5 ᠰᠠᠷ᠎ᠠ ᠶᠢᠨ 5 ᠤ ᠡᠳᠦᠷ᠂ ᠲᠣᠭᠲᠠᠬᠤ ᠰᠢᠶᠠᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ | ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠤ ᠪᠤᠯᠪᠠᠰᠤᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠸᠧᠨ | ᠭᠧ ᠬᠤᠷᠠᠯ ᠡᠷᠬᠢᠯᠡᠵᠦ᠂ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠪᠦᠬᠦ ᠪᠦᠷᠢᠯᠳᠦᠬᠦᠨ᠂ ᠡᠯ᠎ᠡ ᠪᠠᠯᠭᠠᠰᠤᠨ ᠤ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ | ᠬᠦᠴᠦᠨ ᠭᠡᠰᠢᠭᠦᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠯᠢ ᠹᠧᠩ ᠪᠦᠬᠦ ᠰᠢᠶᠠᠨ ᠤ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ | ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠵᠡᠢ᠃ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠵᠣᠣ ᠶᠦᠨ ᠬᠦᠢ ᠠᠴᠠ ᠲᠣᠰᠬᠤᠨ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠳᠤᠮᠳᠠ ᠪᠤᠷᠤᠩᠬᠤᠶ ᠶᠢ ᠰᠢᠭᠦᠷᠳᠡᠨ ᠬᠠᠷᠭᠢᠰ ᠢ | ᠴᠡᠪᠡᠷᠯᠡᠬᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠳ ᠢ ᠴᠡᠭᠴᠡᠯᠡᠨ ᠵᠠᠰᠠᠬᠤ ᠠᠵᠢᠯ ᠤᠨ ᠲᠤᠬᠠᠶ ᠪᠠᠶᠢᠷᠢᠯᠠᠭᠤᠯᠵᠠᠶ᠂ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠤᠷᠤᠩᠬᠤᠶ ᠶᠢ ᠰᠢᠭᠦᠷᠳᠡᠨ ᠬᠠᠷᠭᠢᠰ ᠢ ᠴᠡᠪᠡᠷᠯᠡᠬᠦ ᠠᠯᠪᠠᠨ | ᠭᠡᠷ᠂ ᠬᠡᠰᠡᠭ ᠪᠠᠯᠭᠠᠰᠤᠨ ᠤ ᠨᠠᠮ ᠤᠨ ᠡᠭᠦᠷ ᠤᠨ ᠱᠦᠵᠢ ᠵᠢᠴᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ ᠶᠢᠨ ᠳᠠᠷᠤᠭ᠎ᠠ ᠠᠴᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠯᠢ ᠹᠧᠩ ᠨᠥᠬᠦᠷ ᠡᠯ᠎ᠡ ᠪᠠᠯᠭᠠᠰᠤᠨ ᠤ | ᠨᠠᠮ ᠤᠨ ᠡᠭᠦᠷ ᠯᠦᠭᠡ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ | ᠭᠠᠷ ᠤᠨ ᠦᠰᠦᠭ ᠵᠢᠷᠤᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠶᠦᠨ ᠷᠦᠢ ᠵᠢᠶᠦ᠋ᠨ | ᠳᠠᠶᠢᠴᠢᠯᠠᠯᠲᠠ ᠶᠢᠨ ᠬᠤᠷᠠᠯ ᠳᠤ ᠴᠢᠬᠤᠯᠠ ᠶᠠᠷᠢᠶ᠎ᠠ ᠲᠠᠯᠪᠢᠵᠠᠢ᠃ | ᠶᠦᠨ ᠷᠦᠢ ᠵᠢᠶᠦ᠋ᠨ ᠵᠢᠭᠠᠵᠤ ᠭᠠᠷᠭᠠᠭᠰᠠᠨ ᠨᠢ᠂ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ | ︾ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠨᠢ ᠪᠦᠬᠦ ᠰᠢᠶᠠᠨ ᠤ ᠶᠠᠳᠠᠭᠤ ᠠᠴᠠ ᠠᠩᠵᠢᠷᠠᠭᠤᠯᠵᠤ | ᠪᠤᠭᠤᠮᠳᠠ ᠰᠢᠪᠳᠤᠯᠠᠬᠤ ᠲᠠᠶᠢᠨ ᠤ ᠢᠯᠠᠯᠳᠠ ᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠳᠥᠯᠭᠢᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠯᠦᠭᠡ | ᠴᠠᠭ ᠤᠨ ᠲᠠᠯ᠎ᠠ ᠪᠠᠷ ᠶᠡᠬᠡᠳᠡ ᠨᠢᠭᠡᠳᠴᠦ᠂ ᠬᠠᠷᠠᠯᠲᠠ ᠡᠭᠦᠷᠭᠡ ᠳᠡᠭᠡᠷ᠎ᠡ ᠨᠢᠭᠲᠠ ᠬᠤᠯᠪᠣᠭ᠎ᠠ ᠲᠠᠢ ᠪᠠᠶᠢᠳᠠᠭ᠃ | ᠤᠯᠤᠰ ᠲᠦᠷᠤ ᠶᠢᠨ ᠵᠣᠭᠰᠣᠴᠠ ᠪᠠᠨ ᠲᠡᠭᠡᠭᠰᠢᠯᠡᠭᠦᠯᠵᠦ᠂ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ | ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠪᠣᠯ ᠦᠨᠳᠦᠰᠦᠨ ᠱᠠᠲᠤᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠬᠤ ᠴᠢᠬᠤᠯᠠ ᠭᠠᠷᠳᠠᠴᠠ᠂ | ᠶᠠᠳᠠᠭᠤ ᠠᠴᠠ ᠠᠩᠵᠢᠷᠠᠭᠤᠯᠵᠤ ᠪᠤᠭᠤᠮᠳᠠ ᠰᠢᠪᠳᠤᠯᠠᠬᠤ ᠲᠠᠶᠢᠨ ᠤ ᠢᠯᠠᠯᠳᠠ ᠤᠯᠵᠤ ᠬᠥᠳᠡᠭᠡ ᠲᠣᠰᠬᠤᠨ ᠤ | ᠬᠥᠭᠵᠢᠯ ᠮᠠᠨᠳᠤᠯ ᠢ ᠪᠡᠶᠡᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠴᠢᠳᠠᠪᠤᠷᠢ ᠶᠢᠨ ᠴᠢᠬᠤᠯᠠ ᠦᠢᠯᠡᠳᠦᠯᠭᠡ ᠪᠤᠯᠤᠨ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠶᠢ ᠴᠢᠩᠭᠠᠳᠬᠠᠨᠲ᠋ᠡᠭᠡᠭᠰᠢᠯᠰᠭᠦᠯᠬᠦ ᠴᠢᠬᠤᠯᠠ ᠠᠵᠠ ᠲᠣᠬᠢᠶᠠᠯ | ᠪᠣᠯᠤᠨ᠎ᠠ ᠭᠡᠳᠡᠭ ᠢ ᠭᠦᠢᠴᠡᠳ ᠲᠠᠨᠢᠬᠤ ᠬᠡᠷᠡᠭᠳᠡᠢ ᠭᠡᠪᠡ᠃ | ᠶᠦᠨ ᠷᠦᠢ ᠵᠢᠶᠦ᠋ᠨ ᠴᠢᠬᠤᠯᠠᠴᠢᠯᠠᠭᠰᠠᠨ ᠨᠢ᠄ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ | ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠱᠠᠭᠠᠷᠳᠠᠯᠭ᠎ᠠ ᠶᠢ ᠵᠣᠬᠢᠶᠠᠨ ᠪᠠᠶᠢᠭᠤᠯᠤᠯᠳᠠ ᠪᠠᠨ | ᠴᠢᠩᠭᠠᠳᠬᠠᠵᠤ᠂ ᠰᠤᠩᠭᠤᠭᠤᠯᠢ ᠶᠢᠨ ᠲᠠᠰ ᠳᠠᠷᠠᠭᠠᠯᠠᠯ᠂ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠰᠢᠪᠠᠳᠠᠨ | ᠪᠠᠶᠢᠴᠠᠭᠠᠵᠤ ᠵᠢᠭᠠᠨ ᠵᠢᠯᠣᠭᠤᠳᠬᠤ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠬᠤᠯᠠᠴᠢᠯᠠᠨ᠂ | ᠡᠯ᠎ᠡ ᠵᠦᠢᠯ ᠤᠨᠡᠭᠦᠷᠭᠡ ᠶᠢ ᠯᠠᠪᠳᠠᠭᠤᠨ ᠪᠠᠲᠤᠲᠠᠶ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃ | ᠯᠢ ᠹᠧᠩ ᠵᠢᠭᠠᠵᠤ ᠭᠠᠷᠭᠠᠭᠰᠠᠨ ᠨᠢ᠄ ᠡᠯ᠎ᠡ ᠪᠠᠯᠭᠠᠰᠤ ᠵᠣᠬᠢᠶᠠᠨ ᠪᠠᠶᠢᠭᠤᠯᠤᠯᠳᠠ ᠶᠢᠨ ᠬᠡᠷᠡᠭᠵᠢᠭᠦᠯᠦᠭᠡ ᠶᠢᠨ | ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠤᠨ ᠵᠢᠯᠣᠭᠤᠳᠬᠤ ᠳᠤᠭᠤᠶᠢᠯᠠᠩ ᠨᠢ ᠬᠢᠨᠠᠨ | ᠵᠢᠯᠣᠭᠤᠳᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠶ᠋ᠴᠡᠳᠬᠡᠵᠦ᠂ ᠪᠤᠳᠠᠳᠤ ᠠᠵᠢᠯ ᠤᠨ ᠳᠤᠮᠳᠠ ᠤᠯᠠᠮ | ᠨᠢᠭᠡ ᠠᠯᠬᠤᠮ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠪᠡᠷᠬᠡᠲᠡᠶ ᠠᠰᠠᠭᠤᠳᠠᠯ ᠢ ᠰᠢᠳᠪᠦᠷᠢᠯᠡᠵᠤ᠂ | ᠰᠤᠩᠭᠤᠭᠤᠯᠢ ᠳᠤ ᠤᠷᠤᠯᠴᠠᠭᠰᠠᠳ ᠤᠨ ᠬᠢᠷᠢ ᠬᠡᠮ ᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠤᠨ ᠲᠦᠷᠢᠮ ᠢ ᠴᠢᠩᠭ᠎ᠠ ᠵᠢᠷᠤᠮᠯᠠᠨ᠂ ᠪᠦᠬᠦ ᠰᠢᠶᠠᠨ ᠤ ᠲᠤᠰᠬᠤᠨ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠠᠮᠵᠢᠯᠲᠠ ᠲᠠᠢ | ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | ᠵᠣᠣ ᠶᠦᠨ ᠬᠦᠶ ᠴᠢᠬᠤᠯᠠᠴᠢᠯᠠᠭᠰᠠᠨ ᠨᠢ᠄ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠨ᠂ ᠤᠯᠠᠨ ᠲᠦᠮᠡᠨᠴᠢ ᠤᠯᠤᠰ ᠳᠦᠷᠦ ᠶᠢᠨ ᠡᠷᠬᠡ ᠶᠢ ᠪᠠᠳᠤᠯᠠᠨ ᠂ ᠦᠵᠡᠯ ᠰᠠᠨᠠᠭᠠᠨ ᠤ | ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠰᠣᠩᠭᠤᠭᠤᠯᠢ ᠶᠢᠨ ᠬᠡᠪ ᠶᠤᠰᠤᠭᠠᠷ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠵᠤ ᠬᠡᠷᠡᠭᠲᠡᠶ᠂ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ᠂ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠨ ᠵᠢᠷᠤᠮᠵᠢᠭᠤᠯᠵᠤ᠂ ᠪᠦᠬᠦ ᠰᠢᠶᠠᠨ ᠤ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠠᠮᠠᠭᠠᠯᠠᠭᠴᠢ ᠪᠤᠯᠬᠤ ᠬᠡᠷᠡᠭᠳᠡᠢ | ᠭᠡᠪᠡ᠃ | ᠳᠠᠶᠢᠴᠢᠯᠠᠯᠲᠠ ᠶᠢᠨ ᠬᠤᠷᠠᠯ ᠤᠨ ᠳᠠᠷᠠᠭ᠎ᠠ᠂ ᠪᠦᠬᠦ ᠰᠢᠶᠠᠨ ᠤ ᠲᠤᠰᠬᠤᠨ᠂ ᠨᠡᠶᠢᠭᠡᠮ ᠲᠣᠭᠤᠷᠢᠭ ᠤᠨ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠶᠢᠯᠠᠭᠰᠠᠨ ᠠᠵᠢᠯ ᠤᠨ | ᠭᠤᠣᠯᠯᠠᠭᠴᠢ ᠬᠦᠴᠦᠨ ᠤ ᠪᠤᠯᠪᠠᠰᠤᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠬᠢᠮ ᠤᠨ ᠦᠨᠳᠦᠰᠦᠨ ᠱᠠᠲᠤᠨ ᠤ ᠵᠠᠰᠠᠭ ᠤᠨ ᠡᠷᠭᠡ ᠪᠣᠯᠤᠨ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠤᠨ ᠳᠡᠳ᠋ ᠳᠠᠷᠤᠭ᠎ᠠ ᠳ᠋ᠦ᠋ ᠷᠦᠨ ᠰᠦᠸᠧ ᠪᠤᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ | ᠪᠠᠶᠢᠭᠤᠯᠤᠯᠲᠠ ᠶᠢᠨ ᠬᠤᠶᠠᠳᠤᠭᠠᠷ ᠭᠠᠵᠠᠷ ᠤᠨ ᠳᠡᠳ᠋ ᠳᠠᠷᠤᠭ᠎ᠠ ᠳᠠᠩ ᠬᠦᠢ ᠷᠦᠩ ᠢ ᠤᠷᠢᠵᠤ᠂ ᠲᠤᠰᠬᠤᠨ ᠤ | ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠤᠩᠭᠤᠭᠤᠯᠢ ᠪᠠ ᠲᠤᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠲᠤᠬᠠᠶ ᠲᠤᠰ ᠲᠤᠰ ᠲᠤᠰᠬᠠᠶ | ᠰᠡᠳᠦᠪ ᠤᠨ ᠪᠤᠯᠪᠠᠰᠤᠷᠠᠭᠤᠯᠤᠯᠳᠠ ᠬᠢᠵᠤ᠂ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠭᠤᠣᠯᠳᠠᠯᠭ᠎ᠠ ᠲᠠᠢ ᠭᠤᠭᠴᠤᠭ᠎ᠠ ᠪᠠ ᠪᠣᠳᠠᠲᠠᠶ | ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠦᠬᠦ ᠰᠢᠶᠠᠨ ᠤ ᠲᠤᠰᠬᠤᠨ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠡᠰᠢ ᠪᠠᠷᠢᠮᠲᠠ | ᠪᠣᠯᠤᠨ ᠲᠦᠷᠢᠮᠵᠢᠯ ᠬᠠᠩᠭᠠᠭᠰᠠᠨ ᠪᠠᠶᠢᠨ᠎ᠠ᠃ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ | ᠠᠵᠢᠯ ᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠪᠠᠯᠭᠠᠰᠤ᠂ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠥᠬᠦᠳ ᠵᠢᠴᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠣᠯᠪᠠᠰᠤᠷᠠᠯ ᠤᠨ ᠬᠤᠷᠠᠯ | ᠤᠷᠤᠯᠴᠠᠪᠠ᠃ | ᠲᠤᠰ ᠤᠳᠠᠭᠠᠨ ᠤ ᠬᠤᠷᠠᠯᠳᠤᠭᠠᠨ ᠲᠡᠭᠦᠰ ᠠᠮᠵᠢᠯᠲᠠ ᠲᠠᠢ ᠬᠤᠷᠠᠯᠳᠤᠨ ᠲᠣᠭᠲᠠᠬᠤ ᠰᠢᠶᠠᠨ ᠤ ᠲᠣᠰᠬᠤᠨ᠂ | ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠪᠠᠲᠤ | ᠪᠠᠬᠢ ᠰᠠᠭᠤᠷᠢ ᠲᠠᠯᠪᠢᠨ ᠦᠭᠴᠡᠢ᠃ |