ᠦᠪᠦᠷ ᠮᠤᠩᠭᠤᠯ ᠤᠨ ᠲᠦᠷᠪᠡᠨ ᠰᠠᠯᠠᠭ᠎ᠠ ᠮᠦᠴᠢᠷ ᠬᠤᠯᠪᠤᠭᠠᠯᠠᠨ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠠᠩᠬᠢ ᠶᠢ ᠵᠠᠰᠠᠨ ᠴᠡᠭᠴᠡᠯᠡᠬᠦ ᠪᠠᠷ ᠪᠤᠢ
ᠨᠡᠶᠢᠲᠡᠯᠡᠭᠰᠡᠨ ᠴᠠᠭ᠄
2018-04-28
     ᠤᠶᠢᠷ᠎ᠠ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠮᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠲᠤᠪᠴᠢᠶ᠎ᠠ ᠲᠦᠷᠪᠡᠨ ᠰᠠᠯᠠᠭ᠎ᠠ ᠮᠦᠴᠢᠷ ᠬᠠᠮᠳᠤᠷᠠᠨ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠶᠡᠷᠦᠩᠬᠡᠶᠢᠯᠡᠨ ᠵᠠᠰᠠᠬᠤ ᠠᠵᠢᠯ ᠤᠨ ᠲᠦᠰᠦᠯ︾ ᠨᠡᠶᠢᠳᠡᠯᠡᠵᠤ᠂ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠲᠤᠰᠬᠠᠶᠢᠯᠠᠨ ᠵᠠᠰᠠᠬᠤ ᠠᠵᠢᠯᠯᠠᠭ᠎ᠠ ᠦᠷᠨᠢᠬᠦᠯᠬᠦ ᠪᠠᠷ ᠲᠤᠭᠳᠠᠵᠤ᠂ ᠬᠠᠤᠯᠢ ᠲᠦᠷᠢᠮ ᠪᠤᠰᠤ ᠪᠠᠷ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠬᠤᠷᠢᠭᠯᠠᠵᠤ᠂ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠡᠶᠡᠷᠬᠦ ᠤᠷᠴᠢᠨ ᠢ ᠪᠤᠢ ᠪᠤᠯᠭᠠᠨ᠎ᠠ᠃      ︽ᠲᠦᠰᠦᠯ︾ ᠳᠤ ᠬᠦᠨᠳᠤ ᠲᠤᠮᠤ ᠠᠶᠤᠯᠬᠦᠢ ᠶᠢᠨ ᠰᠤᠭᠤᠭ ᠤᠷᠤᠰᠢᠵᠤ ᠪᠤᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠲᠠᠷᠤᠢ ᠲᠦᠷᠭᠡᠨ ᠴᠡᠭᠴᠡᠯᠡᠨ ᠵᠤᠭᠰᠤᠭᠠᠵᠤ᠂ ᠪᠤᠯᠪᠠᠰᠤᠷᠠᠯ ᠤᠨ ᠪᠠᠶᠢᠭᠤᠯᠤᠮᠵᠢ ᠶᠢᠨ ︽ᠬᠦᠳᠦᠯᠪᠦᠷᠢ ᠠᠴᠠ ᠬᠡᠳᠤᠷᠡᠭᠰᠡᠨ ᠵᠢᠭᠠᠨ ᠰᠤᠷᠭᠠᠯᠳᠠ ︾ ︽ᠤᠷᠢᠳᠴᠢᠯᠠᠭᠰᠠᠨ ᠵᠢᠭᠠᠨ ᠰᠤᠷᠭᠠᠯᠳᠠ︾ ︽ᠰᠢᠯᠭᠠᠯᠳᠠ ᠳᠤ ᠵᠤᠷᠢᠭᠤᠯᠤᠭᠰᠠᠨ ᠡᠷᠴᠢᠮᠵᠢᠬᠦᠯᠦᠭᠰᠨᠨ ᠬᠢᠴᠢᠶᠡᠯ︾ ᠵᠡᠷᠬᠡ ᠡᠷᠡᠬᠦᠯ ᠪᠤᠰᠤ ᠠᠵᠢᠯᠯᠠᠭ᠎ᠠ ᠶᠢ ᠵᠠᠰᠨᠨ ᠰᠢᠶ᠋ᠳᠪᠦᠷᠢᠯᠡᠨ᠎ᠡ᠃ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢ ᠵᠤᠬᠢᠶᠠᠨ ᠪᠠᠶᠢᠭᠤᠯᠵᠤ ᠵᠡᠷᠬᠡ ᠲᠡᠰ ᠤᠨ ᠰᠢᠯᠭᠠᠯᠳᠠ ᠵᠢᠴᠢ ᠲᠡᠮᠡᠴᠡᠬᠡᠨ ᠳᠤ ᠤᠷᠤᠭᠤᠯᠬᠤ ᠶᠢ ᠡᠷᠡᠰ ᠬᠤᠷᠢᠭᠯᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠰᠤᠷᠭᠠᠭᠤᠯᠢ ᠳᠤ ᠤᠷᠤᠬᠤ ᠶᠢ ᠪᠤᠯᠪᠠᠰᠤᠷᠠᠯ ᠤᠨ ᠠᠩᠬᠢ ᠳᠤ ᠰᠤᠷᠤᠯᠴᠠᠭᠰᠠᠨ ᠳ᠋ᠦᠩ ᠲᠠᠢ ᠬᠤᠯᠪᠤᠬᠤ ᠠᠵᠢᠯᠯᠠᠭ᠎ᠠ ᠶᠢ ᠪᠠᠶᠢᠴᠠᠭᠠᠨ ᠰᠢᠶ᠋ᠳᠪᠦᠷᠢᠯᠡᠬᠦ ᠶᠢᠨ ᠬᠠᠮᠳᠤ ᠬᠤᠯᠪᠤᠭᠳᠠᠯ ᠪᠦᠬᠦᠢ ᠪᠠᠶᠢᠭᠤᠯᠤᠮᠵᠢ ᠪᠤᠯᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠡᠬᠦᠨ ᠠᠴᠠ ᠭᠠᠳᠠᠨ᠎ᠠ᠂ ᠬᠤᠯᠪᠤᠭᠳᠠᠯ ᠪᠦᠬᠦᠢ ᠰᠤᠷᠭᠠᠭᠤᠯᠢ ᠶᠢᠨ ᠪᠤᠰᠤ ᠪᠤᠯᠪᠠᠰᠤᠷᠠᠯ ᠡᠷᠬᠢᠯᠡᠬᠦ ᠪᠢᠴᠢᠭ ᠪᠠᠷᠢᠮᠳᠠ ᠦᠭᠡᠢ ᠪᠠᠶᠢᠭᠤᠯᠤᠮᠵᠢ ᠶᠢ ᠵᠠᠰᠠᠨ ᠴᠡᠭᠴᠡᠯᠡᠨ᠎ᠡ᠃      ᠲᠤᠰᠬᠠᠶᠢᠯᠠᠨ ᠵᠠᠰᠠᠬᠤ ᠠᠵᠢᠯᠯᠠᠭ᠎ᠠ ᠲᠠᠪᠤᠨ ᠠᠯᠬᠤᠮ ᠢᠶᠠᠷ ᠶᠠᠪᠤᠭᠳᠠᠨ᠎ᠠ᠂ ᠠᠩᠬᠠᠨ ᠤ ᠠᠯᠬᠤᠮ ᠨᠢ ᠨᠢᠬᠡᠨᠳᠡ ᠡᠬᠢᠯᠡᠵᠤ 5 ᠰᠠᠷ᠎ᠠ ᠶᠢᠨ 30 ᠤ ᠡᠳᠤᠷ ᠪᠤᠯᠳᠠᠯ᠎ᠠ ᠪᠠᠶᠢᠳᠠᠯ ᠤᠶᠢᠯᠠᠭᠠᠬᠤ ᠱᠠᠳᠤᠨ ᠳᠤ ᠪᠠᠶᠢᠵᠤ᠂ 6 ᠰᠠᠷ᠎ᠠ ᠶᠢᠨ 1 - 11 ᠰᠠᠷ᠎ᠠ ᠶᠢᠨ 10 ᠤ ᠡᠳᠤᠷ ᠪᠤᠯᠳᠠᠯ᠎ᠠ ᠲᠦᠪᠯᠡᠷᠡᠬᠦᠯᠦᠨ ᠵᠠᠰᠠᠨ᠎ᠠ᠂ 11 ᠰᠠᠷ᠎ᠠ ᠶᠢᠨ 11- 12 ᠰᠠᠷ᠎ᠠ ᠶᠢᠨ 10 ᠤ ᠡᠳᠤᠷ ᠪᠤᠯᠳᠠᠯ᠎ᠠ ᠳ᠋ᠦᠩᠨᠡᠯᠳᠡ ᠬᠢᠨ᠎ᠡ᠃ 12 ᠰᠠᠷ᠎ᠠ ᠶᠢᠨ 11-2019 ᠤᠨ ᠤ 5 ᠰᠠᠷ᠎ᠠ ᠶᠢᠨ 30 ᠤ ᠡᠳᠤᠷ ᠪᠤᠯᠳᠠᠯ᠎ᠠ ᠰᠢᠯᠭᠠᠨ ᠪᠠᠶᠢᠴᠠᠭᠠᠨ᠎ᠠ᠃ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠵᠡᠷᠬᠡ ᠲᠦᠷᠪᠡᠨ ᠰᠠᠯᠠᠭ᠎ᠠ ᠮᠦᠴᠢᠷ ᠤᠨ ᠬᠢᠨ ᠰᠢᠯᠭᠠᠨ ᠪᠠᠶᠢᠴᠠᠭᠠᠬᠤ ᠪᠠᠭ ᠵᠤᠬᠢᠶᠠᠨ ᠪᠠᠶᠢᠭᠤᠯᠵᠤ᠂ ᠡᠯ᠎ᠡ ᠠᠶᠢᠮᠠᠬ ᠬᠤᠳᠠ ᠳᠤ ᠲᠤᠰᠬᠠᠢ ᠪᠠᠶᠢᠴᠠᠭᠠᠯᠳᠠ ᠬᠢᠨ᠎ᠡ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号