ᠪᠣᠯᠪᠠᠰᠤᠨ ᠢᠶᠠᠷ ᠰᠤᠷᠭᠠᠭᠤᠯᠢ  ᠶᠢ ᠰᠢᠮᠡᠵᠢᠭᠦᠯᠵᠦ᠂ ᠰᠣᠶᠣᠯ ᠢᠶᠠᠷ ᠰᠡᠳᠬᠢᠯ ᠢᠶᠠᠨ ᠤᠮᠳᠠᠯᠠᠬᠤ ——ᠮᠠᠨ ᠤ ᠬᠤᠲᠠ ᠶᠢᠨ ᠪᠣᠯᠪᠠᠰᠤᠨ ᠰᠤᠷᠭᠠᠭᠤᠯᠢ ᠶᠢᠨ  ᠪᠦᠳᠦᠭᠡᠨ ᠪᠠᠶᠢᠭᠤᠯᠬᠤ ᠠᠵᠢᠯᠯᠠᠭ᠎ᠠ  ᠶᠢ ᠲᠦᠯᠦᠪᠴᠢᠯᠡᠨ ᠪᠢᠴᠢᠬᠦ
ᠨᠡᠶᠢᠲᠡᠯᠡᠭᠰᠡᠨ ᠴᠠᠭ᠄
2018-05-11
      2016 ᠣᠨ ᠳᠤ᠂ ᠮᠠᠨ ᠤ ᠬᠤᠲᠠ ᠵᠢᠩᠬᠢᠨᠢ ᠪᠠᠷ ᠪᠣᠯᠪᠠᠰᠤᠨ ᠰᠤᠷᠭᠠᠭᠤᠯᠢ ᠶᠢᠨ ᠪᠦᠳᠦᠭᠡᠨ  ᠪᠠᠶᠢᠭᠤᠯᠤᠯᠲᠠ  ᠶᠢᠨ ᠠᠵᠢᠯ  ᠢ ᠡᠬᠢᠯᠡᠭᠦᠯᠵᠦ᠂  ᠤᠳᠤᠬᠠᠨ ᠳᠤ᠂  ᠪᠦᠬᠦ ᠬᠤᠲᠠ ᠳᠤ ᠰᠢᠶᠠᠨ ᠤ ᠲᠡᠰ ᠤᠨ ᠪᠣᠯᠪᠠᠰᠤᠨ ᠰᠤᠷᠭᠠᠭᠤᠯᠢ 207᠂  ᠬᠤᠲᠠ ᠶᠢᠨ  ᠲᠡᠰ ᠤᠨ ᠪᠣᠯᠪᠠᠰᠤᠨ ᠰᠤᠷᠭᠠᠭᠤᠯᠢ 193᠂ ᠤᠯᠤᠰ ᠤᠨ ᠲᠡᠰ ᠤᠨ ᠪᠣᠯᠪᠠᠰᠤᠨ ᠰᠤᠷᠭᠠᠭᠤᠯᠢ 1 ᠶᠢ ᠪᠦᠳᠦᠭᠡᠨ ᠪᠠᠶᠢᠭᠤᠯᠪᠠ᠃ ᠡᠳᠡᠭᠡᠷ ᠰᠤᠷᠭᠠᠭᠤᠯᠢ ᠨᠢ ᠦᠷᠳᠡᠭ ᠢᠶᠠᠷ ᠬᠥᠲᠥᠯᠥᠨ ᠵᠢᠯᠤᠭᠤᠳᠬᠤ ᠪᠠ ᠪᠠᠭᠰᠢ ᠰᠤᠷᠤᠭᠴᠢᠳ ᠤᠨ ᠨᠢᠭᠲᠠ ᠬᠠᠷᠢᠯᠴᠠᠬᠤ ᠶᠢ ᠪᠠᠷᠢᠮᠲᠠᠯᠠᠵᠤ᠂ ᠦᠢᠯᠡᠳᠦᠯᠭᠡ  ᠳᠤ ᠤᠷᠤᠯᠴᠠᠬᠤ ᠪᠠ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠳᠠᠯᠠᠵᠤ᠂ ᠰᠤᠷᠭᠠᠭᠤᠯᠢ ᠶᠢᠨ ᠪᠣᠯᠪᠠᠰᠤᠨ ᠤ ᠰᠠᠭᠤᠷᠢ ᠶᠢ ᠪᠠᠲᠤᠵᠢᠭᠤᠯᠵᠤ᠂ ᠡᠨᠡ ᠨᠢ ᠪᠠᠰᠠ ᠨᠡᠶᠢᠭᠡᠮ ᠤᠨ ᠪᠣᠯᠪᠠᠰᠤᠨ ᠤ ᠪᠦᠳᠦᠭᠡᠨ ᠪᠠᠶᠢᠭᠤᠯᠤᠯᠲᠠ ᠶᠢᠨ ᠨᠢᠭᠡᠨ ᠬᠢᠯᠠᠰ ᠴᠡᠭ ᠪᠣᠯᠤᠨ᠎ᠠ᠃ ᠵᠢᠱᠢᠶᠡᠴᠢ ᠲᠠᠭᠠᠭᠤᠯᠭ᠎ᠠ ᠲᠠᠶᠢᠴᠢᠯᠠᠭ᠎ᠠ  ᠶᠢᠨ ᠳᠣᠣᠷ᠎ᠠ᠂ ᠮᠠᠨ ᠤ ᠬᠤᠲᠠ ᠶᠢᠨ ᠪᠣᠯᠪᠠᠰᠤᠨ ᠰᠤᠷᠭᠠᠭᠤᠯᠢ ᠶᠢᠨ ᠪᠦᠳᠦᠭᠡᠨ  ᠪᠠᠶᠢᠭᠤᠯᠤᠯᠲᠠ ᠠᠶᠠᠨᠳᠠᠭᠠᠨ ᠬᠡᠪᠰᠢᠯ ᠪᠤᠯᠵᠤ᠂ ᠥᠷᠨᠢᠩᠭᠦᠶ  ᠬᠦᠭᠵᠢᠵᠦ ᠪᠠᠶᠢᠨ᠎ᠠ᠃ ᠡᠯ᠎ᠡ ᠰᠤᠷᠭᠠᠭᠤᠯᠢ ᠪᠠ ᠭᠠᠵᠠᠷ ᠣᠷᠣᠨ ᠤ ᠤᠢᠩᠭᠡ ᠪᠦᠷᠢ ᠶᠢᠨ ᠴᠡᠴᠡᠭ ᠢ ᠵᠡᠷᠭᠡᠪᠡᠷ ᠳᠡᠯᠭᠡᠷᠡᠭᠦᠯᠵᠦ᠂ ᠲᠣᠳᠣᠷᠬᠠᠶ ᠠᠵᠢᠯ ᠤᠨ ᠭᠤᠤᠯ ᠰᠢᠵᠢᠮ᠂ ᠪᠦᠲᠦᠮᠵᠢᠲᠡᠶ ᠰᠤᠷᠭᠠᠨ ᠬᠦᠮᠦᠵᠢᠬᠦᠯᠵᠦ ᠬᠥᠲᠥᠯᠥᠨ  ᠵᠢᠯᠤᠭᠤᠳᠬᠤ᠂ ᠡᠯᠪᠡᠭ ᠪᠠᠶᠠᠯᠢᠭ ᠭᠤᠣᠯ ᠰᠡᠳᠦᠪᠲᠦ ᠬᠦᠳᠡᠯᠭᠡᠭᠡᠨ᠂ ᠰᠠᠶᠢᠨ ᠰᠠᠶᠢᠬᠠᠨ ᠣᠷᠴᠢᠨ ᠲᠣᠭᠤᠷᠢᠨ ᠤ ᠨᠥᠯᠥᠭᠡᠯᠡᠯ ᠵᠢᠴᠢ  ᠪᠦᠷᠢᠨ ᠲᠡᠭᠦᠯᠳᠡᠷ ᠳᠦᠷᠢᠮ ᠤᠨ ᠵᠢᠷᠤᠮᠵᠢᠯ  ᠢ ᠡᠭᠦᠳᠦᠨ ᠪᠠᠶᠢᠭᠤᠯᠬᠤ ᠵᠡᠷᠭᠡ ᠤᠯᠠᠨ ᠲᠠᠯ᠎ᠠ ᠪᠠᠷ  ᠤᠨᠴᠠᠯᠢᠭ ᠢᠶᠠᠨ ᠬᠠᠷᠠᠭᠤᠯᠤᠨ᠎ᠠ᠃
 
ᠢᠷᠡᠯᠲᠡ᠄ ᠬᠦᠬᠡᠬᠤᠲᠠ  ᠶᠢᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号