5 ᠰᠠᠷ᠎ᠠ ᠶᠢᠨ 9 ᠤ ᠦᠳᠡ ᠶᠢᠨ ᠡᠮᠦᠨ᠎ᠡ᠂ ᠺᠠᠩ ᠵᠢᠤᠢ ᠨᠡᠶᠢᠭᠡᠮ ᠲᠤᠭᠤᠷᠢᠭ ᠤᠨ ᠤᠯᠠᠭᠠᠨᠮᠥ᠋ᠴᠢᠷ ᠤᠨ | ᠤᠷᠠᠯᠢᠭ ᠤᠨ ᠪᠦᠯᠬᠦᠮ ᠤᠨ ᠳᠠᠷᠤᠭ᠎ᠠ ᠮᠠ ᠬᠦᠢ ᠰᠢᠨ ᠪᠠᠭᠰᠢ ᠤᠷᠢ ᠵᠠᠯᠠᠭᠤ ᠲᠠᠯ᠎ᠠ ᠨᠤᠲᠤᠭ ᠤᠨ ᠬᠤᠶᠠᠳᠤᠭᠠᠷ | ᠬᠤᠭᠤᠴᠠᠭᠠᠨ ᠤ ︽ᠪᠠᠭᠠᠴᠤᠳ ᠤᠨ ᠵᠡᠭᠦᠳᠦ · ᠳᠤᠮᠳᠠᠳᠤ ᠶᠢᠨ ᠵᠡᠭᠦᠳᠦ︾ ᠶᠢᠨ ᠢᠷᠠᠭᠤ ᠠᠯᠳᠠᠷ ᠢ ᠠᠪᠴᠤ | ᠢᠷᠡᠪᠡ᠃ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠣᠶᠣᠯ ᠤᠷᠠᠯᠢᠭ ᠪᠡᠶ᠎ᠡ ᠲᠠᠮᠢᠷ ᠵᠤᠭ᠎ᠠ ᠴᠡᠩᠭᠡᠯ ᠤᠨ | ᠰᠤᠪᠠᠭ ᠤᠨ ᠤᠷᠢ ᠵᠠᠯᠠᠭᠤ ᠲᠠᠯ᠎ᠠ ᠨᠤᠲᠤᠭ ᠤᠨ ᠶᠡᠭᠡ ᠬᠡᠯᠪᠡᠷᠢ ᠶᠢᠨ ᠠᠵᠢᠯᠯᠠᠭ᠎ᠠ ᠶᠢᠨ ᠳᠤᠭᠤᠶᠢᠯᠠᠩ ᠠᠴᠠ | ᠬᠥᠬᠡᠬᠤᠲᠠ ᠶᠢᠨ ᠣᠷᠳᠣᠰ ᠵᠠᠮ ᠤᠨ ᠵᠡᠭᠡᠯᠢ ᠭᠤᠳᠤᠮᠵᠢ ᠺᠠᠩ ᠵᠢᠤᠢ ᠨᠡᠶᠢᠭᠡᠮ ᠲᠤᠭᠤᠷᠢᠭ ᠤᠨ ᠤᠯᠠᠭᠠᠨᠮᠥ᠋ᠴᠢᠷ ᠲᠤ | ︽ᠪᠦᠬᠦ ᠣᠷᠣᠨ ᠤ ᠤᠷᠠᠯᠢᠭ ᠤᠨ ᠰᠤᠷᠭᠠᠨ ᠬᠦᠮᠦᠵᠢᠯ ᠤᠨ ᠵᠠᠭᠤᠨ ᠬᠦᠴᠦᠷᠬᠡᠭ ᠰᠤᠷᠭᠠᠭᠤᠯᠢ︾ ᠢᠷᠠᠭᠤ | ᠠᠯᠳᠠᠷᠲᠤ ᠴᠣᠯᠠ ᠶᠢ ᠤᠯᠭᠤᠵᠤ᠂ ᠮᠠ ᠬᠦᠢ ᠰᠢᠨ ᠪᠠᠭᠰᠢ ᠳᠤ ᠥᠪᠥᠷ ᠮᠣᠩᠭᠤᠯ ᠤᠨ ᠷᠠᠳᠢᠣ᠋ ᠲᠧᠯᠸᠢᠰ ᠤᠨ | ᠰᠣᠶᠣᠯ ᠤᠷᠠᠯᠢᠭ ᠪᠡᠶ᠎ᠡ ᠲᠠᠮᠢᠷ ᠵᠤᠭ᠎ᠠ ᠴᠡᠩᠭᠡᠯ ᠰᠤᠪᠠᠭ ᠤᠨ ᠵᠠᠯᠠᠭᠤ ᠨᠠᠰᠤᠨ ᠤ ᠲᠠᠯ᠎ᠠ ᠨᠤᠲᠤᠭ ᠤᠨ ᠬᠤᠶᠠᠳᠤᠭᠠᠷ | ᠬᠤᠭᠤᠴᠠᠭᠠᠨ ᠤ ︽ᠪᠠᠭᠠᠴᠤᠳ ᠤᠨ ᠵᠡᠭᠦᠳᠦ · ᠳᠤᠮᠳᠠᠳᠤ ᠶᠢᠨ ᠵᠡᠭᠦᠳᠦ︾ ᠴᠠᠭᠠᠨ ᠰᠠᠷ᠎ᠠ ᠶᠢᠨ ᠣᠨᠴᠠᠭᠠᠶ | ᠫᠷᠤᠭ᠍ᠷᠠᠮ ᠤᠨ ᠤᠷᠠᠯᠢᠭ ᠤᠨ ᠰᠤᠷᠭᠠᠨ ᠬᠥᠮᠦᠵᠢᠯ ᠤᠨ ᠰᠢᠯᠢᠳᠡᠭ ᠨᠠᠶᠢᠷᠠᠭᠤᠯᠤᠨ ᠤᠳᠤᠷᠢᠳᠤᠭᠠᠴᠢ ᠶᠢᠨ ᠱᠠᠩᠨᠠᠯ ᠢ | ᠤᠯᠭᠤᠵᠤ᠂ ᠯᠢᠦ ᠵᠦᠩ ᠹᠠᠩ ᠨᠥᠬᠦᠷ ᠰᠢᠯᠢᠳᠡᠭ ᠲᠣᠭᠯᠠᠭᠴᠢ ᠶᠢᠨ ᠱᠠᠩᠨᠠᠯ ᠬᠦᠷᠲᠡᠪᠡ᠃ | ᠡᠨᠡ ᠤᠳᠠᠭᠠᠨ ᠤ ᠠᠵᠢᠯᠯᠠᠭ᠎ᠠ ᠠᠴᠠ ᠣᠯᠤᠭᠰᠠᠨ ᠢᠷᠠᠭᠤ ᠠᠯᠳᠠᠷ ᠨᠢ᠂ ᠬᠠᠮᠲᠤ ᠤᠯᠠᠨ ᠤ ᠭᠠᠷᠭᠠᠭᠰᠠᠨ | ᠬᠦᠴᠦ ᠬᠦᠳᠡᠯᠮᠦᠷᠢ ᠶᠢ ᠭᠡᠷᠡᠴᠢᠯᠡᠵᠦ᠂ ᠤᠯᠠᠨ ᠤ ᠦᠷᠭᠦᠯᠵᠢᠯᠡᠨ ᠵᠠᠮᠨᠠᠬᠤ ᠵᠣᠷᠢᠭ ᠰᠠᠨᠠᠭ᠎ᠠ ᠶᠢ ᠨᠡᠩ ᠪᠠᠲᠤ | ᠪᠣᠯᠭᠠᠪᠠ᠃ ᠡᠶᠢᠮᠦᠷᠬᠦᠦ ᠬᠡᠯᠪᠡᠷᠢ ᠨᠢ ᠡᠷᠡᠭᠦᠯ ᠴᠢᠭᠢᠷᠠᠭ᠂ ᠪᠣᠯᠪᠠᠰᠤᠨ ᠵᠤᠭ᠎ᠠ ᠴᠡᠩᠭᠡᠯ ᠤᠨ ᠠᠵᠢᠯᠯᠠᠭ᠎ᠠ ᠨᠢ | ᠰᠠᠭᠤᠭᠠᠯᠢ ᠠᠷᠠᠳ ᠤᠨ ᠣᠶᠣᠨ ᠢ ᠪᠠᠶᠠᠯᠢᠭᠵᠢᠭᠤᠯᠵᠤ᠂ ᠪᠠᠰᠠ ᠰᠠᠭᠤᠭᠠᠯᠢ ᠠᠷᠠᠳ ᠤᠨ ᠬᠤᠭᠤᠷᠣᠨᠳᠣᠬᠢ | ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠵᠤ᠂ ᠢᠳᠡᠪᠬᠢᠲᠡᠶ ᠥᠭᠡᠳᠡᠷᠬᠡᠭ ᠂ ᠡᠷᠡᠭᠦᠯ ᠡᠶ᠎ᠡ ᠵᠤᠬᠢᠴᠠᠯᠲᠤ | ᠨᠡᠶᠢᠭᠡᠮ ᠤᠨ ᠣᠷᠴᠢᠨ ᠲᠤᠭᠤᠷᠢᠨ ᠢ ᠪᠤᠢ ᠪᠤᠯᠭᠠᠵᠠᠢ᠃ | | | | |