ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠪᠠ ᠰᠠᠶᠢᠬᠠᠨ ᠲᠣᠭᠤᠷᠢᠭ ᠤᠨ ᠵᠣᠣ ᠤᠳᠠ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ‌ᠬᠠᠮᠲᠦ ᠳᠠᠭᠠᠨ ᠲᠤᠰᠬᠠᠶ ᠰᠠᠯᠠᠭᠠᠨ ᠤ ᠡᠮᠨᠡᠯᠭᠡ ᠶᠢᠨ ᠬᠤᠯᠪᠣᠭᠠᠲᠤ ᠴᠤᠭᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2018-05-11
     5 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠪᠠ ᠰᠠᠶᠢᠬᠠᠨ ᠲᠣᠭᠤᠷᠢᠭ ᠤᠨ ᠵᠣᠣ ᠤᠳᠠ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠠᠮᠳᠦ ᠳᠠᠭᠠᠨ ᠲᠤᠰᠬᠠᠶ ᠰᠠᠯᠠᠭᠠᠨ ᠤ ᠡᠮᠨᠡᠯᠭᠡ ᠶᠢᠨ ᠬᠤᠯᠪᠣᠭᠠᠲᠤ ᠴᠣᠭᠴᠠ ᠶᠢᠨ ᠭᠡᠷ᠎ᠡ ᠲᠤᠭᠲᠠᠭᠠᠵᠤ ᠫᠠᠶᠢᠰᠠ ᠡᠯᠭᠦᠬᠦ ᠶᠣᠰᠣᠯᠠᠯ ᠬᠢᠭᠰᠡᠨ ᠪᠠᠶᠢᠨ᠎ᠠ᠃ ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ ᠵᠢᠶᠠ ᠶᠦᠸᠧ ᠴᠢ ᠬᠦᠷᠢᠶᠡᠯᠡᠩ ᠢᠶᠠᠨ ᠲᠦᠯᠦᠭᠡᠯᠡᠨ ᠰᠠᠶᠢᠬᠠᠨ ᠲᠣᠭᠤᠷᠢᠭ ᠤᠨ ᠵᠣᠣ ᠤᠳᠠ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤ ᠪᠠᠷ ᠡᠮᠨᠡᠯᠭᠡ ᠶᠢᠨ ᠬᠤᠯᠪᠣᠭᠠᠲᠤ  ᠴᠤᠭᠴᠠᠲᠤ ᠬᠠᠮᠲᠤᠷᠠᠨ ᠠᠵᠢᠯᠯᠠᠬᠤ ᠲᠤᠬᠠᠶ ᠬᠡᠯᠡᠯᠴᠡᠭᠡᠷ  ᠪᠢᠴᠢᠭ ᠲᠤ ᠭᠠᠷ ᠤᠨ ᠦᠰᠦᠭ ᠵᠢᠷᠤᠬᠤ ᠶᠢᠨ ᠬᠠᠮᠲᠤ ᠰᠠᠶᠢᠬᠠᠨ ᠲᠣᠭᠤᠷᠢᠭ ᠤᠨ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠲᠣᠪᠴᠢᠶᠠᠨ ᠤ ᠳᠠᠷᠤᠭ᠎ᠠ ᠸᠠᠩ‌‍ᠽᠠᠢ ᠫᠢᠩ ᠲᠠᠢ ᠬᠠᠮᠲᠤ ᠫᠠᠶᠢᠰᠠ ᠡᠯᠭᠦᠪᠡ᠃      ᠣᠶᠢᠯᠠᠭᠠᠭᠰᠠᠨ ᠢᠶᠠᠷ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠴᠢᠬᠤᠯᠠ ᠠᠷᠭ᠎ᠠ ᠬᠡᠮᠵᠢᠶ᠎ᠡ ᠪᠤᠯᠤᠨ᠎ᠠ᠂ ᠮᠥᠨ ᠲᠠᠰ ᠬᠤᠪᠢᠶᠠᠨ ᠡᠮᠨᠡᠬᠦ ᠲᠦᠷᠢᠮ ᠤᠨ ᠪᠠᠶᠢᠭᠤᠯᠤᠯᠲᠠ ᠶᠢ ᠠᠬᠢᠭᠤᠯᠬᠤ ᠪᠦᠲᠦᠮᠵᠢᠲᠡᠶ ᠠᠷᠭ᠎ᠠ ᠪᠠᠷᠢᠯ  ᠪᠤᠯᠤᠨ᠎ᠠ᠃ ᠲᠤᠰ ᠤᠳᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠪᠠ ᠰᠠᠶᠢᠬᠠᠨ ᠲᠣᠭᠤᠷᠢᠭ ᠤᠨ ᠲᠤᠰᠬᠠᠶ ᠰᠠᠯᠠᠭᠠᠨ ᠤ ᠡᠮᠨᠡᠯᠭᠡ ᠶᠢᠨ ᠬᠤᠯᠪᠣᠭᠠᠲᠤ ᠴᠣᠭᠴᠠ ᠶᠢ ᠵᠣᠬᠢᠶᠠᠨ  ᠪᠠᠶᠢᠭᠤᠯᠵᠤ ᠪᠠᠶᠢᠭ᠎ᠠ ᠨᠢ᠂ ᠰᠠᠶᠢᠬᠠᠨ ᠲᠣᠭᠤᠷᠢᠭ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠰᠢᠨ᠎ᠡ ᠰᠢᠪᠲᠤᠯᠤᠯᠲᠠ ᠭᠠᠷᠤᠭᠰᠠᠨ ᠢ ᠬᠠᠷᠠᠭᠤᠯᠵᠤ  ᠪᠠᠶᠢᠨ᠎ᠠ᠃ ᠡᠭᠦᠨ ᠤ ᠬᠠᠮᠲᠤ ᠪᠠᠰᠠ ᠰᠠᠶᠢᠬᠠᠨ ᠲᠣᠭᠤᠷᠢᠭ  ︽ᠬᠠᠪᠰᠤᠷᠴᠤ ᠦᠢᠯᠡᠴᠢᠯᠡᠬᠦ᠂ ᠳᠠᠪᠠᠭᠤᠯᠢᠭ  ᠲᠠᠯ᠎ᠠ ᠪᠠᠨ ᠨᠥᠬᠦᠪᠥᠷᠢᠯᠡᠬᠦ  ᠂ ᠬᠠᠷᠢᠯᠴᠠᠨ ᠠᠰᠢᠭ ᠤᠯᠵᠤ ᠬᠠᠷᠢᠯᠴᠠᠨ ᠠᠰᠢᠭ  ᠬᠦᠷᠲᠡᠬᠦ︾ ᠪᠠᠷ ᠵᠠᠷᠴᠢᠮ ᠪᠣᠯᠭᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠲᠤ ᠠᠰᠢᠭ ᠬᠦᠷᠲᠡᠭᠡᠬᠦ ᠡᠮ ᠡᠮᠨᠡᠯᠭᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠷᠥ ᠶᠢᠨ ᠪᠤᠳᠤᠯᠭ᠎ᠠ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠭᠰᠠᠨ ᠪᠠᠶᠢᠨ᠎ᠠ᠃      ᠲᠤᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠳᠤ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠤᠨ ᠠᠯᠪᠠᠨ ᠭᠡᠷ ᠤᠨ ᠡᠷᠬᠢᠯᠡᠭᠴᠢ ᠭᠦᠸᠧ ᠱᠸᠦ ᠶᠠᠨ᠂ ᠬᠥᠬᠡᠬᠤᠲᠠ ᠶᠢᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠬᠤᠷᠢᠶᠠᠨ ᠤ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠯᠢ ᠰᠢᠶᠤᠤ ᠮᠠᠨ ᠵᠢᠴᠢ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠴᠧᠩ ᠵᠢᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ  ᠸᠠᠨ ᠴᠦᠨ ᠵᠡᠷᠭᠡ ᠬᠤᠯᠪᠣᠭᠳᠠᠯ ᠪᠦᠬᠦᠢ ᠤᠳᠤᠷᠢᠳᠤᠯᠭ᠎ᠠ  ᠤᠷᠤᠯᠴᠠᠪᠠ᠃ ︵ᠰᠢᠨ᠎ᠡ ᠵᠠᠭᠤᠴᠢᠯᠠᠭᠤᠷ ᠤᠨ ᠲᠥᠪ    ᠪᠥᠸᠧ ᠲᠤᠤ︶
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号