ᠲᠠᠶᠢᠯᠤᠮᠵᠢ ᠦᠭᠬᠦᠭᠴᠢ᠄ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ | ᠬᠠᠷᠢᠭᠤᠴᠠᠯᠭᠠᠲᠠᠨ | ᠳ᠋ᠢᠩ ᠢ ᠲᠢᠩ | ᠤᠢᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠨᠠᠰᠤᠨ ᠲᠤᠷᠰᠢ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢᠵᠢᠨ ᠪᠤᠯᠪᠠᠰᠤᠷᠠᠭᠤᠯᠤᠯ ᠤᠨ ᠲᠦᠷᠢᠮ ᠢ ᠬᠡᠷᠡᠭᠵᠢᠬᠦᠯᠬᠦ ᠲᠤᠬᠠᠢ ᠰᠠᠨᠠᠯ︾ ᠢ ᠲᠠᠷᠬᠠᠭᠠᠪᠠ᠂ ᠡᠨᠡ ᠪᠤᠯ | ᠤᠳᠤᠬᠠᠨ ᠤ ᠪᠠ ᠬᠤᠶᠢᠰᠢᠲᠠ ᠶᠢᠨ ᠬᠡᠰᠡᠭ ᠬᠤᠭᠤᠴᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠤᠯᠪᠠᠰᠤᠷᠠᠭᠤᠯᠤᠯ ᠤᠨ ᠠᠵᠢᠯ ᠢᠠᠬᠢᠭᠤᠯᠬᠤ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠮᠦᠨ᠃ ᠠᠵᠢᠯ | ᠮᠡᠷᠭᠡᠵᠢᠯ ᠤᠨ ᠤᠷ᠎ᠠ ᠴᠢᠳᠠᠪᠤᠷᠢ ᠵᠢᠨᠪᠤᠯᠪᠠᠰᠤᠷᠠᠭᠤᠯᠤᠯ ᠪᠤᠯ ᠬᠦᠳᠡᠯᠮᠦᠷᠢᠴᠢᠳ ᠤᠨ ᠠᠵᠢᠯ ᠤᠯᠵᠤ ᠦᠢᠯᠡᠰ | ᠴᠤᠭᠴᠠᠯᠠᠬᠤ ᠴᠢᠳᠠᠪᠤᠷᠢ ᠶᠢ ᠪᠦᠬᠦ ᠲᠠᠯ᠎ᠠ ᠪᠡᠷᠲ᠋ᠡᠭᠡᠭᠰᠢᠯᠡᠬᠦᠯᠦᠨ᠂ ᠪᠦᠲᠦᠴᠡ ᠶᠢᠨ ᠴᠢᠨᠠᠷᠲᠠᠢ ᠠᠵᠢᠯ | ᠤᠯᠭᠤᠯᠲᠠ ᠶᠢᠨ ᠵᠦᠷᠢᠴᠡᠯ ᠢ ᠰᠢᠢᠳᠪᠤᠷᠢᠯᠡᠵᠤ᠂ ᠠᠵᠢᠯ ᠤᠯᠭᠤᠯᠲᠠᠵᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ | ᠦᠨᠳᠦᠰᠦᠨ ᠠᠷᠭ᠎ᠠ ᠬᠡᠮᠵᠢᠶ᠎ᠡ ᠮᠦᠨ᠃ ᠨᠠᠰᠤᠨ ᠲᠤᠷᠰᠢ ᠶᠢᠨ ᠠᠵᠢᠯ ᠮᠡᠷᠭᠡᠵᠢᠯ ᠤᠨᠤᠷ᠎ᠠ ᠴᠢᠳᠠᠪᠤᠷᠢ ᠶᠢᠨ | ᠪᠤᠯᠪᠠᠰᠤᠷᠠᠭᠤᠯᠤᠯ ᠤᠨ ᠲᠦᠷᠢᠮ ᠢ ᠬᠡᠷᠡᠭᠵᠢᠬᠦᠯᠬᠦ ᠨᠢ ᠠᠷᠠᠳ ᠨᠡᠶᠢᠲᠡ ᠪᠠᠷ ᠢᠶᠠᠨ ᠦᠢᠯᠡᠰ ᠴᠤᠭᠴᠠᠯᠠᠨᠰᠢᠨᠡ ᠶᠢ | ᠡᠬᠦᠳᠬᠦ ᠶᠢ ᠠᠬᠢᠭᠤᠯᠬᠤ᠂ ᠦᠢᠯᠡᠳᠬᠦ ᠦᠢᠯᠡᠰ ᠤᠨ ᠬᠦᠴᠦᠷᠭᠡᠭ ᠤᠯᠤᠰ ᠤᠨ ᠪᠦᠲᠦᠭᠡᠨ ᠪᠠᠶᠢᠭᠤᠯᠤᠯᠲᠠ | ᠵᠢᠠᠬᠢᠭᠤᠯᠬᠤ᠂ ᠪᠦᠬᠦ ᠡᠯᠧᠮᠧᠨ᠋ᠲ ᠤᠨ ᠦᠢᠯᠡᠳᠪᠤᠷᠢᠯᠡᠯ ᠤᠨ ᠨᠤᠷᠮ᠎ᠠ ᠶᠢ ᠲᠡᠭᠡᠭᠰᠢᠯᠡᠬᠦᠯᠬᠦ᠂ ᠠᠵᠤ ᠠᠬᠤᠢ ᠶᠢᠨ | ᠲᠤᠮᠳᠠ ᠲᠡᠭᠡᠳᠤᠲ᠋ᠡᠰ ᠲᠡᠶᠢᠰᠢ ᠬᠦᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ | | ︽ᠨᠠᠰᠤᠨ ᠲᠤᠷᠰᠢ︾ ᠭᠡᠳᠡᠭ ᠨᠢ ᠶᠠᠮᠠᠷ ᠤᠬᠠᠭᠳᠠᠬᠤᠨ ᠪᠤᠢ︖ ᠲᠤᠰ ᠤᠳᠠᠭᠠᠨ ᠤ ᠲᠦᠷᠦ ᠶᠢᠨ | ᠪᠤᠳᠤᠯᠭ᠎ᠠ ᠳᠤ ᠶᠠᠮᠠᠷ ᠶᠠᠮᠠᠷ ᠰᠢᠨ᠎ᠡ ᠬᠤᠪᠢᠷᠠᠯᠲᠠ ᠲᠠᠢ ᠪᠤᠢ︖ ᠡᠨᠡ ᠲᠤᠬᠠᠢ ᠰᠤᠷᠪᠤᠯᠵᠢᠯᠠᠭᠴᠢ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠭᠠᠯᠲᠠᠨ ᠢ | ᠰᠤᠷᠪᠤᠯᠵᠢᠯᠠᠪᠠ᠃ | ᠲᠦᠷᠪᠡᠨ ᠶᠡᠭᠡ ᠠᠷᠭ᠎ᠠ ᠬᠡᠮᠵᠢᠶ᠎ᠡ ᠠᠪᠴᠦ ︽ᠨᠠᠰᠤᠨ ᠲᠤᠷᠰᠢ︾ ᠶᠢᠨ ᠲᠦᠷᠢᠮ ᠤᠨ ᠤᠨᠴᠠᠯᠢᠭᠳᠤ | ᠬᠦᠭᠵᠢᠯᠲᠡ ᠶᠢ ᠠᠬᠢᠭᠤᠯᠤᠨ᠎ᠠ | 2012 ᠤᠨ ᠠᠴᠠ 2017 ᠤᠨ ᠪᠤᠯᠳᠠᠯ᠎ᠠ᠂ ᠪᠦᠬᠦ ᠤᠯᠤᠰ ᠲᠤ ᠵᠠᠰᠠᠭ ᠤᠨ ᠤᠷᠳᠤᠨ ᠠᠴᠠ | ᠨᠦᠬᠦᠪᠤᠷᠢ ᠦᠭᠬᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠢ ᠨᠡᠶᠢᠲᠡ 1.14 | ᠳ᠋ᠦᠡᠭᠰᠢᠭᠤᠷ ᠬᠦᠮᠦᠨ ᠤᠳᠠᠭ᠎ᠠ ᠦᠷᠨᠢᠬᠦᠯᠵᠠᠢ᠂ 2017 ᠤᠨ ᠤ ᠡᠴᠦᠰ ᠪᠤᠯᠳᠠᠯ᠎ᠠ᠂ ᠪᠦᠬᠦ ᠤᠯᠤᠰ ᠲᠤ ᠡᠯ᠎ᠡ | ᠲᠦᠷᠦᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠤᠨ ᠪᠠᠶᠢᠭᠤᠯᠤᠮᠵᠢ 2 ᠲᠦᠮᠡ | ᠢᠯᠡᠬᠦᠦ ᠪᠤᠯᠵᠤ᠂ ᠪᠦᠬᠦ ᠤᠯᠤᠰ ᠤᠨ ᠤᠷ᠎ᠠ ᠴᠢᠳᠠᠪᠤᠷᠢᠳᠤ ᠬᠦᠳᠡᠯᠮᠦᠷᠢᠴᠢᠨ 1.65 ᠳ᠋ᠦᠡᠭᠰᠢᠭᠤᠷ ᠪᠤᠯᠵᠤ᠂ | ᠡᠬᠦᠨ ᠤ ᠲᠤᠳᠤᠷ᠎ᠠ ᠲᠡᠭᠡᠳᠤ ᠤᠷ᠎ᠠ ᠴᠢᠳᠠᠪᠤᠷᠢᠳᠤ ᠴᠢᠳᠠᠪᠤᠷᠢᠲᠠᠨ 4791ᠲᠦᠮᠡ ᠬᠦᠷᠴᠠᠢ᠃ ᠬᠡᠪᠡᠴᠦ ᠤᠳᠤᠬᠠᠨ | ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠤᠨ ᠠᠵᠢᠯ ᠳᠤ ᠬᠠᠮᠤᠷᠬᠤ ᠬᠡᠪᠴᠢᠶ᠎ᠡ ᠨᠢ | ᠢᠪᠴᠤᠤ᠂ ᠪᠤᠯᠪᠠᠰᠤᠷᠠᠭᠤᠯᠤᠯ ᠤᠨ ᠴᠢᠨᠠᠷ ᠴᠢᠨᠰᠠᠭ᠎ᠠ ᠨᠢ ᠪᠠᠷᠤᠭᠲᠠᠢ᠂ ᠬᠠᠨᠭ᠍ᠭᠠᠯᠭ᠎ᠠ ᠶᠢᠨ ᠴᠢᠳᠠᠪᠤᠷᠢ ᠨᠢ | ᠲᠤᠳᠠᠮᠠᠭ ᠵᠡᠷᠭᠡ ᠠᠰᠠᠭᠤᠳᠠᠯ ᠤᠷᠤᠰᠢᠵᠤ ᠪᠠᠶᠢᠨ᠎ᠠ᠃ ᠨᠠᠰᠤᠨ ᠲᠤᠷᠰᠢ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠤᠯᠪᠠᠰᠤᠷᠠᠭᠤᠯᠤᠯ ᠤᠨ ᠲᠦᠷᠢᠮ ᠢ ᠬᠡᠷᠡᠭᠵᠢᠬᠦᠯᠬᠦ ᠪᠤᠯ ᠠᠵᠢᠯ ᠮᠡᠷᠭᠡᠵᠢᠯ ᠤᠨ ᠤᠷ᠎ᠠ ᠴᠢᠳᠠᠪᠤᠷᠢ | ᠶᠢᠨ ᠪᠤᠯᠪᠠᠰᠤᠷᠠᠭᠤᠯᠤᠯ ᠤᠨᠦᠭᠡᠷᠡᠴᠢᠯᠡᠯᠲᠡ ᠶᠢᠨ ᠠᠵᠢᠯ ᠤᠨ ᠲᠤᠯᠭᠠᠮ᠎ᠠ ᠱᠠᠭᠠᠷᠳᠠᠯᠭ᠎ᠠ ᠪᠤᠯᠬᠤ ᠪᠠᠷ ᠪᠠᠷᠠᠬᠤ | ᠦᠭᠡᠢ ᠮᠡᠳᠡᠯᠭᠡ ᠶᠢᠨ ᠬᠡᠯᠪᠡᠷᠢ᠂ ᠤᠷ᠎ᠠ ᠮᠡᠷᠭᠡᠵᠢᠯ ᠤᠨ ᠬᠡᠯᠪᠡᠷᠢ᠂ ᠰᠢᠨ᠎ᠡ ᠶᠢ ᠡᠬᠦᠳᠬᠦ ᠬᠡᠯᠪᠡᠷᠢ ᠶᠢᠨ | ᠬᠦᠳᠡᠯᠮᠦᠷᠢᠴᠢᠳ ᠤᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠳᠤ ᠠᠰᠢᠭᠲᠠᠢ ᠶᠤᠮ᠃ | ᠲᠤᠰ ︽ᠰᠠᠨᠠᠯ︾ ᠤᠨ ᠨᠢᠭᠡ ᠲᠤᠪᠤᠶᠢᠮ᠎ᠠ ᠤᠨᠴᠠᠯᠢᠭ ᠪᠤᠯ ︽ᠨᠠᠰᠤᠨ ᠲᠤᠷᠰᠢ︾᠂ ᠡᠨᠡ ᠬᠤᠶᠠᠷ ᠦᠭᠡ | ᠶᠢᠨ ᠰᠠᠨᠠᠭ᠎ᠠ ᠨᠢ ᠶᠠᠭᠤ ᠪᠤᠢ︖ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠢᠶ᠎ᠠ | ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ︽ᠨᠠᠰᠤᠨ ᠲᠤᠷᠰᠢ︾ ᠭᠡᠳᠡᠭ ᠨᠢ ᠭᠤᠤᠯᠳᠠᠭᠤ | ᠲᠤᠤᠷᠠᠬᠢ ᠮᠡᠳᠤ ᠲᠦᠷᠪᠡᠨᠲ᠋ᠠᠯᠠ ᠪᠠᠷ ᠢᠯᠡᠷᠡᠵᠤ ᠪᠠᠶᠢᠨ᠎ᠠ᠄ | ᠨᠢᠭᠡ ᠳᠤ ᠪᠤᠯᠪᠠᠰᠤᠷᠠᠭᠤᠯᠤᠯ ᠨᠢ ᠪᠦᠬᠦ ᠬᠦᠳᠡᠯᠮᠦᠷᠢᠴᠢᠳ ᠢ ᠬᠠᠮᠤᠷᠤᠨ᠎ᠠ᠂ ᠬᠤᠲᠠ ᠶᠢᠨ | ᠬᠦᠳᠡᠯᠮᠦᠷᠢᠴᠢᠨ ᠢ ᠪᠠᠭᠲᠠᠭᠠᠬᠤ ᠮᠦᠷᠲᠡᠭᠡᠨ ᠬᠦᠳᠡᠭᠡ ᠲᠤᠰᠬᠤᠨ ᠤ ᠬᠦᠳᠡᠯᠮᠦᠷᠢᠴᠢᠨ ᠢ ᠴᠦ ᠪᠠᠭᠲᠠᠭᠠᠨ᠎ᠠ᠂ ᠠᠵᠢᠯ | ᠤᠯᠤᠭᠰᠠᠳ ᠢ ᠪᠠᠭᠲᠠᠭᠠᠬᠤ ᠮᠦᠷᠲᠡᠭᠡᠨ ᠠᠵᠢᠯ ᠤᠯᠬᠤ ᠪᠠᠷ ᠪᠡᠯᠡᠳᠭᠡᠵᠤ ᠪᠠᠶᠢᠭ᠎ᠠ ᠬᠦᠮᠦᠰ ᠢ ᠴᠦ ᠪᠠᠭᠲᠠᠭᠠᠨ᠎ᠠ᠃ | | ᠬᠤᠶᠠᠷ ᠲᠤ ᠪᠤᠯᠪᠠᠰᠤᠷᠠᠭᠤᠯᠤᠯ ᠤᠨ ᠨᠦᠬᠦᠪᠤᠷᠢ ᠨᠢ ᠬᠦᠳᠡᠯᠮᠦᠷᠢᠴᠢᠳ ᠤᠨ ᠬᠦᠳᠡᠯᠮᠦᠷᠢ ᠶᠢᠨ | ᠪᠡᠯᠡᠳᠭᠡᠯ ᠡᠴᠡᠠᠪᠤᠭᠠᠳ ᠠᠵᠢᠯ ᠤᠯᠵᠤ ᠦᠢᠯᠡᠰ ᠴᠤᠭᠴᠠᠯᠠᠬᠤ ᠨᠠᠰᠤᠨ ᠲᠤᠷᠰᠢ ᠶᠢᠨ ᠠᠵᠢᠯᠯᠠᠬᠤ ᠴᠠᠭ ᠢ | ᠬᠠᠮᠤᠷᠬᠤ ᠪᠦᠭᠡᠳ ᠰᠤᠷᠤᠯᠴᠠᠯᠭ᠎ᠠ ᠪᠠ ᠠᠵᠢᠯ ᠮᠡᠷᠭᠡᠵᠢᠯ ᠤᠨ ᠪᠦᠬᠦ ᠶᠠᠪᠤᠴᠠ ᠳᠤ ᠲᠤᠤᠱᠯᠠᠭᠳᠠᠵᠤ᠂ | ᠬᠦᠳᠡᠯᠮᠦᠷᠢᠴᠢᠨ ᠨᠢᠭᠡᠪᠤᠷᠢ ᠳᠤ ᠵᠠᠰᠠᠭ ᠤᠨ ᠤᠷᠳᠤᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠤᠯᠪᠠᠰᠤᠷᠠᠭᠤᠯᠤᠯ ᠤᠨ ᠨᠦᠬᠦᠪᠤᠷᠢ ᠬᠦᠷᠲᠡᠬᠦ ᠵᠠᠪᠰᠢᠶᠠᠨ ᠤᠯᠭᠤᠨ᠎ᠠ᠃ ᠲᠤᠰ ᠬᠠᠷᠢᠭᠤᠴᠠᠯᠭᠠᠲᠠᠨ ᠤ ᠬᠡᠯᠡᠬᠦ | ᠪᠠᠷ᠄ ︽ᠡᠨᠡ ᠪᠤᠯ ᠨᠠᠰᠤᠨ ᠲᠤᠷᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ | ᠵᠢᠨᠪᠤᠯᠪᠠᠰᠤᠷᠠᠭᠤᠯᠤᠯ ᠤᠨ ᠲᠦᠷᠢᠮ ᠤᠨ ᠭᠤᠤᠯ ᠴᠦᠮ᠎ᠡ ᠮᠦᠨ︾᠃ | ᠭᠤᠷᠪᠠ ᠳᠤ ᠬᠦᠳᠡᠯᠮᠦᠷᠢᠴᠢᠳ ᠤᠨ ᠪᠤᠯᠪᠠᠰᠤᠷᠠᠭᠤᠯᠤᠯ ᠳᠤ ᠤᠷᠤᠯᠴᠠᠵᠤ ᠠᠵᠢᠯ ᠤᠯᠬᠤ ᠪᠦᠬᠦ ᠶᠠᠪᠤᠴᠠ ᠳᠤ | ᠤᠷ᠎ᠠ ᠴᠢᠳᠠᠪᠤᠷᠢ ᠶᠢ ᠦᠨᠡᠯᠡᠵᠤ ᠤᠷᠮᠠᠰᠢᠭᠤᠯᠬᠤ ᠠᠵᠢᠯᠯᠠᠭ᠎ᠠ ᠦᠷᠨᠢᠬᠦᠯᠦᠨ᠂ ᠤᠷ᠎ᠠ ᠴᠢᠳᠠᠪᠤᠷᠢᠲᠤ | ᠴᠢᠳᠠᠪᠤᠷᠢᠲᠠᠨ ᠤ ᠤᠯᠠᠨ ᠡᠰᠢᠳᠤ ᠦᠨᠡᠯᠡᠬᠦ ᠲᠤᠭᠲᠠᠴᠠ᠂ ᠤᠷ᠎ᠠ ᠴᠢᠳᠠᠪᠤᠷᠢ ᠶᠢᠨ ᠲᠡᠭᠡᠭᠰᠢᠯᠡᠯᠲᠡ ᠶᠢᠨ ᠤᠯᠠᠨ | ᠠᠷᠭ᠎ᠠ ᠵᠠᠮᠳᠤ ᠤᠷᠮᠠᠰᠢᠭᠤᠯᠬᠤ ᠲᠤᠭᠲᠠᠴᠠ ᠪᠠᠶᠢᠭᠤᠯᠵᠤ᠂ ᠪᠤᠯᠪᠠᠰᠤᠷᠠᠭᠤᠯᠤᠯ᠂ ᠠᠵᠢᠯ ᠤᠯᠭᠤᠯᠲᠠ᠂ | ᠦᠨᠡᠯᠡᠯᠲᠡ᠂ ᠬᠡᠷᠡᠭᠯᠡᠯᠲᠡ ᠶᠢ ᠤᠷᠭᠠᠨᠢᠭ ᠢᠶᠠᠷ ᠤᠶᠠᠯᠳᠤᠭᠤᠯᠤᠨ᠎ᠠ᠃ | ᠲᠦᠷᠪᠡ ᠳᠤ ᠪᠦᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠨᠭ᠍ᠭᠠᠵᠤ᠂ ᠤᠯᠠᠨ ᠨᠡᠶᠢᠲᠡ ᠶᠢᠨ | ᠪᠤᠳᠠᠳᠤ ᠪᠤᠯᠪᠠᠰᠤᠷᠠᠭᠤᠯᠤᠯ ᠤᠨ ᠪᠠᠶᠢᠭᠤᠯᠤᠮᠵᠢ᠂ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ᠂ | ᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ ᠪᠠᠶᠢᠭᠤᠯᠤᠮᠵᠢ ᠪᠠ ᠠᠵᠢᠯ ᠲᠦᠷᠦᠯ ᠤᠨ ᠠᠵᠤ ᠠᠬᠤᠢᠢᠯᠠᠯ ᠢᠶᠠᠷ | ᠭᠤᠤᠯ ᠠᠴᠢᠶᠠᠯᠠᠭᠴᠢ ᠪᠤᠯᠭᠠᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠤᠨ ᠪᠦᠬᠦ | ᠲᠠᠯ᠎ᠠ ᠶᠢᠨ ᠦᠢᠯᠡᠴᠢᠯᠡᠭᠡ ᠬᠠᠨᠭ᠍ᠭᠠᠨ᠎ᠠ᠃ |