ᠴᠠᠭᠠᠨ ᠰᠤᠪᠤᠷᠭ᠎ᠠ ᠨᠢᠰᠬᠦ ᠣᠩᠭᠤᠴᠠᠨ  ᠤ ᠪᠠᠭᠤᠳᠠᠯ 12 ᠬᠤᠳᠠ ᠳᠤ ᠨᠡᠪᠳᠡᠷᠡᠬᠦ ᠵᠤᠨ ᠨᠠᠮᠤᠷ ᠤᠨ ᠠᠭᠠᠷ ᠠᠶᠠᠯᠠᠯ ᠤᠨ ᠰᠢᠨ᠎ᠡ ᠱᠤᠭᠤᠮ ᠨᠡᠮᠡᠪᠡ
ᠨᠡᠶᠢᠲᠡᠯᠡᠭᠰᠡᠨ ᠴᠠᠭ᠄
2018-04-08
      3 ᠰᠠᠷ᠎ᠠ ᠶᠢᠨ 29 ᠤ ᠡᠳᠤᠷ᠂ ᠰᠤᠷᠪᠤᠯᠵᠢᠯᠠᠭᠴᠢ ︽ᠦᠪᠦᠷ ᠮᠣᠩᠭᠤᠯ  ᠤᠨ 2018 ᠤᠨ ᠤ ᠵᠤᠨ ᠨᠠᠮᠤᠷ ᠤᠨ ᠠᠭᠠᠷ ᠠᠶᠠᠯᠠᠯ ᠤᠨ ᠠᠶᠠᠯᠠᠯ ᠵᠢᠭᠤᠯᠴᠢᠯᠠᠯ ᠤᠨ ᠪᠦᠲᠦᠭᠡᠭᠳᠡᠬᠦᠨ ᠢᠶᠠᠨ ᠲᠠᠨᠢᠯᠴᠠᠭᠤᠯᠬᠤ ᠬᠤᠷᠠᠯ︾ ᠠᠴᠠ ᠤᠶᠢᠯᠠᠭᠠᠭᠰᠠᠨ ᠢᠶᠠᠷ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠦ  ᠣᠩᠭᠤᠴᠠᠨ ᠤ ᠪᠠᠭᠤᠳᠠᠯ ᠨᠡᠶᠢᠳᠡ 124 ᠵᠤᠷᠪᠤᠰ ᠠᠶᠠᠯᠠᠯ ᠤᠨ ᠱᠤᠭᠤᠮ ᠠᠵᠢᠯᠯᠠᠭᠤᠯᠵᠤ ᠪᠤᠢ᠂ ᠡᠨᠡ ᠨᠢ ᠦᠩᠬᠡᠷᠡᠭᠰᠡᠨ ᠤᠨ ᠤ ᠮᠦᠨ ᠦᠶ᠎ᠡ ᠠᠴᠠ ᠪᠠᠷᠤᠭ 24 ᠱᠤᠭᠤᠮ ᠨᠡᠮᠡᠭᠳᠡᠪᠡ᠃     ᠤᠶᠢᠯᠠᠭᠠᠭᠰᠠᠨ ᠢᠶᠠᠷ᠂ ᠵᠤᠨ ᠨᠠᠮᠤᠷ ᠤᠨ ᠠᠶᠠᠯᠠᠯ ᠤᠨ ᠬᠤᠭᠤᠴᠠᠭᠠᠨ ᠳᠤ ᠬᠦᠬᠡᠬᠤᠳᠠ ᠶᠢᠨ ᠤᠯᠠᠨ ᠤᠯᠤᠰ ᠤᠨ ᠨᠢᠰᠬᠦ ᠣᠩᠭᠤᠴᠠᠨ ᠤ ᠪᠠᠭᠤᠳᠠᠯ ᠡᠳᠤᠷ ᠲᠤ 350 ᠡᠬᠡᠯᠵᠢ ᠨᠢᠰᠦᠯᠬᠡ ᠲᠠᠢ᠂ ᠡᠨᠡ ᠨᠢ ᠦᠩᠬᠡᠷᠡᠭᠰᠡᠨ ᠤᠨ ᠤ ᠮᠦᠨ ᠦᠶ᠎ᠡ ᠠᠴᠠ 30% ᠤᠷᠴᠢᠮ ᠢᠶᠠᠷ ᠨᠡᠮᠡᠭᠳᠡᠨ᠂ ᠨᠡᠶᠢᠳᠡ 74 ᠬᠤᠳᠠ ︵ᠤᠯᠠᠨ ᠤᠯᠤᠰ ᠤᠨ ᠪᠤᠯᠤᠨ ᠪᠦᠰᠡ ᠨᠤᠳᠤᠭ ᠤᠨ 5 ᠬᠤᠳᠠ ᠶᠢ ᠪᠠᠭᠳᠠᠭᠠᠨ᠎ᠠ︶ ᠳᠤ ᠨᠡᠪᠲᠡᠷᠡᠬᠦ ᠪᠦᠭᠡᠳ ᠭᠦᠢᠯᠢᠨ᠂ ᠨᠢᠩᠪᠦ᠋ᠸᠧ᠂ ᠢᠴᠠᠩ᠂ ᠬᠤᠸᠠᠩᠱᠠᠨ ᠵᠡᠷᠬᠡ 12 ᠬᠤᠳᠠ ᠳᠤ ᠨᠡᠪᠳᠡᠷᠡᠬᠦ ᠰᠢᠨ᠎ᠡ ᠠᠶᠠᠯᠠᠯ ᠤᠨ ᠱᠤᠭᠤᠮ ᠨᠡᠮᠡᠪᠡ᠃ ᠲᠤᠰ ᠤᠯᠠᠷᠢᠯ ᠳᠤ 33 ᠠᠭᠠᠷ ᠠᠶᠠᠯᠠᠯ ᠤᠨ ᠺᠤᠮᠫᠠᠨᠢ ᠬᠦᠬᠡᠬᠤᠳᠠ ᠶᠢᠨ ᠵᠤᠨ ᠨᠠᠮᠤᠷ ᠤᠨ ᠠᠭᠠᠷ ᠠᠶᠠᠯᠠᠯ ᠤᠨ ᠵᠠᠬ᠎ᠠ ᠵᠠᠭᠡᠯᠢ ᠳᠤ ᠤᠷᠤᠯᠴᠠᠬᠰᠠᠨ ᠨᠢ ᠦᠩᠬᠡᠷᠡᠭᠰᠡᠨ ᠤᠨ ᠤ ᠮᠦᠨ ᠦᠶ᠎ᠡ ᠠᠴᠠ 5 ᠺᠤᠮᠫᠠᠨᠢ ᠨᠡᠮᠡᠭᠳᠡᠵᠡᠢ᠃      ᠡᠬᠦᠨ ᠤ ᠬᠠᠮᠳᠤ᠂ ᠤᠯᠠᠨ ᠤᠯᠤᠰ ᠤᠨ ᠪᠠ ᠪᠦᠰᠡ ᠨᠤᠳᠤᠭ ᠤᠨ ᠠᠭᠠᠷ ᠠᠶᠠᠯᠠᠯ ᠤᠨ ᠱᠤᠭᠤᠮ ᠵᠢᠴᠢ ᠰᠦᠨᠢ ᠪᠠᠷ ᠠᠶᠠᠯᠠᠬᠤ ᠬᠦᠴᠦᠨ ᠢᠶᠠᠨ ᠨᠡᠮᠡᠪᠡ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号