ᠲᠤᠭᠳᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ 2018 ᠣᠨ ᠤ ᠠᠩᠬᠠᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-05-14
     5 ᠰᠠᠷ᠎ᠠ ᠶᠢᠨ 7 ᠤ ᠡᠳᠦᠷ᠂ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯᠳᠤᠭᠠᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠯᠢ ᠴᠦᠨ‌‍ᠶᠠᠨ ᠨᠥᠬᠦᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠠᠯ᠎ᠠ ᠪᠠᠷ ᠡᠷᠡᠰ ᠴᠢᠩᠭ᠎ᠠ ᠨᠠᠮ ᠵᠠᠰᠠᠬᠤ ᠠᠵᠢᠯ ᠳᠤ ᠲᠡᠦᠬᠡᠲᠦ ᠴᠢᠨᠠᠷᠲᠠᠶ ᠠᠮᠵᠢᠯᠲᠠ ᠣᠯᠵᠠᠶ᠂ ᠮᠦᠨᠴᠦ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠢᠯᠵᠠᠷᠠᠯ ᠢ ᠡᠰᠡᠷᠭᠦᠴᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠪᠠ᠃ ᠪᠢᠳᠡ ᠵᠠᠪᠠᠯ ︽ᠲᠦᠷᠪᠡᠨ ᠦᠵᠡᠯ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ᠨᠠᠮ ᠤᠨ ᠲᠥᠪ ᠬᠤᠷᠢᠶ᠎ᠠ ᠶᠢᠨ ᠪᠦᠬᠦ ᠲᠠᠯ᠎ᠠ ᠪᠠᠷ ᠡᠷᠡᠰ ᠴᠢᠩᠭ᠎ᠠ ᠨᠠᠮ ᠵᠠᠰᠠᠬᠤ ᠪᠠᠲᠤ ᠵᠣᠷᠢᠭ ᠪᠣᠯᠤᠨ ᠵᠠᠪᠠᠯ ᠢᠯᠠᠬᠤ ᠢᠲᠡᠭᠡᠯ ᠵᠣᠷᠢᠭ ᠢ ᠭᠦᠨᠵᠡᠭᠡᠶ ᠣᠶᠢᠯᠠᠭᠠᠵᠤ᠂ ᠤᠯᠤᠰ ᠲᠦᠷᠤ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠰᠢᠨ᠎ᠡ ᠳᠠᠪᠰᠢᠯᠲᠠ ᠲᠠᠢ ᠪᠤᠯᠬᠤ ᠶᠢ ᠲᠦᠯᠬᠢᠨ ᠠᠬᠢᠭᠤᠯᠬᠤ ᠬᠡᠷᠡᠭᠳᠡᠢ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠴᠢᠨᠠᠷ᠂ ᠪᠠᠴᠢᠮ ᠴᠢᠨᠠᠷ ᠢ ᠭᠦᠢᠴᠡᠳ ᠲᠠᠨᠢᠵᠤ᠂ ᠥᠭᠡᠷᠡᠴᠢᠯᠡᠯᠲᠡ  ᠬᠦᠭᠵᠢᠭᠦᠯᠤᠯᠳᠡ ᠶᠢ ᠠᠳᠬᠤᠵᠤ ᠶᠢᠨ ᠬᠠᠮᠳᠤ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠢᠨ ᠬᠠᠮᠳᠤ ᠠᠳᠬᠤᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ ᠭᠦᠨᠵᠡᠭᠡᠶᠢᠷᠡᠭᠦᠯᠦᠨ ᠬᠦᠭᠵᠢᠭᠦᠯᠬᠦ ᠬᠡᠷᠡᠭᠳᠡᠢ ᠃ ᠵᠠᠰᠠᠭ ᠤᠨ ᠡᠷᠬᠡ ᠶᠢᠨ ᠢᠷᠡᠯᠲᠡ ᠨᠢ ᠠᠷᠠᠳ ᠲᠦᠮᠡᠨ ᠡᠴᠠ‌ᠤᠯᠭᠤᠭᠰᠠᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠲᠦᠰᠢᠶᠠᠯ ᠡᠭᠦᠷᠭᠡᠯᠡᠨ ᠨᠣᠶᠠᠨ ᠰᠠᠭᠤᠭᠰᠠᠨ ᠴᠤ ᠡᠭᠦᠷᠭᠡ ᠬᠠᠷᠢᠭᠤᠴᠠᠯᠭ᠎ᠠ ᠪᠠᠨ ᠬᠡᠵᠢᠶᠠᠳᠡ ᠮᠠᠷᠳᠠᠵᠤ ᠪᠤᠯᠬᠤ ᠦᠭᠡᠢ᠂ ᠡᠷᠬᠡ ᠬᠡᠷᠡᠭᠯᠡᠵᠦ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠡᠮᠵᠢᠶ᠎ᠡ ᠶᠢ ᠪᠠᠲᠤ ᠴᠡᠭᠡᠵᠢᠯᠡᠨ᠂ ᠶᠣᠰᠣ ᠨᠣᠮ ᠲᠠᠢ ᠡᠷᠬᠡ ᠪᠠᠨ ᠬᠡᠷᠡᠭᠯᠡᠵᠦ᠂ ᠠᠷᠢᠭᠤᠨ ᠰᠢᠳᠤᠷᠭᠤ ᠪᠠᠷ ᠠᠵᠢᠯᠯᠠᠬᠤ ᠬᠡᠷᠡᠭᠳᠡᠢ᠃ ᠠᠵᠢᠯ ᠶᠠᠪᠤᠳᠠᠯ ᠬᠢᠵᠦ ᠠᠳᠠᠯ ᠦᠢᠯᠡᠰ ᠪᠦᠲᠦᠭᠡᠬᠦ ᠳᠤ ᠬᠦᠴᠦ ᠲᠠᠯᠪᠢᠨ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠳᠡᠭᠡᠷ᠎ᠡ ᠰᠡᠳᠭᠢᠯ ᠲᠠᠯᠪᠢᠵᠤ᠂ ᠨᠠᠮ ᠳᠤ ᠦᠯᠤ ᠣᠰᠣᠯᠳᠠᠬᠤ᠂ ᠠᠷᠠᠳ ᠲᠦᠮᠡᠨ ᠳᠤ ᠥᠯᠥ ᠣᠰᠣᠯᠳᠠᠬᠤ᠂ ᠲᠡᠤᠬᠡᠨ ᠳᠤ ᠥᠯᠥ ᠣᠰᠣᠯᠳᠠᠬᠤ ᠰᠢᠨ᠎ᠡ ᠬᠢᠷᠢ ᠪᠦᠳᠦᠮᠵᠢ ᠭᠠᠷᠭᠠᠬᠤ ᠬᠡᠷᠡᠭᠳᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠳᠤ ᠡᠷᠬᠡᠪᠰᠢ ᠵᠠᠰᠠᠭ ᠤᠨ ᠣᠷᠳᠣᠨ ᠤ ᠲᠤᠰ ᠪᠡᠶ᠎ᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ ᠨᠠᠶᠢᠳᠠᠪᠤᠷᠢᠵᠢᠭᠤᠯᠬᠤ ᠲᠣᠭᠲᠠᠴᠠ ᠪᠠᠶᠢᠭᠤᠯᠤᠨ᠂ ᠡᠷᠬᠡ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠢᠯᠡ ᠪᠤᠯᠭᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠢᠲᠡᠭᠡᠮᠵᠢ ᠶᠢ ᠲᠡᠭᠡᠭᠰᠢᠯᠡᠭᠦᠯᠬᠦ ᠬᠡᠷᠡᠭᠳᠡᠢ᠃ ᠪᠡᠯᠡ ᠮᠥᠩᠭᠦ ᠶᠢ ᠬᠤᠪᠢᠶᠠᠷᠢᠯᠠᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠪᠡᠯᠡ ᠮᠥᠩᠭᠦ ᠶᠢ ᠬᠤᠪᠢᠶᠠᠷᠢᠯᠠᠬᠤ ᠬᠡᠷᠡᠭᠵᠢᠭᠦᠯᠬᠦ ᠵᠡᠷᠭᠡ ᠴᠢᠬᠤᠯᠠ ᠵᠠᠩᠭᠢᠯᠠᠭ᠎ᠠ ᠳᠤ ᠪᠡᠯᠡ ᠮᠥᠩᠭᠦ ᠨᠢᠭᠡᠪᠦᠷᠢ ᠶᠢ ᠴᠥᠮ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠳᠤᠯᠠᠬᠤ ᠬᠡᠷᠡᠭᠲᠡᠶ᠃ ᠵᠠᠰᠠᠭ ᠤᠨ ᠶᠠᠪᠤᠳᠠᠯ ᠢ ᠢᠯᠠ ᠪᠣᠯᠭᠠᠬᠤ ᠲᠦᠷᠢᠮ ᠢ ᠭᠦᠨᠵᠡᠭᠡᠶ ᠲᠦᠯᠬᠢᠨ ᠠᠬᠢᠭᠤᠯᠵᠤ ︽ᠡᠷᠬᠡ ᠶᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠷᠭᠡᠨ‌ᠤᠯᠠᠨ‌ᠠᠷᠠᠳ‌‍ᠲ᠋ᠦ᠋ᠮᠡᠨ ᠤ ᠨᠡᠩ ᠰᠠᠶᠢᠨ ᠵᠠᠰᠠᠭ ᠤᠨ ᠣᠷᠳᠣᠨ ᠣᠶᠢᠯᠠᠭᠠᠵᠤ᠂ ᠵᠠᠰᠠᠭ ᠤᠨ ᠣᠷᠳᠣᠨ ᠢ ᠳᠡᠮᠵᠢᠬᠦ᠂ ᠵᠠᠰᠠᠭ ᠤᠨ ᠣᠷᠳᠣᠨ ᠳᠤ ᠬᠢᠨᠠᠯᠲᠠ ᠲᠠᠯᠪᠢᠬᠤ ᠶᠢ ᠪᠠᠳᠤᠯᠠᠬᠤ ᠬᠡᠷᠡᠭᠳᠡᠢ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠷᠠᠳ ᠤᠨ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠤᠯᠭᠠᠬᠤ ᠬᠡᠷᠡᠭᠳᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号