ᠪᠦᠬᠡ ᠨᠦᠬᠦᠷ ᠤᠨ ᠮᠠᠨ ᠤ ᠤᠯᠤᠰ ᠤᠨ ᠦᠨᠳᠦᠰᠦᠳᠡᠨ ᠤ ᠠᠵᠢᠯ ᠳᠤ ᠦᠵᠡᠬᠦᠯᠥᠭᠰᠡᠡ ᠭᠠᠷᠮᠠᠭᠠᠢ ᠬᠤᠪᠢ ᠨᠡᠮᠡᠷᠢ
ᠨᠡᠶᠢᠲᠡᠯᠡᠭᠰᠡᠨ ᠴᠠᠭ᠄
2018-05-14
ᠵᠣᠬᠢᠶᠠᠭᠴᠢ᠄ ᠹᠦ᠋ ᠯᠠᠢ ᠸᠠᠩ      — ᠪᠦᠬᠡ ᠨᠦᠬᠦᠷ ᠤᠨ ᠨᠠᠰᠤ ᠪᠠᠷᠠᠭᠰᠠᠠ ᠨᠢᠬᠡ ᠵᠢᠯ ᠤᠨ ᠤᠢ ᠶᠢ ᠲᠤᠷᠠᠰᠬᠠᠬᠤ ᠨᠢ      ᠲᠤᠮᠳᠠᠳᠤ ᠤᠯᠤᠰ ᠤᠨ ᠡᠪ ᠬᠠᠮᠳᠤ ᠨᠠᠮ ᠤᠨ ᠰᠢᠯᠢᠳᠡᠭ ᠬᠡᠰᠢᠬᠦᠨ᠂ ᠤᠷᠳᠤ ᠤᠳᠠᠭᠠᠨ ᠬᠤᠭᠤᠴᠠᠭᠠᠨ ᠤ ᠰᠢᠯᠭᠠᠯᠳᠡ ᠶᠢ ᠲᠤᠭᠤᠯᠤᠭᠰᠠᠠ ᠡᠪ ᠬᠠᠮᠳᠤ ᠶᠤᠰᠤᠨ ᠤ ᠪᠠᠶᠢᠯᠳᠤᠭᠴᠢ᠂ ᠦᠬᠡᠶᠢᠬᠦᠤ ᠠᠩᠬᠢ ᠶᠢᠨ ᠬᠤᠪᠢᠰᠬᠠᠯᠴᠢ᠂ ᠦᠨᠳᠦᠰᠦᠳᠡᠨ ᠤ ᠠᠵᠢᠯ ᠤᠨ ᠭᠠᠷᠮᠠᠭᠠᠢ ᠤᠳᠤᠷᠢᠳᠬᠤ ᠬᠦᠮᠥᠨ ᠪᠦᠬᠡ ᠨᠦᠬᠦᠷ ᠪᠢᠳᠡᠨ ᠠᠴᠠ ᠰᠠᠯᠤᠭᠠᠳ ᠵᠢᠯ ᠰᠢᠬᠠᠮ ᠪᠤᠯᠤᠯ᠎ᠠ᠂ ᠡᠨᠡ ᠬᠦᠮᠥᠨ ᠬᠠᠯᠢᠭᠰᠠᠠ ᠪᠤᠯᠪᠠᠴᠦ ᠡᠨᠡᠷᠢᠩᠬᠦᠢ ᠲᠦᠷᠢ ᠨᠢ ᠲᠤᠳᠤᠬᠠᠨ᠂ ᠬᠡᠪ ᠰᠤᠷᠳᠠᠯ ᠨᠢ ᠦᠨᠢᠳᠡ ᠤᠷᠤᠰᠢᠵᠤ ᠬᠤᠶᠢᠴᠢ ᠶᠢᠨ ᠬᠦᠮᠥᠰ ᠢ ᠤᠬᠠᠭᠠᠷᠠᠭᠤᠯᠤᠨ᠎ᠠ᠃      ᠵᠤᠬᠢᠶᠠᠭᠴᠢ ᠬᠢᠬᠡᠤᠨ ᠪᠦᠬᠡ ᠨᠦᠬᠦᠷ ᠤᠯᠠᠭᠠᠨᠬᠦᠦ ᠶᠢᠨ ᠲᠤᠷᠠᠰᠬᠠᠯ ᠤᠨ ᠤᠷᠳᠤᠨ ᠳᠤ      ᠪᠦᠬᠡ ᠨᠦᠬᠦᠷ ᠪᠤᠯ ᠪᠢᠳᠡᠨ ᠤ ᠬᠦᠨᠳᠦᠳᠬᠡᠯ ᠲᠠᠢ ᠤᠳᠤᠷᠢᠳᠤᠯᠭ᠎ᠠ ᠪᠠ ᠰᠠᠶᠢᠨ ᠪᠠᠭᠰᠢ ᠶᠤᠮ᠃ ᠲᠡᠬᠡᠷ᠎ᠡ ᠵᠠᠭᠤᠨ ᠤ ᠨᠠᠶᠠᠭᠠᠳ ᠤᠨ ᠳᠤ᠂ ᠲᠡᠷᠡ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠶᠢᠨ ᠲᠤᠰᠢᠶᠠᠯ ᠢ ᠡᠬᠦᠷᠬᠡᠯᠡᠵᠥ ᠪᠠᠶᠢᠬᠤ ᠦᠶ᠎ᠡ ᠳᠤ᠂ ᠪᠢ ᠲᠦᠮᠡᠳ ᠵᠡᠬᠦᠨ ᠬᠤᠰᠢᠭᠤᠨ ᠤ ᠨᠠᠮ ᠤᠨ ᠬᠤᠷᠢᠶ᠎ᠡ ᠳᠤ ᠠᠵᠢᠯᠯᠠᠵᠥ ᠪᠠᠶᠢᠵᠠᠢ᠂ ᠠᠵᠢᠯ ᠤᠨ ᠬᠠᠷᠠᠭ᠎ᠠ ᠠᠴᠠ ᠪᠤᠯᠵᠥ ᠲᠡᠭᠦᠨ ᠲᠠᠢ ᠲᠠᠨᠢᠯᠴᠠᠵᠤ᠂ ᠠᠬᠠᠮᠠᠳ ᠬᠡᠮᠡᠨ ᠬᠦᠨᠳᠦᠳᠬᠡᠬᠦ ᠪᠤᠯᠪᠠ᠃ 1999 ᠤᠨ ᠳᠤ ᠪᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠳᠤ ᠠᠵᠢᠯᠯᠠᠭᠰᠠᠠ ᠤ ᠲᠠᠷᠠᠭ᠎ᠠ᠂ ᠲᠤᠬᠠᠢ ᠶᠢᠨ ᠦᠶ᠎ᠡ ᠳᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠬᠤᠷᠢᠶᠠᠨ ᠲᠠᠷᠤᠭ᠎ᠠ ᠪᠠᠶᠢᠭᠰᠠᠠ ᠪᠦᠬᠡ ᠨᠦᠬᠦᠷ ᠤᠨ ᠰᠤᠷᠭᠠᠯ ᠢ ᠪᠠᠶᠢᠩᠭᠤ ᠰᠤᠨᠤᠰᠴᠦ ᠪᠠᠶᠢᠭᠰᠠᠠ ᠶᠤᠮ᠃ ᠪᠦᠬᠡ ᠨᠦᠬᠦᠷ ᠤᠳᠤᠷᠢᠳᠬᠤ ᠪᠠᠶᠢᠷᠢ ᠠᠴᠠ ᠪᠠᠨ ᠪᠠᠭᠤᠵᠥ ᠦᠪᠤᠷ ᠮᠤᠩᠭᠤᠯ ᠳᠤ ᠢᠷᠡᠵᠥ ᠰᠢᠨᠵᠢᠯᠡᠨ ᠪᠠᠶᠢᠴᠠᠭᠠᠵᠥ ᠲᠤᠭᠤᠷᠢᠨ ᠦᠵᠡᠬᠦ ᠦᠶ᠎ᠡ ᠳᠤ᠂ ᠪᠢ ᠤᠯᠠᠨ ᠤᠳᠠᠭ᠎ᠠ ᠪᠠᠷ᠎ᠠ ᠪᠤᠯᠵᠥ ᠤᠴᠢᠷᠳᠠᠢ ᠰᠠᠶᠢᠬᠠᠨ ᠵᠤᠭᠤᠭᠳᠠᠵᠥ᠂ ᠮᠠᠰᠢ ᠰᠠᠶᠢᠨ ᠬᠦᠮᠥᠵᠢᠯ ᠬᠦᠷᠳᠡᠪᠡ᠃ ᠡᠨᠡ ᠨᠢ ᠪᠢᠳᠡᠨ ᠤ ᠬᠠᠮᠤᠭ ᠰᠡᠬᠦᠯᠴᠢ ᠶᠢᠨ ᠠᠭᠤᠯᠵᠠᠯᠳᠡ ᠬᠡᠳᠡᠭ ᠢ ᠶᠠᠭ ᠪᠤᠳᠤᠵᠥ ᠤᠯᠤᠭᠰᠠᠠ ᠦᠭᠡᠢ᠂ ᠪᠦᠬᠡ ᠨᠦᠬᠦᠷ 2017 ᠤᠨ ᠤ 5 ᠰᠠᠷ᠎ᠠ ᠶᠢᠨ 5 ᠤ ᠡᠳᠤᠷ ᠪᠡᠭᠡᠵᠢᠩ ᠳᠤ ᠨᠠᠰᠤ ᠪᠠᠷᠠᠪᠠ᠃      ᠪᠦᠬᠡ ᠨᠦᠬᠦᠷ ᠤᠨ ᠨᠢᠬᠡ ᠨᠠᠰᠤ ᠪᠤᠯ ᠬᠤᠪᠢᠰᠬᠠᠯ ᠤᠨ ᠨᠢᠬᠡ ᠨᠠᠰᠤ᠂ ᠬᠡᠷᠡᠯ ᠰᠠᠴᠤᠷᠠᠩᠭᠤᠢ ᠨᠢᠬᠡ ᠨᠠᠰᠤ ᠮᠥᠨ᠂ ᠲᠠᠯᠠ ᠭᠠᠷᠤᠢ ᠵᠢᠯ ᠬᠤᠪᠢᠰᠬᠠᠯ ᠬᠢᠵᠤ ᠶᠠᠪᠤᠬᠤ ᠳᠠᠭᠠᠨ᠂ ᠲᠡᠷᠡᠪᠡᠷ ᠦᠨᠡᠨ ᠶᠤᠰᠤ ᠶᠢ ᠴᠦᠬᠦᠷᠡᠯ ᠦᠭᠡᠢ ᠬᠦᠬᠡᠬᠡᠴᠡᠯᠳᠤᠵᠥ᠂ ᠡᠪ ᠬᠠᠮᠳᠤ ᠶᠤᠰᠤᠨ ᠤ ᠬᠦᠰᠡᠯᠡᠩ ᠢ ᠪᠠᠳᠤ ᠪᠤᠢ ᠪᠤᠯᠭᠠᠵᠥ᠂ ᠨᠠᠮ ᠪᠤᠯᠤᠨ ᠠᠷᠠᠳ ᠲᠦᠮᠡᠨ ᠳᠤ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠵᠥ᠂ ᠦᠵᠡᠯ ᠰᠠᠨᠠᠭ᠎ᠠ᠂ ᠤᠯᠤᠰ ᠲᠦᠷᠦ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠬᠳᠠ ᠨᠠᠮ ᠤᠨ ᠲᠦᠪ ᠬᠤᠷᠢᠶ᠎ᠡ ᠲᠠᠢ ᠲᠡᠬᠡᠳᠤ ᠬᠡᠮᠵᠢᠶ᠎ᠡ ᠪᠠᠷ ᠨᠢᠬᠡᠳᠤᠯᠳᠡᠢ ᠪᠠᠶᠢᠵᠥ᠂ ᠲᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠳᠠ ᠪᠤᠯᠤᠨ ᠦᠭᠡᠷᠡᠴᠢᠯᠡᠯᠳᠡ ᠶᠢᠨ ᠦᠢᠯᠡᠰ ᠲᠤ ᠨᠢᠬᠡ ᠨᠠᠰᠤᠨ ᠤ ᠤᠶᠤᠨ ᠤᠬᠠᠭᠠᠨ ᠬᠦᠴᠦᠨ ᠴᠢᠳᠡᠯ ᠢᠶᠠᠨ ᠵᠤᠷᠢᠭᠤᠯᠪᠡ᠃      ᠨᠢᠬᠡ᠂ ᠨᠠᠮ ᠤᠨ ᠦᠨᠳᠦᠰᠦᠳᠡᠨ ᠤ ᠤᠨᠤᠯ ᠪᠤᠯᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠴᠦᠬᠦᠷᠡᠰᠢ ᠦᠭᠡᠢ ᠪᠠᠷᠢᠮᠳᠠᠯᠠᠪᠠ      ᠪᠦᠬᠡ ᠨᠦᠬᠦᠷ ᠪᠤᠯ ᠠᠬᠠᠮᠠᠳ ᠨᠢᠬᠡ ᠦᠶ᠎ᠡ ᠶᠢᠨ ᠦᠬᠡᠶᠢᠬᠦᠤ ᠠᠩᠬᠢ ᠶᠢᠨ ᠬᠤᠪᠢᠰᠬᠠᠯᠴᠢ ᠤᠯᠠᠭᠠᠨᠬᠦᠤ ᠶᠢᠨ ᠤᠤᠭᠠᠨ ᠬᠦᠪᠡᠬᠦᠨ ᠨᠢ ᠶᠤᠮ᠂ 1926 ᠤᠨ ᠤ 3 ᠰᠠᠷ᠎ᠠ ᠳᠤ ᠦᠪᠤᠷ ᠮᠤᠩᠭᠤᠯ ᠤᠨ ᠲᠦᠮᠡᠳ ᠵᠡᠬᠦᠨ ᠬᠤᠰᠢᠭᠤᠨ ᠤ ᠲᠠᠪᠤᠨᠰᠠᠶᠢᠨ ᠲᠤᠰᠬᠤᠨ ᠳᠤ ᠲᠦᠷᠦᠪᠡ᠃ ᠲᠤᠰᠬᠤᠨ ᠤ ᠨᠡᠷ᠎ᠡ ᠨᠢ ᠴᠢᠩ ᠤᠯᠤᠰ ᠤᠨ ᠡᠬᠢᠨ ᠤ ᠦᠶ᠎ᠡ ᠳᠤ ᠠᠳᠡ ᠰᠠᠭᠤᠷᠢᠰᠢᠵᠥ ᠪᠠᠶᠢᠭᠰᠠᠠ ᠪᠦᠬᠡ ᠨᠦᠬᠦᠷ ᠤᠨ ᠲᠡᠬᠡᠳᠤᠰ ᠪᠤᠯᠤᠨ ︽ᠪᠠᠷᠠᠭᠤᠨᠰᠢ ᠬᠡᠰᠦᠵᠥ︾ ᠪᠠᠶᠢᠭᠠᠳ ᠠᠳᠡ ᠰᠠᠭᠤᠷᠢᠰᠢᠭᠰᠠᠠ ᠲᠦᠷᠪᠡᠨ ᠬᠢᠳᠠᠳ ᠡᠷᠦᠬᠡ ᠨᠡᠶᠢᠯᠡᠬᠡᠳ ︽ᠲᠠᠪᠤᠨ︾ ᠡᠷᠦᠬᠡ ᠪᠠᠶᠢᠭᠰᠠᠠ ᠠᠴᠠ ᠢᠷᠡᠯᠳᠡ ᠲᠠᠢ ᠶᠤᠮ᠃ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠠ ᠤ ᠲᠠᠷᠠᠭ᠎ᠠ᠂ ᠲᠤᠰ ᠲᠤᠰᠬᠤᠨ ᠬᠡᠳᠤᠨ ᠵᠠᠭᠤᠨ ᠡᠷᠦᠬᠡ ᠪᠤᠯᠤᠨ ᠬᠦᠭᠵᠢᠵᠥ᠂ ᠮᠤᠩᠭᠤᠯ ᠬᠢᠳᠠᠳ ᠦᠨᠳᠦᠰᠦᠳᠡᠨ ᠪᠦᠯᠬᠦᠮᠳᠡᠨ ᠬᠠᠮᠵᠢᠯᠴᠠᠵᠥ᠂ ᠮᠠᠰᠢ ᠨᠦᠬᠦᠷᠰᠡᠭ ᠬᠠᠷᠢᠴᠠᠭ᠎ᠠ  ᠲᠠᠢ ᠪᠤᠯᠤᠭᠰᠠᠠ ᠪᠠᠶᠢᠨ᠎ᠠ᠃ 1965 ᠤᠨ ᠳᠤ᠂ ᠲᠤᠬᠠᠢ ᠶᠢᠨ ᠦᠶ᠎ᠡ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠠᠶᠢᠭᠰᠠᠠ ᠤᠯᠠᠭᠠᠨᠬᠦᠤ ᠶᠢᠨ ᠲᠤᠷᠠᠳᠤᠯᠭ᠎ᠠ ᠶᠢ ᠦᠨᠳᠦᠰᠦᠯᠡᠨ᠂ ᠲᠤᠰᠬᠤᠨ ᠤ ᠨᠡᠷ᠎ᠡ ᠶᠢ ︽ᠲᠠᠪᠤᠨᠰᠠᠶᠢᠨ︾ ᠬᠡᠮᠡᠨ ᠦᠭᠡᠷᠡᠴᠢᠯᠡᠵᠥ᠂ ᠦᠨᠳᠦᠰᠦᠳᠡᠨ ᠤ ᠪᠦᠯᠬᠦᠮᠳᠡᠯ ᠤᠨ ︽ᠲᠠᠪᠤᠨ ᠰᠠᠶᠢᠨ︾ ᠤ ᠰᠢᠨ᠎ᠡ ᠰᠠᠨᠠᠭ᠎ᠠ ᠶᠢ ᠤᠷᠤᠭᠤᠯᠤᠭᠰᠠᠠ ᠪᠠᠶᠢᠨ᠎ᠠ᠃      ᠪᠦᠬᠡ ᠨᠦᠬᠦᠷ ᠤᠨ ᠪᠠᠭ᠎ᠠ ᠶᠢᠨ ᠦᠶ᠎ᠡ ᠪᠤᠯ ᠨᠡᠶᠢᠬᠡᠮ ᠤᠨ ᠪᠠᠶᠢᠳᠠᠯ ᠤᠷᠤᠭ᠎ᠠ ᠪᠤᠰᠬᠠᠭ᠎ᠠ ᠴᠠᠭ ᠦᠶ᠎ᠡ ᠪᠤᠯᠤᠨ᠎ᠠ᠂ ᠦᠯᠥᠰᠬᠦᠯᠡᠩ ᠵᠤᠪᠠᠯᠠᠩ ᠲᠠᠪᠬᠤᠴᠠᠵᠥ᠂ ᠠᠷᠠᠳ ᠢᠷᠬᠡᠳ ᠠᠮᠢᠳᠤᠷᠠᠬᠤ ᠶᠢᠨ ᠠᠷᠭ᠎ᠠ ᠦᠭᠡᠢ ᠪᠠᠶᠢᠵᠠᠢ᠃ 1931 ᠤᠨ ᠤ ᠡᠪᠤᠯ ᠤᠨ ᠡᠬᠢ ᠪᠠᠷ᠂ ᠭᠤᠮᠢᠨᠳᠠᠩ ᠤᠨ ᠮᠤᠷᠢᠳᠤ ᠴᠡᠷᠢᠭ ᠲᠠᠪᠤᠨᠰᠠᠶᠢᠨ ᠲᠤᠰᠬᠤᠨ ᠳᠤ ᠬᠦᠷᠴᠦ ᠬᠤᠪᠢᠰᠬᠠᠯ ᠤᠨ ᠨᠢᠭᠤᠴᠠ ᠠᠵᠢᠯ ᠬᠢᠵᠥ ᠪᠠᠶᠢᠭᠰᠠᠠ ᠤᠯᠠᠭᠠᠨᠬᠦᠤ ᠶᠢ ᠨᠠᠩᠵᠢᠨ ᠪᠠᠷᠢᠪᠴᠢᠯᠠᠬᠤ ᠭᠡᠳ ᠪᠦᠬᠡ ᠶᠢ ᠪᠠᠷᠢᠪᠴᠢᠯᠠᠨ ᠤᠯᠠᠭᠠᠨᠬᠦᠤ ᠶᠢᠨ ᠰᠤᠷᠠᠭ ᠢ ᠬᠡᠯᠡᠵᠥ ᠦᠭᠬᠦ ᠦᠭᠡᠢ ᠪᠤᠯ ᠰᠠᠪᠠᠵᠥ ᠠᠯᠠᠨ᠎ᠠ ᠬᠡᠵᠥ ᠰᠦᠷᠳᠡᠬᠦᠯᠪᠡ᠃ ᠡᠨᠡᠬᠦ ᠦᠬᠦᠵᠥ ᠰᠡᠬᠡᠬᠦ ᠶᠢᠨ ᠵᠠᠩᠬᠢᠯᠠᠭ᠎ᠠ ᠶᠢᠨ ᠦᠶ᠎ᠡ ᠳᠤ᠂ ᠵᠡᠷᠬᠡᠯᠡᠳᠡᠭᠡ ᠠᠶᠢᠯ ᠤᠨ ᠨᠢᠬᠡ ᠬᠢᠳᠠᠳ ᠨᠦᠬᠦᠷ ᠪᠦᠬᠡ ᠶᠢ ᠲᠡᠪᠡᠷᠢᠵᠥ ᠠᠪᠤᠭᠠᠳ᠄ ︽ᠡᠨᠡ ᠴᠢᠨᠢ ᠮᠢᠨᠦ ᠬᠦᠤ ᠪᠠᠶᠢᠨ᠎ᠠ︾ ᠬᠡᠵᠥ ᠬᠡᠯᠡᠬᠡᠳ ᠪᠦᠬᠡ ᠶᠢ ᠠᠶᠤᠯ ᠠᠴᠠ ᠵᠠᠶᠢᠯᠠᠭᠤᠯᠤᠭᠰᠠᠠ ᠪᠠᠶᠢᠨ᠎ᠠ᠃ 1939 ᠤᠨ ᠳᠤ᠂ ᠠᠷᠪᠠᠨ ᠭᠤᠷᠪᠠᠭ᠋ᠠᠨ ᠨᠠᠰᠤᠳᠠᠢ ᠪᠠᠶᠢᠭᠰᠠᠠ ᠪᠦᠬᠡ ᠨᠦᠬᠦᠷ ᠠᠶᠤᠯ ᠲᠦᠭᠰᠢᠬᠦᠷᠢ ᠶᠢ ᠲᠤᠭᠤᠯᠤᠨ᠂ ᠬᠤᠪᠢᠰᠬᠠᠯ ᠤᠨ ᠭᠤᠯᠤᠮᠳᠠ ᠶᠠᠨ ᠠᠨ ᠳᠤ ᠬᠦᠷᠪᠡ᠃ ᠤᠷᠢᠳᠡᠪᠡᠷ ᠱᠠᠨᠪᠸᠢ ᠶᠢᠨ ᠨᠡᠶᠢᠳᠡ ᠶᠢᠨ ᠰᠤᠷᠭᠠᠭᠤᠯᠢ ᠶᠢᠨ ᠮᠤᠩᠭᠤᠯ ᠵᠠᠯᠠᠭᠤᠴᠤᠳ ᠤᠨ ᠠᠩᠬᠢ ᠳᠤ ᠰᠤᠷᠤᠯᠴᠠᠵᠥ᠂ 1941 ᠤᠨ ᠤ 9 ᠰᠠᠷ᠎ᠠ ᠳᠤ ᠰᠢᠨ᠎ᠡ ᠪᠠᠷ ᠪᠠᠶᠢᠭᠤᠯᠤᠭᠳᠠᠭᠰᠠᠠ ᠶᠠᠨ ᠠᠨ ᠤ ᠦᠨᠳᠦᠰᠦᠳᠡᠨ ᠤ ᠲᠡᠬᠡᠳᠤ ᠰᠤᠷᠭᠠᠭᠤᠯᠢ ᠳᠤ ᠰᠢᠯᠵᠢᠨ ᠰᠤᠷᠤᠯᠴᠠᠪᠠ᠃ 1942 ᠤᠨ ᠤ 7 ᠰᠠᠷ᠎ᠠ ᠳᠤ᠂ 16 ᠨᠠᠰᠤᠲᠠᠢ ᠪᠦᠬᠡ ᠨᠦᠬᠦᠷ ᠢᠷᠠᠭᠤ ᠠᠯᠳᠠᠷᠲᠠᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠵᠠᠢ᠃ ᠲᠡᠭᠦᠨ ᠤ ᠳᠠᠷᠠᠭ᠎ᠠ᠂ ᠪᠦᠬᠡ ᠨᠦᠬᠦᠷ ᠶᠠᠨ ᠠᠨ ᠶᠡᠭᠡ ᠰᠤᠷᠭᠠᠭᠤᠯᠢ ᠶᠢᠨ ᠦᠨᠳᠦᠰᠦᠲᠡᠨ ᠤ ᠳᠡᠭᠡᠳᠦ ᠰᠤᠷᠭᠠᠭᠤᠯᠢ᠂ ᠳ᠋ᠢᠩᠪᠢᠶᠠᠨ ᠤ ᠰᠠᠨᠪᠢᠶᠠᠨ ᠠᠯᠪᠠᠨ ᠰᠤᠷᠭᠠᠭᠤᠯᠢ ᠶᠢᠨ ᠦᠨᠳᠦᠰᠦᠲᠡᠨ ᠤ ᠳᠡᠭᠡᠳᠦ ᠰᠤᠷᠭᠠᠭᠤᠯᠢ᠂ ᠶᠡᠭᠡ ᠵᠤᠤ ᠠᠶᠢᠮᠠᠬ ᠤᠨ ᠪᠤᠷᠤᠪᠠᠯᠭᠠᠰᠤ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠳᠤ ᠰᠤᠷᠤᠯᠴᠠᠪᠠ᠃      1946 ᠤᠨ ᠤ ᠡᠬᠢ ᠪᠠᠷ᠂ ᠪᠦᠬᠡ ᠨᠦᠬᠦᠷ ᠶᠠᠨ ᠠᠨ ᠠᠴᠠ ᠦᠪᠦᠷ ᠮᠤᠩᠭᠤᠯ ᠳᠠᠭᠠᠨ ᠪᠤᠴᠠᠨ ᠢᠷᠡᠵᠦ ᠠᠵᠢᠯᠯᠠᠵᠤ᠂ ᠦᠷᠨᠢᠨ ᠮᠠᠨᠳᠤᠵᠤ ᠪᠠᠶᠢᠬᠰᠠᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠬᠦᠳᠡᠯᠭᠡᠭᠡᠨ ᠳᠤ ᠤᠷᠤᠯᠴᠠᠵᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠬᠦᠳᠡᠯᠭᠡᠭᠡᠨ ᠤ ᠬᠤᠯᠪᠤᠭᠠᠲᠤ ᠬᠤᠷᠠᠯ ᠤᠨ ᠵᠤᠬᠢᠶᠠᠨ ᠪᠠᠶᠢᠭᠤᠯᠬᠤ ᠬᠡᠯᠲᠡᠰ ᠤᠨ ᠠᠵᠢᠯᠯᠠᠬᠴᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠳᠡᠭᠡᠳᠦ ᠰᠤᠷᠭᠠᠭᠤᠯᠢ ᠶᠢᠨ ᠳᠤᠮᠳᠠᠳᠤ ᠰᠤᠷᠭᠠᠭᠤᠯᠢ ᠶᠢᠨ ᠬᠡᠯᠲᠡᠰ ᠤᠨ ᠳᠡᠳ᠋ ᠡᠷᠬᠢᠯᠡᠭᠴᠢ ᠪᠦᠭᠡᠳ ᠤᠯᠤᠰ ᠲᠦᠷᠦ ᠶᠢᠨ ᠪᠠᠭᠰᠢ᠂ ᠦᠪᠦᠷ ᠮᠤᠩᠭᠤᠯ ᠤᠨ ᠤᠷᠠᠨ ᠰᠠᠶᠢᠬᠠᠨ ᠤ ᠪᠦᠯᠬᠦᠮ ᠤᠨ ᠨᠠᠮ ᠤᠨ ᠡᠭᠦᠷ ᠤᠨ ᠱᠦᠵᠢ᠂ ᠳᠡᠳ᠋ ᠪᠦᠯᠬᠦᠮ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠦᠩᠭᠡᠷᠡᠪᠡ᠃ 1947 ᠤᠨ ᠤ 4 ᠰᠠᠷ᠎ᠠ ᠶᠢᠨ ᠰᠡᠭᠦᠯᠴᠢ ᠪᠠᠷ᠂ ᠪᠦᠬᠡ ᠨᠦᠬᠦᠷ ᠸᠠᠩ ᠤᠨ ᠰᠦᠮ᠎ᠡ ︵ᠤᠳᠤ ᠶᠢᠨ ᠦᠪᠦᠷ ᠮᠤᠩᠭᠤᠯ ᠤᠨ ᠤᠯᠠᠭᠠᠨᠬᠤᠲᠠ︶ ᠳᠤ ᠬᠤᠷᠠᠯᠳᠤᠭᠤᠯᠤᠬᠰᠠᠨ ᠦᠪᠦᠷ ᠮᠤᠩᠭᠤᠯ ᠤᠨ ᠠᠷᠠᠳ ᠤᠨ ᠲᠦᠯᠦᠭᠡᠯᠡᠭᠴᠢᠳ ᠤᠨ ᠬᠤᠷᠠᠯ ᠳᠤ ᠤᠷᠤᠯᠴᠠᠵᠤ᠂ 5 ᠰᠠᠷ᠎ᠠ ᠶᠢᠨ 1 ᠤ ᠡᠳᠦᠷ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠵᠠᠰᠠᠬ ᠤᠨ ᠤᠷᠳᠤᠨ ᠪᠠᠶᠢᠭᠤᠯᠤᠬᠳᠠᠬᠰᠠᠨ ᠢ ᠲᠤᠩᠬᠠᠬᠯᠠᠬᠤ ᠶᠢ ᠪᠡᠶ᠎ᠡ ᠪᠠᠷ ᠢᠶᠠᠨ ᠦᠩᠭᠡᠷᠡᠭᠦᠯᠪᠡ᠃      ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ ᠤ ᠳᠠᠷᠠᠭ᠎ᠠ᠂ ᠪᠦᠬᠡ ᠨᠦᠬᠦᠷ ᠦᠪᠦᠷ ᠮᠤᠩᠭᠤᠯ ᠤᠨ ᠤᠯᠠᠨ ᠠᠵᠢᠯ ᠤᠨ ᠪᠠᠶᠢᠷᠢ ᠳᠤ ᠠᠵᠢᠯᠯᠠᠵᠤ ᠦᠩᠭᠡᠷᠡᠪᠡ᠃ 1983 ᠤᠨ ᠠᠴᠠ 1993 ᠤᠨ ᠪᠤᠯᠲᠠᠯ᠎ᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠬᠰᠠᠨ 10 ᠵᠢᠯ ᠤᠨ ᠬᠤᠭᠤᠷᠤᠨᠳᠤ᠂ ᠲᠡᠷᠡ ᠢᠮᠠᠬᠲᠠ ᠨᠠᠮ ᠤᠨ ᠦᠨᠳᠦᠰᠦᠲᠡᠨ ᠤ ᠤᠨᠤᠯ ᠢ ᠰᠤᠷᠤᠯᠴᠠᠨ ᠤᠬᠠᠭᠤᠯᠬᠤ ᠶᠢ ᠪᠠᠷᠢᠮᠲᠠᠯᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠡᠷᠡ ᠬᠡᠪ ᠢᠶᠠᠷ ᠨᠢ ᠲᠤᠤᠱᠯᠠᠭᠤᠯᠵᠤ᠂ ᠦᠪᠦᠷ ᠮᠤᠩᠭᠤᠯ ᠤᠨ ᠦᠨᠳᠦᠰᠦᠲᠡᠨ ᠤ ᠠᠵᠢᠯ ᠤᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠳᠡ ᠶᠢᠨ ᠠᠵᠢᠯ ᠢ ᠬᠦᠴᠦᠲᠡᠢ ᠠᠬᠢᠭᠤᠯᠪᠠ᠃ 1987 ᠤᠨ ᠳᠤ᠂ ᠪᠦᠬᠡ ᠨᠦᠬᠦᠷ ᠤᠨ ᠡᠷᠬᠢᠯᠡᠨ ᠨᠠᠶᠢᠷᠠᠭᠤᠯᠤᠬᠰᠠᠨ ︽ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠪᠠ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ︾ ᠭᠡᠬᠦ ᠨᠤᠮ ᠬᠡᠪᠯᠡᠭᠳᠡᠵᠦ᠂ ᠦᠪᠦᠷ ᠮᠤᠩᠭᠤᠯ ᠤᠨ ᠶᠡᠭᠡ ᠲᠡᠬᠡᠳᠤ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠬᠴᠢᠳ ᠪᠤᠯᠤᠨ ᠦᠷᠭᠡᠨ ᠤᠯᠠᠨ ᠺᠠᠳ᠋ᠷ ᠤᠯᠠᠨ ᠲᠦᠮᠡᠨ ᠤ ᠦᠨᠳᠦᠰᠦᠲᠡᠨ ᠤ ᠤᠨᠤᠯ ᠢ ᠰᠤᠷᠤᠯᠴᠠᠬᠤ ᠰᠤᠷᠬᠤ ᠪᠢᠴᠢᠭ ᠤᠨ ᠨᠢᠭᠡ ᠪᠤᠯᠵᠤ᠂ ᠪᠦᠬᠦ ᠤᠯᠤᠰ ᠲᠤ ᠪᠠᠰᠠ ᠦᠷᠭᠡᠨ ᠳᠡᠯᠭᠡᠷ ᠨᠦᠯᠦᠭᠡ ᠲᠤᠰᠬᠠᠯ ᠭᠠᠷᠴᠠᠢ᠃ 1990 ᠤᠨ ᠤ 3 ᠰᠠᠷ᠎ᠠ ᠳᠤ᠂ ᠪᠦᠬᠡ ᠨᠦᠬᠦᠷ ︽ᠦᠨᠳᠦᠰᠦᠲᠡᠨ ᠤ ᠪᠦᠯᠬᠦᠮᠳᠡᠯ ᠢ ᠴᠢᠨᠠᠬᠰᠢᠲᠠ ᠴᠢᠩᠭᠠᠳᠬᠠᠬᠤ ᠲᠤᠬᠠᠢ ᠬᠡᠳᠦᠨ ᠠᠰᠠᠭᠤᠲᠠᠯ︾ ᠭᠡᠬᠦ ᠵᠤᠬᠢᠶᠠᠯ ᠳᠠᠭᠠᠨ ᠦᠪᠦᠷ ᠮᠤᠩᠭᠤᠯ ᠤᠨ ᠦᠨᠳᠦᠰᠦᠲᠡᠨ ᠤ ᠪᠦᠯᠬᠦᠮᠳᠡᠯ ᠤᠨ ᠰᠢᠯᠢᠳᠡᠭ ᠤᠯᠠᠮᠵᠢᠯᠠᠯ ᠢ᠄ ᠨᠠᠮ ᠢᠶᠠᠨ ᠬᠠᠶᠢᠷᠠᠯᠠᠵᠤ᠂ ᠡᠬᠡ ᠤᠯᠤᠰ ᠤᠨ ᠨᠢᠭᠡᠳᠦᠯ ᠢ ᠬᠠᠮᠠᠭᠠᠯᠠᠵᠤ᠂ ᠬᠠᠭᠠᠴᠠᠯ ᠢ ᠡᠰᠡᠷᠭᠦᠴᠡᠬᠦ ᠤᠯᠠᠮᠵᠢᠯᠠᠯ︔ ᠬᠠᠷᠢᠯᠴᠠᠨ ᠲᠦᠰᠢᠭᠯᠡᠵᠦ ᠬᠤᠪᠢ ᠵᠠᠶᠠᠭ᠎ᠠ ᠪᠠᠨ ᠬᠠᠮᠲᠤᠳᠬᠠᠵᠤ᠂ ᠵᠢᠷᠭᠠᠯ ᠵᠤᠪᠠᠯᠠᠩ ᠢᠶᠠᠨ ᠬᠠᠮᠲᠤᠳᠬᠠᠵᠤ᠂ ᠨᠢᠬᠲᠠ ᠬᠠᠮᠲᠤᠷᠠᠯᠴᠠᠬᠤ ᠤᠯᠠᠮᠵᠢᠯᠠᠯ︔ ᠬᠠᠷᠢᠯᠴᠠᠨ ᠢᠲᠡᠭᠡᠵᠦ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠳᠡᠮᠵᠢᠵᠦ᠂ ᠬᠠᠷᠢᠯᠴᠠᠨ ᠬᠠᠶᠢᠷᠠᠯᠠᠵᠤ᠂ ᠬᠠᠷᠢᠯᠴᠠᠨ ᠬᠠᠪᠰᠤᠷᠴᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠯᠠᠮᠵᠢᠯᠠᠵᠤ᠂ ᠬᠠᠷᠢᠯᠴᠠᠨ ᠤᠢᠢᠯᠠᠭᠠᠯᠴᠠᠬᠤ ᠤᠯᠠᠮᠵᠢᠯᠠᠯ ᠪᠤᠯᠤᠨ᠎ᠠ ᠭᠡᠵᠦ ᠬᠤᠷᠢᠶᠠᠩᠭᠤᠢᠢᠯᠠᠪᠠ᠃ 1994 ᠤᠨ ᠤ 9 ᠰᠠᠷ᠎ᠡ ᠳᠤ᠂ ᠪᠦᠭᠡ ᠨᠦᠬᠦᠷ ᠪᠦᠬᠦ ᠤᠯᠤᠰ ᠤᠨ ᠦᠨᠳᠦᠰᠦᠲᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ ᠶᠢ ᠨᠡᠶᠢᠳᠡᠯᠡᠡ ᠭᠡᠷᠡᠭᠵᠢᠭᠦᠯᠦᠭᠰᠡᠨ ᠠᠷᠪᠡᠨ ᠵᠢᠯ ᠤᠨ ᠤᠢ ᠶᠢ ᠲᠤᠷᠠᠰᠬᠠᠬᠤ ᠶᠠᠷᠢᠯᠴᠠᠬᠤ ᠬᠤᠷᠠᠯ ᠲᠡᠭᠡᠷᠡᠬᠢ ᠶᠠᠷᠢᠶᠠᠨ ᠳᠠᠭᠠᠨ᠄ ᠲᠤᠮᠳᠠᠳᠤ ᠤᠯᠤᠰ ᠰᠢᠬ ᠡᠶᠢᠮᠤᠷᠬᠦ ᠬᠦᠮᠦᠨ ᠠᠮᠠ ᠤᠯᠠᠨ ᠨᠢᠭᠡᠳᠦᠭᠰᠡᠡ ᠤᠯᠠᠨ ᠦᠨᠳᠦᠰᠦᠲᠡᠨ ᠲᠠᠢ ᠤᠯᠤᠰ ᠲᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠦᠯᠦᠭᠡᠯᠡᠬᠦ ᠲᠤᠮᠳᠠᠳᠤ ᠤᠯᠤᠰ ᠤᠨ ᠡᠪ ᠬᠠᠮᠲᠤ ᠨᠠᠮ ᠯᠡ ᠰᠠᠶ᠋ᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠡᠷᠭᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠰᠡᠨ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠶᠢᠭᠤᠯᠬᠤ ᠪᠦᠭᠡᠳ ᠲᠠᠰᠤᠷᠠᠯᠲᠠ ᠦᠭᠡᠢ ᠬᠦᠭᠵᠢᠭᠦᠯᠵᠤ᠂ ᠤᠯᠤᠰ ᠤᠷᠤᠨ ᠤ ᠪᠠᠶᠠᠵᠢᠯ ᠬᠦᠴᠦᠷᠭᠡᠭᠵᠢᠯ ᠢ ᠪᠠᠶᠠᠯᠡᠬᠦᠯᠬᠦ ᠶᠢᠨ ᠬᠠᠮᠲᠤ ᠡᠯ᠎ᠡ ᠦᠨᠳᠦᠰᠦᠲᠡᠨ ᠤ ᠬᠠᠮᠳᠤ ᠶᠢᠨ ᠴᠡᠴᠡᠭᠯᠡᠯ ᠢ ᠪᠠᠶᠠᠯᠠᠬᠦᠯᠵᠥ ᠴᠢᠳᠠᠨ᠎ᠠ ᠬᠡᠵᠤ ᠲᠤᠭ ᠲᠡᠮᠳᠡᠭ ᠲᠤᠳᠤᠷᠬᠠᠢ ᠪᠠᠷ ᠵᠢᠭᠠᠵᠤ ᠭᠠᠷᠭᠠᠪᠠ᠃      2017 ᠤᠨ ᠤ ᠡᠬᠢ ᠪᠠᠷ᠂ 91 ᠨᠠᠰᠤᠲᠠᠢ ᠪᠦᠭᠡ ᠨᠦᠬᠦᠷ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠲᠡᠤᠭᠡ ᠶᠢᠨ ᠰᠤᠳᠤᠯᠤᠯ︾ ᠤᠨ ᠨᠢᠭᠡᠳᠤᠭᠡᠷ ᠬᠤᠭᠤᠴᠠᠭᠠᠨ ᠳᠤ ︽ᠲᠡᠤᠭᠡ ᠶᠢᠨ ᠦᠨᠳᠦᠷᠴᠡ ᠳᠤ ᠵᠤᠬᠰᠤᠵᠤ ᠲᠡᠤᠭᠡ ᠶᠢ ᠦᠵᠡᠬᠦ — ᠲᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠬᠰᠡᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠬᠦᠳᠡᠯᠭᠡᠭᠡᠨ ᠤ ᠢᠯᠠᠯᠲᠠ ᠶᠢᠨ ᠠᠴᠢ ᠬᠤᠯᠪᠤᠬᠳᠠᠯ ᠪᠠ ᠰᠠᠩᠭᠡᠷᠡᠬᠦᠯᠦᠯ︾ ᠢ ᠨᠡᠶᠢᠳᠡᠯᠡᠪᠡ᠃ ᠡᠨᠡᠬᠦ ᠵᠤᠬᠢᠶᠠᠯ ᠡᠷᠳᠡ ᠦᠶ᠎ᠡ ᠶᠢᠨ ᠦᠪᠦᠷ ᠮᠤᠩᠭᠤᠯ ᠤᠨ ᠬᠤᠪᠢᠰᠬᠠᠯᠳᠤ ᠬᠦᠳᠡᠯᠭᠡᠭᠡᠨ᠂ ᠶᠠᠫᠤᠨ ᠢ ᠡᠰᠡᠷᠬᠦᠴᠡᠬᠦ ᠲᠠᠶᠢᠨ ᠤ ᠬᠤᠭᠤᠴᠠᠭᠠᠨ ᠳᠠᠬᠢ ᠲᠡᠮᠡᠴᠡᠯ᠂ ᠶᠠᠫᠤᠨ ᠢ ᠡᠰᠡᠷᠬᠦᠴᠡᠬᠦ ᠲᠠᠶᠢᠨ ᠢᠯᠡᠯᠲᠠ ᠤᠯᠤᠭᠰᠠᠠ ᠤ ᠲᠠᠷᠠᠭᠠᠬᠢ ᠬᠠᠶᠢᠨ ᠰᠦᠪᠡᠭᠴᠢᠯᠡᠯᠲᠠ ᠪᠠ ᠲᠡᠮᠡᠴᠡᠯ᠂ ᠦᠪᠦᠷ ᠮᠤᠩᠭᠤᠯ ᠤᠨ ᠠᠷᠠᠳ ᠲᠦᠮᠡᠨ ᠤ ᠵᠠᠪᠰᠡᠭᠲᠤ ᠬᠦᠴᠦᠨ ᠤ ᠲᠡᠤᠭᠡᠳᠤ ᠬᠤᠪᠢ ᠨᠡᠮᠡᠷᠢ᠂ ᠹᠸᠤᠳᠠᠯ ᠤᠨ ᠪᠠᠶᠢᠭᠤᠯᠤᠯ ᠢ ᠤᠰᠠᠳᠬᠠᠭᠰᠠᠠ ᠪᠠ ᠮᠠᠯᠵᠢᠬᠤ ᠤᠷᠤᠨ ᠤ ᠨᠡᠶᠢᠭᠡᠮ ᠤᠨ ᠬᠤᠪᠢᠰᠤᠯᠲᠠ᠂ ᠦᠪᠦᠷ ᠮᠤᠩᠭᠤᠯ ᠤᠨ ᠨᠢᠭᠡᠳᠦᠯᠲᠠᠢ ᠦᠪᠡᠷᠳᠡᠭᠡᠨ ᠵᠠᠰᠠᠬᠤ ᠤᠷᠤᠨ ᠵᠡᠷᠭᠡ ᠬᠤᠪᠢᠰᠬᠠᠯ ᠪᠤᠯᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠭᠡᠷᠡᠭ ᠶᠠᠪᠤᠳᠠᠯ ᠢ ᠰᠢᠰᠲᠧᠮ ᠲᠠᠢ ᠪᠠᠷ ᠡᠷᠬᠢᠴᠡᠬᠦᠯᠪᠠ᠃ ᠪᠦᠭᠡ ᠨᠦᠬᠦᠷ᠄ ︽ᠶᠠᠷᠤᠩᠭᠡᠢ ᠱᠦᠵᠢ ᠰᠢ ᠶᠢᠨ ᠫᠢᠩ ᠤᠨ ᠤᠯᠤᠰ ᠤᠷᠤᠨ ᠤ ᠨᠢᠭᠡᠳᠤᠯ ᠪᠤᠯᠤᠨ ᠦᠨᠳᠦᠰᠦᠲᠡᠨ ᠤ ᠪᠦᠯᠬᠦᠮᠳᠡᠯ ᠤᠨ ᠬᠦᠴᠦᠷᠭᠡᠭ ᠲᠠᠭᠤᠨ ᠪᠤᠯ ᠪᠦᠬᠦ᠋ᠢᠯᠡ ᠲᠤᠮᠳᠠᠳᠤ ᠶᠢᠨ ᠬᠦᠪᠡᠬᠦᠳ ᠦᠬᠢᠳ ᠤᠨ ᠦᠨᠳᠦᠰᠦᠲᠡᠨ ᠤ ᠵᠤᠷᠢᠭ ᠰᠠᠨᠠᠭ᠎ᠠ ᠪᠠᠨ ᠬᠦᠭᠵᠢᠭᠡᠨ ᠪᠠᠳᠠᠷᠠᠭᠠᠬᠤ ᠬᠦᠴᠦᠲᠤ ᠤᠷᠢᠶᠠᠯᠠᠭ᠎ᠠ ᠪᠤᠯᠬᠤ ᠪᠦᠭᠡᠳ ᠪᠠᠰᠠ ᠵᠦᠢᠯ ᠵᠢᠰᠦᠮ ᠤᠨ ᠬᠠᠭᠠᠴᠠᠭᠤᠯᠬᠤ ᠡᠳᠡᠭᠡᠳ ᠲᠤ ᠦᠭᠭᠦᠭᠰᠡᠨ ᠲᠦᠪ ᠴᠢᠩᠭ᠎ᠠ ᠰᠠᠷᠡᠮᠵᠢᠯᠡᠬᠦᠯᠦᠯ ᠪᠤᠯᠤᠨ᠎ᠡ᠃ ᠰᠢᠨ᠎ᠡ ᠪᠠᠶᠢᠳᠠᠯ ᠤᠨ ᠲᠤᠤᠷ᠎ᠡ᠂ ᠪᠢᠳᠠ ᠤᠭ ᠰᠠᠨᠠᠭ᠎ᠠ ᠪᠠᠨ ᠦᠯᠦ ᠮᠠᠷᠳᠠᠬᠤ ᠭᠡᠳᠡᠭ ᠨᠢ ᠠᠬᠠᠮᠠᠳ ᠦᠶ᠎ᠡ ᠶᠢᠨ ᠬᠢᠨ ᠤ ᠡᠭᠡ ᠤᠯᠤᠰ ᠤᠨ ᠨᠢᠭᠡᠳᠤᠯ ᠪᠤᠯᠤᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠵᠤᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠬᠤ ᠶᠠᠪᠤᠳᠠᠯ ᠪᠤᠯᠤᠨ᠎ᠠ︔ ᠦᠷᠬᠦᠯᠵᠢᠯᠡᠨ ᠤᠷᠤᠬᠰᠢᠯᠠᠬᠤ ᠭᠡᠳᠡᠭ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠲᠠᠷᠠᠨ ᠪᠦᠯᠬᠦᠮᠳᠡᠵᠤ᠂ ᠲᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠬᠦᠨ ᠮᠠᠨᠳᠤᠯᠲᠠ ᠶᠢᠨ ᠲᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠰᠢᠨ᠎ᠡ ᠤᠷᠳᠤ ᠵᠠᠮ ᠤᠨ ᠠᠶᠠᠨ ᠳᠤ ᠨᠡᠩ ᠭᠡᠷᠡᠯ ᠰᠠᠴᠤᠷᠠᠩᠭᠤᠢ ᠢᠷᠡᠭᠡᠳᠦᠢ ᠶᠢ ᠴᠤᠬᠴᠠᠯᠠᠬᠤ ᠶᠢ ᠬᠡᠯᠡᠵᠤ ᠪᠠᠶᠢᠨ᠎ᠠ︾ ᠬᠡᠵᠤ ᠰᠡᠳᠬᠢᠯᠭᠡ ᠬᠦᠨ ᠬᠡᠯᠡᠭᠰᠡᠨ ᠨᠢ᠂ ᠪᠦᠭᠡ ᠨᠦᠬᠦᠷ ᠰᠢᠯᠭᠠᠷᠠᠬᠰᠡᠨ ᠦᠨᠳᠦᠰᠦᠲᠡᠨ ᠤ ᠠᠵᠢᠯ ᠤᠨ ᠤᠳᠤᠷᠢᠳᠤᠯᠭ᠎ᠠ ᠪᠤᠯᠤᠬᠰᠠᠨ ᠤ ᠬᠤᠪᠢ ᠳᠤ ᠡᠭᠡ ᠤᠯᠤᠰ ᠤᠨ ᠨᠢᠭᠡᠳᠤᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠠᠯ ᠢ ᠠᠬᠢᠭᠤᠯᠬᠤ᠂ ᠨᠠᠮ ᠤᠨ ᠦᠨᠳᠦᠰᠦᠲᠡᠨ ᠤ ᠤᠨᠤᠯ ᠪᠤᠯᠤᠨ ᠲᠦᠷᠦ ᠶᠢᠨ ᠪᠤᠳᠤᠯᠭ᠎ᠠ ᠶᠢ ᠦᠢᠯᠡᠳᠦᠯᠭᠡᠵᠢᠬᠦᠯᠬᠦ ᠪᠠᠲᠤ ᠢᠳᠡᠭᠡᠯ ᠪᠤᠯᠤᠨ ᠦᠨᠳᠦᠰᠦᠲᠡᠨ ᠤ ᠠᠵᠢᠯ ᠤᠨ ᠲᠦᠯᠦᠭᠡ ᠠᠮᠢ ᠪᠡᠶ᠎ᠡ ᠪᠠᠨ ᠵᠤᠷᠢᠭᠤᠯᠬᠤ ᠬᠠᠶᠢᠷ᠎ᠡ ᠰᠡᠳᠬᠢᠯᠭᠡ ᠶᠢ ᠨᠢ ᠬᠦᠢᠴᠡᠳ ᠢᠯᠡᠷᠡᠬᠦᠯᠪᠠ᠃      ᠬᠤᠶᠠᠷ᠂ ᠦᠨᠳᠦᠰᠦᠲᠡᠨ ᠤ ᠪᠦᠯᠬᠦᠮᠳᠠᠯ ᠲᠡᠪᠰᠢᠯᠲᠠ ᠪᠤᠯᠤᠨ ᠦᠨᠳᠦᠰᠦᠲᠡᠨ ᠤ ᠰᠤᠶᠤᠯ ᠤᠨ ᠬᠦᠭᠵᠢᠯ ᠴᠡᠴᠡᠭᠯᠡᠯ ᠢ ᠪᠦᠬᠦ ᠬᠦᠴᠦ ᠪᠠᠷ ᠢᠶᠠᠨ ᠠᠬᠢᠭᠤᠯᠪᠠ      ︽ᠰᠤᠶᠤᠯ ᠤᠨ ᠶᠡᠭᠡ ᠬᠤᠪᠢᠰᠬᠠᠯ︾ ᠤᠨ ᠲᠤᠮᠳᠠ᠂ ᠪᠦᠬᠡ ᠵᠢᠴᠢ ᠲᠡᠬᠦᠨ ᠤ ᠪᠦᠬᠦ ᠬᠡᠷ ᠤᠨ ᠬᠢᠨ ᠬᠠᠷᠬᠢᠰ ᠬᠡᠷᠴᠡᠬᠡᠢ ᠪᠠᠷ ᠲᠠᠮᠤᠯᠠᠭᠳᠠᠪᠠ᠃ ᠬᠡᠪᠡᠴᠤ ᠲᠡᠷᠡ ᠬᠦᠨᠳᠤ ᠰᠢᠯᠭᠠᠯᠳᠠ ᠶᠢ ᠲᠠᠭᠠᠭᠠᠨ ᠭᠠᠷᠴᠤ᠂ ᠢᠮᠠᠬᠳᠠ ᠨᠠᠮ ᠪᠤᠯᠤᠨ ᠠᠷᠠᠳ ᠲᠦᠮᠡᠨ ᠤ ᠤᠢᠢᠯᠡᠰ ᠲᠡᠭᠡᠨ ᠦᠨᠡᠨᠴᠢ ᠰᠢᠳᠤᠷᠭᠤ ᠪᠠᠶᠢᠬᠰᠠᠭᠠᠷ ᠢᠷᠡᠵᠠᠢ᠃ 1974 ᠤᠨ ᠳᠤ ᠠᠵᠢᠯ ᠢᠶᠠᠨ ᠰᠡᠷᠬᠦᠭᠡᠭᠰᠡᠨ ᠤ ᠲᠠᠷᠠᠭ᠎ᠠ᠂ ᠤᠷᠢᠳ ᠬᠤᠵᠢᠳ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠡᠳ᠋ ᠲᠠᠷᠤᠭ᠎ᠠ᠂ ᠲᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠯᠤᠰ ᠤᠨ ᠦᠨᠳᠤᠰᠤᠳᠠᠨ ᠤ ᠭᠡᠷᠡᠭ ᠡᠷᠬᠢᠯᠡᠬᠦ ᠵᠦᠪᠯᠡᠯ ᠤᠨ ᠲᠡᠳ᠋ ᠡᠷᠬᠢᠯᠡᠭᠴᠢ᠂ ᠬᠦᠬᠡᠬᠤᠳᠠ ᠶᠢᠨ ᠨᠠᠮ ᠤᠨ ᠬᠤᠷᠢᠶᠠᠨ ᠤ ᠨᠢᠬᠡᠳᠤᠭᠡᠷ ᠱᠦᠵᠢ ᠪᠦᠬᠡᠳ ᠬᠤᠳᠠ ᠶᠢᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃ 1978 ᠤᠨ ᠤ 12 ᠰᠠᠷ᠎ᠠ ᠳᠤ ᠨᠠᠮ ᠤᠨ ᠠᠷᠪᠠᠨ ᠨᠢᠬᠡᠳᠤᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠡᠬᠢᠯᠡᠭᠰᠡᠨ ᠤ ᠲᠠᠷᠠᠭ᠎ᠠ᠂ ᠪᠦᠬᠡ ᠨᠦᠬᠦᠷ ᠬᠦᠬᠡᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠬ ᠤᠨ ᠤᠷᠳᠤᠨ ᠤ ᠤᠳᠤᠷᠢᠳᠬᠤ ᠪᠠᠬ ᠢᠶᠠᠨ ᠲᠠᠭᠠᠭᠤᠯᠵᠤ᠂ ᠡᠯ᠎ᠠ ᠵᠦᠢᠯ ᠤᠨ ᠬᠢᠯᠢᠰ ᠬᠤᠳᠠᠯ ᠪᠤᠷᠤᠭᠤ ᠭᠡᠷᠡᠭ ᠢ ᠲᠦᠢᠯᠪᠤᠷᠢᠳᠠᠢ ᠴᠠᠭᠠᠳᠬᠠᠪᠠ᠂ ᠠᠷᠪᠠᠨ ᠵᠢᠯ ᠤᠨ ᠰᠠᠮᠠᠭᠤᠷᠠᠯ ᠤᠨ ᠬᠤᠭᠤᠴᠠᠭᠠᠨ ᠳᠤ ᠦᠨᠳᠤᠰᠤᠳᠠᠨ ᠤ ᠬᠤᠭᠤᠷᠤᠨᠳᠤ ᠦᠯᠡᠳᠡᠭᠡᠭᠰᠡᠨ ᠰᠢᠷᠬ᠎ᠠ ᠰᠤᠷᠪᠢ ᠶᠢ ᠵᠦᠪ ᠲᠠᠯ᠎ᠠ ᠠᠴᠠ ᠠᠨᠠᠭᠠᠨ ᠵᠠᠰᠠᠵᠤ᠂ ᠢᠳᠡᠪᠬᠢᠳᠠᠢ ᠡᠶᠡᠳᠡᠬᠦᠯᠵᠤ᠂ ᠨᠠᠮ ᠤᠨ ᠡᠯ᠎ᠠ ᠵᠦᠢᠯ ᠤᠨ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠡᠤᠬᠡ ᠶᠢᠨ ᠮᠠᠰᠢ ᠤᠯᠠᠨ ᠦᠯᠡᠳᠡᠭᠳᠡᠯ ᠠᠰᠠᠭᠤᠳᠠᠯ ᠢ ᠵᠤᠬᠢᠰᠳᠠᠢ ᠰᠢᠢᠳᠪᠤᠷᠢᠯᠠᠵᠤ᠂ ᠪᠦᠬᠦ ᠬᠤᠳᠠ ᠶᠢᠨ ᠦᠨᠳᠤᠰᠤᠳᠠᠨ ᠤ ᠪᠦᠯᠬᠦᠮᠳᠡᠯ᠂ ᠨᠡᠶᠢᠬᠡᠮ ᠤᠨ ᠲᠤᠭᠳᠠᠭᠤᠨ ᠢ ᠬᠦᠴᠤᠯᠠᠨ ᠠᠬᠢᠭᠤᠯᠪᠠ᠃      ᠪᠦᠬᠡ ᠨᠦᠬᠦᠷ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠬᠰᠠᠨ ᠤ ᠲᠠᠷᠠᠭ᠎ᠠ᠂ ᠢᠮᠠᠬᠳᠠ ᠨᠠᠮ ᠤᠨ ᠬᠤᠷᠢᠶᠠᠨ ᠤ ᠨᠢᠬᠡᠳᠤᠯᠳᠠᠢ ᠤᠳᠤᠷᠢᠳᠤᠯᠭ᠎ᠠ ᠲᠤᠤᠷ᠎ᠠ᠂ ᠦᠪᠤᠷ ᠮᠤᠩᠭᠤᠯ ᠤᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠵᠠᠰᠠᠬ ᠤᠨ ᠤᠷᠳᠤᠨ ᠤ ᠦᠢᠯᠡᠳᠤᠯ ᠴᠢᠳᠠᠪᠬᠢ ᠶᠢ ᠬᠦᠢᠴᠡᠳ ᠪᠠᠳᠠᠷᠠᠭᠤᠯᠵᠤ᠂ ᠬᠢᠯᠢ ᠬᠢᠵᠠᠭᠠᠷ ᠤᠨ ᠴᠦᠬᠡᠨ ᠲᠤᠭᠠᠳᠤ ᠦᠨᠳᠤᠰᠤᠳᠠᠨ ᠤ ᠤᠷᠤᠨ ᠤ ᠬᠦᠭᠵᠢᠯᠳᠠ ᠳᠤ ᠵᠤᠬᠢᠴᠠᠬᠤ ᠵᠠᠮ ᠢ ᠬᠠᠶᠢᠨ ᠰᠦᠪᠡᠭᠴᠢᠯᠠᠪᠠ᠃ ᠲᠡᠷᠡ ᠦᠨᠳᠤᠰᠤᠨ ᠱᠠᠳᠤᠨ ᠳᠤ ᠬᠦᠨᠵᠡᠬᠡᠶᠢᠷᠡᠵᠤ᠂ ᠪᠠᠶᠢᠴᠠᠭᠠᠨ ᠰᠤᠳᠤᠯᠤᠯᠳᠠ ᠬᠢᠵᠤ᠂ ᠪᠦᠬᠦ ᠤᠷᠤᠨ ᠤ 100 ᠭᠠᠷᠤᠢ ᠬᠤᠰᠢᠭᠤ ᠰᠢᠶᠠᠨ ᠬᠤᠳᠠ ᠲᠤᠭᠤᠷᠢᠬ ᠤᠨ ᠭᠠᠵᠠᠷ ᠪᠤᠯᠭᠠᠨ ᠢᠶᠠᠷ ᠶᠠᠪᠤᠵᠤ ᠂ ᠮᠤᠩᠭᠤᠯ ᠬᠢᠳᠡᠳ ᠦᠨᠳᠤᠰᠤᠳᠠᠨ ᠤ ᠮᠤᠩᠭᠤᠯ ᠭᠡᠷ ᠪᠤᠭᠤᠨᠢ ᠰᠠᠷᠠᠪᠴᠢ ᠳᠤ ᠤᠷᠤᠵᠤ᠂ ᠬᠠᠯᠠᠮᠵᠢᠯᠠᠨ ᠠᠰᠠᠭᠤᠵᠤ᠂ ᠬᠦᠴᠢᠷ ᠵᠤᠪᠠᠭᠤᠷᠢ ᠶᠢ ᠨᠢ ᠰᠢᠢᠳᠪᠤᠷᠢᠯᠠᠵᠤ ᠦᠭᠪᠠ᠃ ᠲᠡᠷᠡ ᠪᠦᠬᠦ ᠤᠷᠤᠨ ᠤ ᠦᠨᠳᠤᠰᠤᠳᠠᠨ ᠤ ᠠᠵᠢᠯ ᠢ ᠢᠮᠠᠬᠳᠠ ᠴᠢᠩᠭ᠎ᠠ ᠠᠳᠬᠤᠵᠤ᠂ ᠦᠪᠤᠷ ᠮᠤᠩᠭᠤᠯ ᠪᠤᠯ ᠤᠯᠠᠨ ᠦᠨᠳᠤᠰᠤᠳᠠᠨ ᠤᠷᠤᠰᠢᠨ ᠰᠠᠭᠤᠭ᠎ᠠ ᠬᠢᠯᠢ ᠬᠢᠵᠠᠭᠠᠷ ᠤᠷᠤᠨ᠂ ᠦᠨᠳᠤᠰᠤᠳᠠᠨ ᠤ ᠪᠦᠯᠬᠦᠮᠳᠠᠯ ᠤᠨ ᠠᠰᠠᠭᠤᠳᠠᠯ ᠢ ᠰᠠᠶᠢᠳᠤᠷ ᠰᠢᠢᠳᠪᠤᠷᠢᠯᠡᠬᠦ ᠦᠬᠡᠢ ᠪᠤᠯ ᠨᠡᠶᠢᠬᠡᠮ ᠲᠤᠭᠳᠠᠭᠤᠨ ᠪᠠᠶᠢᠵᠤ ᠴᠢᠳᠠᠬᠤ ᠦᠬᠡᠢ᠂ ᠶᠠᠮᠠᠷ ᠶᠠᠪᠤᠳᠠᠯ ᠢ ᠴᠤ ᠪᠦᠳᠤᠬᠡᠵᠤ ᠴᠢᠳᠠᠬᠤ ᠦᠬᠡᠢ ᠶᠤᠮ᠃ ᠮᠤᠩᠭᠤᠯ ᠦᠨᠳᠤᠰᠤᠳᠠᠨ ᠤ ᠺᠠᠳ᠋ᠷ ᠬᠢᠳᠡᠳ ᠦᠨᠳᠤᠰᠤᠳᠠᠨ ᠤ ᠺᠠᠳ᠋ᠷ ᠲᠠᠢ ᠡᠶ᠎ᠡ ᠨᠠᠶᠢᠷᠰᠠᠬ ᠢᠶᠠᠷ ᠶᠠᠪᠤᠯᠴᠠᠵᠤ᠂ ᠠᠷᠭ᠎ᠠ ᠤᠬᠠᠭᠠᠨ ᠢᠶᠠᠨ ᠤᠯᠤᠯᠴᠠᠵᠤ᠂ ᠦᠪᠤᠷ ᠮᠤᠩᠭᠤᠯ ᠤᠨ ᠦᠬᠡᠷᠡᠴᠢᠯᠠᠯᠳᠠ ᠪᠤᠯᠤᠨ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠶᠢᠨ ᠤᠢᠢᠯᠡᠰ ᠢ ᠬᠠᠮᠳᠤᠪᠡᠷ ᠰᠠᠶᠢᠳᠤᠷ ᠬᠢᠬᠦ ᠭᠡᠷᠡᠭᠳᠠᠢ ᠬᠡᠵᠤ ᠲᠠᠬᠢᠨ ᠲᠠᠪᠳᠠᠨ ᠴᠢᠬᠤᠯᠠᠴᠢᠯᠠᠭᠰᠠᠭᠠᠷ ᠢᠷᠡᠪᠡ᠃ ᠲᠠᠬᠦᠨ ᠤ ᠰᠠᠨᠠᠭᠠᠴᠢᠯᠠᠭ᠎ᠠ ᠪᠠᠷ᠂ 1983 ᠤᠨ ᠤ 9 ᠰᠠᠷ᠎ᠠ ᠳᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠩᠬ᠎ᠠ ᠤᠳᠠᠭ᠎ᠠ ᠪᠦᠬᠦ ᠤᠷᠤᠨ ᠤ ᠦᠨᠳᠤᠰᠤᠳᠠᠨ ᠤ ᠪᠦᠯᠬᠦᠮᠳᠡᠯ ᠤᠨ ᠲᠡᠷᠢᠬᠦᠨ ᠤ ᠬᠠᠮᠳᠤ ᠨᠢᠭᠡᠴᠡ᠂ ᠲᠡᠷᠢᠬᠦᠨ ᠤ ᠬᠤᠪᠢ ᠬᠦᠮᠤᠨ ᠢ ᠬᠦᠬᠢᠬᠦᠯᠤᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠵᠠᠢ᠃ ᠲᠡᠬᠦᠨ ᠠᠴᠠ ᠬᠤᠶᠢᠰᠢ᠂ ᠪᠦᠬᠦ ᠤᠷᠤᠨ ᠤ ᠦᠨᠳᠤᠰᠤᠳᠠᠨ ᠤ ᠪᠦᠯᠬᠦᠮᠳᠡᠯ ᠤᠨ ᠲᠡᠷᠢᠬᠦᠨ ᠤ ᠬᠠᠮᠳᠤ ᠨᠢᠭᠡᠴᠡ᠂ ᠬᠤᠪᠢ ᠬᠦᠮᠤᠨ ᠢ ᠬᠦᠬᠢᠬᠦᠯᠤᠨ ᠰᠠᠶᠢᠰᠢᠶᠠᠬᠤ ᠶᠡᠭᠡ ᠬᠤᠷᠠᠯ ᠢ 5 ᠵᠢᠯ ᠳᠤ ᠨᠢᠬᠡ ᠤᠳᠠᠭ᠎ᠠ ᠬᠤᠷᠠᠯᠳᠤᠭᠤᠯᠵᠤ᠂ 2017 ᠤᠨ ᠪᠤᠯᠬᠤ ᠳᠤ ᠨᠡᠶᠢᠳᠠ 9 ᠤᠳᠠᠭ᠎ᠠ ᠬᠤᠷᠠᠯᠳᠤᠭᠤᠯᠪᠠ᠃ 1984 ᠤᠨ ᠠᠴᠠ ᠡᠬᠢᠯᠠᠵᠤ᠂ ᠦᠪᠡᠷᠳᠡᠬᠡᠨ ᠵᠠᠰᠠᠬᠤ ᠤᠷᠤᠨ ᠠᠴᠠ ᠵᠢᠯ ᠪᠦᠷᠢ ᠶᠢᠨ 9 ᠰᠠᠷ᠎ᠠ ᠶᠢ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠪᠠᠷ ᠲᠤᠭᠳᠠᠭᠠᠵᠤ᠂ 2017 ᠤᠨ ᠪᠤᠯᠳᠠᠯ᠎ᠠ 34 ᠵᠢᠯ ᠲᠠᠷᠠᠭᠠᠯᠠᠨ ᠦᠷᠨᠢᠬᠦᠯᠪᠠ᠃ ᠦᠨᠳᠤᠰᠤᠳᠠᠨ ᠤ ᠪᠦᠯᠬᠦᠮᠳᠠᠯ ᠲᠠᠪᠰᠢᠯᠳᠠ ᠨᠢ ᠦᠪᠤᠷ ᠮᠤᠩᠭᠤᠯ ᠤᠨ ᠦᠬᠡᠷᠡᠴᠢᠯᠠᠯᠳᠠ ᠨᠡᠬᠡᠬᠡᠯᠳᠠ ᠶᠢ ᠠᠬᠢᠭᠤᠯᠵᠤ᠂ ᠪᠦᠬᠦ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢ ᠠᠬᠢᠭᠤᠯᠪᠠ᠃ ᠪᠦᠬᠡ ᠨᠦᠬᠦᠷ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠠᠵᠢᠯᠯᠠᠬᠤ ᠠᠴᠠ ᠡᠮᠤᠨᠡᠬᠢ 1992 ᠤᠨ ᠳᠤ᠂ ᠦᠪᠤᠷ ᠮᠤᠩᠭᠤᠯ ᠤᠨ ᠪᠦᠬᠦ ᠤᠷᠤᠨ ᠤ ᠤᠢᠢᠯᠡᠳᠪᠤᠷᠢᠯᠠᠯ ᠤᠨ ᠶᠠᠷᠤᠩᠬᠡᠢ ᠦᠷᠳᠡᠭ 421.68 ᠳ᠋ᠦᠩᠰᠢᠭᠤᠷ ᠲᠦᠬᠦᠷᠢᠭ ᠲᠤ ᠬᠦᠷᠴᠤ᠂ ᠠᠮᠤ ᠪᠤᠳᠠᠭ᠎ᠠ ᠶᠢᠨ ᠶᠠᠷᠤᠩᠬᠡᠢ ᠤᠨᠠᠯᠳᠠ 209.4 ᠳ᠋ᠦᠩᠰᠢᠭᠤᠷ ᠵᠢᠩ ᠳᠤ ᠬᠦᠷᠴᠤ᠂ 3 ᠵᠢᠯ ᠤᠷᠢᠳᠴᠢᠯᠠᠨ ᠠᠮᠤ ᠪᠤᠳᠠᠭ᠎ᠠ ᠪᠠᠨ ᠦᠪᠡᠷ ᠢᠶᠠᠨ ᠬᠠᠩᠭᠠᠬᠤ ᠬᠠᠷᠠᠯᠳᠠ ᠶᠢ ᠪᠡᠶᠡᠯᠡᠬᠦᠯᠵᠤ᠂ 1969 ᠤᠨ ᠠᠴᠠ ᠨᠡᠰᠢ ᠠᠮᠤ ᠪᠤᠳᠠᠭ᠎ᠠ ᠶᠢ ᠪᠤᠰᠤᠳ ᠮᠤᠵᠢ ᠤᠷᠤᠨ ᠠᠴᠠ ᠤᠷᠤᠭᠤᠯᠵᠤ ᠪᠠᠶᠢᠬᠰᠠᠨ ᠲᠡᠤᠬᠡ ᠶᠢ ᠡᠴᠤᠰᠯᠡᠬᠦᠯᠪᠠ︔ ᠮᠠᠯ ᠠᠵᠤ ᠠᠬᠤᠢ ᠶᠢᠨ ᠤᠨ ᠤ ᠪᠦᠷᠢᠳᠬᠡᠯ ᠳᠤ ᠮᠠᠯ ᠤᠨ ᠲᠤᠭ᠎ᠠ 5558 ᠲᠦᠮᠡ ᠳᠤ ᠬᠦᠷᠴᠤ᠂ ᠲᠡᠤᠬᠡ ᠶᠢᠨ ᠬᠠᠮᠤᠬ ᠤᠨ ᠰᠠᠶᠢᠨ ᠲᠡᠮᠳᠡᠭᠯᠡᠯ ᠢ ᠡᠬᠦᠳᠴᠤ᠂ ᠡᠯ᠎ᠠ ᠵᠦᠢᠯ ᠤᠨ ᠠᠵᠢᠯ ᠳᠤ ᠢᠯᠡᠳᠳᠡ ᠠᠮᠵᠢᠯᠳᠠ ᠪᠦᠳᠤᠮᠵᠢ ᠤᠯᠵᠠᠢ᠃      ᠪᠦᠬᠡ ᠨᠦᠬᠦᠷ ᠤᠷᠳᠤ ᠬᠤᠭᠤᠴᠠᠭᠠᠨ ᠤ ᠲᠤᠷᠰᠢ ᠦᠨᠳᠦᠰᠦᠳᠡᠨ ᠤ ᠰᠤᠶᠤᠯ ᠤᠨ ᠦᠢᠯᠡᠰ ᠢ ᠳᠡᠭᠡᠳᠦ ᠭᠡᠮᠵᠢᠶ᠎ᠠ ᠪᠠᠷ ᠠᠩᠬᠠᠷᠤᠨ ᠬᠠᠯᠠᠮᠵᠢᠯᠠᠵᠦ᠂ ᠮᠠᠨ ᠤ ᠤᠯᠤᠰ ᠤᠨ ᠦᠨᠳᠦᠰᠦᠳᠡᠨ ᠤ ᠰᠤᠶᠤᠯ ᠤᠨ ᠴᠡᠴᠡᠭᠯᠡᠯ ᠳᠤ ᠭᠠᠷᠮᠠᠭᠠᠢ ᠬᠤᠪᠢ ᠨᠡᠮᠡᠷᠢ ᠦᠵᠡᠬᠦᠯᠪᠠ᠃ ᠡᠷᠳᠡ ᠦᠶ᠎ᠠ ᠳᠤ ᠶᠠᠨ ᠠᠨ ᠤ ᠦᠨᠳᠦᠰᠦᠳᠡᠨ ᠤ ᠳᠡᠭᠡᠳᠦ ᠰᠤᠷᠭᠠᠭᠤᠯᠢ ᠳᠤ ᠪᠠᠶᠢᠬᠤ ᠳᠠᠭᠠᠨ᠂ ᠪᠦᠭᠡ ᠨᠦᠬᠦᠷ ᠳᠡᠭᠡᠳᠦ ᠰᠤᠷᠭᠠᠭᠤᠯᠢ ᠶᠢᠨ ᠤᠳᠬ᠎ᠠ ᠤᠷᠠᠯᠢᠭ ᠤᠨ ᠤᠬᠠᠭᠤᠯᠬᠤ ᠠᠩᠬᠢ ᠳᠤ ᠤᠷᠤᠯᠴᠠᠨ ᠰᠢᠯᠦᠭ ᠳᠠᠭᠤᠯᠠᠯ᠂ ᠤᠬᠤᠷ ᠦᠬᠦᠯᠡᠯ ᠵᠤᠬᠢᠶᠠᠵᠦ᠂ ᠮᠠᠤ ᠽᠧ ᠳ᠋ᠦᠩ ᠤᠨ ᠶᠠᠨ ᠠᠨ ᠤ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢᠨ ᠵᠤᠷᠢᠭ ᠰᠠᠨᠠᠭ᠎ᠠ ᠶᠢ ᠤᠬᠠᠭᠤᠯᠵᠦ᠂ ᠴᠢᠯᠦᠭᠡᠯᠡᠭᠳᠡᠭᠰᠡᠨ ᠤᠷᠤᠨ ᠳᠤ ᠬᠦᠨᠵᠡᠭᠡᠶᠢᠷᠡᠨ᠂ ᠦᠪᠡᠷ ᠢᠶᠠᠨ ᠵᠤᠬᠢᠶᠠᠵᠦ ᠦᠪᠡᠷ ᠢᠶᠠᠨ ᠲᠤᠭᠯᠠᠬᠰᠠᠨ ︽ᠮᠤᠷᠢ ᠯᠠᠭᠤᠰᠠ ᠪᠠᠷ ᠴᠤᠬᠯᠠᠭ᠎ᠠ ᠮᠠᠶᠢᠮᠠᠢ ᠳᠤ ᠤᠴᠢᠨᠠᠮ︾᠂ ︽ᠨᠠᠢᠮᠠᠳᠤᠭᠠᠷ ᠵᠠᠮ ᠤᠨ ᠴᠡᠷᠢᠭ ᠢ ᠡᠷᠢᠵᠤ ᠤᠴᠢᠶ᠎ᠠ︾᠂ ︽ᠰᠠᠶᠢᠬᠠᠨ ᠭᠠᠵᠠᠷ ᠲᠤ ᠤᠴᠢᠶ᠎ᠠ︾᠂ ︽ᠡᠰᠡᠷᠬᠦᠴᠡᠯ︾ ᠵᠡᠷᠭᠡ ᠮᠤᠩᠭᠤᠯ ᠰᠢ ᠵᠦᠴᠦᠭᠡ ᠶᠢ ᠲᠤᠭᠯᠠᠨ ᠰᠤᠨᠢᠷᠬᠠᠭᠤᠯᠵᠠᠢ᠃ 1946 ᠤᠨ ᠤ 3 ᠰᠠᠷ᠎ᠠ ᠳᠤ ᠪᠦᠭᠡ ᠨᠦᠬᠦᠷ ᠥᠪᠦᠷ ᠮᠤᠩᠭᠤᠯ ᠳᠤ ᠪᠤᠴᠠᠨ ᠢᠷᠡᠵᠤ ᠠᠵᠢᠯᠯᠠᠵᠦ᠂ ᠤᠷᠢᠳ ᠬᠤᠵᠢᠳ ᠥᠪᠦᠷ ᠮᠤᠩᠭᠤᠯ ᠤᠨ ᠦᠪᠡᠷᠲᠡᠭᠡᠨ ᠵᠠᠰᠠᠬᠤ ᠳᠡᠭᠡᠳᠦ ᠰᠤᠷᠭᠠᠭᠤᠯᠢ ︵ᠤᠯᠠᠭᠠᠨᠬᠠᠳᠠ ᠳᠤ ᠪᠠᠶᠢᠪᠠ︶ ᠶᠢᠨ ᠵᠢᠭᠠᠨ ᠰᠤᠷᠭᠠᠭᠴᠢ᠂ ᠳᠡᠭᠡᠳᠦ ᠰᠤᠷᠭᠠᠭᠤᠯᠢ ᠶᠢᠨ ᠠᠵᠢᠯ ᠤᠨ ᠴᠢᠯᠦᠭᠡᠨ ᠤ ᠤᠳᠬ᠎ᠠ ᠤᠷᠠᠯᠢᠭ ᠤᠨ ᠤᠬᠠᠭᠤᠯᠬᠤ ᠠᠩᠬᠢ ᠶᠢᠨ ᠳᠠᠷᠤᠭ᠎ᠠ᠂ ᠵᠦᠰᠦᠳᠦ ᠠᠶᠢᠮᠠᠬ ᠤᠨ ᠤᠷᠠᠨ ᠰᠠᠶᠢᠬᠠᠨ ᠤ ᠪᠦᠯᠬᠦᠮ ᠤᠨ ᠳᠠᠷᠤᠭ᠎ᠠ᠂ ᠥᠪᠦᠷ ᠮᠤᠩᠭᠤᠯ ᠤᠨ ᠤᠷᠠᠨ ᠰᠠᠶᠢᠬᠠᠨ ᠤ ᠪᠦᠯᠬᠦᠮ ᠤᠨ ᠨᠠᠮ ᠤᠨ ᠡᠬᠦᠷ ᠤᠨ ᠱᠦᠵᠢ ᠪᠦᠭᠡᠳ ᠳᠡᠳ᠋ ᠳᠠᠷᠤᠭ᠎ᠠ ᠶᠢᠨ ᠲᠤᠰᠢᠶᠠᠯ ᠢ ᠡᠬᠦᠷᠭᠡᠯᠡᠵᠡᠢ᠃      1953 ᠤᠨ ᠳᠤ᠂ ᠥᠪᠦᠷ ᠮᠤᠩᠭᠤᠯ ᠤᠨ ᠤᠷᠠᠨ ᠰᠠᠶᠢᠬᠠᠨ ᠤ ᠪᠦᠯᠬᠦᠮ ᠢ ᠦᠨᠳᠦᠰᠦᠳᠡᠨ ᠤ ᠳᠠᠭᠤᠤ ᠪᠦᠵᠢᠭ ᠵᠦᠴᠦᠭᠡ ᠶᠢᠨ ᠪᠦᠯᠬᠦᠮ ᠭᠡᠵᠦ ᠨᠠᠷ᠎ᠠ ᠶᠢ ᠨᠢ ᠦᠭᠡᠷᠡᠴᠢᠯᠡᠵᠦ᠂ ᠪᠦᠭᠡ ᠨᠦᠬᠦᠷ ᠪᠦᠯᠬᠦᠮ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠲᠤᠰ ᠵᠢᠯ ᠤᠨ 9 ᠰᠠᠷ᠎ᠠ ᠠᠴᠠ 12 ᠰᠠᠷ᠎ᠠ ᠪᠤᠯᠳᠠᠯ᠎ᠠ᠂ ᠳᠡᠷᠡ ᠭᠡᠰᠡᠭ ᠪᠦᠯᠬᠦᠮ ᠤᠨ ᠭᠡᠰᠢᠬᠦᠨ ᠢ ᠳᠠᠭᠠᠭᠤᠯᠤᠨ ᠭᠤᠷᠪᠠᠳᠤᠭᠠᠷ ᠤᠳᠠᠭ᠎ᠠ ᠶᠢᠨ ᠡᠭᠡ ᠤᠯᠤᠰ ᠠᠴᠠ ᠰᠠᠶᠢᠨ ᠳᠤᠷ᠎ᠠ ᠶᠢᠨ ᠴᠡᠷᠢᠭ ᠢ ᠲᠤᠬᠤᠨᠢᠭᠤᠯᠬᠤ ᠲᠦᠯᠦᠭᠡᠯᠡᠭᠴᠢᠳ ᠤᠨ ᠪᠦᠯᠬᠦᠮ ᠳᠤ ᠤᠷᠤᠯᠴᠠᠬᠤ ᠶᠢᠨ ᠬᠠᠮᠳᠦ ᠭᠤᠷᠪᠠᠳᠤᠭᠠᠷ ᠬᠤᠪᠢᠶᠠᠷᠢ ᠪᠦᠯᠬᠦᠮ ᠢ ᠳᠠᠭᠠᠭᠤᠯᠤᠨ ᠡᠮᠦᠨ᠎ᠠ ᠹᠷᠤᠨᠲ ᠲᠤ ᠬᠦᠷᠴᠦ ᠲᠤᠬᠤᠨᠢᠭᠤᠯᠬᠤ ᠲᠤᠭᠯᠠᠯᠳᠠ ᠭᠠᠷᠭᠠᠵᠦ᠂ ᠰᠠᠶᠢᠨ ᠲᠤᠷ᠎ᠠ ᠶᠢᠨ ᠴᠡᠷᠢᠭ ᠤᠨ ᠲᠠᠷᠤᠭ᠎ᠠ ᠪᠠᠶᠢᠯᠳᠤᠬᠴᠢᠳ ᠤᠨ ᠡᠭᠡ ᠤᠷᠤᠨ ᠢᠶᠠᠨ ᠬᠠᠮᠠᠭᠠᠯᠠᠬᠤ ᠤᠷᠬᠢᠯᠤᠮ᠎ᠠ ᠬᠠᠯᠠᠭᠤᠨ ᠡᠷᠴᠢ ᠵᠤᠷᠢᠬ ᠢ ᠨᠢ ᠶᠡᠭᠡᠳᠠ ᠬᠦᠪᠴᠢᠯᠠᠵᠡᠢ᠃      1954 ᠤᠨ ᠠᠴᠠ 1966 ᠤᠨ ᠪᠤᠯᠳᠠᠯᠠᠬᠢ ︽ᠰᠤᠶᠤᠯ ᠤᠨ ᠶᠡᠭᠡ ᠬᠤᠪᠢᠰᠬᠠᠯ︾ ᠠᠴᠠ ᠡᠮᠦᠨ᠎ᠠ᠂ ᠪᠦᠭᠡ ᠨᠦᠬᠦᠷ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠲᠤᠪᠴᠢᠶᠠᠨ ᠤ ᠳᠡᠳ᠋ ᠳᠠᠷᠤᠭ᠎ᠠ᠂ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠪᠦᠭᠡᠳ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠡᠷᠬᠢᠯᠡᠭᠴᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠷᠤᠯᠠᠬᠴᠢ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠦᠪᠯᠡᠯ ᠤᠨ ᠨᠠᠮ ᠤᠨ ᠬᠤᠷᠢᠶ᠎ᠠ ᠶᠢᠨ ᠤᠷᠤᠯᠠᠬᠴᠢ ᠱᠦᠵᠢ᠂ ᠡᠷᠬᠢᠯᠡᠭᠴᠢ ᠵᠡᠷᠭᠡ ᠲᠤᠰᠢᠶᠠᠯ ᠢ ᠡᠬᠦᠷᠭᠡᠯᠡᠵᠦ ᠦᠩᠭᠡᠷᠠᠵᠠᠢ᠃ ᠡᠨᠡᠬᠦ 12 ᠵᠢᠯ ᠤᠨ ᠬᠤᠭᠤᠴᠠᠭᠠᠨ ᠳᠤ᠂ ᠲᠡᠷᠡ ᠢᠳᠡᠪᠬᠢᠳᠠᠢ ᠠᠵᠢᠯᠯᠠᠵᠦ᠂ ᠵᠤᠷᠢᠬᠳᠠᠢ ᠪᠠᠷ ᠰᠢᠨ᠎ᠠ ᠶᠢ ᠡᠬᠦᠳᠴᠦ᠂ ᠤᠷᠢᠳ ᠬᠤᠵᠢᠳ ᠥᠪᠦᠷ ᠮᠤᠩᠭᠤᠯ ᠤᠨ ᠦᠨᠳᠦᠰᠦᠳᠡᠨ ᠤ ᠵᠦᠴᠦᠭᠡ ᠶᠢᠨ ᠪᠦᠯᠬᠦᠮ᠂ ᠰᠢ ᠵᠦᠴᠦᠭᠡ ᠶᠢᠨ ᠪᠦᠯᠬᠦᠮ᠂ ᠶᠠᠷᠢᠶᠡᠳᠦ ᠵᠦᠴᠦᠭᠡ ᠶᠢᠨ ᠪᠦᠯᠬᠦᠮ᠂ ᠼᠢᠷᠺ ᠤᠨ ᠪᠦᠯᠬᠦᠮ ᠢ ᠡᠬᠦᠰᠭᠡᠨ ᠪᠠᠶᠢᠭᠤᠯᠪᠠ︔ ᠥᠪᠦᠷ ᠮᠤᠩᠭᠤᠯ ᠤᠨ ᠮᠦᠽᠸᠢ᠂ ᠨᠤᠮ ᠤᠨ ᠰᠠᠩ᠂ ᠦᠨᠳᠦᠰᠦᠳᠡᠨ ᠤ ᠳᠠᠭᠤᠷᠢᠯᠢᠭ ᠤᠨ ᠤᠷᠳᠤᠨ᠂ ᠤᠯᠠᠨ ᠲᠦᠮᠡᠨ ᠤ ᠤᠷᠠᠯᠢᠭ ᠤᠨ ᠤᠷᠳᠤᠨ᠂ ᠦᠯᠢᠭᠡᠷ ᠤᠨ ᠤᠷᠳᠤᠨ᠂ ᠦᠵᠡᠬᠦᠯᠦᠯᠭᠡ ᠶᠢᠨ ᠤᠷᠳᠤᠨ᠂ ᠤᠯᠠᠭᠠᠨ ᠲᠢᠶᠠᠳ᠋ᠷ᠂ ᠤᠷᠠᠯᠢᠭ ᠤᠨ ᠰᠤᠷᠭᠠᠭᠤᠯᠢ᠂ ᠺᠢᠨᠣ᠋ ᠦᠢᠯᠡᠳᠬᠦ ᠦᠢᠯᠡᠳᠪᠤᠷᠢ ᠶᠢ ᠪᠠᠶᠢᠭᠤᠯᠵᠦ᠂ ᠪᠦᠬᠦ ᠤᠷᠤᠨ ᠤ ᠤᠷᠠᠨ ᠵᠤᠬᠢᠶᠠᠯ᠂ ᠳᠠᠭᠤᠤ ᠬᠦᠭᠵᠢᠮ᠂ ᠪᠦᠵᠢᠭ᠂ ᠰᠢ ᠵᠦᠴᠦᠭᠡ ᠂ ᠳᠠᠭᠤᠷᠢᠯᠢᠭ᠂ ᠺᠢᠨᠣ᠋ ᠵᠡᠷᠭᠡ ᠡᠯ᠎ᠠ ᠬᠦᠷᠢᠶᠡᠨ ᠳᠤ ᠭᠠᠶᠢᠬᠠᠮᠰᠢᠬᠳᠤ ᠬᠠᠭᠤᠳᠠᠰᠤ ᠶᠢ ᠪᠢᠴᠢᠭᠯᠡᠵᠤ᠂ ᠨᠢᠭᠡ ᠪᠦᠯᠦᠭ ᠤᠳᠬ᠎ᠠ ᠵᠤᠬᠢᠶᠠᠯ ᠤᠷᠠᠯᠢᠭ ᠤᠨ ᠨᠡᠷᠡᠳᠦ ᠬᠦᠮᠦᠰ ᠪᠠ ᠰᠤᠳᠤᠨ ᠪᠦᠳᠦᠭᠡᠯ ᠢ ᠴᠤᠯᠭᠤᠷᠠᠭᠤᠯᠵᠠᠢ︔ ᠡᠬᠦᠨ ᠤ ᠵᠡᠷᠭᠡᠪᠡᠷ ᠡᠯ᠎ᠠ ᠲᠦᠷᠦᠯ ᠤᠨ ᠤᠯᠠᠨ ᠲᠦᠮᠡᠨᠴᠢ ᠴᠢᠨᠠᠷᠳᠠᠢ ᠰᠤᠶᠤᠯ ᠤᠨ ᠠᠵᠢᠯᠯᠠᠭ᠎ᠠ ᠡᠳᠦᠷ ᠢᠷᠡᠬᠦᠶ᠎ᠠ ᠡᠯᠪᠡᠭᠵᠢᠪᠡ᠃ ᠢᠯᠠᠩᠭᠤᠶ᠎ᠠ ᠮᠠᠬᠳᠠᠭᠤᠰᠢᠳᠠᠢ ᠶᠠᠪᠤᠳᠠᠯ ᠭᠡᠪᠡᠯ᠂ ᠪᠦᠬᠡ ᠨᠦᠬᠦᠷ ᠥᠪᠦᠷ ᠮᠤᠩᠭᠤᠯ ᠤᠨ ᠤᠯᠠᠭᠠᠨᠮᠦ᠋ᠴᠢᠷ ᠢ ᠰᠢᠭᠤᠳ ᠤᠳᠤᠷᠢᠳᠤᠨ ᠪᠠᠶᠢᠭᠤᠯᠪᠠ᠃ ᠡᠨᠡᠬᠦ ᠰᠢᠯᠢᠳᠡᠭ ᠤᠯᠠᠮᠵᠢᠯᠠᠯ ᠢ ᠵᠠᠯᠭᠠᠮᠵᠢᠯᠠᠬᠤ ᠶᠢᠨ ᠲᠦᠯᠦᠭᠡ᠂ ᠪᠦᠭᠡ ᠨᠦᠬᠦᠷ ᠰᠢᠯᠢ ᠶᠢᠨ ᠭᠤᠤᠯ ᠠᠶᠢᠮᠠᠬ ᠤᠨ ᠰᠦᠨᠢᠳ ᠪᠠᠷᠠᠭᠤᠨ ᠬᠤᠰᠢᠭᠤᠨ ᠤ ᠮᠠᠯᠵᠢᠬᠤ ᠤᠷᠤᠨ ᠪᠠ ᠵᠤᠤ ᠤᠳᠠ ᠠᠶᠢᠮᠠᠬ ︵ᠤᠳᠤ ᠶᠢᠨ ᠤᠯᠠᠭᠠᠨᠬᠠᠳᠠ︶ ᠤᠨ ᠤᠩᠨᠢᠭᠤᠳ ᠬᠤᠰᠢᠭᠤᠨ ᠤ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠤ ᠰᠤᠶᠤᠯ ᠤᠨ ᠠᠮᠢᠳᠤᠷᠠᠯ ᠤᠨ ᠪᠤᠳᠠᠳᠤ ᠪᠠᠶᠢᠳᠠᠯ ᠢ ᠦᠨᠳᠦᠰᠦᠯᠡᠵᠦ᠂ ᠬᠤᠶᠠᠷ ᠭᠠᠵᠠᠷ ᠤᠨ ᠬᠢᠨ ᠢ ᠵᠢᠯᠤᠭᠤᠳᠴᠦ ᠪᠠᠶᠢᠭᠠᠳ ᠬᠦᠳᠡᠯᠦᠩᠬᠦᠢ ᠪᠠᠶᠢᠳᠠᠯ ᠳᠤ ᠲᠤᠬᠢᠷᠠᠬᠤ᠂ ᠲᠤᠨᠤᠭ ᠲᠦᠬᠦᠭᠡᠷᠤᠮᠵᠢ ᠬᠦᠩᠭᠡᠨ ᠠᠪᠰᠠᠷ᠂ ᠡᠩᠨᠡᠭᠡ ᠪᠠᠭ᠎ᠠ ᠰᠤᠳᠤᠨ᠂ ᠭᠡᠰᠢᠭᠦᠳ ᠨᠢ ᠨᠢᠭᠡ ᠵᠦᠢᠯ ᠳᠤ ᠮᠡᠷᠭᠡᠰᠢᠵᠤ ᠤᠯᠠᠨ ᠵᠦᠢᠯ ᠢ ᠴᠢᠳᠠᠬᠤ ᠪᠠᠭ᠎ᠠ ᠭᠡᠪᠴᠢᠶᠡᠨ ᠤ ᠤᠳᠬ᠎ᠠ ᠤᠷᠠᠯᠢᠭ ᠤᠨ ᠠᠵᠢᠯ ᠤᠨ ᠲᠤᠭᠤᠢᠢᠯᠠᠩ ᠢ ᠪᠠᠶᠢᠭᠤᠯᠵᠦ᠂ ᠲᠤᠭᠯᠠᠯᠳᠠ ᠭᠠᠷᠭᠠᠬᠤ ᠪᠠᠷ ᠭᠤᠤᠯᠳᠠᠭᠤᠯᠬᠤ ᠶᠢᠨ ᠵᠡᠷᠬᠡᠪᠡᠷ ᠤᠬᠠᠭᠤᠯᠬᠤ᠂ ᠬᠠᠪᠰᠤᠷᠤᠨ ᠵᠢᠯᠤᠭᠤᠳᠬᠤ᠂ ᠦᠢᠯᠡᠴᠢᠯᠡᠬᠦ ᠠᠵᠢᠯ ᠢ ᠬᠠᠪᠰᠤᠷᠭᠠᠨ ᠬᠢᠵᠦ᠂ ᠤᠯᠠᠭᠠᠨᠮᠦ᠋ᠴᠢᠷ ᠭᠡᠮᠡᠨ ᠨᠡᠷᠡᠯᠡᠵᠡᠢ᠃ ᠬᠤᠵᠢᠮ ᠨᠢ ᠡᠨᠡ ᠬᠤᠶᠠᠷ ᠬᠤᠰᠢᠭᠤᠨ ᠤ ᠲᠤᠷᠰᠢᠯᠭ᠎ᠠ ᠶᠢ ᠳᠡᠯᠭᠡᠷᠡᠭᠦᠯᠬᠦ ᠪᠠᠷ ᠲᠠᠮᠵᠢᠨ ᠤᠯᠠᠭᠠᠨᠮᠦ᠋ᠴᠢᠷ ᠢ ᠲᠠᠯ᠎ᠠ ᠨᠤᠲᠤᠭ ᠤᠨ ᠭᠠᠵᠠᠷ ᠪᠤᠯᠭᠠᠨ ᠳᠤ ᠦᠨᠳᠦᠰᠦᠯᠡᠭᠦᠯᠦᠨ ᠤᠷᠭᠤᠭᠤᠯᠪᠠ᠃ 1964 ᠤᠨ ᠳᠤ᠂ ᠪᠦᠬᠡ ᠨᠦᠬᠦᠷ ᠤᠯᠠᠭᠠᠨᠮᠦ᠋ᠴᠢᠷ ᠢ ᠳᠠᠭᠠᠭᠤᠯᠵᠤ ᠪᠡᠭᠡᠵᠢᠩ ᠳᠤ ᠲᠤᠭᠯᠠᠯᠳᠠ ᠭᠠᠷᠭᠠᠭᠠᠳ ᠮᠠᠤ ᠽᠧ ᠳ᠋ᠦᠩ᠂ ᠵᠸᠤ ᠡᠸ᠋ᠨ ᠯᠠᠢ᠂ ᠳ᠋ᠧᠩ ᠰᠢᠶᠤᠤ ᠫᠢᠩ ᠵᠡᠷᠭᠡ ᠨᠠᠮ ᠪᠤᠯᠤᠨ ᠲᠦᠷᠦ ᠶᠢᠨ ᠤᠳᠤᠷᠢᠳᠬᠤ ᠬᠦᠮᠦᠰ ᠤᠨ ᠳᠤᠳᠤᠨᠤ ᠠᠭᠤᠯᠵᠠᠯᠳᠠ ᠪᠠ ᠦᠨᠳᠦᠷ ᠦᠨᠡᠯᠡᠯᠳᠡ ᠶᠢ ᠬᠦᠷᠳᠡᠵᠠᠢ᠃ 1965 ᠤᠨ ᠳᠤ᠂ ᠶᠡᠷᠦᠩᠬᠡᠢ ᠰᠠᠶᠢᠳ ᠵᠸᠤ ᠡᠸ᠋ᠨ ᠯᠠᠢ ᠶᠢᠨ ᠵᠢᠭᠠᠪᠤᠷᠢ ᠪᠠᠷ᠂ ᠪᠦᠬᠡ ᠨᠦᠬᠦᠷ ᠤᠯᠠᠭᠠᠨᠮᠦ᠋ᠴᠢᠷ ᠢ ᠵᠤᠬᠢᠶᠠᠨ ᠪᠠᠶᠢᠭᠤᠯᠵᠤ 4 ᠵᠠᠮ ᠬᠤᠪᠢᠶᠠᠨ ᠪᠦᠬᠦ ᠤᠯᠤᠰ ᠤᠨ 27 ᠮᠤᠵᠢ ᠬᠤᠲᠠ ᠤᠷᠤᠨ ᠢᠶᠠᠷ ᠲᠤᠭᠯᠠᠯᠳᠠ ᠭᠠᠷᠭᠠᠵᠤ᠂ ᠰᠠᠶᠢᠨ ᠦᠨᠡᠯᠡᠯᠳᠡ ᠤᠯᠪᠠ᠃ ᠦᠭᠡᠷᠡᠴᠢᠯᠡᠯᠳᠡ ᠨᠡᠬᠡᠬᠡᠯᠳᠡ ᠬᠢᠭᠰᠡᠨ ᠠᠴᠠ ᠤᠳᠤ ᠪᠤᠯᠳᠠᠯ᠎ᠠ᠂ ᠪᠦᠬᠦ ᠤᠷᠤᠨ ᠤ ᠤᠯᠠᠭᠠᠨᠮᠦ᠋ᠴᠢᠷ 75 ᠪᠤᠯᠤᠨ ᠨᠡᠮᠡᠭᠳᠡᠵᠤ᠂ 3000 ᠭᠠᠷᠤᠢ ᠭᠡᠰᠢᠭᠦᠨ ᠲᠠᠢ ᠪᠤᠯᠵᠤ᠂ ᠵᠢᠯ ᠪᠦᠷᠢ ᠶᠢᠨ ᠲᠤᠭᠯᠠᠯᠳᠠ ᠨᠢ 7000 ᠤᠳᠠᠭ᠎ᠠ ᠶᠢ ᠳᠠᠪᠠᠵᠤ ᠪᠠᠶᠢᠨ᠎ᠠ᠃      ᠪᠦᠬᠡ ᠨᠦᠬᠦᠷ ᠨᠢᠭᠡ ᠨᠠᠰᠤ ᠪᠠᠷ ᠢᠶᠠᠨ ᠪᠢᠷ ᠦᠵᠦᠭ ᠠᠴᠠ ᠶᠡᠷᠦ ᠰᠠᠯᠤᠭᠰᠠᠨ ᠦᠭᠡᠢ᠂ ᠲᠡᠭᠦᠨ ᠤ ᠵᠤᠬᠢᠶᠠᠨ ᠪᠦᠲᠦᠭᠡᠭᠰᠡᠨ ᠪᠦᠵᠢᠭᠳᠦ ᠵᠦᠴᠦᠭᠡ ︽ᠲᠤᠬᠤᠨᠢᠭᠤᠯᠬᠤ ᠤᠭᠤᠳᠠ︾ ᠪᠤᠯᠤᠨ ᠶᠠᠷᠢᠶᠠᠳᠤ ᠵᠦᠴᠦᠭᠡ ︽ᠦᠯᠵᠢ ᠶᠢᠨ ᠲᠦᠷᠦᠭᠰᠡᠨ ᠡᠳᠦᠷ︾᠂ ︽ᠴᠡᠷᠢᠭ ᠤᠨ ᠬᠦᠨᠡᠰᠦ ᠬᠦᠷᠭᠡᠭᠰᠡᠨ ᠨᠢ︾᠂ ︽ᠸᠠᠩ ᠸᠧᠨ ᠬᠤᠸᠠᠨ︾᠂ ︽ᠬᠠᠶᠢᠳᠠᠩ ︾ ᠵᠡᠷᠭᠡ ᠨᠢ ᠳᠤᠮᠳᠠᠳᠤ ᠤᠯᠤᠰ ᠤᠨ ᠤᠷᠤᠨ ᠨᠤᠲᠤᠭ ᠤᠨ ᠰᠢ ᠵᠦᠴᠦᠭᠡ ᠶᠢᠨ ᠲᠡᠭᠦᠪᠦᠷᠢ ᠪᠤᠯᠤᠨ ᠦᠪᠦᠷ ᠮᠤᠩᠭᠤᠯ ᠤᠨ ᠰᠢ ᠵᠦᠴᠦᠭᠡ ᠶᠢᠨ ᠲᠡᠭᠦᠪᠦᠷᠢ ᠳᠤ ᠲᠡᠭᠦᠪᠦᠷᠢᠯᠡᠭᠳᠡᠪᠡ᠃ ᠲᠡᠷᠡ 50 ᠭᠠᠷᠤᠢ ᠵᠢᠯ ᠰᠢᠯᠦᠭ ᠪᠢᠴᠢᠵᠤ᠂ ︽ᠰᠢᠯᠦᠭ ᠤᠨ ᠲᠠᠯᠠᠢ ᠪᠠᠷ ᠠᠶᠠᠯᠠᠬᠰᠠᠨ ᠨᠢ︾᠂ ︽ᠪᠦᠬᠡ ᠶᠢᠨ ᠰᠢᠯᠦᠭ ᠤᠨ ᠲᠡᠭᠦᠪᠦᠷᠢ︾ ᠵᠡᠷᠭᠡ ᠪᠦᠲᠦᠭᠡᠯ ᠢ ᠲᠤᠭᠤᠷᠪᠢᠬᠰᠠᠨ ᠪᠠᠶᠢᠨ᠎ᠠ᠃ ᠪᠦᠬᠡ ᠬᠡᠳᠦᠨ ᠠᠷᠪᠠᠨ ᠵᠢᠯ ᠤᠷᠠᠨ ᠪᠢᠴᠢᠯᠭᠡ ᠪᠤᠯᠪᠠᠰᠤᠷᠠᠵᠤ᠂ ︽ᠪᠦᠬᠡ ᠶᠢᠨ ᠤᠷᠠᠨ ᠪᠢᠴᠢᠯᠭᠡ ᠶᠢᠨ ᠲᠡᠭᠦᠪᠦᠷᠢ︾ ᠶᠢ ᠬᠡᠪᠯᠡᠭᠦᠯᠪᠡ᠃ 2016 ᠤᠨ ᠳᠤ᠂ ᠪᠦᠬᠡ ᠨᠦᠬᠦᠷ ᠦᠪᠡᠷ ᠤᠨ ᠪᠢᠴᠢᠭᠰᠡᠨ 4000 ᠭᠠᠷᠤᠢ ᠤᠷᠠᠨ ᠪᠢᠴᠢᠯᠭᠡ ᠶᠢᠨ ᠪᠦᠲᠦᠭᠡᠯ ᠢᠶᠠᠨ ᠲᠦᠷᠦᠭᠰᠡᠨ ᠨᠤᠲᠤᠭ ᠦᠪᠦᠷ ᠮᠤᠩᠭᠤᠯ ᠳᠠᠭᠠᠨ ᠪᠡᠯᠡᠭᠯᠡᠵᠤ ᠂ ᠦᠪᠦᠷ ᠮᠤᠩᠭᠤᠯ ᠤᠨ ᠮᠦᠽᠸᠢ ᠳᠤ ᠬᠠᠳᠠᠭᠠᠯᠠᠭᠳᠠᠵᠠᠢ᠃ ᠪᠦᠬᠡ ᠨᠦᠬᠦᠷ ᠤᠳᠬ᠎ᠠ ᠵᠤᠬᠢᠶᠠᠯ ᠤᠨ ᠤᠨᠤᠯ ᠪᠤᠯᠤᠨ ᠤᠳᠬ᠎ᠠ ᠤᠷᠠᠯᠢᠭ ᠤᠨ ᠰᠢᠭᠦᠮᠵᠢ ᠶᠢᠨ ᠲᠠᠯ᠎ᠠ ᠪᠠᠷ ᠬᠢ ᠰᠤᠳᠤᠯᠭᠠᠨ ᠢ ᠮᠠᠰᠢ ᠴᠢᠬᠤᠯᠠᠴᠢᠯᠠᠵᠤ ᠪᠠᠶᠢᠯ᠎ᠠ᠂ ︽ᠨᠡᠶᠢᠭᠡᠮ ᠵᠢᠷᠤᠮ ᠤᠨ ᠤᠳᠬ᠎ᠠ ᠵᠤᠬᠢᠶᠠᠯ ᠤᠷᠠᠯᠢᠭ ᠢ ᠴᠡᠴᠡᠭᠯᠡᠭᠦᠯᠦᠶ᠎ᠠ︾᠂ ︽ᠰᠤᠶᠤᠯ ᠨᠢ ᠮᠠᠯᠴᠢᠨ ᠲᠠᠷᠢᠶᠠᠴᠢᠨ ᠳᠤ ᠨᠡᠩ ᠰᠠᠶᠢᠨ ᠢᠶᠠᠷ ᠦᠢᠯᠡᠴᠢᠯᠡᠬᠦ ᠬᠡᠷᠡᠭᠳᠠᠢ︾᠂ ︽ᠦᠨᠳᠦᠰᠦᠳᠡᠨ ᠤ ᠰᠢᠨ᠎ᠠ ᠰᠤᠶᠤᠯ ᠢ ᠪᠠᠶᠢᠭᠤᠯᠤᠶ᠎ᠠ︾ ᠵᠡᠷᠭᠡ ᠠᠯᠢ ᠤᠯᠠᠨ ᠤᠳᠬ᠎ᠠ ᠵᠤᠬᠢᠶᠠᠯ ᠤᠨ ᠤᠨᠤᠯ ᠤᠨ ᠲᠤᠬᠠᠢ ᠪᠦᠲᠦᠭᠡᠯ ᠨᠡᠶᠢᠳᠡᠯᠡᠵᠤ᠂ ︽ᠪᠦᠬᠡ ᠶᠢᠨ ᠤᠳᠬ᠎ᠠ ᠵᠤᠬᠢᠶᠠᠯ ᠤᠷᠠᠯᠢᠭ ᠤᠨ ᠦᠭᠦᠯᠡᠯ ᠤᠨ ᠲᠡᠭᠦᠪᠦᠷᠢ︾᠂ ︽ᠰᠤᠶᠤᠯ ᠤᠨ ᠠᠵᠢᠯ ᠤᠨ ᠲᠤᠬᠠᠢ ᠰᠤᠯᠠ ᠶᠠᠷᠢᠯᠴᠠᠭᠠᠨ ᠤ ᠲᠡᠭᠦᠪᠦᠷᠢ ︾ ᠵᠡᠷᠭᠡ ᠶᠢ ᠲᠤᠭᠤᠷᠪᠢᠵᠤ᠂ ᠮᠠᠨ ᠤ ᠤᠯᠤᠰ ᠤᠨ ᠦᠨᠳᠦᠰᠦᠳᠡᠨ ᠤ ᠰᠤᠶᠤᠯ ᠤᠨ ᠬᠦᠭᠵᠢᠯ ᠴᠡᠴᠡᠭᠯᠡᠯ ᠳᠤ ᠬᠦᠴᠦᠳᠠᠢ ᠠᠬᠢᠭᠤᠯᠬᠤ ᠦᠢᠯᠡᠳᠦᠯ ᠦᠵᠡᠭᠦᠯᠪᠡ᠃      ᠭᠤᠷᠪᠠ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠪᠠ ᠬᠠᠤᠯᠢ ᠲᠦᠷᠢᠮ ᠢ ᠦᠨᠡᠨᠴᠢ ᠪᠠᠷ ᠭᠦᠢᠴᠡᠳᠭᠡᠨ ᠨᠠᠶᠢᠳᠠᠪᠤᠷᠢᠵᠢᠭᠤᠯᠪᠠ      1993 ᠤᠨ ᠤ 3 ᠰᠠᠷ᠎ᠠ ᠠᠴᠠ ᠰᠡᠭᠦᠯᠡᠷ᠂ ᠪᠦᠬᠡ ᠨᠦᠬᠦᠷ ᠨᠠᠢᠮᠠᠳᠤᠭᠠᠷ ᠬᠤᠭᠤᠴᠠᠭ᠎ᠠ᠂ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠶᠢᠨ ᠲᠤᠰᠢᠶᠠᠯ ᠢ ᠵᠠᠯᠭᠠᠪᠡᠷ ᠬᠠᠷᠢᠭᠤᠴᠠᠵᠤ᠂ ᠤᠷᠢᠳ ᠬᠤᠵᠢᠳ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠨᠳᠦᠰᠦᠳᠡᠨ ᠤ ᠵᠦᠪᠯᠡᠯ᠂ ᠬᠦᠳᠡᠭᠡ ᠠᠵᠤ ᠠᠬᠤᠢ ᠪᠠ ᠬᠦᠳᠡᠭᠡ ᠲᠤᠰᠬᠤᠨ ᠤ ᠵᠦᠪᠯᠡᠯ ᠲᠠᠢ ᠬᠠᠷᠢᠯᠴᠠᠵᠤ ᠪᠠᠶᠢᠵᠠᠢ᠃ ᠡᠨᠡᠬᠦ 10 ᠵᠢᠯ ᠳᠤ᠂ ᠲᠡᠷᠡ ᠶᠡᠷᠦᠨᠢ ︽ᠨᠦᠭᠦᠳ ᠲᠠᠢ ᠪᠠᠨ ᠪᠦᠯᠬᠦᠮᠳᠡᠵᠤ᠂ ᠬᠦᠮᠦᠨ ᠳᠤ ᠲᠤᠰᠠ ᠬᠢᠵᠤ ᠶᠠᠪᠤᠭᠠᠷᠠᠢ︔ ᠰᠠᠬᠢᠯᠭ᠎ᠠ ᠪᠠᠳᠤ ᠬᠠᠤᠯᠢ ᠴᠠᠭᠠᠵᠠ ᠶᠢ ᠵᠢᠷᠤᠮᠯᠡᠵᠤ᠂ ᠰᠢᠷᠭᠠᠭᠤ ᠬᠠᠳᠠᠭᠤᠵᠢᠯᠳᠠᠢ ᠠᠵᠢᠯᠯᠠᠵᠤ ᠰᠤᠷᠤᠯᠴᠠᠭᠠᠷᠠᠢ︔ ᠴᠠᠭ ᠦᠶ᠎ᠠ ᠶᠢ ᠲᠠᠭᠠᠨ ᠪᠦᠬᠦ ᠲᠠᠯ᠎ᠡ ᠪᠠᠷ ᠤᠷᠤᠭᠰᠢᠯᠠᠵᠤ᠂ ᠠᠯᠤᠰ ᠤᠨ ᠬᠦᠰᠡᠯ ᠵᠤᠷᠢᠯᠳᠠ ᠲᠠᠢ ᠪᠠᠶᠢᠭᠠᠷᠠᠢ︔ ᠦᠶ᠎ᠠ ᠦᠶ᠎ᠠ ᠪᠠᠷ ᠤᠯᠠᠮᠵᠢᠯᠠᠪᠠᠯ᠂ ᠬᠦᠰᠡᠯᠡᠩ ᠢᠶᠠᠨ ᠯᠠᠪᠳᠠᠢ ᠪᠡᠶᠡᠯᠡᠭᠦᠯᠵᠤ ᠳᠡᠶᠢᠯᠦᠨ᠎ᠠ︾ ᠭᠡᠬᠦ ᠦᠭᠡ ᠪᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠶᠢᠨ ᠨᠦᠭᠦᠳ ᠢᠶᠠᠨ ᠵᠤᠷᠢᠭᠵᠢᠭᠤᠯᠳᠠᠭ ᠶᠤᠮ᠃ ᠳᠡᠷᠡ ᠨᠠᠮ ᠤᠨ ᠤᠳᠤᠷᠢᠳᠤᠯᠭ᠎ᠠ᠂ ᠠᠷᠠᠳ ᠳᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠬ ᠢᠶᠠᠷ ᠤᠶᠠᠯᠳᠤᠭᠤᠯᠬᠤ ᠶᠢ ᠢᠮᠠᠬᠳᠠ ᠪᠠᠷᠢᠮᠳᠠᠯᠠᠵᠤ ᠪᠠᠶᠢᠪᠠ︔ ᠳᠤᠮᠳᠠᠳᠤ ᠤᠯᠤᠰ ᠤᠨ ᠤᠨᠴᠠᠯᠢᠬ ᠲᠠᠢ ᠦᠨᠳᠦᠰᠦᠳᠡᠨ ᠤ ᠠᠰᠠᠭᠤᠳᠠᠯ ᠢ ᠵᠦᠪ ᠢᠶᠠᠷ ᠰᠢᠢᠳᠪᠤᠷᠢᠯᠡᠬᠦ ᠵᠠᠮ ᠢ ᠪᠠᠷᠢᠮᠳᠠᠯᠠᠵᠦ᠂ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠢ ᠳᠤᠤᠱᠳᠠᠢ ᠨᠠᠶᠢᠳᠠᠪᠤᠷᠢᠵᠢᠭᠤᠯᠬᠤ ᠶᠢ ᠢᠳᠡᠪᠬᠢᠳᠡᠢ ᠠᠬᠢᠭᠤᠯᠪᠠ᠃ 1997 ᠤᠨ ᠤ 8 ᠰᠠᠷ᠎ᠠ ᠳᠤ᠂ ᠪᠦᠬᠡ ᠨᠦᠬᠦᠷ ︽ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠦᠨᠳᠦᠰᠦᠨ ᠵᠠᠷᠴᠢᠮ᠂ ᠳᠦᠷᠦ ᠶᠢᠨ ᠪᠤᠳᠤᠯᠭ᠎ᠠ ᠂ ᠳᠤᠷᠰᠢᠯᠭ᠎ᠠ ᠵᠢᠴᠢ ᠡᠬᠦᠷᠬᠡ ᠶᠢᠨ ᠲᠤᠬᠠᠢ︾ ᠬᠡᠬᠦ ᠵᠤᠬᠢᠶᠠᠯ ᠳᠠᠭᠠᠨ᠄ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠪᠤᠯ ᠮᠠᠨ ᠤ ᠤᠯᠤᠰ ᠤᠨ ᠦᠨᠳᠦᠰᠦᠨ ᠤᠯᠤᠰ ᠳᠦᠷᠦ ᠶᠢᠨ ᠪᠠᠶᠢᠭᠤᠯᠤᠯ ᠪᠤᠯᠤᠨ᠎ᠠ᠂ ᠡᠨᠡ ᠨᠢ ᠨᠡᠶᠢᠭᠡᠮ ᠵᠢᠷᠤᠮ ᠤᠨ ᠦᠨᠳᠦᠰᠦᠳᠡᠨ ᠤ ᠤᠯᠤᠰ ᠳᠦᠷᠦ ᠶᠢᠨ ᠤᠨᠴᠠᠯᠢᠬ ᠢ ᠬᠠᠷᠠᠭᠤᠯᠤᠭᠰᠠᠨ ᠢᠶᠠᠷ ᠪᠠᠷᠠᠬᠤ ᠦᠬᠡᠢ᠂ ᠪᠠᠰᠠ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠢ ᠪᠦᠳᠦᠬᠡᠨ ᠪᠠᠶᠢᠭᠤᠯᠬᠤ ᠴᠢᠬᠤᠯᠠ ᠤᠯᠤᠰ ᠳᠦᠷᠦ ᠶᠢᠨ ᠪᠠᠳᠤᠯᠠᠭ᠎ᠠ ᠪᠤᠯᠤᠨ᠎ᠠ ᠬᠡᠵᠦ ᠴᠢᠬᠤᠯᠠᠴᠢᠯᠠᠪᠠ᠃ ᠳᠡᠷᠡ 50 ᠵᠢᠯ ᠤᠨ ᠳᠤᠷᠰᠢᠬᠢ ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠢ ᠬᠡᠷᠡᠭᠵᠢᠬᠦᠯᠦᠭᠰᠡᠨ ᠵᠢᠷᠭᠤᠭᠠᠨ ᠦᠨᠳᠦᠰᠦᠨ ᠳᠤᠷᠰᠢᠯᠭ᠎ᠠ ᠶᠢ ᠳ᠋ᠦᠩᠨᠡᠪᠡ᠄ ᠬᠠᠮᠤᠬ ᠤᠨ ᠦᠨᠳᠦᠰᠦᠨ ᠵᠦᠢᠯ ᠬᠡᠪᠡᠯ᠂ ᠡᠷᠬᠡᠪᠰᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠭᠡᠷᠡᠭᠲᠡᠢ︔ ᠨᠢᠬᠡᠳᠦᠯᠳᠠᠢ ᠪᠠᠶᠢᠬᠤ ᠪᠠ ᠦᠪᠡᠷᠳᠡᠬᠡᠨ ᠵᠠᠰᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠳᠠᠯᠠᠬᠤ ᠭᠡᠷᠡᠭᠲᠡᠢ︔ ᠨᠡᠶᠢᠭᠡᠮ ᠵᠢᠷᠤᠮ ᠤᠨ ᠦᠨᠳᠦᠰᠦᠳᠡᠨ ᠤ ᠬᠠᠤᠯᠢ ᠳᠦᠷᠢᠮ ᠤᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠲᠡᠢ︔ ᠦᠨᠳᠦᠰᠦᠳᠡᠨ ᠤ ᠦᠪᠡᠷᠳᠡᠬᠡᠨ ᠵᠠᠰᠠᠬᠤ ᠭᠠᠵᠠᠷ ᠤᠷᠤᠨ ᠤ ᠠᠵᠦ ᠠᠬᠤᠢ ᠶᠢ ᠳᠦᠷᠬᠡᠨ ᠬᠦᠭᠵᠢᠬᠦᠯᠬᠦ ᠭᠡᠷᠡᠭᠲᠡᠢ︔ ᠴᠦᠬᠡᠨ ᠳᠤᠭᠠᠳᠤ ᠦᠨᠳᠦᠰᠦᠳᠡᠨ ᠤ ᠺᠠᠳ᠋ᠷᠴᠤᠳ ᠢ ᠶᠡᠬᠡᠪᠡᠷ ᠬᠦᠮᠦᠵᠢᠬᠦᠯᠬᠦ ᠭᠡᠷᠡᠭᠲᠡᠢ︔ ᠦᠨᠳᠦᠰᠦᠳᠡᠨ ᠨᠦᠭᠦᠳ ᠤᠨ ᠤᠯᠤᠰ ᠳᠦᠷᠦ᠂ ᠠᠵᠦ ᠠᠬᠤᠢ᠂ ᠰᠤᠶᠤᠯ ᠤᠨ ᠤᠨᠴᠠᠯᠢᠬ ᠠᠴᠠ ᠡᠬᠦᠰᠬᠦ ᠶᠢ ᠪᠠᠷᠢᠮᠳᠠᠯᠠᠬᠤ ᠬᠡᠷᠡᠭᠳᠡᠢ ᠬᠡᠪᠡ᠃ 1998 ᠤᠨ ᠤ 3 ᠰᠠᠷ᠎ᠠ ᠳᠤ ᠪᠦᠬᠡ ᠨᠦᠬᠦᠷ ︽ᠳ᠋ᠧᠩ ᠰᠢᠶᠤᠤ ᠫᠢᠩ ᠤᠨ ᠦᠨᠳᠦᠰᠦᠳᠡᠨ ᠤ ᠠᠰᠠᠭᠤᠳᠠᠯ ᠤᠨ ᠤᠨᠤᠯ ᠢ ᠰᠤᠷᠤᠯᠴᠠᠵᠦ᠂ ᠦᠨᠳᠦᠰᠦᠳᠡᠨ ᠤ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠤᠶ᠎ᠠ︾ ᠬᠡᠬᠦ ᠵᠤᠬᠢᠶᠠᠯ ᠳᠠᠭᠠᠨ᠄ ᠡᠷᠬᠡᠪᠰᠢ ᠤᠯᠤᠰ ᠤᠨ ᠦᠨᠢ ᠤᠳᠠᠭᠠᠨ ᠠᠮᠤᠷ ᠳᠤᠬᠳᠠᠭᠤᠨ ᠪᠠᠶᠢᠬᠤ᠂ ᠦᠨᠳᠦᠰᠦᠳᠡᠨ ᠪᠦᠬᠦᠨ ᠢ ᠬᠦᠭᠵᠢᠬᠦᠯᠦᠨ ᠮᠠᠨᠳᠤᠭᠤᠯᠬᠤ ᠦᠨᠳᠤᠷᠴᠠ ᠠᠴᠠ ᠦᠨᠳᠦᠰᠦᠳᠡᠨ ᠤ ᠠᠰᠠᠭᠤᠳᠠᠯ ᠢ ᠴᠢᠬᠤᠯᠠᠴᠢᠯᠠᠵᠤ᠂ ᠦᠨᠳᠦᠰᠦᠳᠡᠨ ᠤ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠠᠰᠠᠭᠤᠳᠠᠯ ᠢ ᠴᠢᠬᠤᠯᠠᠴᠢᠯᠠᠬᠤ ᠬᠡᠷᠡᠭᠳᠡᠢ︔ ᠪᠦᠬᠦ ᠤᠯᠤᠰ ᠤᠨ ᠴᠢᠨᠠᠷᠳᠠᠢ ᠦᠬᠡᠷᠡᠴᠢᠯᠡᠯᠳᠡ ᠶᠢᠨ ᠳᠦᠷᠦ ᠶᠢᠨ ᠪᠤᠳᠤᠯᠭ᠎ᠠ ᠶᠢ ᠳᠤᠬᠳᠠᠭᠠᠬᠤ ᠳᠤ ᠡᠷᠬᠡᠪᠰᠢ ᠦᠨᠳᠦᠰᠦᠳᠡᠨ ᠤ ᠭᠠᠵᠠᠷ ᠤᠷᠤᠨ ᠤ ᠪᠤᠳᠠᠳᠤ ᠪᠠᠶᠢᠳᠠᠯ ᠠᠴᠠ ᠡᠬᠦᠰᠴᠤ ᠪᠠᠶᠢᠭᠠᠳ᠂ ᠤᠯᠤᠰ ᠤᠨ ᠳᠡᠮᠵᠢᠯᠭᠡ ᠪᠤᠯᠤᠨ ᠬᠠᠪᠰᠤᠷᠤᠯᠭ᠎ᠠ ᠶᠢ ᠦᠨᠡᠨ ᠪᠤᠳᠠᠳᠠᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ︔ ᠦᠨᠳᠦᠰᠦᠳᠡᠨ ᠤ ᠭᠠᠵᠠᠷ ᠤᠷᠤᠨ ᠡᠷᠬᠡᠪᠰᠢ ᠦᠵᠡᠯ ᠰᠠᠨᠠᠭ᠎ᠠ ᠪᠠᠨ ᠴᠢᠨᠠᠬᠰᠢᠳᠠ ᠴᠢᠯᠦᠬᠡᠯᠡᠵᠦ᠂ ᠤᠯᠠᠮᠵᠢᠯᠠᠯᠳᠤ ᠳᠦᠯᠦᠪᠯᠡᠬᠡᠳᠦ ᠠᠵᠦ ᠠᠬᠤᠢ ᠶᠢᠨ ᠪᠠᠶᠢᠭᠤᠯᠤᠮᠵᠢ ᠠᠴᠠ ᠨᠡᠶᠢᠭᠡᠮ ᠵᠢᠷᠤᠮ ᠤᠨ ᠵᠠᠬ᠎ᠠ ᠳᠡᠯᠬᠡᠬᠦᠷ ᠤᠨ ᠠᠵᠤ ᠠᠬᠤᠢ ᠶᠢᠨ ᠪᠠᠶᠢᠭᠤᠯᠤᠮᠵᠢ ᠳᠡᠰᠢ ᠬᠤᠪᠢᠷᠠᠬᠤ ᠶᠢ ᠠᠯᠬᠤᠮ ᠠᠯᠬᠤᠮ ᠢᠶᠠᠷ ᠪᠡᠶᠡᠯᠡᠬᠦᠯᠵᠦ᠂ ᠠᠵᠦ ᠠᠬᠤᠢ ᠶᠢ ᠪᠦᠳᠦᠬᠦᠯᠢᠭ ᠨᠡᠮᠡᠭᠳᠡᠯ ᠤᠨ ᠬᠡᠯᠪᠡᠷᠢ ᠠᠴᠠ ᠡᠷᠴᠢᠮᠯᠢᠭ ᠬᠡᠯᠪᠡᠷᠢ ᠳᠡᠰᠢ ᠬᠤᠪᠢᠷᠠᠭᠤᠯᠬᠤ ᠬᠡᠷᠡᠭᠳᠡᠢ ᠬᠡᠵᠦ ᠳᠤᠷᠠᠳᠤᠬᠰᠠᠨ ᠪᠠᠶᠢᠨ᠎ᠠ᠃ ᠪᠦᠬᠡ ᠶᠢᠨ ᠢᠳᠡᠪᠬᠢᠳᠡᠢ ᠠᠬᠢᠭᠤᠯᠭ᠎ᠠ ᠪᠠᠷ᠂ 2001 ᠤᠨ ᠤ 2 ᠰᠠᠷ᠎ᠠ ᠳᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 20 ᠳ᠋ᠤᠭᠠᠷ ᠬᠤᠷᠠᠯ ᠠᠴᠠ 1984 ᠤᠨ ᠳᠤ ᠨᠡᠶᠢᠳᠡᠯᠡᠭᠰᠡᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠬᠠᠤᠯᠢ︾ ᠳᠤ ᠵᠠᠰᠠᠪᠤᠷᠢ ᠤᠷᠤᠭᠤᠯᠵᠦ᠂ ᠡᠨᠡᠬᠦ ᠴᠢᠬᠤᠯᠠ ᠬᠠᠤᠯᠢ ᠨᠢ ᠰᠢᠨ᠎ᠠ ᠴᠠᠬ ᠦᠶ᠎ᠠ ᠰᠢᠨ᠎ᠠ ᠱᠠᠳᠤ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠤᠯᠤᠰ ᠤᠨ ᠪᠠᠶᠢᠳᠠᠯ ᠳᠤ ᠨᠡᠩ ᠰᠠᠶᠢᠨ ᠵᠤᠬᠢᠴᠠᠵᠦ ᠴᠢᠳᠠᠬᠤ ᠪᠤᠯᠵᠠᠢ᠃      ᠪᠦᠭᠡ ᠨᠦᠭᠦᠷ ᠦᠷᠭᠦᠯᠵᠢ ᠲᠠᠪᠤᠨ ᠶᠡᠭᠡ ᠦᠪᠡᠷᠳᠡᠭᠡᠨ ᠵᠠᠰᠠᠬᠤ ᠤᠷᠤᠨ ᠪᠡ ᠪᠦᠭᠦ ᠤᠯᠤᠰ ᠤᠨ ᠭᠡᠰᠡᠭ ᠦᠪᠡᠷᠳᠡᠭᠡᠨ ᠵᠠᠰᠠᠬᠤ ᠵᠸᠦ ᠪᠤᠯᠤᠨ ᠦᠪᠡᠷᠳᠡᠭᠡᠨ ᠵᠠᠰᠠᠬᠤ ᠰᠢᠶᠠᠨ ︵ᠬᠤᠰᠢᠭᠤ︶ ᠳᠤ ᠭᠦᠨᠵᠡᠭᠡᠶᠢᠷᠡᠵᠤ᠂ ᠦᠨᠳᠤᠰᠤᠳᠡᠨ ᠤ ᠭᠠᠵᠠᠷ ᠤᠷᠤᠨ ᠤ ᠠᠵᠤ ᠠᠬᠤᠢ ᠨᠡᠶᠢᠭᠡᠮ ᠰᠤᠶᠤᠯ ᠢ ᠭᠦᠭᠵᠢᠭᠦᠯᠭᠦ᠂ ᠪᠠᠷᠠᠭᠤᠨ ᠤᠷᠤᠨ ᠢ ᠶᠡᠭᠡᠪᠡᠷ ᠨᠡᠭᠡᠭᠡᠨ ᠭᠦᠭᠵᠢᠭᠦᠯᠭᠦ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ᠂ ᠴᠦᠭᠡᠨ ᠲᠤᠭᠠᠳᠤ ᠦᠨᠳᠤᠰᠤᠳᠡᠨ ᠤ ᠺᠡᠳ᠋ᠷ ᠢ ᠬᠦᠮᠤᠵᠢᠭᠦᠯᠭᠦ᠂ ᠦᠨᠳᠤᠰᠤᠳᠡᠨ ᠤ ᠦᠭᠡ ᠬᠡᠯᠡ ᠦᠰᠦᠭ ᠪᠢᠴᠢᠭ ᠢ ᠭᠡᠷᠡᠭᠯᠡᠵᠤ ᠭᠦᠭᠵᠢᠭᠦᠯᠭᠦ ᠵᠡᠷᠭᠡ ᠲᠠᠯ᠎ᠡ ᠪᠠᠷ ᠪᠠᠶᠢᠴᠠᠭᠠᠨ ᠰᠤᠳᠤᠯᠤᠯᠳᠡ ᠬᠢᠵᠠᠢ᠃ ᠲᠡᠷᠡ ᠦᠪᠡᠷ ᠢᠶᠠᠨ ᠨᠢᠭᠡ ᠪᠦᠯᠦᠭ ᠦᠨᠡᠨ ᠮᠡᠳᠡᠯᠭᠡ ᠨᠡᠪᠳᠡᠷᠬᠡᠢ ᠦᠵᠡᠯᠳᠡ ᠲᠠᠢ ᠪᠠᠶᠢᠴᠠᠭᠠᠨ ᠰᠤᠳᠤᠯᠤᠯᠳᠡ ᠶᠢᠨ ᠮᠡᠳᠡᠭᠦᠯᠦᠯᠳᠡ ᠪᠢᠴᠢᠵᠤ᠂ ᠦᠨᠳᠤᠰᠤᠳᠡᠨ ᠤ ᠠᠵᠢᠯ ᠤᠨ ᠰᠢᠨ᠎ᠡ ᠲᠤᠷᠰᠢᠯᠭ᠎ᠠ ᠶᠢ ᠳ᠋ᠦᠩᠨᠡᠨ ᠲᠡᠯᠭᠡᠷᠡᠭᠦᠯᠵᠤ᠂ ᠦᠨᠳᠤᠰᠤᠳᠡᠨ ᠤ ᠠᠵᠢᠯ ᠤᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠭᠦ ᠪᠡ ᠪᠤᠳᠠᠳᠠᠢ ᠠᠰᠠᠭᠤᠳᠠᠯ ᠢ ᠰᠠᠶᠢᠳᠤᠷ ᠰᠢᠢᠳᠪᠦᠷᠢᠯᠡᠭᠦ ᠶᠢ ᠠᠬᠢᠭᠤᠯᠪᠠ᠃ ᠡᠭᠦᠨ ᠤ ᠵᠡᠷᠭᠡᠪᠡᠷ᠂ ᠦᠨᠳᠤᠰᠤᠳᠡᠨ ᠤ ᠦᠪᠡᠷᠳᠡᠭᠡᠨ ᠵᠠᠰᠠᠬᠤ ᠭᠠᠵᠠᠷ ᠤᠷᠤᠨ ᠢ ᠨᠢᠮᠪᠡᠢ ᠵᠢᠯᠤᠭᠤᠳᠴᠤ ︽ᠪᠦᠭᠦᠳᠡ ᠨᠡᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠨ ᠬᠠᠤᠯᠢ︾ ᠪᠡ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ︾ ᠶᠤᠰᠤᠭᠠᠷ ᠦᠪᠡᠷᠳᠡᠭᠡᠨ ᠵᠠᠰᠠᠬᠤ ᠲᠦᠷᠢᠮ᠂ ᠲᠤᠰᠠᠭᠠᠷ ᠭᠡᠷᠡᠭᠵᠢᠭᠦᠯᠭᠦ ᠲᠦᠷᠢᠮ ᠢ ᠲᠤᠭᠳᠠᠭᠠᠵᠤ᠂ ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠪᠡ᠃      ᠪᠦᠭᠡ ᠨᠦᠭᠦᠷ ᠦᠪᠤᠷ ᠮᠤᠩᠭᠤᠯ ᠤᠨ ᠦᠨᠳᠤᠰᠤᠳᠡᠨ ᠤ ᠠᠵᠢᠯ ᠳᠤ ᠨᠡᠩ ᠢᠯᠡᠬᠦᠦ ᠠᠩᠬᠠᠷᠤᠯ ᠲᠠᠯᠪᠢᠵᠤ᠂ ᠤᠯᠠᠨ ᠤᠳᠠᠭ᠎ᠠ ᠦᠪᠤᠷ ᠮᠤᠩᠭᠤᠯ ᠳᠤ ᠢᠷᠡᠵᠤ ᠰᠢᠨᠵᠢᠯᠡᠨ ᠪᠠᠶᠢᠴᠠᠭᠠᠵᠤ ᠵᠢᠯᠤᠭᠤᠳᠪᠡ᠃ ᠲᠡᠷᠡ᠂ ᠦᠪᠤᠷ ᠮᠤᠩᠭᠤᠯ ᠤᠨ ᠬᠢᠨ ᠲᠡᠤᠭᠡ ᠶᠢᠨ ᠭᠦᠭᠵᠢᠯᠳᠡ ᠶᠢᠨ ᠠᠵᠠ ᠲᠤᠬᠢᠶᠡᠯ ᠪᠡ ᠪᠠᠷᠠᠭᠤᠨ ᠤᠷᠤᠨ ᠢ ᠶᠡᠭᠡᠪᠡᠷ ᠨᠡᠭᠡᠭᠡᠨ ᠭᠦᠭᠵᠢᠭᠦᠯᠭᠦ ᠠᠵᠠ ᠲᠤᠬᠢᠶᠡᠯ ᠢ ᠠᠮᠵᠢᠵᠤ᠂ ᠲᠠᠰᠤᠷᠠᠯᠳᠡ ᠦᠭᠡᠢ ᠪᠠᠷ ᠦᠭᠡᠷᠡᠴᠢᠯᠡᠯᠳᠡ ᠶᠢ ᠭᠦᠨᠵᠡᠭᠡᠶᠢᠷᠡᠭᠦᠯᠤᠨ ᠨᠡᠭᠡᠭᠡᠯᠳᠡ ᠶᠢ ᠦᠷᠭᠡᠳᠭᠡᠵᠤ᠂ ᠠᠵᠤ ᠠᠬᠤᠢ ᠨᠡᠶᠢᠭᠡᠮ ᠰᠤᠶᠤᠯ ᠤᠨ ᠭᠦᠭᠵᠢᠯᠳᠡ ᠶᠢ ᠲᠦᠷᠭᠡᠳᠭᠡᠭᠦ ᠪᠤᠯᠳᠤᠭᠠᠢ ᠭᠡᠵᠤ ᠴᠢᠩ ᠰᠡᠳᠬᠢᠯ ᠠᠴᠠ ᠪᠠᠨ ᠭᠦᠰᠡᠨ ᠱᠠᠭᠠᠷᠳᠠᠪᠠ᠃ ᠢᠯᠠᠩᠭᠤᠶ᠎ᠠ ᠨᠤᠳᠤᠭ ᠪᠡᠯᠴᠢᠭᠡᠷ ᠪᠡ ᠤᠢ ᠰᠢᠭᠤᠢ ᠶᠢ ᠰᠠᠶᠢᠳᠤᠷ ᠬᠠᠮᠠᠭᠠᠯᠠᠵᠤ᠂ ᠦᠪᠤᠷ ᠮᠤᠩᠭᠤᠯ ᠪᠡ ᠪᠦᠭᠦ ᠤᠯᠤᠰ ᠲᠤ ᠴᠢᠬᠤᠯᠡ ᠠᠮᠢ ᠠᠬᠤᠢ ᠶᠢᠨ ᠬᠠᠯᠬᠠᠪᠴᠢ ᠶᠢ ᠬᠠᠩᠭᠠᠬᠤ ᠭᠡᠷᠡᠭᠲᠡᠢ ᠭᠡᠪᠡ᠃ 1997 ᠤᠨ ᠤ 5 ᠰᠠᠷ᠎ᠡ ᠶᠢᠨ 1 ᠤ ᠡᠳᠤᠷ ᠪᠤᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠡᠨ 50 ᠵᠢᠯ ᠤᠨ ᠤᠢ ᠶᠢ ᠲᠤᠷᠠᠰᠬᠠᠬᠤ ᠡᠳᠤᠷ ᠪᠤᠯᠤᠨ᠎ᠡ᠂ ᠪᠦᠭᠡ ᠨᠦᠭᠦᠷ ︽ᠰᠢᠨ᠎ᠡ ᠲᠡᠤᠭᠡᠳᠤ ᠴᠢᠨᠠᠷᠳᠠᠢ ᠦᠰᠦᠷᠦᠯᠳᠡ ᠶᠢ ᠤᠭᠳᠤᠶ᠎ᠠ︾ ᠭᠡᠬᠦ ᠲᠤᠷᠠᠰᠬᠠᠯ ᠤᠨ ᠵᠤᠬᠢᠶᠡᠯ ᠪᠢᠴᠢᠵᠤ᠂ ᠦᠪᠡᠷᠳᠡᠭᠡᠨ ᠵᠠᠰᠠᠬᠤ ᠤᠷᠤᠨ ᠤ ᠬᠠᠭᠠᠰ ᠵᠠᠭᠤᠨ ᠤ ᠲᠤᠷᠰᠢᠬᠢ ᠭᠦᠭᠵᠢᠯᠳᠡ ᠶᠢᠨ ᠠᠬᠢᠴᠡ ᠪᠡ ᠤᠯᠤᠬᠰᠡᠨ ᠠᠭᠤᠤ ᠶᠡᠭᠡ ᠠᠮᠵᠢᠯᠳᠡ ᠶᠢ ᠡᠷᠬᠢᠴᠡᠭᠦᠯᠵᠤ᠂ ᠦᠪᠤᠷ ᠮᠤᠩᠭᠤᠯ ᠤᠨ ᠤᠷᠳᠤ ᠬᠤᠭᠤᠴᠠᠭᠠᠨ ᠤ ᠭᠦᠭᠵᠢᠯᠳᠡ ᠶᠢᠨ ᠦᠨᠳᠤᠰᠤᠨ ᠲᠤᠷᠰᠢᠯᠭ᠎ᠠ ᠶᠢ ᠳ᠋ᠦᠩᠨᠡᠵᠤ᠂ ᠢᠳᠡᠭᠡᠯ ᠲᠦᠭᠦᠷᠡᠩ ᠢᠶᠠᠷ ᠢᠷᠡᠭᠡᠳᠦᠢ ᠶᠢᠨ ᠭᠦᠭᠵᠢᠯᠳᠡ ᠶᠢᠨ ᠠᠯᠤᠰ ᠬᠡᠳᠤ ᠶᠢᠨ ᠲᠦᠯᠦᠪ ᠢ ᠪᠠᠷᠠᠯᠠᠵᠠᠢ᠃ ᠡᠬᠦᠨ ᠠᠴᠠ ᠳᠠᠷᠠᠭᠠᠪᠡᠷ᠂ ᠲᠡᠷᠡ ᠪᠡᠰᠡ ︽ᠦᠨᠳᠤᠰᠤᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠵᠤ᠂ ᠦᠨᠳᠤᠰᠤᠳᠡᠨ ᠤ ᠪᠦᠯᠭᠦᠮᠳᠡᠯ ᠴᠡᠴᠡᠭᠯᠡᠯ ᠢ ᠠᠬᠢᠭᠤᠯᠤᠶ᠎ᠠ︾ ᠭᠡᠬᠦ ᠦᠭᠦᠯᠡᠯ ᠪᠢᠴᠢᠵᠤ᠂ ᠲᠤᠬᠠᠢ ᠶᠢᠨ ᠵᠢᠯ ᠤᠨ 7 ᠰᠠᠷ᠎ᠡ ᠶᠢᠨ 22 ᠤᠨ ᠡᠳᠤᠷ ᠤᠨ ︽ᠠᠷᠠᠳ ᠤᠨ ᠡᠳᠤᠷ ᠤᠨ ᠰᠤᠨᠢᠨ︾ ᠳᠤ ᠨᠡᠶᠢᠳᠡᠯᠡᠪᠡ᠃      ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠡᠨ 50 ᠵᠢᠯ ᠤᠨ ᠤᠢ ᠶᠢ ᠪᠡᠯᠭᠡᠯᠡᠭᠦ ᠬᠤᠭᠤᠴᠠᠭᠠᠨ ᠳᠤ᠂ ᠪᠦᠭᠡ ᠨᠦᠭᠦᠷ ᠲᠦᠪ ᠤᠨ ᠲᠦᠯᠦᠭᠡᠯᠡᠭᠴᠢᠳ ᠤᠨ ᠪᠦᠯᠭᠦᠮ ᠤᠨ ᠲᠡᠳ᠋ ᠲᠠᠷᠤᠭ᠎ᠠ ᠶᠢᠨ ᠬᠤᠪᠢ ᠪᠠᠷ᠂ ᠦᠪᠤᠷ ᠮᠤᠩᠭᠤᠯ ᠤᠨ ᠦᠨᠳᠤᠰᠤᠳᠡᠨ ᠨᠦᠭᠦᠳ ᠲᠠᠢ ᠬᠠᠮᠳᠤᠪᠡᠷ ᠡᠨᠡᠭᠦ ᠭᠡᠷᠡᠯ ᠰᠠᠴᠤᠷᠠᠩᠭᠤᠢ ᠪᠠᠶᠠᠷ ᠤᠨ ᠡᠳᠤᠷ ᠢ ᠪᠡᠯᠭᠡᠯᠡᠵᠡᠢ᠃ ᠡᠨᠡ ᠬᠤᠭᠤᠴᠠᠭᠠᠨ ᠳᠤ ᠪᠠᠰᠠ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠪᠤᠯᠤᠨ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠠᠮᠲᠤᠷᠠᠨ ᠬᠤᠷᠠᠯᠳᠤᠭᠤᠯᠤᠬᠰᠠᠨ ᠪᠦᠬᠦ ᠤᠷᠤᠨ ᠤ ᠲᠠᠪᠤᠳᠤᠭᠠᠷ ᠤᠳᠠᠭ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠪᠠ᠄ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠦᠷᠨᠢᠭᠦᠯᠬᠦ ᠪᠤᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠠᠨ ᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠢ ᠪᠦᠲᠦᠭᠡᠨ ᠪᠠᠶᠢᠭᠤᠯᠬᠤ ᠠᠭᠤᠤ ᠶᠡᠭᠡ ᠦᠢᠯᠡᠳᠦᠯᠭᠡ ᠳᠤᠮᠳᠠᠬᠢ ᠰᠢᠨ᠎ᠠ ᠡᠭᠦᠳᠦᠯᠲᠡ ᠪᠤᠯᠤᠨ᠎ᠠ᠂ ᠨᠡᠶᠢᠭᠡᠮ ᠵᠢᠷᠦᠮ ᠤᠨ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠂ ᠡᠨᠡ ᠨᠢ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤᠪᠠᠷ ᠴᠡᠴᠡᠭᠯᠡᠨ ᠬᠦᠭᠵᠢᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠤᠬᠳᠠᠯ ᠲᠠᠢ ᠶᠤᠮ ᠭᠡᠵᠦ ᠵᠢᠭᠠᠵᠤ ᠭᠠᠷᠭᠠᠪᠠ᠃ ᠪᠦᠬᠡ ᠨᠦᠬᠦᠷ ᠤᠳᠤᠷᠢᠳᠤᠯᠭ᠎ᠠ ᠶᠢᠨ ᠠᠵᠢᠯ ᠤᠨ ᠪᠠᠶᠢᠷᠢ ᠠᠴᠠ ᠪᠠᠨ ᠪᠠᠭᠤᠬᠰᠠᠨ ᠤ ᠳᠠᠷᠠᠭ᠎ᠠ᠂ ᠮᠠᠨ ᠤ ᠤᠯᠤᠰ ᠤᠨ ᠦᠭᠡᠷᠡᠴᠢᠯᠡᠯᠲᠡ ᠨᠡᠭᠡᠬᠡᠯᠲᠡ ᠶᠢᠨ ᠠᠵᠢᠯ ᠦᠢᠯᠡᠰ ᠪᠤᠯᠤᠨ ᠦᠨᠳᠦᠰᠦᠲᠡᠨ ᠤ ᠭᠠᠵᠠᠷ ᠤᠷᠤᠨ ᠤ ᠬᠦᠭᠵᠢᠯᠲᠡ ᠶᠢ ᠠᠩᠬᠠᠷᠴᠤ᠂ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠤᠯᠠᠨ ᠤ ᠠᠮᠢᠳᠤᠷᠠᠯ ᠢ ᠬᠠᠯᠠᠮᠵᠢᠯᠠᠵᠤ᠂ ᠦᠷᠭᠡᠨ ᠤᠯᠠᠨ ᠺᠠᠳ᠋ᠷ ᠤᠯᠠᠨ ᠲᠦᠮᠡᠨ ᠤ ᠬᠦᠨᠳᠦᠳᠭᠡᠯ ᠬᠠᠶᠢᠷᠠᠯᠠᠯ ᠢ ᠶᠡᠭᠡᠳᠡ ᠬᠦᠷᠲᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠ ᠡᠷᠬᠢᠮ ᠳᠡᠭᠡᠳᠦ ᠨᠡᠷ᠎ᠠ ᠬᠦᠨᠳᠦ ᠶᠢ ᠤᠯᠤᠬᠰᠠᠨ ᠪᠠᠶᠢᠭ᠎ᠠ ᠶᠤᠮ᠃ ᠲᠡᠭᠦᠨ ᠤ ᠬᠤᠪᠢᠰᠬᠠᠯᠲᠤ ᠵᠤᠷᠢᠭ ᠰᠠᠨᠠᠭ᠎ᠠ᠂ ᠰᠢᠯᠢᠳᠡᠭ ᠬᠡᠪ ᠰᠤᠷᠳᠠᠯ᠂ ᠡᠷᠬᠢᠮ ᠳᠡᠭᠡᠳᠦ ᠬᠡᠪ ᠨᠠᠮᠪᠠ ᠪᠤᠯᠤᠨ ᠴᠢᠩ ᠦᠨᠡᠨᠴᠢ ᠬᠠᠶᠢᠷ᠎ᠠ ᠰᠡᠳᠭᠢᠯᠭᠡ ᠨᠢ ᠦᠨᠢ ᠡᠭᠦᠷᠢᠲᠡ ᠬᠤᠵᠢᠮ ᠤᠨ ᠬᠦᠮᠦᠰ ᠢ ᠤᠷᠮᠠᠰᠢᠭᠤᠯᠤᠨ ᠵᠤᠷᠢᠬᠵᠢᠭᠤᠯᠵᠤ ᠪᠠᠶᠢᠨ᠎ᠠ᠃      ᠶᠡᠷᠦᠩᠬᠡᠢ ᠱᠦᠵᠢ ᠰᠢ ᠶᠢᠨ ᠫᠢᠩ 2014 ᠤᠨ ᠤ 1 ᠰᠠᠷ᠎ᠠ ᠶᠢᠨ 29 ᠤ ᠡᠳᠦᠷ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠳᠠᠭᠠᠨ᠄ ︽ᠦᠨᠳᠦᠰᠦᠲᠡᠨ ᠤ ᠪᠦᠯᠬᠦᠮᠳᠡᠯ ᠤᠨ ᠲᠤᠭ ᠢ ᠢᠮᠠᠬᠲᠠ ᠦᠨᠳᠦᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠰᠡᠳᠭᠢᠯ ᠵᠢᠷᠦᠬᠡ ᠪᠠᠨ ᠬᠤᠯᠪᠤᠯᠴᠠᠬᠤ᠂ ᠭᠠᠷ ᠭᠠᠷ ᠢᠶᠠᠨ ᠬᠤᠯᠪᠤᠯᠴᠠᠬᠤ ᠰᠠᠶᠢᠨ ᠤᠯᠠᠮᠵᠢᠯᠠᠯ ᠢ ᠪᠠᠷᠢᠮᠲᠠᠯᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠦᠮᠦᠵᠢᠯ ᠢ ᠭᠦᠨᠵᠡᠭᠡᠢ ᠦᠷᠨᠢᠭᠦᠯᠦᠨ᠂ ᠦᠨᠳᠦᠰᠦᠲᠡᠨ ᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠦᠭᠵᠢᠯᠲᠡ ᠶᠢᠨ ᠠᠤᠭ᠎ᠠ ᠲᠦᠰᠦᠪ ᠢ ᠵᠢᠷᠤᠬᠯᠠᠵᠤ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠵᠤ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ ᠶᠢ ᠲᠤᠤᠱᠯᠠᠭᠤᠯᠬᠤ ᠬᠠᠷᠠᠯᠲᠠ ᠡᠭᠦᠷᠭᠡ ᠶᠢ ᠴᠢᠨᠠᠬᠰᠢᠲᠠ ᠲᠤᠲᠤᠷᠬᠠᠢᠢᠯᠠᠪᠠ᠃ ᠪᠦᠬᠡ ᠨᠦᠬᠦᠷ ᠴᠦᠬᠡᠨ ᠲᠤᠭᠠᠲᠤ ᠦᠨᠳᠦᠰᠦᠲᠡᠨ ᠤ ᠤᠳᠤᠷᠢᠳᠤᠯᠭ᠎ᠠ ᠪᠤᠯᠤᠬᠰᠠᠨ ᠤ ᠬᠤᠪᠢ ᠳᠤ᠂ ᠦᠨᠳᠦᠰᠦᠲᠡᠨ ᠤ ᠠᠵᠢᠯ ᠢ ᠬᠠᠶᠢᠷᠠᠯᠠᠵᠤ᠂ ᠦᠨᠳᠦᠰᠦᠲᠡᠨ ᠤ ᠠᠵᠢᠯ ᠢ ᠬᠢᠬᠦ ᠳᠡᠭᠡᠨ ᠴᠢᠳᠠᠮᠠᠭᠠᠢ ᠪᠠᠶᠢᠵᠤ᠂ ᠬᠤᠵᠢᠮ ᠤᠨ ᠬᠦᠮᠦᠰ ᠲᠤ ᠳᠠᠭᠤᠷᠢᠶᠠᠯ ᠪᠤᠯᠵᠤ᠂ ᠪᠢᠳᠡᠨ ᠤ ᠡᠭᠦᠷᠢᠲᠡ ᠲᠠᠭᠠᠨ ᠰᠤᠷᠤᠯᠴᠠᠬᠤ ᠦᠯᠢᠭᠡᠷ ᠵᠢᠱᠢᠶ᠎ᠠ ᠪᠤᠯᠤᠬᠰᠠᠨ ᠶᠤᠮ᠃ ᠪᠢᠳᠡ ᠡᠷᠬᠡᠪᠰᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠦ᠂ ︽ᠵᠢᠱᠢᠶᠡᠴᠢ ᠦᠪᠡᠷᠲᠡᠭᠡᠨ ᠵᠠᠰᠠᠬᠤ ᠤᠷᠤᠨ︾ ᠤ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠪᠦᠬᠡ ᠨᠦᠬᠦᠷ ᠤᠨ ᠭᠡᠷᠢᠶᠡᠰ ᠢ ᠵᠠᠯᠭᠠᠮᠵᠢᠯᠠᠵᠤ᠂ ︽ᠦᠵᠡᠰᠭᠦᠯᠡᠩᠲᠦ ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠭᠡᠷᠡᠯ ᠰᠠᠴᠤᠷᠠᠩᠭᠤᠢ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠵᠦ᠂ ᠳᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠡᠭᠦᠷᠢᠲᠡ ᠭᠡᠷᠡᠯ ᠭᠢᠯᠪᠠᠭ᠎ᠠ ᠰᠠᠴᠤᠷᠠᠭᠤᠯᠰᠤᠭᠠᠢ︕ ︵ᠵᠡᠭᠦᠯᠲᠡ᠄ ᠵᠤᠬᠢᠶᠠᠬᠴᠢ ᠪᠤᠯ ᠤᠤᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ᠂ ᠤᠳᠤ ᠠᠵᠢᠯ ᠠᠴᠠ ᠪᠠᠨ ᠠᠮᠠᠷᠠᠪᠠ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号