ᠪᠠᠶᠢᠩᠭᠤ ᠶᠢᠨ ᠬᠠᠮᠢᠶᠠᠷᠤᠯᠲᠠ ᠶᠢᠨ ᠲᠣᠭᠲᠠᠯᠴᠠᠭ᠎ᠠ  ᠳᠤ  ᠠᠩᠬᠠᠷᠤᠯ ᠢᠶᠠᠨ ᠬᠠᠨᠳᠤᠭᠤᠯᠵᠤ ᠣᠷᠴᠢᠨ ᠲᠣᠭᠤᠷᠢᠨ ᠤ ᠶᠡᠷᠦᠩᠬᠡᠢ ᠴᠡᠭᠴᠡᠯᠡᠯᠲᠡ ᠶᠢᠨ ᠰᠢᠨ᠎ᠡ ᠳᠠᠪᠰᠢᠯᠲᠠ ᠶᠢ ᠪᠡᠶᠡᠯᠡᠭᠦᠯᠦᠶ᠎ᠡ
ᠨᠡᠶᠢᠲᠡᠯᠡᠭᠰᠡᠨ ᠴᠠᠭ᠄
2018/4/4
ᠵᠣᠴᠢᠨ  ᠄ ᠬᠥᠬᠡᠬᠤᠲᠠ  ᠶᠢᠨ ᠰᠢᠨ᠎ᠡ ᠲᠣᠭᠤᠷᠢᠭ  ᠤᠨ ᠠᠷᠠᠳ  ᠤᠨ ᠵᠠᠰᠠᠭ  ᠤᠨ ᠣᠷᠳᠣᠨ  ᠤ ᠲᠣᠭᠤᠷᠢᠭ  ᠤᠨ ᠳᠡᠳ᠋ ᠳᠠᠷᠤᠭ᠎ᠠ   ᠣᠳᠣᠨ        ﹇ᠬᠠᠮᠢᠶᠠᠷᠤᠭᠴᠢ﹈ ᠲᠤᠰ ᠤᠳᠠᠭᠠᠨ ᠤ ᠰᠤᠷᠪᠤᠯᠵᠢᠯᠠᠭ᠎ᠠ ᠶᠢ ᠬᠥᠬᠡᠬᠤᠲᠠ ᠶᠢᠨ ᠵᠠᠰᠠᠭ ᠤᠨ ᠣᠷᠳᠣᠨ ᠤ ᠰᠥᠯᠵᠢᠶ᠎ᠡ ᠪᠠ  ᠬᠥᠬᠡᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠨᠡᠪᠲᠡᠷᠡᠭᠦᠯᠭᠡ  ᠠᠴᠠ ᠬᠠᠮᠲᠤᠷᠠᠭᠰᠠᠨ ᠡᠷᠬᠢᠯᠡᠪᠡ  ᠃ ᠰᠦᠯᠵᠢᠶᠡᠨ ᠤ ᠨᠥᠬᠦᠳ ᠰᠦᠯᠵᠢᠶᠡᠨ ᠳᠡᠭᠡᠷ᠎ᠡ ᠦᠭᠡ ᠦᠯᠡᠳᠡᠭᠡᠵᠦ ᠮᠠᠨ  ᠤ ᠰᠡᠳᠦᠪ  ᠲᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ  ᠃      ﹇ᠬᠥᠲᠥᠯᠥᠭᠴᠢ﹈ ᠰᠢᠨ᠎ᠡ ᠬᠤᠲᠠ ᠲᠣᠭᠤᠷᠢᠭ ᠪᠣᠯ ᠥᠨᠢ ᠤᠳᠠᠭᠠᠨ ᠲᠡᠦᠬᠡ ᠲᠠᠢ᠂ ᠰᠣᠶᠣᠯ ᠤᠨ ᠨᠥᠭᠡᠴᠡ ᠡᠯᠪᠡᠭ  ᠂ ᠥᠪᠡᠷᠳᠡᠭᠡᠨ ᠵᠠᠰᠠᠬᠤ ᠣᠷᠣᠨ ᠪᠠ ᠬᠥᠬᠡᠬᠤᠲᠠ ᠶᠢᠨ ᠤᠯᠤᠰ ᠲᠦᠷᠦ᠂ ᠰᠣᠶᠣᠯ  ᠂ ᠰᠤᠷᠭᠠᠨ ᠬᠥᠮᠥᠵᠢᠯ  ᠂ ᠲᠧᠭᠨᠢᠭ ᠮᠡᠷᠭᠡᠵᠢᠯ  ᠂ ᠵᠡᠮ ᠲᠡᠭᠡᠭᠡᠪᠦᠷᠢ  ᠂ ᠮᠥᠩᠭᠦᠨ ᠭᠦᠢᠯᠭᠡᠭᠡ  ᠂ ᠬᠤᠯᠪᠣᠭ᠎ᠠ ᠪᠠ ᠮᠡᠳᠡᠭᠡ ᠵᠠᠩᠭᠢ ᠶᠢᠨ ᠲᠥᠪ᠂ ᠮᠥᠨ ᠴᠦ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠭᠠᠳᠠᠭᠰᠢ ᠨᠡᠭᠡᠭᠡᠯᠳᠠ ᠬᠢᠬᠦ ᠴᠣᠩᠬᠤ ᠮᠥᠨ᠃ ᠤᠢᠢᠷ᠎ᠠ ᠶᠢᠨ ᠬᠡᠳᠦᠨ ᠵᠢᠯ ᠤᠨ ᠲᠤᠷᠰᠢ᠂ ᠰᠢᠨ᠎ᠡ ᠬᠤᠲᠠ ᠲᠣᠭᠤᠷᠢᠭ ︽ᠰᠢᠨ᠎ᠡ᠂ ᠭᠤᠶᠣ  ᠂ ᠰᠠᠷᠠᠭᠤᠯ  ᠂ ᠨᠣᠭᠤᠭᠠᠨ  ᠂ ᠴᠡᠪᠡᠷ  ᠂ ᠰᠠᠭᠠᠳᠭᠦᠢ︾ ᠵᠢᠷᠭᠤᠭᠠᠨ ᠦᠰᠦᠭ ᠤᠨ ᠢᠨᠵᠧᠨᠧᠷᠢᠩ  ᠢ ᠬᠡᠷᠡᠭᠵᠢᠭᠦᠯᠦᠨ᠂ ᠵᠡᠷᠭᠡ ᠲᠡᠰ ᠢ ᠳᠡᠭᠡᠭᠰᠢᠯᠡᠭᠦᠯᠵᠦ᠂ ᠣᠷᠴᠢᠨ ᠲᠣᠭᠤᠷᠢᠨ ᠢ ᠰᠠᠶᠢᠵᠢᠷᠠᠭᠤᠯᠵᠤ᠂ ᠴᠢᠳᠠᠮᠵᠢ  ᠪᠠᠷ ᠪᠦᠷᠢᠨ᠂ ᠣᠨᠴᠠᠯᠢᠭ ᠢᠶᠠᠷ ᠲᠣᠳᠣ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠦᠢᠯᠡᠴᠢᠯᠡᠭᠡᠨ ᠤ ᠦᠢᠯᠡᠰ ᠤᠨ  ᠶᠡᠷᠦᠩᠬᠡᠶᠢᠯᠡᠭᠰᠡᠨ ᠬᠥᠭᠵᠢᠯᠲᠡ ᠶᠢᠨ ᠣᠷᠣᠨ ᠢ ᠪᠠᠶᠢᠭᠤᠯᠵᠤ᠂ ᠬᠤᠳᠠ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠤᠨ ᠳᠤᠮᠳᠠ  ᠰᠢᠨ᠎ᠡ ᠳᠠᠪᠰᠢᠯᠲᠠ  ᠶᠢ ᠪᠡᠶᠡᠯᠡᠭᠦᠯᠵᠡᠢ  ᠃      ﹇ᠬᠥᠲᠥᠯᠥᠭᠴᠢ﹈ 2017 ᠣᠨ ᠳᠤ ᠮᠠᠨ ᠤ ᠬᠤᠲᠠ ᠠᠴᠠ ᠪᠦᠬᠦ ᠬᠤᠲᠠ ᠶᠢᠨ ᠣᠷᠴᠢᠨ ᠲᠣᠭᠤᠷᠢᠨ  ᠢ ᠶᠡᠷᠦᠩᠬᠡᠶᠢᠯᠡᠨ  ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠂ ᠡᠭᠦᠨ  ᠳᠤ ᠰᠢᠨ᠎ᠡ ᠬᠤᠲᠠ ᠲᠣᠭᠤᠷᠢᠭ ᠶᠠᠮᠠᠷ ᠶᠠᠮᠠᠷ ᠠᠵᠢᠯ  ᠬᠢᠵᠦ ᠬᠢᠷᠢ ᠵᠡᠷᠭᠡ  ᠦᠷ᠎ᠡ ᠪᠦᠲᠦᠮᠵᠢ ᠣᠯᠤᠭᠰᠠᠨ ᠪᠤᠢ︖      ﹇ᠵᠣᠴᠢᠨ﹈ 2017 ᠣᠨ ᠠᠴᠠ ᠨᠠᠰᠢ᠂ ᠬᠤᠳᠠ ᠶᠢᠨ ᠨᠠᠮ ᠤᠨ ᠬᠤᠷᠢᠶ᠎ᠠ  ᠂ ᠬᠤᠲᠠ ᠶᠢᠨ ᠵᠠᠰᠠᠭ ᠤᠨ ᠣᠷᠳᠣᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠪᠠᠷ ᠲᠣᠬᠢᠶᠠᠯ ᠪᠣᠯᠭᠠᠵᠤ᠂ ᠣᠯᠠᠨ ᠲᠦᠮᠡᠨ ᠤ ᠡᠭᠦᠳᠡᠨ ᠡᠮᠦᠨᠡᠬᠢ ᠠᠰᠠᠭᠤᠳᠠᠯ ᠢ ᠰᠢᠢᠳᠪᠦᠷᠢᠯᠡᠬᠦ ᠤᠴᠢᠷ  ᠲᠤ ᠠᠩᠬᠠᠷᠤᠯ ᠲᠠᠯᠪᠢᠵᠤ  ᠂ ᠬᠤᠳᠠ ᠶᠢᠨ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠪᠠ ᠪᠠᠭᠤᠷᠠᠶ ᠲᠠᠯ᠎ᠠ  ᠠᠴᠠ ᠭᠠᠷᠳᠡᠵᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠨᠡᠶᠢᠴᠡᠭᠦᠯᠦᠨ᠂ ᠳᠤᠪᠤᠶᠢᠮ᠎ᠠ ᠠᠰᠠᠭᠤᠳᠠᠯ ᠢᠶᠠᠷ ᠬᠥᠲᠥᠯᠥᠮᠵᠢ ᠪᠣᠯᠭᠠᠵᠤ᠂ ᠲᠡᠦᠬᠡᠨ ᠠᠴᠠ ᠨᠠᠭᠠᠰᠢᠬᠢ ᠣᠷᠣᠭᠤᠯᠤᠯᠲᠠ ᠪᠠᠷ ᠬᠠᠮᠤᠭ ᠤᠨ ᠶᠡᠭᠡ᠂ ᠬᠡᠪᠴᠢᠶ᠎ᠡ ᠪᠠᠷ ᠬᠠᠮᠤᠭ ᠤᠨ ᠥᠷᠭᠡᠨ  ᠂ ᠬᠤᠳᠠ ᠶᠢᠨ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠵᠦ  ᠂ ᠢᠯᠡᠳᠲᠡ ᠦᠷ᠎ᠡ ᠪᠦᠲᠦᠮᠵᠢ ᠣᠯᠵᠠᠶ᠃      ᠨᠢᠭᠡ ᠳᠤ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ  ᠲᠦᠢᠯᠪᠤᠷᠢᠲᠠᠶ ᠥᠭᠡᠷᠡᠴᠢᠯᠡᠭᠳᠡᠪᠡ᠃ 58.2 ᠲᠦᠮᠡᠨ ᠲᠣᠨ ᠬᠤᠭ ᠨᠣᠪᠰᠢ  ᠂ 128 ᠬᠤᠪᠢ ᠵᠢᠵᠢᠭ ᠵᠠᠷ ᠴᠡᠪᠡᠷᠯᠡᠵᠦ᠂ 780 ᠠᠰᠠᠷ  ᠤᠨ ᠭᠤᠳᠤᠮᠵᠢ  ᠶᠢ ᠴᠡᠪᠡᠷᠯᠡᠵᠦ ᠰᠢᠨ᠎ᠡ  ᠪᠠᠷ ᠪᠤᠳᠤᠵᠤ ᠴᠠᠶᠢᠷᠠᠭᠤᠯᠪᠠ  ᠃ ᠬᠥᠬᠡ ᠬᠤᠲᠠ ᠥᠷᠲᠡᠭᠡ ᠬᠤᠲᠠ  ᠶᠢᠨ ᠶᠡᠷᠦᠩᠬᠡᠶ ᠴᠣᠭᠴᠠ 57  ᠶᠢ ᠪᠠᠶᠢᠭᠤᠯᠵᠤ᠂ 785 ᠨᠡᠶᠢᠲᠡ ᠶᠢᠨ ᠵᠣᠷᠯᠣᠩ ᠢ  ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ ᠨᠡᠭᠡᠭᠡᠨ ᠠᠰᠢᠭᠯᠠᠭᠠᠳ ᠣᠯᠠᠨ ᠲᠦᠮᠡᠨ  ᠤ ᠵᠣᠷᠯᠣᠩ  ᠳᠤ ᠣᠷᠣᠬᠤ ᠬᠦᠴᠢᠷ ᠲᠠᠢ ᠠᠰᠠᠭᠤᠳᠠᠯ  ᠢ ᠲᠦᠢᠯᠪᠤᠷᠢᠲᠠᠶ ᠰᠢᠢᠳᠪᠦᠷᠢᠯᠡᠪᠡ᠃ ᠬᠤᠳᠠ ᠳᠡᠬᠦᠷᠬᠡ ᠶᠢᠨ ᠠᠭᠤᠯᠵᠠᠷ ᠭᠠᠵᠠᠷ ᠵᠢᠴᠢ ᠵᠠᠰᠠᠮᠠᠯ ᠵᠠᠮ  ᠂ ᠲᠠᠮᠦᠷ ᠵᠠᠮ ᠳᠠᠭᠠᠤ ᠭᠠᠵᠠᠷ  ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ  ᠢ ᠥᠷᠨᠢᠭᠦᠯᠵᠦ  ᠂ ᠭᠤᠣᠯᠳᠠᠯᠭ᠎ᠠ ᠲᠠᠢ 110 ᠤᠯᠤᠰ ᠤᠨ ᠵᠠᠮ ᠂ G6  ᠥᠨᠳᠥᠷ ᠬᠤᠷᠳᠤᠴᠠᠲᠤ  ᠵᠠᠰᠠᠮᠠᠯ ᠵᠠᠮ ᠵᠡᠷᠭᠡ 7  ᠵᠠᠰᠠᠮᠠᠯ ᠵᠠᠮ᠂ ᠲᠡᠮᠦᠷ ᠵᠠᠮ ᠳᠠᠭᠠᠤ ᠪᠠ ᠬᠤᠳᠠ ᠳᠡᠬᠦᠷᠬᠡ ᠶᠢᠨ ᠠᠭᠤᠯᠵᠠᠷ ᠭᠠᠵᠠᠷ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠲᠤᠰᠬᠠᠶᠢᠯᠠᠨ  ᠴᠡᠭᠴᠡᠯᠡᠵᠦ᠂ ᠤᠳᠠᠭᠠᠨ ᠵᠢᠯ ᠤᠨ ᠣᠪᠣᠭᠠᠯᠠᠭᠰᠠᠨ ᠬᠤᠭ ᠨᠣᠪᠰᠢ ᠶᠢ ᠲᠦᠢᠯᠪᠤᠷᠢᠲᠠᠶ ᠴᠡᠪᠡᠷᠯᠡᠭᠰᠡᠨ  ᠤ ᠤᠯᠠᠮ  ᠠᠴᠠ  ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ  ᠪᠠᠨ ᠤᠯᠠᠨ ᠨᠢᠭᠡ ᠠᠯᠬᠤᠮ  ᠴᠢᠩᠭᠠᠳᠬᠠᠵᠤ᠂ ᠴᠢᠨᠠᠭᠰᠢᠳᠠ ᠪᠠᠶᠢᠩᠭᠤ  ᠶᠢᠨ ᠬᠠᠮᠢᠶᠠᠷᠤᠯᠲᠠ ᠳᠤ ᠪᠠᠭᠲᠠᠭᠠᠨ ᠬᠠᠮᠢᠶᠠᠷᠪᠠ  ᠃      ᠬᠤᠶᠠᠷ ᠲᠤ  ᠵᠠᠮ ᠪᠥᠭᠯᠡᠷᠡᠳᠡᠭ ᠠᠰᠠᠭᠤᠳᠠᠯ ᠮᠡᠳᠡᠭᠳᠡᠬᠦ᠋ᠢᠴᠡ  ᠰᠠᠶᠢᠵᠢᠷᠠᠪᠠ᠃  ᠱᠠᠨ ᠱᠦᠢ  ᠵᠠᠮ᠂  ᠰᠢ ᠯᠦᠸᠧ ᠹᠧᠩ ᠵᠡᠭᠡᠯᠢ ᠵᠡᠷᠭᠡ 37 ᠵᠡᠭᠡᠯᠢ ᠭᠤᠳᠣᠮᠵᠢ ᠶᠢ ᠰᠢᠨ᠎ᠡ ᠪᠠᠷ ᠳᠡᠪᠢᠰᠬᠦ ᠪᠤᠶᠤ ᠵᠠᠰᠠᠨ ᠰᠢᠨᠡᠳᠬᠡᠪᠡ  ᠃ ᠴᠠᠭ ᠠᠭᠤᠷ ᠤᠨ ᠲᠣᠪᠴᠢᠶ᠎ᠠ ᠶᠢᠨ ᠪᠠᠷᠠᠭᠤᠨ ᠭᠤᠳᠤᠮᠵᠢ᠂ ᠮᠣᠷᠢᠨ ᠤᠷᠤᠯᠳᠤᠭᠠᠨ ᠤ ᠲᠠᠯᠠᠪᠤᠷ  ᠤᠨ  ᠬᠤᠶᠢᠲᠤ ᠵᠠᠮ ᠵᠡᠷᠭᠡ 10 ᠮᠤᠬᠤᠷ ᠵᠠᠮ  ᠢ ᠨᠡᠪᠲᠡᠷᠡᠭᠦᠯᠪᠡ᠃ ᠳ᠋ᠦᠩ ᠶᠢᠩ ᠬᠤᠶᠢᠲᠤ ᠵᠠᠮ᠂ ᠳ᠋ᠢᠩ ᠱᠢᠶᠠᠩ ᠵᠠᠮ ᠤᠨ ᠵᠠᠰᠠᠮᠠᠯ ᠵᠠᠮ ᠪᠠ ᠲᠡᠮᠦᠷ ᠵᠠᠮ ᠤᠨ ᠠᠭᠤᠯᠵᠠᠷ ᠤᠨ ᠪᠣᠰᠤᠭ᠎ᠠ ᠬᠥᠭᠦᠷᠭᠡ ᠠᠰᠢᠭᠯᠠᠯᠲᠠ  ᠳᠤ ᠣᠷᠣᠵᠤ ᠲᠡᠷᠭᠡ ᠨᠡᠪᠳᠡᠷᠡᠪᠡ᠃ ︽ᠲᠡᠷᠭᠡ ᠶᠠᠪᠤᠬᠤ᠂ ᠲᠡᠷᠭᠡ ᠵᠣᠭᠰᠣᠬᠤ  ᠂ ᠪᠠᠴᠢᠮ ᠪᠠᠶᠢᠳᠠᠯ ᠢ ᠠᠷᠭᠠᠴᠠᠬᠤ︾ ᠵᠡᠷᠭᠡ ᠭᠤᠷᠪᠠᠨ ᠲᠠᠯ᠎ᠠ ᠪᠠᠷ 33 ᠠᠮᠠᠷᠬᠠᠨ ᠲᠡᠷᠭᠡ ᠪᠥᠭᠯᠡᠷᠡᠳᠡᠭ ᠭᠠᠵᠠᠷ ᠴᠡᠭᠴᠡᠯᠡᠯᠲᠡ ᠬᠢᠵᠦ  ᠂ 1.2 ᠲᠦᠮᠡ ᠤᠳᠠᠭ᠎ᠠ ᠲᠡᠷᠭᠡ  ᠶᠢ ᠰᠢᠯᠵᠢᠭᠦᠯᠦᠨ ᠴᠡᠪᠡᠷᠯᠡᠪᠡ︔ 8549 ᠲᠡᠷᠭᠡᠨ ᠵᠣᠭᠰᠣᠭᠠᠯ  ᠂ 197 ᠲᠡᠭᠰᠢ ᠳᠥᠷᠪᠡᠯᠵᠢᠨ ᠮᠧᠲᠷ ᠵᠠᠮ ᠬᠠᠷᠢᠯᠴᠠᠭᠠᠨ ᠤ ᠳᠡᠮᠳᠡᠭ ᠵᠢᠷᠤᠭᠠᠰᠤ ᠵᠢᠷᠤᠵᠤ᠂ 4 ᠲᠦᠮᠡ ᠢᠯᠡᠭᠦᠦ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ 467 ᠡᠵᠡᠨ ᠦᠭᠡᠢ ᠮᠠᠰᠢᠨ  ᠲᠡᠷᠭᠡ ᠶᠢ ᠴᠡᠪᠡᠷᠯᠡᠵᠦ  ᠂ 60  ᠭᠠᠷᠤᠢ ᠲᠣᠭᠲᠠᠭᠠᠯ  ᠢ ᠵᠥᠷᠢᠴᠡᠨ ᠬᠠᠶᠢᠷ ᠴᠢᠯᠠᠭᠤ  ᠲᠡᠭᠡᠭᠡᠪᠦᠷᠢᠯᠡᠭᠰᠡᠨ ᠲᠡᠷᠭᠡ ᠶᠢ ᠪᠠᠶᠢᠴᠠᠭᠠᠨ ᠬᠤᠷᠢᠶᠠᠮᠵᠢᠯᠠᠭᠠᠳ ᠵᠠᠮ ᠬᠠᠷᠢᠯᠴᠠᠭ᠎ᠠ  ᠶᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃      ᠭᠤᠷᠪᠠ ᠳᠤ ᠰᠠᠭᠤᠭᠠᠯᠢ ᠠᠷᠠᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ  ᠤ ᠬᠢᠷᠢ ᠲᠦᠪᠰᠢᠨ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃ 182 ᠳᠦᠭᠦᠮ ᠪᠦᠳᠦᠭᠦᠯᠢᠭ ᠣᠷᠣᠨ ᠰᠠᠭᠤᠴᠠᠲᠤ  ᠲᠣᠭᠤᠷᠢᠭ ᠢ ᠥᠭᠡᠷᠡᠴᠢᠯᠡᠨ ᠰᠢᠨᠡᠳᠬᠡᠵᠦ᠂ 5.2 ᠲᠦᠮᠡᠨ ᠡᠷᠦᠬᠡ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠪᠠ᠃ 152 ᠰᠠᠭᠤᠭᠠᠯᠢ ᠠᠷᠠᠳ  ᠤᠨ ᠲᠣᠭᠤᠷᠢᠭ ᠤᠨ 19.6 ᠲᠦᠮᠡᠨ ᠲᠡᠭᠰᠢ ᠳᠥᠷᠪᠡᠯᠵᠢᠨ ᠮᠧᠲᠷ 3.3 ᠲᠦᠮᠡᠨ ᠲᠠᠰᠤᠯᠭ᠎ᠠ ᠬᠦᠢᠲᠡᠨ ᠪᠠᠶᠢᠰᠢᠩ  ᠢ ᠨᠤᠷᠠᠭᠠᠵᠤ᠂ ᠬᠤᠲᠠ  ᠶᠢᠨ ᠳᠣᠲᠣᠷ᠎ᠠ ᠬᠦᠢᠲᠡᠨ ᠪᠠᠶᠢᠰᠢᠩ  ᠤᠨ  ᠴᠠᠭ ᠦᠶ᠎ᠡ ᠶᠢ ᠡᠴᠦᠰᠯᠡᠭᠦᠯᠪᠡ  ᠃      ᠲᠦᠷᠪᠡ ᠳᠤ ᠬᠤᠲᠠ ᠶᠢᠨ ᠳᠦᠷᠢ ᠳᠦᠷᠬᠦ ᠶᠢ ᠴᠢᠮᠡᠭᠯᠡᠬᠦ ᠪᠠ ᠨᠣᠭᠤᠭᠠᠷᠠᠭᠤᠯᠤᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ 69 ᠭᠤᠣᠯᠳᠠᠯᠭ᠎ᠠ ᠲᠠᠢ ᠵᠡᠭᠡᠯᠢ ᠭᠤᠳᠣᠮᠵᠢ ᠶᠢᠨ ᠭᠠᠳᠠᠷ ᠨᠢᠭᠤᠷ ᠲᠠᠯ᠎ᠠ ᠪᠠ ᠫᠠᠶᠢᠰᠠ ᠢᠯᠡᠷᠬᠡᠶᠢᠯᠡᠯ ᠢ ᠲᠣᠶᠢᠯᠪᠤᠷᠢᠲᠠᠢ ᠴᠡᠭᠴᠡᠯᠡᠪᠡ᠃ ᠬᠠᠶᠢᠯᠠᠷ ᠶᠡᠭᠡ ᠵᠡᠭᠡᠯᠢ᠂ ᠪᠠ ᠢ ᠵᠠᠬ᠎ᠠ ᠳᠡᠯᠭᠡᠭᠦᠷ ᠵᠡᠷᠭᠡ 23  ᠵᠡᠭᠡᠯᠢ ᠭᠤᠳᠤᠮᠵᠢ ᠶᠢ ᠧᠦ᠋ᠷᠣᠫᠠ ᠮᠠᠶ᠋ᠢᠭ  ᠂ ᠮᠢᠩ ᠴᠢᠩ ᠪᠣᠯᠣᠨ ᠮᠣᠩᠭᠤᠯ ᠤᠨ ᠬᠡᠪ ᠨᠠᠮᠪᠠ ᠶᠣᠰᠣᠭᠠᠷ ᠥᠪᠡᠷᠮᠢᠴᠡ ᠣᠨᠴᠠᠯᠢᠭ ᠲᠠᠢ ᠪᠣᠯᠭᠠᠨ ᠥᠭᠡᠷᠡᠴᠢᠯᠡᠨ ᠵᠠᠰᠠᠪᠠ᠃ ᠯᠢ ᠶᠣᠸᠠᠨ ᠬᠤᠷᠢᠶᠠᠯᠠᠯ᠂ ᠬᠠᠢ ᠲᠢᠶᠠᠨ ᠬᠤᠷᠢᠶᠠᠯᠠᠯ ᠵᠡᠷᠭᠡ ᠰᠣᠳᠣᠨ ᠵᠢᠱᠢᠶᠡᠴᠢ ᠬᠤᠷᠢᠶᠠᠯᠠᠯ 30 ᠶᠢ ᠪᠠᠶᠢᠭᠤᠯᠵᠣ᠂ ᠬᠤᠲᠠ ᠶᠢᠨ ᠳᠦᠷᠢ ᠳᠦᠷᠬᠦ ᠢᠯᠡᠳᠲᠡ ᠰᠠᠶᠢᠵᠢᠷᠠᠭᠰᠠᠨ ᠪᠠᠶᠢᠨ᠎ᠠ᠃ ᠪᠦᠬᠦ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠣᠯᠲᠠ ᠶᠢᠨ ᠲᠠᠯᠠᠪᠠᠢ 1.3 ᠲᠦᠮᠡᠨ ᠮᠦ ᠬᠦᠷᠴᠦ  ᠂ 520 ᠲᠦᠮᠡᠨ ᠰᠠᠭᠤᠷᠢ ᠵᠤᠯᠵᠠᠭ᠎ᠠ ᠮᠣᠳᠣ ᠵᠠᠶᠢᠯᠠᠭᠰᠠᠨ ᠪᠠᠶᠢᠨ᠎ᠠ᠃ ᠵᠢᠶᠠ ᠳ᠋ᠢ ᠴᠢᠬᠢ ᠮᠣᠳᠣᠨ ᠤ ᠴᠡᠴᠡᠷᠯᠢᠭ ᠵᠡᠷᠭᠡ 30 ᠨᠣᠭᠤᠭᠠᠷᠠᠭᠤᠯᠣᠯᠲᠠ ᠶᠢᠨ ᠭᠠᠵᠠᠷ ᠢ ᠪᠠᠶᠢᠭᠤᠯᠵᠣ᠂ ᠣᠣᠯ ᠤᠨ ᠬᠤᠲᠠ ᠶᠢᠨ ᠠᠰᠢᠭᠯᠠᠯᠲᠠ ᠳᠤ ᠣᠷᠤᠭ᠎ᠠ ᠦᠭᠡᠢ ᠭᠠᠵᠠᠷ ᠬᠢᠭᠡᠳ ᠬᠤᠭ ᠨᠣᠪᠰᠢ ᠶᠢᠨ ᠲᠠᠯᠠᠪᠠᠢ ᠨᠢ ᠨᠣᠭᠤᠭᠠᠷᠠᠭᠤᠯᠣᠭᠰᠠᠨ ᠦᠵᠡᠮᠵᠢ ᠶᠢᠨ ᠭᠠᠵᠠᠷ ᠪᠠ ᠵᠤᠭ᠎ᠠ ᠰᠡᠯᠡᠭᠦᠴᠡᠯ ᠤᠨ ᠴᠡᠴᠡᠷᠯᠢᠭ ᠪᠣᠯᠪᠠ  ᠃      ᠲᠠᠪᠤ ᠳᠤ  ᠬᠤᠲᠠ ᠶᠢᠨ ᠳᠦᠷᠢ ᠲᠥᠷᠬᠦ ᠣᠷᠴᠢᠨ ᠲᠣᠭᠤᠷᠢᠨ ᠤ ᠡᠮᠬᠢ ᠵᠠᠮᠪᠠᠷᠠᠭ᠎ᠠ ᠤᠯᠠᠮ ᠨᠢᠭᠡ ᠠᠯᠬᠤᠮ ᠳᠦᠷᠢᠮᠵᠢᠪᠡ᠃ ᠵᠡᠭᠡᠯᠢ ᠳᠠᠭᠠᠤ 1.28 ᠲᠦᠮᠡᠨ ᠳᠡᠯᠭᠡᠭᠦᠷ ᠲᠠᠢ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ ᠪᠢᠴᠢᠭ ᠬᠢᠵᠦ᠂ ᠳᠡᠯᠭᠡᠭᠦᠷ  ᠤᠨ ᠭᠠᠳᠠᠨ᠎ᠠ ᠣᠪᠣᠭᠠᠯᠠᠭᠰᠠᠨ 9500 ᠭᠠᠷᠤᠢ ᠬᠤᠭ ᠤᠨ ᠣᠪᠣᠭ᠎ᠠ᠂ 4600 ᠭᠠᠷᠤᠢ ᠨᠡᠭᠦᠳᠡᠯ ᠮᠠᠶᠢᠮᠠᠶ ᠶᠢᠨ ᠭᠠᠵᠠᠷ  ᠢ  ᠴᠡᠪᠡᠷᠯᠡᠨ ᠴᠡᠭᠴᠡᠯᠡᠵᠦ᠂    ᠵᠠᠬ᠎ᠠ ᠳᠡᠯᠭᠡᠭᠦᠷ ᠤᠨ ᠡᠮᠬᠢ ᠳᠢᠭᠯᠢᠮ ᠤᠯᠠᠮ ᠨᠢᠭᠡ ᠠᠯᠬᠤᠮ ᠳᠦᠷᠢᠮᠵᠢᠪᠡ  ᠃      ᠵᠢᠷᠭᠤᠭ᠎ᠠ ᠳᠤ  ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠦᠷᠭᠦᠯᠵᠢᠯᠡᠨ ᠪᠠᠬᠢᠵᠢᠪᠡ᠃ ᠬᠤᠭᠤᠯᠠᠨ ᠭᠡᠷ  ᠢ ᠬᠢᠨᠠᠨ ᠬᠠᠮᠢᠶᠠᠷᠬᠤ ᠲᠠᠪᠴᠠᠩ ᠢᠶᠠᠷ 14 ᠵᠢᠱᠢᠶ᠎ᠡ ᠦᠵᠡᠭᠦᠯᠬᠦ ᠵᠡᠭᠡᠯᠢ ᠶᠢᠨ 566 ᠬᠤᠭᠤᠯᠠᠨ ᠭᠡᠷ  ᠢ ᠬᠢᠨᠠᠨ ᠡᠵᠡᠮᠳᠡᠵᠦ  ᠂ ᠬᠤᠲᠠ  ᠶᠢᠨ ᠳᠣᠲᠣᠷᠠᠬᠢ 2751ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ  ᠶᠢᠨ ᠲᠣᠭᠤᠭᠠᠨ ᠭᠡᠷ  ᠲᠤ ᠲᠣᠰᠣ ᠪᠠ ᠤᠰᠤ  ᠶᠢ ᠢᠯᠭᠠᠬᠤ ᠲᠥᠬᠦᠷᠦᠮᠵᠢ ᠤᠭᠰᠠᠷᠴᠤ  ᠂ 3166 ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ  ᠳᠤ ᠴᠡᠭᠴᠡᠯᠡᠯᠲᠡ ᠬᠢᠵᠦ᠂ ᠤᠯᠠᠨ ᠲᠦᠮᠡᠨ ᠤ ᠢᠳᠡᠭᠡᠨ ᠤ ᠵᠦᠢᠯ ᠤᠨ ᠠᠮᠤᠷ ᠲᠦᠪᠰᠢᠨ ᠪᠠᠲᠤᠯᠠᠭ᠎ᠠ ᠲᠠᠢ ᠪᠣᠯᠪᠠ  ᠃      ﹇ᠬᠥᠲᠥᠯᠥᠭᠴᠢ﹈ 2018 ᠣᠨ  ᠳᠤ ᠬᠤᠳᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠠᠯ᠎ᠠ  ᠪᠠᠷ ᠶᠠᠮᠠᠷ ᠶᠠᠮᠠᠷ ᠪᠣᠳᠣᠯᠬᠢᠯᠠᠯ ᠪᠠᠶᠢᠨ᠎ᠠ  ︖      ﹇ᠵᠣᠴᠢᠨ﹈ ᠨᠢᠭᠡ ᠳᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠬᠤᠲᠠ ᠶᠢᠨ ᠬᠠᠮᠢᠶᠠᠷᠤᠯᠲᠠ ᠪᠣᠯᠤᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠠᠷᠠᠳ  ᠤᠨ ᠠᠮᠢᠳᠤᠷᠠᠯ  ᠳᠤ ᠳᠥᠭᠦᠮ ᠦᠵᠡᠭᠦᠯᠵᠦ  ᠂ ᠬᠦᠷᠲᠡᠭᠡᠮᠵᠢ  ᠶᠢᠨ ᠰᠡᠳᠬᠢᠯᠭᠡ  ᠂ ᠵᠣᠯ ᠵᠢᠷᠭᠠᠯᠲᠤ ᠰᠡᠳᠬᠢᠯᠭᠡ ᠪᠠ ᠠᠮᠤ ᠲᠦᠪᠰᠢᠨ ᠰᠡᠳᠬᠢᠯᠭᠡ  ᠶᠢ ᠨᠡᠮᠡᠭᠳᠡᠭᠦᠯᠦᠨ᠎ᠡ᠃      ᠬᠤᠶᠠᠷ ᠲᠤ ︽ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ︾ ᠬᠡᠮᠡᠬᠦ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠯ᠂ ᠪᠣᠬᠢᠷᠲᠤᠯ ᠦᠭᠡᠢ ᠤᠲᠤᠭ᠎ᠠ ᠦᠭᠡᠢ ᠬᠥᠭᠵᠢᠯᠲᠡ ᠶᠢ ᠪᠠᠷᠢᠮᠲᠠᠯᠠᠵᠤ᠂ ᠲᠡᠭᠷᠢ ᠨᠢ ᠴᠡᠯᠮᠡᠭ ᠲᠠᠯ᠎ᠠ ᠨᠢ ᠴᠡᠯᠡᠭᠡᠷ ᠤᠰᠤ ᠨᠢ ᠲᠤᠩᠭᠠᠯᠠᠭ ᠣᠷᠴᠢᠨ ᠠᠬᠤᠢ  ᠢ ᠪᠦᠲᠦᠭᠡᠨ ᠪᠠᠶᠢᠭᠤᠯᠤᠨ᠎ᠠ  ᠃      ᠭᠤᠷᠪᠠ  ᠳᠤ  ᠦᠨᠳᠦᠷ ᠴᠢᠨᠰᠠᠭᠠᠲᠤ ᠬᠥᠭᠵᠢᠯᠲᠡ  ᠶᠢ ᠪᠠᠷᠢᠮᠲᠠᠯᠠᠵᠤ  ᠂ ᠳᠤᠲᠠᠭᠤ  ᠪᠠᠨ ᠨᠥᠬᠦᠵᠦ  ᠂ ᠪᠠᠭᠤᠷᠠᠢ  ᠪᠠᠨ ᠴᠢᠩᠭᠠᠳᠬᠠᠵᠤ  ᠂ ᠬᠤᠸᠠᠷ ᠬᠠᠳᠬᠤᠬᠤ ᠵᠣᠷᠢᠭ ᠰᠠᠨᠠᠭ᠎ᠠ  ᠪᠠᠷ ᠬᠤᠲᠠ  ᠶᠢᠨ ᠪᠦᠳᠦᠭᠦᠯᠢᠭ ᠬᠥᠭᠵᠢᠯᠲᠡ  ᠶᠢᠨ ᠠᠷᠭ᠎ᠠ ᠪᠠᠷᠢᠯ  ᠢ ᠲᠤᠶᠢᠯᠪᠤᠷᠢᠲᠠᠢ ᠥᠭᠡᠷᠡᠴᠢᠯᠡᠵᠦ  ᠂ ᠬᠤᠭᠤᠰᠣᠨ  ᠢ ᠨᠥᠬᠦᠵᠦ ᠪᠠᠶᠢᠭᠰᠠᠨ  ᠠᠴᠠ  ᠴᠢᠨᠠᠷ  ᠢ ᠰᠠᠶᠢᠵᠢᠷᠠᠭᠤᠯᠬᠤ ᠦᠨᠳᠦᠰᠦᠨ ᠬᠤᠪᠢᠰᠤᠯᠲᠠ  ᠶᠢ ᠪᠡᠶᠡᠯᠡᠭᠦᠯᠦᠨ᠎ᠡ  ᠃      ᠳᠥᠷᠪᠡ ᠳᠤ  ︽ᠪᠠᠷᠠᠯᠠᠬᠤ  ᠠᠴᠠ ᠠᠭᠤᠯᠠ ᠲᠠᠢ᠂  ᠦᠵᠡᠬᠦ ᠠᠴᠠ ᠤᠰᠤ ᠲᠠᠢ᠂ ᠰᠠᠨᠠᠬᠤ ᠠᠴᠠ ᠨᠤᠲᠤᠭ ᠲᠠᠢ︾  ᠶᠢ  ᠪᠠᠷᠢᠮᠲᠠᠯᠠᠵᠤ᠂ ᠦᠨᠳᠦᠰᠦᠲᠡᠨ ᠤ ᠰᠢᠯᠢᠳᠡᠭ ᠰᠣᠶᠣᠯ ᠢ ᠬᠥᠭᠵᠢᠭᠦᠯᠦᠨ ᠮᠠᠨᠳᠤᠭᠤᠯᠵᠤ᠂ ᠬᠤᠲᠠ ᠶᠢᠨ ᠲᠡᠦᠬᠡ ᠰᠣᠶᠣᠯ ᠤᠨ ᠥᠪ ᠢᠶᠠᠨ ᠵᠠᠯᠭᠠᠮᠵᠢᠯᠠᠨ᠂ ᠬᠤᠳᠠ ᠶᠢᠨ  ᠥᠪᠡᠷᠮᠢᠴᠡ  ᠤᠨᠴᠠᠯᠢᠭᠲᠦ  ᠳᠥᠷᠬᠦ ᠪᠠᠶᠢᠳᠠᠯ᠂ ᠬᠤᠳᠠ ᠶᠢᠨ ᠵᠣᠷᠢᠭ ᠰᠠᠨᠠᠭ᠎ᠠ ᠶᠢ ᠡᠭᠦᠳᠴᠦ᠂ ᠭᠠᠳᠠᠭᠠᠳᠤ  ᠳᠠᠭᠠᠨ  ᠡᠶ᠎ᠡ ᠵᠣᠬᠢᠴᠠᠯᠳᠤ ᠳᠦᠷᠢ ᠲᠥᠷᠬᠦ ᠶᠢ ᠪᠤᠢ ᠪᠣᠯᠭᠠᠵᠤ᠂ ᠳᠣᠲᠣᠭᠠᠳᠤ ᠳᠠᠭᠠᠨ ᠬᠥᠮᠦᠰ ᠤᠨ ᠰᠡᠳᠬᠢᠯ ᠢ  ᠨᠢᠭᠲᠠᠷᠠᠭᠤᠯᠤᠨ᠎ᠠ᠃      ᠲᠠᠪᠤ ᠳᠤ  ᠠᠶᠤᠯᠭᠦᠶ ᠬᠥᠭᠵᠢᠯᠲᠡ ᠶᠢ ᠪᠠᠷᠢᠮᠲᠠᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠤᠨ ᠤᠬᠠᠮᠰᠠᠷ ᠢ ᠴᠢᠩᠭᠠᠳᠬᠠᠵᠤ᠂ ᠬᠤᠳᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ  ᠳᠡᠭᠡᠭᠰᠢᠯᠡᠭᠦᠯᠦᠨ᠎ᠡ᠃      ﹇ᠬᠥᠲᠥᠯᠥᠭᠴᠢ﹈ ᠰᠢᠨ᠎ᠡ ᠬᠤᠲᠠ ᠲᠣᠭᠤᠷᠢᠭ ᠨᠢ   ᠪᠠᠶᠢᠩᠭᠤᠰᠢᠭᠰᠠᠨ᠂ ᠤᠳᠠᠭᠠᠨ ᠬᠦᠴᠦᠨ ᠲᠠᠢ᠂   ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤᠪᠠᠷ ᠵᠠᠰᠠᠬᠤ ᠬᠠᠮᠢᠶᠠᠷᠤᠯᠲᠠ ᠶᠢ ᠪᠡᠶᠡᠯᠡᠭᠦᠯᠬᠦ  ᠪᠠᠷ ᠬᠠᠷᠠᠯᠲᠠ ᠪᠣᠯᠭᠠᠨ᠂ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠭᠦᠨ ᠳᠤ ᠬᠠᠮᠤᠭ ᠤᠨ ᠵᠠᠩᠭᠢᠯᠠᠭ᠎ᠠ ᠨᠢ ᠶᠠᠭᠤ ᠪᠤᠢ︖      ﹇ᠵᠣᠴᠢᠨ﹈ ᠨᠢᠭᠡ ᠳᠤ  ᠬᠢᠨᠠᠨ ᠵᠢᠯᠣᠭᠤᠳᠬᠤ ᠬᠠᠷᠢᠭᠤᠴᠠᠯᠭ᠎ᠠ  ᠶᠢ ᠴᠢᠩᠭᠠᠳᠬᠠᠪᠠ᠃      ᠬᠤᠶᠠᠷ ᠲᠤ ᠪᠠᠶᠢᠩᠭᠤ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠩᠭᠤ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠠᠵᠢᠯ ᠤᠨ ᠳᠤᠮᠳᠠ ᠭᠠᠷᠤᠭᠰᠠᠨ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ  ᠂ ᠰᠢᠨᠵᠢᠯᠡᠬᠦ ᠤᠬᠠᠭᠠᠨᠴᠢ  ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃      ᠭᠤᠷᠪᠠ  ᠳᠤ   ︽ᠵᠠᠮ  ᠤᠨ ᠳᠠᠷᠤᠭ᠎ᠠ  ︾  ᠶᠢᠨ ᠬᠢᠨᠠᠨ ᠬᠠᠮᠢᠶᠠᠷᠬᠤ ᠰᠢᠰᠲ᠋ᠧᠮᠵᠢ  ᠶᠢ ᠲᠡᠭᠦᠯᠳᠡᠷᠵᠢᠭᠦᠯᠦᠨ᠎ᠡ᠃      ᠲᠦᠷᠪᠡ ᠳᠤ ᠲᠤᠭᠠᠵᠢᠭᠤᠯᠤᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠤᠨ ᠦᠢᠯᠡᠳᠦᠯ ᠢ   ᠭᠦᠢᠴᠡᠳ ᠪᠠᠳᠠᠷᠠᠭᠤᠯᠤᠨ᠎ᠠ  ᠃      ᠲᠠᠪᠤ  ᠳᠤ  ᠨᠡᠶᠢᠲᠡ  ᠶᠢᠨ ᠵᠣᠷᠯᠣᠩ ᠪᠠᠶᠢᠭᠤᠯᠬᠤ  ᠂ ᠠᠳᠠᠯ ᠠᠬᠤᠢ ᠵᠡᠷᠭᠡ ᠬᠥᠷᠢᠶ᠎ᠡ ᠬᠡᠪᠴᠢᠶᠡᠨ  ᠤ  ᠪᠠᠶᠢᠩᠭᠤ  ᠶᠢᠨ ᠬᠠᠮᠢᠶᠠᠷᠤᠯᠲᠠ  ᠶᠢᠨ ᠳᠣᠭᠲᠠᠴᠠ  ᠤᠨ ᠪᠠᠶᠢᠭᠤᠯᠤᠯᠲᠠ  ᠶᠢ ᠠᠬᠢᠭᠤᠯᠤᠨ᠎ᠠ  ᠃      ᠵᠢᠷᠭᠤᠭ᠎ᠠ  ᠳᠤ  ᠪᠠᠲᠤᠯᠠᠭ᠎ᠠ  ᠶᠢᠨ ᠳᠣᠭᠲᠠᠴᠠ  ᠶᠢ ᠪᠠᠶᠢᠭᠤᠯᠤᠨ ᠲᠡᠭᠦᠯᠳᠡᠷᠵᠢᠭᠦᠯᠦᠨ᠎ᠡ  ᠃      ﹇ᠬᠥᠲᠥᠯᠥᠭᠴᠢ﹈ ᠬᠤᠳᠠ ᠶᠢᠨ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠪᠣᠯ ᠨᠢᠭᠡᠨ ᠤᠷᠳᠤ ᠬᠤᠭᠤᠴᠠᠭᠠᠨ ᠤ ᠡᠭᠦᠷᠭᠡ ᠮᠦᠨ᠃ ᠪᠢᠳᠠ ᠬᠠᠮᠲᠤᠪᠠᠷ  ᠴᠢᠷᠮᠠᠶᠢᠵᠤ᠂ ᠬᠤᠳᠠ ᠶᠢᠨ ᠣᠷᠴᠢᠨ ᠲᠣᠭᠤᠷᠢᠨ  ᠂ ᠬᠤᠳᠠ ᠶᠢᠨ ᠬᠠᠮᠢᠶᠠᠷᠤᠯᠲᠠ ᠶᠢᠨ ᠶᠠᠰᠤ ᠴᠢᠨᠠᠷ  ᠢᠶᠠᠨ ᠳᠡᠭᠡᠭᠰᠢᠯᠡᠭᠦᠯᠵᠦ  ᠂ ᠰᠢᠨ᠎ᠡ ᠬᠤᠲᠠ ᠲᠣᠭᠤᠷᠢᠭ  ᠢᠶᠠᠨ ᠤᠯᠠᠮ  ᠰᠠᠶᠢᠬᠠᠨ ᠪᠣᠯᠭᠠᠨ ᠪᠥᠲᠦᠭᠡᠨ ᠪᠠᠶᠢᠭᠤᠯᠤᠶ᠎ᠠ᠃ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠣᠳᠣᠨ ᠳᠡᠳ᠋ ᠳᠠᠷᠤᠭ᠎ᠠ  ᠳᠤ ᠪᠠᠶᠠᠷᠯᠠᠯ᠎ᠠ︕
ᠢᠷᠡᠯᠲᠡ᠄ ᠬᠥᠬᠡᠬᠤᠲᠠ  ᠶᠢᠨ ᠠᠷᠠᠳ  ᠤᠨ ᠵᠠᠰᠠᠭ  ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ