2018 ᠲᠤᠮᠳᠠᠳᠤ ᠤᠯᠤᠰ • ᠬᠤᠷᠢᠳᠤᠭᠠᠷ ᠬᠤᠭᠤᠴᠠᠭᠠᠨ ᠤ ᠲᠠᠯ᠎ᠠ ᠨᠤᠳᠤᠭ ᠤᠨ ᠰᠤᠶᠤᠯ ᠤᠨ ᠮᠡᠷᠬᠡᠳ ᠤᠨ ᠴᠢᠭᠤᠯᠭᠠᠨ ᠬᠦᠬᠡᠬᠤᠳᠠ ᠳᠤ ᠵᠤᠬᠢᠶᠠᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018-05-15
      ᠰᠢᠨᠬᠤᠸᠠ ᠮᠣᠩᠭᠤᠯ  ᠨᠧᠲ ᠬᠦᠬᠡᠬᠤᠳᠠ ᠶᠢᠨ 5 ᠰᠠᠷ᠎ᠠ ᠶᠢᠨ 14 ᠤ ᠡᠳᠤᠷ ᠤᠨ ᠴᠠᠬᠢᠯᠭᠠᠨ ᠮᠡᠳᠡᠭᠡ ︵ᠪᠠᠢ ᠯᠢᠩ ᠳ᠋ᠢ︶ 12 ᠤᠨ ᠡᠳᠦᠷ ᠤᠨ ᠦᠳᠡ ᠠᠴᠠ ᠡᠮᠦᠨ᠎ᠡ᠂ 2018 ᠤᠨ ᠤ ᠲᠤᠮᠳᠠᠳᠤ ᠤᠯᠤᠰ • ᠬᠤᠷᠢᠳᠤᠭᠠᠷ ᠬᠤᠭᠤᠴᠠᠭᠠᠨ ᠤ ᠲᠠᠯ᠎ᠠ ᠨᠤᠳᠤᠭ ᠤᠨ ᠰᠤᠶᠤᠯ ᠤᠨ ᠮᠡᠷᠬᠡᠳ ᠤᠨ ᠴᠢᠭᠤᠯᠭᠠᠨ ᠬᠦᠬᠡᠬᠤᠳᠠ ᠳᠤ ᠨᠡᠬᠡᠬᠡᠯᠳᠡ ᠪᠠᠨ ᠬᠢᠪᠡ᠃ ᠲᠤᠰ ᠬᠤᠭᠤᠴᠠᠭᠠᠨ ᠤ ᠴᠢᠭᠤᠯᠭᠠᠨ ᠨᠢ ︽ᠤᠳᠤ ᠦᠶ᠎ᠡ ᠶᠢᠨ ᠴᠢᠳᠠᠪᠤᠷᠢᠳᠠᠨ ᠢ ᠬᠤᠷᠠᠨ ᠴᠤᠭᠯᠠᠭᠤᠯᠵᠤ᠂ ᠲᠠᠯ᠎ᠠ ᠨᠤᠳᠤᠭ ᠤᠨ ᠰᠤᠶᠤᠯ ᠳᠤ ᠤᠶᠢᠯᠠᠴᠢᠯᠠᠬᠦᠯᠬᠦ︾ ᠭᠤᠤᠯ ᠰᠡᠳᠤᠪ ᠤᠨ ᠲᠤᠭᠤᠷᠢᠨ ᠳᠤ ᠶᠠᠪᠤᠭᠳᠠᠵᠤ᠂ ᠲᠠᠯ᠎ᠠ ᠨᠤᠳᠤᠭ ᠤᠨ ᠰᠤᠶᠤᠯ ᠤᠨ ᠴᠢᠳᠠᠪᠤᠷᠢᠳᠡᠨ ᠢ ᠬᠦᠮᠦᠵᠢᠬᠦᠯᠬᠦ᠂ ᠤᠯᠠᠭᠠᠨᠮᠦ᠋ᠴᠢᠷ ᠤᠷᠠᠯᠢᠭ ᠤᠨ ᠦᠢᠯᠡᠰ ᠤᠨ ᠬᠦᠭᠵᠢᠯᠳᠡ ᠪᠠ ᠷᠠᠰᠢᠶᠠᠨ ᠤ ᠴᠢᠭᠤᠯᠭᠠᠨ᠂ ᠪᠠᠶᠢᠭᠠᠯᠢ ᠤᠷᠴᠢᠨ᠂ ᠠᠶᠠᠯᠠᠯ ᠵᠢᠭᠤᠯᠴᠢᠯᠠᠯ ᠤᠨ ᠬᠦᠭᠵᠢᠯᠳᠡ ᠶᠢᠨ ᠲᠤᠬᠠᠢ ᠡᠷᠳᠡᠮ ᠰᠢᠨᠵᠢᠯᠡᠬᠡᠨ ᠤ ᠦᠵᠡᠯ ᠰᠠᠨᠠᠭ᠎ᠠ ᠪᠤᠯᠤᠨ ᠰᠤᠳᠤᠯᠭᠠᠨ ᠤ ᠪᠦᠲᠦᠬᠡᠯ ᠬᠠᠩᠭᠠᠬᠤ ᠶᠢ ᠵᠤᠷᠢᠭᠰᠠᠨ ᠪᠠᠶᠢᠨ᠎ᠠ᠃      ᠦᠪᠦᠷ ᠮᠣᠩᠭᠤᠯ ᠤᠨ ᠲᠠᠯ᠎ᠠ ᠨᠤᠳᠤᠭ ᠤᠨ ᠰᠤᠶᠤᠯ ᠢ ᠬᠠᠮᠠᠭᠠᠯᠠᠵᠤ ᠬᠦᠭᠵᠢᠬᠦᠯᠬᠦ ᠹᠤᠨᠳ᠋ ᠠᠴᠠ ᠰᠠᠨᠠᠭᠠᠴᠢᠯᠠᠨ ᠡᠷᠬᠢᠯᠡᠵᠤ ᠪᠠᠶᠢᠭ᠎ᠠ ᠡᠨᠡᠬᠦ ᠴᠢᠭᠤᠯᠭᠠᠨ ᠳᠤ ︽ᠦᠨᠢᠳᠡ ᠶᠢᠨ ᠤᠯᠠᠭᠠᠨᠮᠦ᠋ᠴᠢᠷ︾᠂ ︽ᠤᠳᠤ ᠦᠶ᠎ᠡ ᠶᠢᠨ ᠡᠷᠴᠢᠮ ᠬᠦᠴᠦ ᠡᠳ᠋ ᠤᠨ ᠵᠠᠰᠠᠭ ᠪᠤᠯᠤᠨ ᠪᠠᠶᠢᠭᠠᠯᠢ ᠤᠷᠴᠢᠨ ᠢ ᠶᠡᠷᠦᠩᠬᠡᠶᠢᠯᠡᠨ ᠵᠠᠰᠠᠬᠤ ᠲᠤᠬᠠᠢ︾᠂ ︽ᠷᠠᠰᠢᠶᠠᠨ ᠤ ᠴᠢᠭᠤᠯᠭᠠᠨ ᠢ ᠪᠡᠯᠡᠳᠬᠡᠬᠦ ᠲᠦᠷᠪᠡᠳᠡᠬᠢ ᠤᠳᠠᠭᠠᠨ ᠤ ᠬᠤᠷᠠᠯ︾ ᠵᠡᠷᠭᠡ ᠰᠤᠳᠤᠯᠤᠨ ᠶᠠᠷᠢᠯᠴᠠᠬᠤ ᠭᠤᠷᠪᠠᠨ ᠪᠠᠭ᠎ᠠ ᠬᠤᠷᠠᠯ ᠲᠤᠬᠢᠷᠠᠭᠤᠯᠵᠤ ᠬᠤᠶᠠᠷ ᠡᠳᠤᠷ ᠤᠨ ᠬᠤᠭᠤᠴᠠᠭ᠎ᠠ ᠲᠠᠢ ᠵᠤᠬᠢᠶᠠᠨ ᠪᠠᠶᠢᠭᠤᠯᠤᠭᠳᠠᠨ᠂ ᠲᠤᠮᠳᠠᠳᠤ ᠤᠯᠤᠰ᠂ ᠠᠮᠧᠷᠢᠺᠠ᠂ ᠠᠩᠭ᠍ᠯᠢ᠂ ᠶᠠᠫᠤᠨ᠂ ᠮᠤᠩᠭᠤᠯ ᠤᠯᠤᠰ ᠁ ᠵᠡᠷᠬᠡ ᠤᠯᠤᠰ ᠤᠨ ᠲᠤᠳᠤᠭᠠᠳᠤ ᠭᠠᠳᠠᠭᠠᠳᠤ ᠶᠢᠨ 250 ᠭᠠᠷᠤᠢ ᠮᠡᠷᠬᠡᠵᠢᠯᠳᠡᠨ᠂ ᠰᠤᠳᠤᠯᠤᠭᠴᠢ᠂ ᠠᠵᠤ ᠠᠬᠤᠶᠢᠯᠠᠯᠳᠠᠨ ᠤᠷᠤᠯᠴᠠᠵᠠᠢ᠃      ᠤᠶᠢᠯᠠᠭᠠᠭᠰᠠᠨ ᠢᠶᠠᠷ᠂ ᠲᠠᠯ᠎ᠠ ᠨᠤᠳᠤᠭ ᠤᠨ ᠰᠤᠶᠤᠯ ᠤᠨ ᠮᠡᠷᠬᠡᠳ ᠤᠨ ᠴᠢᠭᠤᠯᠭᠠᠨ 2005 ᠤᠨ ᠠᠴᠠ ᠤᠳᠤ ᠪᠤᠯᠳᠠᠯ᠎ᠠ ᠨᠢᠬᠡᠨᠳᠡ 19 ᠳᠠᠬᠢ ᠤᠳᠠᠭ᠎ᠠ ᠪᠠᠨ ᠠᠮᠵᠢᠯᠳᠠ ᠲᠠᠢ ᠶᠠᠪᠤᠭᠳᠠᠵᠤ᠂ ᠲᠠᠯ᠎ᠠ ᠨᠤᠳᠤᠭ ᠤᠨ ᠰᠤᠶᠤᠯ ᠤᠨ ᠰᠤᠳᠤᠯᠭᠠᠨ ᠤ ᠬᠦᠷᠢᠶᠡᠨ ᠳᠤ ᠤᠯᠠᠨ ᠤᠯᠤᠰ ᠤᠨ ᠴᠢᠬᠤᠯᠠ ᠰᠤᠯᠢᠯᠴᠠᠭᠠᠨ ᠤ ᠲᠠᠪᠴᠠᠩ ᠪᠤᠯᠤᠭᠰᠠᠨ ᠪᠠᠶᠢᠨ᠎ᠠ᠃ ᠲᠤᠰ ᠴᠢᠭᠤᠯᠭᠠᠨ ᠨᠢ ᠦᠨᠳᠤᠰᠦᠳᠡᠨ ᠤ ᠰᠤᠶᠤᠯ ᠤᠨ ᠤᠯᠠᠮᠵᠢᠯᠠᠯ ᠪᠤᠯᠤᠨ ᠬᠦᠭᠵᠢᠯᠳᠡ ᠶᠢ ᠰᠠᠶᠢᠳᠤᠷ ᠬᠢᠬᠦ ᠶᠢᠨ ᠲᠠᠭᠠᠤ ᠲᠠᠯ᠎ᠠ ᠨᠤᠳᠤᠭ ᠤᠨ ᠰᠤᠶᠤᠯ ᠤᠨ ᠰᠤᠳᠤᠯᠭᠠᠨ ᠤ ᠦᠷ᠎ᠡ ᠪᠦᠲᠦᠬᠡᠯ ᠤᠳ ᠤᠨ ᠤᠳᠤ ᠦᠶ᠎ᠡ ᠶᠢᠨ ᠡᠳ᠋ ᠤᠨ ᠵᠠᠰᠠᠭ᠂ ᠰᠤᠶᠤᠯ ᠤᠨ ᠪᠠᠶᠢᠭᠤᠯᠤᠯᠳᠠ ᠳᠤ ᠠᠰᠢᠭᠯᠠᠭᠳᠠᠬᠤ ᠶᠢ ᠴᠢᠬᠤᠯᠠᠴᠢᠯᠠᠵᠤ᠂ ᠰᠢᠨ᠎ᠡ ᠴᠠᠭ ᠦᠶ᠎ᠡ ᠶᠢᠨ ᠦᠪᠦᠷ ᠮᠣᠩᠭᠤᠯ  ᠤᠨ ᠦᠪᠡᠷᠳᠡᠬᠡᠨ ᠵᠠᠰᠠᠬᠤ ᠤᠷᠤᠨ ᠤ ᠡᠯ᠎ᠡ ᠦᠨᠳᠤᠰᠦᠳᠡᠨ ᠤ ᠡᠶ᠎ᠡ ᠨᠢᠬᠡᠳᠤᠯ ᠲᠠᠪᠰᠢᠯᠳᠠ᠂ ᠡᠳ᠋ ᠤᠨ ᠵᠠᠰᠠᠭ ᠤᠨ ᠪᠠᠶᠢᠭᠤᠯᠤᠯᠳᠠ᠂ ᠨᠡᠶᠢᠬᠡᠮ ᠪᠤᠯᠤᠨ ᠡᠶ᠎ᠡ ᠵᠤᠬᠢᠴᠠᠩᠭᠤᠢ ᠬᠦᠭᠵᠢᠯᠳᠡ ᠳᠤ ᠴᠢᠬᠤᠯᠠ ᠬᠤᠪᠢ ᠨᠡᠮᠡᠷᠢᠯᠡᠬᠦ ᠪᠠᠷ ᠵᠤᠷᠢᠯᠭ᠎ᠠ ᠪᠠᠨ ᠪᠤᠯᠭᠠᠭᠰᠠᠨ ᠪᠠᠶᠢᠨ᠎ᠠ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号