ᠮᠠᠨ ᠤ ᠤᠷᠤᠨ ᠤ 10 ᠶᠡᠭᠡ ᠳᠡᠬᠡᠳᠤ ᠰᠤᠷᠭᠠᠭᠤᠯᠢ ︽ᠳᠤᠭ᠎ᠠ ᠪᠠᠷᠢᠮᠳᠠ ᠶᠢᠨ ᠰᠢᠨᠵᠢᠯᠡᠬᠦ ᠤᠬᠠᠭᠠᠨ ᠪᠠ ᠲᠤᠮᠤ ᠳ᠋ᠠᠶᠢᠲ᠋ᠠ ᠶᠢᠨ ᠮᠡᠷᠬᠡᠵᠢᠯ︾ ᠤᠨ ᠳᠤᠰᠬᠠᠢ ᠮᠡᠷᠬᠡᠵᠢᠯ ᠢ ᠨᠡᠬᠡᠬᠡᠨ᠎ᠡ
ᠨᠡᠶᠢᠲᠡᠯᠡᠭᠰᠡᠨ ᠴᠠᠭ᠄
2018-04-09
      ᠤᠢᠢᠷ᠎ᠠ ᠳᠤ᠂ ︽2017 ᠤᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠵᠢᠩᠬᠢᠨᠢ ᠠᠩᠬᠢ ᠶᠢᠨ ᠳᠤᠰᠬᠠᠢ ᠮᠡᠷᠬᠡᠵᠢᠯ ᠢ ᠳᠠᠩᠰᠠᠯᠠᠬᠤ ᠪᠠ ᠬᠢᠨᠠᠨ ᠵᠦᠪᠰᠢᠶᠡᠷᠡᠭᠰᠡᠨ ᠦᠷ᠎ᠠ ᠳ᠋ᠦᠩ ᠤᠨ ᠳᠤᠬᠠᠢ ᠰᠤᠷᠭᠠᠨ ᠬᠦᠮᠦᠵᠢᠯ ᠤᠨ ᠶᠠᠮᠤᠨ ᠤ ᠮᠡᠳᠡᠭᠳᠡᠯ︾ ᠨᠡᠶᠢᠳᠡᠯᠡᠭᠳᠡᠵᠦ᠂ ︽ᠳᠤᠭ᠎ᠠ ᠪᠠᠷᠢᠮᠳᠠ ᠶᠢᠨ ᠰᠢᠨᠵᠢᠯᠡᠬᠦ ᠤᠬᠠᠭᠠᠨ ᠪᠠ ᠲᠤᠮᠤ ᠳ᠋ᠠᠶᠢᠲ᠋ᠠ ᠶᠢᠨ ᠮᠡᠷᠬᠡᠵᠢᠯ︾ ᠤᠨ ᠳᠤᠰᠬᠠᠢ ᠮᠡᠷᠬᠡᠵᠢᠯ ᠢ 250 ᠶᠡᠭᠡ ᠳᠡᠬᠡᠳᠤ ᠰᠤᠷᠭᠠᠭᠤᠯᠢ ᠳᠤ ᠨᠡᠬᠡᠬᠡᠬᠦ ᠶᠢ ᠬᠢᠨᠠᠨ ᠵᠦᠪᠰᠢᠶᠡᠷᠡᠵᠦ᠂ ᠡᠬᠦᠨ ᠳᠤ ᠮᠠᠨ ᠤ ᠤᠷᠤᠨ ᠤ 10 ᠶᠡᠭᠡ ᠳᠡᠬᠡᠳᠤ ᠰᠤᠷᠭᠠᠭᠤᠯᠢ ᠪᠠᠭᠳᠠᠵᠤ ᠪᠤᠢ᠃      ᠡᠨᠡ ᠨᠢ ᠰᠤᠷᠭᠠᠨ ᠬᠦᠮᠦᠵᠢᠯ ᠤᠨ ᠶᠠᠮᠤᠨ ᠤ ᠨᠡᠶᠢᠳᠡᠯᠡᠭᠰᠡᠨ ᠭᠤᠷᠪᠠᠳᠤᠭᠠᠷ ᠪᠦᠯᠦᠭ ᠤᠨ ︽ᠳᠤᠭ᠎ᠠ ᠪᠠᠷᠢᠮᠳᠠ ᠶᠢᠨ ᠰᠢᠨᠵᠢᠯᠡᠬᠦ ᠤᠬᠠᠭᠠᠨ ᠪᠠ ᠲᠤᠮᠤ ᠳ᠋ᠠᠶᠢᠲ᠋ᠠ ᠶᠢᠨ ᠮᠡᠷᠬᠡᠵᠢᠯ︾ ᠢ ᠨᠡᠬᠡᠬᠡᠬᠦ ᠶᠡᠭᠡ ᠳᠡᠬᠡᠳᠤ ᠰᠤᠷᠭᠠᠭᠤᠯᠢ ᠶᠢᠨ ᠨᠡᠷᠡᠰ ᠪᠤᠯᠤᠨ᠎ᠠ᠃ 2016 ᠤᠨ ᠳᠤ᠂ ᠪᠡᠬᠡᠵᠢᠩ ᠶᠡᠭᠡ ᠰᠤᠷᠭᠠᠭᠤᠯᠢ᠂ ᠭᠠᠳᠠᠭᠠᠳᠤ ᠠᠷᠠᠯᠵᠢᠶᠠᠨ ᠤ ᠶᠡᠭᠡ ᠰᠤᠷᠭᠠᠭᠤᠯᠢ ᠵᠡᠷᠬᠡ ᠰᠤᠷᠭᠠᠭᠤᠯᠢ ᠤᠳ ᠲᠦᠷᠦᠬᠦᠯᠡᠨ ᠳᠤᠰ ᠳᠤᠰᠬᠠᠢ ᠮᠡᠷᠬᠡᠵᠢᠯ ᠢ ᠨᠡᠬᠡᠬᠡᠵᠦ᠂ 2017 ᠤᠨ ᠳᠤ ᠪᠦᠬᠦ ᠤᠯᠤᠰ ᠤᠨ 32 ᠶᠡᠭᠡ ᠳᠡᠬᠡᠳᠤ ᠰᠤᠷᠭᠠᠭᠤᠯᠢ ᠳᠤᠰ ᠳᠤᠰᠬᠠᠢ ᠮᠡᠷᠬᠡᠵᠢᠯ ᠢ ᠨᠡᠬᠡᠬᠡᠵᠦ᠂ 2018 ᠤᠨ ᠳᠤ 250 ᠶᠡᠭᠡ ᠳᠡᠬᠡᠳᠤ ᠰᠤᠷᠭᠠᠭᠤᠯᠢ ᠳᠤ ᠨᠡᠬᠡᠬᠡᠬᠦ ᠶᠢ ᠵᠦᠪᠰᠢᠶᠡᠷᠡᠭᠰᠡᠨ ᠪᠠᠶᠢᠨ᠎ᠠ᠃ ᠮᠠᠨ ᠤ ᠤᠷᠤᠨ ᠡᠮᠦᠨ᠎ᠡ ᠬᠤᠶᠠᠷ ᠪᠦᠯᠦᠭ ᠲᠤ ᠵᠢᠬᠰᠠᠭᠠᠬᠳᠠᠵᠤ ᠳᠡᠶᠢᠯᠦᠭᠰᠡᠨ ᠦᠬᠡᠢ ᠪᠤᠯᠪᠠᠴᠤ ᠭᠤᠷᠪᠠᠳᠤᠭᠠᠷ ᠪᠦᠯᠦᠭ ᠲᠤ ᠰᠢᠪᠳᠤᠯᠤᠯᠳᠠ ᠶᠢᠨ ᠴᠢᠨᠠᠷᠳᠠᠢ ᠠᠮᠵᠢᠯᠳᠠ ᠤᠯᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠤᠯᠠᠭᠠᠨᠬᠠᠳᠠ ᠳᠡᠬᠡᠳᠤ ᠰᠤᠷᠭᠠᠭᠤᠯᠢ᠂ ᠵᠢᠨᠢᠩ ᠪᠠᠭᠰᠢ ᠶᠢᠨ ᠳᠡᠬᠡᠳᠤ ᠰᠤᠷᠭᠠᠭᠤᠯᠢ᠂ ᠵᠢᠨᠢᠩ ᠳᠡᠬᠡᠳᠤ ᠰᠤᠷᠭᠠᠭᠤᠯᠢ᠂ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ᠂ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠬᠦᠬᠡᠬᠤᠳᠠ ᠦᠨᠳᠦᠰᠦᠳᠡᠨ ᠤ ᠳᠡᠬᠡᠳᠤ ᠰᠤᠷᠭᠠᠭᠤᠯᠢ᠂ ᠤᠷᠳᠤᠰ ᠬᠡᠷᠡᠭᠯᠡᠬᠡᠨ ᠤ ᠮᠡᠷᠬᠡᠵᠢᠯ ᠤᠨ ᠳᠡᠬᠡᠳᠤ ᠰᠤᠷᠭᠠᠭᠤᠯᠢ ᠳᠤ ᠳᠤᠰ ᠳᠤᠰᠬᠠᠢ ᠮᠡᠷᠭᠡᠵᠢᠯ ᠢ ᠨᠡᠬᠡᠬᠡᠬᠦ ᠪᠤᠯᠤᠨ᠎ᠠ᠃      ᠮᠠᠨ ᠤ ᠤᠷᠤᠨ ᠲᠤᠮᠤ ᠳ᠋ᠠᠶᠢᠲ᠋ᠠ ᠶᠢ ᠬᠦᠭᠵᠢᠬᠦᠯᠬᠦ ᠳᠤ ᠮᠠᠰᠢ ᠳᠠᠪᠠᠭᠤᠯᠢᠭ ᠲᠠᠢ ᠶᠤᠮ᠃ ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠤ᠂ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶ᠎ᠠ ᠳᠤᠮᠤ ᠳ᠋ᠠᠶᠢᠲ᠋ᠠ᠂ ᠡᠬᠦᠯᠡᠨ ᠪᠤᠳᠤᠯᠳᠠ ᠶᠢᠨ ᠠᠵᠤ ᠦᠢᠯᠡᠰ ᠢ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠬᠡᠯᠪᠡᠷᠢ ᠶᠢᠨ ᠠᠵᠤ ᠦᠢᠯᠡᠰ ᠢ ᠬᠦᠭᠵᠢᠬᠦᠯᠬᠦ ᠭᠤᠤᠯ ᠴᠢᠭᠯᠡᠯ ᠢᠶᠠᠨ ᠪᠤᠯᠭᠠᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠰᠢᠨ᠎ᠡ ᠬᠦᠳᠡᠯᠬᠡᠬᠦᠷ ᠪᠤᠯᠭᠠᠵᠤ᠂ ᠮᠠᠨ ᠤ ᠤᠷᠤᠨ ᠢ ︽ᠳᠤᠮᠳᠠᠳᠤ ᠤᠯᠤᠰ ᠤᠨ ᠤᠮᠠᠷᠠᠳᠤ ᠶᠢᠨ ᠳᠤᠮᠤ ᠳ᠋ᠠᠶᠢᠲ᠋ᠠ ᠶᠢᠨ ᠲᠦᠪ᠂ ᠳᠤᠷᠭᠠᠨ ᠵᠠᠮ ᠤᠨ ᠳᠤᠭ᠎ᠠ ᠪᠠᠷᠢᠮᠳᠠ ᠶᠢᠨ ᠭᠠᠷᠠᠮ᠂ ᠳᠤᠭ᠎ᠠ ᠪᠠᠷᠢᠮᠳᠠ ᠶᠢᠨ ᠵᠠᠰᠠᠭ ᠤᠨ ᠤᠷᠳᠤᠨ ᠤ ᠤᠷᠢᠳᠠᠪᠡᠷ ᠳᠤᠷᠰᠢᠨ ᠬᠡᠷᠡᠭᠵᠢᠬᠦᠯᠬᠦ ᠤᠷᠤᠨ᠂ ᠳᠡᠯᠡᠬᠡᠢ ᠶᠢᠨ ᠳᠡᠰ ᠤᠨ ᠳᠤᠮᠤ ᠳ᠋ᠠᠶᠢᠲ᠋ᠠ ᠶᠢᠨ ᠠᠵᠤ ᠦᠢᠯᠡᠰ ᠤᠨ ᠰᠠᠭᠤᠷᠢᠨ︾ ᠪᠤᠯᠭᠠᠬᠤ ᠪᠠᠷ ᠪᠠᠶᠢᠭ᠎ᠠ ᠶᠤᠮ᠃ ᠡᠶᠢᠨᠬᠦ ᠳᠡᠳᠡᠬᠡᠷ 10 ᠶᠡᠭᠡ ᠳᠡᠬᠡᠳᠤ ᠰᠤᠷᠭᠠᠭᠤᠯᠢ ᠳᠤ ᠳᠤᠰ ᠳᠤᠰᠬᠠᠢ ᠮᠡᠷᠬᠡᠵᠢᠯ ᠢ ᠨᠡᠬᠡᠬᠡᠭᠰᠡᠨ ᠨᠢ ᠮᠠᠨ ᠤ ᠤᠷᠤᠨ ᠳᠤ ᠴᠢᠳᠠᠪᠤᠷᠢᠳᠠᠨ ᠬᠦᠮᠦᠵᠢᠬᠦᠯᠬᠦ ᠳᠤ ᠴᠢᠬᠤᠯᠠ ᠦᠢᠯᠡᠳᠦᠯ ᠦᠵᠡᠬᠦᠯᠬᠦ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号