ᠤᠷᠵᠢᠳᠤᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨᠲ᠋ᠥ᠋ᠯᠥᠭᠡᠯᠡᠭᠴᠢᠳ ᠦᠨᠶᠡᠭᠡ ᠬᠤᠷᠠᠯ ᠤᠨ ᠪᠠᠶᠢᠩᠭᠤ ᠶᠢᠨ ᠭᠡᠰᠢᠭᠦᠨ᠂᠂ᠪᠦᠬᠦ ᠤᠯᠤᠰ ᠤᠨ | ᠠᠷᠠᠳ ᠤᠨᠲ᠋ᠥ᠋ᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠡᠷᠬᠢᠯᠡᠭᠴᠢ ᠭᠡᠰᠢᠭᠦᠨ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ᠂ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠪᠠᠢ | ᠴᠦᠨ ᠯᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠵᠨ ᠭᠡᠰᠢᠭᠦᠨ᠂᠂ᠪᠦᠬᠦ ᠤᠯᠤᠰ ᠤᠨ | ᠠᠷᠠᠳ ᠤᠨᠲ᠋ᠥ᠋ᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠵᠨ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ | ᠨᠠᠰᠤᠨᠮᠦ᠋ᠩᠬᠡ ᠪᠠᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ | ᠮᠠᠨ ᠤ ᠬᠤᠲᠠ ᠳᠤ ᠢᠷᠡᠵᠦ ᠦᠨᠳᠦᠰᠦᠲᠡᠨ ᠤ ᠰᠤᠷᠭᠠᠨ ᠬᠥᠮᠦᠵᠢᠯ ᠢ ᠬᠥᠭᠵᠢᠭᠦᠯᠬᠦ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠳᠤ ᠲᠤᠰᠬᠠᠢ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠥᠬᠡᠬᠤᠲᠠ ᠶᠢᠨ ᠮᠣᠩᠭᠤᠯ | ᠰᠤᠷᠭᠠᠭᠤᠯᠢ᠂ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠵᠡᠷᠭᠡ ᠭᠠᠵᠠᠷ ᠤᠳ ᠢᠶᠠᠷ ᠶᠠᠪᠤᠵᠤ᠂ | ᠰᠤᠷᠭᠠᠭᠤᠯᠢ ᠶᠢᠨ ᠬᠦᠷᠢᠶᠡᠨ ᠤ ᠰᠣᠶᠣᠯ᠂ ᠦᠨᠳᠦᠰᠦᠲᠡᠨ ᠤ ᠣᠨᠴᠯᠢᠭᠲᠤ ᠰᠤᠷᠭᠠᠨ ᠬᠥᠮᠦᠵᠢᠯ ᠵᠢᠴᠢ | ᠦᠨᠳᠦᠰᠦᠲᠡᠨ ᠤ ᠲᠡᠷᠢᠭᠦᠨ ᠤ ᠤᠯᠠᠮᠵᠢᠯᠠᠯᠲᠤ ᠥᠪ ᠰᠣᠶᠣᠯ ᠤᠨ ᠰᠤᠷᠭᠠᠨ ᠬᠥᠮᠦᠵᠢᠯ ᠵᠡᠷᠭᠡ ᠢ ᠣᠶᠢᠯᠠᠭᠠᠭᠰᠠᠨ | ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠬᠥᠬᠡᠬᠤᠲᠠ ᠳᠤ ᠤᠯᠤᠰ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠂ | ᠬᠡᠦᠬᠡᠳ ᠤᠨ ᠴᠡᠴᠡᠷᠯᠢᠭ 43 ᠂ ᠰᠤᠷᠭᠠᠭᠤᠯᠢ ᠳᠤ ᠰᠠᠭᠤᠭ᠎ᠠ ᠰᠤᠷᠤᠭᠴᠢ 4.3 ᠲᠦᠮᠡᠨ ᠬᠥᠮᠦᠨ ᠪᠠᠶᠢᠵᠤ | ᠲᠡᠭᠦᠨ ᠤ ᠲᠣᠳᠣᠷ᠎ᠠ ᠴᠥᠭᠡᠨ ᠲᠣᠭᠠᠲᠤ ᠦᠨᠳᠦᠰᠦᠲᠡᠨ ᠤ ᠰᠤᠷᠤᠭᠴᠢ1.8 ᠲᠦᠮᠡᠨ ᠬᠥᠮᠦᠨ ᠪᠤᠢ᠃ ᠣᠷᠴᠢᠮ ᠤᠨ | ᠵᠢᠯ ᠠᠴᠠ ᠨᠠᠰᠢ᠂ ᠬᠥᠬᠡᠬᠤᠲᠠ ︽ᠤᠷᠢᠲᠠᠪᠠᠷ ᠭᠤᠣᠯᠳᠠᠯᠭ᠎ᠠ ᠲᠠᠢ︾ ᠦᠨᠳᠦᠰᠦᠲᠡᠨ ᠤ ᠰᠤᠷᠭᠠᠨ ᠬᠥᠮᠦᠵᠢᠯ ᠢ | ᠬᠥᠭᠵᠢᠭᠦᠯᠬᠦ ᠴᠢᠭᠯᠡᠯᠲᠡ ᠢ ᠪᠠᠷᠢᠮᠲᠠᠯᠠᠵᠤ᠂ ᠬᠡᠦᠬᠡᠳ ᠤᠨ ᠰᠤᠷᠭᠠᠨ ᠬᠥᠮᠦᠵᠢᠯ ᠠᠴᠠ ᠳᠡᠭᠡᠳᠦ ᠳᠤᠮᠳᠠᠳᠤ ᠶᠢᠨ | ᠰᠤᠷᠭᠠᠨ ᠬᠥᠮᠦᠵᠢᠯ ᠬᠦᠷᠲᠡᠯᠡᠬᠢ ᠳᠠᠪᠬᠤᠷᠭᠠᠲᠤ ᠪᠦᠲᠦᠴᠡ ᠪᠠᠷ ᠵᠣᠬᠢᠰᠲᠠᠢ ᠰᠤᠷᠭᠠᠭᠤᠯᠢ ᠡᠷᠬᠢᠯᠡᠬᠦ | ᠰᠢᠰᠲ᠋ᠧᠮᠵᠢ ᠶᠢᠨ ᠪᠠᠶᠢᠭᠤᠯᠤᠯᠲᠠ ᠢ ᠲᠦᠷᠭᠡᠳᠬᠡᠵᠦ᠂ ᠠᠯᠬᠤᠮ ᠠᠯᠬᠤᠮ ᠢᠶᠠᠷ ᠬᠡᠪᠴᠢᠶᠡᠵᠢᠯ᠂ ᠴᠢᠨᠠᠷ | ᠴᠢᠨᠰᠠᠭ᠎ᠠ᠂ ᠦᠷ᠎ᠡ ᠠᠰᠢᠭ ᠪᠠ ᠣᠨᠴᠠᠯᠢᠭ ᠢ ᠤᠶᠠᠯᠳᠤᠭᠤᠯᠤᠭᠰᠠᠨ ᠬᠥᠭᠵᠢᠯᠲᠡ ᠶᠢᠨ ᠵᠠᠮ ᠳᠤ ᠣᠷᠣᠪᠠ᠃ | ᠡᠭᠦᠨ ᠤ ᠬᠠᠮᠲᠤ᠂ ᠬᠤᠲᠠ ᠠᠴᠠ ︽ ᠰᠢᠨ᠎ᠡ ᠠᠬᠤᠢ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠢ | ᠴᠢᠩᠭᠠᠳᠬᠠᠨ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ︾ ︽ ᠦᠨᠳᠦᠰᠦᠲᠡᠨ ᠤ ᠰᠤᠷᠭᠠᠨ ᠬᠥᠮᠦᠵᠢᠯ ᠤᠨ | ᠬᠥᠭᠵᠢᠯᠲᠡ ᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠨᠡᠶᠢᠲᠡᠯᠡᠵᠦ᠂ ︽ | ᠬᠥᠬᠡᠬᠤᠲᠠ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ ᠳᠦᠷᠢᠮ ︾ ᠳᠤ ᠵᠠᠰᠠᠪᠤᠷᠢ ᠣᠷᠣᠭᠤᠯᠵᠤ᠂ | ᠦᠨᠳᠦᠰᠦᠲᠡᠨ ᠤ ᠰᠤᠷᠭᠠᠨ ᠬᠥᠮᠦᠵᠢᠯ ᠢ ᠪᠠᠲᠤᠯᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ | ᠦᠨᠳᠦᠰᠦᠲᠡᠨ ᠤ ᠪᠦᠯᠬᠦᠮᠳᠡᠯ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠪᠦᠬᠦ ᠬᠤᠲᠠ ᠶᠢᠨ ᠡᠯ᠎ᠡ ᠱᠠᠲᠤᠨ ᠤ | ᠡᠯ᠎ᠡ ᠲᠥᠷᠥᠯ ᠦᠨᠲ᠋ᠤᠮᠳᠠᠳᠤ ᠪᠠᠭ᠎ᠠᠰᠤᠷᠭᠠᠭᠤᠯᠢ ᠨᠢᠭᠡᠳᠦᠯ ᠲᠠᠢ ᠪᠠᠷ ᠤᠯᠤᠰ ᠠᠴᠠ ᠵᠣᠬᠢᠶᠠᠨ ᠪᠠᠶᠢᠭᠤᠯᠵᠤ | ᠨᠠᠶᠢᠷᠠᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ | ᠪᠥᠭᠡᠳ ᠵᠢᠯ ᠪᠦᠷᠢ 20% ᠠᠴᠠ ᠳᠡᠭᠡᠭᠰᠢ ᠰᠤᠷᠭᠠᠨ ᠬᠥᠮᠦᠵᠢᠯ ᠤᠨ ᠵᠠᠷᠤᠳᠠᠯ ᠢ ᠦᠨᠳᠦᠰᠦᠲᠡᠨ ᠤ ᠰᠤᠷᠭᠠᠨ | ᠬᠥᠮᠦᠵᠢᠯ ᠳᠤ ᠬᠡᠷᠡᠭᠯᠡᠵᠦ᠂ ᠨᠡᠶᠢᠲᠡ13.68 ᠳ᠋ᠦᠩᠰᠢᠭᠤᠷ ᠲᠥᠭᠦᠷᠢᠭ ᠵᠠᠷᠤᠴᠠᠭᠤᠯᠪᠠ᠃ ᠬᠥᠬᠡᠬᠤᠲᠠ ᠶᠢᠨ | ᠦᠨᠳᠦᠰᠦᠲᠡᠨ ᠤ ᠬᠡᠦᠬᠡᠳ ᠤᠨ ᠴᠡᠴᠡᠷᠯᠢᠭ ᠪᠠ ᠰᠢᠨ᠎ᠡ ᠬᠤᠲᠠ ᠲᠣᠭᠤᠷᠢᠭ ᠤᠨ ᠦᠨᠳᠦᠰᠦᠲᠡᠨ ᠤ ᠬᠡᠦᠬᠡᠳ ᠤᠨ | ᠴᠡᠴᠡᠷᠯᠢᠭ ᠢ ᠥᠨᠳᠥᠷ ᠪᠠᠷᠢᠮᠵᠢᠶ᠎ᠠ ᠪᠠᠷ ᠪᠠᠶᠢᠭᠤᠯᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠦᠷ | ᠲᠦᠪᠰᠢᠨ ᠤ ᠢᠨᠵᠧᠨᠧᠷᠢᠩ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠳᠠᠪᠤᠷᠢ | ᠳᠣᠷᠣᠢ ᠰᠤᠷᠭᠠᠭᠤᠯᠢ ᠶᠢᠨ ᠥᠭᠡᠷᠡᠴᠢᠯᠡᠯᠲᠡ᠂ ᠰᠤᠷᠬᠤ ᠠᠴᠠ ᠡᠮᠦᠨᠡᠬᠢ ᠨᠠᠰᠤᠨ ᠤ ᠬᠡᠦᠬᠡᠳ ᠤᠨ ᠬᠥᠮᠦᠵᠢᠯ ᠤᠨ | ᠭᠤᠷᠪᠠᠨ ᠵᠢᠯ ᠤᠨ ᠠᠵᠢᠯ ᠤᠨ ᠲᠥᠰᠦᠪ ᠵᠡᠷᠭᠡ ᠢᠨᠵᠧᠨᠧᠷᠢᠩ ᠢᠶᠠᠷ ᠳᠠᠮᠵᠢᠭᠤᠯᠤᠨ ᠰᠢᠨᠡᠳᠬᠡᠨ ᠵᠠᠰᠠᠭᠰᠠᠨ᠂ | ᠰᠢᠨ᠎ᠡ ᠪᠠᠷ ᠪᠠᠶᠢᠭᠤᠯᠤᠭᠰᠠᠨ᠂ ᠲᠠᠬᠢᠨ ᠪᠠᠶᠢᠭᠤᠯᠤᠭᠰᠠᠨ ᠦᠨᠳᠦᠰᠦᠲᠡᠨ ᠤ ᠰᠤᠷᠭᠠᠭᠤᠯᠢ ᠶᠢᠨ ᠪᠠᠷᠢᠯᠭ᠎ᠠ ᠶᠢᠨ | ᠲᠠᠯᠠᠪᠠᠢ25 ᠲᠦᠮᠡᠨ ᠺᠣᠸᠠᠲ ᠮᠧᠲᠷ ᠲᠤ ᠬᠦᠷᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ | ᠠᠷᠭ᠎ᠠ ᠪᠠᠷᠢᠯ ᠵᠢᠴᠢ ᠲᠤᠷᠰᠢᠯᠭ᠎ᠠ ᠰᠤᠷᠭᠠᠮᠵᠢ ᠳᠤ ᠥᠨᠳᠥᠷ ᠦᠨᠡᠯᠡᠯᠲᠡ ᠥᠭᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠬᠢᠯᠡᠭᠴᠢ ᠶᠠᠨ ᠯᠢᠩ᠂ ᠬᠤᠲᠠ ᠶᠢᠨ ᠠᠷᠠᠳ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ᠂ ᠳᠡᠳ᠋ ᠡᠷᠬᠢᠯᠡᠭᠴᠢ ᠰᠡᠴᠡᠨᠪᠢᠯᠢᠭ᠂ ᠳᠡᠳ᠋ | ᠬᠤᠲᠠ ᠶᠢᠨ ᠳᠠᠷᠤᠭ᠎ᠠ ᠶᠦᠨ ᠰᠢᠨ ᠮᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠵᠠᠩ ᠰᠢᠶᠣᠣ ᠹᠠᠨ ᠵᠡᠷᠭᠡ ᠨᠥᠬᠦᠳ ᠪᠠᠷ᠎ᠠ ᠪᠣᠯᠪᠠ᠃ |