5 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠩᠬᠠᠳᠤᠭᠠᠷ | ᠤᠳᠠᠭᠠᠨ ᠤ ᠴᠢᠬᠡᠴᠢ ᠵᠠᠰᠠᠭ ᠪᠠᠷᠢᠬᠤ ᠠᠵᠢᠯ ᠤᠨ ᠬᠤᠷᠠᠯᠳᠤᠭᠠᠨ ᠬᠤᠷᠠᠯᠳᠤᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ | ᠯᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ ᠵᠦᠪᠯᠡᠯ ᠠᠴᠠ | ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠥᠪᠡᠷᠲᠡᠭᠡᠨ ᠵᠠᠰᠠᠬᠤ ᠤᠷᠤᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠶᠢᠮᠠᠭ ᠬᠤᠳᠠ ᠶᠢᠨ ᠬᠠᠷᠢᠭᠤᠴᠠᠯᠭᠠᠲᠠᠨ ᠨᠥᠬᠦᠳ ᠶᠠᠷᠢᠶ᠎ᠠ | ᠲᠠᠯᠪᠢᠪᠠ᠃ | ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠪᠠᠶᠢᠭᠤᠯᠤᠯᠲᠠ ᠪᠣᠯᠤᠨ ᠢᠯᠵᠠᠷᠠᠯ ᠢ | ᠡᠰᠡᠷᠭᠦᠴᠡᠬᠦ ᠲᠡᠮᠡᠴᠡᠯ ᠲᠠᠰᠤᠷᠠᠯᠲᠠ ᠦᠭᠡᠢ ᠰᠢᠨ᠎ᠡ ᠠᠮᠵᠢᠯᠲᠠ ᠤᠯᠵᠤ᠂ ᠵᠠᠰᠠᠭ ᠤᠨ ᠣᠷᠳᠣᠨ ᠤ ᠨᠡᠶᠢᠲᠡ ᠶᠢᠨ | ᠢᠲᠡᠭᠡᠮᠵᠢ ᠪᠠ ᠭᠦᠢᠴᠡᠳᠬᠡᠬᠦ ᠬᠦᠴᠦᠨ ᠲᠠᠰᠤᠷᠠᠯᠲᠠ ᠦᠭᠡᠢ ᠳᠡᠭᠡᠭᠰᠢᠯᠡᠵᠡᠢ᠃ ᠡᠭᠦᠨ ᠤ ᠬᠠᠮᠲᠤ ᠪᠢᠳᠡ ᠢᠮᠠᠭᠲᠠ | ᠡᠷᠡᠰ ᠴᠢᠩᠭ᠎ᠠ ᠭᠤᠶᠢᠪᠢᠰᠢ ᠦᠭᠡᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠲᠥᠪ | ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠤᠯᠤᠰ ᠲᠦᠷᠤ ᠶᠢᠨ ᠤᠬᠠᠮᠰᠠᠷ ᠂ ᠪᠥᠬᠦ ᠲᠠᠯ᠎ᠠ ᠶᠢᠨ | ᠤᠬᠠᠮᠰᠠᠷ᠂ ᠭᠤᠣᠯᠯᠠᠬᠤ ᠤᠬᠠᠮᠰᠠᠷ᠂ ᠠᠳᠠᠯᠢᠳᠬᠠᠨ ᠴᠢᠷᠮᠠᠶᠢᠬᠤ ᠤᠬᠠᠮᠰᠠᠷ ᠂ ᠰᠠᠨᠠᠭᠠᠰᠢᠷᠠᠨ ᠵᠣᠪᠠᠨᠢᠬᠤ ᠤᠬᠠᠮᠰᠠᠷ᠂ | ᠲᠦᠭᠰᠢᠭᠦᠷᠢ ᠶᠢᠨ ᠤᠬᠠᠮᠰᠠᠷ᠂ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠴᠢᠩᠭᠠᠷᠠᠭᠤᠯᠤᠨ ᠳᠡᠭᠡᠭᠰᠢᠯᠡᠭᠦᠯᠵᠦ᠂ | ᠰᠢᠨᠲᠠᠷᠠᠰᠢ ᠦᠬᠡᠢ ᠣᠪᠣᠷ ᠰᠤᠷᠲᠠᠯ ᠢᠶᠠᠨ ᠳᠡᠭᠡᠭᠰᠢᠯᠡᠭᠦᠯᠵᠦ ᠰᠠᠬᠢᠯᠭ᠎ᠠ ᠪᠠᠲᠤ ᠪᠠᠨ ᠴᠡᠭᠴᠡᠯᠡᠨ᠎ᠡ᠃ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ | ᠠᠵᠢᠯ ᠢ ᠲᠠᠰᠤᠷᠠᠯᠲᠠ ᠦᠭᠡᠶ ᠭᠦᠨᠵᠡᠭᠡᠶᠢᠷᠡᠭᠦᠯᠦᠨ᠎ᠡ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ | ᠬᠠᠮᠠᠭᠠᠯᠠᠨ᠎ᠠ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠦᠪᠯᠡᠷᠡᠭᠦᠯᠦᠨ ᠨᠢᠭᠡᠳᠦᠯᠲᠡᠶ ᠤᠳᠤᠷᠢᠳᠬᠤ ᠶᠢ | ᠬᠠᠮᠠᠭᠠᠯᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠳᠦᠷᠦ ᠶᠢᠨ ᠶᠣᠰᠣ ᠳᠦᠷᠢᠮ ᠢ | ᠵᠢᠷᠤᠮᠯᠠᠨ ᠰᠠᠬᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ | ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃ | ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠳᠤ | ᠡᠷᠬᠡᠪᠰᠢ ᠲᠦᠷᠢᠮ ᠤᠨ ᠲᠠᠯ᠎ᠠ ᠠᠴᠠ ᠡᠷᠬᠡ ᠪᠠᠨ ᠠᠰᠢᠭᠯᠠᠵᠤ ᠬᠤᠪᠢ ᠶᠢᠨ ᠠᠰᠢᠭ ᠬᠥᠭᠡᠭᠡᠴᠡᠯᠳᠦᠬᠦ ᠣᠷᠣᠨ ᠵᠠᠶ ᠶᠢ | ᠠᠷᠢᠯᠭᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ᠂ | ᠨᠠᠷᠢᠨ ᠳᠠᠩᠰᠠᠨ ᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠡᠷᠬᠡ ᠶᠢ | ᠵᠢᠷᠤᠮᠵᠢᠭᠤᠯᠤᠨ ᠬᠠᠤᠯᠢ ᠶᠣᠰᠣᠭᠠᠷ ᠠᠵᠢᠯᠯᠠᠭᠤᠯᠵᠤ᠂ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠮᠵᠢ ᠪᠠᠨ | ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠬᠢᠨᠠᠯᠲᠠ ᠲᠠᠯᠪᠢᠨ ᠬᠠᠮᠢᠶᠠᠷᠤᠯᠲᠠ ᠪᠠᠨ | ᠴᠢᠩᠭᠠᠳᠬᠠᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠠᠵᠢᠯᠯᠠᠭ᠎ᠠ ᠶᠢ ᠪᠦᠬᠦᠨ ᠢ ᠬᠠᠮᠤᠷᠴᠤ ᠲᠦᠯᠬᠢᠨ ᠠᠬᠢᠭᠤᠯᠬᠤ | ᠬᠡᠷᠡᠭᠲᠡᠶ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ | ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠨᠠᠮ ᠤᠨ ᠤᠯᠠᠨ ᠲᠦᠮᠡᠨᠴᠢ ᠱᠤᠭᠤᠮ ᠢ ᠴᠢᠩᠭ᠎ᠠ | ᠦᠢᠯᠡᠳᠦᠯᠭᠡᠵᠢᠭᠦᠯᠵᠦ ᠂ ᠣᠯᠠᠨ ᠲᠦᠮᠡᠨ ᠤ ᠳᠡᠷᠭᠡᠳᠡ ᠡᠭᠦᠰᠦᠭᠰᠡᠨ ᠲᠥᠪ ᠪᠤᠰᠤ ᠰᠤᠷᠲᠠᠯ ᠪᠠ | ᠢᠯᠵᠠᠷᠠᠯ ᠤᠨᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠬᠢᠨᠠᠯᠲᠠ ᠲᠠᠯᠪᠢᠯᠲᠠ ᠳᠤ ᠵᠥᠪ ᠢᠶᠠᠷ ᠬᠠᠨᠳᠤᠵᠤ ᠂ | ᠰᠠᠨᠠᠭᠠᠴᠢᠯᠠᠭ᠎ᠠ ᠠᠴᠠ ᠪᠠᠨ ᠬᠢᠨᠠᠯᠲᠠ ᠬᠦᠯᠢᠶᠡᠵᠦ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭ᠎ᠠ ᠶᠢ ᠢᠯᠡ ᠪᠤᠯᠭᠠᠨ᠎ᠠ | ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠴᠢᠬᠡᠴᠢ | ᠵᠠᠰᠠᠭ ᠪᠠᠷᠢᠬᠤ ᠠᠵᠢᠯ ᠤᠨ ᠬᠤᠷᠠᠯᠳᠤᠭᠠᠨ ᠳᠠᠭᠤᠰᠤᠭᠰᠠᠨ ᠤ ᠳᠠᠷᠠᠭ᠎ᠠ᠂ ᠬᠥᠬᠡᠬᠤᠲᠠ ᠶᠢᠨ ᠵᠠᠰᠠᠭ ᠤᠨ ᠣᠷᠳᠣᠨ | ᠲᠡᠷᠡ ᠳᠠᠷᠤᠶ ᠳᠤᠨᠢ ᠬᠤᠳᠠ ᠶᠢᠨ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠴᠢᠬᠡᠴᠢ ᠵᠠᠰᠠᠭ ᠪᠠᠷᠢᠬᠤ | ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠶᠡᠷᠦᠩᠬᠡᠶ ᠱᠦᠵᠢ | ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ | ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠩᠬᠠᠳᠤᠭᠠᠷ | ᠤᠳᠠᠭᠠᠨ ᠤ ᠴᠢᠬᠡᠴᠢ ᠵᠠᠰᠠᠭ ᠪᠠᠷᠢᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠴᠢᠬᠡᠴᠢ ᠵᠠᠰᠠᠭ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠢ | ᠭᠦᠨᠵᠡᠭᠡᠶ ᠵᠠᠳᠠᠯᠤᠨ ᠰᠢᠨᠵᠢᠯᠡᠵᠦ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠥᠪᠥᠷ ᠮᠣᠩᠭᠤᠯ ᠤᠨ ᠬᠤᠷᠢᠨᠭᠡᠷ | ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠹᠧᠩᠢᠦᠶ ᠵᠧᠨ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠶ᠃ | ᠬᠤᠶᠠᠷ ᠤᠳᠠᠭᠠᠨ ᠤ ᠬᠤᠷᠠᠯᠳᠤᠭᠠᠨ ᠴᠥᠮ ᠲᠧᠯᠸᠢᠰ ᠤᠲᠠᠰᠤ ᠲᠠᠮᠵᠢᠯᠭᠠᠲᠤ ᠬᠤᠷᠠᠯ ᠤᠨ ᠬᠡᠯᠪᠡᠷᠢ ᠪᠠᠷ | ᠬᠤᠷᠠᠯᠳᠤᠪᠠ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠵᠠᠰᠠᠭ ᠤᠨ | ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠰᠠᠶᠢᠬᠠᠨ ᠲᠤᠭᠤᠷᠢᠭ ᠤᠨ ᠬᠤᠪᠢᠶᠠᠷᠢ | ᠬᠤᠷᠠᠯ ᠤᠨ ᠲᠠᠯᠠᠪᠠᠶ ᠳᠤ ᠤᠷᠤᠯᠴᠠᠪᠠ᠃ ︵ᠰᠢᠨ᠎ᠡ ᠵᠠᠭᠤᠴᠢᠯᠠᠭᠤᠷ ᠤᠨ ᠲᠥᠪ ᠡᠦ ᠯᠧ︶ |