ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠬᠦ ᠪᠠᠷ ᠪᠠᠶᠢᠭ᠎ᠠ ᠴᠢᠳᠠᠪᠤᠷᠢᠲᠠᠨ | ᠡᠯᠰᠡᠬᠦ ᠵᠢᠴᠢ ᠠᠳᠠᠯ ᠦᠶ᠋ᠯᠡᠰ ᠴᠣᠭᠴᠠᠯᠠᠬᠤ ᠲᠥᠷᠥᠯ ᠵᠦᠢᠯ ᠳᠤ ᠤᠷᠢᠬᠤ ᠬᠠᠪᠤᠷ ᠤᠨ ᠤᠯᠠᠷᠢᠯ ᠤᠨ ᠲᠣᠮᠣ | ᠬᠡᠯᠪᠡᠷᠢ ᠶᠢᠨ ᠳᠡᠯᠭᠡᠨ ᠦᠵᠡᠭᠦᠯᠦᠯᠭᠡ ᠶᠢᠨ ᠴᠤᠭᠯᠠᠭᠠᠨ 4 ᠳ᠋ᠦ᠋ᠭᠡᠷ ᠰᠠᠷ᠎ᠠ ᠶᠢᠨ 14 ᠤ ᠡᠳᠦᠷ ᠥᠪᠥᠷ ᠮᠣᠩᠭᠤᠯ ᠤᠨ | ᠦᠵᠡᠰᠬᠦᠯᠡᠩ ᠤᠨ ᠣᠷᠳᠣᠨ ᠳᠤ ᠶᠠᠪᠤᠭᠳᠠᠨ᠎ᠠ᠃ | ᠲᠣᠰ ᠤᠳᠠᠭᠠᠨ ᠤ ᠠᠵᠢᠯᠯᠠᠭ᠎ᠠ ᠨᠢ ︽ᠠᠳᠠᠯ ᠦᠶ᠋ᠯᠡᠰ ᠴᠣᠭᠴᠠᠯᠠᠵᠤ ᠠᠵᠢᠯ ᠤᠯᠭᠤᠬᠤ ᠪᠠᠷ ᠬᠦᠭᠵᠢᠯᠲᠡ ᠶᠢ | ᠠᠬᠢᠭᠤᠯᠵᠤ · ᠠᠵᠢᠯ ᠡᠷᠢᠵᠦ ᠠᠵᠢᠯ ᠤᠯᠭᠤᠬᠤ ᠪᠠᠷ ᠡᠶ᠎ᠡ ᠵᠤᠬᠢᠴᠠᠯ ᠢ ᠪᠠᠶᠢᠭᠤᠯᠬᠤ︾ ᠪᠠᠷ ᠭᠤᠣᠯ ᠰᠡᠳᠦᠪ | ᠪᠣᠯᠭᠠᠵᠤ᠂ ᠡᠯ᠎ᠡ ᠬᠦᠷᠢᠶᠡᠨ ᠤ 260 ᠭᠠᠷᠤᠢ ᠠᠵᠤ ᠠᠬᠤᠶᠢᠯᠠᠯ ᠢ ᠤᠷᠢᠨ ᠲᠤᠬᠠᠶ ᠶᠢᠨ ᠲᠠᠯᠠᠪᠠᠢ ᠳᠤ ᠡᠯᠰᠡᠭᠦᠯᠦᠨᠡ | ᠂ ᠵᠢᠱᠢᠯᠲᠡ ᠪᠠᠷ 3000 ᠭᠠᠷᠤᠢ ᠠᠵᠢᠯ ᠤᠨ ᠪᠠᠶᠢᠷᠢ ᠪᠠᠶᠢᠵᠤ᠂ ᠥᠪᠡᠷᠲᠡᠭᠡᠨ ᠵᠠᠰᠠᠬᠤ ᠣᠷᠣᠨ ᠪᠠ | ᠬᠥᠬᠡᠬᠤᠲᠠ ᠶᠢᠨ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠬᠥᠮᠦᠰ᠂ ᠬᠦᠴᠦ ᠶᠠᠪᠤᠭᠴᠢ ᠮᠠᠯᠴᠢᠨ | ᠲᠠᠷᠢᠶᠠᠴᠢᠨ᠂ ᠠᠵᠦ ᠠᠮᠢᠳᠤᠷᠠᠯ ᠨᠢ ᠬᠦᠴᠢᠷᠳᠡᠯᠲᠡᠶ ᠠᠵᠢᠯᠲᠠᠨ ᠤ ᠭᠡᠷ ᠪᠦᠯᠢ ᠶᠢᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠨ ᠰᠤᠷᠤᠭᠴᠢᠳ ᠪᠠ ᠦᠯᠡᠭᠦᠦ ᠦᠢᠯᠡᠳᠪᠦᠷᠢᠯᠡᠯ ᠤᠨ ᠴᠢᠳᠠᠪᠤᠷᠢ ᠶᠢ ᠨᠢ ᠦᠭᠡᠶᠢᠰᠭᠡᠭᠰᠡᠨ ᠠᠵᠤ | ᠠᠬᠤᠶᠢᠯᠠᠯ ᠤᠨ ᠠᠵᠢᠯ ᠤᠨ ᠪᠠᠶᠢᠷᠢ ᠠᠴᠠ ᠪᠠᠨ ᠪᠠᠭᠤᠭᠰᠠᠨ᠂ ᠠᠵᠢᠯ ᠤᠨ ᠪᠠᠶᠢᠷᠢ ᠬᠦᠯᠢᠶᠡᠵᠦ ᠪᠠᠶᠢᠭ᠎ᠠ ᠠᠵᠢᠯᠳᠠᠨ | ᠠᠵᠢᠯᠴᠢᠨ ᠵᠡᠷᠭᠡ ᠠᠵᠢᠯ ᠤᠯᠬᠤ ᠳᠤ ᠬᠦᠴᠢᠷᠳᠡᠯᠲᠡᠶ ᠬᠦᠮᠦᠰ ᠲᠤ ᠠᠵᠢᠯ ᠣᠯᠭᠤᠬᠤ ᠪᠠ ᠲᠠᠬᠢᠨ ᠠᠵᠢᠯ | ᠤᠯᠭᠤᠬᠤ ᠶᠢ ᠭᠤᠤᠯᠳᠠᠯᠭ᠎ᠠ ᠲᠠᠢ ᠬᠠᠪᠰᠤᠷᠤᠨ᠎ᠠ᠃ | ᠲᠠᠨᠢᠯᠴᠠᠭᠤᠯᠤᠭᠰᠠᠨ ᠢᠶᠠᠷ᠂ ︽ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ ᠦᠢ | ᠣᠯᠠᠨ ᠢᠶᠠᠷ ᠢᠶᠠᠨ ᠰᠢᠨ᠎ᠡ ᠶᠢ ᠡᠭᠦᠳᠬᠦ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠲᠤᠰ ᠤᠳᠠᠭᠠᠨ ᠤ ᠡᠯᠰᠡᠯᠲᠡ ᠶᠢᠨ | ᠴᠤᠭᠯᠠᠭᠠᠨ ᠤ ᠭᠤᠣᠯ ᠰᠡᠳᠦᠪ ᠵᠢᠴᠢ ᠣᠳᠣᠬᠠᠨ ᠤ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠪᠠᠶᠢᠳᠠᠯ ᠲᠠᠢ | ᠤᠶᠠᠯᠳᠤᠭᠤᠯᠤᠨ᠂ ᠲᠤᠰ ᠤᠳᠠᠭᠠᠨ ᠤ ᠠᠵᠢᠯᠯᠠᠭ᠎ᠠ ᠨᠢ ᠥᠩᠭᠡᠷᠡᠭᠰᠡᠨ ᠤ ᠤᠯᠠᠮᠵᠢᠯᠠᠯᠲᠤ ᠤᠷᠢᠵᠤ ᠡᠯᠰᠡᠬᠦ | ᠬᠤᠷᠠᠯ ᠤᠨ ᠰᠠᠭᠤᠷᠢᠨ ᠳᠡᠭᠡᠷ᠎ᠡ᠂ ᠠᠳᠠᠯ ᠦᠢᠯᠡᠰ ᠴᠤᠭᠴᠠᠯᠠᠬᠤ ᠳᠤ ᠬᠤᠯᠪᠤᠭᠠᠯᠠᠬᠤ ᠲᠥᠷᠥᠯ ᠵᠦᠢᠯ ᠤᠨ ᠰᠢᠨ᠎ᠡ ᠶᠢ | ᠡᠭᠦᠳᠬᠦ ᠴᠢᠨᠠᠷᠲᠠᠶ ᠳᠡᠯᠭᠡᠨ ᠦᠵᠡᠭᠦᠯᠬᠦ ᠲᠠᠪᠴᠠᠩ ᠲᠤᠬᠢᠷᠠᠭᠤᠯᠵᠤ᠂ ᠨᠢᠭᠡ ᠪᠦᠯᠦᠭ ᠠᠷᠠᠳ ᠤᠯᠠᠨ ᠲᠠᠢ | ᠬᠤᠯᠪᠤᠭᠳᠠᠯ ᠲᠠᠢ᠂ ᠠᠵᠢᠯᠯᠠᠬᠤ ᠳᠤ ᠳᠦᠬᠦᠮ᠂ ᠪᠡᠯᠡ ᠣᠷᠣᠭᠤᠯᠤᠯᠲᠠ ᠪᠠᠭ᠎ᠠ ᠠᠳᠠᠯ ᠦᠢᠯᠡᠰ ᠴᠤᠭᠴᠠᠯᠠᠬᠤ | ᠬᠤᠯᠪᠤᠭᠠᠨ ᠤ ᠲᠦᠷᠦᠯ ᠵᠦᠢᠯ ᠤᠨ ᠳᠡᠯᠭᠡᠨ ᠦᠵᠡᠭᠦᠯᠦᠯᠭᠡ ᠬᠢᠵᠦ᠂ ᠠᠵᠢᠯ ᠡᠷᠢᠭᠴᠢᠳ ᠤᠨ ᠰᠡᠳᠬᠢᠴᠡ ᠶᠢ | ᠦᠷᠭᠡᠵᠢᠭᠦᠯᠵᠦ᠂ ᠥᠷᠭᠡᠨ ᠣᠯᠠᠨ ᠠᠵᠢᠯ ᠡᠷᠢᠭᠴᠢᠳ ᠢ ᠠᠳᠠᠯ ᠦᠢᠯᠡᠰ ᠴᠤᠭᠴᠠᠯᠠᠬᠤ ᠬᠤᠯᠪᠣᠭᠠᠨ ᠤ ᠲᠥᠷᠥᠯ | ᠵᠦᠢᠯ ᠤᠨ ᠬᠠᠷᠢᠭᠤᠴᠠᠯᠭᠠᠲᠠᠨ ᠯᠤᠭ᠎ᠠ ᠨᠢᠭᠤᠷᠲᠠᠨ ᠶᠠᠷᠢᠯᠴᠠᠭᠤᠯᠵᠤ᠂ ᠨᠡᠷᠡᠲᠦ ᠲᠡᠮᠳᠡᠭᠲᠦ ᠶᠢᠨ ᠪᠠᠶᠢᠳᠠᠯ᠂ | ᠬᠤᠯᠪᠤᠭᠠᠨ ᠤ ᠴᠤᠪᠤᠷᠠᠯ᠂ ᠬᠠᠮᠢᠶᠠᠷᠤᠯᠲᠠ ᠵᠢᠴᠢ ᠳᠡᠯᠭᠡᠷᠡᠭᠦᠯᠬᠦ ᠵᠠᠭᠪᠤᠷ ᠵᠡᠷᠭᠡ ᠠᠳᠠᠯ ᠦᠢᠯᠡᠰ ᠴᠤᠭᠴᠠᠯᠠᠬᠤ | ᠬᠤᠯᠪᠤᠭᠳᠠᠯ ᠪᠦᠬᠦᠢ ᠠᠭᠤᠯᠭ᠎ᠠ ᠶᠢ ᠤᠶᠢᠯᠠᠭᠠᠭᠤᠯᠵᠤ᠂ ᠠᠳᠠᠯ ᠦᠢᠯᠡᠰ ᠴᠣᠭᠴᠠᠯᠠᠬᠤ ᠰᠠᠨᠠᠭ᠎ᠠ ᠲᠠᠢ ᠬᠦᠮᠦᠰ ᠳᠤ | ᠬᠠᠪᠰᠤᠷᠤᠯᠭ᠎ᠠ ᠦᠵᠡᠭᠦᠯᠵᠦ᠂ ᠠᠳᠠᠯ ᠦᠢᠯᠡᠰ ᠴᠣᠭᠴᠠᠯᠬᠤ ᠪᠠᠷ ᠠᠵᠢᠯ ᠣᠯᠭᠤᠯᠲᠠ ᠶᠢ ᠠᠬᠢᠭᠤᠯᠬᠤ | ᠵᠣᠷᠢᠯᠭ᠎ᠠ ᠳᠠᠭᠠᠨ ᠬᠦᠷᠬᠦ ᠪᠤᠯᠤᠨ᠎ᠠ᠃ |