ᠸᠠᠩ ᠪᠢᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-05-14
      5 ᠰᠠᠷ᠎ᠠ ᠶᠢᠨ 7 ᠂ 8 ᠤ ᠡᠳᠦᠷ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠵᠤᠤ ᠶᠥᠩ ᠭᠠᠩ᠂ ᠲᠣᠭᠤᠷᠢᠭ ᠤᠨ ᠳᠡᠳ᠋ ᠳᠠᠷᠤᠭ᠎ᠠ ᠵᠤᠤ ᠵᠢᠦ ᠯᠦᠩ ᠬᠠᠮᠲᠤᠪᠠᠷ ᠬᠤᠸᠠᠬᠤᠰᠢᠭᠤ ᠪᠠᠯᠭᠠᠰᠤᠨ ᠤ ᠵᠢᠰᠢᠶᠠᠨ ᠲᠣᠰᠬᠤᠨ ᠪᠠ ᠶᠢᠨ ᠾᠧ ᠪᠠᠯᠭᠠᠰᠤ ᠶᠢᠨ ᠫᠧᠩ ᠰᠥᠩ ᠶᠢᠩ ᠲᠤᠰᠬᠤᠨ ᠤ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠤᠯᠲᠠ ᠬᠢᠪᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠠᠳᠠᠭᠤ ᠶᠢ ᠲᠡᠳᠬᠦᠬᠦ ᠮᠠᠲ᠋ᠧᠷᠢᠶᠠᠯ ᠂ ᠶᠠᠳᠠᠭᠤ ᠬᠦᠴᠢᠷᠳᠡᠯᠲᠡᠶ ᠡᠷᠦᠬᠡ ᠶᠢᠨ ᠳᠠᠩᠰᠠ ᠡᠪᠬᠡᠮᠡᠯ ᠢ ᠪᠠᠶᠢᠴᠠᠭᠠᠨ ᠦᠵᠡᠬᠦ ᠶᠢᠨ ᠬᠠᠮᠲᠤ ᠲᠣᠰᠬᠤᠨ ᠳᠤ ᠰᠠᠭᠤᠭ᠎ᠠ ᠳᠠᠭᠠᠭᠠᠴᠢᠯᠠᠨ ᠬᠠᠷᠢᠭᠤᠴᠠᠬᠤ ᠺᠠᠳ᠋ᠷᠴᠤᠳ ᠪᠣᠯᠤᠨ ᠲᠣᠰᠬᠤᠨ ᠳᠤ ᠰᠠᠭᠤᠭ᠎ᠠ ᠲᠣᠰᠬᠤᠨ ᠤ ᠨᠢᠭᠡᠳᠦᠭᠡᠷ ᠱᠦᠵᠢ ᠶᠢᠨ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ  ᠪᠠᠶᠢᠭ᠎ᠠ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ  ᠬᠦᠯᠢᠶᠡᠨ ᠰᠤᠨᠤᠰᠪᠠ᠂ ᠮᠦᠨ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤᠷᠠᠭᠰᠠᠨ ᠰᠢᠯᠲᠠᠭᠠᠨ ᠪᠠ ᠭᠡᠷ ᠪᠦᠯᠢ ᠶᠢᠨ ᠪᠠᠶᠢᠳᠠᠯ ᠳᠤ ᠨᠠᠷᠢᠨ ᠵᠠᠳᠠᠯᠤᠯᠲᠠ ᠬᠢᠪᠡ᠂ ᠲᠡᠷᠠᠭ᠎ᠠ‌ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠶᠠᠳᠠᠭᠤ ᠬᠦᠴᠢᠷᠳᠡᠯ ᠲᠠᠢ ᠡᠷᠦᠭᠡ ᠳᠤ ᠢᠷᠡᠵᠦ᠂ ᠲᠡᠳᠡᠨᠦᠰ ᠲᠠᠢ ᠳᠣᠲᠣᠨᠣ ᠪᠠᠷ ᠶᠠᠷᠢᠯᠴᠠᠵᠤ᠂ ᠶᠠᠳᠠᠭᠤ ᠬᠦᠴᠢᠷᠳᠡᠯ ᠲᠠᠢ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠭᠡᠷ  ᠪᠠᠶᠢᠰᠢᠩ ᠤᠨ ᠥᠭᠡᠷᠡᠴᠢᠯᠡᠨ ᠵᠠᠰᠠᠬᠤ ᠠᠬᠢᠴᠠ ᠶᠢ ᠪᠠᠶᠢᠴᠠᠭᠠᠨ ᠦᠵᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠲᠡᠳᠡᠨᠦᠰ ᠢ ᠵᠣᠷᠢᠭᠵᠢᠭᠤᠯᠵᠤ᠂ ᠠᠮᠢᠳᠤᠷᠠᠯ ᠳᠤ ᠢᠳᠡᠪᠬᠢᠲᠡᠶ ᠪᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤ  ᠪᠤᠯᠭᠠᠵᠤ᠂ ᠡᠷᠲᠡᠬᠡᠨ ᠶᠠᠳᠠᠭᠤ ᠠᠴᠠ ᠠᠩᠭᠢᠵᠢᠷᠠᠶ᠎ᠠ ᠭᠡᠪᠡ᠃      ᠸᠠᠩ ᠪᠢᠩ ᠪᠠᠶᠢᠴᠠᠭᠠᠨ ᠰᠤᠳᠤᠯᠬᠤ  ᠳᠤᠮᠳᠠ᠂ ᠤᠯᠠᠮ ᠨᠢᠭᠡ ᠠᠯᠬᠤᠮ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ᠂ ᠲᠣᠰᠬᠤᠨ ᠳᠤ ᠰᠠᠭᠤᠭ᠎ᠠ ᠳᠠᠭᠠᠭᠠᠴᠢᠯᠠᠨ ᠬᠠᠷᠢᠭᠤᠴᠠᠬᠤ ᠺᠠᠳ᠋ᠷᠴᠤᠳ ᠪᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠦᠵᠡᠯ ᠰᠠᠨᠠᠭ᠎ᠠ ᠤᠢᠢᠯᠠᠭᠠᠭᠳᠠᠬᠤᠨ ᠢᠶᠠᠨ ᠲᠦᠢᠯᠪᠤᠷᠢᠲᠠᠶ ᠥᠭᠡᠷᠡᠴᠢᠯᠡᠵᠦ᠂ ᠢᠩᠭᠢᠵᠦ ᠴᠢᠩᠭᠢᠭᠡᠳ ᠦᠩᠭᠡᠷᠡᠭᠡᠬᠦ  ᠂ ᠬᠠᠰᠢ ᠶᠠᠰᠢ ᠥᠩᠭᠡᠷᠡᠭᠡᠬᠦ ᠦᠵᠡᠯ ᠰᠠᠨᠠᠭ᠎ᠠ ᠶᠠᠭᠠᠬᠢᠭᠰᠠᠨ ᠴᠦ ᠪᠠᠶᠢᠵᠤ ᠪᠤᠯᠬᠤ ᠦᠭᠡᠢ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠡ᠊ᠨᠡ ᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠵᠣᠷᠢᠭᠲᠠᠶ ᠡᠭᠦᠷᠭᠡᠯᠡᠬᠦ ᠬᠡᠷᠡᠭᠲᠡᠢ ᠭᠡᠪᠡ︔ ᠤᠯᠠᠮ ᠨᠢᠭᠡ ᠠᠯᠬᠤᠮ ᠤᠨᠢᠨ ᠳᠡᠭᠡᠷ᠎ᠡ ᠨᠢ ᠭᠡᠳᠡᠭ ᠤᠬᠠᠮᠰᠠᠷ ᠢᠶᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠠᠵᠢᠯ ᠢ ᠤᠨᠢᠨ ᠳᠡᠭᠡᠷ᠎ᠡ ᠨᠢ ᠢᠯᠭᠠᠨ ᠲᠠᠨᠢᠵᠤ᠂ ᠤᠨᠢᠨ ᠳᠡᠭᠡᠷ᠎ᠡ ᠨᠢ ᠭᠠᠷᠬᠤ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠯᠡᠨ᠂ ᠶᠡᠭᠡ ᠤᠰᠤ ᠪᠠᠷ ᠨᠠᠯᠠᠶᠢᠲᠠᠯ᠎ᠠ  ᠤᠰᠤᠯᠠᠬᠤ ᠶᠢ ᠤᠬᠳᠦ ᠵᠥᠪᠰᠢᠶᠡᠷᠡᠬᠦ ᠤᠢᠭᠡᠢ᠂ ᠲᠣᠰᠬᠤᠨ ᠳᠤ ᠰᠠᠭᠤᠭ᠎ᠠ ᠳᠠᠭᠠᠭᠠᠴᠢᠯᠠᠨ ᠬᠠᠷᠢᠭᠤᠴᠠᠬᠤ ᠺᠠᠳ᠋ᠷᠴᠤᠳ ᠪᠠ ᠲᠣᠰᠬᠤᠨ ᠤ ᠨᠢᠭᠡᠳᠦᠭᠡᠷ ᠱᠦᠵᠢ ᠦᠷᠭᠦᠯᠵᠢᠯᠡᠨ ᠶᠠᠳᠠᠭᠤ ᠬᠦᠴᠢᠷᠳᠡᠯ ᠲᠠᠢ ᠡᠷᠦᠬᠡ ᠳᠤ ᠨᠡᠩ ᠢᠯᠡᠭᠦᠦ ᠭᠦᠨᠵᠡᠭᠡᠶᠢᠷᠡᠨ᠂ ᠡᠷᠦᠭᠡ ᠪᠦᠷᠢ ᠶᠢᠨ ᠪᠣᠳᠠᠲᠠᠶ ᠪᠠᠶᠢᠳᠠᠯ ᠢ ᠨᠠᠷᠢᠨ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠦᠨᠡᠨ ᠠᠴᠠ ᠵᠥᠪ ᠢ ᠡᠷᠢᠬᠦ ᠬᠡᠷᠡᠭᠲᠡᠶ᠂ ᠡᠷᠦᠬᠡ ᠳᠠᠷᠠᠭᠠᠯᠠᠨ ᠬᠥᠮᠦᠨ ᠪᠣᠯᠭᠠᠨ ᠢ ᠨᠠᠷᠢᠨ ᠨᠢᠮᠪᠠᠶ ᠭᠦᠨ ᠭᠦᠨᠵᠡᠭᠡᠶ ᠰᠤᠳᠤᠯᠤᠨ ᠵᠠᠳᠠᠯᠵᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠨᠢᠭᠡ ᠡᠷᠦᠭᠡ ᠳᠤ ᠤᠯᠠᠨ ᠵᠦᠢᠯ ᠤᠨ ᠠᠷᠭ᠎ᠠ ᠪᠤᠳᠤᠯᠭ᠎ᠠ᠂ ᠨᠢᠭᠡ ᠬᠥᠮᠦᠨ ᠳᠤ ᠤᠯᠠᠨ ᠵᠦᠢᠯ ᠤᠨ ᠠᠷᠭ᠎ᠠ ᠪᠤᠳᠤᠯᠭ᠎ᠠ︔ ᠤᠯᠠᠮ ᠨᠢᠭᠡ ᠠᠯᠬᠤᠮ ᠬᠢᠨᠠᠯᠲᠠ ᠲᠠᠯᠪᠢᠬᠤ ᠪᠠᠨ ᠴᠢᠩᠭᠠᠳᠬᠠᠵᠤ ᠨᠠᠶᠢᠳᠠᠪᠤᠷᠢᠵᠢᠭᠤᠯᠬᠤ ᠬᠡᠷᠡᠭᠲᠡᠶ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠣᠯᠤᠨ ᠨᠢᠭᠡᠳᠦᠭᠡᠷ ᠱᠦᠵᠢ᠂ ᠪᠦᠬᠦ ᠰᠡᠳᠬᠢᠯ ᠢᠶᠠᠷ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯᠯᠠᠭ᠎ᠠ‌‍ᠲ᠋ᠤᠮᠳᠠ ᠤᠷᠤᠯᠴᠠᠵᠦ᠂ ︽ᠬᠤᠶᠠᠷ ᠳᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠬᠠᠷᠠᠯᠲᠠ ᠪᠤᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠢᠷᠳᠡᠯᠲᠡᠶ ᠡᠷᠦᠭᠡ ᠶᠠᠳᠠᠭᠤ ᠬᠦᠮᠦᠰ ᠲᠤ ᠣᠯᠠᠨ‌ᠵᠦ᠋ᠢᠯ ᠤᠨ ᠠᠷᠭ᠎ᠠ ᠶᠢ ᠶᠡᠷᠦᠩᠬᠡᠶᠢᠯᠡᠨ ᠬᠡᠷᠡᠭᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ  ᠪᠠᠶᠢᠳᠠᠯ ᠤᠨ ᠡᠳᠦᠷ ᠤᠨ ᠲᠡᠮᠳᠡᠭᠯᠡᠯ  ᠪᠢᠴᠢᠵᠦ᠂ ᠠᠵᠢᠯᠯᠠᠬᠤ  ᠡᠬᠡ ᠲᠠᠩᠰᠠ ᠪᠠᠨ ᠰᠠᠶᠢᠲᠤᠷ ᠪᠠᠶᠢᠭᠤᠯᠵᠤ᠂ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠪᠠ ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ︵ᠰᠢᠨ᠎ᠡ ᠵᠠᠭᠤᠴᠢᠯᠠᠭᠤᠷ ᠤᠨ ᠲᠥᠪ     ᠸᠠᠨ ᠶᠥᠩ ᠵᠢᠶᠧ︶
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号