ᠴᠢᠩ ᠱᠦᠢ ᠾᠧ ᠰᠢᠶᠠᠨ ᠦᠷ᠎ᠡ ᠶᠢᠨ ᠵᠠᠬ᠎ᠠ ᠳᠡᠯᠭᠡᠭᠦᠷ ᠤᠨ ᠰᠦᠯᠵᠢᠶᠡᠵᠢᠭᠰᠡᠨ ᠬᠠᠮᠢᠶᠠᠷᠤᠯᠲᠠ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2018-05-15
     ᠬᠠᠭᠤᠷᠮᠠᠭ ᠮᠠᠭᠤ ᠦᠷ᠎ᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠰᠡᠷᠭᠡᠶᠢᠯᠡᠬᠦ ᠶᠢᠨ ᠳᠤᠰᠠᠳᠠ᠂ ᠴᠢᠩ ᠱᠦᠢ ᠾᠧ ᠰᠢᠶᠠᠨ ᠦᠷ᠎ᠡ ᠶᠢᠨ ᠪᠣᠷᠣᠯᠠᠭᠤᠯᠭ᠎ᠠ ᠶᠢᠨ ᠬᠥᠭᠵᠢᠯᠲᠡᠶ ᠤᠯᠠᠷᠢᠯ ᠬᠦᠷᠴᠦ ᠢᠷᠡᠬᠦ ᠠᠴᠠ ᠡᠮᠦᠨ᠎ᠡ᠂ ᠦᠷ᠎ᠡ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠳᠤ ᠰᠦᠯᠵᠢᠶᠡᠵᠢᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠦᠷ᠎ᠡ ᠶᠢ ᠡᠵᠡᠩᠨᠡᠨ ᠪᠣᠷᠣᠯᠠᠭᠤᠯᠬᠤ ᠳᠡᠯᠭᠡᠭᠦᠷ ᠪᠣᠯᠣᠨ ᠪᠣᠷᠣᠯᠠᠭᠤᠯᠬᠤ ᠦᠷ᠎ᠡ ᠶᠢᠨ ᠡᠭᠦᠯᠳᠡᠷ ᠲᠤ ᠳᠠᠩᠰᠠᠯᠠᠭᠤᠯᠬᠤ ᠲᠦᠷᠢᠮ ᠬᠡᠷᠡᠭᠵᠢᠭᠦᠯᠬᠦ ᠶᠢ ᠱᠠᠭᠠᠷᠳᠠᠵᠤ᠂ ᠦᠷ᠎ᠡ ᠶᠢᠨ ᠬᠠᠮᠢᠶᠠᠷᠤᠯᠲᠠ ᠳᠤ ᠮᠡᠳᠡᠭᠡ ᠵᠠᠩᠭᠢᠵᠢᠯᠲᠠ ᠶᠢ ᠬᠡᠷᠡᠭᠵᠢᠭᠦᠯᠵᠦ᠂ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ 4 ᠳ᠋ᠦ᠋ᠭᠡᠷ ᠰᠠᠷ᠎ᠠ ᠶᠢᠨ 25 ᠤ ᠡᠳᠦᠷ ᠪᠣᠯᠲᠠᠯ᠎ᠠ᠂ ᠮᠠᠨ ᠤ ᠰᠢᠶᠠᠨ ᠰᠦᠯᠵᠢᠶᠡᠨ ᠳᠡᠭᠡᠷ᠎ᠡ ᠦᠷ᠎ᠡ ᠶᠢ ᠡᠵᠡᠩᠨᠡᠨ ᠪᠣᠷᠣᠯᠠᠭᠤᠯᠬᠤ ᠳᠡᠯᠭᠡᠭᠦᠷ ᠢ ᠨᠢᠭᠡᠨᠲᠡ 9 ᠶᠢ ᠳᠠᠩᠰᠠᠯᠠᠭᠤᠯᠵᠤ᠂ ᠡᠷᠳᠡᠨᠢ ᠰᠢᠰᠢ ᠶᠢᠨ ᠡᠭᠦᠯᠳᠡᠷ ᠢ 38 ᠳᠠᠩᠰᠠᠯᠠᠭᠤᠯᠤᠭᠰᠠᠨ ᠪᠥᠭᠡᠳ ᠳᠠᠩᠰᠠᠯᠠᠭᠤᠯᠤᠭᠰᠠᠨ ᠡᠵᠡᠩᠨᠡᠨ ᠪᠣᠷᠣᠯᠠᠭᠤᠯᠬᠤ ᠳᠡᠯᠭᠡᠭᠦᠷ ᠪᠣᠯᠣᠨ ᠪᠣᠷᠣᠯᠠᠭᠤᠯᠬᠤ ᠡᠭᠦᠯᠳᠡᠷ ᠢ ᠨᠡᠶᠢᠲᠡᠯᠡᠵᠦ᠂ ᠥᠷᠭᠡᠨ ᠤᠯᠠᠨ ᠲᠠᠷᠢᠶᠠᠴᠢᠳ ᠤᠨ ᠭᠡᠮ ᠦᠭᠡᠢ ᠦᠷ᠎ᠡ ᠬᠡᠷᠡᠭᠯᠡᠬᠦ ᠶᠢ ᠪᠠᠲᠤᠯᠠᠭᠰᠠᠨ ᠢᠶᠠᠷ ᠪᠠᠷᠠᠬᠤ ᠦᠭᠡᠢ ᠬᠠᠮᠤᠭ ᠤᠨ ᠰᠠᠶᠢᠨ᠂ ᠬᠠᠮᠤᠭ ᠤᠨ ᠰᠢᠯᠢᠳᠡᠭ ᠡᠭᠦᠯᠳᠡᠷ ᠢ ᠬᠡᠷᠡᠭᠯᠡᠭᠦᠯᠵᠦ᠂ ᠲᠠᠷᠢᠶᠠᠴᠢᠳ ᠤᠨ ᠡᠷᠬᠡ ᠠᠰᠢᠭ ᠢ ᠦᠨᠡᠨ ᠬᠦ ᠬᠠᠮᠠᠭᠠᠯᠠᠪᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号