ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ︽ᠨᠠᠰᠤᠨ ᠲᠤᠷᠰᠢ︾ ᠶᠢᠨ ᠪᠠᠲᠤᠯᠠᠭ᠎ᠠ ᠲᠠᠢ ᠪᠤᠯᠤᠯ᠎ᠠ
ᠨᠡᠶᠢᠲᠡᠯᠡᠭᠰᠡᠨ ᠴᠠᠭ᠄
2018/5/14
ᠲᠠᠶᠢᠯᠤᠮᠵᠢ ᠦᠭᠬᠦᠭᠴᠢ᠄ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠷᠢᠭᠤᠴᠠᠯᠭᠠᠲᠠᠨᠳ᠋ᠢᠩ ᠢ ᠲᠢᠩ      ᠤᠢᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠨᠠᠰᠤᠨ ᠲᠤᠷᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ‌ᠵᠢᠨ ᠪᠤᠯᠪᠠᠰᠤᠷᠠᠭᠤᠯᠤᠯ ᠤᠨ ᠲᠦᠷᠢᠮ ᠢ  ᠬᠡᠷᠡᠭᠵᠢᠬᠦᠯᠬᠦ  ᠲᠤᠬᠠᠢ  ᠰᠠᠨᠠᠯ︾ ᠢ  ᠲᠠᠷᠬᠠᠭᠠᠪᠠ᠂  ᠡᠨᠡ  ᠪᠤᠯ  ᠤᠳᠤᠬᠠᠨ ᠤ  ᠪᠠ ᠬᠤᠶᠢᠰᠢᠲᠠ ᠶᠢᠨ ᠬᠡᠰᠡᠭ ᠬᠤᠭᠤᠴᠠᠭᠠᠨ ᠤ ᠠᠵᠢᠯ ᠮᠡᠷᠭᠡᠵᠢᠯ ᠤᠨ  ᠤᠷ᠎ᠠ  ᠴᠢᠳᠠᠪᠤᠷᠢ   ᠶᠢᠨ  ᠪᠤᠯᠪᠠᠰᠤᠷᠠᠭᠤᠯᠤᠯ ᠤᠨ  ᠠᠵᠢᠯ ᠢ‌ᠠᠬᠢᠭᠤᠯᠬᠤ  ᠵᠢᠯᠤᠭᠤᠳᠬᠤ  ᠴᠢᠨᠠᠷᠲᠠᠢ  ᠪᠢᠴᠢᠭ  ᠮᠠᠲ᠋ᠧᠷᠢᠶᠠᠯ  ᠮᠦᠨ᠃  ᠠᠵᠢᠯ  ᠮᠡᠷᠭᠡᠵᠢᠯ ᠤᠨ  ᠤᠷ᠎ᠠ  ᠴᠢᠳᠠᠪᠤᠷᠢ   ᠵᠢᠨ‌‍ᠪᠤᠯᠪᠠᠰᠤᠷᠠᠭᠤᠯᠤᠯ ᠪᠤᠯ ᠬᠦᠳᠡᠯᠮᠦᠷᠢᠴᠢᠳ ᠤᠨ ᠠᠵᠢᠯ ᠤᠯᠵᠤ  ᠦᠢᠯᠡᠰ  ᠴᠤᠭᠴᠠᠯᠠᠬᠤ  ᠴᠢᠳᠠᠪᠤᠷᠢ   ᠶᠢ  ᠪᠦᠬᠦ  ᠲᠠᠯ᠎ᠠ  ᠪᠡᠷ‌‍ᠲ᠋ᠡᠭᠡᠭᠰᠢᠯᠡᠬᠦᠯᠦᠨ᠂ ᠪᠦᠲᠦᠴᠡ ᠶᠢᠨ ᠴᠢᠨᠠᠷᠲᠠᠢ ᠠᠵᠢᠯ ᠤᠯᠭᠤᠯᠲᠠ ᠶᠢᠨ ᠵᠦᠷᠢᠴᠡᠯ ᠢ  ᠰᠢᠢᠳᠪᠤᠷᠢᠯᠡᠵᠤ᠂  ᠠᠵᠢᠯ  ᠤᠯᠭᠤᠯᠲᠠ‌ᠵᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠦᠨᠳᠦᠰᠦᠨ ᠠᠷᠭ᠎ᠠ ᠬᠡᠮᠵᠢᠶ᠎ᠡ ᠮᠦᠨ᠃ ᠨᠠᠰᠤᠨ ᠲᠤᠷᠰᠢ ᠶᠢᠨ ᠠᠵᠢᠯ ᠮᠡᠷᠭᠡᠵᠢᠯ ‍ᠤᠨ‌ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠤᠨ ᠲᠦᠷᠢᠮ ᠢ ᠬᠡᠷᠡᠭᠵᠢᠬᠦᠯᠬᠦ ᠨᠢ ᠠᠷᠠᠳ ᠨᠡᠶᠢᠲᠡ ᠪᠠᠷ ᠢᠶᠠᠨ ᠦᠢᠯᠡᠰ  ᠴᠤᠭᠴᠠᠯᠠᠨ‌‍ᠰᠢᠨ᠎ᠡ ᠶᠢ ᠡᠬᠦᠳᠬᠦ ᠶᠢ ᠠᠬᠢᠭᠤᠯᠬᠤ᠂ ᠦᠢᠯᠡᠳᠬᠦ ᠦᠢᠯᠡᠰ ᠤᠨ  ᠬᠦᠴᠦᠷᠭᠡᠭ  ᠤᠯᠤᠰ ᠤᠨ  ᠪᠦᠲᠦᠭᠡᠨ  ᠪᠠᠶᠢᠭᠤᠯᠤᠯᠲᠠ  ᠵᠢ‌ᠠᠬᠢᠭᠤᠯᠬᠤ᠂ ᠪᠦᠬᠦ ᠡᠯᠧᠮᠧᠨ᠋ᠲ ᠤᠨ ᠦᠢᠯᠡᠳᠪᠤᠷᠢᠯᠡᠯ ᠤᠨ ᠨᠤᠷᠮ᠎ᠠ ᠶᠢ ᠲᠡᠭᠡᠭᠰᠢᠯᠡᠬᠦᠯᠬᠦ᠂ ᠠᠵᠤ ᠠᠬᠤᠢ ᠶᠢᠨ ᠲᠤᠮᠳᠠ  ᠲᠡᠭᠡᠳᠤ‌‍ᠲ᠋ᠡᠰ ᠲᠡᠶᠢᠰᠢ ᠬᠦᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃              ︽ᠨᠠᠰᠤᠨ ᠲᠤᠷᠰᠢ︾ ᠭᠡᠳᠡᠭ ᠨᠢ ᠶᠠᠮᠠᠷ ᠤᠬᠠᠭᠳᠠᠬᠤᠨ ᠪᠤᠢ︖ ᠲᠤᠰ ᠤᠳᠠᠭᠠᠨ ᠤ ᠲᠦᠷᠦ   ᠶᠢᠨ  ᠪᠤᠳᠤᠯᠭ᠎ᠠ   ᠳᠤ ᠶᠠᠮᠠᠷ ᠶᠠᠮᠠᠷ ᠰᠢᠨ᠎ᠡ ᠬᠤᠪᠢᠷᠠᠯᠲᠠ  ᠲᠠᠢ ᠪᠤᠢ︖ ᠡᠨᠡ ᠲᠤᠬᠠᠢ ᠰᠤᠷᠪᠤᠯᠵᠢᠯᠠᠭᠴᠢ ᠬᠦᠮᠦᠨ ᠤ ᠬᠦᠴᠦᠨ ᠤ  ᠡᠬᠢ  ᠪᠠᠶᠠᠯᠢᠭ  ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠭᠠᠯᠲᠠᠨ ᠢ ᠰᠤᠷᠪᠤᠯᠵᠢᠯᠠᠪᠠ᠃              ᠲᠦᠷᠪᠡᠨ ᠶᠡᠭᠡ ᠠᠷᠭ᠎ᠠ ᠬᠡᠮᠵᠢᠶ᠎ᠡ ᠠᠪᠴᠦ ︽ᠨᠠᠰᠤᠨ ᠲᠤᠷᠰᠢ︾ ᠶᠢᠨ ᠲᠦᠷᠢᠮ ᠤᠨ ᠤᠨᠴᠠᠯᠢᠭᠳᠤ  ᠬᠦᠭᠵᠢᠯᠲᠡ   ᠶᠢ ᠠᠬᠢᠭᠤᠯᠤᠨ᠎ᠠ              2012 ᠤᠨ ᠠᠴᠠ 2017 ᠤᠨ ᠪᠤᠯᠳᠠᠯ᠎ᠠ᠂ ᠪᠦᠬᠦ ᠤᠯᠤᠰ   ᠲᠤ  ᠵᠠᠰᠠᠭ ᠤᠨ  ᠤᠷᠳᠤᠨ   ᠠᠴᠠ  ᠨᠦᠬᠦᠪᠤᠷᠢ ᠦᠭᠬᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠢ ᠨᠡᠶᠢᠲᠡ 1.14 ᠳ᠋ᠦᠡᠭᠰᠢᠭᠤᠷ  ᠬᠦᠮᠦᠨ  ᠤᠳᠠᠭ᠎ᠠ ᠦᠷᠨᠢᠬᠦᠯᠵᠠᠢ᠂ 2017 ᠤᠨ ᠤ ᠡᠴᠦᠰ ᠪᠤᠯᠳᠠᠯ᠎ᠠ᠂ ᠪᠦᠬᠦ ᠤᠯᠤᠰ ᠲᠤ ᠡᠯ᠎ᠡ ᠲᠦᠷᠦᠯ ᠤᠨ  ᠠᠵᠢᠯ  ᠮᠡᠷᠭᠡᠵᠢᠯ ᠤᠨ  ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠤᠨ ᠪᠠᠶᠢᠭᠤᠯᠤᠮᠵᠢ 2 ᠲᠦᠮᠡ ᠢᠯᠡᠬᠦᠦ ᠪᠤᠯᠵᠤ᠂ ᠪᠦᠬᠦ ᠤᠯᠤᠰ ᠤᠨ ᠤᠷ᠎ᠠ  ᠴᠢᠳᠠᠪᠤᠷᠢᠳᠤ ᠬᠦᠳᠡᠯᠮᠦᠷᠢᠴᠢᠨ 1.65 ᠳ᠋ᠦᠡᠭᠰᠢᠭᠤᠷ ᠪᠤᠯᠵᠤ᠂ ᠡᠬᠦᠨ ᠤ ᠲᠤᠳᠤᠷ᠎ᠠ ᠲᠡᠭᠡᠳᠤ ᠤᠷ᠎ᠠ ᠴᠢᠳᠠᠪᠤᠷᠢᠳᠤ ᠴᠢᠳᠠᠪᠤᠷᠢᠲᠠᠨ  4791ᠲᠦᠮᠡ ᠬᠦᠷᠴᠠᠢ᠃ ᠬᠡᠪᠡᠴᠦ ᠤᠳᠤᠬᠠᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠤᠨ ᠠᠵᠢᠯ   ᠳᠤ ᠬᠠᠮᠤᠷᠬᠤ ᠬᠡᠪᠴᠢᠶ᠎ᠡ  ᠨᠢ ᠢᠪᠴᠤᠤ᠂ ᠪᠤᠯᠪᠠᠰᠤᠷᠠᠭᠤᠯᠤᠯ ᠤᠨ ᠴᠢᠨᠠᠷ ᠴᠢᠨᠰᠠᠭ᠎ᠠ ᠨᠢ ᠪᠠᠷᠤᠭᠲᠠᠢ᠂ ᠬᠠᠨᠭ᠍ᠭᠠᠯᠭ᠎ᠠ   ᠶᠢᠨ  ᠴᠢᠳᠠᠪᠤᠷᠢ ᠨᠢ ᠲᠤᠳᠠᠮᠠᠭ ᠵᠡᠷᠭᠡ ᠠᠰᠠᠭᠤᠳᠠᠯ ᠤᠷᠤᠰᠢᠵᠤ ᠪᠠᠶᠢᠨ᠎ᠠ᠃ ᠨᠠᠰᠤᠨ ᠲᠤᠷᠰᠢ ᠶᠢᠨ ᠠᠵᠢᠯ ᠮᠡᠷᠭᠡᠵᠢᠯ ᠤᠨ ᠤᠷ᠎ᠠ  ᠴᠢᠳᠠᠪᠤᠷᠢ   ᠶᠢᠨ ᠪᠤᠯᠪᠠᠰᠤᠷᠠᠭᠤᠯᠤᠯ ᠤᠨ ᠲᠦᠷᠢᠮ ᠢ ᠬᠡᠷᠡᠭᠵᠢᠬᠦᠯᠬᠦ ᠪᠤᠯ ᠠᠵᠢᠯ ᠮᠡᠷᠭᠡᠵᠢᠯ ᠤᠨ  ᠤᠷ᠎ᠠ  ᠴᠢᠳᠠᠪᠤᠷᠢ   ᠶᠢᠨ  ᠪᠤᠯᠪᠠᠰᠤᠷᠠᠭᠤᠯᠤᠯ ‍ᠤᠨ‌ᠦᠭᠡᠷᠡᠴᠢᠯᠡᠯᠲᠡ ᠶᠢᠨ ᠠᠵᠢᠯ ᠤᠨ ᠲᠤᠯᠭᠠᠮ᠎ᠠ ᠱᠠᠭᠠᠷᠳᠠᠯᠭ᠎ᠠ ᠪᠤᠯᠬᠤ ᠪᠠᠷ ᠪᠠᠷᠠᠬᠤ  ᠦᠭᠡᠢ  ᠮᠡᠳᠡᠯᠭᠡ   ᠶᠢᠨ  ᠬᠡᠯᠪᠡᠷᠢ᠂  ᠤᠷ᠎ᠠ ᠮᠡᠷᠭᠡᠵᠢᠯ ᠤᠨ ᠬᠡᠯᠪᠡᠷᠢ᠂ ᠰᠢᠨ᠎ᠡ   ᠶᠢ  ᠡᠬᠦᠳᠬᠦ  ᠬᠡᠯᠪᠡᠷᠢ   ᠶᠢᠨ  ᠬᠦᠳᠡᠯᠮᠦᠷᠢᠴᠢᠳ ᠤᠨ  ᠡᠩᠨᠡᠭᠡ   ᠶᠢᠨ  ᠪᠠᠶᠢᠭᠤᠯᠤᠯᠲᠠ   ᠶᠢ ᠠᠬᠢᠭᠤᠯᠬᠤ ᠳᠤ ᠠᠰᠢᠭᠲᠠᠢ ᠶᠤᠮ᠃              ᠲᠤᠰ ︽ᠰᠠᠨᠠᠯ︾ ᠤᠨ ᠨᠢᠭᠡ ᠲᠤᠪᠤᠶᠢᠮ᠎ᠠ ᠤᠨᠴᠠᠯᠢᠭ ᠪᠤᠯ  ︽ᠨᠠᠰᠤᠨ ᠲᠤᠷᠰᠢ︾᠂ ᠡᠨᠡ ᠬᠤᠶᠠᠷ ᠦᠭᠡ ᠶᠢᠨ  ᠰᠠᠨᠠᠭ᠎ᠠ ᠨᠢ ᠶᠠᠭᠤ ᠪᠤᠢ︖              ᠬᠦᠮᠦᠨ ᠤ  ᠬᠦᠴᠦᠨ ᠤ  ᠡᠬᠢ  ᠪᠠᠶᠠᠯᠢᠭ  ᠪᠠ  ᠨᠡᠶᠢᠭᠡᠮ ᠤᠨ  ᠪᠠᠲᠤᠯᠠᠭ᠎ᠠ   ᠶᠢᠨ  ᠶᠠᠮᠤᠨ ᠤ   ᠬᠠᠮᠢᠶ᠎ᠠ   ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ︽ᠨᠠᠰᠤᠨ ᠲᠤᠷᠰᠢ︾ ᠭᠡᠳᠡᠭ ᠨᠢ ᠭᠤᠤᠯᠳᠠᠭᠤ  ᠲᠤᠤᠷᠠᠬᠢ  ᠮᠡᠳᠤ  ᠲᠦᠷᠪᠡᠨ‌‍ᠲ᠋ᠠᠯ᠎ᠠ ᠪᠠᠷ ᠢᠯᠡᠷᠡᠵᠤ ᠪᠠᠶᠢᠨ᠎ᠠ᠄              ᠨᠢᠭᠡ ᠳᠤ ᠪᠤᠯᠪᠠᠰᠤᠷᠠᠭᠤᠯᠤᠯ   ᠨᠢ  ᠪᠦᠬᠦ  ᠬᠦᠳᠡᠯᠮᠦᠷᠢᠴᠢᠳ ᠢ  ᠬᠠᠮᠤᠷᠤᠨ᠎ᠠ᠂  ᠬᠤᠲᠠ   ᠶᠢᠨ  ᠬᠦᠳᠡᠯᠮᠦᠷᠢᠴᠢᠨ ᠢ ᠪᠠᠭᠲᠠᠭᠠᠬᠤ ᠮᠦᠷᠲᠡᠭᠡᠨ ᠬᠦᠳᠡᠭᠡ ᠲᠤᠰᠬᠤᠨ ᠤ ᠬᠦᠳᠡᠯᠮᠦᠷᠢᠴᠢᠨ ᠢ ᠴᠦ ᠪᠠᠭᠲᠠᠭᠠᠨ᠎ᠠ᠂  ᠠᠵᠢᠯ  ᠤᠯᠤᠭᠰᠠᠳ ᠢ  ᠪᠠᠭᠲᠠᠭᠠᠬᠤ ᠮᠦᠷᠲᠡᠭᠡᠨ ᠠᠵᠢᠯ ᠤᠯᠬᠤ ᠪᠠᠷ ᠪᠡᠯᠡᠳᠭᠡᠵᠤ ᠪᠠᠶᠢᠭ᠎ᠠ ᠬᠦᠮᠦᠰ ᠢ ᠴᠦ ᠪᠠᠭᠲᠠᠭᠠᠨ᠎ᠠ᠃              ᠬᠤᠶᠠᠷ ᠲᠤ ᠪᠤᠯᠪᠠᠰᠤᠷᠠᠭᠤᠯᠤᠯ ᠤᠨ ᠨᠦᠬᠦᠪᠤᠷᠢ ᠨᠢ  ᠬᠦᠳᠡᠯᠮᠦᠷᠢᠴᠢᠳ ᠤᠨ  ᠬᠦᠳᠡᠯᠮᠦᠷᠢ   ᠶᠢᠨ  ᠪᠡᠯᠡᠳᠭᠡᠯ  ᠡᠴᠡ‌ᠠᠪᠤᠭᠠᠳ ᠠᠵᠢᠯ ᠤᠯᠵᠤ ᠦᠢᠯᠡᠰ ᠴᠤᠭᠴᠠᠯᠠᠬᠤ ᠨᠠᠰᠤᠨ ᠲᠤᠷᠰᠢ ᠶᠢᠨ ᠠᠵᠢᠯᠯᠠᠬᠤ ᠴᠠᠭ ᠢ ᠬᠠᠮᠤᠷᠬᠤ ᠪᠦᠭᠡᠳ ᠰᠤᠷᠤᠯᠴᠠᠯᠭ᠎ᠠ ᠪᠠ ᠠᠵᠢᠯ ᠮᠡᠷᠭᠡᠵᠢᠯ ᠤᠨ ᠪᠦᠬᠦ ᠶᠠᠪᠤᠴᠠ ᠳᠤ ᠲᠤᠤᠱᠯᠠᠭᠳᠠᠵᠤ᠂  ᠬᠦᠳᠡᠯᠮᠦᠷᠢᠴᠢᠨ  ᠨᠢᠭᠡᠪᠤᠷᠢ   ᠳᠤ  ᠵᠠᠰᠠᠭ ᠤᠨ  ᠤᠷᠳᠤᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠤᠨ ᠨᠦᠬᠦᠪᠤᠷᠢ  ᠬᠦᠷᠲᠡᠬᠦ  ᠵᠠᠪᠰᠢᠶᠠᠨ  ᠤᠯᠭᠤᠨ᠎ᠠ᠃  ᠲᠤᠰ ᠬᠠᠷᠢᠭᠤᠴᠠᠯᠭᠠᠲᠠᠨ ᠤ ᠬᠡᠯᠡᠬᠦ ᠪᠠᠷ᠄ ︽ᠡᠨᠡ  ᠪᠤᠯ  ᠨᠠᠰᠤᠨ  ᠲᠤᠷᠰᠢ   ᠶᠢᠨ  ᠠᠵᠢᠯ  ᠮᠡᠷᠭᠡᠵᠢᠯ ᠤᠨ  ᠤᠷ᠎ᠠ  ᠴᠢᠳᠠᠪᠤᠷᠢ  ᠵᠢᠨ‌‍ᠪᠤᠯᠪᠠᠰᠤᠷᠠᠭᠤᠯᠤᠯ ᠤᠨ ᠲᠦᠷᠢᠮ ᠤᠨ ᠭᠤᠤᠯ ᠴᠦᠮ᠎ᠡ ᠮᠦᠨ︾᠃              ᠭᠤᠷᠪᠠ ᠳᠤ ᠬᠦᠳᠡᠯᠮᠦᠷᠢᠴᠢᠳ ᠤᠨ ᠪᠤᠯᠪᠠᠰᠤᠷᠠᠭᠤᠯᠤᠯ ᠳᠤ ᠤᠷᠤᠯᠴᠠᠵᠤ ᠠᠵᠢᠯ ᠤᠯᠬᠤ ᠪᠦᠬᠦ ᠶᠠᠪᠤᠴᠠ ᠳᠤ  ᠤᠷ᠎ᠠ ᠴᠢᠳᠠᠪᠤᠷᠢ ᠶᠢ ᠦᠨᠡᠯᠡᠵᠤ ᠤᠷᠮᠠᠰᠢᠭᠤᠯᠬᠤ ᠠᠵᠢᠯᠯᠠᠭ᠎ᠠ ᠦᠷᠨᠢᠬᠦᠯᠦᠨ᠂ ᠤᠷ᠎ᠠ ᠴᠢᠳᠠᠪᠤᠷᠢᠲᠤ ᠴᠢᠳᠠᠪᠤᠷᠢᠲᠠᠨ ᠤ ᠤᠯᠠᠨ  ᠡᠰᠢᠳᠤ ᠦᠨᠡᠯᠡᠬᠦ ᠲᠤᠭᠲᠠᠴᠠ᠂ ᠤᠷ᠎ᠠ ᠴᠢᠳᠠᠪᠤᠷᠢ ᠶᠢᠨ ᠲᠡᠭᠡᠭᠰᠢᠯᠡᠯᠲᠡ   ᠶᠢᠨ  ᠤᠯᠠᠨ  ᠠᠷᠭ᠎ᠠ  ᠵᠠᠮᠳᠤ  ᠤᠷᠮᠠᠰᠢᠭᠤᠯᠬᠤ  ᠲᠤᠭᠲᠠᠴᠠ ᠪᠠᠶᠢᠭᠤᠯᠵᠤ᠂ ᠪᠤᠯᠪᠠᠰᠤᠷᠠᠭᠤᠯᠤᠯ᠂ ᠠᠵᠢᠯ ᠤᠯᠭᠤᠯᠲᠠ᠂ ᠦᠨᠡᠯᠡᠯᠲᠡ᠂ ᠬᠡᠷᠡᠭᠯᠡᠯᠲᠡ ᠶᠢ ᠤᠷᠭᠠᠨᠢᠭ ᠢᠶᠠᠷ ᠤᠶᠠᠯᠳᠤᠭᠤᠯᠤᠨ᠎ᠠ᠃              ᠲᠦᠷᠪᠡ ᠳᠤ ᠪᠦᠬᠦ ᠲᠠᠯ᠎ᠠ   ᠶᠢᠨ  ᠦᠢᠯᠡᠴᠢᠯᠡᠭᠡᠨ ᠤ  ᠪᠠᠲᠤᠯᠠᠭ᠎ᠠ  ᠬᠠᠨᠭ᠍ᠭᠠᠵᠤ᠂  ᠤᠯᠠᠨ  ᠨᠡᠶᠢᠲᠡ   ᠶᠢᠨ  ᠪᠤᠳᠠᠳᠤ ᠪᠤᠯᠪᠠᠰᠤᠷᠠᠭᠤᠯᠤᠯ ᠤᠨ   ᠪᠠᠶᠢᠭᠤᠯᠤᠮᠵᠢ᠂   ᠠᠵᠢᠯ   ᠮᠡᠷᠭᠡᠵᠢᠯ ᠤᠨ   ᠲᠡᠭᠡᠳᠤ   ᠰᠤᠷᠭᠠᠭᠤᠯᠢ᠂  ᠠᠵᠢᠯ  ᠮᠡᠷᠭᠡᠵᠢᠯ ᠤᠨ ᠪᠤᠯᠪᠠᠰᠤᠷᠠᠭᠤᠯᠤᠯ ᠤᠨ ᠪᠠᠶᠢᠭᠤᠯᠤᠮᠵᠢ ᠪᠠ ᠠᠵᠢᠯ ᠲᠦᠷᠦᠯ ᠤᠨ ᠠᠵᠤ ᠠᠬᠤᠢᠢᠯᠠᠯ ᠢᠶᠠᠷ ᠭᠤᠤᠯ ᠠᠴᠢᠶᠠᠯᠠᠭᠴᠢ ᠪᠤᠯᠭᠠᠨ᠂  ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠤᠨ ᠪᠦᠬᠦ ᠲᠠᠯ᠎ᠠ  ᠶᠢᠨ ᠦᠢᠯᠡᠴᠢᠯᠡᠭᠡ ᠬᠠᠨᠭ᠍ᠭᠠᠨ᠎ᠠ᠃
ᠢᠷᠡᠯᠲᠡ᠄ ᠠᠷᠠᠳ ᠤᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ