨᠡᠭᠦᠷ ᠣᠷᠣᠵᠤ ᠪᠠᠶᠢᠨ᠎ᠠ᠃      — ᠥᠭᠡᠷᠡᠴᠢᠯᠡᠯᠲᠡ ᠨᠡᠭᠡᠭᠡᠯᠲᠡ ᠭᠦᠨᠵᠡᠭᠡᠶᠢᠷᠡᠨ ᠶᠠᠪᠤᠭᠳᠠᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ ᠨᠥᠬᠦᠪᠥᠷᠢᠯᠡᠬᠦ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ 33.8 % ᠪᠠᠷ ᠪᠠᠭᠠᠰᠬᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ 9.5 ᠲᠦᠮᠡᠨ ᠡᠷᠦᠬᠡ ᠴᠡᠪᠡᠷ ᠨᠡᠮᠡᠭᠳᠡᠵᠡᠢ᠃ ᠡᠳ᠋ ᠤᠨ ᠵᠠᠰᠠᠭ᠂ ᠭᠠᠶᠢᠯᠢ᠂ ᠮᠥᠩᠭᠦᠨ ᠭᠦᠢᠯᠭᠡᠭᠡ ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠣᠯᠣᠰ ᠤᠨ ᠬᠥᠷᠥᠩᠭᠡ᠂  ᠲᠠᠷᠢᠶᠠᠯᠠᠩ ᠬᠥᠳᠡᠭᠡ ᠲᠣᠰᠬᠤᠨ᠂ ᠡᠷᠦᠬᠡ ᠠᠮᠠ ᠶᠢᠨ ᠳᠦᠷᠢᠮ᠂ ᠡᠮᠴᠢᠯᠡᠭᠡ ᠡᠷᠡᠭᠦᠯ ᠬᠠᠮᠠᠭᠠᠯᠠᠯ᠂ ᠠᠮᠢ ᠠᠬᠤᠶ ᠶᠢᠨ ᠪᠣᠯᠪᠠᠰᠤᠨ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠮᠡᠳᠡᠭᠳᠡᠮ᠎ᠡ ᠠᠬᠢᠴᠠ ᠲᠠᠢ᠃ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠥᠬᠦ ᠣᠷᠣᠨ ᠤ ᠡᠯᠧᠺᠲᠷᠣᠨ ᠭᠠᠷᠠᠮ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠨᠡᠪᠲᠡᠷᠡᠭᠦᠯᠵᠦ᠂ ᠣᠯᠠᠨ ᠤᠯᠤᠰ ᠤᠨ ᠲᠦᠷᠭᠡᠨ ᠭᠤᠪᠢᠭᠤᠯᠭ᠎ᠠ ᠶᠢᠨ ᠬᠢᠯᠢ ᠳᠤ ᠣᠷᠣᠬᠤ ᠪᠠ ᠣᠷᠣᠰ ᠮᠣᠩᠭᠤᠯ ᠤᠨ ᠭᠠᠳᠠᠭᠠᠳᠤ ᠳᠤ ᠭᠠᠷᠭᠠᠬᠤ ᠵᠠᠮ ᠢ ᠪᠦᠲᠦᠭᠡᠨ ᠪᠠᠶᠢᠭᠤᠯᠪᠠ᠃ ᠪᠦᠸᠧᠬᠠᠢ ᠲᠠᠩᠭᠢᠰ ᠳᠠᠭᠠᠤ᠂ ᠬᠥᠬᠡᠬᠤᠲᠠ ᠪᠤᠭᠤᠲᠤ ᠢᠷᠭᠠᠢ ᠢᠦᠢ ᠯᠢᠨ ᠠᠵᠤ ᠠᠬᠤᠶ ᠶᠢᠨ ᠣᠷᠣᠨ ᠤ ᠡᠯ᠎ᠡ ᠬᠤᠳᠠ ᠶᠢᠨ ᠬᠤᠭᠤᠷᠣᠨᠳᠣᠬᠢ ᠰᠣᠯᠢᠯᠴᠠᠭ᠎ᠠ ᠬᠠᠮᠵᠢᠯᠴᠠᠭ᠎ᠠ ᠶᠢ ᠠᠬᠢᠭᠤᠯᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠶᠢ ᠢᠳᠡᠪᠬᠢᠲᠡᠶ ᠬᠥᠲᠥᠯᠥᠨ ᠳᠠᠭᠠᠭᠤᠯᠵᠤ᠂ ᠬᠠᠮᠲᠤᠷᠠᠨ ᠬᠥᠳᠡᠯᠦᠯᠴᠡᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠪᠠ᠃ ᠤᠯᠤᠰ ᠤᠨ ᠳᠣᠲᠣᠭᠠᠳᠤ ᠶᠢᠨ ᠪᠡᠯᠡ ᠮᠥᠩᠭᠦ 3200 ᠳ᠋ᠦᠩᠰᠢᠭᠤᠷ ᠲᠥᠭᠦᠷᠢᠭ᠂ ᠪᠣᠲᠠᠲᠠᠢ ᠠᠰᠢᠭᠯᠠᠭᠰᠠᠨ ᠭᠠᠳᠠᠭᠠᠳᠤ ᠶᠢᠨ ᠪᠡᠯᠡ ᠮᠥᠩᠭᠦ  31.5 ᠳ᠋ᠦᠩᠰᠢᠭᠤᠷ ᠳ᠋ᠣᠯᠯᠠᠷ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠦᠬᠦ  ᠬᠡᠮᠵᠢᠶ᠎ᠡ 87.8 ᠳ᠋ᠣᠯᠯᠠᠷ ᠢ ᠪᠡᠶᠡᠯᠡᠭᠦᠯᠵᠡᠢ᠃      — ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠡᠰᠦᠷᠡᠯᠳᠠ ᠤᠢᠭᠡᠢ ᠴᠢᠩᠭᠠᠳᠬᠠᠪᠠ᠃ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠭᠤᠷᠪᠠᠨ ᠴᠢᠩᠭ᠎ᠠ ᠭᠤᠷᠪᠠᠨ ᠪᠣᠳᠠᠲᠠᠶ︾ ᠲᠤᠰᠬᠠᠶ ᠰᠡᠳᠦᠪᠲᠦ ᠬᠥᠮᠦᠵᠢᠯ ᠪᠣᠯᠤᠨ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ᠲᠥᠪ ᠬᠤᠷᠢᠶ᠎ᠠ ᠶᠢᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠭᠤᠷᠪᠠᠨ ᠰᠠᠬᠢᠯᠭ᠎ᠠ ᠳᠦᠷᠢᠮ︾ ᠪᠣᠯᠤᠨ ᠥᠪᠡᠷᠲᠡᠭᠡᠨ ᠵᠠᠰᠠᠬᠤ ᠣᠷᠣᠨ ᠤ 28 ᠵᠤᠷᠪᠤᠰ ᠲᠥᠬᠦᠷᠵᠢᠭᠦᠯᠦᠭᠰᠡᠨ ᠲᠣᠭᠲᠠᠭᠠᠯ  ᠢᠶᠠᠷ  ᠬᠤᠲᠠ ᠶᠢᠨ ᠲᠤᠰ ᠱᠠᠲᠤᠨ ᠤ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ 15.4 %  ᠪᠠᠷ ᠬᠠᠰᠤᠨ ᠪᠠᠭᠠᠰᠬᠠᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾  ᠤᠨ ᠲᠤᠷᠰᠢᠯᠲᠠ ᠶᠢᠨ ᠠᠵᠢᠯ ᠢ ᠥᠷᠨᠢᠭᠦᠯᠵᠦ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠲᠠᠪᠴᠠᠩ ᠢ ᠪᠠᠶᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 1002 ᠬᠤᠪᠢ ᠭᠦᠢᠴᠡᠳᠭᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 2835 ᠬᠤᠪᠢ ᠭᠦᠢᠴᠡᠳᠭᠡᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠲᠦᠷᠢᠮ ᠢ ᠲᠡᠭᠦᠯᠳᠡᠷᠵᠢᠭᠦᠯᠵᠦ᠂ ︽ᠬᠥᠬᠡᠬᠤᠲᠠ ᠶᠢᠨ  ᠨᠡᠶᠢᠲᠡᠯᠡᠯ ︾ ᠸᠧᠴᠠᠲ ᠣᠯᠠᠨ ᠨᠡᠶᠢᠲᠡ ᠶᠢᠨ ᠨᠣᠮᠧᠷ᠂ ᠵᠠᠰᠠᠭ ᠤᠨ ᠣᠷᠳᠣᠨ ᠪᠣᠯᠣᠨ ᠤᠯᠠᠨ ᠲᠦᠮᠡᠨ ᠤ ᠰᠠᠨᠠᠭ᠎ᠠ ᠪᠠᠨ ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠪᠣᠯᠭᠠᠵᠤ᠂ ᠨᠠᠮ ᠤᠨ ᠰᠤᠷᠲᠠᠯ ᠪᠣᠯᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠵᠠᠷᠠᠯ ᠢ ᠵᠠᠯᠬᠠᠭᠠᠨ ᠰᠢᠳᠭᠡᠬᠦ ᠲᠠᠯ᠎ᠠ ᠪᠠᠷ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠭᠦᠯᠵᠦ᠂ ᠰᠤᠷᠲᠠᠯ ᠴᠢᠬᠡᠴᠢ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃      ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2017 ᠣᠨ ᠳᠤ ᠬᠤᠳᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ  ᠬᠤᠶᠠᠳᠤᠭᠠᠷ ᠪᠥᠬᠦᠳᠡ ᠬᠤᠷᠠᠯ᠂ ᠬᠥᠬᠡᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦ ᠪᠠᠷ ᠢᠶᠠᠨ ᠠᠬᠢᠭᠤᠯᠬᠤ︾᠂ ︽17 ᠬᠦᠷᠢᠶᠡᠨ ᠤ ᠵᠠᠩᠭᠢᠯᠠᠭ᠎ᠠ ᠶᠢᠨ ᠡᠭᠦᠷᠭᠡ ᠶᠢᠨ ᠲᠤᠬᠠᠶ︾ ᠪᠦᠬᠦ ᠬᠤᠳᠠ ᠶᠢᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠴᠦᠯᠡᠨ ᠰᠢᠪᠲᠤᠯᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠲᠡᠭᠦᠰ ᠠᠮᠵᠢᠯᠲᠠᠶ ᠪᠠᠷ ᠪᠡᠶᠡᠯᠡᠭᠦᠯᠵᠦ ᠂ ᠬᠤᠶᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠭᠦᠯᠦᠯᠭᠡ ᠶᠢᠨ ᠴᠤᠭᠯᠠᠭᠠᠨ ᠢ ᠳᠠᠭᠠᠭᠠᠨ ᠠᠪᠴᠤ  ᠠᠮᠵᠢᠯᠲᠠ ᠲᠠᠢ ᠪᠠᠷ ᠡᠷᠬᠢᠯᠡᠵᠤ᠂ 26 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ︽ᠠᠯᠲᠠᠨ ᠲᠠᠬᠢᠶ᠎ᠠ ᠥᠨᠢᠷ ᠴᠡᠴᠡᠭ︾ ᠺᠢᠨᠣ᠋ ᠶᠢᠨ ᠪᠠᠶᠠᠷ᠂ ᠪᠡᠭᠡᠵᠢᠩ ᠥᠪᠥᠷ ᠮᠣᠩᠭᠤᠯ ︵ᠬᠥᠬᠡᠬᠤᠲᠠ︶ ᠳᠤ ᠳᠡᠭᠡᠳᠦ ᠲᠡᠰ ᠤᠨ ᠠᠵᠤ ᠦᠢᠯᠡᠰ ᠤᠨ ᠵᠤᠬᠢᠴᠠᠭᠤᠯᠬᠤ ᠶᠡᠭᠡ ᠬᠤᠷᠠᠯ᠂ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠣᠯᠠᠨ ᠤᠯᠤᠰ ᠤᠨ ᠠᠮᠲᠠᠲᠤ ᠢᠳᠡᠭᠡᠨ ᠤ ᠦᠵᠡᠰᠬᠦᠯᠡᠩ ᠵᠡᠷᠭᠡ ᠴᠢᠬᠤᠯᠠ ᠶᠡᠭᠡ ᠠᠵᠢᠯᠯᠠᠭ᠎ᠠ ᠶᠢ ᠵᠤᠬᠢᠶᠡᠨ ᠪᠠᠶᠢᠭᠤᠯᠪᠠ  ᠃      ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ︽ᠡᠷᠬᠢᠨ ᠦᠵᠡᠬᠦ︾ ᠂ ᠲᠣᠭᠤᠷᠢᠨ ᠪᠠᠶᠢᠴᠠᠭᠠᠯᠲᠠ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠪᠠ᠃ ᠵᠠᠰᠠᠭ ᠤᠨ ᠣᠷᠳᠣᠨ ᠤ ᠥᠭᠴᠡᠭᠡ᠂ ᠠᠵᠤ ᠠᠬᠤᠶ ᠶᠢᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠨᠡᠮᠡᠭᠳᠡᠭᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠰᠡᠭ ᠠᠵᠤ ᠠᠬᠤᠶ ᠶᠢᠨ ᠭᠦᠢᠴᠡᠳᠬᠡᠬᠦ ᠲᠤᠭ᠎ᠠ ᠶᠢ ᠬᠠᠰᠤᠨ ᠲᠣᠬᠢᠷᠠᠭᠤᠯᠵᠤ᠂ ᠶᠡᠷᠦᠩᠬᠡᠢ ᠬᠡᠮᠵᠢᠶ᠎ᠡ ᠶᠢ ᠪᠤᠲᠠᠲᠠᠶᠢᠵᠢᠭᠤᠯᠵᠤ ᠂ ᠶᠠᠰᠤ ᠴᠢᠨᠠᠷ ᠢ ᠰᠠᠶᠢᠵᠢᠷᠠᠭᠤᠯᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 6 % ᠣᠷᠴᠢᠮ ᠨᠡᠮᠡᠭᠳᠡᠬᠦ ᠪᠠᠷ ᠵᠢᠱᠢᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ 1.4 % ᠪᠠᠷ ᠨᠡᠮᠡᠭᠳᠡᠪᠡ᠃ ᠬᠤᠳᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ 8 % ᠣᠷᠴᠢᠮ ᠢᠶᠠᠷ ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠳᠠᠪᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠬᠤᠭᠤᠰᠣᠨ ᠡᠷᠭᠢᠯᠲᠡ ᠶᠢᠨ ᠬᠠᠭᠤᠷᠮᠠᠭ ᠢᠶᠠᠷ ᠨᠡᠮᠡᠭᠳᠡᠭᠦᠯᠬᠦ ᠶᠢ ᠦᠭᠡᠶᠢᠰᠭᠡᠬᠦ ᠪᠠ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠠᠷ ᠦᠭᠡᠷᠡᠴᠢᠯᠡᠬᠦ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠦᠷᠦᠯᠵᠢᠯ ᠤᠨ ᠠᠳᠠᠯᠢᠳᠬᠠᠯ ᠢᠶᠠᠷ 4.1% ᠨᠡᠮᠡᠭᠳᠡᠭᠦᠯᠵᠦ᠂ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠢ 83.4 % ᠬᠦᠷᠲᠡᠯ᠎ᠡ ᠳᠡᠭᠡᠭᠰᠢᠯᠡᠭᠦᠯᠪᠡ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ  ᠃      ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄      ᠨᠢᠭᠡ ᠳᠤ᠂ ᠠᠵᠤ ᠠᠬᠤᠶ ᠶᠢᠨ ᠬᠥᠭᠵᠢᠯᠲᠡ ᠶᠢᠨ ᠶᠠᠰᠤ  ᠴᠢᠨᠠᠷ ᠢ ᠬᠦᠴᠦ ᠲᠠᠯᠪᠢᠨ ᠳᠡᠭᠡᠭᠰᠢᠯᠡᠭᠦᠯᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠦᠯᠡᠭᠦᠳᠡᠭᠰᠡᠨ ᠦᠢᠯᠡᠳᠪᠦᠷᠢ ᠶᠢᠨ ᠴᠢᠳᠠᠪᠦᠷᠢ ᠶᠢ ᠪᠦᠬᠦ ᠲᠠᠯ᠎ᠠ ᠪᠠᠷ ᠪᠡᠶᠡᠯᠡᠭᠦᠯᠵᠦ᠂ 55 ᠲᠦᠮᠡᠨ ᠲᠣᠨ ᠲᠡᠮᠦᠷ ᠬᠠᠶᠢᠯᠤᠭᠤᠯᠬᠤ ᠦᠢᠯᠡᠳᠪᠦᠷᠢᠯᠡᠯ ᠤᠨ ᠴᠢᠳᠠᠪᠤᠷᠢ ᠶᠢ ᠬᠠᠰᠤᠭᠳᠠᠭᠤᠯᠵᠠᠢ᠃ ᠪᠦᠬᠦ ᠵᠢᠯ ᠳᠤ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ 530 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠬᠤ ᠪᠠᠷ ᠪᠠᠶᠢᠭ᠎ᠠ ᠲᠠᠯᠠᠪᠠᠢ ᠶᠢ 20% ᠪᠠᠷ ᠪᠠᠭᠤᠷᠠᠭᠤᠯᠵᠣ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ᠃ ᠥᠪᠥᠷ ᠮᠣᠩᠭᠤᠯ ᠤᠨ ᠴᠢᠩ ᠴᠧᠩ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ ᠶᠢ ᠥᠭᠡᠷᠡᠴᠢᠯᠡᠨ ᠪᠠᠶᠢᠭᠤᠯᠬᠤ  ᠪᠠᠷ ᠳᠠᠮᠵᠢᠨ᠂ ᠤᠯᠤᠰ ᠤᠨ ᠥᠮᠴᠢᠯᠡᠯ ᠤᠨ ᠡᠵᠡᠩᠨᠡᠯᠲᠡ ᠶᠢᠨ ᠴᠢᠨᠠᠷᠲᠠᠶ ᠪᠡᠯᠡ ᠮᠦᠩᠭᠦ ᠶᠢ ᠠᠮᠢᠳᠤᠯᠢᠭ ᠪᠣᠯᠭᠠᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠬᠤ᠂ ᠵᠢᠭᠡᠯᠡᠯᠭᠡ ᠶᠢᠨ ᠲᠡᠮᠳᠡᠭᠲᠦ ᠰᠣᠯᠢᠬᠤ ᠵᠡᠷᠭᠡ ᠠᠷᠭ᠎ᠠ ᠬᠡᠮᠵᠢᠶ᠎ᠡ ᠪᠠᠷ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠪᠠ᠃  ᠴᠠᠬᠢᠯᠭᠠᠨ ᠬᠦᠴᠦᠨ  ᠤ ᠣᠯᠠᠨ ᠲᠠᠯ᠎ᠠ ᠪᠠᠷ ᠠᠷᠠᠯᠵᠢᠶᠠᠯᠠᠬᠤ  ᠶᠢ ᠢᠳᠡᠪᠬᠢᠲᠡᠶ ᠥᠷᠨᠢᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ᠂ ︽ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠬᠦ︾᠂ ᠳᠤᠮᠳᠠ ᠵᠢᠵᠢᠭ ᠠᠵᠤ ᠠᠬᠤᠶᠢᠯᠠᠯ ᠤᠨ ᠭᠠᠶᠢᠯᠢ ᠶᠢ ᠬᠥᠩᠭᠡᠯᠡᠬᠦ ᠡᠯ᠎ᠡ ᠠᠵᠢᠯ ᠲᠦᠷᠦᠯ ᠤᠨ ᠠᠵᠤ ᠠᠬᠤᠶᠢᠯᠠᠯ ᠤᠨ ᠥᠪᠡᠷ ᠤᠨ ᠦᠷᠳᠡᠭ ᠢ 6.5 ᠳ᠋ᠦᠩᠰᠢᠭᠤᠷ ᠲᠥᠭᠦᠷᠢᠭ ᠪᠠᠭᠤᠷᠠᠭᠤᠯᠵᠠᠢ ᠃ ᠠᠵᠤ ᠦᠢᠯᠡᠰ ᠤᠨ ᠬᠥᠭᠵᠢᠯᠲᠡ᠂ ᠨᠡᠶᠢᠭᠡᠮ ᠠᠷᠠᠳ ᠤᠨ ᠠᠮᠢᠳᠤᠷᠠᠯ᠂ ᠠᠮᠢ ᠠᠬᠤᠶ ᠣᠷᠴᠢᠨ ᠠᠬᠤᠶ ᠶᠢ ᠬᠠᠮᠠᠭᠠᠯᠠᠬᠤ ᠵᠡᠷᠭᠡ ᠬᠦᠷᠢᠶᠡᠨ  ᠳᠠᠬᠢ ᠭᠤᠣᠯᠳᠠᠯᠭ᠎ᠠ ᠲᠠᠢ ᠲᠥᠷᠥᠯ ᠵᠦᠢᠯ ᠤᠨ  ᠪᠦᠲᠦᠭᠡᠨ  ᠪᠠᠶᠢᠭᠤᠯᠤᠯᠲᠠ ᠳᠤ 468 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠡᠶᠢᠳᠡ 813 ᠳ᠋ᠦᠩᠰᠢᠭᠤᠷ ᠲᠥᠭᠦᠷᠢᠭ ᠪᠡᠯᠡ ᠣᠷᠤᠭᠤᠯᠤᠯᠳᠠ ᠶᠢ  ᠪᠡᠶᠡᠯᠡᠭᠦᠯᠵᠦ᠂ ᠬᠥᠭᠵᠢᠯᠲᠡ ᠶᠢᠨ ᠳᠤᠲᠠᠭᠤᠳᠠᠯ ᠢᠯᠡᠳᠲᠡ ᠰᠠᠶᠢᠵᠢᠷᠠᠵᠠᠶ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠷᠲᠡᠭ ᠲᠠᠭᠢᠠ ᠢᠶᠠᠷ ᠨᠡᠮᠡᠭᠳᠡᠵᠦ᠂ ᠪᠦᠭᠦ  ᠨᠡᠶᠢᠭᠡᠮ ᠤᠨ ᠴᠠᠬᠢᠯᠭᠠᠨ ᠬᠡᠷᠡᠭᠯᠡᠬᠦ  ᠬᠡᠮᠵᠢᠶ᠎ᠡ 11%᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠶᠢᠨ ᠡᠷᠭᠢᠯᠲᠡ 14.2% ᠢᠶᠠᠷ ᠨᠡᠮᠡᠭᠳᠡᠵᠡᠢ᠃ ᠠᠵᠤ ᠠᠬᠤᠶ ᠶᠢᠨ ᠠᠵᠢᠯᠯᠠᠭᠠᠨ ᠤ ᠤᠷᠢᠳᠠᠪᠠᠷ ᠭᠦᠢᠴᠡᠳᠬᠡᠬᠦ ᠲᠤᠭ᠎ᠠ ᠶᠢᠨ ᠢᠯᠡᠷᠡᠯ ᠰᠠᠶᠢᠨ᠂ ᠲᠣᠭᠲᠠᠭᠤᠨ ᠬᠦᠭᠵᠢᠯᠲᠡ ᠶᠢᠨ ᠳᠣᠲᠣᠭᠠᠳᠤ ᠠᠭᠤᠯᠬᠤᠨ ᠤ ᠬᠡᠯᠪᠡᠷᠢ ᠪᠦᠬᠦᠢ ᠣᠨᠴᠠᠯᠢᠭ ᠰᠢᠨᠵᠢ ᠨᠡᠩ ᠢᠯᠡᠷᠬᠡᠶ ᠪᠣᠯᠵᠠᠶ᠃      ᠬᠤᠶᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠬᠦ ᠶᠢ ᠦᠷᠭᠦᠯᠵᠢᠯᠡᠨ ᠲᠦᠯᠬᠢᠨ ᠠᠬᠢᠭᠤᠯᠪᠠ  ᠃ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠶᠢᠵᠢᠭᠦᠯᠬᠦ ᠥᠭᠡᠷᠡᠴᠢᠯᠡᠯᠲᠡ ᠶᠢ ᠲᠦᠷᠭᠡᠳᠬᠡᠵᠦ᠂ ᠣᠷᠴᠢᠯ ᠠᠵᠤ ᠠᠬᠤᠶ ᠶᠢ ᠬᠥᠭᠵᠢᠭᠦᠯᠵᠦ᠂ ᠰᠦ ᠰᠠᠭᠠᠯᠢ  ᠶᠢᠨ ᠦᠢᠯᠠᠰ ᠤᠨ ᠲᠡᠰ ᠳᠡᠪᠰᠢᠬᠦ ᠶᠢ ᠠᠬᠢᠭᠤᠯᠬᠤ ᠠᠯᠢ ᠤᠯᠠᠨ ᠲᠦᠷᠦ ᠶᠢᠨ  ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠳᠤ ᠬᠦᠴᠦᠲᠡᠶ ᠲᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠵᠤ᠂ 12 ᠳ᠋ᠦᠩᠰᠢᠭᠤᠷ ᠲᠦᠭᠦᠷᠢᠭ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠪᠣᠯᠣᠨ 1 ᠳ᠋ᠦᠩᠰᠢᠭᠤᠷ ᠲᠦᠭᠦᠷᠢᠭ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠡᠬᠢᠯᠡᠨ ᠪᠠᠶᠢᠭᠤᠯᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠡ ᠪᠣᠯᠭᠠᠨ ᠪᠦᠲᠦᠭᠡᠨ ᠪᠠᠶᠢᠭᠤᠯᠬᠤ ᠠᠵᠢᠯ ᠢ ᠡᠬᠢᠯᠡᠭᠦᠯᠵᠦ᠂ 68 ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠦ ᠠᠬᠤᠶᠢᠯᠠᠯ᠂ 29 ᠰᠢᠨ᠎ᠡ ᠶᠢ ᠡᠭᠦᠳᠬᠦ ᠠᠵᠢᠯ ᠦᠢᠯᠡᠰ ᠪᠣᠰᠬᠠᠬᠤ ᠲᠠᠪᠴᠠᠩ ᠢ ᠪᠠᠶᠢᠭᠤᠯᠪᠠ᠃ ᠬᠤᠲᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠣ ᠦᠢᠯᠡᠰ ᠢ ᠲᠦᠷᠭᠡᠳᠬᠡᠨ ᠬᠦᠭᠵᠢᠭᠦᠯᠵᠦ᠂ ᠰᠡᠯᠡᠭᠦᠴᠡᠨ ᠲᠣᠭᠤᠷᠢᠬᠤ ᠵᠢᠱᠢᠶ᠎ᠡ ᠦᠵᠡᠭᠦᠯᠬᠦ ᠣᠷᠣᠨ 13 ᠶᠢ ᠪᠠᠶᠢᠭᠤᠯᠵᠣ᠂ ︽ᠨᠢᠭᠡ ᠭᠠᠴᠠᠭ᠎ᠠ ᠨᠢᠭᠡ ᠦᠢᠯᠡᠳᠬᠦᠨ︾ ᠲᠤᠰᠬᠠᠶ ᠠᠵᠢᠯ ᠤᠨ ᠲᠣᠰᠬᠤᠨ 54 ᠶᠢ ᠪᠠᠶᠢᠭᠤᠯᠣᠨ᠂ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ 1650 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠶᠢ ᠪᠡᠶᠡᠯᠡᠭᠦᠯᠵᠦ᠂ ᠪᠦᠬᠦ ᠣᠷᠣᠨ ᠤ ᠲᠡᠷᠢᠭᠦᠨ ᠪᠠᠶᠢᠷᠢᠨ ᠳᠤ ᠣᠷᠣᠪᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠡᠰ ᠳᠡᠪᠰᠢᠬᠦ᠂ ᠮᠡᠷᠭᠡᠵᠢᠯ ᠢ ᠥᠭᠡᠷᠡᠴᠢᠯᠡᠬᠦ ᠶᠢ ᠢᠳᠡᠪᠬᠢᠲᠡᠶ ᠲᠡᠮᠵᠢᠵᠤ᠂ ᠲᠣᠭᠲᠠᠬᠤ  ᠴᠢᠩ  ᠱᠦᠢ ᠾᠧ ᠶᠢᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠬᠢᠴᠠ ᠶᠢ ᠤᠷᠤᠭᠰᠢᠲᠠᠶ ᠶᠠᠪᠣᠭᠳᠠᠭᠤᠯᠵᠣ᠂ ᠵᠥᠩ ᠬᠤᠸᠠᠨ ᠳᠦᠷᠪᠡᠳᠦᠭᠡᠷ ᠬᠤᠭᠤᠴᠠᠭ᠎ᠠ᠂ ᠲᠠᠯᠠᠰᠲᠤ ᠴᠠᠭᠠᠷᠢᠭ  ᠬᠥᠬᠡ ᠪᠢᠨᠳᠠᠷᠢᠶ᠎ᠠ ᠶᠢᠨ ᠬᠤᠶᠠᠳᠤᠭᠠᠷ ᠬᠤᠭᠤᠴᠠᠭᠠᠨ ᠤ ᠦᠷᠭᠡᠳᠭᠡᠯ᠂ ᠸᠧ ᠲᠧ ᠮᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠭ ᠵᠡᠷᠭᠡ ᠴᠢᠬᠤᠯᠠ ᠶᠡᠭᠡ ᠲᠦᠷᠦᠯ ᠵᠦᠢᠯ ᠢ  ᠬᠡᠷᠡᠭᠯᠡᠭᠡᠨ ᠳᠤ ᠣᠷᠣᠭᠤᠯᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠲᠤᠮᠤ ᠳ᠋ᠠᠶᠢᠲ᠋ᠠ ᠶᠢᠨ ᠦᠢᠯᠡᠴᠢᠯᠡᠭᠡᠨ ᠤ ᠮᠠᠰᠢᠨ ᠴᠣᠭᠴᠠᠯᠠᠪᠤᠷᠢ ᠶᠢᠨ ᠴᠢᠳᠠᠮᠵᠢ 70 ᠲᠦᠮᠡ ᠶᠢ ᠳᠠᠪᠠᠵᠤ᠂ ᠵᠢᠭᠤᠯᠴᠢᠯᠠᠯ ᠤᠨ ᠬᠦᠯᠢᠶᠡᠨ ᠠᠪᠤᠭᠰᠠᠨ ᠬᠥᠮᠦᠨ ᠤ ᠲᠤᠭ᠎ᠠ᠂ ᠵᠢᠭᠤᠯᠴᠢᠯᠠᠯ ᠤᠨ ᠣᠷᠣᠯᠭ᠎ᠠ ᠲᠤᠰ ᠲᠤᠰ 13 % ᠪᠠ 23 % ᠪᠠᠷ  ᠨᠡᠮᠡᠭᠳᠡᠨ᠂ ᠤᠳᠤ  ᠦᠶ᠎ᠡ ᠶᠢᠨ ᠦᠢᠯᠡᠴᠢᠯᠡᠭᠡᠨ ᠤ ᠦᠢᠯᠡᠰ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ 40% ᠳᠤ ᠬᠦᠷᠴᠠᠢ᠃      ᠭᠤᠷᠪᠠ ᠳᠤ᠂ ᠬᠤᠳᠠ ᠶᠢᠨ ᠰᠠᠭᠤᠷᠢᠰᠢᠬᠤ ᠳᠤ ᠲᠤᠬᠢᠷᠠᠬᠤ ᠨᠦᠭᠦᠴᠡᠯ ᠢ ᠶᠡᠬᠡᠪᠡᠷ ᠳᠡᠭᠡᠭᠰᠢᠯᠡᠭᠦᠯᠪᠡ᠃ ᠪᠠᠶᠠᠨ ᠵᠠᠮ᠂ ᠵᠤᠤ ᠤᠳᠠ ᠵᠠᠮ᠂ ᠵᠣᠣ ᠵᠢᠶᠦ᠋ᠨ ᠵᠠᠮ᠂ ᠶᠢᠨ ᠬᠠᠢ ᠲᠦᠷᠭᠡᠨ ᠵᠠᠮ ᠤᠨ ᠥᠭᠡᠷᠡᠴᠢᠯᠡᠨ ᠳᠡᠭᠡᠭᠰᠢᠯᠡᠭᠦᠯᠬᠦ ᠪᠠ ᠬᠤᠲᠠ ᠲᠤᠭᠤᠷᠢᠭᠰᠠᠨ ᠭᠤᠷᠪᠠᠳᠤᠭᠠᠷ ᠲᠦᠷᠭᠡᠨ ᠵᠠᠮ ᠤᠨ ᠢᠨᠵᠧᠨᠧᠷᠢᠩ ᠢ ᠡᠬᠢᠯᠡᠨ  ᠪᠠᠶᠢᠭᠤᠯᠵᠤ᠂ 13 ︽ᠮᠤᠬᠤᠷ ᠵᠠᠮ︾ ᠢ ᠨᠡᠪᠲᠡᠷᠡᠭᠦᠯᠵᠦ᠂ ᠰᠢᠨ᠎ᠡ ᠪᠠᠷ ᠪᠠᠶᠢᠭᠤᠯᠤᠭᠰᠠᠨ ᠦᠷᠭᠦᠯᠵᠢᠯᠡᠨ ᠵᠠᠰᠠᠭᠰᠠᠨ ᠵᠠᠮ 8 ᠵᠣᠷᠪᠣᠰ᠂ ᠭᠤᠣᠯ ᠳᠡᠳ᠋ ᠵᠠᠮ 32 ᠵᠤᠷᠪᠤᠰ᠂ ᠪᠠᠭ᠎ᠠ ᠵᠡᠭᠡᠯᠢ  ᠭᠤᠳᠤᠮᠵᠢ 265 ᠵᠣᠷᠪᠤᠰ ᠢ ᠦᠭᠡᠷᠡᠴᠢᠯᠡᠨ ᠵᠠᠰᠠᠵᠠᠢ᠃ ᠲᠠᠪᠤᠨ ᠶᠡᠭᠡ ᠲᠥᠷᠥᠯ ᠤᠨ 25 ᠵᠦᠢᠯ ᠤᠨ ᠬᠤᠳᠠ ᠶᠢᠨ ᠣᠷᠴᠢᠨ ᠠᠬᠤᠶ ᠶᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠨᠢᠭᠦᠯᠵᠦ᠂ ᠬᠤᠳᠠ ᠶᠢᠨ ᠰᠠᠭᠤᠷᠢᠰᠢᠬᠤ ᠳᠤ ᠲᠤᠬᠢᠷᠠᠬᠤ ᠨᠦᠭᠦᠴᠡᠯ ᠢ ᠬᠦᠴᠦᠯᠡᠨ ᠳᠡᠭᠡᠭᠰᠢᠯᠡᠭᠦᠯᠪᠡ᠃ 833 ᠣᠷᠣᠨ ᠰᠠᠭᠤᠴᠠ ᠶᠢᠨ ᠲᠣᠭᠤᠷᠢᠭ ᠪᠣᠯᠣᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠠᠵᠢᠯ ᠢ ᠬᠢᠵᠦ᠂ 9.8 ᠲᠦᠮᠡᠨ ᠬᠦᠢᠲᠡᠨ ᠪᠠᠶᠢᠰᠢᠩ᠂ ᠲᠦᠷᠢᠮ ᠢ ᠵᠥᠷᠢᠴᠡᠭᠰᠡᠨ ᠪᠠᠷᠢᠯᠭ᠎ᠠ 3 ᠲᠦᠮᠡ ᠶᠢ ᠨᠣᠷᠠᠭᠠᠪᠠ᠃ 574 ᠬᠤᠷᠢᠶᠠᠯᠠᠯ ᠳᠤ ᠲᠤᠰᠬᠠᠶ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠲᠠᠢ ᠪᠣᠯᠵᠤ᠂ 1085 ᠬᠤᠷᠢᠶᠠᠯᠠᠯ ᠳᠤ ᠢᠵᠢ ᠪᠦᠷᠢᠳᠦᠭᠰᠡᠨ ᠠᠳᠠᠯ ᠠᠬᠤᠶ ᠶᠢᠨ ᠦᠢᠯᠡᠴᠢᠯᠡᠭᠡ ᠬᠠᠩᠭᠠᠪᠠ᠃ ᠡᠯ᠎ᠡ ᠲᠦᠷᠦᠯ ᠤᠨ ᠬᠤᠭ ᠨᠣᠪᠰᠢ ᠶᠢ 233 ᠲᠦᠮᠡᠨ ᠲᠣᠨ  ᠴᠡᠪᠡᠷᠯᠡᠵᠦ ᠂ ︽ᠭᠤᠷᠪᠠᠨ ᠵᠠᠮᠪᠠᠷᠠᠭ᠎ᠠ ᠦᠭᠡᠢ︾ ᠵᠠᠷ ᠢ 355 ᠲᠦᠮᠡ ᠠᠷᠢᠯᠭᠠᠵᠦ᠂ ᠰᠢᠨ᠎ᠡ ᠪᠠᠷ  ᠪᠠᠶᠢᠭᠤᠯᠤᠨ ᠥᠭᠡᠷᠡᠴᠢᠯᠡᠨ ᠵᠠᠰᠠᠬᠤ᠂ ᠪᠣᠴᠠᠭᠠᠨ ᠬᠤᠳᠠᠯᠳᠤᠨ ᠠᠪᠬᠤ᠂ ᠲᠦᠷᠢᠶᠡᠰᠦᠯᠡᠬᠦ ᠵᠡᠷᠭᠡ ᠠᠷᠭ᠎ᠠ ᠬᠡᠯᠪᠡᠷᠢ ᠪᠠᠷ  3085 ᠨᠡᠶᠢᠲᠡ ᠶᠢᠨ ᠵᠣᠷᠯᠣᠩ ᠶᠢ ᠪᠠᠶᠢᠭᠤᠯᠵᠠᠢ᠃ ᠬᠤᠲᠠ ᠶᠢᠨ ᠨᠣᠭᠤᠭᠠᠷᠠᠭᠤᠯᠤᠯᠲᠠ ᠶᠢᠨ ᠬᠡᠮᠵᠢᠶ᠎ᠡ ᠢᠯᠡᠷᠬᠡᠢ ᠳᠡᠭᠡᠭᠰᠢᠯᠡᠵᠦ᠂ 62  ᠭᠤᠣᠯ ᠳᠡᠳ᠋ ᠵᠡᠭᠡᠯᠢ᠂ 2108 ᠪᠠᠷᠢᠯᠭ᠎ᠠ ᠶᠢᠨ ᠭᠠᠳᠠᠷ ᠦᠵᠡᠮᠵᠢ ᠶᠢ ᠦᠭᠡᠷᠡᠴᠢᠯᠡᠵᠦ᠂ ᠬᠠᠶᠠᠭᠳᠠᠯ ᠳᠣᠪᠤᠴᠠᠭ ᠠᠭᠤᠯᠠ᠂ ᠬᠦᠪᠡᠭᠡ ᠵᠠᠬ᠎ᠠ ᠶᠢᠨ ᠭᠠᠵᠠᠷ 1.6 ᠲᠦᠮᠡᠨ ᠮᠦ ᠶᠢ ᠠᠰᠢᠭᠯᠠᠨ 179 ᠴᠡᠴᠡᠷᠯᠢᠭ ᠰᠢᠨ᠎ᠡ ᠪᠠᠷ ᠪᠠᠶᠢᠭᠤᠯᠣᠭᠰᠠᠨ ᠪᠣᠶᠣ ᠥᠭᠡᠷᠡᠴᠢᠯᠡᠨ ᠪᠠᠶᠢᠭᠤᠯᠪᠠ᠃ ᠬᠤᠳᠠ ᠶᠢᠨ ᠬᠠᠮᠢᠶᠠᠷᠤᠯᠲᠠ ᠶᠢᠨ ᠡᠮᠬᠢ ᠳᠦᠷᠢᠮ ᠢ ᠪᠦᠬᠦ ᠲᠠᠯ᠎ᠠ ᠪᠠᠷ ᠴᠡᠭᠴᠡᠯᠡᠵᠦ᠂ ᠳᠡᠯᠭᠡᠭᠦᠷ ᠤᠨ ᠭᠠᠳᠠᠭᠰᠢ ᠮᠠᠶᠢᠮᠠᠢ ᠳᠡᠯᠭᠡᠬᠦ  ᠶᠢ 7.3 ᠲᠦᠮᠨ᠂ ᠶᠠᠪᠤᠭᠤᠯ ᠮᠠᠶᠢᠮᠠᠶ 7 ᠲᠦᠮᠡ᠂ ᠵᠠᠮ ᠡᠵᠡᠯᠡᠭᠰᠡᠨ ᠡᠵᠡᠩᠨᠡᠯᠲᠡ1.3 ᠲᠦᠮᠡ ᠶᠢ ᠴᠡᠭᠴᠡᠯᠡᠨ ᠵᠣᠭᠰᠣᠭᠠᠵᠣ᠂ 1148 ᠬᠤᠷᠢᠶᠠᠯᠠᠯ᠂ 24 ᠵᠤᠷᠪᠤᠰ ᠵᠠᠮ ᠤᠨ ︽ᠠᠭᠠᠯᠵᠢᠨ ᠲᠣᠣᠷ︾ ᠢ ᠴᠡᠭᠴᠡᠯᠡᠨ ᠵᠠᠰᠠᠵᠠᠢ᠃ ᠰᠢᠯᠤᠭᠤᠳᠬᠠᠬᠤ ᠪᠠ ᠲᠦᠭᠵᠢᠷᠡᠬᠦ ᠶᠢ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ ᠰᠤᠷᠤᠭᠴᠢᠳ ᠤᠨ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠱᠤᠭᠤᠮ 10 ᠵᠣᠷᠪᠣᠰ᠂  ᠰᠠᠯᠠᠭ᠎ᠠ ᠱᠤᠭᠤᠮ 10 ᠵᠣᠷᠪᠤᠰ᠂ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ 10 ᠵᠤᠷᠪᠤᠰ ᠰᠢᠨ᠎ᠡ ᠪᠠᠷ ᠨᠡᠮᠡᠭᠳᠡᠭᠦᠯᠵᠦ᠂ 386 ᠨᠡᠶᠢᠲᠡ ᠶᠢᠨ ᠮᠠᠰᠢᠨ ᠲᠡᠷᠭᠡ ᠬᠤᠳᠠᠯᠳᠤᠨ ᠠᠪᠴᠤ᠂ ᠲᠡᠷᠭᠡᠨ ᠵᠣᠭᠰᠤᠭᠠᠯ ᠢ 1.8 ᠲᠦᠮᠨ ᠵᠠᠭᠠᠭᠯᠠᠨ ᠵᠢᠷᠤᠵᠠᠢ᠃  1.5 ᠲᠦᠮᠡᠨ ᠡᠷᠦᠬᠡ ᠬᠤᠭᠤᠯᠠ ᠤᠮᠳᠠᠭᠠᠨ ᠤ ᠨᠢᠭᠡᠴᠡ  ᠳᠤ ︽ᠲᠣᠭᠤᠭᠠᠨ ᠭᠡᠷ ᠤᠨ  ᠬᠤᠪᠢᠰᠤᠯᠲᠠ︾ ᠶᠢ ᠦᠷᠨᠢᠭᠦᠯᠵᠦ᠂ 7000 ᠰᠦᠯᠵᠢᠶ᠎ᠡ ᠪᠠᠷ ᠬᠤᠭᠤᠯᠠ ᠵᠠᠬᠢᠶᠠᠯᠠᠬᠤ ᠬᠤᠳᠠᠯᠳᠤᠭᠠᠨ ᠤ ᠡᠷᠦᠬᠡ ᠶᠢ ᠳᠦᠷᠢᠮᠰᠢᠭᠦᠯᠵᠦ᠂ ᠪᠦᠬᠦ  ᠬᠤᠲᠠ ᠶᠢᠨ  2587 ︽ᠵᠢᠵᠢᠭ ᠬᠤᠭᠤᠯᠠᠨ ᠰᠢᠷᠡᠭᠡ︾ ᠶᠢ ᠲᠡᠮᠳᠡᠭᠯᠡᠨ ᠳᠠᠩᠰᠠᠯᠠᠵᠤ᠂ ᠢᠳᠡᠭᠡᠨ ᠡᠮ ᠤᠨ ᠵᠦᠢᠯ ᠤᠨ ᠶᠡᠭᠡ ᠠᠳᠡᠯ ᠬᠡᠷᠡᠭ ᠡᠭᠦᠰᠦᠭᠰᠡᠨ  ᠦᠭᠡᠢ᠃      ᠲᠦᠷᠪᠡ ᠳᠤ᠂ ᠬᠤᠷᠢᠨᠭᠡᠷ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠪᠡ᠃ ︽ᠠᠮᠢ ᠠᠬᠤᠶ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠭᠤᠯᠤᠯᠲᠠ᠂ ᠬᠤᠳᠠ ᠶᠢᠨ ᠦᠵᠢᠮᠵᠢᠭᠦᠯᠦᠯᠲᠡ᠂ ᠪᠦᠲᠦᠭᠡᠨ ᠪᠠᠶᠢᠭᠤᠯᠣᠯᠲᠠ ᠶᠢᠨ ᠣᠳᠣᠬᠢᠴᠢᠯᠠᠯᠲᠠ︾ ᠶᠢᠨ ᠵᠠᠷᠴᠢᠮ ᠶᠣᠰᠣᠭᠠᠷ᠂ ᠰᠢᠨ᠎ᠡ ᠲᠣᠭᠤᠷᠢᠭ ᠤᠨ ᠶᠡᠷᠦᠩᠬᠡᠢ  ᠲᠦᠯᠦᠪᠵᠢᠭᠦᠯᠭᠡ ᠪᠣᠯᠣᠨ ᠰᠡᠶᠢᠮᠡᠬᠡᠷ ᠬᠤᠳᠠ᠂ ᠶᠡᠷᠦᠩᠬᠡᠢ ᠬᠤᠭᠤᠯᠠᠶ ᠶᠢᠨ ᠬᠤᠩᠭᠢᠯ ᠵᠡᠷᠭᠡ 13 ᠲᠤᠰᠬᠠᠶ ᠲᠦᠯᠦᠪᠯᠡᠭᠡ ᠶᠢ ᠦᠨᠳᠦᠷ ᠲᠦᠪᠰᠢᠨ ᠢᠶᠠᠷ  ᠲᠦᠯᠦᠪᠵᠢᠭᠦᠯᠪᠡ᠃ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠦᠭᠡᠮᠨᠡᠷᠡᠯ ᠤᠨ ᠵᠢᠵᠢᠭ ᠪᠠᠯᠭᠠᠰᠤ᠂ ᠰᠤᠷᠭᠠᠨ ᠬᠥᠮᠦᠵᠢᠯ ᠤᠨ ᠵᠢᠵᠢᠭ ᠪᠠᠯᠭᠠᠰᠤ᠂ ᠰᠣᠪᠢᠯᠠᠯᠲᠠ ᠶᠢᠨ ᠵᠢᠵᠢᠭ ᠪᠠᠯᠭᠠᠰᠤ ᠵᠡᠷᠭᠡ ᠠᠵᠤ ᠦᠢᠯᠡᠰ ᠤᠨ  ᠬᠦᠭᠵᠢᠯᠲᠡ ᠶᠢᠨ ᠲᠠᠪᠴᠠᠩ ᠪᠠᠶᠢᠭᠤᠯᠵᠤ᠂ ᠮᠢᠺᠷᠤᠰᠤᠹᠲ ᠰᠢᠨ᠎ᠡ ᠶᠢ ᠡᠭᠦᠳᠬᠦ ᠨᠡᠪᠴᠢᠭᠦᠯᠦᠭᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠭᠡᠷ ᠰᠤᠳᠤᠯᠬᠤ ᠭᠠᠵᠠᠷ ᠤᠨ ᠲᠤᠭ᠎ᠠ ᠪᠠᠷᠢᠮᠲᠠ ᠶᠢᠨ ᠲᠥᠪ᠂ ᠲᠠᠸᠠᠷ ᠤᠨ ᠠᠴᠢᠶᠠᠨ ᠤ ᠮᠠᠰᠢᠨ ᠤ  ᠴᠤᠭᠯᠠᠷᠠᠯ ᠤᠨ ᠮᠡᠳᠡᠭᠡ ᠵᠠᠩᠭᠢ ᠶᠢᠨ ᠲᠠᠪᠴᠠᠩ᠂ ᠮᠧᠩ ᠨᠢᠤ ᠪᠦᠬᠦ ᠪᠥᠮᠪᠥᠷᠴᠡᠭ ᠤᠨ ᠡᠯᠧᠺᠲᠷᠣᠨ ᠬᠤᠳᠠᠯᠳᠤᠭᠠᠨ ᠤ ᠲᠠᠪᠴᠠᠩ᠂ ᠪᠠᠶ ᠶᠦᠨ ᠴᠠᠬᠢᠯᠭᠠᠨ ᠬᠡᠷᠡᠭᠰᠡᠯ ᠤᠶᠤᠨᠲᠤ ᠴᠠᠬᠢᠯᠭᠠᠨ ᠲᠣᠣᠷ ᠤᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠤᠭᠤᠰᠣᠨ ᠪᠠᠶᠢᠭ᠎ᠠ ᠭᠤᠣᠯᠳᠠᠯᠭ᠎ᠠ ᠪᠦᠬᠦᠢ ᠲᠦᠷᠦᠯ ᠵᠦᠢᠯ ᠤᠨ ᠭᠡᠷ᠎ᠡ ᠲᠣᠭᠲᠠᠵᠠᠢ᠃ ︽ᠬᠤᠶᠠᠷ ᠮᠥᠷᠡᠨ ᠨᠢᠭᠡ ᠬᠤᠨᠭ᠍ᠭᠢᠯ︾ ᠠᠮᠢ  ᠠᠬᠤᠢ ᠶᠢᠨ ᠢᠨᠵᠧᠨᠧᠷᠢᠩ  ᠤᠨ ᠪᠦᠲᠦᠭᠡᠨ ᠪᠠᠶᠢᠭᠤᠯᠤᠯᠲᠠ᠂ ᠶᠢᠨ ᠱᠧᠩ ᠲᠦᠷᠭᠡᠨ ᠵᠠᠮ ᠢ ᠥᠭᠡᠷᠡᠴᠢᠯᠡᠨ ᠵᠠᠰᠠᠬᠤ᠂ ᠭᠤᠣᠯ ᠳᠡᠳ᠋ ᠵᠡᠭᠡᠯᠢ ᠭᠤᠲᠤᠮᠵᠢ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠶ ᠬᠤᠩᠭᠢᠯ᠂ ᠤᠰᠤ ᠴᠠᠬᠢᠯᠭᠠᠨ ᠬᠡᠢ ᠳᠣᠯᠠᠭᠠᠴᠠᠯᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢ ᠡᠬᠢᠯᠡᠭᠦᠯᠦᠨ ᠪᠠᠶᠢᠭᠤᠯᠵᠣ᠂ ᠬᠤᠷᠢᠨᠭᠡᠷ ᠰᠢᠨ᠎ᠡ ᠲᠣᠭᠤᠷᠢᠭ ᠤᠨ  ᠪᠦᠳᠦᠭᠡᠨ ᠪᠠᠶᠢᠭᠤᠯᠤᠯᠲᠠ ᠯᠠᠪᠳᠠᠭᠤᠨ ᠪᠠᠲᠤᠲᠠᠶ ᠶᠠᠪᠤᠭᠳᠠᠵᠤ ᠡᠬᠢᠯᠡᠪᠡ᠃      ᠲᠠᠪᠤ ᠳᠤ᠂ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠠᠢ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ  ᠶᠢ ᠢᠳᠡᠪᠬᠢᠲᠡᠶ ᠦᠷᠨᠢᠭᠦᠯᠵᠦ᠂ 10 ᠠᠭᠤᠷᠰᠢᠯᠲᠠ ᠶᠢᠨ ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠴᠤᠴᠠᠯᠠᠨ ᠨᠡᠶᠢᠯᠡᠭᠦᠯᠵᠦ᠂ 8 ᠭᠠᠯ ᠴᠠᠬᠢᠯᠭᠠᠨ ᠤ ᠮᠠᠰᠢᠨ ᠴᠣᠭᠴᠠᠯᠠᠪᠤᠷᠢ  ᠶᠢᠨ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠱᠧᠩ ᠯᠧ ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ ᠢᠷᠡᠯᠲᠡ ᠶᠢᠨ ᠬᠥᠬᠡᠬᠤᠲᠠ ᠣᠷᠣᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ 2899 ᠰᠢᠷ᠎ᠠ ᠲᠡᠮᠳᠡᠭᠲᠦ ᠲᠡᠷᠭᠡ ᠶᠢ ᠰᠢᠭᠰᠢᠵᠡᠢ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠵᠤ᠂ ︽ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ︾ ᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ 5 ᠪᠣᠬᠢᠷ ᠤᠰᠤ ᠭᠠᠳᠠᠭᠰᠢᠯᠠᠭᠤᠯᠬᠤ ᠦᠢᠯᠡᠳᠪᠦᠷᠢ ᠶᠢᠨ ᠭᠦᠨᠴᠡ ᠶᠢ ᠥᠷᠭᠡᠳᠬᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠭᠤᠷᠪᠠᠨ ᠬᠠᠲᠤᠨ ᠣᠭᠲᠣᠯᠤᠭᠠᠰᠤ ᠶᠢᠨ ᠤᠰᠤᠨ ᠤ ᠴᠢᠨᠠᠷ ᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠨ᠂ ᠶᠡᠭᠡ ᠲᠦᠷᠭᠡᠨ ᠭᠤᠣᠯ ᠤᠨ ᠬᠠᠲᠤᠨ ᠣᠭᠲᠣᠯᠤᠭᠠᠰᠤ ᠶᠢᠨ ᠤᠰᠤᠨ ᠤ ᠴᠢᠨᠠᠷ ᠢ ᠢᠯᠡᠳᠲᠡ ᠰᠠᠶᠢᠵᠢᠷᠠᠭᠤᠯᠪᠠ᠃ ︽ᠠᠭᠤᠯᠠ ᠬᠤᠳᠠ  ᠶᠢ ᠨᠡᠶᠢᠯᠡᠭᠦᠯᠦᠨ ᠬᠤᠲᠠᠴᠢᠯᠠᠬᠤ︾ ᠪᠠᠶᠢᠯᠳᠤᠬᠤ ᠪᠤᠳᠤᠯᠭ᠎ᠠ᠂ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠲᠣᠭᠲᠠᠭᠠᠵᠤ᠂ ᠳᠠᠯᠠᠨ ᠬᠠᠷ᠎ᠠ ᠠᠭᠤᠯᠠ ᠣᠷᠴᠢᠮ ᠤᠨ ᠦᠢᠯᠡᠳᠪᠦᠷᠢ ᠠᠭᠤᠷᠬᠠᠶ ᠠᠵᠤ ᠠᠬᠤᠶᠢᠯᠠᠯ ᠢ ᠪᠦᠬᠦ ᠲᠠᠯ᠎ᠠ ᠪᠠᠷ ᠵᠣᠭᠰᠣᠭᠠᠵᠤ᠂ 45 ᠲᠦᠮᠡᠨ ᠮᠦ ᠤᠢ ᠮᠤᠳᠤ ᠶᠢᠨ ᠠᠮᠢ ᠠᠬᠤᠶ ᠶᠢᠨ ᠪᠥᠳᠥᠭᠡᠨ  ᠪᠠᠶᠢᠭᠤᠯᠤᠯᠲᠠ ᠶᠢ ᠬᠢᠭᠰᠡᠨ ᠪᠠᠶᠢᠨ᠎ᠠ᠃      ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠡᠢ᠃ 12 ᠵᠦᠢᠯ ᠤᠨ  ᠣᠨᠢᠨ ᠲᠡᠭᠡᠷ᠎ᠡ ᠨᠢ ᠶᠠᠳᠠᠭᠤ ᠶᠢ ᠲᠡᠳᠬᠦᠬᠦ  ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠵᠢᠯ ᠤᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠶᠡᠬᠡᠪᠡᠷ ᠲᠡᠳᠬᠦᠨ ᠲᠡᠮᠵᠢᠵᠦ᠂ 4.1 ᠲᠦᠮᠡᠨ ᠬᠦᠮᠦᠨ ᠬᠤᠳᠠ ᠪᠠᠯᠭᠠᠰᠤᠨ ᠳᠤ ᠰᠢᠨ᠎ᠡ ᠪᠠᠷ ᠠᠵᠢᠯ ᠣᠯᠵᠤ᠂ 27.9  ᠲᠦᠮᠡᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠵᠦ ᠠᠵᠢᠯ ᠣᠯᠭᠤᠵᠠᠢ᠃ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠪᠣᠯᠤᠨ ᠲᠡᠩᠬᠡᠷᠡᠭᠦᠯᠦᠨ ᠲᠤᠰᠠᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠢᠶᠠᠭᠰᠠᠨ ᠡᠯ᠎ᠡ ᠲᠦᠷᠦᠯ ᠤᠨ ᠨᠡᠶᠢᠭᠡᠮ ᠤᠨ ᠳᠠᠭᠠᠳᠬᠠᠯ ᠤᠨ ᠮᠦᠩᠭᠦ ᠶᠢᠨ  ᠶᠡᠷᠦᠩᠬᠡᠢ ᠲᠤᠭ᠎ᠠ 152 ᠳ᠋ᠦᠩᠰᠢᠭᠤᠷ ᠲᠥᠭᠦᠷᠢᠭ ᠬᠦᠷᠴᠦ᠂ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠬᠥᠮᠦᠨ ᠪᠦᠷᠢ ᠳᠤᠮᠳᠠᠴᠢ ᠪᠠᠷ ᠰᠠᠷ᠎ᠠ ᠪᠦᠷᠢ 2430 ᠲᠦᠭᠦᠷᠢᠭ ᠬᠦᠷᠴᠦ᠂ ᠬᠤᠳᠠ ᠪᠣᠯᠣᠨ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 620 ᠲᠥᠭᠦᠷᠢᠭ  ᠪᠤᠯᠤᠨ ᠵᠢᠯ ᠪᠦᠷᠢ ᠬᠥᠮᠦᠨ ᠨᠢᠭᠡᠪᠦᠷᠢ ᠳᠤ 5200 ᠲᠥᠭᠦᠷᠢᠭ ᠪᠣᠯᠭᠠᠨ ᠨᠡᠮᠡᠭᠳᠡᠭᠦᠯᠪᠡ᠃ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠬᠡᠷᠡᠭᠳᠡᠢ ᠬᠦᠮᠦᠨ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠶᠡᠭᠡ ᠰᠤᠷᠭᠠᠭᠤᠯᠢ ᠶᠢᠨ ᠣᠶᠤᠲᠠᠨ᠂ ᠬᠦᠨᠳᠦ ᠡᠪᠡᠳᠴᠢᠨ ᠲᠠᠢ᠂ ᠬᠡᠰᠡᠭ ᠬᠦᠴᠢᠷᠳᠡᠯᠲᠡᠶ ᠵᠡᠮᠳᠡᠭ ᠬᠥᠮᠦᠨ ᠂ ᠬᠦᠨᠳᠦ ᠡᠪᠡᠳᠴᠢᠲᠡᠨ ᠵᠡᠷᠭᠡ ᠬᠦᠮᠦᠰ ᠲᠤ ᠣᠯᠠᠨ ᠲᠦᠮᠡᠨ ᠳᠤ ᠲᠠᠷᠬᠠᠭᠠᠬᠤ ᠲᠤᠰᠠᠯᠠᠮᠵᠢ ᠶᠢᠨ ᠮᠥᠩᠭᠦ 5.6 ᠳ᠋ᠦᠩᠰᠢᠭᠤᠷ  ᠲᠦᠭᠦᠷᠢᠭ ᠣᠯᠭᠤᠪᠠ᠃ ᠨᠡᠶᠢᠲᠡ ᠶᠢᠨ ᠲᠦᠷᠢᠶᠡᠰᠦᠨ ᠭᠡᠷ 7252 ᠢ ᠬᠤᠪᠢᠶᠡᠷᠯᠠᠵᠦ᠂ 2.3ᠲᠦᠮᠡᠨ ᠢᠵᠢ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠦᠭᠡᠷᠡᠴᠢᠯᠡᠨ᠂ 1.4 ᠲᠦᠮᠡᠨ ᠡᠷᠦᠬᠡ ᠣᠯᠠᠨ ᠲᠦᠮᠡᠨ ᠤ ᠲᠡᠬᠢᠠ ᠪᠤᠴᠠᠵᠤ ᠲᠥᠪᠬᠢᠨᠡᠭᠦᠯᠬᠦ ᠣᠷᠣᠨ ᠰᠠᠭᠤᠴᠠ ᠶᠢᠨ  ᠠᠰᠠᠭᠤᠳᠠᠯ ᠢ  ᠰᠢᠢᠳᠪᠦᠷᠢᠯᠡᠭᠰᠡᠨ ᠪᠠᠶᠢᠨ᠎ᠠ᠃      ᠰᠤᠷᠭᠠᠨ ᠬᠥᠮᠦᠵᠢᠯ ᠢ ᠡᠩ ᠲᠡᠷᠢᠭᠦᠨ ᠳᠤ ᠬᠦᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠪᠣᠯᠣᠨ ᠬᠡᠦᠬᠡᠳ ᠤᠨ ᠴᠡᠴᠡᠷᠯᠢᠭ  ᠵᠡᠷᠭᠡ 11 ᠰᠤᠷᠭᠠᠭᠤᠯᠢ ᠶᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠰᠤᠷᠤᠯᠭ᠎ᠠ ᠶᠢᠨ ᠣᠷᠣᠨ ᠲᠤᠭ᠎ᠠ 1.4 ᠲᠦᠮᠡ ᠨᠡᠮᠡᠭᠳᠡᠪᠡ᠃ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ 31ᠡᠮᠨᠡᠯᠭᠡ ᠶᠢᠨ ᠬᠤᠯᠪᠣᠭᠠᠲᠤ ᠴᠣᠭᠴᠠ ᠪᠠᠶᠢᠭᠤᠯᠵᠤ᠂ ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠭᠰᠠᠨ ᠰᠠᠭᠤᠭᠠᠯᠢ ᠠᠷᠠᠳ131.1 ᠲᠦᠮᠡᠨ ᠬᠦᠮᠦᠨ᠂ 52 ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠦᠨ᠎ᠡ ᠨᠡᠮᠡᠨ ᠬᠤᠳᠠᠯᠳᠤᠬᠤ ᠶᠢ ᠪᠦᠬᠦᠨ ᠢ ᠬᠦᠴᠦᠨ ᠦᠭᠡᠶ ᠪᠣᠯᠭᠠᠵᠤ᠂ ᠡᠪᠡᠳᠴᠢᠲᠡᠨ ᠳᠤ ᠨᠡᠶᠢᠳᠡ 5.2 ᠳ᠋ᠦᠩᠰᠢᠭᠤᠷ ᠲᠥᠭᠦᠷᠢᠭ ᠤᠨ ᠵᠠᠷᠤᠳᠠᠯ ᠢ ᠠᠷᠪᠢᠯᠠᠨ ᠥᠭᠴᠡᠢ᠃ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ  ᠤᠨ ᠵᠢᠱᠢᠶ᠎ᠡ ᠦᠵᠡᠭᠦᠯᠬᠦ  ᠣᠷᠣᠨ ᠢ ᠢᠳᠡᠪᠬᠢᠲᠡᠶ ᠡᠭᠦᠳᠦᠨ ᠪᠠᠶᠢᠭᠤᠯᠵᠤ ᠂ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠶ ᠵᠡᠷᠭᠡ10 ᠭᠤᠣᠯᠳᠠᠯᠭ᠎ᠠ ᠲᠠᠢ ᠰᠣᠶᠣᠯ ᠤᠨ ᠲᠠᠯᠠᠪᠠᠶ ᠂ ᠳᠠᠯᠠᠨ ᠬᠠᠷ᠎ᠠ ᠠᠭᠤᠯᠠ ᠶᠢᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ  ᠴᠡᠴᠡᠷᠯᠢᠭ ᠢ ᠬᠡᠷᠡᠭᠯᠡᠯᠲᠡ ᠳᠤ ᠣᠷᠣᠭᠤᠯᠵᠤ᠂ ︽ᠲᠡᠮᠡᠭᠡᠨ  ᠵᠢᠩ︾ ᠵᠡᠷᠭᠡ ᠦᠨᠳᠦᠰᠦᠲᠡᠨ ᠤ ᠪᠥᠵᠢᠭᠲᠦ ᠵᠦᠴᠦᠭᠡ  ᠪᠦᠬᠦ ᠤᠯᠤᠰ ᠪᠣᠯᠣᠨ ᠳᠡᠯᠡᠬᠡᠶ ᠶᠢᠨ ᠲᠠᠪᠴᠠᠩ ᠳᠤ ᠬᠦᠮᠦᠰ ᠤᠨ ᠬᠠᠷᠠᠭᠠᠨ ᠳᠤ ᠣᠷᠤᠵᠠᠢ᠃ ᠪᠡᠶ᠎ᠡ ᠲᠠᠮᠢᠷ ᠤᠨ ᠦᠢᠯᠡᠰ ᠲᠦᠷᠭᠡᠨ ᠬᠥᠭᠵᠢᠵᠦ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠪᠡᠶ᠎ᠡ ᠲᠠᠮᠢᠷ ᠤᠨ ᠲᠠᠯᠠᠪᠠᠢ 2.2 ᠲᠡᠭᠰᠢ ᠳᠦᠷᠪᠡᠯᠵᠢᠨ ᠮᠧᠲᠷ ᠬᠦᠷᠴᠦ᠂ ᠪᠦᠬᠦ ᠤᠯᠤᠰ ᠤᠨ ᠳᠤᠮᠳᠠᠴᠢ  ᠬᠡᠮᠵᠢᠶ᠎ᠡ ᠠᠴᠠ ᠦᠨᠳᠦᠷ ᠪᠣᠯᠵᠠᠢ᠃      ᠠᠮᠤᠷ ᠲᠠᠶᠢᠪᠤᠩ ᠲᠥᠪ ᠬᠤᠲᠠ ᠶᠢᠨ ᠪᠥᠳᠥᠭᠡᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠠᠬᠢᠭᠤᠯᠵᠤ  ᠂  ᠪᠦᠬᠦ ᠠᠵᠢᠯ ᠲᠦᠷᠤᠯ᠂ ᠭᠠᠵᠠᠷ ᠣᠷᠣᠨ ᠳᠤ ᠠᠶᠣᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠦ ᠴᠡᠭᠴᠡᠯᠡᠨ ᠵᠠᠰᠠᠵᠠᠢ᠃ ᠪᠦᠬᠦ ᠵᠢᠯ ᠳᠤ ᠠᠳᠡᠯ ᠬᠡᠷᠡᠭ 30.3 % ᠪᠠᠷ  ᠪᠠᠭᠤᠷᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠪᠦᠯᠦᠭ ᠤᠳᠠᠭ᠎ᠠ ᠪᠣᠯᠣᠨ ᠬᠥᠮᠦᠨ ᠤ ᠲᠤᠭ᠎ᠠ ᠲᠤᠰ ᠲᠤᠰ 23.6 % ᠪᠠ 19.3% ᠪᠠᠷ ᠪᠠᠭᠤᠷᠠᠵᠠᠢ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠡᠷᠡᠭᠦᠦ ᠶᠢᠨ ᠬᠡᠷᠡᠭ ᠭᠠᠷᠬᠤ ᠨᠣᠷᠮ᠎ᠠ 3.8 % ᠪᠠᠷ ᠳᠣᠷᠣᠭᠰᠢᠯᠠᠵᠤ᠂ ᠬᠡᠷᠡᠭ ᠢᠯᠡᠷᠡᠭᠦᠯᠬᠦ  ᠨᠣᠷᠮ᠎ᠠ 18.7% ᠪᠠᠷ ᠲᠡᠭᠡᠭᠰᠢᠯᠡᠵᠡᠢ᠃ ᠨᠡᠶᠢᠲᠡ 309 ᠡᠳᠦᠷ ︽ᠳᠡᠭᠡᠷᠡᠮᠳᠡᠭᠰᠡᠨ᠂ ᠪᠤᠯᠢᠶᠠᠭᠰᠠᠨ︾ ᠬᠡᠷᠡᠭ ᠭᠠᠷᠤᠭ᠎ᠠ ᠦᠭᠡᠢ᠃ ᠴᠡᠷᠢᠭ ᠠᠷᠠᠳ ᠤᠨ  ᠬᠠᠮᠵᠢᠯᠴᠠᠨ ᠬᠥᠭᠵᠢᠭᠦᠯᠬᠦ  ᠶᠢ  ᠴᠢᠬᠤᠯᠠᠴᠢᠯᠠᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠪᠠᠴᠢᠮ ᠪᠠᠶᠢᠳᠠᠯ ᠢ ᠰᠢᠢᠳᠪᠦᠷᠢᠯᠡᠬᠦ ᠬᠦᠴᠦᠨ ᠢ ᠴᠢᠩᠭᠠᠳᠬᠠᠵᠠᠢ᠃ ᠦᠨᠳᠦᠰᠦᠲᠡᠨ᠂ ᠱᠠᠰᠢᠨ ᠰᠤᠷᠲᠠᠬᠤᠨ᠂ ᠠᠷᠠᠳ ᠤᠨ ᠠᠭᠠᠷ ᠰᠡᠷᠭᠡᠶᠢᠯᠡᠯᠲᠡ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠠᠮᠤ ᠪᠤᠳᠠᠭ᠎ᠠ᠂ ᠨᠢᠭᠦᠯᠡᠰᠦᠩᠭᠦᠢ  ᠦᠢᠯᠠᠰ  ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠤᠯᠠᠭᠠᠨ ᠵᠠᠭᠠᠯᠮᠠᠶ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠠᠵᠢᠯ᠂ ᠠᠵᠢᠯᠴᠢᠨ ᠤ ᠡᠪᠯᠡᠯ᠂ ᠡᠬᠡ ᠨᠢᠯᠬᠠᠰ ᠵᠡᠷᠭᠡ ᠡᠯ᠎ᠡ ᠵᠦᠢᠯ ᠤᠨ ᠠᠵᠢᠯ ᠰᠢᠨ᠎ᠡ ᠠᠮᠵᠢᠯᠲᠠ ᠤᠯᠪᠠ᠃      ᠲᠥᠯᠥᠭᠡᠯᠡᠭᠴᠢᠳ ᠡ᠄ ᠥᠩᠭᠡᠷᠡᠭᠰᠡᠨ ᠲᠠᠪᠤᠨ ᠵᠢᠯ ᠤᠨ ᠠᠮᠵᠢᠯᠲᠠ ᠶᠢ ᠣᠯᠣᠭᠰᠠᠨ ᠨᠢ ᠬᠢᠯᠪᠠᠷ ᠪᠤᠰᠤ ᠶᠤᠮ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠂ ᠨᠢᠭᠡᠳᠦᠯᠲᠡᠶ ᠲᠥᠯᠥᠪᠯᠡᠨ ᠵᠢᠯᠣᠭᠤᠳᠤᠭᠰᠠᠨ ᠤ ᠦᠷ᠎ᠡ ᠳ᠋ᠦᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠢᠨᠠᠨ ᠲᠡᠮᠵᠢᠵᠤ᠂ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠷᠠᠭ᠎ᠠ ᠲᠡᠷᠯᠡᠨ ᠰᠠᠬᠢᠨ ᠪᠠᠷᠠᠯᠠᠵᠦ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠪᠦᠭᠦ ᠬᠤᠳᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ᠂ ᠡᠯ᠎ᠡ ᠹᠷᠣᠨᠲ ᠤᠨ ᠥᠷᠭᠡᠨ ᠤᠯᠠᠨ ᠺᠠᠳ᠋ᠷ ᠤᠯᠠᠨ ᠲᠦᠮᠡᠨ  ᠤ ᠰᠢᠷᠭᠠᠭᠤ ᠠᠵᠢᠯᠯᠠᠵᠤ᠂ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠬᠥᠬᠡᠬᠤᠲᠠ ᠶᠢᠨ ᠦᠨᠳᠦᠰᠦᠲᠡᠨ ᠨᠦᠭᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕     ᠠᠮᠵᠢᠯᠲᠠ ᠪᠦᠲᠦᠮᠵᠢ ᠪᠠᠨ ᠳ᠋ᠦᠡᠭᠨᠡᠬᠦ ᠶᠢᠨ ᠬᠠᠮᠲᠤ᠂ ᠪᠢᠳᠡ ᠬᠤᠲᠠ ᠶᠢᠨ ᠬᠥᠭᠵᠢᠯᠲᠡ ᠬᠠᠷᠠᠬᠠᠨ ᠪᠠᠭᠤᠷᠠᠢ ᠪᠠᠶᠢᠭ᠎ᠠ ᠪᠠᠶᠢᠳᠠᠯ ᠦᠨᠳᠦᠰᠦᠨ ᠠᠴᠠ ᠪᠠᠨ ᠬᠤᠪᠢᠷᠠᠭᠠᠳᠤᠶ᠂ ᠬᠥᠭᠵᠢᠯᠲᠡ ᠲᠡᠩᠴᠡᠭᠦᠷᠢ ᠦᠬᠡᠢ᠂ ᠬᠦᠭᠵᠢᠯᠲᠡ ᠭᠦᠢᠴᠡᠳ ᠪᠤᠰᠤ ᠠᠰᠠᠭᠤᠳᠠᠯ ᠣᠷᠣᠰᠢᠵᠤ  ᠪᠠᠶᠢᠬᠤ ᠶᠢ ᠰᠡᠷᠭᠡᠭ ᠲᠠᠨᠢᠵᠤ᠂ ᠥᠷᠭᠡᠨ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠨᠢ ᠨᠡᠩ ᠲᠤᠯᠭᠠᠮ᠎ᠠ ᠱᠠᠭᠠᠷᠳᠠᠯᠭ᠎ᠠ ᠪᠤᠯᠵᠤ ᠪᠠᠶᠢᠨ᠎ᠠ᠃ ᠲᠡᠭᠦᠨ ᠤ ᠭᠤᠣᠯ ᠢᠯᠡᠷᠡᠯ ᠭᠡᠪᠡᠯ᠄ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠥᠨᠳᠥᠷ ᠪᠢᠰᠢ᠂ ᠣᠳᠣᠬᠢᠴᠢᠯᠠᠭᠰᠠᠨ ᠬᠥᠳᠡᠭᠡ ᠠᠵᠤ ᠠᠬᠤᠶ ᠶᠢᠨ ᠰᠢᠰᠲ᠋ᠧᠮ ᠬᠠᠷᠠᠬᠠᠨ ᠪᠠᠶᠢᠭᠤᠯᠤᠭᠳᠠᠭ᠎ᠠ ᠦᠭᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠠᠩᠬᠠᠨ ᠤ ᠠᠯᠬᠤᠮ ᠳᠤ ᠪᠠᠶᠢᠵᠤ᠂ ᠠᠵᠤ ᠦᠢᠯᠡᠳᠪᠦᠷᠢ  ᠶᠢᠨ ᠪᠦᠯᠦᠭᠵᠢᠯᠡᠯᠲᠡ ᠶᠢᠨ ᠬᠦᠭᠵᠢᠯᠲᠡ ᠶᠢᠨ ᠬᠡᠪᠴᠢᠶ᠎ᠡ ᠨᠢ ᠪᠠᠭ᠎ᠠ᠂ ᠬᠡᠯᠬᠢᠶ᠎ᠡ ᠣᠬᠤᠷ᠂ ᠬᠤᠯᠪᠣᠭᠳᠠᠬᠤ ᠬᠡᠮᠵᠢᠶ᠎ᠡ ᠪᠠᠷ ᠳᠣᠣᠷ᠎ᠠ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠣᠯᠣᠨ ᠠᠵᠤ ᠠᠬᠤᠶ ᠳᠤ ᠦᠵᠡᠭᠦᠯᠬᠦ ᠳᠠᠭᠠᠭᠤᠯᠬᠤ ᠦᠢᠯᠡᠳᠦᠯ ᠴᠢᠩᠭ᠎ᠠ ᠪᠢᠰᠢ᠃ ᠲᠥᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠂ ᠬᠦᠷᠦᠩᠭᠡ ᠮᠦᠩᠬᠦ ᠵᠡᠷᠭᠡ ᠡᠯᠧᠮᠧᠨ᠋ᠲ ᠤᠨ ᠬᠠᠷᠢᠴᠠᠩᠭᠤᠶ ᠴᠤᠭᠯᠠᠷᠠᠭᠰᠠᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠤᠭᠠᠳᠤᠶ᠂ ᠠᠵᠤ ᠠᠬᠤᠶ ᠶᠢᠨ ᠨᠡᠮᠡᠭᠳᠡᠯ ᠤᠨ ᠳᠣᠲᠣᠭᠠᠳᠤ ᠡᠭᠦᠰᠬᠦ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠨ᠎ᠠ᠃ ᠣᠷᠣᠨ ᠪᠦᠰᠡ ᠶᠢᠨ ᠨᠥᠯᠥᠭᠡᠯᠡᠬᠦ ᠬᠦᠴᠦᠨ ᠪᠣᠯᠣᠨ ᠥᠷᠢᠰᠥᠯᠳᠦᠬᠦ ᠬᠦᠴᠦᠨ ᠬᠦᠷᠦᠯᠴᠡᠬᠦ ᠦᠭᠡᠢ ᠪᠠᠶᠢᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠨᠢ ᠴᠢᠩᠭ᠎ᠠ ᠪᠢᠰᠢ᠂ ᠬᠥᠬᠡᠬᠤᠲᠠ ᠪᠤᠭᠤᠲᠤ ᠢᠷᠭᠠᠢ ᠢᠤᠢ ᠯᠢᠨ ᠠᠵᠤ ᠠᠬᠤᠶ ᠶᠢᠨ ᠣᠷᠣᠨ ᠤ ᠭᠤᠣᠯ ᠪᠣᠯᠬᠤ ᠬᠤᠳᠠ ᠶᠢᠨ ᠦᠢᠯᠡᠳᠦᠯ ᠢ ᠪᠠᠳᠠᠷᠠᠭᠤᠯᠬᠤ ᠨᠢ ᠢᠯᠡᠷᠬᠡᠶ ᠪᠢᠰᠢ᠂ ᠪᠦᠸᠧᠬᠠᠢ ᠲᠠᠩᠭᠢᠰ ᠳᠠᠭᠠᠤ ᠠᠵᠤ ᠠᠬᠤᠶ ᠶᠢᠨ ᠣᠷᠣᠨ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠦᠭᠵᠢᠯᠲᠡ ᠳᠤ ᠤᠷᠤᠯᠴᠠᠬᠤ ᠬᠢᠷᠢ ᠬᠡᠮᠵᠢᠶ᠎ᠡ ᠨᠢ ᠨᠡᠯᠢᠶᠡᠳ ᠳᠣᠣᠷ᠎ᠠ ᠪᠠᠶᠢᠨ᠎ᠠ᠃ ᠬᠤᠲᠠ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ  ᠪᠤᠯᠤᠨ ᠣᠳᠣᠬᠢᠴᠢᠯᠠᠭᠰᠠᠨ ᠲᠥᠪ ᠬᠤᠳᠠ ᠶᠢᠨ ᠱᠠᠭᠠᠷᠳᠠᠯᠭ᠎ᠠ ᠲᠠᠢ ᠵᠣᠬᠢᠬᠤ ᠵᠥᠷᠢᠶ᠎ᠡ ᠲᠠᠢ ᠪᠠᠶᠢᠵᠦ᠂ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠬᠦ ᠬᠡᠷᠡᠭᠲᠡᠶ ᠪᠠᠶᠢᠨ᠎ᠠ᠃ ᠤᠰᠤ᠂ ᠬᠡᠢ ᠪᠠᠷᠢᠮᠵᠢᠶ᠎ᠠ ᠠᠴᠠ ᠬᠡᠲᠦᠷᠡᠲᠡᠯ᠎ᠡ ᠭᠠᠳᠠᠭᠰᠢᠯᠠᠭᠤᠯᠬᠤ ᠠᠰᠠᠭᠤᠳᠠᠯ ᠲᠤᠪᠤᠶᠢᠮ᠎ᠠ ᠣᠷᠣᠰᠢᠭᠰᠠᠭᠠᠷ ᠪᠠᠶᠢᠵᠤ᠂ ᠳᠠᠯᠠᠨ ᠬᠠᠷ᠎ᠠ ᠠᠭᠤᠯᠠᠨ ᠤ ᠡᠪᠳᠡᠯᠭᠡ ᠶᠢᠨ ᠵᠠᠰᠠᠨ ᠰᠡᠷᠭᠦᠭᠡᠬᠦ ᠡᠭᠦᠷᠭᠡ ᠬᠠᠲᠠᠭᠤ ᠪᠡᠷᠬᠡ᠂ ᠬᠤᠲᠠ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠪᠠᠶᠢᠳᠠᠯ ᠬᠦᠨᠳᠦ ᠨᠣᠴᠢᠲᠠᠶ᠂ ᠠᠮᠢ ᠠᠬᠤᠶ ᠶᠢ ᠬᠠᠮᠠᠭᠠᠯᠠᠬᠤ ᠪᠠ ᠪᠣᠬᠢᠷᠲᠤᠯ ᠢ ᠵᠠᠰᠠᠬᠤ  ᠠᠵᠢᠯ ᠤᠨ ᠡᠭᠦᠷᠭᠡ ᠬᠦᠨᠳᠦ  ᠂ ᠵᠠᠮ ᠬᠤᠯᠠ ᠪᠠᠶᠢᠨ᠎ᠠ᠃ ᠭᠡᠷ ᠬᠦ᠋ᠷᠦᠩᠭᠡ ᠶᠢᠨ ︽ᠦᠨᠡᠮᠯᠡᠯ ᠠᠪᠬᠤ ᠳᠤ ᠬᠦᠴᠢᠷᠲᠡᠶ︾᠂ ᠰᠤᠷᠭᠠᠨ ᠬᠥᠮᠦᠵᠢᠯ  ᠤᠨ ︽ᠰᠤᠷᠭᠠᠭᠤᠯᠢ ᠰᠣᠩᠭᠤᠬᠤ ᠬᠠᠯᠠᠮᠰᠢᠯ︾᠂ ᠡᠮ ᠡᠮᠨᠡᠯᠭᠡ ᠶᠢᠨ ︽ᠡᠪᠡᠳᠴᠢᠨ ᠦᠵᠡᠭᠦᠯᠬᠦ ᠳᠤ ᠬᠦᠴᠢᠷ ︾᠂ ᠵᠠᠮ ᠬᠠᠷᠢᠯᠴᠠᠭᠠᠨ ᠤ ︽ᠭᠠᠷᠬᠤ  ᠳᠤ ᠲᠦᠭᠵᠢᠷᠡᠬᠦ︾ ᠵᠡᠷᠭᠡ ᠠᠰᠠᠭᠤᠳᠠᠯ ᠪᠠᠰᠠ ᠨᠡᠯᠢᠶᠡᠳ ᠲᠤᠪᠤᠶᠢᠮ᠎ᠠ ᠣᠷᠣᠰᠢᠵᠤ᠂ ᠥᠷᠭᠡᠨ ᠤᠯᠠᠨ ᠠᠷᠠᠳ ᠲᠦᠮᠡᠨ ᠤ ᠱᠠᠭᠠᠷᠳᠠᠯᠭ᠎ᠠ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠡᠭᠦᠨ ᠤ ᠵᠡᠷᠭᠡᠴᠡᠭᠡᠪᠡᠷ  ᠵᠠᠷᠢᠮ ᠭᠠᠵᠠᠷ ᠣᠷᠣᠨ ᠪᠣᠯᠣᠨ ᠰᠠᠯᠠᠭ᠎ᠠ ᠮᠥᠴᠢᠷ ᠲᠤ ᠠᠵᠢᠯ ᠳᠠᠭᠠᠨ ᠯᠠᠪᠳᠠᠭᠤᠨ ᠪᠢᠰᠢ᠂ ᠦᠷ᠎ᠡ ᠪᠦᠲᠦᠮᠵᠢ ᠥᠨᠳᠥᠷ ᠪᠢᠰᠢ ᠵᠡᠷᠭᠡ ᠠᠰᠠᠭᠤᠳᠠᠯ ᠣᠷᠣᠰᠢᠵᠤ᠂ ᠵᠠᠷᠢᠮ ᠺᠠᠳ᠋ᠷᠴᠤᠳ ᠵᠣᠷᠢᠭᠲᠠᠶ ᠪᠠᠷ ᠠᠵᠢᠯ ᠬᠠᠷᠢᠭᠤᠴᠠᠯᠭ᠎ᠠ ᠡᠭᠦᠷᠭᠡᠯᠡᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠢᠶᠠᠨ ᠤᠯᠠᠮ ᠳᠡᠭᠡᠭᠰᠢᠯᠡᠭᠦᠯᠬᠦ ᠴᠢᠬᠤᠯᠠᠲᠠᠢ᠃ ᠡᠭᠦᠨ ᠳᠤ ᠪᠢᠳᠡ‌ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠡᠯ᠎ᠡ ᠵᠦᠢᠯ ᠤᠨ ᠠᠵᠢᠯ ᠢᠶᠠᠨ ᠨᠡᠩ ᠴᠢᠷᠮᠠᠶᠢᠨ ᠰᠠᠶᠢᠲᠣᠷ ᠬᠢᠵᠦ᠂ ᠪᠦᠬᠦ ᠬᠤᠳᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠳᠤ ᠨᠡᠩ ᠰᠠᠶᠢᠨ ᠰᠠᠶᠢᠬᠠᠨ ᠬᠤᠪᠢᠷᠠᠯᠲᠠ ᠪᠦᠲᠦᠮᠵᠢ ᠶᠢ ᠣᠯᠭᠤᠬᠤ ᠪᠠᠷ ᠴᠢᠷᠮᠠᠶᠢᠵᠠᠭᠠᠶ᠎ᠠ︕      ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠣᠯ ᠠᠵᠢᠯ      ᠲᠥᠯᠥᠭᠡᠯᠡᠭᠴᠢᠳ ᠡ᠄ ᠬᠤᠶᠢᠰᠢᠳᠠ ᠶᠢᠨ ᠲᠠᠪᠤᠨ ᠵᠢᠯ ᠪᠣᠯ ︽ᠬᠤᠣᠰ ᠵᠠᠭᠤᠨ ᠵᠢᠯ︾ ᠤᠨ ᠲᠡᠦᠬᠡᠨ ᠠᠭᠤᠯᠵᠠᠷ ᠤᠨ ᠬᠤᠭᠤᠴᠠᠭ᠎ᠠ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠭᠤᠤ ᠶᠡᠭᠡ ᠢᠯᠠᠯᠲᠠ ᠶᠢ ᠬᠦᠴᠦᠯᠡᠨ ᠲᠡᠮᠡᠴᠡᠨ ᠣᠯᠵᠤ᠂ ᠠᠩᠬᠠᠳᠠᠭᠴᠢ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠮᠥᠷᠲᠡᠭᠡᠨ ᠪᠠᠰᠠ ᠢᠯᠠᠯᠲᠠ ᠶᠢᠨ ᠡᠷᠴᠢᠨ ᠳᠡᠭᠡᠷ᠎ᠡ᠂ ᠪᠦᠬᠦ ᠲᠠᠯ᠎ᠠ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠠᠶᠢᠭᠤᠯᠬᠤ ᠶᠢᠨ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠣᠷᠣᠭᠰᠢᠯᠠᠶ᠎ᠠ᠃      ᠰᠢᠨ᠎ᠡ ᠲᠡᠦᠬᠡᠨ ᠣᠷᠣᠨ ᠵᠠᠢ᠂ ᠰᠢᠨ᠎ᠡ ᠠᠭᠤᠤ ᠶᠡᠭᠡ ᠠᠶᠠᠨ ᠨᠢ ᠰᠢᠨ᠎ᠡ ᠬᠥᠭᠵᠢᠯᠲᠡ ᠶᠢᠨ ᠠᠵᠠ ᠲᠣᠬᠢᠶᠠᠯ  ᠢ ᠪᠡᠯᠭᠡᠳᠡᠵᠦ ᠪᠠᠶᠢᠬᠤ ᠮᠦᠷᠲᠡᠭᠡᠨ ᠰᠢᠨ᠎ᠡ ᠤᠷᠤᠭᠰᠢᠯᠠᠯᠲᠠ ᠶᠢᠨ ᠳᠠᠪᠠᠭ᠎ᠠ ᠲᠤᠯᠭᠠᠷᠠᠵᠤ ᠪᠠᠶᠢᠭ᠎ᠠ ᠶᠢ ᠴᠦ ᠬᠠᠷᠠᠭᠤᠯᠵᠣ ᠪᠠᠶᠢᠨ᠎ᠠ᠃ ᠶᠡᠷᠦᠩᠬᠡᠢ  ᠵᠠᠳᠠᠯᠤᠨ ᠮᠠᠭᠠᠳᠯᠠᠯᠲᠠ ᠪᠠᠷ ᠬᠦᠬᠡᠬᠤᠲᠠ ᠨᠢ ᠮᠦᠨ ᠬᠦ ᠦᠢᠯᠡᠰ ᠪᠦᠳᠦᠭᠡᠯᠲᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠳᠤ ᠪᠠᠶᠢᠨ᠎ᠠ᠃ ᠣᠳᠣ ᠪᠦᠬᠦ ᠪᠥᠮᠪᠥᠷᠴᠡᠭ ᠤᠨ ᠠᠵᠤ ᠠᠬᠤᠶ ᠶᠢᠨ ᠰᠢᠨ᠎ᠡ ᠨᠢᠭᠡᠨ ᠡᠭᠡᠯᠵᠢ ᠶᠢᠨ ᠰᠢᠨᠵᠢᠯᠡᠭᠡ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠥᠳᠲᠡᠷ ᠲᠦᠷᠭᠡᠨ ᠬᠥᠭᠵᠢᠵᠦ᠂ ᠰᠢᠨ᠎ᠡ ᠠᠵᠤ ᠠᠬᠤᠶ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠲᠧᠭᠨᠢᠭ ᠮᠡᠷᠭᠡᠵᠢᠯ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠨ᠎ᠠ᠃ ᠮᠠᠨ ᠤ ᠤᠯᠤᠰ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠴᠠᠭ ᠦᠶ᠎ᠡ  ᠳᠤ ᠣᠷᠣᠵᠤ᠂ ᠠᠵᠤ ᠠᠬᠤᠶ ᠨᠢᠭᠡᠨᠲᠡ ᠳᠡᠭᠡᠳᠦ ᠬᠤᠷᠳᠣᠴᠠᠲᠣ ᠥᠰᠥᠯᠲᠡ ᠶᠢᠨ ᠱᠠᠲᠣᠨ ᠠᠴᠠ ᠪᠠᠨ ᠶᠠᠰᠤ ᠴᠢᠨᠠᠷ ᠰᠠᠶᠢᠲᠠᠶ ᠬᠥᠭᠵᠢᠯᠲᠡ ᠶᠢᠨ ᠱᠠᠳᠤ ᠦᠶ᠎ᠡ ᠳᠤ ᠣᠷᠣᠵᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ ᠤᠮᠠᠷᠠᠰᠢ ᠨᠡᠭᠡᠭᠡᠯᠳᠡ ᠬᠢᠬᠦ ᠡᠮᠦᠨ᠎ᠡ ᠵᠠᠬ᠎ᠠ ᠶᠢᠨ ᠬᠤᠲᠠ ᠪᠣᠯᠣᠭᠰᠠᠨ ᠤ ᠬᠤᠪᠢ ᠳᠤ ᠪᠢᠳᠡ ᠨᠡᠩ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠬᠥᠬᠡᠬᠤᠲᠠ ᠪᠤᠭᠤᠲᠤ ᠣᠷᠳᠣᠰ ᠢᠤᠢ ᠯᠢᠨ ᠤ ᠠᠵᠤ ᠠᠬᠤᠶ ᠶᠢᠨ ᠣᠷᠣᠨ ᠂ ᠬᠥᠬᠡᠬᠤᠲᠠ ᠪᠤᠭᠤᠲᠤ ᠢᠷᠭᠠᠢ ᠢᠤᠢ ᠯᠢᠨ ᠤ ᠪᠥᠭᠡᠮᠨᠡᠷᠡᠯ ᠭᠤᠣᠯ ᠣᠷᠣᠨ ᠪᠦᠰᠡ ᠶᠢᠨ ᠲᠥᠪ ᠬᠤᠲᠠ ᠪᠣᠯᠤᠭᠰᠠᠨ ᠤ ᠬᠤᠪᠢ ᠳᠤ᠂  ᠬᠥᠬᠡᠬᠤᠲᠠ ᠶᠢᠨ ᠦᠨᠳᠦᠷ ᠬᠤᠷᠳᠤᠴᠠᠲᠤ ᠲᠡᠮᠦᠷ ᠵᠠᠮ ᠤᠨ ᠴᠠᠭ ᠦᠶ᠎ᠡ᠂ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ  ᠳᠠᠭᠠᠯᠳᠤᠨ  ᠂ ᠤᠯᠤᠰ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ  ᠬᠤᠲᠠ ᠶᠢᠨ ᠦᠢᠯᠡᠳᠦᠯ ᠤᠯᠠᠮ ᠨᠢᠭᠡ ᠠᠯᠬᠤᠮ ᠲᠤᠪᠤᠶᠢᠮ᠎ᠠ ᠢᠯᠡᠷᠡᠵᠦ᠂ ᠣᠷᠣᠨ ᠪᠦᠰᠡ ᠶᠢᠨ ᠬᠠᠮᠵᠢᠨ  ᠬᠦᠳᠡᠯᠦᠯᠴᠡᠨ ᠬᠦᠭᠵᠢᠬᠦ  ᠬᠡᠮᠵᠢᠶ᠎ᠡ ᠤᠯᠠᠮ ᠨᠢᠭᠲᠠᠷᠠᠵᠤ᠂  ᠴᠢᠳᠠᠪᠦᠷᠢᠲᠠᠨ᠂ ᠪᠡᠯᠡ ᠮᠦᠩᠭᠦ᠂ ᠲᠧᠭᠨᠢᠭ ᠮᠡᠷᠭᠡᠵᠢᠯ ᠵᠡᠷᠭᠡ ᠬᠥᠭᠵᠢᠯᠲᠡ ᠶᠢᠨ ᠴᠢᠬᠤᠯᠠ ᠡᠯᠧᠮᠧᠨ᠋ᠲ ᠤᠨ ᠴᠤᠭᠯᠠᠷᠠᠯ  ᠢ ᠬᠦᠴᠦᠲᠡᠶ ᠠᠬᠢᠭᠤᠯᠵᠤ᠂ ᠮᠠᠨ ᠤ ᠬᠤᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠣᠷᠣᠨ ᠪᠦᠰᠡ ᠶᠢᠨ ᠴᠢᠨᠠᠷᠲᠠᠶ ᠲᠥᠪ ᠬᠤᠲᠠ ᠪᠣᠯᠤᠭᠰᠠᠨ ᠤ ᠬᠤᠪᠢ ᠳᠤ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠨ ᠬᠦᠭᠵᠢᠯᠴᠡᠬᠦ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠠᠬᠢᠭᠤᠯᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠤᠭᠤᠳᠤᠨ ᠨᠡᠪᠲᠡᠷᠡᠭᠦᠯᠵᠦ᠂ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠲᠠᠪᠤᠷᠢᠵᠢᠭᠤᠯᠤᠨ᠂ ᠪᠢᠳᠡ ᠶᠡᠭᠡ ᠬᠡᠪᠴᠢᠶᠡᠨ ᠤ ᠳᠠᠭᠠᠭᠠᠨ ᠠᠪᠴᠤ ᠪᠣᠯᠪᠠᠰᠤᠷᠠᠭᠤᠯᠬᠤ ᠠᠵᠤ ᠦᠢᠯᠡᠰ ᠤᠨ ᠲᠥᠷᠥᠯ ᠵᠦᠢᠯ ᠤᠨ ᠰᠢᠯᠵᠢᠯᠲᠡ ᠬᠢᠬᠦ ᠴᠢᠬᠤᠯᠠ ᠶᠡᠭᠡ ᠠᠵᠠ ᠲᠣᠬᠢᠶᠠᠯ ᠪᠠᠷ ᠥᠪᠡᠷᠲᠡᠭᠡᠨ ᠵᠠᠰᠠᠬᠤ ᠣᠷᠣᠨ ᠤ ᠪᠦᠭᠦ ᠣᠷᠣᠨ ᠤ ᠬᠦᠴᠦ ᠪᠠᠷ ᠬᠤᠷᠢᠨᠭᠡᠷ ᠰᠢᠨ᠎ᠡ ᠲᠣᠭᠤᠷᠢᠭ ᠢ ᠪᠦᠲᠦᠭᠡᠨ  ᠪᠠᠶᠢᠭᠤᠯᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠦᠴᠦᠲᠡᠶ ᠠᠬᠢᠭᠤᠯᠵᠤ᠂ ᠡᠯ᠎ᠡ ᠲᠦᠷᠦᠯ ᠤᠨ ᠠᠵᠢᠯ ᠦᠢᠯᠡᠰ ᠤᠨ ᠴᠢᠬᠤᠯᠠ ᠶᠡᠭᠡ ᠳᠠᠪᠠᠯᠲᠠ ᠶᠢ ᠪᠡᠶᠡᠯᠡᠭᠦᠯᠵᠡᠶ᠃ ᠪᠢᠳᠡ ᠭᠠᠭᠴᠠ ᠬᠦ ᠴᠠᠭ ᠲᠣᠬᠢᠶᠠᠯ ᠢ ᠠᠮᠵᠢᠨ᠂ ᠰᠢᠨ᠎ᠡ ᠪᠠᠶᠢᠳᠠᠯ ᠢ ᠪᠣᠳᠣᠯᠬᠢᠯᠠᠵᠣ᠂ ᠦᠨᠡᠨ ᠪᠣᠳᠠᠲᠠᠶ ᠠᠵᠢᠯᠯᠠᠪᠠᠯ ᠰᠠᠶ᠋ᠢ ᠨᠡᠩ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢᠶᠠᠨ ᠪᠦᠲᠦᠭᠡᠨ ᠪᠠᠶᠢᠭᠤᠯᠵᠤ᠂  ᠰᠠᠶᠢᠨ ᠰᠠᠶᠢᠬᠠᠨ ᠰᠢᠨ᠎ᠡ ᠬᠠᠭᠤᠳᠠᠰᠤ ᠶᠢ ᠪᠢᠴᠢᠭᠯᠡᠬᠦ  ᠪᠣᠯᠤᠨ᠎ᠠ᠃      ᠬᠤᠶᠢᠰᠢᠳᠠ ᠶᠢᠨ ᠲᠠᠪᠤᠨ ᠵᠢᠯ ᠳᠤ᠂ ᠪᠢᠳᠠ ᠴᠢᠷᠮᠠᠶᠢᠵᠤ ᠪᠠᠶᠢᠭᠠᠳ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠥᠷᠲᠡᠭ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ᠂ ᠲᠣᠭᠲᠠᠮᠠᠯ ᠬᠥᠷᠥᠩᠭᠡ ᠳᠤ ᠪᠡᠯᠡ ᠣᠷᠣᠭᠤᠯᠬᠤ᠂  ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢᠨ ᠭᠦᠢᠴᠡᠳᠬᠡᠯ ᠲᠤᠭ᠎ᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ ᠪᠥᠬᠦ ᠤᠯᠤᠰ ᠂ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠦᠨᠳᠦᠷ ᠪᠠᠶᠢᠯᠭᠠᠬᠤ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ ᠨᠡᠶᠢᠭᠡᠮ ᠵᠢᠷᠤᠮ ᠤᠨ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠪᠦᠬᠦ ᠣᠷᠣᠨ ᠤ 12 ᠠᠶᠢᠮᠠᠭ ᠬᠤᠲᠠ ᠶᠢᠨ ᠡᠮᠦᠨ᠎ᠡ ᠡᠩᠨᠡᠭᠡᠨ ᠳᠤ ᠣᠷᠣᠵᠣ᠂ ᠲᠠᠪᠤᠨ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠡᠮᠦᠨ᠎ᠡ ᠡᠩᠨᠡᠭᠡᠨ ᠳᠤ  ᠵᠢᠭᠰᠠᠭᠠᠭᠳᠠᠵᠤ᠂ ᠪᠠᠷᠠᠭᠤᠨ ᠬᠡᠰᠡᠭ ᠤᠨ 11 ᠮᠤᠵᠢ ᠶᠢᠨ ᠲᠥᠪ ᠬᠤᠲᠠ ᠶᠢᠨ ᠡᠮᠦᠨ᠎ᠡ ᠡᠩᠨᠡᠭᠡᠨ ᠳᠤ ᠶᠠᠪᠤᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠨᠢ ᠪᠦᠬᠦ ᠤᠯᠤᠰ ᠤᠨ 27 ᠮᠤᠵᠢ ᠶᠢᠨ ᠲᠥᠪ ᠬᠤᠳᠠ ᠶᠢ ᠭᠦᠢᠴᠡᠵᠦ᠂ ᠪᠦᠬᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠡᠩᠨᠡᠭᠡᠨ ᠳᠤ ᠳᠠᠪᠰᠢᠨ ᠣᠷᠣᠬᠤ ᠪᠠᠷ ᠴᠢᠷᠮᠠᠶᠢᠨ᠎ᠠ᠃      ᠪᠢᠳᠡ ᠬᠦᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠪᠠᠨ ᠭᠤᠶᠢᠪᠢᠰᠢ ᠦᠭᠡᠢ ᠪᠠᠲᠤ ᠴᠡᠭᠡᠵᠢᠯᠡᠨ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ  ᠪᠤᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠦᠭᠵᠢᠭᠦᠯᠬᠦ ᠶᠢ ᠨᠢᠭᠲᠠ ᠤᠶᠠᠯᠳᠤᠭᠤᠯᠵᠤ᠂ ᠨᠢᠭᠡᠳᠦᠭᠡᠷ ᠠᠵᠦ  ᠦᠢᠯᠡᠰ ᠢ  ᠰᠢᠯᠢᠳᠡᠭᠵᠢᠭᠦᠯᠦᠨ᠂ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠦᠨ᠂ ᠭᠤᠷᠪᠠᠳᠤᠭᠠᠷ ᠠᠵᠤ ᠦᠢᠯᠡᠰ ᠢ ᠰᠠᠶᠢᠲᠦᠷ ᠬᠢᠵᠦ᠂ ᠰᠢᠨ᠎ᠡ ᠠᠵᠤ ᠦᠢᠯᠡᠰ ᠂ ᠰᠢᠨ᠎ᠡ ᠠᠵᠤ ᠠᠬᠤᠶ᠂ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠪᠤᠶᠢᠵᠢᠭᠤᠯᠵᠤ᠂  ᠬᠥᠭᠵᠢᠯᠲᠡ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠴᠢᠬᠤᠯᠠ ᠨᠡᠮᠡᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠬᠤᠳᠠ ᠶᠢᠨ ᠴᠢᠳᠠᠮᠵᠢ ᠶᠢᠨ ᠬᠡᠪ ᠴᠢᠨᠠᠷ ᠪᠣᠯᠤᠨ ᠲᠠᠭᠠᠭᠠᠯᠠᠮᠵᠢᠳᠠᠢ ᠠᠵᠢᠯᠯᠠᠵᠤ ᠠᠮᠢᠳᠤᠷᠠᠬᠤ ᠨᠦᠭᠦᠴᠡᠯ ᠢ  ᠪᠠᠶᠢᠭᠤᠯᠵᠤ᠂ ᠤᠳᠤ ᠦᠶ᠎ᠡ ᠶᠢᠨ ᠪᠡᠶᠡᠲᠦ ᠴᠣᠭᠴᠠᠲᠤ ᠵᠠᠮ ᠬᠠᠷᠢᠯᠴᠠᠭᠠᠨ ᠤ ᠬᠦᠢᠰᠦ ᠶᠢ ᠪᠦᠲᠦᠭᠡᠨ ᠪᠠᠶᠢᠭᠤᠯᠵᠤ᠂ ᠬᠤᠳᠠ ᠶᠢᠨ ᠲᠠᠲᠠᠬᠤ ᠬᠦᠴᠦᠨ᠂ ᠨᠥᠯᠥᠭᠡᠯᠡᠬᠦ ᠬᠦᠴᠦᠨ᠂ ᠳᠠᠶᠢᠴᠢᠯᠠᠬᠤ ᠬᠦᠴᠦᠨ ᠢ ᠢᠳᠡᠪᠬᠢᠲᠡᠶ ᠬᠥᠲᠥᠯᠥᠨ ᠳᠠᠭᠠᠭᠤᠯᠵᠤ᠂ ᠬᠥᠬᠡᠬᠤᠲᠠ ᠪᠤᠭᠤᠲᠤ ᠣᠷᠳᠣᠰ᠂ ᠬᠥᠬᠡᠬᠤᠲᠠ ᠪᠤᠭᠤᠲᠤ ᠢᠷᠭᠠᠢ ᠢᠦᠢ ᠯᠢᠨ ᠠᠵᠤ ᠠᠬᠤᠶ ᠶᠢᠨ ᠣᠷᠣᠨ ᠬᠠᠮᠵᠢᠯᠴᠠᠨ ᠬᠥᠭᠵᠢᠬᠦ᠂ ᠪᠡᠭᠡᠵᠢᠩ ᠲᠢᠶᠠᠨᠵᠢᠨ ᠡᡁᠧᠪᠸᠢ ᠵᠣᠬᠢᠴᠠᠯᠳᠤᠭᠤᠯᠤᠨ ᠬᠦᠭᠵᠢᠬᠦ ᠳᠤ ᠠᠭᠤᠰᠤᠯᠴᠠᠨ ᠤᠷᠤᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ  ᠳᠤ ᠬᠦᠴᠦ ᠲᠠᠯᠪᠢᠨ᠂ ᠣᠷᠣᠰ ᠮᠣᠩᠭᠤᠯ ᠤᠨ ᠬᠠᠮᠲᠤᠷᠠᠨ ᠠᠵᠢᠯᠯᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠪᠣᠭᠤᠮᠲᠠ᠂ ᠬᠢᠯᠢ ᠠᠯᠤᠰᠯᠠᠨ ᠵᠥᠭᠡᠭᠡᠪᠦᠷᠢᠯᠡᠬᠦ ᠵᠡᠷᠭᠡ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠳᠦᠶ ᠲᠡᠳᠦᠶ ᠨᠡᠭᠡᠭᠡᠯᠲᠡ ᠬᠢᠬᠦ ᠬᠠᠮᠲᠤᠷᠠᠨ ᠠᠵᠢᠯᠯᠠᠬᠤ ᠲᠠᠪᠴᠠᠩ ᠢ ᠲᠡᠳᠬᠦᠨ ᠲᠡᠮᠵᠢᠵᠦ᠂ ᠥᠪᠡᠷᠮᠢᠴᠡ ᠣᠨᠴᠠᠯᠢᠭ ᠪᠦᠬᠦᠢ ᠠᠵᠤ ᠦᠢᠯᠡᠰ ᠤᠨ ᠨᠡᠭᠡᠭᠡᠯᠲᠡ ᠬᠥᠭᠵᠢᠯᠲᠡ ᠶᠢ ᠳᠡᠮᠵᠢᠨ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ  ᠳᠤ ᠢᠳᠡᠪᠬᠢᠲᠡᠶ ᠣᠷᠣᠯᠴᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡ ᠶᠢᠨ ᠪᠠᠬᠢᠯᠡᠯᠲᠡ ᠶᠢᠨ ᠴᠢᠬᠤᠯᠠ ᠲᠦᠰᠢᠭ ᠲᠤᠯᠭᠠᠭᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ  ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠬᠦᠴᠦ ᠪᠠᠷ ᠢᠶᠠᠨ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠨᠡᠶᠢᠭᠡᠮ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ᠂ ᠡᠶ᠎ᠡ ᠵᠣᠬᠢᠴᠠᠯ ᠵᠣᠯ ᠵᠢᠷᠭᠠᠯ ᠲᠠᠢ ᠲᠡᠷᠢᠭᠦᠨ ᠣᠬᠢ ᠬᠤᠲᠠ ᠶᠢ  ᠪᠦᠲᠦᠭᠡᠨ ᠪᠠᠶᠢᠭᠤᠯᠤᠨ᠎ᠠ᠃      ᠲᠥᠯᠥᠭᠡᠯᠡᠭᠴᠢᠳ ᠡ᠄ ᠵᠢᠷᠤᠭ ᠲᠥᠯᠥᠪᠯᠡᠭᠡ ᠠᠤᠭ᠎ᠠ ᠶᠡᠭᠡ᠂ ᠠᠯᠤᠰ ᠬᠡᠳᠦ ᠭᠠᠶᠢᠬᠠᠮᠰᠢᠭᠲᠤ ᠢᠷᠡᠭᠡᠳᠦᠶ  ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ  ᠳᠤ  ᠪᠢᠳᠡ ᠳᠣᠣᠷᠠᠬᠢ ᠵᠠᠷᠴᠢᠮ ᠤᠳ ᠢ ᠰᠠᠶᠢᠲᠤᠷ  ᠮᠡᠳᠡᠬᠦ ᠬᠡᠷᠡᠭᠲᠡᠶ᠄      — ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠳᠠᠯᠠᠨ᠎ᠠ᠃ ᠲᠥᠪ ᠬᠤᠲᠠ ᠶᠢᠨ ᠳᠠᠪᠠᠭᠤᠯᠢᠭ ᠳᠠᠯ᠎ᠡ ᠶᠢ ᠭᠦᠢᠴᠡᠳ ᠪᠠᠳᠠᠷᠠᠭᠤᠯᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ ᠠᠰᠢᠭᠯᠠᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠢᠭᠡ ᠪᠦᠯᠦᠭ ᠤᠣᠭᠠᠯ ᠡᠭᠦᠳᠦᠯᠲᠡ ᠶᠢᠨ ᠬᠡᠯᠪᠡᠷᠢ᠂ ᠰᠢᠪᠲᠤᠯᠤᠯᠲᠠ ᠶᠢᠨ ᠬᠡᠯᠪᠡᠷᠢ  ᠶᠢᠨ ᠲᠤᠷᠰᠢᠯᠲᠠ ᠶᠢᠨ ᠲᠠᠰᠤᠭ ᠪᠣᠯᠣᠨ ᠰᠢᠨᠵᠢᠯᠡᠬᠦ ᠤᠬᠠᠭᠠᠨᠴᠢ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠨᠢᠭᠡ ᠪᠦᠯᠦᠭ ᠲᠠᠭᠠᠭᠤᠯᠤᠭᠴᠢ ᠦᠢᠯᠡᠳᠦᠯ  ᠲᠠᠢ᠂ ᠵᠢᠱᠢᠶ᠎ᠡ ᠦᠵᠡᠭᠦᠯᠬᠦ ᠮᠠᠶ᠋ᠢᠭ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠪᠣᠯᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠰᠢᠨ᠎ᠡ ᠶᠢ ᠡᠭᠦᠳᠬᠦ ᠪᠠᠷ ᠬᠥᠲᠥᠯᠥᠨ ᠵᠢᠯᠣᠭᠤᠳᠣᠭᠤᠯᠤᠭᠰᠠᠨ ᠠᠵᠤ ᠠᠬᠤᠶ ᠶᠢᠨ ᠰᠢᠰᠲ᠋ᠧᠮ ᠪᠣᠯᠤᠨ ᠬᠥᠭᠵᠢᠯᠲᠡ ᠶᠢᠨ ᠬᠡᠪ  ᠵᠠᠭᠪᠤᠷ ᠤᠨ ᠪᠦᠷᠢᠯᠳᠦᠬᠦ ᠶᠢ ᠲᠦᠷᠭᠡᠳᠭᠡᠨ᠎ᠡ᠃        — ᠠᠵᠤ ᠦᠢᠯᠡᠰ ᠤᠨ ᠳᠠᠶᠢᠴᠢᠯᠠᠬᠤ ᠬᠦᠴᠦᠨ ᠢ ᠪᠠᠷᠢᠮᠲᠠᠯᠠᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠣᠨᠴᠠᠭᠠᠶᠢᠯᠠᠨ ᠡᠳ᠋ ᠮᠥᠩᠭᠦᠨ ᠤ ᠡᠬᠢ ᠰᠤᠷᠪᠤᠯᠵᠢ  ᠶᠢᠨ ᠠᠵᠤ ᠦᠢᠯᠡᠰ ᠤᠨ ᠲᠥᠷᠥᠯ ᠵᠦᠢᠯ ᠢ ᠪᠣᠶᠢᠵᠢᠭᠤᠯᠣᠨ ᠲᠠᠲᠠᠨ ᠣᠷᠣᠭᠤᠯᠬᠤ ᠬᠦᠴᠦᠯᠡᠴᠡ ᠪᠠᠨ ᠶᠡᠬᠡᠰᠬᠡᠵᠦ᠂ ᠭᠠᠳᠠᠭᠠᠳᠤ ᠠᠴᠠ ᠣᠷᠣᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠴᠢᠨᠠᠷ ᠰᠠᠶᠢᠲᠠᠶ ᠪᠦᠲᠦᠮᠵᠢᠲᠡᠶ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠵᠢᠩᠬᠢᠨᠢ  ᠲᠤᠯᠭᠠᠭᠤᠷᠢᠯᠠᠬᠤ ᠠᠵᠤ ᠦᠢᠯᠡᠰ ᠢ ᠪᠤᠶᠢᠵᠢᠭᠤᠯᠤᠨ᠂ ᠠᠵᠤ ᠠᠬᠤᠶ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠥᠭᠡᠷᠡᠴᠢᠯᠡᠯᠲᠡ᠂ ᠬᠥᠳᠡᠯᠭᠡᠭᠴᠢ ᠬᠦᠴᠦᠨ ᠤ ᠬᠤᠪᠢᠰᠤᠯᠲᠠ ᠶᠢᠨ ᠬᠥᠭᠵᠢᠯᠲᠡ ᠶᠢ ᠳᠠᠶᠢᠴᠢᠯᠠᠵᠦ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃      — ᠥᠭᠡᠷᠡᠴᠢᠯᠡᠯᠲᠡ ᠪᠠᠷ ᠲᠦᠯᠬᠢᠭᠴᠢ ᠬᠦᠴᠦᠨ ᠪᠣᠯᠭᠠᠬᠤ ᠶᠢ ᠪᠠᠷᠢᠮᠲᠠᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠲᠥᠷᠢᠮ ᠤᠨ ᠪᠠᠶᠢᠭᠤᠯᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠪᠣᠯᠣᠨ ᠪᠦᠲᠦᠭᠡᠯᠴᠢ ᠬᠦᠴᠦᠨ ᠢ ᠬᠥᠭᠵᠢᠭᠡᠬᠦ ᠲᠠᠯ᠎ᠠ ᠪᠠᠷ  ᠪᠤᠲᠠᠲᠠᠢ ᠪᠦᠲᠦᠮᠵᠢ ᠣᠯᠵᠤ᠂ ᠦᠨᠡᠨᠬᠦ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠥᠨᠳᠥᠷ ᠪᠦᠲᠦᠮᠵᠢᠲᠡᠶ ᠪᠠᠶᠢᠭᠤᠯᠤᠯ ᠲᠣᠭᠲᠠᠴᠠ ᠶᠢ ᠪᠦᠲᠦᠭᠡᠨ ᠪᠠᠶᠢᠭᠤᠯᠵᠣ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ  ᠬᠦᠴᠦᠨ ᠬᠠᠩᠭᠠᠨ᠎ᠠ  ᠃      — ᠨᠡᠭᠡᠭᠡᠯᠳᠡ ᠪᠠᠷ ᠳᠠᠶᠢᠴᠢᠯᠠᠬᠤ ᠶᠢ ᠪᠠᠷᠢᠮᠲᠠᠯᠠᠨ᠎ᠠ᠃  ᠬᠠᠷᠢᠯᠴᠠᠨ ᠬᠠᠷᠠᠭᠠᠯᠵᠠᠯ ᠦᠵᠡᠭᠦᠯᠵᠦ ᠬᠠᠷᠢᠯᠴᠠᠨ ᠠᠰᠢᠭᠲᠠᠶ ᠪᠠᠶᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠵᠠᠷᠴᠢᠮ ᠢ ᠬᠡᠷᠡᠭᠵᠢᠭᠦᠯᠵᠦ᠂ ᠣᠷᠣᠭᠤᠯᠵᠤ ᠢᠷᠡᠬᠦ ᠪᠠ ᠭᠠᠳᠠᠭᠰᠢ ᠭᠠᠷᠬᠤ ᠶᠢ ᠵᠡᠷᠭᠡ ᠪᠠᠷ ᠴᠢᠬᠤᠯᠠᠴᠢᠯᠠᠨ᠂ ᠳᠣᠲᠣᠭᠠᠳᠤ ᠳᠠᠭᠠᠨ ᠴᠢᠯᠥᠭᠡᠲᠡᠶ ᠶᠠᠪᠤᠯᠴᠠᠬᠤ ᠪᠠ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠵᠡᠷᠭᠡ   ᠳᠤᠨᠢ ᠴᠢᠬᠤᠯᠠᠴᠢᠯᠠᠵᠤ᠂ ᠭᠠᠳᠠᠭᠠᠳᠤ ᠲᠠᠢ ᠰᠣᠯᠢᠯᠴᠠᠵᠤ ᠬᠠᠮᠲᠤᠷᠠᠨ ᠠᠵᠢᠯᠯᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠨᠡᠭᠡᠭᠡᠯᠲᠡ ᠪᠠᠷ ᠦᠵᠡᠯ ᠰᠠᠨᠠᠭᠠᠨ ᠤ ᠴᠢᠯᠥᠭᠡᠯᠡᠯᠲᠡ᠂ ᠣᠢᠢᠯᠠᠭᠠᠭᠳᠠᠬᠤᠨ ᠤ ᠬᠤᠪᠢᠰᠤᠯᠲᠠ᠂ ᠠᠵᠤ ᠦᠢᠯᠡᠰ ᠤᠨ ᠣᠯᠠᠨ ᠡᠰᠢᠲᠦ᠂ ᠪᠠᠶᠢᠷᠢᠯᠠᠭᠤᠯᠤᠯᠲᠠ ᠶᠢᠨ ᠰᠢᠯᠢᠳᠡᠭᠵᠢᠭᠦᠯᠦᠯᠲᠡ᠂ ᠬᠥᠳᠡᠯᠭᠡᠭᠴᠢ ᠬᠦᠴᠦᠨ ᠤ ᠬᠤᠪᠢᠷᠠᠯᠲᠠ ᠶᠢ ᠳᠠᠶᠢᠴᠢᠯᠠᠨ᠎ᠠ᠃      — ᠴᠢᠳᠠᠪᠤᠷᠢᠲᠠᠨ ᠤ ᠬᠦᠭᠵᠢᠯᠲᠡ ᠶᠢ  ᠪᠠᠷᠢᠮᠲᠠᠯᠠᠨ᠎ᠠ᠃ ᠴᠢᠳᠠᠪᠤᠷᠢᠲᠠᠨ ᠤ ᠲᠤᠬᠠᠶ ᠬᠤᠷᠴᠠ ᠴᠢᠩᠭ᠎ᠠ ᠤᠬᠠᠮᠰᠠᠷ ᠢ ᠪᠤᠢ ᠪᠣᠯᠭᠠᠵᠤ᠂ ︽ᠴᠢᠳᠠᠪᠤᠷᠢᠲᠠᠨ ᠪᠠᠷ ᠬᠤᠲᠠ ᠶᠢ ᠬᠦᠴᠦᠷᠬᠡᠭᠵᠢᠭᠦᠯᠬᠦ︾ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠬᠡᠷᠡᠭᠴᠡᠭᠡ ᠪᠠᠷ ᠬᠥᠲᠥᠯᠥᠨ ᠳᠠᠭᠠᠭᠤᠯᠬᠤ ᠶᠢ ᠳᠣᠪᠣᠶᠢᠯᠭᠠᠵᠣ᠂ ᠴᠢᠳᠠᠪᠤᠷᠢᠳᠠᠨ ᠣᠷᠢᠬᠤ ᠪᠠ ᠴᠢᠳᠠᠪᠦᠷᠢᠳᠠᠨ ᠬᠦᠮᠦᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠨᠡᠩ ᠶᠡᠭᠡ ᠬᠦᠴᠦᠯᠡᠴᠡ᠂ ᠨᠡᠩ ᠰᠢᠯᠢᠳᠡᠭ ᠲᠦᠷᠢᠮ ᠢᠶᠠᠷ ᠪᠦᠬᠦ ᠬᠦᠴᠦᠨ ᠢᠶᠠᠷ  ᠴᠢᠳᠠᠪᠤᠷᠢᠲᠠᠨ ᠢ ᠣᠷᠣᠭᠤᠯᠤᠨ ᠠᠪᠴᠢᠷᠠᠵᠣ᠂ ᠪᠦᠬᠦ ᠲᠠᠯ᠎ᠠ ᠪᠠᠷ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠴᠢᠳᠠᠪᠤᠷᠢᠲᠠᠨ ᠤ ᠰᠢᠨ᠎ᠡ ᠶᠢ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠭᠦᠢᠴᠡᠳ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠩᠭ᠎ᠠ ᠬᠦᠴᠦᠲᠡᠶ ᠤᠶᠤᠨ  ᠤ ᠳᠡᠮᠵᠢᠯᠭᠡ ᠶᠢ ᠬᠠᠩᠭᠠᠨ᠎ᠠ᠃        — ᠠᠮᠢ ᠠᠬᠤᠶ ᠶᠢᠨ ᠬᠠᠷᠢᠯᠴᠠᠨ ᠬᠦᠳᠡᠯᠦᠯᠴᠡᠬᠦ ᠶᠢ ᠪᠠᠷᠢᠮᠳᠠᠯᠠᠨ᠎ᠠ᠃ ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ ᠦᠢᠯᠡᠳᠦᠯᠭᠡᠵᠢᠭᠦᠯᠵᠦ᠂ ᠠᠵᠤ ᠠᠬᠤᠶ᠂ ᠨᠡᠶᠢᠭᠡᠮ ᠤᠨ ᠬᠥᠭᠵᠢᠯᠲᠡ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠨᠢᠭᠡᠳᠦᠯᠲᠡᠶ ᠲᠦᠯᠬᠢᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠪᠠᠷ ᠠᠮᠢ ᠠᠬᠤᠶ ᠶᠢᠨ ᠵᠠᠰᠠᠯᠲᠠ ᠶᠢ ᠲᠦᠯᠬᠢᠨ ᠠᠬᠢᠭᠤᠯᠵᠤ᠂ ᠤᠭᠢ ᠰᠠᠶᠢᠨ ᠠᠮᠢ ᠠᠬᠤᠢ ᠪᠠᠷ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠦᠵᠡᠰᠬᠦᠯᠡᠩᠲᠦ ᠰᠠᠶᠢᠬᠠᠨ ᠬᠢᠭᠡᠳ ᠥᠷᠨᠢᠩᠭᠦᠶ ᠬᠥᠭᠵᠢᠯᠲᠡ ᠶᠢᠨ ᠬᠤᠣᠰ ᠢᠯᠠᠯᠲᠠ  ᠶᠢ ᠪᠡᠶᠡᠯᠡᠭᠦᠯᠦᠨ᠎ᠡ᠃      ᠬᠤᠶᠢᠰᠢᠳᠠ ᠶᠢᠨ ᠲᠠᠪᠤᠨ ᠵᠢᠯ  ᠳᠠᠬᠢ ᠮᠠᠨ ᠤ ᠭᠤᠣᠯ ᠪᠣᠯᠬᠤ ᠡᠭᠦᠷᠭᠡ ᠪᠣᠯ᠄      ᠨᠢᠭᠡ ᠳᠤ᠂ ᠪᠥᠬᠦ ᠬᠦᠴᠦᠨ ᠢᠶᠠᠷ ᠢᠶᠠᠨ ᠲᠥᠪ ᠬᠤᠲᠠ ᠶᠢᠨ ᠣᠨᠴᠠᠯᠢᠭ ᠪᠦᠬᠦᠢ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠴᠤᠭᠴᠠᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ  ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠴᠡᠴᠡᠭᠯᠡᠨ ᠬᠦᠭᠵᠢᠯ᠂ ᠠᠮᠢ ᠠᠬᠤᠶ ᠰᠠᠭᠤᠷᠢᠰᠢᠯ ᠳᠤ ᠲᠣᠬᠢᠷᠠᠮᠵᠢᠲᠠᠶ᠂ ᠲᠤᠰᠬᠤᠨ ᠤ ᠵᠠᠩ ᠰᠤᠷᠲᠠᠯ ᠪᠣᠯᠪᠠᠰᠤᠨ᠂ ᠪᠦᠲᠦᠮᠵᠢᠲᠡᠶ ᠵᠠᠰᠠᠬᠤ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠵᠦ᠂ ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠬᠦ᠂ ᠬᠤᠳᠠ ᠪᠠᠷ ᠬᠥᠳᠡᠭᠡ ᠲᠣᠰᠬᠤᠨ ᠢ ᠲᠠᠶᠢᠴᠢᠯᠠᠬᠤ ᠶᠢ ᠪᠠᠷᠢᠮᠳᠠᠯᠠᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠲᠠᠭᠠᠭᠤᠯᠤᠭᠴᠢ ᠶᠢᠨ ᠳᠠᠭᠠᠭᠤᠯᠤᠨ ᠳᠠᠶᠢᠴᠢᠯᠠᠬᠤ ᠪᠠ ᠠᠰᠢᠭ ᠲᠤᠰᠠ ᠶᠢᠨ  ᠬᠤᠯᠪᠤᠯᠳᠤᠯ ᠢ ᠴᠢᠩᠭᠠᠳᠬᠠᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠵᠤ᠂ ᠬᠤᠲᠠᠴᠢᠯᠠᠭᠰᠠᠨ ᠬᠥᠳᠡᠭᠡ ᠠᠵᠤ ᠠᠬᠤᠶ ᠶᠢ ᠨᠠᠷᠢᠯᠢᠭ ᠬᠢᠵᠦ᠂ ᠲᠠᠷᠢᠶᠠᠯᠠᠩ ᠤᠨ ᠭᠠᠷᠤᠯᠲᠠ ᠪᠠᠨ ᠨᠡᠮᠡᠭᠳᠡᠭᠦᠯᠬᠦ ᠴᠢᠭᠯᠡᠯ ᠠᠴᠠ ᠶᠠᠰᠤ ᠴᠢᠨᠠᠷ ᠤᠨ ᠴᠢᠭᠯᠡᠯ  ᠳᠤ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠪᠠᠷ ᠬᠤᠲᠠ ᠶᠢ ᠬᠦᠴᠦᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠳᠠᠬᠢᠨ ᠢᠶᠠᠷ ᠨᠡᠮᠡᠭᠳᠡᠬᠦ ᠲᠥᠯᠥᠪᠯᠡᠭᠡ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ ᠬᠤᠶᠠᠷ ᠲᠠᠬᠢᠨ ᠪᠤᠯᠭᠠᠬᠤ  ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ  ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ ᠤᠨ ᠪᠦᠯᠦᠭᠵᠢᠯᠡᠬᠦ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠷᠢᠨᠭᠡᠷ ᠰᠢᠨ᠎ᠡ ᠲᠤᠭᠤᠷᠢᠭ ᠤᠨ ᠭᠤᠣᠯᠳᠠᠯᠭ᠎ᠠ ᠲᠠᠢ ᠤᠷᠤᠨ᠂ ᠶᠢᠨ ᠱᠠᠨ ᠤ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠳᠪᠦᠷᠢ ᠶᠢᠨ ᠨᠡᠭᠡᠭᠡᠯᠲᠡ ᠶᠢᠨ ᠣᠷᠣᠨ᠂ ᠲᠤᠭᠲᠠᠬᠤ ᠴᠢᠩ ᠱᠦᠢ ᠾᠧ ᠶᠢᠨ ᠠᠵᠤ ᠦᠢᠯᠡᠳᠪᠦᠷᠢ ᠶᠢᠨ ᠲᠦᠪᠯᠡᠷᠡᠭᠰᠡᠨ ᠤᠷᠤᠨ ᠢ ᠰᠢᠨ᠎ᠡ  ᠦᠰᠦᠯᠲᠠ ᠲᠠᠢ ᠪᠤᠯᠭᠠᠨ᠎ᠠ᠃ ᠲᠤᠮᠤ ᠳ᠋ᠠᠶᠢᠲ᠋ᠠ ᠶᠢᠨ ᠠᠵᠤ ᠦᠢᠯᠡᠰ ᠤᠨ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠮᠡᠳᠡᠭᠡ ᠵᠠᠩᠭᠢᠴᠢᠯᠠᠯᠲᠠ ᠬᠢᠭᠡᠳ ᠠᠵᠤ ᠦᠢᠯᠡᠳᠪᠦᠷᠢᠵᠢᠯᠲᠡ ᠶᠢᠨ ᠭᠦᠨᠵᠡᠭᠡᠢ ᠨᠡᠶᠢᠯᠡᠯᠴᠡᠯ ᠢ ᠠᠬᠢᠭᠤᠯᠤᠨ᠂ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ᠂ ᠴᠠᠬᠢᠯᠭᠠᠨ ᠬᠦᠴᠦᠨ ᠤ ᠡᠨᠧᠷᠭᠢ᠂ ᠴᠢᠯᠠᠭᠤᠨ ᠲᠤᠰᠤ  ᠪᠤᠯᠤᠨ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠳᠤᠮᠳᠠ ᠳᠡᠭᠡᠳᠦ ᠳᠡᠰ ᠵᠦᠭ  ᠲᠠᠪᠰᠢᠬᠤ ᠶᠢ ᠲᠦᠯᠬᠢᠨ ᠠᠬᠢᠭᠤᠯᠵᠤ᠂ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ ᠰᠢᠨ᠎ᠡ ᠮᠠᠲ᠋ᠧᠷᠢᠶᠠᠯ᠂ ᠲᠣᠨᠣᠭᠯᠠᠯ ᠦᠢᠯᠡᠳᠬᠦ᠂ ᠡᠯᠧᠺᠲᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠢᠨ᠎ᠡ ᠨᠡᠮᠡᠭᠳᠡᠯ ᠤᠨ ᠬᠦᠷᠢᠶᠡᠨ ᠳᠤ ᠬᠦᠭᠵᠢᠭᠦᠯᠦᠨ᠎ᠡ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠥᠭᠵᠢᠭᠡᠨ ᠬᠠᠮᠠᠭᠠᠯᠠᠵᠤ᠂ ᠪᠣᠳᠠᠲᠤ ᠴᠤᠭᠴᠠᠲᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶ ᠶᠢ ᠲᠡᠳᠬᠦᠨ ᠳᠡᠮᠵᠢᠵᠤ ᠪᠤᠵᠠᠭᠠᠶᠢᠷᠠᠭᠤᠯᠤᠨ᠂ ᠵᠠᠭᠤᠨ ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠢ 20 ᠡᠷᠦᠬᠡ ᠠᠴᠠ ᠲᠡᠭᠡᠭᠰᠢ ᠪᠤᠯᠭᠠᠨ᠂ ᠨᠢᠭᠡ ᠪᠦᠯᠦᠭ ᠰᠢᠨ᠎ᠡ ᠶᠢ ᠡᠭᠦᠳᠬᠦ ᠴᠢᠳᠠᠪᠤᠷᠢᠲᠠᠢ ᠬᠤᠰᠢᠭᠤᠴᠢ ᠠᠵᠤ ᠠᠬᠤᠶᠢᠯᠠᠯ ᠢ ᠬᠦᠮᠦᠵᠢᠭᠦᠯᠵᠦ᠂ ᠨᠢᠭᠡ ᠪᠦᠯᠦᠭ ︽ᠲᠤᠰᠬᠠᠶᠢᠵᠢᠵᠤ ᠨᠠᠷᠢᠯᠢᠭᠵᠢᠭᠰᠠᠨ ᠦᠪᠡᠷᠮᠢᠴᠡ ᠤᠨᠴᠠᠯᠢᠭ ᠪᠦᠬᠦᠢ ᠰᠢᠨ᠎ᠡ ᠬᠡᠯᠪᠡᠷᠢ︾ ᠶᠢᠨ ᠳᠤᠮᠳᠠ ᠪᠠᠭ᠎ᠠ ᠠᠵᠤ ᠠᠬᠤᠶᠢᠯᠠᠯ ᠢ ᠲᠡᠳᠬᠦᠨ ᠲᠡᠮᠵᠢᠨ᠎ᠡ᠃ ᠬᠡᠷᠡᠭᠯᠡᠭᠡᠨ ᠤ ᠳᠡᠰ ᠳᠡᠪᠰᠢᠯᠲᠡ ᠶᠢᠨ ᠬᠡᠷᠡᠭᠴᠡᠭᠡ  ᠲᠠᠢ ᠵᠣᠬᠢᠴᠠᠭᠤᠯᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠡᠪ  ᠵᠠᠭᠪᠤᠷ ᠤᠨ ᠰᠢᠨ᠎ᠡ ᠶᠢ ᠡᠭᠦᠳᠬᠦ᠂ ᠲᠣᠭᠠᠴᠢᠯᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭ᠎ᠠ᠂ ᠮᠥᠩᠭᠦᠨ ᠭᠦᠢᠯᠭᠡᠭᠡ᠂  ᠦᠵᠡᠰᠬᠦᠯᠡᠩ᠂ ᠰᠤᠶᠤᠯ ᠤᠨ ᠰᠢᠨᠡᠴᠢᠯᠡᠯ᠂ ᠵᠢᠭᠤᠯᠴᠢᠯᠠᠯ᠂ ᠡᠷᠡᠭᠦᠯ ᠮᠡᠨᠳᠦ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ  ᠲᠦᠪᠰᠢᠨ ᠢ ᠲᠡᠭᠡᠭᠰᠢᠯᠡᠭᠦᠯᠦᠨ᠂ ᠰᠣᠶᠣᠯ ᠤᠨ ᠠᠵᠤ ᠦᠢᠯᠡᠰ ᠪᠣᠯᠤᠨ ᠵᠢᠭᠤᠯᠴᠢᠯᠠᠯ ᠤᠨ ᠠᠵᠤ ᠦᠢᠯᠡᠰ ᠢ ᠰᠢᠨ᠎ᠡ ᠲᠤᠯᠭᠠᠭᠤᠷᠢ ᠠᠵᠤ ᠦᠢᠯᠡᠰ ᠪᠤᠯᠭᠠᠵᠤ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ  ᠦᠢᠯᠡᠳᠭᠦᠨ ᠤ ᠦᠷᠳᠡᠭ ᠤᠨ ᠡᠵᠡᠯᠡᠬᠦ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠳᠠᠬᠢ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠲᠦᠰᠢᠭ ᠲᠤᠯᠭᠠᠭᠤᠷᠢ ᠶᠢ ᠲᠤᠪᠤᠶᠢᠯᠭᠠᠨ᠂ ᠬᠥᠬᠡᠬᠤᠲᠠ ᠶᠢ ᠰᠢᠨᠵᠢᠯᠡᠭᠡ ᠮᠡᠷᠭᠡᠵᠢᠯ ᠤᠨ ᠬᠤᠳᠡ ᠪᠤᠯᠭᠠᠬᠤ ᠪᠠᠷ ᠲᠦᠷᠭᠡᠪᠴᠢᠯᠡᠨ ᠪᠦᠲᠦᠭᠡᠨ ᠪᠠᠶᠢᠭᠤᠯᠵᠤ᠂ ᠰᠢᠨᠵᠢᠯᠡᠭᠡ ᠮᠡᠷᠭᠡᠵᠢᠯ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ   ᠶᠢ 60 % ᠣᠷᠴᠢᠮ ᠬᠦᠷᠲᠡᠯ᠎ᠡ ᠳᠡᠭᠡᠭᠰᠢᠯᠡᠭᠦᠯᠦᠨ᠎ᠡ᠃      ᠬᠤᠶᠠᠷ ᠲᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠢᠳᠡᠪᠬᠢᠲᠡᠶ ᠪᠠᠷ ᠲᠦᠯᠬᠢᠠ ᠠᠬᠢᠭᠤᠯᠬᠤ ᠬᠡᠷᠡᠭᠲᠡᠶ᠃ ᠬᠤᠳᠠ ᠬᠥᠳᠡᠭᠡ ᠶᠢ ᠬᠠᠮᠤᠷᠤᠭᠰᠠᠨ᠂ ᠳᠣᠲᠣᠷ᠎ᠠ ᠪᠠᠨ ᠬᠤᠯᠪᠤᠯᠳᠤᠨ ᠭᠠᠳᠠᠭᠰᠢ ᠨᠡᠪᠲᠡᠷᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠤᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠡᠭᠡᠵᠢᠩ ᠬᠥᠬᠡᠬᠤᠲᠠ ᠢ ᠨᠡᠪᠲᠡᠷᠡᠭᠦᠯᠦᠭᠰᠡᠨ ᠦᠨᠳᠦᠷ ᠬᠤᠷᠳᠤᠴᠠᠲᠤ ᠲᠡᠮᠦᠷ ᠵᠠᠮ ᠤᠨ ᠪᠠᠶᠢᠭᠤᠯᠤᠭᠳᠠᠬᠤ ᠶᠢ ᠠᠬᠢᠭᠤᠯᠵᠤ᠂ ᠮᠠᠨ ᠤ ᠬᠤᠲᠠ ᠠᠴᠠ ᠢᠷᠭᠠᠢ᠂ ᠨᠠᠨᠨᠢᠩ ᠬᠦᠷᠬᠦ ᠦᠨᠳᠦᠷ ᠬᠤᠷᠳᠤᠴᠠᠲᠤ ᠲᠡᠮᠦᠷ ᠵᠠᠮ ᠨᠡᠪᠲᠡᠷᠡᠬᠦ ᠲᠥᠷᠥᠯ ᠵᠦᠢᠯ ᠢ ᠡᠬᠢᠯᠡᠭᠦᠯᠬᠦ ᠪᠠᠷ ᠴᠢᠷᠮᠠᠶᠢᠵᠤ᠂ ᠣᠷᠣᠨ ᠪᠦᠰᠡ ᠶᠢᠨ ᠴᠢᠨᠠᠷᠲᠠᠶ ᠥᠨᠳᠥᠷ ᠬᠤᠷᠳᠤᠴᠠᠲᠤ ᠲᠡᠮᠦᠷ ᠵᠠᠮ ᠤᠨ ᠵᠠᠩᠭᠢᠯᠠᠭ᠎ᠠ ᠪᠤᠯᠭᠠᠨ᠎ᠠ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠ ᠶᠢᠨ ᠬᠡᠪᠴᠢᠶᠡᠨ ᠤ ᠳᠡᠭᠡᠳᠦ ᠲᠡᠰ ᠤᠨ ᠵᠠᠰᠠᠮᠠᠯ ᠵᠠᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠴᠠᠬᠢᠯᠭᠠᠨ ᠤ ᠰᠤᠷᠪᠤᠯᠵᠢ ᠴᠠᠬᠢᠯᠭᠠᠨ ᠤ ᠲᠣᠣᠷ᠂ ᠴᠠᠬᠢᠯᠭᠠᠨ ᠲᠠᠮᠵᠢᠭᠤᠯᠬᠤ  ᠨᠡᠪᠲᠡᠷᠡᠯ ᠵᠠᠮ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠯᠵᠢᠮᠡᠯ  ᠨᠧᠲ ᠰᠦᠯᠵᠢᠶ᠎ᠡ ᠂  ᠪᠠᠷᠠᠭᠠᠨ ᠤ ᠰᠦᠯᠵᠢᠶ᠎ᠡ᠂ ᠤᠶᠤᠨᠲᠤ ᠬᠤᠲᠠ ᠵᠡᠷᠭᠡ ᠮᠡᠳᠡᠭᠡ ᠵᠠᠩᠭᠢ ᠶᠢᠨ ᠰᠠᠭᠤᠷᠢ ᠰᠦᠯᠵᠢᠶᠡᠨ ᠤ  ᠪᠠᠶᠢᠷᠢᠰᠢᠭᠤᠯᠤᠯᠲᠠ ᠶᠢ ᠲᠦᠷᠭᠡᠳᠬᠡᠵᠦ᠂ ᠪᠣᠳᠠᠲᠤ ᠪᠠᠶᠢᠳᠠᠯ ᠲᠠᠢ ᠨᠡᠶᠢᠴᠡᠬᠦ᠂ ᠵᠣᠬᠢᠰᠲᠠᠶ ᠤᠷᠢᠳᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠦᠳᠦᠭᠡᠨ ᠪᠠᠶᠢᠭᠤᠯᠬᠤ ᠬᠡᠷᠡᠭᠲᠡᠢ᠃ ᠭᠤᠣᠯ ᠬᠤᠳᠠ ᠶᠢᠨ ᠲᠣᠭᠤᠷᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ  ᠰᠠᠶᠢᠲᠤᠷ ᠠᠳᠬᠤᠵᠤ᠂ ᠬᠤᠳᠠ ᠶᠢᠨ ᠲᠦᠷᠭᠡᠨ ᠵᠠᠮ᠂ ᠵᠢᠮᠲᠦ ᠵᠠᠮ ᠨᠡᠪᠲᠡᠷᠡᠯᠭᠡ ᠵᠡᠷᠭᠡ ᠬᠤᠲᠠ ᠶᠢᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠬᠤ ᠶᠢ ᠲᠦᠷᠭᠡᠳᠬᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠣᠳᠣᠬᠢᠴᠢᠯᠠᠭᠰᠠᠨ ᠣᠷᠣᠨ ᠤ ᠲᠥᠪ ᠢ ᠪᠦᠳᠦᠭᠡᠨ ᠪᠠᠶᠢᠭᠤᠯᠣᠨ᠎ᠠ᠃ ᠬᠤᠷᠢᠨᠭᠡᠷ ᠰᠢᠨ᠎ᠡ ᠲᠤᠭᠤᠷᠢᠭ ᠪᠣᠯᠣᠨ ᠭᠤᠣᠯ ᠬᠤᠳᠠ ᠶᠢᠨ ᠲᠣᠭᠤᠷᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠠᠬᠢᠭᠤᠯᠵᠤ᠂ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠬᠥᠭᠵᠢᠯᠲᠡ ᠶᠢᠨ ᠬᠠᠷᠢᠯᠴᠠᠨ ᠦᠢᠯᠡᠳᠦᠯᠴᠡᠵᠦ ᠬᠠᠷᠢᠯᠴᠠᠨ ᠠᠬᠢᠭᠤᠯᠬᠤ ᠶᠢ ᠲᠦᠯᠬᠢᠨ ᠣᠷᠣᠭᠰᠢᠯᠠᠭᠤᠯᠬᠤ ᠬᠡᠷᠡᠭᠲᠡᠶ᠃ ᠬᠤᠰᠢᠭᠤ ᠰᠢᠶᠠᠨ ᠤ ᠭᠠᠵᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠵᠢᠭᠤᠯᠴᠢᠯᠠᠯ ᠤᠨ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠥᠪᠡᠷᠮᠢᠴᠡ ᠣᠨᠴᠠᠯᠢᠭ ᠪᠦᠬᠦᠢ ᠠᠶᠢᠯ ᠲᠣᠰᠬᠤᠨ ᠪᠠᠯᠭᠠᠰᠤ ᠶᠢ ᠪᠦᠳᠦᠭᠡᠨ ᠪᠠᠶᠢᠭᠤᠯᠵᠤ᠂ ᠲᠠᠷᠢᠶᠠᠯᠠᠩ ᠤᠨ ᠬᠥᠮᠦᠨ ᠠᠮᠠ  ᠶᠢᠨ ᠬᠤᠲᠠᠴᠢᠯᠠᠯᠲᠠ ᠶᠢ ᠲᠦᠷᠭᠡᠳᠬᠡᠵᠦ᠂ ᠬᠤᠳᠠ ᠬᠥᠳᠡᠭᠡ᠂ ᠣᠷᠣᠨ ᠪᠦᠰᠡ ᠶᠢᠨ ᠬᠤᠭᠤᠷᠣᠨᠳᠣᠬᠢ ᠬᠥᠭᠵᠢᠯᠲᠡ ᠶᠢᠨ ᠵᠥᠷᠢᠶ᠎ᠡ ᠶᠢ ᠪᠠᠭᠠᠰᠬᠠᠬᠤ ᠬᠡᠷᠡᠭᠲᠡᠢ᠃      ᠭᠤᠷᠪᠠ ᠳᠤ᠂ ︽ᠦᠵᠡᠰᠬᠦᠯᠡᠩᠲᠦ ᠰᠠᠶᠢᠬᠠᠨ ᠬᠦᠬᠡᠬᠤᠲᠠ︾ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠬᠤᠲᠠ ᠶᠢᠨ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠬᠢᠭᠡᠳ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠬᠤ᠂ ᠣᠷᠴᠢᠨ ᠠᠬᠤᠶ ᠶᠢ ᠬᠠᠮᠠᠭᠠᠯᠠᠬᠤ ᠣᠷᠣᠨ ᠵᠠᠶ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ ᠪᠣᠯᠣᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠦᠷᠢᠯᠳᠦᠭᠦᠯᠦᠨ᠎ᠡ᠃ ᠪᠣᠬᠢᠷᠲᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠲᠦ ᠣᠷᠴᠢᠯ ᠬᠦᠭᠵᠢᠯᠲᠡ ᠶᠢᠨ ᠠᠵᠤ ᠠᠬᠤᠶ ᠶᠢᠨ ᠰᠢᠰᠲ᠋ᠧᠮ ᠢ  ᠪᠠᠶᠢᠭᠤᠯᠵᠤ᠂ ᠡᠨᠧᠷᠭᠢ ᠠᠷᠪᠢᠯᠠᠨ ᠣᠷᠴᠢᠨ ᠠᠬᠤᠶ ᠶᠢ ᠬᠠᠮᠠᠭᠠᠯᠠᠬᠤ᠂ ᠴᠡᠪᠡᠷ ᠦᠢᠯᠡᠳᠪᠦᠷᠢᠯᠡᠯ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠢᠳᠡᠪᠬᠢᠲᠡᠶ  ᠬᠦᠭᠵᠢᠭᠦᠯᠬᠦ ᠬᠡᠷᠡᠭᠲᠡᠢ᠃ ᠠᠭᠤᠯᠠ ᠤᠰᠤ ᠤᠢ ᠰᠢᠭᠤᠢ ᠭᠠᠵᠠᠷ ᠳᠠᠷᠢᠶ᠎ᠠ ᠨᠠᠭᠤᠷ ᠴᠦᠭᠦᠷᠦᠮ ᠡᠪᠡᠰᠦ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠦᠯᠦᠪᠯᠡᠵᠦ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠦᠨ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠠᠲᠤᠨ ᠭᠤᠣᠯ ᠤᠨ ᠡᠷᠭᠢ ᠳᠠᠭᠠᠤ ᠪᠣᠯᠣᠨ ᠪᠤᠰᠤᠳ ᠠᠮᠢ ᠠᠬᠤᠶ ᠬᠡᠪᠡᠷᠡᠭ ᠣᠷᠣᠨ ᠤ ᠬᠠᠮᠠᠭᠠᠯᠠᠯᠲᠠ ᠶᠢ ᠴᠢᠩᠭᠠᠳᠬᠠᠵᠤ᠂ ︽ᠬᠤᠶᠠᠷ ᠠᠭᠤᠯᠠ ᠨᠢᠭᠡ ᠮᠦᠷᠡᠨ︾ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠠᠪᠤᠨ ᠵᠢᠯ ᠳᠤ ᠣᠶᠢᠵᠢᠭᠤᠯᠤᠨ ᠨᠣᠭᠤᠭᠠᠷᠠᠭᠤᠯᠬᠤ ᠲᠠᠯᠠᠪᠠᠶ 100 ᠲᠦᠮᠡᠨ ᠮᠦ ᠠᠴᠠ ᠳᠡᠭᠡᠭᠰᠢ ᠪᠠᠶᠢᠯᠭᠠᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂   ᠭᠠᠳᠠᠭᠰᠢᠯᠠᠭᠤᠯᠬᠤ ᠶᠢ ᠪᠠᠷᠢᠮᠵᠢᠶᠠᠨ ᠳᠤ ᠬᠦᠷᠬᠦ ᠶᠢ ᠬᠦᠴᠦᠲᠡᠢ ᠠᠬᠢᠭᠤᠯᠬᠤ ᠬᠡᠷᠡᠭᠲᠡᠶ᠃ ᠬᠤᠳᠠ ᠶᠢᠨ ᠤᠷᠤᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ   ᠤ ᠶᠡᠷᠦᠩᠬᠡᠢ ᠵᠠᠰᠠᠯᠲᠠ ᠶᠢ ᠲᠦᠷᠭᠡᠳᠬᠡᠵᠦ᠂  2020 ᠣᠨ ᠪᠤᠯᠬᠤ ᠳᠤ  ᠲᠠᠲᠠᠬᠤ ᠨᠦᠬᠦᠪᠦᠷᠢᠯᠡᠬᠦ ᠶᠢᠨ ᠲᠡᠩᠴᠡᠭᠦᠷᠢᠲᠡᠶ ᠪᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠤᠰᠤ ᠪᠣᠯᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠭᠤᠣᠯ ᠬᠤᠲᠠ᠂ ᠭᠤᠣᠯᠳᠠᠯᠭ᠎ᠠ ᠲᠠᠢ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠪᠣᠯᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠥᠬᠦᠳᠡ ᠶᠢ ᠴᠤᠭᠯᠠᠭᠤᠯᠤᠨ᠂  ᠪᠦᠬᠦᠲᠡ ᠶᠢ ᠰᠢᠢᠳᠪᠦᠷᠢᠯᠡᠵᠦ᠂ ᠣᠷᠣᠨ ᠤ ᠲᠥᠪ ᠤᠨ ᠣᠭᠲᠠᠷᠭᠤᠶ  ᠶᠢ ᠨᠡᠩ ᠴᠡᠯᠮᠡᠭ ᠰᠠᠶᠢᠬᠠᠨ᠂ ᠠᠭᠤᠯᠠᠰ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ ᠠᠭᠠᠷ ᠢ ᠨᠠᠩ ᠴᠡᠪᠡᠷ ᠪᠣᠯᠭᠠᠨ᠎ᠠ᠃      ᠲᠦᠷᠪᠡ ᠳᠤ᠂ ᠰᠣᠶᠣᠯ ᠤᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠥᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠢᠨ᠎ᠡ ᠨᠢᠭᠡᠨ ᠡᠭᠡᠯᠵᠢ ᠶᠢᠨ ᠠᠵᠢᠯ ᠢ ᠡᠬᠢᠯᠡᠭᠦᠯᠦᠨ᠎ᠡ᠃ ᠤᠷᠤᠨ ᠤ ᠲᠥᠪ ‍ᠦᠨ‌ᠤᠬᠠᠮᠰᠠᠷ ᠢ ᠪᠤᠢ ᠪᠣᠯᠭᠠᠵᠤ᠂ ᠥᠷᠭᠡᠨ ᠤᠯᠠᠨ ᠬᠤᠳᠠ ᠶᠢᠨ  ᠠᠷᠠᠳ ᠤᠨ ᠤᠷᠤᠨ ᠤ ᠲᠥᠪ ᠤᠨ ᠠᠷᠠᠳ ᠪᠤᠯᠤᠭᠰᠠᠨ ᠤᠮᠤᠭᠰᠢᠯᠲᠤ ᠰᠡᠳᠭᠢᠯᠭᠡ ᠪᠣᠯᠣᠨ ᠰᠠᠶᠢᠨ ᠤᠷᠤᠨ ᠤ ᠲᠥᠪ ᠢ ᠰᠠᠶᠢᠲᠤᠷ ᠪᠦᠲᠦᠭᠡᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠪᠠᠬᠢᠯᠡᠯᠲᠡ ᠶᠢᠨ ᠭᠠᠵᠠᠷ ᠤᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠤᠨᠴᠠᠭᠠᠶᠢᠯᠠᠨ ᠨᠧᠲ ᠰᠦᠯᠵᠢᠶᠡᠨ ᠤ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠴᠢᠩᠭᠠᠳᠬᠠᠵᠤ᠂ ᠰᠡᠪᠡᠭᠦᠨ ᠰᠤᠷᠭᠤᠭ ᠰᠦᠯᠵᠢᠶᠡᠨ ᠤ ᠣᠷᠣᠨ ᠵᠠᠶ ᠶᠢ ᠪᠤᠢ ᠪᠤᠯᠭᠠᠬᠤ ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠤᠶᠤᠯ ᠢ ᠶᠡᠬᠡᠪᠡᠷ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠠᠰᠢᠭᠯᠠᠯᠲᠠ ᠪᠣᠯᠣᠨ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠦᠨᠳᠦᠰᠦᠲᠡᠨ ᠤ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠂ ᠲᠠᠯ᠎ᠠ ᠨᠤᠲᠤᠭ ᠤᠨ ᠰᠣᠶᠣᠯ ᠤᠨ ᠡᠬᠢ ᠪᠠᠶᠠᠯᠢᠭ ᠢ ᠨᠢᠭᠡᠳᠦᠭᠦᠯᠵᠦ᠂ ᠲᠠᠯ᠎ᠠ ᠨᠤᠲᠤᠭ ᠤᠨ ᠰᠣᠶᠣᠯ ᠤᠨ ᠭᠤᠣᠯ ᠣᠷᠣᠨ ᠢ ᠪᠠᠶᠢᠭᠤᠯᠬᠤ  ᠬᠡᠷᠡᠭᠲᠡᠢ᠃ ᠤᠯᠠᠨ ᠲᠡᠰ ᠳᠠᠪᠬᠤᠷᠭ᠎ᠠ᠂ ᠥᠪᠡᠷᠮᠢᠴᠡ ᠰᠣᠶᠣᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠭᠤᠯᠤᠨ᠂ ᠤᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ᠂ ᠥᠪᠡᠷᠮᠢᠴᠡ ᠣᠷᠣᠨ ᠨᠤᠲᠤᠭ ᠤᠨ ᠣᠨᠴᠠᠯᠢᠭ ᠲᠠᠢ  ᠤᠷᠠᠯᠢᠭ ᠤᠨ ᠰᠢᠯᠢᠳᠡᠭ ᠪᠦᠲᠦᠭᠡᠯ ᠪᠣᠯᠣᠨ ᠰᠣᠶᠣᠯ ᠤᠨ ᠠᠵᠢᠯᠯᠠᠭ᠎ᠠ ᠶᠢ ᠨᠡᠩ ᠠᠷᠪᠢᠨ ᠭᠠᠷᠭᠠᠵᠤ᠂ ᠰᠣᠶᠣᠯ ᠤᠨ ᠨᠡᠷ᠎ᠡ ᠶᠢᠨ ᠬᠠᠭᠤᠳᠠᠰᠤ ᠪᠣᠯᠣᠨ ᠰᠣᠶᠣᠯ ᠤᠨ ᠲᠥᠷᠥᠯ ᠲᠡᠮᠳᠡᠭ ᠢ ᠪᠤᠶ ᠪᠤᠯᠭᠠᠬᠤ ᠭᠡᠷᠡᠭᠲᠡᠢ᠃ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ  ᠰᠢᠰᠲ᠋ᠧᠮ ᠢ ᠲᠡᠭᠦᠯᠳᠡᠷᠵᠢᠭᠦᠯᠵᠦ᠂  ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠶᠢ ᠭᠦᠨᠵᠡᠭᠡᠶ ᠬᠡᠷᠡᠭᠵᠢᠭᠦᠯᠦᠨ᠎ᠡ᠃ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠪᠣᠯᠤᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠡᠪᠯᠡᠯ ᠨᠡᠶᠢᠲᠡᠯᠡᠯ᠂ ᠺᠢᠨᠣ᠋ ᠲᠧᠯᠸᠢᠰ  ᠂ ᠺᠠᠷᠲ᠋ᠣᠨ ᠱᠤᠭ ᠵᠢᠷᠤᠭ᠂ ᠰᠣᠶᠣᠯ ᠤᠨ ᠡᠭᠦᠳᠦᠨ ᠪᠦᠲᠦᠭᠡᠬᠦ ᠰᠡᠳᠬᠢᠮᠵᠢ ᠵᠡᠷᠭᠡ ᠰᠣᠶᠣᠯ ᠤᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠰᠤᠶᠤᠯ ᠤᠨ ᠠᠵᠤ ᠦᠢᠯᠡᠰ ᠪᠠ ᠲᠤᠮᠤ ᠳ᠋ᠠᠶᠢᠲ᠋ᠠ᠂  ᠵᠢᠭᠤᠯᠴᠢᠯᠠᠯ᠂ ᠪᠡᠶ᠎ᠡ ᠲᠠᠮᠢᠷ᠂ ᠡᠷᠡᠭᠦᠯ ᠴᠢᠬᠢᠷᠠᠭ᠂  ᠨᠠᠰᠤᠲᠠᠨ ᠢ ᠠᠰᠠᠷᠠᠬᠤ᠂ ᠦᠵᠡᠰᠬᠦᠯᠡᠩ ᠵᠡᠷᠭᠡ ᠠᠵᠤ ᠦᠢᠯᠡᠰ ᠤᠨ ᠭᠦᠨᠵᠡᠭᠡᠶ ᠨᠡᠶᠢᠯᠡᠯ ᠢ ᠠᠬᠢᠭᠤᠯᠵᠤ᠂ ᠰᠢᠨ᠎ᠡ ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠦᠷᠳᠡᠭ ᠤᠨ GDP ᠳᠤ ᠡᠵᠡᠯᠡᠬᠦ ᠬᠤᠪᠢ ᠶᠢᠨ ᠵᠢᠩ ᠢ 5 % ᠣᠷᠴᠢᠮ ᠬᠦᠷᠭᠡᠨ᠎ᠡ᠃      ᠲᠠᠪᠤ ᠳᠤ᠂ ᠪᠦᠬᠦ ᠲᠠᠯ᠎ᠠ ᠪᠠᠷ ᠭᠠᠳᠠᠭᠰᠢ ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠬᠦᠴᠦᠯᠡᠨ ᠪᠤᠢ ᠪᠤᠯᠭᠠᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠠᠵᠤ ᠠᠬᠤᠶ ᠠᠷᠠᠯᠵᠢᠶ᠎ᠠ᠂ ᠰᠣᠶᠣᠯ᠂ ᠵᠢᠭᠤᠯᠴᠢᠯᠠᠯ᠂ ᠰᠤᠷᠭᠠᠨ ᠬᠦᠮᠦᠵᠢᠯ᠂ ᠴᠤᠭᠯᠠᠭᠠᠨ ᠦᠵᠡᠰᠬᠦᠯᠡᠩ ᠵᠡᠷᠭᠡ ᠲᠠᠯ᠎ᠠ ᠪᠠᠷ ᠬᠠᠮᠳᠤᠷᠠᠯᠴᠠᠬᠤ ᠶᠢ ᠢᠳᠡᠪᠬᠢᠲᠡᠢ ᠦᠷᠨᠢᠭᠦᠯᠬᠦ ᠬᠡᠷᠡᠭᠲᠡᠶ᠃ ᠣᠷᠣᠰ ᠮᠣᠩᠭᠤᠯ ᠯᠤᠭ᠎ᠠ ᠶᠢᠨ ᠬᠠᠮᠲᠤᠷᠠᠨ ᠠᠵᠢᠯᠯᠠᠬᠤ ᠲᠣᠭᠲᠠᠴᠠ ᠶᠢᠨ ᠰᠢᠨ᠎ᠡ ᠶᠢ ᠡᠭᠦᠳᠴᠦ᠂  ᠳᠤᠮᠳᠠᠳᠤ ᠮᠣᠩᠭᠤᠯ ᠣᠷᠣᠰ ᠤᠨ ᠪᠠᠷᠠᠭ᠎ᠠ ᠲᠡᠭᠡᠭᠡᠪᠦᠷᠢᠯᠡᠬᠦ ᠨᠡᠪᠲᠡᠷᠡᠯᠡᠯ ᠵᠠᠮ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠭᠤᠣᠯ ᠵᠠᠩᠭᠢᠯᠠᠭ᠎ᠠ ᠴᠡᠭ ᠢ ᠴᠤᠭᠴᠠᠯᠠᠨ ᠪᠠᠶᠢᠭᠤᠯᠬᠤ ᠭᠡᠷᠡᠭᠲᠡᠢ᠃ ᠳᠤᠮᠳᠠᠳᠤ ᠮᠣᠩᠭᠤᠯ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠮᠡᠳᠡᠭᠦᠯᠦᠨ ᠪᠦᠲᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠲᠡᠮᠡᠴᠡᠨ ᠣᠯᠵᠤ᠂ ᠳᠤᠮᠳᠠᠳᠤ ᠮᠣᠩᠭᠤᠯ ᠤᠨ ᠦᠵᠡᠰᠭᠦᠯᠡᠩ ᠴᠤᠭᠯᠠᠭᠠᠨ ᠢ ᠦᠷᠭᠦᠯᠵᠢᠯᠡᠨ ᠰᠠᠶᠢᠲᠤᠷ ᠡᠷᠬᠢᠯᠡᠨ᠎ᠡ᠃ ᠡᠯᠧᠺᠲᠷᠣᠨ ᠭᠠᠷᠠᠮ᠂ ᠠᠭᠠᠷ ᠠᠶᠠᠯᠠᠯ ᠤᠨ ᠭᠠᠷᠠᠮ ᠤᠨ ᠪᠦᠳᠦᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠲᠢᠶᠠᠨᠵᠢᠨ ᠤ ︽ᠤᠰᠤ ᠦᠭᠡᠢ ᠭᠠᠷᠠᠮ  ︾ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠸᠢ  ᠶᠢᠨ ᠬᠠᠮᠲᠤᠷᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠲᠠᠢ ᠭᠦᠨᠵᠡᠭᠡᠢ ᠵᠤᠬᠢᠴᠠᠯᠳᠤᠨ᠂ ᠪᠡᠭᠡᠵᠢᠩ ᠤᠨ ᠠᠵᠤ ᠦᠢᠯᠡᠰ ᠤᠨ ᠲᠥᠷᠥᠯ ᠵᠦᠢᠯ ᠰᠢᠯᠵᠢᠯᠲᠡ ᠶᠢ ᠢᠳᠡᠪᠬᠢᠲᠡᠶ ᠭᠠᠷᠳᠠᠨ ᠠᠪᠬᠤ ᠬᠡᠷᠡᠭᠲᠡᠢ᠃ ᠬᠥᠬᠡᠬᠤᠲᠠ ᠪᠤᠭᠤᠲᠤ ᠢᠷᠭᠠᠢ ᠢᠦᠢ ᠯᠢᠨ ᠤ ᠠᠵᠤ ᠠᠬᠤᠶ ᠶᠢᠨ ᠣᠷᠣᠨ  ᠤ ᠡᠯ᠎ᠡ ᠬᠤᠳᠡ ᠶᠢᠨ ᠬᠤᠷᠰᠢᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠶᠢ ᠬᠥᠲᠥᠯᠥᠨ ᠳᠠᠭᠠᠭᠤᠯᠬᠤ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠦᠢᠯᠡᠰ ᠤᠨ ᠪᠠᠶᠢᠷᠢᠰᠢᠭᠤᠯᠣᠯᠲᠠ᠂ ᠰᠠᠭᠤᠷᠢ ᠲᠥᠬᠦᠭᠡᠷᠦᠮᠵᠢ ᠶᠢᠨ ᠪᠦ᠋ᠲᠦᠭᠡᠨ ᠪᠠᠶᠢᠭᠤᠯᠤᠯᠲᠠ ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠣᠨ᠎ᠠ᠃      ᠵᠢᠷᠭᠤᠭ᠎ᠠ ᠳᠤ᠂ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠤᠨ ᠬᠦᠷᠦᠯᠴᠡᠬᠦ ᠦᠬᠡᠢ ᠲᠠᠯ᠎ᠠ ᠶᠢ ᠲᠦᠷᠭᠡᠪᠴᠢᠯᠡᠨ ᠨᠥᠬᠦᠪᠥᠷᠢᠯᠡᠬᠦ ᠬᠡᠷᠡᠭᠲᠡᠢ᠃ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠳᠠᠶᠢᠨ ᠢ ᠡᠷᠡᠰ ᠰᠢᠢᠳᠮᠡᠭᠡᠢ ᠪᠡᠶᠡᠯᠡᠭᠦᠯᠵᠦ᠂ 2020 ᠣᠨ ᠪᠣᠯᠬᠤ ᠳᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠵᠢᠯ ᠤᠨ ᠬᠥᠮᠦᠨ ᠪᠦᠷᠢ ᠶᠢᠨ ᠳᠤᠮᠳᠠᠴᠢ ᠣᠷᠣᠯᠭ᠎ᠠ 4000 ᠲᠥᠭᠦᠷᠢᠭ ᠠᠴᠠ ᠳᠡᠭᠡᠭᠰᠢ  ᠪᠣᠯᠭᠠᠵᠣ᠂ ᠦᠴᠤᠸᠠᠨ᠂ ᠴᠢᠩ ᠱᠦᠢ ᠾᠧ ᠬᠤᠶᠠᠷ ᠶᠠᠳᠠᠭᠤ ᠬᠦᠴᠢᠷᠳᠡᠯᠲᠡᠶ ᠰᠢᠶᠠᠨ ᠢ ︽ᠶᠠᠳᠠᠭᠤ ᠶᠢᠨ ᠨᠡᠷ᠎ᠡ︾  ᠠᠴᠠ ᠬᠠᠰᠤᠵᠤ ᠭᠠᠷᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠪᠠᠷ ᠬᠠᠷᠠᠯᠲᠠ ᠪᠣᠯᠭᠠᠨ᠂ ᠳᠤᠮᠳᠠᠳᠤ ᠪᠠᠭ᠎ᠠ ᠰᠤᠷᠭᠠᠭᠤᠯᠢ ᠂ ᠬᠡᠦᠬᠡᠳ ᠤᠨ ᠴᠡᠴᠡᠷᠯᠢᠭ ᠤᠨ ᠭᠤᠷᠪᠠᠨ ᠵᠢᠯ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ︽ᠰᠤᠷᠭᠠᠭᠤᠯᠢ ᠰᠣᠩᠭᠤᠬᠤ ᠬᠠᠯᠠᠮᠰᠢᠯ︾᠂ ︽ᠬᠡᠳᠥ ᠲᠣᠭᠠᠲᠤ ᠠᠩᠭᠢ︾ ᠵᠡᠷᠭᠡ ᠳᠤᠪᠤᠶᠢᠮ᠎ᠠ ᠠᠰᠠᠭᠤᠳᠠᠯ ᠤᠳ ᠢ ᠰᠢᠢᠳᠪᠦᠷᠢᠯᠡᠨ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠴᠢᠷᠮᠠᠶᠢᠨ ᠠᠬᠢᠭᠤᠯᠣᠨ᠎ᠠ᠃ ᠡᠷᠡᠭᠦᠯ ᠬᠥᠬᠡᠬᠤᠲᠠ ᠶᠢᠨ ᠪᠦᠳᠦᠭᠡᠨ ᠪᠠᠶᠢᠭᠤᠯᠤᠯᠲᠠ ᠶᠢ ᠬᠦᠨᠵᠡᠭᠡᠢ ᠠᠬᠢᠭᠤᠯᠵᠤ᠂  ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠣᠬᠢ ᠰᠠᠶᠢᠨ ᠡᠮ ᠡᠮᠨᠡᠯᠭᠡ ᠶᠢᠨ ᠡᠬᠢ  ᠪᠠᠶᠠᠯᠢᠭ ᠢ ᠢᠳᠡᠪᠬᠢᠲᠡᠶ ᠪᠠᠷ ᠲᠠᠲᠠᠨ ᠣᠷᠣᠭᠤᠯᠬᠤ ᠪᠠ ᠣᠶᠠᠯᠳᠣᠭᠤᠯᠵᠣ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠢᠩᠭᠠᠨ ᠬᠥᠮᠦᠨ ᠪᠦᠷᠢ ᠳᠤ  5.5 ᠣᠷᠣ ᠶᠢᠨ ᠲᠤᠭ᠎ᠠ ᠶᠢ ᠨᠡᠮᠡᠭᠳᠡᠭᠦᠯᠵᠦ᠂ ᠦᠨᠡᠨ ᠬᠦ ︽ᠡᠪᠡᠳᠴᠢᠨ ᠦᠵᠡᠭᠦᠯᠬᠦ ᠳᠤ ᠬᠦᠴᠢᠷᠲᠡᠶ︾ ︽ᠡᠪᠡᠳᠴᠢᠨ ᠦᠵᠡᠭᠦᠯᠬᠦ ᠳᠤ ᠦᠨ᠎ᠡ ᠲᠠᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠂ ᠨᠡᠶᠢᠭᠡᠮ ᠤᠨ ᠠᠪᠤᠷᠠᠨ ᠲᠤᠰᠠᠯᠠᠬᠤ ᠪᠠ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠦᠨ ᠪᠦᠬᠦᠨ ᠡᠳ᠋ᠯᠡᠬᠦ   ᠶᠢ ᠪᠠᠷᠢᠮᠳᠠᠯᠠᠵᠤ᠂  ᠨᠢᠯᠬᠠᠰ ᠢ ᠪᠤᠶᠢᠵᠢᠭᠤᠯᠤᠨ᠂ ᠰᠤᠷᠤᠯᠴᠠᠬᠤ ᠠᠴᠠ ᠰᠣᠷᠭᠠᠭᠤᠯᠢ ᠲᠠᠢ᠂ ᠬᠦᠳᠡᠯᠮᠦᠷᠢᠯᠡᠪᠡᠯ ᠬᠠᠷᠠᠮᠵᠢ ᠲᠠᠢ᠂ ᠡᠪᠡᠳᠴᠢᠯᠡᠪᠡᠯ ᠡᠮᠨᠡᠭᠦᠯᠬᠦ ᠭᠠᠵᠠᠷ ᠲᠠᠢ᠂ ᠦᠲᠡᠯᠪᠡᠯ ᠠᠰᠠᠷᠠᠯᠲᠠ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶ ᠶᠢ ᠲᠡᠳᠬᠦᠬᠦ ᠲᠠᠯ᠎ᠠ ᠪᠠᠷ ᠰᠢᠨ᠎ᠡ  ᠬᠦᠭᠵᠢᠯᠲᠡ ᠲᠠᠢ ᠪᠠᠶᠢᠬᠤ  ᠬᠡᠷᠡᠭᠲᠡᠢ᠃         ᠭᠤᠷᠪᠠ  ᠂ 2018 ᠣᠨ ᠤ ᠵᠠᠰᠠᠭ ᠤᠨ ᠣᠷᠳᠣᠨ ᠤ ᠠᠵᠢᠯ ᠤᠨ ᠲᠤᠬᠠᠶ ᠰᠠᠨᠠᠭᠤᠯᠭ᠎ᠠ      ᠡᠨᠡ ᠵᠢᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠶ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠭᠡᠭᠡᠷᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠡᠭᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠣᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠲᠣᠭᠲᠠᠭᠤᠨ ᠤᠷᠤᠭᠰᠢᠯᠠᠬᠤ ᠠᠵᠢᠯ ᠤᠨ ᠶᠡᠷᠦᠩᠬᠡᠶ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠲᠠᠢ ᠨᠢᠭᠲᠠ ᠤᠶᠠᠯᠳᠤᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ  ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ  ᠪᠤᠯᠭᠠᠬᠤ ᠶᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠲᠦᠷᠦᠯ  ᠤᠨ ᠠᠵᠢᠯ  ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠳᠡ ᠶᠢ ᠶᠡᠬᠡᠪᠡᠷ ᠠᠬᠢᠭᠤᠯᠤᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠣᠭᠤᠮᠲᠠ ᠰᠢᠪᠲᠣᠯᠬᠤ ᠳᠠᠶᠢᠨ ᠢ ᠦᠨᠡᠨ ᠬᠦ ᠰᠠᠶᠢᠲᠤᠷ ᠬᠢᠵᠦ᠂  ᠬᠦᠭᠵᠢᠯᠲᠡ᠂ ᠣᠷᠴᠢᠨ ᠠᠬᠤᠶ᠂ ᠠᠷᠠᠳ ᠤᠨ ᠠᠮᠢᠳᠤᠷᠠᠯ ᠤᠨ ᠲᠤᠬᠠᠶ ᠭᠤᠷᠪᠠᠨ ᠵᠤᠷᠪᠤᠰ ᠬᠤᠷᠢᠭ᠎ᠠ ᠱᠤᠭᠤᠮ ᠢ ᠰᠠᠶᠢᠲᠤᠷ ᠬᠠᠮᠠᠭᠠᠯᠠᠵᠤ᠂ ᠤᠷᠤᠨ ᠤ ᠲᠥᠪ ᠤᠨ ᠣᠨᠴᠠᠯᠢᠭ ᠪᠦᠬᠦᠢ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠪᠴᠢᠯᠡᠨ ᠪᠤᠶᠢᠵᠢᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠦᠷᠭᠡᠳᠬᠡᠨ ᠪᠣᠢ ᠪᠣᠯᠭᠠᠵᠤ᠂ ᠲᠣᠯᠭᠠᠭᠤᠷᠢ ᠪᠣᠯᠣᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠤᠷᠤᠨ ᠤ ᠲᠥᠪ ᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠴᠢᠷᠮᠠᠶᠢᠨ ᠡᠬᠢᠯᠡᠭᠦᠯᠬᠦ ᠬᠡᠷᠡᠭᠲᠡᠢ᠃      ᠡᠨᠡ ᠵᠢᠯ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 7% ᠣᠷᠴᠢᠮ ᠢᠶᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢ 3 % ᠣᠷᠴᠢᠮ  ᠪᠤᠯᠭᠠᠵᠤ᠂ ᠬᠤᠳᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠢ 8 % ᠣᠷᠴᠢᠮ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠭᠤᠬᠤ ᠬᠦᠮᠦᠨ ᠢ 4 ᠲᠦᠮᠡ ᠣᠷᠴᠢᠮ ᠪᠣᠯᠭᠠᠵᠣ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ  ᠶᠢ 5% ᠣᠷᠴᠢᠮ ᠳᠤ ᠬᠢᠵᠠᠭᠠᠷᠯᠠᠵᠤ ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.8% ᠳᠣᠲᠣᠷ᠎ᠠ ᠬᠢᠵᠠᠭᠠᠷᠯᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠤᠨ ᠡ᠊ᠨᠧᠷᠭᠢ ᠶᠢᠨ ᠬᠤᠷᠣᠭᠳᠠᠯ ᠤᠨ ᠬᠠᠷᠠᠯᠲᠠ ᠶᠢ ᠪᠡᠶᠡᠯᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠴᠢᠨᠠᠷ ᠤᠨ ᠠᠭᠢᠯᠳᠠ ᠲᠠᠢ ᠪᠣᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠵᠢᠯ ᠤᠨ ᠡᠭᠦᠷᠭᠡ ᠶᠢ ᠪᠡᠶᠡᠯᠡᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢᠨ ᠬᠤᠪᠢᠰᠤᠯᠲᠠ᠂ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠲᠠᠰᠤᠷᠠᠯᠳᠡ ᠦᠬᠡᠢ ᠳᠡᠭᠡᠭᠰᠢᠯᠡᠭᠦᠯᠦᠨ᠎ᠡ᠃      ︵ᠨᠢᠭᠡ︶ ᠭᠤᠷᠪᠠᠨ ᠶᠡᠭᠡ  ᠪᠤᠭᠤᠮᠳᠠ ᠰᠢᠪᠲᠤᠯᠬᠤ ᠲᠠᠶᠢᠨ ᠢ ᠰᠢᠢᠳᠪᠦᠷᠢᠯᠡᠬᠦ ᠠᠵᠢᠯ ᠢ ᠡᠷᠡᠰ ᠰᠢᠭᠤᠷᠬᠠᠢ ᠬᠢᠵᠦ᠂ ᠡᠷᠭᠡᠪᠰᠢ ᠯᠠᠪᠳᠠᠭᠤᠨ ᠪᠠᠲᠤᠲᠠᠶ ᠠᠬᠢᠴᠠ ᠲᠠᠢ ᠪᠣᠯᠭᠠᠨ᠎ᠠ᠃      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠣᠯᠣᠯᠲᠠ ᠶᠢᠨ ᠳᠠᠶᠢᠨ ᠢ  ᠡᠷᠡᠰ ᠰᠠᠶᠢᠨ  ᠬᠢᠨ᠎ᠡ᠃ ᠮᠠᠨ ᠤ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠠᠶᠤᠯ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠦ ᠪᠣᠯᠬᠤ ᠳᠤ ᠴᠢᠭᠯᠡᠭᠦᠯᠦᠨ᠂ ᠮᠥᠩᠭᠦᠨ ᠭᠦᠢᠯᠭᠡᠭᠡ ᠪᠣᠯᠣᠨ ᠥᠷᠢ ᠥᠭᠴᠡᠭᠡᠨ ᠤ ᠲᠦᠭᠰᠢᠭᠦᠷᠢ ᠢᠯᠠᠩᠭᠤᠶ᠎ᠠ ᠲᠠᠯᠳᠠ ᠥᠷᠢ ᠥᠭᠴᠡᠭᠡᠨ ᠤ ᠲᠦᠭᠰᠢᠭᠦᠷᠢ ᠨᠡᠯᠢᠶᠡᠳ ᠶᠡᠭᠡ  ᠪᠠᠶᠢᠬᠤ  ᠪᠤᠲᠠᠲᠤ ᠪᠠᠶᠢᠳᠠᠯ  ᠲᠠᠢ  ᠤᠴᠢᠷ ᠠᠴᠠ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠰᠦᠪ ᠢ ᠰᠠᠶᠢᠲᠤᠷ ᠲᠣᠬᠢᠷᠠᠭᠤᠯᠵᠤ᠂ ᠠᠪᠴᠠᠭᠠᠨ ᠤ ᠡᠷᠬᠡ ᠶᠢ ᠰᠣᠯᠢᠬᠤ᠂ ᠡᠳ᠋ ᠬᠦᠷᠦᠩᠭᠡ ᠶᠢᠨ ᠲᠠᠬᠢᠨ ᠨᠢᠭᠡᠳᠭᠡᠬᠦ  ᠂ ᠡᠬᠢ  ᠪᠠᠶᠠᠯᠢᠭ ᠢ ᠠᠮᠢᠳᠤᠯᠢᠭ  ᠡᠷᠬᠢᠯᠳᠦᠭᠦᠯᠬᠦ ᠵᠡᠷᠭᠡ ᠨᠡᠶᠢᠯᠡᠮᠡᠯ ᠬᠦᠴᠦ ᠶᠢ ᠪᠦᠷᠢᠯᠳᠦᠭᠦᠯᠵᠦ᠂ ᠯᠠᠪᠳᠠᠭᠤᠨ ᠪᠥᠭᠡᠳ ᠡᠮᠬᠢ ᠵᠢᠷᠤᠮ ᠲᠠᠢ   ᠪᠠᠷ ᠦᠯᠡᠳᠡᠵᠦ ᠪᠠᠶᠢᠭ᠎ᠠ ᠥᠷᠢ ᠥᠭᠴᠡᠭᠡ  ᠶᠢ ᠰᠢᠢᠳᠪᠦᠷᠢᠯᠡᠨ᠎ᠡ᠃ ᠡᠳ᠋ ᠤᠨ ᠵᠠᠰᠠᠭ ᠤᠨ ᠬᠢᠵᠠᠭᠠᠷᠯᠠᠯ ᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠵᠢᠭᠡᠯᠡᠯᠭᠡ ᠠᠪᠴᠤ ᠬᠦᠷᠦᠩᠬᠡ ᠪᠤᠰᠬᠠᠬᠤ ᠵᠡᠷᠭᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃ ᠪᠦᠬᠦ ᠵᠢᠯ ᠳᠤ ᠵᠠᠰᠠᠭ ᠤᠨ ᠣᠷᠳᠣᠨ ᠤ ᠥᠷᠢ ᠰᠢᠷᠢ ᠶᠢ 300 ᠳ᠋ᠦᠩᠰᠢᠭᠤᠷ ᠲᠥᠭᠦᠷᠢᠭ ᠣᠷᠴᠢᠮ ᠰᠢᠢᠳᠪᠦᠷᠢᠯᠡᠵᠦ᠂ 2021 ᠣᠨ ᠪᠣᠯᠬᠤ ᠳᠤ ᠵᠠᠰᠠᠭ ᠤᠨ ᠣᠷᠳᠣᠨ ᠤ ᠥᠭᠴᠡᠭᠡᠨ ᠤ ᠨᠤᠷᠮ᠎ᠠ ᠶᠢ ᠪᠠᠭᠤᠷᠠᠭᠤᠯᠤᠨ ᠵᠦᠢ ᠵᠣᠬᠢᠰᠲᠠᠶ ᠬᠢᠷᠢ ᠬᠡᠮᠵᠢᠶ᠎ᠡ ᠳᠤ ᠬᠦᠷᠭᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠤᠨ ᠠᠷᠠᠳ ᠤᠨ ᠠᠮᠢᠳᠤᠷᠠᠯ ᠤᠨ ᠵᠦᠢᠯ ᠢ ᠴᠢᠳᠠᠯ ᠤᠨ ᠬᠢᠷᠢ ᠪᠠᠷ ᠬᠢᠬᠦ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ ᠭᠡᠷᠡᠭᠲᠡᠢ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠬᠠᠤᠯᠢ ᠶᠢ ᠵᠥᠷᠢᠴᠡᠵᠦ ᠲᠣᠭᠲᠠᠭᠠᠯ ᠢ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ  ᠳᠤ ᠴᠢᠩᠭ᠎ᠠ ᠴᠣᠬᠢᠯᠲᠠ ᠥᠭᠴᠦ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠷᠢ ᠥᠭᠴᠡᠭᠡ ᠵᠡᠷᠭᠡ ᠲᠠᠯ᠎ᠠ ᠶᠢᠨ ᠲᠦᠭᠰᠢᠭᠦᠷᠢ ᠶᠢ ᠨᠢᠭᠲᠠ ᠠᠩᠬᠠᠷᠴᠤ᠂ ᠬᠥᠳᠡᠭᠡ ᠲᠣᠰᠬᠤᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠭᠦᠰᠭᠡᠬᠦ ᠦᠭᠡᠢ ᠪᠠᠶᠢᠬᠤ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠶᠢ ᠡᠷᠡᠰ  ᠪᠠᠷᠢᠮᠳᠠᠯᠠᠨ᠎ᠠ᠃      ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠲᠤᠯᠬᠤ ᠲᠠᠶᠢᠨ ᠢ ᠡᠷᠡᠰ ᠰᠢᠭᠤᠷᠬᠠᠢ ᠬᠢᠬᠦ ᠬᠡᠷᠡᠭᠲᠡᠶ᠃ ᠬᠥᠳᠡᠭᠡ ᠲᠣᠰᠬᠤᠨ ᠤ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠬᠥᠳᠡᠭᠡ ᠲᠤᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠶᠠᠳᠠᠭᠤ ᠶᠢ ᠲᠡᠳᠬᠦᠬᠦ ᠠᠵᠢᠯ ᠪᠠ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠪᠦᠳᠤᠭᠡᠨ ᠪᠠᠶᠢᠭᠤᠯᠤᠯᠲᠠ᠂ ᠰᠠᠭᠤᠷᠢ ᠨᠥᠬᠦᠴᠡᠯ ᠢ ᠰᠠᠶᠢᠵᠢᠷᠠᠭᠤᠯᠬᠤ᠂ ᠨᠡᠶᠢᠭᠡᠮ ᠤᠨ ᠪᠠᠲᠤᠯᠠᠭ᠎ᠠ  ᠶᠢ ᠤᠶᠠᠯᠳᠤᠭᠤᠯᠵᠤ᠂ ᠬᠥᠭᠵᠢᠯᠲᠡ ᠶᠢᠨ ᠠᠷᠭ᠎ᠠ ᠪᠠᠷ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠬᠠᠪᠰᠤᠷᠴᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠣᠷᠣᠯᠭ᠎ᠠ  ᠶᠢᠨ ᠲᠣᠭᠲᠠᠭᠤᠨ ᠢᠶᠠᠷ ᠨᠡᠮᠡᠭᠳᠡᠭᠦᠯᠬᠦ ᠰᠠᠭᠤᠷᠢ ᠶᠢ ᠪᠠᠬᠢᠵᠢᠭᠦᠯᠵᠦ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ᠃ ᠶᠠᠳᠠᠭᠤ ᠬᠦᠴᠢᠷᠳᠡᠯ ᠲᠠᠢ ᠲᠤᠰᠬᠤᠨ ᠢ ᠲᠥᠪᠯᠡᠷᠡᠭᠦᠯᠦᠨ ᠣᠨᠳᠣᠤ ᠭᠠᠵᠠᠷ ᠲᠤ ᠨᠡᠭᠦᠯᠭᠡᠬᠦ ᠶᠢ ᠦᠷᠭᠦᠯᠵᠢᠯᠡᠨ ᠳᠥᠯᠭᠢᠨ ᠠᠬᠢᠭᠤᠯᠵᠤ᠂ ᠶᠠᠳᠠᠭᠤ ᠬᠦᠴᠢᠷᠳᠡᠯᠲᠡᠶ ᠵᠠᠬ᠎ᠠ ᠶᠢᠨ ᠬᠦᠮᠦᠰ ᠢ ᠬᠠᠪᠰᠤᠷᠤᠨ ᠲᠡᠳᠬᠦᠬᠦ ᠶᠢ ᠴᠢᠬᠤᠯᠠᠴᠢᠯᠠᠬᠤ ᠬᠡᠷᠡᠭᠲᠡᠢ᠃ ᠶᠡᠬᠡᠪᠡᠷ ᠶᠠᠳᠠᠭᠤ ᠶᠢ ᠲᠡᠳᠬᠦᠬᠦ ᠠᠵᠢᠯ ᠤᠨ ᠪᠠᠶᠢᠷᠢᠰᠢᠯ ᠢ ᠪᠠᠷᠢᠮᠲᠠᠯᠠᠵᠤ᠂ ᠨᠡᠶᠢᠭᠡᠮ ᠳᠠᠶᠠᠭᠠᠷ ᠤᠨ ᠬᠦᠴᠦᠨ ᠢ ᠥᠷᠭᠡᠨ ᠢᠶᠠᠷ ᠲᠠᠶᠢᠴᠢᠯᠡᠨ ᠶᠠᠳᠠᠭᠤ ᠶᠢ ᠲᠡᠳᠬᠦᠬᠦ  ᠪᠤᠭᠤᠮᠳᠠ ᠶᠢ ᠰᠢᠪᠳᠤᠯᠵᠤ᠂ ᠶᠠᠳᠠᠭᠤ ᠬᠦᠴᠢᠷᠳᠡᠯ ᠲᠠᠢ ᠡᠷᠦᠬᠡ ᠶᠢᠨ ᠲᠠᠷᠢᠵᠤ ᠦᠷᠡᠵᠢᠭᠦᠯᠬᠦ ᠳᠠᠭᠠᠳᠬᠠᠯ ᠤᠨ ᠪᠠᠲᠤᠯᠠᠭ᠎ᠠ  ᠶᠢ ᠲᠦᠯᠬᠢᠨ ᠠᠬᠢᠭᠤᠯᠤᠨ᠎ᠠ᠃ ᠺᠠᠷᠲᠯᠠᠨ ᠲᠠᠩᠰᠠᠯᠠᠬᠤ ᠠᠵᠢᠯ ᠢ ᠪᠣᠳᠠᠲᠠᠶ ᠨᠠᠷᠢᠯᠢᠭ ᠬᠢᠵᠦ᠂ ᠶᠠᠳᠠᠭᠤ ᠬᠦᠴᠢᠷᠳᠡᠯ ᠲᠠᠢ ᠪᠠᠶᠢᠳᠠᠯ ᠢ ᠢᠯᠭᠠᠬᠤ᠂  ᠲᠡᠳᠭᠦᠨ ᠬᠠᠪᠰᠤᠷᠬᠤ᠂ ᠨᠠᠷᠢᠯᠢᠭ ᠣᠨᠣᠪᠴᠢ ᠶᠢᠨ ᠬᠡᠮᠵᠢᠶ᠎ᠡ ᠶᠢ ᠲᠦᠯᠬᠢᠨ ᠠᠬᠢᠭᠤᠯᠭᠤ ᠶᠢ ᠲᠡᠭᠡᠭᠰᠢᠯᠡᠬᠦᠯᠬᠦ ᠭᠡᠷᠡᠭᠲᠡᠢ᠃ ᠶᠠᠳᠠᠭᠤ ᠶᠢ ᠲᠡᠳᠬᠦᠬᠦ ᠪᠠ ︽ᠤᠶᠤᠨ ᠢ ᠲᠡᠳᠭᠦᠭᠦ︾᠂ ︽ᠵᠣᠷᠢᠭ ᠢ ᠲᠡᠳᠭᠦᠭᠦ︾ ᠶᠢ ᠤᠶᠠᠯᠳᠤᠭᠤᠯᠬᠤ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠢ  ᠬᠦᠭᠵᠢᠭᠡᠨ᠎ᠡ᠃ ᠲᠣᠰᠬᠤᠨ ᠳᠤ ᠰᠠᠭᠤᠭ᠎ᠠ ᠺᠠᠳ᠋ᠷ ᠤᠨ ᠬᠠᠪᠰᠤᠷᠤᠨ ᠲᠡᠳᠬᠦᠬᠦ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠠᠵᠢᠯ ᠤᠨ ᠲᠥᠪ ᠪᠤᠰᠤ ᠰᠤᠷᠲᠠᠯ ᠢ ᠴᠢᠩᠭ᠎ᠠ ᠪᠠᠶᠢᠴᠠᠭᠠᠨ  ᠰᠢᠢᠳᠪᠦᠷᠢᠯᠡᠨ᠎ᠡ᠃ ᠵᠢᠯ ᠤᠨ ᠳᠣᠲᠣᠷ᠎ᠠ ᠴᠢᠷᠮᠠᠶᠢᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠬᠥᠳᠡᠯᠦᠩᠭᠦᠶ ᠪᠠᠷ ᠶᠠᠳᠠᠭᠤ ᠠᠴᠠ ᠲᠣᠭᠲᠠᠪᠤᠷᠢᠲᠠᠶ ᠠᠩᠭᠢᠵᠢᠷᠠᠭᠤᠯᠤᠨ᠎ᠠ᠃      ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠨ ᠢ ᠡᠷᠡᠰ ᠰᠢᠭᠤᠷᠬᠠᠢ ᠬᠢᠬᠦ ᠬᠡᠷᠡᠭᠲᠡᠶ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 10 ᠠᠭᠤᠷᠰᠢᠯᠲᠠ ᠶᠢᠨ ᠲᠤᠨ ᠠᠴᠠ ᠲᠡᠭᠡᠭᠰᠢ ᠨᠡᠭᠦᠷᠡᠰᠦ ᠰᠢᠲᠠᠭᠠᠬᠤ ᠵᠤᠤᠬ᠎ᠠ ᠶᠢ ᠶᠡᠷᠦᠩᠬᠡᠶᠢᠯᠡᠨ ᠴᠡᠭᠴᠡᠯᠡᠨ ᠵᠠᠰᠠᠵᠤ᠂ ᠪᠦᠬᠦᠨ ᠢ ᠳᠣᠣᠷ᠎ᠠ ᠭᠠᠳᠠᠭᠰᠢᠯᠠᠭᠤᠯᠤᠯᠲᠠ ᠶᠢᠨ ᠭᠠᠯ ᠴᠠᠬᠢᠯᠭᠠᠨ ᠤ ᠮᠠᠰᠢᠨ ᠴᠣᠭᠴᠠᠯᠠᠪᠤᠷᠢ ᠪᠠᠷ ᠦᠭᠡᠷᠡᠴᠢᠯᠡᠬᠦ ᠶᠢ ᠪᠡᠶᠡᠯᠡᠭᠦᠯᠦᠨ᠎ᠡ᠃ ᠬᠤᠲᠠ ᠶᠢᠨ ᠳᠡᠭᠳᠡᠮᠡᠯ ᠲᠣᠭᠤᠰᠣᠨ ᠤ ᠪᠣᠬᠢᠷᠲᠤᠯ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠲᠠᠯ᠎ᠠ ᠪᠠᠷ ᠵᠢᠵᠢᠭ ᠵᠤᠤᠬ᠎ᠠ ᠤᠲᠤᠭᠠᠲᠤ ᠨᠡᠭᠦᠷᠡᠰᠦ ᠰᠤᠯᠠ ᠰᠢᠲᠠᠭᠠᠬᠤ ᠶᠢ  ᠴᠠᠭᠠᠵᠠᠯᠠᠵᠤ᠂ ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠭᠠᠷ ᠮᠠᠨᠳᠠᠯ ᠤᠨ ᠶᠠᠰᠤ ᠴᠢᠨᠠᠷ ᠢ ᠤᠮᠠᠷᠠᠲᠤ  ᠶᠢᠨ ᠬᠤᠲᠠᠳ ᠤᠨ ᠡᠮᠦᠨᠡᠭᠦᠷ ᠵᠢᠭᠰᠠᠭᠠᠭᠳᠠᠬᠤ ᠶᠢ ᠪᠠᠲᠤᠯᠠᠬᠤ ᠬᠡᠷᠡᠭᠲᠡᠶ᠃ ︽ᠤᠰᠤᠨ ᠤ ᠠᠷᠪᠠᠨ ᠵᠤᠷᠪᠤᠰ︾ ᠢ ᠭᠦᠨᠵᠡᠭᠡᠶ ᠬᠡᠷᠡᠭᠵᠢᠭᠦᠯᠵᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠠᠨᠳᠢ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ  ᠶᠢᠨ ᠭᠤᠷᠪᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠶᠢ ᠡᠬᠢᠯᠡᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠶᠢᠨ ᠬᠠᠷ᠎ᠠ ᠦᠮᠡᠬᠡᠶ ᠤᠰᠤᠨ ᠴᠣᠭᠴᠠ ᠶᠢ ᠠᠷᠢᠯᠭᠠᠨ᠎ᠠ᠃ ︽ᠬᠦᠷᠦᠰᠦ ᠰᠢᠷᠤᠢ ᠶᠢᠨ ᠠᠷᠪᠠᠨ ᠵᠤᠷᠪᠤᠰ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠷᠥᠰᠥ ᠰᠢᠷᠣᠶ ᠶᠢᠨ  ᠠᠬᠤᠢ ᠪᠠᠶᠢᠳᠠᠯ ᠤᠨ ᠶᠠᠰᠤ ᠴᠢᠨᠠᠷ ᠢ ᠨᠠᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠮᠡᠳᠡᠭᠡ  ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠲᠦᠪᠰᠢᠨ ᠢ ᠲᠡᠭᠡᠭᠰᠢᠯᠡᠭᠦᠯᠦᠨ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠬᠠᠮᠤᠭ ᠤᠨ ᠴᠢᠩᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠡᠷᠡᠰ ᠬᠡᠷᠡᠭᠵᠢᠭᠦᠯᠵᠦ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠡᠨᠧᠷᠭᠢ ᠶᠢᠨ ᠰᠤᠷᠪᠤᠯᠵᠢ᠂ ᠲᠡᠮᠦᠷᠯᠢᠭ  ᠪᠤᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠤᠨ ᠴᠡᠪᠡᠷ  ᠦᠢᠯᠡᠳᠪᠦᠷᠢᠯᠡᠯ ᠢ ᠥᠭᠡᠷᠡᠴᠢᠯᠡᠬᠦ ᠶᠢ  ᠠᠬᠢᠭᠤᠯᠤᠨ᠎ᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ  ᠰᠢᠮᠳᠠᠭᠤᠯᠤᠨ ᠪᠠᠶᠢᠴᠠᠭᠠᠬᠤ  ᠪᠤᠯᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠳᠤ ᠶᠡᠭᠡ ᠪᠠᠢᠴᠠᠭᠠᠯᠲᠠ ᠬᠢᠬᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠣᠷᠴᠢᠨ ᠲᠣᠭᠤᠷᠢᠨ ᠢ ᠬᠠᠮᠠᠭᠠᠯᠠᠬᠤ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠪᠠᠷ  ᠰᠢᠢᠳᠪᠦᠷᠢᠯᠡᠬᠦ ᠬᠡᠷᠡᠭᠲᠡᠶ᠃      ︵ᠬᠤᠶᠠᠷ︶ ᠠᠵᠤ ᠦᠢᠯᠡᠳᠪᠦᠷᠢ ᠪᠠᠷ ᠬᠤᠲᠠ ᠶᠢ ᠬᠦᠴᠦᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠨ ᠳᠠᠭᠠᠭᠤᠯᠬᠤ ᠦᠢᠯᠡᠳᠦᠯ ᠢ  ᠪᠦᠬᠦ ᠲᠠᠯ᠎ᠠ ᠪᠠᠷ ᠲᠡᠭᠡᠭᠰᠢᠯᠡᠭᠦᠯᠬᠦ ᠬᠡᠷᠡᠭᠲᠡᠢ᠃      ᠠᠵᠤ ᠦᠢᠯᠡᠳᠪᠦᠷᠢ ᠶᠢᠨ ᠪᠠᠶᠢᠷᠢᠰᠢᠭᠤᠯᠣᠯᠲᠠ ᠶᠢ ᠰᠢᠯᠢᠳᠡᠭᠵᠢᠭᠦᠯᠦᠨ ᠲᠤᠬᠢᠷᠠᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢ ᠬᠦᠷᠢᠶᠡᠯᠡᠩ ᠲᠤᠭᠤᠷᠢᠭᠵᠢᠭᠤᠯᠬᠤ᠂ ᠬᠦᠷᠢᠶᠡᠯᠡᠩ ᠲᠣᠭᠤᠷᠢᠭ ᠢ ᠤᠨᠴᠠᠯᠢᠭᠲᠠᠢ  ᠬᠦᠭᠵᠢᠭᠦᠯᠬᠦ ᠰᠡᠳᠬᠢᠴᠡ ᠶᠢ ᠦᠨᠳᠦᠰᠦᠯᠡᠨ᠂ ᠵᠠᠰᠠᠭ ᠵᠠᠬᠢᠷᠭᠠᠨ ᠤ ᠣᠷᠣᠨ ᠤ ᠵᠠᠭᠠᠭ ᠢ ᠲᠡᠪᠴᠢᠵᠦ᠂ ᠡᠯ᠎ᠡ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ   ᠬᠢᠷᠢ ᠲᠦᠪᠰᠢᠨ ᠪᠠ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ  ᠤᠬᠠᠭᠠᠨᠴᠢ ᠪᠠᠷ ᠠᠵᠤ ᠦᠢᠯᠡᠳᠪᠦᠷᠢ ᠶᠢᠨ ᠪᠠᠶᠢᠷᠢᠰᠢᠭᠤᠯᠣᠯᠲᠠ ᠶᠢ ᠲᠣᠬᠢᠷᠠᠭᠤᠯᠤᠨ ᠰᠢᠯᠢᠳᠡᠭᠵᠢᠭᠦᠯᠦᠨ᠂ ᠬᠤᠲᠠ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠠᠵᠤ ᠦᠢᠯᠡᠳᠪᠦᠷᠢ ᠠᠵᠤ ᠠᠬᠤᠶᠢᠯᠠᠯ ᠢ ᠨᠡᠭᠦᠯᠭᠡᠬᠦ ᠲᠥᠯᠥᠪᠯᠡᠭᠡ ᠶᠢ ᠡᠬᠢᠯᠡᠭᠦᠯᠦᠨ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠬᠡᠯᠪᠡᠷᠢ ᠶᠢ ᠬᠤᠪᠢᠷᠠᠭᠤᠯᠬᠤ  ᠂ ᠠᠵᠤ ᠦᠢᠯᠡᠰ ᠤᠨ ᠲᠥᠪᠯᠡᠷᠡᠨ ᠬᠥᠭᠵᠢᠬᠦ ᠶᠢ  ᠲᠦᠯᠬᠢᠨ ᠠᠬᠢᠭᠤᠯᠣᠨ᠎ᠠ᠃ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠬᠢᠷᠢ ᠬᠡᠮᠵᠢᠶ᠎ᠡ ᠶᠢᠨ ᠲᠤᠭᠲᠠᠭᠠᠯᠲᠠ ᠶᠢᠨ ᠲᠤᠭᠤᠷᠢᠨ  ᠳᠤ᠂ ᠰᠠᠭᠤᠷᠢ ᠢᠵᠢ ᠪᠦᠷᠢᠳᠦᠭᠦᠯᠬᠦ ᠶᠢ ᠲᠦᠷᠭᠡᠪᠴᠢᠯᠡᠨ  ᠂ ᠬᠥᠭᠵᠢᠯᠲᠡ ᠶᠢᠨ ᠣᠷᠣᠨ ᠵᠠᠶ ᠶᠢ ᠭᠦᠢᠴᠡᠳ  ᠦᠯᠡᠳᠡᠭᠡᠵᠦ᠂ ᠲᠠᠭᠠᠭᠠᠴᠠ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ  ᠲᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ ᠴᠢᠷᠮᠠᠶᠢᠵᠤ᠂ ᠵᠠᠭᠤᠨ‌‍ᠳᠦ᠋ᠡᠭᠰᠢᠭᠤᠷ ᠲᠥᠭᠦᠷᠢᠭ ᠤᠨ ᠲᠠᠰ ᠤᠨ ᠠᠵᠤ ᠠᠬᠤᠶᠢᠯᠠᠯ 5 ᠬᠦᠷᠭᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 15 ᠡᠷᠦᠬᠡ ᠶᠢ ᠰᠢᠨ᠎ᠡ ᠪᠠᠷ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ ᠢ 1400 ᠳ᠋ᠦᠩᠰᠢᠭᠤᠷ ᠲᠥᠭᠦᠷᠢᠭ ᠬᠦᠷᠭᠡᠵᠦ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ GDP   ᠳᠤ ᠡᠵᠡᠯᠡᠬᠦ ᠬᠤᠪᠢ ᠶᠢᠨ ᠵᠢᠩ   ᠢ 22 % ᠠᠴᠠ ᠦᠨᠳᠦᠷ ᠪᠠᠶᠢᠯᠭᠠᠨ᠎ᠠ᠃      ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠢᠳᠡᠪᠬᠢᠲᠡᠶ ᠠᠬᠢᠭᠤᠯᠬᠤ ᠬᠡᠷᠡᠭᠲᠡᠢ᠃ ᠰᠦ ᠰᠠᠭᠠᠯᠢ  ᠶᠢᠨ ᠦᠢᠯᠡᠰ ᠤᠨ ᠳᠡᠰ ᠳᠡᠪᠰᠢᠬᠦ ᠠᠵᠢᠯᠯᠠᠭ᠎ᠠ ᠶᠢ ᠥᠷᠨᠢᠭᠦᠯᠵᠦ᠂ ᠢ ᠯᠢ᠂ ᠮᠧᠩ ᠨᠢᠦ ᠵᠡᠷᠭᠡ ᠠᠵᠤ ᠠᠬᠤᠶᠢᠯᠠᠯ ᠤᠨ ᠪᠦᠬᠦ ᠪᠥᠮᠪᠥᠷᠴᠡᠭ ᠤᠨ ᠡᠬᠢ ᠪᠠᠶᠠᠯᠢᠭ ᠢ ᠠᠰᠢᠭᠯᠠᠬᠤ ᠶᠢ ᠲᠡᠮᠵᠢᠵᠦ᠂ ᠰᠤᠳᠤᠯᠤᠨ ᠨᠡᠭᠡᠭᠡᠬᠦ ᠦᠢᠯᠡᠳᠪᠦᠷᠢᠯᠡᠯ ᠢ  ᠴᠢᠩᠭᠠᠳᠬᠠᠵᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠰᠦ ᠰᠠᠭᠠᠯᠢ ᠶᠢᠨ ᠦᠢᠯᠡᠰ ᠤᠨ ᠰᠢᠨᠵᠢᠯᠡᠬᠦ  ᠤᠬᠠᠭᠠᠨᠴᠢ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ᠂ ᠰᠦ ᠰᠠᠭᠠᠯᠢ ᠶᠢᠨ ᠦᠢᠯᠡᠰ ᠤᠨ  ᠪᠠᠷᠢᠮᠵᠢᠶᠠᠵᠢᠭᠰᠠᠨ‌‍ᠰᠢᠨ᠎ᠡ ᠶᠢ ᠡᠭᠦᠳᠬᠦ ᠲᠥᠪ   ᠶᠢ ᠪᠠᠶᠢᠭᠤᠯᠵᠤ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠳᠡᠰ ᠳᠠᠪᠰᠢᠯᠲᠠ ᠶᠢ ᠴᠤᠭᠴᠠᠯᠠᠨ᠎ᠠ᠃  ᠮᠧᠩ ᠼᠤᠤ᠂ ᠮᠧᠩ ᠶᠠᠩ ᠵᠡᠷᠭᠡ ᠳᠠᠪᠠᠭᠤᠯᠢᠭ ᠠᠵᠤ ᠠᠬᠤᠶᠢᠯᠠᠯ ᠤᠨ ᠵᠠᠬ᠎ᠠ ᠳᠡᠯᠭᠡᠭᠦᠷ ᠨᠡᠭᠡᠭᠡᠬᠦ᠂ ᠬᠡᠪᠴᠢᠶ᠎ᠡ  ᠪᠠᠨ ᠥᠷᠭᠡᠳᠬᠡᠬᠦ ᠶᠢ ᠳᠡᠮᠵᠢᠵᠦ᠂ ᠱᠧᠩ ᠮᠦ ᠰᠦ ᠰᠠᠭᠠᠯᠢ ᠶᠢᠨ ᠦᠢᠯᠡᠰ᠂ ᠵᠧᠩ ᠳ᠋ᠠ ᠢᠳᠡᠭᠡᠨ ᠵᠡᠷᠭᠡ ᠭᠤᠣᠯᠳᠠᠯᠭ᠎ᠠ ᠲᠠᠢ ᠢᠳᠡᠭᠡᠨ ᠪᠣᠯᠪᠠᠰᠤᠷᠠᠭᠤᠯᠬᠤ ᠲᠦᠷᠦᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ ᠨᠡᠷᠡᠲᠦ ᠲᠡᠮᠳᠡᠭ ᠢ ᠰᠠᠶᠢᠳᠤᠷ ᠬᠢᠵᠦ  ᠪᠤᠵᠠᠭᠠᠶᠢᠷᠠᠭᠤᠯᠤᠨ᠎ᠠ᠃ ᠬᠤᠷᠢᠨᠭᠡᠷ ᠤᠨ ᠴᠠᠬᠢᠯᠭᠠᠨ ᠤ ᠦᠢᠯᠡᠳᠪᠦᠷᠢ᠂ ᠬᠤᠸᠠᠨ ᠵᠢᠤᠢ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠴᠢᠬᠤᠯᠠ ᠶᠡᠭᠡ ᠡᠨᠧᠷᠭᠢ ᠶᠢᠨ ᠰᠤᠷᠪᠤᠯᠵᠢ ᠶᠢᠨ ᠲᠥᠷᠥᠯ ᠵᠦᠢᠯ ᠤᠨ ᠪᠦᠳᠣᠭᠡᠨ ᠪᠠᠶᠢᠭᠤᠯᠤᠯᠲᠠ ᠶᠢ ᠦᠷᠬᠦᠯᠵᠢᠯᠡᠨ ᠰᠠᠶᠢᠲᠤᠷ ᠠᠳᠬᠤᠵᠤ᠂ ᠪᠦᠬᠦ ᠤᠯᠤᠰ ᠤᠨ ᠴᠢᠬᠤᠯᠠ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ ᠣᠳᠣᠬᠢᠴᠢᠯᠠᠭᠰᠠᠨ ᠠᠵᠤ ᠦᠢᠯᠡᠳᠪᠦᠷᠢ ᠠᠵᠤ ᠦᠢᠯᠡᠰ ᠢ ᠶᠡᠬᠡᠪᠡᠷ ᠬᠦᠭᠵᠢᠭᠦᠯᠦᠨ᠂  ᠵᠢᠦ ᠲᠠᠢ ᠨᠡᠭᠦᠷᠡᠰᠦ   ᠪᠠᠷ  ᠦᠢᠯᠡᠳᠦᠭᠰᠡᠨ ᠡᠲ᠋ᠠ ᠬᠤᠶᠠᠷᠴᠢ ᠠᠯᠺᠥᠥᠯ ᠤᠨ ᠲᠥᠷᠥᠯ ᠵᠦᠢᠯ  ᠢ ᠲᠦᠷᠭᠡᠪᠴᠢᠯᠡᠨ ᠬᠡᠷᠡᠭᠵᠢᠭᠦᠯᠵᠦ᠂ ᠾᠧᠩ ᠳ᠋ᠧ ᠪᠤᠬᠢᠷᠳᠤᠯ ᠦᠭᠡᠢ ᠲᠦᠷᠭᠡᠳᠭᠡᠭᠦᠷ᠂ ᠯᠠᠨ ᠢᠦᠢ ᠪᠤᠬᠢᠷᠲᠤᠯ ᠦᠬᠡᠢ ᠬᠦᠬᠦᠷ ᠦᠭᠡᠶᠢᠳᠡᠭᠦᠯᠬᠦ ᠰᠢᠪᠳᠤᠷ ᠤᠨ ᠤᠰᠤ ᠵᠡᠷᠭᠡ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠰᠠᠭᠤᠷᠢᠰᠢᠭᠤᠯᠬᠤ ᠪᠥᠳᠥᠭᠡᠨ ᠪᠠᠶᠢᠭᠤᠯᠤᠯᠲᠠ ᠶᠢ ᠬᠢᠨ᠎ᠡ᠃ ᠴᠤᠸᠠᠩ ᠸᠧᠢ ᠲᠧᠯᠸᠢᠰ ᠤᠨ ᠲᠥᠷᠥᠯ ᠵᠦᠢᠯ ᠢ ᠨᠡᠭᠦᠯᠭᠡᠬᠦ   ᠶᠢ ᠲᠥᠯᠬᠢᠨ ᠠᠬᠢᠭᠤᠯᠵᠤ᠂ ᠰᠢᠩᠭᠡᠨ ᠲᠠᠯᠠᠰᠲᠤ ᠲᠧᠯᠸᠢᠰ ᠤᠨ ᠠᠵᠤ ᠠᠬᠤᠶᠢᠯᠠᠯ ᠤᠨ ᠦᠢᠯᠡᠳᠭᠦᠨ ᠤ ᠪᠦᠲᠦᠴᠡ ᠶᠢ  ᠲᠤᠬᠢᠷᠠᠭᠤᠯᠬᠤ ᠶᠢ ᠬᠥᠲᠥᠯᠥᠨ ᠵᠢᠯᠣᠭᠤᠳᠴᠤ᠂ ᠳᠡᠭᠡᠳᠦ ᠳᠡᠰ ᠤᠨ ᠦᠢᠯᠡᠳᠬᠦᠨ ᠢ ᠰᠤᠳᠤᠯᠤᠨ ᠨᠡᠭᠡᠭᠡᠬᠦ ᠦᠢᠯᠡᠳᠪᠦᠷᠢᠯᠡᠯ ᠤᠨ ᠬᠠᠷᠢᠴᠠᠯ ᠢ ᠨᠡᠮᠡᠭᠳᠡᠭᠦᠯᠵᠦ᠂ ᠦᠷᠳᠡᠭ ᠢ ᠨᠡᠮᠡᠭᠳᠡᠭᠦᠯᠬᠦ ᠦᠷ᠎ᠡ ᠪᠦᠲᠦᠮᠵᠢ ᠪᠣᠯᠣᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ  ᠬᠤᠪᠢᠷᠠᠭᠤᠯᠤᠨ ᠳᠡᠭᠡᠭᠰᠢᠯᠡᠭᠦᠯᠦᠨ᠎ᠡ᠃      ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ   ᠶᠢ ᠨᠡᠩ  ᠴᠢᠬᠤᠯᠠᠴᠢᠯᠠᠬᠤ ᠬᠡᠷᠡᠭᠲᠡᠶ᠃ ᠲᠤᠮᠤ ᠳ᠋ᠠᠶᠢᠲ᠋ᠠ ᠶᠢᠨ ᠡᠭᠦᠯᠡᠨ ᠪᠤᠳᠤᠯᠲᠠ ᠶᠢᠨ ᠠᠵᠤ ᠦᠢᠯᠡᠰ ᠢᠶᠠᠷ ᠰᠠᠭᠤᠷᠢ ᠪᠣᠯᠭᠠᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠰᠢᠯᠵᠢᠮᠡᠯ  ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠪᠠᠷᠠᠭᠠᠨ ᠤ ᠰᠦᠯᠵᠢᠶ᠎ᠡ᠂ ᠬᠢᠮᠡᠯ ᠤᠶᠤᠨ ᠤ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠴᠢᠩᠭᠠᠷᠠᠭᠤᠯᠤᠨ᠂ ᠳᠤᠮᠳᠠᠳᠤ ᠤᠯᠤᠰ ᠤᠨ ᠤᠮᠠᠷᠠᠲᠤ ᠣᠷᠣᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ  ᠴᠤᠭᠯᠠᠷᠠᠯ ᠤᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ   ᠤ ᠡᠭᠦᠯᠡᠨ ᠪᠤᠳᠤᠯᠲᠠ ᠶᠢᠨ ᠲᠥᠪ ᠢ ᠲᠥᠯᠥᠪᠵᠢᠭᠦᠯᠦᠨ  ᠪᠠᠶᠢᠭᠤᠯᠣᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠲᠦᠷᠭᠡᠪᠴᠢᠯᠡᠨ ᠬᠥᠭᠵᠢᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠪᠣᠳᠠᠲᠤ ᠴᠣᠭᠴᠠ ᠶᠢᠨ ᠠᠵᠤ ᠠᠬᠤᠶ᠂ ᠤᠯᠠᠨ ᠨᠡᠶᠢᠲᠡ ᠶᠢᠨ ᠦᠢᠯᠡᠴᠢᠯᠡᠭᠡ ᠶᠢᠨ ᠭᠦᠨᠵᠡᠭᠡᠶ ᠠᠭᠤᠰᠤᠯᠴᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠳᠡᠭᠡᠳᠦ ᠳᠡᠰ ᠤᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠢᠳᠡᠪᠬᠢᠲᠡᠶ ᠲᠦᠯᠬᠢᠨ ᠠᠬᠢᠭᠤᠯᠵᠤ᠂  ᠺᠠᠢ ᠸᠧ ᠮᠠᠰᠢᠨ ᠲᠡᠷᠭᠡᠨ ᠤ ᠨᠡᠶᠢᠲᠡ ᠴᠣᠭᠴᠠ ᠶᠢᠨ ᠲᠥᠷᠥᠯ ᠵᠦᠢᠯ  ᠢ ᠡᠬᠢᠯᠡᠭᠦᠯᠦᠨ ᠪᠠᠶᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠪᠦᠬᠦᠯᠢ ᠴᠣᠭᠴᠠᠲᠣ ᠮᠠᠰᠢᠨ ᠲᠡᠷᠭᠡ ᠦᠢᠯᠡᠳᠬᠦ ᠴᠢᠳᠠᠪᠤᠷᠢ ᠶᠢ ᠲᠦᠷᠭᠡᠨ ᠪᠤᠢ ᠪᠣᠯᠭᠠᠬᠤ ᠬᠡᠷᠡᠭᠲᠡᠶ᠃ ᠰᠠᠨᠰᠠᠷ ᠤᠨ ᠠᠶᠠᠯᠠᠯ ᠤᠨ ᠰᠢᠨᠵᠢᠯᠡᠭᠡ ᠮᠡᠷᠭᠡᠵᠢᠯ ᠤᠨ ᠠᠵᠤ  ᠦᠢᠯᠡᠳᠪᠦᠷᠢ᠂ ᠰᠠᠨᠰᠠᠷ ᠤᠨ ᠠᠶᠠᠯᠠᠯ ᠤᠨ ᠰᠢᠨᠵᠢᠯᠡᠭᠡ ᠮᠡᠷᠭᠡᠵᠢᠯ ᠵᠡᠷᠭᠡ ᠠᠵᠤ ᠠᠬᠤᠶᠢᠯᠠᠯ ᠤᠨ ᠬᠠᠮᠲᠤᠷᠠᠨ ᠠᠵᠢᠯᠴᠠᠭ᠎ᠠ ᠶᠢ ᠴᠢᠩᠭᠠᠳᠬᠠᠵᠤ᠂ ᠳᠡᠭᠡᠳᠦ ᠴᠢᠳᠠᠪᠬᠢᠲᠦ ᠡᠮ ᠡᠮᠨᠡᠯᠭᠡ ᠶᠢᠨ ᠪᠠᠭᠠᠵᠢ ᠬᠡᠷᠡᠭᠰᠡᠯ᠂ ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠲᠦᠷᠤᠯ ᠵᠦᠢᠯ ᠢ ᠪᠠᠶᠢᠷᠢᠰᠢᠭᠤᠯᠤᠨ ᠪᠥᠳᠥᠭᠡᠨ ᠪᠠᠶᠢᠭᠤᠯᠣᠨ᠎ᠠ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠥᠷᠢᠰᠥᠯᠳᠦᠬᠦ ᠳᠠᠪᠠᠭᠤᠯᠢᠭ ᠲᠠᠯ᠎ᠠ ᠶᠢ ᠪᠠᠳᠠᠷᠠᠭᠤᠯᠵᠤ᠂ ᠡᠯᠧᠺᠲᠷᠣᠨ ᠴᠠᠬᠢᠭᠤᠷ ᠮᠠᠲ᠋ᠧᠷᠢᠶᠠᠯ᠂ ᠴᠡᠪᠡᠷ ᠬᠥᠩᠭᠡᠨᠴᠠᠭᠠᠨ᠂ ᠪᠠᠯ ᠴᠢᠯᠠᠭᠤᠨ ᠠᠯᠺᠧᠨ᠂ ᠣᠨᠴᠠᠭᠠᠶ ᠮᠠᠭᠨᠢ ᠶᠢᠨ ᠬᠠᠶᠢᠯᠤᠰᠢ ᠵᠡᠷᠭᠡ ᠰᠢᠨ᠎ᠡ ᠮᠠᠶ᠋ᠢᠭ ᠤᠨ ᠮᠠᠲ᠋ᠧᠷᠢᠶᠠᠯ ᠢ ᠨᠡᠭᠡᠭᠡᠨ  ᠬᠦᠭᠵᠢᠭᠦᠯᠵᠦ᠂  ᠵᠦᠩ ᠬᠤᠸᠠᠨ ᠭᠡᠷᠡᠯ ᠴᠡᠨᠡᠭ ᠤᠨ ᠳᠥᠷᠪᠡᠳᠦᠭᠡᠷ ᠬᠤᠭᠤᠴᠠᠭ᠎ᠠ ᠶᠢ ᠦᠷᠭᠡᠳᠭᠡᠬᠦ᠂ ᠠᠢ ᠡᠯ ᠡᠯᠧᠺᠲᠷᠣᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠤᠯᠠᠨ ᠡᠰᠢᠵᠢᠭᠰᠡᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠤᠭᠯᠠᠷᠠᠯ ᠢ ᠪᠠᠶᠢᠭᠤᠯᠤᠨ᠎ᠠ᠃ ᠠᠮᠢᠳᠠᠨ ᠤ ᠬᠢᠵᠢᠭ ᠤᠨ ᠲᠠᠷᠢᠯᠭ᠎ᠠ᠂ ᠠᠮᠢᠳᠤ ᠪᠣᠳᠠᠰ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠡᠪᠴᠢᠶ᠎ᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠶᠢᠨ ᠢᠦᠢ ᠣᠯᠠᠨ ᠤᠯᠤᠰ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠵᠢᠶᠠᠨ ᠯᠦᠩ 10 ᠲᠦᠮᠡᠨ ᠲᠣᠨ ᠤᠰᠤᠨ ᠳᠤ ᠠᠭᠤᠰᠤᠮᠠᠬᠠᠢ ᠢᠳᠡᠭᠡᠨ ᠤ ᠰᠢᠷᠬᠡᠭᠯᠢᠭ ᠡᠳ᠋᠂ ᠱᠢ ᠵᠢᠢ ᠹᠦ᠋ ᠺᠠᠩ ᠬᠢᠲᠠᠳ ᠡᠮ ᠤᠨ ᠰᠢᠩᠭᠡᠨ ᠤᠮᠳᠠ ᠶᠢᠨ ᠲᠦᠷᠦᠯ ᠵᠦᠢᠯ ᠤᠳ ᠢ ᠪᠠᠶᠢᠭᠤᠯᠤᠨ ᠠᠰᠢᠭᠯᠠᠯᠲᠠ ᠳᠤ ᠤᠷᠤᠭᠤᠯᠬᠤ ᠶᠢ ᠠᠬᠢᠭᠤᠯᠵᠤ᠂ ᠳᠡᠭᠡᠳᠦ ᠲᠡᠰ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠣᠷᠴᠢᠨ ᠲᠣᠭᠤᠷᠢᠨ ᠢ ᠬᠠᠮᠠᠭᠠᠯᠠᠨ ᠡᠨᠧᠷᠭᠢ ᠠᠷᠪᠢᠯᠠᠬᠤ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠶᠢᠨ ᠴᠧᠩ ᠣᠷᠴᠢᠨ ᠠᠬᠤᠶ ᠶᠢ ᠬᠠᠮᠠᠭᠠᠯᠠᠬᠤ ᠨᠠᠷᠢᠨ ᠦᠨᠡᠰᠦᠨ ᠲᠣᠭᠤᠰᠬ᠎ᠠ᠂ ᠿᠢ ᠱᠧᠩ ᠨᠡᠭᠦᠷᠡᠰᠦᠨ ᠴᠢᠯᠠᠭᠤ ᠶᠢᠨ ᠮᠤᠯᠧᠺᠦ᠋ᠯ ᠰᠢᠭᠰᠢᠭᠦᠷ ᠵᠡᠷᠭᠡ ᠡᠬᠢ ᠪᠠᠶᠠᠯᠢᠭ ᠤᠨ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ‍ᠤᠨ‌ᠦᠢᠯᠡᠳᠬᠦᠨ ᠤ ᠦᠷᠳᠡᠭ ᠤᠨ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠤᠢᠢᠯᠡᠳᠭᠦᠨ ᠤ ᠦᠷᠳᠡᠭ ᠳᠠᠬᠢ ᠬᠤᠪᠢ ᠶᠢᠨ ᠵᠢᠩ ᠶᠢ 30% ᠠᠴᠠ ᠳᠡᠭᠡᠭᠰᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃      ︵ᠭᠤᠷᠪᠠ︶ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠦᠢᠯᠡᠴᠢᠯᠡᠭᠡᠨ ᠤ ᠦᠢᠯᠡᠰ  ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ᠃      ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠷᠢᠰᠦᠯᠳᠦᠬᠦ ᠬᠦᠴᠦᠨ ᠢ ᠦᠷᠭᠦᠯᠵᠢᠯᠡᠨ  ᠴᠢᠩᠭᠠᠳᠬᠠᠨ᠎ᠠ᠃  ᠨᠤᠲᠤᠭ ᠤᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠲᠤᠰᠠᠯᠠᠨ ᠬᠠᠮᠲᠤ ᠪᠠᠷ ᠬᠤᠯᠪᠣᠭ᠎ᠠ  ᠪᠠᠶᠢᠭᠤᠯᠬᠤ᠂ ᠨᠡᠶᠢᠯᠡᠭᠦᠯᠦᠨ ᠲᠠᠬᠢᠨ  ᠪᠠᠶᠢᠭᠤᠯᠵᠤ ᠶᠡᠭᠡ ᠬᠡᠪᠴᠢᠶ᠎ᠡ ᠪᠠᠷ ᠬᠢᠬᠦ ᠶᠢ ᠲᠠᠮᠵᠢᠨ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠪᠣᠷᠣᠯᠠᠭᠤᠯᠬᠤ ᠲᠠᠪᠴᠠᠩ ᠪᠠᠶᠢᠭᠤᠯᠵᠤ᠂ ᠥᠪᠡᠷᠮᠢᠴᠡ ᠣᠨᠴᠠᠯᠢᠭ ᠲᠠᠢ᠂ ᠲᠤᠰᠬᠠᠶᠢᠵᠢᠭᠰᠠᠨ ᠡᠯᠧᠺᠲᠷᠣᠨ ᠬᠤᠳᠠᠯᠳᠤᠭᠠᠨ ᠤ  ᠨᠡᠷ᠎ᠡ ᠲᠡᠮᠳᠡᠭ ᠢ  ᠡᠭᠦᠳᠦᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠮᠠᠨ ᠤ ᠬᠤᠲᠠ ᠳᠤ ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ  ᠪᠦᠳᠦᠭᠡᠨ ᠪᠠᠶᠢᠭᠤᠯᠬᠤ ᠶᠢ  ᠵᠤᠷᠢᠭᠵᠢᠭᠤᠯᠤᠨ᠎ᠠ᠃  ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠭᠡᠪᠴᠢᠯᠡᠨ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠷᠠᠭᠠᠨ ᠤ ᠬᠦᠢᠯᠭᠡᠭᠡ ᠶᠢᠨ ᠲᠣᠬᠢᠷᠠᠭᠤᠯᠤᠨ ᠬᠦᠷᠭᠡᠯᠲᠡ ᠬᠥᠳᠡᠭᠡ ᠲᠣᠰᠬᠤᠨ  ᠳᠤ ᠤᠷᠤᠬᠤ ᠵᠢᠱᠢᠶ᠎ᠡ ᠦᠵᠡᠭᠦᠯᠬᠦ  ᠲᠥᠷᠥᠯ ᠵᠦᠢᠯ ᠢ ᠬᠡᠷᠡᠭᠵᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠰᠢᠭᠤᠳ ᠬᠤᠳᠠᠯᠳᠤᠨ ᠠᠪᠬᠤ ᠬᠡᠪ ᠵᠠᠭᠪᠤᠷ ᠢ ᠢᠳᠡᠪᠬᠢᠲᠡᠶ ᠨᠡᠭᠡᠭᠡᠵᠦ᠂ ᠤᠯᠤᠰ ᠤᠨ ᠳᠣᠲᠣᠭᠠᠳᠤ ᠪᠣᠯᠣᠨ ᠤᠯᠠᠨ ᠤᠯᠤᠰ ᠤᠨ ᠵᠠᠬ᠎ᠠ ᠳᠡᠯᠭᠡᠭᠦᠷ ᠶᠢ ᠨᠡᠪᠲᠡᠷᠡᠭᠦᠯᠵᠦ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ ᠶᠢ ᠪᠦᠬᠦ ᠵᠢᠯ ᠳᠤ 900 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠴᠢᠷᠮᠠᠶᠢᠨ᠎ᠠ᠃      ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠡᠷᠡᠭᠲᠡᠶ᠃ ᠲᠤᠮᠤ ᠬᠡᠯᠪᠡᠷᠢ ᠶᠢᠨ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ ᠤᠨ ᠲᠥᠷᠥᠯ  ᠬᠤᠪᠢᠶᠠᠨ ᠪᠠᠶᠢᠷᠢᠰᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠤᠶᠠᠳᠤᠭᠠᠷ ᠳᠡᠰ ᠠᠴᠠ ᠳᠣᠷᠣᠭᠰᠢ ᠪᠠᠷᠠᠭ᠎ᠠ ᠶᠢᠨ ᠭᠦᠢᠯᠭᠡᠭᠡᠨ ᠤ ᠰᠦᠯᠵᠢᠶ᠎ᠡ ᠪᠣᠯᠣᠨ ᠦᠵᠦᠭᠦᠷ ᠤᠨ ᠪᠠᠷᠠᠭ᠎ᠠ ᠶᠢᠨ ᠭᠦᠢᠯᠭᠡᠭᠡᠨ ᠤ ᠦᠷᠳᠡᠭᠡ ᠶᠢᠨ ᠲᠣᠬᠢᠷᠠᠭᠤᠯᠣᠯᠲᠠ ᠶᠢ ᠲᠡᠭᠦᠯᠳᠡᠷᠵᠢᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠶᠡᠷᠦᠩᠬᠡᠶ ᠰᠠᠭᠤᠷᠢᠨ ᠭᠠᠵᠠᠷ᠂ ᠳᠠᠮᠵᠢᠭᠤᠯᠤᠨ ᠲᠡᠭᠡᠭᠡᠪᠦᠷᠢᠯᠡᠬᠦ ᠰᠠᠭᠤᠷᠢᠨ ᠭᠠᠵᠠᠷ᠂ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ ᠰᠢᠨᠬᠤᠸᠠ ᠰᠣᠶᠣᠯ ᠤᠨ ᠪᠠᠷᠠᠭᠠᠨ ᠤ ᠭᠦᠢᠯᠭᠡᠭᠡ᠂ ᠵᠢᠦ ᠵᠸᠤ ᠲᠥᠩ ᠡᠮ ᠡᠮᠨᠡᠯᠭᠡ ᠶᠢᠨ ᠪᠠᠷᠠᠭᠠᠨ ᠤ ᠭᠦᠢᠯᠭᠡᠭᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠡᠵᠡᠩᠨᠡᠯᠲᠡ ᠶᠢᠨ ᠬᠡᠯᠪᠡᠷᠢ  ᠶᠢ ᠪᠠᠶᠠᠯᠢᠭᠵᠢᠭᠤᠯᠤᠨ᠎ᠠ᠃ ᠱᠠ ᠯᠢᠶᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠮᠡᠳᠡᠭᠡ ᠵᠠᠩᠭᠢ ᠶᠢᠨ ᠰᠢᠰᠲ᠋ᠧᠮ ᠢᠶᠠᠷ  ᠲᠤᠯᠭᠠᠭᠤᠷᠢ ᠪᠣᠯᠭᠠᠵᠤ᠂ ᠪᠠᠷᠠᠭ᠎ᠠ ᠶᠢᠨ ᠭᠦᠢᠯᠭᠡᠭᠡᠨ ᠤ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢ ᠪᠦᠳᠦᠭᠡᠨ ᠪᠠᠶᠢᠭᠤᠯᠵᠤ᠂ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠪᠦᠬᠦ ᠶᠠᠪᠤᠴᠠ ᠶᠢᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢ ᠲᠣᠣᠱᠯᠠᠭᠤᠯᠣᠨ᠎ᠠ᠃      ᠣᠨᠴᠠᠯᠢᠭ ᠪᠦᠬᠦᠢ ᠰᠣᠶᠣᠯ ᠤᠨ ᠠᠵᠤ ᠦᠢᠯᠡᠰ ᠪᠣᠯᠤᠨ ᠰᠣᠶᠣᠯ ᠤᠨ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠶ᠃ ᠦᠨᠳᠦᠰᠦᠲᠡᠨ ᠤ ᠰᠣᠶᠣᠯ ᠢ ᠬᠥᠭᠵᠢᠭᠦᠯᠦᠨ ᠪᠠᠳᠠᠷᠠᠭᠤᠯᠵᠤ᠂ ᠭᠠᠵᠠᠷ ᠣᠷᠣᠨ ᠤ ᠣᠨᠴᠠᠯᠢᠭ ᠢ  ᠲᠤᠲᠤᠷᠠᠭᠤᠯᠵᠤ᠂ ᠦᠨᠳᠦᠰᠦᠲᠡᠨ ᠤ ᠬᠤᠪᠴᠠᠰᠤ ᠵᠠᠰᠠᠯ ᠪᠣᠯᠣᠨ ᠭᠠᠷ ᠤᠷᠠᠯᠠᠯ ᠤᠨ ᠪᠦᠲᠦᠭᠡᠭᠳᠡᠬᠦᠨ ᠪᠣᠯᠪᠠᠰᠤᠷᠠᠭᠤᠯᠬᠤ᠂ ᠵᠢᠷᠤᠭ ᠲᠥᠯᠥᠪᠯᠡᠭᠡ ᠵᠡᠷᠭᠡ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠨᠢᠭᠡ ᠪᠦᠯᠦᠭ ᠢᠯᠡ ᠲᠣᠳᠣ ᠣᠨᠴᠠᠯᠢᠭ ᠲᠠᠢ᠂ ᠡᠯᠪᠡᠭ ᠪᠠᠶᠠᠯᠢᠭ ᠠᠭᠤᠯᠤᠭᠳᠠᠬᠤᠨ ᠲᠠᠢ ᠲᠣᠮᠣ ᠬᠡᠯᠪᠡᠷᠢ ᠶᠢᠨ ᠪᠣᠳᠠᠲᠤ ᠦᠵᠡᠮᠵᠢᠲᠦ  ᠪᠤᠯᠤᠨ ᠲᠠᠶᠢᠰᠠᠨ ᠤ ᠲᠣᠭᠯᠠᠯᠲᠠ ᠶᠢᠨ ᠰᠣᠳᠣᠨ ᠵᠦᠴᠦᠭᠡ  ᠨᠠᠶᠢᠷᠠᠭᠤᠯᠬᠤ ᠶᠢ ᠵᠣᠬᠢᠶᠠᠨ ᠪᠠᠶᠢᠭᠤᠯᠵᠤ᠂ ᠨᠢᠭᠡ ᠪᠦᠯᠦᠭ ᠰᠣᠶᠣᠯ ᠢ ᠪᠡᠶᠡᠴᠢᠯᠡᠨ ᠣᠶᠢᠯᠠᠭᠠᠬᠤ ᠲᠥᠷᠥᠯ ᠵᠦᠢᠯ ᠭᠠᠷᠭᠠᠵᠤ᠂ ᠨᠢᠭᠡ ᠪᠦᠯᠦᠭ ᠦᠨᠳᠦᠰᠦᠲᠡᠨ ᠤ ᠣᠨᠴᠠᠯᠢᠭ  ᠂ ᠭᠠᠵᠠᠷ ᠣᠷᠣᠨ ᠤ ᠣᠨᠴᠠᠯᠢᠭ ᠲᠠᠢ ᠰᠣᠶᠣᠯ ᠤᠨ ᠲᠥᠷᠥᠯ ᠲᠡᠮᠳᠡᠭ ᠤᠨ ᠠᠵᠢᠯᠯᠠᠭ᠎ᠠ ᠶᠢ ᠬᠢᠬᠦ ᠬᠡᠷᠡᠭᠲᠡᠢ ᠃ ᠬᠤᠳᠠ ᠶᠢᠨ ᠰᠢᠭᠤᠳ ᠬᠠᠷᠢᠶ᠎ᠠ ᠤᠯᠠᠭᠠᠨᠮᠥ᠋ᠴᠢᠷ᠂ ᠤᠯᠠᠭᠠᠨᠮᠥ᠋ᠴᠢᠷ ᠤᠨ ᠣᠷᠳᠣᠨ ᠢ ᠪᠦᠳᠦᠭᠡᠨ ᠪᠠᠶᠢᠭᠤᠯᠵᠤ᠂ ᠨᠡᠩ ᠣᠯᠠᠨ ᠣᠷᠴᠢᠨ ᠠᠬᠤᠢ ᠲᠠᠢ ᠪᠠᠨ ᠲᠣᠬᠢᠷᠠᠯᠴᠠᠭᠰᠠᠨ᠂ ᠤᠯᠠᠮᠵᠢᠯᠠᠨ ᠲᠠᠷᠬᠠᠵᠤ ᠳᠡᠶᠢᠯᠬᠦ᠂ ᠬᠦᠨᠵᠡᠭᠡᠶᠢᠷᠡᠨ ᠦᠯᠡᠳᠡᠬᠦ ᠰᠢᠯᠢᠳᠡᠭ ᠪᠦᠲᠦᠭᠡᠯ ᠤᠳ ᠢ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ ᠮᠣᠷᠢᠨ ᠮᠡᠷᠭᠡᠵᠢᠯ ᠵᠡᠷᠭᠡ ᠤᠷᠤᠯᠳᠤᠭᠠᠨ   ᠤ ᠠᠵᠢᠯᠯᠠᠭ᠎ᠠ ᠶᠢ ᠢᠳᠡᠪᠬᠢᠲᠡᠶ ᠪᠠᠷ ᠪᠡᠯᠡᠳᠬᠡᠵᠦ᠂ ᠠᠳᠤᠭᠤᠨ ᠤ ᠰᠣᠶᠣᠯ ᠤᠨ ᠠᠵᠤ ᠦᠢᠯᠡᠰ ᠢ  ᠬᠦᠭᠵᠢᠭᠦᠯᠦᠨ᠎ᠡ᠃ ᠰᠣᠶᠣᠯ ᠤᠨ ᠡᠭᠦᠳᠦᠨ ᠪᠦᠲᠦᠭᠡᠬᠦ ᠰᠡᠳᠬᠢᠮᠵᠢ᠂ ᠰᠣᠨᠢᠨ ᠮᠡᠳᠡᠭᠡ ᠬᠡᠪᠯᠡᠯ᠂ ᠺᠢᠨᠣ᠋ ᠲᠧᠯᠸᠢᠰ ᠦᠢᠯᠡᠳᠬᠦ ᠵᠡᠷᠭᠡ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂  ᠺᠢᠨᠣ᠋ ᠲᠧᠯᠸᠢᠰ᠂  ᠺᠠᠷᠲ᠋ᠣᠨ ᠱᠤᠭ ᠵᠢᠷᠤᠭ ᠰᠣᠶᠣᠯ ᠤᠨ ᠪᠦᠲᠦᠭᠡᠯᠴᠢ ᠲᠥᠰᠦᠪᠯᠡᠯ ᠤᠨ ᠠᠵᠤ ᠦᠢᠯᠡᠰ ᠤᠨ ᠬᠦᠷᠢᠶᠡᠯᠡᠩ  ᠢ ᠲᠥᠯᠥᠪᠵᠢᠭᠦᠯᠦᠨ ᠪᠥᠳᠥᠭᠡᠨ ᠪᠠᠶᠢᠭᠤᠯᠵᠤ᠂ ᠳᠡᠯᠡᠬᠡᠶ ᠶᠢᠨ ᠦᠨᠳᠦᠰᠦᠲᠡᠨ ᠤ ᠺᠢᠨᠣ᠋ ᠶᠢᠨ ᠦᠵᠡᠰᠬᠦᠯᠡᠩ ᠢ ᠡᠭᠦᠰᠭᠡᠨ ᠪᠠᠶᠢᠭᠤᠯᠵᠤ᠂ ᠨᠢᠭᠡ ᠪᠦᠯᠦᠭ ᠵᠠᠬ᠎ᠠ ᠳᠡᠯᠭᠡᠭᠦᠷ ᠲᠠᠢ᠂ ᠬᠦᠭᠵᠢᠯᠲᠡ ᠶᠢᠨ ᠢᠷᠡᠭᠡᠳᠦᠢ ᠲᠠᠢ ᠰᠢᠨ᠎ᠡ ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠪᠦᠳᠦᠭᠡᠨ ᠪᠠᠶᠢᠭᠤᠯᠬᠤ ᠬᠡᠷᠡᠭᠲᠡᠢ᠃ ᠦᠨᠳᠦᠰᠦᠲᠡᠨ ᠤ ᠪᠠ ᠠᠷᠠᠳ ᠤᠨ ᠳᠤᠮᠳᠠᠬᠢ ᠲᠡᠦᠬᠡ ᠶᠢᠨ ᠳᠤᠷᠠᠰᠬᠠᠯᠲᠤ ᠵᠦᠢᠯ ᠢ ᠴᠤᠭᠯᠠᠭᠤᠯᠬᠤ  ᠂ ᠳᠡᠯᠭᠡᠨ ᠦᠵᠡᠭᠦᠯᠬᠦ   ᠶᠢ ᠰᠠᠶᠢᠲᠤᠷ ᠬᠢᠵᠦ᠂ ᠣᠯᠠᠨ ᠲᠦᠮᠡᠨ ᠤ ᠤᠷᠠᠯᠢᠭ ᠤᠨ ᠣᠷᠳᠣᠨ᠂ ᠰᠣᠶᠣᠯ ᠤᠨ ᠵᠣᠴᠢᠨ ᠤ ᠥᠷᠥᠭᠡ ᠵᠡᠷᠭᠡ ᠭᠤᠣᠯᠳᠠᠯᠭ᠎ᠠ ᠲᠠᠢ ᠰᠣᠶᠣᠯ ᠤᠨ ᠣᠷᠳᠣᠨ ᠤ ᠲᠦᠷᠦᠯ ᠵᠦᠢᠯ ᠢ ᠲᠦᠷᠭᠡᠪᠴᠢᠯᠡᠨ ᠠᠬᠢᠭᠤᠯᠵᠤ᠂ ᠹᠸᠡᠭ ᠵᠧᠤ ᠬᠠᠭᠤᠴᠢᠨ ᠬᠤᠳᠠ ᠶᠢᠨ ᠪᠠᠭᠤᠷᠢ ᠶᠢᠨ ᠴᠡᠴᠡᠷᠯᠢᠭ᠂ ︽ᠤᠯᠤᠰ ᠤᠨ ᠬᠡᠦᠬᠡᠳ︾ ᠭᠤᠣᠯ ᠰᠡᠳᠦᠪᠲᠦ ᠴᠡᠴᠡᠷᠯᠢᠭ ᠢ ᠡᠬᠢᠯᠡᠨ ᠪᠠᠶᠢᠭᠤᠯᠵᠤ᠂  ᠵᠣᠣ ᠵᠢᠶᠦ᠋ᠨ  ᠤ ᠰᠣᠶᠣᠯ ᠤᠨ ᠨᠠᠶᠢᠷ ᠪᠣᠯᠣᠨ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠣᠶᠣᠯ ᠵᠤᠭᠠᠴᠠᠯ ᠤᠨ ᠤᠷᠠᠯᠢᠭ ᠤᠨ ᠠᠵᠢᠯᠯᠠᠭ᠎ᠠ ᠶᠢ ᠰᠠᠶᠢᠲᠤᠷ ᠡᠷᠬᠢᠯᠡᠬᠦ ᠬᠡᠷᠡᠭᠲᠡᠢ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠡᠯᠪᠡᠭ ᠪᠠᠶᠠᠯᠢᠭ ᠪᠣᠯᠭᠠᠨ᠎ᠠ᠃      ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠥᠨᠳᠥᠷ ᠲᠦᠪᠰᠢᠨ ᠪᠦᠬᠦᠢ ᠡᠬᠢᠯᠡᠯᠲᠡ ᠲᠠᠢ ᠵᠢᠭᠤᠯᠴᠢᠯᠠᠯ ᠤᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠤᠣᠯ ᠰᠡᠳᠦᠪᠴᠢᠯᠡᠭᠰᠡᠨ᠂ ᠦᠪᠡᠷᠮᠢᠴᠡᠵᠢᠭᠰᠡᠨ ᠵᠢᠭᠤᠯᠴᠢᠯᠠᠯ ᠤᠨ ᠲᠤᠰᠬᠠᠶᠢᠵᠢᠭᠰᠠᠨ ᠲᠥᠯᠥᠪᠵᠢᠭᠦᠯᠭᠡ ᠶᠢ ᠲᠣᠭᠲᠠᠭᠠᠨ᠎ᠠ᠃ ᠵᠢᠭᠤᠯᠴᠢᠯᠠᠯ ᠤᠨ ᠬᠥᠭᠵᠢᠯᠲᠡ ᠵᠢᠨ‌‍ᠱᠠᠩᠨᠠᠯ ᠣᠯᠭᠤᠬᠤ ᠲᠦᠷᠦ ᠶᠢᠨ ᠪᠣᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠦᠢᠯᠡᠰ ᠤᠨ ᠡᠭᠦᠳᠡᠨ ᠪᠢᠯᠧᠲ ᠤᠨ ᠠᠵᠤ ᠠᠬᠤᠶ  ᠠᠴᠠ ᠣᠷᠣᠨ ᠦᠵᠡᠮᠵᠢ ᠨᠢᠭᠡ ᠴᠣᠭᠴᠠ᠂ ᠠᠵᠤ ᠦᠢᠯᠡᠰ ᠨᠢᠭᠡ ᠴᠣᠭᠴᠨ ᠪᠣᠯᠭᠠᠨ ᠬᠤᠪᠢᠷᠠᠭᠤᠯᠬᠤ ᠬᠡᠷᠡᠭᠲᠡᠶ᠃ ᠵᠢᠭᠤᠯᠴᠢᠯᠠᠯ ᠤᠨ ᠦᠵᠡᠮᠵᠢᠲᠦ ᠣᠷᠣᠨ ᠵᠢᠴᠢ ᠢᠵᠢ ᠪᠦᠷᠢᠳᠦᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 2 ᠤᠯᠤᠰ ᠤᠨ ᠳᠡᠰ ᠤᠨ 5 A ᠵᠢᠭᠤᠯᠴᠢᠯᠠᠯ ᠤᠨ ᠦᠵᠡᠮᠵᠢᠲᠦ ᠣᠷᠣᠨ ᠤ ᠡᠬᠢ ᠪᠠᠶᠠᠯᠢᠭ ᠢ ᠦᠨᠡᠯᠡᠬᠦ   ᠶᠢ ᠢᠳᠡᠪᠬᠢᠲᠡᠶ ᠲᠦᠯᠬᠢᠨ ᠠᠬᠢᠭᠤᠯᠵᠤ᠂ 1ᠤᠯᠤᠰ ᠤᠨ ᠲᠠᠰ ᠤᠨ ᠰᠡᠯᠡᠭᠦᠴᠡᠯ ᠠᠮᠠᠷᠠᠯᠲᠠ ᠶᠢᠨ ᠣᠷᠣᠨ ᠪᠠᠶᠢᠭᠤᠯᠬᠤ ᠪᠠᠷ ᠲᠡᠮᠡᠴᠡᠵᠦ᠂ 17 ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠣᠰᠬᠤᠨ  ᠪᠠᠶᠢᠭᠤᠯᠤᠨ᠂ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠡᠭᠦᠳᠦᠨ ᠪᠠᠶᠢᠭᠤᠯᠣᠨ᠎ᠠ᠃ ᠵᠢᠭᠤᠯᠴᠢᠯᠠᠯ ᠤᠨ ᠤᠬᠠᠭᠤᠯᠭ᠎ᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠤ᠂ ᠤᠶᠤᠨᠴᠢ ᠵᠢᠭᠤᠯᠴᠢᠯᠠᠯ ᠤᠨ ᠲᠠᠪᠴᠠᠩ ᠤᠨ ᠪᠦᠳᠤᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠶ᠃ ᠵᠢᠭᠤᠯᠴᠢᠯᠠᠯ ᠬᠢᠭᠡᠳ ᠰᠣᠶᠣᠯ᠂ ᠲᠠᠮᠢᠷ᠂ ᠤᠷᠠᠨ ᠰᠠᠶᠢᠬᠠᠨ ᠤ ᠲᠣᠭᠯᠠᠯᠲᠠ ᠵᠡᠷᠭᠡ ᠬᠦᠷᠢᠶ᠎ᠡ ᠴᠡᠷ᠎ᠡ ᠬᠠᠮᠲᠤᠷᠠᠨ ᠠᠵᠢᠯᠯᠠᠬᠤ ᠶᠢ ᠲᠦᠯᠬᠢᠨ ᠠᠬᠢᠭᠤᠯᠵᠤ᠂ ᠬᠥᠬᠡᠬᠤᠲᠠ ᠶᠢᠨ ᠪᠡᠶ᠎ᠡ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠺᠣᠮᠫᠠᠨᠢ ᠶᠢ ᠵᠣᠬᠢᠶᠠᠨ ᠪᠠᠶᠢᠭᠤᠯᠤᠨ᠂ ᠰᠣᠳᠣᠨ ᠪᠡᠶ᠎ᠡ ᠲᠠᠮᠢᠷ ᠤᠨ ᠤᠷᠤᠯᠳᠤᠭᠠᠨ ᠪᠠ ᠤᠷᠠᠨ ᠲᠣᠭᠯᠠᠯᠲᠠ ᠶᠢᠨ ᠫᠷᠤᠭ᠍ᠷᠠᠮ ᠨᠡᠭᠡᠭᠡᠨ ᠠᠰᠢᠭᠯᠠᠵᠤ᠂ ᠣᠯᠠᠨ ᠤᠯᠤᠰ ᠤᠨ ᠮᠠᠷᠠᠰᠤᠨ ᠤ ᠤᠷᠤᠯᠳᠤᠭᠠᠨ ᠶᠠᠪᠤᠭᠤᠯᠵᠤ᠂ ᠵᠢᠭᠤᠯᠴᠢᠯᠠᠯ ᠤᠨ ᠦᠢᠯᠡᠳᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠣᠨ ᠬᠥᠭᠵᠢᠯᠲᠡ ᠶᠢᠨ ᠬᠡᠪ ᠵᠠᠭᠪᠤᠷ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ︽ᠨᠢᠭᠡ ᠠᠵᠢᠯ ᠲᠦᠷᠦᠯ ᠤᠨ ᠬᠦᠭᠵᠢᠯᠲᠡ︾   ᠪᠠᠷ ︽ᠵᠠᠭᠤᠨ ᠠᠵᠢᠯ ᠲᠥᠷᠥᠯ ᠢ  ᠴᠡᠴᠡᠭᠯᠡᠬᠦᠯᠬᠦ︾ ᠶᠢ  ᠲᠠᠶᠢᠴᠢᠯᠠᠨ᠎ᠠ᠃      ᠮᠥᠩᠭᠦᠨ ᠭᠦᠢᠯᠭᠡᠭᠡᠨ ᠤ ᠦᠢᠯᠡᠰ ᠵᠢᠴᠢ ᠶᠡᠷᠦᠩᠬᠡᠶ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦ ᠪᠠᠷ ᠠᠬᠢᠭᠤᠯᠣᠨ᠎ᠠ᠃ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠰᠠᠭᠤᠷᠢᠰᠢᠭᠤᠯᠣᠨ ᠳᠡᠮᠵᠢᠬᠦ ᠲᠦᠷᠦ ᠶᠢᠨ ᠪᠤᠳᠤᠯᠭ᠎ᠠ ᠶᠢ ᠣᠷᠣᠭᠤᠯᠬᠤ᠂ ᠦᠢᠯᠡᠴᠢᠯᠡᠭᠡ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠬᠦᠯᠵᠦ ᠂ ᠶᠡᠷᠦᠩᠬᠡᠶ ᠬᠡᠯᠲᠡᠰ ᠤᠨ ᠠᠵᠤ ᠠᠬᠤᠶ ᠶᠢᠨ ᠰᠠᠭᠤᠷᠢᠨ ᠭᠠᠵᠠᠷ ᠢ ᠢᠳᠡᠪᠬᠢᠲᠡᠶ  ᠡᠭᠦᠳᠦᠨ ᠪᠥᠳᠥᠭᠡᠨ ᠪᠠᠶᠢᠭᠤᠯᠤᠨ᠎ᠠ ᠃ ᠹᠠᠩ ᠳ᠋ᠢᠩ ᠶᠢᠨ ᠷᠦᠩ ᠵᠡᠷᠭᠡ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠰᠠᠭᠤᠷᠢᠰᠢᠬᠤ᠂ ᠫᠢᠩ ᠠᠨ᠂ ᠭᠤᠸᠠᠩ ᠹᠠ᠂ ᠵᠧ ᠱᠠᠩ᠂ ᠾᠧᠩ ᠱᠧᠩ ᠵᠡᠷᠭᠡ ᠮᠥᠩᠭᠦᠨ ᠭᠦᠢᠯᠭᠡᠭᠡᠨ ᠤ ᠬᠤᠪᠢᠶᠠᠷᠢ ᠪᠠᠶᠢᠭᠤᠯᠤᠮᠵᠢ ᠶᠢᠨ ᠰᠠᠭᠤᠷᠢᠰᠢᠬᠤ ᠶᠢ ᠲᠦᠯᠬᠢᠨ ᠠᠬᠢᠭᠤᠯᠣᠨ᠎ᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠫᠠᠶᠢᠰᠠ ᠡᠯᠭᠦᠬᠦ ᠶᠢ ᠲᠡᠳᠬᠦᠨ ᠳᠡᠮᠵᠢᠬᠦ ᠬᠢᠭᠡᠳ ᠱᠠᠩᠨᠠᠨ ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠲᠠᠯᠠᠪᠤᠷ ᠤᠨ ᠭᠠᠳᠠᠨᠠᠬᠢ ᠪᠣᠶᠢᠵᠢᠭᠤᠯᠤᠯᠲᠠ ᠶᠢ ᠴᠢᠩᠭᠠᠳᠬᠠᠵᠤ᠂ 4 ᠠᠵᠤ ᠠᠬᠤᠶᠢᠯᠠᠯ ᠢ ᠭᠤᠣᠯ  ᠰᠠᠮᠪᠠᠷ᠎ᠠ᠂ ᠰᠢᠨ᠎ᠡ ᠭᠤᠷᠪᠠᠳᠤᠭᠠᠷ ᠰᠠᠮᠪᠠᠷ᠎ᠠ ᠶᠢᠨ ᠵᠠᠬ᠎ᠠ ᠳᠡᠯᠭᠡᠭᠦᠷ ᠲᠤ ᠭᠠᠷᠭᠠᠬᠤ ᠶᠢ ᠲᠦᠯᠬᠢᠨ ᠠᠬᠢᠭᠤᠯᠵᠤ᠂ 12 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠨ᠎ᠡ᠃ ᠵᠠᠰᠠᠭ ᠤᠨ ᠣᠷᠳᠣᠨ ᠤ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮ᠂ ᠵᠢᠭᠡᠯᠡᠯᠭᠡ ᠶᠢᠨ ᠲᠦᠭᠰᠢᠭᠦᠷᠢ ᠢ ᠨᠥᠬᠦᠪᠥᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠡᠯᠡ ᠴᠤᠭᠯᠠᠭᠤᠯᠬᠤ ᠴᠢᠳᠠᠮᠵᠢ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ ᠤᠯᠠᠨ ᠳᠡᠰ ᠲᠠᠪᠬᠤᠷᠭ᠎ᠠ ᠲᠠᠢ ᠬᠦᠷᠦᠩᠭᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠢ ᠲᠦᠷᠭᠡᠪᠴᠢᠯᠡᠨ  ᠪᠠᠶᠢᠭᠤᠯᠤᠨ᠎ᠠ᠃      ᠬᠤᠷᠠᠯ ᠦᠵᠡᠰᠬᠦᠯᠡᠩ ᠤᠨ ᠠᠵᠤ ᠠᠬᠤᠶ ᠶᠢ ᠲᠡᠮᠵᠢᠨ ᠬᠦᠴᠦᠷᠬᠡᠭᠵᠢᠭᠦᠯᠦᠨ᠎ᠡ᠃ ᠪᠦᠲᠦᠭᠡᠭᠳᠡᠬᠦᠨ ᠢᠶᠠᠨ ᠳᠡᠯᠭᠡᠨ ᠦᠵᠡᠭᠦᠯᠬᠦ᠂ ᠲᠠᠸᠠᠷ ᠪᠣᠷᠣᠯᠠᠭᠤᠯᠬᠤ ᠵᠡᠷᠭᠡ ᠦᠢᠯᠡᠴᠢᠯᠡᠭᠡᠨ ᠤ ᠲᠦᠷᠦᠯ ᠤᠨ ᠴᠢᠨᠠᠷᠲᠠᠶ ᠦᠵᠡᠰᠬᠦᠯᠡᠩ ᠴᠤᠭᠯᠠᠭᠠᠨ ᠬᠢᠬᠦ ᠶᠢ  ᠲᠡᠮᠵᠢᠵᠦ᠂ ᠲᠠᠯ᠎ᠠ ᠨᠤᠲᠤᠭ ᠤᠨ ᠦᠨᠳᠦᠰᠦᠲᠡᠨ ᠤ  ᠤᠨᠴᠠᠯᠢᠭᠲᠠᠢ᠂ ᠰᠢᠨᠵᠢᠯᠡᠭᠡ  ᠮᠡᠷᠭᠡᠵᠢᠯ ᠤᠨ ᠰᠢᠨ᠎ᠡ ᠶᠢ ᠡᠭᠦᠳᠬᠦ᠂ ᠰᠤᠳᠤᠯᠤᠨ ᠨᠡᠭᠡᠭᠡᠵᠦ ᠬᠡᠷᠡᠭᠯᠡᠬᠦ ᠵᠡᠷᠭᠡ ᠳᠡᠯᠭᠡᠷᠡᠭᠦᠯᠬᠦ ᠲᠥᠷᠥᠯ ᠤᠨ ᠦᠵᠡᠰᠬᠦᠯᠡᠩ ᠴᠤᠭᠯᠠᠭᠠᠨ ᠬᠢᠬᠦ ᠶᠢ ᠲᠡᠮᠵᠢᠵᠦ᠂ ᠬᠤᠶᠠᠳᠤᠭᠠᠷ ᠬᠤᠭᠤᠴᠠᠭᠠᠨ ᠤ ᠳᠡᠯᠡᠬᠡᠶ ᠶᠢᠨ ᠠᠮᠲᠠᠲᠤ ᠢᠳᠡᠭᠡᠨ ᠤ ᠦᠵᠡᠰᠬᠦᠯᠡᠩ᠂ ᠴᠠᠶ ᠶᠢᠨ ᠦᠵᠡᠰᠬᠦᠯᠡᠩ᠂ ᠤᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠰᠬᠦᠯᠡᠩ ᠴᠤᠭᠯᠠᠭᠠᠨ ᠵᠡᠷᠭᠡ ᠲᠤᠮᠤ ᠬᠡᠯᠪᠡᠷᠢ ᠶᠢᠨ ᠦᠵᠡᠰᠬᠦᠯᠡᠩ ᠢ ᠰᠠᠶᠢᠳᠤᠷ ᠡᠷᠬᠢᠯᠡᠵᠦ᠂ ᠨᠢᠭᠡ ᠪᠦᠯᠦᠭ ᠨᠡᠷ᠎ᠡ ᠠᠯᠳᠠᠷᠰᠢᠭᠰᠠᠨ ᠬᠤᠷᠠᠯ ᠦᠵᠡᠰᠬᠦᠯᠡᠩ ᠤᠨ ᠲᠥᠷᠥᠯ ᠲᠡᠮᠳᠡᠭ ᠢ ᠪᠦᠳᠦᠭᠡᠨ ᠪᠠᠶᠢᠭᠤᠯᠤᠨ᠎ᠠ᠃ ᠵᠢᠯ ᠤᠨ ᠳᠣᠲᠣᠷ᠎ᠠ ᠲᠤᠮᠦ ᠬᠡᠯᠪᠡᠷᠢ ᠶᠢᠨ ᠦᠵᠡᠭᠦᠯᠦᠯᠭᠡ ᠴᠤᠭᠯᠠᠭᠠᠨ ᠤ ᠵᠦᠢᠯ ᠢ 20 ᠤᠳᠠᠭ᠎ᠠ ᠠᠴᠠ ᠳᠡᠭᠡᠭᠰᠢ ᠡᠷᠬᠢᠯᠡᠵᠦ᠂ ᠠᠷᠠᠯᠵᠢᠶᠠᠯᠠᠭᠰᠠᠨ ᠶᠡᠷᠦᠩᠬᠡᠢ ᠦᠷᠳᠡᠭ ᠵᠢᠴᠢ ᠰᠠᠨᠠᠮᠵᠢ ᠶᠢᠨ ᠬᠡᠯᠡᠯᠴᠡᠭᠡᠷ ᠤᠨ ᠪᠦᠬᠦ ᠵᠣᠭᠤᠰᠣᠨ ᠤ ᠲᠤᠭ᠎ᠠ ᠶᠢ 70  ᠳ᠋ᠦᠩᠰᠢᠭᠤᠷ ᠲᠥᠭᠦᠷᠢᠭ  ᠬᠦᠷᠭᠡᠨ᠎ᠡ᠃      ᠡᠷᠡᠭᠦᠯ ᠮᠡᠨᠳᠤ ᠨᠠᠰᠤᠲᠠᠨ ᠢ ᠠᠰᠠᠷᠠᠬᠤ᠂ ᠭᠡᠷ ᠤᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠢᠳᠡᠪᠬᠢᠲᠡᠶ ᠲᠦᠯᠬᠢᠨ ᠠᠬᠢᠭᠤᠯᠣᠨ᠎ᠠ᠃ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠪ ᠢ ᠥᠨᠳᠥᠷ  ᠪᠠᠷᠢᠮᠵᠢᠶ᠎ᠠ  ᠪᠠᠷ ᠪᠦᠳᠦᠭᠡᠨ ᠪᠠᠶᠢᠭᠤᠯᠵᠤ᠂  ᠬᠤᠳᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠲᠥᠷᠥᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠡᠳᠦᠷ ᠲᠣᠲᠣᠮ ᠤᠨ  ᠰᠤᠪᠢᠯᠠᠯᠲᠠ᠂ ᠬᠥᠳᠡᠭᠡ ᠲᠣᠰᠬᠤᠨ ᠤ  ᠨᠠᠰᠤᠲᠠᠨ ᠤ ᠠᠰᠠᠷᠠᠬᠤ ᠵᠣᠯ ᠵᠢᠷᠭᠠᠯᠲᠤ ᠬᠦᠷᠢᠶᠡᠯᠡᠩ ᠵᠡᠷᠭᠡ  ᠨᠠᠰᠤᠲᠠᠨ ᠢ ᠠᠰᠠᠷᠠᠬᠤ ᠪᠡᠯᠡᠳᠬᠡᠮᠵᠢ‌‍ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠭᠦ ᠣᠷᠣᠨ ᠤ ᠲᠡᠷᠢᠭᠦᠨ ᠤ ᠨᠠᠰᠤᠲᠠᠨ ᠢ ᠠᠰᠠᠷᠠᠬᠤ ᠤᠶᠤᠨᠲᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠶ ᠪᠠᠷ ᠡᠭᠦᠳᠬᠦ ᠬᠡᠷᠡᠭᠲᠡᠢ᠃ ᠪᠦᠬᠦ ᠬᠤᠳᠠ ᠶᠢᠨ ᠨᠢᠭᠡᠳᠦᠯᠲᠡᠶ ᠭᠡᠷ ᠤᠨ ᠠᠵᠢᠯ ᠤᠨ ᠦᠢᠯᠡᠴᠢᠯᠡᠭᠡᠨ ᠤ ᠲᠠᠪᠴᠠᠩ  ᠢ  ᠪᠦᠲᠦᠭᠡᠨ ᠪᠠᠶᠢᠭᠤᠯᠵᠤ᠂  ᠭᠡᠷ ᠤᠨ ᠠᠵᠢᠯ ᠤᠨ ᠦᠢᠯᠡᠴᠢᠯᠡᠭᠡᠨ ᠤ ᠲᠥᠷᠥᠯ   ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠲᠤᠰᠬᠠᠶᠢᠵᠢᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠳᠠᠯ ᠠᠬᠤᠶ ᠶᠢᠨ ᠬᠠᠮᠢᠶᠠᠷᠤᠯᠲᠠ᠂ ᠭᠡᠷ ᠤᠨ ᠠᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠤᠬᠠᠶ ᠰᠠᠨᠠᠯ  ᠢ ᠨᠡᠶᠢᠲᠡᠯᠡᠨ᠂ ᠡᠯ᠎ᠡ ᠲᠦᠷᠦᠯ ᠤᠨ ᠣᠷᠣᠨ ᠰᠠᠭᠤᠴᠠ ᠶᠢᠨ ᠬᠤᠷᠢᠶᠠᠯᠠᠯ ᠤᠨ ᠬᠤᠶᠠᠳᠤᠭᠠᠷ ᠳᠡᠰ ᠠᠴᠠ ᠳᠡᠭᠡᠭᠰᠢᠬᠢ ᠠᠳᠠᠯ ᠠᠬᠤᠶ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠠᠮᠤᠷᠬᠤ ᠶᠢ  ᠪᠡᠶᠡᠯᠡᠭᠦᠯᠦᠨ᠎ᠡ᠃      ᠢᠳᠡᠭᠡᠨ ᠤᠮᠳᠠᠭᠠᠨ᠂ ᠠᠷᠠᠯᠵᠢᠶ᠎ᠠ ᠬᠤᠳᠠᠯᠳᠤᠭ᠎ᠠ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠬᠦ ᠶᠢ ᠲᠥᠯᠬᠢᠨ ᠠᠬᠢᠭᠤᠯᠣᠨ᠎ᠠ᠃ ᠬᠡᠷᠡᠭᠯᠡᠭᠡᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠴᠡᠭᠴᠡᠯᠡᠨ ᠵᠢᠷᠤᠮᠵᠢᠭᠤᠯᠵᠤ᠂ ᠬᠡᠷᠡᠭᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠬᠤᠲᠠ ᠶᠢᠨ ᠭᠤᠣᠯ ᠲᠣᠭᠤᠷᠢᠭ ᠲᠤ 11ᠥᠪᠡᠷ ᠤᠨ ᠣᠨᠴᠠᠯᠢᠭ ᠪᠦᠬᠦᠢ ᠠᠮᠲᠠᠲᠤ ᠢᠳᠡᠭᠡᠨ ᠤ ᠵᠡᠭᠡᠯᠢ ᠪᠠᠶᠢᠭᠤᠯᠵᠤ᠂ ᠬᠤᠳᠠᠯᠳᠤᠭᠠᠨ ᠤ ᠶᠡᠷᠦᠩᠭᠡᠢ ᠴᠤᠭᠴᠠ ᠶᠢᠨ ᠤᠯᠠᠨ ᠡᠰᠢᠵᠢᠭᠰᠡᠨ ᠡᠵᠩᠨᠡᠯᠲᠡ ᠶᠢ ᠵᠤᠷᠢᠭᠵᠢᠭᠤᠯᠵᠤ᠂ ᠰᠦᠯᠵᠢᠶ᠎ᠡ ᠪᠣᠯᠣᠨ ᠡᠩ ᠤᠨ ᠬᠤᠳᠠᠯᠳᠤᠭ᠎ᠠ ᠶᠢᠨ ᠠᠭᠤᠰᠤᠯᠴᠠᠬᠤ ᠶᠢ ᠠᠬᠢᠭᠤᠯᠵᠤ᠂ ᠤᠯᠠᠮᠵᠢᠯᠠᠯᠲᠤ ᠪᠣᠯᠣᠨ ᠣᠳᠣ ᠦᠶ᠎ᠡ ᠶᠢᠨ ᠬᠡᠪ ᠨᠠᠮᠪᠠ ᠬᠠᠷᠢᠯᠴᠠᠨ ᠠᠬᠢᠭᠤᠯᠵᠤ ᠬᠠᠷᠢᠯᠴᠠᠨ  ᠨᠦᠬᠦᠪᠦᠷᠢᠯᠡᠭᠰᠡᠨ ᠬᠥᠭᠵᠢᠯᠲᠡ ᠶᠢᠨ ᠪᠠᠶᠢᠷᠢᠰᠢᠯ ᠢ  ᠪᠦᠷᠢᠯᠳᠦᠭᠦᠯᠦᠨ᠎ᠡ᠃      ︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠭᠡᠭᠦ ᠬᠡᠷᠡᠭᠲᠡᠢ᠃ ᠬᠥᠳᠡᠭᠡ ᠲᠣᠰᠬᠤᠨ ᠢ  ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠲᠣᠭᠲᠠᠭᠠᠵᠤ᠂ 4 ᠳ᠋ᠦᠩᠰᠢᠭᠤᠷ ᠲᠥᠭᠦᠷᠢᠭ ᠤᠨ ᠬᠥᠲᠥᠯᠥᠨ ᠵᠢᠯᠤᠭᠤᠳᠬᠤ ᠪᠡᠯᠡ ᠮᠥᠩᠭᠦ ᠤᠷᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ  ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠣᠯᠤᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ᠬᠤᠲᠠᠴᠢᠯᠠᠭᠰᠠᠨ ᠬᠥᠳᠡᠭᠡ ᠠᠵᠤ ᠠᠬᠤᠶ ᠶᠢ ᠴᠢᠷᠮᠠᠶᠢᠨ ᠨᠠᠷᠢᠯᠢᠭᠵᠢᠭᠤᠯᠬᠤ ᠬᠡᠷᠡᠭᠲᠡᠶ᠃  ᠲᠠᠷᠢᠶᠠᠯᠠᠩ ᠢ ᠶᠠᠰᠤ ᠴᠢᠨᠠᠷ ᠲᠠᠢ ᠬᠦᠭᠵᠢᠬᠦᠯᠬᠦ᠂ ᠲᠠᠷᠢᠶᠠᠯᠠᠩ ᠢ ᠪᠣᠬᠢᠷᠲᠤᠯ ᠦᠬᠡᠢ ᠬᠦᠭᠵᠢᠭᠦᠯᠬᠦ ᠶᠢ ᠪᠠᠷᠢᠮᠲᠠᠯᠠᠨ᠂ ᠲᠠᠷᠢᠶᠠᠯᠠᠩ   ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠦ ᠰᠠᠭᠠᠯᠢ ᠶᠢᠨ ᠦᠢᠯᠡᠰ ᠤᠨ ᠲᠡᠰ ᠳᠡᠪᠰᠢᠭᠦᠯᠬᠦ ᠠᠵᠢᠯᠯᠠᠭᠠᠨ ᠤ ᠲᠥᠯᠥᠪᠯᠡᠭᠡ  ᠶᠢᠨ ᠲᠤᠭᠤᠷᠢᠨ ᠳᠤ᠂ ᠮᠠᠯᠵᠢᠯ ᠤᠨ ᠲᠠᠯᠠᠪᠠᠢ ᠶᠢᠨ ᠪᠠᠷᠢᠮᠵᠢᠶᠠᠯᠠᠬᠤ ᠪᠠᠶᠢᠭᠤᠯᠤᠯᠲᠠ ᠪᠣᠯᠣᠨ ᠴᠢᠨᠠᠷ ᠰᠠᠶᠢᠲᠠᠶ ᠲᠡᠵᠢᠭᠡᠯ ᠡᠪᠡᠰᠦ   ᠶᠢ ᠬᠡᠪᠴᠢᠶᠡᠵᠢᠭᠦᠯᠦᠨ ᠲᠠᠷᠢᠬᠤ ᠶᠢ ᠲᠥᠯᠬᠢᠨ ᠠᠬᠢᠭᠤᠯᠵᠤ᠂10 ᠪᠠᠷᠢᠮᠵᠢᠶᠠᠵᠢᠭᠤᠯᠤᠭᠰᠠᠨ ᠰᠠᠭᠠᠯᠢ ᠶᠢᠨ ᠦᠨᠢᠶᠡᠨ ᠤ  ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠦᠨᠢᠶᠡᠨ ᠰᠦ ᠶᠢᠨ ᠭᠠᠷᠤᠯᠲᠠ ᠶᠢ 180 ᠲᠦᠮᠡᠨ ᠲᠣᠨ ᠬᠦᠷᠭᠡᠨ᠎ᠡ᠃ ᠢᠳᠡᠰᠢᠨ ᠬᠤᠨᠢᠨ ᠤ  ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠬᠤᠨᠢ ᠲᠡᠵᠢᠭᠡᠭᠰᠡᠨ ᠬᠡᠮᠵᠢᠶ᠎ᠡ 500 ᠲᠦᠮᠡ ᠬᠦᠷᠴᠦ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ 60% ᠢ ᠲᠠᠪᠠᠭ᠋ᠤ ᠬᠡᠷᠡᠭᠲᠡᠢ᠃ ︽ᠨᠣᠭᠤᠭ᠎ᠠ ᠶᠢᠨ ᠰᠠᠭᠰᠤᠨ︾ ᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠢᠳᠡᠰᠢᠨ ᠨᠣᠭᠤᠭ᠎ᠠ ᠶᠢᠨ ᠦᠨ᠎ᠡ ᠶᠢᠨ ᠳᠠᠭᠠᠳᠬᠠᠯ ᠤᠨ ᠲᠤᠷᠰᠢᠯᠲᠠ ᠬᠢᠬᠦ ᠴᠢᠭ᠋ ᠢ ᠥᠷᠨᠢᠭᠦᠯᠵᠦ᠂ ᠲᠤᠰ ᠭᠠᠵᠠᠷ ᠣᠷᠣᠨ ᠤ ᠵᠤᠨ ᠨᠠᠮᠤᠷ ᠤᠨ ᠢᠳᠡᠰᠢᠨ ᠨᠣᠭᠤᠭ᠎ᠠ ᠬᠠᠩᠭᠠᠬᠤ ᠨᠤᠷᠮ᠎ᠠ ᠶᠢ 65% ᠣᠷᠴᠢᠮ᠂ ᠡᠪᠦᠯ ᠬᠠᠪᠤᠷ ᠤᠨ ᠬᠢ  ᠶᠢ 30% ᠤᠷᠴᠢᠮ ᠲᠤᠭᠲᠠᠭᠤᠨ ᠲᠡᠭᠡᠭᠰᠢᠯᠡᠭᠦᠯᠬᠦ ᠬᠡᠷᠡᠭᠲᠡᠢ᠃ ᠲᠤᠰᠬᠠᠶ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠠᠮᠢ ᠠᠬᠤᠶ ᠶᠢᠨ ᠲᠠᠷᠢᠶᠠᠯᠠᠩ ᠂ ᠵᠢᠭᠤᠯᠴᠢᠯᠠᠯ ᠤᠨ ᠲᠠᠷᠢᠶᠠᠯᠠᠩ  ᠂ ᠲᠠᠷᠢᠶᠠᠯᠠᠩ ᠢ ᠪᠡᠶᠡᠴᠢᠯᠡᠨ ᠤᠶᠢᠯᠠᠭᠠᠬᠤ᠂ ᠪᠦᠲᠦᠭᠡᠯᠴᠢ ᠲᠠᠷᠢᠶᠠᠯᠠᠩ ᠢ ᠬᠦᠭᠵᠢᠭᠦᠯᠬᠦ ᠶᠢ ᠵᠤᠷᠢᠭᠵᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠯᠠᠩ ᠤᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠠᠵᠢᠯ ᠢ ᠲᠦᠯᠬᠢᠨ  ᠠᠬᠢᠭᠤᠯᠤᠨ᠎ᠠ᠃ ︽ᠢᠨᠲ᠋ᠧᠷ ᠰᠦᠯᠵᠢᠶ᠎ᠡ + ᠤᠳᠤ ᠦᠶ᠎ᠡ ᠶᠢᠨ ᠲᠠᠷᠢᠶᠠᠯᠠᠩ︾ ᠢ ᠢᠳᠡᠪᠬᠢᠲᠡᠶ ᠬᠥᠭᠵᠢᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠥᠷᠢᠰᠥᠯᠳᠦᠬᠦ ᠬᠦᠴᠦᠨ ᠢ ᠲᠡᠭᠡᠭᠰᠢᠯᠡᠭᠦᠯᠬᠦ  ᠰᠢᠨᠵᠢᠯᠡᠭᠡ ᠮᠡᠷᠭᠡᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠤᠨ ᠰᠢᠨᠵᠢᠯᠡᠭᠡ ᠮᠡᠷᠭᠡᠵᠢᠯ ᠤᠨ ᠬᠢᠷᠢ ᠬᠡᠮᠵᠢᠶ᠎ᠡ ᠶᠢ  ᠲᠡᠭᠡᠭᠰᠢᠯᠡᠭᠦᠯᠦᠨ᠎ᠡ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠢᠮ ᠤᠨ ᠴᠢᠨᠠᠷᠲᠠᠶ  ᠬᠠᠩᠭᠠᠯᠭ᠎ᠠ ᠶᠢ  ᠴᠢᠩᠭᠠᠳᠬᠠᠬᠤ ᠬᠡᠷᠡᠭᠲᠡᠶ᠃ ᠲᠠᠷᠢᠶᠠᠴᠢᠨ ᠤ ᠭᠡᠷ ᠪᠦᠯᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠤᠯᠠᠨ ᠵᠦᠢᠯ ᠤᠨ ᠬᠡᠯᠪᠡᠷᠢ ᠶᠢᠨ ᠵᠣᠬᠢᠮᠵᠢᠲᠠᠶ ᠬᠡᠪᠴᠢᠶᠡᠲᠦ ᠡᠵᠡᠩᠨᠡᠯᠲᠡ ᠶᠢ ᠬᠦᠭᠵᠢᠭᠦᠯᠵᠦ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠢ  ᠪᠤᠯᠭᠠᠨ᠎ᠠ᠃  ᠲᠤᠯᠤᠭᠠᠶᠢᠯᠠᠭᠴᠢ ᠠᠵᠤ ᠠᠬᠤᠶᠢᠯᠠᠯ ᠪᠣᠯᠣᠨ ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠷ ᠪᠦᠯᠢ ᠶᠢᠨ ᠡᠵᠡᠩᠨᠡᠯᠲᠡ ᠪᠣᠯᠣᠨ ᠤᠳᠤ ᠦᠶ᠎ᠡ ᠶᠢᠨ ᠲᠠᠷᠢᠶᠠᠯᠠᠩ ᠤᠨ  ᠬᠥᠭᠵᠢᠯᠲᠡ ᠶᠢ ᠣᠷᠭᠠᠨᠢᠭ ᠢᠶᠠᠷ ᠬᠤᠯᠪᠤᠯᠳᠤᠬᠤ ᠶᠢ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠭᠠᠵᠠᠷ ᠰᠢᠷᠣᠶ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠭᠠᠵᠠᠷ ᠰᠢᠷᠣᠶ ᠶᠢᠨ ᠨᠢᠭᠡ ᠴᠣᠭᠴᠠ ᠲᠤᠭᠲᠠᠮᠠᠯ ᠬᠥᠷᠥᠩᠭᠡ ᠶᠢ ᠨᠢᠭᠡᠳᠦᠯᠲᠡᠶ ᠲᠠᠩᠰᠠᠯᠠᠨ᠎ᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠪᠤᠷᠢᠲᠠᠶ ᠪᠥᠭᠡᠳ ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠭᠠᠵᠠᠷ ᠲᠠᠷᠢᠶᠠᠨ ᠤ ︽ᠭᠤᠷᠪᠠᠨ ᠡᠷᠬᠡ ᠶᠢ ᠰᠠᠯᠭᠠᠨ ᠪᠠᠶᠢᠷᠢᠰᠢᠭᠤᠯᠬᠤ︾ ᠥᠭᠡᠷᠡᠴᠢᠯᠡᠯᠲᠡ  ᠶᠢᠨ ᠲᠤᠷᠰᠢᠯᠲᠠ ᠶᠢᠨ ᠴᠢᠭ᠋ ᠢ ᠦᠷᠨᠢᠭᠦᠯᠬᠦ ᠬᠡᠷᠡᠭᠲᠡᠢ᠃  ᠡᠯ᠎ᠡ ᠬᠤᠰᠢᠭᠤ ᠰᠢᠶᠠᠨ ᠲᠣᠭᠤᠷᠢᠭ ᠤᠨ ᠭᠠᠵᠠᠷ ᠰᠢᠷᠣᠶ ᠶᠢᠨ ᠡᠷᠭᠢᠯᠲᠡ ᠶᠢᠨ ᠲᠠᠪᠴᠠᠩ ᠪᠣᠯᠣᠨ ᠭᠠᠵᠠᠷ ᠰᠢᠷᠣᠶ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ  ᠪᠠᠶᠢᠭᠤᠯᠬᠤ ᠶᠢ  ᠪᠡᠶᠡᠯᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢ ᠠᠬᠢᠭᠤᠯᠵᠤ᠂ ᠨᠡᠩ ᠪᠦᠷᠢᠨ ᠲᠡᠭᠦᠯᠳᠡᠷ ᠲᠠᠷᠢᠶᠠᠯᠠᠩ ᠤᠨ ᠪᠠᠲᠤᠯᠠᠭ᠎ᠠ ᠶᠢᠨ ᠲᠣᠭᠲᠠᠴᠠ ᠶᠢ ᠲᠦᠷᠭᠡᠪᠴᠢᠯᠡᠨ ᠪᠠᠶᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶᠠᠵᠢᠭᠤᠯᠤᠯᠲᠠ ᠳᠦᠷᠢᠮᠵᠢᠭᠦᠯᠦᠯᠲᠡ ᠶᠢᠨ ᠲᠣᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠣᠯᠲᠠ ᠶᠢ ᠥᠷᠨᠢᠭᠦᠯᠵᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠭᠦᠢᠴᠡᠳᠬᠡᠬᠦ᠂ ᠬᠠᠮᠢᠶᠠᠷᠬᠤ᠂ ᠦᠢᠯᠡᠴᠢᠯᠡᠬᠦ ᠪᠠ ᠦᠷ᠎ᠡ ᠳ᠋ᠦᠩ ᠵᠡᠷᠭᠡ  ︽ᠲᠠᠪᠤ ᠶᠢ ᠢᠯᠡ ᠪᠣᠯᠭᠠᠬᠤ︾ ᠶᠢ ᠲᠦᠯᠬᠢᠨ ᠠᠬᠢᠭᠤᠯᠤᠨ᠎ᠠ᠃      ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ  ᠴᠢᠩᠭᠠᠳᠬᠠᠬᠤ ᠬᠡᠷᠡᠭᠲᠡᠢ ᠃ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠵᠦ᠂ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ  ᠪᠠᠲᠤᠯᠠᠨ᠎ᠠ᠃ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠶᠢ ᠶᠡᠬᠡᠪᠡᠷ ᠬᠥᠭᠵᠢᠭᠦᠯᠵᠦ᠂ ᠤᠰᠤ ᠠᠷᠪᠢᠯᠠᠬᠤ ᠣᠰᠣᠯᠠᠯᠲᠠ ᠶᠢᠨ ᠲᠠᠯᠠᠪᠠᠢ ᠶᠢ 20 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠤᠨ ᠠᠮᠢ ᠠᠬᠤᠢ ᠶᠢᠨ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠠᠷᠢᠶᠠᠯᠠᠩ ᠤᠨ ᠡᠮ ᠬᠡᠷᠡᠭᠯᠡᠬᠦ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠬᠤ ᠶᠢ ᠲᠦᠯᠬᠢᠨ ᠠᠬᠢᠭᠤᠯᠵᠤ᠂ ᠪᠤᠷᠳᠤᠭᠤᠷ ᠣᠷᠣᠭᠤᠯᠬᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠯ ᠵᠢᠭᠦᠷᠲᠡᠨ ᠤ ᠪᠠᠭᠠᠰᠤ ᠵᠡᠷᠭᠡ ᠪᠣᠬᠢᠷ ᠵᠦᠢᠯᠡᠰ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠰᠢ ᠰᠦᠷᠡᠯ ᠢ ᠡᠬᠢ ᠪᠠᠶᠠᠯᠢᠭᠵᠢᠭᠤᠯᠵᠤ ᠶᠡᠷᠦᠩᠬᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠬᠤᠭ ᠨᠣᠪᠰᠢ᠂ ᠪᠣᠬᠢᠷᠲᠤᠯ ᠤᠰᠤ ᠶᠢ ᠵᠠᠰᠠᠬᠤ᠂ ᠵᠣᠷᠯᠣᠩ ᠤᠨ ᠪᠥᠲᠥᠭᠡᠨ ᠪᠠᠶᠢᠭᠤᠯᠤᠯᠲᠠ  ᠪᠤᠯᠤᠨ ᠠᠶᠢᠯ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠᠷ ᠭᠤᠣᠯ ᠠᠭᠤᠯᠭ᠎ᠠ ᠪᠣᠯᠭᠠᠨ ᠥᠷᠨᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠠᠮᠢᠳᠤᠷᠠᠬᠤ ᠣᠷᠴᠢᠨ ᠠᠬᠤᠶ ᠶᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠥᠷᠢᠯᠡᠬᠦ ᠬᠡᠷᠡᠭᠲᠡᠢ᠃      ︵ᠲᠠᠪᠤ︶ ᠬᠤᠷᠢᠨᠭᠡᠷ ᠰᠢᠶᠠᠨ ᠤ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠦᠴᠦᠯᠡᠨ ᠪᠣᠢ ᠪᠤᠯᠭᠠᠬᠤ ᠬᠡᠷᠡᠭᠲᠡᠢ᠃      ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ ᠢᠳᠡᠪᠬᠢᠲᠡᠶ ᠪᠠᠷ ᠬᠥᠲᠥᠯᠥᠨ  ᠵᠢᠯᠣᠭᠤᠳᠣᠨ᠎ᠠ᠃ ᠤᠯᠤᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠭᠠᠨ ᠤ ᠴᠢᠭ᠋᠂ ᠤᠯᠤᠰ ᠤᠨ ᠬᠤᠭᠤᠷᠣᠨᠳᠣᠬᠢ ᠬᠤᠯᠪᠣᠭᠠᠨ ᠤ ᠲᠤᠰᠬᠠᠶ ᠵᠠᠮ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠦᠭᠡᠷᠡᠴᠢᠯᠡᠯᠲᠡ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ᠂ ᠤᠯᠤᠰ ᠤᠨ ᠡᠷᠡᠭᠦᠯᠵᠢᠭᠦᠯᠦᠯ ᠤᠨ ᠵᠢᠱᠢᠶ᠎ᠡ ᠦᠵᠡᠭᠦᠯᠬᠦ ᠠᠵᠤ ᠦᠢᠯᠡᠰ ᠤᠨ ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠲᠣᠷᠰᠢᠯᠲᠠ ᠶᠢᠨ ᠴᠢᠭ᠋ ᠤᠨ ᠰᠢᠨ᠎ᠡ ᠲᠣᠭᠤᠷᠢᠭ ᠲᠤ ᠪᠠᠶᠢᠭᠤᠯᠬᠤ ᠶᠢ ᠲᠡᠮᠡᠴᠡᠨ ᠣᠯᠵᠣ᠂ ᠢᠷᠡᠭᠡᠳᠦᠶ ᠶᠢᠨ ᠬᠥᠭᠵᠢᠯᠲᠡ ᠶᠢ ᠬᠥᠲᠥᠯᠥᠨ ᠵᠢᠯᠣᠭᠤᠳᠬᠤ ᠰᠠᠭᠤᠷᠢ ᠪᠣᠯᠬᠤ ᠲᠣᠯᠭᠠᠭᠤᠷᠢᠯᠠᠬᠤ ᠳᠠᠪᠠᠭᠤᠯᠢᠭ  ᠪᠣᠯᠣᠨ ᠭᠤᠣᠯᠯᠠᠬᠤ ᠥᠷᠢᠰᠥᠯᠳᠦᠭᠡᠨ ᠤ ᠳᠠᠪᠠᠭᠤᠯᠢᠭ ᠢ ᠪᠣᠶᠢᠵᠢᠭᠤᠯᠣᠨ ᠴᠣᠭᠴᠠᠯᠠᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠡ ᠵᠠᠩᠭᠢ ᠶᠢᠨ ᠲᠥᠪ ᠤᠨ ᠭᠠᠮᠰᠢᠭ ᠲᠤ ᠪᠡᠯᠡᠳᠬᠡᠬᠦ ᠲᠥᠪ᠂ ᠵᠢᠩ ᠳ᠋ᠦᠩ ︽ᠠᠽᠢᠶ᠎ᠠ ᠨᠢᠭᠡᠳᠦᠭᠡᠷ ᠨᠡᠷᠡᠮᠵᠢᠲᠦ︾ ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠰᠠᠨᠰᠠᠷ ᠤᠨ ᠠᠶᠠᠯᠠᠯ ᠤᠨ ᠶᠢᠰᠦᠳᠦᠭᠡᠷ ᠬᠦᠷᠢᠶᠡᠯᠡᠩ ᠳᠠᠬᠢ ᠵᠢᠯᠣᠭᠤᠴᠢ ᠦᠭᠡᠶ ᠨᠢᠰᠬᠡᠯ᠂ ᠴᠢᠩ ᠬᠤᠸᠠ ᠲᠦᠩ ᠹᠠᠩ ᠠᠭᠠᠷ ᠤᠨ ᠢᠯᠴᠢ ᠶᠢᠨ ᠬᠥᠭᠡᠷᠭᠡ ᠶᠢᠨ ᠴᠡᠪᠡᠷ ᠡᠨᠧᠷᠭᠢ ᠶᠢᠨ ᠰᠤᠷᠪᠤᠯᠵᠢ᠂ ᠶᠢᠨ ᠳ᠋ᠢ ᠪᠦᠯᠦᠭᠯᠡᠯ  ᠤᠨ ᠣᠶᠣᠨᠲᠣ ᠵᠠᠮ ᠬᠠᠷᠢᠯᠴᠠᠭ᠎ᠠ ᠵᠡᠷᠭᠡ ᠳᠦᠷᠦᠯ ᠵᠦᠢᠯ ᠢ ᠦᠨᠡᠨᠬᠦ ᠨᠠᠶᠢᠳᠠᠪᠤᠷᠢᠵᠢᠭᠤᠯᠵᠤ᠂ ᠠᠵᠣ ᠦᠢᠯᠡᠰ ᠤᠨ ᠦᠷᠨᠢᠭᠦᠨ ᠬᠦᠭᠵᠢᠯᠲᠡ ᠪᠠ ᠲᠦᠷᠦᠯ ᠵᠦᠢᠯ ᠤᠨ ᠶᠡᠭᠡ ᠪᠦᠳᠦᠬᠡᠨ ᠪᠠᠶᠢᠭᠤᠯᠤᠯᠲᠠ ᠶᠢᠨ ᠠᠮᠢᠳᠤᠯᠢᠭ ᠪᠠᠶᠢᠳᠠᠯ ᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠶ᠃ ᠠᠮᠧᠷᠢᠺᠠ ᠶᠢᠨ ᠴᠠᠬᠢᠭᠤᠷ ᠬᠦᠨᠳᠡᠢ᠂ ᠪᠡᠭᠡᠵᠢᠩ ᠤᠨ ᠵᠦᠩ ᠭᠤᠸᠠᠨ ᠼᠦᠨ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ  ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠣ᠂ ᠰᠢᠭᠤᠳ ᠬᠠᠮᠲᠤᠷᠠᠨ ᠠᠵᠢᠯᠯᠠᠬᠤ ᠬᠠᠷᠢᠴᠠᠭ᠎ᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠵᠣ᠂ ᠠᠵᠤ ᠦᠢᠯᠡᠰ ᠶᠢ ᠰᠢᠯᠵᠢᠭᠦᠯᠵᠦ ᠬᠦᠯᠢᠶᠡᠨ ᠳᠠᠭᠠᠭᠠᠴᠢᠯᠠᠭᠰᠠᠨ᠂ ᠴᠢᠳᠠᠪᠤᠷᠢᠲᠠᠨ ᠤ ᠤᠶᠤᠨ ᠴᠢᠳᠠᠪᠤᠷᠢ ᠬᠤᠷᠠᠭᠰᠠᠨ ᠦᠨᠳᠦᠷ ᠲᠦᠪᠰᠢᠨ ᠪᠦᠬᠦᠢ ᠰᠢᠨ᠎ᠡ ᠲᠣᠭᠤᠷᠢᠭ ᠢ ᠴᠣᠭᠴᠠᠯᠠᠨ ᠪᠠᠶᠢᠭᠤᠯᠣᠨ᠎ᠠ᠃      ᠠᠵᠤ ᠦᠢᠯᠡᠰ ᠪᠣᠯᠤᠨ ᠬᠤᠳᠠ ᠶᠢᠨ ᠠᠭᠤᠰᠤᠯᠳᠤᠭᠰᠠᠨ ᠬᠦᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠣᠨ᠎ᠠ᠃ ᠰᠢᠭᠤᠶᠢᠲᠤ ᠵᠢᠵᠢᠭ ᠪᠠᠯᠭᠠᠰᠤ ᠪᠣᠯᠣᠨ ᠠᠮᠢ ᠠᠬᠤᠶ ᠶᠢᠨ ᠨᠡᠶᠢᠭᠡᠮ ᠲᠣᠭᠤᠷᠢᠭ ᠤᠨ ᠪᠠᠶᠢᠭᠤᠯᠣᠯᠲᠠ ᠶᠢᠨ ᠣᠶᠢᠯᠠᠭᠠᠭᠳᠠᠬᠤᠨ ᠢᠶᠠᠷ  ᠲᠤᠭ᠎ᠠ ᠪᠦᠭᠡᠭᠡᠨᠡᠷᠡᠯ ᠤᠨ ᠵᠢᠵᠢᠭ ᠪᠠᠯᠭᠠᠰᠤ᠂ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠰᠤᠷᠭᠠᠨ ᠬᠥᠮᠦᠵᠢᠯ ᠤᠨ ᠵᠢᠵᠢᠭ ᠪᠠᠯᠭᠠᠰᠤ᠂ ᠰᠣᠪᠢᠯᠠᠯᠲᠠ ᠶᠢᠨ ᠵᠢᠵᠢᠭ ᠪᠠᠯᠭᠠᠰᠣ ᠶᠢ ᠦᠨᠳᠦᠷ ᠪᠠᠷᠢᠮᠵᠢᠶ᠎ᠠ ᠪᠠᠷ ᠴᠣᠭᠴᠠᠯᠠᠨ ᠪᠠᠶᠢᠭᠤᠯᠵᠣ᠂ ᠲᠥᠷᠥᠯ ᠵᠦᠢᠯ ᠢ ᠣᠷᠣᠭᠤᠯᠤᠨ ᠠᠪᠴᠢᠷᠠᠵᠣ᠂ ᠠᠵᠤ ᠦᠢᠯᠡᠰ ᠪᠤᠶᠢᠵᠢᠭᠤᠯᠤᠨ ᠬᠦᠭᠵᠢᠭᠦᠯᠬᠦ ᠳᠤ ᠰᠠᠭᠤᠷᠢ ᠪᠠᠲᠤᠯᠠᠭ᠎ᠠ ᠶᠢᠨ ᠲᠠᠪᠴᠠᠩ ᠪᠠᠶᠢᠭᠤᠯᠵᠣ ᠥᠭᠬᠦ ᠬᠡᠷᠡᠭᠲᠡᠶ ᠃ ᠶᠢᠨ ᠱᠧᠩ ᠲᠦᠷᠭᠡᠨ ᠵᠠᠮ ᠤᠨ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠳᠠᠭᠤᠰᠬᠠᠨ᠂ ᠪᠣᠥ ᠪᠧᠢ ᠾᠧ ᠭᠤᠣᠯ ᠪᠣᠯᠣᠨ ᠰᠢᠷᠬᠤᠰᠣ ᠭᠤᠣᠯ ᠤᠨ ᠵᠠᠰᠠᠯᠲᠠ ᠶᠢᠨ ᠢᠨᠵᠧᠨᠧᠷᠢᠩ ᠪᠣᠯᠣᠨ ᠭᠤᠣᠯᠯᠠᠬᠤ ᠣᠷᠣᠨ ᠤ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠬᠤᠳᠠ ᠶᠢᠨ ᠶᠠᠪᠣᠳᠠᠯ ᠤᠨ ᠲᠥᠬᠦᠭᠡᠷᠦᠮᠵᠢ ᠬᠢᠭᠡᠳ ᠭᠠᠵᠠᠷ ᠳᠣᠣᠷᠠᠬᠢ ᠨᠡᠶᠢᠲᠡ ᠶᠢᠨ ᠬᠤᠭᠤᠯᠠᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠨᠡᠶᠢᠳᠡᠮ ᠳᠤᠨᠢ ᠲᠦᠯᠬᠢᠨ ᠤᠷᠤᠭᠰᠢᠯᠠᠭᠤᠯᠵᠤ᠂ ︽ᠬᠤᠣᠰ ᠬᠤᠲᠠ ᠬᠤᠶᠠᠷ ᠲᠡᠩᠭᠡᠯᠢᠭ ᠲᠠᠪᠤᠨ ᠲᠥᠪ︾ ᠣᠷᠣᠨ ᠵᠠᠶ ᠶᠢᠨ ᠰᠢᠰᠲ᠋ᠧᠮ ᠪᠣᠯᠣᠨ ︽ᠭᠤᠷᠪᠠᠨ ᠬᠦᠨᠳᠡᠯᠡᠨ ᠲᠠᠪᠤᠨ ᠭᠤᠣᠯᠳᠣ︾ ᠪᠦᠲᠦᠴᠡᠲᠦ ᠵᠠᠮ ᠤᠨ ᠲᠣᠣᠷ ᠤᠨ ᠰᠢᠰᠲ᠋ᠧᠮ ᠢ ᠪᠦᠲᠦᠭᠡᠨ ᠪᠠᠶᠢᠭᠤᠯᠣᠨ᠎ᠠ᠃      ᠤᠯᠠᠨ ᠨᠡᠶᠢᠲᠡ ᠶᠢᠨ ᠦᠢᠯᠡᠴᠢᠯᠡᠭᠡ ᠶᠢᠨ ᠪᠠᠲᠣᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃  ᠣᠶᠣᠨᠴᠢ ᠵᠠᠰᠠᠭ ᠤᠨ ᠶᠠᠪᠣᠳᠠᠯ ᠤᠨ ᠲᠠᠪᠴᠠᠩ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠨ ᠂ ᠬᠠᠮᠢᠶᠠᠷᠤᠯᠲᠠ ᠶᠢᠨ ᠪᠠᠶᠢᠭᠤᠯᠣᠮᠵᠢ  ᠪᠣᠯᠣᠨ ᠠᠵᠢᠯᠯᠠᠭᠠᠨ ᠤ ᠲᠣᠭᠲᠠᠴᠠ ᠶᠢ ᠬᠦᠴᠦᠯᠡᠨ ᠰᠢᠯᠢᠳᠡᠭᠵᠢᠭᠦᠯᠵᠦ᠂ ᠰᠢᠨ᠎ᠡ ᠲᠣᠭᠤᠷᠢᠭ ᠤᠨ ᠲᠥᠷᠥᠯ ᠵᠦᠢᠯ ᠢ ᠣᠷᠣᠭᠤᠯᠤᠨ ᠠᠪᠴᠢᠷᠠᠵᠣ ᠪᠠᠶᠢᠭᠤᠯᠬᠤ ᠦᠢᠯᠡᠴᠢᠯᠡᠭᠡ ᠶᠢᠨ ᠪᠠᠲᠤᠯᠠᠭ᠎ᠠ ᠶᠢᠨ ᠶᠠᠪᠤᠴᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠨᠡᠩ ᠦᠨᠳᠦᠷ ᠪᠦᠲᠦᠮᠵᠢᠲᠠᠢ ᠰᠢᠯᠢᠳᠡᠭᠵᠢᠭᠦᠯᠦᠨ ᠴᠣᠮᠬᠠᠳᠬᠠᠭᠰᠠᠨ ᠨᠠᠶᠢᠳᠠᠪᠦᠷᠢᠵᠢᠭᠤᠯᠬᠤ ᠬᠦᠴᠦᠯᠡᠴᠡ ᠴᠢᠩᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠣᠷᠴᠢᠨ  ᠢ  ᠪᠦᠬᠦ ᠬᠦᠴᠦᠨ ᠢᠶᠠᠷ ᠪᠤᠢ ᠪᠣᠯᠭᠠᠨ᠎ᠠ᠃ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢ ᠲᠦᠷᠭᠡᠳᠬᠡᠨ ᠪᠠᠶᠢᠭᠤᠯᠵᠤ᠂ ᠲᠤᠮᠤ ᠳ᠋ᠠᠶᠢᠲ᠋ᠠ ᠶᠢᠨ ᠬᠡᠷᠡᠭᠯᠡᠭᠡᠨ ᠤ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠶᠢᠨ ᠲᠥᠷᠥᠯ ᠵᠦᠢᠯ ᠶᠢ ᠡᠬᠢᠯᠡᠭᠦᠯᠦᠨ ᠪᠠᠶᠢᠭᠤᠯᠵᠤ᠂ ᠰᠢᠨ᠎ᠡ ᠲᠣᠭᠤᠷᠢᠭ ᠤᠨ ᠢᠵᠢ ᠪᠦᠷᠢᠳᠦᠭᠰᠡᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠶ᠃ ᠰᠢᠨ᠎ᠡ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠣᠯᠤᠨ ᠡᠯ᠎ᠡ ᠲᠦᠷᠦᠯ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠶᠢ ᠲᠦᠯᠬᠢᠨ ᠣᠷᠣᠭᠰᠢᠯᠠᠭᠤᠯᠵᠣ᠂ ︽ᠤᠯᠤᠰ ᠤᠨ ᠳᠡᠰ ᠤᠨ ᠰᠢᠨ᠎ᠡ ᠲᠣᠭᠤᠷᠢᠭ︾ ᠶᠢ ᠠᠯᠪᠠᠨ ᠶᠣᠰᠣ ᠪᠠᠷ  ᠴᠣᠬᠤᠯᠠᠪᠣᠷᠢᠯᠠᠭᠤᠯᠬᠤ ᠶᠢ ᠲᠡᠮᠡᠴᠡᠨ ᠣᠯᠬᠤ ᠬᠡᠷᠡᠭᠲᠡᠢ᠃      ︵ᠵᠢᠷᠭᠤᠭ᠎ᠠ︶ ᠡᠯ᠎ᠡ ᠲᠦᠷᠦᠯ ᠤᠨ ᠴᠢᠬᠤᠯᠠ ᠬᠦᠴᠦᠨ ᠵᠦᠢᠯ ᠤᠨ ᠪᠠᠲᠣᠯᠠᠭ᠎ᠠ ᠶᠢᠨ ᠲᠣᠭᠲᠠᠭᠤᠨ ᠨᠡᠮᠡᠭᠳᠡᠯ  ᠢ ᠴᠢᠩᠭᠠᠳᠬᠠᠵᠣ᠂  ᠬᠥᠳᠡᠯᠭᠡᠭᠴᠢ ᠡᠨᠧᠷᠭᠢ ᠶᠢᠨ ᠰᠣᠯᠢᠯᠲᠠ  ᠬᠥᠭᠵᠢᠯᠲᠡ ᠶᠢ ᠠᠬᠢᠭᠤᠯᠬᠤ ᠬᠡᠷᠡᠭᠲᠡᠢ᠃      ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠣᠨ᠎ᠠ᠃ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠳᠠ ᠪᠠᠷ ᠵᠥᠪᠰᠢᠶᠡᠷᠡᠭᠳᠡᠭᠰᠡᠨ ᠠᠵᠠ ᠲᠣᠬᠢᠶᠠᠯ ᠶᠢ ᠠᠳᠬᠤᠵᠤ᠂ ᠰᠢᠨ᠎ᠡ ᠶᠢ ᠡᠭᠦᠳᠬᠦ ᠠᠵᠤ ᠠᠬᠤᠶᠢᠯᠠᠯ ᠶᠢ ᠪᠤᠶᠢᠵᠢᠭᠤᠯᠬᠤ᠂ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠪᠥᠳᠥᠭᠡᠨ ᠪᠠᠶᠢᠭᠤᠯᠤᠯᠲᠠ ᠪᠣᠯᠣᠨ ᠰᠤᠳᠤᠯᠤᠨ ᠨᠡᠭᠡᠭᠡᠯᠲᠡ ᠶᠢᠨ ᠪᠠᠶᠢᠭᠤᠯᠤᠮᠵᠢ ᠶᠢᠨ ᠰᠢᠨ᠎ᠡ ᠶᠢ ᠡᠭᠦᠳᠦᠨ ᠳᠡᠰ ᠳᠡᠪᠰᠢᠬᠦ ᠵᠡᠷᠭᠡ ᠨᠠᠢᠮᠠᠨ ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠢ ᠦᠷᠭᠦᠯᠵᠢᠯᠡᠨ ᠬᠦᠭᠵᠢᠭᠦᠯᠦᠨ᠎ᠡ᠃ ᠰᠢᠨ᠎ᠡ ᠶᠢ ᠡᠭᠦᠳᠬᠦ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠨᠡ ᠨᠢᠭᠡ ᠵᠢᠯ ᠤᠨ ᠬᠤᠭᠤᠴᠠᠭᠠᠨ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ  50 ᠶᠢ ᠰᠢᠨ᠎ᠡ ᠪᠠᠷ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠬᠤᠷᠢᠨᠭᠡᠷ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠶᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠨᠡᠭᠡᠭᠡᠯᠲᠡ ᠶᠢᠨ ᠲᠣᠭᠤᠷᠢᠭ  ᠪᠣᠯᠬᠤ ᠶᠢ ᠳᠡᠮᠵᠢᠨ᠎ᠡ᠃ ᠬᠥᠬᠡᠬᠤᠲᠠ ᠶᠢᠨ ᠰᠢᠨᠵᠢᠯᠡᠭᠡ ᠮᠡᠷᠭᠡᠵᠢᠯ ᠤᠨ ᠬᠤᠳᠡ ᠲᠥᠯᠥᠪᠵᠢᠭᠦᠯᠭᠡ ᠬᠢᠭᠡᠳ ᠬᠤᠲᠠ ᠶᠢᠨ ᠵᠢᠷᠤᠭ ᠲᠥᠰᠥᠪ ᠢ ᠪᠡᠶᠡᠯᠡᠭᠦᠯᠵᠦ᠂ 800 ᠮᠥ ᠰᠢᠨᠵᠢᠯᠡᠭᠡ ᠮᠡᠷᠭᠡᠵᠢᠯ ᠤᠨ ᠬᠤᠳᠡ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠰᠢᠨ᠎ᠡ ᠪᠠᠷ ᠪᠠᠶᠢᠭᠤᠯᠤᠭᠰᠠᠨ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 2᠂ ᠣᠯᠠᠨ ᠢᠶᠠᠷ ᠢᠶᠠᠨ ᠡᠭᠦᠳᠬᠦ ᠣᠷᠣᠨ ᠵᠠᠶ  ᠪᠣᠯᠣᠨ ᠣᠳᠣᠨ ᠴᠣᠭᠴᠠᠯᠠᠬᠤ ᠣᠷᠣᠨ ᠵᠠᠶ10 ᠶᠢ ᠰᠢᠨ᠎ᠡ ᠪᠠᠷ ᠪᠠᠶᠢᠭᠤᠯᠵᠤ᠂ ᠠᠺᠠᠳᠧᠮᠢᠴᠢ ᠶᠢᠨ ᠠᠵᠢᠯᠯᠠᠬᠤ ᠦᠷᠲᠡᠭᠡ 2  ᠶᠢ ᠰᠢᠨ᠎ᠡ ᠪᠠᠷ ᠪᠠᠶᠢᠭᠤᠯᠵᠣ᠂ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠪᠠᠶᠢᠭᠤᠯᠤᠮᠵᠢ10 ᠶᠢ ᠪᠤᠶᠢᠵᠢᠭᠤᠯᠤᠨ ᠴᠣᠭᠴᠠᠯᠠᠨ᠎ᠠ᠃ ᠠᠵᠤ ᠠᠬᠤᠶᠢᠯᠠᠯ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠭᠡ ᠮᠡᠷᠭᠡᠵᠢᠯ ᠤᠨ ᠰᠣᠳᠣᠯᠭᠠᠨ ᠤ ᠬᠦᠷᠢᠶᠡᠯᠡᠩ ᠳᠤ ᠲᠦᠰᠢᠭᠯᠡᠨ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠶᠠᠪᠣᠴᠠ ᠶᠢᠨ ᠳᠣᠮᠳᠠᠬᠢ ᠲᠤᠷᠰᠢᠯᠲᠠ ᠪᠣᠯᠣᠨ ᠪᠣᠯᠪᠠᠰᠣᠷᠠᠩᠭᠤᠶᠢᠵᠢᠬᠤ ᠰᠠᠭᠤᠷᠢᠨ ᠭᠠᠵᠠᠷ ᠶᠢ ᠪᠠᠶᠢᠭᠤᠯᠵᠣ᠂  ᠲᠤᠰᠬᠠᠶ ᠠᠰᠢᠭ ᠤᠨ ᠠᠷᠠᠯᠵᠢᠶ᠎ᠠ ᠪᠣᠯᠣᠨ ᠪᠣᠳᠠᠲᠣ ᠬᠡᠷᠡᠭᠯᠡᠭᠡᠨ ᠤ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠵᠡᠷᠭᠡ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠣᠨ᠎ᠠ᠃      ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠳᠤᠲᠠᠭᠤᠳᠠᠯ ᠢ ᠨᠥᠬᠦᠪᠥᠷᠢᠯᠡᠬᠦ ᠪᠠ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠲᠠᠢ ᠨᠢᠭᠲᠠ ᠤᠶᠠᠯᠳᠤᠭᠤᠯᠵᠤ᠂ ᠠᠵᠤ ᠦᠢᠯᠡᠰ᠂ ᠠᠷᠠᠳ ᠤᠨ ᠠᠮᠢᠳᠤᠷᠠᠯ᠂ ᠰᠠᠭᠤᠷᠢ ᠲᠥᠬᠦᠭᠡᠷᠦᠮᠵᠢ ᠵᠡᠷᠭᠡ ᠡᠯ᠎ᠡ ᠬᠦᠷᠢᠶᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠣ᠂ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 300 ᠶᠢ ᠬᠡᠷᠡᠭᠵᠢᠭᠦᠯᠬᠦ ᠪᠠᠷ ᠴᠢᠷᠮᠠᠶᠢᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 900 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠪᠠᠶᠢᠨ᠎ᠠ᠃ ᠵᠠᠰᠠᠮᠠᠯ ᠵᠠᠮ ᠤᠨ ᠵᠠᠮ ᠤᠨ ᠲᠣᠣᠷ ᠤᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ 311ᠮᠤᠵᠢ ᠶᠢᠨ ᠵᠠᠰᠠᠮᠠᠯ ᠵᠠᠮ ᠤᠨ ᠦᠴᠤᠸᠠᠨ ᠠᠴᠠ ᠶᠠᠩ ᠱᠤ᠋ ᠬᠠᠰᠢᠯᠭ᠎ᠠ ᠬᠦᠷᠬᠦ ᠵᠠᠰᠠᠮᠠᠯ ᠵᠠᠮ᠂ 110 ᠤᠯᠤᠰ ᠤᠨ ᠵᠡᠮ ᠤᠨ ᠪᠢᠴᠢᠭᠡᠴᠢ ᠠᠴᠠ ᠰᠢᠷᠡᠭᠡᠴᠢ ᠬᠦᠷᠬᠦ ᠵᠠᠰᠠᠮᠠᠯ ᠵᠠᠮ ᠪᠠ 7 ᠰᠢᠶᠠᠨ ᠤ ᠬᠡᠪᠴᠢᠶᠡᠨ ᠤ ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠵᠦ᠂ ᠬᠦᠬᠡᠬᠤᠲᠠ ᠠᠴᠠ ᠦᠴᠣᠸᠠᠨ ᠬᠥᠷᠬᠦ ᠵᠠᠰᠠᠮᠠᠯ ᠵᠠᠮ ᠤᠨ ᠳᠠᠯᠠᠨ ᠬᠠᠷ᠎ᠠ ᠠᠭᠤᠯᠠ ᠶᠢᠨ ᠨᠦᠬᠡᠨ ᠵᠠᠮ ᠤᠨ ᠰᠢᠵᠢᠮ ᠪᠠᠷᠢᠯᠭ᠎ᠠ ᠶᠢ ᠵᠢᠯ ᠤᠨ ᠡᠴᠦᠰ ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠡᠬᠢᠯᠡᠭᠦᠯᠦᠨ ᠪᠠᠶᠢᠭᠤᠯᠵᠤ᠂ ᠬᠥᠬᠡᠬᠤᠲᠠ ᠠᠴᠠ ᠴᠢᠭᠤᠯᠭᠠᠲᠣ ᠬᠠᠭᠠᠯᠭ᠎ᠠ  ᠬᠦᠷᠬᠦ ᠦᠨᠳᠦᠷ ᠬᠤᠷᠳᠣᠴᠠᠲᠣ ᠲᠡᠮᠦᠷ ᠵᠠᠮ ᠵᠡᠷᠭᠡ  ᠭᠤᠣᠯᠳᠠᠯᠭ᠎ᠠ ᠲᠠᠢ ᠲᠡᠮᠥᠷ ᠵᠠᠮ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ  ᠠᠬᠢᠭᠤᠯᠬᠤ ᠬᠡᠷᠡᠭᠲᠡᠢ᠃ ᠪᠡᠯᠡ ᠣᠷᠣᠭᠤᠯᠵᠣ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠪᠠ ᠮᠥᠩᠭᠦᠨ ᠭᠦᠢᠯᠭᠡᠭᠡᠨ ᠤ ᠲᠠᠯ᠎ᠠ ᠪᠠᠷ ᠲᠡᠳᠬᠦᠨ ᠳᠡᠮᠵᠢᠬᠦ ᠵᠡᠷᠭᠡ ᠰᠠᠨᠠᠯ ᠰᠠᠨᠠᠭᠤᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠶᠡᠬᠡᠪᠡᠷ ᠲᠡᠮᠵᠢᠵᠦ᠂ ᠠᠰᠢᠭ ᠬᠤᠨᠵᠢᠪᠣᠷᠢ ᠶᠢᠨ ᠴᠢᠨᠠᠷᠲᠠᠶ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠶᠢ ᠨᠡᠶᠢᠭᠡᠮ ᠳᠠᠶᠠᠭᠠᠷ ᠲᠤ ᠴᠢᠯᠥᠭᠡᠲᠡᠶ ᠨᠡᠭᠡᠭᠡᠬᠦ ᠶᠢ ᠵᠣᠷᠢᠭᠵᠢᠭᠤᠯᠵᠤ  ᠂ ᠠᠷᠠᠳ ᠤᠨ ᠬᠥᠷᠥᠩᠭᠡ  ᠬᠢᠭᠡᠳ PPP ᠯᠤᠭ᠎ᠠ ᠶᠢᠨ ᠲᠥᠷᠥᠯ ᠵᠦᠢᠯ ᠤᠨ ᠬᠠᠮᠲᠣᠷᠠᠯᠴᠠᠭ᠎ᠠ ᠶᠢ ᠳᠡᠮᠵᠢᠨ᠂ ᠠᠷᠠᠳ ᠤᠨ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠶ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠥᠷᠨᠢᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠨᠢ ᠪᠦᠬᠦ ᠬᠤᠲᠠ ᠪᠠᠷ ᠢᠶᠠᠨ ︽ᠨᠢᠭᠡᠨ ᠬᠥᠯᠭᠡ ᠰᠢᠲᠠᠷ᠎ᠠ ᠮᠡᠲᠦ ᠪᠠᠶᠢᠬᠤ︾  ᠶᠢ ᠪᠠᠷᠢᠮᠲᠠᠯᠠᠵᠤ᠂  ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠬᠤᠳᠠ ᠶᠢᠨ ᠨᠢᠭᠡᠳᠦᠯᠲᠡᠶ ᠲᠦᠷᠦᠯ ᠵᠦᠢᠯ ᠤᠨ ᠡᠬᠢ ᠪᠠᠶᠠᠯᠢᠭ ᠤᠨ ᠬᠥᠮᠥᠷᠭᠡ ᠶᠢ ᠨᠠᠶᠢᠷᠠᠭᠤᠯᠤᠨ ᠵᠣᠭᠢᠶᠠᠬᠤ ᠬᠡᠷᠡᠭᠲᠡᠢ᠃ ᠬᠤᠲᠠ ᠶᠢᠨ ᠴᠢᠬᠤᠯᠠ ᠶᠡᠭᠡ ᠲᠦᠷᠦᠯ ᠵᠦᠢᠯ ᠤᠨ ᠠᠯᠪᠠᠨ ᠬᠡᠷ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠭᠦᠷᠭᠡ ᠴᠢᠳᠠᠪᠬᠢ ᠶᠢ ᠴᠢᠩᠭᠠᠳᠬᠠᠵᠣ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠣᠨ᠎ᠠ᠃ ᠶᠡᠬᠡᠪᠡᠷ ᠬᠤᠳᠠᠯᠳᠤᠭᠠᠴᠢᠨ ᠤᠷᠢᠬᠤ᠂ ᠲᠣᠮᠣ ᠬᠤᠳᠠᠯᠳᠤᠭᠠᠴᠢᠨ ᠢ ᠣᠷᠢᠬᠤ᠂ ᠬᠤᠳᠠᠯᠳᠣᠭᠠᠴᠢᠳ ᠢ ᠬᠠᠮᠲᠣ ᠣᠷᠢᠬᠤ ᠳᠤ ᠰᠠᠭᠤᠷᠢᠯᠠᠨ᠂ ᠬᠤᠰᠢᠭᠤ ᠰᠢᠶᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ ᠭᠠᠵᠠᠷ ᠣᠷᠣᠨ ᠤ ᠬᠤᠳᠠᠯᠳᠤᠭᠠᠴᠢᠨ ᠤᠷᠢᠬᠤ ᠡᠩᠨᠡᠭᠡ ᠶᠢ ᠲᠤᠰᠬᠠᠶ ᠵᠣᠬᠢᠶᠠᠨ ᠪᠠᠶᠢᠭᠤᠯᠬᠤ ᠶᠢ ᠵᠢᠯᠣᠭᠤᠳᠤᠨ ᠳᠡᠮᠵᠢᠵᠦ᠂ ᠬᠤᠳᠠᠯᠳᠤᠭᠠᠴᠢᠨ‌ᠤᠷᠢᠬᠤ ᠶᠢ ᠪᠦᠬᠦ ᠬᠦᠴᠦ ᠪᠠᠨ ᠲᠥᠪᠯᠡᠷᠡᠭᠦᠯᠦᠨ ᠠᠳᠬᠤᠵᠣ  ᠪᠠᠶᠢᠭ᠎ᠠ ᠪᠠᠶᠢᠳᠠᠯ ᠢ ᠪᠣᠢ ᠪᠣᠯᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠡᠪ ᠵᠠᠭᠪᠣᠷ ᠢᠶᠠᠨ ᠰᠢᠨ᠎ᠡ ᠶᠢ ᠡᠭᠦᠳᠴᠦ᠂ ᠬᠤᠳᠠᠯᠳᠤᠭᠠᠨ ᠤ ᠡᠪᠯᠡᠯ ᠤᠨ  ᠬᠤᠳᠠᠯᠳᠣᠭᠠᠴᠢᠨ ᠤᠷᠢᠬᠤ ᠂ ᠠᠵᠣ ᠠᠬᠤᠢ ᠶᠢᠨ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠶᠢ ᠴᠢᠩᠭᠠᠳᠬᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠬᠤ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠣᠷᠴᠢᠨ ᠠᠬᠤᠢ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠦᠨᠡᠨᠴᠢ ᠪᠠᠷ ᠬᠠᠨᠳᠣᠨ᠂ ᠢᠲᠡᠭᠡᠯ ᠢᠶᠠᠷ ᠬᠤᠳᠠᠯᠳᠤᠭᠠᠴᠢᠨ ᠣᠷᠢᠵᠣ᠂ ᠬᠤᠳᠠᠯᠳᠣᠭᠠᠴᠢᠨ ᠢᠶᠠᠷ ᠬᠤᠳᠠᠯᠳᠣᠭᠠᠴᠢᠨ ᠢ ᠣᠷᠢᠵᠣ᠂ ᠠᠵᠣ ᠠᠬᠤᠶᠢᠯᠠᠯ ᠢᠶᠠᠷ ᠠᠵᠣ ᠠᠬᠤᠶᠢᠯᠠᠯ ᠢ ᠲᠠᠲᠠᠬᠤ ᠰᠢᠯᠣᠭᠤᠨ ᠵᠠᠮ ᠢ ᠨᠡᠭᠡᠭᠡᠬᠦ ᠬᠡᠷᠡᠭᠲᠡᠢ᠃ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠣᠭᠤᠳᠤᠨ ᠨᠡᠪᠲᠡᠷᠡᠭᠦᠯᠬᠦ ᠠᠰᠢᠭᠲᠠᠶ ᠠᠵᠠ  ᠲᠣᠬᠢᠶᠠᠯ ᠢ  ᠠᠳᠬᠤᠨ᠂ ᠨᠢᠭᠡ ᠪᠦᠯᠦᠭ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠦᠢᠯ᠂ ᠰᠣᠶᠣᠯ ᠤᠨ ᠪᠦᠲᠦᠭᠡᠯᠴᠢ ᠲᠥᠷᠥᠯ ᠵᠦᠢᠯ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠦᠢᠯᠡᠴᠢᠯᠡᠭᠡᠨ ᠤ ᠲᠦᠷᠦᠯ ᠵᠦᠢᠯ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠣᠮᠵᠢ ᠶᠢ ᠣᠷᠣᠭᠤᠯᠣᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠪᠦᠬᠦ ᠵᠢᠯ ᠤᠨ ᠭᠠᠳᠠᠭᠠᠳᠤ ᠠᠴᠠ ᠣᠷᠣᠭᠤᠯᠬᠤ ᠲᠦᠷᠦᠯ ᠵᠦᠢᠯ 280 ᠠᠴᠠ ᠳᠡᠭᠡᠭᠰᠢ᠂ ᠤᠯᠤᠰ ᠤᠨ ᠳᠣᠲᠣᠭᠠᠳᠤ ᠭᠠᠳᠠᠭᠠᠳᠤ ᠠᠴᠠ ᠣᠷᠣᠭᠤᠯᠬᠤ ᠭᠡᠵᠦ ᠪᠠᠶᠢᠭ᠎ᠠ ᠪᠡᠯᠡ ᠮᠥᠩᠭᠦ  600 ᠳ᠋ᠦᠩᠰᠢᠭᠤᠷ ᠲᠥᠭᠦᠷᠢᠭ ᠪᠣᠯᠣᠨ᠎ᠠ᠃      ᠥᠭᠡᠷᠡᠴᠢᠯᠡᠯᠲᠡ ᠶᠢᠨ ᠬᠥᠳᠡᠯᠭᠡᠭᠴᠢ ᠡᠨᠧᠷᠭᠢ ᠶᠢ ᠲᠦᠷᠭᠡᠳᠬᠡᠨ ᠰᠣᠯᠠᠯᠠᠬᠤ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠯᠲᠡ ᠶᠢᠨ ᠲᠣᠬᠢᠷᠠᠭᠤᠯᠣᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠣᠯᠳᠠᠭᠤ ︽ᠡᠪᠳᠡᠬᠦ︾ ︽ᠲᠣᠭᠲᠠᠭᠠᠬᠤ︾ ︽ᠪᠠᠭᠤᠷᠠᠭᠤᠯᠬᠤ︾ ᠳᠡᠭᠡᠷ᠎ᠡ ᠬᠦᠴᠦ ᠲᠠᠯᠪᠢᠵᠤ᠂ ᠦᠢᠯᠡᠳᠪᠦᠷᠢᠯᠡᠬᠦ ᠴᠢᠳᠠᠮᠵᠢ ᠶᠢ ᠪᠠᠭᠤᠷᠠᠭᠤᠯᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠸᠠᠷ ᠤᠨ ᠭᠡᠷ ᠪᠠᠶᠢᠰᠢᠩ ᠤᠨ 420 ᠲᠦᠮᠡᠨ ᠲᠡᠭᠰᠢ ᠳᠥᠷᠪᠡᠯᠵᠢᠨ ᠮᠧᠲᠷ ᠤᠨ ᠳᠠᠷᠣᠭᠳᠠᠯ ᠢ ᠰᠢᠩᠭᠡᠭᠡᠵᠦ᠂  ᠪᠣᠳᠠᠲᠤ ᠴᠣᠭᠴᠠᠲᠣ ᠠᠵᠤ ᠠᠬᠤᠶ ᠶᠢᠨ ᠥᠪᠡᠷ ᠤᠨ ᠥᠷᠲᠡᠭ ᠢ ᠦᠷᠭᠦᠯᠵᠢᠯᠡᠨ ᠳᠣᠷᠣᠭᠰᠢᠯᠠᠭᠤᠯᠬᠤ ᠬᠡᠷᠡᠭᠲᠡᠢ᠃ ᠡᠷᠬᠡ ᠶᠢ ︽ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠠᠷᠢᠴᠠᠩᠭᠤᠶ ᠲᠥᠪᠯᠡᠷᠡᠵᠦ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ︽ᠨᠢᠭᠡᠨ ᠲᠠᠮᠠᠭ᠎ᠠ ᠪᠠᠷ ᠬᠢᠨᠠᠨ ᠵᠥᠪᠰᠢᠶᠡᠷᠡᠬᠦ︾ ᠶᠢ   ᠶᠠᠪᠤᠭᠤᠯᠵᠤ᠂ ︽ᠳᠠᠩᠰᠠ ᠶᠢ ᠪᠠᠷᠢᠮᠵᠢᠶᠠᠵᠢᠭᠤᠯᠬᠤ︾ ᠶᠢ ᠬᠡᠷᠡᠭᠵᠢᠭᠦᠯᠬᠦ ᠬᠡᠷᠡᠭᠲᠡᠢ᠃ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯᠴᠢ ᠥᠷᠢᠰᠥᠯᠳᠦᠭᠡᠨ ᠤ ᠡᠮᠬᠢ ᠵᠢᠷᠤᠮ ᠢ ᠬᠠᠮᠠᠭᠠᠯᠠᠬᠤ ᠬᠡᠷᠡᠭᠲᠡᠶ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠣ᠂ ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ ᠬᠠᠷᠢᠴᠠᠯ ᠢ 20 % ᠳᠣᠲᠣᠷ᠎ᠠ ᠬᠢᠵᠠᠭᠠᠷᠯᠠᠨ᠎ᠠ᠃ ᠤᠯᠤᠰ ᠤᠨ ᠥᠮᠴᠢᠯᠡᠯ ᠤᠨ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠯᠠᠭᠠᠨ ᠤ ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ᠴᠢᠩ ᠴᠧᠩ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ ᠶᠢᠨ ᠵᠠᠬ᠎ᠠ ᠳᠡᠯᠭᠡᠭᠦᠷᠴᠢᠯᠡᠬᠦ ᠠᠯᠬᠤᠴᠠ ᠶᠢ ᠲᠦᠷᠭᠡᠳᠬᠡᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠶᠢᠨ ᠪᠠᠶᠢᠭᠤᠯᠣᠯ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ᠃ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠤᠰᠤ ᠬᠡᠷᠡᠭᠯᠡᠬᠦ ᠵᠡᠷᠭᠡ ᠶᠢᠨ ᠦᠨ᠎ᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠦᠨ᠎ᠡ ᠬᠠᠩᠰᠢ ᠶᠢᠨ ᠪᠦᠷᠢᠯᠳᠦᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃      ᠭᠠᠳᠠᠭᠰᠢ ᠨᠡᠭᠡᠭᠡᠯᠲᠡ ᠶᠢ ᠢᠳᠡᠪᠬᠢᠲᠡᠶ ᠪᠠᠷ ᠥᠷᠭᠡᠳᠬᠡᠬᠦ ᠬᠡᠷᠡᠭᠲᠡᠢ᠃ ᠬᠤᠶᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠤᠰ ᠮᠣᠩᠭᠤᠯ ᠬᠢᠭᠡᠳ ᠧᠦ᠋ᠷᠣᠫᠠ ᠠᠽᠢᠶ᠎ᠠ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠠᠷᠠᠯᠵᠢᠶ᠎ᠠ᠂ ᠠᠵᠤ ᠦᠢᠯᠡᠰ ᠪᠣᠯᠤᠨ ᠬᠥᠮᠦᠨ ᠰᠣᠶᠣᠯ ᠤᠨ ᠰᠣᠯᠢᠯᠴᠠᠭᠠᠨ ᠤ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠢᠨᠳᠤᠨᠧᠰᠢᠶ᠎ᠠ ᠳᠤ ᠬᠦᠷᠴᠦ ᠬᠦᠬᠡᠬᠤᠲᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢᠨ ᠳᠡᠯᠭᠡᠷᠡᠭᠦᠯᠦᠨ ᠲᠠᠨᠢᠯᠴᠠᠭᠤᠯᠬᠤ ᠬᠤᠷᠠᠯ ᠢ ᠡᠷᠬᠢᠯᠡᠨ᠎ᠡ᠃ ᠱᠠ ᠯᠢᠶᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠢᠶᠠᠨᠵᠢᠨ ᠤ ᠤᠰᠤ ᠦᠭᠡᠢ ᠭᠠᠷᠠᠮ ᠪᠣᠯᠣᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠠᠭᠠᠷ ᠤᠨ ᠭᠠᠷᠠᠮ ᠤᠨ ᠪᠣᠭᠤᠮᠲᠠ ᠥᠩᠭᠡᠷᠡᠬᠦ ᠳᠠᠪᠠᠭᠤᠯᠢᠭ ᠶᠢ ᠠᠰᠢᠭᠯᠠᠨ᠂ ᠤᠯᠠᠨ ᠤᠯᠤᠰ ᠤᠨ ᠴᠢᠨᠠᠷᠲᠠᠶ ᠲᠡᠮᠦᠷ ᠵᠠᠮ᠂ ᠠᠭᠠᠷ ᠤᠨ ᠲᠡᠭᠡᠭᠡᠪᠦᠷᠢ ᠶᠢᠨ ᠪᠣᠭᠤᠮᠲᠠ ᠶᠢ ᠲᠦᠷᠭᠡᠳᠬᠡᠨ ᠪᠠᠶᠢᠭᠤᠯᠣᠨ᠎ᠠ᠃ ᠪᠠᠷᠠᠭ᠎ᠠ ᠲᠡᠭᠡᠭᠡᠪᠦᠷᠢᠯᠡᠬᠦ ᠠᠭᠠᠷ ᠤᠨ ᠠᠶᠠᠯᠠᠯ ᠤᠨ ᠺᠣᠮᠫᠠᠨᠢ ᠶᠢᠨ ᠮᠠᠨ ᠤ ᠬᠤᠲᠠ ᠳᠤ ᠣᠯᠠᠨ ᠤᠯᠤᠰ ᠪᠣᠯᠣᠨ ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠱᠤᠭᠤᠮ ᠨᠡᠪᠲᠡᠷᠡᠬᠦ ᠶᠢ ᠢᠳᠡᠪᠬᠢᠲᠡᠶ ᠲᠡᠮᠵᠢᠵᠤ᠂ ᠠᠭᠠᠷ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ ᠳᠡᠮᠵᠢᠵᠦ᠂ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢ ᠲᠦᠷᠭᠡᠳᠬᠡᠨ ᠬᠦᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠸᠢ ᠯᠦᠭᠡ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠣᠷᠳᠣᠰ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠩ ᠨᠢᠭᠲᠠ ᠬᠠᠷᠢᠯᠴᠠᠭ᠎ᠠ ᠲᠠᠢ ᠣᠷᠣᠨ ᠪᠦᠰᠡ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠣᠨ᠎ᠠ᠃       ︵ᠲᠤᠯᠤᠭ᠎ᠠ︶ ᠲᠥᠪ ᠬᠤᠳᠡ ᠶᠢᠨ ᠴᠢᠨᠰᠠᠭ᠎ᠠ ᠴᠢᠳᠠᠪᠬᠢ ᠶᠢᠨ ᠳᠡᠭᠡᠭᠰᠢᠯᠡᠯᠲᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠪᠠᠯᠭᠠᠰᠣ ᠶᠢᠨ ᠴᠣᠭᠯᠠᠷᠠᠯ ᠤᠨ ᠳᠠᠶᠢᠴᠢᠯᠠᠬᠤ ᠦᠢᠯᠡᠳᠦᠯ ᠢ ᠪᠦᠬᠦ ᠲᠠᠯ᠎ᠠ ᠪᠠᠷ ᠨᠡᠮᠡᠭᠳᠡᠭᠦᠯᠦᠨ ᠴᠢᠩᠭᠠᠳᠬᠠᠨ᠎ᠠ᠃      ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠨᠡᠮᠡᠭᠳᠡᠭᠦᠯᠦᠨ᠎ᠡ᠃ ᠬᠤᠲᠠ ᠶᠢᠨ ᠲᠥᠯᠥᠪᠵᠢᠭᠦᠯᠭᠡ ᠶᠢᠨ ᠵᠥᠪᠯᠡᠯ ᠤᠨ ᠡᠭᠦᠷᠭᠡ  ᠴᠢᠳᠠᠪᠬᠢ ᠶᠢ ᠴᠢᠩᠭᠠᠳᠬᠠᠵᠤ᠂ ᠲᠥᠯᠥᠪᠵᠢᠭᠦᠯᠭᠡ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠵᠢᠯᠣᠭᠤᠳᠬᠤ ᠰᠠᠨᠠᠯ ᠲᠣᠭᠲᠠᠭᠠᠵᠣ᠂ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠶᠠᠪᠤᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠲᠥᠪ ᠴᠢᠩᠭ᠎ᠠ ᠴᠢᠨᠠᠷ  ᠪᠣᠯᠣᠨ ᠡᠷᠬᠡ ᠰᠦᠷᠲᠦ ᠴᠢᠨᠠᠷ ᠢ ᠴᠢᠩᠭᠠᠳᠬᠠᠵᠤ᠂ ︽ᠲᠥᠯᠥᠪᠵᠢᠭᠦᠯᠭᠡ ᠪᠠᠷ ᠬᠤᠰᠢᠭᠤᠴᠢᠯᠠᠭᠤᠯᠵᠣ᠂ ᠪᠦᠲᠦᠭᠡᠨ ᠪᠠᠶᠢᠭᠤᠯᠤᠯᠲᠠ ᠶᠢ ᠳᠠᠭᠠᠭᠤᠯᠬᠤ︾ ᠶᠢ ᠭᠤᠶᠢᠪᠢᠰᠢ ᠦᠭᠡᠢ ᠪᠠᠷᠢᠮᠲᠠᠯᠬᠤ ᠶᠣᠰᠣ ᠳᠦᠷᠢᠮ ᠪᠣᠯᠭᠠᠬᠤ ᠬᠡᠷᠡᠭᠲᠡᠢ᠃ ᠰᠢᠨ᠎ᠡ ᠨᠢᠭᠡᠨ ᠡᠭᠡᠯᠵᠢ ᠶᠢᠨ  ᠬᠤᠳᠠ ᠶᠢᠨ ᠶᠡᠷᠦᠩᠬᠡᠶ ᠳᠦᠷᠢᠮ ᠶᠢ ᠵᠠᠰᠠᠨ ᠨᠠᠶᠢᠷᠠᠭᠤᠯᠬᠤ ᠠᠵᠢᠯ ᠢ ᠡᠬᠢᠯᠡᠭᠦᠯᠵᠦ᠂ ᠬᠤᠳᠠ ᠶᠢᠨ ︽ᠬᠤᠣᠰ ᠵᠠᠰᠠᠬᠤ ︾ ᠵᠡᠷᠭᠡ 14 ᠵᠦᠢᠯ ᠤᠨ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠥᠷᠨᠢᠭᠦᠯᠵᠦ᠂ ︽ᠤᠯᠠᠨ ᠳᠦᠷᠢᠮ ᠢ ᠨᠢᠭᠡᠳᠬᠡᠬᠦ︾ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠣᠨ᠎ᠠ᠃ ᠰᠢᠶᠠᠩ ᠪᠠᠯᠭᠠᠰᠤᠨ ᠤ ᠲᠥᠯᠥᠪᠵᠢᠭᠦᠯᠭᠡ ᠶᠢᠨ ᠵᠥᠪᠯᠡᠯ ᠤᠨ ᠲᠦᠷᠢᠮ ᠢ ᠬᠡᠷᠡᠭᠵᠢᠭᠦᠯᠵᠦ᠂ ᠰᠢᠶᠠᠩ ᠪᠠᠯᠭᠠᠰᠤ᠂ ᠬᠥᠳᠡᠭᠡ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃      ᠭᠤᠣᠯ ᠬᠤᠲᠠ ᠲᠣᠭᠤᠷᠢᠭ ᠢ ᠵᠠᠰᠠᠨ ᠥᠭᠡᠷᠡᠴᠢᠯᠡᠵᠦ ᠪᠥᠳᠥᠭᠡᠨ ᠪᠠᠶᠢᠭᠤᠯᠬᠤ ᠶᠢ ᠦᠷᠭᠦᠯᠵᠢᠯᠡᠨ ᠴᠢᠩᠭᠠᠳᠬᠠᠨ᠎ᠠ᠃ ᠬᠤᠳᠠ ᠶᠢᠨ ᠵᠠᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠪᠠᠶᠠᠨ ᠵᠠᠮ᠂ ᠶᠢᠨ ᠬᠠᠢ ᠵᠠᠮ ᠵᠡᠷᠭᠡ ᠲᠦᠷᠭᠡᠨ ᠵᠠᠮ ᠤᠨ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠪᠣᠯᠣᠨ ᠬᠤᠲᠠ ᠲᠣᠭᠤᠷᠢᠭᠰᠠᠨ  ᠭᠤᠷᠪᠠᠳᠣᠭᠠᠷ ᠲᠦᠷᠭᠡᠨ ᠵᠠᠮ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠲᠡᠷᠭᠡ ᠨᠡᠪᠲᠡᠷᠡᠭᠦᠯᠬᠦ ᠪᠠᠷ ᠴᠢᠷᠮᠠᠶᠢᠬᠤ ᠬᠡᠷᠡᠭᠲᠡᠢ᠃ 53 ᠵᠠᠮ ᠬᠥᠭᠦᠷᠭᠡ ᠶᠢᠨ ᠨᠡᠪᠳᠡᠷᠡᠯ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ 73 ᠪᠠᠭ᠎ᠠ ᠵᠡᠭᠡᠯᠢ ᠭᠤᠳᠣᠮᠵᠢ ᠶᠢ ᠵᠠᠰᠠᠨ ᠥᠭᠡᠷᠡᠴᠢᠯᠡᠨ᠎ᠡ᠃ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠲᠡᠷᠭᠡᠨ ᠥᠷᠲᠡᠭᠡᠨ ᠤ ᠭᠤᠣᠯ ᠴᠣᠭᠴᠠ  ᠶᠢ ᠪᠠᠶᠢᠭᠤᠯᠤᠨ ᠳᠠᠭᠤᠰᠬᠠᠵᠤ᠂ ᠨᠦᠬᠡᠨ ᠵᠠᠮ ᠤᠨ  ᠬᠡᠰᠡᠭ ᠪᠦᠯᠦᠭ ᠨᠢ ᠨᠡᠪᠲᠡᠷᠡᠬᠦ ᠶᠢ ᠪᠡᠶᠡᠯᠡᠭᠦᠯᠬᠦ ᠬᠡᠷᠡᠭᠲᠡᠢ᠃ ᠳᠥᠭᠦᠮ ᠪᠦᠳᠦᠭᠦᠯᠢᠭ ᠣᠷᠣᠨ ᠰᠠᠭᠤᠴᠠ10036 ᠡᠷᠦᠬᠡ᠂ 363 ᠲᠦᠮᠡᠨ ᠲᠡᠭᠰᠢ ᠳᠥᠷᠪᠡᠯᠵᠢᠨ ᠮᠧᠲᠷ ᠶᠢ ᠵᠠᠰᠠᠨ ᠰᠢᠨᠡᠳᠬᠡᠵᠦ᠂ ᠤᠯᠤᠰ ᠤᠨ ᠬᠠᠭᠤᠴᠢᠨ ᠲᠣᠭᠤᠷᠢᠭ ᠢ ᠰᠢᠨᠡᠳᠬᠡᠨ ᠥᠭᠡᠷᠡᠴᠢᠯᠡᠬᠦ ᠲᠣᠷᠰᠢᠯᠲᠠ ᠶᠢᠨ ᠬᠤᠳᠠ ᠶᠢᠨ ᠡᠭᠦᠷᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂  ᠪᠠᠷᠢᠮᠵᠢᠶ᠎ᠠ ᠪᠠᠨ ᠳᠡᠭᠡᠭᠰᠢᠯᠡᠭᠦᠯᠦᠨ ᠥᠭᠡᠷᠡᠴᠢᠯᠡᠬᠦ ᠬᠠᠭᠤᠴᠢᠨ ᠲᠣᠭᠤᠷᠢᠭ 78 ᠪᠣᠢ᠃ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠨ ᠴᠡᠪᠡᠷᠰᠢᠭᠦᠯᠬᠦ ᠦᠢᠯᠡᠳᠪᠦᠷᠢ᠂ ᠪᠣᠬᠢᠷ ᠤᠰᠤᠨ ᠤ ᠠᠷᠢᠭᠤᠳᠬᠠᠯ᠂ ᠪᠣᠷᠣᠭᠠᠨ ᠤ ᠤᠰᠤ ᠶᠢᠨ ᠪᠣᠬᠢᠷ ᠤᠰᠤ ᠶᠢ ᠰᠠᠯᠭᠠᠬᠤ᠂ ᠢᠯᠴᠢ ᠡᠭᠦᠰᠭᠡᠭᠴᠢ ᠴᠢᠭ᠋ ᠤᠨ ᠪᠦᠲᠦᠭᠡᠨ ᠪᠠᠶᠢᠭᠤᠯᠤᠯᠲᠠ ᠵᠡᠷᠭᠡ ᠪᠠᠷᠢᠯᠭ᠎ᠠ ᠶᠢᠨ ᠠᠵᠢᠯ ᠢ ᠥᠷᠨᠢᠭᠦᠯᠵᠦ᠂ ᠮᠢᠩᠭᠠᠨ ᠲᠣᠨ ᠤ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ 2 ᠶᠢ ᠡᠬᠢᠯᠡᠭᠦᠯᠦᠨ ᠪᠠᠶᠢᠭᠤᠯᠵᠣ᠂ ᠳᠠᠬᠢᠯᠲᠠ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠲᠦᠯᠦᠪᠵᠢᠭᠦᠯᠦᠨ ᠪᠦᠳᠦᠬᠡᠨ ᠪᠠᠶᠢᠭᠤᠯᠣᠨ᠎ᠠ᠃ ᠱᠠᠨᠰᠢ ᠪᠡᠭᠡᠵᠢᠩ ᠤᠨ ᠳᠥᠷᠪᠡᠨ ᠱᠤᠭᠤᠮ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠰᠢᠭᠤᠳ ᠬᠠᠩᠭᠠᠯᠲᠠ ᠶᠢ ᠲᠥᠯᠬᠢᠨ ᠠᠬᠢᠭᠤᠯᠵᠤ᠂ ᠬᠤᠳᠠ ᠶᠢᠨ ᠬᠤᠣᠰ ᠬᠡᠢ ᠶᠢᠨ ᠡᠬᠢ ᠰᠣᠷᠪᠣᠯᠵᠢ ᠶᠢᠨ ᠬᠠᠩᠭᠠᠯᠭ᠎ᠠ ᠶᠢ ᠪᠡᠶᠡᠯᠡᠭᠦᠯᠬᠦ ᠬᠡᠷᠡᠭᠲᠡᠢ᠃ ᠪᠦᠬᠦ ᠵᠢᠯ ᠳᠤ ᠡᠯ᠎ᠡ ᠲᠥᠷᠥᠯ ᠤᠨ ᠤᠰᠤ ᠲᠠᠲᠠᠷᠠᠭᠤᠯᠬᠤ ᠬᠤᠭᠤᠯᠠᠶ ᠶᠢᠨ ᠲᠣᠣᠷ 203 ᠺᠢᠯᠣᠮᠧᠲᠷ ᠳᠡᠪᠢᠰᠴᠦ᠂ ᠬᠤᠲᠠ ᠶᠢᠨ ᠳᠣᠲᠣᠷᠠᠬᠢ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ 60 ᠺᠢᠯᠣᠮᠧᠲᠷ᠂ ᠢᠯᠴᠢ ᠬᠠᠩᠭᠠᠬᠤ ᠬᠤᠭᠤᠯᠠᠶ ᠶᠢᠨ ᠲᠣᠣᠷ ᠢ 300 ᠺᠢᠯᠣᠮᠧᠲᠷ ᠥᠭᠡᠷᠡᠴᠢᠯᠡᠨ ᠰᠢᠨᠡᠳᠬᠡᠵᠦ᠂ ᠬᠤᠳᠠ ᠶᠢᠨ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠬᠤᠳᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠶᠠᠭᠳᠠᠮᠠᠯ ᠭᠠᠵᠠᠷ ᠤᠨ  ᠨᠣᠭᠤᠭᠠᠷᠠᠭᠤᠯᠣᠯᠲᠠ ᠶᠢᠨ ᠲᠥᠷᠥᠯ ᠵᠦᠢᠯ 1 ᠶᠢ ᠬᠡᠷᠡᠭᠵᠢᠭᠦᠯᠵᠦ᠂ 2 ᠴᠡᠴᠡᠷᠯᠢᠭ ᠰᠢᠨ᠎ᠡ ᠪᠠᠷ ᠪᠠᠶᠢᠭᠤᠯᠵᠣ᠂ ᠮᠢᠩᠭᠠᠨ ᠮᠦ ᠭᠤᠣᠯᠲᠤ ᠪᠣᠷᠣ ᠶᠢᠨ ᠬᠦᠷᠢᠶᠡᠯᠡᠩ᠂ ᠮᠧᠩ ᠼᠤᠤ ᠪᠦᠯᠦᠭᠯᠡᠯ ᠤᠨ ᠡᠪᠡᠰᠦ ᠴᠡᠴᠡᠭ ᠤᠨ ᠬᠦᠷᠢᠶᠡᠯᠡᠩ ᠢ ᠪᠠᠶᠢᠭᠤᠯᠣᠨ᠂ 3000 ᠲᠦᠮᠡᠨ ᠰᠠᠭᠤᠷᠢ ᠮᠣᠳᠣ ᠰᠢᠨ᠎ᠡ   ᠪᠠᠷ ᠵᠠᠶᠢᠯᠠᠵᠣ᠂ ᠨᠣᠭᠤᠭᠠᠷᠠᠭᠤᠯᠤᠯᠲᠠ ᠶᠢᠨ ᠲᠠᠯᠠᠪᠠᠶ  ᠶᠢ 2400 ᠮᠦ ᠰᠢᠨ᠎ᠡ ᠪᠠᠷ ᠨᠡᠮᠡᠭᠳᠡᠭᠦᠯᠦᠨ᠎ᠡ  ᠃ ‍      ᠬᠤᠳᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠲᠡᠢ ᠃  ᠬᠤᠳᠠ ᠶᠢᠨ ᠬᠠᠮᠢᠶᠠᠷᠤᠯᠲᠠ ᠶᠢᠨ ᠵᠥᠪᠯᠡᠯ  ᠤᠨ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠪᠦᠰᠡ᠂ ᠰᠠᠯᠠᠭ᠎ᠠ ᠮᠥᠴᠢᠷ ᠬᠤᠭᠤᠷᠣᠨᠳᠤ ᠪᠠᠨ ᠬᠠᠮᠵᠢᠯᠴᠠᠨ ᠬᠠᠮᠢᠶᠠᠷᠬᠤ ᠪᠠ ᠬᠤᠯᠪᠣᠭᠠᠯᠠᠨ ᠬᠦᠳᠡᠯᠦᠯᠴᠡᠵᠦ ᠬᠠᠤᠯᠢ ᠬᠡᠷᠡᠭᠵᠢᠭᠦᠯᠬᠦ ᠶᠢ ᠪᠡᠶᠡᠯᠡᠭᠦᠯᠵᠦ᠂ ᠨᠡᠩ ᠨᠠᠷᠢᠨ ᠨᠢᠭᠲᠠ ᠤᠷᠳᠤ ᠬᠤᠭᠤᠴᠠᠭᠠᠨ ᠤ ᠪᠥᠳᠥᠮᠵᠢᠳᠤ ᠬᠠᠮᠢᠶᠠᠷᠤᠯᠲᠠ ᠶᠢᠨ ᠲᠣᠭᠲᠠᠴᠠ ᠶᠢ ᠪᠣᠢ  ᠪᠣᠯᠭᠠᠨ᠎ᠠ᠃ ᠬᠤᠳᠠ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠴᠡᠭᠴᠡᠯᠡᠨ ᠵᠠᠰᠠᠬᠤ ᠬᠡᠪᠴᠢᠶ᠎ᠡ ᠪᠠᠨ ᠥᠷᠭᠡᠳᠬᠡᠨ᠂ ᠴᠡᠭᠴᠡᠯᠡᠨ ᠵᠠᠰᠠᠬᠤ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠤᠯᠤᠰ ᠤᠨ ᠴᠡᠪᠡᠷ ᠬᠤᠳᠠ ᠶᠢ ᠪᠦᠲᠦᠭᠡᠨ ᠪᠠᠶᠢᠭᠤᠯᠬᠤ ᠪᠠᠷ ᠢᠳᠡᠪᠬᠢᠯᠡᠨ ᠴᠢᠷᠮᠠᠶᠢᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠷᠢᠮᠵᠢᠶᠠᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠶᠢᠨ ᠵᠠᠮ ᠤᠨ ᠮᠠᠰᠢᠨᠴᠢᠯᠠᠭᠰᠠᠨ ᠴᠡᠪᠡᠷᠯᠡᠭᠡ  ᠶᠢᠨ ᠨᠤᠷᠮ᠎ᠠ ᠶᠢ  80 % ᠠᠴᠠ ᠳᠡᠭᠡᠭᠰᠢ ᠲᠣᠭᠲᠠᠪᠤᠷᠢᠵᠢᠭᠤᠯᠵᠤ᠂ ᠬᠦᠬᠡᠬᠤᠲᠠ ᠳᠤ 500  ᠵᠣᠭᠰᠣᠭᠠᠯ ᠥᠷᠲᠡᠭᠡ ᠪᠣᠯᠣᠨ ᠡᠯ᠎ᠡ ᠲᠥᠷᠥᠯ ᠤᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ 40 ᠪᠠᠶᠢᠭᠤᠯᠵᠣ᠂ ᠬᠤᠭᠤᠯᠠ ᠪᠤᠳᠠᠭᠠᠨ ᠤ ᠬᠤᠭ ᠨᠣᠪᠰᠢ ᠶᠢ ᠰᠢᠢᠳᠪᠦᠷᠢᠯᠡᠬᠦ ᠠᠵᠢᠯ ᠤᠨ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠠᠵᠢᠯ ᠤᠨ ᠪᠠᠶᠢᠭᠤᠯᠣᠯᠲᠠ ᠬᠠᠮᠢᠶᠠᠷᠣᠯᠲᠠ ᠶᠢ ᠴᠢᠩᠭᠠᠳᠬᠠᠵᠤ᠂ ᠲᠡᠭᠦᠨ ᠤ ᠵᠠᠮ ᠬᠠᠷᠢᠯᠴᠠᠭ᠎ᠠ ᠪᠣᠯᠣᠨ ᠣᠷᠴᠢᠨ ᠲᠣᠭᠤᠷᠢᠨ ᠵᠡᠷᠭᠡ ᠳᠤ ᠦᠵᠡᠭᠦᠯᠬᠦ ᠨᠥᠯᠥᠭᠡ ᠶᠢ ᠪᠠᠭᠠᠰᠬᠠᠬᠤ ᠬᠡᠷᠡᠭᠲᠡᠢ᠃ ᠡᠯ᠎ᠡ ᠲᠦᠷᠦᠯ ᠤᠨ ᠡᠬᠢ ᠪᠠᠶᠠᠯᠢᠭ ᠪᠣᠯᠣᠨ ᠬᠠᠮᠢᠶᠠᠷᠤᠯᠲᠠ ᠶᠢᠨ ᠲᠠᠪᠴᠠᠩ ᠢ ᠨᠢᠭᠡᠳᠬᠡᠵᠦ᠂ ︽ᠣᠶᠣᠨᠴᠢᠷ ᠬᠥᠬᠡᠬᠤᠲᠠ︾ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠲᠠ ᠶᠢ ᠪᠦᠷᠬᠦᠵᠦ᠂ ᠨᠢᠭᠡᠳᠦᠯᠲᠡᠶ ᠲᠥᠯᠥᠪᠯᠡᠨ ᠠᠰᠢᠭᠯᠠᠵᠣ᠂ ᠨᠢᠭᠡᠳᠦᠯᠲᠡᠶ ᠵᠢᠯᠣᠭᠤᠳᠴᠤ᠂ ᠨᠢᠭᠡᠳᠦᠯᠲᠡᠶ ᠲᠤᠬᠢᠷᠠᠭᠤᠯᠵᠣ ᠳᠡᠶᠢᠯᠬᠦ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠬᠠᠮᠢᠶᠠᠷᠤᠯᠲᠠ ᠶᠢᠨ ᠲᠠᠪᠴᠠᠩ ᠢ ᠪᠣᠢ ᠪᠣᠯᠭᠠᠬᠤ ᠬᠡᠷᠡᠭᠲᠡᠶ᠃ ᠰᠠᠭᠤᠭᠠᠯᠢ ᠠᠷᠠᠳ ᠤᠨ ᠲᠣᠭᠤᠷᠢᠭ ᠳᠠᠬᠢ ᠬᠦᠷᠢᠶ᠎ᠡ ᠬᠠᠰᠢᠶ᠎ᠠ ᠶᠢ ᠣᠷᠢᠳᠠᠪᠠᠷ ᠨᠤᠷᠠᠭᠠᠵᠣ ᠳᠠᠷᠠᠭ᠎ᠠ ᠨᠢ ᠨᠣᠭᠤᠭᠠᠷᠠᠭᠤᠯᠬᠤ ᠲᠣᠷᠰᠢᠯᠲᠠ ᠶᠢᠨ ᠴᠢᠭ᠋ ᠪᠣᠯᠣᠨ ᠬᠦᠷᠢᠶ᠎ᠡ ᠬᠠᠰᠢᠶᠠᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠠᠮᠢᠶᠠᠷᠣᠯᠲᠠ ᠳᠤ ᠲᠦᠰᠢᠭᠯᠡᠨ ᠬᠤᠳᠠ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠬᠤᠳᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠣ᠂ ᠬᠤᠳᠠ ᠶᠢᠨ ᠷᠢᠳᠢ ᠰᠢᠳᠢ ᠶᠢ ᠢᠯᠡᠷᠡᠭᠦᠯᠬᠦ ᠪᠣᠯᠤᠨ᠎ᠠ᠃      ᠵᠠᠮ ᠬᠠᠷᠢᠯᠴᠠᠭᠠᠨ ᠤ ᠲᠦᠭᠵᠢᠷᠡᠯ ᠢ ᠰᠢᠯᠤᠭᠤᠳᠬᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠢ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠵᠠᠮ ᠬᠠᠷᠢᠯᠴᠠᠭᠠᠨ ᠤ ᠲᠦᠭᠵᠢᠷᠡᠯ ᠢ ᠵᠠᠰᠠᠬᠤ ᠬᠠᠮᠲᠤᠷᠠᠭᠰᠠᠨ ᠬᠤᠷᠠᠯ ᠤᠨ ᠲᠥᠷᠢᠮ ᠢ ᠲᠣᠭᠲᠠᠭᠠᠵᠣ᠂ ᠰᠠᠯᠠᠭ᠎ᠠ ᠮᠦᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠡᠩ ᠲᠡᠷᠢᠭᠦᠨ ᠳᠤ ᠨᠡᠶᠢᠲᠡ ᠶᠢᠨ ᠮᠠᠰᠢᠨ ᠲᠡᠷᠭᠡᠨ ᠤ ᠬᠦᠭᠵᠢᠯᠲᠡ ᠶᠢ ᠲᠦᠯᠬᠢᠨ ᠠᠬᠢᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠲᠠᠯᠠᠪᠤᠷ ᠥᠷᠲᠡᠭᠡ 13 ᠶᠢ ᠰᠢᠨ᠎ᠡ ᠪᠠᠷ ᠪᠠᠶᠢᠭᠤᠯᠤᠨ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ 500 ᠶᠢ ᠬᠤᠳᠠᠯᠳᠤᠨ ᠠᠪᠴᠣ᠂ ᠨᠡᠶᠢᠲᠡ ᠶᠢᠨ ᠮᠠᠰᠢᠨ ᠤ ᠲᠤᠰᠬᠠᠶ ᠱᠤᠭᠤᠮ 326 ᠺᠢᠯᠣᠮᠧᠲᠷ ᠲᠦᠯᠦᠪᠯᠡᠨ ᠵᠢᠷᠣᠵᠣ᠂ ᠨᠡᠶᠢᠲᠡ ᠶᠢᠨ ᠮᠠᠰᠢᠨ ᠤ ᠱᠤᠭᠤᠮ 11 ᠵᠤᠷᠪᠤᠰ ᠰᠢᠨ᠎ᠡ ᠪᠠᠷ ᠨᠡᠮᠡᠨ᠂ ᠰᠤᠷᠤᠭᠴᠢ ᠶᠢᠨ ᠲᠤᠰᠬᠠᠶ ᠨᠡᠶᠢᠲᠡ ᠶᠢᠨ ᠮᠠᠰᠢᠨ ᠤ ᠱᠤᠭᠤᠮ 12 ᠵᠤᠷᠪᠤᠰ ᠢ ᠬᠡᠷᠡᠭᠯᠡᠯᠲᠡ ᠳᠤ ᠣᠷᠣᠭᠤᠯᠵᠣ᠂ ᠵᠠᠮ ᠬᠠᠷᠢᠯᠴᠠᠭᠠᠨ ᠤ ᠢᠳᠡ ᠦᠶ᠎ᠡ ᠳᠠᠬᠢ ᠪᠦᠰᠡ ᠬᠤᠭᠤᠷᠣᠨᠳᠣᠬᠢ ᠱᠤᠭᠤᠮ 5 ᠵᠤᠷᠪᠤᠰ᠂  ᠵᠤᠷᠰᠢᠯᠲᠦ ᠨᠡᠶᠢᠲᠡ ᠶᠢᠨ ᠮᠠᠰᠢᠨ ᠤ ᠱᠤᠭᠤᠮ 3 ᠵᠤᠷᠪᠤᠰ ᠢ ᠨᠡᠭᠡᠭᠡᠵᠦ᠂ ᠶᠠᠪᠠᠭᠠᠨ ᠬᠥᠮᠦᠨ ᠤ ᠵᠡᠭᠡᠯᠢ ᠭᠡᠲᠦᠯᠬᠦ ᠬᠥᠭᠦᠷᠭᠡ 10  ᠶᠢ ᠰᠢᠨ᠎ᠡ ᠪᠠᠷ ᠪᠠᠶᠢᠭᠤᠯᠣᠨ᠎ᠠ᠃ ᠵᠠᠮ ᠡᠵᠡᠯᠡᠭᠰᠡᠨ ᠪᠠᠷᠢᠯᠭ᠎ᠠ ᠶᠢ ᠴᠡᠪᠡᠷᠯᠡᠬᠦ ᠪᠠ ᠰᠢᠷᠤᠭ ᠨᠡᠭᠦᠯᠭᠡᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ 9 ᠵᠤᠷᠪᠤᠰ ︽ᠮᠤᠬᠤᠷ ᠵᠠᠮ︾ ᠢ ᠲᠡᠷᠭᠡ ᠨᠡᠪᠲᠡᠷᠡᠭᠦᠯᠵᠦ᠂ ᠵᠠᠮ ᠬᠠᠷᠢᠯᠴᠠᠭᠠᠨ ᠤ ᠰᠠᠭᠠᠳ ᠦᠭᠡᠢ ᠣᠷᠴᠢᠯ ᠢ ᠪᠣᠢ ᠪᠣᠯᠭᠠᠬᠤ ᠬᠡᠷᠡᠭᠲᠡᠢ᠃ ᠬᠤᠲᠠᠨ ᠳᠠᠬᠢ ᠡᠯ᠎ᠡ ᠵᠡᠭᠡᠯᠢ ᠭᠤᠳᠣᠮᠵᠢ ᠳᠤ ᠲᠡᠷᠭᠡᠨ ᠵᠣᠭᠰᠣᠭᠠᠯ ᠵᠢᠷᠣᠵᠣ ᠲᠥᠯᠥᠪᠯᠡᠨ᠂ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠲᠡᠷᠭᠡᠨ ᠵᠣᠭᠰᠣᠭᠠᠯ ᠢ ᠠᠯᠬᠤᠮ ᠠᠯᠬᠤᠮ ᠢᠶᠠᠷ ᠨᠡᠶᠢᠭᠡᠮ ᠨᠡᠶᠢᠲᠡ ᠳᠤ ᠴᠢᠯᠥᠭᠡᠲᠡᠶ ᠲᠠᠯᠪᠢᠵᠤ᠂ 10 ᠪᠡᠶᠡᠲᠦ ᠴᠣᠭᠴᠠᠲᠣ ᠲᠡᠷᠭᠡᠨ ᠵᠣᠭᠰᠣᠭᠠᠯ ᠪᠠᠶᠢᠭᠤᠯᠤᠨ᠂ ᠲᠡᠷᠭᠡ ᠵᠣᠭᠰᠣᠭᠠᠬᠤ ᠣᠷᠣ 2 ᠲᠦᠮᠡ ᠶᠢ ᠰᠢᠨ᠎ᠡ ᠪᠠᠷ ᠨᠡᠮᠡᠭᠳᠡᠭᠦᠯᠦᠨ᠎ᠡ᠃ ᠰᠦᠯᠵᠢᠶᠡᠨ ᠳᠡᠭᠡᠷ᠎ᠡ ᠲᠡᠷᠭᠡ ᠳᠠᠭᠤᠳᠠᠬᠤ ᠬᠢᠨᠠᠯᠲᠠ ᠬᠠᠮᠢᠶᠠᠷᠣᠯᠲᠠ ᠶᠢ ᠴᠢᠩᠭᠠᠳᠬᠠᠬᠤ ᠬᠡᠷᠡᠭᠲᠡᠶ᠃ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂  ᠵᠠᠮ ᠬᠠᠷᠢᠯᠴᠠᠭᠠᠨ ᠤ ᠲᠡᠮᠳᠡᠭ ᠵᠢᠷᠤᠭᠠᠰᠤ ᠶᠢ ᠰᠢᠰᠲ᠋ᠧᠮ ᠲᠠᠢ ᠵᠢᠷᠣᠵᠣ ᠲᠦᠯᠦᠪᠯᠡᠬᠦ ᠪᠠ ᠥᠭᠡᠷᠡᠴᠢᠯᠡᠨ ᠵᠠᠰᠠᠵᠤ᠂ ᠣᠶᠣᠨᠴᠢ ᠵᠠᠮ ᠬᠠᠷᠢᠯᠴᠠᠭᠠᠨ ᠤ ᠡᠵᠡᠮᠰᠢᠯ ᠤᠨ ᠵᠢᠯᠣᠭᠤᠳᠬᠤ ᠲᠠᠪᠴᠠᠩ ᠢ ᠲᠡᠭᠦᠯᠳᠡᠷᠵᠢᠭᠦᠯᠬᠦ ᠬᠡᠷᠡᠭᠲᠡᠶ᠃ ᠭᠠᠷ ᠣᠲᠠᠰᠣᠨ ᠤ ᠵᠠᠮ ᠬᠠᠷᠢᠯᠴᠠᠭ᠎ᠠ ᠶᠢᠨ ᠦᠢᠯᠡᠴᠢᠯᠡᠭᠡᠨ ᠤ ᠲᠠᠪᠴᠠᠩ ᠢ ᠨᠡᠪᠲᠡᠷᠡᠭᠦᠯᠵᠦ᠂ ᠬᠤᠳᠠ ᠶᠢᠨ ᠠᠷᠠᠳ ᠤᠨ ᠵᠠᠮ ᠬᠠᠷᠢᠯᠴᠠᠭᠠᠨ ᠤ ᠲᠦᠭᠵᠢᠷᠡᠯ ᠢ ᠵᠠᠰᠠᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠣ᠂ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠰᠡᠭᠦᠳᠡᠷᠯᠡᠨ ᠰᠢᠩᠭᠡᠭᠡᠵᠦ ᠰᠦᠯᠵᠢᠶᠡᠨ ᠳᠤ ᠳᠠᠮᠵᠢᠭᠤᠯᠬᠤ᠂ ᠡ᠊ᠩ ᠤᠨ ᠵᠠᠮ ᠬᠠᠷᠢᠯᠴᠠᠭᠠᠨ ᠤ ᠡ᠊ᠨᠳᠡᠯ ᠢ ᠠᠷᠤ ᠲᠠᠪᠴᠠᠩ ᠳᠤ ᠲᠦᠯᠦᠬᠦ ᠪᠠ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃      ᠭᠤᠣᠯᠳᠠᠯᠭ᠎ᠠ ᠲᠠᠢ ᠬᠤᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢ ᠲᠥᠪᠯᠡᠷᠡᠭᠦᠯᠦᠨ ᠳᠡᠮᠵᠢᠬᠦ ᠬᠡᠷᠡᠭᠲᠡᠶ ᠃ ᠦᠢᠯᠡᠳᠪᠦᠷᠢᠯᠡᠯ ᠤᠨ ᠣᠷᠣᠨ ᠵᠠᠶ ᠶᠢᠨ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠠᠮᠢᠳᠤᠷᠠᠯ ᠤᠨ ᠣᠷᠣᠨ ᠵᠠᠶ ᠶᠢᠨ ᠣᠷᠣᠰᠢᠨ ᠲᠣᠭᠲᠠᠨᠢᠬᠤ ᠳᠤ ᠲᠣᠬᠢᠷᠠᠮᠵᠢᠲᠠᠶ᠂ ᠠᠮᠢ ᠠᠬᠤᠶ ᠶᠢᠨ ᠣᠷᠣᠨ ᠵᠠᠶ ᠨᠢ ᠭᠤᠴᠣ ᠰᠠᠶᠢᠬᠠᠨ ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠤᠲᠠ ᠪᠠᠯᠭᠠᠰᠤ ᠶᠢᠨ ᠠᠵᠤ ᠦᠢᠯᠡᠰ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠠᠰᠤᠷᠠᠯᠲᠠ ᠦᠭᠡᠶ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠠᠷᠠᠯᠵᠢᠶ᠎ᠠ ᠬᠤᠳᠠᠯᠳᠤᠭ᠎ᠠ ᠪᠣᠯᠣᠨ ᠡᠳ᠋ ᠪᠠᠷᠠᠭᠠᠨ ᠤ ᠭᠦᠢᠯᠭᠡᠭᠡ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ᠂ ᠵᠢᠭᠤᠯᠴᠢᠯᠠᠯ ᠵᠡᠷᠭᠡ ᠲᠤᠰᠬᠠᠶ ᠣᠨᠴᠠᠯᠢᠭ ᠪᠦᠬᠦᠢ ᠵᠢᠵᠢᠭ ᠬᠤᠲᠠ ᠪᠠᠯᠭᠠᠰᠤ ᠶᠢ ᠲᠦᠷᠭᠡᠪᠴᠢᠯᠡᠨ ᠪᠣᠶᠢᠵᠢᠭᠤᠯᠣᠨ᠎ᠠ᠃ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠪᠣᠯᠣᠨ ᠣᠷᠣᠰᠢᠨ ᠰᠠᠭᠤᠬᠤ ᠴᠢᠳᠠᠮᠵᠢ ᠶᠢ ᠲᠡᠭᠦᠯᠳᠡᠷᠵᠢᠭᠦᠯᠵᠦ᠂ ᠬᠥᠮᠦᠨ ᠠᠮᠠ ᠶᠢᠨ ᠲᠥᠪᠯᠡᠷᠡᠯ  ᠪᠣᠯᠣᠨ ᠬᠥᠳᠡᠭᠡ ᠲᠣᠰᠬᠤᠨ ᠢ  ᠳᠠᠶᠢᠴᠢᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃        ︵ᠨᠠᠢᠮᠠ︶ ᠠᠮᠢ ᠠᠬᠤᠢ ᠶᠢᠨ ᠬᠠᠮᠠᠭᠠᠯᠠᠯᠲᠠ ᠶᠢᠨ ᠪᠥᠳᠥᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂   ᠠᠮᠢ ᠠᠬᠤᠶ ᠶᠢᠨ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃      ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠣᠨ᠎ᠠ᠃ ᠭᠤᠣᠯ ᠠᠭᠤᠯᠠ ᠨᠢᠷᠤᠭᠤ᠂ ᠵᠡᠮ ᠬᠠᠷᠢᠯᠴᠠᠭᠠᠨ ᠤ ᠭᠤᠣᠯ ᠵᠡᠮ᠂ ᠭᠤᠣᠯ ᠪᠣᠯᠬᠤ ᠭᠤᠣᠯ ᠮᠥᠷᠡᠨ ᠢᠶᠠᠷ ᠭᠤᠣᠯᠳᠠᠯᠭ᠎ᠠ ᠪᠣᠯᠭᠠᠨ᠂ ᠲᠦᠮᠡᠳ ᠤᠨ ᠲᠠᠯ᠎ᠠ ᠭᠠᠵᠠᠷ ᠢᠶᠠᠷ ᠭᠤᠣᠯ ᠴᠣᠭᠴᠠ ᠪᠤᠯᠭᠠᠵᠣ᠂ ᠤᠯᠤᠰ ᠤᠨ ᠴᠢᠬᠤᠯᠠ ᠶᠡᠭᠡ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠣᠨ᠎ᠠ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ᠂ ᠮᠠᠨ ᠬᠠᠨ ᠱᠠᠨ‌ᠠᠭᠤᠯᠠ ᠵᠡᠷᠭᠡ ᠭᠤᠣᠯᠳᠠᠯᠭ᠎ᠠ ᠲᠠᠢ ᠣᠷᠣᠨ ᠪᠦᠰᠡ  ᠶᠢᠨ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠤᠷᠠᠬᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠴᠡᠪᠡᠷᠯᠡᠨ ᠬᠠᠭᠠᠵᠤ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠰᠡᠷᠭᠦᠨ ᠵᠠᠰᠠᠯᠲᠠ ᠶᠢ ᠲᠦᠯᠬᠢᠨ ᠠᠬᠢᠭᠤᠯᠵᠤ  ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 7 ᠭᠤᠤ ᠶᠢᠨ ᠰᠢᠰᠲ᠋ᠧᠮ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠬᠥᠬᠡᠬᠤᠲᠠ ᠪᠤᠭᠤᠲᠤ ᠤᠷᠳᠤᠰ ᠤᠨ ᠬᠠᠳᠤᠨ ᠭᠤᠣᠯ ᠳᠠᠭᠠᠤ ᠶᠢᠨ ᠠᠮᠢ ᠠᠬᠤᠶ ᠶᠢᠨ ᠬᠤᠩᠬᠢᠯ ᠪᠣᠯᠣᠨ ᠮᠤᠨᠢ ᠠᠭᠤᠯᠠ ᠶᠢᠨ ᠠᠷᠤ ᠬᠤᠷᠮᠣᠶ ᠶᠢ ᠨᠣᠭᠤᠭᠠᠷᠠᠭᠤᠯᠬᠤ ᠢᠨᠵᠧᠨᠧᠷᠢᠩ ᠢ ᠡᠬᠢᠯᠡᠭᠦᠯᠵᠦ᠂  ᠨᠣᠭᠤᠭᠠᠷᠠᠭᠤᠯᠵᠤ ᠣᠶᠢᠵᠢᠭᠤᠯᠬᠤ ᠡᠷᠴᠢᠮ ᠢ ᠪᠦᠭᠦ ᠲᠠᠯ᠎ᠠ ᠪᠠᠷ ᠴᠢᠩᠭᠠᠷᠠᠭᠤᠯᠵᠤ᠂ ᠪᠦᠬᠦ ᠵᠢᠯ ᠳᠤ ᠠᠮᠢ ᠠᠬᠤᠶ ᠶᠢᠨ ᠪᠦᠳᠦᠬᠡᠨ ᠪᠠᠶᠢᠭᠤᠯᠤᠯᠲᠠ ᠶᠢ 25 ᠲᠦᠮᠡᠨ ᠮᠦ ᠪᠡᠶᠡᠯᠡᠭᠦᠯᠦᠨ᠎ᠡ᠃      ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠳᠣᠨ ᠭᠤᠣᠯ ᠤᠨ ᠤᠰᠤ ᠶᠢ ᠬᠦᠬᠡᠬᠤᠲᠠ ᠳᠤ ᠲᠠᠲᠠᠬᠤ ᠲᠥᠬᠦᠭᠡᠷᠦᠮᠵᠢ ᠂  ᠳᠠᠬᠢᠯᠲᠠ ᠤᠰᠤ ᠠᠰᠢᠭᠯᠠᠬᠤ ᠶᠢ ᠴᠢᠩᠭᠠᠳᠬᠠᠬᠤ᠂ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ  ᠶᠢ ᠲᠡᠭᠦᠯᠳᠡᠷᠵᠢᠭᠦᠯᠬᠦ ᠪᠠᠷ ᠳᠠᠮᠵᠢᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠨ ᠠᠬᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠬᠡᠪᠴᠢᠶ᠎ᠡ ᠶᠢ ᠪᠦᠲᠦᠮᠵᠢᠲᠡᠶ ᠪᠠᠭᠤᠷᠠᠭᠤᠯᠤᠨ᠎ᠠ᠃ ᠲᠣᠭᠲᠠᠬᠤ ᠴᠢᠩ ᠱᠦᠢ ᠾᠧ ᠠᠵᠤ ᠦᠢᠯᠡᠳᠪᠦᠷᠢ ᠶᠢᠨ ᠬᠦᠷᠢᠶᠡᠯᠡᠩ ᠤᠨ ᠳᠠᠬᠢᠯᠳᠠ ᠤᠰᠤᠨ ᠠᠰᠢᠭᠯᠠᠯᠲᠠ ᠶᠢᠨ ᠲᠤᠰᠬᠠᠶ ᠱᠤᠭᠤᠮ ᠢ ᠳᠡᠪᠢᠰᠴᠦ᠂ ᠲᠠᠬᠢᠯᠳᠠ ᠤᠰᠤ ᠶᠢ ᠠᠰᠢᠭᠯᠠᠬᠤ ᠨᠤᠷᠮ᠎ᠠ 50 % ᠠᠴᠠ ᠳᠡᠭᠡᠭᠰᠢ ᠪᠠᠶᠢᠬᠤ ᠬᠡᠷᠡᠭᠲᠡᠢ᠃ ︽ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ︾᠂ ︽ᠨᠠᠭᠤᠷ ᠴᠥᠭᠦᠷᠥᠮ ‍ᠤᠨ‌ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠲᠦᠷᠭᠡᠨ ᠭᠤᠣᠯ ᠤᠨ ᠪᠦᠬᠦ ᠣᠷᠣᠰᠬᠠᠯ᠂ ᠾᠦᠨᠾᠧ ᠭᠤᠣᠯ ᠵᠡᠷᠭᠡ 7 ᠭᠤᠣᠯ ᠮᠥᠷᠡᠨ ᠢ ᠵᠠᠰᠠᠬᠤ ᠢᠨᠵᠧᠨᠧᠷᠢᠩ ᠢ ᠲᠦᠯᠬᠢᠨ ᠠᠬᠢᠭᠤᠯᠵᠤ᠂ ᠬᠠᠷ᠎ᠠ ᠤᠰᠤ ᠨᠠᠭᠤᠷ ᠤᠨ ᠨᠤᠭᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ ᠤᠰᠤ ᠨᠠᠭᠤᠷ ᠤᠨ ᠤᠰᠤ ᠲᠠᠲᠠᠬᠤ ᠢᠨᠵᠧᠨᠧᠷᠢᠩ ᠢ ᠡᠬᠢᠯᠡᠭᠦᠯᠦᠨ᠂ ᠭᠤᠤᠯ ᠨᠠᠭᠤᠷ ᠤᠨ ᠤᠰᠤᠨ ᠤ ᠰᠢᠰᠲ᠋ᠧᠮ ᠤᠨ ᠬᠠᠷᠢᠯᠴᠠᠨ ᠨᠡᠪᠲᠡᠷᠡᠯᠴᠡᠬᠦ ᠪᠠ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠬᠤ ᠬᠡᠷᠡᠭᠲᠡᠶ᠃      ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢ ᠲᠥᠷᠭᠡᠳᠬᠡᠭᠦ ᠬᠡᠷᠡᠭᠲᠡᠢ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠬᠡᠷᠡᠭᠲᠡᠢ᠃ ᠤᠳᠤᠷᠢᠳᠬᠤ ᠺᠠᠳ᠋ᠷ ᠤᠨ ᠲᠤᠰᠢᠶᠠᠯ ᠠᠴᠠ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠢᠨᠠᠨ ᠪᠣᠳᠣᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠬᠦᠷᠦᠩᠬᠡ ᠬᠤᠭᠰᠢᠯ ᠤᠨ ᠥᠮᠴᠢᠯᠡᠬᠦ ᠡᠷᠬᠡ ᠶᠢᠨ ᠳᠦᠷᠢᠮ ᠢ ᠲᠡᠭᠦᠯᠳᠡᠷᠵᠢᠭᠦᠯᠵᠦ᠂ ᠠᠮᠢ ᠠᠬᠤᠶ ᠶᠢᠨ ᠣᠷᠴᠢᠨ ᠠᠬᠤᠶ ᠶᠢᠨ ᠬᠢᠨᠠᠨ ᠬᠠᠮᠢᠶᠠᠷᠤᠯᠲᠠ ᠶᠢᠨ ᠪᠠᠶᠢᠭᠤᠯᠤᠯ ᠳᠤ ᠥᠭᠡᠷᠡᠴᠢᠯᠡᠯᠲᠡ ᠬᠢᠵᠦ᠂ ᠵᠠᠬ᠎ᠠ ᠳᠡᠯᠭᠡᠭᠦᠷᠴᠢᠯᠡᠭᠰᠡᠨ ᠤᠯᠠᠨ ᠡᠰᠢᠲᠦ ᠠᠮᠢ ᠠᠬᠤᠶ ᠶᠢᠨ ᠨᠥᠬᠦᠪᠥᠷᠢᠯᠡᠬᠦ ᠲᠣᠭᠲᠠᠴᠠ ᠶᠢ ᠰᠤᠳᠤᠯᠤᠨ ᠪᠠᠶᠢᠭᠤᠯᠬᠤ ᠬᠡᠷᠡᠭᠲᠡᠶ᠃      ︵ᠶᠢᠰᠦ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ  ᠪᠠᠶᠢᠳᠠᠯ ᠢ ᠪᠦᠬᠦ ᠬᠦᠴᠦ ᠪᠠᠷ ᠢᠶᠠᠨ ᠪᠣᠢ ᠪᠣᠯᠭᠠᠬᠤ ᠬᠡᠷᠡᠭᠲᠡᠢ᠃      ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠶᠡᠬᠡᠪᠡᠷ ᠠᠬᠢᠭᠤᠯᠬᠤ ᠬᠡᠷᠡᠭᠲᠡᠶ᠃  ︽ᠠᠩᠬᠠᠨ ᠤ ᠡᠭᠦᠳᠦᠯᠲᠡ ᠳᠤ ᠲᠤᠰᠠᠯᠠᠬᠤ︾ ᠨᠡᠷᠡᠳᠤ ᠲᠡᠮᠳᠡᠭᠲᠦ ᠶᠢᠨ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠬᠥᠳᠡᠯᠮᠦᠷᠢ ᠬᠦᠴᠦᠨ ᠢ ᠬᠡᠷᠡᠭᠯᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠵᠤ᠂ ᠰᠣᠷᠭᠠᠭᠤᠯᠢ ᠲᠡᠭᠦᠰᠦᠭᠰᠡᠨ ᠣᠶᠣᠲᠠᠳ᠂ ᠦᠢᠯᠡᠳᠪᠦᠷᠢᠯᠡᠬᠦ ᠴᠢᠳᠠᠮᠵᠢ ᠶᠢ ᠪᠠᠭᠤᠷᠠᠭᠤᠯᠣᠭᠰᠠᠨ ᠠᠵᠤ ᠠᠬᠤᠶᠢᠯᠠᠯ ᠤᠨ ᠬᠤᠪᠢᠶᠠᠷᠢᠯᠠᠨ ᠭᠠᠷᠤᠭᠰᠠᠨ ᠠᠵᠢᠯᠳᠡᠨ ᠠᠵᠢᠯᠴᠢᠨ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠬᠦᠴᠦ ᠶᠢᠨ ᠠᠵᠢᠯ ᠣᠯᠭᠤᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠲᠠᠮᠫᠣᠷᠠᠯ ᠠᠴᠠ ᠪᠣᠯᠵᠣ ᠳᠦᠷᠢᠮ ᠢᠶᠠᠨ ᠬᠤᠪᠢᠷᠠᠭᠤᠯᠣᠭᠰᠠᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠢ ᠲᠥᠪᠬᠢᠨᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠪᠦᠲᠦᠴᠡ ᠶᠢᠨ ᠴᠢᠨᠠᠷᠲᠤ ᠠᠵᠢᠯ ᠦᠭᠡᠶᠢᠳᠡᠯ ᠤᠨ ᠵᠥᠷᠢᠴᠡᠯ ᠢ ᠨᠠᠮᠳᠠᠭᠤᠯᠬᠤ ᠬᠡᠷᠡᠭᠲᠡᠢ᠃ ᠠᠮᠢᠳᠤᠯᠢᠭ ᠠᠵᠢᠯ ᠣᠯᠭᠤᠯᠲᠠ ᠪᠣᠯᠣᠨ ᠰᠢᠨ᠎ᠡ ᠮᠠᠶ᠋ᠢᠭ ᠤᠨ ᠠᠵᠢᠯ ᠣᠯᠭᠤᠯᠲᠠ ᠶᠢ ᠳᠡᠮᠵᠢᠬᠦ ᠶᠢ ᠴᠢᠩᠭᠠᠳᠬᠠᠬᠤ ᠬᠡᠷᠡᠭᠲᠡᠶ᠃ ᠠᠵᠢᠯ ᠣᠯᠭᠤᠯᠲᠠ ᠳᠤ ᠲᠤᠰᠠᠯᠠᠬᠤ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠳᠡ ᠶᠢᠨ ᠬᠠᠯᠠᠮᠵᠢ ᠶᠢᠨ ᠴᠢᠨᠠᠷᠲᠠᠶ ᠠᠵᠢᠯ ᠤᠨ ᠪᠠᠶᠢᠷᠢ ᠣᠯᠭᠤᠬᠤ ᠪᠠ ᠬᠠᠮᠢᠶᠠᠷᠬᠤ ᠠᠵᠢᠯ ᠢ ᠵᠢᠷᠤᠮᠵᠢᠭᠤᠯᠵᠣ᠂ ︽ᠠᠵᠢᠯ ᠣᠯᠤᠭᠰᠠᠨ ᠬᠥᠮᠦᠨ ᠦᠭᠡᠢ ᠭᠡᠷ ᠪᠦᠯᠢ︾  ᠳᠤ ᠲᠤᠰᠠᠯᠠᠮᠵᠢ ᠦᠵᠡᠭᠦᠯᠬᠦ ᠠᠵᠢᠯ ᠢ ᠰᠠᠶᠢᠲᠤᠷ ᠠᠳᠬᠤᠨ᠎ᠠ᠃      ᠠᠷᠠᠳ ᠤᠨ ᠠᠮᠢᠳᠤᠷᠠᠯ ᠤᠨ ᠨᠡᠶᠢᠭᠡᠮ ᠤᠨ ᠪᠠᠲᠣᠯᠠᠭ᠎ᠠ ᠶᠢᠨ ᠲᠣᠣᠷ ᠢ ᠯᠠᠪᠳᠠᠭᠤᠨ ᠪᠠᠲᠤᠲᠠᠢ ᠪᠠᠶᠢᠯᠭᠠᠨ᠎ᠠ᠃  ᠪᠦᠬᠦ ᠠᠷᠠᠳ ᠢᠶᠠᠷ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠯᠪᠠᠨ ᠪᠠᠶᠢᠭᠤᠯᠭ᠎ᠠ  ᠪᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠨᠢᠭᠡᠳᠬᠡᠨ᠎ᠡ᠃ ᠨᠡᠶᠢᠲᠡ ᠶᠢᠨ ᠪᠤᠰᠤ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠮᠢᠳᠤᠯᠢᠭ ᠢᠶᠠᠷ ᠠᠵᠢᠯ ᠣᠯᠤᠭᠰᠠᠳ ᠪᠣᠯᠣᠨ ᠬᠥᠯᠥᠰᠥᠨ ᠠᠵᠢᠯᠴᠢᠨ ᠢᠶᠠᠷ ᠭᠤᠣᠯᠳᠠᠯᠭ᠎ᠠ ᠪᠣᠯᠭᠠᠨ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃  ᠬᠦᠴᠢᠷᠳᠡᠯᠲᠡᠶ ᠠᠷᠠᠳ ᠤᠨ ᠠᠮᠢᠳᠣᠷᠠᠯ ᠤᠨ ᠪᠠᠲᠤᠯᠠᠭ᠎ᠠ ᠶᠢᠨ ᠬᠦᠴᠦᠯᠡᠴᠡ ᠶᠢ ᠨᠡᠮᠡᠭᠳᠡᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠ ᠲᠦᠷ ᠴᠠᠭ ᠤᠨ ᠠᠪᠤᠷᠠᠨ ᠲᠤᠰᠠᠯᠠᠬᠤ ᠶᠢ ᠰᠠᠶᠢᠲᠤᠷ ᠬᠢᠬᠦ ᠬᠡᠷᠡᠭᠲᠡᠶ᠃ ︽ᠨᠢᠭᠡ ᠰᠠᠯᠠᠭ᠎ᠠ ᠮᠥᠴᠢᠷ ᠬᠦᠯᠢᠶᠡᠨ ᠠᠪᠴᠤ᠂ ᠣᠯᠠᠨ ᠰᠠᠯᠠᠭ᠎ᠠ ᠮᠦᠴᠢᠷ ᠬᠠᠮᠵᠢᠯᠴᠠᠨ ᠰᠢᠢᠳᠪᠦᠷᠢᠯᠡᠬᠦ︾ ᠲᠣᠭᠲᠠᠴᠠ ᠶᠢ ᠲᠡᠭᠦᠯᠳᠡᠷᠵᠢᠭᠦᠯᠵᠦ᠂ ᠬᠦᠴᠢᠷᠳᠡᠯᠲᠡᠶ ᠠᠷᠠᠳ ᠤᠨ ᠴᠠᠭ ᠲᠤᠬᠠᠶ ᠳᠤᠨᠢ ᠲᠤᠰᠠᠯᠠᠮᠵᠢ ᠬᠦᠷᠲᠡᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠶᠢᠷᠠᠯᠠᠵᠤ ᠬᠠᠮᠠᠭᠠᠯᠠᠬᠤ ᠪᠠ ᠬᠤᠳᠠ ᠬᠥᠳᠡᠭᠡ ᠶᠢᠨ ᠬᠦᠴᠢᠷᠳᠡᠯᠲᠡᠶ ᠬᠡᠥᠬᠡᠳ ᠤᠨ ᠪᠠᠲᠤᠯᠠᠭ᠎ᠠ ᠶᠢ ᠴᠢᠩᠭᠠᠳᠬᠠᠵᠤ᠂ ᠦᠷᠡᠭᠳᠡᠭᠰᠡᠨ ᠪᠠᠭᠠᠲᠤᠷ ᠤᠨ ᠭᠡᠷ ᠪᠦᠯᠢ ᠪᠣᠯᠤᠨ ᠭᠤᠨᠢ ᠨᠠᠰᠤᠲᠠᠨ ᠢ ᠬᠠᠷᠠᠭᠠᠯᠵᠠᠨ ᠬᠠᠪᠰᠤᠷᠴᠤ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃  ᠨᠡᠶᠢᠭᠡᠮ ᠲᠣᠭᠤᠷᠢᠭ ᠪᠠ ᠭᠡᠷ ᠪᠦᠯᠢ ᠶᠢᠨ ᠮᠠᠶ᠋ᠢᠭ ᠤᠨ ᠬᠠᠭᠤᠴᠢᠷᠠᠭᠰᠠᠨ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠨᠠᠰᠤᠲᠠᠨ ᠰᠠᠭᠤᠭ᠎ᠠ ᠬᠠᠷᠢᠴᠠᠯ ᠥᠨᠳᠥᠷ ᠣᠷᠣᠨ ᠰᠠᠭᠤᠴᠠ ᠶᠢᠨ ᠠᠰᠠᠷ ᠲᠤ ᠴᠠᠬᠢᠯᠭᠠᠨ ᠱᠠᠲᠤ ᠪᠠᠶᠢᠷᠢᠯᠠᠭᠤᠯᠬᠤ ᠶᠢ ᠳᠡᠮᠵᠢᠨ᠎ᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ︽ᠦᠨᠡᠮᠯᠡᠯ ᠠᠪᠬᠤ ᠳᠤ ᠬᠦᠴᠢᠷᠲᠡᠶ︾ ︽ᠲᠡᠬᠢᠠ ᠪᠤᠴᠠᠬᠤ ᠳᠤ ᠬᠦᠴᠢᠷᠲᠡᠶ︾ ᠪᠠᠶᠢᠬᠤ ᠵᠡᠷᠭᠡ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠬᠦ ᠬᠡᠷᠡᠭᠲᠡᠢ᠃  4173 ᠨᠡᠶᠢᠲᠡ ᠶᠢᠨ ᠲᠦᠷᠢᠶᠡᠰᠦᠨ ᠤ ᠭᠡᠷ ᠪᠠᠶᠢᠰᠢᠩ ᠂ 27.3 ᠲᠦᠮᠡᠨ ᠲᠡᠭᠰᠢ ᠳᠥᠷᠪᠡᠯᠵᠢᠨ ᠮᠧᠲᠷ ᠨᠡᠶᠢᠲᠡ ᠶᠢᠨ ᠲᠦᠷᠢᠶᠡᠰᠦᠨ ᠤ ᠭᠡᠷ ᠪᠠᠶᠢᠰᠢᠩ ᠤᠨ ᠲᠦᠷᠢᠶᠡᠰᠦᠯᠡᠵᠦ ᠬᠤᠳᠠᠯᠳᠣᠭᠠᠯᠠᠬᠤ ᠶᠢ ᠵᠡᠷᠭᠡᠪᠡᠷ ᠶᠠᠪᠣᠭᠳᠠᠭᠤᠯᠬᠤ ᠶᠢ ᠲᠦᠯᠬᠢᠨ ᠠᠬᠢᠭᠤᠯᠣᠨ᠎ᠠ᠃ ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠪᠣᠯᠣᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠲᠥᠷᠭᠡᠳᠬᠡᠵᠦ᠂ ᠨᠡᠩ ᠤᠯᠠᠨ ᠣᠬᠢ ᠰᠢᠯᠢᠳᠡᠭ ᠠᠮᠢ ᠠᠬᠤᠶ ᠶᠢᠨ ᠣᠷᠣᠨ ᠰᠠᠭᠤᠴᠠ ᠶᠢᠨ ᠦᠢᠯᠡᠳᠬᠦᠨ ᠬᠠᠩᠭᠠᠨ᠎ᠠ᠃      ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠦᠭᠵᠢᠭᠦᠯᠦᠨ᠎ᠡ᠃ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ  ᠶᠢ ᠶᠡᠬᠡᠪᠡᠷ ᠲᠦᠯᠬᠢᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ 9᠂ ᠬᠡᠦᠬᠡᠳ ᠤᠨ ᠴᠡᠴᠡᠷᠯᠢᠭ 9  ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠢᠯᠬ᠎ᠠ ᠬᠡᠥᠬᠡᠳ ᠢ ᠠᠰᠠᠷᠠᠵᠤ ᠬᠠᠷᠠᠭᠠᠯᠵᠠᠬᠤ ᠬᠢᠭᠡᠳ ᠬᠡᠦᠬᠡᠳ ᠤᠨ ᠡᠬᠢᠨ ᠤ ᠦᠶ᠎ᠡ ᠶᠢᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠭᠠᠭᠤᠯᠢ ᠶᠢᠨ ᠳᠠᠷᠤᠭ᠎ᠠ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠪᠣᠯᠤᠨ ᠨᠡᠷᠡᠲᠦ ᠪᠠᠭᠰᠢ ᠬᠥᠮᠦᠵᠢᠭᠦᠯᠬᠦ ᠶᠢ ᠰᠠᠶᠢᠲᠤᠷ ᠠᠳᠬᠤᠵᠤ᠂ ᠴᠢᠨᠠᠷᠯᠢᠭ ᠰᠤᠷᠭᠠᠭᠤᠯᠢ ᠶᠢᠨ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠬᠢᠯᠡᠬᠦ ᠶᠢ ᠵᠣᠷᠢᠭᠵᠢᠭᠤᠯᠵᠤ᠂ ᠣᠷᠣᠭᠤᠯᠤᠨ ᠠᠪᠴᠢᠷᠠᠬᠤ ᠪᠠ ᠬᠤᠯᠪᠣᠭᠠᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠤᠯᠤᠰ ᠤᠨ ᠳᠣᠲᠣᠭᠠᠳᠤ ᠶᠢᠨ ᠨᠡᠷᠡᠲᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠶᠢ ᠳᠡᠮᠵᠢᠨ᠂ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠶ ᠬᠠᠮᠲᠣ ᠪᠠᠷ ᠡᠳ᠋ᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠬᠢᠯᠡᠬᠦ ᠶᠢ ᠳᠡᠮᠵᠢᠵᠦ ᠵᠢᠷᠤᠮᠵᠢᠭᠤᠯᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 15 ᠵᠢᠯ ᠤᠨ ᠳᠦᠷᠢᠮᠲᠦ ᠮᠣᠩᠭᠤᠯ ᠰᠤᠷᠭᠠᠭᠤᠯᠢ ᠶᠢ ᠡᠬᠢᠯᠡᠨ ᠪᠠᠶᠢᠭᠤᠯᠣᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠲᠦᠯᠦᠪᠵᠢᠭᠦᠯᠦᠨ ᠪᠠᠶᠢᠭᠤᠯᠵᠣ᠂ ᠦᠢᠯᠡᠳᠪᠦᠷᠢᠯᠡᠯ ᠬᠥᠮᠦᠵᠢᠯ ᠤᠨ ᠤᠶᠠᠯᠳᠤᠯ ᠪᠣᠯᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠡᠯᠪᠡᠷᠢ ᠪᠠᠨ ᠬᠤᠪᠢᠷᠠᠭᠤᠯᠤᠭᠰᠠᠨ ᠬᠦᠭᠵᠢᠯᠲᠡ ᠶᠢᠨ ᠪᠠᠶᠢᠳᠠᠯ ᠳᠤ ᠵᠣᠬᠢᠴᠠᠭᠰᠠᠨ ᠠᠵᠤ ᠦᠢᠯᠡᠳᠪᠦᠷᠢ ᠶᠢᠨ ᠠᠵᠢᠯᠴᠢᠨ ᠪᠣᠯᠤᠨ ᠲᠧᠭᠨᠢᠭ ᠮᠡᠷᠭᠡᠵᠢᠯ ᠤᠨ ᠡᠩᠨᠡᠭᠡ ᠶᠢ ᠪᠠᠶᠢᠭᠤᠯᠣᠨ᠎ᠠ᠃      ᠡᠷᠡᠭᠦᠯ ᠬᠦᠬᠡᠬᠤᠲᠠ ᠶᠢ ᠲᠥᠷᠭᠡᠳᠬᠡᠨ ᠪᠠᠶᠢᠭᠤᠯᠣᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠤᠳᠠ ᠶᠢᠨ ᠳᠡᠰ ᠠᠴᠠ ᠳᠣᠷᠣᠭᠰᠢᠬᠢ ᠡᠮᠨᠡᠯᠭᠡ ᠶᠢᠨ ᠬᠤᠷᠢᠶ᠎ᠠ ᠶᠢᠨ ᠤᠳᠤ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠶᠢ ᠲᠦᠯᠬᠢᠨ  ᠠᠬᠢᠭᠤᠯᠣᠨ᠎ᠠ᠃ ᠳᠡᠰ ᠬᠤᠪᠢᠶᠠᠵᠤ ᠣᠨᠣᠰᠢᠯᠠᠨ ᠡᠮᠨᠡᠬᠦ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂  ᠡᠮᠴᠢᠯᠡᠭᠡᠨ ᠤ ᠬᠤᠯᠪᠣᠭᠠᠲᠤ ᠴᠣᠭᠴᠠ ᠪᠣᠯᠣᠨ ᠨᠡᠷᠡᠲᠦ ᠡᠮᠴᠢ ᠶᠢᠨ ᠠᠵᠢᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ  ᠳᠡᠭᠡᠭᠰᠢᠯᠡᠭᠦᠯᠬᠦ ᠬᠡᠷᠡᠭᠲᠡᠶ᠃  ︽ᠡᠮᠨᠡᠯᠭᠡ ᠶᠢᠨ ᠳᠠᠭᠠᠳᠬᠠᠯ᠂ ᠡᠮ ᠤᠨ ᠵᠦᠢᠯ᠂ ᠡᠮᠴᠢᠯᠡᠯᠭᠡ ᠭᠤᠷᠪᠠ ᠶᠢᠨ ᠬᠠᠮᠲᠤᠷᠠᠨ ᠬᠥᠳᠡᠯᠦᠯᠴᠡᠬᠦ︾ ᠶᠢ ᠭᠦᠨᠵᠡᠭᠡᠶ ᠲᠦᠯᠬᠢᠨ ᠠᠬᠢᠭᠤᠯᠵᠤ᠂ ᠡᠮ ᠤᠨ ᠵᠦᠢᠯ ᠤᠨ ᠦᠨ᠎ᠡ ᠶᠢ ᠦᠷᠭᠦᠯᠵᠢᠯᠡᠨ  ᠪᠠᠭᠤᠷᠠᠭᠤᠯᠵᠣ᠂ ᠣᠷᠣᠨ ᠤ ᠳᠣᠲᠣᠷ᠎ᠠ ᠪᠠ ᠮᠤᠵᠢ ᠠᠯᠤᠰᠯᠠᠨ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ ᠲᠦᠯᠬᠢᠨ ᠠᠬᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠤ ᠤᠯᠠᠨ ᠳᠡᠰ ᠳᠠᠪᠬᠤᠷᠭ᠎ᠠ ᠶᠢᠨ ᠤᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠳᠡᠮᠵᠢᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠤᠲᠠ ᠶᠢᠨ ᠳᠣᠲᠣᠷᠠᠬᠢ ᠳᠥᠷᠪᠡᠨ ᠲᠣᠭᠤᠷᠢᠭ ᠤᠨ ᠲᠥᠪ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠡᠬᠢᠯᠡᠭᠦᠯᠵᠦ᠂ ᠤᠯᠤᠰ ᠤᠨ ᠳᠣᠲᠣᠭᠠᠳᠤ ᠪᠣᠯᠣᠨ ᠣᠷᠣᠨ ᠤ ᠳᠣᠲᠣᠷᠠᠬᠢ ᠲᠤᠮᠤ ᠬᠡᠯᠪᠡᠷᠢ ᠶᠢᠨ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠡᠮᠨᠡᠯᠭᠡ ᠶᠢᠨ ᠬᠤᠯᠪᠣᠭᠠᠲᠣ ᠴᠣᠭᠴᠠ ᠶᠢ ᠪᠠᠶᠢᠭᠤᠯᠣᠨ᠎ᠠ᠃ ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠪᠠ ᠬᠤᠳᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠲᠥᠪ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠦ᠂ 10 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠣᠨ᠎ᠠ᠃ ︽ᠨᠠᠰᠤᠲᠠᠳ ᠪᠣᠯᠣᠨ ᠶᠠᠳᠠᠭᠤ ᠬᠦᠴᠢᠷᠳᠡᠯᠲᠡᠶ ᠬᠦᠮᠦᠰ ᠶᠢ ᠬᠠᠷᠠᠭᠠᠯᠵᠠᠨ ᠬᠠᠶᠢᠷᠠᠯᠠᠬᠤ ᠠᠵᠢᠯᠯᠠᠭ᠎ᠠ︾ ᠶᠢᠨ ᠲᠦᠷᠦᠯ ᠵᠦᠢᠯ ᠢ ᠡᠬᠢᠯᠡᠭᠦᠯᠵᠦ᠂ ᠡᠷᠡᠭᠦᠯ ᠨᠡᠶᠢᠭᠡᠮ ᠲᠣᠭᠤᠷᠢᠭ ᠢ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠬᠥᠮᠦᠨ ᠠᠮᠠ ᠶᠢᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃      ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠣᠨ᠎ᠠ᠃ ᠦᠨᠳᠦᠰᠦᠨ ᠱᠠᠲᠤᠨ ᠤ ᠠᠷᠠᠳᠴᠢᠯᠠᠯ ᠤᠨ ᠤᠯᠤᠰ ᠲᠦᠷᠦ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠪᠠᠳᠤᠭᠠᠷ ᠬᠤᠭᠤᠴᠠᠭᠠᠨ ᠤ ᠭᠠᠴᠠᠭᠠᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠶᠠᠪᠣᠭᠤᠯᠣᠨ᠎ᠠ᠃ ᠨᠡᠶᠢᠭᠡᠮ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠰᠢᠨ᠎ᠡ ᠶᠢ ᠡᠭᠦᠳᠦᠭᠰᠡᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ 100 ᠶᠢ ᠪᠠᠶᠢᠭᠤᠯᠵᠣ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠤᠷᠰᠢᠨ ᠬᠢᠬᠦ ᠪᠠᠷ ᠪᠣᠢ᠃  ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠲᠣᠷᠰᠢᠯᠲᠠ ᠶᠢᠨ ᠬᠤᠲᠠ ᠶᠢᠨ ᠪᠥᠳᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠬᠤᠲᠠ ᠶᠢᠨ ᠨᠢᠭᠡᠳᠦᠯᠲᠡᠶ ᠢᠲᠡᠭᠡᠮᠵᠢ ᠶᠢᠨ ᠬᠠᠮᠢᠶᠠᠷᠤᠯᠲᠠ ᠶᠢᠨ ᠲᠠᠪᠴᠠᠩ ᠢ  ᠪᠠᠶᠢᠭᠤᠯᠵᠣ᠂ ᠢᠲᠡᠭᠡᠮᠵᠢᠲᠡᠶ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠪᠠᠯ ᠵᠠᠯᠬᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠲᠡᠭᠡᠮᠵᠢ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽ᠬᠦᠯᠦᠰᠦᠨ ᠮᠦᠩᠭᠦ ᠬᠤᠶᠢᠰᠢᠯᠠᠭᠤᠯᠬᠤ ᠶᠢ ᠴᠡᠭᠴᠡᠯᠡᠵᠦ᠂ ᠴᠠᠭ ᠲᠣᠬᠠᠢ  ᠳᠤᠨᠢ ᠣᠯᠭᠤᠬᠤ ᠶᠢ ᠬᠠᠮᠠᠭᠠᠯᠠᠬᠤ︾ ᠠᠵᠢᠯ ᠢ ᠪᠦᠬᠦ ᠬᠦᠴᠦᠨ ᠢᠶᠠᠷ ᠠᠳᠬᠤᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠠᠭᠤᠰᠤᠯᠴᠠᠯ ᠢ ᠠᠬᠢᠭᠤᠯᠣᠨ᠎ᠠ᠃ ᠱᠠᠰᠢᠨ ᠰᠤᠷᠲᠠᠬᠤᠨ ᠤ ᠡᠶ᠎ᠡ ᠵᠣᠬᠢᠴᠠᠯ ᠪᠣᠯᠣᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃  ᠮᠣᠩᠭᠤᠯ ᠬᠡᠯᠡ ᠪᠢᠴᠢᠭ ᠢ ᠳᠡᠯᠭᠡᠷᠡᠭᠦᠯᠬᠦ ᠶᠢ ᠬᠦᠨᠳᠦᠳᠬᠡᠨ ᠦᠵᠡᠵᠦ᠂ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠴᠢᠯᠠᠯᠲᠠ ᠶᠢᠨ ᠶᠡᠷᠦᠩᠬᠡᠶᠢᠯᠡᠭᠰᠡᠨ ᠲᠠᠪᠴᠠᠩ ᠢ ᠪᠠᠶᠢᠭᠤᠯᠵᠤ᠂ ᠮᠣᠩᠭᠤᠯ ᠬᠡᠯᠡᠨ ᠤ ᠰᠤᠪᠠᠭ ᠢ ᠡᠷᠬᠢᠯᠡᠬᠦ ᠬᠡᠷᠡᠭᠲᠡᠢ᠃ ᠤᠯᠠᠭᠠᠨ ᠵᠠᠭᠠᠯᠮᠠᠶ ᠶᠢᠨ ᠦᠢᠯᠡᠰ ᠢ ᠶᠡᠬᠡᠪᠡᠷ  ᠬᠦᠭᠵᠢᠭᠦᠯᠵᠦ᠂ ᠨᠡᠶᠢᠲᠡ ᠶᠢᠨ ᠠᠰᠠᠷᠠᠮᠵᠢ ᠪᠣᠯᠤᠨ ᠨᠢᠭᠦᠯᠡᠰᠦᠩᠭᠦᠶ ᠶᠢᠨ ᠠᠵᠢᠯ ᠦᠢᠯᠡᠰ ᠤᠨ ᠬᠠᠤᠯᠢ ᠶᠣᠰᠣᠭᠠᠷ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠣᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ  ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠤᠯᠠᠨ ᠲᠦᠮᠡᠨ ᠤ ᠡᠪᠯᠡᠯ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶ᠂ ᠬᠡᠦᠬᠡᠳ᠂ ᠨᠠᠰᠤᠲᠠᠨ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠣᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠵᠣᠬᠢᠰᠲᠠᠶ ᠡᠷᠡᠮᠡᠯᠵᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠶ ᠳᠤᠨᠢ ᠰᠢᠢᠳᠪᠦᠷᠢᠯᠡᠨ᠎ᠡ᠃ ᠠᠶᠤᠯᠭᠦᠶ ᠦᠢᠯᠡᠳᠪᠦᠷᠢᠯᠡᠯ ᠢ ᠰᠢᠨᠲᠠᠷᠠᠰᠢ ᠦᠭᠡᠢ ᠰᠠᠶᠢᠨ ᠠᠳᠬᠤᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠴᠠᠭ ᠠᠭᠤᠷ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠳᠠ ᠶᠢᠨ ᠭᠠᠯ ᠤᠨᠲᠠᠷᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂1326 ᠭᠠᠯ ᠤᠨᠲᠠᠷᠠᠭᠠᠭᠤᠯ᠂ 56 ᠭᠠᠯ ᠤᠨᠲᠠᠷᠠᠭᠠᠬᠤ ᠳᠡᠭᠡᠯᠡᠶ ᠭᠤᠭᠤᠵᠢᠭᠤᠷ ᠰᠢᠨ᠎ᠡ ᠪᠠᠷ ᠲᠠᠭᠠᠷᠠᠭᠤᠯᠵᠣ᠂ 243 ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠪᠢᠴᠢᠯ ᠥᠷᠲᠡᠭᠡ ᠪᠠᠶᠢᠭᠤᠯᠬᠤ  ᠪᠠᠷ ᠪᠠᠶᠢᠨ᠎ᠠ᠃ ︽ᠪᠦᠬᠦ ᠣᠯᠣᠰ ᠤᠨ ᠢᠳᠡᠭᠡᠨ ᠤ ᠠᠮᠣᠷ ᠲᠦᠪᠰᠢᠨ ᠤ ᠵᠢᠱᠢᠶ᠎ᠡ ᠦᠵᠡᠭᠦᠯᠬᠦ ᠬᠤᠲᠠ  ᠶᠢ ᠡᠭᠦᠳᠦᠨ ᠪᠠᠶᠢᠭᠤᠯᠬᠤ ᠪᠠ ᠲᠠᠷᠢᠶᠠᠯᠩ ᠤᠨ ᠪᠦᠲᠦᠭᠡᠭᠳᠡᠭᠦᠨ ᠤ ᠴᠢᠨᠠᠷ ᠴᠢᠨᠰᠠᠭ᠎ᠠ ᠠᠮᠣᠷ ᠲᠦᠪᠰᠢᠨ ᠰᠢᠶᠠᠨ ᠢ ᠡᠭᠦᠳᠦᠨ ᠪᠠᠶᠢᠭᠤᠯᠬᠤ︾  ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ︽ᠲᠣᠭᠤᠭᠠᠨ ᠭᠡᠷ ᠤᠨ ᠬᠤᠪᠢᠰᠤᠯᠲᠠ︾ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠢᠳᠡᠭᠡᠨ ᠡᠮ ᠤᠨ ᠵᠦᠢᠯ ᠤᠨ ᠠᠶᠤᠯᠭᠦᠶ ᠶᠢᠨ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠂ ᠴᠡᠷᠢᠭ ᠠᠷᠠᠳ ᠤᠨ ᠠᠭᠤᠰᠤᠯᠴᠠᠯ ᠤᠨ ᠬᠦᠭᠵᠢᠯᠲᠡ ᠶᠢ ᠠᠬᠢᠭᠤᠯᠵᠤ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ ᠠᠮᠤᠷ ᠲᠠᠶᠢᠪᠤᠩ ᠲᠥᠪ ᠬᠤᠲᠠ ᠶᠢᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠠᠮᠤᠷ ᠲᠦᠪᠰᠢᠨ ᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ︵ᠠᠷᠪᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠣ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠵᠠᠰᠠᠭ ᠪᠠᠷᠢᠬᠤ ᠳᠤ ᠬᠠᠮᠤᠭ ᠭᠤᠣᠯ ᠨᠢ ᠲᠣᠰ ᠪᠡᠶ᠎ᠡ ᠶᠢᠨ ᠪᠠᠶᠢᠭᠤᠯᠣᠯᠲᠠ ᠪᠣᠯᠣᠨ᠎ᠠ᠃ ᠬᠤᠳᠠ ᠶᠢᠨ ᠵᠠᠰᠠᠭ ᠤᠨ ᠣᠷᠳᠣᠨ ᠨᠢ ᠡᠭᠦᠷᠭᠡ ᠴᠢᠳᠠᠪᠤᠷᠢ ᠶᠢᠨ ᠬᠤᠪᠢᠷᠠᠭᠤᠯᠣᠯᠲᠠ ᠪᠠᠨ ᠲᠦᠷᠭᠡᠳᠬᠡᠵᠦ᠂ ᠵᠠᠰᠠᠭ ᠵᠠᠬᠢᠷᠭᠠᠨ ᠤ ᠠᠵᠢᠯᠯᠠᠭ᠎ᠠ ᠪᠠᠨ ᠵᠢᠷᠤᠮᠵᠢᠭᠤᠯᠤᠨ᠂ ᠦᠢᠯᠡᠴᠢᠯᠡᠭᠡᠨ ᠤ ᠦᠢᠯᠡᠳᠦᠯ ᠴᠢᠳᠠᠮᠵᠢ ᠪᠠᠨ ᠰᠢᠯᠢᠳᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠷᠠᠳ ᠲᠦᠮᠡᠨ ᠤ ᠰᠡᠳᠬᠢᠯ ᠬᠠᠨᠤᠮᠰᠢᠭᠰᠠᠨ ᠰᠤᠷᠤᠯᠴᠠᠬᠤ ᠪᠠ ᠬᠠᠤᠯᠢ ᠪᠠᠷ ᠵᠠᠰᠠᠬᠤ ᠮᠠᠶ᠋ᠢᠭ ᠤᠨ ᠥᠨᠳᠥᠷ ᠪᠦᠲᠦᠮᠵᠢᠲᠡᠶ ᠠᠷᠢᠭᠤᠨ ᠴᠢᠬᠡᠴᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃      ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ︽ᠲᠦᠷᠪᠡᠨ ᠣᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠲᠦᠷᠪᠡᠡ ᠢᠲᠡᠭᠡᠯ︾ ᠢ ᠪᠠᠷᠢᠮᠲᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠭᠰᠡᠨ ᠨᠢᠭᠡᠳᠦᠯᠲᠡᠶ ᠤᠳᠤᠷᠢᠳᠤᠯᠭ᠎ᠠ ᠶᠠᠪᠣᠭᠤᠯᠬᠤ ᠶᠢ ᠡᠷᠡᠰ ᠬᠠᠮᠠᠭᠠᠯᠠᠵᠣ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠶᠣᠰᠣ ᠲᠦᠷᠢᠮ ᠢ ᠴᠢᠩᠭ᠎ᠠ ᠵᠢᠷᠣᠮᠯᠠᠨ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭ᠎ᠠ ᠪᠠᠶᠢᠯᠭᠠᠵᠤ᠂ ᠦᠵᠡᠯ ᠰᠠᠨᠠᠭ᠎ᠠ ᠤᠯᠤᠰ ᠲᠦᠷᠦ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠥᠪ ᠬᠤᠲᠠ ᠶᠢᠨ ᠡᠯ᠎ᠡ ᠵᠦᠢᠯ ᠤᠨ ᠠᠵᠢᠯ ᠢᠮᠠᠭᠲᠠ ᠵᠥᠪ ᠴᠢᠭᠯᠡᠯ ᠢᠶᠠᠷ ᠯᠠᠪᠳᠠᠭᠤᠨ ᠪᠠᠲᠤᠲᠠᠶ ᠶᠠᠪᠣᠭᠳᠠᠬᠤ ᠶᠢ ᠪᠠᠲᠣᠯᠠᠨ᠎ᠠ᠃  ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠠᠳᠬᠤᠨ᠂ ᠪᠦᠬᠦ ᠲᠠᠯ᠎ᠠ ᠶᠢ ᠬᠠᠮᠢᠶᠠᠷᠴᠣ᠂ ᠨᠠᠶᠢᠳᠠᠪᠣᠷᠢᠵᠢᠭᠤᠯᠬᠤ ᠶᠢ ᠪᠠᠲᠣᠯᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂  ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠣᠭᠳᠠᠬᠤ᠂ ᠵᠠᠷᠯᠢᠭ ᠢ ᠴᠢᠩᠭ᠎ᠠ ᠪᠡᠶᠡᠯᠡᠭᠦᠯᠬᠦ᠂ ᠠᠯᠬᠤᠭ᠎ᠠ ᠨᠢᠭᠡᠲᠡᠶ ᠪᠠᠶᠢᠬᠤ ᠶᠢ ᠪᠠᠲᠣᠯᠠᠵᠣ᠂ ᠡᠯ᠎ᠡ ᠵᠦᠢᠯ ᠤᠨ ᠡᠭᠦᠷᠭᠡ ᠶᠢ ᠰᠢᠭᠤᠷᠬᠠᠢ ᠪᠡᠶᠡᠯᠡᠭᠦᠯᠦᠨ᠎ᠡ᠃      ᠰᠤᠷᠤᠯᠴᠠᠬᠤ ᠰᠤᠷᠲᠠᠯ ᠢ ᠶᠡᠭᠡ ᠪᠠᠷ ᠳᠡᠯᠭᠡᠷᠡᠭᠦᠯᠦᠨ᠎ᠡ᠃ ᠰᠢᠨ᠎ᠡ ᠴᠠᠭ ᠦᠶ᠎ᠡ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ ᠨᠠᠰᠤᠨ ᠲᠤᠷᠰᠢᠳᠠ ᠰᠤᠷᠤᠯᠴᠠᠬᠤ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂  ᠺᠠᠳ᠋ᠷ ᠤᠨ ᠡᠩᠨᠡᠭᠡᠨ ᠤ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ  ᠴᠣᠭᠴᠠᠯᠠᠨ ᠪᠠᠶᠢᠭᠤᠯᠤᠨ᠎ᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ  ᠬᠦᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠯᠣᠨ᠂ ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠤᠨ ᠰᠣᠷᠣᠯᠴᠠᠯᠭ᠎ᠠ ᠪᠣᠯᠪᠠᠰᠣᠷᠠᠯ ᠢ ᠪᠦᠬᠦ ᠲᠠᠯ᠎ᠠ ᠪᠠᠷ ᠥᠷᠨᠢᠭᠦᠯᠵᠦ᠂ ᠭᠠᠳᠠᠭᠰᠢ ᠭᠠᠷᠴᠤ ᠰᠣᠯᠢᠯᠴᠠᠬᠤ ᠪᠠ ᠠᠵᠢᠯ ᠤᠨ ᠪᠠᠶᠢᠷᠢ ᠪᠠᠨ ᠡᠭᠡᠯᠵᠢᠯᠡᠨ ᠦᠢᠯᠡᠳᠦᠯᠭᠡᠵᠢᠬᠦ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠠᠳᠠᠯᠢ ᠪᠤᠰᠤ ᠬᠡᠯᠪᠡᠷᠢ ᠪᠠᠷ ᠳᠠᠮᠵᠢᠭᠤᠯᠤᠨ᠂ ᠤᠯᠤᠰ ᠲᠥᠷᠥ ᠶᠢᠨ ᠣᠨᠣᠯ᠂ ᠲᠡᠷᠢᠭᠦᠨ ᠤ ᠦᠵᠡᠯᠲᠡ᠂ ᠲᠤᠬᠠᠶᠢᠯᠠᠭᠰᠠᠨ ᠠᠵᠢᠯ ᠤᠨ ᠮᠡᠳᠡᠯᠭᠡ ᠵᠡᠷᠭᠡ ᠪᠠᠨ ᠴᠢᠩᠭᠠᠳᠬᠠᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷᠴᠤᠳ ᠤᠨ ᠡᠩᠨᠡᠭᠡ ᠶᠢ ᠲᠥᠷᠭᠡᠳᠬᠡᠨ ᠪᠠᠶᠢᠭᠤᠯᠵᠤ᠂ ᠲᠤᠰᠬᠠᠶ ᠮᠡᠷᠭᠡᠵᠢᠯ ᠤᠨ ᠴᠢᠳᠠᠪᠣᠷᠢ ᠶᠢ ᠬᠦᠮᠦᠵᠢᠭᠦᠯᠦᠨ᠂ ᠲᠤᠰᠬᠠᠶ ᠮᠡᠷᠭᠡᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠣ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠴᠢᠳᠠᠪᠤᠷᠢ ᠪᠠᠨ ᠨᠡᠮᠡᠭᠳᠡᠭᠦᠯᠵᠦ᠂ ᠥᠷᠭᠡᠨ ᠤᠯᠠᠨ ᠺᠠᠳ᠋ᠷ ᠤᠨ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠬᠦ᠂ ᠴᠠᠭ ᠤᠨ ᠪᠠᠶᠢᠳᠠᠯ ᠢ ᠵᠠᠳᠠᠯᠣᠨ ᠰᠢᠨᠵᠢᠯᠡᠬᠦ᠂ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠬᠤ ᠵᠡᠷᠭᠡ ᠴᠢᠳᠠᠪᠣᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃      ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠠᠬᠢᠭᠤᠯᠣᠨ᠎ᠠ᠃ ᠬᠠᠤᠯᠢ ᠪᠠᠷ ᠵᠠᠰᠠᠬᠤ ᠰᠡᠳᠬᠢᠴᠡ ᠶᠢ ᠪᠠᠲᠤ ᠪᠠᠬᠢ ᠪᠤᠢ ᠪᠣᠯᠭᠠᠵᠤ᠂ ︽ᠴᠢᠬᠤᠯᠠ ᠶᠡᠭᠡ ᠬᠡᠷᠡᠭ ᠶᠠᠪᠤᠳᠠᠯ ᠤᠨ ᠰᠢᠢᠳᠪᠦᠷᠢ᠂ ᠴᠢᠬᠤᠯᠠ ᠺᠠᠳ᠋ᠷ ᠤᠨ ᠲᠤᠰᠢᠶᠠᠯ ᠡᠭᠦᠷᠭᠡᠯᠡᠯ᠂ ᠴᠢᠬᠤᠯᠠ ᠲᠥᠷᠥᠯ ᠵᠦᠢᠯ ᠤᠨ ᠲᠤᠬᠢᠷᠠᠭᠤᠯᠤᠯᠲᠠ᠂ ᠶᠡᠭᠡ ᠬᠡᠮᠵᠢᠶᠡᠨ ᠤ ᠵᠠᠷᠤᠳᠠᠯ ᠤᠨ ᠬᠡᠷᠡᠭᠯᠡᠯᠲᠡ︾ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠦᠷᠢᠮ ᠢ ᠨᠠᠷᠢᠨ ᠬᠢᠨᠠᠮᠠᠭᠠᠶ  ᠬᠡᠷᠡᠭᠵᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾  ᠶᠢ ᠲᠣᠷᠰᠢᠨ ᠬᠢᠬᠦ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠰᠢᠢᠳᠪᠦᠷᠢᠲᠦ ᠪᠤᠳᠦᠯᠭ᠎ᠠ ᠲᠣᠭᠲᠠᠭᠠᠬᠤ ᠠᠴᠠ ᠡᠮᠦᠨᠡᠬᠢ ᠲᠦᠭᠰᠢᠭᠦᠷᠢ ᠶᠢ ᠦᠨᠡᠯᠡᠨ ᠵᠢᠱᠢᠬᠦ  ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠭᠤᠣᠯᠴᠢ ᠦᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ ᠵᠡᠷᠭᠡ ᠠᠵᠢᠯ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠠᠯᠢᠪᠠ ᠡᠷᠬᠡ ᠶᠢ ᠬᠠᠤᠯᠢ ᠪᠠᠷ ᠵᠠᠰᠠᠬᠤ ᠵᠢᠮ ᠢᠶᠠᠷ ᠶᠠᠪᠣᠭᠳᠠᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠣᠯᠣᠨ ᠤᠯᠤᠰ ᠲᠦᠷᠤ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠨᠠᠷᠢᠨ ᠭᠢᠨᠠᠮᠭᠠᠢ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠤᠨ ᠭᠠᠳᠠᠨᠠᠬᠢ ᠰᠡᠭᠡᠭᠡᠲᠡᠨ ᠤ ᠨᠥᠬᠦᠷᠯᠡᠯ ᠤᠨ ᠬᠤᠯᠪᠣᠭ᠎ᠠ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠳᠣᠯᠣᠳᠤᠭᠠᠷ ᠲᠠᠪᠤᠨ ᠵᠢᠯ ᠤᠨ ᠲᠥᠯᠥᠪᠯᠡᠭᠡ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠰᠠᠶᠢᠲᠤᠷ ᠠᠳᠬᠤᠵᠤ᠂ ᠪᠦᠬᠦ ᠠᠷᠠᠳ ᠤᠨ ᠤᠬᠠᠮᠰᠠᠷ ᠠᠴᠠ ᠪᠠᠨ ᠬᠠᠤᠯᠢ ᠴᠠᠭᠠᠵᠠ ᠶᠢ ᠰᠠᠬᠢᠬᠤ ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠲᠦᠰᠢᠭᠯᠡᠬᠦ ᠶᠢ ᠵᠢᠯᠣᠭᠤᠳᠣᠨ᠎ᠠ᠃      ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠬᠤ᠂ ᠺᠠᠳ᠋ᠷᠴᠤᠳ ᠤᠨ ᠦᠨᠳᠦᠰᠦᠨ ᠱᠠᠲᠤᠨ ᠳᠤ ᠪᠠᠭᠤᠵᠤ ᠪᠠᠶᠢᠳᠠᠯ ᠢ ᠣᠶᠢᠯᠠᠭᠠᠬᠤ ᠶᠢ ᠲᠥᠯᠬᠢᠨ ᠠᠬᠢᠭᠤᠯᠵᠤ᠂ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠮᠡᠲᠦ ᠶᠢᠨ ᠠᠰᠠᠭᠤᠳᠠᠯ ᠢ ᠡᠷᠡᠰ ᠬᠤᠷᠢᠭᠯᠠᠨ᠂  ︽ᠲᠦᠯᠬᠢᠬᠦ ᠵᠠᠶᠢᠯᠠᠬᠤ ᠤᠳᠠᠭᠠᠰᠢᠷᠠᠭᠤᠯᠬᠤ︾ ᠵᠡᠷᠭᠡ ᠲᠤᠰᠬᠠᠯ ᠶᠡᠬᠡᠲᠡᠶ ᠠᠰᠠᠭᠤᠳᠠᠯ ᠢ ᠡᠷᠡᠰ ᠢᠶᠠᠷ ᠵᠠᠯᠬᠠᠭᠠᠨ ᠰᠢᠳᠬᠡᠵᠦ᠂ ᠠᠯᠵᠠᠭᠤ ᠬᠤᠶᠢᠷᠭᠤ ᠵᠠᠰᠠᠭ ᠤᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠬᠦ ᠬᠡᠷᠡᠭᠲᠡᠢ᠃ ᠤᠯᠠᠨ ᠲᠦᠮᠡᠨ ᠤ ᠬᠡᠷᠡᠭᠴᠡᠭᠡ ᠳᠤ ᠵᠣᠬᠢᠴᠠᠭᠤᠯᠤᠨ᠂ ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠣᠷᠢ ᠪᠠᠨ ᠨᠡᠮᠡᠭᠳᠡᠭᠦᠯᠵᠦ᠂ ᠦᠨᠡᠨ ᠦᠭᠡ ᠬᠡᠯᠡᠵᠦ᠂ ᠪᠣᠳᠠᠲᠤ ᠶᠠᠪᠤᠳᠠᠯ ᠬᠢᠵᠦ᠂ ᠪᠣᠳᠠᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠶᠢ ᠪᠠᠷᠢᠮᠲᠠᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠪᠡᠷᠬᠡᠰᠢᠶᠡᠯ ᠢ ᠲᠣᠭᠤᠯᠣᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠪᠣᠳᠠᠲᠠᠶ ᠪᠠᠷ ᠬᠢᠵᠦ᠂ ᠨᠠᠷᠢᠯᠢᠭ ᠬᠢᠵᠦ᠂ ᠰᠠᠶᠢᠲᠤᠷ ᠬᠢᠨ᠎ᠡ᠃      ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠨ᠎ᠠ᠃ ᠨᠠᠮ ᠤᠨ ᠰᠤᠷᠲᠠᠯ ᠪᠣᠯᠣᠨ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠢᠯᠵᠠᠷᠠᠯ ᠢ ᠡᠰᠡᠷᠭᠦᠴᠡᠬᠦ ᠳᠡᠶᠢᠯᠦᠩᠭᠦᠶ ᠪᠠᠶᠢᠳᠠᠯ ᠢ ᠪᠠᠬᠢᠵᠢᠭᠦᠯᠦᠨ᠎ᠡ᠃ ᠲᠥᠪ ᠬᠤᠷᠢᠶ᠎ᠠ ᠶᠢᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠬᠡᠷᠡᠭᠵᠢᠭᠦᠯᠵᠦ᠂ ︽ᠳᠥᠷᠪᠡᠨ ᠰᠤᠷᠲᠠᠯ︾ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠣ᠂ ᠣᠨᠴᠠ ᠡᠷᠬᠡ ᠶᠢᠨ ᠦᠵᠡᠯ ᠰᠠᠨᠠᠭ᠎ᠠ ᠪᠣᠯᠣᠨ ᠦᠵᠡᠭᠳᠡᠯ ᠢ ᠡᠷᠡᠰ ᠡᠰᠡᠷᠭᠦᠴᠡᠬᠦ ᠬᠡᠷᠡᠭᠲᠡᠶ᠃ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶ ᠲᠤᠤᠱᠯᠠᠭᠤᠯᠵᠤ᠂ ᠬᠢᠨᠠᠨ ᠪᠠᠶᠢᠴᠠᠭᠠᠬᠤ ᠬᠤᠷᠢᠶ᠎ᠠ ᠶᠢᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦ ᠪᠠᠷ ᠢᠶᠠᠨ ᠳᠡᠮᠵᠢᠨ᠎ᠡ᠃ ᠭᠤᠣᠯᠳᠠᠯᠭ᠎ᠠ ᠲᠠᠢ ᠳᠦᠷᠦᠯ ᠵᠦᠢᠯ᠂ ᠭᠤᠣᠯᠳᠠᠯᠭ᠎ᠠ ᠲᠠᠢ ᠬᠦᠷᠢᠶ᠎ᠡ ᠴᠠᠷ᠎ᠠ᠂ ᠶᠡᠭᠡ ᠲᠣᠭᠠᠨ ᠤ ᠵᠠᠷᠤᠯᠭ᠎ᠠ ᠶᠢ ᠬᠢᠨᠠᠨ ᠪᠤᠳᠤᠬᠤ ᠬᠦᠴᠦᠯᠡᠴᠡ ᠪᠠᠨ ᠨᠡᠮᠡᠭᠳᠡᠭᠦᠯᠦᠨ᠎ᠡ᠃ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠪᠣᠯᠣᠨ ᠠᠯᠳᠠᠭ᠎ᠠ ᠪᠤᠷᠤᠭᠤ ᠶᠢ ᠪᠠᠭᠲᠠᠭᠠᠨ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠡᠳᠡᠭᠡᠷ ᠵᠣᠷᠢᠭᠲᠠᠶ ᠬᠠᠷᠢᠭᠤᠴᠠᠯᠭ᠎ᠠ ᠡᠭᠦᠷᠭᠡᠯᠡᠬᠦ᠂ ᠪᠣᠳᠠᠲᠤ ᠶᠠᠪᠤᠳᠠᠯ ᠬᠢᠬᠦ᠂ ᠬᠤᠪᠢ ᠪᠠᠨ  ᠪᠣᠳᠣᠬᠤ ᠦᠭᠡᠢ ᠺᠠᠳ᠋ᠷ ᠢ ᠳᠡᠮᠵᠢᠵᠦ᠂ ᠡᠷᠴᠢ ᠵᠣᠷᠢᠭ ᠢ ᠨᠢ ᠬᠦᠪᠴᠢᠯᠡᠨ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠲᠥᠯᠥᠭᠡᠯᠡᠭᠴᠢᠳ ᠡ᠂ ᠰᠢᠨ᠎ᠡ ᠠᠶᠠᠨ ᠨᠢᠭᠡᠨᠲᠡ ᠡᠬᠢᠯᠡᠭᠰᠡᠨ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠶᠢᠨ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤᠪᠡᠷ ᠲᠡᠷᠭᠡᠯᠰᠢᠭᠦᠯᠬᠦ︾ ᠴᠢᠬᠤᠯᠠ ᠵᠢᠭᠠᠪᠤᠷᠢ ᠶᠣᠰᠣᠭᠠᠷ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩᠭ᠎ᠠ ᠲᠦᠰᠢᠭᠯᠡᠨ᠂ ᠬᠠᠷᠠᠭ᠎ᠠ ᠲᠡᠷᠯᠡᠨ ᠰᠠᠬᠢᠨ ᠪᠠᠷᠠᠯᠠᠵᠣ᠂ ᠡᠷᠡᠰ ᠵᠣᠷᠢᠭᠲᠠᠢ ᠪᠠᠷ ᠴᠢᠷᠮᠠᠶᠢᠨ ᠣᠷᠣᠭᠰᠢᠯᠠᠵᠣ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠠᠶᠢᠭᠤᠯᠣᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠵᠣ᠂ ᠣᠷᠣᠨ ᠤ ᠲᠥᠪ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠪᠦᠳᠦᠭᠡᠨ ᠪᠠᠶᠢᠭᠤᠯᠣᠯᠲᠠ ᠶᠢ ᠲᠦᠷᠭᠡᠳᠬᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号