ᠬᠦᠬᠡᠬᠤᠲᠠ ᠣᠷᠣᠰᠢᠨ ᠰᠠᠭᠤᠬᠤ ᠦᠨᠡᠮᠯᠡᠯ ᠤᠨ ᠳᠥᠷᠢᠮ ᠢ ᠪᠦᠬᠦ ᠲᠠᠯ᠎ᠠ ᠪᠠᠷ ᠬᠡᠷᠡᠭᠵᠢᠬᠦᠯᠪᠡ
ᠨᠡᠶᠢᠲᠡᠯᠡᠭᠰᠡᠨ ᠴᠠᠭ᠄
2018-05-15
      5 ᠳ᠋ᠤᠭᠠᠷ ᠰᠠᠷ᠎ᠠ  ᠶᠢᠨ 13  ᠤ ᠡᠳᠦᠷ᠂ ᠰᠣᠷᠪᠣᠯᠵᠢᠯᠠᠭᠴᠢ ᠬᠦᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠪᠣᠷᠢ ᠠᠩᠭᠢ ᠵᠢᠨ‌‍ᠲ᠋ᠡᠷᠭᠡ ᠬᠦᠰᠭᠡ ᠶᠢᠨ ᠬᠠᠮᠢᠶᠠᠷᠣᠯᠲᠠ ᠶᠢᠨ ᠭᠠᠵᠠᠷ ᠠᠴᠠ ᠣᠶᠢᠯᠭᠠᠭᠰᠠᠨ  ᠢᠶᠠᠷ᠂ ᠥᠴᠦᠭᠡᠳᠦᠷ   ᠠᠴᠠ  ᠬᠦᠬᠡᠬᠤᠲᠠ   ᠶᠢᠨ  ᠵᠠᠮ‌ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠣᠷᠣᠨ ᠰᠠᠭᠤᠴᠠ ᠶᠢᠨ ᠦᠨᠡᠮᠯᠡᠯ ᠤᠨ ᠰᠢᠯᠵᠢᠯᠲᠠ ᠶᠢᠨ  ᠬᠤᠭᠤᠴᠠᠭᠠᠨ‌‍ᠣ ᠠᠷᠭ᠎ᠠ ᠶᠢ ᠵᠢᠩᠬᠢᠨᠢ ᠪᠠᠷ ᠬᠦᠴᠦᠨ ᠦᠭᠡᠢ ᠪᠣᠯᠭᠠᠵᠣ᠂ ᠣᠷᠣᠨ ᠰᠠᠭᠤᠴᠠ ᠶᠢᠨ ᠦᠨᠡᠮᠯᠡᠯ ᠤᠨ ᠲᠥᠷᠢᠮ ᠢ ᠪᠦᠬᠦ ᠲᠠᠯ᠎ᠠ   ᠪᠠᠷ ᠬᠡᠷᠡᠭᠵᠢᠬᠦᠯᠪᠡ᠃ ᠬᠦᠬᠡᠬᠤᠲᠠ ᠳᠤ ᠲᠦᠷ ᠰᠠᠭᠤᠵᠣ ᠪᠠᠶᠢᠭ᠎ᠠ ᠬᠥᠮᠦᠰ ᠬᠡᠷᠪᠡ ᠬᠦᠳᠡᠯᠭᠡᠭᠦᠷᠲᠦ ᠮᠠᠰᠢᠨ ᠲᠡᠷᠭᠡ᠂ ᠵᠢᠯᠣᠭᠤᠴᠢ ᠵᠢᠨ‌ᠦᠨᠡᠮᠯᠡᠯ ᠤᠨ  ᠲᠣᠬᠠᠶᠢᠯᠠᠭᠰᠠᠨ  ᠠᠵᠢᠯ   ᠶᠢ  ᠭᠦᠢᠴᠡᠳᠭᠡᠪᠡᠯ᠂  ᠡᠷᠬᠡᠪᠰᠢ  ᠳᠣᠲᠣᠭᠠᠲᠣ ᠶᠢ  ᠬᠠᠮᠠᠭᠠᠯᠠᠬᠤ  ᠪᠠᠶᠢᠭᠤᠯᠣᠮᠵᠢ  ᠵᠢᠨ‌ᠣᠯᠭᠤᠭᠰᠠᠨ ᠵᠢᠩᠬᠢᠨᠢ ᠣᠷᠣᠨ ᠰᠠᠭᠤᠴᠠ ᠶᠢᠨ ᠦᠨᠡᠮᠯᠡᠯ ᠶᠢ ᠬᠠᠩᠭᠠᠪᠠᠯ ᠰᠠᠶ᠋ᠢ ᠭᠦᠢᠴᠡᠳᠭᠡᠵᠦ ᠲᠠᠶᠢᠯᠦᠨ᠎ᠡ᠃              ᠣᠶᠢᠯᠭᠠᠭᠰᠠᠨ ᠢᠶᠠᠷ᠂ ᠥᠪᠦᠷ ᠮᠣᠩᠭᠤᠯ ᠤᠨ ᠥᠪᠡᠷᠲᠡᠬᠡᠨ  ᠵᠠᠰᠠᠬᠤ  ᠣᠷᠣᠨ   ᠤ  ᠳᠣᠲᠣᠭᠠᠲᠣ   ᠶᠢ  ᠬᠠᠮᠠᠭᠠᠯᠠᠬᠤ ᠲᠢᠩᠬᠢᠮ   ᠤᠨ ︽ᠣᠷᠣᠰᠢᠨ  ᠰᠠᠭᠤᠬᠤ  ᠦᠨᠡᠮᠯᠡᠯ   ᠤᠨ  ᠲᠦᠷ  ᠭᠡᠷᠡᠭᠵᠢᠬᠦᠯᠬᠦ  ᠳᠥᠷᠢᠮ︾   ᠢ   ᠪᠦᠬᠦ   ᠲᠠᠯ᠎ᠠ   ᠪᠠᠷ ᠨᠠᠶᠢᠳᠠᠪᠣᠷᠢᠵᠢᠭᠤᠯᠵᠣ᠂ ᠣᠷᠣᠰᠢᠨ ᠰᠠᠭᠤᠬᠤ ᠦᠨᠡᠮᠯᠡᠯ ᠤᠨ ᠲᠥᠷᠢᠮ ᠤᠨ ᠲᠣᠬᠠᠢ ᠥᠪᠦᠷ ᠮᠣᠩᠭᠤᠯ ᠤᠨ ᠥᠪᠡᠷᠲᠡᠭᠡᠨ ᠵᠠᠰᠠᠬᠤ‌ᠣᠷᠣᠨ ᠤ ᠮᠡᠳᠡᠭᠳᠡᠯ︾ ᠤᠨ ᠵᠣᠷᠢᠭ ᠰᠠᠨᠠᠭ᠎ᠠ ᠶᠣᠰᠣᠭᠠᠷ᠂ ᠡᠨᠡ ᠵᠢᠯ ᠤᠨ3 ᠰᠠᠷ᠎ᠠ  ᠶᠢᠨ1 ᠠᠴᠠ᠂ ᠮᠠᠨ   ᠤ  ᠣᠷᠣᠨ   ᠤ  ᠡᠯ᠎ᠡ‌‍ᠱᠠᠲᠣᠨ ᠤ ᠳᠣᠲᠣᠭᠠᠳᠣ ᠶᠢ ᠬᠠᠮᠠᠭᠠᠯᠠᠬᠤ ᠪᠠᠶᠢᠭᠤᠯᠣᠮᠵᠢ ᠲᠠᠬᠢᠵᠣ ᠲᠦᠷ ᠰᠠᠭᠤᠬᠤ ᠦᠨᠡᠮᠯᠡᠯ᠂ ᠲᠦᠷ ᠰᠠᠭᠤᠬᠤ  ᠬᠡᠷᠡᠴᠢ  ᠵᠡᠷᠭᠡ ᠪᠣᠰᠣᠳ ᠲᠦᠷ ᠰᠠᠭᠤᠭ᠎ᠠ ᠭᠠᠵᠠᠷ ᠤᠨ ᠣᠷᠣᠰᠢᠨ ᠰᠠᠭᠤᠬᠤ ᠦᠨᠡᠮᠯᠡᠯ ᠬᠢᠵᠦ ᠥᠭᠬᠦ ᠦᠭᠡᠢ᠂ ᠣᠷᠣᠰᠢᠨ ᠰᠠᠭᠤᠬᠤ  ᠦᠨᠡᠮᠯᠡᠯ ᠶᠢ ᠬᠠᠣᠯᠢ ᠳᠤ ᠨᠡᠶᠢᠴᠡᠭᠰᠡᠨ ᠬᠦᠴᠦᠨ ᠲᠠᠢ ᠲᠦᠷ ᠰᠠᠭᠤᠬᠤ ᠭᠠᠵᠠᠷ ᠤᠨ ᠣᠷᠣᠰᠢᠨ ᠰᠠᠭᠤᠬᠤ  ᠴᠣᠷ   ᠤᠨ  ᠭᠠᠭᠴᠠ  ᠭᠡᠷᠡᠴᠢ ᠪᠣᠯᠭᠠᠨ᠎ᠠ᠃  ᠬᠦᠬᠡᠬᠤᠲᠠ   ᠶᠢᠨ  ᠵᠠᠮ  ᠬᠠᠷᠢᠯᠴᠠᠭᠠᠨ   ᠤ  ᠬᠠᠮᠢᠶᠠᠷᠣᠯᠲᠠ   ᠶᠢᠨ  ᠰᠠᠯᠠᠭ᠎ᠠ  ᠮᠦᠴᠢᠷ   ︽ᠨᠢᠭᠡᠯᠡ   ᠲᠡᠭᠡᠷ᠎ᠡ ᠵᠣᠭᠰᠣᠭᠠᠭᠠᠳ︾ ᠣᠯᠠᠨ ᠲᠥᠮᠡᠨ ᠮᠠᠰᠢᠨ ᠲᠡᠷᠭᠡᠨ ᠤ  ᠵᠢᠯᠣᠭᠤᠴᠢ   ᠶᠢᠨ  ᠬᠠᠮᠢᠶᠠᠷᠣᠯᠲᠠ   ᠶᠢᠨ  ᠲᠣᠬᠠᠶᠢᠯᠠᠭᠰᠠᠨ  ᠠᠵᠢᠯ  ᠢ‌‍ᠭᠦ᠋ᠢᠴᠡᠳᠭᠡᠬᠦ ᠳᠤ ᠯᠤᠬᠰᠤᠤ ᠲᠠᠢ ᠪᠣᠯᠬᠤ ᠠᠴᠠ ᠵᠠᠶᠢᠯᠠᠰᠬᠢᠬᠦ   ᠶᠢᠨ  ᠲᠦᠯᠦᠭᠡ᠂  ᠳᠡᠭᠡᠳᠦ  ᠱᠠᠲᠣᠨ   ᠤ  ᠪᠠᠶᠢᠭᠤᠯᠭ᠎ᠠ   ᠯᠤᠭ᠎ᠠ ᠵᠦᠪᠲᠡᠯᠴᠡᠭᠡᠳ᠂ 3 ᠰᠠᠷ᠎ᠠ ᠶᠢᠨ1 ᠳᠤ ᠰᠢᠯᠵᠢᠯᠲᠡ ᠶᠢᠨ ᠬᠤᠭᠤᠴᠠᠭ᠎ᠠ ᠶᠢᠨ  ᠠᠷᠭ᠎ᠠ  ᠭᠠᠷᠭᠠᠵᠣ᠂  ᠡᠳᠦᠷ  ᠬᠤᠭᠤᠴᠠᠭ᠎ᠠ   ᠨᠢ 2018 ᠣᠨ ᠤ3 ᠰᠠᠷ᠎ᠠ ᠶᠢᠨ1 ᠠᠴᠠ ᠡᠮᠦᠨᠡᠬᠢ ︽ᠲᠦᠷ ᠰᠠᠭᠤᠬᠤ ᠦᠨᠡᠮᠯᠡᠯ︾ ︽ᠲᠦᠷ ᠰᠠᠭᠤᠬᠤ ᠭᠡᠷᠡᠴᠢ︾ ︽ᠣᠷᠣᠰᠢᠨ‌‍ᠰᠠᠭᠤᠬᠤ ᠭᠡᠷᠡᠴᠢ︾ ᠪᠠ ︽ᠣᠷᠣᠰᠢᠨ ᠰᠠᠭᠤᠬᠤ ᠦᠨᠡᠮᠯᠡᠯ︾ ᠵᠡᠷᠭᠡ ᠬᠡᠷᠡᠴᠢᠯᠡᠬᠦ ᠴᠢᠨᠠᠷᠲᠠᠢ ᠮᠠᠲ᠋ᠧᠷᠢᠶᠠᠯ ᠤᠨ  ᠬᠦᠴᠦᠨ  ᠪᠦᠬᠦᠢ ᠬᠤᠭᠤᠴᠠᠭᠠᠨ ᠳᠤ᠂ ᠳᠣᠲᠣᠭᠠᠲᠣ ᠶᠢ ᠬᠠᠮᠠᠭᠠᠯᠠᠬᠤ ᠰᠦᠯᠵᠢᠶ᠎ᠡ ᠪᠠᠷ ᠬᠠᠷᠭᠤᠭᠤᠯᠤᠭᠠᠳ᠂ ᠮᠡᠳᠡᠭᠡ  ᠵᠠᠩᠭᠢ  ᠪᠣᠯᠣᠨ  ᠬᠡᠷᠡᠴᠢᠯᠡᠬᠦ ᠮᠠᠲ᠋ᠧᠷᠢᠶᠠᠯ ᠯᠤᠭ᠎ᠠ ᠨᠡᠶᠢᠴᠡᠪᠡᠯ᠂ ᠮᠠᠰᠢᠨ ᠲᠡᠷᠭᠡᠨ   ᠤ  ᠵᠢᠯᠣᠭᠤᠴᠢ   ᠶᠢᠨ  ᠬᠠᠮᠢᠶᠠᠷᠣᠯᠲᠠ   ᠶᠢᠨ  ᠲᠣᠬᠠᠶᠢᠯᠠᠭᠰᠠᠨ  ᠠᠵᠢᠯ   ᠶᠢ ᠭᠦᠢᠴᠡᠳᠭᠡᠵᠦ ᠪᠣᠯᠣᠨ᠎ᠠ᠃              5 ᠰᠠᠷ᠎ᠠ ᠶᠢᠨ10 ᠳᠤ᠂ ᠬᠦᠬᠡᠬᠤᠲᠠ ᠶᠢᠨ ᠵᠠᠮ ᠬᠠᠷᠢᠯᠴᠠᠭᠠᠨ ᠤ ᠰᠠᠯᠠᠭ᠎ᠠ  ᠮᠦᠴᠢᠷ  ᠨᠠᠷᠢᠨ  ᠨᠢᠮᠪᠠᠢ  ᠪᠠᠶᠢᠴᠠᠭᠠᠨ‌‍ᠰᠣᠳᠣᠯᠣᠯᠲᠠ ᠪᠠ ᠨᠣᠳᠠᠯᠠᠯᠲᠠ ᠪᠠᠷ ᠳᠠᠮᠵᠢᠭᠠᠳ᠂ ᠬᠦᠬᠡᠬᠤᠲᠠ   ᠶᠢᠨ  ᠳᠣᠲᠣᠭᠠᠳᠣ   ᠶᠢ  ᠬᠠᠮᠠᠭᠠᠯᠠᠬᠤ  ᠪᠠᠶᠢᠭᠤᠯᠣᠮᠵᠢ   ᠠᠴᠠ2018 ᠣᠨ ᠤ 3 ᠰᠠᠷ᠎ᠠ ᠶᠢᠨ1 ᠠᠴᠠ  ᠡᠮᠦᠨ᠎ᠡ  ᠲᠠᠷᠬᠠᠭᠠᠭᠰᠠᠨ  ︽ᠲᠦᠷ  ᠰᠠᠭᠤᠬᠤ  ᠦᠨᠡᠮᠯᠡᠯ︾  ︽ᠲᠦᠷ  ᠰᠠᠭᠤᠬᠤ‌‍ᠭᠡᠷᠡᠴᠢ︾ ︽ᠣᠷᠣᠰᠢᠨ ᠰᠠᠭᠤᠬᠤ ᠬᠡᠷᠡᠴᠢ︾ ᠪᠠ ︽ᠣᠷᠣᠰᠢᠨ ᠰᠠᠭᠤᠬᠤ ᠦᠨᠡᠮᠯᠡᠯ︾ ᠵᠡᠷᠭᠡ ᠬᠡᠷᠡᠴᠢᠯᠡᠬᠦ ᠴᠢᠨᠠᠷᠲᠠᠢ  ᠮᠠᠲ᠋ᠧᠷᠢᠶᠠᠯ ᠣᠳᠣᠬᠠᠨ ᠳᠤ ᠶᠡᠬᠡᠩᠬᠢ ᠬᠡᠰᠡᠭ ᠨᠢ ᠨᠢᠭᠡᠨᠲᠡ ᠬᠦᠴᠦᠨ ᠪᠦᠬᠦᠢ ᠬᠤᠭᠤᠴᠠᠭ᠎ᠠ ᠠᠴᠠ ᠬᠡᠲᠦᠷᠡᠵᠦ᠂ ᠲᠡᠬᠢᠵᠣ ᠬᠡᠷᠡᠴᠢᠯᠡᠬᠦ ᠬᠦᠴᠦᠨ‌ᠦᠭᠡᠢ ᠪᠣᠯᠵᠠᠢ᠃ ᠬᠦᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ  ᠮᠦᠴᠢᠷ 5  ᠰᠠᠷ᠎ᠠ   ᠶᠢᠨ 11  ᠡᠴᠠ‌ᠣᠷᠣᠰᠢᠨ ᠰᠠᠭᠤᠬᠤ ᠬᠡᠷᠡᠴᠢ  ᠶᠢᠨ ᠰᠢᠯᠵᠢᠯᠲᠡ ᠶᠢᠨ ᠬᠤᠭᠤᠴᠠᠭᠠᠨ ᠤ ᠠᠷᠭ᠎ᠠ ᠶᠢ ᠵᠢᠩᠬᠢᠨᠢ   ᠪᠠᠷ  ᠬᠦᠴᠦᠨ  ᠦᠭᠡᠢ  ᠪᠣᠯᠭᠠᠵᠣ ᠣᠷᠣᠰᠢᠨ ᠰᠠᠭᠤᠬᠤ ᠦᠨᠡᠮᠯᠡᠯ ᠤᠨ ᠳᠥᠷᠢᠮ ᠢ ᠪᠦᠬᠦ ᠲᠠᠯ᠎ᠠ ᠪᠠᠷ ᠬᠡᠷᠡᠭᠵᠢᠬᠦᠯᠬᠦ ᠪᠠᠷ ᠳᠣᠭᠲᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号