2018 ᠣᠨ ᠤ 1 ᠳ᠋ᠦ᠋ᠭᠡᠷ ᠰᠠᠷ᠎ᠠ ᠶᠢᠨ 6 ᠤ ᠡᠳᠦᠷ ᠤᠨ ᠬᠥᠬᠡᠬᠤᠲᠠ ᠶᠢᠨ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | | ᠬᠥᠬᠡᠬᠤᠲᠠ ᠶᠢᠨ ᠬᠤᠲᠠ ᠶᠢᠨ ᠳᠠᠷᠤᠭ᠎ᠠ ᠹᠧᠩ ᠢᠦᠶ ᠵᠧᠨ | | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨᠵᠦ᠋ᠪᠯᠡᠬᠦ ᠪᠣᠯᠪᠠᠤ | ᠂ ᠲᠡᠷᠡᠴᠢᠯᠡᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠲᠠᠪᠤᠨ ᠵᠢᠯ ᠪᠣᠯᠣᠨ 2017 ᠣᠨ ᠤ ᠠᠵᠢᠯ ᠤᠨ ᠲᠤᠬᠠᠶ ᠡᠷᠭᠢᠴᠡᠭᠦᠯᠦᠯ | ᠥᠩᠭᠡᠷᠡᠭᠰᠡᠨ ᠲᠠᠪᠤᠨ ᠵᠢᠯ ᠪᠣᠯ ᠮᠠᠨ ᠤ ᠬᠤᠲᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠠᠬᠢᠴᠠ ᠳᠤᠮᠳᠠᠬᠢ ᠮᠠᠰᠢ ᠴᠢᠬᠤᠯᠠ | ᠲᠠᠪᠤᠨ ᠵᠢᠯ ᠮᠥᠨ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠯᠢ ᠤᠯᠠᠨ ᠭᠦᠨᠵᠡᠭᠡᠶ ᠬᠤᠪᠢᠷᠠᠯᠲᠠ ᠪᠠ ᠠᠯᠢ ᠤᠯᠠᠨ ᠬᠦᠴᠢᠷᠳᠡᠯ ᠰᠢᠯᠭᠠᠯᠲᠠ ᠶᠢᠨ | ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠤᠯᠭ᠎ᠠ ᠶᠢ ᠭᠦᠨᠵᠡᠭᠡᠶ ᠲᠤᠤᠱᠯᠠᠭᠤᠯᠤᠨ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠯᠠᠪᠳᠠᠭᠤᠨ ᠣᠷᠣᠭᠰᠢᠯᠠᠬᠤ ᠠᠵᠢᠯ ᠤᠨ ᠶᠡᠷᠦᠩᠬᠡᠶ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠣᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠤ ᠬᠦᠴᠢᠷ ᠢ ᠰᠦᠷᠦᠠ ᠠᠷᠪᠠᠨ ᠬᠤᠶᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠦᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠤᠷᠤᠭᠰᠢᠲᠠᠶ ᠪᠡᠶᠡᠯᠡᠭᠦᠯᠵᠦ᠂ | ᠰᠢᠨ᠎ᠡ ᠬᠡᠪ ᠪᠠᠶᠢᠳᠠᠯ ᠳᠣᠣᠷᠠᠬᠢ ᠰᠢᠨ᠎ᠡ ᠬᠥᠭᠵᠢᠯᠲᠡ ᠶᠢ ᠪᠡᠶᠡᠯᠡᠭᠦᠯᠪᠡ᠃ | — ᠠᠵᠤ ᠠᠬᠤᠶ ᠶᠢᠨ ᠬᠥᠭᠵᠢᠯᠲᠡ ᠲᠣᠭᠲᠠᠭᠤᠨ ᠣᠷᠣᠭᠰᠢᠯᠠᠪᠠ᠃ ᠥᠩᠭᠡᠷᠡᠭᠰᠡᠨ ᠲᠠᠪᠤᠨ ᠵᠢᠯ ᠳᠤ ᠪᠢᠳᠡ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ ᠪᠥᠬᠦ ᠬᠦᠴᠦᠨ ᠢᠶᠠᠷ ᠢᠶᠠᠨ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠠᠲᠤᠯᠠᠪᠠ᠃ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠨᠢ 2012 ᠣᠨ ᠤ 2459 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2017 | ᠣᠨ ᠤ 3100 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ ᠳᠤᠮᠳᠠᠴᠢ ᠪᠠᠷ 8 % ᠪᠠᠷ ᠨᠡᠮᠡᠭᠳᠡᠵᠡᠶ᠃ ᠬᠦᠮᠦᠨ ᠪᠦᠷᠢ ᠶᠢᠨ ᠳᠤᠮᠳᠠᠴᠢ GDP ᠨᠢ | 8.4 ᠲᠦᠮᠡᠨ ᠲᠥᠭᠦᠷᠢᠭ ᠪᠠᠶᠢᠭᠰᠠᠨ ᠠᠴᠠ 10.3 ᠲᠦᠮᠡᠨ ᠲᠥᠭᠦᠷᠢᠭ ᠪᠣᠯᠣᠭᠰᠠᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠳᠡᠭ ᠵᠢᠯ ᠪᠦᠷᠢ ᠳᠤᠮᠳᠠᠴᠢ ᠪᠠᠷ 10. 5 % ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | ᠵᠢᠯ ᠪᠦᠷᠢ ᠳᠤᠮᠳᠠᠴᠢ ᠪᠠᠷ 6.1% ᠪᠠᠷ ᠨᠡᠮᠡᠭᠳᠡᠪᠡ᠃ ᠲᠠᠪᠤᠨ ᠵᠢᠯ ᠳᠤ ᠲᠣᠭᠲᠠᠮᠠᠯ ᠬᠦ᠋ᠷᠦᠩᠭᠡ ᠳᠤ ᠣᠷᠣᠭᠤᠯᠬᠤ ᠪᠡᠯᠡ ᠣᠷᠣᠭᠤᠯᠤᠯᠲᠠ 8200 | ᠳ᠋ᠦᠩᠰᠢᠭᠤᠷ ᠲᠥᠭᠦᠷᠢᠭ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠭ᠎ᠠ ᠨᠢ 6800 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠪᠦᠷ ᠳᠡᠭᠡᠷ᠎ᠡ ᠲᠠᠪᠤᠨ ᠵᠢᠯ ᠤᠨ ᠬᠢ ᠠᠴᠠ 1.8 ᠳᠠᠬᠢᠨ ᠨᠡᠮᠡᠭᠳᠡᠪᠡ᠃ | — ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠪᠠᠲᠣᠵᠢᠪᠠ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ 4.9᠄ 32. | 6᠄ 62.5 ᠠᠴᠠ 3.7᠄ 28.3᠄ 68.0 ᠪᠣᠯᠭᠠᠨ ᠲᠣᠬᠢᠷᠠᠭᠤᠯᠵᠠᠢ᠃ ᠬᠤᠲᠠᠴᠢᠯᠠᠭᠰᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ | ᠡᠷᠡᠭᠦᠯ ᠬᠦᠭᠵᠢᠯᠲᠡ ᠲᠠᠢ᠃ ᠠᠮᠤ ᠪᠤᠳᠠᠭ᠎ᠠ ᠶᠢᠨ ᠲᠠᠷᠢᠮᠠᠯ ᠠᠵᠤ ᠠᠬᠤᠶ ᠶᠢᠨ ᠲᠠᠷᠢᠮᠠᠯ ᠪᠣᠷᠳᠣᠭᠠᠨ ᠲᠠᠷᠢᠮᠠᠯ ᠤᠨ ᠬᠠᠷᠢᠴᠠᠯ ᠢ 79᠄12᠄ 9 ᠠᠴᠠ 59 | ᠄18᠄23 ᠪᠣᠯᠭᠠᠨ ᠲᠣᠬᠢᠷᠠᠭᠤᠯᠵᠤ᠂ 27.8 ᠲᠦᠮᠡᠨ ᠡᠷᠦᠬᠡ ᠲᠠᠷᠢᠶᠠᠴᠢᠨ ᠲᠠᠷᠢᠶᠠᠯᠠᠩ ᠮᠠᠯ ᠠᠵᠤ ᠠᠬᠤᠢ ᠵᠢᠨᠠᠵᠤ ᠦᠢᠯᠡᠰᠵᠢᠯᠲᠡ ᠶᠢᠨ ᠠᠰᠢᠭ | ᠬᠦᠷᠲᠡᠵᠤ᠂ ᠠᠵᠤ ᠦᠢᠯᠡᠳᠪᠦᠷᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ᠂ | ᠴᠠᠬᠢᠯᠭᠠᠨ ᠬᠦᠴᠦ ᠵᠡᠷᠭᠡ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠯᠠᠪᠳᠠᠭᠤᠨ ᠢᠶᠠᠷ ᠬᠥᠭᠵᠢᠵᠦ᠂ ᠢ ᠯᠢ᠂ ᠮᠧᠩ ᠨᠢᠦ ᠪᠦᠬᠦ ᠪᠥᠮᠪᠥᠷᠴᠡᠭ ᠤᠨ ᠰᠦ | ᠰᠠᠭᠠᠯᠢ ᠶᠢᠨ ᠠᠵᠤ ᠠᠬᠤᠶᠢᠯᠠᠯ ᠤᠨ ᠠᠷᠪᠠᠨ ᠬᠦᠴᠦᠷᠬᠡᠭ ᠲᠤ ᠣᠷᠣᠵᠤ᠂ ︽ᠳᠤᠮᠳᠠᠳᠤ ᠤᠯᠤᠰ ᠤᠨ ᠰᠦ ᠶᠢᠨ ᠬᠤᠲᠠ︾ ᠪᠠᠷ ᠳᠠᠬᠢᠨ ᠴᠤᠯᠠᠯᠠᠭᠳᠠᠵᠤ᠂ | ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 1200 ᠲᠦᠮᠡᠨ ᠺᠢᠯᠣᠸᠠᠲ᠂ ᠴᠠᠬᠢᠭᠤᠷ ᠮᠠᠲ᠋ᠧᠷᠢᠶᠠᠯ ᠦᠢᠯᠡᠳᠪᠦᠷᠢᠯᠡᠬᠦ ᠴᠢᠳᠠᠪᠤᠷᠢ ᠳᠡᠯᠡᠬᠡᠶ ᠶᠢᠨ ᠲᠡᠷᠢᠭᠦᠨ ᠤ | ᠡᠩᠨᠡᠭᠡᠨ ᠳᠤ ᠣᠷᠣᠵᠣ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠪᠴᠢᠯᠡᠨ ᠬᠦᠭᠵᠢᠭᠦᠯᠵᠦ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠦᠷᠲᠡᠭ ᠤᠨ 28 % ᠠᠴᠠ ᠳᠡᠭᠡᠭᠰᠢᠬᠢ ᠬᠤᠪᠢ ᠶᠢᠨ ᠵᠢᠩ ᠢ ᠡᠵᠡᠯᠡᠵᠦ ᠪᠠᠶᠢᠨ᠎ᠠ᠃ ᠤᠯᠠᠮᠵᠢᠯᠠᠯᠲᠤ ᠦᠢᠯᠡᠴᠢᠯᠡᠭᠡᠨ ᠤ | ᠦᠢᠯᠡᠰ ᠤᠨ ᠲᠦᠷᠭᠡᠪᠴᠢᠯᠡᠨ ᠬᠡᠯᠪᠡᠷᠢ ᠪᠠᠨ ᠬᠤᠪᠢᠷᠠᠭᠤᠯᠤᠨ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠥᠷᠨᠢᠩᠭᠦᠶ ᠪᠠᠷ ᠭᠦᠭᠵᠢᠨ᠂ ᠮᠥᠩᠭᠦᠨ | ᠭᠦᠢᠯᠭᠡᠭᠡᠨ ᠤ ᠦᠢᠯᠡᠰ ᠤᠨ ᠦᠷᠲᠡᠭ ᠲᠠᠭᠢᠠ ᠢᠶᠠᠷ ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ ᠂ ᠬᠦᠯᠢᠶᠡᠨ ᠠᠪᠬᠤ ᠬᠥᠮᠦᠨ ᠤ ᠲᠤᠭ᠎ᠠ ᠪᠦᠬᠦ | ᠣᠷᠣᠨ ᠤ ᠲᠡᠷᠢᠭᠦᠨ ᠳᠤ ᠣᠷᠣᠵᠦ᠂ ᠡᠯᠧᠺᠲᠷᠣᠨ ᠬᠤᠳᠠᠯᠳᠤᠭ᠎ᠠ᠂ ᠤᠳᠤ ᠦᠶ᠎ᠡ ᠶᠢᠨ ᠬᠠᠮ ᠦᠵᠡᠰᠬᠦᠯᠡᠩ᠂ ᠰᠣᠶᠣᠯ ᠤᠨ ᠡᠭᠦᠳᠦᠨ ᠪᠦᠲᠦᠭᠡᠬᠦ ᠰᠡᠳᠬᠢᠮᠵᠢ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠦᠳᠲᠡᠷ ᠲᠦᠷᠭᠡᠨ ᠬᠦᠭᠵᠢᠵᠡᠢ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠴᠢᠬᠤᠯᠠ ᠬᠥᠳᠡᠯᠭᠡᠭᠴᠢ | ᠬᠦᠴᠦᠨ ᠪᠣᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ 52 %᠂ ᠰᠦ | ᠰᠠᠭᠠᠯᠢ ᠶᠢᠨ ᠦᠢᠯᠡᠰ᠂ ᠭᠡᠷᠡᠯᠯᠢᠭ ᠴᠠᠬᠢᠯᠭᠠᠨ ᠵᠡᠷᠭᠡ ᠬᠦᠷᠢᠶᠡᠨ ᠳᠠᠬᠢ ᠨᠢᠭᠡ ᠪᠦᠯᠦᠭ ᠬᠡᠷᠡᠭᠯᠡᠭᠡᠨ ᠤ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠨᠢ | ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠬᠢᠷᠢ ᠬᠡᠮᠵᠢᠶᠡᠨ ᠳᠤ ᠬᠦᠷᠴᠦ᠂ ᠮᠧᠩ ᠼᠤᠤ ᠺᠣᠮᠫᠠᠨᠢ ᠳᠤᠮᠳᠠᠳᠤ ᠤᠯᠤᠰ ᠤᠨ ᠶᠠᠰᠤ ᠴᠢᠨᠠᠷ ᠤᠨ | ᠱᠠᠩᠨᠠᠯ ᠤᠨ ᠨᠡᠷ᠎ᠡ ᠳᠤᠷᠠᠳᠤᠯᠭ᠎ᠠ ᠶᠢᠨ ᠱᠠᠩᠨᠠᠯ ᠬᠦᠷᠲᠡᠵᠦ᠂ ᠰᠠᠶ ᠺᠧ ᠰᠢᠩ ᠵᠡᠷᠭᠡ 9 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ | ᠶᠠᠰᠤ ᠴᠢᠨᠠᠷ ᠤᠨ ᠱᠠᠩᠨᠠᠯ ᠭᠥᠷᠳᠡᠪᠡ᠃ | — ᠬᠤᠲᠠ ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠲᠦᠷᠭᠡᠨ ᠠᠬᠢᠭᠤᠯᠵᠣ᠂ | ᠬᠤᠳᠠ ᠪᠠᠯᠭᠠᠰᠤᠵᠢᠯᠳᠡ ᠶᠢᠨ ᠨᠤᠷᠮ᠎ᠠ 69 % ᠬᠦᠷᠴᠡᠶ᠃ ᠬᠤᠲᠠ ᠶᠢᠨ ᠬᠠᠭᠤᠴᠢᠨ ᠪᠠᠷᠢᠯᠭ᠎ᠠ ᠶᠢ ᠦᠭᠡᠷᠡᠴᠢᠯᠡᠨ ᠵᠠᠰᠠᠬᠤ ᠪᠠ ᠰᠢᠨ᠎ᠡ ᠪᠠᠷᠢᠯᠭ᠎ᠠ ᠶᠢᠨ | ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠭᠠᠵᠠᠷ ᠳᠡᠭᠡᠷᠡᠬᠢ ᠵᠠᠮ ᠤᠨ ᠲᠣᠣᠷ ᠵᠢᠴᠢ ᠭᠠᠵᠠᠷ ᠳᠣᠣᠷᠠᠬᠢ ᠬᠤᠭᠤᠯᠠᠶ ᠶᠢᠨ | ᠲᠣᠣᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠭᠦᠯᠵᠦ᠂ ᠬᠤᠳᠠ ᠳᠠᠬᠢ ᠲᠣᠰᠬᠤᠨ ᠢ ︵ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ︶ | 1828 ᠲᠡᠭᠰᠢ ᠳᠥᠷᠪᠡᠯᠵᠢᠨ ᠮᠧᠲᠷ ᠦᠭᠡᠷᠡᠴᠢᠯᠡᠵᠦ᠂ ᠬᠤᠲᠠ ᠶᠢᠨ ᠵᠠᠮ ᠢ 960 ᠲᠦᠮᠡᠨ ᠲᠡᠭᠰᠢ ᠳᠥᠷᠪᠡᠯᠵᠢᠨ ᠮᠧᠲᠷ᠂ ᠴᠡᠴᠡᠷᠯᠢᠭ ᠤᠨ | ᠨᠣᠭᠤᠭᠠᠷᠠᠭᠤᠯᠣᠯᠲᠠ 3.1ᠲᠦᠮᠡᠨ ᠮᠦ᠂ ᠭᠠᠵᠠᠷ ᠳᠣᠣᠷᠠᠬᠢ ᠬᠤᠭᠤᠯᠠᠶ ᠶᠢᠨ ᠲᠣᠣᠷ 2900 ᠺᠢᠯᠣᠮᠧᠲᠷ ᠰᠢᠨ᠎ᠡ ᠪᠠᠷ ᠨᠡᠮᠡᠭᠳᠡᠪᠡ᠃ ᠪᠣᠰᠤᠭ᠎ᠠ ᠴᠣᠭᠴᠠᠲᠤ | ᠵᠠᠮ ᠬᠠᠷᠢᠯᠴᠠᠭᠠᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠶᠢ ᠠᠬᠢᠭᠤᠯᠵᠤ᠂ ᠬᠤᠲᠠ ᠲᠤᠭᠤᠷᠢᠭᠰᠠᠨ ᠬᠤᠶᠠᠳᠣᠭᠠᠷ ᠲᠦᠷᠭᠡᠨ ᠵᠠᠮ ᠪᠠᠶᠢᠭᠤᠯᠤᠭᠳᠠᠵᠤ | ᠲᠡᠷᠭᠡ ᠨᠡᠪᠲᠡᠷᠡᠪᠡ᠃ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠪᠦᠭᠦ ᠲᠠᠯ᠎ᠠ ᠪᠠᠷ | ᠠᠬᠢᠭᠤᠯᠵᠤ᠂ ᠨᠢᠭᠡᠳᠤᠭᠡᠷ ᠲᠡᠰ ᠠᠴᠠ ᠳᠡᠭᠡᠭᠰᠢ ᠦᠨᠳᠦᠷ ᠳᠡᠰᠲᠤ ᠵᠠᠰᠠᠮᠠᠯ ᠵᠠᠮ 460 ᠺᠢᠯᠣᠮᠧᠲᠷ ᠰᠢᠨ᠎ᠡ ᠪᠠᠷ ᠨᠡᠮᠡᠭᠳᠡᠵᠦ᠂ ᠬᠥᠬᠡᠬᠤᠲᠠ ᠪᠤᠭᠤᠲᠤ ᠤᠷᠳᠤᠰ | ᠵᠢᠨᠢᠩ᠂ ᠬᠥᠬᠡᠬᠤᠲᠠ ᠵᠡᠭᠦᠨᠭᠠᠷ ᠤᠷᠳᠤᠰ ᠬᠥᠷᠬᠦ ᠬᠥᠳᠡᠯᠭᠡᠭᠦᠷᠲᠦ ᠴᠤᠪᠤᠭ᠎ᠠ ᠲᠡᠷᠭᠡ ᠨᠡᠪᠲᠡᠷᠡᠵᠦ᠂ ᠬᠦᠬᠡᠬᠤᠲᠠ ᠠᠴᠠ ᠴᠢᠭᠤᠯᠭᠠᠲᠣ ᠬᠠᠭᠠᠯᠭ᠎ᠠ ᠬᠦᠷᠬᠦ | ᠦᠨᠲᠦᠷ ᠬᠤᠷᠳᠤᠴᠠᠲᠤ ᠲᠡᠮᠦᠷ ᠵᠠᠮ ᠤᠨ ᠬᠦᠬᠡᠬᠤᠲᠠ ᠠᠴᠠ ᠵᠢᠨᠢᠩ ᠬᠦᠷᠬᠦ ᠬᠡᠰᠡᠭ ᠨᠢ ᠬᠡᠷᠡᠭᠯᠡᠯᠲᠡ ᠳᠤ ᠣᠷᠣᠪᠠ᠃ ᠰᠢᠨ᠎ᠡ ᠨᠢᠰᠭᠡᠯ ᠤᠨ ᠪᠠᠭᠤᠳᠠᠯ | ᠨᠡᠭᠦᠯᠭᠡᠨ ᠪᠠᠶᠢᠭᠤᠯᠬᠤ ᠲᠦᠰᠦᠯ ᠨᠢ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠦᠷᠦ ᠶᠢᠨ ᠴᠡᠷᠢᠭ ᠤᠨ ᠶᠠᠪᠦᠳᠠᠯ ᠤᠨ ᠬᠤᠷᠢᠶ᠎ᠠ ᠶᠢᠨ ᠰᠡᠳᠦᠪ | ᠲᠣᠭᠲᠠᠭᠠᠭᠰᠠᠨ ᠴᠣᠬᠤᠯᠠᠪᠣᠷᠢ ᠪᠣᠯᠣᠨ ᠣᠯᠣᠰ ᠤᠨ ᠭᠦᠭᠵᠢᠭᠦᠯᠦᠯᠲᠡ ᠦᠭᠡᠷᠡᠴᠢᠯᠡᠯᠲᠡ ᠶᠢᠨ ᠶᠠᠮᠣᠨ ᠤ ᠪᠣᠯᠣᠮᠵᠢᠲᠣ ᠰᠣᠳᠣᠯᠭᠠᠨ ᠤ ᠴᠣᠬᠤᠯᠠᠪᠣᠷᠢ ᠶᠢ ᠣᠯᠵᠤ᠂ | ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠨᠢ ᠮᠠᠨ ᠤ ᠤᠯᠤᠰ ᠤᠨ 32 ᠳᠠᠬᠢ ᠣᠷᠣᠭᠤᠯᠵᠣ ᠭᠠᠷᠭᠠᠬᠤ ᠬᠡᠮᠵᠢᠶ᠎ᠡ ᠨᠢ ᠮᠢᠩᠭᠠᠨ ᠲᠦᠮᠡᠨ ᠬᠦᠮᠦᠨ ᠪᠠᠭᠲᠠᠬᠤ | ᠨᠢᠰᠭᠡᠯ ᠤᠨ ᠪᠠᠭᠤᠳᠠᠯ ᠪᠣᠯᠪᠠ᠃ ᠠᠭᠤᠯᠠ᠂ ᠣᠰᠦ᠂ ᠠᠭᠠᠷ᠂ ᠰᠢᠷᠣᠢ ᠶᠢ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠣᠶᠢᠵᠢᠭᠤᠯᠤᠨ | ᠨᠣᠭᠤᠭᠠᠷᠠᠭᠤᠯᠣᠭᠰᠠᠨ ᠲᠠᠯᠠᠪᠠᠢ ᠨᠢ 198 ᠲᠦᠮᠡᠨ ᠮᠦ ᠬᠦᠷᠴᠦ᠂ ᠬᠤᠲᠠ ᠶᠢᠨ ᠠᠭᠠᠷ ᠤᠨ ᠶᠠᠰᠤ ᠴᠢᠨᠠᠷ ᠨᠢ ᠤᠮᠠᠷᠠᠲᠤ ᠶᠢᠨ 15 ᠮᠤᠵᠢ ᠶᠢᠨ ᠲᠥᠪ | ᠬᠤᠲᠠ ᠶᠢᠨ ᠲᠡᠷᠢᠭᠦᠨ ᠤ ᠡᠩᠨᠡᠭᠡᠨ ᠳᠤ ᠣᠷᠣᠵᠠᠶ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠶᠢ ᠶᠡᠬᠡᠪᠡᠷ ᠲᠦᠯᠬᠢᠨ | ᠠᠬᠢᠭᠤᠯᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠨᠢᠭᠡ ᠴᠤᠭᠴᠠᠵᠢᠭᠤᠯᠬᠤ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠵᠢᠭᠳᠡ ᠬᠢᠷᠢ | ᠲᠦᠪᠰᠢᠨ ᠪᠣᠯᠭᠠᠬᠤ ᠠᠵᠢᠯ ᠢᠯᠡᠳᠲᠡ ᠳᠡᠭᠡᠭᠰᠢᠯᠡᠪᠡ ᠃ | — ᠠᠷᠠᠳ ᠤᠨ ᠠᠮᠢᠳᠤᠷᠠᠯ ᠤᠨ ᠪᠠᠲᠤᠯᠠᠭ᠎ᠠ ᠦᠷᠭᠦᠯᠵᠢᠯᠡᠨ ᠳᠡᠭᠡᠭᠰᠢᠯᠡᠪᠡ᠃ ᠬᠤᠲᠠ ᠶᠢᠨ ᠲᠣᠰ ᠱᠠᠲᠤᠨ ᠤ ᠡᠯ᠎ᠡ ᠲᠥᠷᠥᠯ ᠤᠨ ᠠᠷᠠᠳ ᠤᠨ | ᠠᠮᠢᠳᠤᠷᠠᠯ ᠳᠤ ᠣᠷᠣᠭᠤᠯᠤᠭᠰᠠᠨ ᠮᠦᠩᠭᠦ 1128.5 ᠳ᠋ᠦᠩᠰᠢᠭᠤᠷ ᠲᠦᠭᠦᠷᠢᠭ ᠪᠠᠶᠢᠵᠣ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ | 64 % ᠶᠢ ᠡᠵᠡᠯᠡᠵᠦ ᠪᠠᠶᠢᠨ᠎ᠠ᠃ ᠬᠤᠳᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ | 8% ᠪᠠᠷ ᠨᠡᠮᠡᠭᠳᠡᠵᠦ᠂ ᠲᠤᠰ ᠲᠤᠰ 43000 ᠲᠥᠭᠦᠷᠢᠭ ᠪᠣᠯᠣᠨ 15700 ᠲᠥᠭᠦᠷᠢᠭ ᠪᠣᠯᠪᠠ᠃ ᠡᠯ᠎ᠡ ᠲᠦᠷᠦᠯ ᠤᠨ ᠠᠵᠢᠯ ᠣᠯᠵᠤ ᠠᠳᠠᠯ ᠦᠢᠯᠡᠰ | ᠪᠤᠰᠬᠠᠬᠤ ᠰᠠᠭᠤᠷᠢᠨ ᠭᠠᠵᠠᠷ ᠪᠣᠯᠤᠨ ᠨᠡᠪᠴᠢᠭᠦᠯᠦᠭᠦᠷ 43 ᠪᠠᠶᠢᠭᠤᠯᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠦᠭᠡᠶᠢᠳᠡᠯ ᠤᠨ ᠨᠤᠷᠮ᠎ᠠ | ᠢᠮᠠᠭᠲᠠ 4 % ᠶᠢᠨ ᠳᠣᠲᠣᠷ᠎ᠠ ᠪᠠᠶᠢᠨ᠎ᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠪᠠᠲᠣᠯᠠᠭ᠎ᠠ ᠶᠢᠨ ᠪᠦᠷᠬᠦᠴᠡ ᠶᠢᠨ ᠰᠢᠰᠲ᠋ᠧᠮ ᠨᠡᠩ | ᠪᠦᠷᠢᠨᠰᠢᠵᠦ᠂ ᠨᠠᠰᠤᠵᠢᠯ᠂ ᠡᠮᠴᠢᠯᠡᠭᠡ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠳᠠᠷᠠᠭᠠᠯᠠᠨ | ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠦᠨ᠂ | ᠡᠯ᠎ᠡ ᠲᠦᠷᠦᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ 9.9 ᠲᠦᠮᠡᠨ ᠢᠵᠢ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠠᠭᠤᠴᠢᠨ ᠭᠡᠷ | ᠪᠠᠶᠢᠰᠢᠩ ᠢ 3.1 ᠲᠦᠮᠡᠨ ᠡᠷᠦᠬᠡ ᠦᠭᠡᠷᠡᠴᠢᠯᠡᠨ ᠵᠠᠰᠠᠵᠤ᠂1394 ᠬᠠᠭᠤᠴᠢᠷᠬᠠᠰᠠᠨ ᠬᠤᠷᠢᠶᠠᠯᠠᠯ ᠢ ᠵᠠᠰᠠᠵᠦ᠂ 4.8 ᠲᠦᠮᠡᠨ ᠡᠷᠦᠬᠡ ᠰᠠᠭᠤᠭᠠᠯᠢ | ᠠᠷᠠᠳ ᠤᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠠᠪᠬᠤ ᠳᠤ ᠬᠦᠴᠢᠷᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠵᠠᠢ᠃ ᠣᠨᠢᠨ ᠳᠡᠭᠡᠷ᠎ᠡ ᠨᠢ | ᠶᠠᠳᠠᠭᠤ ᠠᠴᠠ ᠠᠩᠭᠢᠵᠢᠷᠠᠭᠤᠯᠬᠤ ᠶᠢ ᠲᠦᠯᠬᠢᠨ ᠠᠬᠢᠭᠤᠯᠵᠤ᠂ 10.2 ᠲᠦᠮᠡᠨ ᠬᠦᠮᠦᠨ ᠢ ᠬᠥᠳᠡᠯᠦᠩᠭᠦᠶ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠭᠤᠯᠬᠤ ᠶᠢ ᠪᠡᠶᠡᠯᠡᠭᠦᠯᠵᠡᠢ᠃ ᠰᠤᠷᠭᠠᠨ ᠬᠥᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠦᠢᠯᠡᠰ ᠂ ᠴᠡᠴᠡᠷᠯᠢᠭ ᠲᠤ ᠣᠷᠣᠬᠤ ᠳᠤ ᠬᠦᠴᠢᠷ᠂ | ᠰᠤᠷᠭᠠᠭᠤᠯᠢ ᠳᠤ ᠣᠷᠣᠬᠤ ᠳᠤ ᠬᠦᠴᠢᠷ᠂ ᠡᠪᠡᠳᠴᠢᠨ ᠡᠮᠨᠡᠭᠦᠯᠬᠦ ᠳᠤ ᠬᠦᠴᠢᠷ ᠵᠡᠷᠭᠡ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠵᠤ᠂ ᠤᠶᠤᠨ ᠤ | ᠪᠣᠯᠪᠠᠰᠤᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠲᠤᠲᠠᠶ ᠥᠷᠨᠢᠭᠦᠯᠵᠦ᠂ ᠬᠤᠳᠠ ᠬᠥᠳᠡᠭᠡ ᠶᠢ ᠬᠠᠮᠤᠷᠤᠭᠰᠠᠨ ᠲᠦᠷᠪᠡᠠ ᠱᠠᠲᠤᠨ ᠤ ᠣᠯᠠᠨ | ᠨᠡᠶᠢᠲᠡ ᠶᠢᠨ ᠰᠣᠶᠣᠯ ᠤᠨ ᠲᠣᠣᠷ ᠦᠨᠳᠦᠰᠦᠨ ᠳᠡᠭᠡᠨ ᠪᠦᠷᠢᠯᠳᠦᠵᠠᠢ᠃ ᠨᠡᠶᠢᠭᠡᠮ ᠤᠨ ᠵᠠᠰᠠᠨ ᠴᠡᠭᠴᠡᠯᠡᠯᠲᠡ ᠶᠢᠨ ᠠᠵᠢᠯ ᠢ ᠲᠠᠰᠤᠷᠠᠯᠲᠠ ᠦᠭᠡᠢ | ᠴᠢᠩᠭᠠᠳᠬᠠᠵᠤ᠂ ᠠᠶᠤᠯᠭᠦᠢ ᠦᠢᠯᠠᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠳᠤ ᠠᠷᠠᠳ | ᠤᠯᠠᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠦᠬᠦ ᠣᠯᠣᠰ ᠤᠨ ᠡᠮᠦᠨᠡᠭᠦᠷ ᠣᠷᠣᠵᠤ ᠪᠠᠶᠢᠨ᠎ᠠ᠃ | — ᠥᠭᠡᠷᠡᠴᠢᠯᠡᠯᠲᠡ ᠨᠡᠭᠡᠭᠡᠯᠲᠡ ᠭᠦᠨᠵᠡᠭᠡᠶᠢᠷᠡᠨ ᠶᠠᠪᠤᠭᠳᠠᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠱᠠᠲᠤ | ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ ᠨᠥᠬᠦᠪᠥᠷᠢᠯᠡᠬᠦ︾ ᠡᠭᠦᠷᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ | ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ 33.8 % ᠪᠠᠷ ᠪᠠᠭᠠᠰᠬᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ 9.5 ᠲᠦᠮᠡᠨ ᠡᠷᠦᠬᠡ | ᠴᠡᠪᠡᠷ ᠨᠡᠮᠡᠭᠳᠡᠵᠡᠢ᠃ ᠡᠳ᠋ ᠤᠨ ᠵᠠᠰᠠᠭ᠂ ᠭᠠᠶᠢᠯᠢ᠂ ᠮᠥᠩᠭᠦᠨ ᠭᠦᠢᠯᠭᠡᠭᠡ ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠣᠯᠣᠰ ᠤᠨ ᠬᠥᠷᠥᠩᠭᠡ᠂ | ᠲᠠᠷᠢᠶᠠᠯᠠᠩ ᠬᠥᠳᠡᠭᠡ ᠲᠣᠰᠬᠤᠨ᠂ ᠡᠷᠦᠬᠡ ᠠᠮᠠ ᠶᠢᠨ ᠳᠦᠷᠢᠮ᠂ ᠡᠮᠴᠢᠯᠡᠭᠡ ᠡᠷᠡᠭᠦᠯ ᠬᠠᠮᠠᠭᠠᠯᠠᠯ᠂ ᠠᠮᠢ ᠠᠬᠤᠶ ᠶᠢᠨ ᠪᠣᠯᠪᠠᠰᠤᠨ ᠵᠡᠷᠭᠡ ᠬᠦᠷᠢᠶᠡᠨ ᠳᠠᠬᠢ | ᠥᠭᠡᠷᠡᠴᠢᠯᠡᠯᠲᠡ ᠮᠡᠳᠡᠭᠳᠡᠮ᠎ᠡ ᠠᠬᠢᠴᠠ ᠲᠠᠢ᠃ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠥᠬᠦ ᠣᠷᠣᠨ ᠤ ᠡᠯᠧᠺᠲᠷᠣᠨ ᠭᠠᠷᠠᠮ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠨᠡᠪᠲᠡᠷᠡᠭᠦᠯᠵᠦ᠂ | ᠣᠯᠠᠨ ᠤᠯᠤᠰ ᠤᠨ ᠲᠦᠷᠭᠡᠨ ᠭᠤᠪᠢᠭᠤᠯᠭ᠎ᠠ ᠶᠢᠨ ᠬᠢᠯᠢ ᠳᠤ ᠣᠷᠣᠬᠤ ᠪᠠ ᠣᠷᠣᠰ ᠮᠣᠩᠭᠤᠯ ᠤᠨ ᠭᠠᠳᠠᠭᠠᠳᠤ ᠳᠤ ᠭᠠᠷᠭᠠᠬᠤ ᠵᠠᠮ ᠢ ᠪᠦᠲᠦᠭᠡᠨ ᠪᠠᠶᠢᠭᠤᠯᠪᠠ᠃ | ᠪᠦᠸᠧᠬᠠᠢ ᠲᠠᠩᠭᠢᠰ ᠳᠠᠭᠠᠤ᠂ ᠬᠥᠬᠡᠬᠤᠲᠠ ᠪᠤᠭᠤᠲᠤ ᠢᠷᠭᠠᠢ ᠢᠦᠢ ᠯᠢᠨ ᠠᠵᠤ ᠠᠬᠤᠶ ᠶᠢᠨ ᠣᠷᠣᠨ ᠤ ᠡᠯ᠎ᠡ ᠬᠤᠳᠠ ᠶᠢᠨ ᠬᠤᠭᠤᠷᠣᠨᠳᠣᠬᠢ ᠰᠣᠯᠢᠯᠴᠠᠭ᠎ᠠ | ᠬᠠᠮᠵᠢᠯᠴᠠᠭ᠎ᠠ ᠶᠢ ᠠᠬᠢᠭᠤᠯᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠶᠢ ᠢᠳᠡᠪᠬᠢᠲᠡᠶ ᠬᠥᠲᠥᠯᠥᠨ ᠳᠠᠭᠠᠭᠤᠯᠵᠤ᠂ ᠬᠠᠮᠲᠤᠷᠠᠨ | ᠬᠥᠳᠡᠯᠦᠯᠴᠡᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠪᠠ᠃ ᠤᠯᠤᠰ ᠤᠨ ᠳᠣᠲᠣᠭᠠᠳᠤ ᠶᠢᠨ ᠪᠡᠯᠡ ᠮᠥᠩᠭᠦ 3200 ᠳ᠋ᠦᠩᠰᠢᠭᠤᠷ ᠲᠥᠭᠦᠷᠢᠭ᠂ | ᠪᠣᠲᠠᠲᠠᠢ ᠠᠰᠢᠭᠯᠠᠭᠰᠠᠨ ᠭᠠᠳᠠᠭᠠᠳᠤ ᠶᠢᠨ ᠪᠡᠯᠡ ᠮᠥᠩᠭᠦ 31.5 ᠳ᠋ᠦᠩᠰᠢᠭᠤᠷ ᠳ᠋ᠣᠯᠯᠠᠷ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠪᠦᠬᠦ ᠬᠡᠮᠵᠢᠶ᠎ᠡ 87.8 ᠳ᠋ᠣᠯᠯᠠᠷ ᠢ ᠪᠡᠶᠡᠯᠡᠭᠦᠯᠵᠡᠢ᠃ | — ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠡᠰᠦᠷᠡᠯᠳᠠ ᠤᠢᠭᠡᠢ ᠴᠢᠩᠭᠠᠳᠬᠠᠪᠠ᠃ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠭᠤᠷᠪᠠᠨ ᠴᠢᠩᠭ᠎ᠠ ᠭᠤᠷᠪᠠᠨ ᠪᠣᠳᠠᠲᠠᠶ︾ ᠲᠤᠰᠬᠠᠶ ᠰᠡᠳᠦᠪᠲᠦ ᠬᠥᠮᠦᠵᠢᠯ ᠪᠣᠯᠤᠨ ︽ | ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ᠲᠥᠪ ᠬᠤᠷᠢᠶ᠎ᠠ ᠶᠢᠨ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠭᠤᠷᠪᠠᠨ ᠰᠠᠬᠢᠯᠭ᠎ᠠ ᠳᠦᠷᠢᠮ︾ ᠪᠣᠯᠤᠨ | ᠥᠪᠡᠷᠲᠡᠭᠡᠨ ᠵᠠᠰᠠᠬᠤ ᠣᠷᠣᠨ ᠤ 28 ᠵᠤᠷᠪᠤᠰ ᠲᠥᠬᠦᠷᠵᠢᠭᠦᠯᠦᠭᠰᠡᠨ ᠲᠣᠭᠲᠠᠭᠠᠯ ᠢᠶᠠᠷ ᠬᠤᠲᠠ ᠶᠢᠨ ᠲᠤᠰ ᠱᠠᠲᠤᠨ ᠤ ︽ᠭᠤᠷᠪᠠᠨ ᠵᠦᠢᠯ ᠤᠨ ᠠᠯᠪᠠᠨ ᠤ | ᠵᠠᠷᠤᠳᠠᠯ︾ ᠢ 15.4 % ᠪᠠᠷ ᠬᠠᠰᠤᠨ ᠪᠠᠭᠠᠰᠬᠠᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ | ᠵᠦᠢᠯ ᠤᠨ ᠳᠦᠷᠢᠮ︾ ᠤᠨ ᠲᠤᠷᠰᠢᠯᠲᠠ ᠶᠢᠨ ᠠᠵᠢᠯ ᠢ ᠥᠷᠨᠢᠭᠦᠯᠵᠦ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠲᠠᠪᠴᠠᠩ ᠢ ᠪᠠᠶᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠶᠢ 1002 ᠬᠤᠪᠢ ᠭᠦᠢᠴᠡᠳᠭᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ | 2835 ᠬᠤᠪᠢ ᠭᠦᠢᠴᠡᠳᠭᠡᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠲᠦᠷᠢᠮ ᠢ ᠲᠡᠭᠦᠯᠳᠡᠷᠵᠢᠭᠦᠯᠵᠦ᠂ ︽ | ᠬᠥᠬᠡᠬᠤᠲᠠ ᠶᠢᠨ ᠨᠡᠶᠢᠲᠡᠯᠡᠯ︾ ᠸᠧᠴᠠᠲ ᠣᠯᠠᠨ ᠨᠡᠶᠢᠲᠡ ᠶᠢᠨ ᠨᠣᠮᠧᠷ᠂ ᠵᠠᠰᠠᠭ ᠤᠨ ᠣᠷᠳᠣᠨ ᠪᠣᠯᠣᠨ ᠤᠯᠠᠨ ᠲᠦᠮᠡᠨ ᠤ ᠰᠠᠨᠠᠭ᠎ᠠ ᠪᠠᠨ ᠨᠡᠪᠲᠡᠷᠡᠯᠴᠡᠬᠦ | ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠪᠣᠯᠭᠠᠵᠤ᠂ ᠨᠠᠮ ᠤᠨ ᠰᠤᠷᠲᠠᠯ ᠪᠣᠯᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠡᠯ᠎ᠡ ᠵᠦᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠵᠠᠷᠠᠯ ᠢ ᠵᠠᠯᠬᠠᠭᠠᠨ ᠰᠢᠳᠭᠡᠬᠦ ᠲᠠᠯ᠎ᠠ ᠪᠠᠷ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ | ᠦᠷᠭᠦᠯᠵᠢᠯᠡᠭᠦᠯᠵᠦ᠂ ᠰᠤᠷᠲᠠᠯ ᠴᠢᠬᠡᠴᠢ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2017 ᠣᠨ ᠳᠤ ᠬᠤᠳᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ | ᠳᠣᠣᠷ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠬᠥᠬᠡᠬᠤᠲᠠ ᠶᠢᠨ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦ ᠪᠠᠷ ᠢᠶᠠᠨ ᠠᠬᠢᠭᠤᠯᠬᠤ︾᠂ ︽17 ᠬᠦᠷᠢᠶᠡᠨ ᠤ | ᠵᠠᠩᠭᠢᠯᠠᠭ᠎ᠠ ᠶᠢᠨ ᠡᠭᠦᠷᠭᠡ ᠶᠢᠨ ᠲᠤᠬᠠᠶ︾ ᠪᠦᠬᠦ ᠬᠤᠳᠠ ᠶᠢᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠴᠦᠯᠡᠨ ᠰᠢᠪᠲᠤᠯᠵᠤ᠂ ᠥᠪᠡᠷᠲᠡᠭᠡᠨ | ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠲᠡᠭᠦᠰ ᠠᠮᠵᠢᠯᠲᠠᠶ ᠪᠠᠷ ᠪᠡᠶᠡᠯᠡᠭᠦᠯᠵᠦ᠂ ᠬᠤᠶᠠᠳᠤᠭᠠᠷ ᠬᠤᠭᠤᠴᠠᠭᠠᠨ ᠤ | ᠳᠤᠮᠳᠠᠳᠤ ᠮᠣᠩᠭᠤᠯ ᠤᠨ ᠦᠵᠡᠭᠦᠯᠦᠯᠭᠡ ᠶᠢᠨ ᠴᠤᠭᠯᠠᠭᠠᠨ ᠢ ᠳᠠᠭᠠᠭᠠᠨ ᠠᠪᠴᠤ ᠠᠮᠵᠢᠯᠲᠠ ᠲᠠᠢ ᠪᠠᠷ ᠡᠷᠬᠢᠯᠡᠵᠤ᠂ 26 ᠳ᠋ᠤᠭᠠᠷ ᠬᠤᠭᠤᠴᠠᠭᠠᠨ ᠤ ᠳᠤᠮᠳᠠᠳᠤ | ᠤᠯᠤᠰ ᠤᠨ ︽ᠠᠯᠲᠠᠨ ᠲᠠᠬᠢᠶ᠎ᠠ ᠥᠨᠢᠷ ᠴᠡᠴᠡᠭ︾ ᠺᠢᠨᠣ᠋ ᠶᠢᠨ ᠪᠠᠶᠠᠷ᠂ ᠪᠡᠭᠡᠵᠢᠩ ᠥᠪᠥᠷ ᠮᠣᠩᠭᠤᠯ ︵ᠬᠥᠬᠡᠬᠤᠲᠠ︶ ᠳᠤ ᠳᠡᠭᠡᠳᠦ ᠲᠡᠰ ᠤᠨ ᠠᠵᠤ | ᠦᠢᠯᠡᠰ ᠤᠨ ᠵᠤᠬᠢᠴᠠᠭᠤᠯᠬᠤ ᠶᠡᠭᠡ ᠬᠤᠷᠠᠯ᠂ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠣᠯᠠᠨ ᠤᠯᠤᠰ ᠤᠨ ᠠᠮᠲᠠᠲᠤ ᠢᠳᠡᠭᠡᠨ ᠤ ᠦᠵᠡᠰᠬᠦᠯᠡᠩ | ᠵᠡᠷᠭᠡ ᠴᠢᠬᠤᠯᠠ ᠶᠡᠭᠡ ᠠᠵᠢᠯᠯᠠᠭ᠎ᠠ ᠶᠢ ᠵᠤᠬᠢᠶᠡᠨ ᠪᠠᠶᠢᠭᠤᠯᠪᠠ ᠃ | ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠤᠬᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ︽ᠡᠷᠬᠢᠨ ᠦᠵᠡᠬᠦ︾᠂ ᠲᠣᠭᠤᠷᠢᠨ ᠪᠠᠶᠢᠴᠠᠭᠠᠯᠲᠠ᠂ ᠲᠥᠪ ᠤᠨ ᠣᠷᠴᠢᠨ ᠠᠬᠤᠶ ᠶᠢᠨ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠪᠠ᠃ ᠵᠠᠰᠠᠭ ᠤᠨ ᠣᠷᠳᠣᠨ ᠤ ᠥᠭᠴᠡᠭᠡ᠂ ᠠᠵᠤ ᠠᠬᠤᠶ ᠶᠢᠨ ᠲᠤᠭ᠎ᠠ ᠪᠠᠷᠢᠮᠲᠠ ᠶᠢ | ᠬᠠᠭᠤᠷᠮᠠᠭ ᠢᠶᠠᠷ ᠨᠡᠮᠡᠭᠳᠡᠭᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠰᠡᠭ ᠠᠵᠤ ᠠᠬᠤᠶ ᠶᠢᠨ ᠭᠦᠢᠴᠡᠳᠬᠡᠬᠦ ᠲᠤᠭ᠎ᠠ ᠶᠢ ᠬᠠᠰᠤᠨ ᠲᠣᠬᠢᠷᠠᠭᠤᠯᠵᠤ᠂ | ᠶᠡᠷᠦᠩᠬᠡᠢ ᠬᠡᠮᠵᠢᠶ᠎ᠡ ᠶᠢ ᠪᠤᠲᠠᠲᠠᠶᠢᠵᠢᠭᠤᠯᠵᠤ᠂ ᠶᠠᠰᠤ ᠴᠢᠨᠠᠷ ᠢ ᠰᠠᠶᠢᠵᠢᠷᠠᠭᠤᠯᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠠᠳᠠᠯᠢ ᠬᠤᠭᠤᠴᠠᠭᠠᠨ ᠤ ᠬᠢ ᠠᠴᠠ 6 % ᠣᠷᠴᠢᠮ ᠨᠡᠮᠡᠭᠳᠡᠬᠦ ᠪᠠᠷ ᠵᠢᠱᠢᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ | ᠥᠰᠥᠯᠲᠡ ᠶᠢᠨ ᠬᠡᠮᠵᠢᠶ᠎ᠡ 1.4 % ᠪᠠᠷ ᠨᠡᠮᠡᠭᠳᠡᠪᠡ᠃ ᠬᠤᠳᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ | ᠳᠤᠮᠳᠠᠴᠢ ᠣᠷᠣᠯᠭ᠎ᠠ ᠲᠤᠰ ᠲᠤᠰ 8 % ᠣᠷᠴᠢᠮ ᠢᠶᠠᠷ ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠳᠠᠪᠠᠪᠠ᠃ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢᠨ ᠬᠤᠭᠤᠰᠣᠨ ᠡᠷᠭᠢᠯᠲᠡ ᠶᠢᠨ ᠬᠠᠭᠤᠷᠮᠠᠭ ᠢᠶᠠᠷ ᠨᠡᠮᠡᠭᠳᠡᠭᠦᠯᠬᠦ ᠶᠢ ᠦᠭᠡᠶᠢᠰᠭᠡᠬᠦ ᠪᠠ ᠡᠵᠡᠩᠨᠡᠯᠲᠡ ᠶᠢᠨ ᠭᠠᠶᠢᠯᠢ ᠶᠢ | ᠦᠷᠳᠡᠭ ᠨᠡᠮᠡᠭᠳᠡᠯ ᠤᠨ ᠭᠠᠶᠢᠯᠢ ᠪᠠᠷ ᠦᠭᠡᠷᠡᠴᠢᠯᠡᠬᠦ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠦᠷᠦᠯᠵᠢᠯ ᠤᠨ ᠠᠳᠠᠯᠢᠳᠬᠠᠯ ᠢᠶᠠᠷ 4.1% | ᠨᠡᠮᠡᠭᠳᠡᠭᠦᠯᠵᠦ᠂ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠢ 83.4 % ᠬᠦᠷᠲᠡᠯ᠎ᠡ ᠳᠡᠭᠡᠭᠰᠢᠯᠡᠭᠦᠯᠪᠡ᠃ ᠡᠨᠧᠷᠭᠢ ᠠᠷᠪᠢᠯᠠᠵᠤ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠪᠠ ᠃ | ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ᠨᠢᠭᠡ ᠳᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠬᠦᠴᠦ ᠲᠠᠯᠪᠢᠨ ᠳᠡᠭᠡᠭᠰᠢᠯᠡᠭᠦᠯᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠦᠯᠡᠭᠦᠳᠡᠭᠰᠡᠨ ᠦᠢᠯᠡᠳᠪᠦᠷᠢ ᠶᠢᠨ ᠴᠢᠳᠠᠪᠦᠷᠢ ᠶᠢ ᠪᠦᠬᠦ ᠲᠠᠯ᠎ᠠ ᠪᠠᠷ ᠪᠡᠶᠡᠯᠡᠭᠦᠯᠵᠦ᠂ 55 | ᠲᠦᠮᠡᠨ ᠲᠣᠨ ᠲᠡᠮᠦᠷ ᠬᠠᠶᠢᠯᠤᠭᠤᠯᠬᠤ ᠦᠢᠯᠡᠳᠪᠦᠷᠢᠯᠡᠯ ᠤᠨ ᠴᠢᠳᠠᠪᠤᠷᠢ ᠶᠢ ᠬᠠᠰᠤᠭᠳᠠᠭᠤᠯᠵᠠᠢ᠃ ᠪᠦᠬᠦ ᠵᠢᠯ ᠳᠤ ᠲᠠᠸᠠᠷ ᠤᠨ ᠬᠡᠷ ᠪᠠᠶᠢᠰᠢᠩ ᠤᠨ | ᠪᠣᠷᠣᠯᠠᠭᠤᠯᠤᠯᠲᠠ 530 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠬᠤ ᠪᠠᠷ ᠪᠠᠶᠢᠭ᠎ᠠ ᠲᠠᠯᠠᠪᠠᠢ ᠶᠢ | 20% ᠪᠠᠷ ᠪᠠᠭᠤᠷᠠᠭᠤᠯᠵᠣ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ᠃ ᠥᠪᠥᠷ | ᠮᠣᠩᠭᠤᠯ ᠤᠨ ᠴᠢᠩ ᠴᠧᠩ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ ᠶᠢ ᠥᠭᠡᠷᠡᠴᠢᠯᠡᠨ ᠪᠠᠶᠢᠭᠤᠯᠬᠤ ᠪᠠᠷ ᠳᠠᠮᠵᠢᠨ᠂ | ᠤᠯᠤᠰ ᠤᠨ ᠥᠮᠴᠢᠯᠡᠯ ᠤᠨ ᠡᠵᠡᠩᠨᠡᠯᠲᠡ ᠶᠢᠨ ᠴᠢᠨᠠᠷᠲᠠᠶ ᠪᠡᠯᠡ ᠮᠦᠩᠭᠦ ᠶᠢ ᠠᠮᠢᠳᠤᠯᠢᠭ ᠪᠣᠯᠭᠠᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠲᠦᠷᠦᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠬᠤ᠂ ᠵᠢᠭᠡᠯᠡᠯᠭᠡ ᠶᠢᠨ ᠲᠡᠮᠳᠡᠭᠲᠦ ᠰᠣᠯᠢᠬᠤ ᠵᠡᠷᠭᠡ ᠠᠷᠭ᠎ᠠ ᠬᠡᠮᠵᠢᠶ᠎ᠡ ᠪᠠᠷ ᠡᠳ᠋ ᠤᠨ | ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠪᠠ᠃ ᠴᠠᠬᠢᠯᠭᠠᠨ ᠬᠦᠴᠦᠨ ᠤ ᠣᠯᠠᠨ ᠲᠠᠯ᠎ᠠ ᠪᠠᠷ | ᠠᠷᠠᠯᠵᠢᠶᠠᠯᠠᠬᠤ ᠶᠢ ᠢᠳᠡᠪᠬᠢᠲᠡᠶ ᠥᠷᠨᠢᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ᠂ ︽ | ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠬᠦ︾᠂ ᠳᠤᠮᠳᠠ ᠵᠢᠵᠢᠭ ᠠᠵᠤ ᠠᠬᠤᠶᠢᠯᠠᠯ ᠤᠨ ᠭᠠᠶᠢᠯᠢ ᠶᠢ ᠬᠥᠩᠭᠡᠯᠡᠬᠦ | ᠡᠯ᠎ᠡ ᠠᠵᠢᠯ ᠲᠦᠷᠦᠯ ᠤᠨ ᠠᠵᠤ ᠠᠬᠤᠶᠢᠯᠠᠯ ᠤᠨ ᠥᠪᠡᠷ ᠤᠨ ᠦᠷᠳᠡᠭ ᠢ 6.5 ᠳ᠋ᠦᠩᠰᠢᠭᠤᠷ ᠲᠥᠭᠦᠷᠢᠭ ᠪᠠᠭᠤᠷᠠᠭᠤᠯᠵᠠᠢ᠃ ᠠᠵᠤ ᠦᠢᠯᠡᠰ ᠤᠨ ᠬᠥᠭᠵᠢᠯᠲᠡ | ᠂ ᠨᠡᠶᠢᠭᠡᠮ ᠠᠷᠠᠳ ᠤᠨ ᠠᠮᠢᠳᠤᠷᠠᠯ᠂ ᠠᠮᠢ ᠠᠬᠤᠶ ᠣᠷᠴᠢᠨ ᠠᠬᠤᠶ ᠶᠢ ᠬᠠᠮᠠᠭᠠᠯᠠᠬᠤ ᠵᠡᠷᠭᠡ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ 468 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠡᠶᠢᠳᠡ 813 ᠳ᠋ᠦᠩᠰᠢᠭᠤᠷ ᠲᠥᠭᠦᠷᠢᠭ ᠪᠡᠯᠡ ᠣᠷᠤᠭᠤᠯᠤᠯᠳᠠ ᠶᠢ | ᠪᠡᠶᠡᠯᠡᠭᠦᠯᠵᠦ᠂ ᠬᠥᠭᠵᠢᠯᠲᠡ ᠶᠢᠨ ᠳᠤᠲᠠᠭᠤᠳᠠᠯ ᠢᠯᠡᠳᠲᠡ ᠰᠠᠶᠢᠵᠢᠷᠠᠵᠠᠶ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠦᠷᠲᠡᠭ ᠲᠠᠭᠢᠠ ᠢᠶᠠᠷ ᠨᠡᠮᠡᠭᠳᠡᠵᠦ᠂ ᠪᠦᠭᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ 11%᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠶᠢᠨ | ᠡᠷᠭᠢᠯᠲᠡ 14.2% ᠢᠶᠠᠷ ᠨᠡᠮᠡᠭᠳᠡᠵᠡᠢ᠃ ᠠᠵᠤ ᠠᠬᠤᠶ ᠶᠢᠨ ᠠᠵᠢᠯᠯᠠᠭᠠᠨ ᠤ ᠤᠷᠢᠳᠠᠪᠠᠷ ᠭᠦᠢᠴᠡᠳᠬᠡᠬᠦ ᠲᠤᠭ᠎ᠠ ᠶᠢᠨ ᠢᠯᠡᠷᠡᠯ ᠰᠠᠶᠢᠨ᠂ ᠲᠣᠭᠲᠠᠭᠤᠨ | ᠬᠦᠭᠵᠢᠯᠲᠡ ᠶᠢᠨ ᠳᠣᠲᠣᠭᠠᠳᠤ ᠠᠭᠤᠯᠬᠤᠨ ᠤ ᠬᠡᠯᠪᠡᠷᠢ ᠪᠦᠬᠦᠢ ᠣᠨᠴᠠᠯᠢᠭ ᠰᠢᠨᠵᠢ ᠨᠡᠩ ᠢᠯᠡᠷᠬᠡᠶ ᠪᠣᠯᠵᠠᠶ᠃ | ᠬᠤᠶᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠬᠦ ᠶᠢ ᠦᠷᠭᠦᠯᠵᠢᠯᠡᠨ ᠲᠦᠯᠬᠢᠨ ᠠᠬᠢᠭᠤᠯᠪᠠ ᠃ ᠤᠯᠠᠮᠵᠢᠯᠠᠯᠲᠤ ᠠᠵᠤ | ᠦᠢᠯᠡᠰ ᠤᠨ ᠪᠣᠬᠢᠷᠲᠤᠯ ᠦᠭᠡᠶᠢᠵᠢᠭᠦᠯᠬᠦ ᠥᠭᠡᠷᠡᠴᠢᠯᠡᠯᠲᠡ ᠶᠢ ᠲᠦᠷᠭᠡᠳᠬᠡᠵᠦ᠂ ᠣᠷᠴᠢᠯ ᠠᠵᠤ ᠠᠬᠤᠶ ᠶᠢ ᠬᠥᠭᠵᠢᠭᠦᠯᠵᠦ᠂ ᠰᠦ ᠰᠠᠭᠠᠯᠢ ᠶᠢᠨ ᠦᠢᠯᠠᠰ ᠤᠨ | ᠲᠡᠰ ᠳᠡᠪᠰᠢᠬᠦ ᠶᠢ ᠠᠬᠢᠭᠤᠯᠬᠤ ᠠᠯᠢ ᠤᠯᠠᠨ ᠲᠦᠷᠦ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ | ᠳᠡᠪᠰᠢᠭᠦᠯᠬᠦ ᠠᠵᠢᠯ ᠳᠤ ᠬᠦᠴᠦᠲᠡᠶ ᠲᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠪᠠᠨ | ᠬᠤᠪᠢᠷᠠᠭᠤᠯᠬᠤ ᠶᠢ ᠪᠠᠷᠢᠮᠲᠠᠯᠠᠵᠤ᠂ 12 ᠳ᠋ᠦᠩᠰᠢᠭᠤᠷ ᠲᠦᠭᠦᠷᠢᠭ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠪᠣᠯᠣᠨ 1 | ᠳ᠋ᠦᠩᠰᠢᠭᠤᠷ ᠲᠦᠭᠦᠷᠢᠭ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠡᠬᠢᠯᠡᠨ ᠪᠠᠶᠢᠭᠤᠯᠵᠤ᠂ ᠬᠥᠬᠡᠬᠤᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠳᠡ ᠪᠣᠯᠭᠠᠨ ᠪᠦᠲᠦᠭᠡᠨ ᠪᠠᠶᠢᠭᠤᠯᠬᠤ ᠠᠵᠢᠯ ᠢ ᠡᠬᠢᠯᠡᠭᠦᠯᠵᠦ᠂ 68 ᠤᠯᠤᠰ ᠤᠨ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠠᠵᠦ ᠠᠬᠤᠶᠢᠯᠠᠯ᠂ 29 ᠰᠢᠨ᠎ᠡ ᠶᠢ ᠡᠭᠦᠳᠬᠦ ᠠᠵᠢᠯ ᠦᠢᠯᠡᠰ ᠪᠣᠰᠬᠠᠬᠤ ᠲᠠᠪᠴᠠᠩ ᠢ ᠪᠠᠶᠢᠭᠤᠯᠪᠠ᠃ ᠬᠤᠲᠠᠴᠢᠯᠠᠭᠰᠠᠨ ᠲᠠᠷᠢᠶᠠᠯᠠᠩ ᠮᠠᠯ ᠠᠵᠤ | ᠠᠬᠤᠢ ᠶᠢᠨ ᠠᠵᠣ ᠦᠢᠯᠡᠰ ᠢ ᠲᠦᠷᠭᠡᠳᠬᠡᠨ ᠬᠦᠭᠵᠢᠭᠦᠯᠵᠦ᠂ ᠰᠡᠯᠡᠭᠦᠴᠡᠨ ᠲᠣᠭᠤᠷᠢᠬᠤ ᠵᠢᠱᠢᠶ᠎ᠡ ᠦᠵᠡᠭᠦᠯᠬᠦ ᠣᠷᠣᠨ 13 ᠶᠢ ᠪᠠᠶᠢᠭᠤᠯᠵᠣ᠂ ︽ᠨᠢᠭᠡ | ᠭᠠᠴᠠᠭ᠎ᠠ ᠨᠢᠭᠡ ᠦᠢᠯᠡᠳᠬᠦᠨ︾ ᠲᠤᠰᠬᠠᠶ ᠠᠵᠢᠯ ᠤᠨ ᠲᠣᠰᠬᠤᠨ 54 ᠶᠢ ᠪᠠᠶᠢᠭᠤᠯᠣᠨ᠂ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ | ᠠᠬᠤᠶᠢᠯᠠᠯ 1650 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠶᠢ ᠪᠡᠶᠡᠯᠡᠭᠦᠯᠵᠦ᠂ ᠪᠦᠬᠦ ᠣᠷᠣᠨ ᠤ ᠲᠡᠷᠢᠭᠦᠨ ᠪᠠᠶᠢᠷᠢᠨ ᠳᠤ ᠣᠷᠣᠪᠠ᠃ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠡᠰ ᠳᠡᠪᠰᠢᠬᠦ᠂ ᠮᠡᠷᠭᠡᠵᠢᠯ ᠢ ᠥᠭᠡᠷᠡᠴᠢᠯᠡᠬᠦ ᠶᠢ ᠢᠳᠡᠪᠬᠢᠲᠡᠶ ᠲᠡᠮᠵᠢᠵᠤ᠂ ᠲᠣᠭᠲᠠᠬᠤ ᠴᠢᠩ ᠱᠦᠢ | ᠾᠧ ᠶᠢᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠬᠢᠴᠠ ᠶᠢ ᠤᠷᠤᠭᠰᠢᠲᠠᠶ ᠶᠠᠪᠣᠭᠳᠠᠭᠤᠯᠵᠣ᠂ ᠵᠥᠩ ᠬᠤᠸᠠᠨ ᠳᠦᠷᠪᠡᠳᠦᠭᠡᠷ | ᠬᠤᠭᠤᠴᠠᠭ᠎ᠠ᠂ ᠲᠠᠯᠠᠰᠲᠤ ᠴᠠᠭᠠᠷᠢᠭ ᠬᠥᠬᠡ ᠪᠢᠨᠳᠠᠷᠢᠶ᠎ᠠ ᠶᠢᠨ ᠬᠤᠶᠠᠳᠤᠭᠠᠷ ᠬᠤᠭᠤᠴᠠᠭᠠᠨ ᠤ ᠦᠷᠭᠡᠳᠭᠡᠯ᠂ ᠸᠧ ᠲᠧ ᠮᠠ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠭ ᠵᠡᠷᠭᠡ ᠴᠢᠬᠤᠯᠠ ᠶᠡᠭᠡ ᠲᠦᠷᠦᠯ ᠵᠦᠢᠯ ᠢ ᠬᠡᠷᠡᠭᠯᠡᠭᠡᠨ ᠳᠤ | ᠣᠷᠣᠭᠤᠯᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠲᠤᠮᠤ ᠳ᠋ᠠᠶᠢᠲ᠋ᠠ ᠶᠢᠨ ᠦᠢᠯᠡᠴᠢᠯᠡᠭᠡᠨ ᠤ ᠮᠠᠰᠢᠨ | ᠴᠣᠭᠴᠠᠯᠠᠪᠤᠷᠢ ᠶᠢᠨ ᠴᠢᠳᠠᠮᠵᠢ 70 ᠲᠦᠮᠡ ᠶᠢ ᠳᠠᠪᠠᠵᠤ᠂ ᠵᠢᠭᠤᠯᠴᠢᠯᠠᠯ ᠤᠨ ᠬᠦᠯᠢᠶᠡᠨ ᠠᠪᠤᠭᠰᠠᠨ ᠬᠥᠮᠦᠨ ᠤ ᠲᠤᠭ᠎ᠠ᠂ ᠵᠢᠭᠤᠯᠴᠢᠯᠠᠯ ᠤᠨ ᠣᠷᠣᠯᠭ᠎ᠠ ᠲᠤᠰ | ᠲᠤᠰ 13 % ᠪᠠ 23 % ᠪᠠᠷ ᠨᠡᠮᠡᠭᠳᠡᠨ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ | ᠨᠡᠮᠡᠷᠢ ᠶᠢᠨ ᠨᠤᠷᠮ᠎ᠠ 40% ᠳᠤ ᠬᠦᠷᠴᠠᠢ᠃ | ᠭᠤᠷᠪᠠ ᠳᠤ᠂ ᠬᠤᠳᠠ ᠶᠢᠨ ᠰᠠᠭᠤᠷᠢᠰᠢᠬᠤ ᠳᠤ ᠲᠤᠬᠢᠷᠠᠬᠤ ᠨᠦᠭᠦᠴᠡᠯ ᠢ ᠶᠡᠬᠡᠪᠡᠷ ᠳᠡᠭᠡᠭᠰᠢᠯᠡᠭᠦᠯᠪᠡ᠃ ᠪᠠᠶᠠᠨ ᠵᠠᠮ᠂ ᠵᠤᠤ ᠤᠳᠠ ᠵᠠᠮ᠂ ᠵᠣᠣ | ᠵᠢᠶᠦ᠋ᠨ ᠵᠠᠮ᠂ ᠶᠢᠨ ᠬᠠᠢ ᠲᠦᠷᠭᠡᠨ ᠵᠠᠮ ᠤᠨ ᠥᠭᠡᠷᠡᠴᠢᠯᠡᠨ ᠳᠡᠭᠡᠭᠰᠢᠯᠡᠭᠦᠯᠬᠦ ᠪᠠ ᠬᠤᠲᠠ ᠲᠤᠭᠤᠷᠢᠭᠰᠠᠨ ᠭᠤᠷᠪᠠᠳᠤᠭᠠᠷ ᠲᠦᠷᠭᠡᠨ ᠵᠠᠮ ᠤᠨ ᠢᠨᠵᠧᠨᠧᠷᠢᠩ ᠢ | ᠡᠬᠢᠯᠡᠨ ᠪᠠᠶᠢᠭᠤᠯᠵᠤ᠂ 13 ︽ᠮᠤᠬᠤᠷ ᠵᠠᠮ︾ ᠢ ᠨᠡᠪᠲᠡᠷᠡᠭᠦᠯᠵᠦ᠂ ᠰᠢᠨ᠎ᠡ ᠪᠠᠷ ᠪᠠᠶᠢᠭᠤᠯᠤᠭᠰᠠᠨ ᠦᠷᠭᠦᠯᠵᠢᠯᠡᠨ ᠵᠠᠰᠠᠭᠰᠠᠨ ᠵᠠᠮ 8 ᠵᠣᠷᠪᠣᠰ᠂ ᠭᠤᠣᠯ | ᠳᠡᠳ᠋ ᠵᠠᠮ 32 ᠵᠤᠷᠪᠤᠰ᠂ ᠪᠠᠭ᠎ᠠ ᠵᠡᠭᠡᠯᠢ ᠭᠤᠳᠤᠮᠵᠢ 265 ᠵᠣᠷᠪᠤᠰ ᠢ ᠦᠭᠡᠷᠡᠴᠢᠯᠡᠨ ᠵᠠᠰᠠᠵᠠᠢ᠃ ᠲᠠᠪᠤᠨ ᠶᠡᠭᠡ ᠲᠥᠷᠥᠯ ᠤᠨ 25 ᠵᠦᠢᠯ ᠤᠨ | ᠬᠤᠳᠠ ᠶᠢᠨ ᠣᠷᠴᠢᠨ ᠠᠬᠤᠶ ᠶᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠨᠢᠭᠦᠯᠵᠦ᠂ ᠬᠤᠳᠠ ᠶᠢᠨ ᠰᠠᠭᠤᠷᠢᠰᠢᠬᠤ ᠳᠤ ᠲᠤᠬᠢᠷᠠᠬᠤ | ᠨᠦᠭᠦᠴᠡᠯ ᠢ ᠬᠦᠴᠦᠯᠡᠨ ᠳᠡᠭᠡᠭᠰᠢᠯᠡᠭᠦᠯᠪᠡ᠃ 833 ᠣᠷᠣᠨ ᠰᠠᠭᠤᠴᠠ ᠶᠢᠨ ᠲᠣᠭᠤᠷᠢᠭ ᠪᠣᠯᠣᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠥᠭᠡᠷᠡᠴᠢᠯᠡᠨ | ᠰᠢᠨᠡᠳᠬᠡᠵᠦ ᠲᠡᠰ ᠳᠡᠪᠰᠢᠭᠦᠯᠬᠦ ᠠᠵᠢᠯ ᠢ ᠬᠢᠵᠦ᠂ 9.8 ᠲᠦᠮᠡᠨ ᠬᠦᠢᠲᠡᠨ ᠪᠠᠶᠢᠰᠢᠩ᠂ ᠲᠦᠷᠢᠮ ᠢ ᠵᠥᠷᠢᠴᠡᠭᠰᠡᠨ ᠪᠠᠷᠢᠯᠭ᠎ᠠ 3 ᠲᠦᠮᠡ ᠶᠢ ᠨᠣᠷᠠᠭᠠᠪᠠ᠃ | 574 ᠬᠤᠷᠢᠶᠠᠯᠠᠯ ᠳᠤ ᠲᠤᠰᠬᠠᠶ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠲᠠᠢ ᠪᠣᠯᠵᠤ᠂ 1085 ᠬᠤᠷᠢᠶᠠᠯᠠᠯ ᠳᠤ ᠢᠵᠢ ᠪᠦᠷᠢᠳᠦᠭᠰᠡᠨ | ᠠᠳᠠᠯ ᠠᠬᠤᠶ ᠶᠢᠨ ᠦᠢᠯᠡᠴᠢᠯᠡᠭᠡ ᠬᠠᠩᠭᠠᠪᠠ᠃ ᠡᠯ᠎ᠡ ᠲᠦᠷᠦᠯ ᠤᠨ ᠬᠤᠭ ᠨᠣᠪᠰᠢ ᠶᠢ 233 ᠲᠦᠮᠡᠨ ᠲᠣᠨ ᠴᠡᠪᠡᠷᠯᠡᠵᠦ᠂ ︽ᠭᠤᠷᠪᠠᠨ ᠵᠠᠮᠪᠠᠷᠠᠭ᠎ᠠ ᠦᠭᠡᠢ︾ | ᠵᠠᠷ ᠢ 355 ᠲᠦᠮᠡ ᠠᠷᠢᠯᠭᠠᠵᠦ᠂ ᠰᠢᠨ᠎ᠡ ᠪᠠᠷ ᠪᠠᠶᠢᠭᠤᠯᠤᠨ ᠥᠭᠡᠷᠡᠴᠢᠯᠡᠨ ᠵᠠᠰᠠᠬᠤ᠂ ᠪᠣᠴᠠᠭᠠᠨ ᠬᠤᠳᠠᠯᠳᠤᠨ ᠠᠪᠬᠤ᠂ ᠲᠦᠷᠢᠶᠡᠰᠦᠯᠡᠬᠦ ᠵᠡᠷᠭᠡ ᠠᠷᠭ᠎ᠠ | ᠬᠡᠯᠪᠡᠷᠢ ᠪᠠᠷ 3085 ᠨᠡᠶᠢᠲᠡ ᠶᠢᠨ ᠵᠣᠷᠯᠣᠩ ᠶᠢ ᠪᠠᠶᠢᠭᠤᠯᠵᠠᠢ᠃ ᠬᠤᠲᠠ ᠶᠢᠨ ᠨᠣᠭᠤᠭᠠᠷᠠᠭᠤᠯᠤᠯᠲᠠ ᠶᠢᠨ ᠬᠡᠮᠵᠢᠶ᠎ᠡ ᠢᠯᠡᠷᠬᠡᠢ ᠳᠡᠭᠡᠭᠰᠢᠯᠡᠵᠦ᠂ 62 | ᠭᠤᠣᠯ ᠳᠡᠳ᠋ ᠵᠡᠭᠡᠯᠢ᠂ 2108 ᠪᠠᠷᠢᠯᠭ᠎ᠠ ᠶᠢᠨ ᠭᠠᠳᠠᠷ ᠦᠵᠡᠮᠵᠢ ᠶᠢ ᠦᠭᠡᠷᠡᠴᠢᠯᠡᠵᠦ᠂ ᠬᠠᠶᠠᠭᠳᠠᠯ ᠳᠣᠪᠤᠴᠠᠭ ᠠᠭᠤᠯᠠ᠂ ᠬᠦᠪᠡᠭᠡ ᠵᠠᠬ᠎ᠠ ᠶᠢᠨ ᠭᠠᠵᠠᠷ 1.6 | ᠲᠦᠮᠡᠨ ᠮᠦ ᠶᠢ ᠠᠰᠢᠭᠯᠠᠨ 179 ᠴᠡᠴᠡᠷᠯᠢᠭ ᠰᠢᠨ᠎ᠡ ᠪᠠᠷ ᠪᠠᠶᠢᠭᠤᠯᠣᠭᠰᠠᠨ ᠪᠣᠶᠣ ᠥᠭᠡᠷᠡᠴᠢᠯᠡᠨ ᠪᠠᠶᠢᠭᠤᠯᠪᠠ᠃ ᠬᠤᠳᠠ ᠶᠢᠨ ᠬᠠᠮᠢᠶᠠᠷᠤᠯᠲᠠ ᠶᠢᠨ ᠡᠮᠬᠢ | ᠳᠦᠷᠢᠮ ᠢ ᠪᠦᠬᠦ ᠲᠠᠯ᠎ᠠ ᠪᠠᠷ ᠴᠡᠭᠴᠡᠯᠡᠵᠦ᠂ ᠳᠡᠯᠭᠡᠭᠦᠷ ᠤᠨ ᠭᠠᠳᠠᠭᠰᠢ ᠮᠠᠶᠢᠮᠠᠢ ᠳᠡᠯᠭᠡᠬᠦ ᠶᠢ 7.3 ᠲᠦᠮᠨ᠂ ᠶᠠᠪᠤᠭᠤᠯ ᠮᠠᠶᠢᠮᠠᠶ 7 ᠲᠦᠮᠡ᠂ ᠵᠠᠮ ᠡᠵᠡᠯᠡᠭᠰᠡᠨ | ᠡᠵᠡᠩᠨᠡᠯᠲᠡ1.3 ᠲᠦᠮᠡ ᠶᠢ ᠴᠡᠭᠴᠡᠯᠡᠨ ᠵᠣᠭᠰᠣᠭᠠᠵᠣ᠂ 1148 ᠬᠤᠷᠢᠶᠠᠯᠠᠯ᠂ 24 ᠵᠤᠷᠪᠤᠰ ᠵᠠᠮ ᠤᠨ ︽ᠠᠭᠠᠯᠵᠢᠨ ᠲᠣᠣᠷ︾ ᠢ ᠴᠡᠭᠴᠡᠯᠡᠨ ᠵᠠᠰᠠᠵᠠᠢ᠃ | ᠰᠢᠯᠤᠭᠤᠳᠬᠠᠬᠤ ᠪᠠ ᠲᠦᠭᠵᠢᠷᠡᠬᠦ ᠶᠢ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ ᠰᠤᠷᠤᠭᠴᠢᠳ ᠤᠨ ᠨᠡᠶᠢᠲᠡ ᠶᠢᠨ ᠵᠠᠮ | ᠬᠠᠷᠢᠯᠴᠠᠭᠠᠨ ᠤ ᠲᠤᠰᠬᠠᠶ ᠱᠤᠭᠤᠮ 10 ᠵᠣᠷᠪᠣᠰ᠂ ᠰᠠᠯᠠᠭ᠎ᠠ ᠱᠤᠭᠤᠮ 10 ᠵᠣᠷᠪᠤᠰ᠂ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ 10 ᠵᠤᠷᠪᠤᠰ | ᠰᠢᠨ᠎ᠡ ᠪᠠᠷ ᠨᠡᠮᠡᠭᠳᠡᠭᠦᠯᠵᠦ᠂ 386 ᠨᠡᠶᠢᠲᠡ ᠶᠢᠨ ᠮᠠᠰᠢᠨ ᠲᠡᠷᠭᠡ ᠬᠤᠳᠠᠯᠳᠤᠨ ᠠᠪᠴᠤ᠂ ᠲᠡᠷᠭᠡᠨ ᠵᠣᠭᠰᠤᠭᠠᠯ ᠢ 1.8 ᠲᠦᠮᠨ ᠵᠠᠭᠠᠭᠯᠠᠨ ᠵᠢᠷᠤᠵᠠᠢ᠃ 1. | 5 ᠲᠦᠮᠡᠨ ᠡᠷᠦᠬᠡ ᠬᠤᠭᠤᠯᠠ ᠤᠮᠳᠠᠭᠠᠨ ᠤ ᠨᠢᠭᠡᠴᠡ ᠳᠤ ︽ᠲᠣᠭᠤᠭᠠᠨ ᠭᠡᠷ ᠤᠨ ᠬᠤᠪᠢᠰᠤᠯᠲᠠ︾ ᠶᠢ ᠦᠷᠨᠢᠭᠦᠯᠵᠦ᠂ 7000 ᠰᠦᠯᠵᠢᠶ᠎ᠡ ᠪᠠᠷ | ᠬᠤᠭᠤᠯᠠ ᠵᠠᠬᠢᠶᠠᠯᠠᠬᠤ ᠬᠤᠳᠠᠯᠳᠤᠭᠠᠨ ᠤ ᠡᠷᠦᠬᠡ ᠶᠢ ᠳᠦᠷᠢᠮᠰᠢᠭᠦᠯᠵᠦ᠂ ᠪᠦᠬᠦ ᠬᠤᠲᠠ ᠶᠢᠨ 2587 ︽ᠵᠢᠵᠢᠭ ᠬᠤᠭᠤᠯᠠᠨ ᠰᠢᠷᠡᠭᠡ︾ ᠶᠢ ᠲᠡᠮᠳᠡᠭᠯᠡᠨ | ᠳᠠᠩᠰᠠᠯᠠᠵᠤ᠂ ᠢᠳᠡᠭᠡᠨ ᠡᠮ ᠤᠨ ᠵᠦᠢᠯ ᠤᠨ ᠶᠡᠭᠡ ᠠᠳᠡᠯ ᠬᠡᠷᠡᠭ ᠡᠭᠦᠰᠦᠭᠰᠡᠨ ᠦᠭᠡᠢ᠃ | ᠲᠦᠷᠪᠡ ᠳᠤ᠂ ᠬᠤᠷᠢᠨᠭᠡᠷ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠪᠡ᠃ ︽ᠠᠮᠢ ᠠᠬᠤᠶ ᠶᠢᠨ ᠠᠵᠤ | ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠭᠤᠯᠤᠯᠲᠠ᠂ ᠬᠤᠳᠠ ᠶᠢᠨ ᠦᠵᠢᠮᠵᠢᠭᠦᠯᠦᠯᠲᠡ᠂ ᠪᠦᠲᠦᠭᠡᠨ ᠪᠠᠶᠢᠭᠤᠯᠣᠯᠲᠠ ᠶᠢᠨ ᠣᠳᠣᠬᠢᠴᠢᠯᠠᠯᠲᠠ︾ | ᠶᠢᠨ ᠵᠠᠷᠴᠢᠮ ᠶᠣᠰᠣᠭᠠᠷ᠂ ᠰᠢᠨ᠎ᠡ ᠲᠣᠭᠤᠷᠢᠭ ᠤᠨ ᠶᠡᠷᠦᠩᠬᠡᠢ ᠲᠦᠯᠦᠪᠵᠢᠭᠦᠯᠭᠡ ᠪᠣᠯᠣᠨ ᠰᠡᠶᠢᠮᠡᠬᠡᠷ ᠬᠤᠳᠠ᠂ ᠶᠡᠷᠦᠩᠬᠡᠢ ᠬᠤᠭᠤᠯᠠᠶ ᠶᠢᠨ ᠬᠤᠩᠭᠢᠯ ᠵᠡᠷᠭᠡ | 13 ᠲᠤᠰᠬᠠᠶ ᠲᠦᠯᠦᠪᠯᠡᠭᠡ ᠶᠢ ᠦᠨᠳᠦᠷ ᠲᠦᠪᠰᠢᠨ ᠢᠶᠠᠷ ᠲᠦᠯᠦᠪᠵᠢᠭᠦᠯᠪᠡ᠃ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠦᠭᠡᠮᠨᠡᠷᠡᠯ ᠤᠨ | ᠵᠢᠵᠢᠭ ᠪᠠᠯᠭᠠᠰᠤ᠂ ᠰᠤᠷᠭᠠᠨ ᠬᠥᠮᠦᠵᠢᠯ ᠤᠨ ᠵᠢᠵᠢᠭ ᠪᠠᠯᠭᠠᠰᠤ᠂ ᠰᠣᠪᠢᠯᠠᠯᠲᠠ ᠶᠢᠨ ᠵᠢᠵᠢᠭ ᠪᠠᠯᠭᠠᠰᠤ ᠵᠡᠷᠭᠡ ᠠᠵᠤ ᠦᠢᠯᠡᠰ ᠤᠨ ᠬᠦᠭᠵᠢᠯᠲᠡ ᠶᠢᠨ ᠲᠠᠪᠴᠠᠩ | ᠪᠠᠶᠢᠭᠤᠯᠵᠤ᠂ ᠮᠢᠺᠷᠤᠰᠤᠹᠲ ᠰᠢᠨ᠎ᠡ ᠶᠢ ᠡᠭᠦᠳᠬᠦ ᠨᠡᠪᠴᠢᠭᠦᠯᠦᠭᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠭᠡᠷ ᠰᠤᠳᠤᠯᠬᠤ ᠭᠠᠵᠠᠷ ᠤᠨ ᠲᠤᠭ᠎ᠠ | ᠪᠠᠷᠢᠮᠲᠠ ᠶᠢᠨ ᠲᠥᠪ᠂ ᠲᠠᠸᠠᠷ ᠤᠨ ᠠᠴᠢᠶᠠᠨ ᠤ ᠮᠠᠰᠢᠨ ᠤ ᠴᠤᠭᠯᠠᠷᠠᠯ ᠤᠨ ᠮᠡᠳᠡᠭᠡ ᠵᠠᠩᠭᠢ ᠶᠢᠨ ᠲᠠᠪᠴᠠᠩ᠂ ᠮᠧᠩ ᠨᠢᠤ ᠪᠦᠬᠦ ᠪᠥᠮᠪᠥᠷᠴᠡᠭ ᠤᠨ | ᠡᠯᠧᠺᠲᠷᠣᠨ ᠬᠤᠳᠠᠯᠳᠤᠭᠠᠨ ᠤ ᠲᠠᠪᠴᠠᠩ᠂ ᠪᠠᠶ ᠶᠦᠨ ᠴᠠᠬᠢᠯᠭᠠᠨ ᠬᠡᠷᠡᠭᠰᠡᠯ ᠤᠶᠤᠨᠲᠤ ᠴᠠᠬᠢᠯᠭᠠᠨ ᠲᠣᠣᠷ ᠤᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠤᠭᠤᠰᠣᠨ ᠪᠠᠶᠢᠭ᠎ᠠ ᠭᠤᠣᠯᠳᠠᠯᠭ᠎ᠠ ᠪᠦᠬᠦᠢ ᠲᠦᠷᠦᠯ ᠵᠦᠢᠯ ᠤᠨ ᠭᠡᠷ᠎ᠡ ᠲᠣᠭᠲᠠᠵᠠᠢ᠃ ︽ᠬᠤᠶᠠᠷ | ᠮᠥᠷᠡᠨ ᠨᠢᠭᠡ ᠬᠤᠨᠭ᠍ᠭᠢᠯ︾ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠶᠢᠨ ᠱᠧᠩ ᠲᠦᠷᠭᠡᠨ ᠵᠠᠮ ᠢ ᠥᠭᠡᠷᠡᠴᠢᠯᠡᠨ ᠵᠠᠰᠠᠬᠤ᠂ | ᠭᠤᠣᠯ ᠳᠡᠳ᠋ ᠵᠡᠭᠡᠯᠢ ᠭᠤᠲᠤᠮᠵᠢ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠶ ᠬᠤᠩᠭᠢᠯ᠂ ᠤᠰᠤ ᠴᠠᠬᠢᠯᠭᠠᠨ ᠬᠡᠢ ᠳᠣᠯᠠᠭᠠᠴᠠᠯᠭᠠ ᠵᠡᠷᠭᠡ ᠰᠠᠭᠤᠷᠢ | ᠲᠥᠬᠦᠭᠡᠷᠦᠮᠵᠢ ᠶᠢᠨ ᠪᠠᠷᠢᠯᠭ᠎ᠠ ᠶᠢ ᠡᠬᠢᠯᠡᠭᠦᠯᠦᠨ ᠪᠠᠶᠢᠭᠤᠯᠵᠣ᠂ ᠬᠤᠷᠢᠨᠭᠡᠷ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠯᠠᠪᠳᠠᠭᠤᠨ ᠪᠠᠲᠤᠲᠠᠶ | ᠶᠠᠪᠤᠭᠳᠠᠵᠤ ᠡᠬᠢᠯᠡᠪᠡ᠃ | ᠲᠠᠪᠤ ᠳᠤ᠂ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠠᠢ᠃ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠢᠳᠡᠪᠬᠢᠲᠡᠶ ᠦᠷᠨᠢᠭᠦᠯᠵᠦ᠂ 10 ᠠᠭᠤᠷᠰᠢᠯᠲᠠ ᠶᠢᠨ ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠴᠤᠴᠠᠯᠠᠨ | ᠨᠡᠶᠢᠯᠡᠭᠦᠯᠵᠦ᠂ 8 ᠭᠠᠯ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠱᠧᠩ ᠯᠧ | ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ ᠢᠷᠡᠯᠲᠡ ᠶᠢᠨ ᠬᠥᠬᠡᠬᠤᠲᠠ ᠣᠷᠣᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ 2899 ᠰᠢᠷ᠎ᠠ | ᠲᠡᠮᠳᠡᠭᠲᠦ ᠲᠡᠷᠭᠡ ᠶᠢ ᠰᠢᠭᠰᠢᠵᠡᠢ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠵᠤ᠂ ︽ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ | ᠳᠦᠷᠢᠮ︾ ᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ 5 ᠪᠣᠬᠢᠷ ᠤᠰᠤ ᠭᠠᠳᠠᠭᠰᠢᠯᠠᠭᠤᠯᠬᠤ ᠦᠢᠯᠡᠳᠪᠦᠷᠢ ᠶᠢᠨ ᠭᠦᠨᠴᠡ ᠶᠢ ᠥᠷᠭᠡᠳᠬᠡᠨ ᠪᠠᠶᠢᠭᠤᠯᠬᠤ | ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠭᠤᠷᠪᠠᠨ ᠬᠠᠲᠤᠨ ᠣᠭᠲᠣᠯᠤᠭᠠᠰᠤ ᠶᠢᠨ ᠤᠰᠤᠨ ᠤ ᠴᠢᠨᠠᠷ ᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠨ᠂ | ᠶᠡᠭᠡ ᠲᠦᠷᠭᠡᠨ ᠭᠤᠣᠯ ᠤᠨ ᠬᠠᠲᠤᠨ ᠣᠭᠲᠣᠯᠤᠭᠠᠰᠤ ᠶᠢᠨ ᠤᠰᠤᠨ ᠤ ᠴᠢᠨᠠᠷ ᠢ ᠢᠯᠡᠳᠲᠡ ᠰᠠᠶᠢᠵᠢᠷᠠᠭᠤᠯᠪᠠ᠃ ︽ᠠᠭᠤᠯᠠ ᠬᠤᠳᠠ ᠶᠢ ᠨᠡᠶᠢᠯᠡᠭᠦᠯᠦᠨ | ᠬᠤᠲᠠᠴᠢᠯᠠᠬᠤ︾ ᠪᠠᠶᠢᠯᠳᠤᠬᠤ ᠪᠤᠳᠤᠯᠭ᠎ᠠ᠂ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠠᠵᠤ ᠦᠢᠯᠡᠰ ᠤᠨ ᠵᠥᠪᠰᠢᠶᠡᠷᠡᠨ ᠣᠷᠣᠭᠤᠯᠬᠤ | ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠲᠣᠭᠲᠠᠭᠠᠵᠤ᠂ ᠳᠠᠯᠠᠨ ᠬᠠᠷ᠎ᠠ ᠠᠭᠤᠯᠠ ᠣᠷᠴᠢᠮ ᠤᠨ ᠦᠢᠯᠡᠳᠪᠦᠷᠢ ᠠᠭᠤᠷᠬᠠᠶ ᠠᠵᠤ ᠠᠬᠤᠶᠢᠯᠠᠯ ᠢ ᠪᠦᠬᠦ | ᠲᠠᠯ᠎ᠠ ᠪᠠᠷ ᠵᠣᠭᠰᠣᠭᠠᠵᠤ᠂ 45 ᠲᠦᠮᠡᠨ ᠮᠦ ᠤᠢ ᠮᠤᠳᠤ ᠶᠢᠨ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢ ᠬᠢᠭᠰᠡᠨ ᠪᠠᠶᠢᠨ᠎ᠠ᠃ | ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠡᠢ᠃ 12 ᠵᠦᠢᠯ ᠤᠨ ᠣᠨᠢᠨ ᠲᠡᠭᠡᠷ᠎ᠡ ᠨᠢ | ᠶᠠᠳᠠᠭᠤ ᠶᠢ ᠲᠡᠳᠬᠦᠬᠦ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠵᠢᠯ ᠤᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠪᠡ᠃ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠶᠡᠬᠡᠪᠡᠷ ᠲᠡᠳᠬᠦᠨ ᠲᠡᠮᠵᠢᠵᠦ᠂ 4.1 ᠲᠦᠮᠡᠨ ᠬᠦᠮᠦᠨ ᠬᠤᠳᠠ ᠪᠠᠯᠭᠠᠰᠤᠨ ᠳᠤ ᠰᠢᠨ᠎ᠡ ᠪᠠᠷ | ᠠᠵᠢᠯ ᠣᠯᠵᠤ᠂ 27.9 ᠲᠦᠮᠡᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠵᠦ ᠠᠵᠢᠯ ᠣᠯᠭᠤᠵᠠᠢ᠃ ᠨᠡᠶᠢᠭᠡᠮ ᠤᠨ ᠪᠠᠲᠤᠯᠠᠭ᠎ᠠ ᠶᠢᠨ | ᠪᠠᠷᠢᠮᠵᠢᠶ᠎ᠠ ᠪᠣᠯᠤᠨ ᠲᠡᠩᠬᠡᠷᠡᠭᠦᠯᠦᠨ ᠲᠤᠰᠠᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠢᠶᠠᠭᠰᠠᠨ ᠡᠯ᠎ᠡ ᠲᠦᠷᠦᠯ ᠤᠨ ᠨᠡᠶᠢᠭᠡᠮ ᠤᠨ | ᠳᠠᠭᠠᠳᠬᠠᠯ ᠤᠨ ᠮᠦᠩᠭᠦ ᠶᠢᠨ ᠶᠡᠷᠦᠩᠬᠡᠢ ᠲᠤᠭ᠎ᠠ 152 ᠳ᠋ᠦᠩᠰᠢᠭᠤᠷ ᠲᠥᠭᠦᠷᠢᠭ ᠬᠦᠷᠴᠦ᠂ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠨ | ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠬᠥᠮᠦᠨ ᠪᠦᠷᠢ ᠳᠤᠮᠳᠠᠴᠢ ᠪᠠᠷ ᠰᠠᠷ᠎ᠠ ᠪᠦᠷᠢ 2430 ᠲᠦᠭᠦᠷᠢᠭ ᠬᠦᠷᠴᠦ᠂ ᠬᠤᠳᠠ ᠪᠣᠯᠣᠨ ᠬᠥᠳᠡᠭᠡ | ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 620 ᠲᠥᠭᠦᠷᠢᠭ ᠪᠤᠯᠤᠨ ᠵᠢᠯ ᠪᠦᠷᠢ ᠬᠥᠮᠦᠨ | ᠨᠢᠭᠡᠪᠦᠷᠢ ᠳᠤ 5200 ᠲᠥᠭᠦᠷᠢᠭ ᠪᠣᠯᠭᠠᠨ ᠨᠡᠮᠡᠭᠳᠡᠭᠦᠯᠪᠡ᠃ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠬᠡᠷᠡᠭᠳᠡᠢ ᠬᠦᠮᠦᠨ᠂ ᠶᠠᠳᠠᠭᠤ | ᠬᠦᠴᠢᠷᠳᠡᠯᠲᠡᠶ ᠭᠡᠷ ᠪᠦᠯᠢ ᠶᠢᠨ ᠶᠡᠭᠡ ᠰᠤᠷᠭᠠᠭᠤᠯᠢ ᠶᠢᠨ ᠣᠶᠤᠲᠠᠨ᠂ ᠬᠦᠨᠳᠦ ᠡᠪᠡᠳᠴᠢᠨ ᠲᠠᠢ᠂ ᠬᠡᠰᠡᠭ ᠬᠦᠴᠢᠷᠳᠡᠯᠲᠡᠶ ᠵᠡᠮᠳᠡᠭ ᠬᠥᠮᠦᠨ ᠂ ᠬᠦᠨᠳᠦ | ᠡᠪᠡᠳᠴᠢᠲᠡᠨ ᠵᠡᠷᠭᠡ ᠬᠦᠮᠦᠰ ᠲᠤ ᠣᠯᠠᠨ ᠲᠦᠮᠡᠨ ᠳᠤ ᠲᠠᠷᠬᠠᠭᠠᠬᠤ ᠲᠤᠰᠠᠯᠠᠮᠵᠢ ᠶᠢᠨ ᠮᠥᠩᠭᠦ 5.6 ᠳ᠋ᠦᠩᠰᠢᠭᠤᠷ ᠲᠦᠭᠦᠷᠢᠭ ᠣᠯᠭᠤᠪᠠ᠃ ᠨᠡᠶᠢᠲᠡ ᠶᠢᠨ | ᠲᠦᠷᠢᠶᠡᠰᠦᠨ ᠭᠡᠷ 7252 ᠢ ᠬᠤᠪᠢᠶᠡᠷᠯᠠᠵᠦ᠂ 2.3ᠲᠦᠮᠡᠨ ᠢᠵᠢ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠦᠭᠡᠷᠡᠴᠢᠯᠡᠨ᠂ 1.4 | ᠲᠦᠮᠡᠨ ᠡᠷᠦᠬᠡ ᠣᠯᠠᠨ ᠲᠦᠮᠡᠨ ᠤ ᠲᠡᠬᠢᠠ ᠪᠤᠴᠠᠵᠤ ᠲᠥᠪᠬᠢᠨᠡᠭᠦᠯᠬᠦ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠭᠰᠡᠨ | ᠪᠠᠶᠢᠨ᠎ᠠ᠃ | ᠰᠤᠷᠭᠠᠨ ᠬᠥᠮᠦᠵᠢᠯ ᠢ ᠡᠩ ᠲᠡᠷᠢᠭᠦᠨ ᠳᠤ ᠬᠦᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠪᠣᠯᠣᠨ ᠬᠡᠦᠬᠡᠳ ᠤᠨ ᠴᠡᠴᠡᠷᠯᠢᠭ ᠵᠡᠷᠭᠡ 11 | ᠰᠤᠷᠭᠠᠭᠤᠯᠢ ᠶᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠰᠤᠷᠤᠯᠭ᠎ᠠ ᠶᠢᠨ ᠣᠷᠣᠨ ᠲᠤᠭ᠎ᠠ 1.4 ᠲᠦᠮᠡ ᠨᠡᠮᠡᠭᠳᠡᠪᠡ᠃ ᠡᠮ ᠡᠮᠨᠡᠯᠭᠡ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ 31ᠡᠮᠨᠡᠯᠭᠡ ᠶᠢᠨ ᠬᠤᠯᠪᠣᠭᠠᠲᠤ ᠴᠣᠭᠴᠠ ᠪᠠᠶᠢᠭᠤᠯᠵᠤ᠂ ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠭᠰᠠᠨ | ᠰᠠᠭᠤᠭᠠᠯᠢ ᠠᠷᠠᠳ131.1 ᠲᠦᠮᠡᠨ ᠬᠦᠮᠦᠨ᠂ 52 ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠦᠨ᠎ᠡ ᠨᠡᠮᠡᠨ ᠬᠤᠳᠠᠯᠳᠤᠬᠤ ᠶᠢ | ᠪᠦᠬᠦᠨ ᠢ ᠬᠦᠴᠦᠨ ᠦᠭᠡᠶ ᠪᠣᠯᠭᠠᠵᠤ᠂ ᠡᠪᠡᠳᠴᠢᠲᠡᠨ ᠳᠤ ᠨᠡᠶᠢᠳᠡ 5.2 ᠳ᠋ᠦᠩᠰᠢᠭᠤᠷ ᠲᠥᠭᠦᠷᠢᠭ ᠤᠨ ᠵᠠᠷᠤᠳᠠᠯ ᠢ ᠠᠷᠪᠢᠯᠠᠨ ᠥᠭᠴᠡᠢ᠃ ᠤᠯᠤᠰ ᠤᠨ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠡᠭᠦᠳᠦᠨ ᠪᠠᠶᠢᠭᠤᠯᠵᠤ᠂ ᠥᠪᠥᠷ | ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠶ ᠵᠡᠷᠭᠡ10 ᠭᠤᠣᠯᠳᠠᠯᠭ᠎ᠠ ᠲᠠᠢ ᠰᠣᠶᠣᠯ ᠤᠨ ᠲᠠᠯᠠᠪᠠᠶ᠂ ᠳᠠᠯᠠᠨ ᠬᠠᠷ᠎ᠠ ᠠᠭᠤᠯᠠ ᠶᠢᠨ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠴᠡᠴᠡᠷᠯᠢᠭ ᠢ ᠬᠡᠷᠡᠭᠯᠡᠯᠲᠡ ᠳᠤ ᠣᠷᠣᠭᠤᠯᠵᠤ᠂ ︽ᠲᠡᠮᠡᠭᠡᠨ ᠵᠢᠩ︾ ᠵᠡᠷᠭᠡ ᠦᠨᠳᠦᠰᠦᠲᠡᠨ ᠤ | ᠪᠥᠵᠢᠭᠲᠦ ᠵᠦᠴᠦᠭᠡ ᠪᠦᠬᠦ ᠤᠯᠤᠰ ᠪᠣᠯᠣᠨ ᠳᠡᠯᠡᠬᠡᠶ ᠶᠢᠨ ᠲᠠᠪᠴᠠᠩ ᠳᠤ ᠬᠦᠮᠦᠰ ᠤᠨ ᠬᠠᠷᠠᠭᠠᠨ ᠳᠤ ᠣᠷᠤᠵᠠᠢ᠃ ᠪᠡᠶ᠎ᠡ ᠲᠠᠮᠢᠷ ᠤᠨ ᠦᠢᠯᠡᠰ ᠲᠦᠷᠭᠡᠨ | ᠬᠥᠭᠵᠢᠵᠦ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠪᠡᠶ᠎ᠡ ᠲᠠᠮᠢᠷ ᠤᠨ ᠲᠠᠯᠠᠪᠠᠢ 2.2 ᠲᠡᠭᠰᠢ ᠳᠦᠷᠪᠡᠯᠵᠢᠨ ᠮᠧᠲᠷ ᠬᠦᠷᠴᠦ᠂ ᠪᠦᠬᠦ ᠤᠯᠤᠰ ᠤᠨ | ᠳᠤᠮᠳᠠᠴᠢ ᠬᠡᠮᠵᠢᠶ᠎ᠡ ᠠᠴᠠ ᠦᠨᠳᠦᠷ ᠪᠣᠯᠵᠠᠢ᠃ | ᠠᠮᠤᠷ ᠲᠠᠶᠢᠪᠤᠩ ᠲᠥᠪ ᠬᠤᠲᠠ ᠶᠢᠨ ᠪᠥᠳᠥᠭᠡᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠠᠬᠢᠭᠤᠯᠵᠤ ᠂ ᠪᠦᠬᠦ ᠠᠵᠢᠯ ᠲᠦᠷᠤᠯ᠂ ᠭᠠᠵᠠᠷ | ᠣᠷᠣᠨ ᠳᠤ ᠠᠶᠣᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠦ ᠴᠡᠭᠴᠡᠯᠡᠨ ᠵᠠᠰᠠᠵᠠᠢ᠃ ᠪᠦᠬᠦ ᠵᠢᠯ ᠳᠤ ᠠᠳᠡᠯ ᠬᠡᠷᠡᠭ 30.3 % ᠪᠠᠷ ᠪᠠᠭᠤᠷᠠᠵᠤ | ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠪᠦᠯᠦᠭ ᠤᠳᠠᠭ᠎ᠠ ᠪᠣᠯᠣᠨ ᠬᠥᠮᠦᠨ ᠤ ᠲᠤᠭ᠎ᠠ ᠲᠤᠰ | ᠲᠤᠰ 23.6 % ᠪᠠ 19.3% ᠪᠠᠷ ᠪᠠᠭᠤᠷᠠᠵᠠᠢ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠵᠦ᠂ ᠡᠷᠡᠭᠦᠦ ᠶᠢᠨ ᠬᠡᠷᠡᠭ ᠭᠠᠷᠬᠤ ᠨᠣᠷᠮ᠎ᠠ 3.8 % ᠪᠠᠷ ᠳᠣᠷᠣᠭᠰᠢᠯᠠᠵᠤ᠂ ᠬᠡᠷᠡᠭ ᠢᠯᠡᠷᠡᠭᠦᠯᠬᠦ ᠨᠣᠷᠮ᠎ᠠ 18.7% ᠪᠠᠷ ᠲᠡᠭᠡᠭᠰᠢᠯᠡᠵᠡᠢ᠃ | ᠨᠡᠶᠢᠲᠡ 309 ᠡᠳᠦᠷ ︽ᠳᠡᠭᠡᠷᠡᠮᠳᠡᠭᠰᠡᠨ᠂ ᠪᠤᠯᠢᠶᠠᠭᠰᠠᠨ︾ ᠬᠡᠷᠡᠭ ᠭᠠᠷᠤᠭ᠎ᠠ ᠦᠭᠡᠢ᠃ ᠴᠡᠷᠢᠭ ᠠᠷᠠᠳ ᠤᠨ ᠬᠠᠮᠵᠢᠯᠴᠠᠨ ᠬᠥᠭᠵᠢᠭᠦᠯᠬᠦ ᠶᠢ | ᠴᠢᠬᠤᠯᠠᠴᠢᠯᠠᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠪᠠᠴᠢᠮ ᠪᠠᠶᠢᠳᠠᠯ ᠢ ᠰᠢᠢᠳᠪᠦᠷᠢᠯᠡᠬᠦ ᠬᠦᠴᠦᠨ ᠢ ᠴᠢᠩᠭᠠᠳᠬᠠᠵᠠᠢ᠃ | ᠦᠨᠳᠦᠰᠦᠲᠡᠨ᠂ ᠱᠠᠰᠢᠨ ᠰᠤᠷᠲᠠᠬᠤᠨ᠂ ᠠᠷᠠᠳ ᠤᠨ ᠠᠭᠠᠷ ᠰᠡᠷᠭᠡᠶᠢᠯᠡᠯᠲᠡ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠠᠮᠤ | ᠪᠤᠳᠠᠭ᠎ᠠ᠂ ᠨᠢᠭᠦᠯᠡᠰᠦᠩᠭᠦᠢ ᠦᠢᠯᠠᠰ ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠤᠯᠠᠭᠠᠨ ᠵᠠᠭᠠᠯᠮᠠᠶ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠠᠵᠢᠯ᠂ | ᠠᠵᠢᠯᠴᠢᠨ ᠤ ᠡᠪᠯᠡᠯ᠂ ᠡᠬᠡ ᠨᠢᠯᠬᠠᠰ ᠵᠡᠷᠭᠡ ᠡᠯ᠎ᠡ ᠵᠦᠢᠯ ᠤᠨ ᠠᠵᠢᠯ ᠰᠢᠨ᠎ᠡ ᠠᠮᠵᠢᠯᠲᠠ ᠤᠯᠪᠠ᠃ | ᠲᠥᠯᠥᠭᠡᠯᠡᠭᠴᠢᠳ ᠡ᠄ ᠥᠩᠭᠡᠷᠡᠭᠰᠡᠨ ᠲᠠᠪᠤᠨ ᠵᠢᠯ ᠤᠨ ᠠᠮᠵᠢᠯᠲᠠ ᠶᠢ ᠣᠯᠣᠭᠰᠠᠨ ᠨᠢ ᠬᠢᠯᠪᠠᠷ ᠪᠤᠰᠤ ᠶᠤᠮ᠂ ᠡᠨᠡ ᠪᠣᠯ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ᠂ | ᠨᠢᠭᠡᠳᠦᠯᠲᠡᠶ ᠲᠥᠯᠥᠪᠯᠡᠨ ᠵᠢᠯᠣᠭᠤᠳᠤᠭᠰᠠᠨ ᠤ ᠦᠷ᠎ᠡ ᠳ᠋ᠦᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠤ ᠬᠢᠨᠠᠨ ᠲᠡᠮᠵᠢᠵᠤ᠂ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠬᠠᠷᠠᠭ᠎ᠠ ᠲᠡᠷᠯᠡᠨ ᠰᠠᠬᠢᠨ ᠪᠠᠷᠠᠯᠠᠵᠦ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠳᠠ ᠶᠢᠨ ᠠᠷᠠᠳ ᠤᠨ ᠵᠠᠰᠠᠭ ᠤᠨ | ᠣᠷᠳᠣᠨ᠂ ᠪᠦᠭᠦ ᠬᠤᠳᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ᠂ ᠡᠯ᠎ᠡ ᠹᠷᠣᠨᠲ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠰᠢᠷᠭᠠᠭᠤ | ᠠᠵᠢᠯᠯᠠᠵᠤ᠂ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠬᠥᠬᠡᠬᠤᠲᠠ ᠶᠢᠨ ᠦᠨᠳᠦᠰᠦᠲᠡᠨ ᠨᠦᠭᠦᠳ᠂ ᠨᠠᠶᠢᠵᠠ | ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠦᠲᠦᠮᠵᠢ ᠪᠠᠨ ᠳ᠋ᠦᠡᠭᠨᠡᠬᠦ ᠶᠢᠨ ᠬᠠᠮᠲᠤ᠂ ᠪᠢᠳᠡ ᠬᠤᠲᠠ ᠶᠢᠨ ᠬᠥᠭᠵᠢᠯᠲᠡ ᠬᠠᠷᠠᠬᠠᠨ ᠪᠠᠭᠤᠷᠠᠢ ᠪᠠᠶᠢᠭ᠎ᠠ ᠪᠠᠶᠢᠳᠠᠯ ᠦᠨᠳᠦᠰᠦᠨ ᠠᠴᠠ ᠪᠠᠨ | ᠬᠤᠪᠢᠷᠠᠭᠠᠳᠤᠶ᠂ ᠬᠥᠭᠵᠢᠯᠲᠡ ᠲᠡᠩᠴᠡᠭᠦᠷᠢ ᠦᠬᠡᠢ᠂ ᠬᠦᠭᠵᠢᠯᠲᠡ ᠭᠦᠢᠴᠡᠳ ᠪᠤᠰᠤ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠲᠠᠨᠢᠵᠤ᠂ ᠥᠷᠭᠡᠨ | ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠨᠢ ᠨᠡᠩ ᠲᠤᠯᠭᠠᠮ᠎ᠠ ᠱᠠᠭᠠᠷᠳᠠᠯᠭ᠎ᠠ | ᠪᠤᠯᠵᠤ ᠪᠠᠶᠢᠨ᠎ᠠ᠃ ᠲᠡᠭᠦᠨ ᠤ ᠭᠤᠣᠯ ᠢᠯᠡᠷᠡᠯ ᠭᠡᠪᠡᠯ᠄ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠥᠨᠳᠥᠷ ᠪᠢᠰᠢ᠂ ᠣᠳᠣᠬᠢᠴᠢᠯᠠᠭᠰᠠᠨ ᠬᠥᠳᠡᠭᠡ | ᠠᠵᠤ ᠠᠬᠤᠶ ᠶᠢᠨ ᠰᠢᠰᠲ᠋ᠧᠮ ᠬᠠᠷᠠᠬᠠᠨ ᠪᠠᠶᠢᠭᠤᠯᠤᠭᠳᠠᠭ᠎ᠠ ᠦᠭᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠠᠩᠬᠠᠨ ᠤ ᠠᠯᠬᠤᠮ ᠳᠤ ᠪᠠᠶᠢᠵᠤ᠂ ᠠᠵᠤ ᠦᠢᠯᠡᠳᠪᠦᠷᠢ ᠶᠢᠨ ᠪᠦᠯᠦᠭᠵᠢᠯᠡᠯᠲᠡ ᠶᠢᠨ | ᠬᠦᠭᠵᠢᠯᠲᠡ ᠶᠢᠨ ᠬᠡᠪᠴᠢᠶ᠎ᠡ ᠨᠢ ᠪᠠᠭ᠎ᠠ᠂ ᠬᠡᠯᠬᠢᠶ᠎ᠡ ᠣᠬᠤᠷ᠂ ᠬᠤᠯᠪᠣᠭᠳᠠᠬᠤ ᠬᠡᠮᠵᠢᠶ᠎ᠡ ᠪᠠᠷ ᠳᠣᠣᠷ᠎ᠠ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠣᠯᠣᠨ | ᠠᠵᠤ ᠠᠬᠤᠶ ᠳᠤ ᠦᠵᠡᠭᠦᠯᠬᠦ ᠳᠠᠭᠠᠭᠤᠯᠬᠤ ᠦᠢᠯᠡᠳᠦᠯ ᠴᠢᠩᠭ᠎ᠠ ᠪᠢᠰᠢ᠃ ᠲᠥᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠂ | ᠬᠦᠷᠦᠩᠭᠡ ᠮᠦᠩᠬᠦ ᠵᠡᠷᠭᠡ ᠡᠯᠧᠮᠧᠨ᠋ᠲ ᠤᠨ ᠬᠠᠷᠢᠴᠠᠩᠭᠤᠶ ᠴᠤᠭᠯᠠᠷᠠᠭᠰᠠᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠤᠭᠠᠳᠤᠶ᠂ ᠠᠵᠤ ᠠᠬᠤᠶ ᠶᠢᠨ | ᠨᠡᠮᠡᠭᠳᠡᠯ ᠤᠨ ᠳᠣᠲᠣᠭᠠᠳᠤ ᠡᠭᠦᠰᠬᠦ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠨ᠎ᠠ᠃ ᠣᠷᠣᠨ ᠪᠦᠰᠡ ᠶᠢᠨ ᠨᠥᠯᠥᠭᠡᠯᠡᠬᠦ ᠬᠦᠴᠦᠨ ᠪᠣᠯᠣᠨ ᠥᠷᠢᠰᠥᠯᠳᠦᠬᠦ | ᠬᠦᠴᠦᠨ ᠬᠦᠷᠦᠯᠴᠡᠬᠦ ᠦᠭᠡᠢ ᠪᠠᠶᠢᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠨᠢ ᠴᠢᠩᠭ᠎ᠠ | ᠪᠢᠰᠢ᠂ ᠬᠥᠬᠡᠬᠤᠲᠠ ᠪᠤᠭᠤᠲᠤ ᠢᠷᠭᠠᠢ ᠢᠤᠢ ᠯᠢᠨ ᠠᠵᠤ ᠠᠬᠤᠶ ᠶᠢᠨ ᠣᠷᠣᠨ ᠤ ᠭᠤᠣᠯ ᠪᠣᠯᠬᠤ ᠬᠤᠳᠠ ᠶᠢᠨ ᠦᠢᠯᠡᠳᠦᠯ ᠢ ᠪᠠᠳᠠᠷᠠᠭᠤᠯᠬᠤ ᠨᠢ ᠢᠯᠡᠷᠬᠡᠶ | ᠪᠢᠰᠢ᠂ ᠪᠦᠸᠧᠬᠠᠢ ᠲᠠᠩᠭᠢᠰ ᠳᠠᠭᠠᠤ ᠠᠵᠤ ᠠᠬᠤᠶ ᠶᠢᠨ ᠣᠷᠣᠨ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠦᠭᠵᠢᠯᠲᠡ ᠳᠤ ᠤᠷᠤᠯᠴᠠᠬᠤ ᠬᠢᠷᠢ | ᠬᠡᠮᠵᠢᠶ᠎ᠡ ᠨᠢ ᠨᠡᠯᠢᠶᠡᠳ ᠳᠣᠣᠷ᠎ᠠ ᠪᠠᠶᠢᠨ᠎ᠠ᠃ ᠬᠤᠲᠠ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ | ᠪᠤᠯᠤᠨ ᠣᠳᠣᠬᠢᠴᠢᠯᠠᠭᠰᠠᠨ ᠲᠥᠪ ᠬᠤᠳᠠ ᠶᠢᠨ ᠱᠠᠭᠠᠷᠳᠠᠯᠭ᠎ᠠ ᠲᠠᠢ ᠵᠣᠬᠢᠬᠤ ᠵᠥᠷᠢᠶ᠎ᠡ ᠲᠠᠢ ᠪᠠᠶᠢᠵᠦ᠂ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠬᠦ | ᠬᠡᠷᠡᠭᠲᠡᠶ ᠪᠠᠶᠢᠨ᠎ᠠ᠃ ᠤᠰᠤ᠂ ᠬᠡᠢ ᠪᠠᠷᠢᠮᠵᠢᠶ᠎ᠠ ᠠᠴᠠ ᠬᠡᠲᠦᠷᠡᠲᠡᠯ᠎ᠡ ᠭᠠᠳᠠᠭᠰᠢᠯᠠᠭᠤᠯᠬᠤ ᠠᠰᠠᠭᠤᠳᠠᠯ ᠲᠤᠪᠤᠶᠢᠮ᠎ᠠ ᠣᠷᠣᠰᠢᠭᠰᠠᠭᠠᠷ ᠪᠠᠶᠢᠵᠤ᠂ ᠳᠠᠯᠠᠨ ᠬᠠᠷ᠎ᠠ | ᠠᠭᠤᠯᠠᠨ ᠤ ᠡᠪᠳᠡᠯᠭᠡ ᠶᠢᠨ ᠵᠠᠰᠠᠨ ᠰᠡᠷᠭᠦᠭᠡᠬᠦ ᠡᠭᠦᠷᠭᠡ ᠬᠠᠲᠠᠭᠤ ᠪᠡᠷᠬᠡ᠂ ᠬᠤᠲᠠ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠪᠠᠶᠢᠳᠠᠯ | ᠬᠦᠨᠳᠦ ᠨᠣᠴᠢᠲᠠᠶ᠂ ᠠᠮᠢ ᠠᠬᠤᠶ ᠶᠢ ᠬᠠᠮᠠᠭᠠᠯᠠᠬᠤ ᠪᠠ ᠪᠣᠬᠢᠷᠲᠤᠯ ᠢ ᠵᠠᠰᠠᠬᠤ ᠠᠵᠢᠯ ᠤᠨ ᠡᠭᠦᠷᠭᠡ ᠬᠦᠨᠳᠦ ᠂ ᠵᠠᠮ ᠬᠤᠯᠠ ᠪᠠᠶᠢᠨ᠎ᠠ᠃ ᠭᠡᠷ ᠬᠦ᠋ᠷᠦᠩᠭᠡ ᠶᠢᠨ | ︽ᠦᠨᠡᠮᠯᠡᠯ ᠠᠪᠬᠤ ᠳᠤ ᠬᠦᠴᠢᠷᠲᠡᠶ︾᠂ ᠰᠤᠷᠭᠠᠨ ᠬᠥᠮᠦᠵᠢᠯ ᠤᠨ ︽ᠰᠤᠷᠭᠠᠭᠤᠯᠢ ᠰᠣᠩᠭᠤᠬᠤ ᠬᠠᠯᠠᠮᠰᠢᠯ︾᠂ ᠡᠮ ᠡᠮᠨᠡᠯᠭᠡ ᠶᠢᠨ ︽ᠡᠪᠡᠳᠴᠢᠨ | ᠦᠵᠡᠭᠦᠯᠬᠦ ᠳᠤ ᠬᠦᠴᠢᠷ ︾᠂ ᠵᠠᠮ ᠬᠠᠷᠢᠯᠴᠠᠭᠠᠨ ᠤ ︽ᠭᠠᠷᠬᠤ ᠳᠤ ᠲᠦᠭᠵᠢᠷᠡᠬᠦ︾ ᠵᠡᠷᠭᠡ ᠠᠰᠠᠭᠤᠳᠠᠯ ᠪᠠᠰᠠ ᠨᠡᠯᠢᠶᠡᠳ ᠲᠤᠪᠤᠶᠢᠮ᠎ᠠ ᠣᠷᠣᠰᠢᠵᠤ᠂ ᠥᠷᠭᠡᠨ | ᠤᠯᠠᠨ ᠠᠷᠠᠳ ᠲᠦᠮᠡᠨ ᠤ ᠱᠠᠭᠠᠷᠳᠠᠯᠭ᠎ᠠ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠡᠭᠦᠨ ᠤ ᠵᠡᠷᠭᠡᠴᠡᠭᠡᠪᠡᠷ ᠵᠠᠷᠢᠮ ᠭᠠᠵᠠᠷ ᠣᠷᠣᠨ ᠪᠣᠯᠣᠨ | ᠰᠠᠯᠠᠭ᠎ᠠ ᠮᠥᠴᠢᠷ ᠲᠤ ᠠᠵᠢᠯ ᠳᠠᠭᠠᠨ ᠯᠠᠪᠳᠠᠭᠤᠨ ᠪᠢᠰᠢ᠂ ᠦᠷ᠎ᠡ ᠪᠦᠲᠦᠮᠵᠢ ᠥᠨᠳᠥᠷ ᠪᠢᠰᠢ ᠵᠡᠷᠭᠡ ᠠᠰᠠᠭᠤᠳᠠᠯ ᠣᠷᠣᠰᠢᠵᠤ᠂ ᠵᠠᠷᠢᠮ ᠺᠠᠳ᠋ᠷᠴᠤᠳ | ᠵᠣᠷᠢᠭᠲᠠᠶ ᠪᠠᠷ ᠠᠵᠢᠯ ᠬᠠᠷᠢᠭᠤᠴᠠᠯᠭ᠎ᠠ ᠡᠭᠦᠷᠭᠡᠯᠡᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠢᠶᠠᠨ ᠤᠯᠠᠮ ᠳᠡᠭᠡᠭᠰᠢᠯᠡᠭᠦᠯᠬᠦ ᠴᠢᠬᠤᠯᠠᠲᠠᠢ᠃ | ᠡᠭᠦᠨ ᠳᠤ ᠪᠢᠳᠡᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠡᠯ᠎ᠡ ᠵᠦᠢᠯ ᠤᠨ | ᠠᠵᠢᠯ ᠢᠶᠠᠨ ᠨᠡᠩ ᠴᠢᠷᠮᠠᠶᠢᠨ ᠰᠠᠶᠢᠲᠣᠷ ᠬᠢᠵᠦ᠂ ᠪᠦᠬᠦ ᠬᠤᠳᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠳᠤ ᠨᠡᠩ ᠰᠠᠶᠢᠨ ᠰᠠᠶᠢᠬᠠᠨ ᠬᠤᠪᠢᠷᠠᠯᠲᠠ | ᠪᠦᠲᠦᠮᠵᠢ ᠶᠢ ᠣᠯᠭᠤᠬᠤ ᠪᠠᠷ ᠴᠢᠷᠮᠠᠶᠢᠵᠠᠭᠠᠶ᠎ᠠ︕ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠣᠯ ᠠᠵᠢᠯ | ᠲᠥᠯᠥᠭᠡᠯᠡᠭᠴᠢᠳ ᠡ᠄ ᠬᠤᠶᠢᠰᠢᠳᠠ ᠶᠢᠨ ᠲᠠᠪᠤᠨ ᠵᠢᠯ ᠪᠣᠯ ︽ᠬᠤᠣᠰ ᠵᠠᠭᠤᠨ ᠵᠢᠯ︾ ᠤᠨ ᠲᠡᠦᠬᠡᠨ ᠠᠭᠤᠯᠵᠠᠷ ᠤᠨ ᠬᠤᠭᠤᠴᠠᠭ᠎ᠠ᠂ ᠪᠢᠳᠡ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠭᠤᠤ ᠶᠡᠭᠡ ᠢᠯᠠᠯᠲᠠ ᠶᠢ ᠬᠦᠴᠦᠯᠡᠨ ᠲᠡᠮᠡᠴᠡᠨ ᠣᠯᠵᠤ᠂ ᠠᠩᠬᠠᠳᠠᠭᠴᠢ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠮᠥᠷᠲᠡᠭᠡᠨ ᠪᠠᠰᠠ ᠢᠯᠠᠯᠲᠠ ᠶᠢᠨ ᠡᠷᠴᠢᠨ ᠳᠡᠭᠡᠷ᠎ᠡ᠂ ᠪᠦᠬᠦ ᠲᠠᠯ᠎ᠠ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠠᠶᠢᠭᠤᠯᠬᠤ ᠶᠢᠨ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠣᠷᠣᠭᠰᠢᠯᠠᠶ᠎ᠠ᠃ | ᠰᠢᠨ᠎ᠡ ᠲᠡᠦᠬᠡᠨ ᠣᠷᠣᠨ ᠵᠠᠢ᠂ ᠰᠢᠨ᠎ᠡ ᠠᠭᠤᠤ ᠶᠡᠭᠡ ᠠᠶᠠᠨ ᠨᠢ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠪᠡᠯᠭᠡᠳᠡᠵᠦ ᠪᠠᠶᠢᠬᠤ ᠮᠦᠷᠲᠡᠭᠡᠨ ᠰᠢᠨ᠎ᠡ | ᠤᠷᠤᠭᠰᠢᠯᠠᠯᠲᠠ ᠶᠢᠨ ᠳᠠᠪᠠᠭ᠎ᠠ ᠲᠤᠯᠭᠠᠷᠠᠵᠤ ᠪᠠᠶᠢᠭ᠎ᠠ ᠶᠢ ᠴᠦ ᠬᠠᠷᠠᠭᠤᠯᠵᠣ ᠪᠠᠶᠢᠨ᠎ᠠ᠃ ᠶᠡᠷᠦᠩᠬᠡᠢ ᠵᠠᠳᠠᠯᠤᠨ ᠮᠠᠭᠠᠳᠯᠠᠯᠲᠠ ᠪᠠᠷ ᠬᠦᠬᠡᠬᠤᠲᠠ ᠨᠢ ᠮᠦᠨ ᠬᠦ | ᠦᠢᠯᠡᠰ ᠪᠦᠳᠦᠭᠡᠯᠲᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠳᠤ ᠪᠠᠶᠢᠨ᠎ᠠ᠃ ᠣᠳᠣ ᠪᠦᠬᠦ ᠪᠥᠮᠪᠥᠷᠴᠡᠭ ᠤᠨ ᠠᠵᠤ | ᠠᠬᠤᠶ ᠶᠢᠨ ᠰᠢᠨ᠎ᠡ ᠨᠢᠭᠡᠨ ᠡᠭᠡᠯᠵᠢ ᠶᠢᠨ ᠰᠢᠨᠵᠢᠯᠡᠭᠡ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠥᠳᠲᠡᠷ ᠲᠦᠷᠭᠡᠨ ᠬᠥᠭᠵᠢᠵᠦ᠂ | ᠰᠢᠨ᠎ᠡ ᠠᠵᠤ ᠠᠬᠤᠶ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠲᠧᠭᠨᠢᠭ ᠮᠡᠷᠭᠡᠵᠢᠯ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠨ᠎ᠠ᠃ | ᠮᠠᠨ ᠤ ᠤᠯᠤᠰ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠴᠠᠭ ᠦᠶ᠎ᠡ ᠳᠤ ᠣᠷᠣᠵᠤ᠂ ᠠᠵᠤ ᠠᠬᠤᠶ ᠨᠢᠭᠡᠨᠲᠡ ᠳᠡᠭᠡᠳᠦ ᠬᠤᠷᠳᠣᠴᠠᠲᠣ ᠥᠰᠥᠯᠲᠡ ᠶᠢᠨ | ᠱᠠᠲᠣᠨ ᠠᠴᠠ ᠪᠠᠨ ᠶᠠᠰᠤ ᠴᠢᠨᠠᠷ ᠰᠠᠶᠢᠲᠠᠶ ᠬᠥᠭᠵᠢᠯᠲᠡ ᠶᠢᠨ ᠱᠠᠳᠤ ᠦᠶ᠎ᠡ ᠳᠤ ᠣᠷᠣᠵᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ | ᠪᠠᠶᠢᠭᠤᠯᠤᠯᠲᠠ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ︽ | ᠨᠢᠭᠡ ᠪᠦᠰᠡ ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ ᠤᠮᠠᠷᠠᠰᠢ ᠨᠡᠭᠡᠭᠡᠯᠳᠡ ᠬᠢᠬᠦ ᠡᠮᠦᠨ᠎ᠡ ᠵᠠᠬ᠎ᠠ ᠶᠢᠨ ᠬᠤᠲᠠ ᠪᠣᠯᠣᠭᠰᠠᠨ ᠤ ᠬᠤᠪᠢ ᠳᠤ | ᠪᠢᠳᠡ ᠨᠡᠩ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠬᠥᠬᠡᠬᠤᠲᠠ ᠪᠤᠭᠤᠲᠤ ᠣᠷᠳᠣᠰ ᠢᠤᠢ ᠯᠢᠨ ᠤ ᠠᠵᠤ ᠠᠬᠤᠶ ᠶᠢᠨ ᠣᠷᠣᠨ᠂ ᠬᠥᠬᠡᠬᠤᠲᠠ | ᠪᠤᠭᠤᠲᠤ ᠢᠷᠭᠠᠢ ᠢᠤᠢ ᠯᠢᠨ ᠤ ᠪᠥᠭᠡᠮᠨᠡᠷᠡᠯ ᠭᠤᠣᠯ ᠣᠷᠣᠨ ᠪᠦᠰᠡ ᠶᠢᠨ ᠲᠥᠪ ᠬᠤᠲᠠ ᠪᠣᠯᠤᠭᠰᠠᠨ ᠤ ᠬᠤᠪᠢ ᠳᠤ᠂ ᠬᠥᠬᠡᠬᠤᠲᠠ ᠶᠢᠨ ᠦᠨᠳᠦᠷ | ᠬᠤᠷᠳᠤᠴᠠᠲᠤ ᠲᠡᠮᠦᠷ ᠵᠠᠮ ᠤᠨ ᠴᠠᠭ ᠦᠶ᠎ᠡ᠂ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠳᠠᠭᠠᠯᠳᠤᠨ ᠂ ᠤᠯᠤᠰ ᠤᠨ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠬᠤᠲᠠ ᠶᠢᠨ ᠦᠢᠯᠡᠳᠦᠯ ᠤᠯᠠᠮ ᠨᠢᠭᠡ ᠠᠯᠬᠤᠮ ᠲᠤᠪᠤᠶᠢᠮ᠎ᠠ ᠢᠯᠡᠷᠡᠵᠦ᠂ ᠣᠷᠣᠨ ᠪᠦᠰᠡ ᠶᠢᠨ ᠬᠠᠮᠵᠢᠨ | ᠬᠦᠳᠡᠯᠦᠯᠴᠡᠨ ᠬᠦᠭᠵᠢᠬᠦ ᠬᠡᠮᠵᠢᠶ᠎ᠡ ᠤᠯᠠᠮ ᠨᠢᠭᠲᠠᠷᠠᠵᠤ᠂ ᠴᠢᠳᠠᠪᠦᠷᠢᠲᠠᠨ᠂ ᠪᠡᠯᠡ ᠮᠦᠩᠭᠦ᠂ ᠲᠧᠭᠨᠢᠭ ᠮᠡᠷᠭᠡᠵᠢᠯ ᠵᠡᠷᠭᠡ ᠬᠥᠭᠵᠢᠯᠲᠡ ᠶᠢᠨ ᠴᠢᠬᠤᠯᠠ | ᠡᠯᠧᠮᠧᠨ᠋ᠲ ᠤᠨ ᠴᠤᠭᠯᠠᠷᠠᠯ ᠢ ᠬᠦᠴᠦᠲᠡᠶ ᠠᠬᠢᠭᠤᠯᠵᠤ᠂ ᠮᠠᠨ ᠤ ᠬᠤᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠣᠷᠣᠨ | ᠪᠦᠰᠡ ᠶᠢᠨ ᠴᠢᠨᠠᠷᠲᠠᠶ ᠲᠥᠪ ᠬᠤᠲᠠ ᠪᠣᠯᠤᠭᠰᠠᠨ ᠤ ᠬᠤᠪᠢ ᠳᠤ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠨ ᠬᠦᠭᠵᠢᠯᠴᠡᠬᠦ ᠪᠠᠶᠢᠯᠳᠤᠬᠤ ᠪᠤᠳᠤᠯᠭ᠎ᠠ ᠶᠢ | ᠲᠦᠷᠭᠡᠳᠬᠡᠨ ᠠᠬᠢᠭᠤᠯᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠤᠭᠤᠳᠤᠨ ᠨᠡᠪᠲᠡᠷᠡᠭᠦᠯᠵᠦ᠂ ᠡᠯ᠎ᠡ ᠵᠦᠢᠯ ᠤᠨ ᠪᠠᠶᠢᠷᠢᠯᠠᠭᠤᠯᠤᠯᠲᠠ ᠶᠢ | ᠭᠦᠨᠵᠡᠭᠡᠶ ᠨᠠᠶᠢᠲᠠᠪᠤᠷᠢᠵᠢᠭᠤᠯᠤᠨ᠂ ᠪᠢᠳᠡ ᠶᠡᠭᠡ ᠬᠡᠪᠴᠢᠶᠡᠨ ᠤ ᠳᠠᠭᠠᠭᠠᠨ ᠠᠪᠴᠤ ᠪᠣᠯᠪᠠᠰᠤᠷᠠᠭᠤᠯᠬᠤ ᠠᠵᠤ ᠦᠢᠯᠡᠰ ᠤᠨ ᠲᠥᠷᠥᠯ ᠵᠦᠢᠯ ᠤᠨ ᠰᠢᠯᠵᠢᠯᠲᠡ | ᠬᠢᠬᠦ ᠴᠢᠬᠤᠯᠠ ᠶᠡᠭᠡ ᠠᠵᠠ ᠲᠣᠬᠢᠶᠠᠯ ᠪᠠᠷ ᠥᠪᠡᠷᠲᠡᠭᠡᠨ ᠵᠠᠰᠠᠬᠤ ᠣᠷᠣᠨ ᠤ ᠪᠦᠭᠦ ᠣᠷᠣᠨ ᠤ ᠬᠦᠴᠦ ᠪᠠᠷ ᠬᠤᠷᠢᠨᠭᠡᠷ ᠰᠢᠨ᠎ᠡ ᠲᠣᠭᠤᠷᠢᠭ ᠢ ᠪᠦᠲᠦᠭᠡᠨ | ᠪᠠᠶᠢᠭᠤᠯᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠦᠴᠦᠲᠡᠶ ᠠᠬᠢᠭᠤᠯᠵᠤ᠂ ᠡᠯ᠎ᠡ ᠲᠦᠷᠦᠯ ᠤᠨ ᠠᠵᠢᠯ | ᠦᠢᠯᠡᠰ ᠤᠨ ᠴᠢᠬᠤᠯᠠ ᠶᠡᠭᠡ ᠳᠠᠪᠠᠯᠲᠠ ᠶᠢ ᠪᠡᠶᠡᠯᠡᠭᠦᠯᠵᠡᠶ᠃ ᠪᠢᠳᠡ ᠭᠠᠭᠴᠠ ᠬᠦ ᠴᠠᠭ ᠲᠣᠬᠢᠶᠠᠯ ᠢ ᠠᠮᠵᠢᠨ᠂ ᠰᠢᠨ᠎ᠡ ᠪᠠᠶᠢᠳᠠᠯ ᠢ ᠪᠣᠳᠣᠯᠬᠢᠯᠠᠵᠣ᠂ ᠦᠨᠡᠨ | ᠪᠣᠳᠠᠲᠠᠶ ᠠᠵᠢᠯᠯᠠᠪᠠᠯ ᠰᠠᠶ᠋ᠢ ᠨᠡᠩ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢᠶᠠᠨ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠰᠢᠨ᠎ᠡ | ᠬᠠᠭᠤᠳᠠᠰᠤ ᠶᠢ ᠪᠢᠴᠢᠭᠯᠡᠬᠦ ᠪᠣᠯᠤᠨ᠎ᠠ᠃ | ᠬᠤᠶᠢᠰᠢᠳᠠ ᠶᠢᠨ ᠲᠠᠪᠤᠨ ᠵᠢᠯ ᠳᠤ᠂ ᠪᠢᠳᠠ ᠴᠢᠷᠮᠠᠶᠢᠵᠤ ᠪᠠᠶᠢᠭᠠᠳ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠥᠷᠲᠡᠭ ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ᠂ ᠲᠣᠭᠲᠠᠮᠠᠯ ᠬᠥᠷᠥᠩᠭᠡ ᠳᠤ ᠪᠡᠯᠡ ᠣᠷᠣᠭᠤᠯᠬᠤ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢᠨ | ᠭᠦᠢᠴᠡᠳᠬᠡᠯ ᠲᠤᠭ᠎ᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ ᠪᠥᠬᠦ ᠤᠯᠤᠰ ᠂ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠦᠨᠳᠦᠷ | ᠪᠠᠶᠢᠯᠭᠠᠬᠤ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ ᠨᠡᠶᠢᠭᠡᠮ ᠵᠢᠷᠤᠮ ᠤᠨ ᠤᠳᠤᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠪᠦᠬᠦ ᠣᠷᠣᠨ ᠤ 12 ᠠᠶᠢᠮᠠᠭ ᠬᠤᠲᠠ ᠶᠢᠨ ᠡᠮᠦᠨ᠎ᠡ ᠡᠩᠨᠡᠭᠡᠨ ᠳᠤ ᠣᠷᠣᠵᠣ᠂ ᠲᠠᠪᠤᠨ ᠴᠥᠭᠡᠨ ᠲᠣᠭᠠᠲᠤ | ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠡᠮᠦᠨ᠎ᠡ ᠡᠩᠨᠡᠭᠡᠨ ᠳᠤ ᠵᠢᠭᠰᠠᠭᠠᠭᠳᠠᠵᠤ᠂ ᠪᠠᠷᠠᠭᠤᠨ ᠬᠡᠰᠡᠭ ᠤᠨ 11 ᠮᠤᠵᠢ ᠶᠢᠨ | ᠲᠥᠪ ᠬᠤᠲᠠ ᠶᠢᠨ ᠡᠮᠦᠨ᠎ᠡ ᠡᠩᠨᠡᠭᠡᠨ ᠳᠤ ᠶᠠᠪᠤᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠨᠢ ᠪᠦᠬᠦ ᠤᠯᠤᠰ ᠤᠨ 27 ᠮᠤᠵᠢ ᠶᠢᠨ ᠲᠥᠪ ᠬᠤᠳᠠ ᠶᠢ | ᠭᠦᠢᠴᠡᠵᠦ᠂ ᠪᠦᠬᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠡᠩᠨᠡᠭᠡᠨ ᠳᠤ ᠳᠠᠪᠰᠢᠨ ᠣᠷᠣᠬᠤ ᠪᠠᠷ ᠴᠢᠷᠮᠠᠶᠢᠨ᠎ᠠ᠃ | ᠪᠢᠳᠡ ᠬᠦᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠪᠠᠨ ᠭᠤᠶᠢᠪᠢᠰᠢ ᠦᠭᠡᠢ ᠪᠠᠲᠤ ᠴᠡᠭᠡᠵᠢᠯᠡᠨ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠬᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠤᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ | ᠲᠦᠷᠭᠡᠳᠬᠡᠨ ᠬᠦᠭᠵᠢᠭᠦᠯᠬᠦ ᠶᠢ ᠨᠢᠭᠲᠠ ᠤᠶᠠᠯᠳᠤᠭᠤᠯᠵᠤ᠂ ᠨᠢᠭᠡᠳᠦᠭᠡᠷ ᠠᠵᠦ ᠦᠢᠯᠡᠰ ᠢ ᠰᠢᠯᠢᠳᠡᠭᠵᠢᠭᠦᠯᠦᠨ᠂ ᠬᠤᠶᠠᠳᠤᠭᠠᠷ ᠠᠵᠤ ᠦᠢᠯᠡᠰ ᠢ | ᠬᠦᠴᠦᠷᠬᠡᠭᠵᠢᠭᠦᠯᠦᠨ᠂ ᠭᠤᠷᠪᠠᠳᠤᠭᠠᠷ ᠠᠵᠤ ᠦᠢᠯᠡᠰ ᠢ ᠰᠠᠶᠢᠲᠦᠷ ᠬᠢᠵᠦ᠂ ᠰᠢᠨ᠎ᠡ ᠠᠵᠤ ᠦᠢᠯᠡᠰ᠂ ᠰᠢᠨ᠎ᠡ ᠠᠵᠤ ᠠᠬᠤᠶ᠂ ᠰᠢᠨ᠎ᠡ ᠬᠥᠳᠡᠯᠭᠡᠭᠴᠢ | ᠡᠨᠧᠷᠭᠢ ᠶᠢ ᠲᠦᠷᠭᠡᠪᠴᠢᠯᠡᠨ ᠪᠤᠶᠢᠵᠢᠭᠤᠯᠵᠤ᠂ ᠬᠥᠭᠵᠢᠯᠲᠡ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠴᠢᠬᠤᠯᠠ ᠨᠡᠮᠡᠭᠳᠡᠯ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠂ ᠬᠤᠳᠠ ᠶᠢᠨ ᠴᠢᠳᠠᠮᠵᠢ ᠶᠢᠨ ᠬᠡᠪ ᠴᠢᠨᠠᠷ ᠪᠣᠯᠤᠨ ᠲᠠᠭᠠᠭᠠᠯᠠᠮᠵᠢᠳᠠᠢ ᠠᠵᠢᠯᠯᠠᠵᠤ ᠠᠮᠢᠳᠤᠷᠠᠬᠤ ᠨᠦᠭᠦᠴᠡᠯ ᠢ ᠪᠠᠶᠢᠭᠤᠯᠵᠤ᠂ | ᠤᠳᠤ ᠦᠶ᠎ᠡ ᠶᠢᠨ ᠪᠡᠶᠡᠲᠦ ᠴᠣᠭᠴᠠᠲᠤ ᠵᠠᠮ ᠬᠠᠷᠢᠯᠴᠠᠭᠠᠨ ᠤ ᠬᠦᠢᠰᠦ ᠶᠢ ᠪᠦᠲᠦᠭᠡᠨ ᠪᠠᠶᠢᠭᠤᠯᠵᠤ᠂ ᠬᠤᠳᠠ ᠶᠢᠨ ᠲᠠᠲᠠᠬᠤ ᠬᠦᠴᠦᠨ᠂ ᠨᠥᠯᠥᠭᠡᠯᠡᠬᠦ ᠬᠦᠴᠦᠨ | ᠂ ᠳᠠᠶᠢᠴᠢᠯᠠᠬᠤ ᠬᠦᠴᠦᠨ ᠢ ᠢᠳᠡᠪᠬᠢᠲᠡᠶ ᠬᠥᠲᠥᠯᠥᠨ ᠳᠠᠭᠠᠭᠤᠯᠵᠤ᠂ ᠬᠥᠬᠡᠬᠤᠲᠠ ᠪᠤᠭᠤᠲᠤ ᠣᠷᠳᠣᠰ᠂ ᠬᠥᠬᠡᠬᠤᠲᠠ ᠪᠤᠭᠤᠲᠤ ᠢᠷᠭᠠᠢ ᠢᠦᠢ ᠯᠢᠨ ᠠᠵᠤ | ᠠᠬᠤᠶ ᠶᠢᠨ ᠣᠷᠣᠨ ᠬᠠᠮᠵᠢᠯᠴᠠᠨ ᠬᠥᠭᠵᠢᠬᠦ᠂ ᠪᠡᠭᠡᠵᠢᠩ ᠲᠢᠶᠠᠨᠵᠢᠨ ᠡᡁᠧᠪᠸᠢ ᠵᠣᠬᠢᠴᠠᠯᠳᠤᠭᠤᠯᠤᠨ ᠬᠦᠭᠵᠢᠬᠦ ᠳᠤ ᠠᠭᠤᠰᠤᠯᠴᠠᠨ ᠤᠷᠤᠵᠤ᠂ ︽ᠨᠢᠭᠡ ᠪᠦᠰᠡ | ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠬᠦᠴᠦ ᠲᠠᠯᠪᠢᠨ᠂ ᠣᠷᠣᠰ ᠮᠣᠩᠭᠤᠯ ᠤᠨ ᠬᠠᠮᠲᠤᠷᠠᠨ ᠠᠵᠢᠯᠯᠠᠬᠤ ᠲᠣᠭᠲᠠᠴᠠ ᠶᠢᠨ ᠰᠢᠨ᠎ᠡ ᠶᠢ ᠡᠭᠦᠳᠴᠦ᠂ | ᠪᠣᠭᠤᠮᠲᠠ᠂ ᠬᠢᠯᠢ ᠠᠯᠤᠰᠯᠠᠨ ᠵᠥᠭᠡᠭᠡᠪᠦᠷᠢᠯᠡᠬᠦ ᠵᠡᠷᠭᠡ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠳᠦᠶ | ᠲᠡᠳᠦᠶ ᠨᠡᠭᠡᠭᠡᠯᠲᠡ ᠬᠢᠬᠦ ᠬᠠᠮᠲᠤᠷᠠᠨ ᠠᠵᠢᠯᠯᠠᠬᠤ ᠲᠠᠪᠴᠠᠩ ᠢ ᠲᠡᠳᠬᠦᠨ ᠲᠡᠮᠵᠢᠵᠦ᠂ ᠥᠪᠡᠷᠮᠢᠴᠡ ᠣᠨᠴᠠᠯᠢᠭ ᠪᠦᠬᠦᠢ ᠠᠵᠤ ᠦᠢᠯᠡᠰ ᠤᠨ | ᠨᠡᠭᠡᠭᠡᠯᠲᠡ ᠬᠥᠭᠵᠢᠯᠲᠡ ᠶᠢ ᠳᠡᠮᠵᠢᠨ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ | ᠣᠷᠣᠯᠴᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡ ᠶᠢᠨ ᠪᠠᠬᠢᠯᠡᠯᠲᠡ ᠶᠢᠨ ᠴᠢᠬᠤᠯᠠ ᠲᠦᠰᠢᠭ ᠲᠤᠯᠭᠠᠭᠤᠷᠢ ᠶᠢᠨ ᠦᠢᠯᠡᠳᠦᠯ ᠢ ᠭᠦᠢᠴᠡᠳ | ᠪᠠᠳᠠᠷᠠᠭᠤᠯᠣᠨ᠎ᠠ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠮᠠᠨ ᠤ ᠤᠯᠤᠰ ᠤᠨ ᠨᠡᠶᠢᠭᠡᠮ ᠤᠨ | ᠭᠤᠣᠯ ᠵᠥᠷᠢᠴᠡᠯ ᠤᠨ ᠬᠤᠪᠢᠷᠠᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠬᠦᠴᠦ ᠪᠠᠷ ᠢᠶᠠᠨ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠨᠡᠶᠢᠭᠡᠮ ᠤᠨ ᠬᠠᠮᠲᠤ ᠪᠠᠷ | ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠣᠷᠣᠰᠢᠨ ᠰᠠᠭᠤᠬᠤ ᠳᠤ ᠲᠣᠬᠢᠷᠠᠮᠵᠢᠲᠠᠶ | ᠦᠵᠡᠰᠬᠦᠯᠡᠩᠲᠦ ᠰᠠᠶᠢᠬᠠᠨ᠂ ᠡᠶ᠎ᠡ ᠵᠣᠬᠢᠴᠠᠯ ᠵᠣᠯ ᠵᠢᠷᠭᠠᠯ ᠲᠠᠢ ᠲᠡᠷᠢᠭᠦᠨ ᠣᠬᠢ ᠬᠤᠲᠠ ᠶᠢ ᠪᠦᠲᠦᠭᠡᠨ ᠪᠠᠶᠢᠭᠤᠯᠤᠨ᠎ᠠ᠃ | ᠲᠥᠯᠥᠭᠡᠯᠡᠭᠴᠢᠳ ᠡ᠄ ᠵᠢᠷᠤᠭ ᠲᠥᠯᠥᠪᠯᠡᠭᠡ ᠠᠤᠭ᠎ᠠ ᠶᠡᠭᠡ᠂ ᠠᠯᠤᠰ ᠬᠡᠳᠦ ᠭᠠᠶᠢᠬᠠᠮᠰᠢᠭᠲᠤ ᠢᠷᠡᠭᠡᠳᠦᠶ ᠶᠢᠨ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠬᠦ ᠳᠤ ᠪᠢᠳᠡ ᠳᠣᠣᠷᠠᠬᠢ ᠵᠠᠷᠴᠢᠮ ᠤᠳ ᠢ ᠰᠠᠶᠢᠲᠤᠷ ᠮᠡᠳᠡᠬᠦ ᠬᠡᠷᠡᠭᠲᠡᠶ᠄ | — ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠳᠠᠯᠠᠨ᠎ᠠ᠃ ᠲᠥᠪ ᠬᠤᠲᠠ ᠶᠢᠨ ᠳᠠᠪᠠᠭᠤᠯᠢᠭ ᠳᠠᠯ᠎ᠡ ᠶᠢ ᠭᠦᠢᠴᠡᠳ ᠪᠠᠳᠠᠷᠠᠭᠤᠯᠵᠤ᠂ | ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ ᠠᠰᠢᠭᠯᠠᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ | ᠨᠢᠭᠡ ᠪᠦᠯᠦᠭ ᠤᠣᠭᠠᠯ ᠡᠭᠦᠳᠦᠯᠲᠡ ᠶᠢᠨ ᠬᠡᠯᠪᠡᠷᠢ᠂ ᠰᠢᠪᠲᠤᠯᠤᠯᠲᠠ ᠶᠢᠨ ᠬᠡᠯᠪᠡᠷᠢ ᠶᠢᠨ ᠲᠤᠷᠰᠢᠯᠲᠠ ᠶᠢᠨ ᠲᠠᠰᠤᠭ ᠪᠣᠯᠣᠨ ᠰᠢᠨᠵᠢᠯᠡᠬᠦ ᠤᠬᠠᠭᠠᠨᠴᠢ ᠰᠢᠨ᠎ᠡ | ᠶᠢ ᠡᠭᠦᠳᠬᠦ ᠲᠥᠪ ᠢ ᠪᠠᠶᠢᠭᠤᠯᠵᠤ᠂ ᠨᠢᠭᠡ ᠪᠦᠯᠦᠭ ᠲᠠᠭᠠᠭᠤᠯᠤᠭᠴᠢ ᠦᠢᠯᠡᠳᠦᠯ ᠲᠠᠢ᠂ ᠵᠢᠱᠢᠶ᠎ᠡ ᠦᠵᠡᠭᠦᠯᠬᠦ ᠮᠠᠶ᠋ᠢᠭ ᠤᠨ ᠰᠢᠨ᠎ᠡ ᠶᠢ ᠡᠭᠦᠳᠬᠦ ᠠᠵᠤ | ᠠᠬᠤᠶᠢᠯᠠᠯ ᠪᠣᠯᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠭᠡ ᠮᠡᠷᠭᠡᠵᠢᠯ ᠤᠨ | ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠰᠢᠨ᠎ᠡ ᠶᠢ ᠡᠭᠦᠳᠬᠦ ᠪᠠᠷ ᠬᠥᠲᠥᠯᠥᠨ ᠵᠢᠯᠣᠭᠤᠳᠣᠭᠤᠯᠤᠭᠰᠠᠨ ᠠᠵᠤ ᠠᠬᠤᠶ ᠶᠢᠨ | ᠰᠢᠰᠲ᠋ᠧᠮ ᠪᠣᠯᠤᠨ ᠬᠥᠭᠵᠢᠯᠲᠡ ᠶᠢᠨ ᠬᠡᠪ ᠵᠠᠭᠪᠤᠷ ᠤᠨ ᠪᠦᠷᠢᠯᠳᠦᠬᠦ ᠶᠢ ᠲᠦᠷᠭᠡᠳᠭᠡᠨ᠎ᠡ᠃ | — ᠠᠵᠤ ᠦᠢᠯᠡᠰ ᠤᠨ ᠳᠠᠶᠢᠴᠢᠯᠠᠬᠤ ᠬᠦᠴᠦᠨ ᠢ ᠪᠠᠷᠢᠮᠲᠠᠯᠠᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ | ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠣᠨᠴᠠᠭᠠᠶᠢᠯᠠᠨ ᠡᠳ᠋ ᠮᠥᠩᠭᠦᠨ ᠤ ᠡᠬᠢ ᠰᠤᠷᠪᠤᠯᠵᠢ ᠶᠢᠨ ᠠᠵᠤ ᠦᠢᠯᠡᠰ ᠤᠨ ᠲᠥᠷᠥᠯ ᠵᠦᠢᠯ ᠢ | ᠪᠣᠶᠢᠵᠢᠭᠤᠯᠣᠨ ᠲᠠᠲᠠᠨ ᠣᠷᠣᠭᠤᠯᠬᠤ ᠬᠦᠴᠦᠯᠡᠴᠡ ᠪᠠᠨ ᠶᠡᠬᠡᠰᠬᠡᠵᠦ᠂ ᠭᠠᠳᠠᠭᠠᠳᠤ ᠠᠴᠠ ᠣᠷᠣᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠴᠢᠨᠠᠷ | ᠰᠠᠶᠢᠲᠠᠶ ᠪᠦᠲᠦᠮᠵᠢᠲᠡᠶ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠵᠢᠩᠬᠢᠨᠢ ᠲᠤᠯᠭᠠᠭᠤᠷᠢᠯᠠᠬᠤ ᠠᠵᠤ ᠦᠢᠯᠡᠰ ᠢ ᠪᠤᠶᠢᠵᠢᠭᠤᠯᠤᠨ᠂ ᠠᠵᠤ ᠠᠬᠤᠶ ᠶᠢᠨ ᠶᠠᠰᠤ | ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠥᠭᠡᠷᠡᠴᠢᠯᠡᠯᠲᠡ᠂ ᠬᠥᠳᠡᠯᠭᠡᠭᠴᠢ ᠬᠦᠴᠦᠨ ᠤ ᠬᠤᠪᠢᠰᠤᠯᠲᠠ ᠶᠢᠨ ᠬᠥᠭᠵᠢᠯᠲᠡ ᠶᠢ ᠳᠠᠶᠢᠴᠢᠯᠠᠵᠦ᠂ ᠪᠦᠭᠦ | ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ | — ᠥᠭᠡᠷᠡᠴᠢᠯᠡᠯᠲᠡ ᠪᠠᠷ ᠲᠦᠯᠬᠢᠭᠴᠢ ᠬᠦᠴᠦᠨ ᠪᠣᠯᠭᠠᠬᠤ ᠶᠢ ᠪᠠᠷᠢᠮᠲᠠᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ | ᠠᠵᠤ ᠠᠬᠤᠶ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠲᠥᠷᠢᠮ ᠤᠨ ᠪᠠᠶᠢᠭᠤᠯᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠵᠠᠰᠠᠭ ᠤᠨ | ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ | ᠪᠣᠯᠣᠨ ᠪᠦᠲᠦᠭᠡᠯᠴᠢ ᠬᠦᠴᠦᠨ ᠢ ᠬᠥᠭᠵᠢᠭᠡᠬᠦ ᠲᠠᠯ᠎ᠠ ᠪᠠᠷ ᠪᠤᠲᠠᠲᠠᠢ ᠪᠦᠲᠦᠮᠵᠢ ᠣᠯᠵᠤ᠂ ᠦᠨᠡᠨᠬᠦ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ | ᠪᠥᠭᠡᠳ ᠵᠢᠷᠤᠮᠵᠢᠭᠤᠨ᠂ ᠥᠨᠳᠥᠷ ᠪᠦᠲᠦᠮᠵᠢᠲᠡᠶ ᠪᠠᠶᠢᠭᠤᠯᠤᠯ ᠲᠣᠭᠲᠠᠴᠠ ᠶᠢ ᠪᠦᠲᠦᠭᠡᠨ ᠪᠠᠶᠢᠭᠤᠯᠵᠣ᠂ ᠠᠵᠤ ᠠᠬᠤᠶ ᠨᠡᠶᠢᠭᠡᠮ ᠤᠨ ᠬᠥᠭᠵᠢᠯᠲᠡ ᠳᠤ | ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠬᠠᠩᠭᠠᠨ᠎ᠠ ᠃ | — ᠨᠡᠭᠡᠭᠡᠯᠳᠡ ᠪᠠᠷ ᠳᠠᠶᠢᠴᠢᠯᠠᠬᠤ ᠶᠢ ᠪᠠᠷᠢᠮᠲᠠᠯᠠᠨ᠎ᠠ᠃ ᠬᠠᠷᠢᠯᠴᠠᠨ ᠬᠠᠷᠠᠭᠠᠯᠵᠠᠯ ᠦᠵᠡᠭᠦᠯᠵᠦ ᠬᠠᠷᠢᠯᠴᠠᠨ ᠠᠰᠢᠭᠲᠠᠶ ᠪᠠᠶᠢᠬᠤ᠂ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠵᠠᠷᠴᠢᠮ ᠢ ᠬᠡᠷᠡᠭᠵᠢᠭᠦᠯᠵᠦ᠂ ᠣᠷᠣᠭᠤᠯᠵᠤ ᠢᠷᠡᠬᠦ ᠪᠠ ᠭᠠᠳᠠᠭᠰᠢ ᠭᠠᠷᠬᠤ ᠶᠢ ᠵᠡᠷᠭᠡ ᠪᠠᠷ ᠴᠢᠬᠤᠯᠠᠴᠢᠯᠠᠨ᠂ | ᠳᠣᠲᠣᠭᠠᠳᠤ ᠳᠠᠭᠠᠨ ᠴᠢᠯᠥᠭᠡᠲᠡᠶ ᠶᠠᠪᠤᠯᠴᠠᠬᠤ ᠪᠠ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠵᠡᠷᠭᠡ ᠳᠤᠨᠢ ᠴᠢᠬᠤᠯᠠᠴᠢᠯᠠᠵᠤ᠂ ᠭᠠᠳᠠᠭᠠᠳᠤ ᠲᠠᠢ | ᠰᠣᠯᠢᠯᠴᠠᠵᠤ ᠬᠠᠮᠲᠤᠷᠠᠨ ᠠᠵᠢᠯᠯᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠨᠡᠭᠡᠭᠡᠯᠲᠡ ᠪᠠᠷ ᠦᠵᠡᠯ ᠰᠠᠨᠠᠭᠠᠨ ᠤ ᠴᠢᠯᠥᠭᠡᠯᠡᠯᠲᠡ᠂ ᠣᠢᠢᠯᠠᠭᠠᠭᠳᠠᠬᠤᠨ ᠤ | ᠬᠤᠪᠢᠰᠤᠯᠲᠠ᠂ ᠠᠵᠤ ᠦᠢᠯᠡᠰ ᠤᠨ ᠣᠯᠠᠨ ᠡᠰᠢᠲᠦ᠂ ᠪᠠᠶᠢᠷᠢᠯᠠᠭᠤᠯᠤᠯᠲᠠ ᠶᠢᠨ ᠰᠢᠯᠢᠳᠡᠭᠵᠢᠭᠦᠯᠦᠯᠲᠡ᠂ ᠬᠥᠳᠡᠯᠭᠡᠭᠴᠢ ᠬᠦᠴᠦᠨ ᠤ ᠬᠤᠪᠢᠷᠠᠯᠲᠠ ᠶᠢ | ᠳᠠᠶᠢᠴᠢᠯᠠᠨ᠎ᠠ᠃ | — ᠴᠢᠳᠠᠪᠤᠷᠢᠲᠠᠨ ᠤ ᠬᠦᠭᠵᠢᠯᠲᠡ ᠶᠢ ᠪᠠᠷᠢᠮᠲᠠᠯᠠᠨ᠎ᠠ᠃ ᠴᠢᠳᠠᠪᠤᠷᠢᠲᠠᠨ ᠤ ᠲᠤᠬᠠᠶ ᠬᠤᠷᠴᠠ ᠴᠢᠩᠭ᠎ᠠ ᠤᠬᠠᠮᠰᠠᠷ ᠢ ᠪᠤᠢ ᠪᠣᠯᠭᠠᠵᠤ᠂ ︽ | ᠴᠢᠳᠠᠪᠤᠷᠢᠲᠠᠨ ᠪᠠᠷ ᠬᠤᠲᠠ ᠶᠢ ᠬᠦᠴᠦᠷᠬᠡᠭᠵᠢᠭᠦᠯᠬᠦ︾ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠬᠡᠷᠡᠭᠴᠡᠭᠡ ᠪᠠᠷ ᠬᠥᠲᠥᠯᠥᠨ ᠳᠠᠭᠠᠭᠤᠯᠬᠤ ᠶᠢ | ᠳᠣᠪᠣᠶᠢᠯᠭᠠᠵᠣ᠂ ᠴᠢᠳᠠᠪᠤᠷᠢᠳᠠᠨ ᠣᠷᠢᠬᠤ ᠪᠠ ᠴᠢᠳᠠᠪᠦᠷᠢᠳᠠᠨ ᠬᠦᠮᠦᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠨᠡᠩ ᠶᠡᠭᠡ ᠬᠦᠴᠦᠯᠡᠴᠡ᠂ | ᠨᠡᠩ ᠰᠢᠯᠢᠳᠡᠭ ᠲᠦᠷᠢᠮ ᠢᠶᠠᠷ ᠪᠦᠬᠦ ᠬᠦᠴᠦᠨ ᠢᠶᠠᠷ ᠴᠢᠳᠠᠪᠤᠷᠢᠲᠠᠨ ᠢ ᠣᠷᠣᠭᠤᠯᠤᠨ ᠠᠪᠴᠢᠷᠠᠵᠣ᠂ ᠪᠦᠬᠦ ᠲᠠᠯ᠎ᠠ ᠪᠠᠷ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ | ᠴᠢᠳᠠᠪᠤᠷᠢᠲᠠᠨ ᠤ ᠰᠢᠨ᠎ᠡ ᠶᠢ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠭᠦᠢᠴᠡᠳ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠩᠭ᠎ᠠ | ᠬᠦᠴᠦᠲᠡᠶ ᠤᠶᠤᠨ ᠤ ᠳᠡᠮᠵᠢᠯᠭᠡ ᠶᠢ ᠬᠠᠩᠭᠠᠨ᠎ᠠ᠃ | — ᠠᠮᠢ ᠠᠬᠤᠶ ᠶᠢᠨ ᠬᠠᠷᠢᠯᠴᠠᠨ ᠬᠦᠳᠡᠯᠦᠯᠴᠡᠬᠦ ᠶᠢ ᠪᠠᠷᠢᠮᠳᠠᠯᠠᠨ᠎ᠠ᠃ ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠶ ᠠᠯᠲᠠᠨ ᠠᠭᠤᠯᠠ ᠮᠥᠩᠭᠦᠨ | ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ ᠦᠢᠯᠡᠳᠦᠯᠭᠡᠵᠢᠭᠦᠯᠵᠦ᠂ ᠠᠵᠤ ᠠᠬᠤᠶ᠂ ᠨᠡᠶᠢᠭᠡᠮ ᠤᠨ ᠬᠥᠭᠵᠢᠯᠲᠡ | ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠨᠢᠭᠡᠳᠦᠯᠲᠡᠶ ᠲᠦᠯᠬᠢᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠪᠠᠷ ᠠᠮᠢ | ᠠᠬᠤᠶ ᠶᠢᠨ ᠵᠠᠰᠠᠯᠲᠠ ᠶᠢ ᠲᠦᠯᠬᠢᠨ ᠠᠬᠢᠭᠤᠯᠵᠤ᠂ ᠤᠭᠢ ᠰᠠᠶᠢᠨ ᠠᠮᠢ ᠠᠬᠤᠢ ᠪᠠᠷ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠦᠵᠡᠰᠬᠦᠯᠡᠩᠲᠦ | ᠰᠠᠶᠢᠬᠠᠨ ᠬᠢᠭᠡᠳ ᠥᠷᠨᠢᠩᠭᠦᠶ ᠬᠥᠭᠵᠢᠯᠲᠡ ᠶᠢᠨ ᠬᠤᠣᠰ ᠢᠯᠠᠯᠲᠠ ᠶᠢ ᠪᠡᠶᠡᠯᠡᠭᠦᠯᠦᠨ᠎ᠡ᠃ | ᠬᠤᠶᠢᠰᠢᠳᠠ ᠶᠢᠨ ᠲᠠᠪᠤᠨ ᠵᠢᠯ ᠳᠠᠬᠢ ᠮᠠᠨ ᠤ ᠭᠤᠣᠯ ᠪᠣᠯᠬᠤ ᠡᠭᠦᠷᠭᠡ ᠪᠣᠯ᠄ | ᠨᠢᠭᠡ ᠳᠤ᠂ ᠪᠥᠬᠦ ᠬᠦᠴᠦᠨ ᠢᠶᠠᠷ ᠢᠶᠠᠨ ᠲᠥᠪ ᠬᠤᠲᠠ ᠶᠢᠨ ᠣᠨᠴᠠᠯᠢᠭ ᠪᠦᠬᠦᠢ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠴᠤᠭᠴᠠᠯᠠᠬᠤ | ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠴᠡᠴᠡᠭᠯᠡᠨ | ᠬᠦᠭᠵᠢᠯ᠂ ᠠᠮᠢ ᠠᠬᠤᠶ ᠰᠠᠭᠤᠷᠢᠰᠢᠯ ᠳᠤ ᠲᠣᠬᠢᠷᠠᠮᠵᠢᠲᠠᠶ᠂ ᠲᠤᠰᠬᠤᠨ ᠤ ᠵᠠᠩ ᠰᠤᠷᠲᠠᠯ ᠪᠣᠯᠪᠠᠰᠤᠨ᠂ ᠪᠦᠲᠦᠮᠵᠢᠲᠡᠶ ᠵᠠᠰᠠᠬᠤ᠂ ᠠᠮᠢᠳᠤᠷᠠᠯ ᠪᠠᠶᠠᠨ ᠴᠢᠨᠡᠭᠡᠯᠢᠭ | ᠪᠠᠶᠢᠬᠤ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠵᠦ᠂ ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠬᠦ᠂ ᠬᠤᠳᠠ ᠪᠠᠷ ᠬᠥᠳᠡᠭᠡ ᠲᠣᠰᠬᠤᠨ ᠢ | ᠲᠠᠶᠢᠴᠢᠯᠠᠬᠤ ᠶᠢ ᠪᠠᠷᠢᠮᠳᠠᠯᠠᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ | ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠲᠠᠭᠠᠭᠤᠯᠤᠭᠴᠢ ᠶᠢᠨ ᠳᠠᠭᠠᠭᠤᠯᠤᠨ ᠳᠠᠶᠢᠴᠢᠯᠠᠬᠤ ᠪᠠ ᠠᠰᠢᠭ ᠲᠤᠰᠠ ᠶᠢᠨ ᠬᠤᠯᠪᠤᠯᠳᠤᠯ ᠢ | ᠴᠢᠩᠭᠠᠳᠬᠠᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠵᠤ᠂ | ᠬᠤᠲᠠᠴᠢᠯᠠᠭᠰᠠᠨ ᠬᠥᠳᠡᠭᠡ ᠠᠵᠤ ᠠᠬᠤᠶ ᠶᠢ ᠨᠠᠷᠢᠯᠢᠭ ᠬᠢᠵᠦ᠂ ᠲᠠᠷᠢᠶᠠᠯᠠᠩ ᠤᠨ ᠭᠠᠷᠤᠯᠲᠠ ᠪᠠᠨ ᠨᠡᠮᠡᠭᠳᠡᠭᠦᠯᠬᠦ ᠴᠢᠭᠯᠡᠯ ᠠᠴᠠ ᠶᠠᠰᠤ ᠴᠢᠨᠠᠷ ᠤᠨ ᠴᠢᠭᠯᠡᠯ ᠳᠤ | ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠪᠠᠷ ᠬᠤᠲᠠ ᠶᠢ ᠬᠦᠴᠦᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠶᠡᠬᠡᠪᠡᠷ ᠲᠦᠯᠬᠢᠨ | ᠠᠬᠢᠭᠤᠯᠵᠤ᠂ ᠠᠵᠤ ᠦᠢᠯᠡᠳᠪᠦᠷᠢ ᠶᠢᠨ ᠳᠠᠬᠢᠨ ᠢᠶᠠᠷ ᠨᠡᠮᠡᠭᠳᠡᠬᠦ ᠲᠥᠯᠥᠪᠯᠡᠭᠡ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ | ᠬᠤᠶᠠᠷ ᠲᠠᠬᠢᠨ ᠪᠤᠯᠭᠠᠬᠤ ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠣᠬᠢᠷᠠᠭᠤᠯᠤᠨ | ᠰᠢᠯᠢᠳᠡᠭᠵᠢᠭᠦᠯᠵᠦ᠂ ᠠᠵᠤ ᠦᠢᠯᠡᠰ ᠤᠨ ᠪᠦᠯᠦᠭᠵᠢᠯᠡᠬᠦ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠷᠢᠨᠭᠡᠷ ᠰᠢᠨ᠎ᠡ ᠲᠤᠭᠤᠷᠢᠭ ᠤᠨ | ᠭᠤᠣᠯᠳᠠᠯᠭ᠎ᠠ ᠲᠠᠢ ᠤᠷᠤᠨ᠂ ᠶᠢᠨ ᠱᠠᠨ ᠤ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠳᠪᠦᠷᠢ ᠶᠢᠨ ᠨᠡᠭᠡᠭᠡᠯᠲᠡ ᠶᠢᠨ ᠣᠷᠣᠨ᠂ | ᠲᠤᠭᠲᠠᠬᠤ ᠴᠢᠩ ᠱᠦᠢ ᠾᠧ ᠶᠢᠨ ᠠᠵᠤ ᠦᠢᠯᠡᠳᠪᠦᠷᠢ ᠶᠢᠨ ᠲᠦᠪᠯᠡᠷᠡᠭᠰᠡᠨ ᠤᠷᠤᠨ ᠢ ᠰᠢᠨ᠎ᠡ ᠦᠰᠦᠯᠲᠠ ᠲᠠᠢ ᠪᠤᠯᠭᠠᠨ᠎ᠠ᠃ ᠲᠤᠮᠤ ᠳ᠋ᠠᠶᠢᠲ᠋ᠠ ᠶᠢᠨ ᠠᠵᠤ | ᠦᠢᠯᠡᠰ ᠤᠨ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠮᠡᠳᠡᠭᠡ ᠵᠠᠩᠭᠢᠴᠢᠯᠠᠯᠲᠠ ᠬᠢᠭᠡᠳ ᠠᠵᠤ ᠦᠢᠯᠡᠳᠪᠦᠷᠢᠵᠢᠯᠲᠡ ᠶᠢᠨ ᠭᠦᠨᠵᠡᠭᠡᠢ ᠨᠡᠶᠢᠯᠡᠯᠴᠡᠯ ᠢ | ᠠᠬᠢᠭᠤᠯᠤᠨ᠂ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ᠂ ᠴᠠᠬᠢᠯᠭᠠᠨ ᠬᠦᠴᠦᠨ ᠤ ᠡᠨᠧᠷᠭᠢ᠂ | ᠴᠢᠯᠠᠭᠤᠨ ᠲᠤᠰᠤ ᠪᠤᠯᠤᠨ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠳᠤᠮᠳᠠ ᠳᠡᠭᠡᠳᠦ ᠳᠡᠰ ᠵᠦᠭ ᠲᠠᠪᠰᠢᠬᠤ ᠶᠢ | ᠲᠦᠯᠬᠢᠨ ᠠᠬᠢᠭᠤᠯᠵᠤ᠂ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ ᠰᠢᠨ᠎ᠡ ᠮᠠᠲ᠋ᠧᠷᠢᠶᠠᠯ᠂ ᠲᠣᠨᠣᠭᠯᠠᠯ ᠦᠢᠯᠡᠳᠬᠦ᠂ ᠡᠯᠧᠺᠲᠷᠣᠨ ᠮᠡᠳᠡᠭᠡ ᠵᠠᠩᠭᠢ ᠵᠡᠷᠭᠡ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠢᠨ᠎ᠡ ᠨᠡᠮᠡᠭᠳᠡᠯ ᠤᠨ ᠬᠦᠷᠢᠶᠡᠨ ᠳᠤ ᠬᠦᠭᠵᠢᠭᠦᠯᠦᠨ᠎ᠡ᠃ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠥᠭᠵᠢᠭᠡᠨ ᠬᠠᠮᠠᠭᠠᠯᠠᠵᠤ᠂ ᠪᠣᠳᠠᠲᠤ ᠴᠤᠭᠴᠠᠲᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠷᠠᠳ ᠤᠨ ᠡᠵᠡᠩᠨᠡᠭᠰᠡᠨ | ᠠᠵᠤ ᠠᠬᠤᠶ ᠶᠢ ᠲᠡᠳᠬᠦᠨ ᠳᠡᠮᠵᠢᠵᠤ ᠪᠤᠵᠠᠭᠠᠶᠢᠷᠠᠭᠤᠯᠤᠨ᠂ ᠵᠠᠭᠤᠨ ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠢ 20 ᠡᠷᠦᠬᠡ ᠠᠴᠠ ᠲᠡᠭᠡᠭᠰᠢ | ᠪᠤᠯᠭᠠᠨ᠂ ᠨᠢᠭᠡ ᠪᠦᠯᠦᠭ ᠰᠢᠨ᠎ᠡ ᠶᠢ ᠡᠭᠦᠳᠬᠦ ᠴᠢᠳᠠᠪᠤᠷᠢᠲᠠᠢ ᠬᠤᠰᠢᠭᠤᠴᠢ ᠠᠵᠤ ᠠᠬᠤᠶᠢᠯᠠᠯ ᠢ ᠬᠦᠮᠦᠵᠢᠭᠦᠯᠵᠦ᠂ ᠨᠢᠭᠡ ᠪᠦᠯᠦᠭ ︽ᠲᠤᠰᠬᠠᠶᠢᠵᠢᠵᠤ | ᠨᠠᠷᠢᠯᠢᠭᠵᠢᠭᠰᠠᠨ ᠦᠪᠡᠷᠮᠢᠴᠡ ᠤᠨᠴᠠᠯᠢᠭ ᠪᠦᠬᠦᠢ ᠰᠢᠨ᠎ᠡ ᠬᠡᠯᠪᠡᠷᠢ︾ ᠶᠢᠨ ᠳᠤᠮᠳᠠ ᠪᠠᠭ᠎ᠠ ᠠᠵᠤ ᠠᠬᠤᠶᠢᠯᠠᠯ ᠢ ᠲᠡᠳᠬᠦᠨ ᠲᠡᠮᠵᠢᠨ᠎ᠡ᠃ ᠬᠡᠷᠡᠭᠯᠡᠭᠡᠨ ᠤ ᠳᠡᠰ | ᠳᠡᠪᠰᠢᠯᠲᠡ ᠶᠢᠨ ᠬᠡᠷᠡᠭᠴᠡᠭᠡ ᠲᠠᠢ ᠵᠣᠬᠢᠴᠠᠭᠤᠯᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠡᠪ ᠵᠠᠭᠪᠤᠷ ᠤᠨ ᠰᠢᠨ᠎ᠡ ᠶᠢ ᠡᠭᠦᠳᠬᠦ᠂ | ᠲᠣᠭᠠᠴᠢᠯᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭ᠎ᠠ᠂ ᠮᠥᠩᠭᠦᠨ ᠭᠦᠢᠯᠭᠡᠭᠡ᠂ ᠦᠵᠡᠰᠬᠦᠯᠡᠩ᠂ | ᠰᠤᠶᠤᠯ ᠤᠨ ᠰᠢᠨᠡᠴᠢᠯᠡᠯ᠂ ᠵᠢᠭᠤᠯᠴᠢᠯᠠᠯ᠂ ᠡᠷᠡᠭᠦᠯ ᠮᠡᠨᠳᠦ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ | ᠲᠦᠪᠰᠢᠨ ᠢ ᠲᠡᠭᠡᠭᠰᠢᠯᠡᠭᠦᠯᠦᠨ᠂ ᠰᠣᠶᠣᠯ ᠤᠨ ᠠᠵᠤ ᠦᠢᠯᠡᠰ ᠪᠣᠯᠤᠨ ᠵᠢᠭᠤᠯᠴᠢᠯᠠᠯ ᠤᠨ ᠠᠵᠤ ᠦᠢᠯᠡᠰ ᠢ ᠰᠢᠨ᠎ᠡ ᠲᠤᠯᠭᠠᠭᠤᠷᠢ ᠠᠵᠤ ᠦᠢᠯᠡᠰ ᠪᠤᠯᠭᠠᠵᠤ᠂ | ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠦᠢᠯᠡᠳᠭᠦᠨ ᠤ ᠦᠷᠳᠡᠭ ᠤᠨ ᠡᠵᠡᠯᠡᠬᠦ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠳᠠᠬᠢ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠲᠦᠰᠢᠭ ᠲᠤᠯᠭᠠᠭᠤᠷᠢ ᠶᠢ ᠲᠤᠪᠤᠶᠢᠯᠭᠠᠨ᠂ | ᠬᠥᠬᠡᠬᠤᠲᠠ ᠶᠢ ᠰᠢᠨᠵᠢᠯᠡᠭᠡ ᠮᠡᠷᠭᠡᠵᠢᠯ ᠤᠨ ᠬᠤᠳᠡ ᠪᠤᠯᠭᠠᠬᠤ ᠪᠠᠷ ᠲᠦᠷᠭᠡᠪᠴᠢᠯᠡᠨ ᠪᠦᠲᠦᠭᠡᠨ ᠪᠠᠶᠢᠭᠤᠯᠵᠤ᠂ ᠰᠢᠨᠵᠢᠯᠡᠭᠡ ᠮᠡᠷᠭᠡᠵᠢᠯ ᠤᠨ ᠠᠵᠤ ᠠᠬᠤᠶ ᠶᠢᠨ | ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠶᠢ 60 % ᠣᠷᠴᠢᠮ ᠬᠦᠷᠲᠡᠯ᠎ᠡ ᠳᠡᠭᠡᠭᠰᠢᠯᠡᠭᠦᠯᠦᠨ᠎ᠡ᠃ | ᠬᠤᠶᠠᠷ ᠲᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠢᠳᠡᠪᠬᠢᠲᠡᠶ ᠪᠠᠷ ᠲᠦᠯᠬᠢᠠ ᠠᠬᠢᠭᠤᠯᠬᠤ ᠬᠡᠷᠡᠭᠲᠡᠶ᠃ | ᠬᠤᠳᠠ ᠬᠥᠳᠡᠭᠡ ᠶᠢ ᠬᠠᠮᠤᠷᠤᠭᠰᠠᠨ᠂ ᠳᠣᠲᠣᠷ᠎ᠠ ᠪᠠᠨ ᠬᠤᠯᠪᠤᠯᠳᠤᠨ ᠭᠠᠳᠠᠭᠰᠢ ᠨᠡᠪᠲᠡᠷᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠤᠤᠷ ᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠪᠡᠭᠡᠵᠢᠩ ᠬᠥᠬᠡᠬᠤᠲᠠ ᠢ ᠨᠡᠪᠲᠡᠷᠡᠭᠦᠯᠦᠭᠰᠡᠨ ᠦᠨᠳᠦᠷ ᠬᠤᠷᠳᠤᠴᠠᠲᠤ ᠲᠡᠮᠦᠷ ᠵᠠᠮ ᠤᠨ ᠪᠠᠶᠢᠭᠤᠯᠤᠭᠳᠠᠬᠤ ᠶᠢ | ᠠᠬᠢᠭᠤᠯᠵᠤ᠂ ᠮᠠᠨ ᠤ ᠬᠤᠲᠠ ᠠᠴᠠ ᠢᠷᠭᠠᠢ᠂ ᠨᠠᠨᠨᠢᠩ ᠬᠦᠷᠬᠦ ᠦᠨᠳᠦᠷ ᠬᠤᠷᠳᠤᠴᠠᠲᠤ ᠲᠡᠮᠦᠷ ᠵᠠᠮ ᠨᠡᠪᠲᠡᠷᠡᠬᠦ ᠲᠥᠷᠥᠯ ᠵᠦᠢᠯ ᠢ ᠡᠬᠢᠯᠡᠭᠦᠯᠬᠦ ᠪᠠᠷ | ᠴᠢᠷᠮᠠᠶᠢᠵᠤ᠂ ᠣᠷᠣᠨ ᠪᠦᠰᠡ ᠶᠢᠨ ᠴᠢᠨᠠᠷᠲᠠᠶ ᠥᠨᠳᠥᠷ ᠬᠤᠷᠳᠤᠴᠠᠲᠤ ᠲᠡᠮᠦᠷ ᠵᠠᠮ ᠤᠨ ᠵᠠᠩᠭᠢᠯᠠᠭ᠎ᠠ ᠪᠤᠯᠭᠠᠨ᠎ᠠ᠃ ᠬᠥᠬᠡᠬᠤᠲᠠ ᠶᠢᠨ ᠰᠢᠨ᠎ᠡ ᠨᠢᠰᠬᠡᠯ ᠤᠨ | ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠ ᠶᠢᠨ ᠬᠡᠪᠴᠢᠶᠡᠨ ᠤ ᠳᠡᠭᠡᠳᠦ | ᠲᠡᠰ ᠤᠨ ᠵᠠᠰᠠᠮᠠᠯ ᠵᠠᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠴᠠᠬᠢᠯᠭᠠᠨ ᠤ ᠰᠤᠷᠪᠤᠯᠵᠢ ᠴᠠᠬᠢᠯᠭᠠᠨ ᠤ ᠲᠣᠣᠷ᠂ ᠴᠠᠬᠢᠯᠭᠠᠨ ᠲᠠᠮᠵᠢᠭᠤᠯᠬᠤ | ᠨᠡᠪᠲᠡᠷᠡᠯ ᠵᠠᠮ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠰᠢᠯᠵᠢᠮᠡᠯ ᠨᠧᠲ ᠰᠦᠯᠵᠢᠶ᠎ᠡ᠂ ᠪᠠᠷᠠᠭᠠᠨ ᠤ ᠰᠦᠯᠵᠢᠶ᠎ᠡ᠂ ᠤᠶᠤᠨᠲᠤ ᠬᠤᠲᠠ ᠵᠡᠷᠭᠡ ᠮᠡᠳᠡᠭᠡ ᠵᠠᠩᠭᠢ ᠶᠢᠨ ᠰᠠᠭᠤᠷᠢ ᠰᠦᠯᠵᠢᠶᠡᠨ ᠤ ᠪᠠᠶᠢᠷᠢᠰᠢᠭᠤᠯᠤᠯᠲᠠ ᠶᠢ | ᠲᠦᠷᠭᠡᠳᠬᠡᠵᠦ᠂ ᠪᠣᠳᠠᠲᠤ ᠪᠠᠶᠢᠳᠠᠯ ᠲᠠᠢ ᠨᠡᠶᠢᠴᠡᠬᠦ᠂ ᠵᠣᠬᠢᠰᠲᠠᠶ ᠤᠷᠢᠳᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠦᠳᠦᠭᠡᠨ ᠪᠠᠶᠢᠭᠤᠯᠬᠤ | ᠬᠡᠷᠡᠭᠲᠡᠢ᠃ ᠭᠤᠣᠯ ᠬᠤᠳᠠ ᠶᠢᠨ ᠲᠣᠭᠤᠷᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠳᠠ ᠶᠢᠨ ᠲᠦᠷᠭᠡᠨ ᠵᠠᠮ᠂ | ᠵᠢᠮᠲᠦ ᠵᠠᠮ ᠨᠡᠪᠲᠡᠷᠡᠯᠭᠡ ᠵᠡᠷᠭᠡ ᠬᠤᠲᠠ ᠶᠢᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠬᠤ ᠶᠢ ᠲᠦᠷᠭᠡᠳᠬᠡᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠶ ᠣᠳᠣᠬᠢᠴᠢᠯᠠᠭᠰᠠᠨ ᠣᠷᠣᠨ ᠤ ᠲᠥᠪ ᠢ ᠪᠦᠳᠦᠭᠡᠨ ᠪᠠᠶᠢᠭᠤᠯᠣᠨ᠎ᠠ᠃ ᠬᠤᠷᠢᠨᠭᠡᠷ ᠰᠢᠨ᠎ᠡ ᠲᠤᠭᠤᠷᠢᠭ ᠪᠣᠯᠣᠨ ᠭᠤᠣᠯ | ᠬᠤᠳᠠ ᠶᠢᠨ ᠲᠣᠭᠤᠷᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠠᠬᠢᠭᠤᠯᠵᠤ᠂ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ | ᠬᠥᠭᠵᠢᠯᠲᠡ ᠶᠢᠨ ᠬᠠᠷᠢᠯᠴᠠᠨ ᠦᠢᠯᠡᠳᠦᠯᠴᠡᠵᠦ ᠬᠠᠷᠢᠯᠴᠠᠨ ᠠᠬᠢᠭᠤᠯᠬᠤ ᠶᠢ ᠲᠦᠯᠬᠢᠨ ᠣᠷᠣᠭᠰᠢᠯᠠᠭᠤᠯᠬᠤ ᠬᠡᠷᠡᠭᠲᠡᠶ᠃ ᠬᠤᠰᠢᠭᠤ ᠰᠢᠶᠠᠨ ᠤ ᠭᠠᠵᠠᠷ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠵᠢᠭᠤᠯᠴᠢᠯᠠᠯ ᠤᠨ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ | ᠥᠪᠡᠷᠮᠢᠴᠡ ᠣᠨᠴᠠᠯᠢᠭ ᠪᠦᠬᠦᠢ ᠠᠶᠢᠯ ᠲᠣᠰᠬᠤᠨ ᠪᠠᠯᠭᠠᠰᠤ ᠶᠢ ᠪᠦᠳᠦᠭᠡᠨ ᠪᠠᠶᠢᠭᠤᠯᠵᠤ᠂ ᠲᠠᠷᠢᠶᠠᠯᠠᠩ ᠤᠨ ᠬᠥᠮᠦᠨ ᠠᠮᠠ ᠶᠢᠨ ᠬᠤᠲᠠᠴᠢᠯᠠᠯᠲᠠ ᠶᠢ | ᠲᠦᠷᠭᠡᠳᠬᠡᠵᠦ᠂ ᠬᠤᠳᠠ ᠬᠥᠳᠡᠭᠡ᠂ ᠣᠷᠣᠨ ᠪᠦᠰᠡ ᠶᠢᠨ ᠬᠤᠭᠤᠷᠣᠨᠳᠣᠬᠢ ᠬᠥᠭᠵᠢᠯᠲᠡ ᠶᠢᠨ ᠵᠥᠷᠢᠶ᠎ᠡ ᠶᠢ ᠪᠠᠭᠠᠰᠬᠠᠬᠤ ᠬᠡᠷᠡᠭᠲᠡᠢ᠃ | ᠭᠤᠷᠪᠠ ᠳᠤ᠂ ︽ᠦᠵᠡᠰᠬᠦᠯᠡᠩᠲᠦ ᠰᠠᠶᠢᠬᠠᠨ ᠬᠦᠬᠡᠬᠤᠲᠠ︾ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠬᠤᠲᠠ ᠶᠢᠨ ᠠᠮᠢ | ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠬᠢᠭᠡᠳ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠪᠢᠯᠠᠬᠤ ᠶᠢ ᠲᠡᠷᠢᠭᠦᠨ ᠳᠤ ᠲᠠᠯᠪᠢᠬᠤ᠂ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠬᠤ᠂ | ᠣᠷᠴᠢᠨ ᠠᠬᠤᠶ ᠶᠢ ᠬᠠᠮᠠᠭᠠᠯᠠᠬᠤ ᠣᠷᠣᠨ ᠵᠠᠶ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ ᠪᠣᠯᠣᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ | ᠪᠦᠷᠢᠯᠳᠦᠭᠦᠯᠦᠨ᠎ᠡ᠃ ᠪᠣᠬᠢᠷᠲᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠲᠦ ᠣᠷᠴᠢᠯ ᠬᠦᠭᠵᠢᠯᠲᠡ ᠶᠢᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠤ᠂ | ᠡᠨᠧᠷᠭᠢ ᠠᠷᠪᠢᠯᠠᠨ ᠣᠷᠴᠢᠨ ᠠᠬᠤᠶ ᠶᠢ ᠬᠠᠮᠠᠭᠠᠯᠠᠬᠤ᠂ ᠴᠡᠪᠡᠷ ᠦᠢᠯᠡᠳᠪᠦᠷᠢᠯᠡᠯ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ | ᠢᠳᠡᠪᠬᠢᠲᠡᠶ ᠬᠦᠭᠵᠢᠭᠦᠯᠬᠦ ᠬᠡᠷᠡᠭᠲᠡᠢ᠃ ᠠᠭᠤᠯᠠ ᠤᠰᠤ ᠤᠢ ᠰᠢᠭᠤᠢ ᠭᠠᠵᠠᠷ ᠳᠠᠷᠢᠶ᠎ᠠ ᠨᠠᠭᠤᠷ ᠴᠦᠭᠦᠷᠦᠮ ᠡᠪᠡᠰᠦ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠶ ᠲᠦᠯᠦᠪᠯᠡᠵᠦ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠦᠨ᠂ ᠳᠠᠯᠠᠨ ᠬᠠᠷ᠎ᠠ ᠠᠭᠤᠯᠠ ᠶᠢᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠠᠲᠤᠨ ᠭᠤᠣᠯ ᠤᠨ ᠡᠷᠭᠢ ᠳᠠᠭᠠᠤ ᠪᠣᠯᠣᠨ ᠪᠤᠰᠤᠳ ᠠᠮᠢ ᠠᠬᠤᠶ ᠬᠡᠪᠡᠷᠡᠭ ᠣᠷᠣᠨ ᠤ ᠬᠠᠮᠠᠭᠠᠯᠠᠯᠲᠠ ᠶᠢ | ᠴᠢᠩᠭᠠᠳᠬᠠᠵᠤ᠂ ︽ᠬᠤᠶᠠᠷ ᠠᠭᠤᠯᠠ ᠨᠢᠭᠡ ᠮᠦᠷᠡᠨ︾ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠠᠪᠤᠨ ᠵᠢᠯ ᠳᠤ | ᠣᠶᠢᠵᠢᠭᠤᠯᠤᠨ ᠨᠣᠭᠤᠭᠠᠷᠠᠭᠤᠯᠬᠤ ᠲᠠᠯᠠᠪᠠᠶ 100 ᠲᠦᠮᠡᠨ ᠮᠦ ᠠᠴᠠ ᠳᠡᠭᠡᠭᠰᠢ ᠪᠠᠶᠢᠯᠭᠠᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠳᠠᠭᠰᠢᠯᠠᠭᠤᠯᠬᠤ ᠶᠢ ᠪᠠᠷᠢᠮᠵᠢᠶᠠᠨ ᠳᠤ ᠬᠦᠷᠬᠦ ᠶᠢ ᠬᠦᠴᠦᠲᠡᠢ ᠠᠬᠢᠭᠤᠯᠬᠤ ᠬᠡᠷᠡᠭᠲᠡᠶ᠃ ᠬᠤᠳᠠ ᠶᠢᠨ | ᠤᠷᠤᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠶᠡᠷᠦᠩᠬᠡᠢ ᠵᠠᠰᠠᠯᠲᠠ ᠶᠢ ᠲᠦᠷᠭᠡᠳᠬᠡᠵᠦ᠂ 2020 ᠣᠨ ᠪᠤᠯᠬᠤ ᠳᠤ | ᠲᠠᠲᠠᠬᠤ ᠨᠦᠬᠦᠪᠦᠷᠢᠯᠡᠬᠦ ᠶᠢᠨ ᠲᠡᠩᠴᠡᠭᠦᠷᠢᠲᠡᠶ ᠪᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠤᠰᠤ ᠪᠣᠯᠤᠨ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠭᠤᠣᠯ ᠬᠤᠲᠠ᠂ ᠭᠤᠣᠯᠳᠠᠯᠭ᠎ᠠ ᠲᠠᠢ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷ ᠤᠰᠤ ᠪᠣᠯᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠥᠬᠦᠳᠡ ᠶᠢ ᠴᠤᠭᠯᠠᠭᠤᠯᠤᠨ᠂ ᠪᠦᠬᠦᠲᠡ ᠶᠢ ᠰᠢᠢᠳᠪᠦᠷᠢᠯᠡᠵᠦ᠂ ᠣᠷᠣᠨ ᠤ | ᠲᠥᠪ ᠤᠨ ᠣᠭᠲᠠᠷᠭᠤᠶ ᠶᠢ ᠨᠡᠩ ᠴᠡᠯᠮᠡᠭ ᠰᠠᠶᠢᠬᠠᠨ᠂ ᠠᠭᠤᠯᠠᠰ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ ᠠᠭᠠᠷ ᠢ ᠨᠠᠩ ᠴᠡᠪᠡᠷ ᠪᠣᠯᠭᠠᠨ᠎ᠠ᠃ | ᠲᠦᠷᠪᠡ ᠳᠤ᠂ ᠰᠣᠶᠣᠯ ᠤᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠢ᠃ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠥᠬᠦ ᠤᠯᠤᠰ ᠤᠨ | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠢᠨ᠎ᠡ ᠨᠢᠭᠡᠨ ᠡᠭᠡᠯᠵᠢ ᠶᠢᠨ ᠠᠵᠢᠯ ᠢ ᠡᠬᠢᠯᠡᠭᠦᠯᠦᠨ᠎ᠡ᠃ ᠤᠷᠤᠨ ᠤ ᠲᠥᠪ ᠦᠨᠤᠬᠠᠮᠰᠠᠷ ᠢ ᠪᠤᠢ ᠪᠣᠯᠭᠠᠵᠤ᠂ | ᠥᠷᠭᠡᠨ ᠤᠯᠠᠨ ᠬᠤᠳᠠ ᠶᠢᠨ ᠠᠷᠠᠳ ᠤᠨ ᠤᠷᠤᠨ ᠤ ᠲᠥᠪ ᠤᠨ ᠠᠷᠠᠳ ᠪᠤᠯᠤᠭᠰᠠᠨ ᠤᠮᠤᠭᠰᠢᠯᠲᠤ ᠰᠡᠳᠭᠢᠯᠭᠡ ᠪᠣᠯᠣᠨ ᠰᠠᠶᠢᠨ ᠤᠷᠤᠨ ᠤ ᠲᠥᠪ ᠢ | ᠰᠠᠶᠢᠲᠤᠷ ᠪᠦᠲᠦᠭᠡᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠢ ᠴᠢᠩᠭᠠᠳᠬᠠᠵᠤ᠂ ᠪᠠᠬᠢᠯᠡᠯᠲᠡ ᠶᠢᠨ ᠭᠠᠵᠠᠷ ᠤᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠤᠨᠴᠠᠭᠠᠶᠢᠯᠠᠨ ᠨᠧᠲ | ᠰᠦᠯᠵᠢᠶᠡᠨ ᠤ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠴᠢᠩᠭᠠᠳᠬᠠᠵᠤ᠂ ᠰᠡᠪᠡᠭᠦᠨ ᠰᠤᠷᠭᠤᠭ ᠰᠦᠯᠵᠢᠶᠡᠨ ᠤ ᠣᠷᠣᠨ ᠵᠠᠶ ᠶᠢ ᠪᠤᠢ ᠪᠤᠯᠭᠠᠬᠤ ᠬᠡᠷᠡᠭᠲᠡᠢ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠤᠶᠤᠯ ᠢ ᠶᠡᠬᠡᠪᠡᠷ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠠᠰᠢᠭᠯᠠᠯᠲᠠ ᠪᠣᠯᠣᠨ | ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠦᠨᠳᠦᠰᠦᠲᠡᠨ ᠤ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠂ ᠲᠠᠯ᠎ᠠ | ᠨᠤᠲᠤᠭ ᠤᠨ ᠰᠣᠶᠣᠯ ᠤᠨ ᠡᠬᠢ ᠪᠠᠶᠠᠯᠢᠭ ᠢ ᠨᠢᠭᠡᠳᠦᠭᠦᠯᠵᠦ᠂ ᠲᠠᠯ᠎ᠠ ᠨᠤᠲᠤᠭ ᠤᠨ ᠰᠣᠶᠣᠯ ᠤᠨ ᠭᠤᠣᠯ ᠣᠷᠣᠨ ᠢ ᠪᠠᠶᠢᠭᠤᠯᠬᠤ ᠬᠡᠷᠡᠭᠲᠡᠢ᠃ ᠤᠯᠠᠨ ᠲᠡᠰ | ᠳᠠᠪᠬᠤᠷᠭ᠎ᠠ᠂ ᠥᠪᠡᠷᠮᠢᠴᠡ ᠰᠣᠶᠣᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠭᠤᠯᠤᠨ᠂ ᠤᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ | ᠂ ᠥᠪᠡᠷᠮᠢᠴᠡ ᠣᠷᠣᠨ ᠨᠤᠲᠤᠭ ᠤᠨ ᠣᠨᠴᠠᠯᠢᠭ ᠲᠠᠢ ᠤᠷᠠᠯᠢᠭ ᠤᠨ ᠰᠢᠯᠢᠳᠡᠭ ᠪᠦᠲᠦᠭᠡᠯ ᠪᠣᠯᠣᠨ ᠰᠣᠶᠣᠯ ᠤᠨ ᠠᠵᠢᠯᠯᠠᠭ᠎ᠠ ᠶᠢ ᠨᠡᠩ ᠠᠷᠪᠢᠨ ᠭᠠᠷᠭᠠᠵᠤ᠂ | ᠰᠣᠶᠣᠯ ᠤᠨ ᠨᠡᠷ᠎ᠡ ᠶᠢᠨ ᠬᠠᠭᠤᠳᠠᠰᠤ ᠪᠣᠯᠣᠨ ᠰᠣᠶᠣᠯ ᠤᠨ ᠲᠥᠷᠥᠯ ᠲᠡᠮᠳᠡᠭ ᠢ ᠪᠤᠶ ᠪᠤᠯᠭᠠᠬᠤ ᠭᠡᠷᠡᠭᠲᠡᠢ᠃ ᠤᠯᠠᠨ ᠨᠡᠶᠢᠳᠡ ᠶᠢᠨ ᠰᠤᠶᠤᠯ ᠤᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠶᠢ ᠭᠦᠨᠵᠡᠭᠡᠶ ᠬᠡᠷᠡᠭᠵᠢᠭᠦᠯᠦᠨ᠎ᠡ᠃ | ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠪᠣᠯᠤᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠡᠪᠯᠡᠯ ᠨᠡᠶᠢᠲᠡᠯᠡᠯ᠂ ᠺᠢᠨᠣ᠋ | ᠲᠧᠯᠸᠢᠰ ᠂ ᠺᠠᠷᠲ᠋ᠣᠨ ᠱᠤᠭ ᠵᠢᠷᠤᠭ᠂ ᠰᠣᠶᠣᠯ ᠤᠨ ᠡᠭᠦᠳᠦᠨ ᠪᠦᠲᠦᠭᠡᠬᠦ ᠰᠡᠳᠬᠢᠮᠵᠢ ᠵᠡᠷᠭᠡ ᠰᠣᠶᠣᠯ ᠤᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ | ᠰᠤᠶᠤᠯ ᠤᠨ ᠠᠵᠤ ᠦᠢᠯᠡᠰ ᠪᠠ ᠲᠤᠮᠤ ᠳ᠋ᠠᠶᠢᠲ᠋ᠠ᠂ ᠵᠢᠭᠤᠯᠴᠢᠯᠠᠯ᠂ ᠪᠡᠶ᠎ᠡ ᠲᠠᠮᠢᠷ᠂ ᠡᠷᠡᠭᠦᠯ ᠴᠢᠬᠢᠷᠠᠭ᠂ ᠨᠠᠰᠤᠲᠠᠨ ᠢ ᠠᠰᠠᠷᠠᠬᠤ᠂ ᠦᠵᠡᠰᠬᠦᠯᠡᠩ ᠵᠡᠷᠭᠡ | ᠠᠵᠤ ᠦᠢᠯᠡᠰ ᠤᠨ ᠭᠦᠨᠵᠡᠭᠡᠶ ᠨᠡᠶᠢᠯᠡᠯ ᠢ ᠠᠬᠢᠭᠤᠯᠵᠤ᠂ ᠰᠢᠨ᠎ᠡ ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ ᠪᠤᠵᠠᠭᠠᠶᠢᠷᠠᠭᠤᠯᠵᠤ᠂ | ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠦᠷᠳᠡᠭ ᠤᠨ GDP ᠳᠤ ᠡᠵᠡᠯᠡᠬᠦ ᠬᠤᠪᠢ ᠶᠢᠨ ᠵᠢᠩ ᠢ 5 % ᠣᠷᠴᠢᠮ ᠬᠦᠷᠭᠡᠨ᠎ᠡ᠃ | ᠲᠠᠪᠤ ᠳᠤ᠂ ᠪᠦᠬᠦ ᠲᠠᠯ᠎ᠠ ᠪᠠᠷ ᠭᠠᠳᠠᠭᠰᠢ ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠬᠦᠴᠦᠯᠡᠨ ᠪᠤᠢ ᠪᠤᠯᠭᠠᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ | ᠳᠠᠭᠠᠤ ᠤᠯᠤᠰ ᠯᠤᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠠᠵᠤ ᠠᠬᠤᠶ ᠠᠷᠠᠯᠵᠢᠶ᠎ᠠ᠂ ᠰᠣᠶᠣᠯ᠂ ᠵᠢᠭᠤᠯᠴᠢᠯᠠᠯ᠂ ᠰᠤᠷᠭᠠᠨ ᠬᠦᠮᠦᠵᠢᠯ᠂ ᠴᠤᠭᠯᠠᠭᠠᠨ | ᠦᠵᠡᠰᠬᠦᠯᠡᠩ ᠵᠡᠷᠭᠡ ᠲᠠᠯ᠎ᠠ ᠪᠠᠷ ᠬᠠᠮᠳᠤᠷᠠᠯᠴᠠᠬᠤ ᠶᠢ ᠢᠳᠡᠪᠬᠢᠲᠡᠢ ᠦᠷᠨᠢᠭᠦᠯᠬᠦ ᠬᠡᠷᠡᠭᠲᠡᠶ᠃ ᠣᠷᠣᠰ ᠮᠣᠩᠭᠤᠯ ᠯᠤᠭ᠎ᠠ ᠶᠢᠨ ᠬᠠᠮᠲᠤᠷᠠᠨ ᠠᠵᠢᠯᠯᠠᠬᠤ | ᠲᠣᠭᠲᠠᠴᠠ ᠶᠢᠨ ᠰᠢᠨ᠎ᠡ ᠶᠢ ᠡᠭᠦᠳᠴᠦ᠂ ᠳᠤᠮᠳᠠᠳᠤ ᠮᠣᠩᠭᠤᠯ ᠣᠷᠣᠰ ᠤᠨ ᠪᠠᠷᠠᠭ᠎ᠠ ᠲᠡᠭᠡᠭᠡᠪᠦᠷᠢᠯᠡᠬᠦ ᠨᠡᠪᠲᠡᠷᠡᠯᠡᠯ ᠵᠠᠮ ᠤᠨ ᠪᠥᠳᠥᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠭᠤᠣᠯ ᠵᠠᠩᠭᠢᠯᠠᠭ᠎ᠠ ᠴᠡᠭ ᠢ ᠴᠤᠭᠴᠠᠯᠠᠨ ᠪᠠᠶᠢᠭᠤᠯᠬᠤ ᠭᠡᠷᠡᠭᠲᠡᠢ᠃ | ᠳᠤᠮᠳᠠᠳᠤ ᠮᠣᠩᠭᠤᠯ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠮᠡᠳᠡᠭᠦᠯᠦᠨ ᠪᠦᠲᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠲᠡᠮᠡᠴᠡᠨ ᠣᠯᠵᠤ᠂ ᠳᠤᠮᠳᠠᠳᠤ | ᠮᠣᠩᠭᠤᠯ ᠤᠨ ᠦᠵᠡᠰᠭᠦᠯᠡᠩ ᠴᠤᠭᠯᠠᠭᠠᠨ ᠢ ᠦᠷᠭᠦᠯᠵᠢᠯᠡᠨ ᠰᠠᠶᠢᠲᠤᠷ ᠡᠷᠬᠢᠯᠡᠨ᠎ᠡ᠃ ᠡᠯᠧᠺᠲᠷᠣᠨ ᠭᠠᠷᠠᠮ᠂ ᠠᠭᠠᠷ ᠠᠶᠠᠯᠠᠯ ᠤᠨ ᠭᠠᠷᠠᠮ ᠤᠨ ᠪᠦᠳᠦᠭᠡᠨ | ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠲᠢᠶᠠᠨᠵᠢᠨ ᠤ ︽ᠤᠰᠤ ᠦᠭᠡᠢ ᠭᠠᠷᠠᠮ ︾ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠪᠡᠭᠡᠵᠢᠩ ᠲᠢᠶᠠᠨᠵᠢᠨ ᠾᠧᠪᠸᠢ ᠶᠢᠨ ᠬᠠᠮᠲᠤᠷᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠲᠠᠢ ᠭᠦᠨᠵᠡᠭᠡᠢ ᠵᠤᠬᠢᠴᠠᠯᠳᠤᠨ᠂ ᠪᠡᠭᠡᠵᠢᠩ ᠤᠨ ᠠᠵᠤ | ᠦᠢᠯᠡᠰ ᠤᠨ ᠲᠥᠷᠥᠯ ᠵᠦᠢᠯ ᠰᠢᠯᠵᠢᠯᠲᠡ ᠶᠢ ᠢᠳᠡᠪᠬᠢᠲᠡᠶ ᠭᠠᠷᠳᠠᠨ ᠠᠪᠬᠤ ᠬᠡᠷᠡᠭᠲᠡᠢ᠃ ᠬᠥᠬᠡᠬᠤᠲᠠ ᠪᠤᠭᠤᠲᠤ ᠢᠷᠭᠠᠢ ᠢᠦᠢ ᠯᠢᠨ ᠤ ᠠᠵᠤ ᠠᠬᠤᠶ ᠶᠢᠨ | ᠣᠷᠣᠨ ᠤ ᠡᠯ᠎ᠡ ᠬᠤᠳᠡ ᠶᠢᠨ ᠬᠤᠷᠰᠢᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠶᠢ | ᠬᠥᠲᠥᠯᠥᠨ ᠳᠠᠭᠠᠭᠤᠯᠬᠤ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠦᠢᠯᠡᠰ ᠤᠨ ᠪᠠᠶᠢᠷᠢᠰᠢᠭᠤᠯᠣᠯᠲᠠ᠂ ᠰᠠᠭᠤᠷᠢ | ᠲᠥᠬᠦᠭᠡᠷᠦᠮᠵᠢ ᠶᠢᠨ ᠪᠦ᠋ᠲᠦᠭᠡᠨ ᠪᠠᠶᠢᠭᠤᠯᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠲᠦᠯᠬᠢᠨ | ᠠᠬᠢᠭᠤᠯᠣᠨ᠎ᠠ᠃ | ᠵᠢᠷᠭᠤᠭ᠎ᠠ ᠳᠤ᠂ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠤᠨ ᠬᠦᠷᠦᠯᠴᠡᠬᠦ ᠦᠬᠡᠢ ᠲᠠᠯ᠎ᠠ ᠶᠢ ᠲᠦᠷᠭᠡᠪᠴᠢᠯᠡᠨ ᠨᠥᠬᠦᠪᠥᠷᠢᠯᠡᠬᠦ ᠬᠡᠷᠡᠭᠲᠡᠢ᠃ | ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠳᠠᠶᠢᠨ ᠢ ᠡᠷᠡᠰ ᠰᠢᠢᠳᠮᠡᠭᠡᠢ ᠪᠡᠶᠡᠯᠡᠭᠦᠯᠵᠦ᠂ 2020 ᠣᠨ ᠪᠣᠯᠬᠤ ᠳᠤ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠵᠢᠯ ᠤᠨ ᠬᠥᠮᠦᠨ ᠪᠦᠷᠢ ᠶᠢᠨ ᠳᠤᠮᠳᠠᠴᠢ ᠣᠷᠣᠯᠭ᠎ᠠ 4000 ᠲᠥᠭᠦᠷᠢᠭ ᠠᠴᠠ ᠳᠡᠭᠡᠭᠰᠢ ᠪᠣᠯᠭᠠᠵᠣ᠂ | ᠦᠴᠤᠸᠠᠨ᠂ ᠴᠢᠩ ᠱᠦᠢ ᠾᠧ ᠬᠤᠶᠠᠷ ᠶᠠᠳᠠᠭᠤ ᠬᠦᠴᠢᠷᠳᠡᠯᠲᠡᠶ ᠰᠢᠶᠠᠨ ᠢ ︽ᠶᠠᠳᠠᠭᠤ ᠶᠢᠨ ᠨᠡᠷ᠎ᠡ︾ ᠠᠴᠠ ᠬᠠᠰᠤᠵᠤ ᠭᠠᠷᠭᠠᠬᠤ ᠬᠡᠷᠡᠭᠲᠡᠢ᠃ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠪᠠᠷ ᠬᠠᠷᠠᠯᠲᠠ ᠪᠣᠯᠭᠠᠨ᠂ ᠳᠤᠮᠳᠠᠳᠤ ᠪᠠᠭ᠎ᠠ ᠰᠤᠷᠭᠠᠭᠤᠯᠢ ᠂ ᠬᠡᠦᠬᠡᠳ ᠤᠨ ᠴᠡᠴᠡᠷᠯᠢᠭ ᠤᠨ ᠭᠤᠷᠪᠠᠨ | ᠵᠢᠯ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ︽ᠰᠤᠷᠭᠠᠭᠤᠯᠢ ᠰᠣᠩᠭᠤᠬᠤ ᠬᠠᠯᠠᠮᠰᠢᠯ︾᠂ ︽ᠬᠡᠳᠥ ᠲᠣᠭᠠᠲᠤ | ᠠᠩᠭᠢ︾ ᠵᠡᠷᠭᠡ ᠳᠤᠪᠤᠶᠢᠮ᠎ᠠ ᠠᠰᠠᠭᠤᠳᠠᠯ ᠤᠳ ᠢ ᠰᠢᠢᠳᠪᠦᠷᠢᠯᠡᠨ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠴᠢᠷᠮᠠᠶᠢᠨ ᠠᠬᠢᠭᠤᠯᠣᠨ᠎ᠠ᠃ ᠡᠷᠡᠭᠦᠯ | ᠬᠥᠬᠡᠬᠤᠲᠠ ᠶᠢᠨ ᠪᠦᠳᠦᠭᠡᠨ ᠪᠠᠶᠢᠭᠤᠯᠤᠯᠲᠠ ᠶᠢ ᠬᠦᠨᠵᠡᠭᠡᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠣᠬᠢ ᠰᠠᠶᠢᠨ ᠡᠮ ᠡᠮᠨᠡᠯᠭᠡ ᠶᠢᠨ | ᠡᠬᠢ ᠪᠠᠶᠠᠯᠢᠭ ᠢ ᠢᠳᠡᠪᠬᠢᠲᠡᠶ ᠪᠠᠷ ᠲᠠᠲᠠᠨ ᠣᠷᠣᠭᠤᠯᠬᠤ ᠪᠠ ᠣᠶᠠᠯᠳᠣᠭᠤᠯᠵᠣ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠢᠩᠭᠠᠨ ᠬᠥᠮᠦᠨ ᠪᠦᠷᠢ ᠳᠤ 5.5 ᠣᠷᠣ ᠶᠢᠨ ᠲᠤᠭ᠎ᠠ ᠶᠢ ᠨᠡᠮᠡᠭᠳᠡᠭᠦᠯᠵᠦ᠂ ᠦᠨᠡᠨ ᠬᠦ ︽ | ᠡᠪᠡᠳᠴᠢᠨ ᠦᠵᠡᠭᠦᠯᠬᠦ ᠳᠤ ᠬᠦᠴᠢᠷᠲᠡᠶ︾ ︽ᠡᠪᠡᠳᠴᠢᠨ ᠦᠵᠡᠭᠦᠯᠬᠦ ᠳᠤ ᠦᠨ᠎ᠡ ᠲᠠᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠂ ᠨᠡᠶᠢᠭᠡᠮ ᠤᠨ ᠠᠪᠤᠷᠠᠨ ᠲᠤᠰᠠᠯᠠᠬᠤ ᠪᠠ ᠣᠷᠣᠨ ᠰᠠᠭᠤᠴᠠ ᠶᠢᠨ | ᠪᠠᠲᠤᠯᠠᠭ᠎ᠠ ᠶᠢ ᠴᠢᠩᠭᠠᠳᠬᠠᠨ᠎ᠠ᠃ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠦᠨ ᠪᠦᠬᠦᠨ ᠡᠳ᠋ᠯᠡᠬᠦ ᠶᠢ ᠪᠠᠷᠢᠮᠳᠠᠯᠠᠵᠤ᠂ ᠨᠢᠯᠬᠠᠰ ᠢ | ᠪᠤᠶᠢᠵᠢᠭᠤᠯᠤᠨ᠂ ᠰᠤᠷᠤᠯᠴᠠᠬᠤ ᠠᠴᠠ ᠰᠣᠷᠭᠠᠭᠤᠯᠢ ᠲᠠᠢ᠂ ᠬᠦᠳᠡᠯᠮᠦᠷᠢᠯᠡᠪᠡᠯ ᠬᠠᠷᠠᠮᠵᠢ ᠲᠠᠢ᠂ ᠡᠪᠡᠳᠴᠢᠯᠡᠪᠡᠯ ᠡᠮᠨᠡᠭᠦᠯᠬᠦ ᠭᠠᠵᠠᠷ ᠲᠠᠢ᠂ ᠦᠲᠡᠯᠪᠡᠯ ᠠᠰᠠᠷᠠᠯᠲᠠ | ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶ ᠶᠢ ᠲᠡᠳᠬᠦᠬᠦ ᠲᠠᠯ᠎ᠠ ᠪᠠᠷ ᠰᠢᠨ᠎ᠡ ᠬᠦᠭᠵᠢᠯᠲᠡ ᠲᠠᠢ ᠪᠠᠶᠢᠬᠤ ᠬᠡᠷᠡᠭᠲᠡᠢ᠃ | ᠭᠤᠷᠪᠠ ᠂ 2018 ᠣᠨ ᠤ ᠵᠠᠰᠠᠭ ᠤᠨ ᠣᠷᠳᠣᠨ ᠤ ᠠᠵᠢᠯ ᠤᠨ ᠲᠤᠬᠠᠶ ᠰᠠᠨᠠᠭᠤᠯᠭ᠎ᠠ | ᠡᠨᠡ ᠵᠢᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ | ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠶ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠭᠡᠭᠡᠷᠡᠭᠦᠯᠬᠦ ᠵᠠᠩᠭᠢᠯᠠᠭ᠎ᠠ ᠶᠢᠨ ᠨᠢᠭᠡ ᠵᠢᠯ | ᠮᠥᠨ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠡᠭᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠣᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠲᠣᠭᠲᠠᠭᠤᠨ ᠤᠷᠤᠭᠰᠢᠯᠠᠬᠤ | ᠠᠵᠢᠯ ᠤᠨ ᠶᠡᠷᠦᠩᠬᠡᠶ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠮᠠᠨ ᠤ ᠤᠯᠤᠰ ᠤᠨ ᠨᠡᠶᠢᠭᠡᠮ ᠤᠨ | ᠭᠤᠣᠯ ᠵᠥᠷᠢᠴᠡᠯ ᠤᠨ ᠬᠤᠪᠢᠷᠠᠯᠲᠠ ᠲᠠᠢ ᠨᠢᠭᠲᠠ ᠤᠶᠠᠯᠳᠤᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ | ᠰᠢᠵᠢᠮ ᠪᠤᠯᠭᠠᠬᠤ ᠶᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ | ᠥᠭᠡᠷᠡᠴᠢᠯᠡᠯᠲᠡ ᠨᠡᠭᠡᠭᠡᠯᠳᠡ ᠶᠢ ᠶᠡᠬᠡᠪᠡᠷ ᠠᠬᠢᠭᠤᠯᠤᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠣᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠣᠭᠤᠮᠲᠠ ᠰᠢᠪᠲᠣᠯᠬᠤ ᠳᠠᠶᠢᠨ ᠢ ᠦᠨᠡᠨ ᠬᠦ ᠰᠠᠶᠢᠲᠤᠷ ᠬᠢᠵᠦ᠂ ᠬᠦᠭᠵᠢᠯᠲᠡ᠂ | ᠣᠷᠴᠢᠨ ᠠᠬᠤᠶ᠂ ᠠᠷᠠᠳ ᠤᠨ ᠠᠮᠢᠳᠤᠷᠠᠯ ᠤᠨ ᠲᠤᠬᠠᠶ ᠭᠤᠷᠪᠠᠨ ᠵᠤᠷᠪᠤᠰ ᠬᠤᠷᠢᠭ᠎ᠠ ᠱᠤᠭᠤᠮ ᠢ ᠰᠠᠶᠢᠲᠤᠷ ᠬᠠᠮᠠᠭᠠᠯᠠᠵᠤ᠂ ᠤᠷᠤᠨ ᠤ ᠲᠥᠪ ᠤᠨ ᠣᠨᠴᠠᠯᠢᠭ | ᠪᠦᠬᠦᠢ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠪᠴᠢᠯᠡᠨ ᠪᠤᠶᠢᠵᠢᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ | ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠦᠷᠭᠡᠳᠬᠡᠨ ᠪᠣᠢ ᠪᠣᠯᠭᠠᠵᠤ᠂ ᠲᠣᠯᠭᠠᠭᠤᠷᠢ ᠪᠣᠯᠣᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠤᠷᠤᠨ ᠤ ᠲᠥᠪ ᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠴᠢᠷᠮᠠᠶᠢᠨ ᠡᠬᠢᠯᠡᠭᠦᠯᠬᠦ | ᠬᠡᠷᠡᠭᠲᠡᠢ᠃ | ᠡᠨᠡ ᠵᠢᠯ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠲᠡᠭ ᠢ 7% ᠣᠷᠴᠢᠮ ᠢᠶᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢ 3 % | ᠣᠷᠴᠢᠮ ᠪᠤᠯᠭᠠᠵᠤ᠂ ᠬᠤᠳᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠢ 8 % | ᠣᠷᠴᠢᠮ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠭᠤᠬᠤ ᠬᠦᠮᠦᠨ ᠢ 4 ᠲᠦᠮᠡ ᠣᠷᠴᠢᠮ ᠪᠣᠯᠭᠠᠵᠣ᠂ ᠬᠤᠲᠠ ᠪᠠᠯᠭᠠᠰᠤᠨ ᠤ ᠠᠵᠢᠯ | ᠠᠯᠳᠠᠯᠲᠠ ᠶᠢᠨ ᠨᠣᠷᠮ᠎ᠠ ᠶᠢ 5% ᠣᠷᠴᠢᠮ ᠳᠤ ᠬᠢᠵᠠᠭᠠᠷᠯᠠᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.8% | ᠳᠣᠲᠣᠷ᠎ᠠ ᠬᠢᠵᠠᠭᠠᠷᠯᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠤᠨ | ᠡ᠊ᠨᠧᠷᠭᠢ ᠶᠢᠨ ᠬᠤᠷᠣᠭᠳᠠᠯ ᠤᠨ ᠬᠠᠷᠠᠯᠲᠠ ᠶᠢ ᠪᠡᠶᠡᠯᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠴᠢᠨᠠᠷ ᠤᠨ | ᠠᠭᠢᠯᠳᠠ ᠲᠠᠢ ᠪᠣᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠵᠢᠯ ᠤᠨ ᠡᠭᠦᠷᠭᠡ ᠶᠢ ᠪᠡᠶᠡᠯᠡᠭᠦᠯᠵᠦ᠂ ᠡᠳ᠋ ᠤᠨ ᠵᠠᠰᠠᠭ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ | ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢᠨ ᠬᠤᠪᠢᠰᠤᠯᠲᠠ᠂ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠲᠠᠰᠤᠷᠠᠯᠳᠡ ᠦᠬᠡᠢ | ᠳᠡᠭᠡᠭᠰᠢᠯᠡᠭᠦᠯᠦᠨ᠎ᠡ᠃ | ︵ᠨᠢᠭᠡ︶ ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠨ ᠢ ᠰᠢᠢᠳᠪᠦᠷᠢᠯᠡᠬᠦ ᠠᠵᠢᠯ ᠢ ᠡᠷᠡᠰ ᠰᠢᠭᠤᠷᠬᠠᠢ ᠬᠢᠵᠦ᠂ ᠡᠷᠭᠡᠪᠰᠢ ᠯᠠᠪᠳᠠᠭᠤᠨ ᠪᠠᠲᠤᠲᠠᠶ | ᠠᠬᠢᠴᠠ ᠲᠠᠢ ᠪᠣᠯᠭᠠᠨ᠎ᠠ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠣᠯᠣᠯᠲᠠ ᠶᠢᠨ ᠳᠠᠶᠢᠨ ᠢ ᠡᠷᠡᠰ ᠰᠠᠶᠢᠨ ᠬᠢᠨ᠎ᠡ᠃ ᠮᠠᠨ ᠤ ᠬᠤᠲᠠ ᠶᠢᠨ ᠠᠵᠤ | ᠠᠬᠤᠶ ᠶᠢᠨ ᠠᠵᠢᠯᠯᠠᠭᠠᠨ ᠤ ᠠᠶᠤᠯ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠦ ᠪᠣᠯᠬᠤ ᠳᠤ ᠴᠢᠭᠯᠡᠭᠦᠯᠦᠨ᠂ ᠮᠥᠩᠭᠦᠨ ᠭᠦᠢᠯᠭᠡᠭᠡ ᠪᠣᠯᠣᠨ ᠥᠷᠢ | ᠥᠭᠴᠡᠭᠡᠨ ᠤ ᠲᠦᠭᠰᠢᠭᠦᠷᠢ ᠢᠯᠠᠩᠭᠤᠶ᠎ᠠ ᠲᠠᠯᠳᠠ ᠥᠷᠢ ᠥᠭᠴᠡᠭᠡᠨ ᠤ ᠲᠦᠭᠰᠢᠭᠦᠷᠢ ᠨᠡᠯᠢᠶᠡᠳ ᠶᠡᠭᠡ ᠪᠠᠶᠢᠬᠤ ᠪᠤᠲᠠᠲᠤ ᠪᠠᠶᠢᠳᠠᠯ ᠲᠠᠢ ᠤᠴᠢᠷ ᠠᠴᠠ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠰᠦᠪ ᠢ ᠰᠠᠶᠢᠲᠤᠷ ᠲᠣᠬᠢᠷᠠᠭᠤᠯᠵᠤ᠂ | ᠠᠪᠴᠠᠭᠠᠨ ᠤ ᠡᠷᠬᠡ ᠶᠢ ᠰᠣᠯᠢᠬᠤ᠂ ᠡᠳ᠋ ᠬᠦᠷᠦᠩᠭᠡ ᠶᠢᠨ ᠲᠠᠬᠢᠨ ᠨᠢᠭᠡᠳᠭᠡᠬᠦ ᠂ ᠡᠬᠢ ᠪᠠᠶᠠᠯᠢᠭ ᠢ ᠠᠮᠢᠳᠤᠯᠢᠭ ᠡᠷᠬᠢᠯᠳᠦᠭᠦᠯᠬᠦ ᠵᠡᠷᠭᠡ ᠨᠡᠶᠢᠯᠡᠮᠡᠯ ᠬᠦᠴᠦ ᠶᠢ | ᠪᠦᠷᠢᠯᠳᠦᠭᠦᠯᠵᠦ᠂ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠦᠯᠡᠳᠡᠵᠦ ᠪᠠᠶᠢᠭ᠎ᠠ ᠥᠷᠢ ᠥᠭᠴᠡᠭᠡ ᠶᠢ ᠰᠢᠢᠳᠪᠦᠷᠢᠯᠡᠨ᠎ᠡ᠃ ᠡᠳ᠋ ᠤᠨ ᠵᠠᠰᠠᠭ ᠤᠨ | ᠬᠢᠵᠠᠭᠠᠷᠯᠠᠯ ᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠵᠢᠭᠡᠯᠡᠯᠭᠡ ᠠᠪᠴᠤ ᠬᠦᠷᠦᠩᠬᠡ | ᠪᠤᠰᠬᠠᠬᠤ ᠵᠡᠷᠭᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃ ᠪᠦᠬᠦ | ᠵᠢᠯ ᠳᠤ ᠵᠠᠰᠠᠭ ᠤᠨ ᠣᠷᠳᠣᠨ ᠤ ᠥᠷᠢ ᠰᠢᠷᠢ ᠶᠢ 300 ᠳ᠋ᠦᠩᠰᠢᠭᠤᠷ ᠲᠥᠭᠦᠷᠢᠭ ᠣᠷᠴᠢᠮ ᠰᠢᠢᠳᠪᠦᠷᠢᠯᠡᠵᠦ᠂ 2021 ᠣᠨ ᠪᠣᠯᠬᠤ ᠳᠤ ᠵᠠᠰᠠᠭ ᠤᠨ | ᠣᠷᠳᠣᠨ ᠤ ᠥᠭᠴᠡᠭᠡᠨ ᠤ ᠨᠤᠷᠮ᠎ᠠ ᠶᠢ ᠪᠠᠭᠤᠷᠠᠭᠤᠯᠤᠨ ᠵᠦᠢ ᠵᠣᠬᠢᠰᠲᠠᠶ ᠬᠢᠷᠢ ᠬᠡᠮᠵᠢᠶ᠎ᠡ ᠳᠤ ᠬᠦᠷᠭᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ | ᠪᠣᠯᠤᠨ ᠠᠷᠠᠳ ᠤᠨ ᠠᠮᠢᠳᠤᠷᠠᠯ ᠤᠨ ᠵᠦᠢᠯ ᠢ ᠴᠢᠳᠠᠯ ᠤᠨ ᠬᠢᠷᠢ ᠪᠠᠷ ᠬᠢᠬᠦ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠵᠦ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ ᠭᠡᠷᠡᠭᠲᠡᠢ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ | ᠬᠠᠤᠯᠢ ᠶᠢ ᠵᠥᠷᠢᠴᠡᠵᠦ ᠲᠣᠭᠲᠠᠭᠠᠯ ᠢ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠡᠷ ᠪᠠᠶᠢᠰᠢᠩ ᠭᠠᠵᠠᠷ | ᠰᠢᠷᠣᠶ ᠶᠢᠨ ᠬᠦᠷᠦᠩᠭᠡ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠷᠢ ᠥᠭᠴᠡᠭᠡ ᠵᠡᠷᠭᠡ | ᠲᠠᠯ᠎ᠠ ᠶᠢᠨ ᠲᠦᠭᠰᠢᠭᠦᠷᠢ ᠶᠢ ᠨᠢᠭᠲᠠ ᠠᠩᠬᠠᠷᠴᠤ᠂ ᠬᠥᠳᠡᠭᠡ ᠲᠣᠰᠬᠤᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ | ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠭᠦᠰᠭᠡᠬᠦ ᠦᠭᠡᠢ ᠪᠠᠶᠢᠬᠤ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠶᠢ ᠡᠷᠡᠰ | ᠪᠠᠷᠢᠮᠳᠠᠯᠠᠨ᠎ᠠ᠃ | ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠲᠠᠶᠢᠨ ᠢ ᠡᠷᠡᠰ ᠰᠢᠭᠤᠷᠬᠠᠢ ᠬᠢᠬᠦ ᠬᠡᠷᠡᠭᠲᠡᠶ᠃ ᠬᠥᠳᠡᠭᠡ ᠲᠣᠰᠬᠤᠨ ᠤ | ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠬᠥᠳᠡᠭᠡ ᠲᠤᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ | ᠶᠠᠳᠠᠭᠤ ᠶᠢ ᠲᠡᠳᠬᠦᠬᠦ ᠠᠵᠢᠯ ᠪᠠ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠪᠦᠳᠤᠭᠡᠨ ᠪᠠᠶᠢᠭᠤᠯᠤᠯᠲᠠ᠂ ᠰᠠᠭᠤᠷᠢ ᠨᠥᠬᠦᠴᠡᠯ ᠢ ᠰᠠᠶᠢᠵᠢᠷᠠᠭᠤᠯᠬᠤ | ᠂ ᠨᠡᠶᠢᠭᠡᠮ ᠤᠨ ᠪᠠᠲᠤᠯᠠᠭ᠎ᠠ ᠶᠢ ᠤᠶᠠᠯᠳᠤᠭᠤᠯᠵᠤ᠂ ᠬᠥᠭᠵᠢᠯᠲᠡ ᠶᠢᠨ ᠠᠷᠭ᠎ᠠ ᠪᠠᠷ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠬᠠᠪᠰᠤᠷᠴᠤ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠭᠦᠯᠬᠦ | ᠰᠠᠭᠤᠷᠢ ᠶᠢ ᠪᠠᠬᠢᠵᠢᠭᠦᠯᠵᠦ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ | ᠃ ᠶᠠᠳᠠᠭᠤ ᠬᠦᠴᠢᠷᠳᠡᠯ ᠲᠠᠢ ᠲᠤᠰᠬᠤᠨ ᠢ ᠲᠥᠪᠯᠡᠷᠡᠭᠦᠯᠦᠨ ᠣᠨᠳᠣᠤ ᠭᠠᠵᠠᠷ ᠲᠤ ᠨᠡᠭᠦᠯᠭᠡᠬᠦ ᠶᠢ ᠦᠷᠭᠦᠯᠵᠢᠯᠡᠨ ᠳᠥᠯᠭᠢᠨ ᠠᠬᠢᠭᠤᠯᠵᠤ᠂ ᠶᠠᠳᠠᠭᠤ | ᠬᠦᠴᠢᠷᠳᠡᠯᠲᠡᠶ ᠵᠠᠬ᠎ᠠ ᠶᠢᠨ ᠬᠦᠮᠦᠰ ᠢ ᠬᠠᠪᠰᠤᠷᠤᠨ ᠲᠡᠳᠬᠦᠬᠦ ᠶᠢ ᠴᠢᠬᠤᠯᠠᠴᠢᠯᠠᠬᠤ ᠬᠡᠷᠡᠭᠲᠡᠢ᠃ ᠶᠡᠬᠡᠪᠡᠷ ᠶᠠᠳᠠᠭᠤ ᠶᠢ ᠲᠡᠳᠬᠦᠬᠦ ᠠᠵᠢᠯ ᠤᠨ ᠪᠠᠶᠢᠷᠢᠰᠢᠯ ᠢ | ᠪᠠᠷᠢᠮᠲᠠᠯᠠᠵᠤ᠂ ᠨᠡᠶᠢᠭᠡᠮ ᠳᠠᠶᠠᠭᠠᠷ ᠤᠨ ᠬᠦᠴᠦᠨ ᠢ ᠥᠷᠭᠡᠨ ᠢᠶᠠᠷ ᠲᠠᠶᠢᠴᠢᠯᠡᠨ ᠶᠠᠳᠠᠭᠤ ᠶᠢ ᠲᠡᠳᠬᠦᠬᠦ ᠪᠤᠭᠤᠮᠳᠠ ᠶᠢ ᠰᠢᠪᠳᠤᠯᠵᠤ᠂ ᠶᠠᠳᠠᠭᠤ ᠬᠦᠴᠢᠷᠳᠡᠯ ᠲᠠᠢ | ᠡᠷᠦᠬᠡ ᠶᠢᠨ ᠲᠠᠷᠢᠵᠤ ᠦᠷᠡᠵᠢᠭᠦᠯᠬᠦ ᠳᠠᠭᠠᠳᠬᠠᠯ ᠤᠨ ᠪᠠᠲᠤᠯᠠᠭ᠎ᠠ ᠶᠢ ᠲᠦᠯᠬᠢᠨ ᠠᠬᠢᠭᠤᠯᠤᠨ᠎ᠠ᠃ ᠺᠠᠷᠲᠯᠠᠨ ᠲᠠᠩᠰᠠᠯᠠᠬᠤ ᠠᠵᠢᠯ ᠢ ᠪᠣᠳᠠᠲᠠᠶ ᠨᠠᠷᠢᠯᠢᠭ ᠬᠢᠵᠦ᠂ | ᠶᠠᠳᠠᠭᠤ ᠬᠦᠴᠢᠷᠳᠡᠯ ᠲᠠᠢ ᠪᠠᠶᠢᠳᠠᠯ ᠢ ᠢᠯᠭᠠᠬᠤ᠂ ᠲᠡᠳᠭᠦᠨ ᠬᠠᠪᠰᠤᠷᠬᠤ᠂ ᠨᠠᠷᠢᠯᠢᠭ ᠣᠨᠣᠪᠴᠢ ᠶᠢᠨ ᠬᠡᠮᠵᠢᠶ᠎ᠡ ᠶᠢ ᠲᠦᠯᠬᠢᠨ ᠠᠬᠢᠭᠤᠯᠭᠤ ᠶᠢ | ᠲᠡᠭᠡᠭᠰᠢᠯᠡᠬᠦᠯᠬᠦ ᠭᠡᠷᠡᠭᠲᠡᠢ᠃ ᠶᠠᠳᠠᠭᠤ ᠶᠢ ᠲᠡᠳᠬᠦᠬᠦ ᠪᠠ ︽ᠤᠶᠤᠨ ᠢ ᠲᠡᠳᠭᠦᠭᠦ︾᠂ ︽ᠵᠣᠷᠢᠭ ᠢ ᠲᠡᠳᠭᠦᠭᠦ︾ ᠶᠢ ᠤᠶᠠᠯᠳᠤᠭᠤᠯᠬᠤ ᠶᠢ ᠬᠡᠷᠡᠭᠵᠢᠭᠦᠯᠵᠦ᠂ | ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠦᠭᠵᠢᠭᠡᠨ᠎ᠡ᠃ ᠲᠣᠰᠬᠤᠨ ᠳᠤ ᠰᠠᠭᠤᠭ᠎ᠠ ᠺᠠᠳ᠋ᠷ ᠤᠨ ᠬᠠᠪᠰᠤᠷᠤᠨ | ᠲᠡᠳᠬᠦᠬᠦ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠠᠵᠢᠯ ᠤᠨ ᠲᠥᠪ ᠪᠤᠰᠤ ᠰᠤᠷᠲᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠵᠢᠯ ᠤᠨ ᠳᠣᠲᠣᠷ᠎ᠠ ᠴᠢᠷᠮᠠᠶᠢᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠺᠠᠷᠲᠯᠠᠨ ᠳᠠᠩᠰᠠᠯᠠᠭᠰᠠᠨ ᠶᠠᠳᠠᠭᠤ | ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠬᠥᠳᠡᠯᠦᠩᠭᠦᠶ ᠪᠠᠷ ᠶᠠᠳᠠᠭᠤ ᠠᠴᠠ ᠲᠣᠭᠲᠠᠪᠤᠷᠢᠲᠠᠶ ᠠᠩᠭᠢᠵᠢᠷᠠᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠨ ᠢ ᠡᠷᠡᠰ ᠰᠢᠭᠤᠷᠬᠠᠢ ᠬᠢᠬᠦ ᠬᠡᠷᠡᠭᠲᠡᠶ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 10 ᠠᠭᠤᠷᠰᠢᠯᠲᠠ ᠶᠢᠨ ᠲᠤᠨ ᠠᠴᠠ ᠲᠡᠭᠡᠭᠰᠢ ᠨᠡᠭᠦᠷᠡᠰᠦ ᠰᠢᠲᠠᠭᠠᠬᠤ ᠵᠤᠤᠬ᠎ᠠ ᠶᠢ | ᠶᠡᠷᠦᠩᠬᠡᠶᠢᠯᠡᠨ ᠴᠡᠭᠴᠡᠯᠡᠨ ᠵᠠᠰᠠᠵᠤ᠂ ᠪᠦᠬᠦᠨ ᠢ ᠳᠣᠣᠷ᠎ᠠ ᠭᠠᠳᠠᠭᠰᠢᠯᠠᠭᠤᠯᠤᠯᠲᠠ ᠶᠢᠨ ᠭᠠᠯ ᠴᠠᠬᠢᠯᠭᠠᠨ ᠤ ᠮᠠᠰᠢᠨ ᠴᠣᠭᠴᠠᠯᠠᠪᠤᠷᠢ ᠪᠠᠷ ᠦᠭᠡᠷᠡᠴᠢᠯᠡᠬᠦ ᠶᠢ | ᠪᠡᠶᠡᠯᠡᠭᠦᠯᠦᠨ᠎ᠡ᠃ ᠬᠤᠲᠠ ᠶᠢᠨ ᠳᠡᠭᠳᠡᠮᠡᠯ ᠲᠣᠭᠤᠰᠣᠨ ᠤ ᠪᠣᠬᠢᠷᠲᠤᠯ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠲᠠᠯ᠎ᠠ ᠪᠠᠷ ᠵᠢᠵᠢᠭ | ᠵᠤᠤᠬ᠎ᠠ ᠤᠲᠤᠭᠠᠲᠤ ᠨᠡᠭᠦᠷᠡᠰᠦ ᠰᠤᠯᠠ ᠰᠢᠲᠠᠭᠠᠬᠤ ᠶᠢ ᠴᠠᠭᠠᠵᠠᠯᠠᠵᠤ᠂ ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠭᠠᠷ ᠮᠠᠨᠳᠠᠯ ᠤᠨ ᠶᠠᠰᠤ ᠴᠢᠨᠠᠷ ᠢ ᠤᠮᠠᠷᠠᠲᠤ ᠶᠢᠨ ᠬᠤᠲᠠᠳ ᠤᠨ ᠡᠮᠦᠨᠡᠭᠦᠷ | ᠵᠢᠭᠰᠠᠭᠠᠭᠳᠠᠬᠤ ᠶᠢ ᠪᠠᠲᠤᠯᠠᠬᠤ ᠬᠡᠷᠡᠭᠲᠡᠶ᠃ ︽ᠤᠰᠤᠨ ᠤ ᠠᠷᠪᠠᠨ ᠵᠤᠷᠪᠤᠰ︾ ᠢ ᠭᠦᠨᠵᠡᠭᠡᠶ ᠬᠡᠷᠡᠭᠵᠢᠭᠦᠯᠵᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠢ ᠴᠢᠩᠭᠠᠳᠬᠠᠵᠤ᠂ ᠪᠠᠨᠳᠢ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ | ᠶᠢ ᠡᠬᠢᠯᠡᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠶᠢᠨ ᠬᠠᠷ᠎ᠠ ᠦᠮᠡᠬᠡᠶ ᠤᠰᠤᠨ ᠴᠣᠭᠴᠠ ᠶᠢ | ᠠᠷᠢᠯᠭᠠᠨ᠎ᠠ᠃ ︽ᠬᠦᠷᠦᠰᠦ ᠰᠢᠷᠤᠢ ᠶᠢᠨ ᠠᠷᠪᠠᠨ ᠵᠤᠷᠪᠤᠰ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠷᠥᠰᠥ ᠰᠢᠷᠣᠶ ᠶᠢᠨ ᠠᠬᠤᠢ ᠪᠠᠶᠢᠳᠠᠯ ᠤᠨ | ᠶᠠᠰᠤ ᠴᠢᠨᠠᠷ ᠢ ᠨᠠᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ | ᠲᠦᠪᠰᠢᠨ ᠢ ᠲᠡᠭᠡᠭᠰᠢᠯᠡᠭᠦᠯᠦᠨ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠬᠠᠮᠤᠭ ᠤᠨ ᠴᠢᠩᠭ᠎ᠠ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠡᠷᠡᠰ ᠬᠡᠷᠡᠭᠵᠢᠭᠦᠯᠵᠦ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠡᠨᠧᠷᠭᠢ ᠶᠢᠨ ᠰᠤᠷᠪᠤᠯᠵᠢ᠂ | ᠲᠡᠮᠦᠷᠯᠢᠭ ᠪᠤᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠤᠨ ᠴᠡᠪᠡᠷ ᠦᠢᠯᠡᠳᠪᠦᠷᠢᠯᠡᠯ ᠢ | ᠥᠭᠡᠷᠡᠴᠢᠯᠡᠬᠦ ᠶᠢ ᠠᠬᠢᠭᠤᠯᠤᠨ᠎ᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠪᠤᠯᠤᠨ ᠥᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠳᠤ ᠶᠡᠭᠡ ᠪᠠᠢᠴᠠᠭᠠᠯᠲᠠ ᠬᠢᠬᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠣᠷᠴᠢᠨ ᠲᠣᠭᠤᠷᠢᠨ ᠢ ᠬᠠᠮᠠᠭᠠᠯᠠᠬᠤ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠪᠠᠷ | ᠰᠢᠢᠳᠪᠦᠷᠢᠯᠡᠬᠦ ᠬᠡᠷᠡᠭᠲᠡᠶ᠃ | ︵ᠬᠤᠶᠠᠷ︶ ᠠᠵᠤ ᠦᠢᠯᠡᠳᠪᠦᠷᠢ ᠪᠠᠷ ᠬᠤᠲᠠ ᠶᠢ ᠬᠦᠴᠦᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠠᠵᠤ | ᠦᠢᠯᠡᠳᠪᠦᠷᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠨ ᠳᠠᠭᠠᠭᠤᠯᠬᠤ ᠦᠢᠯᠡᠳᠦᠯ ᠢ ᠪᠦᠬᠦ ᠲᠠᠯ᠎ᠠ ᠪᠠᠷ ᠲᠡᠭᠡᠭᠰᠢᠯᠡᠭᠦᠯᠬᠦ | ᠬᠡᠷᠡᠭᠲᠡᠢ᠃ | ᠠᠵᠤ ᠦᠢᠯᠡᠳᠪᠦᠷᠢ ᠶᠢᠨ ᠪᠠᠶᠢᠷᠢᠰᠢᠭᠤᠯᠣᠯᠲᠠ ᠶᠢ ᠰᠢᠯᠢᠳᠡᠭᠵᠢᠭᠦᠯᠦᠨ ᠲᠤᠬᠢᠷᠠᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢ | ᠬᠦᠷᠢᠶᠡᠯᠡᠩ ᠲᠤᠭᠤᠷᠢᠭᠵᠢᠭᠤᠯᠬᠤ᠂ ᠬᠦᠷᠢᠶᠡᠯᠡᠩ ᠲᠣᠭᠤᠷᠢᠭ ᠢ ᠤᠨᠴᠠᠯᠢᠭᠲᠠᠢ ᠬᠦᠭᠵᠢᠭᠦᠯᠬᠦ ᠰᠡᠳᠬᠢᠴᠡ ᠶᠢ ᠦᠨᠳᠦᠰᠦᠯᠡᠨ᠂ ᠵᠠᠰᠠᠭ ᠵᠠᠬᠢᠷᠭᠠᠨ ᠤ ᠣᠷᠣᠨ ᠤ | ᠵᠠᠭᠠᠭ ᠢ ᠲᠡᠪᠴᠢᠵᠦ᠂ ᠡᠯ᠎ᠡ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠢᠷᠢ ᠲᠦᠪᠰᠢᠨ ᠪᠠ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠵᠤ ᠦᠢᠯᠡᠳᠪᠦᠷᠢ ᠶᠢᠨ ᠪᠠᠶᠢᠷᠢᠰᠢᠭᠤᠯᠣᠯᠲᠠ ᠶᠢ ᠲᠣᠬᠢᠷᠠᠭᠤᠯᠤᠨ ᠰᠢᠯᠢᠳᠡᠭᠵᠢᠭᠦᠯᠦᠨ᠂ ᠬᠤᠲᠠ ᠶᠢᠨ | ᠲᠣᠭᠤᠷᠢᠭ ᠵᠢᠴᠢ ᠡᠷᠬᠢᠨ ᠲᠣᠭᠤᠷᠢᠨ ᠤ ᠠᠵᠤ ᠦᠢᠯᠡᠳᠪᠦᠷᠢ ᠠᠵᠤ ᠠᠬᠤᠶᠢᠯᠠᠯ ᠢ ᠨᠡᠭᠦᠯᠭᠡᠬᠦ ᠲᠥᠯᠥᠪᠯᠡᠭᠡ ᠶᠢ ᠡᠬᠢᠯᠡᠭᠦᠯᠦᠨ ᠬᠡᠷᠡᠭᠵᠢᠭᠦᠯᠵᠦ᠂ ᠬᠦᠷᠢᠶᠡᠯᠡᠩ | ᠲᠣᠭᠤᠷᠢᠭ ᠤᠨ ᠬᠡᠯᠪᠡᠷᠢ ᠶᠢ ᠬᠤᠪᠢᠷᠠᠭᠤᠯᠬᠤ ᠂ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠣᠨ᠎ᠠ᠃ ᠬᠦᠷᠢᠶᠡᠯᠡᠩ ᠲᠣᠭᠤᠷᠢᠭ ᠤᠨ | ᠴᠢᠳᠠᠮᠵᠢ ᠶᠢᠨ ᠬᠢᠷᠢ ᠬᠡᠮᠵᠢᠶ᠎ᠡ ᠶᠢᠨ ᠲᠤᠭᠲᠠᠭᠠᠯᠲᠠ ᠶᠢᠨ ᠲᠤᠭᠤᠷᠢᠨ ᠳᠤ᠂ ᠰᠠᠭᠤᠷᠢ ᠢᠵᠢ ᠪᠦᠷᠢᠳᠦᠭᠦᠯᠬᠦ ᠶᠢ ᠲᠦᠷᠭᠡᠪᠴᠢᠯᠡᠨ ᠂ ᠬᠥᠭᠵᠢᠯᠲᠡ ᠶᠢᠨ ᠣᠷᠣᠨ | ᠵᠠᠶ ᠶᠢ ᠭᠦᠢᠴᠡᠳ ᠦᠯᠡᠳᠡᠭᠡᠵᠦ᠂ ᠲᠠᠭᠠᠭᠠᠴᠠ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ ᠴᠢᠷᠮᠠᠶᠢᠵᠤ᠂ | ᠵᠠᠭᠤᠨᠳᠦ᠋ᠡᠭᠰᠢᠭᠤᠷ ᠲᠥᠭᠦᠷᠢᠭ ᠤᠨ ᠲᠠᠰ ᠤᠨ ᠠᠵᠤ ᠠᠬᠤᠶᠢᠯᠠᠯ 5 ᠬᠦᠷᠭᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ 15 ᠡᠷᠦᠬᠡ ᠶᠢ ᠰᠢᠨ᠎ᠡ ᠪᠠᠷ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ ᠢ 1400 ᠳ᠋ᠦᠩᠰᠢᠭᠤᠷ ᠲᠥᠭᠦᠷᠢᠭ | ᠬᠦᠷᠭᠡᠵᠦ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ GDP ᠳᠤ ᠡᠵᠡᠯᠡᠬᠦ ᠬᠤᠪᠢ ᠶᠢᠨ ᠵᠢᠩ ᠢ 22 % ᠠᠴᠠ ᠦᠨᠳᠦᠷ ᠪᠠᠶᠢᠯᠭᠠᠨ᠎ᠠ᠃ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠢᠳᠡᠪᠬᠢᠲᠡᠶ ᠠᠬᠢᠭᠤᠯᠬᠤ ᠬᠡᠷᠡᠭᠲᠡᠢ᠃ ᠰᠦ ᠰᠠᠭᠠᠯᠢ ᠶᠢᠨ | ᠦᠢᠯᠡᠰ ᠤᠨ ᠳᠡᠰ ᠳᠡᠪᠰᠢᠬᠦ ᠠᠵᠢᠯᠯᠠᠭ᠎ᠠ ᠶᠢ ᠥᠷᠨᠢᠭᠦᠯᠵᠦ᠂ ᠢ ᠯᠢ᠂ ᠮᠧᠩ ᠨᠢᠦ ᠵᠡᠷᠭᠡ ᠠᠵᠤ ᠠᠬᠤᠶᠢᠯᠠᠯ ᠤᠨ ᠪᠦᠬᠦ ᠪᠥᠮᠪᠥᠷᠴᠡᠭ ᠤᠨ ᠡᠬᠢ ᠪᠠᠶᠠᠯᠢᠭ ᠢ | ᠠᠰᠢᠭᠯᠠᠬᠤ ᠶᠢ ᠲᠡᠮᠵᠢᠵᠦ᠂ ᠰᠤᠳᠤᠯᠤᠨ ᠨᠡᠭᠡᠭᠡᠬᠦ ᠦᠢᠯᠡᠳᠪᠦᠷᠢᠯᠡᠯ ᠢ ᠴᠢᠩᠭᠠᠳᠬᠠᠵᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠰᠦ | ᠰᠠᠭᠠᠯᠢ ᠶᠢᠨ ᠦᠢᠯᠡᠰ ᠤᠨ ᠰᠢᠨᠵᠢᠯᠡᠬᠦ ᠤᠬᠠᠭᠠᠨᠴᠢ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ᠂ ᠰᠦ ᠰᠠᠭᠠᠯᠢ ᠶᠢᠨ ᠦᠢᠯᠡᠰ ᠤᠨ | ᠪᠠᠷᠢᠮᠵᠢᠶᠠᠵᠢᠭᠰᠠᠨᠰᠢᠨᠡ ᠶᠢ ᠡᠭᠦᠳᠬᠦ ᠲᠥᠪ ᠶᠢ ᠪᠠᠶᠢᠭᠤᠯᠵᠤ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠳᠡᠰ ᠳᠠᠪᠰᠢᠯᠲᠠ ᠶᠢ ᠴᠤᠭᠴᠠᠯᠠᠨ᠎ᠠ᠃ | ᠮᠧᠩ ᠼᠤᠤ᠂ ᠮᠧᠩ ᠶᠠᠩ ᠵᠡᠷᠭᠡ ᠳᠠᠪᠠᠭᠤᠯᠢᠭ ᠠᠵᠤ ᠠᠬᠤᠶᠢᠯᠠᠯ ᠤᠨ ᠵᠠᠬ᠎ᠠ ᠳᠡᠯᠭᠡᠭᠦᠷ ᠨᠡᠭᠡᠭᠡᠬᠦ᠂ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ ᠱᠧᠩ ᠮᠦ | ᠰᠦ ᠰᠠᠭᠠᠯᠢ ᠶᠢᠨ ᠦᠢᠯᠡᠰ᠂ ᠵᠧᠩ ᠳ᠋ᠠ ᠢᠳᠡᠭᠡᠨ ᠵᠡᠷᠭᠡ ᠭᠤᠣᠯᠳᠠᠯᠭ᠎ᠠ ᠲᠠᠢ ᠢᠳᠡᠭᠡᠨ ᠪᠣᠯᠪᠠᠰᠤᠷᠠᠭᠤᠯᠬᠤ ᠲᠦᠷᠦᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ | ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ ᠨᠡᠷᠡᠲᠦ ᠲᠡᠮᠳᠡᠭ ᠢ ᠰᠠᠶᠢᠳᠤᠷ ᠬᠢᠵᠦ | ᠪᠤᠵᠠᠭᠠᠶᠢᠷᠠᠭᠤᠯᠤᠨ᠎ᠠ᠃ ᠬᠤᠷᠢᠨᠭᠡᠷ ᠤᠨ ᠴᠠᠬᠢᠯᠭᠠᠨ ᠤ ᠦᠢᠯᠡᠳᠪᠦᠷᠢ᠂ ᠬᠤᠸᠠᠨ ᠵᠢᠤᠢ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠴᠢᠬᠤᠯᠠ ᠶᠡᠭᠡ ᠡᠨᠧᠷᠭᠢ ᠶᠢᠨ | ᠰᠤᠷᠪᠤᠯᠵᠢ ᠶᠢᠨ ᠲᠥᠷᠥᠯ ᠵᠦᠢᠯ ᠤᠨ ᠪᠦᠳᠣᠭᠡᠨ ᠪᠠᠶᠢᠭᠤᠯᠤᠯᠲᠠ ᠶᠢ ᠦᠷᠬᠦᠯᠵᠢᠯᠡᠨ ᠰᠠᠶᠢᠲᠤᠷ ᠠᠳᠬᠤᠵᠤ᠂ ᠪᠦᠬᠦ ᠤᠯᠤᠰ ᠤᠨ ᠴᠢᠬᠤᠯᠠ ᠴᠡᠪᠡᠷ ᠡᠨᠧᠷᠭᠢ | ᠭᠠᠷᠭᠠᠬᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ ᠣᠳᠣᠬᠢᠴᠢᠯᠠᠭᠰᠠᠨ ᠠᠵᠤ ᠦᠢᠯᠡᠳᠪᠦᠷᠢ ᠠᠵᠤ ᠦᠢᠯᠡᠰ ᠢ ᠶᠡᠬᠡᠪᠡᠷ ᠬᠦᠭᠵᠢᠭᠦᠯᠦᠨ᠂ ᠵᠢᠦ ᠲᠠᠢ | ᠨᠡᠭᠦᠷᠡᠰᠦ ᠪᠠᠷ ᠦᠢᠯᠡᠳᠦᠭᠰᠡᠨ ᠡᠲ᠋ᠠ ᠬᠤᠶᠠᠷᠴᠢ ᠠᠯᠺᠥᠥᠯ ᠤᠨ ᠲᠥᠷᠥᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠾᠧᠩ ᠳ᠋ᠧ ᠪᠤᠬᠢᠷᠳᠤᠯ ᠦᠭᠡᠢ | ᠲᠦᠷᠭᠡᠳᠭᠡᠭᠦᠷ᠂ ᠯᠠᠨ ᠢᠦᠢ ᠪᠤᠬᠢᠷᠲᠤᠯ ᠦᠬᠡᠢ ᠬᠦᠬᠦᠷ ᠦᠭᠡᠶᠢᠳᠡᠭᠦᠯᠬᠦ ᠰᠢᠪᠳᠤᠷ ᠤᠨ ᠤᠰᠤ ᠵᠡᠷᠭᠡ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠥᠷᠥᠯ | ᠵᠦᠢᠯ ᠤᠨ ᠰᠠᠭᠤᠷᠢᠰᠢᠭᠤᠯᠬᠤ ᠪᠥᠳᠥᠭᠡᠨ ᠪᠠᠶᠢᠭᠤᠯᠤᠯᠲᠠ ᠶᠢ ᠬᠢᠨ᠎ᠡ᠃ ᠴᠤᠸᠠᠩ ᠸᠧᠢ ᠲᠧᠯᠸᠢᠰ ᠤᠨ ᠲᠥᠷᠥᠯ ᠵᠦᠢᠯ ᠢ ᠨᠡᠭᠦᠯᠭᠡᠬᠦ ᠶᠢ ᠲᠥᠯᠬᠢᠨ ᠠᠬᠢᠭᠤᠯᠵᠤ | ᠂ ᠰᠢᠩᠭᠡᠨ ᠲᠠᠯᠠᠰᠲᠤ ᠲᠧᠯᠸᠢᠰ ᠤᠨ ᠠᠵᠤ ᠠᠬᠤᠶᠢᠯᠠᠯ ᠤᠨ ᠦᠢᠯᠡᠳᠭᠦᠨ ᠤ ᠪᠦᠲᠦᠴᠡ ᠶᠢ ᠲᠤᠬᠢᠷᠠᠭᠤᠯᠬᠤ ᠶᠢ ᠬᠥᠲᠥᠯᠥᠨ ᠵᠢᠯᠣᠭᠤᠳᠴᠤ᠂ ᠳᠡᠭᠡᠳᠦ | ᠳᠡᠰ ᠤᠨ ᠦᠢᠯᠡᠳᠬᠦᠨ ᠢ ᠰᠤᠳᠤᠯᠤᠨ ᠨᠡᠭᠡᠭᠡᠬᠦ ᠦᠢᠯᠡᠳᠪᠦᠷᠢᠯᠡᠯ ᠤᠨ ᠬᠠᠷᠢᠴᠠᠯ ᠢ ᠨᠡᠮᠡᠭᠳᠡᠭᠦᠯᠵᠦ᠂ ᠦᠷᠳᠡᠭ ᠢ ᠨᠡᠮᠡᠭᠳᠡᠭᠦᠯᠬᠦ ᠦᠷ᠎ᠡ ᠪᠦᠲᠦᠮᠵᠢ ᠪᠣᠯᠣᠨ ᠵᠠᠬ᠎ᠠ | ᠳᠡᠯᠭᠡᠭᠦᠷ ᠤᠨ ᠥᠷᠢᠰᠥᠯᠳᠦᠬᠦ ᠬᠦᠴᠦᠨ ᠢ ᠬᠤᠪᠢᠷᠠᠭᠤᠯᠤᠨ ᠳᠡᠭᠡᠭᠰᠢᠯᠡᠭᠦᠯᠦᠨ᠎ᠡ᠃ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠶᠢ ᠨᠡᠩ ᠴᠢᠬᠤᠯᠠᠴᠢᠯᠠᠬᠤ | ᠬᠡᠷᠡᠭᠲᠡᠶ᠃ ᠲᠤᠮᠤ ᠳ᠋ᠠᠶᠢᠲ᠋ᠠ ᠶᠢᠨ ᠡᠭᠦᠯᠡᠨ ᠪᠤᠳᠤᠯᠲᠠ ᠶᠢᠨ ᠠᠵᠤ ᠦᠢᠯᠡᠰ ᠢᠶᠠᠷ ᠰᠠᠭᠤᠷᠢ ᠪᠣᠯᠭᠠᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠤᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠰᠢᠯᠵᠢᠮᠡᠯ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠪᠠᠷᠠᠭᠠᠨ ᠤ ᠰᠦᠯᠵᠢᠶ᠎ᠡ᠂ ᠬᠢᠮᠡᠯ | ᠤᠶᠤᠨ ᠤ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠴᠢᠩᠭᠠᠷᠠᠭᠤᠯᠤᠨ᠂ ᠳᠤᠮᠳᠠᠳᠤ ᠤᠯᠤᠰ ᠤᠨ ᠤᠮᠠᠷᠠᠲᠤ ᠣᠷᠣᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ | ᠴᠤᠭᠯᠠᠷᠠᠯ ᠤᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠯᠡᠨ ᠪᠤᠳᠤᠯᠲᠠ ᠶᠢᠨ ᠲᠥᠪ ᠢ ᠲᠥᠯᠥᠪᠵᠢᠭᠦᠯᠦᠨ ᠪᠠᠶᠢᠭᠤᠯᠣᠨ᠎ᠠ᠃ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠲᠦᠷᠭᠡᠪᠴᠢᠯᠡᠨ ᠬᠥᠭᠵᠢᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠪᠣᠳᠠᠲᠤ ᠴᠣᠭᠴᠠ ᠶᠢᠨ ᠠᠵᠤ ᠠᠬᠤᠶ᠂ | ᠤᠯᠠᠨ ᠨᠡᠶᠢᠲᠡ ᠶᠢᠨ ᠦᠢᠯᠡᠴᠢᠯᠡᠭᠡ ᠶᠢᠨ ᠭᠦᠨᠵᠡᠭᠡᠶ ᠠᠭᠤᠰᠤᠯᠴᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠳᠡᠭᠡᠳᠦ ᠳᠡᠰ ᠤᠨ ᠲᠤᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠢ ᠢᠳᠡᠪᠬᠢᠲᠡᠶ ᠲᠦᠯᠬᠢᠨ ᠠᠬᠢᠭᠤᠯᠵᠤ᠂ ᠺᠠᠢ ᠸᠧ ᠮᠠᠰᠢᠨ ᠲᠡᠷᠭᠡᠨ ᠤ ᠨᠡᠶᠢᠲᠡ ᠴᠣᠭᠴᠠ ᠶᠢᠨ ᠲᠥᠷᠥᠯ ᠵᠦᠢᠯ ᠢ ᠡᠬᠢᠯᠡᠭᠦᠯᠦᠨ | ᠪᠠᠶᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠪᠦᠬᠦᠯᠢ ᠴᠣᠭᠴᠠᠲᠣ ᠮᠠᠰᠢᠨ ᠲᠡᠷᠭᠡ ᠦᠢᠯᠡᠳᠬᠦ ᠴᠢᠳᠠᠪᠤᠷᠢ ᠶᠢ ᠲᠦᠷᠭᠡᠨ ᠪᠤᠢ ᠪᠣᠯᠭᠠᠬᠤ ᠬᠡᠷᠡᠭᠲᠡᠶ᠃ | ᠰᠠᠨᠰᠠᠷ ᠤᠨ ᠠᠶᠠᠯᠠᠯ ᠤᠨ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ᠂ ᠰᠠᠨᠰᠠᠷ ᠤᠨ ᠠᠶᠠᠯᠠᠯ ᠤᠨ ᠰᠢᠨᠵᠢᠯᠡᠭᠡ ᠮᠡᠷᠭᠡᠵᠢᠯ ᠵᠡᠷᠭᠡ ᠠᠵᠤ ᠠᠬᠤᠶᠢᠯᠠᠯ ᠤᠨ | ᠬᠠᠮᠲᠤᠷᠠᠨ ᠠᠵᠢᠯᠴᠠᠭᠠ ᠶᠢ ᠴᠢᠩᠭᠠᠳᠬᠠᠵᠤ᠂ ᠳᠡᠭᠡᠳᠦ ᠴᠢᠳᠠᠪᠬᠢᠲᠦ ᠡᠮ ᠡᠮᠨᠡᠯᠭᠡ ᠶᠢᠨ ᠪᠠᠭᠠᠵᠢ ᠬᠡᠷᠡᠭᠰᠡᠯ᠂ ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ | ᠲᠦᠷᠤᠯ ᠵᠦᠢᠯ ᠢ ᠪᠠᠶᠢᠷᠢᠰᠢᠭᠤᠯᠤᠨ ᠪᠥᠳᠥᠭᠡᠨ ᠪᠠᠶᠢᠭᠤᠯᠣᠨ᠎ᠠ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠥᠷᠢᠰᠥᠯᠳᠦᠬᠦ ᠳᠠᠪᠠᠭᠤᠯᠢᠭ ᠲᠠᠯ᠎ᠠ ᠶᠢ | ᠪᠠᠳᠠᠷᠠᠭᠤᠯᠵᠤ᠂ ᠡᠯᠧᠺᠲᠷᠣᠨ ᠴᠠᠬᠢᠭᠤᠷ ᠮᠠᠲ᠋ᠧᠷᠢᠶᠠᠯ᠂ ᠴᠡᠪᠡᠷ ᠬᠥᠩᠭᠡᠨᠴᠠᠭᠠᠨ᠂ ᠪᠠᠯ ᠴᠢᠯᠠᠭᠤᠨ ᠠᠯᠺᠧᠨ᠂ ᠣᠨᠴᠠᠭᠠᠶ ᠮᠠᠭᠨᠢ ᠶᠢᠨ ᠬᠠᠶᠢᠯᠤᠰᠢ ᠵᠡᠷᠭᠡ ᠰᠢᠨ᠎ᠡ | ᠮᠠᠶ᠋ᠢᠭ ᠤᠨ ᠮᠠᠲ᠋ᠧᠷᠢᠶᠠᠯ ᠢ ᠨᠡᠭᠡᠭᠡᠨ ᠬᠦᠭᠵᠢᠭᠦᠯᠵᠦ᠂ ᠵᠦᠩ ᠬᠤᠸᠠᠨ ᠭᠡᠷᠡᠯ ᠴᠡᠨᠡᠭ ᠤᠨ ᠳᠥᠷᠪᠡᠳᠦᠭᠡᠷ ᠬᠤᠭᠤᠴᠠᠭ᠎ᠠ ᠶᠢ ᠦᠷᠭᠡᠳᠭᠡᠬᠦ᠂ ᠠᠢ ᠡᠯ | ᠡᠯᠧᠺᠲᠷᠣᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠤᠯᠠᠨ ᠡᠰᠢᠵᠢᠭᠰᠡᠨ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠤᠭᠯᠠᠷᠠᠯ ᠢ ᠪᠠᠶᠢᠭᠤᠯᠤᠨ᠎ᠠ᠃ ᠠᠮᠢᠳᠠᠨ ᠤ ᠬᠢᠵᠢᠭ ᠤᠨ ᠲᠠᠷᠢᠯᠭ᠎ᠠ᠂ ᠠᠮᠢᠳᠤ ᠪᠣᠳᠠᠰ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠬᠡᠪᠴᠢᠶ᠎ᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠶᠢᠨ ᠢᠦᠢ ᠣᠯᠠᠨ ᠤᠯᠤᠰ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ | ᠠᠵᠤ ᠦᠢᠯᠡᠰ ᠤᠨ ᠬᠦᠷᠢᠶᠡᠯᠡᠩ᠂ ᠵᠢᠶᠠᠨ ᠯᠦᠩ 10 ᠲᠦᠮᠡᠨ ᠲᠣᠨ ᠤᠰᠤᠨ ᠳᠤ ᠠᠭᠤᠰᠤᠮᠠᠬᠠᠢ ᠢᠳᠡᠭᠡᠨ ᠤ ᠰᠢᠷᠬᠡᠭᠯᠢᠭ ᠡᠳ᠋᠂ ᠱᠢ ᠵᠢᠢ ᠹᠦ᠋ ᠺᠠᠩ ᠬᠢᠲᠠᠳ | ᠡᠮ ᠤᠨ ᠰᠢᠩᠭᠡᠨ ᠤᠮᠳᠠ ᠶᠢᠨ ᠲᠦᠷᠦᠯ ᠵᠦᠢᠯ ᠤᠳ ᠢ ᠪᠠᠶᠢᠭᠤᠯᠤᠨ ᠠᠰᠢᠭᠯᠠᠯᠲᠠ ᠳᠤ ᠤᠷᠤᠭᠤᠯᠬᠤ ᠶᠢ ᠠᠬᠢᠭᠤᠯᠵᠤ᠂ ᠳᠡᠭᠡᠳᠦ ᠲᠡᠰ ᠤᠨ ᠠᠮᠢᠳᠤ | ᠪᠣᠳᠠᠰ ᠤᠨ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠣᠷᠴᠢᠨ ᠲᠣᠭᠤᠷᠢᠨ ᠢ ᠬᠠᠮᠠᠭᠠᠯᠠᠨ ᠡᠨᠧᠷᠭᠢ ᠠᠷᠪᠢᠯᠠᠬᠤ ᠠᠵᠤ | ᠦᠢᠯᠡᠰ ᠢ ᠢᠳᠡᠪᠬᠢᠲᠡᠶ ᠬᠥᠭᠵᠢᠭᠦᠯᠵᠦ᠂ ᠶᠢᠨ ᠴᠧᠩ ᠣᠷᠴᠢᠨ ᠠᠬᠤᠶ ᠶᠢ ᠬᠠᠮᠠᠭᠠᠯᠠᠬᠤ ᠨᠠᠷᠢᠨ ᠦᠨᠡᠰᠦᠨ ᠲᠣᠭᠤᠰᠬ᠎ᠠ᠂ ᠿᠢ ᠱᠧᠩ ᠨᠡᠭᠦᠷᠡᠰᠦᠨ | ᠴᠢᠯᠠᠭᠤ ᠶᠢᠨ ᠮᠤᠯᠧᠺᠦ᠋ᠯ ᠰᠢᠭᠰᠢᠭᠦᠷ ᠵᠡᠷᠭᠡ ᠡᠬᠢ ᠪᠠᠶᠠᠯᠢᠭ ᠤᠨ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠪᠠᠶᠢᠯᠳᠤᠬᠤ | ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨᠦᠢᠯᠡᠳᠬᠦᠨ ᠤ ᠦᠷᠳᠡᠭ ᠤᠨ ᠬᠡᠪᠴᠢᠶᠠᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠤᠢᠢᠯᠡᠳᠭᠦᠨ ᠤ ᠦᠷᠳᠡᠭ ᠳᠠᠬᠢ ᠬᠤᠪᠢ ᠶᠢᠨ ᠵᠢᠩ ᠶᠢ 30% ᠠᠴᠠ ᠳᠡᠭᠡᠭᠰᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ | ︵ᠭᠤᠷᠪᠠ︶ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠦᠢᠯᠡᠴᠢᠯᠡᠭᠡᠨ ᠤ ᠦᠢᠯᠡᠰ ᠤᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠷᠢᠰᠦᠯᠳᠦᠬᠦ ᠬᠦᠴᠦᠨ ᠢ ᠦᠷᠭᠦᠯᠵᠢᠯᠡᠨ ᠴᠢᠩᠭᠠᠳᠬᠠᠨ᠎ᠠ᠃ ᠨᠤᠲᠤᠭ ᠤᠨ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠢ ᠲᠤᠰᠠᠯᠠᠨ ᠬᠠᠮᠲᠤ ᠪᠠᠷ ᠬᠤᠯᠪᠣᠭ᠎ᠠ ᠪᠠᠶᠢᠭᠤᠯᠬᠤ᠂ ᠨᠡᠶᠢᠯᠡᠭᠦᠯᠦᠨ ᠲᠠᠬᠢᠨ ᠪᠠᠶᠢᠭᠤᠯᠵᠤ ᠶᠡᠭᠡ ᠬᠡᠪᠴᠢᠶ᠎ᠡ ᠪᠠᠷ ᠬᠢᠬᠦ ᠶᠢ | ᠲᠠᠮᠵᠢᠨ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠪᠣᠷᠣᠯᠠᠭᠤᠯᠬᠤ ᠲᠠᠪᠴᠠᠩ ᠪᠠᠶᠢᠭᠤᠯᠵᠤ᠂ ᠥᠪᠡᠷᠮᠢᠴᠡ ᠣᠨᠴᠠᠯᠢᠭ ᠲᠠᠢ᠂ | ᠲᠤᠰᠬᠠᠶᠢᠵᠢᠭᠰᠠᠨ ᠡᠯᠧᠺᠲᠷᠣᠨ ᠬᠤᠳᠠᠯᠳᠤᠭᠠᠨ ᠤ ᠨᠡᠷ᠎ᠡ ᠲᠡᠮᠳᠡᠭ ᠢ ᠡᠭᠦᠳᠦᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠮᠠᠨ ᠤ ᠬᠤᠲᠠ ᠳᠤ ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ ᠪᠦᠳᠦᠭᠡᠨ ᠪᠠᠶᠢᠭᠤᠯᠬᠤ ᠶᠢ ᠵᠤᠷᠢᠭᠵᠢᠭᠤᠯᠤᠨ᠎ᠠ᠃ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠭᠡᠪᠴᠢᠯᠡᠨ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠪᠠᠷᠠᠭᠠᠨ ᠤ ᠬᠦᠢᠯᠭᠡᠭᠡ ᠶᠢᠨ ᠲᠣᠬᠢᠷᠠᠭᠤᠯᠤᠨ ᠬᠦᠷᠭᠡᠯᠲᠡ ᠬᠥᠳᠡᠭᠡ ᠲᠣᠰᠬᠤᠨ ᠳᠤ ᠤᠷᠤᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠰᠢᠭᠤᠳ ᠬᠤᠳᠠᠯᠳᠤᠨ ᠠᠪᠬᠤ ᠬᠡᠪ ᠵᠠᠭᠪᠤᠷ ᠢ ᠢᠳᠡᠪᠬᠢᠲᠡᠶ ᠨᠡᠭᠡᠭᠡᠵᠦ᠂ ᠤᠯᠤᠰ ᠤᠨ ᠳᠣᠲᠣᠭᠠᠳᠤ | ᠪᠣᠯᠣᠨ ᠤᠯᠠᠨ ᠤᠯᠤᠰ ᠤᠨ ᠵᠠᠬ᠎ᠠ ᠳᠡᠯᠭᠡᠭᠦᠷ ᠶᠢ ᠨᠡᠪᠲᠡᠷᠡᠭᠦᠯᠵᠦ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ ᠶᠢ ᠪᠦᠬᠦ ᠵᠢᠯ ᠳᠤ 900 | ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠴᠢᠷᠮᠠᠶᠢᠨ᠎ᠠ᠃ | ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠡᠷᠡᠭᠲᠡᠶ᠃ ᠲᠤᠮᠤ ᠬᠡᠯᠪᠡᠷᠢ ᠶᠢᠨ ᠪᠠᠷᠠᠭ᠎ᠠ ᠶᠢᠨ ᠭᠦᠢᠯᠭᠡᠭᠡᠨ | ᠤ ᠰᠠᠭᠤᠷᠢᠨ ᠭᠠᠵᠠᠷ ᠤᠨ ᠲᠥᠷᠥᠯ ᠬᠤᠪᠢᠶᠠᠨ ᠪᠠᠶᠢᠷᠢᠰᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠤᠶᠠᠳᠤᠭᠠᠷ ᠳᠡᠰ ᠠᠴᠠ ᠳᠣᠷᠣᠭᠰᠢ ᠪᠠᠷᠠᠭ᠎ᠠ ᠶᠢᠨ | ᠭᠦᠢᠯᠭᠡᠭᠡᠨ ᠤ ᠰᠦᠯᠵᠢᠶ᠎ᠡ ᠪᠣᠯᠣᠨ ᠦᠵᠦᠭᠦᠷ ᠤᠨ ᠪᠠᠷᠠᠭ᠎ᠠ ᠶᠢᠨ ᠭᠦᠢᠯᠭᠡᠭᠡᠨ ᠤ ᠦᠷᠳᠡᠭᠡ ᠶᠢᠨ ᠲᠣᠬᠢᠷᠠᠭᠤᠯᠣᠯᠲᠠ ᠶᠢ ᠲᠡᠭᠦᠯᠳᠡᠷᠵᠢᠭᠦᠯᠵᠦ᠂ ᠡᠳ᠋ ᠪᠠᠷᠠᠭᠠᠨ ᠤ | ᠭᠦᠢᠯᠭᠡᠭᠡᠨ ᠤ ᠶᠡᠷᠦᠩᠬᠡᠶ ᠰᠠᠭᠤᠷᠢᠨ ᠭᠠᠵᠠᠷ᠂ ᠳᠠᠮᠵᠢᠭᠤᠯᠤᠨ ᠲᠡᠭᠡᠭᠡᠪᠦᠷᠢᠯᠡᠬᠦ ᠰᠠᠭᠤᠷᠢᠨ ᠭᠠᠵᠠᠷ᠂ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ ᠰᠢᠨᠬᠤᠸᠠ ᠰᠣᠶᠣᠯ ᠤᠨ ᠪᠠᠷᠠᠭᠠᠨ ᠤ ᠭᠦᠢᠯᠭᠡᠭᠡ᠂ ᠵᠢᠦ ᠵᠸᠤ ᠲᠥᠩ ᠡᠮ ᠡᠮᠨᠡᠯᠭᠡ ᠶᠢᠨ | ᠪᠠᠷᠠᠭᠠᠨ ᠤ ᠭᠦᠢᠯᠭᠡᠭᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠡᠵᠡᠩᠨᠡᠯᠲᠡ ᠶᠢᠨ ᠬᠡᠯᠪᠡᠷᠢ ᠶᠢ | ᠪᠠᠶᠠᠯᠢᠭᠵᠢᠭᠤᠯᠤᠨ᠎ᠠ᠃ ᠱᠠ ᠯᠢᠶᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠮᠡᠳᠡᠭᠡ ᠵᠠᠩᠭᠢ ᠶᠢᠨ ᠰᠢᠰᠲ᠋ᠧᠮ ᠢᠶᠠᠷ ᠲᠤᠯᠭᠠᠭᠤᠷᠢ ᠪᠣᠯᠭᠠᠵᠤ᠂ ᠪᠠᠷᠠᠭ᠎ᠠ | ᠶᠢᠨ ᠭᠦᠢᠯᠭᠡᠭᠡᠨ ᠤ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢ ᠪᠦᠳᠦᠭᠡᠨ ᠪᠠᠶᠢᠭᠤᠯᠵᠤ᠂ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠪᠦᠬᠦ | ᠶᠠᠪᠤᠴᠠ ᠶᠢᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢ ᠲᠣᠣᠱᠯᠠᠭᠤᠯᠣᠨ᠎ᠠ᠃ | ᠣᠨᠴᠠᠯᠢᠭ ᠪᠦᠬᠦᠢ ᠰᠣᠶᠣᠯ ᠤᠨ ᠠᠵᠤ ᠦᠢᠯᠡᠰ ᠪᠣᠯᠤᠨ ᠰᠣᠶᠣᠯ ᠤᠨ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠶ᠃ ᠦᠨᠳᠦᠰᠦᠲᠡᠨ ᠤ ᠰᠣᠶᠣᠯ ᠢ | ᠬᠥᠭᠵᠢᠭᠦᠯᠦᠨ ᠪᠠᠳᠠᠷᠠᠭᠤᠯᠵᠤ᠂ ᠭᠠᠵᠠᠷ ᠣᠷᠣᠨ ᠤ ᠣᠨᠴᠠᠯᠢᠭ ᠢ ᠲᠤᠲᠤᠷᠠᠭᠤᠯᠵᠤ᠂ ᠦᠨᠳᠦᠰᠦᠲᠡᠨ ᠤ ᠬᠤᠪᠴᠠᠰᠤ ᠵᠠᠰᠠᠯ ᠪᠣᠯᠣᠨ ᠭᠠᠷ ᠤᠷᠠᠯᠠᠯ ᠤᠨ | ᠪᠦᠲᠦᠭᠡᠭᠳᠡᠬᠦᠨ ᠪᠣᠯᠪᠠᠰᠤᠷᠠᠭᠤᠯᠬᠤ᠂ ᠵᠢᠷᠤᠭ ᠲᠥᠯᠥᠪᠯᠡᠭᠡ ᠵᠡᠷᠭᠡ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠨᠢᠭᠡ ᠪᠦᠯᠦᠭ ᠢᠯᠡ ᠲᠣᠳᠣ ᠣᠨᠴᠠᠯᠢᠭ | ᠲᠠᠢ᠂ ᠡᠯᠪᠡᠭ ᠪᠠᠶᠠᠯᠢᠭ ᠠᠭᠤᠯᠤᠭᠳᠠᠬᠤᠨ ᠲᠠᠢ ᠲᠣᠮᠣ ᠬᠡᠯᠪᠡᠷᠢ ᠶᠢᠨ ᠪᠣᠳᠠᠲᠤ ᠦᠵᠡᠮᠵᠢᠲᠦ ᠪᠤᠯᠤᠨ ᠲᠠᠶᠢᠰᠠᠨ ᠤ ᠲᠣᠭᠯᠠᠯᠲᠠ ᠶᠢᠨ ᠰᠣᠳᠣᠨ ᠵᠦᠴᠦᠭᠡ | ᠨᠠᠶᠢᠷᠠᠭᠤᠯᠬᠤ ᠶᠢ ᠵᠣᠬᠢᠶᠠᠨ ᠪᠠᠶᠢᠭᠤᠯᠵᠤ᠂ ᠨᠢᠭᠡ ᠪᠦᠯᠦᠭ ᠰᠣᠶᠣᠯ ᠢ ᠪᠡᠶᠡᠴᠢᠯᠡᠨ ᠣᠶᠢᠯᠠᠭᠠᠬᠤ ᠲᠥᠷᠥᠯ ᠵᠦᠢᠯ ᠭᠠᠷᠭᠠᠵᠤ᠂ ᠨᠢᠭᠡ ᠪᠦᠯᠦᠭ ᠦᠨᠳᠦᠰᠦᠲᠡᠨ ᠤ | ᠣᠨᠴᠠᠯᠢᠭ ᠂ ᠭᠠᠵᠠᠷ ᠣᠷᠣᠨ ᠤ ᠣᠨᠴᠠᠯᠢᠭ ᠲᠠᠢ ᠰᠣᠶᠣᠯ ᠤᠨ ᠲᠥᠷᠥᠯ ᠲᠡᠮᠳᠡᠭ ᠤᠨ ᠠᠵᠢᠯᠯᠠᠭ᠎ᠠ ᠶᠢ ᠬᠢᠬᠦ ᠬᠡᠷᠡᠭᠲᠡᠢ᠃ ᠬᠤᠳᠠ ᠶᠢᠨ ᠰᠢᠭᠤᠳ ᠬᠠᠷᠢᠶ᠎ᠠ | ᠤᠯᠠᠭᠠᠨᠮᠥ᠋ᠴᠢᠷ᠂ ᠤᠯᠠᠭᠠᠨᠮᠥ᠋ᠴᠢᠷ ᠤᠨ ᠣᠷᠳᠣᠨ ᠢ ᠪᠦᠳᠦᠭᠡᠨ ᠪᠠᠶᠢᠭᠤᠯᠵᠤ᠂ ᠨᠡᠩ ᠣᠯᠠᠨ ᠣᠷᠴᠢᠨ ᠠᠬᠤᠢ ᠲᠠᠢ ᠪᠠᠨ ᠲᠣᠬᠢᠷᠠᠯᠴᠠᠭᠰᠠᠨ᠂ ᠤᠯᠠᠮᠵᠢᠯᠠᠨ | ᠲᠠᠷᠬᠠᠵᠤ ᠳᠡᠶᠢᠯᠬᠦ᠂ ᠬᠦᠨᠵᠡᠭᠡᠶᠢᠷᠡᠨ ᠦᠯᠡᠳᠡᠬᠦ ᠰᠢᠯᠢᠳᠡᠭ ᠪᠦᠲᠦᠭᠡᠯ ᠤᠳ ᠢ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ ᠮᠣᠷᠢᠨ ᠮᠡᠷᠭᠡᠵᠢᠯ ᠵᠡᠷᠭᠡ | ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ ᠪᠠᠷ ᠪᠡᠯᠡᠳᠬᠡᠵᠦ᠂ ᠠᠳᠤᠭᠤᠨ ᠤ ᠰᠣᠶᠣᠯ ᠤᠨ ᠠᠵᠤ ᠦᠢᠯᠡᠰ ᠢ ᠬᠦᠭᠵᠢᠭᠦᠯᠦᠨ᠎ᠡ᠃ ᠰᠣᠶᠣᠯ ᠤᠨ ᠡᠭᠦᠳᠦᠨ | ᠪᠦᠲᠦᠭᠡᠬᠦ ᠰᠡᠳᠬᠢᠮᠵᠢ᠂ ᠰᠣᠨᠢᠨ ᠮᠡᠳᠡᠭᠡ ᠬᠡᠪᠯᠡᠯ᠂ ᠺᠢᠨᠣ᠋ ᠲᠧᠯᠸᠢᠰ ᠦᠢᠯᠡᠳᠬᠦ ᠵᠡᠷᠭᠡ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠺᠢᠨᠣ᠋ ᠲᠧᠯᠸᠢᠰ | ᠂ ᠺᠠᠷᠲ᠋ᠣᠨ ᠱᠤᠭ ᠵᠢᠷᠤᠭ ᠰᠣᠶᠣᠯ ᠤᠨ ᠪᠦᠲᠦᠭᠡᠯᠴᠢ ᠲᠥᠰᠦᠪᠯᠡᠯ ᠤᠨ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠥᠳᠥᠭᠡᠨ ᠪᠠᠶᠢᠭᠤᠯᠵᠤ᠂ | ᠳᠡᠯᠡᠬᠡᠶ ᠶᠢᠨ ᠦᠨᠳᠦᠰᠦᠲᠡᠨ ᠤ ᠺᠢᠨᠣ᠋ ᠶᠢᠨ ᠦᠵᠡᠰᠬᠦᠯᠡᠩ ᠢ ᠡᠭᠦᠰᠭᠡᠨ ᠪᠠᠶᠢᠭᠤᠯᠵᠤ᠂ ᠨᠢᠭᠡ ᠪᠦᠯᠦᠭ ᠵᠠᠬ᠎ᠠ ᠳᠡᠯᠭᠡᠭᠦᠷ ᠲᠠᠢ᠂ ᠬᠦᠭᠵᠢᠯᠲᠡ ᠶᠢᠨ ᠢᠷᠡᠭᠡᠳᠦᠢ | ᠲᠠᠢ ᠰᠢᠨ᠎ᠡ ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠪᠦᠳᠦᠭᠡᠨ ᠪᠠᠶᠢᠭᠤᠯᠬᠤ ᠬᠡᠷᠡᠭᠲᠡᠢ᠃ ᠦᠨᠳᠦᠰᠦᠲᠡᠨ ᠤ ᠪᠠ ᠠᠷᠠᠳ ᠤᠨ ᠳᠤᠮᠳᠠᠬᠢ | ᠲᠡᠦᠬᠡ ᠶᠢᠨ ᠳᠤᠷᠠᠰᠬᠠᠯᠲᠤ ᠵᠦᠢᠯ ᠢ ᠴᠤᠭᠯᠠᠭᠤᠯᠬᠤ ᠂ ᠳᠡᠯᠭᠡᠨ ᠦᠵᠡᠭᠦᠯᠬᠦ ᠶᠢ ᠰᠠᠶᠢᠲᠤᠷ ᠬᠢᠵᠦ᠂ ᠣᠯᠠᠨ ᠲᠦᠮᠡᠨ ᠤ ᠤᠷᠠᠯᠢᠭ ᠤᠨ ᠣᠷᠳᠣᠨ᠂ | ᠰᠣᠶᠣᠯ ᠤᠨ ᠵᠣᠴᠢᠨ ᠤ ᠥᠷᠥᠭᠡ ᠵᠡᠷᠭᠡ ᠭᠤᠣᠯᠳᠠᠯᠭ᠎ᠠ ᠲᠠᠢ ᠰᠣᠶᠣᠯ ᠤᠨ ᠣᠷᠳᠣᠨ ᠤ ᠲᠦᠷᠦᠯ ᠵᠦᠢᠯ ᠢ ᠲᠦᠷᠭᠡᠪᠴᠢᠯᠡᠨ ᠠᠬᠢᠭᠤᠯᠵᠤ᠂ ᠹᠸᠡᠭ ᠵᠧᠤ | ᠬᠠᠭᠤᠴᠢᠨ ᠬᠤᠳᠠ ᠶᠢᠨ ᠪᠠᠭᠤᠷᠢ ᠶᠢᠨ ᠴᠡᠴᠡᠷᠯᠢᠭ᠂ ︽ᠤᠯᠤᠰ ᠤᠨ ᠬᠡᠦᠬᠡᠳ︾ ᠭᠤᠣᠯ ᠰᠡᠳᠦᠪᠲᠦ ᠴᠡᠴᠡᠷᠯᠢᠭ ᠢ ᠡᠬᠢᠯᠡᠨ ᠪᠠᠶᠢᠭᠤᠯᠵᠤ᠂ ᠵᠣᠣ ᠵᠢᠶᠦ᠋ᠨ ᠤ | ᠰᠣᠶᠣᠯ ᠤᠨ ᠨᠠᠶᠢᠷ ᠪᠣᠯᠣᠨ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠣᠶᠣᠯ ᠵᠤᠭᠠᠴᠠᠯ ᠤᠨ ᠤᠷᠠᠯᠢᠭ ᠤᠨ ᠠᠵᠢᠯᠯᠠᠭ᠎ᠠ ᠶᠢ ᠰᠠᠶᠢᠲᠤᠷ | ᠡᠷᠬᠢᠯᠡᠬᠦ ᠬᠡᠷᠡᠭᠲᠡᠢ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠯᠠᠨ ᠲᠦᠮᠡᠨᠴᠢ ᠴᠢᠨᠠᠷᠲᠠᠶ ᠰᠣᠶᠣᠯ ᠤᠨ | ᠠᠵᠢᠯᠯᠠᠭ᠎ᠠ ᠶᠢ ᠡᠯᠪᠡᠭ ᠪᠠᠶᠠᠯᠢᠭ ᠪᠣᠯᠭᠠᠨ᠎ᠠ᠃ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠥᠨᠳᠥᠷ ᠲᠦᠪᠰᠢᠨ ᠪᠦᠬᠦᠢ ᠡᠬᠢᠯᠡᠯᠲᠡ | ᠲᠠᠢ ᠵᠢᠭᠤᠯᠴᠢᠯᠠᠯ ᠤᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠤᠣᠯ ᠰᠡᠳᠦᠪᠴᠢᠯᠡᠭᠰᠡᠨ᠂ | ᠦᠪᠡᠷᠮᠢᠴᠡᠵᠢᠭᠰᠡᠨ ᠵᠢᠭᠤᠯᠴᠢᠯᠠᠯ ᠤᠨ ᠲᠤᠰᠬᠠᠶᠢᠵᠢᠭᠰᠠᠨ ᠲᠥᠯᠥᠪᠵᠢᠭᠦᠯᠭᠡ ᠶᠢ ᠲᠣᠭᠲᠠᠭᠠᠨ᠎ᠠ᠃ ᠵᠢᠭᠤᠯᠴᠢᠯᠠᠯ ᠤᠨ ᠬᠥᠭᠵᠢᠯᠲᠡ ᠵᠢᠨᠱᠠᠩᠨᠠᠯ ᠣᠯᠭᠤᠬᠤ | ᠲᠦᠷᠦ ᠶᠢᠨ ᠪᠣᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠦᠢᠯᠡᠰ ᠤᠨ ᠡᠭᠦᠳᠡᠨ ᠪᠢᠯᠧᠲ ᠤᠨ ᠠᠵᠤ ᠠᠬᠤᠶ ᠠᠴᠠ ᠣᠷᠣᠨ | ᠦᠵᠡᠮᠵᠢ ᠨᠢᠭᠡ ᠴᠣᠭᠴᠠ᠂ ᠠᠵᠤ ᠦᠢᠯᠡᠰ ᠨᠢᠭᠡ ᠴᠣᠭᠴᠨ ᠪᠣᠯᠭᠠᠨ ᠬᠤᠪᠢᠷᠠᠭᠤᠯᠬᠤ ᠬᠡᠷᠡᠭᠲᠡᠶ᠃ ᠵᠢᠭᠤᠯᠴᠢᠯᠠᠯ ᠤᠨ ᠦᠵᠡᠮᠵᠢᠲᠦ ᠣᠷᠣᠨ ᠵᠢᠴᠢ ᠢᠵᠢ | ᠪᠦᠷᠢᠳᠦᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 2 ᠤᠯᠤᠰ ᠤᠨ ᠳᠡᠰ ᠤᠨ | 5 A ᠵᠢᠭᠤᠯᠴᠢᠯᠠᠯ ᠤᠨ ᠦᠵᠡᠮᠵᠢᠲᠦ ᠣᠷᠣᠨ ᠤ ᠡᠬᠢ ᠪᠠᠶᠠᠯᠢᠭ ᠢ ᠦᠨᠡᠯᠡᠬᠦ ᠶᠢ ᠢᠳᠡᠪᠬᠢᠲᠡᠶ ᠲᠦᠯᠬᠢᠨ ᠠᠬᠢᠭᠤᠯᠵᠤ᠂ 1ᠤᠯᠤᠰ ᠤᠨ ᠲᠠᠰ ᠤᠨ ᠰᠡᠯᠡᠭᠦᠴᠡᠯ | ᠠᠮᠠᠷᠠᠯᠲᠠ ᠶᠢᠨ ᠣᠷᠣᠨ ᠪᠠᠶᠢᠭᠤᠯᠬᠤ ᠪᠠᠷ ᠲᠡᠮᠡᠴᠡᠵᠦ᠂ 17 ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠣᠰᠬᠤᠨ ᠪᠠᠶᠢᠭᠤᠯᠤᠨ᠂ | ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠡᠭᠦᠳᠦᠨ ᠪᠠᠶᠢᠭᠤᠯᠣᠨ᠎ᠠ᠃ ᠵᠢᠭᠤᠯᠴᠢᠯᠠᠯ ᠤᠨ | ᠤᠬᠠᠭᠤᠯᠭ᠎ᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠤ᠂ ᠤᠶᠤᠨᠴᠢ ᠵᠢᠭᠤᠯᠴᠢᠯᠠᠯ ᠤᠨ ᠲᠠᠪᠴᠠᠩ ᠤᠨ ᠪᠦᠳᠤᠭᠡᠨ ᠪᠠᠶᠢᠭᠤᠯᠤᠯᠲᠠ ᠶᠢ ᠲᠦᠷᠭᠡᠳᠭᠡᠬᠦ | ᠬᠡᠷᠡᠭᠲᠡᠶ᠃ ᠵᠢᠭᠤᠯᠴᠢᠯᠠᠯ ᠬᠢᠭᠡᠳ ᠰᠣᠶᠣᠯ᠂ ᠲᠠᠮᠢᠷ᠂ ᠤᠷᠠᠨ ᠰᠠᠶᠢᠬᠠᠨ ᠤ ᠲᠣᠭᠯᠠᠯᠲᠠ ᠵᠡᠷᠭᠡ ᠬᠦᠷᠢᠶ᠎ᠡ ᠴᠡᠷ᠎ᠡ ᠬᠠᠮᠲᠤᠷᠠᠨ ᠠᠵᠢᠯᠯᠠᠬᠤ ᠶᠢ ᠲᠦᠯᠬᠢᠨ | ᠠᠬᠢᠭᠤᠯᠵᠤ᠂ ᠬᠥᠬᠡᠬᠤᠲᠠ ᠶᠢᠨ ᠪᠡᠶ᠎ᠡ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠺᠣᠮᠫᠠᠨᠢ ᠶᠢ ᠵᠣᠬᠢᠶᠠᠨ ᠪᠠᠶᠢᠭᠤᠯᠤᠨ᠂ ᠰᠣᠳᠣᠨ ᠪᠡᠶ᠎ᠡ ᠲᠠᠮᠢᠷ ᠤᠨ | ᠤᠷᠤᠯᠳᠤᠭᠠᠨ ᠪᠠ ᠤᠷᠠᠨ ᠲᠣᠭᠯᠠᠯᠲᠠ ᠶᠢᠨ ᠫᠷᠤᠭ᠍ᠷᠠᠮ ᠨᠡᠭᠡᠭᠡᠨ ᠠᠰᠢᠭᠯᠠᠵᠤ᠂ ᠣᠯᠠᠨ ᠤᠯᠤᠰ ᠤᠨ ᠮᠠᠷᠠᠰᠤᠨ ᠤ ᠤᠷᠤᠯᠳᠤᠭᠠᠨ ᠶᠠᠪᠤᠭᠤᠯᠵᠤ᠂ ᠵᠢᠭᠤᠯᠴᠢᠯᠠᠯ | ᠤᠨ ᠦᠢᠯᠡᠳᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠣᠨ ᠬᠥᠭᠵᠢᠯᠲᠡ ᠶᠢᠨ ᠬᠡᠪ ᠵᠠᠭᠪᠤᠷ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ︽ᠨᠢᠭᠡ ᠠᠵᠢᠯ | ᠲᠦᠷᠦᠯ ᠤᠨ ᠬᠦᠭᠵᠢᠯᠲᠡ︾ ᠪᠠᠷ ︽ᠵᠠᠭᠤᠨ ᠠᠵᠢᠯ ᠲᠥᠷᠥᠯ ᠢ ᠴᠡᠴᠡᠭᠯᠡᠬᠦᠯᠬᠦ︾ ᠶᠢ ᠲᠠᠶᠢᠴᠢᠯᠠᠨ᠎ᠠ᠃ | ᠮᠥᠩᠭᠦᠨ ᠭᠦᠢᠯᠭᠡᠭᠡᠨ ᠤ ᠦᠢᠯᠡᠰ ᠵᠢᠴᠢ ᠶᠡᠷᠦᠩᠬᠡᠶ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦ ᠪᠠᠷ ᠠᠬᠢᠭᠤᠯᠣᠨ᠎ᠠ᠃ ᠠᠵᠤ | ᠠᠬᠤᠶᠢᠯᠠᠯ ᠤᠨ ᠶᠡᠷᠦᠩᠬᠡᠶ ᠬᠡᠯᠲᠡᠰ ᠤᠨ ᠰᠠᠭᠤᠷᠢᠰᠢᠭᠤᠯᠣᠨ ᠳᠡᠮᠵᠢᠬᠦ ᠲᠦᠷᠦ ᠶᠢᠨ ᠪᠤᠳᠤᠯᠭ᠎ᠠ ᠶᠢ ᠣᠷᠣᠭᠤᠯᠬᠤ᠂ ᠦᠢᠯᠡᠴᠢᠯᠡᠭᠡ ᠶᠢᠨ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠬᠦᠯᠵᠦ᠂ ᠶᠡᠷᠦᠩᠬᠡᠶ ᠬᠡᠯᠲᠡᠰ ᠤᠨ ᠠᠵᠤ ᠠᠬᠤᠶ ᠶᠢᠨ ᠰᠠᠭᠤᠷᠢᠨ ᠭᠠᠵᠠᠷ ᠢ ᠢᠳᠡᠪᠬᠢᠲᠡᠶ ᠡᠭᠦᠳᠦᠨ ᠪᠥᠳᠥᠭᠡᠨ ᠪᠠᠶᠢᠭᠤᠯᠤᠨ᠎ᠠ᠃ | ᠹᠠᠩ ᠳ᠋ᠢᠩ ᠶᠢᠨ ᠷᠦᠩ ᠵᠡᠷᠭᠡ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠰᠠᠭᠤᠷᠢᠰᠢᠬᠤ᠂ ᠫᠢᠩ ᠠᠨ᠂ ᠭᠤᠸᠠᠩ ᠹᠠ᠂ ᠵᠧ ᠱᠠᠩ᠂ ᠾᠧᠩ ᠱᠧᠩ | ᠵᠡᠷᠭᠡ ᠮᠥᠩᠭᠦᠨ ᠭᠦᠢᠯᠭᠡᠭᠡᠨ ᠤ ᠬᠤᠪᠢᠶᠠᠷᠢ ᠪᠠᠶᠢᠭᠤᠯᠤᠮᠵᠢ ᠶᠢᠨ ᠰᠠᠭᠤᠷᠢᠰᠢᠬᠤ ᠶᠢ ᠲᠦᠯᠬᠢᠨ ᠠᠬᠢᠭᠤᠯᠣᠨ᠎ᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠫᠠᠶᠢᠰᠠ ᠡᠯᠭᠦᠬᠦ ᠶᠢ ᠲᠡᠳᠬᠦᠨ ᠳᠡᠮᠵᠢᠬᠦ ᠬᠢᠭᠡᠳ ᠱᠠᠩᠨᠠᠨ ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠲᠠᠯᠠᠪᠤᠷ ᠤᠨ ᠭᠠᠳᠠᠨᠠᠬᠢ | ᠪᠣᠶᠢᠵᠢᠭᠤᠯᠤᠯᠲᠠ ᠶᠢ ᠴᠢᠩᠭᠠᠳᠬᠠᠵᠤ᠂ 4 ᠠᠵᠤ ᠠᠬᠤᠶᠢᠯᠠᠯ ᠢ ᠭᠤᠣᠯ ᠰᠠᠮᠪᠠᠷ᠎ᠠ᠂ ᠰᠢᠨ᠎ᠡ ᠭᠤᠷᠪᠠᠳᠤᠭᠠᠷ ᠰᠠᠮᠪᠠᠷ᠎ᠠ ᠶᠢᠨ ᠵᠠᠬ᠎ᠠ ᠳᠡᠯᠭᠡᠭᠦᠷ ᠲᠤ ᠭᠠᠷᠭᠠᠬᠤ ᠶᠢ | ᠲᠦᠯᠬᠢᠨ ᠠᠬᠢᠭᠤᠯᠵᠤ᠂ 12 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠨ᠎ᠡ᠃ | ᠵᠠᠰᠠᠭ ᠤᠨ ᠣᠷᠳᠣᠨ ᠤ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮ᠂ ᠵᠢᠭᠡᠯᠡᠯᠭᠡ ᠶᠢᠨ ᠲᠦᠭᠰᠢᠭᠦᠷᠢ ᠢ ᠨᠥᠬᠦᠪᠥᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠪᠡᠯᠡ ᠴᠤᠭᠯᠠᠭᠤᠯᠬᠤ ᠴᠢᠳᠠᠮᠵᠢ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ ᠤᠯᠠᠨ ᠳᠡᠰ | ᠲᠠᠪᠬᠤᠷᠭ᠎ᠠ ᠲᠠᠢ ᠬᠦᠷᠦᠩᠭᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ᠬᠤᠷᠠᠯ ᠦᠵᠡᠰᠬᠦᠯᠡᠩ ᠤᠨ ᠠᠵᠤ ᠠᠬᠤᠶ ᠶᠢ ᠲᠡᠮᠵᠢᠨ ᠬᠦᠴᠦᠷᠬᠡᠭᠵᠢᠭᠦᠯᠦᠨ᠎ᠡ᠃ ᠪᠦᠲᠦᠭᠡᠭᠳᠡᠬᠦᠨ ᠢᠶᠠᠨ ᠳᠡᠯᠭᠡᠨ ᠦᠵᠡᠭᠦᠯᠬᠦ᠂ ᠲᠠᠸᠠᠷ ᠪᠣᠷᠣᠯᠠᠭᠤᠯᠬᠤ | ᠵᠡᠷᠭᠡ ᠦᠢᠯᠡᠴᠢᠯᠡᠭᠡᠨ ᠤ ᠲᠦᠷᠦᠯ ᠤᠨ ᠴᠢᠨᠠᠷᠲᠠᠶ ᠦᠵᠡᠰᠬᠦᠯᠡᠩ ᠴᠤᠭᠯᠠᠭᠠᠨ ᠬᠢᠬᠦ ᠶᠢ ᠲᠡᠮᠵᠢᠵᠦ᠂ ᠲᠠᠯ᠎ᠠ ᠨᠤᠲᠤᠭ ᠤᠨ ᠦᠨᠳᠦᠰᠦᠲᠡᠨ ᠤ ᠤᠨᠴᠠᠯᠢᠭᠲᠠᠢ᠂ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ ᠰᠤᠳᠤᠯᠤᠨ ᠨᠡᠭᠡᠭᠡᠵᠦ ᠬᠡᠷᠡᠭᠯᠡᠬᠦ ᠵᠡᠷᠭᠡ ᠳᠡᠯᠭᠡᠷᠡᠭᠦᠯᠬᠦ ᠲᠥᠷᠥᠯ ᠤᠨ ᠦᠵᠡᠰᠬᠦᠯᠡᠩ ᠴᠤᠭᠯᠠᠭᠠᠨ ᠬᠢᠬᠦ ᠶᠢ | ᠲᠡᠮᠵᠢᠵᠦ᠂ ᠬᠤᠶᠠᠳᠤᠭᠠᠷ ᠬᠤᠭᠤᠴᠠᠭᠠᠨ ᠤ ᠳᠡᠯᠡᠬᠡᠶ ᠶᠢᠨ ᠠᠮᠲᠠᠲᠤ ᠢᠳᠡᠭᠡᠨ ᠤ ᠦᠵᠡᠰᠬᠦᠯᠡᠩ᠂ ᠴᠠᠶ ᠶᠢᠨ ᠦᠵᠡᠰᠬᠦᠯᠡᠩ᠂ ᠤᠯᠠᠨ ᠤᠯᠤᠰ ᠤᠨ ᠮᠠᠰᠢᠨ | ᠲᠡᠷᠭᠡᠨ ᠤ ᠦᠵᠡᠭᠦᠯᠦᠯᠭᠡ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠰᠬᠦᠯᠡᠩ ᠴᠤᠭᠯᠠᠭᠠᠨ ᠵᠡᠷᠭᠡ ᠲᠤᠮᠤ | ᠬᠡᠯᠪᠡᠷᠢ ᠶᠢᠨ ᠦᠵᠡᠰᠬᠦᠯᠡᠩ ᠢ ᠰᠠᠶᠢᠳᠤᠷ ᠡᠷᠬᠢᠯᠡᠵᠦ᠂ ᠨᠢᠭᠡ ᠪᠦᠯᠦᠭ ᠨᠡᠷ᠎ᠡ ᠠᠯᠳᠠᠷᠰᠢᠭᠰᠠᠨ ᠬᠤᠷᠠᠯ ᠦᠵᠡᠰᠬᠦᠯᠡᠩ ᠤᠨ ᠲᠥᠷᠥᠯ ᠲᠡᠮᠳᠡᠭ ᠢ ᠪᠦᠳᠦᠭᠡᠨ | ᠪᠠᠶᠢᠭᠤᠯᠤᠨ᠎ᠠ᠃ ᠵᠢᠯ ᠤᠨ ᠳᠣᠲᠣᠷ᠎ᠠ ᠲᠤᠮᠦ ᠬᠡᠯᠪᠡᠷᠢ ᠶᠢᠨ ᠦᠵᠡᠭᠦᠯᠦᠯᠭᠡ ᠴᠤᠭᠯᠠᠭᠠᠨ ᠤ ᠵᠦᠢᠯ ᠢ 20 ᠤᠳᠠᠭ᠎ᠠ ᠠᠴᠠ ᠳᠡᠭᠡᠭᠰᠢ ᠡᠷᠬᠢᠯᠡᠵᠦ᠂ | ᠠᠷᠠᠯᠵᠢᠶᠠᠯᠠᠭᠰᠠᠨ ᠶᠡᠷᠦᠩᠬᠡᠢ ᠦᠷᠳᠡᠭ ᠵᠢᠴᠢ ᠰᠠᠨᠠᠮᠵᠢ ᠶᠢᠨ ᠬᠡᠯᠡᠯᠴᠡᠭᠡᠷ ᠤᠨ ᠪᠦᠬᠦ ᠵᠣᠭᠤᠰᠣᠨ ᠤ ᠲᠤᠭ᠎ᠠ ᠶᠢ 70 ᠳ᠋ᠦᠩᠰᠢᠭᠤᠷ ᠲᠥᠭᠦᠷᠢᠭ ᠬᠦᠷᠭᠡᠨ᠎ᠡ᠃ | | ᠡᠷᠡᠭᠦᠯ ᠮᠡᠨᠳᠤ ᠨᠠᠰᠤᠲᠠᠨ ᠢ ᠠᠰᠠᠷᠠᠬᠤ᠂ ᠭᠡᠷ ᠤᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠢᠳᠡᠪᠬᠢᠲᠡᠶ ᠲᠦᠯᠬᠢᠨ ᠠᠬᠢᠭᠤᠯᠣᠨ᠎ᠠ᠃ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠲᠥᠪ ᠢ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠤ᠂ ᠬᠤᠳᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠮᠣᠩᠭᠤᠯ | ᠬᠢᠲᠠᠳ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠲᠥᠷᠥᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠡᠳᠦᠷ ᠲᠣᠲᠣᠮ | ᠤᠨ ᠰᠤᠪᠢᠯᠠᠯᠲᠠ᠂ ᠬᠥᠳᠡᠭᠡ ᠲᠣᠰᠬᠤᠨ ᠤ ᠨᠠᠰᠤᠲᠠᠨ ᠤ ᠠᠰᠠᠷᠠᠬᠤ ᠵᠣᠯ ᠵᠢᠷᠭᠠᠯᠲᠤ ᠬᠦᠷᠢᠶᠡᠯᠡᠩ ᠵᠡᠷᠭᠡ ᠨᠠᠰᠤᠲᠠᠨ ᠢ ᠠᠰᠠᠷᠠᠬᠤ ᠪᠡᠯᠡᠳᠬᠡᠮᠵᠢᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠭᠦ ᠣᠷᠣᠨ ᠤ ᠲᠡᠷᠢᠭᠦᠨ ᠤ ᠨᠠᠰᠤᠲᠠᠨ ᠢ ᠠᠰᠠᠷᠠᠬᠤ ᠤᠶᠤᠨᠲᠤ ᠮᠡᠳᠡᠭᠡ ᠵᠠᠩᠭᠢ ᠶᠢᠨ ᠦᠢᠯᠡᠴᠢᠯᠡᠭᠡᠨ ᠤ | ᠲᠠᠪᠴᠠᠩ ᠢ ᠢᠳᠡᠪᠬᠢᠲᠡᠶ ᠪᠠᠷ ᠡᠭᠦᠳᠬᠦ ᠬᠡᠷᠡᠭᠲᠡᠢ᠃ ᠪᠦᠬᠦ ᠬᠤᠳᠠ ᠶᠢᠨ ᠨᠢᠭᠡᠳᠦᠯᠲᠡᠶ ᠭᠡᠷ ᠤᠨ ᠠᠵᠢᠯ ᠤᠨ ᠦᠢᠯᠡᠴᠢᠯᠡᠭᠡᠨ ᠤ ᠲᠠᠪᠴᠠᠩ ᠢ ᠪᠦᠲᠦᠭᠡᠨ | ᠪᠠᠶᠢᠭᠤᠯᠵᠤ᠂ ᠭᠡᠷ ᠤᠨ ᠠᠵᠢᠯ ᠤᠨ ᠦᠢᠯᠡᠴᠢᠯᠡᠭᠡᠨ ᠤ ᠲᠥᠷᠥᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠲᠤᠰᠬᠠᠶᠢᠵᠢᠭᠰᠠᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠳᠠᠯ ᠠᠬᠤᠶ ᠶᠢᠨ ᠬᠠᠮᠢᠶᠠᠷᠤᠯᠲᠠ᠂ ᠭᠡᠷ ᠤᠨ ᠠᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠤᠬᠠᠶ | ᠰᠠᠨᠠᠯ ᠢ ᠨᠡᠶᠢᠲᠡᠯᠡᠨ᠂ ᠡᠯ᠎ᠡ ᠲᠦᠷᠦᠯ ᠤᠨ ᠣᠷᠣᠨ ᠰᠠᠭᠤᠴᠠ ᠶᠢᠨ ᠬᠤᠷᠢᠶᠠᠯᠠᠯ ᠤᠨ ᠬᠤᠶᠠᠳᠤᠭᠠᠷ ᠳᠡᠰ ᠠᠴᠠ ᠳᠡᠭᠡᠭᠰᠢᠬᠢ ᠠᠳᠠᠯ ᠠᠬᠤᠶ ᠶᠢᠨ | ᠬᠠᠮᠢᠶᠠᠷᠤᠯᠲᠠ ᠶᠢ ᠪᠥᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠦᠨ᠎ᠡ᠃ | ᠢᠳᠡᠭᠡᠨ ᠤᠮᠳᠠᠭᠠᠨ᠂ ᠠᠷᠠᠯᠵᠢᠶ᠎ᠠ ᠬᠤᠳᠠᠯᠳᠤᠭ᠎ᠠ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ | ᠠᠰᠢᠭ ᠢ ᠨᠡᠮᠡᠭᠳᠡᠭᠦᠯᠬᠦ ᠶᠢ ᠲᠥᠯᠬᠢᠨ ᠠᠬᠢᠭᠤᠯᠣᠨ᠎ᠠ᠃ ᠬᠡᠷᠡᠭᠯᠡᠭᠡᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠴᠡᠭᠴᠡᠯᠡᠨ ᠵᠢᠷᠤᠮᠵᠢᠭᠤᠯᠵᠤ᠂ ᠬᠡᠷᠡᠭᠯᠡᠭᠡᠨ ᠤ | ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠬᠤᠲᠠ ᠶᠢᠨ ᠭᠤᠣᠯ ᠲᠣᠭᠤᠷᠢᠭ ᠲᠤ 11ᠥᠪᠡᠷ ᠤᠨ ᠣᠨᠴᠠᠯᠢᠭ ᠪᠦᠬᠦᠢ ᠠᠮᠲᠠᠲᠤ ᠢᠳᠡᠭᠡᠨ ᠤ ᠵᠡᠭᠡᠯᠢ | ᠪᠠᠶᠢᠭᠤᠯᠵᠤ᠂ ᠬᠤᠳᠠᠯᠳᠤᠭᠠᠨ ᠤ ᠶᠡᠷᠦᠩᠭᠡᠢ ᠴᠤᠭᠴᠠ ᠶᠢᠨ ᠤᠯᠠᠨ ᠡᠰᠢᠵᠢᠭᠰᠡᠨ ᠡᠵᠩᠨᠡᠯᠲᠡ ᠶᠢ ᠵᠤᠷᠢᠭᠵᠢᠭᠤᠯᠵᠤ᠂ ᠰᠦᠯᠵᠢᠶ᠎ᠡ ᠪᠣᠯᠣᠨ ᠡᠩ ᠤᠨ | ᠬᠤᠳᠠᠯᠳᠤᠭ᠎ᠠ ᠶᠢᠨ ᠠᠭᠤᠰᠤᠯᠴᠠᠬᠤ ᠶᠢ ᠠᠬᠢᠭᠤᠯᠵᠤ᠂ ᠤᠯᠠᠮᠵᠢᠯᠠᠯᠲᠤ ᠪᠣᠯᠣᠨ ᠣᠳᠣ ᠦᠶ᠎ᠡ ᠶᠢᠨ ᠬᠡᠪ ᠨᠠᠮᠪᠠ ᠬᠠᠷᠢᠯᠴᠠᠨ ᠠᠬᠢᠭᠤᠯᠵᠤ ᠬᠠᠷᠢᠯᠴᠠᠨ | ᠨᠦᠬᠦᠪᠦᠷᠢᠯᠡᠭᠰᠡᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ | ︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠲᠠᠷᠢᠶᠠᠯᠠᠩ | ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠭᠡᠭᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠲᠣᠭᠲᠠᠭᠠᠵᠤ᠂ 4 ᠳ᠋ᠦᠩᠰᠢᠭᠤᠷ ᠲᠥᠭᠦᠷᠢᠭ ᠤᠨ ᠬᠥᠲᠥᠯᠥᠨ ᠵᠢᠯᠤᠭᠤᠳᠬᠤ ᠪᠡᠯᠡ ᠮᠥᠩᠭᠦ ᠤᠷᠤᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠣᠯᠤᠨ ᠰᠠᠭᠤᠷᠢ | ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠬᠤᠲᠠᠴᠢᠯᠠᠭᠰᠠᠨ ᠬᠥᠳᠡᠭᠡ ᠠᠵᠤ ᠠᠬᠤᠶ ᠶᠢ ᠴᠢᠷᠮᠠᠶᠢᠨ ᠨᠠᠷᠢᠯᠢᠭᠵᠢᠭᠤᠯᠬᠤ ᠬᠡᠷᠡᠭᠲᠡᠶ᠃ ᠲᠠᠷᠢᠶᠠᠯᠠᠩ ᠢ ᠶᠠᠰᠤ ᠴᠢᠨᠠᠷ ᠲᠠᠢ ᠬᠦᠭᠵᠢᠬᠦᠯᠬᠦ᠂ | ᠲᠠᠷᠢᠶᠠᠯᠠᠩ ᠢ ᠪᠣᠬᠢᠷᠲᠤᠯ ᠦᠬᠡᠢ ᠬᠦᠭᠵᠢᠭᠦᠯᠬᠦ ᠶᠢ ᠪᠠᠷᠢᠮᠲᠠᠯᠠᠨ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠦ ᠰᠠᠭᠠᠯᠢ ᠶᠢᠨ ᠦᠢᠯᠡᠰ ᠤᠨ ᠲᠡᠰ ᠳᠡᠪᠰᠢᠭᠦᠯᠬᠦ ᠠᠵᠢᠯᠯᠠᠭᠠᠨ ᠤ ᠲᠥᠯᠥᠪᠯᠡᠭᠡ ᠶᠢᠨ ᠲᠤᠭᠤᠷᠢᠨ ᠳᠤ᠂ | ᠮᠠᠯᠵᠢᠯ ᠤᠨ ᠲᠠᠯᠠᠪᠠᠢ ᠶᠢᠨ ᠪᠠᠷᠢᠮᠵᠢᠶᠠᠯᠠᠬᠤ ᠪᠠᠶᠢᠭᠤᠯᠤᠯᠲᠠ ᠪᠣᠯᠣᠨ ᠴᠢᠨᠠᠷ ᠰᠠᠶᠢᠲᠠᠶ ᠲᠡᠵᠢᠭᠡᠯ ᠡᠪᠡᠰᠦ ᠶᠢ ᠬᠡᠪᠴᠢᠶᠡᠵᠢᠭᠦᠯᠦᠨ ᠲᠠᠷᠢᠬᠤ ᠶᠢ ᠲᠥᠯᠬᠢᠨ | ᠠᠬᠢᠭᠤᠯᠵᠤ᠂10 ᠪᠠᠷᠢᠮᠵᠢᠶᠠᠵᠢᠭᠤᠯᠤᠭᠰᠠᠨ ᠰᠠᠭᠠᠯᠢ ᠶᠢᠨ ᠦᠨᠢᠶᠡᠨ ᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ ᠳᠡᠭᠡᠭᠰᠢᠯᠡᠭᠦᠯᠦᠨ | ᠲᠡᠭᠦᠯᠳᠡᠷᠵᠢᠭᠦᠯᠵᠦ᠂ ᠦᠨᠢᠶᠡᠨ ᠰᠦ ᠶᠢᠨ ᠭᠠᠷᠤᠯᠲᠠ ᠶᠢ 180 ᠲᠦᠮᠡᠨ ᠲᠣᠨ ᠬᠦᠷᠭᠡᠨ᠎ᠡ᠃ ᠢᠳᠡᠰᠢᠨ ᠬᠤᠨᠢᠨ ᠤ ᠪᠠᠷᠢᠮᠵᠢᠶᠠᠵᠢᠭᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠬᠤᠨᠢ ᠲᠡᠵᠢᠭᠡᠭᠰᠡᠨ ᠬᠡᠮᠵᠢᠶ᠎ᠡ 500 ᠲᠦᠮᠡ ᠬᠦᠷᠴᠦ᠂ | ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ 60% ᠢ ᠲᠠᠪᠠᠭ᠋ᠤ ᠬᠡᠷᠡᠭᠲᠡᠢ᠃ ︽ᠨᠣᠭᠤᠭ᠎ᠠ ᠶᠢᠨ ᠰᠠᠭᠰᠤᠨ︾ ᠤ ᠢᠨᠵᠧᠨᠧᠷᠢᠩ ᠢ ᠦᠷᠭᠦᠯᠵᠢᠯᠡᠨ | ᠠᠬᠢᠭᠤᠯᠵᠤ᠂ ᠢᠳᠡᠰᠢᠨ ᠨᠣᠭᠤᠭ᠎ᠠ ᠶᠢᠨ ᠦᠨ᠎ᠡ ᠶᠢᠨ ᠳᠠᠭᠠᠳᠬᠠᠯ ᠤᠨ ᠲᠤᠷᠰᠢᠯᠲᠠ ᠬᠢᠬᠦ ᠴᠢᠭ᠋ ᠢ ᠥᠷᠨᠢᠭᠦᠯᠵᠦ᠂ ᠲᠤᠰ ᠭᠠᠵᠠᠷ ᠣᠷᠣᠨ ᠤ ᠵᠤᠨ ᠨᠠᠮᠤᠷ ᠤᠨ | ᠢᠳᠡᠰᠢᠨ ᠨᠣᠭᠤᠭ᠎ᠠ ᠬᠠᠩᠭᠠᠬᠤ ᠨᠤᠷᠮ᠎ᠠ ᠶᠢ 65% ᠣᠷᠴᠢᠮ᠂ ᠡᠪᠦᠯ ᠬᠠᠪᠤᠷ ᠤᠨ ᠬᠢ ᠶᠢ 30% ᠤᠷᠴᠢᠮ ᠲᠤᠭᠲᠠᠭᠤᠨ ᠲᠡᠭᠡᠭᠰᠢᠯᠡᠭᠦᠯᠬᠦ ᠬᠡᠷᠡᠭᠲᠡᠢ᠃ | ᠲᠤᠰᠬᠠᠶ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠠᠮᠢ ᠠᠬᠤᠶ ᠶᠢᠨ ᠲᠠᠷᠢᠶᠠᠯᠠᠩ ᠂ ᠵᠢᠭᠤᠯᠴᠢᠯᠠᠯ ᠤᠨ ᠲᠠᠷᠢᠶᠠᠯᠠᠩ ᠂ ᠲᠠᠷᠢᠶᠠᠯᠠᠩ ᠢ ᠪᠡᠶᠡᠴᠢᠯᠡᠨ ᠤᠶᠢᠯᠠᠭᠠᠬᠤ | ᠂ ᠪᠦᠲᠦᠭᠡᠯᠴᠢ ᠲᠠᠷᠢᠶᠠᠯᠠᠩ ᠢ ᠬᠦᠭᠵᠢᠭᠦᠯᠬᠦ ᠶᠢ ᠵᠤᠷᠢᠭᠵᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠯᠠᠩ ᠤᠨ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠪᠣᠯᠪᠠᠰᠤᠷᠠᠭᠤᠯᠬᠤ ᠠᠵᠢᠯ ᠢ ᠲᠦᠯᠬᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠤᠳᠤ ᠦᠶ᠎ᠡ ᠶᠢᠨ ᠲᠠᠷᠢᠶᠠᠯᠠᠩ︾ ᠢ ᠢᠳᠡᠪᠬᠢᠲᠡᠶ ᠬᠥᠭᠵᠢᠭᠦᠯᠵᠦ᠂ | ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠲᠦᠷᠭᠡᠪᠴᠢᠯᠡᠨ | ᠪᠠᠶᠢᠭᠤᠯᠤᠨ᠎ᠠ᠃ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠥᠷᠢᠰᠥᠯᠳᠦᠬᠦ ᠬᠦᠴᠦᠨ ᠢ ᠲᠡᠭᠡᠭᠰᠢᠯᠡᠭᠦᠯᠬᠦ ᠰᠢᠨᠵᠢᠯᠡᠭᠡ ᠮᠡᠷᠭᠡᠵᠢᠯ ᠤᠨ ᠠᠵᠢᠯᠯᠠᠭ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠤᠨ ᠰᠢᠨᠵᠢᠯᠡᠭᠡ ᠮᠡᠷᠭᠡᠵᠢᠯ ᠤᠨ ᠬᠢᠷᠢ ᠬᠡᠮᠵᠢᠶ᠎ᠡ ᠶᠢ | ᠲᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠢᠮ ᠤᠨ ᠴᠢᠨᠠᠷᠲᠠᠶ ᠬᠠᠩᠭᠠᠯᠭ᠎ᠠ ᠶᠢ ᠴᠢᠩᠭᠠᠳᠬᠠᠬᠤ ᠬᠡᠷᠡᠭᠲᠡᠶ᠃ ᠲᠠᠷᠢᠶᠠᠴᠢᠨ ᠤ ᠭᠡᠷ | ᠪᠦᠯᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠤᠯᠠᠨ ᠵᠦᠢᠯ ᠤᠨ ᠬᠡᠯᠪᠡᠷᠢ ᠶᠢᠨ ᠵᠣᠬᠢᠮᠵᠢᠲᠠᠶ ᠬᠡᠪᠴᠢᠶᠡᠲᠦ | ᠡᠵᠡᠩᠨᠡᠯᠲᠡ ᠶᠢ ᠬᠦᠭᠵᠢᠭᠦᠯᠵᠦ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠢ ᠪᠤᠯᠭᠠᠨ᠎ᠠ᠃ ᠲᠤᠯᠤᠭᠠᠶᠢᠯᠠᠭᠴᠢ ᠠᠵᠤ | ᠠᠬᠤᠶᠢᠯᠠᠯ ᠪᠣᠯᠣᠨ ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠷ ᠪᠦᠯᠢ ᠶᠢᠨ ᠡᠵᠡᠩᠨᠡᠯᠲᠡ ᠪᠣᠯᠣᠨ ᠤᠳᠤ | ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠣᠷᠭᠠᠨᠢᠭ ᠢᠶᠠᠷ ᠬᠤᠯᠪᠤᠯᠳᠤᠬᠤ ᠶᠢ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠭᠠᠵᠠᠷ ᠰᠢᠷᠣᠶ᠂ ᠨᠤᠲᠤᠭ | ᠪᠡᠯᠴᠢᠭᠡᠷ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ | ᠭᠠᠵᠠᠷ ᠰᠢᠷᠣᠶ ᠶᠢᠨ ᠨᠢᠭᠡ ᠴᠣᠭᠴᠠ ᠲᠤᠭᠲᠠᠮᠠᠯ ᠬᠥᠷᠥᠩᠭᠡ ᠶᠢ ᠨᠢᠭᠡᠳᠦᠯᠲᠡᠶ ᠲᠠᠩᠰᠠᠯᠠᠨ᠎ᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠪᠤᠷᠢᠲᠠᠶ ᠪᠥᠭᠡᠳ ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠭᠠᠵᠠᠷ ᠲᠠᠷᠢᠶᠠᠨ ᠤ ︽ᠭᠤᠷᠪᠠᠨ ᠡᠷᠬᠡ ᠶᠢ ᠰᠠᠯᠭᠠᠨ ᠪᠠᠶᠢᠷᠢᠰᠢᠭᠤᠯᠬᠤ︾ ᠥᠭᠡᠷᠡᠴᠢᠯᠡᠯᠲᠡ ᠶᠢᠨ ᠲᠤᠷᠰᠢᠯᠲᠠ | ᠶᠢᠨ ᠴᠢᠭ᠋ ᠢ ᠦᠷᠨᠢᠭᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠭᠠᠵᠠᠷ ᠰᠢᠷᠣᠶ ᠶᠢᠨ ᠡᠷᠭᠢᠯᠲᠡ ᠶᠢᠨ ᠲᠠᠪᠴᠠᠩ ᠪᠣᠯᠣᠨ ᠭᠠᠵᠠᠷ ᠰᠢᠷᠣᠶ ᠶᠢᠨ | ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠪᠠᠶᠢᠭᠤᠯᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ | ᠡᠵᠡᠩᠨᠡᠯᠲᠡ ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢ ᠠᠬᠢᠭᠤᠯᠵᠤ᠂ ᠨᠡᠩ ᠪᠦᠷᠢᠨ ᠲᠡᠭᠦᠯᠳᠡᠷ ᠲᠠᠷᠢᠶᠠᠯᠠᠩ ᠤᠨ ᠪᠠᠲᠤᠯᠠᠭ᠎ᠠ ᠶᠢᠨ ᠲᠣᠭᠲᠠᠴᠠ ᠶᠢ | ᠲᠦᠷᠭᠡᠪᠴᠢᠯᠡᠨ ᠪᠠᠶᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶᠠᠵᠢᠭᠤᠯᠤᠯᠲᠠ ᠳᠦᠷᠢᠮᠵᠢᠭᠦᠯᠦᠯᠲᠡ ᠶᠢᠨ | ᠲᠣᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠣᠯᠲᠠ ᠶᠢ ᠥᠷᠨᠢᠭᠦᠯᠵᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠭᠦᠢᠴᠡᠳᠬᠡᠬᠦ᠂ ᠬᠠᠮᠢᠶᠠᠷᠬᠤ᠂ | ᠦᠢᠯᠡᠴᠢᠯᠡᠬᠦ ᠪᠠ ᠦᠷ᠎ᠡ ᠳ᠋ᠦᠩ ᠵᠡᠷᠭᠡ ︽ᠲᠠᠪᠤ ᠶᠢ ᠢᠯᠡ ᠪᠣᠯᠭᠠᠬᠤ︾ ᠶᠢ ᠲᠦᠯᠬᠢᠨ ᠠᠬᠢᠭᠤᠯᠤᠨ᠎ᠠ᠃ | ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠠᠷᠢᠶᠠᠯᠠᠩ ᠳᠤ ᠬᠤᠯᠪᠣᠭᠳᠠᠬᠤ ᠪᠡᠯᠡ | ᠮᠥᠩᠭᠦ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠵᠦ᠂ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠲᠠᠯ᠎ᠠ ᠪᠠᠷ ᠬᠢ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃ ᠥᠨᠳᠥᠷ ᠪᠦᠲᠦᠮᠵᠢᠲᠡᠶ ᠤᠰᠤ ᠠᠷᠪᠢᠯᠠᠬᠤ | ᠲᠠᠷᠢᠶᠠᠯᠠᠩ ᠶᠢ ᠶᠡᠬᠡᠪᠡᠷ ᠬᠥᠭᠵᠢᠭᠦᠯᠵᠦ᠂ ᠤᠰᠤ ᠠᠷᠪᠢᠯᠠᠬᠤ ᠣᠰᠣᠯᠠᠯᠲᠠ ᠶᠢᠨ ᠲᠠᠯᠠᠪᠠᠢ ᠶᠢ 20 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠤᠨ | ᠠᠮᠢ ᠠᠬᠤᠢ ᠶᠢᠨ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠠᠷᠢᠶᠠᠯᠠᠩ ᠤᠨ ᠡᠮ ᠬᠡᠷᠡᠭᠯᠡᠬᠦ ᠬᠡᠮᠵᠢᠶ᠎ᠡ ᠶᠢ ᠦᠷᠭᠦᠯᠵᠢᠯᠡᠨ | ᠪᠠᠭᠤᠷᠠᠭᠤᠯᠬᠤ ᠶᠢ ᠲᠦᠯᠬᠢᠨ ᠠᠬᠢᠭᠤᠯᠵᠤ᠂ ᠪᠤᠷᠳᠤᠭᠤᠷ ᠣᠷᠣᠭᠤᠯᠬᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠯ ᠵᠢᠭᠦᠷᠲᠡᠨ ᠤ ᠪᠠᠭᠠᠰᠤ | ᠵᠡᠷᠭᠡ ᠪᠣᠬᠢᠷ ᠵᠦᠢᠯᠡᠰ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠰᠢ ᠰᠦᠷᠡᠯ ᠢ ᠡᠬᠢ ᠪᠠᠶᠠᠯᠢᠭᠵᠢᠭᠤᠯᠵᠤ ᠶᠡᠷᠦᠩᠬᠡᠶᠢᠯᠡᠨ ᠠᠰᠢᠭᠯᠠᠬᠤ ᠲᠦᠪᠰᠢᠨ ᠢ | ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠬᠤᠭ ᠨᠣᠪᠰᠢ᠂ ᠪᠣᠬᠢᠷᠲᠤᠯ ᠤᠰᠤ ᠶᠢ ᠵᠠᠰᠠᠬᠤ᠂ ᠵᠣᠷᠯᠣᠩ ᠤᠨ ᠪᠥᠲᠥᠭᠡᠨ ᠪᠠᠶᠢᠭᠤᠯᠤᠯᠲᠠ ᠪᠤᠯᠤᠨ | ᠠᠶᠢᠯ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠᠷ ᠭᠤᠣᠯ ᠠᠭᠤᠯᠭ᠎ᠠ ᠪᠣᠯᠭᠠᠨ ᠥᠷᠨᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ | ᠠᠮᠢᠳᠤᠷᠠᠬᠤ ᠣᠷᠴᠢᠨ ᠠᠬᠤᠶ ᠶᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ | ᠬᠥᠭᠵᠢᠯᠲᠡ ᠶᠢᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠥᠷᠢᠯᠡᠬᠦ ᠬᠡᠷᠡᠭᠲᠡᠢ᠃ | ︵ᠲᠠᠪᠤ︶ ᠬᠤᠷᠢᠨᠭᠡᠷ ᠰᠢᠶᠠᠨ ᠤ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠠᠵᠤ | ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠦᠴᠦᠯᠡᠨ ᠪᠣᠢ ᠪᠤᠯᠭᠠᠬᠤ ᠬᠡᠷᠡᠭᠲᠡᠢ᠃ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ ᠢᠳᠡᠪᠬᠢᠲᠡᠶ ᠪᠠᠷ ᠬᠥᠲᠥᠯᠥᠨ ᠵᠢᠯᠣᠭᠤᠳᠣᠨ᠎ᠠ᠃ ᠤᠯᠤᠰ ᠤᠨ | ᠢᠨᠲ᠋ᠧᠷ ᠰᠦᠯᠵᠢᠶᠡᠨ ᠤ ᠰᠢᠭᠤᠳ ᠬᠤᠯᠪᠣᠭᠠᠨ ᠤ ᠴᠢᠭ᠋᠂ ᠤᠯᠤᠰ ᠤᠨ ᠬᠤᠭᠤᠷᠣᠨᠳᠣᠬᠢ ᠬᠤᠯᠪᠣᠭᠠᠨ ᠤ ᠲᠤᠰᠬᠠᠶ ᠵᠠᠮ᠂ ᠪᠣᠬᠢᠷᠲᠤᠯ ᠦᠭᠡᠢ ᠮᠥᠩᠭᠦᠨ | ᠭᠦᠢᠯᠭᠡᠭᠡᠨ ᠤ ᠦᠭᠡᠷᠡᠴᠢᠯᠡᠯᠲᠡ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ᠂ ᠤᠯᠤᠰ ᠤᠨ ᠡᠷᠡᠭᠦᠯᠵᠢᠭᠦᠯᠦᠯ ᠤᠨ ᠵᠢᠱᠢᠶ᠎ᠡ ᠦᠵᠡᠭᠦᠯᠬᠦ ᠠᠵᠤ | ᠦᠢᠯᠡᠰ ᠤᠨ ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠲᠣᠷᠰᠢᠯᠲᠠ ᠶᠢᠨ ᠴᠢᠭ᠋ ᠤᠨ ᠰᠢᠨ᠎ᠡ ᠲᠣᠭᠤᠷᠢᠭ ᠲᠤ ᠪᠠᠶᠢᠭᠤᠯᠬᠤ ᠶᠢ ᠲᠡᠮᠡᠴᠡᠨ ᠣᠯᠵᠣ᠂ ᠢᠷᠡᠭᠡᠳᠦᠶ ᠶᠢᠨ | ᠬᠥᠭᠵᠢᠯᠲᠡ ᠶᠢ ᠬᠥᠲᠥᠯᠥᠨ ᠵᠢᠯᠣᠭᠤᠳᠬᠤ ᠰᠠᠭᠤᠷᠢ ᠪᠣᠯᠬᠤ ᠲᠣᠯᠭᠠᠭᠤᠷᠢᠯᠠᠬᠤ ᠳᠠᠪᠠᠭᠤᠯᠢᠭ ᠪᠣᠯᠣᠨ ᠭᠤᠣᠯᠯᠠᠬᠤ ᠥᠷᠢᠰᠥᠯᠳᠦᠭᠡᠨ ᠤ ᠳᠠᠪᠠᠭᠤᠯᠢᠭ ᠢ | ᠪᠣᠶᠢᠵᠢᠭᠤᠯᠣᠨ ᠴᠣᠭᠴᠠᠯᠠᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠡ ᠵᠠᠩᠭᠢ ᠶᠢᠨ ᠲᠥᠪ ᠤᠨ ᠭᠠᠮᠰᠢᠭ ᠲᠤ ᠪᠡᠯᠡᠳᠬᠡᠬᠦ ᠲᠥᠪ᠂ ᠵᠢᠩ ᠳ᠋ᠦᠩ ︽ | ᠠᠽᠢᠶ᠎ᠠ ᠨᠢᠭᠡᠳᠦᠭᠡᠷ ᠨᠡᠷᠡᠮᠵᠢᠲᠦ︾ ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠰᠠᠨᠰᠠᠷ ᠤᠨ ᠠᠶᠠᠯᠠᠯ ᠤᠨ ᠶᠢᠰᠦᠳᠦᠭᠡᠷ ᠬᠦᠷᠢᠶᠡᠯᠡᠩ ᠳᠠᠬᠢ | ᠵᠢᠯᠣᠭᠤᠴᠢ ᠦᠭᠡᠶ ᠨᠢᠰᠬᠡᠯ᠂ ᠴᠢᠩ ᠬᠤᠸᠠ ᠲᠦᠩ ᠹᠠᠩ ᠠᠭᠠᠷ ᠤᠨ ᠢᠯᠴᠢ ᠶᠢᠨ ᠬᠥᠭᠡᠷᠭᠡ ᠶᠢᠨ ᠴᠡᠪᠡᠷ ᠡᠨᠧᠷᠭᠢ ᠶᠢᠨ ᠰᠤᠷᠪᠤᠯᠵᠢ᠂ ᠶᠢᠨ ᠳ᠋ᠢ ᠪᠦᠯᠦᠭᠯᠡᠯ | ᠤᠨ ᠣᠶᠣᠨᠲᠣ ᠵᠠᠮ ᠬᠠᠷᠢᠯᠴᠠᠭ᠎ᠠ ᠵᠡᠷᠭᠡ ᠳᠦᠷᠦᠯ ᠵᠦᠢᠯ ᠢ ᠦᠨᠡᠨᠬᠦ ᠨᠠᠶᠢᠳᠠᠪᠤᠷᠢᠵᠢᠭᠤᠯᠵᠤ᠂ ᠠᠵᠣ ᠦᠢᠯᠡᠰ ᠤᠨ ᠦᠷᠨᠢᠭᠦᠨ ᠬᠦᠭᠵᠢᠯᠲᠡ ᠪᠠ ᠲᠦᠷᠦᠯ | ᠵᠦᠢᠯ ᠤᠨ ᠶᠡᠭᠡ ᠪᠦᠳᠦᠬᠡᠨ ᠪᠠᠶᠢᠭᠤᠯᠤᠯᠲᠠ ᠶᠢᠨ ᠠᠮᠢᠳᠤᠯᠢᠭ ᠪᠠᠶᠢᠳᠠᠯ ᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠶ᠃ ᠠᠮᠧᠷᠢᠺᠠ ᠶᠢᠨ ᠴᠠᠬᠢᠭᠤᠷ ᠬᠦᠨᠳᠡᠢ᠂ | ᠪᠡᠭᠡᠵᠢᠩ ᠤᠨ ᠵᠦᠩ ᠭᠤᠸᠠᠨ ᠼᠦᠨ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ | ᠪᠣᠯᠤᠨ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠣ᠂ ᠰᠢᠭᠤᠳ ᠬᠠᠮᠲᠤᠷᠠᠨ ᠠᠵᠢᠯᠯᠠᠬᠤ ᠬᠠᠷᠢᠴᠠᠭ᠎ᠠ ᠶᠢ | ᠪᠠᠶᠢᠭᠤᠯᠬᠤ ᠶᠢ ᠲᠦᠯᠬᠢᠨ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠵᠣ᠂ ᠠᠵᠤ ᠦᠢᠯᠡᠰ ᠶᠢ ᠰᠢᠯᠵᠢᠭᠦᠯᠵᠦ ᠬᠦᠯᠢᠶᠡᠨ | ᠳᠠᠭᠠᠭᠠᠴᠢᠯᠠᠭᠰᠠᠨ᠂ ᠴᠢᠳᠠᠪᠤᠷᠢᠲᠠᠨ ᠤ ᠤᠶᠤᠨ ᠴᠢᠳᠠᠪᠤᠷᠢ ᠬᠤᠷᠠᠭᠰᠠᠨ ᠦᠨᠳᠦᠷ ᠲᠦᠪᠰᠢᠨ ᠪᠦᠬᠦᠢ ᠰᠢᠨ᠎ᠡ ᠲᠣᠭᠤᠷᠢᠭ ᠢ ᠴᠣᠭᠴᠠᠯᠠᠨ ᠪᠠᠶᠢᠭᠤᠯᠣᠨ᠎ᠠ᠃ | ᠠᠵᠤ ᠦᠢᠯᠡᠰ ᠪᠣᠯᠤᠨ ᠬᠤᠳᠠ ᠶᠢᠨ ᠠᠭᠤᠰᠤᠯᠳᠤᠭᠰᠠᠨ ᠬᠦᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠣᠨ᠎ᠠ᠃ ᠰᠢᠭᠤᠶᠢᠲᠤ ᠵᠢᠵᠢᠭ ᠪᠠᠯᠭᠠᠰᠤ | ᠪᠣᠯᠣᠨ ᠠᠮᠢ ᠠᠬᠤᠶ ᠶᠢᠨ ᠨᠡᠶᠢᠭᠡᠮ ᠲᠣᠭᠤᠷᠢᠭ ᠤᠨ ᠪᠠᠶᠢᠭᠤᠯᠣᠯᠲᠠ ᠶᠢᠨ ᠣᠶᠢᠯᠠᠭᠠᠭᠳᠠᠬᠤᠨ ᠢᠶᠠᠷ ᠲᠤᠭ᠎ᠠ ᠪᠦᠭᠡᠭᠡᠨᠡᠷᠡᠯ ᠤᠨ ᠵᠢᠵᠢᠭ ᠪᠠᠯᠭᠠᠰᠤ᠂ ᠮᠥᠩᠭᠦᠨ | ᠭᠦᠢᠯᠭᠡᠭᠡᠨ ᠤ ᠵᠢᠵᠢᠭ ᠪᠠᠯᠭᠠᠰᠤ᠂ ᠰᠤᠷᠭᠠᠨ ᠬᠥᠮᠦᠵᠢᠯ ᠤᠨ ᠵᠢᠵᠢᠭ ᠪᠠᠯᠭᠠᠰᠤ᠂ ᠰᠣᠪᠢᠯᠠᠯᠲᠠ ᠶᠢᠨ ᠵᠢᠵᠢᠭ ᠪᠠᠯᠭᠠᠰᠣ ᠶᠢ ᠦᠨᠳᠦᠷ ᠪᠠᠷᠢᠮᠵᠢᠶ᠎ᠠ ᠪᠠᠷ ᠴᠣᠭᠴᠠᠯᠠᠨ | ᠪᠠᠶᠢᠭᠤᠯᠵᠣ᠂ ᠲᠥᠷᠥᠯ ᠵᠦᠢᠯ ᠢ ᠣᠷᠣᠭᠤᠯᠤᠨ ᠠᠪᠴᠢᠷᠠᠵᠣ᠂ ᠠᠵᠤ ᠦᠢᠯᠡᠰ ᠪᠤᠶᠢᠵᠢᠭᠤᠯᠤᠨ ᠬᠦᠭᠵᠢᠭᠦᠯᠬᠦ ᠳᠤ ᠰᠠᠭᠤᠷᠢ ᠪᠠᠲᠤᠯᠠᠭ᠎ᠠ ᠶᠢᠨ ᠲᠠᠪᠴᠠᠩ | ᠪᠠᠶᠢᠭᠤᠯᠵᠣ ᠥᠭᠬᠦ ᠬᠡᠷᠡᠭᠲᠡᠶ᠃ ᠶᠢᠨ ᠱᠧᠩ ᠲᠦᠷᠭᠡᠨ ᠵᠠᠮ ᠤᠨ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠳᠠᠭᠤᠰᠬᠠᠨ᠂ ᠪᠣᠥ ᠪᠧᠢ ᠾᠧ ᠭᠤᠣᠯ | ᠪᠣᠯᠣᠨ ᠰᠢᠷᠬᠤᠰᠣ ᠭᠤᠣᠯ ᠤᠨ ᠵᠠᠰᠠᠯᠲᠠ ᠶᠢᠨ ᠢᠨᠵᠧᠨᠧᠷᠢᠩ ᠪᠣᠯᠣᠨ ᠭᠤᠣᠯᠯᠠᠬᠤ ᠣᠷᠣᠨ ᠤ ᠠᠮᠢ ᠠᠬᠤᠢ ᠶᠢᠨ ᠨᠣᠭᠤᠭᠠᠷᠠᠭᠤᠯᠤᠯᠲᠠ ᠶᠢᠨ | ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠬᠤᠳᠠ ᠶᠢᠨ ᠶᠠᠪᠣᠳᠠᠯ ᠤᠨ ᠲᠥᠬᠦᠭᠡᠷᠦᠮᠵᠢ ᠬᠢᠭᠡᠳ ᠭᠠᠵᠠᠷ ᠳᠣᠣᠷᠠᠬᠢ ᠨᠡᠶᠢᠲᠡ ᠶᠢᠨ ᠬᠤᠭᠤᠯᠠᠶ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠨᠡᠶᠢᠳᠡᠮ ᠳᠤᠨᠢ ᠲᠦᠯᠬᠢᠨ ᠤᠷᠤᠭᠰᠢᠯᠠᠭᠤᠯᠵᠤ᠂ ︽ᠬᠤᠣᠰ ᠬᠤᠲᠠ ᠬᠤᠶᠠᠷ ᠲᠡᠩᠭᠡᠯᠢᠭ ᠲᠠᠪᠤᠨ ᠲᠥᠪ︾ | ᠣᠷᠣᠨ ᠵᠠᠶ ᠶᠢᠨ ᠰᠢᠰᠲ᠋ᠧᠮ ᠪᠣᠯᠣᠨ ︽ᠭᠤᠷᠪᠠᠨ ᠬᠦᠨᠳᠡᠯᠡᠨ ᠲᠠᠪᠤᠨ ᠭᠤᠣᠯᠳᠣ︾ ᠪᠦᠲᠦᠴᠡᠲᠦ ᠵᠠᠮ ᠤᠨ ᠲᠣᠣᠷ ᠤᠨ ᠰᠢᠰᠲ᠋ᠧᠮ ᠢ ᠪᠦᠲᠦᠭᠡᠨ ᠪᠠᠶᠢᠭᠤᠯᠣᠨ᠎ᠠ᠃ | | ᠤᠯᠠᠨ ᠨᠡᠶᠢᠲᠡ ᠶᠢᠨ ᠦᠢᠯᠡᠴᠢᠯᠡᠭᠡ ᠶᠢᠨ ᠪᠠᠲᠣᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠶᠣᠨᠴᠢ ᠵᠠᠰᠠᠭ ᠤᠨ ᠶᠠᠪᠣᠳᠠᠯ | ᠤᠨ ᠲᠠᠪᠴᠠᠩ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠬᠠᠮᠢᠶᠠᠷᠤᠯᠲᠠ ᠶᠢᠨ ᠪᠠᠶᠢᠭᠤᠯᠣᠮᠵᠢ ᠪᠣᠯᠣᠨ ᠠᠵᠢᠯᠯᠠᠭᠠᠨ ᠤ ᠲᠣᠭᠲᠠᠴᠠ ᠶᠢ ᠬᠦᠴᠦᠯᠡᠨ | ᠰᠢᠯᠢᠳᠡᠭᠵᠢᠭᠦᠯᠵᠦ᠂ ᠰᠢᠨ᠎ᠡ ᠲᠣᠭᠤᠷᠢᠭ ᠤᠨ ᠲᠥᠷᠥᠯ ᠵᠦᠢᠯ ᠢ ᠣᠷᠣᠭᠤᠯᠤᠨ ᠠᠪᠴᠢᠷᠠᠵᠣ ᠪᠠᠶᠢᠭᠤᠯᠬᠤ ᠦᠢᠯᠡᠴᠢᠯᠡᠭᠡ ᠶᠢᠨ ᠪᠠᠲᠤᠯᠠᠭ᠎ᠠ ᠶᠢᠨ ᠶᠠᠪᠤᠴᠠ ᠶᠢ | ᠲᠦᠷᠭᠡᠪᠴᠢᠯᠡᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ | ᠨᠡᠩ ᠦᠨᠳᠦᠷ ᠪᠦᠲᠦᠮᠵᠢᠲᠠᠢ ᠰᠢᠯᠢᠳᠡᠭᠵᠢᠭᠦᠯᠦᠨ ᠴᠣᠮᠬᠠᠳᠬᠠᠭᠰᠠᠨ ᠨᠠᠶᠢᠳᠠᠪᠦᠷᠢᠵᠢᠭᠤᠯᠬᠤ ᠬᠦᠴᠦᠯᠡᠴᠡ ᠴᠢᠩᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ | ᠣᠷᠴᠢᠨ ᠢ ᠪᠦᠬᠦ ᠬᠦᠴᠦᠨ ᠢᠶᠠᠷ ᠪᠤᠢ ᠪᠣᠯᠭᠠᠨ᠎ᠠ᠃ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢ ᠲᠦᠷᠭᠡᠳᠬᠡᠨ ᠪᠠᠶᠢᠭᠤᠯᠵᠤ᠂ ᠲᠤᠮᠤ | ᠳ᠋ᠠᠶᠢᠲ᠋ᠠ ᠶᠢᠨ ᠬᠡᠷᠡᠭᠯᠡᠭᠡᠨ ᠤ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠶᠢᠨ ᠲᠥᠷᠥᠯ ᠵᠦᠢᠯ ᠶᠢ ᠡᠬᠢᠯᠡᠭᠦᠯᠦᠨ | ᠪᠠᠶᠢᠭᠤᠯᠵᠤ᠂ ᠰᠢᠨ᠎ᠡ ᠲᠣᠭᠤᠷᠢᠭ ᠤᠨ ᠢᠵᠢ ᠪᠦᠷᠢᠳᠦᠭᠰᠡᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠶ᠃ ᠰᠢᠨ᠎ᠡ | ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠣᠯᠤᠨ ᠡᠯ᠎ᠡ ᠲᠦᠷᠦᠯ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠬᠢᠨᠠᠨ ᠬᠠᠷᠭᠤᠭᠤᠯᠵᠤ ᠮᠡᠳᠡᠭᠦᠯᠦᠨ | ᠵᠥᠪᠰᠢᠶᠡᠷᠡᠭᠦᠯᠬᠦ ᠶᠢ ᠲᠦᠯᠬᠢᠨ ᠣᠷᠣᠭᠰᠢᠯᠠᠭᠤᠯᠵᠣ᠂ ︽ᠤᠯᠤᠰ ᠤᠨ ᠳᠡᠰ ᠤᠨ ᠰᠢᠨ᠎ᠡ ᠲᠣᠭᠤᠷᠢᠭ︾ ᠶᠢ ᠠᠯᠪᠠᠨ ᠶᠣᠰᠣ ᠪᠠᠷ ᠴᠣᠬᠤᠯᠠᠪᠣᠷᠢᠯᠠᠭᠤᠯᠬᠤ ᠶᠢ | ᠲᠡᠮᠡᠴᠡᠨ ᠣᠯᠬᠤ ᠬᠡᠷᠡᠭᠲᠡᠢ᠃ | ︵ᠵᠢᠷᠭᠤᠭ᠎ᠠ︶ ᠡᠯ᠎ᠡ ᠲᠦᠷᠦᠯ ᠤᠨ ᠴᠢᠬᠤᠯᠠ ᠬᠦᠴᠦᠨ ᠵᠦᠢᠯ ᠤᠨ ᠪᠠᠲᠣᠯᠠᠭ᠎ᠠ ᠶᠢᠨ ᠲᠣᠭᠲᠠᠭᠤᠨ ᠨᠡᠮᠡᠭᠳᠡᠯ ᠢ ᠴᠢᠩᠭᠠᠳᠬᠠᠵᠣ᠂ ᠬᠥᠳᠡᠯᠭᠡᠭᠴᠢ | ᠡᠨᠧᠷᠭᠢ ᠶᠢᠨ ᠰᠣᠯᠢᠯᠲᠠ ᠬᠥᠭᠵᠢᠯᠲᠡ ᠶᠢ ᠠᠬᠢᠭᠤᠯᠬᠤ ᠬᠡᠷᠡᠭᠲᠡᠢ᠃ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠣᠨ᠎ᠠ᠃ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠳᠠ ᠪᠠᠷ | ᠵᠥᠪᠰᠢᠶᠡᠷᠡᠭᠳᠡᠭᠰᠡᠨ ᠠᠵᠠ ᠲᠣᠬᠢᠶᠠᠯ ᠶᠢ ᠠᠳᠬᠤᠵᠤ᠂ ᠰᠢᠨ᠎ᠡ ᠶᠢ ᠡᠭᠦᠳᠬᠦ ᠠᠵᠤ ᠠᠬᠤᠶᠢᠯᠠᠯ ᠶᠢ ᠪᠤᠶᠢᠵᠢᠭᠤᠯᠬᠤ᠂ ᠰᠢᠨ᠎ᠡ ᠶᠢ ᠡᠭᠦᠳᠬᠦ ᠠᠴᠢᠶᠠᠯᠠᠪᠤᠷᠢ ᠶᠢᠨ | ᠪᠥᠳᠥᠭᠡᠨ ᠪᠠᠶᠢᠭᠤᠯᠤᠯᠲᠠ ᠪᠣᠯᠣᠨ ᠰᠤᠳᠤᠯᠤᠨ ᠨᠡᠭᠡᠭᠡᠯᠲᠡ ᠶᠢᠨ ᠪᠠᠶᠢᠭᠤᠯᠤᠮᠵᠢ ᠶᠢᠨ ᠰᠢᠨ᠎ᠡ ᠶᠢ ᠡᠭᠦᠳᠦᠨ ᠳᠡᠰ ᠳᠡᠪᠰᠢᠬᠦ ᠵᠡᠷᠭᠡ ᠨᠠᠢᠮᠠᠨ ᠵᠦᠢᠯ ᠤᠨ | ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠢ ᠦᠷᠭᠦᠯᠵᠢᠯᠡᠨ ᠬᠦᠭᠵᠢᠭᠦᠯᠦᠨ᠎ᠡ᠃ ᠰᠢᠨ᠎ᠡ ᠶᠢ ᠡᠭᠦᠳᠬᠦ ᠬᠥᠲᠥᠯᠥᠨ | ᠵᠢᠯᠣᠭᠤᠳᠬᠤ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠡᠨᠡ ᠨᠢᠭᠡ ᠵᠢᠯ ᠤᠨ ᠬᠤᠭᠤᠴᠠᠭᠠᠨ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 50 ᠶᠢ ᠰᠢᠨ᠎ᠡ ᠪᠠᠷ ᠨᠡᠮᠡᠭᠳᠡᠭᠦᠯᠬᠦ ᠪᠠᠷ | ᠬᠦᠴᠦᠯᠡᠨ ᠴᠢᠷᠮᠠᠶᠢᠨ᠎ᠠ᠃ ᠬᠤᠷᠢᠨᠭᠡᠷ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠶᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠠᠵᠣ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯᠬᠤ ᠶᠢ ᠳᠡᠮᠵᠢᠨ᠎ᠡ᠃ ᠬᠥᠬᠡᠬᠤᠲᠠ ᠶᠢᠨ ᠰᠢᠨᠵᠢᠯᠡᠭᠡ ᠮᠡᠷᠭᠡᠵᠢᠯ ᠤᠨ ᠬᠤᠳᠡ | ᠲᠥᠯᠥᠪᠵᠢᠭᠦᠯᠭᠡ ᠬᠢᠭᠡᠳ ᠬᠤᠲᠠ ᠶᠢᠨ ᠵᠢᠷᠤᠭ ᠲᠥᠰᠥᠪ ᠢ ᠪᠡᠶᠡᠯᠡᠭᠦᠯᠵᠦ᠂ 800 ᠮᠥ ᠰᠢᠨᠵᠢᠯᠡᠭᠡ ᠮᠡᠷᠭᠡᠵᠢᠯ ᠤᠨ ᠬᠤᠳᠡ ᠵᠢᠱᠢᠶ᠎ᠡ ᠦᠵᠡᠭᠦᠯᠬᠦ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠰᠢᠨ᠎ᠡ ᠪᠠᠷ ᠪᠠᠶᠢᠭᠤᠯᠤᠭᠰᠠᠨ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠭᠦᠯᠦᠭᠦᠷ 2᠂ ᠣᠯᠠᠨ ᠢᠶᠠᠷ ᠢᠶᠠᠨ ᠡᠭᠦᠳᠬᠦ ᠣᠷᠣᠨ ᠵᠠᠶ ᠪᠣᠯᠣᠨ ᠣᠳᠣᠨ ᠴᠣᠭᠴᠠᠯᠠᠬᠤ ᠣᠷᠣᠨ ᠵᠠᠶ10 ᠶᠢ ᠰᠢᠨ᠎ᠡ ᠪᠠᠷ ᠪᠠᠶᠢᠭᠤᠯᠵᠤ᠂ | ᠠᠺᠠᠳᠧᠮᠢᠴᠢ ᠶᠢᠨ ᠠᠵᠢᠯᠯᠠᠬᠤ ᠦᠷᠲᠡᠭᠡ 2 ᠶᠢ ᠰᠢᠨ᠎ᠡ ᠪᠠᠷ ᠪᠠᠶᠢᠭᠤᠯᠵᠣ᠂ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠪᠠᠶᠢᠭᠤᠯᠤᠮᠵᠢ10 ᠶᠢ ᠪᠤᠶᠢᠵᠢᠭᠤᠯᠤᠨ | ᠴᠣᠭᠴᠠᠯᠠᠨ᠎ᠠ᠃ ᠠᠵᠤ ᠠᠬᠤᠶᠢᠯᠠᠯ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠭᠡ ᠮᠡᠷᠭᠡᠵᠢᠯ ᠤᠨ ᠰᠣᠳᠣᠯᠭᠠᠨ ᠤ ᠬᠦᠷᠢᠶᠡᠯᠡᠩ ᠳᠤ ᠲᠦᠰᠢᠭᠯᠡᠨ᠂ | ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠶᠠᠪᠣᠴᠠ ᠶᠢᠨ ᠳᠣᠮᠳᠠᠬᠢ ᠲᠤᠷᠰᠢᠯᠲᠠ ᠪᠣᠯᠣᠨ ᠪᠣᠯᠪᠠᠰᠣᠷᠠᠩᠭᠤᠶᠢᠵᠢᠬᠤ ᠰᠠᠭᠤᠷᠢᠨ ᠭᠠᠵᠠᠷ ᠶᠢ ᠪᠠᠶᠢᠭᠤᠯᠵᠣ᠂ | ᠲᠤᠰᠬᠠᠶ ᠠᠰᠢᠭ ᠤᠨ ᠠᠷᠠᠯᠵᠢᠶ᠎ᠠ ᠪᠣᠯᠣᠨ ᠪᠣᠳᠠᠲᠣ ᠬᠡᠷᠡᠭᠯᠡᠭᠡᠨ ᠤ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠵᠡᠷᠭᠡ | ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠣᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠳᠤᠲᠠᠭᠤᠳᠠᠯ ᠢ ᠨᠥᠬᠦᠪᠥᠷᠢᠯᠡᠬᠦ ᠪᠠ ᠬᠠᠩᠭᠠᠯᠭ᠎ᠠ ᠶᠢᠨ ᠪᠦᠲᠦᠴᠡ ᠶᠢ | ᠰᠢᠯᠢᠳᠡᠭᠵᠢᠭᠦᠯᠬᠦ ᠲᠠᠢ ᠨᠢᠭᠲᠠ ᠤᠶᠠᠯᠳᠤᠭᠤᠯᠵᠤ᠂ ᠠᠵᠤ ᠦᠢᠯᠡᠰ᠂ ᠠᠷᠠᠳ ᠤᠨ ᠠᠮᠢᠳᠤᠷᠠᠯ᠂ ᠰᠠᠭᠤᠷᠢ ᠲᠥᠬᠦᠭᠡᠷᠦᠮᠵᠢ ᠵᠡᠷᠭᠡ ᠡᠯ᠎ᠡ ᠬᠦᠷᠢᠶᠡᠨ ᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠣ᠂ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 300 ᠶᠢ | ᠬᠡᠷᠡᠭᠵᠢᠭᠦᠯᠬᠦ ᠪᠠᠷ ᠴᠢᠷᠮᠠᠶᠢᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 900 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠪᠠᠶᠢᠨ᠎ᠠ᠃ ᠵᠠᠰᠠᠮᠠᠯ | ᠵᠠᠮ ᠤᠨ ᠵᠠᠮ ᠤᠨ ᠲᠣᠣᠷ ᠤᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ 311ᠮᠤᠵᠢ ᠶᠢᠨ ᠵᠠᠰᠠᠮᠠᠯ ᠵᠠᠮ ᠤᠨ ᠦᠴᠤᠸᠠᠨ ᠠᠴᠠ ᠶᠠᠩ ᠱᠤ᠋ | ᠬᠠᠰᠢᠯᠭ᠎ᠠ ᠬᠦᠷᠬᠦ ᠵᠠᠰᠠᠮᠠᠯ ᠵᠠᠮ᠂ 110 ᠤᠯᠤᠰ ᠤᠨ ᠵᠡᠮ ᠤᠨ ᠪᠢᠴᠢᠭᠡᠴᠢ ᠠᠴᠠ ᠰᠢᠷᠡᠭᠡᠴᠢ ᠬᠦᠷᠬᠦ ᠵᠠᠰᠠᠮᠠᠯ ᠵᠠᠮ ᠪᠠ 7 ᠰᠢᠶᠠᠨ ᠤ ᠬᠡᠪᠴᠢᠶᠡᠨ ᠤ ᠵᠠᠰᠠᠮᠠᠯ | ᠵᠠᠮ ᠤᠨ ᠲᠥᠷᠥᠯ ᠵᠦᠢᠯ ᠢ ᠬᠡᠷᠡᠭᠵᠢᠭᠦᠯᠵᠦ᠂ ᠬᠦᠬᠡᠬᠤᠲᠠ ᠠᠴᠠ ᠦᠴᠣᠸᠠᠨ ᠬᠥᠷᠬᠦ ᠵᠠᠰᠠᠮᠠᠯ ᠵᠠᠮ ᠤᠨ ᠳᠠᠯᠠᠨ ᠬᠠᠷ᠎ᠠ ᠠᠭᠤᠯᠠ ᠶᠢᠨ ᠨᠦᠬᠡᠨ ᠵᠠᠮ ᠤᠨ ᠰᠢᠵᠢᠮ | ᠪᠠᠷᠢᠯᠭ᠎ᠠ ᠶᠢ ᠵᠢᠯ ᠤᠨ ᠡᠴᠦᠰ ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠡᠬᠢᠯᠡᠭᠦᠯᠦᠨ ᠪᠠᠶᠢᠭᠤᠯᠵᠤ᠂ | ᠬᠥᠬᠡᠬᠤᠲᠠ ᠠᠴᠠ ᠴᠢᠭᠤᠯᠭᠠᠲᠣ ᠬᠠᠭᠠᠯᠭ᠎ᠠ ᠬᠦᠷᠬᠦ ᠦᠨᠳᠦᠷ ᠬᠤᠷᠳᠣᠴᠠᠲᠣ ᠲᠡᠮᠦᠷ ᠵᠠᠮ ᠵᠡᠷᠭᠡ ᠭᠤᠣᠯᠳᠠᠯᠭ᠎ᠠ ᠲᠠᠢ ᠲᠡᠮᠥᠷ ᠵᠠᠮ ᠤᠨ ᠲᠥᠷᠥᠯ ᠵᠦᠢᠯ ᠤᠨ | ᠪᠥᠳᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠪᠡᠯᠡ ᠣᠷᠣᠭᠤᠯᠵᠣ ᠪᠡᠯᠡ ᠲᠣᠬᠢᠷᠠᠭᠤᠯᠬᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠪᠠ ᠮᠥᠩᠭᠦᠨ ᠭᠦᠢᠯᠭᠡᠭᠡᠨ ᠤ ᠲᠠᠯ᠎ᠠ ᠪᠠᠷ ᠲᠡᠳᠬᠦᠨ | ᠳᠡᠮᠵᠢᠬᠦ ᠵᠡᠷᠭᠡ ᠰᠠᠨᠠᠯ ᠰᠠᠨᠠᠭᠤᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ | ᠶᠡᠬᠡᠪᠡᠷ ᠲᠡᠮᠵᠢᠵᠦ᠂ ᠠᠰᠢᠭ ᠬᠤᠨᠵᠢᠪᠣᠷᠢ ᠶᠢᠨ ᠴᠢᠨᠠᠷᠲᠠᠶ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠶᠢ ᠨᠡᠶᠢᠭᠡᠮ ᠳᠠᠶᠠᠭᠠᠷ ᠲᠤ ᠴᠢᠯᠥᠭᠡᠲᠡᠶ ᠨᠡᠭᠡᠭᠡᠬᠦ ᠶᠢ | ᠵᠣᠷᠢᠭᠵᠢᠭᠤᠯᠵᠤ ᠂ ᠠᠷᠠᠳ ᠤᠨ ᠬᠥᠷᠥᠩᠭᠡ ᠬᠢᠭᠡᠳ PPP ᠯᠤᠭ᠎ᠠ ᠶᠢᠨ ᠲᠥᠷᠥᠯ ᠵᠦᠢᠯ ᠤᠨ ᠬᠠᠮᠲᠣᠷᠠᠯᠴᠠᠭ᠎ᠠ ᠶᠢ ᠳᠡᠮᠵᠢᠨ᠂ ᠠᠷᠠᠳ ᠤᠨ ᠪᠡᠯᠡ | ᠣᠷᠣᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠣᠷᠣᠭᠤᠯᠤᠯᠲᠠ ᠶᠢᠨ ᠢᠳᠡᠪᠬᠢᠵᠢᠯ ᠢ | ᠭᠦᠢᠴᠡᠳ ᠳᠠᠶᠢᠴᠢᠯᠠᠬᠤ ᠬᠡᠷᠡᠭᠲᠡᠶ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠥᠷᠨᠢᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠨᠢ ᠪᠦᠬᠦ | ᠬᠤᠲᠠ ᠪᠠᠷ ᠢᠶᠠᠨ ︽ᠨᠢᠭᠡᠨ ᠬᠥᠯᠭᠡ ᠰᠢᠲᠠᠷ᠎ᠠ ᠮᠡᠲᠦ ᠪᠠᠶᠢᠬᠤ︾ ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ | ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠬᠤᠳᠠ ᠶᠢᠨ ᠨᠢᠭᠡᠳᠦᠯᠲᠡᠶ ᠲᠦᠷᠦᠯ ᠵᠦᠢᠯ ᠤᠨ ᠡᠬᠢ ᠪᠠᠶᠠᠯᠢᠭ ᠤᠨ ᠬᠥᠮᠥᠷᠭᠡ ᠶᠢ | ᠨᠠᠶᠢᠷᠠᠭᠤᠯᠤᠨ ᠵᠣᠭᠢᠶᠠᠬᠤ ᠬᠡᠷᠡᠭᠲᠡᠢ᠃ ᠬᠤᠲᠠ ᠶᠢᠨ ᠴᠢᠬᠤᠯᠠ ᠶᠡᠭᠡ ᠲᠦᠷᠦᠯ ᠵᠦᠢᠯ ᠤᠨ ᠠᠯᠪᠠᠨ ᠬᠡᠷ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠡᠭᠦᠷᠭᠡ ᠴᠢᠳᠠᠪᠬᠢ ᠶᠢ ᠴᠢᠩᠭᠠᠳᠬᠠᠵᠣ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠣᠨ᠎ᠠ᠃ ᠶᠡᠬᠡᠪᠡᠷ | ᠬᠤᠳᠠᠯᠳᠤᠭᠠᠴᠢᠨ ᠤᠷᠢᠬᠤ᠂ ᠲᠣᠮᠣ ᠬᠤᠳᠠᠯᠳᠤᠭᠠᠴᠢᠨ ᠢ ᠣᠷᠢᠬᠤ᠂ ᠬᠤᠳᠠᠯᠳᠣᠭᠠᠴᠢᠳ ᠢ ᠬᠠᠮᠲᠣ ᠣᠷᠢᠬᠤ ᠳᠤ ᠰᠠᠭᠤᠷᠢᠯᠠᠨ᠂ ᠬᠤᠰᠢᠭᠤ ᠰᠢᠶᠠᠨ | ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ ᠭᠠᠵᠠᠷ ᠣᠷᠣᠨ ᠤ | ᠬᠤᠳᠠᠯᠳᠤᠭᠠᠴᠢᠨ ᠤᠷᠢᠬᠤ ᠡᠩᠨᠡᠭᠡ ᠶᠢ ᠲᠤᠰᠬᠠᠶ ᠵᠣᠬᠢᠶᠠᠨ ᠪᠠᠶᠢᠭᠤᠯᠬᠤ ᠶᠢ ᠵᠢᠯᠣᠭᠤᠳᠤᠨ ᠳᠡᠮᠵᠢᠵᠦ᠂ ᠬᠤᠳᠠᠯᠳᠤᠭᠠᠴᠢᠨᠤᠷᠢᠬᠤ ᠶᠢ ᠪᠦᠬᠦ ᠬᠦᠴᠦ ᠪᠠᠨ | ᠲᠥᠪᠯᠡᠷᠡᠭᠦᠯᠦᠨ ᠠᠳᠬᠤᠵᠣ ᠪᠠᠶᠢᠭ᠎ᠠ ᠪᠠᠶᠢᠳᠠᠯ ᠢ ᠪᠣᠢ ᠪᠣᠯᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠡᠪ ᠵᠠᠭᠪᠣᠷ ᠢᠶᠠᠨ ᠰᠢᠨ᠎ᠡ ᠶᠢ ᠡᠭᠦᠳᠴᠦ | ᠂ ᠬᠤᠳᠠᠯᠳᠤᠭᠠᠨ ᠤ ᠡᠪᠯᠡᠯ ᠤᠨ ᠬᠤᠳᠠᠯᠳᠣᠭᠠᠴᠢᠨ ᠤᠷᠢᠬᠤ ᠂ ᠠᠵᠣ ᠠᠬᠤᠢ ᠶᠢᠨ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠬᠤ᠂ ᠠᠵᠤ | ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠶᠢ ᠴᠢᠩᠭᠠᠳᠬᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠤᠳᠤᠯᠭ᠎ᠠ ᠶᠢ | ᠨᠠᠶᠢᠳᠠᠪᠦᠷᠢᠵᠢᠭᠤᠯᠬᠤ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠣᠷᠴᠢᠨ ᠠᠬᠤᠢ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠦᠨᠡᠨᠴᠢ ᠪᠠᠷ | ᠬᠠᠨᠳᠣᠨ᠂ ᠢᠲᠡᠭᠡᠯ ᠢᠶᠠᠷ ᠬᠤᠳᠠᠯᠳᠤᠭᠠᠴᠢᠨ ᠣᠷᠢᠵᠣ᠂ ᠬᠤᠳᠠᠯᠳᠣᠭᠠᠴᠢᠨ ᠢᠶᠠᠷ ᠬᠤᠳᠠᠯᠳᠣᠭᠠᠴᠢᠨ ᠢ ᠣᠷᠢᠵᠣ᠂ ᠠᠵᠣ ᠠᠬᠤᠶᠢᠯᠠᠯ ᠢᠶᠠᠷ ᠠᠵᠣ ᠠᠬᠤᠶᠢᠯᠠᠯ ᠢ | ᠲᠠᠲᠠᠬᠤ ᠰᠢᠯᠣᠭᠤᠨ ᠵᠠᠮ ᠢ ᠨᠡᠭᠡᠭᠡᠬᠦ ᠬᠡᠷᠡᠭᠲᠡᠢ᠃ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠣᠭᠤᠳᠤᠨ ᠨᠡᠪᠲᠡᠷᠡᠭᠦᠯᠬᠦ ᠠᠰᠢᠭᠲᠠᠶ ᠠᠵᠠ | ᠲᠣᠬᠢᠶᠠᠯ ᠢ ᠠᠳᠬᠤᠨ᠂ ᠨᠢᠭᠡ ᠪᠦᠯᠦᠭ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠦᠢᠯ᠂ ᠰᠣᠶᠣᠯ ᠤᠨ ᠪᠦᠲᠦᠭᠡᠯᠴᠢ ᠲᠥᠷᠥᠯ ᠵᠦᠢᠯ᠂ | ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠦᠢᠯᠡᠴᠢᠯᠡᠭᠡᠨ ᠤ ᠲᠦᠷᠦᠯ ᠵᠦᠢᠯ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠣᠮᠵᠢ ᠶᠢ ᠣᠷᠣᠭᠤᠯᠣᠨ | ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠪᠦᠬᠦ ᠵᠢᠯ ᠤᠨ ᠭᠠᠳᠠᠭᠠᠳᠤ ᠠᠴᠠ ᠣᠷᠣᠭᠤᠯᠬᠤ ᠲᠦᠷᠦᠯ ᠵᠦᠢᠯ 280 ᠠᠴᠠ ᠳᠡᠭᠡᠭᠰᠢ᠂ ᠤᠯᠤᠰ ᠤᠨ ᠳᠣᠲᠣᠭᠠᠳᠤ | ᠭᠠᠳᠠᠭᠠᠳᠤ ᠠᠴᠠ ᠣᠷᠣᠭᠤᠯᠬᠤ ᠭᠡᠵᠦ ᠪᠠᠶᠢᠭ᠎ᠠ ᠪᠡᠯᠡ ᠮᠥᠩᠭᠦ 600 ᠳ᠋ᠦᠩᠰᠢᠭᠤᠷ ᠲᠥᠭᠦᠷᠢᠭ ᠪᠣᠯᠣᠨ᠎ᠠ᠃ | ᠥᠭᠡᠷᠡᠴᠢᠯᠡᠯᠲᠡ ᠶᠢᠨ ᠬᠥᠳᠡᠯᠭᠡᠭᠴᠢ ᠡᠨᠧᠷᠭᠢ ᠶᠢ ᠲᠦᠷᠭᠡᠳᠬᠡᠨ ᠰᠣᠯᠠᠯᠠᠬᠤ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠯᠲᠡ ᠶᠢᠨ ᠲᠣᠬᠢᠷᠠᠭᠤᠯᠣᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠭᠤᠣᠯᠳᠠᠭᠤ ︽ᠡᠪᠳᠡᠬᠦ︾ ︽ᠲᠣᠭᠲᠠᠭᠠᠬᠤ︾ ︽ᠪᠠᠭᠤᠷᠠᠭᠤᠯᠬᠤ︾ ᠳᠡᠭᠡᠷ᠎ᠡ ᠬᠦᠴᠦ ᠲᠠᠯᠪᠢᠵᠤ᠂ ᠦᠢᠯᠡᠳᠪᠦᠷᠢᠯᠡᠬᠦ ᠴᠢᠳᠠᠮᠵᠢ ᠶᠢ | ᠪᠠᠭᠤᠷᠠᠭᠤᠯᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠸᠠᠷ ᠤᠨ ᠭᠡᠷ | ᠪᠠᠶᠢᠰᠢᠩ ᠤᠨ 420 ᠲᠦᠮᠡᠨ ᠲᠡᠭᠰᠢ ᠳᠥᠷᠪᠡᠯᠵᠢᠨ ᠮᠧᠲᠷ ᠤᠨ ᠳᠠᠷᠣᠭᠳᠠᠯ ᠢ ᠰᠢᠩᠭᠡᠭᠡᠵᠦ᠂ ᠪᠣᠳᠠᠲᠤ ᠴᠣᠭᠴᠠᠲᠣ ᠠᠵᠤ ᠠᠬᠤᠶ ᠶᠢᠨ ᠥᠪᠡᠷ ᠤᠨ | ᠥᠷᠲᠡᠭ ᠢ ᠦᠷᠭᠦᠯᠵᠢᠯᠡᠨ ᠳᠣᠷᠣᠭᠰᠢᠯᠠᠭᠤᠯᠬᠤ ᠬᠡᠷᠡᠭᠲᠡᠢ᠃ ᠡᠷᠬᠡ ᠶᠢ ︽ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠵᠤ᠂ ᠬᠠᠷᠢᠴᠠᠩᠭᠤᠶ ᠲᠥᠪᠯᠡᠷᠡᠵᠦ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ︽ | ᠨᠢᠭᠡᠨ ᠲᠠᠮᠠᠭ᠎ᠠ ᠪᠠᠷ ᠬᠢᠨᠠᠨ ᠵᠥᠪᠰᠢᠶᠡᠷᠡᠬᠦ︾ ᠶᠢ ᠶᠠᠪᠤᠭᠤᠯᠵᠤ᠂ ︽ᠳᠠᠩᠰᠠ ᠶᠢ ᠪᠠᠷᠢᠮᠵᠢᠶᠠᠵᠢᠭᠤᠯᠬᠤ︾ ᠶᠢ ᠬᠡᠷᠡᠭᠵᠢᠭᠦᠯᠬᠦ ᠬᠡᠷᠡᠭᠲᠡᠢ᠃ ᠤᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ | ᠲᠤᠬᠢᠷᠠᠭᠤᠯᠤᠯᠳᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯᠴᠢ ᠥᠷᠢᠰᠥᠯᠳᠦᠭᠡᠨ ᠤ ᠡᠮᠬᠢ ᠵᠢᠷᠤᠮ ᠢ | ᠬᠠᠮᠠᠭᠠᠯᠠᠬᠤ ᠬᠡᠷᠡᠭᠲᠡᠶ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ | ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠣ᠂ ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ ᠬᠠᠷᠢᠴᠠᠯ ᠢ 20 % ᠳᠣᠲᠣᠷ᠎ᠠ ᠬᠢᠵᠠᠭᠠᠷᠯᠠᠨ᠎ᠠ᠃ | ᠤᠯᠤᠰ ᠤᠨ ᠥᠮᠴᠢᠯᠡᠯ ᠤᠨ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠯᠠᠭᠠᠨ ᠤ ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ᠴᠢᠩ ᠴᠧᠩ | ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ ᠶᠢᠨ ᠵᠠᠬ᠎ᠠ ᠳᠡᠯᠭᠡᠭᠦᠷᠴᠢᠯᠡᠬᠦ ᠠᠯᠬᠤᠴᠠ ᠶᠢ ᠲᠦᠷᠭᠡᠳᠬᠡᠵᠦ᠂ ᠣᠯᠠᠨ ᠨᠡᠶᠢᠲᠡ ᠶᠢᠨ | ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠶᠢᠨ ᠪᠠᠶᠢᠭᠤᠯᠣᠯ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ᠃ ᠤᠯᠠᠨ | ᠨᠡᠶᠢᠲᠡ ᠶᠢᠨ ᠵᠠᠮ ᠬᠠᠷᠢᠯᠴᠠᠭ᠎ᠠ᠂ ᠤᠰᠤ ᠬᠡᠷᠡᠭᠯᠡᠬᠦ ᠵᠡᠷᠭᠡ ᠶᠢᠨ ᠦᠨ᠎ᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠦᠨ᠎ᠡ ᠬᠠᠩᠰᠢ ᠶᠢᠨ | ᠪᠦᠷᠢᠯᠳᠦᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠭᠠᠳᠠᠭᠰᠢ ᠨᠡᠭᠡᠭᠡᠯᠲᠡ ᠶᠢ ᠢᠳᠡᠪᠬᠢᠲᠡᠶ ᠪᠠᠷ ᠥᠷᠭᠡᠳᠬᠡᠬᠦ ᠬᠡᠷᠡᠭᠲᠡᠢ᠃ ᠬᠤᠶᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ | ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠤᠰ ᠮᠣᠩᠭᠤᠯ ᠬᠢᠭᠡᠳ ᠧᠦ᠋ᠷᠣᠫᠠ ᠠᠽᠢᠶ᠎ᠠ ᠶᠢᠨ ᠭᠠᠵᠠᠷ ᠣᠷᠣᠨ ᠤ | ᠬᠤᠭᠤᠷᠣᠨᠳᠣᠬᠢ ᠠᠵᠤ ᠠᠬᠤᠶ ᠠᠷᠠᠯᠵᠢᠶ᠎ᠠ᠂ ᠠᠵᠤ ᠦᠢᠯᠡᠰ ᠪᠣᠯᠤᠨ ᠬᠥᠮᠦᠨ ᠰᠣᠶᠣᠯ ᠤᠨ ᠰᠣᠯᠢᠯᠴᠠᠭᠠᠨ ᠤ ᠬᠠᠮᠲᠤᠷᠠᠯᠴᠠᠭ᠎ᠠ ᠶᠢ ᠲᠠᠰᠤᠷᠠᠯᠲᠠ ᠦᠭᠡᠢ | ᠴᠢᠩᠭᠠᠳᠬᠠᠵᠤ᠂ ᠢᠨᠳᠤᠨᠧᠰᠢᠶ᠎ᠠ ᠳᠤ ᠬᠦᠷᠴᠦ ᠬᠦᠬᠡᠬᠤᠲᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢᠨ ᠳᠡᠯᠭᠡᠷᠡᠭᠦᠯᠦᠨ ᠲᠠᠨᠢᠯᠴᠠᠭᠤᠯᠬᠤ ᠬᠤᠷᠠᠯ ᠢ ᠡᠷᠬᠢᠯᠡᠨ᠎ᠡ᠃ | ᠱᠠ ᠯᠢᠶᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠢᠶᠠᠨᠵᠢᠨ ᠤ ᠤᠰᠤ ᠦᠭᠡᠢ ᠭᠠᠷᠠᠮ ᠪᠣᠯᠣᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ | ᠠᠭᠠᠷ ᠤᠨ ᠭᠠᠷᠠᠮ ᠤᠨ ᠪᠣᠭᠤᠮᠲᠠ ᠥᠩᠭᠡᠷᠡᠬᠦ ᠳᠠᠪᠠᠭᠤᠯᠢᠭ ᠶᠢ ᠠᠰᠢᠭᠯᠠᠨ᠂ ᠤᠯᠠᠨ ᠤᠯᠤᠰ ᠤᠨ ᠴᠢᠨᠠᠷᠲᠠᠶ ᠲᠡᠮᠦᠷ ᠵᠠᠮ᠂ ᠠᠭᠠᠷ ᠤᠨ ᠲᠡᠭᠡᠭᠡᠪᠦᠷᠢ ᠶᠢᠨ | ᠪᠣᠭᠤᠮᠲᠠ ᠶᠢ ᠲᠦᠷᠭᠡᠳᠬᠡᠨ ᠪᠠᠶᠢᠭᠤᠯᠣᠨ᠎ᠠ᠃ ᠪᠠᠷᠠᠭ᠎ᠠ ᠲᠡᠭᠡᠭᠡᠪᠦᠷᠢᠯᠡᠬᠦ ᠠᠭᠠᠷ ᠤᠨ ᠠᠶᠠᠯᠠᠯ ᠤᠨ ᠺᠣᠮᠫᠠᠨᠢ ᠶᠢᠨ ᠮᠠᠨ ᠤ ᠬᠤᠲᠠ ᠳᠤ ᠣᠯᠠᠨ ᠤᠯᠤᠰ ᠪᠣᠯᠣᠨ | ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠱᠤᠭᠤᠮ ᠨᠡᠪᠲᠡᠷᠡᠬᠦ ᠶᠢ ᠢᠳᠡᠪᠬᠢᠲᠡᠶ ᠲᠡᠮᠵᠢᠵᠤ᠂ ᠠᠭᠠᠷ ᠤᠨ ᠠᠵᠤ ᠦᠢᠯᠡᠰ ᠤᠨ ᠬᠥᠭᠵᠢᠯᠲᠡ ᠶᠢ | ᠳᠠᠶᠢᠴᠢᠯᠠᠨ᠎ᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ ᠳᠡᠮᠵᠢᠵᠦ᠂ ᠭᠠᠳᠠᠭᠰᠢ ᠴᠢᠭᠯᠡᠭᠦᠯᠦᠭᠰᠡᠨ ᠠᠵᠤ | ᠠᠬᠤᠶ ᠶᠢ ᠲᠦᠷᠭᠡᠳᠬᠡᠨ ᠬᠦᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠸᠢ ᠯᠦᠭᠡ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠣᠷᠳᠣᠰ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠩ ᠨᠢᠭᠲᠠ ᠬᠠᠷᠢᠯᠴᠠᠭ᠎ᠠ ᠲᠠᠢ ᠣᠷᠣᠨ ᠪᠦᠰᠡ ᠶᠢᠨ | ᠬᠥᠭᠵᠢᠯᠲᠡ ᠶᠢᠨ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠣᠨ᠎ᠠ᠃ | ︵ᠲᠤᠯᠤᠭ᠎ᠠ︶ ᠲᠥᠪ ᠬᠤᠳᠡ ᠶᠢᠨ ᠴᠢᠨᠰᠠᠭ᠎ᠠ ᠴᠢᠳᠠᠪᠬᠢ ᠶᠢᠨ ᠳᠡᠭᠡᠭᠰᠢᠯᠡᠯᠲᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ | ᠪᠠᠯᠭᠠᠰᠣ ᠶᠢᠨ ᠴᠣᠭᠯᠠᠷᠠᠯ ᠤᠨ ᠳᠠᠶᠢᠴᠢᠯᠠᠬᠤ ᠦᠢᠯᠡᠳᠦᠯ ᠢ ᠪᠦᠬᠦ ᠲᠠᠯ᠎ᠠ ᠪᠠᠷ ᠨᠡᠮᠡᠭᠳᠡᠭᠦᠯᠦᠨ ᠴᠢᠩᠭᠠᠳᠬᠠᠨ᠎ᠠ᠃ | ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠨᠡᠮᠡᠭᠳᠡᠭᠦᠯᠦᠨ᠎ᠡ᠃ ᠬᠤᠲᠠ ᠶᠢᠨ ᠲᠥᠯᠥᠪᠵᠢᠭᠦᠯᠭᠡ ᠶᠢᠨ ᠵᠥᠪᠯᠡᠯ ᠤᠨ ᠡᠭᠦᠷᠭᠡ | ᠴᠢᠳᠠᠪᠬᠢ ᠶᠢ ᠴᠢᠩᠭᠠᠳᠬᠠᠵᠤ᠂ ᠲᠥᠯᠥᠪᠵᠢᠭᠦᠯᠭᠡ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠵᠢᠯᠣᠭᠤᠳᠬᠤ ᠰᠠᠨᠠᠯ ᠲᠣᠭᠲᠠᠭᠠᠵᠣ᠂ | ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠶᠠᠪᠤᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ | ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠲᠥᠪ ᠴᠢᠩᠭ᠎ᠠ ᠴᠢᠨᠠᠷ ᠪᠣᠯᠣᠨ ᠡᠷᠬᠡ ᠰᠦᠷᠲᠦ ᠴᠢᠨᠠᠷ ᠢ ᠴᠢᠩᠭᠠᠳᠬᠠᠵᠤ᠂ ︽ᠲᠥᠯᠥᠪᠵᠢᠭᠦᠯᠭᠡ ᠪᠠᠷ | ᠬᠤᠰᠢᠭᠤᠴᠢᠯᠠᠭᠤᠯᠵᠣ᠂ ᠪᠦᠲᠦᠭᠡᠨ ᠪᠠᠶᠢᠭᠤᠯᠤᠯᠲᠠ ᠶᠢ ᠳᠠᠭᠠᠭᠤᠯᠬᠤ︾ ᠶᠢ ᠭᠤᠶᠢᠪᠢᠰᠢ ᠦᠭᠡᠢ ᠪᠠᠷᠢᠮᠲᠠᠯᠬᠤ ᠶᠣᠰᠣ ᠳᠦᠷᠢᠮ ᠪᠣᠯᠭᠠᠬᠤ ᠬᠡᠷᠡᠭᠲᠡᠢ᠃ ᠰᠢᠨ᠎ᠡ | ᠨᠢᠭᠡᠨ ᠡᠭᠡᠯᠵᠢ ᠶᠢᠨ ᠬᠤᠳᠠ ᠶᠢᠨ ᠶᠡᠷᠦᠩᠬᠡᠶ ᠳᠦᠷᠢᠮ ᠶᠢ ᠵᠠᠰᠠᠨ ᠨᠠᠶᠢᠷᠠᠭᠤᠯᠬᠤ ᠠᠵᠢᠯ ᠢ ᠡᠬᠢᠯᠡᠭᠦᠯᠵᠦ᠂ ᠬᠤᠳᠠ ᠶᠢᠨ ︽ᠬᠤᠣᠰ ᠵᠠᠰᠠᠬᠤ︾ ᠵᠡᠷᠭᠡ 14 | ᠵᠦᠢᠯ ᠤᠨ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠥᠷᠨᠢᠭᠦᠯᠵᠦ᠂ ︽ᠤᠯᠠᠨ ᠳᠦᠷᠢᠮ ᠢ ᠨᠢᠭᠡᠳᠬᠡᠬᠦ︾ ᠮᠡᠳᠡᠭᠡ ᠵᠠᠩᠭᠢ ᠶᠢᠨ ᠲᠠᠪᠴᠠᠩ ᠢ | ᠪᠠᠶᠢᠭᠤᠯᠣᠨ᠎ᠠ᠃ ᠰᠢᠶᠠᠩ ᠪᠠᠯᠭᠠᠰᠤᠨ ᠤ ᠲᠥᠯᠥᠪᠵᠢᠭᠦᠯᠭᠡ ᠶᠢᠨ ᠵᠥᠪᠯᠡᠯ ᠤᠨ ᠲᠦᠷᠢᠮ ᠢ ᠬᠡᠷᠡᠭᠵᠢᠭᠦᠯᠵᠦ᠂ ᠰᠢᠶᠠᠩ ᠪᠠᠯᠭᠠᠰᠤ᠂ ᠬᠥᠳᠡᠭᠡ ᠲᠣᠰᠬᠤᠨ ᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ | ᠭᠤᠣᠯ ᠬᠤᠲᠠ ᠲᠣᠭᠤᠷᠢᠭ ᠢ ᠵᠠᠰᠠᠨ ᠥᠭᠡᠷᠡᠴᠢᠯᠡᠵᠦ ᠪᠥᠳᠥᠭᠡᠨ ᠪᠠᠶᠢᠭᠤᠯᠬᠤ ᠶᠢ ᠦᠷᠭᠦᠯᠵᠢᠯᠡᠨ ᠴᠢᠩᠭᠠᠳᠬᠠᠨ᠎ᠠ᠃ ᠬᠤᠳᠠ ᠶᠢᠨ ᠵᠠᠮ ᠤᠨ | ᠰᠢᠰᠲ᠋ᠧᠮ ᠢ ᠲᠡᠭᠦᠯᠳᠡᠷᠵᠢᠭᠦᠯᠦᠨ᠂ ᠪᠠᠶᠠᠨ ᠵᠠᠮ᠂ ᠶᠢᠨ ᠬᠠᠢ ᠵᠠᠮ ᠵᠡᠷᠭᠡ ᠲᠦᠷᠭᠡᠨ ᠵᠠᠮ ᠤᠨ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠪᠣᠯᠣᠨ ᠬᠤᠲᠠ | ᠲᠣᠭᠤᠷᠢᠭᠰᠠᠨ ᠭᠤᠷᠪᠠᠳᠣᠭᠠᠷ ᠲᠦᠷᠭᠡᠨ ᠵᠠᠮ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠲᠡᠷᠭᠡ ᠨᠡᠪᠲᠡᠷᠡᠭᠦᠯᠬᠦ ᠪᠠᠷ | ᠴᠢᠷᠮᠠᠶᠢᠬᠤ ᠬᠡᠷᠡᠭᠲᠡᠢ᠃ 53 ᠵᠠᠮ ᠬᠥᠭᠦᠷᠭᠡ ᠶᠢᠨ ᠨᠡᠪᠳᠡᠷᠡᠯ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ 73 ᠪᠠᠭ᠎ᠠ ᠵᠡᠭᠡᠯᠢ | ᠭᠤᠳᠣᠮᠵᠢ ᠶᠢ ᠵᠠᠰᠠᠨ ᠥᠭᠡᠷᠡᠴᠢᠯᠡᠨ᠎ᠡ᠃ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ | ᠲᠡᠷᠭᠡᠨ ᠥᠷᠲᠡᠭᠡᠨ ᠤ ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ᠂ ᠨᠦᠬᠡᠨ ᠵᠠᠮ ᠤᠨ ᠬᠡᠰᠡᠭ ᠪᠦᠯᠦᠭ ᠨᠢ ᠨᠡᠪᠲᠡᠷᠡᠬᠦ ᠶᠢ ᠪᠡᠶᠡᠯᠡᠭᠦᠯᠬᠦ ᠬᠡᠷᠡᠭᠲᠡᠢ᠃ | ᠳᠥᠭᠦᠮ ᠪᠦᠳᠦᠭᠦᠯᠢᠭ ᠣᠷᠣᠨ ᠰᠠᠭᠤᠴᠠ10036 ᠡᠷᠦᠬᠡ᠂ 363 ᠲᠦᠮᠡᠨ ᠲᠡᠭᠰᠢ ᠳᠥᠷᠪᠡᠯᠵᠢᠨ ᠮᠧᠲᠷ ᠶᠢ ᠵᠠᠰᠠᠨ ᠰᠢᠨᠡᠳᠬᠡᠵᠦ᠂ ᠤᠯᠤᠰ ᠤᠨ | ᠬᠠᠭᠤᠴᠢᠨ ᠲᠣᠭᠤᠷᠢᠭ ᠢ ᠰᠢᠨᠡᠳᠬᠡᠨ ᠥᠭᠡᠷᠡᠴᠢᠯᠡᠬᠦ ᠲᠣᠷᠰᠢᠯᠲᠠ ᠶᠢᠨ ᠬᠤᠳᠠ ᠶᠢᠨ ᠡᠭᠦᠷᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠠᠷᠢᠮᠵᠢᠶ᠎ᠠ ᠪᠠᠨ | ᠳᠡᠭᠡᠭᠰᠢᠯᠡᠭᠦᠯᠦᠨ ᠥᠭᠡᠷᠡᠴᠢᠯᠡᠬᠦ ᠬᠠᠭᠤᠴᠢᠨ ᠲᠣᠭᠤᠷᠢᠭ 78 ᠪᠣᠢ᠃ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ᠂ ᠪᠠᠴᠢᠮ ᠪᠠᠶᠢᠳᠠᠯ ᠢ | ᠠᠷᠭᠠᠴᠠᠭᠠᠨ ᠴᠡᠪᠡᠷᠰᠢᠭᠦᠯᠬᠦ ᠦᠢᠯᠡᠳᠪᠦᠷᠢ᠂ ᠪᠣᠬᠢᠷ ᠤᠰᠤᠨ ᠤ ᠠᠷᠢᠭᠤᠳᠬᠠᠯ᠂ ᠪᠣᠷᠣᠭᠠᠨ ᠤ ᠤᠰᠤ ᠶᠢᠨ ᠪᠣᠬᠢᠷ ᠤᠰᠤ ᠶᠢ ᠰᠠᠯᠭᠠᠬᠤ᠂ ᠢᠯᠴᠢ ᠡᠭᠦᠰᠭᠡᠭᠴᠢ | ᠴᠢᠭ᠋ ᠤᠨ ᠪᠦᠲᠦᠭᠡᠨ ᠪᠠᠶᠢᠭᠤᠯᠤᠯᠲᠠ ᠵᠡᠷᠭᠡ ᠪᠠᠷᠢᠯᠭ᠎ᠠ ᠶᠢᠨ ᠠᠵᠢᠯ ᠢ ᠥᠷᠨᠢᠭᠦᠯᠵᠦ᠂ ᠮᠢᠩᠭᠠᠨ ᠲᠣᠨ ᠤ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ 2 ᠶᠢ | ᠡᠬᠢᠯᠡᠭᠦᠯᠦᠨ ᠪᠠᠶᠢᠭᠤᠯᠵᠣ᠂ ᠳᠠᠬᠢᠯᠲᠠ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠲᠦᠯᠦᠪᠵᠢᠭᠦᠯᠦᠨ ᠪᠦᠳᠦᠬᠡᠨ ᠪᠠᠶᠢᠭᠤᠯᠣᠨ᠎ᠠ᠃ ᠱᠠᠨᠰᠢ ᠪᠡᠭᠡᠵᠢᠩ ᠤᠨ | ᠳᠥᠷᠪᠡᠨ ᠱᠤᠭᠤᠮ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠰᠢᠭᠤᠳ ᠬᠠᠩᠭᠠᠯᠲᠠ ᠶᠢ ᠲᠥᠯᠬᠢᠨ ᠠᠬᠢᠭᠤᠯᠵᠤ᠂ ᠬᠤᠳᠠ ᠶᠢᠨ ᠬᠤᠣᠰ ᠬᠡᠢ ᠶᠢᠨ ᠡᠬᠢ | ᠰᠣᠷᠪᠣᠯᠵᠢ ᠶᠢᠨ ᠬᠠᠩᠭᠠᠯᠭ᠎ᠠ ᠶᠢ ᠪᠡᠶᠡᠯᠡᠭᠦᠯᠬᠦ ᠬᠡᠷᠡᠭᠲᠡᠢ᠃ ᠪᠦᠬᠦ ᠵᠢᠯ ᠳᠤ ᠡᠯ᠎ᠡ ᠲᠥᠷᠥᠯ ᠤᠨ ᠤᠰᠤ ᠲᠠᠲᠠᠷᠠᠭᠤᠯᠬᠤ ᠬᠤᠭᠤᠯᠠᠶ ᠶᠢᠨ ᠲᠣᠣᠷ 203 | ᠺᠢᠯᠣᠮᠧᠲᠷ ᠳᠡᠪᠢᠰᠴᠦ᠂ ᠬᠤᠲᠠ ᠶᠢᠨ ᠳᠣᠲᠣᠷᠠᠬᠢ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ 60 ᠺᠢᠯᠣᠮᠧᠲᠷ᠂ ᠢᠯᠴᠢ ᠬᠠᠩᠭᠠᠬᠤ | ᠬᠤᠭᠤᠯᠠᠶ ᠶᠢᠨ ᠲᠣᠣᠷ ᠢ 300 ᠺᠢᠯᠣᠮᠧᠲᠷ ᠥᠭᠡᠷᠡᠴᠢᠯᠡᠨ ᠰᠢᠨᠡᠳᠬᠡᠵᠦ᠂ ᠬᠤᠳᠠ ᠶᠢᠨ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠶ᠃ ᠬᠤᠳᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠶᠠᠭᠳᠠᠮᠠᠯ | ᠭᠠᠵᠠᠷ ᠤᠨ ᠨᠣᠭᠤᠭᠠᠷᠠᠭᠤᠯᠣᠯᠲᠠ ᠶᠢᠨ ᠲᠥᠷᠥᠯ ᠵᠦᠢᠯ 1 ᠶᠢ ᠬᠡᠷᠡᠭᠵᠢᠭᠦᠯᠵᠦ᠂ 2 ᠴᠡᠴᠡᠷᠯᠢᠭ ᠰᠢᠨ᠎ᠡ ᠪᠠᠷ ᠪᠠᠶᠢᠭᠤᠯᠵᠣ᠂ ᠮᠢᠩᠭᠠᠨ ᠮᠦ ᠭᠤᠣᠯᠲᠤ | ᠪᠣᠷᠣ ᠶᠢᠨ ᠬᠦᠷᠢᠶᠡᠯᠡᠩ᠂ ᠮᠧᠩ ᠼᠤᠤ ᠪᠦᠯᠦᠭᠯᠡᠯ ᠤᠨ ᠡᠪᠡᠰᠦ ᠴᠡᠴᠡᠭ ᠤᠨ ᠬᠦᠷᠢᠶᠡᠯᠡᠩ ᠢ ᠪᠠᠶᠢᠭᠤᠯᠣᠨ᠂ 3000 ᠲᠦᠮᠡᠨ ᠰᠠᠭᠤᠷᠢ ᠮᠣᠳᠣ ᠰᠢᠨ᠎ᠡ ᠪᠠᠷ | ᠵᠠᠶᠢᠯᠠᠵᠣ᠂ ᠨᠣᠭᠤᠭᠠᠷᠠᠭᠤᠯᠤᠯᠲᠠ ᠶᠢᠨ ᠲᠠᠯᠠᠪᠠᠶ ᠶᠢ 2400 ᠮᠦ ᠰᠢᠨ᠎ᠡ ᠪᠠᠷ ᠨᠡᠮᠡᠭᠳᠡᠭᠦᠯᠦᠨ᠎ᠡ ᠃ | ᠬᠤᠳᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠬᠤᠳᠠ ᠶᠢᠨ ᠬᠠᠮᠢᠶᠠᠷᠤᠯᠲᠠ ᠶᠢᠨ | ᠵᠥᠪᠯᠡᠯ ᠤᠨ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠪᠦᠰᠡ᠂ ᠰᠠᠯᠠᠭ᠎ᠠ ᠮᠥᠴᠢᠷ ᠬᠤᠭᠤᠷᠣᠨᠳᠤ ᠪᠠᠨ ᠬᠠᠮᠵᠢᠯᠴᠠᠨ | ᠬᠠᠮᠢᠶᠠᠷᠬᠤ ᠪᠠ ᠬᠤᠯᠪᠣᠭᠠᠯᠠᠨ ᠬᠦᠳᠡᠯᠦᠯᠴᠡᠵᠦ ᠬᠠᠤᠯᠢ ᠬᠡᠷᠡᠭᠵᠢᠭᠦᠯᠬᠦ ᠶᠢ ᠪᠡᠶᠡᠯᠡᠭᠦᠯᠵᠦ᠂ ᠨᠡᠩ ᠨᠠᠷᠢᠨ ᠨᠢᠭᠲᠠ ᠤᠷᠳᠤ ᠬᠤᠭᠤᠴᠠᠭᠠᠨ ᠤ ᠪᠥᠳᠥᠮᠵᠢᠳᠤ | ᠬᠠᠮᠢᠶᠠᠷᠤᠯᠲᠠ ᠶᠢᠨ ᠲᠣᠭᠲᠠᠴᠠ ᠶᠢ ᠪᠣᠢ ᠪᠣᠯᠭᠠᠨ᠎ᠠ᠃ ᠬᠤᠳᠠ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶ ᠥᠷᠨᠢᠭᠦᠯᠵᠦ᠂ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠴᠡᠭᠴᠡᠯᠡᠨ ᠵᠠᠰᠠᠬᠤ ᠬᠡᠪᠴᠢᠶ᠎ᠡ ᠪᠠᠨ | ᠥᠷᠭᠡᠳᠬᠡᠨ᠂ ᠴᠡᠭᠴᠡᠯᠡᠨ ᠵᠠᠰᠠᠬᠤ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠤᠯᠤᠰ ᠤᠨ ᠴᠡᠪᠡᠷ ᠬᠤᠳᠠ ᠶᠢ ᠪᠦᠲᠦᠭᠡᠨ ᠪᠠᠶᠢᠭᠤᠯᠬᠤ ᠪᠠᠷ ᠢᠳᠡᠪᠬᠢᠯᠡᠨ ᠴᠢᠷᠮᠠᠶᠢᠬᠤ | ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠷᠢᠮᠵᠢᠶᠠᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠶᠢᠨ ᠵᠠᠮ ᠤᠨ | ᠮᠠᠰᠢᠨᠴᠢᠯᠠᠭᠰᠠᠨ ᠴᠡᠪᠡᠷᠯᠡᠭᠡ ᠶᠢᠨ ᠨᠤᠷᠮ᠎ᠠ ᠶᠢ 80 % ᠠᠴᠠ ᠳᠡᠭᠡᠭᠰᠢ ᠲᠣᠭᠲᠠᠪᠤᠷᠢᠵᠢᠭᠤᠯᠵᠤ᠂ ᠬᠦᠬᠡᠬᠤᠲᠠ ᠳᠤ 500 ᠵᠣᠭᠰᠣᠭᠠᠯ ᠥᠷᠲᠡᠭᠡ ᠪᠣᠯᠣᠨ | ᠡᠯ᠎ᠡ ᠲᠥᠷᠥᠯ ᠤᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ 40 ᠪᠠᠶᠢᠭᠤᠯᠵᠣ᠂ ᠬᠤᠭᠤᠯᠠ ᠪᠤᠳᠠᠭᠠᠨ ᠤ ᠬᠤᠭ ᠨᠣᠪᠰᠢ ᠶᠢ ᠰᠢᠢᠳᠪᠦᠷᠢᠯᠡᠬᠦ | ᠠᠵᠢᠯ ᠤᠨ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠠᠵᠢᠯ ᠤᠨ ᠪᠠᠶᠢᠭᠤᠯᠣᠯᠲᠠ ᠬᠠᠮᠢᠶᠠᠷᠣᠯᠲᠠ ᠶᠢ ᠴᠢᠩᠭᠠᠳᠬᠠᠵᠤ᠂ ᠲᠡᠭᠦᠨ ᠤ ᠵᠠᠮ | ᠬᠠᠷᠢᠯᠴᠠᠭ᠎ᠠ ᠪᠣᠯᠣᠨ ᠣᠷᠴᠢᠨ ᠲᠣᠭᠤᠷᠢᠨ ᠵᠡᠷᠭᠡ ᠳᠤ ᠦᠵᠡᠭᠦᠯᠬᠦ ᠨᠥᠯᠥᠭᠡ ᠶᠢ ᠪᠠᠭᠠᠰᠬᠠᠬᠤ ᠬᠡᠷᠡᠭᠲᠡᠢ᠃ ᠡᠯ᠎ᠡ ᠲᠦᠷᠦᠯ ᠤᠨ ᠡᠬᠢ ᠪᠠᠶᠠᠯᠢᠭ ᠪᠣᠯᠣᠨ | ᠬᠠᠮᠢᠶᠠᠷᠤᠯᠲᠠ ᠶᠢᠨ ᠲᠠᠪᠴᠠᠩ ᠢ ᠨᠢᠭᠡᠳᠬᠡᠵᠦ᠂ ︽ᠣᠶᠣᠨᠴᠢᠷ ᠬᠥᠬᠡᠬᠤᠲᠠ︾ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠬᠤᠲᠠ ᠶᠢ ᠪᠦᠷᠬᠦᠵᠦ᠂ ᠨᠢᠭᠡᠳᠦᠯᠲᠡᠶ ᠲᠥᠯᠥᠪᠯᠡᠨ ᠠᠰᠢᠭᠯᠠᠵᠣ᠂ ᠨᠢᠭᠡᠳᠦᠯᠲᠡᠶ ᠵᠢᠯᠣᠭᠤᠳᠴᠤ᠂ ᠨᠢᠭᠡᠳᠦᠯᠲᠡᠶ ᠲᠤᠬᠢᠷᠠᠭᠤᠯᠵᠣ ᠳᠡᠶᠢᠯᠬᠦ ᠲᠤᠭ᠎ᠠ ᠪᠠᠷᠢᠮᠲᠠ ᠶᠢ | ᠬᠠᠮᠲᠤᠪᠠᠷ ᠡᠳ᠋ᠯᠡᠬᠦ ᠬᠠᠮᠢᠶᠠᠷᠤᠯᠲᠠ ᠶᠢᠨ ᠲᠠᠪᠴᠠᠩ ᠢ ᠪᠣᠢ ᠪᠣᠯᠭᠠᠬᠤ ᠬᠡᠷᠡᠭᠲᠡᠶ᠃ ᠰᠠᠭᠤᠭᠠᠯᠢ ᠠᠷᠠᠳ ᠤᠨ ᠲᠣᠭᠤᠷᠢᠭ ᠳᠠᠬᠢ ᠬᠦᠷᠢᠶ᠎ᠡ ᠬᠠᠰᠢᠶ᠎ᠠ ᠶᠢ ᠣᠷᠢᠳᠠᠪᠠᠷ | ᠨᠤᠷᠠᠭᠠᠵᠣ ᠳᠠᠷᠠᠭ᠎ᠠ ᠨᠢ ᠨᠣᠭᠤᠭᠠᠷᠠᠭᠤᠯᠬᠤ ᠲᠣᠷᠰᠢᠯᠲᠠ ᠶᠢᠨ ᠴᠢᠭ᠋ ᠪᠣᠯᠣᠨ ᠬᠦᠷᠢᠶ᠎ᠡ ᠬᠠᠰᠢᠶᠠᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ | ᠬᠠᠮᠢᠶᠠᠷᠣᠯᠲᠠ ᠳᠤ ᠲᠦᠰᠢᠭᠯᠡᠨ ᠬᠤᠳᠠ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠬᠤᠳᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠣ᠂ ᠬᠤᠳᠠ ᠶᠢᠨ ᠷᠢᠳᠢ | ᠰᠢᠳᠢ ᠶᠢ ᠢᠯᠡᠷᠡᠭᠦᠯᠬᠦ ᠪᠣᠯᠤᠨ᠎ᠠ᠃ | ᠵᠠᠮ ᠬᠠᠷᠢᠯᠴᠠᠭᠠᠨ ᠤ ᠲᠦᠭᠵᠢᠷᠡᠯ ᠢ ᠰᠢᠯᠤᠭᠤᠳᠬᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠢ᠃ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠵᠠᠮ ᠬᠠᠷᠢᠯᠴᠠᠭᠠᠨ ᠤ ᠲᠦᠭᠵᠢᠷᠡᠯ ᠢ ᠵᠠᠰᠠᠬᠤ ᠬᠠᠮᠲᠤᠷᠠᠭᠰᠠᠨ ᠬᠤᠷᠠᠯ ᠤᠨ ᠲᠥᠷᠢᠮ ᠢ ᠲᠣᠭᠲᠠᠭᠠᠵᠣ᠂ ᠰᠠᠯᠠᠭ᠎ᠠ | ᠮᠦᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠡᠩ ᠲᠡᠷᠢᠭᠦᠨ ᠳᠤ ᠨᠡᠶᠢᠲᠡ ᠶᠢᠨ ᠮᠠᠰᠢᠨ ᠲᠡᠷᠭᠡᠨ ᠤ ᠬᠦᠭᠵᠢᠯᠲᠡ ᠶᠢ ᠲᠦᠯᠬᠢᠨ | ᠠᠬᠢᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠲᠠᠯᠠᠪᠤᠷ ᠥᠷᠲᠡᠭᠡ 13 ᠶᠢ ᠰᠢᠨ᠎ᠡ ᠪᠠᠷ ᠪᠠᠶᠢᠭᠤᠯᠤᠨ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ | 500 ᠶᠢ ᠬᠤᠳᠠᠯᠳᠤᠨ ᠠᠪᠴᠣ᠂ ᠨᠡᠶᠢᠲᠡ ᠶᠢᠨ ᠮᠠᠰᠢᠨ ᠤ ᠲᠤᠰᠬᠠᠶ ᠱᠤᠭᠤᠮ 326 ᠺᠢᠯᠣᠮᠧᠲᠷ ᠲᠦᠯᠦᠪᠯᠡᠨ ᠵᠢᠷᠣᠵᠣ᠂ ᠨᠡᠶᠢᠲᠡ ᠶᠢᠨ ᠮᠠᠰᠢᠨ ᠤ ᠱᠤᠭᠤᠮ | 11 ᠵᠤᠷᠪᠤᠰ ᠰᠢᠨ᠎ᠡ ᠪᠠᠷ ᠨᠡᠮᠡᠨ᠂ ᠰᠤᠷᠤᠭᠴᠢ ᠶᠢᠨ ᠲᠤᠰᠬᠠᠶ ᠨᠡᠶᠢᠲᠡ ᠶᠢᠨ ᠮᠠᠰᠢᠨ ᠤ ᠱᠤᠭᠤᠮ 12 ᠵᠤᠷᠪᠤᠰ ᠢ ᠬᠡᠷᠡᠭᠯᠡᠯᠲᠡ ᠳᠤ ᠣᠷᠣᠭᠤᠯᠵᠣ᠂ ᠵᠠᠮ | ᠬᠠᠷᠢᠯᠴᠠᠭᠠᠨ ᠤ ᠢᠳᠡ ᠦᠶ᠎ᠡ ᠳᠠᠬᠢ ᠪᠦᠰᠡ ᠬᠤᠭᠤᠷᠣᠨᠳᠣᠬᠢ ᠱᠤᠭᠤᠮ 5 ᠵᠤᠷᠪᠤᠰ᠂ ᠵᠤᠷᠰᠢᠯᠲᠦ ᠨᠡᠶᠢᠲᠡ ᠶᠢᠨ ᠮᠠᠰᠢᠨ ᠤ ᠱᠤᠭᠤᠮ 3 ᠵᠤᠷᠪᠤᠰ ᠢ | ᠨᠡᠭᠡᠭᠡᠵᠦ᠂ ᠶᠠᠪᠠᠭᠠᠨ ᠬᠥᠮᠦᠨ ᠤ ᠵᠡᠭᠡᠯᠢ ᠭᠡᠲᠦᠯᠬᠦ ᠬᠥᠭᠦᠷᠭᠡ 10 ᠶᠢ ᠰᠢᠨ᠎ᠡ ᠪᠠᠷ ᠪᠠᠶᠢᠭᠤᠯᠣᠨ᠎ᠠ᠃ ᠵᠠᠮ ᠡᠵᠡᠯᠡᠭᠰᠡᠨ ᠪᠠᠷᠢᠯᠭ᠎ᠠ ᠶᠢ ᠴᠡᠪᠡᠷᠯᠡᠬᠦ ᠪᠠ ᠰᠢᠷᠤᠭ | ᠨᠡᠭᠦᠯᠭᠡᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ 9 ᠵᠤᠷᠪᠤᠰ ︽ᠮᠤᠬᠤᠷ ᠵᠠᠮ︾ ᠢ ᠲᠡᠷᠭᠡ ᠨᠡᠪᠲᠡᠷᠡᠭᠦᠯᠵᠦ᠂ ᠵᠠᠮ ᠬᠠᠷᠢᠯᠴᠠᠭᠠᠨ ᠤ ᠰᠠᠭᠠᠳ ᠦᠭᠡᠢ | ᠣᠷᠴᠢᠯ ᠢ ᠪᠣᠢ ᠪᠣᠯᠭᠠᠬᠤ ᠬᠡᠷᠡᠭᠲᠡᠢ᠃ ᠬᠤᠲᠠᠨ ᠳᠠᠬᠢ ᠡᠯ᠎ᠡ ᠵᠡᠭᠡᠯᠢ ᠭᠤᠳᠣᠮᠵᠢ ᠳᠤ ᠲᠡᠷᠭᠡᠨ ᠵᠣᠭᠰᠣᠭᠠᠯ ᠵᠢᠷᠣᠵᠣ ᠲᠥᠯᠥᠪᠯᠡᠨ᠂ ᠡᠯ᠎ᠡ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠲᠡᠷᠭᠡᠨ ᠵᠣᠭᠰᠣᠭᠠᠯ ᠢ ᠠᠯᠬᠤᠮ ᠠᠯᠬᠤᠮ ᠢᠶᠠᠷ ᠨᠡᠶᠢᠭᠡᠮ ᠨᠡᠶᠢᠲᠡ ᠳᠤ ᠴᠢᠯᠥᠭᠡᠲᠡᠶ ᠲᠠᠯᠪᠢᠵᠤ᠂ 10 ᠪᠡᠶᠡᠲᠦ | ᠴᠣᠭᠴᠠᠲᠣ ᠲᠡᠷᠭᠡᠨ ᠵᠣᠭᠰᠣᠭᠠᠯ ᠪᠠᠶᠢᠭᠤᠯᠤᠨ᠂ ᠲᠡᠷᠭᠡ ᠵᠣᠭᠰᠣᠭᠠᠬᠤ ᠣᠷᠣ 2 ᠲᠦᠮᠡ ᠶᠢ ᠰᠢᠨ᠎ᠡ ᠪᠠᠷ ᠨᠡᠮᠡᠭᠳᠡᠭᠦᠯᠦᠨ᠎ᠡ᠃ ᠰᠦᠯᠵᠢᠶᠡᠨ ᠳᠡᠭᠡᠷ᠎ᠡ ᠲᠡᠷᠭᠡ | ᠳᠠᠭᠤᠳᠠᠬᠤ ᠬᠢᠨᠠᠯᠲᠠ ᠬᠠᠮᠢᠶᠠᠷᠣᠯᠲᠠ ᠶᠢ ᠴᠢᠩᠭᠠᠳᠬᠠᠬᠤ ᠬᠡᠷᠡᠭᠲᠡᠶ᠃ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠵᠠᠮ | ᠬᠠᠷᠢᠯᠴᠠᠭᠠᠨ ᠤ ᠲᠡᠮᠳᠡᠭ ᠵᠢᠷᠤᠭᠠᠰᠤ ᠶᠢ ᠰᠢᠰᠲ᠋ᠧᠮ ᠲᠠᠢ ᠵᠢᠷᠣᠵᠣ ᠲᠦᠯᠦᠪᠯᠡᠬᠦ ᠪᠠ ᠥᠭᠡᠷᠡᠴᠢᠯᠡᠨ ᠵᠠᠰᠠᠵᠤ᠂ ᠣᠶᠣᠨᠴᠢ ᠵᠠᠮ ᠬᠠᠷᠢᠯᠴᠠᠭᠠᠨ ᠤ ᠡᠵᠡᠮᠰᠢᠯ ᠤᠨ | ᠵᠢᠯᠣᠭᠤᠳᠬᠤ ᠲᠠᠪᠴᠠᠩ ᠢ ᠲᠡᠭᠦᠯᠳᠡᠷᠵᠢᠭᠦᠯᠬᠦ ᠬᠡᠷᠡᠭᠲᠡᠶ᠃ ᠭᠠᠷ ᠣᠲᠠᠰᠣᠨ ᠤ ᠵᠠᠮ ᠬᠠᠷᠢᠯᠴᠠᠭ᠎ᠠ ᠶᠢᠨ ᠦᠢᠯᠡᠴᠢᠯᠡᠭᠡᠨ ᠤ ᠲᠠᠪᠴᠠᠩ ᠢ ᠨᠡᠪᠲᠡᠷᠡᠭᠦᠯᠵᠦ᠂ | ᠬᠤᠳᠠ ᠶᠢᠨ ᠠᠷᠠᠳ ᠤᠨ ᠵᠠᠮ ᠬᠠᠷᠢᠯᠴᠠᠭᠠᠨ ᠤ ᠲᠦᠭᠵᠢᠷᠡᠯ ᠢ ᠵᠠᠰᠠᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠣ᠂ ᠲᠦᠷᠢᠮ ᠠᠴᠠ ᠵᠦᠷᠢᠴᠡᠭᠰᠡᠨ | ᠠᠵᠢᠯᠯᠠᠭ᠎ᠠ ᠶᠢ ᠰᠡᠭᠦᠳᠡᠷᠯᠡᠨ ᠰᠢᠩᠭᠡᠭᠡᠵᠦ ᠰᠦᠯᠵᠢᠶᠡᠨ ᠳᠤ ᠳᠠᠮᠵᠢᠭᠤᠯᠬᠤ᠂ ᠡ᠊ᠩ ᠤᠨ ᠵᠠᠮ ᠬᠠᠷᠢᠯᠴᠠᠭᠠᠨ ᠤ ᠡ᠊ᠨᠳᠡᠯ ᠢ ᠠᠷᠤ ᠲᠠᠪᠴᠠᠩ ᠳᠤ ᠲᠦᠯᠦᠬᠦ ᠪᠠ | ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ | ᠭᠤᠣᠯᠳᠠᠯᠭ᠎ᠠ ᠲᠠᠢ ᠬᠤᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢ ᠲᠥᠪᠯᠡᠷᠡᠭᠦᠯᠦᠨ ᠳᠡᠮᠵᠢᠬᠦ ᠬᠡᠷᠡᠭᠲᠡᠶ᠃ ᠦᠢᠯᠡᠳᠪᠦᠷᠢᠯᠡᠯ ᠤᠨ ᠣᠷᠣᠨ | ᠵᠠᠶ ᠶᠢᠨ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠠᠮᠢᠳᠤᠷᠠᠯ ᠤᠨ ᠣᠷᠣᠨ ᠵᠠᠶ ᠶᠢᠨ ᠣᠷᠣᠰᠢᠨ ᠲᠣᠭᠲᠠᠨᠢᠬᠤ ᠳᠤ ᠲᠣᠬᠢᠷᠠᠮᠵᠢᠲᠠᠶ᠂ ᠠᠮᠢ ᠠᠬᠤᠶ ᠶᠢᠨ | ᠣᠷᠣᠨ ᠵᠠᠶ ᠨᠢ ᠭᠤᠴᠣ ᠰᠠᠶᠢᠬᠠᠨ ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠤᠲᠠ ᠪᠠᠯᠭᠠᠰᠤ ᠶᠢᠨ ᠠᠵᠤ ᠦᠢᠯᠡᠰ ᠤᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠲᠠᠰᠤᠷᠠᠯᠲᠠ ᠦᠭᠡᠶ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠠᠷᠠᠯᠵᠢᠶ᠎ᠠ ᠬᠤᠳᠠᠯᠳᠤᠭ᠎ᠠ ᠪᠣᠯᠣᠨ ᠡᠳ᠋ | ᠪᠠᠷᠠᠭᠠᠨ ᠤ ᠭᠦᠢᠯᠭᠡᠭᠡ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ᠂ ᠵᠢᠭᠤᠯᠴᠢᠯᠠᠯ ᠵᠡᠷᠭᠡ ᠲᠤᠰᠬᠠᠶ ᠣᠨᠴᠠᠯᠢᠭ ᠪᠦᠬᠦᠢ ᠵᠢᠵᠢᠭ ᠬᠤᠲᠠ ᠪᠠᠯᠭᠠᠰᠤ ᠶᠢ | ᠲᠦᠷᠭᠡᠪᠴᠢᠯᠡᠨ ᠪᠣᠶᠢᠵᠢᠭᠤᠯᠣᠨ᠎ᠠ᠃ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ | ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠪᠣᠯᠣᠨ ᠣᠷᠣᠰᠢᠨ ᠰᠠᠭᠤᠬᠤ ᠴᠢᠳᠠᠮᠵᠢ ᠶᠢ | ᠲᠡᠭᠦᠯᠳᠡᠷᠵᠢᠭᠦᠯᠵᠦ᠂ ᠬᠥᠮᠦᠨ ᠠᠮᠠ ᠶᠢᠨ ᠲᠥᠪᠯᠡᠷᠡᠯ ᠪᠣᠯᠣᠨ ᠬᠥᠳᠡᠭᠡ ᠲᠣᠰᠬᠤᠨ ᠢ ᠳᠠᠶᠢᠴᠢᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | ︵ᠨᠠᠢᠮᠠ︶ ᠠᠮᠢ ᠠᠬᠤᠢ ᠶᠢᠨ ᠬᠠᠮᠠᠭᠠᠯᠠᠯᠲᠠ ᠶᠢᠨ ᠪᠥᠳᠥᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠶ ᠶᠢᠨ | ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ | ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠣᠨ᠎ᠠ᠃ ᠭᠤᠣᠯ ᠠᠭᠤᠯᠠ ᠨᠢᠷᠤᠭᠤ᠂ ᠵᠡᠮ ᠬᠠᠷᠢᠯᠴᠠᠭᠠᠨ ᠤ ᠭᠤᠣᠯ | ᠵᠡᠮ᠂ ᠭᠤᠣᠯ ᠪᠣᠯᠬᠤ ᠭᠤᠣᠯ ᠮᠥᠷᠡᠨ ᠢᠶᠠᠷ ᠭᠤᠣᠯᠳᠠᠯᠭ᠎ᠠ ᠪᠣᠯᠭᠠᠨ᠂ ᠲᠦᠮᠡᠳ ᠤᠨ ᠲᠠᠯ᠎ᠠ ᠭᠠᠵᠠᠷ ᠢᠶᠠᠷ ᠭᠤᠣᠯ ᠴᠣᠭᠴᠠ ᠪᠤᠯᠭᠠᠵᠣ᠂ ᠤᠯᠤᠰ ᠤᠨ ᠴᠢᠬᠤᠯᠠ | ᠶᠡᠭᠡ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠣᠨ᠎ᠠ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ᠂ ᠮᠠᠨ | ᠬᠠᠨ ᠱᠠᠨᠠᠭᠤᠯᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠯ᠎ᠡ | ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠤᠷᠠᠬᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠴᠡᠪᠡᠷᠯᠡᠨ ᠬᠠᠭᠠᠵᠤ᠂ | ᠠᠭᠤᠷᠬᠠᠶ ᠶᠢᠨ ᠣᠷᠣᠨ ᠤ ᠠᠮᠢ ᠠᠬᠤᠶ ᠶᠢᠨ ᠰᠡᠷᠭᠦᠨ ᠵᠠᠰᠠᠯᠲᠠ ᠶᠢ ᠲᠦᠯᠬᠢᠨ ᠠᠬᠢᠭᠤᠯᠵᠤ ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ 7 ᠭᠤᠤ ᠶᠢᠨ ᠰᠢᠰᠲ᠋ᠧᠮ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠬᠥᠬᠡᠬᠤᠲᠠ ᠪᠤᠭᠤᠲᠤ ᠤᠷᠳᠤᠰ ᠤᠨ ᠬᠠᠳᠤᠨ ᠭᠤᠣᠯ ᠳᠠᠭᠠᠤ ᠶᠢᠨ ᠠᠮᠢ | ᠠᠬᠤᠶ ᠶᠢᠨ ᠬᠤᠩᠬᠢᠯ ᠪᠣᠯᠣᠨ ᠮᠤᠨᠢ ᠠᠭᠤᠯᠠ ᠶᠢᠨ ᠠᠷᠤ ᠬᠤᠷᠮᠣᠶ ᠶᠢ ᠨᠣᠭᠤᠭᠠᠷᠠᠭᠤᠯᠬᠤ ᠢᠨᠵᠧᠨᠧᠷᠢᠩ ᠢ ᠡᠬᠢᠯᠡᠭᠦᠯᠵᠦ᠂ ᠨᠣᠭᠤᠭᠠᠷᠠᠭᠤᠯᠵᠤ ᠣᠶᠢᠵᠢᠭᠤᠯᠬᠤ | ᠡᠷᠴᠢᠮ ᠢ ᠪᠦᠭᠦ ᠲᠠᠯ᠎ᠠ ᠪᠠᠷ ᠴᠢᠩᠭᠠᠷᠠᠭᠤᠯᠵᠤ᠂ ᠪᠦᠬᠦ ᠵᠢᠯ ᠳᠤ ᠠᠮᠢ ᠠᠬᠤᠶ ᠶᠢᠨ ᠪᠦᠳᠦᠬᠡᠨ ᠪᠠᠶᠢᠭᠤᠯᠤᠯᠲᠠ ᠶᠢ 25 ᠲᠦᠮᠡᠨ ᠮᠦ ᠪᠡᠶᠡᠯᠡᠭᠦᠯᠦᠨ᠎ᠡ᠃ | ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠭᠠᠵᠠᠷ ᠳᠣᠣᠷᠠᠬᠢ | ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠳᠣᠨ ᠭᠤᠣᠯ ᠤᠨ ᠤᠰᠤ ᠶᠢ ᠬᠦᠬᠡᠬᠤᠲᠠ ᠳᠤ ᠲᠠᠲᠠᠬᠤ ᠲᠥᠬᠦᠭᠡᠷᠦᠮᠵᠢ ᠂ ᠳᠠᠬᠢᠯᠲᠠ | ᠤᠰᠤ ᠠᠰᠢᠭᠯᠠᠬᠤ ᠶᠢ ᠴᠢᠩᠭᠠᠳᠬᠠᠬᠤ᠂ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ ᠪᠠᠷ ᠳᠠᠮᠵᠢᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠨ | ᠠᠬᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠬᠡᠪᠴᠢᠶ᠎ᠡ ᠶᠢ ᠪᠦᠲᠦᠮᠵᠢᠲᠡᠶ ᠪᠠᠭᠤᠷᠠᠭᠤᠯᠤᠨ᠎ᠠ᠃ ᠲᠣᠭᠲᠠᠬᠤ ᠴᠢᠩ ᠱᠦᠢ ᠾᠧ ᠠᠵᠤ | ᠦᠢᠯᠡᠳᠪᠦᠷᠢ ᠶᠢᠨ ᠬᠦᠷᠢᠶᠡᠯᠡᠩ ᠤᠨ ᠳᠠᠬᠢᠯᠳᠠ ᠤᠰᠤᠨ ᠠᠰᠢᠭᠯᠠᠯᠲᠠ ᠶᠢᠨ ᠲᠤᠰᠬᠠᠶ ᠱᠤᠭᠤᠮ ᠢ ᠳᠡᠪᠢᠰᠴᠦ᠂ ᠲᠠᠬᠢᠯᠳᠠ ᠤᠰᠤ ᠶᠢ ᠠᠰᠢᠭᠯᠠᠬᠤ ᠨᠤᠷᠮ᠎ᠠ 50 | % ᠠᠴᠠ ᠳᠡᠭᠡᠭᠰᠢ ᠪᠠᠶᠢᠬᠤ ᠬᠡᠷᠡᠭᠲᠡᠢ᠃ ︽ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ︾᠂ ︽ᠨᠠᠭᠤᠷ ᠴᠥᠭᠦᠷᠥᠮ ᠤᠨᠠᠵᠢᠯ ᠳᠤ | ᠬᠠᠷᠢᠭᠤᠴᠠᠬᠤ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠲᠦᠷᠭᠡᠨ ᠭᠤᠣᠯ ᠤᠨ ᠪᠦᠬᠦ ᠣᠷᠣᠰᠬᠠᠯ᠂ ᠾᠦᠨᠾᠧ ᠭᠤᠣᠯ | ᠵᠡᠷᠭᠡ 7 ᠭᠤᠣᠯ ᠮᠥᠷᠡᠨ ᠢ ᠵᠠᠰᠠᠬᠤ ᠢᠨᠵᠧᠨᠧᠷᠢᠩ ᠢ ᠲᠦᠯᠬᠢᠨ ᠠᠬᠢᠭᠤᠯᠵᠤ᠂ ᠬᠠᠷ᠎ᠠ ᠤᠰᠤ ᠨᠠᠭᠤᠷ ᠤᠨ ᠨᠤᠭᠤ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠵᠤ᠂ ᠬᠠᠷ᠎ᠠ ᠤᠰᠤ ᠨᠠᠭᠤᠷ ᠤᠨ ᠤᠰᠤ ᠲᠠᠲᠠᠬᠤ ᠢᠨᠵᠧᠨᠧᠷᠢᠩ ᠢ ᠡᠬᠢᠯᠡᠭᠦᠯᠦᠨ᠂ ᠭᠤᠤᠯ ᠨᠠᠭᠤᠷ ᠤᠨ ᠤᠰᠤᠨ ᠤ ᠰᠢᠰᠲ᠋ᠧᠮ ᠤᠨ ᠬᠠᠷᠢᠯᠴᠠᠨ | ᠨᠡᠪᠲᠡᠷᠡᠯᠴᠡᠬᠦ ᠪᠠ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠬᠤ ᠬᠡᠷᠡᠭᠲᠡᠶ᠃ | ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢ ᠲᠥᠷᠭᠡᠳᠬᠡᠭᠦ ᠬᠡᠷᠡᠭᠲᠡᠢ᠃ ᠭᠤᠣᠯ ᠴᠣᠭᠴᠠ ᠶᠢᠨ ᠴᠢᠳᠠᠮᠵᠢᠲᠤ ᠣᠷᠣᠨ ᠤ | ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠬᠡᠷᠡᠭᠲᠡᠢ᠃ | ᠤᠳᠤᠷᠢᠳᠬᠤ ᠺᠠᠳ᠋ᠷ ᠤᠨ ᠲᠤᠰᠢᠶᠠᠯ ᠠᠴᠠ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠢᠨᠠᠨ ᠪᠣᠳᠣᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠬᠦᠷᠦᠩᠬᠡ ᠬᠤᠭᠰᠢᠯ ᠤᠨ ᠥᠮᠴᠢᠯᠡᠬᠦ ᠡᠷᠬᠡ ᠶᠢᠨ ᠳᠦᠷᠢᠮ ᠢ ᠲᠡᠭᠦᠯᠳᠡᠷᠵᠢᠭᠦᠯᠵᠦ᠂ ᠠᠮᠢ ᠠᠬᠤᠶ ᠶᠢᠨ | ᠣᠷᠴᠢᠨ ᠠᠬᠤᠶ ᠶᠢᠨ ᠬᠢᠨᠠᠨ ᠬᠠᠮᠢᠶᠠᠷᠤᠯᠲᠠ ᠶᠢᠨ ᠪᠠᠶᠢᠭᠤᠯᠤᠯ ᠳᠤ ᠥᠭᠡᠷᠡᠴᠢᠯᠡᠯᠲᠡ ᠬᠢᠵᠦ᠂ ᠵᠠᠬ᠎ᠠ ᠳᠡᠯᠭᠡᠭᠦᠷᠴᠢᠯᠡᠭᠰᠡᠨ ᠤᠯᠠᠨ ᠡᠰᠢᠲᠦ ᠠᠮᠢ ᠠᠬᠤᠶ ᠶᠢᠨ | ᠨᠥᠬᠦᠪᠥᠷᠢᠯᠡᠬᠦ ᠲᠣᠭᠲᠠᠴᠠ ᠶᠢ ᠰᠤᠳᠤᠯᠤᠨ ᠪᠠᠶᠢᠭᠤᠯᠬᠤ ᠬᠡᠷᠡᠭᠲᠡᠶ᠃ | ︵ᠶᠢᠰᠦ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ | ᠵᠠᠰᠠᠯᠲᠠ ᠶᠢᠨ ᠰᠢᠨ᠎ᠡ ᠪᠠᠶᠢᠳᠠᠯ ᠢ ᠪᠦᠬᠦ ᠬᠦᠴᠦ ᠪᠠᠷ ᠢᠶᠠᠨ ᠪᠣᠢ ᠪᠣᠯᠭᠠᠬᠤ ᠬᠡᠷᠡᠭᠲᠡᠢ᠃ | ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠶᠡᠬᠡᠪᠡᠷ ᠠᠬᠢᠭᠤᠯᠬᠤ ᠬᠡᠷᠡᠭᠲᠡᠶ᠃ ︽ᠠᠩᠬᠠᠨ ᠤ ᠡᠭᠦᠳᠦᠯᠲᠡ ᠳᠤ ᠲᠤᠰᠠᠯᠠᠬᠤ︾ ᠨᠡᠷᠡᠳᠤ | ᠲᠡᠮᠳᠡᠭᠲᠦ ᠶᠢᠨ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠬᠥᠳᠡᠯᠮᠦᠷᠢ ᠬᠦᠴᠦᠨ ᠢ ᠬᠡᠷᠡᠭᠯᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ | ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠵᠤ᠂ ᠰᠣᠷᠭᠠᠭᠤᠯᠢ ᠲᠡᠭᠦᠰᠦᠭᠰᠡᠨ ᠣᠶᠣᠲᠠᠳ᠂ ᠦᠢᠯᠡᠳᠪᠦᠷᠢᠯᠡᠬᠦ ᠴᠢᠳᠠᠮᠵᠢ ᠶᠢ ᠪᠠᠭᠤᠷᠠᠭᠤᠯᠣᠭᠰᠠᠨ ᠠᠵᠤ | ᠠᠬᠤᠶᠢᠯᠠᠯ ᠤᠨ ᠬᠤᠪᠢᠶᠠᠷᠢᠯᠠᠨ ᠭᠠᠷᠤᠭᠰᠠᠨ ᠠᠵᠢᠯᠳᠡᠨ ᠠᠵᠢᠯᠴᠢᠨ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠬᠦᠴᠦ ᠶᠢᠨ ᠠᠵᠢᠯ ᠣᠯᠭᠤᠬᠤ ᠠᠵᠢᠯ ᠢ | ᠰᠠᠶᠢᠲᠤᠷ ᠠᠳᠬᠤᠬᠤ ᠬᠡᠷᠡᠭᠲᠡᠶ᠃ ᠲᠠᠮᠫᠣᠷᠠᠯ ᠠᠴᠠ ᠪᠣᠯᠵᠣ ᠳᠦᠷᠢᠮ ᠢᠶᠠᠨ ᠬᠤᠪᠢᠷᠠᠭᠤᠯᠣᠭᠰᠠᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠢ | ᠲᠥᠪᠬᠢᠨᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠪᠦᠲᠦᠴᠡ ᠶᠢᠨ ᠴᠢᠨᠠᠷᠲᠤ ᠠᠵᠢᠯ ᠦᠭᠡᠶᠢᠳᠡᠯ ᠤᠨ ᠵᠥᠷᠢᠴᠡᠯ ᠢ ᠨᠠᠮᠳᠠᠭᠤᠯᠬᠤ ᠬᠡᠷᠡᠭᠲᠡᠢ᠃ | ᠠᠮᠢᠳᠤᠯᠢᠭ ᠠᠵᠢᠯ ᠣᠯᠭᠤᠯᠲᠠ ᠪᠣᠯᠣᠨ ᠰᠢᠨ᠎ᠡ ᠮᠠᠶ᠋ᠢᠭ ᠤᠨ ᠠᠵᠢᠯ ᠣᠯᠭᠤᠯᠲᠠ ᠶᠢ ᠳᠡᠮᠵᠢᠬᠦ ᠶᠢ ᠴᠢᠩᠭᠠᠳᠬᠠᠬᠤ ᠬᠡᠷᠡᠭᠲᠡᠶ᠃ ᠠᠵᠢᠯ ᠣᠯᠭᠤᠯᠲᠠ ᠳᠤ | ᠲᠤᠰᠠᠯᠠᠬᠤ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠳᠡ ᠶᠢᠨ ᠬᠠᠯᠠᠮᠵᠢ ᠶᠢᠨ ᠴᠢᠨᠠᠷᠲᠠᠶ ᠠᠵᠢᠯ ᠤᠨ ᠪᠠᠶᠢᠷᠢ ᠣᠯᠭᠤᠬᠤ ᠪᠠ | ᠬᠠᠮᠢᠶᠠᠷᠬᠤ ᠠᠵᠢᠯ ᠢ ᠵᠢᠷᠤᠮᠵᠢᠭᠤᠯᠵᠣ᠂ ︽ᠠᠵᠢᠯ ᠣᠯᠤᠭᠰᠠᠨ ᠬᠥᠮᠦᠨ ᠦᠭᠡᠢ ᠭᠡᠷ ᠪᠦᠯᠢ︾ ᠳᠤ ᠲᠤᠰᠠᠯᠠᠮᠵᠢ ᠦᠵᠡᠭᠦᠯᠬᠦ ᠠᠵᠢᠯ ᠢ ᠰᠠᠶᠢᠲᠤᠷ ᠠᠳᠬᠤᠨ᠎ᠠ᠃ | | ᠠᠷᠠᠳ ᠤᠨ ᠠᠮᠢᠳᠤᠷᠠᠯ ᠤᠨ ᠨᠡᠶᠢᠭᠡᠮ ᠤᠨ ᠪᠠᠲᠣᠯᠠᠭ᠎ᠠ ᠶᠢᠨ ᠲᠣᠣᠷ ᠢ ᠯᠠᠪᠳᠠᠭᠤᠨ ᠪᠠᠲᠤᠲᠠᠢ ᠪᠠᠶᠢᠯᠭᠠᠨ᠎ᠠ᠃ ᠪᠦᠬᠦ ᠠᠷᠠᠳ ᠢᠶᠠᠷ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠯᠪᠠᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠨᠢᠭᠡᠳᠬᠡᠨ᠎ᠡ᠃ ᠨᠡᠶᠢᠲᠡ ᠶᠢᠨ ᠪᠤᠰᠤ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ᠂ ᠠᠮᠢᠳᠤᠯᠢᠭ ᠢᠶᠠᠷ ᠠᠵᠢᠯ ᠣᠯᠤᠭᠰᠠᠳ ᠪᠣᠯᠣᠨ ᠬᠥᠯᠥᠰᠥᠨ ᠠᠵᠢᠯᠴᠢᠨ ᠢᠶᠠᠷ ᠭᠤᠣᠯᠳᠠᠯᠭ᠎ᠠ ᠪᠣᠯᠭᠠᠨ᠂ ᠨᠡᠶᠢᠭᠡᠮ ᠤᠨ | ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠬᠦᠴᠢᠷᠳᠡᠯᠲᠡᠶ ᠠᠷᠠᠳ ᠤᠨ ᠠᠮᠢᠳᠣᠷᠠᠯ ᠤᠨ ᠪᠠᠲᠤᠯᠠᠭ᠎ᠠ ᠶᠢᠨ ᠬᠦᠴᠦᠯᠡᠴᠡ ᠶᠢ | ᠨᠡᠮᠡᠭᠳᠡᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠ ᠲᠦᠷ ᠴᠠᠭ ᠤᠨ ᠠᠪᠤᠷᠠᠨ ᠲᠤᠰᠠᠯᠠᠬᠤ ᠶᠢ ᠰᠠᠶᠢᠲᠤᠷ ᠬᠢᠬᠦ ᠬᠡᠷᠡᠭᠲᠡᠶ᠃ ︽ᠨᠢᠭᠡ ᠰᠠᠯᠠᠭ᠎ᠠ | ᠮᠥᠴᠢᠷ ᠬᠦᠯᠢᠶᠡᠨ ᠠᠪᠴᠤ᠂ ᠣᠯᠠᠨ ᠰᠠᠯᠠᠭ᠎ᠠ ᠮᠦᠴᠢᠷ ᠬᠠᠮᠵᠢᠯᠴᠠᠨ ᠰᠢᠢᠳᠪᠦᠷᠢᠯᠡᠬᠦ︾ ᠲᠣᠭᠲᠠᠴᠠ ᠶᠢ ᠲᠡᠭᠦᠯᠳᠡᠷᠵᠢᠭᠦᠯᠵᠦ᠂ ᠬᠦᠴᠢᠷᠳᠡᠯᠲᠡᠶ ᠠᠷᠠᠳ ᠤᠨ | ᠴᠠᠭ ᠲᠤᠬᠠᠶ ᠳᠤᠨᠢ ᠲᠤᠰᠠᠯᠠᠮᠵᠢ ᠬᠦᠷᠲᠡᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ | ᠬᠠᠶᠢᠷᠠᠯᠠᠵᠤ ᠬᠠᠮᠠᠭᠠᠯᠠᠬᠤ ᠪᠠ ᠬᠤᠳᠠ ᠬᠥᠳᠡᠭᠡ ᠶᠢᠨ ᠬᠦᠴᠢᠷᠳᠡᠯᠲᠡᠶ ᠬᠡᠥᠬᠡᠳ ᠤᠨ ᠪᠠᠲᠤᠯᠠᠭ᠎ᠠ ᠶᠢ ᠴᠢᠩᠭᠠᠳᠬᠠᠵᠤ᠂ ᠦᠷᠡᠭᠳᠡᠭᠰᠡᠨ ᠪᠠᠭᠠᠲᠤᠷ ᠤᠨ ᠭᠡᠷ ᠪᠦᠯᠢ | ᠪᠣᠯᠤᠨ ᠭᠤᠨᠢ ᠨᠠᠰᠤᠲᠠᠨ ᠢ ᠬᠠᠷᠠᠭᠠᠯᠵᠠᠨ ᠬᠠᠪᠰᠤᠷᠴᠤ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠣᠨ᠎ᠠ᠃ ᠨᠡᠶᠢᠭᠡᠮ ᠲᠣᠭᠤᠷᠢᠭ ᠪᠠ ᠭᠡᠷ ᠪᠦᠯᠢ ᠶᠢᠨ ᠮᠠᠶ᠋ᠢᠭ ᠤᠨ ᠬᠠᠭᠤᠴᠢᠷᠠᠭᠰᠠᠨ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠶᠢ | ᠴᠢᠩᠭᠠᠳᠬᠠᠵᠤ᠂ ᠨᠠᠰᠤᠲᠠᠨ ᠰᠠᠭᠤᠭ᠎ᠠ ᠬᠠᠷᠢᠴᠠᠯ ᠥᠨᠳᠥᠷ ᠣᠷᠣᠨ ᠰᠠᠭᠤᠴᠠ ᠶᠢᠨ ᠠᠰᠠᠷ ᠲᠤ ᠴᠠᠬᠢᠯᠭᠠᠨ ᠱᠠᠲᠤ ᠪᠠᠶᠢᠷᠢᠯᠠᠭᠤᠯᠬᠤ ᠶᠢ ᠳᠡᠮᠵᠢᠨ᠎ᠡ᠃ ᠭᠡᠷ | ᠪᠠᠶᠢᠰᠢᠩ ᠭᠠᠵᠠᠷ ᠬᠦᠷᠦᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ︽ᠦᠨᠡᠮᠯᠡᠯ ᠠᠪᠬᠤ ᠳᠤ ᠬᠦᠴᠢᠷᠲᠡᠶ | ︾ ︽ᠲᠡᠬᠢᠠ ᠪᠤᠴᠠᠬᠤ ᠳᠤ ᠬᠦᠴᠢᠷᠲᠡᠶ︾ ᠪᠠᠶᠢᠬᠤ ᠵᠡᠷᠭᠡ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠬᠦ ᠬᠡᠷᠡᠭᠲᠡᠢ᠃ 4173 ᠨᠡᠶᠢᠲᠡ ᠶᠢᠨ | ᠲᠦᠷᠢᠶᠡᠰᠦᠨ ᠤ ᠭᠡᠷ ᠪᠠᠶᠢᠰᠢᠩ ᠂ 27.3 ᠲᠦᠮᠡᠨ ᠲᠡᠭᠰᠢ ᠳᠥᠷᠪᠡᠯᠵᠢᠨ ᠮᠧᠲᠷ ᠨᠡᠶᠢᠲᠡ ᠶᠢᠨ ᠲᠦᠷᠢᠶᠡᠰᠦᠨ ᠤ ᠭᠡᠷ ᠪᠠᠶᠢᠰᠢᠩ ᠤᠨ ᠲᠦᠷᠢᠶᠡᠰᠦᠯᠡᠵᠦ | ᠬᠤᠳᠠᠯᠳᠣᠭᠠᠯᠠᠬᠤ ᠶᠢ ᠵᠡᠷᠭᠡᠪᠡᠷ ᠶᠠᠪᠣᠭᠳᠠᠭᠤᠯᠬᠤ ᠶᠢ ᠲᠦᠯᠬᠢᠨ ᠠᠬᠢᠭᠤᠯᠣᠨ᠎ᠠ᠃ ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠪᠣᠯᠣᠨ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠲᠥᠷᠭᠡᠳᠬᠡᠵᠦ᠂ ᠨᠡᠩ ᠤᠯᠠᠨ ᠣᠬᠢ ᠰᠢᠯᠢᠳᠡᠭ ᠠᠮᠢ ᠠᠬᠤᠶ ᠶᠢᠨ ᠣᠷᠣᠨ | ᠰᠠᠭᠤᠴᠠ ᠶᠢᠨ ᠦᠢᠯᠡᠳᠬᠦᠨ ᠬᠠᠩᠭᠠᠨ᠎ᠠ᠃ | ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠦᠭᠵᠢᠭᠦᠯᠦᠨ᠎ᠡ᠃ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠠᠯᠪᠠᠨ ᠠᠴᠠ | ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ 9᠂ ᠬᠡᠦᠬᠡᠳ ᠤᠨ ᠴᠡᠴᠡᠷᠯᠢᠭ 9 ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠢᠯᠬ᠎ᠠ ᠬᠡᠥᠬᠡᠳ ᠢ | ᠠᠰᠠᠷᠠᠵᠤ ᠬᠠᠷᠠᠭᠠᠯᠵᠠᠬᠤ ᠬᠢᠭᠡᠳ ᠬᠡᠦᠬᠡᠳ ᠤᠨ ᠡᠬᠢᠨ ᠤ ᠦᠶ᠎ᠡ ᠶᠢᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠰᠤᠷᠭᠠᠭᠤᠯᠢ ᠶᠢᠨ ᠳᠠᠷᠤᠭ᠎ᠠ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠪᠣᠯᠤᠨ ᠨᠡᠷᠡᠲᠦ ᠪᠠᠭᠰᠢ ᠬᠥᠮᠦᠵᠢᠭᠦᠯᠬᠦ ᠶᠢ ᠰᠠᠶᠢᠲᠤᠷ ᠠᠳᠬᠤᠵᠤ᠂ ᠴᠢᠨᠠᠷᠯᠢᠭ | ᠰᠤᠷᠭᠠᠭᠤᠯᠢ ᠶᠢᠨ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠬᠢᠯᠡᠬᠦ ᠶᠢ ᠵᠣᠷᠢᠭᠵᠢᠭᠤᠯᠵᠤ᠂ ᠣᠷᠣᠭᠤᠯᠤᠨ ᠠᠪᠴᠢᠷᠠᠬᠤ ᠪᠠ ᠬᠤᠯᠪᠣᠭᠠᠯᠠᠬᠤ ᠵᠡᠷᠭᠡ ᠬᠡᠯᠪᠡᠷᠢ ᠪᠠᠷ | ᠳᠠᠮᠵᠢᠭᠤᠯᠤᠨ ᠤᠯᠤᠰ ᠤᠨ ᠳᠣᠲᠣᠭᠠᠳᠤ ᠶᠢᠨ ᠨᠡᠷᠡᠲᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠶᠢ ᠳᠡᠮᠵᠢᠨ᠂ ᠴᠢᠨᠠᠷᠯᠢᠭ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠶ ᠬᠠᠮᠲᠣ ᠪᠠᠷ ᠡᠳ᠋ᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠤ ᠰᠤᠷᠭᠠᠨ | ᠬᠥᠮᠦᠵᠢᠯ ᠡᠷᠬᠢᠯᠡᠬᠦ ᠶᠢ ᠳᠡᠮᠵᠢᠵᠦ ᠵᠢᠷᠤᠮᠵᠢᠭᠤᠯᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ 15 ᠵᠢᠯ ᠤᠨ ᠳᠦᠷᠢᠮᠲᠦ ᠮᠣᠩᠭᠤᠯ ᠰᠤᠷᠭᠠᠭᠤᠯᠢ ᠶᠢ ᠡᠬᠢᠯᠡᠨ ᠪᠠᠶᠢᠭᠤᠯᠣᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ | ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠲᠦᠯᠦᠪᠵᠢᠭᠦᠯᠦᠨ ᠪᠠᠶᠢᠭᠤᠯᠵᠣ᠂ | ᠦᠢᠯᠡᠳᠪᠦᠷᠢᠯᠡᠯ ᠬᠥᠮᠦᠵᠢᠯ ᠤᠨ ᠤᠶᠠᠯᠳᠤᠯ ᠪᠣᠯᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠡᠯᠪᠡᠷᠢ ᠪᠠᠨ | ᠬᠤᠪᠢᠷᠠᠭᠤᠯᠤᠭᠰᠠᠨ ᠬᠦᠭᠵᠢᠯᠲᠡ ᠶᠢᠨ ᠪᠠᠶᠢᠳᠠᠯ ᠳᠤ ᠵᠣᠬᠢᠴᠠᠭᠰᠠᠨ ᠠᠵᠤ ᠦᠢᠯᠡᠳᠪᠦᠷᠢ ᠶᠢᠨ ᠠᠵᠢᠯᠴᠢᠨ ᠪᠣᠯᠤᠨ ᠲᠧᠭᠨᠢᠭ ᠮᠡᠷᠭᠡᠵᠢᠯ ᠤᠨ ᠡᠩᠨᠡᠭᠡ ᠶᠢ | ᠪᠠᠶᠢᠭᠤᠯᠣᠨ᠎ᠠ᠃ | ᠡᠷᠡᠭᠦᠯ ᠬᠦᠬᠡᠬᠤᠲᠠ ᠶᠢ ᠲᠥᠷᠭᠡᠳᠬᠡᠨ ᠪᠠᠶᠢᠭᠤᠯᠣᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠵᠤ᠂ ᠬᠤᠳᠠ ᠶᠢᠨ ᠳᠡᠰ ᠠᠴᠠ ᠳᠣᠷᠣᠭᠰᠢᠬᠢ ᠡᠮᠨᠡᠯᠭᠡ ᠶᠢᠨ ᠬᠤᠷᠢᠶ᠎ᠠ ᠶᠢᠨ ᠤᠳᠤ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ | ᠲᠦᠷᠢᠮ ᠢ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠳᠡᠰ ᠬᠤᠪᠢᠶᠠᠵᠤ ᠣᠨᠣᠰᠢᠯᠠᠨ ᠡᠮᠨᠡᠬᠦ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠡᠮᠴᠢᠯᠡᠭᠡᠨ ᠤ ᠬᠤᠯᠪᠣᠭᠠᠲᠤ ᠴᠣᠭᠴᠠ ᠪᠣᠯᠣᠨ ᠨᠡᠷᠡᠲᠦ ᠡᠮᠴᠢ ᠶᠢᠨ ᠠᠵᠢᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠦᠨᠳᠦᠰᠦᠨ | ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ︽ᠡᠮᠨᠡᠯᠭᠡ ᠶᠢᠨ ᠳᠠᠭᠠᠳᠬᠠᠯ᠂ | ᠡᠮ ᠤᠨ ᠵᠦᠢᠯ᠂ ᠡᠮᠴᠢᠯᠡᠯᠭᠡ ᠭᠤᠷᠪᠠ ᠶᠢᠨ ᠬᠠᠮᠲᠤᠷᠠᠨ ᠬᠥᠳᠡᠯᠦᠯᠴᠡᠬᠦ︾ ᠶᠢ ᠭᠦᠨᠵᠡᠭᠡᠶ ᠲᠦᠯᠬᠢᠨ ᠠᠬᠢᠭᠤᠯᠵᠤ᠂ ᠡᠮ ᠤᠨ ᠵᠦᠢᠯ ᠤᠨ ᠦᠨ᠎ᠡ ᠶᠢ | ᠦᠷᠭᠦᠯᠵᠢᠯᠡᠨ ᠪᠠᠭᠤᠷᠠᠭᠤᠯᠵᠣ᠂ ᠣᠷᠣᠨ ᠤ ᠳᠣᠲᠣᠷ᠎ᠠ ᠪᠠ ᠮᠤᠵᠢ ᠠᠯᠤᠰᠯᠠᠨ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ ᠲᠦᠯᠬᠢᠨ ᠠᠬᠢᠭᠤᠯᠬᠤ | ᠬᠡᠷᠡᠭᠲᠡᠢ᠃ ᠨᠡᠶᠢᠭᠡᠮ ᠤᠨ ᠬᠦᠴᠦᠨ ᠤ ᠤᠯᠠᠨ ᠳᠡᠰ ᠳᠠᠪᠬᠤᠷᠭ᠎ᠠ ᠶᠢᠨ ᠤᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠳᠡᠮᠵᠢᠵᠦ᠂ ᠡᠮ | ᠡᠮᠨᠡᠯᠭᠡ ᠶᠢᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠤᠲᠠ ᠶᠢᠨ ᠳᠣᠲᠣᠷᠠᠬᠢ ᠳᠥᠷᠪᠡᠨ ᠲᠣᠭᠤᠷᠢᠭ ᠤᠨ ᠲᠥᠪ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ | ᠥᠷᠭᠡᠳᠬᠡᠨ ᠪᠠᠶᠢᠭᠤᠯᠬᠤ ᠶᠢ ᠡᠬᠢᠯᠡᠭᠦᠯᠵᠦ᠂ ᠤᠯᠤᠰ ᠤᠨ ᠳᠣᠲᠣᠭᠠᠳᠤ ᠪᠣᠯᠣᠨ ᠣᠷᠣᠨ ᠤ ᠳᠣᠲᠣᠷᠠᠬᠢ ᠲᠤᠮᠤ ᠬᠡᠯᠪᠡᠷᠢ ᠶᠢᠨ ᠡᠮᠴᠢᠯᠡᠭᠡᠨ ᠤ | ᠪᠠᠶᠢᠭᠤᠯᠤᠮᠵᠢ ᠯᠤᠭ᠎ᠠ ᠶᠢᠨ ᠡᠮᠨᠡᠯᠭᠡ ᠶᠢᠨ ᠬᠤᠯᠪᠣᠭᠠᠲᠣ ᠴᠣᠭᠴᠠ ᠶᠢ ᠪᠠᠶᠢᠭᠤᠯᠣᠨ᠎ᠠ᠃ ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ | ᠪᠠᠶᠢᠭᠤᠯᠬᠤ ᠪᠠ ᠬᠤᠳᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠲᠥᠪ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ | ᠲᠦᠷᠭᠡᠳᠬᠡᠵᠦ᠂ 10 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠣᠨ᠎ᠠ᠃ ︽ᠨᠠᠰᠤᠲᠠᠳ ᠪᠣᠯᠣᠨ | ᠶᠠᠳᠠᠭᠤ ᠬᠦᠴᠢᠷᠳᠡᠯᠲᠡᠶ ᠬᠦᠮᠦᠰ ᠶᠢ ᠬᠠᠷᠠᠭᠠᠯᠵᠠᠨ ᠬᠠᠶᠢᠷᠠᠯᠠᠬᠤ ᠠᠵᠢᠯᠯᠠᠭ᠎ᠠ︾ ᠶᠢᠨ ᠲᠦᠷᠦᠯ ᠵᠦᠢᠯ ᠢ ᠡᠬᠢᠯᠡᠭᠦᠯᠵᠦ᠂ ᠡᠷᠡᠭᠦᠯ ᠨᠡᠶᠢᠭᠡᠮ ᠲᠣᠭᠤᠷᠢᠭ ᠢ | ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ | ᠠᠬᠢᠭᠤᠯᠵᠤ᠂ ᠬᠥᠮᠦᠨ ᠠᠮᠠ ᠶᠢᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠣᠨ᠎ᠠ᠃ ᠦᠨᠳᠦᠰᠦᠨ ᠱᠠᠲᠤᠨ ᠤ ᠠᠷᠠᠳᠴᠢᠯᠠᠯ ᠤᠨ ᠤᠯᠤᠰ ᠲᠦᠷᠦ ᠪᠠ | ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠪᠠᠳᠤᠭᠠᠷ ᠬᠤᠭᠤᠴᠠᠭᠠᠨ ᠤ ᠭᠠᠴᠠᠭᠠᠨ ᠤ ᠠᠷᠠᠳ ᠤᠨ | ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠶᠠᠪᠣᠭᠤᠯᠣᠨ᠎ᠠ᠃ ᠨᠡᠶᠢᠭᠡᠮ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠰᠢᠨ᠎ᠡ ᠶᠢ ᠡᠭᠦᠳᠦᠭᠰᠡᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ 100 ᠶᠢ ᠪᠠᠶᠢᠭᠤᠯᠵᠣ᠂ | ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠤᠷᠰᠢᠨ ᠬᠢᠬᠦ ᠪᠠᠷ ᠪᠣᠢ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠲᠣᠷᠰᠢᠯᠲᠠ ᠶᠢᠨ ᠬᠤᠲᠠ ᠶᠢᠨ ᠪᠥᠳᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠬᠤᠲᠠ ᠶᠢᠨ ᠨᠢᠭᠡᠳᠦᠯᠲᠡᠶ | ᠢᠲᠡᠭᠡᠮᠵᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠣ᠂ ᠢᠲᠡᠭᠡᠮᠵᠢᠲᠡᠶ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠪᠠᠯ ᠵᠠᠯᠬᠠᠭᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠢᠲᠡᠭᠡᠮᠵᠢ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽ᠬᠦᠯᠦᠰᠦᠨ ᠮᠦᠩᠭᠦ ᠬᠤᠶᠢᠰᠢᠯᠠᠭᠤᠯᠬᠤ ᠶᠢ | ᠴᠡᠭᠴᠡᠯᠡᠵᠦ᠂ ᠴᠠᠭ ᠲᠣᠬᠠᠢ ᠳᠤᠨᠢ ᠣᠯᠭᠤᠬᠤ ᠶᠢ ᠬᠠᠮᠠᠭᠠᠯᠠᠬᠤ︾ ᠠᠵᠢᠯ ᠢ ᠪᠦᠬᠦ ᠬᠦᠴᠦᠨ ᠢᠶᠠᠷ ᠠᠳᠬᠤᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠴᠢᠩᠭᠠᠳᠬᠠᠵᠤ᠂ | ᠦᠨᠳᠦᠰᠦᠲᠡᠨ ᠨᠦᠭᠦᠳ ᠤᠨ ᠰᠣᠯᠢᠯᠴᠠᠭ᠎ᠠ ᠠᠭᠤᠰᠤᠯᠴᠠᠯ ᠢ ᠠᠬᠢᠭᠤᠯᠣᠨ᠎ᠠ᠃ ᠱᠠᠰᠢᠨ ᠰᠤᠷᠲᠠᠬᠤᠨ ᠤ ᠡᠶ᠎ᠡ ᠵᠣᠬᠢᠴᠠᠯ ᠪᠣᠯᠣᠨ ᠲᠣᠭᠲᠠᠭᠤᠨ ᠪᠠᠶᠢᠳᠠᠯ ᠢ ᠪᠦᠬᠦ | ᠬᠦᠴᠦᠨ ᠢᠶᠠᠷ ᠢᠶᠠᠨ ᠬᠠᠮᠠᠭᠠᠯᠠᠨ᠎ᠠ᠃ ᠮᠣᠩᠭᠤᠯ ᠬᠡᠯᠡ ᠪᠢᠴᠢᠭ ᠢ ᠳᠡᠯᠭᠡᠷᠡᠭᠦᠯᠬᠦ ᠶᠢ ᠬᠦᠨᠳᠦᠳᠬᠡᠨ ᠦᠵᠡᠵᠦ᠂ ᠮᠣᠩᠭᠤᠯ ᠬᠡᠯᠡ ᠪᠢᠴᠢᠭ ᠤᠨ ᠮᠡᠳᠡᠭᠡ | ᠵᠠᠩᠭᠢᠴᠢᠯᠠᠯᠲᠠ ᠶᠢᠨ ᠶᠡᠷᠦᠩᠬᠡᠶᠢᠯᠡᠭᠰᠡᠨ ᠲᠠᠪᠴᠠᠩ ᠢ ᠪᠠᠶᠢᠭᠤᠯᠵᠤ᠂ ᠮᠣᠩᠭᠤᠯ ᠬᠡᠯᠡᠨ ᠤ ᠰᠤᠪᠠᠭ ᠢ ᠡᠷᠬᠢᠯᠡᠬᠦ ᠬᠡᠷᠡᠭᠲᠡᠢ᠃ ᠤᠯᠠᠭᠠᠨ ᠵᠠᠭᠠᠯᠮᠠᠶ ᠶᠢᠨ ᠦᠢᠯᠡᠰ ᠢ | ᠶᠡᠬᠡᠪᠡᠷ ᠬᠦᠭᠵᠢᠭᠦᠯᠵᠦ᠂ ᠨᠡᠶᠢᠲᠡ ᠶᠢᠨ ᠠᠰᠠᠷᠠᠮᠵᠢ ᠪᠣᠯᠤᠨ ᠨᠢᠭᠦᠯᠡᠰᠦᠩᠭᠦᠶ ᠶᠢᠨ ᠠᠵᠢᠯ ᠦᠢᠯᠡᠰ ᠤᠨ ᠬᠠᠤᠯᠢ ᠶᠣᠰᠣᠭᠠᠷ ᠡᠷᠡᠭᠦᠯ ᠢᠶᠠᠷ ᠬᠥᠭᠵᠢᠬᠦ ᠶᠢ | ᠲᠦᠯᠬᠢᠨ ᠠᠬᠢᠭᠤᠯᠣᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ | ᠵᠡᠷᠭᠡ ᠤᠯᠠᠨ ᠲᠦᠮᠡᠨ ᠤ ᠡᠪᠯᠡᠯ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶ᠂ ᠬᠡᠦᠬᠡᠳ᠂ ᠨᠠᠰᠤᠲᠠᠨ᠂ | ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠣᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠵᠣᠬᠢᠰᠲᠠᠶ ᠡᠷᠡᠮᠡᠯᠵᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠶ ᠳᠤᠨᠢ ᠰᠢᠢᠳᠪᠦᠷᠢᠯᠡᠨ᠎ᠡ᠃ | ᠠᠶᠤᠯᠭᠦᠶ ᠦᠢᠯᠡᠳᠪᠦᠷᠢᠯᠡᠯ ᠢ ᠰᠢᠨᠲᠠᠷᠠᠰᠢ ᠦᠭᠡᠢ ᠰᠠᠶᠢᠨ ᠠᠳᠬᠤᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠬᠥᠳᠡᠯᠦᠯᠲᠡ ᠠᠴᠠ | ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠴᠠᠭ ᠠᠭᠤᠷ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠳᠠ ᠶᠢᠨ ᠭᠠᠯ ᠤᠨᠲᠠᠷᠠᠭᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂1326 ᠭᠠᠯ ᠤᠨᠲᠠᠷᠠᠭᠠᠭᠤᠯ᠂ 56 ᠭᠠᠯ ᠤᠨᠲᠠᠷᠠᠭᠠᠬᠤ ᠳᠡᠭᠡᠯᠡᠶ ᠭᠤᠭᠤᠵᠢᠭᠤᠷ ᠰᠢᠨ᠎ᠡ ᠪᠠᠷ | ᠲᠠᠭᠠᠷᠠᠭᠤᠯᠵᠣ᠂ 243 ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠪᠢᠴᠢᠯ ᠥᠷᠲᠡᠭᠡ ᠪᠠᠶᠢᠭᠤᠯᠬᠤ ᠪᠠᠷ ᠪᠠᠶᠢᠨ᠎ᠠ᠃ ︽ᠪᠦᠬᠦ ᠣᠯᠣᠰ ᠤᠨ ᠢᠳᠡᠭᠡᠨ ᠤ | ᠠᠮᠣᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠ ᠲᠠᠷᠢᠶᠠᠯᠩ ᠤᠨ ᠪᠦᠲᠦᠭᠡᠭᠳᠡᠭᠦᠨ ᠤ ᠴᠢᠨᠠᠷ ᠴᠢᠨᠰᠠᠭ᠎ᠠ ᠠᠮᠣᠷ ᠲᠦᠪᠰᠢᠨ | ᠰᠢᠶᠠᠨ ᠢ ᠡᠭᠦᠳᠦᠨ ᠪᠠᠶᠢᠭᠤᠯᠬᠤ︾ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ︽ᠲᠣᠭᠤᠭᠠᠨ ᠭᠡᠷ ᠤᠨ ᠬᠤᠪᠢᠰᠤᠯᠲᠠ︾ ᠶᠢᠨ ᠦᠷ᠎ᠡ | ᠪᠦᠲᠦᠭᠡᠯ ᠢ ᠪᠠᠬᠢᠵᠢᠭᠦᠯᠵᠦ᠂ ᠢᠳᠡᠭᠡᠨ ᠡᠮ ᠤᠨ ᠵᠦᠢᠯ ᠤᠨ ᠠᠶᠤᠯᠭᠦᠶ ᠶᠢᠨ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠶᠠᠰᠤ | ᠴᠢᠨᠠᠷ ᠤᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠂ ᠴᠡᠷᠢᠭ ᠠᠷᠠᠳ ᠤᠨ ᠠᠭᠤᠰᠤᠯᠴᠠᠯ ᠤᠨ ᠬᠦᠭᠵᠢᠯᠲᠡ ᠶᠢ ᠠᠬᠢᠭᠤᠯᠵᠤ᠂ | ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ ᠠᠮᠤᠷ ᠲᠠᠶᠢᠪᠤᠩ ᠲᠥᠪ ᠬᠤᠲᠠ ᠶᠢᠨ | ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠠᠷᠠᠳ ᠣᠯᠠᠨ ᠤ ᠠᠮᠤᠷ ᠲᠦᠪᠰᠢᠨ ᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︵ᠠᠷᠪᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠣ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠵᠠᠰᠠᠭ ᠪᠠᠷᠢᠬᠤ ᠳᠤ ᠬᠠᠮᠤᠭ ᠭᠤᠣᠯ ᠨᠢ ᠲᠣᠰ ᠪᠡᠶ᠎ᠡ ᠶᠢᠨ ᠪᠠᠶᠢᠭᠤᠯᠣᠯᠲᠠ ᠪᠣᠯᠣᠨ᠎ᠠ᠃ ᠬᠤᠳᠠ ᠶᠢᠨ | ᠵᠠᠰᠠᠭ ᠤᠨ ᠣᠷᠳᠣᠨ ᠨᠢ ᠡᠭᠦᠷᠭᠡ ᠴᠢᠳᠠᠪᠤᠷᠢ ᠶᠢᠨ ᠬᠤᠪᠢᠷᠠᠭᠤᠯᠣᠯᠲᠠ ᠪᠠᠨ ᠲᠦᠷᠭᠡᠳᠬᠡᠵᠦ᠂ ᠵᠠᠰᠠᠭ ᠵᠠᠬᠢᠷᠭᠠᠨ ᠤ ᠠᠵᠢᠯᠯᠠᠭ᠎ᠠ ᠪᠠᠨ ᠵᠢᠷᠤᠮᠵᠢᠭᠤᠯᠤᠨ᠂ | ᠦᠢᠯᠡᠴᠢᠯᠡᠭᠡᠨ ᠤ ᠦᠢᠯᠡᠳᠦᠯ ᠴᠢᠳᠠᠮᠵᠢ ᠪᠠᠨ ᠰᠢᠯᠢᠳᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠷᠠᠳ ᠲᠦᠮᠡᠨ ᠤ ᠰᠡᠳᠬᠢᠯ | ᠬᠠᠨᠤᠮᠰᠢᠭᠰᠠᠨ ᠰᠤᠷᠤᠯᠴᠠᠬᠤ ᠪᠠ ᠬᠠᠤᠯᠢ ᠪᠠᠷ ᠵᠠᠰᠠᠬᠤ ᠮᠠᠶ᠋ᠢᠭ ᠤᠨ ᠥᠨᠳᠥᠷ ᠪᠦᠲᠦᠮᠵᠢᠲᠡᠶ ᠠᠷᠢᠭᠤᠨ ᠴᠢᠬᠡᠴᠢ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠣᠨ᠎ᠠ᠃ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ︽ᠲᠦᠷᠪᠡᠨ ᠣᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠲᠦᠷᠪᠡᠡ ᠢᠲᠡᠭᠡᠯ︾ ᠢ ᠪᠠᠷᠢᠮᠲᠠᠯᠠᠵᠤ᠂ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠭᠰᠡᠨ ᠨᠢᠭᠡᠳᠦᠯᠲᠡᠶ ᠤᠳᠤᠷᠢᠳᠤᠯᠭ᠎ᠠ | ᠶᠠᠪᠣᠭᠤᠯᠬᠤ ᠶᠢ ᠡᠷᠡᠰ ᠬᠠᠮᠠᠭᠠᠯᠠᠵᠣ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠶᠣᠰᠣ ᠲᠦᠷᠢᠮ ᠢ ᠴᠢᠩᠭ᠎ᠠ ᠵᠢᠷᠣᠮᠯᠠᠨ᠂ ᠨᠠᠮ ᠤᠨ ᠳᠣᠲᠣᠭᠠᠳᠤ ᠶᠢᠨ | ᠤᠯᠤᠰ ᠲᠥᠷᠥ ᠶᠢᠨ ᠠᠮᠢᠳᠤᠷᠠᠯ ᠢ ᠴᠢᠩᠭ᠎ᠠ ᠪᠠᠶᠢᠯᠭᠠᠵᠤ᠂ ᠦᠵᠡᠯ ᠰᠠᠨᠠᠭ᠎ᠠ ᠤᠯᠤᠰ ᠲᠦᠷᠦ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠨᠠᠮ ᠤᠨ ᠦᠨᠳᠦᠰᠦᠨ ᠤᠨᠤᠯ᠂ ᠦᠨᠳᠦᠰᠦᠨ | ᠱᠤᠭᠤᠮ᠂ ᠦᠨᠳᠦᠰᠦᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠥᠪ | ᠬᠤᠲᠠ ᠶᠢᠨ ᠡᠯ᠎ᠡ ᠵᠦᠢᠯ ᠤᠨ ᠠᠵᠢᠯ ᠢᠮᠠᠭᠲᠠ ᠵᠥᠪ ᠴᠢᠭᠯᠡᠯ ᠢᠶᠠᠷ ᠯᠠᠪᠳᠠᠭᠤᠨ ᠪᠠᠲᠤᠲᠠᠶ ᠶᠠᠪᠣᠭᠳᠠᠬᠤ ᠶᠢ ᠪᠠᠲᠣᠯᠠᠨ᠎ᠠ᠃ ᠨᠠᠮ ᠤᠨ ᠤᠳᠤᠷᠢᠳᠬᠤ | ᠳᠤᠭᠤᠶᠢᠯᠠᠩ ᠤᠨ ᠠᠵᠢᠯ ᠤᠨ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ | ᠠᠳᠬᠤᠨ᠂ ᠪᠦᠬᠦ ᠲᠠᠯ᠎ᠠ ᠶᠢ ᠬᠠᠮᠢᠶᠠᠷᠴᠣ᠂ ᠨᠠᠶᠢᠳᠠᠪᠣᠷᠢᠵᠢᠭᠤᠯᠬᠤ ᠶᠢ ᠪᠠᠲᠣᠯᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ | ᠵᠠᠷᠯᠢᠭ ᠤᠨ ᠰᠠᠭᠠᠳ ᠦᠭᠡᠢ ᠶᠠᠪᠣᠭᠳᠠᠬᠤ᠂ ᠵᠠᠷᠯᠢᠭ ᠢ ᠴᠢᠩᠭ᠎ᠠ ᠪᠡᠶᠡᠯᠡᠭᠦᠯᠬᠦ᠂ ᠠᠯᠬᠤᠭ᠎ᠠ ᠨᠢᠭᠡᠲᠡᠶ ᠪᠠᠶᠢᠬᠤ ᠶᠢ ᠪᠠᠲᠣᠯᠠᠵᠣ᠂ ᠡᠯ᠎ᠡ ᠵᠦᠢᠯ ᠤᠨ ᠡᠭᠦᠷᠭᠡ ᠶᠢ | ᠰᠢᠭᠤᠷᠬᠠᠢ ᠪᠡᠶᠡᠯᠡᠭᠦᠯᠦᠨ᠎ᠡ᠃ | ᠰᠤᠷᠤᠯᠴᠠᠬᠤ ᠰᠤᠷᠲᠠᠯ ᠢ ᠶᠡᠭᠡ ᠪᠠᠷ ᠳᠡᠯᠭᠡᠷᠡᠭᠦᠯᠦᠨ᠎ᠡ᠃ ᠰᠢᠨ᠎ᠡ ᠴᠠᠭ ᠦᠶ᠎ᠡ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢᠨ | ᠲᠣᠭᠤᠷᠢᠨ ᠳᠤ ᠨᠠᠰᠤᠨ ᠲᠤᠷᠰᠢᠳᠠ ᠰᠤᠷᠤᠯᠴᠠᠬᠤ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠺᠠᠳ᠋ᠷ ᠤᠨ ᠡᠩᠨᠡᠭᠡᠨ ᠤ ᠰᠤᠷᠤᠯᠴᠠᠯᠭ᠎ᠠ ᠬᠥᠮᠦᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ︽ | ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ | ᠭᠦᠨᠵᠡᠭᠡᠶ ᠲᠦᠯᠬᠢᠨ ᠠᠬᠢᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠦᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠯᠣᠨ᠂ ᠠᠵᠢᠯ ᠢᠶᠠᠨ ᠠᠬᠢᠭᠤᠯᠬᠤ ᠬᠡᠷᠡᠭᠲᠡᠢ᠃ | ᠨᠠᠮ ᠤᠨ ᠭᠡᠰᠢᠭᠦᠨ ᠺᠠᠳ᠋ᠷ ᠤᠨ ᠰᠣᠷᠣᠯᠴᠠᠯᠭ᠎ᠠ ᠪᠣᠯᠪᠠᠰᠣᠷᠠᠯ ᠢ ᠪᠦᠬᠦ ᠲᠠᠯ᠎ᠠ ᠪᠠᠷ ᠥᠷᠨᠢᠭᠦᠯᠵᠦ᠂ ᠭᠠᠳᠠᠭᠰᠢ ᠭᠠᠷᠴᠤ ᠰᠣᠯᠢᠯᠴᠠᠬᠤ ᠪᠠ ᠠᠵᠢᠯ ᠤᠨ ᠪᠠᠶᠢᠷᠢ ᠪᠠᠨ | ᠡᠭᠡᠯᠵᠢᠯᠡᠨ ᠦᠢᠯᠡᠳᠦᠯᠭᠡᠵᠢᠬᠦ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠠᠳᠠᠯᠢ ᠪᠤᠰᠤ ᠬᠡᠯᠪᠡᠷᠢ ᠪᠠᠷ ᠳᠠᠮᠵᠢᠭᠤᠯᠤᠨ᠂ ᠤᠯᠤᠰ ᠲᠥᠷᠥ ᠶᠢᠨ | ᠣᠨᠣᠯ᠂ ᠲᠡᠷᠢᠭᠦᠨ ᠤ ᠦᠵᠡᠯᠲᠡ᠂ ᠲᠤᠬᠠᠶᠢᠯᠠᠭᠰᠠᠨ ᠠᠵᠢᠯ ᠤᠨ ᠮᠡᠳᠡᠯᠭᠡ ᠵᠡᠷᠭᠡ ᠪᠠᠨ ᠴᠢᠩᠭᠠᠳᠬᠠᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ | ᠺᠠᠳ᠋ᠷᠴᠤᠳ ᠤᠨ ᠡᠩᠨᠡᠭᠡ ᠶᠢ ᠲᠥᠷᠭᠡᠳᠬᠡᠨ ᠪᠠᠶᠢᠭᠤᠯᠵᠤ᠂ ᠲᠤᠰᠬᠠᠶ ᠮᠡᠷᠭᠡᠵᠢᠯ ᠤᠨ ᠴᠢᠳᠠᠪᠣᠷᠢ ᠶᠢ ᠬᠦᠮᠦᠵᠢᠭᠦᠯᠦᠨ᠂ ᠲᠤᠰᠬᠠᠶ ᠮᠡᠷᠭᠡᠵᠢᠯ ᠤᠨ ᠵᠣᠷᠢᠭ | ᠰᠠᠨᠠᠭ᠎ᠠ ᠶᠢ ᠪᠠᠳᠠᠷᠠᠭᠤᠯᠵᠣ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠴᠢᠳᠠᠪᠤᠷᠢ ᠪᠠᠨ ᠨᠡᠮᠡᠭᠳᠡᠭᠦᠯᠵᠦ᠂ ᠥᠷᠭᠡᠨ ᠤᠯᠠᠨ ᠺᠠᠳ᠋ᠷ ᠤᠨ ᠬᠥᠭᠵᠢᠯᠲᠡ ᠶᠢᠨ ᠵᠢᠮ᠎ᠡ | ᠶᠣᠰᠣ ᠶᠢ ᠡᠵᠡᠮᠳᠡᠬᠦ᠂ ᠴᠠᠭ ᠤᠨ ᠪᠠᠶᠢᠳᠠᠯ ᠢ ᠵᠠᠳᠠᠯᠣᠨ ᠰᠢᠨᠵᠢᠯᠡᠬᠦ᠂ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠬᠤ ᠵᠡᠷᠭᠡ ᠴᠢᠳᠠᠪᠣᠷᠢ ᠶᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠠᠬᠢᠭᠤᠯᠣᠨ᠎ᠠ᠃ ᠬᠠᠤᠯᠢ ᠪᠠᠷ ᠵᠠᠰᠠᠬᠤ ᠰᠡᠳᠬᠢᠴᠡ ᠶᠢ ᠪᠠᠲᠤ ᠪᠠᠬᠢ ᠪᠤᠢ ᠪᠣᠯᠭᠠᠵᠤ᠂ ︽ᠴᠢᠬᠤᠯᠠ | ᠶᠡᠭᠡ ᠬᠡᠷᠡᠭ ᠶᠠᠪᠤᠳᠠᠯ ᠤᠨ ᠰᠢᠢᠳᠪᠦᠷᠢ᠂ ᠴᠢᠬᠤᠯᠠ ᠺᠠᠳ᠋ᠷ ᠤᠨ ᠲᠤᠰᠢᠶᠠᠯ ᠡᠭᠦᠷᠭᠡᠯᠡᠯ᠂ ᠴᠢᠬᠤᠯᠠ ᠲᠥᠷᠥᠯ ᠵᠦᠢᠯ ᠤᠨ ᠲᠤᠬᠢᠷᠠᠭᠤᠯᠤᠯᠲᠠ᠂ ᠶᠡᠭᠡ ᠬᠡᠮᠵᠢᠶᠡᠨ ᠤ | ᠵᠠᠷᠤᠳᠠᠯ ᠤᠨ ᠬᠡᠷᠡᠭᠯᠡᠯᠲᠡ︾ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠦᠨ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠶᠢ ᠲᠣᠷᠰᠢᠨ ᠬᠢᠬᠦ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠰᠢᠢᠳᠪᠦᠷᠢᠲᠦ ᠪᠤᠳᠦᠯᠭ᠎ᠠ | ᠲᠣᠭᠲᠠᠭᠠᠬᠤ ᠠᠴᠠ ᠡᠮᠦᠨᠡᠬᠢ ᠲᠦᠭᠰᠢᠭᠦᠷᠢ ᠶᠢ ᠦᠨᠡᠯᠡᠨ ᠵᠢᠱᠢᠬᠦ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠭᠤᠣᠯᠴᠢ ᠦᠷᠢᠰᠦᠯᠳᠦᠭᠡᠨ ᠢ ᠬᠢᠨᠠᠨ | ᠪᠠᠶᠢᠴᠠᠭᠠᠬᠤ ᠳᠦᠷᠢᠮ ᠵᠡᠷᠭᠡ ᠠᠵᠢᠯ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠠᠯᠢᠪᠠ ᠡᠷᠬᠡ ᠶᠢ ᠬᠠᠤᠯᠢ ᠪᠠᠷ ᠵᠠᠰᠠᠬᠤ ᠵᠢᠮ ᠢᠶᠠᠷ ᠶᠠᠪᠣᠭᠳᠠᠭᠤᠯᠬᠤ | ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠣᠯᠣᠨ ᠤᠯᠤᠰ ᠲᠦᠷᠤ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠵᠥᠪᠯᠡᠯᠭᠡ ᠶᠢ ᠨᠠᠷᠢᠨ ᠭᠢᠨᠠᠮᠭᠠᠢ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠤᠨ ᠭᠠᠳᠠᠨᠠᠬᠢ | ᠰᠡᠭᠡᠭᠡᠲᠡᠨ ᠤ ᠨᠥᠬᠦᠷᠯᠡᠯ ᠤᠨ ᠬᠤᠯᠪᠣᠭ᠎ᠠ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ | ᠳᠣᠯᠣᠳᠤᠭᠠᠷ ᠲᠠᠪᠤᠨ ᠵᠢᠯ ᠤᠨ ᠲᠥᠯᠥᠪᠯᠡᠭᠡ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠰᠠᠶᠢᠲᠤᠷ ᠠᠳᠬᠤᠵᠤ᠂ ᠪᠦᠬᠦ | ᠠᠷᠠᠳ ᠤᠨ ᠤᠬᠠᠮᠰᠠᠷ ᠠᠴᠠ ᠪᠠᠨ ᠬᠠᠤᠯᠢ ᠴᠠᠭᠠᠵᠠ ᠶᠢ ᠰᠠᠬᠢᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ | ᠬᠠᠤᠯᠢ ᠶᠢ ᠲᠦᠰᠢᠭᠯᠡᠬᠦ ᠶᠢ ᠵᠢᠯᠣᠭᠤᠳᠣᠨ᠎ᠠ᠃ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠬᠤ᠂ | ᠺᠠᠳ᠋ᠷᠴᠤᠳ ᠤᠨ ᠦᠨᠳᠦᠰᠦᠨ ᠱᠠᠲᠤᠨ ᠳᠤ ᠪᠠᠭᠤᠵᠤ ᠪᠠᠶᠢᠳᠠᠯ ᠢ ᠣᠶᠢᠯᠠᠭᠠᠬᠤ ᠶᠢ ᠲᠥᠯᠬᠢᠨ ᠠᠬᠢᠭᠤᠯᠵᠤ᠂ ᠣᠯᠠᠨ ᠲᠦᠮᠡᠨ ᠤ ᠬᠠᠮᠤᠭ ᠠᠴᠠ ᠰᠡᠳᠬᠢᠯ | ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠦᠨᠡᠨᠴᠢ ᠢᠲᠡᠭᠡᠮᠵᠢᠲᠡᠶ | ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠮᠡᠲᠦ ᠶᠢᠨ ᠠᠰᠠᠭᠤᠳᠠᠯ ᠢ | ᠡᠷᠡᠰ ᠬᠤᠷᠢᠭᠯᠠᠨ᠂ ︽ᠲᠦᠯᠬᠢᠬᠦ ᠵᠠᠶᠢᠯᠠᠬᠤ ᠤᠳᠠᠭᠠᠰᠢᠷᠠᠭᠤᠯᠬᠤ︾ ᠵᠡᠷᠭᠡ ᠲᠤᠰᠬᠠᠯ ᠶᠡᠬᠡᠲᠡᠶ ᠠᠰᠠᠭᠤᠳᠠᠯ ᠢ ᠡᠷᠡᠰ ᠢᠶᠠᠷ ᠵᠠᠯᠬᠠᠭᠠᠨ ᠰᠢᠳᠬᠡᠵᠦ᠂ ᠠᠯᠵᠠᠭᠤ | ᠬᠤᠶᠢᠷᠭᠤ ᠵᠠᠰᠠᠭ ᠤᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠬᠦ ᠬᠡᠷᠡᠭᠲᠡᠢ᠃ ᠤᠯᠠᠨ ᠲᠦᠮᠡᠨ ᠤ ᠬᠡᠷᠡᠭᠴᠡᠭᠡ ᠳᠤ ᠵᠣᠬᠢᠴᠠᠭᠤᠯᠤᠨ᠂ ᠬᠡᠷᠡᠭ ᠶᠠᠪᠤᠳᠠᠯ | ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠣᠷᠢ ᠪᠠᠨ ᠨᠡᠮᠡᠭᠳᠡᠭᠦᠯᠵᠦ᠂ ᠦᠨᠡᠨ ᠦᠭᠡ ᠬᠡᠯᠡᠵᠦ᠂ ᠪᠣᠳᠠᠲᠤ ᠶᠠᠪᠤᠳᠠᠯ ᠬᠢᠵᠦ᠂ | ᠪᠣᠳᠠᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠶᠢ ᠪᠠᠷᠢᠮᠲᠠᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠪᠡᠷᠬᠡᠰᠢᠶᠡᠯ ᠢ ᠲᠣᠭᠤᠯᠣᠨ᠂ | ᠬᠠᠳᠠᠭᠠᠰᠤ ᠬᠠᠳᠠᠬᠤ ᠵᠣᠷᠢᠭ ᠰᠠᠨᠠᠭ᠎ᠠ ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠪᠣᠳᠠᠲᠠᠶ ᠪᠠᠷ ᠬᠢᠵᠦ᠂ ᠨᠠᠷᠢᠯᠢᠭ ᠬᠢᠵᠦ᠂ | ᠰᠠᠶᠢᠲᠤᠷ ᠬᠢᠨ᠎ᠡ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠨ᠎ᠠ᠃ ᠨᠠᠮ ᠤᠨ ᠰᠤᠷᠲᠠᠯ ᠪᠣᠯᠣᠨ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠢᠯᠵᠠᠷᠠᠯ ᠢ ᠡᠰᠡᠷᠭᠦᠴᠡᠬᠦ | ᠳᠡᠶᠢᠯᠦᠩᠭᠦᠶ ᠪᠠᠶᠢᠳᠠᠯ ᠢ ᠪᠠᠬᠢᠵᠢᠭᠦᠯᠦᠨ᠎ᠡ᠃ ᠲᠥᠪ ᠬᠤᠷᠢᠶ᠎ᠠ ᠶᠢᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠬᠡᠷᠡᠭᠵᠢᠭᠦᠯᠵᠦ᠂ ︽ᠳᠥᠷᠪᠡᠨ ᠰᠤᠷᠲᠠᠯ︾ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠣ᠂ ᠣᠨᠴᠠ ᠡᠷᠬᠡ ᠶᠢᠨ ᠦᠵᠡᠯ ᠰᠠᠨᠠᠭ᠎ᠠ | ᠪᠣᠯᠣᠨ ᠦᠵᠡᠭᠳᠡᠯ ᠢ ᠡᠷᠡᠰ ᠡᠰᠡᠷᠭᠦᠴᠡᠬᠦ ᠬᠡᠷᠡᠭᠲᠡᠶ᠃ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶ ᠲᠤᠤᠱᠯᠠᠭᠤᠯᠵᠤ᠂ | ᠬᠢᠨᠠᠨ ᠪᠠᠶᠢᠴᠠᠭᠠᠬᠤ ᠬᠤᠷᠢᠶ᠎ᠠ ᠶᠢᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦ ᠪᠠᠷ ᠢᠶᠠᠨ ᠳᠡᠮᠵᠢᠨ᠎ᠡ᠃ ᠭᠤᠣᠯᠳᠠᠯᠭ᠎ᠠ ᠲᠠᠢ ᠳᠦᠷᠦᠯ ᠵᠦᠢᠯ᠂ | ᠭᠤᠣᠯᠳᠠᠯᠭ᠎ᠠ ᠲᠠᠢ ᠬᠦᠷᠢᠶ᠎ᠡ ᠴᠠᠷ᠎ᠠ᠂ ᠶᠡᠭᠡ ᠲᠣᠭᠠᠨ ᠤ ᠵᠠᠷᠤᠯᠭ᠎ᠠ ᠶᠢ ᠬᠢᠨᠠᠨ ᠪᠤᠳᠤᠬᠤ ᠬᠦᠴᠦᠯᠡᠴᠡ ᠪᠠᠨ ᠨᠡᠮᠡᠭᠳᠡᠭᠦᠯᠦᠨ᠎ᠡ᠃ ᠤᠷᠮᠠᠰᠢᠭᠤᠯᠤᠨ ᠵᠣᠷᠢᠭᠵᠢᠭᠤᠯᠬᠤ | ᠲᠣᠭᠲᠠᠴᠠ ᠪᠣᠯᠣᠨ ᠠᠯᠳᠠᠭ᠎ᠠ ᠪᠤᠷᠤᠭᠤ ᠶᠢ ᠪᠠᠭᠲᠠᠭᠠᠨ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠡᠳᠡᠭᠡᠷ ᠵᠣᠷᠢᠭᠲᠠᠶ ᠬᠠᠷᠢᠭᠤᠴᠠᠯᠭ᠎ᠠ ᠡᠭᠦᠷᠭᠡᠯᠡᠬᠦ᠂ | ᠪᠣᠳᠠᠲᠤ ᠶᠠᠪᠤᠳᠠᠯ ᠬᠢᠬᠦ᠂ ᠬᠤᠪᠢ ᠪᠠᠨ ᠪᠣᠳᠣᠬᠤ ᠦᠭᠡᠢ ᠺᠠᠳ᠋ᠷ ᠢ ᠳᠡᠮᠵᠢᠵᠦ᠂ ᠡᠷᠴᠢ ᠵᠣᠷᠢᠭ ᠢ ᠨᠢ ᠬᠦᠪᠴᠢᠯᠡᠨ᠂ ᠠᠵᠢᠯ ᠬᠢᠵᠦ ᠦᠢᠯᠡᠰ ᠪᠤᠰᠬᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠲᠥᠯᠥᠭᠡᠯᠡᠭᠴᠢᠳ ᠡ᠂ ᠰᠢᠨ᠎ᠡ ᠠᠶᠠᠨ ᠨᠢᠭᠡᠨᠲᠡ ᠡᠬᠢᠯᠡᠭᠰᠡᠨ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠶᠢᠨ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ | ᠳᠤᠮᠳᠠᠳᠤ ᠶᠢᠨ ᠵᠡᠭᠦᠳᠦ ᠶᠢ ᠬᠠᠮᠲᠤᠪᠡᠷ ᠲᠡᠷᠭᠡᠯᠰᠢᠭᠦᠯᠬᠦ︾ ᠴᠢᠬᠤᠯᠠ ᠵᠢᠭᠠᠪᠤᠷᠢ ᠶᠣᠰᠣᠭᠠᠷ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ | ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠴᠢᠩᠭ᠎ᠠ ᠲᠦᠰᠢᠭᠯᠡᠨ᠂ ᠬᠠᠷᠠᠭ᠎ᠠ ᠲᠡᠷᠯᠡᠨ ᠰᠠᠬᠢᠨ ᠪᠠᠷᠠᠯᠠᠵᠣ᠂ ᠡᠷᠡᠰ ᠵᠣᠷᠢᠭᠲᠠᠢ ᠪᠠᠷ ᠴᠢᠷᠮᠠᠶᠢᠨ ᠣᠷᠣᠭᠰᠢᠯᠠᠵᠣ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠵᠣ᠂ ᠣᠷᠣᠨ ᠤ ᠲᠥᠪ ᠤᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠪᠦᠳᠦᠭᠡᠨ ᠪᠠᠶᠢᠭᠤᠯᠣᠯᠲᠠ ᠶᠢ ᠲᠦᠷᠭᠡᠳᠬᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | |