︽ᠬᠥᠬᠡᠬᠤᠲᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ︾ ᠳᠤ  ᠵᠠᠰᠠᠪᠤᠷᠢ ᠣᠷᠣᠭᠤᠯᠬᠤ ᠲᠤᠬᠠᠶ ᠰᠢᠢᠳᠪᠦᠷᠢ
ᠨᠡᠶᠢᠲᠡᠯᠡᠭᠰᠡᠨ ᠴᠠᠭ᠄
2018-05-15
ᠵᠠᠰᠠᠭ ᠤᠨ ᠣᠷᠳᠣᠨ ᠤ ᠵᠠᠷᠯᠢᠭ  ﹇2018﹈     9 ᠳ᠋ᠦ᠋ᠭᠡᠷ ᠲᠣᠭᠠᠲᠤ       ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ  ᠤ ︽︿ᠬᠥᠬᠡᠬᠤᠲᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ︾ ᠢ 2018 ᠤᠨ ᠤ 2 ᠳ᠋ᠤᠭᠠᠷ ᠰᠠᠷ᠎ᠠ ᠶᠢᠨ 8 ᠤ ᠡᠳᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠪᠠ᠂ ᠤᠳᠤ ᠨᠡᠶᠢᠲᠡᠯᠡᠶ᠎ᠡ᠂ 2018 ᠤᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                ᠬᠤᠲᠠ ᠶᠢᠨ ᠳᠠᠷᠤᠭ᠎ᠠ         ᠹᠧᠩ ᠢᠦᠶ ᠵᠧᠨ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ  ︽ᠬᠥᠬᠡᠬᠤᠲᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠬᠤ ᠲᠤᠬᠠᠶ ᠰᠢᠢᠳᠪᠦᠷᠢ    ᠨᠢᠭᠡ᠂ ᠭᠠᠷᠴᠠᠭ ᠳᠠᠬᠢ ︽ ︵ᠲᠤᠷᠰᠢᠨ ᠬᠡᠷᠡᠭᠵᠢᠭᠦᠯᠬᠦ︶︾  ᠶᠢ ᠬᠠᠰᠤᠨ᠎ᠠ᠃   ᠬᠤᠶᠠᠷ᠂ ᠬᠤᠶᠠᠳᠤᠭᠠᠷ  ᠵᠦᠢᠯ ᠳᠠᠬᠢ ︽ᠬᠤᠲᠠ ᠶᠢᠨ ᠳᠥᠷᠪᠡᠨ ᠲᠣᠭᠤᠷᠢᠭ︾ ᠶᠢ ᠬᠠᠰᠤᠨ᠎ᠠ᠃    ᠭᠤᠷᠪᠠ᠂ ᠳᠥᠷᠪᠡᠳᠦᠭᠡᠷ ᠵᠦᠢᠯ  ᠢ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ  ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠶᠢᠨ ᠰᠢᠰᠲ᠋ᠧᠮ ‍ᠦᠨ‌‍ᠪᠡᠯᠡᠳᠭᠡᠮᠵᠢ ᠲᠥᠬᠦᠭᠡᠷᠦᠮᠵᠢ ᠶᠢᠨ ᠡᠳᠦᠷ ᠲᠤᠳᠤᠮ ᠤᠨ  ᠡᠷᠭᠢᠯᠳᠡ ᠶᠢᠨ ᠬᠠᠮᠠᠭᠠᠯᠠᠯᠳᠠ ᠶᠢ ᠵᠤᠬᠢᠶᠠᠨ ᠪᠠᠶᠢᠭᠤᠯᠤᠨ ᠵᠤᠬᠢᠴᠠᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠳᠤᠷᠠᠵᠤ ᠪᠠᠶᠢᠭᠠᠳ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠲᠤᠭᠳᠠᠭᠠᠬᠤ ᠶᠢᠨ ᠬᠠᠮᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤ ᠵᠣᠬᠢᠶᠠᠨ ᠪᠠᠶᠢᠭᠤᠯᠤᠨ ᠡᠯ᠎ᠡ ᠬᠤᠰᠢᠭᠤ ᠰᠢᠶᠠᠨ ᠲᠣᠭᠤᠷᠢᠭ ᠤᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠶᠢᠨ ᠰᠢᠰᠲ᠋ᠧᠮ ᠤᠨ ᠪᠡᠯᠡᠳᠭᠡᠮᠵᠢ ᠲᠥᠬᠦᠭᠡᠷᠦᠮᠵᠢ ᠲᠤ ᠡᠳᠦᠷ ᠲᠤᠳᠤᠮ ᠤᠨ ᠡᠷᠭᠢᠯᠳᠡ ᠶᠢᠨ ᠬᠠᠮᠢᠶᠠᠷᠤᠯᠳᠠ ᠳᠤ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠯᠳᠡ ᠬᠢᠬᠦ ᠬᠡᠷᠡᠭᠳᠡᠢ ᠭᠡᠵᠤ ᠵᠠᠰᠠᠪᠦᠷᠢ ᠤᠷᠤᠭᠤᠯᠤᠨ᠎ᠠ᠃      ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠵᠢᠨ‌‍ᠰᠠᠯᠠᠭ᠎ᠠ ᠮᠥᠴᠢᠷ ᠠᠴᠠ ᠪᠦᠭᠡᠮᠯᠡᠨ ᠬᠡᠷᠡᠭᠯᠡᠬᠦ ᠨᠢᠭᠡᠴᠡ ᠶᠢᠨ ᠭᠤᠭᠴᠤᠭ᠎ᠠ ᠳᠠᠬᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠮᠡᠳᠡᠭᠡ ᠵᠠᠩᠭᠢ ᠮᠦᠷᠳᠡᠬᠦ ᠬᠠᠮᠢᠶᠠᠷᠤᠯᠳᠠ ᠶᠢᠨ ᠠᠵᠢᠯ ᠢ ᠬᠠᠷᠢᠭᠤᠴᠠᠬᠤ ᠶᠢᠨ ᠬᠠᠮᠳᠤ᠂ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠶᠢ ᠬᠠᠷᠢᠭᠤᠴᠠᠬᠤ ᠬᠡᠷᠡᠭᠳᠡᠢ᠃      ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ  ᠴᠢᠭ᠋ ᠲᠣᠭᠲᠠᠭᠠᠭᠰᠠᠨ ᠠᠯᠠᠵᠤ ᠨᠢᠲᠤᠯᠬᠤ ᠭᠤᠭᠴᠤᠭ᠎ᠠ ᠳᠠᠬᠢ ᠮᠢᠬᠠᠨ ᠤ ᠵᠦᠢᠯ ᠤᠨ ᠮᠡᠳᠡᠭᠡ ᠵᠠᠩᠭᠢ ᠮᠦᠷᠳᠡᠬᠦ ᠬᠠᠮᠢᠶᠠᠷᠤᠯᠲᠠ ᠶᠢᠨ ᠠᠵᠢᠯ ᠳᠤ ᠬᠠᠷᠢᠭᠤᠴᠠᠬᠤ ᠶᠢᠨ ᠬᠠᠮᠳᠤ᠂ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ‌‍ᠤ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠳᠡᠢ᠃      ᠲᠦᠷᠪᠡ᠂ ᠠᠷᠪᠠᠳᠤᠭᠠᠷ ᠵᠦᠢᠯ᠂ ᠠᠷᠪᠠᠨ ᠬᠤᠶᠠᠳᠤᠭᠠᠷ ᠵᠦᠢᠯ ᠳᠠᠬᠢ ︽ᠬᠤᠲᠠ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ︾ ᠢ ︽ᠬᠤᠲᠠ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠭᠡᠵᠦ  ᠵᠠᠰᠠᠪᠦᠷᠢ ᠤᠷᠤᠭᠤᠯᠤᠨ᠎ᠠ᠃   ᠲᠠᠪᠤ᠂ ᠠᠷᠪᠠᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ ᠢ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠦᠴᠢᠷ ᠮᠦᠷᠳᠡᠨ ᠬᠠᠮᠢᠶᠠᠷᠠᠬᠤ ᠰᠢᠰᠲ᠋ᠧᠮ ‍ᠤᠨ‌ᠬᠠᠮᠢᠶᠠᠷᠤᠯᠲᠠ ᠪᠤᠯᠤᠨ ᠬᠠᠮᠠᠭᠠᠯᠠᠬᠤ ᠶᠢ ᠵᠤᠬᠢᠶᠠᠨ ᠪᠠᠶᠢᠭᠤᠯᠵᠤ᠂ ᠰᠢᠰᠲ᠋ᠧᠮ ᠤᠨ ᠬᠡᠪ ᠶᠤᠰᠤᠭᠠᠷ᠂ ᠠᠶᠦᠯᠭᠦᠢ᠂ ᠪᠦᠲᠦᠮᠵᠢᠲᠡᠶ ᠠᠵᠢᠯᠯᠠᠬᠤ ᠶᠢ ᠪᠠᠳᠤᠯᠠᠬᠤ ᠬᠡᠷᠡᠭᠳᠡᠢ ᠭᠡᠵᠤ ᠵᠠᠰᠠᠪᠦᠷᠢ ᠤᠷᠤᠭᠤᠯᠤᠨ᠎ᠠ᠃   ᠵᠢᠷᠭᠤᠭ᠎ᠠ᠂ ᠠᠷᠪᠠᠨ ᠳᠥᠷᠪᠡᠳᠦᠭᠡᠷ ᠵᠦᠢᠯ ᠤᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠲᠤ ᠤᠷᠤᠭᠰᠠᠨ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ ᠪᠤᠰᠤᠳ ᠬᠤᠳᠠ ᠶᠢᠨ ᠮᠢᠬᠠᠨ ᠤ ᠵᠦᠢᠯ ᠡᠵᠡᠩᠨᠡᠨ ᠪᠣᠷᠣᠯᠠᠭᠤᠯᠬᠤ  ᠬᠤᠳᠠᠯᠳᠤᠭᠠᠴᠢᠳ ᠨᠢ ᠵᠠᠪᠠᠯ ᠦᠪᠡᠷ ᠤᠨ ᠨᠡᠷᠡᠶᠢᠳᠦᠯ᠂ ᠬᠠᠤᠯᠢ ᠶᠢᠨ ᠡᠷᠬᠡᠳᠡᠨ ᠪᠤᠶᠤ ᠬᠠᠷᠢᠭᠤᠴᠠᠯᠭᠠᠲᠠᠨ ᠤ ᠣᠪᠣᠭ ᠨᠡᠷ᠎ᠡ᠂ ᠬᠠᠶ᠋ᠢᠭ᠂  ᠬᠠᠷᠢᠯᠴᠠᠬᠤ ᠬᠡᠯᠪᠡᠷᠢ᠂ ᠠᠵᠤ ᠠᠬᠤᠶᠢᠯᠠᠯ ᠵᠢᠴᠢ ᠬᠤᠳᠠᠯᠳᠤᠭᠠᠨ ᠤ ᠨᠡᠷᠡᠶᠢᠳᠦᠯ᠂ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ︵ᠪᠤᠶᠤ ᠳᠡᠯᠭᠡᠭᠦᠷ ᠤᠨ ᠤᠷᠤ ᠨᠡᠶᠢᠳᠡᠯᠡᠬᠦ ᠫᠠᠶᠢᠰᠠ︶ ᠵᠡᠷᠭᠡ ᠭᠡᠷᠡᠴᠢ ᠮᠠᠲ᠋ᠧᠷᠢᠶᠠᠯ ᠢ ᠬᠥᠬᠡᠬᠤᠲᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠠᠮᠵᠢᠭᠤᠯᠤᠨ᠂ ᠡᠵᠡᠩᠨᠡᠨ ᠪᠤᠷᠤᠯᠠᠭᠤᠯᠤᠭᠴᠢ ᠶᠢᠨ ᠡᠯᠧᠺᠲᠷᠣᠨ ᠳᠠᠩᠰᠠ ᠡᠪᠬᠡᠮᠡᠯ ᠪᠠᠶᠢᠭᠤᠯᠬᠤ ᠬᠡᠷᠡᠭᠲᠡᠶ ᠭᠡᠵᠤ ᠵᠠᠰᠠᠪᠦᠷᠢ ᠤᠷᠤᠭᠤᠯᠤᠨ᠎ᠠ᠃ᠡᠮᠦᠨᠡᠬᠢ ᠪᠠᠳᠠᠭ ᠲᠤ ᠲᠣᠭᠲᠠᠭᠠᠭᠰᠠᠨ ᠮᠡᠳᠡᠭᠡ ᠵᠠᠩᠭᠢ ᠨᠢ ᠬᠤᠪᠢᠷᠬᠠᠰᠠᠨ ᠦᠶ᠎ᠡ ᠳᠤ᠂ ᠢᠳᠡᠭᠡᠨ ᠪᠣᠯᠤᠨ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠵᠡᠩᠨᠡᠭᠴᠢᠳ ᠨᠢ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ᠂ ᠡᠯᠧᠺᠲᠷᠣᠨ ᠳᠠᠩᠰᠠ ᠡᠪᠬᠡᠮᠡᠯ ᠤᠨ ᠬᠤᠯᠪᠣᠭᠳᠠᠯ ᠪᠦᠬᠦᠢ ᠠᠭᠤᠯᠭ᠎ᠠ ᠶᠢ ᠰᠢᠨᠡᠳᠬᠡᠬᠦ ᠬᠡᠷᠡᠭᠳᠡᠢ ᠭᠡᠵᠤ ᠵᠠᠰᠠᠪᠦᠷᠢ ᠤᠷᠤᠭᠤᠯᠤᠨ᠎ᠠ᠃   ᠲᠤᠯᠤᠭ᠎ᠠ᠂ ᠠᠷᠪᠠᠨ ᠲᠠᠪᠤᠳᠤᠭᠠᠷ ᠵᠦᠢᠯ ᠳᠠᠬᠢ ︽ᠤᠤᠯ ᠤᠨ ᠳᠠᠩᠰᠠᠯᠠᠭᠤᠯᠤᠭᠰᠠᠨ ᠨᠢᠭᠡᠴᠡ ᠠᠴᠠ ᠬᠦᠴᠦᠨ ᠦᠭᠡᠢ ᠪᠣᠯᠭᠠᠬᠤ᠂  ᠪᠦᠭᠡᠳ︾  ᠢ ᠬᠠᠰᠤᠨ᠎ᠠ᠃   ᠨᠠᠢᠮᠠ᠂ ᠠᠷᠪᠠᠨ ᠨᠠᠢᠮᠠᠳᠤᠭᠠᠷ ᠵᠦᠢᠯ  ᠳᠠᠬᠢ ︽ᠳᠠᠩᠰᠠᠯᠠᠭᠤᠯᠬᠤ︾ ᠭᠡᠰᠡᠨ ᠦᠭᠡ ᠶᠢ  ᠬᠠᠰᠤᠨ᠎ᠠ  ᠃   ᠶᠢᠰᠦ᠂ ᠬᠤᠷᠢᠨ ᠵᠢᠷᠭᠤᠳᠤᠭᠠᠷ ᠵᠦᠢᠯ ᠤᠨ ︵ᠨᠢᠭᠡ ᠳ᠋ᠤᠭᠡᠷ︶ ᠵᠤᠷᠪᠤᠰ ᠢ᠄ ᠲᠤᠰ ᠠᠷᠭ᠎ᠠ ᠶᠢᠨ ᠲᠣᠭᠲᠠᠭᠠᠯ ᠤᠨ  ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ  ᠠᠴᠠ ᠵᠦᠷᠢᠴᠡᠭᠰᠡᠨ ᠪᠠᠶᠢᠪᠠᠯ᠂ ᠲᠠᠷᠢᠶᠠᠯᠠᠩ ᠮᠠᠯ ᠠᠵᠤ ᠠᠬᠤᠶ᠂ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡ‌‍ᠲ᠋ᠤᠰ ᠠᠷᠭ᠎ᠠ  ᠳᠠᠬᠢ ᠡᠭᠦᠷᠭᠡ ᠲᠤᠰᠢᠶᠠᠯ ᠠᠵᠢᠯ ᠤᠨ ᠬᠤᠪᠢᠶᠠᠷᠢ ᠶᠢ ᠦᠨᠳᠦᠰᠦᠯᠡᠨ ᠲᠤᠤᠷᠠᠬᠢ ᠲᠣᠭᠲᠠᠭᠠᠯ ᠶᠣᠰᠣᠭᠠᠷ ᠰᠢᠳᠬᠡᠨ᠎ᠡ᠄ ︵ᠨᠢᠭᠡ︶ ᠲᠤᠰ ᠠᠷᠭ᠎ᠠ ᠶᠢᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠡᠵᠡᠩᠨᠡᠭᠴᠢ ᠶᠢᠨ ᠡᠯᠧᠺᠲᠷᠣᠨ ᠳᠠᠩᠰᠠ ᠡᠪᠬᠡᠮᠡᠯ ᠢ ᠲᠣᠭᠲᠠᠭᠠᠯ ᠶᠣᠰᠣᠭᠠᠷ ᠪᠠᠶᠢᠭᠤᠯᠤᠭᠰᠠᠨ ᠤᠢᠭᠡᠢ ᠪᠠᠶᠢᠪᠠᠯ᠂ ᠵᠠᠷᠯᠢᠭᠳᠡᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠳᠡᠢ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ  ᠲᠤᠷᠤᠭᠰᠢ  ᠵᠣᠭᠤᠰ ᠢᠶᠠᠷ ᠲᠤᠷᠭᠤᠭᠠᠨ᠎ᠠ ᠭᠡᠵᠤ ᠵᠠᠰᠠᠪᠦᠷᠢ ᠤᠷᠤᠭᠤᠯᠤᠨ᠎ᠠ᠃        ᠠᠷᠪᠠ᠂ ᠬᠤᠷᠢ ᠶᠢᠰᠦᠳᠦᠭᠡᠷ ᠵᠦᠢᠯ ᠢ ᠬᠠᠰᠤᠨ᠎ᠠ᠃      ᠠᠷᠪᠠᠨ ᠨᠢᠭᠡ᠂ ︽ᠭᠤᠴᠢᠳᠤᠭᠠᠷ ᠵᠦᠢᠯ︾ ᠢ ︽ᠬᠤᠷᠢ ᠶᠢᠰᠦᠳᠦᠭᠡᠷ ᠵᠦᠢᠯ︾  ᠪᠤᠯᠭᠠᠨ ᠵᠠᠰᠠᠭᠠᠳ ︽ ᠲᠤᠷᠰᠢᠨ ᠬᠡᠷᠡᠭᠯᠡᠬᠦ ᠬᠤᠭᠤᠴᠠᠭ᠎ᠠ ᠬᠤᠶᠠᠷ ᠵᠢᠯ ︾  ᠶᠢ ᠬᠠᠰᠤᠨ᠎ᠠ᠃      ᠲᠤᠰ ᠲᠤᠭᠳᠠᠭᠠᠯ ᠢ 2018 ᠤᠨ ᠤ 4 ᠳ᠋ᠤᠭᠡᠷ ᠰᠠᠷ᠎ᠠ ᠶᠢᠨ 1 ᠤ ᠡᠳᠤᠷ ᠠᠴᠠ ᠡᠬᠢᠯᠡᠨ‌‍ᠬᠡᠷᠡᠭᠵᠢᠭᠦᠯᠵᠦ᠂ ︽ᠬᠥᠬᠡᠬᠤᠲᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠢ ᠲᠤᠰ ᠲᠣᠭᠲᠠᠭᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠲᠠᠷᠠᠭ᠎ᠠ ᠬᠠᠮᠲᠤ ᠳᠤᠨᠢ  ᠨᠠᠶᠢᠳᠡᠯᠡᠨ᠎ᠡ᠃ ᠬᠥᠬᠡᠬᠤᠲᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠶᠢᠨ ᠠᠷᠭ᠎ᠠ                     ᠨᠢᠭᠡᠳᠦᠭᠡᠷ ᠪᠦᠯᠦᠭ   ᠶᠡᠷᠦᠩᠬᠡᠶ ᠳᠦᠷᠢᠮ      ᠨᠢᠭᠡᠳᠦᠭᠡᠷ ᠵᠦᠢᠯ    ᠮᠢᠬᠠᠨ ᠤ ᠵᠦᠢᠯ ᠢᠳᠡᠰᠢᠨ ᠨᠤᠭᠤᠭᠠᠨ ᠤ ᠭᠦᠢᠯᠭᠡᠭᠡ ᠶᠢ  ᠲᠦᠷᠢᠮᠵᠢᠭᠦᠯᠬᠦ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠪᠠᠨ ᠲᠡᠭᠡᠭᠰᠢᠯᠡᠭᠦᠯᠦᠨ᠂ ᠢᠳᠡᠭᠡᠨ ᠤ ᠭᠦᠢᠯᠭᠡᠭᠡ ᠶᠢᠨ ᠶᠠᠰᠤ ᠴᠢᠨᠠᠷ ᠤᠨ ᠠᠶᠤᠯᠭᠦᠶ ᠶᠢ ᠪᠠᠲᠤᠯᠠᠬᠤ ᠴᠢᠳᠠᠪᠤᠷᠢ ᠶᠢ ᠴᠢᠩᠭᠠᠳᠭᠠᠬᠤ ᠶᠢᠨ ᠲᠦᠯᠦᠭᠡ  ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠠᠤᠯᠢ︾᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠭᠠᠭ᠋ᠠᠶ ᠨᠢᠲᠤᠯᠬᠤ ᠬᠠᠮᠢᠶᠠᠷᠤᠯᠲᠠ ᠶᠢᠨ ᠲᠥᠷᠢᠮ︾ ᠵᠡᠷᠭᠡ ᠬᠠᠤᠯᠢ ᠴᠠᠭᠠᠵᠠ᠂ ᠬᠠᠤᠯᠢ ᠲᠦᠷᠢᠮ᠂ ᠲᠦᠷᠢᠮ ᠲᠤᠭᠳᠠᠭᠠᠯ ᠢ ᠦᠨᠳᠦᠰᠦᠯᠡᠨ᠂ ᠲᠤᠰ ᠬᠤᠲᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠲᠤᠰ ᠠᠷᠭ᠎ᠠ ᠶᠢ ᠲᠤᠰ ᠬᠤᠲᠠ ᠶᠢᠨ ᠬᠡᠪᠴᠢᠶᠡᠨ ᠳᠠᠬᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠰᠢᠰᠲ᠋ᠧᠮᠵᠢ ᠳᠠᠬᠢ ᠴᠢᠭ᠋ ᠲᠤᠭᠳᠠᠭᠠᠭᠰᠠᠨ ᠠᠯᠠᠵᠤ ᠨᠢᠳᠤᠯᠠᠬᠤ ᠠᠵᠤ ᠠᠬᠤᠶᠢᠯᠠᠯ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠢᠳᠡᠰᠢᠨ ᠨᠣᠭᠤᠭᠠᠨ ᠤ ᠪᠠᠷᠢᠮᠵᠢᠶᠠᠭᠤᠯᠤᠭᠰᠠᠨ ᠵᠠᠬ᠎ᠠ ᠳᠡᠯᠭᠡᠭᠦᠷ ᠪᠤᠯᠤᠨ ᠲᠠᠷᠢᠶᠠᠯᠠᠩ ᠤᠨ ᠪᠦᠳᠦᠭᠳᠡᠭᠦᠨ ᠠᠷᠠᠯᠵᠢᠶᠠᠯᠠᠬᠤ ᠵᠠᠬ᠎ᠠ ᠳᠡᠯᠭᠡᠭᠦᠷ᠂ ᠬᠡᠳᠤ ᠳᠡᠯᠭᠡᠭᠦᠷ᠂ ᠦᠢᠯᠡᠳᠪᠦᠷᠢᠯᠡᠬᠦ ᠪᠠ ᠪᠣᠷᠣᠯᠠᠭᠤᠯᠬᠤ ᠶᠢ ᠵᠤᠯᠭᠠᠭᠤᠯᠤᠭᠰᠠᠨ ᠠᠵᠤ ᠠᠬᠤᠶᠢᠯᠠᠯ᠂ ᠪᠦᠭᠡᠮᠯᠡᠨ ᠬᠡᠷᠡᠭᠯᠡᠬᠦ ᠨᠢᠭᠡᠴᠡ ᠶᠢᠨ ᠮᠢᠬᠠᠨ ᠤ ᠵᠦᠢᠯ ᠢᠳᠡᠰᠢᠨ ᠨᠤᠭᠤᠭᠠᠨ ᠤ ᠭᠦᠢᠯᠭᠡᠭᠡ ᠶᠢ ᠮᠥᠷᠳᠡᠨ ᠬᠠᠮᠢᠶᠠᠷᠬᠤ ᠵᠢᠴᠢ ᠪᠤᠰᠤᠳ ᠬᠤᠳᠠ ᠶᠢᠨ ᠮᠢᠬᠠᠨ ᠤ ᠵᠦᠢᠯ ᠤᠨ ᠭᠦᠢᠯᠭᠡᠭᠡ ᠶᠢ ᠮᠥᠷᠳᠡᠨ ᠬᠠᠮᠢᠶᠠᠷᠠᠬᠤ ᠳᠤ  ᠬᠡᠷᠡᠭᠯᠡᠨ᠎ᠡ᠃      ᠭᠤᠷᠪᠠᠳᠤᠭᠠᠷ ᠵᠦᠢᠯ   ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠪᠣᠯᠤᠨ ᠬᠤᠪᠢ ᠶᠢᠨ ᠡᠵᠡᠩᠨᠡᠭᠴᠢ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠨ ᠬᠠᠮᠢᠶᠠᠷᠠᠬᠤ ᠰᠢᠰᠲ᠋ᠧᠮᠵᠢ ᠶᠢᠨ ᠡᠵᠩᠨᠡᠯᠳᠡ ᠶᠢᠨ ᠲᠠᠯᠠᠪᠠᠢ ᠳᠤ ᠣᠷᠣᠵᠤ᠂ ᠮᠢᠬᠠᠨ ᠤ ᠵᠦᠢᠯ ᠢᠳᠡᠰᠢᠨ ᠨᠤᠭᠤᠭ᠎ᠠ ᠶᠢᠨ ᠪᠦᠳᠦᠭᠳᠡᠭᠦᠨ ᠢᠶᠠᠨ ᠪᠣᠷᠣᠯᠠᠭᠤᠯᠬᠤ ᠳᠤ ᠡᠷᠬᠡᠪᠡᠰᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠪᠠᠶᠢᠭᠤᠯᠵᠤ᠂ ᠬᠤᠳᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠯᠦᠭᠡ ᠵᠤᠯᠭᠠᠭᠤᠯᠬᠤ ᠪᠥᠭᠡᠳ ᠭᠦᠢᠯᠭᠡᠭᠡᠨ ᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠭᠦᠢᠯᠭᠡᠭᠡᠨ‌‍ᠤ ᠦᠢᠯᠡᠴᠢᠯᠡᠭᠡᠨ ᠤ ᠺᠠᠷᠲ ︵CPU ᠺᠠᠷᠲ︶ ᠳᠣᠲᠣᠷ᠎ᠠ ᠪᠢᠴᠢᠨ ᠤᠷᠤᠭᠤᠯᠵᠤ᠂ ᠮᠦᠷᠳᠡᠬᠦ ᠴᠤᠪᠤᠷᠠᠯ ᠢ ᠦᠨᠳᠦᠰᠦᠯᠡᠨ ᠪᠦᠷᠢᠨ ᠪᠦᠳᠦᠨ ᠮᠦᠷᠳᠡᠯᠭᠡ ᠶᠢᠨ ᠮᠡᠳᠡᠭᠡ ᠵᠠᠩᠭᠢ ᠶᠢᠨ ᠬᠡᠯᠬᠢᠶ᠎ᠡ ᠪᠤᠯᠭᠠᠨ ᠪᠦᠷᠢᠯᠳᠦᠭᠦᠯᠬᠦ ᠬᠡᠷᠡᠭᠳᠡᠢ᠃ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ‌ᠯᠦᠭᠡ ᠦᠯᠦ ᠵᠤᠯᠭᠠᠭᠤᠯᠤᠭᠰᠠᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠪᠣᠯᠤᠨ ᠬᠤᠪᠢ ᠶᠢᠨ  ᠡᠵᠢᠡᠩᠨᠡᠭᠴᠢ ᠨᠢ ᠡᠵᠡᠩᠨᠡᠯᠳᠡ ᠶᠢᠨ ᠲᠠᠯᠠᠪᠠᠢ ᠳᠤ ᠣᠷᠣᠵᠤ ᠮᠢᠬᠠᠨ ᠤ ᠵᠦᠢᠯ ᠢᠳᠡᠰᠢᠨ ᠨᠤᠭᠤᠭᠠᠨ ᠤ  ᠪᠦᠳᠦᠭᠳᠡᠭᠦᠨ ᠢᠶᠠᠨ ᠪᠤᠷᠤᠯᠠᠭᠤᠯᠵᠤ ᠪᠣᠯᠬᠤ ᠤᠢᠭᠡᠢ  ᠃      ᠳᠥᠷᠪᠡᠳᠦᠭᠡᠷ ᠵᠦᠢᠯ   ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠡᠯᠡᠳᠭᠡᠮᠵᠢ ᠲᠥᠬᠦᠭᠡᠷᠦᠮᠵᠢ ᠶᠢᠨ ᠡᠳᠦᠷ ᠲᠤᠳᠤᠮ ᠤᠨ ᠡᠷᠭᠢᠯᠳᠡ ᠬᠠᠮᠢᠶᠠᠷᠤᠯᠳᠠ ᠶᠢ ᠵᠤᠬᠢᠶᠠᠨ ᠪᠠᠶᠢᠭᠤᠯᠤᠨ ᠵᠤᠬᠢᠴᠠᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠤᠪᠡᠷ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠲᠤᠭᠳᠠᠭᠠᠬᠤ᠂ ᠡᠯ᠎ᠡ ᠬᠤᠰᠢᠭᠤ ᠰᠢᠶᠠᠨ ᠲᠣᠭᠤᠷᠢᠭ ᠤᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠳᠦᠷ ᠲᠤᠳᠤᠮ ᠤᠨ ᠡᠷᠭᠢᠯᠳᠡ ᠶᠢᠨ ᠵᠠᠰᠠᠨ ᠬᠠᠮᠢᠶᠠᠷᠠᠬᠤ ᠠᠵᠢᠯ ᠳᠤ ᠲᠣᠭᠲᠠᠮᠠᠯ ᠬᠤᠭᠤᠴᠠᠭ᠎ᠠ ᠲᠠᠢ ᠠᠵᠢᠯ ᠤᠨ ᠠᠮᠵᠢᠯᠲᠠ ᠪᠦᠲᠦᠮᠵᠢ ᠵᠢᠨ‌‍ᠰᠢᠯᠭᠠᠨ ᠦᠨᠡᠯᠡᠯᠳᠡ ᠶᠢ ᠵᠤᠬᠢᠶᠠᠨ ᠪᠠᠶᠢᠭᠤᠯᠬᠤ ᠬᠡᠷᠡᠭᠳᠡᠢ᠃      ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ  ᠪᠦᠭᠡᠮᠯᠡᠨ ᠬᠡᠷᠡᠭᠯᠡᠬᠦ ᠭᠤᠭᠴᠤᠭ᠎ᠠ ᠳᠠᠬᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢᠨ ᠮᠡᠳᠡᠭᠡ ᠵᠠᠩᠭᠢ ᠮᠥᠷᠳᠡᠨ ᠬᠠᠮᠢᠶᠠᠷᠬᠤ ᠠᠵᠢᠯ ᠢ ᠬᠠᠷᠢᠭᠤᠴᠠᠵᠤ᠂  ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠦᠨ᠎ᠡ᠃      ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠴᠢᠭ᠋ ᠲᠣᠭᠲᠠᠭᠠᠭᠰᠠᠨ ᠠᠯᠠᠵᠤ ᠨᠢᠲᠤᠯᠬᠤ ᠭᠤᠭᠴᠤᠭ᠎ᠠ ᠳᠠᠬᠢ ᠮᠢᠬᠠᠨ ᠤ ᠵᠦᠢᠯ ‍ᠤᠨ‌ᠮᠡᠳᠡᠭᠡ ᠵᠠᠩᠭᠢ ᠶᠢᠨ ᠮᠥᠷᠳᠡᠨ ᠬᠠᠮᠢᠶᠠᠷᠤᠯᠲᠠ ᠶᠢᠨ ᠠᠵᠢᠯ ᠳᠤ ᠬᠠᠷᠢᠭᠤᠴᠠᠵᠤ᠂ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠨ᠎ᠡ᠃      ᠲᠠᠪᠤᠳᠤᠭᠠᠷ ᠵᠦᠢᠯ   ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ‌ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ᠂ ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠲᠠ᠂ ᠶᠠᠰᠤ ᠴᠢᠨᠠᠷ ᠲᠤ  ᠮᠡᠷᠭᠡᠵᠢᠯ ᠤᠨ ᠬᠢᠨᠠᠯᠲᠠ ᠲᠠᠯᠪᠢᠬᠤ᠂ ᠰᠤᠷᠭᠠᠨ ᠬᠦᠮᠦᠵᠢᠯ᠂ ᠳᠣᠲᠣᠭᠠᠳᠤ ᠶᠢ ᠬᠠᠮᠠᠭᠠᠯᠠᠬᠤ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠲᠤᠰ ᠬᠤᠳᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠷᠭᠢᠯᠳᠡ ᠵᠢᠴᠢ ᠡᠳᠦᠷ ᠲᠤᠳᠤᠮ ᠤᠨ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠵᠢᠷᠭᠤᠳᠤᠭᠠᠷ ᠵᠦᠢᠯ   ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠰᠣᠨᠢᠨ ᠮᠡᠳᠡᠭᠡᠨ ᠤ ᠨᠢᠭᠡᠴᠡ ᠲᠠᠢ ᠢᠳᠡᠪᠬᠢᠲᠡᠶ ᠬᠠᠷᠢᠯᠴᠠᠵᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠪᠤᠯᠤᠨ ᠤᠬᠠᠭᠤᠯᠭ᠎ᠠ ᠶᠢᠨ ᠠᠵᠢᠯ ᠶᠢ ᠴᠢᠩᠭᠠᠳᠭᠠᠨ᠎ᠠ᠃ ᠬᠤᠯᠪᠣᠭᠳᠠᠯ ᠪᠦᠬᠦᠢ ᠠᠵᠢᠯ ᠲᠦᠷᠦᠯ ᠤᠨ ᠨᠡᠶᠢᠭᠡᠮᠯᠢᠭ  ᠤᠳ ᠠᠵᠢᠯ ᠲᠥᠷᠥᠯ  ᠤᠨ ᠦᠪᠡᠷ  ᠤᠨ ᠱᠠᠭᠠᠷᠳᠠᠯᠭ᠎ᠠ ᠪᠠᠨ ᠴᠢᠩᠭᠠᠳᠭᠠᠨ᠂  ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠳᠠᠬᠢ ᠡᠵᠡᠩᠨᠡᠭᠴᠢ᠂  ᠪᠦᠭᠡᠮᠯᠡᠨ ᠬᠡᠷᠡᠭᠯᠡᠬᠦ ᠨᠢᠭᠡᠴᠡ ᠪᠣᠯᠤᠨ ᠪᠤᠰᠤᠳ ᠬᠤᠳᠠ ᠶᠢᠨ ᠮᠢᠬᠠᠨ ᠤ ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠬᠦᠳᠦᠯᠦᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠡᠵᠡᠩᠨᠡᠬᠦ ᠪᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠣᠭᠲᠠᠭᠠᠯ ᠶᠢ ᠵᠢᠷᠤᠮᠯᠡᠭᠤᠯᠵᠤ ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ‌ᠬᠠᠮᠢᠶᠠᠷᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠢᠳᠡᠭᠡᠮᠵᠢᠳᠡᠢ ᠡᠵᠡᠩᠨᠡᠬᠦ ᠦᠵᠡᠯ ᠤᠬᠠᠮᠰᠠᠷ ᠶᠢ ᠨᠢ ᠲᠡᠭᠡᠭᠰᠢᠯᠡᠭᠦᠯᠬᠦ ᠬᠡᠷᠡᠭᠲᠡᠶ᠃      ᠬᠤᠶᠠᠳᠤᠭᠠᠷ ᠪᠦᠯᠦᠭ    ᠮᠦᠷᠳᠡᠨ ᠬᠠᠮᠢᠶᠠᠷᠠᠬᠤ ᠰᠢᠰᠲ᠋ᠧᠮ ᠤᠨ  ᠪᠠᠶᠢᠭᠤᠯᠤᠯᠲᠠ      ᠳᠣᠯᠣᠳᠤᠭᠠᠷ ᠵᠦᠢᠯ   ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ᠂ ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠵᠤ ᠪᠠᠶᠢᠭᠠᠳ᠂ ᠤᠯᠤᠰ ᠤᠨ ᠬᠤᠯᠪᠣᠭᠳᠠᠯ ᠪᠦᠬᠦᠢ ᠲᠦᠷᠢᠮ ᠲᠣᠭᠲᠠᠭᠠᠯ ᠶᠣᠰᠣᠭᠠᠷ᠂ ᠲᠤᠰ ᠬᠤᠳᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ  ᠬᠡᠷᠡᠭᠵᠢᠭᠦᠯᠬᠦ ᠬᠡᠷᠡᠭᠳᠡᠢ᠃ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠪᠤᠯᠤᠨ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠲᠦᠷᠢᠮᠵᠢᠯ  ᠢ ᠦᠨᠳᠦᠰᠦᠯᠡᠨ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠢ  ᠪᠠᠶᠢᠭᠤᠯᠵᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠳᠠ ᠶᠢᠨ ᠠᠭᠤᠯᠭ᠎ᠠ ᠳᠤ ᠭᠤᠣᠯᠳᠠᠭᠤ ᠬᠤᠳᠠ ᠶᠢᠨ ᠲᠡᠰ ᠤᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ᠂ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠢᠳᠡᠰᠢᠨ ᠨᠤᠭᠤᠭ᠎ᠠ ᠶᠢᠨ ᠪᠠᠷᠢᠮᠵᠢᠶᠠᠳᠤ ᠵᠠᠬ᠎ᠠ ᠳᠡᠯᠭᠡᠭᠦᠷ᠂ ᠲᠠᠷᠢᠶᠠᠯᠠᠩ ᠤᠨ ᠪᠦᠳᠦᠭᠳᠡᠭᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠲᠤᠮᠤ ᠳᠤᠮᠳᠠ ᠬᠡᠯᠪᠡᠷᠢ ᠶᠢᠨ ᠬᠡᠳᠦ ᠳᠡᠯᠭᠡᠭᠦᠷ᠂ ᠪᠦᠭᠡᠮᠯᠡᠨ ᠬᠡᠷᠡᠭᠯᠡᠬᠦ ᠨᠢᠭᠡᠴᠡ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠤᠯᠭᠠᠭᠤᠯᠤᠭᠰᠠᠨ‌ᠠᠵᠤ ᠠᠬᠤᠶᠢᠯᠠᠯ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠮᠥᠷᠳᠡᠨ ᠬᠠᠮᠢᠶᠠᠷᠬᠤ ᠬᠤᠪᠢᠶᠠᠷᠢ ᠰᠢᠰᠲ᠋ᠧᠮ ᠪᠤᠯᠤᠨ ᠰᠢᠰᠲ᠋ᠧᠮ ᠤᠨ ᠬᠠᠮᠢᠶ᠎ᠠ ᠪᠥᠬᠦᠶ ᠰᠦᠯᠵᠢᠶ᠎ᠡ᠂ ᠡᠯᠧᠺᠲᠷᠣᠨ ᠲᠥᠬᠦᠭᠡᠷᠦᠮᠵᠢ ᠵᠡᠷᠭᠡ ᠪᠦᠲᠦᠭᠡᠭᠳᠡᠬᠦᠨ ᠪᠠᠭᠳᠠᠨ᠎ᠠ᠃      ᠨᠠᠢᠮᠠᠳᠤᠭᠠᠷ ᠵᠦᠢᠯ  ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ᠂ ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠵᠤ ᠪᠠᠶᠢᠭᠠᠳ᠂ ᠤᠯᠤᠰ ᠤᠨ ᠬᠤᠯᠪᠣᠭᠳᠠᠯ ᠪᠦᠬᠦᠢ ᠲᠦᠷᠢᠮ ᠲᠣᠭᠲᠠᠭᠠᠯ ᠶᠣᠰᠣᠭᠠᠷ᠂ ᠲᠤᠰ ᠬᠤᠲᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠳᠤ ᠴᠤᠭᠯᠠᠭᠤᠯᠬᠤ ᠴᠢᠬᠤᠯᠠᠳᠠᠢ ᠡᠵᠡᠩᠨᠡᠭᠴᠢ ᠶᠢᠨ ᠳᠠᠩᠰᠠ ᠡᠪᠬᠢᠮᠡᠯ ᠵᠢᠴᠢ ᠮᠢᠬᠠᠨ ᠤ ᠵᠦᠢᠯ ᠤᠨ ᠢᠳᠡᠰᠢᠨ ᠨᠣᠭᠤᠭ᠎ᠠ ᠶᠢᠨ ᠠᠷᠠᠯᠵᠢᠶᠠᠯᠠᠬᠤ ᠮᠡᠳᠡᠭᠡ ᠵᠠᠩᠭᠢ ᠶᠢ ᠲᠤᠭᠳᠠᠭᠠᠬᠤ ᠬᠡᠷᠡᠭᠳᠡᠢ᠃      ᠶᠢᠰᠦᠳᠦᠭᠡᠷ ᠵᠦᠢᠯ   ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠢ ᠨᠢᠭᠡᠳᠦᠯᠲᠡᠶ ᠴᠤᠭᠯᠠᠭᠤᠯᠬᠤ ᠭᠦᠢᠴᠡᠳᠭᠡᠯ ᠲᠤᠭ᠎ᠠ᠂ ᠨᠢᠭᠡᠳᠦᠯᠲᠡᠶ ᠳ᠋ᠤᠭᠠᠷᠯᠠᠯ ᠤᠨ  ᠲᠦᠷᠢᠮ᠂ ᠨᠢᠭᠡᠳᠦᠯᠲᠡᠶ ᠲᠠᠮᠵᠢᠭᠤᠯᠬᠤ ᠬᠡᠯᠪᠡᠷᠢ᠂ ᠨᠢᠭᠡᠳᠦᠯᠲᠡᠶ ᠵᠠᠯᠭᠠᠰᠦ ᠶᠢᠨ ᠳᠦᠷᠢᠮ ᠲᠤᠭᠳᠠᠭᠠᠯ ᠶᠠᠪᠤᠭᠳᠠᠭᠤᠯᠤᠨ ᠬᠠᠮᠢᠶᠠᠷᠠᠬᠤ ᠬᠡᠷᠡᠭᠳᠡᠢ᠂   ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠳᠤ ᠤᠷᠤᠭᠤᠯᠤᠭᠰᠠᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠪᠤᠯᠤᠨ ᠪᠦᠭᠡᠮᠯᠡᠨ ᠬᠡᠷᠡᠭᠯᠡᠬᠦ ᠨᠢᠭᠡᠴᠡ ᠨᠢ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠯᠪᠤᠭᠳᠠᠯ ᠪᠥᠬᠦᠢ ᠪᠡᠯᠡᠳᠭᠡᠮᠵᠢ ᠲᠥᠬᠦᠭᠡᠷᠦᠮᠵᠢ ᠪᠤᠯᠤᠨ ᠬᠡᠷᠡᠭᠯᠡᠭᠡᠨ ᠤ ᠰᠢᠰᠲ᠋ᠧᠮ ᠶᠢ ᠤᠭᠰᠠᠷᠠᠵᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠡᠨᠡᠬᠦ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠪᠠᠨ ᠦᠨᠳᠦᠰᠦᠯᠡᠨ ᠳᠣᠲᠣᠭᠠᠳᠤ ᠶᠢᠨ ᠡᠵᠡᠩᠨᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠵᠤᠬᠢᠬᠤ  ᠲᠣᠬᠢᠷᠠᠭᠤᠯᠤᠯᠲᠠ ᠬᠢᠬᠦ ᠬᠡᠷᠡᠭᠳᠡᠢ  ᠃      ᠠᠷᠪᠠᠳᠤᠭᠠᠷ ᠵᠦᠢᠯ   ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠮᠢᠬᠠᠨ ᠤ ᠵᠦᠢᠯ ᠢᠳᠡᠰᠢᠨ ᠨᠣᠭᠤᠭ᠎ᠠ ᠡᠵᠡᠩᠨᠡᠬᠦ ᠭᠠᠵᠠᠷ ᠨᠢ ᠮᠥᠷᠳᠡᠨ ᠬᠠᠮᠢᠶᠠᠷᠬᠤ ᠰᠢᠰᠲ᠋ᠧᠮ ᠤᠨ  ᠡᠷᠭᠢᠯᠳᠡ ᠶᠢᠨ ᠬᠡᠷᠡᠭᠴᠡᠭᠡ  ᠳᠤ ᠨᠡᠶᠢᠴᠡᠭᠰᠡᠨ ᠪᠠᠶᠢᠬᠤ ᠬᠡᠷᠡᠭᠲᠡᠶ᠃ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠳᠤ ᠤᠷᠤᠭᠤᠯᠤᠭᠰᠠᠨ ᠮᠢᠬᠠᠨ ᠤ ᠵᠦᠢᠯ ᠢᠳᠡᠰᠢᠨ ᠨᠣᠭᠤᠭ᠎ᠠ ᠡᠵᠡᠩᠨᠡᠬᠦ  ᠲᠠᠯᠠᠪᠤᠷ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠱᠠᠭᠠᠷᠳᠠᠯᠭ᠎ᠠ ᠳᠤ ᠨᠡᠶᠢᠴᠡᠬᠦ ᠤᠢᠭᠡᠢ ᠪᠠᠶᠢᠪᠠᠯ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠠᠴᠠ ᠦᠪᠡᠷ ᠤᠨ ᠠᠵᠢᠯᠯᠠᠯᠭ᠎ᠠ ᠪᠠᠨ ᠵᠣᠬᠢᠴᠠᠩᠭᠤᠶ ᠪᠠᠷ ᠦᠭᠡᠷᠡᠴᠢᠯᠡᠵᠤ᠂ ᠣᠷᠣᠭᠤᠯᠤᠯᠲᠠ ᠶᠢᠨ ᠵᠠᠷᠤᠳᠠᠯ ᠮᠦᠩᠭᠦ ᠨᠢ ᠨᠡᠯᠢᠶᠡᠳ ᠶᠡᠭᠡ ᠦᠶᠡᠰ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠪᠡᠯᠠ ᠮᠥᠩᠭᠦ ᠶᠢᠨ ᠲᠤᠰᠠᠯᠠᠮᠵᠢ ᠤᠯᠭᠤᠵᠤ᠂ ᠲᠡᠭᠦᠨ ᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠶᠢᠨ ᠡᠷᠭᠢᠯᠳᠡ ᠶᠢᠨ ᠱᠠᠭᠠᠷᠳᠠᠯᠭ᠎ᠠ ᠳᠤ ᠬᠦᠷᠦᠭᠦᠯᠬᠦ ᠬᠡᠷᠡᠭᠳᠡᠢ᠃      ᠠᠷᠪᠠᠨ ᠨᠢᠭᠡᠳᠦᠭᠡᠷ ᠵᠦᠢᠯ   ᠲᠠᠷᠢᠶᠠᠯᠠᠩ ᠮᠠᠯ ᠠᠵᠤ ᠠᠬᠤᠶ᠂ ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠵᠡᠷᠭᠡ ᠰᠠᠯᠠᠭ᠎ᠠ ᠮᠥᠴᠢᠷ ᠤᠨ ᠦᠪᠡᠷᠰᠤᠪᠠᠨ ᠪᠠᠶᠢᠭᠤᠯᠤᠭᠰᠠᠨ ᠮᠥᠷᠳᠡᠨ ᠬᠠᠮᠢᠶᠠᠷᠬᠤ ᠰᠢᠰᠲ᠋ᠧᠮ ᠨᠢ ᠬᠤᠳᠠᠯᠳᠤᠭᠠᠨ ᠤ ᠶᠠᠪᠤᠳᠠᠯ ᠤᠨ ᠭᠦᠢᠯᠭᠡᠭᠡᠨ ᠤ ᠬᠡᠪᠴᠢᠶᠡᠨ ᠳᠠᠬᠢ  ᠪᠤᠳᠠᠰ ᠤᠨ ᠰᠦᠯᠵᠢᠶ᠎ᠡ ᠶᠢ ᠠᠰᠢᠭᠯᠠᠨ ᠴᠢᠬᠤᠯᠠ ᠪᠦᠳᠦᠭᠳᠡᠭᠦᠨ ᠢ ᠪᠦᠲᠦᠭᠡᠨ ᠪᠠᠶᠢᠭᠤᠯᠬᠤ ᠵᠡᠷᠭᠡ ᠮᠥᠷᠳᠡᠨ ᠬᠠᠮᠢᠶᠠᠷᠬᠤ ᠰᠢᠰᠲ᠋ᠧᠮ ᠲᠠᠢ ᠪᠦᠲᠦᠮᠵᠢᠲᠡᠶ  ᠵᠤᠯᠭᠠᠭᠤᠯᠵᠤ ᠂ ᠬᠤᠳᠠᠯᠳᠤᠭᠠᠨ ᠤ ᠶᠠᠪᠤᠳᠠᠯ ᠤᠨ ᠬᠡᠪᠴᠢᠶᠡᠨ ᠳᠠᠬᠢ ᠪᠠᠴᠢᠮ ᠪᠠᠶᠢᠳᠠᠯ ᠶᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠪᠠᠨ ᠴᠢᠩᠭᠠᠳᠬᠠᠬᠤ ᠳᠤ ᠬᠦᠴᠦᠲᠡᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ︽ᠢᠷᠡᠯᠳᠡ ᠶᠢ  ᠨᠢ ᠪᠠᠶᠢᠴᠠᠭᠠᠵᠤ ᠤᠯᠬᠤ᠂  ᠪᠤᠷᠤᠯᠠᠭᠤᠯᠤᠯᠳᠠ ᠶᠢ ᠨᠢ ᠮᠦᠷᠳᠡᠵᠤ ᠪᠤᠯᠬᠤ᠂ ᠬᠠᠷᠢᠭᠤᠴᠠᠯᠭ᠎ᠠ ᠶᠢ ᠨᠢ ᠨᠡᠬᠡᠮᠵᠢᠯᠡᠵᠦ ᠤᠯᠬᠤ︾ ᠮᠡᠳᠡᠭᠡ ᠵᠠᠩᠭᠢ ᠶᠢᠨ ᠬᠡᠯᠬᠢᠶ᠎ᠡ ᠶᠢ  ᠪᠦᠷᠢᠯᠳᠦᠭᠦᠯᠬᠦ ᠬᠡᠷᠡᠭᠳᠡᠢ  ᠃      ᠠᠷᠪᠠᠨ ᠬᠤᠶᠠᠳᠤᠭᠠᠷ ᠵᠦᠢᠯ   ᠬᠤᠳᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ  ᠡᠷᠭᠢᠯᠳᠡ ᠬᠠᠮᠠᠭᠠᠯᠠᠯᠳᠠ ᠪᠤᠯᠤᠨ ᠬᠠᠮᠢᠶᠠᠷᠤᠯᠲᠠ ᠶᠢᠨ ᠵᠠᠷᠤᠳᠠᠯ ᠶᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠵᠢᠯ ᠤᠨ ᠲᠥᠰᠦᠪ ᠲᠡᠭᠡᠨ ᠣᠷᠣᠭᠤᠯᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠷᠭᠢᠯᠳᠡ ᠬᠠᠮᠠᠭᠠᠯᠠᠯᠳᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠤᠯᠲᠠ ᠪᠠᠨ ᠴᠢᠩᠭᠠᠳᠬᠠᠨ᠂ ᠲᠤᠰᠬᠠᠶ  ᠮᠥᠩᠭᠦ ᠶᠢ ᠲᠤᠰᠬᠠᠶ ᠬᠡᠷᠡᠭᠯᠡᠬᠦ  ᠶᠢ ᠦᠨᠡᠨ ᠬᠦ ᠪᠠᠲᠤᠯᠠᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ   ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ  ᠭᠤᠤᠯᠴᠢᠯᠠᠨ‌ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠵᠤᠬᠢᠴᠠᠭᠤᠯᠵᠤ ᠪᠠᠶᠢᠭᠠᠳ᠂ ᠮᠦᠷᠳᠡᠨ ᠬᠠᠮᠢᠶᠠᠷᠬᠤ ᠰᠢᠰᠲ᠋ᠧᠮ ᠤᠨ ᠲᠤᠬᠠᠶ ᠬᠠᠮᠢᠶᠠᠷᠤᠯᠲᠠ᠂ ᠬᠠᠮᠠᠭᠠᠯᠠᠯᠳᠠ ᠪᠠᠨ ᠴᠢᠩᠭᠠᠳᠬᠠᠵᠤ᠂ ᠰᠢᠰᠲ᠋ᠧᠮ ᠤᠨ ᠬᠡᠪ ᠶᠤᠰᠤᠭᠠᠷ᠂ ᠠᠮᠤᠷ ᠲᠦᠪᠰᠢᠨ᠂ ᠪᠦᠲᠦᠮᠵᠢᠲᠡᠶ ᠠᠵᠢᠯᠯᠠᠬᠤ ᠶᠢ ᠪᠠᠳᠤᠯᠠᠬᠤ ᠬᠡᠷᠡᠭᠳᠡᠢ᠃.ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠪᠠᠶᠢᠭᠤᠯᠤᠭᠰᠠᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠪᠠ ᠪᠦᠭᠡᠮᠯᠡᠨ ᠬᠡᠷᠡᠭᠯᠡᠬᠦ ᠨᠢᠭᠡᠴᠡ ᠨᠢ ᠲᠤᠰ ᠰᠢᠰᠲ᠋ᠧᠮ ᠢ ᠬᠡᠷᠡᠭᠯᠡᠬᠦ ᠳᠦᠷᠢᠮ ᠲᠤᠭᠳᠠᠭᠠᠯ ᠢ ᠲᠣᠭᠲᠠᠭᠠᠬᠤ ᠶᠢᠨ ᠬᠠᠮᠳᠤ ᠲᠤᠰᠬᠠᠢ ᠠᠵᠢᠯᠳᠠᠨ ᠲᠤᠬᠢᠷᠠᠭᠤᠯᠤᠨ ᠰᠤᠷᠠᠭ ᠵᠠᠩᠭᠢ ᠶᠢ ᠴᠤᠭᠯᠠᠭᠤᠯᠬᠤ᠂ ᠲᠠᠮᠵᠢᠭᠤᠯᠬᠤ ᠂ ᠬᠤᠯᠪᠤᠭ᠎ᠠ ᠠᠪᠬᠤ ᠵᠡᠷᠭᠡ ᠲᠥᠬᠦᠭᠡᠷᠦᠮᠵᠢ ᠳᠤ ᠡᠳᠦᠷ ᠲᠤᠳᠤᠮ ᠤᠨ ᠬᠠᠮᠠᠭᠠᠯᠠᠯᠳᠠ ᠬᠢᠬᠦ ᠬᠡᠷᠡᠭᠲᠡᠶ᠃       ᠭᠤᠷᠪᠠᠳᠤᠭᠠᠷ ᠪᠦᠯᠦᠭ      ᠮᠦᠷᠳᠡᠬᠦ ᠬᠠᠮᠢᠶᠠᠷᠤᠯᠳᠠ      ᠠᠷᠪᠠᠨ ᠳᠥᠷᠪᠡᠳᠦᠭᠡᠷ ᠵᠦᠢᠯ   ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ  ᠭᠠᠳᠠᠷ ᠬᠤᠳᠠ ᠶᠢᠨ ᠮᠢᠬᠠᠨ ᠤ ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠵᠠᠪᠠᠯ ᠦᠪᠡᠷ ᠬᠢ ᠪᠠᠨ ᠨᠡᠷᠡᠶᠢᠳᠦᠯ᠂ ᠬᠠᠤᠯᠢ ᠶᠢᠨ ᠡᠷᠬᠡᠳᠡᠨ ᠪᠤᠶᠤ ᠬᠠᠷᠢᠭᠤᠴᠠᠯᠭᠠᠲᠠᠨ ᠤ ᠣᠪᠣᠭ ᠨᠡᠷ᠎ᠡ᠂ ᠬᠠᠶ᠋ᠢᠭ᠂  ᠬᠠᠷᠢᠯᠴᠠᠬᠤ ᠬᠡᠯᠪᠡᠷᠢ ᠂ ᠠᠵᠤ ᠠᠬᠤᠶᠢᠯᠠᠯ ᠵᠢᠴᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ᠂ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ︵ᠪᠤᠶᠤ ᠳᠡᠯᠭᠡᠭᠦᠷ ᠤᠨ ᠤᠷᠤ ᠨᠡᠶᠢᠳᠡᠯᠡᠬᠦ ᠫᠠᠶᠢᠰᠠ︶ ᠵᠡᠷᠭᠡ ᠭᠡᠷᠡᠴᠢ ᠮᠠᠲ᠋ᠧᠷᠢᠶᠠᠯ ᠢᠶᠠᠨ ᠬᠥᠬᠡᠬᠤᠲᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠠᠮᠵᠢᠭᠤᠯᠤᠨ᠂  ᠡᠵᠡᠩᠨᠡᠨ ᠪᠤᠷᠤᠯᠠᠭᠤᠯᠤᠭᠴᠢ ᠶᠢᠨ ᠡᠯᠧᠺᠲᠷᠣᠨ ᠳᠠᠩᠰᠠ  ᠡᠪᠬᠢᠮᠡᠯ ᠪᠠᠶᠢᠭᠤᠯᠬᠤ ᠬᠡᠷᠡᠭᠲᠡᠶ᠃ᠡᠮᠦᠨᠡᠬᠢ ᠪᠠᠳᠠᠭ ᠲᠤ ᠲᠣᠭᠲᠠᠭᠠᠭᠰᠠᠨ ᠰᠤᠷᠠᠭ ᠵᠠᠩᠭᠢ ᠨᠢ ᠬᠤᠪᠢᠷᠬᠠᠰᠠᠨ ᠦᠶ᠎ᠡ ᠳᠤ᠂ ᠢᠳᠡᠭᠡᠨ ᠪᠣᠯᠤᠨ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ  ᠤ ᠦᠢᠯᠡᠳᠪᠦᠷᠢᠯᠡᠨ ᠡᠵᠡᠩᠨᠡᠭᠴᠢᠳ ᠨᠢ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ᠂ ᠡᠯᠧᠺᠲᠷᠣᠨ ᠳᠠᠩᠰᠠ ᠡᠪᠬᠢᠮᠡᠯ ᠤᠨ ᠬᠤᠯᠪᠣᠭᠳᠠᠯ ᠪᠦᠬᠦᠢ ᠠᠭᠤᠯᠭ᠎ᠠ ᠪᠡᠨ‌‍ᠰᠢᠨᠡᠳᠬᠡᠬᠦ ᠬᠡᠷᠡᠭᠳᠡᠢ  ᠃      ᠠᠷᠪᠠᠨ ᠲᠠᠪᠤᠳᠤᠭᠠᠷ ᠵᠦᠢᠯ   ᠵᠠᠬ᠎ᠠ ᠳᠡᠯᠭᠡᠭᠦᠷ ᠳᠠᠬᠢ ᠡᠵᠡᠩᠨᠡᠭᠴᠢ ᠨᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠨᠢᠭᠡ ᠰᠠᠷ᠎ᠠ ᠶᠢᠨ ᠳᠣᠲᠣᠷ᠎ᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠬᠤᠪᠢᠶᠠᠷᠢ ᠰᠢᠰᠲ᠋ᠧᠮ ᠪᠣᠯᠤᠨ ᠮᠥᠷᠳᠡᠨ ᠬᠠᠮᠢᠶᠠᠷᠬᠤ ᠲᠠᠪᠴᠠᠩ  ᠳᠤ ᠮᠢᠬᠠᠨ ᠤ ᠵᠦᠢᠯ ᠤᠨ ᠢᠳᠡᠰᠢᠨ ᠨᠣᠭᠤᠭ᠎ᠠ ᠶᠢᠨ ᠡᠵᠡᠩᠨᠡᠵᠤ ᠪᠠᠶᠢᠭ᠎ᠠ ᠮᠡᠳᠡᠭᠡ ᠵᠠᠩᠭᠢ ᠶᠢᠨ ᠲᠡᠮᠳᠡᠭᠯᠡᠯ ᠦᠭᠡᠢ ᠪᠤᠯ᠂ ᠲᠡᠭᠦᠨ ᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠵᠡᠩᠨᠡᠯᠲᠡ ᠶᠢᠨ ᠲᠠᠯᠠᠪᠤᠷ ᠠᠴᠠ ᠠᠯᠪᠠᠳᠠᠨ  ᠭᠠᠷᠭᠠᠨ᠎ᠠ  ᠃      ᠠᠷᠪᠠᠨ ᠵᠢᠷᠭᠤᠳᠤᠭᠠᠷ ᠵᠦᠢᠯ   ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠠᠴᠠ ᠵᠠᠬ᠎ᠠ ᠳᠡᠯᠭᠡᠭᠦᠷ ᠲᠤ  ᠬᠤᠳᠠᠯᠳᠤᠵᠤ ᠪᠠᠶᠢᠭ᠎ᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠶᠠᠰᠤ ᠴᠢᠨᠠᠷ ᠤᠨ ᠬᠢᠷᠢ ᠲᠡᠩᠴᠡᠭᠰᠡᠨ ᠭᠡᠷᠡᠴᠢ ᠪᠤᠯᠤᠨ ︽ᠭᠦᠢᠯᠭᠡᠭᠡᠨ ᠤ ᠦᠢᠯᠡᠴᠢᠯᠡᠭᠡᠨ ᠤ ᠺᠠᠷᠲ︾ ᠢ ᠪᠠᠶᠢᠴᠠᠭᠠᠨ ᠰᠢᠯᠭᠠᠬᠤ ᠬᠡᠷᠡᠭᠲᠡᠶ᠃ ᠮᠢᠬᠠᠨ ᠤ ᠵᠦᠢᠯ ᠢᠳᠡᠰᠢᠨ ᠨᠣᠭᠤᠭ᠎ᠠ ᠬᠠᠩᠭᠠᠬᠤ ᠶᠠᠰᠤ ᠴᠢᠨᠠᠷ ᠤᠨ ᠬᠢᠷᠢ ᠲᠡᠩᠴᠡᠭᠰᠡᠨ ᠭᠡᠷᠡᠴᠢ ᠪᠤᠯᠤᠨ ︽ᠭᠦᠢᠯᠭᠡᠭᠡᠨ ᠤ ᠦᠢᠯᠡᠴᠢᠯᠡᠭᠡᠨ ᠤ ᠺᠠᠷᠲ︾  ᠢ ᠴᠤᠭ ᠲᠤᠨᠢ ᠬᠠᠩᠭᠠᠵᠤ ᠲᠠᠶᠢᠯᠬᠦ ᠦᠭᠡᠢ ᠡᠵᠡᠩᠨᠡᠭᠴᠢ ᠶᠢ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠠᠴᠠ ᠲᠡᠭᠦᠨ ᠤ ᠵᠠᠬ᠎ᠠ ᠳᠡᠯᠭᠡᠭᠦᠷ ᠲᠤ ᠤᠷᠤᠵᠤ ᠮᠢᠬᠠᠨ ᠤ ᠵᠦᠢᠯ ᠢᠳᠡᠰᠢᠨ ᠨᠣᠭᠤᠭᠠᠨ ᠤ  ᠪᠦᠳᠤᠭ᠍ᠳᠡᠭᠦᠨ ᠪᠤᠷᠤᠯᠠᠭᠤᠯᠬᠤ ᠶᠢ ᠲᠡᠪᠴᠢᠬᠦ ᠬᠡᠷᠡᠭᠲᠡᠶ᠃      ᠠᠷᠪᠠᠨ ᠳᠣᠯᠣᠳᠤᠭᠠᠷ ᠵᠦᠢᠯ   ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠳᠤ ᠤᠷᠤᠭᠰᠠᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ  ᠭᠠᠳᠠᠷ ᠬᠤᠳᠠ ᠶᠢᠨ ᠮᠢᠬᠠᠨ ᠤ ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠨᠢ ᠮᠢᠬᠠᠨ ᠤ ᠵᠦᠢᠯ ᠢᠳᠡᠰᠢᠨ ᠨᠣᠭᠤᠭ᠎ᠠ ᠡᠵᠡᠩᠨᠡᠬᠦ ᠲᠡᠮᠳᠡᠭᠯᠡᠯ᠂ ᠦᠢᠯᠡᠳᠪᠦᠷᠢ ᠠᠴᠠ ᠭᠠᠷᠬᠤ ᠰᠢᠯᠭᠠᠨ ᠪᠠᠶᠢᠴᠠᠭᠠᠬᠤ ᠲᠡᠮᠳᠡᠭᠯᠡᠯ᠂ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠯᠲᠠ ᠶᠢᠨ ᠲᠡᠮᠳᠡᠭᠯᠡᠯ᠂ ᠬᠢᠵᠢᠭ ᠰᠢᠯᠭᠠᠨ ᠪᠠᠶᠢᠴᠠᠭᠠᠬᠤ ᠲᠡᠮᠳᠡᠭᠯᠡᠯ ᠵᠡᠷᠭᠡ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠮᠢᠬᠠᠨ ᠤ ᠵᠦᠢᠯ ᠤᠨ ᠢᠳᠡᠰᠢᠨ ᠨᠣᠭᠤᠭ᠎ᠠ ᠶᠢᠨ ᠬᠠᠩᠭᠠᠨ ᠪᠤᠷᠤᠯᠠᠭᠤᠯᠤᠯᠳᠠ ᠶᠢᠨ ᠡᠭᠡ ᠲᠠᠩᠰᠠ ᠪᠠᠶᠢᠭᠤᠯᠬᠤ ᠬᠡᠷᠡᠭᠲᠡᠶ᠃ ᠳᠡᠭᠡᠷ᠎ᠡ ᠳᠤᠷᠠᠳᠤᠭᠰᠠᠨ ᠨᠢᠭᠡᠴᠡ ᠨᠢ ᠲᠣᠰ ᠵᠦᠢᠯ ᠤᠨ ᠡᠮᠦᠨᠡᠬᠢ ᠪᠠᠳᠠᠭ ᠲᠤ ᠲᠣᠭᠲᠠᠭᠠᠭᠰᠠᠨ ᠲᠡᠮᠳᠡᠭᠯᠡᠯ ᠤᠨ ᠠᠭᠤᠯᠭ᠎ᠠ᠂ ᠮᠢᠬᠠᠨ ᠤ ᠵᠦᠢᠯ ᠨᠣᠭᠤᠭ᠎ᠠ ᠠᠷᠠᠯᠵᠢᠶᠠᠯᠠᠭᠰᠠᠨ ᠵᠡᠷᠭᠡ ᠬᠤᠯᠪᠣᠭᠳᠠᠯ ᠪᠦᠬᠦᠢ ᠰᠤᠷᠠᠭ ᠵᠠᠩᠭᠢ ᠶᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠠᠯᠪᠤᠷᠢ ᠰᠢᠰᠲ᠋ᠧᠮ ᠳᠤ ᠲᠤᠭᠳᠠᠭᠠᠯ ᠶᠤᠰᠤᠭᠠᠷ ᠤᠷᠤᠭᠤᠯᠤᠨ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠠᠮᠵᠢᠭᠤᠯᠤᠨ ᠭᠦᠢᠯᠭᠡᠭᠡᠨ ᠤ ︽ᠦᠢᠯᠡᠴᠢᠯᠡᠭᠡᠨ ᠤ ᠺᠠᠷᠲ︾  ᠳᠤ  ᠤᠷᠤᠭᠤᠯᠵᠤ ᠡᠯᠧᠺᠲᠷᠣᠨ  ᠡᠬᠡ ᠳᠠᠩᠰᠠ ᠪᠦᠷᠢᠯᠳᠦᠭᠦᠯᠬᠦ ᠬᠡᠷᠡᠭᠳᠡᠢ  ᠃      ᠠᠷᠪᠠᠨ ᠨᠠᠢᠮᠠᠳᠤᠭᠠᠷ ᠵᠦᠢᠯ   ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠳᠤ ᠤᠷᠤᠭᠰᠠᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ ᠨᠢ ᠵᠠᠬ᠎ᠠ ᠳᠡᠯᠭᠡᠭᠦᠷ ᠳᠠᠬᠢ ᠡᠵᠡᠩᠨᠡᠭᠴᠢ ᠶᠢᠨ ᠲᠣᠭᠲᠠᠮᠠᠯ ᠲᠠᠯᠠᠪᠤᠷ ᠭᠠᠷᠭᠠᠬᠤ ᠬᠡᠷᠡᠭᠲᠡᠶ᠂ ᠮᠥᠷᠳᠡᠨ ᠬᠠᠮᠢᠶᠠᠷᠬᠤ ᠰᠢᠰᠲ᠋ᠧᠮ ᠤᠨ ᠪᠦᠬᠦᠯᠢ ᠴᠣᠭᠴᠠ ᠶᠢᠨ ᠠᠵᠢᠯᠯᠠᠭᠠᠨ ᠢ ᠲᠤᠰᠬᠠᠶ ᠬᠥᠮᠦᠨ ᠲᠣᠬᠢᠷᠠᠭᠤᠯᠤᠨ ᠬᠠᠷᠢᠭᠤᠴᠠᠭᠤᠯᠵᠤ᠂ ᠬᠠᠮᠢᠶ᠎ᠠ ᠪᠦᠬᠦᠢ ᠠᠵᠢᠯᠲᠠᠨ ᠤ ᠡᠭᠦᠷᠭᠡ ᠬᠠᠷᠢᠭᠤᠴᠠᠯᠭ᠎ᠠ ᠲᠣᠳᠣᠷᠬᠠᠶ᠂ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠶᠢ ᠰᠠᠶᠢᠲᠤᠷ ᠬᠠᠳᠠᠭᠠᠯᠠᠨ ᠬᠠᠮᠢᠶᠠᠷᠬᠤ ᠶᠢᠨ ᠬᠠᠮᠳᠤ ᠲᠤᠰ ᠠᠯᠠᠵᠤ ᠨᠢᠲᠤᠯᠬᠤ ᠠᠵᠤ ᠠᠬᠤᠶᠢᠯᠠᠯ ᠤᠨ ᠮᠢᠬᠠᠨ ᠤ ᠵᠦᠢᠯ ᠤᠨ ᠭᠦᠢᠯᠭᠡᠭᠡᠨ ᠤ ︽ᠦᠢᠯᠡᠴᠢᠯᠡᠭᠡᠨ ᠤ ᠺᠠᠷᠲ︾ ᠣᠯᠭᠤᠬᠤ᠂ ᠬᠠᠯᠠᠵᠤ  ᠦᠭᠡᠷᠡᠴᠢᠯᠡᠬᠦ᠂ ᠡᠭᠡᠭᠦᠯᠦᠨ ᠬᠤᠷᠢᠶᠠᠬᠤ ᠠᠵᠢᠯ ᠢ ᠬᠠᠷᠢᠭᠤᠴᠠᠵᠤ᠂ ᠠᠮᠢᠳᠤ ᠭᠠᠭ᠋ᠠᠶ ︵ᠦᠬᠡᠷ ᠬᠤᠨᠢ︶ ᠶᠢᠨ ᠲᠠᠯᠠᠪᠤᠷ ᠲᠤ ᠤᠷᠤᠬᠤ ᠪᠠᠶᠢᠴᠠᠭᠠᠨ ᠰᠢᠯᠭᠠᠬᠤ ᠪᠠ  ᠠᠯᠠᠬᠤ ᠠᠴᠠ ᠡᠮᠤᠨᠡᠬᠢ᠂ ᠠᠯᠠᠬᠤ ᠲᠤᠮᠳᠠᠬᠢ᠂ ᠠᠯᠠᠭᠰᠠᠨ ᠤ ᠲᠠᠷᠠᠭᠠᠬᠢ ᠬᠢᠵᠢᠭ ᠪᠠᠶᠢᠴᠠᠭᠠᠬᠤ ᠰᠤᠷᠠᠭ ᠵᠠᠩᠭᠢ ᠶᠢ ᠺᠣᠮᠫᠢᠦ᠋ᠲ᠋ᠧᠷ ᠲᠤ ᠣᠷᠣᠭᠤᠯᠬᠤ ᠠᠵᠢᠯ ᠳᠤ  ᠬᠢᠨᠠᠯᠳᠠ ᠲᠠᠯᠪᠢᠵᠤ᠂ ᠵᠠᠬ᠎ᠠ ᠳᠡᠯᠭᠡᠭᠦᠷ  ᠳᠠᠬᠢ ᠡᠵᠡᠩᠨᠡᠭᠴᠢ  ᠶᠢᠨ ᠦᠨᠳᠦᠰᠦᠨ ᠰᠤᠷᠠᠭ ᠵᠠᠩᠭᠢ ᠶᠢ ᠲᠠᠩᠰᠠᠯᠠᠭᠤᠯᠤᠨ᠂ ᠠᠷᠠᠯᠵᠢᠶᠠᠯᠠᠭᠰᠠᠨ ᠲᠤᠭ᠎ᠠ ᠪᠠᠷᠢᠮᠲᠠ ᠢ ᠭᠦᠢᠯᠭᠡᠭᠡᠨ ᠤ ︽ᠦᠢᠯᠡᠴᠢᠯᠡᠭᠡᠨ ᠤ ᠺᠠᠷᠲ︾ ᠳᠤ ᠪᠢᠴᠢᠨ ᠣᠷᠣᠭᠤᠯᠵᠤ᠂ ᠲᠤᠰ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ ᠪᠤᠯᠤᠨ ᠵᠠᠬ᠎ᠠ ᠳᠡᠯᠭᠡᠭᠦᠷ ᠳᠠᠬᠢ ᠡᠵᠡᠩᠨᠡᠭᠴᠢ ᠶᠢ ᠰᠢᠮᠳᠠᠭᠤᠯᠤᠨ ᠱᠠᠭᠠᠷᠳᠠᠵᠤ ᠪᠠᠶᠢᠭᠠᠳ ᠲᠤᠰ ᠠᠷᠭ᠎ᠠ ᠶᠢᠨ ᠠᠷᠪᠠᠨ ᠳᠣᠯᠣᠳᠤᠭᠠᠷ ᠵᠦᠢᠯ ᠳᠤ ᠲᠣᠭᠲᠠᠭᠠᠭᠰᠠᠨ ᠲᠡᠮᠳᠡᠭᠯᠡᠯ ᠤᠨ ᠠᠭᠤᠯᠭ᠎ᠠ ᠪᠠᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ ‍ᠤᠨ‌ᠮᠥ᠋ᠷᠳᠡᠨ ᠬᠠᠮᠢᠶᠠᠷᠬᠤ ᠬᠤᠪᠢᠶᠠᠷᠢ ᠰᠢᠰᠲ᠋ᠧᠮ  ᠳᠤ ᠤᠷᠤᠭᠤᠯᠤᠨ ᠡᠬᠡ ᠲᠠᠩᠰᠠ ᠪᠤᠯᠭᠠᠨ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ  ᠳᠤ ᠲᠠᠮᠵᠢᠭᠤᠯᠤᠨ ᠬᠦᠷᠭᠡᠬᠦ ᠬᠡᠷᠡᠭᠲᠡᠶ᠃      ᠠᠷᠪᠠ ᠶᠢᠰᠦᠳᠦᠭᠡᠷ ᠵᠦᠢᠯ   ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠳᠤ ᠤᠷᠤᠭᠰᠠᠨ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠠᠴᠠ ᠵᠠᠬ᠎ᠠ ᠳᠡᠯᠭᠡᠭᠦᠷ  ᠳᠠᠬᠢ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠡᠵᠡᠩᠨᠡᠯᠲᠡ ᠶᠢᠨ ᠭᠤᠣᠯ ᠴᠣᠭᠴᠠ ᠶᠢᠨ ᠳᠠᠩᠰᠠ ᠡᠪᠬᠡᠮᠡᠯ ᠤᠨ ᠮᠡᠳᠡᠭᠡ ᠵᠠᠩᠭᠢ ᠪᠤᠯᠤᠨ ᠲᠠᠯᠠᠪᠠᠶ ᠳᠤ ᠣᠷᠣᠵᠤ ᠪᠤᠷᠤᠯᠠᠭᠤᠯᠬᠤ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠮᠥᠷᠳᠡᠨ ᠬᠠᠮᠢᠶᠠᠷᠬᠤ ᠰᠤᠷᠠᠭ ᠵᠠᠩᠭᠢ ᠶᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠮᠥᠷᠳᠡᠨ ᠬᠠᠮᠢᠶᠠᠷᠬᠤ ᠰᠠᠯᠪᠤᠷᠢ ᠰᠢᠰᠲ᠋ᠧᠮ ᠳᠤ ᠤᠷᠤᠭᠤᠯᠵᠤ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠮᠵᠢᠭᠤᠯᠤᠨ ᠬᠦᠷᠭᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠠᠴᠠ ᠵᠠᠬ᠎ᠠ ᠳᠡᠯᠭᠡᠭᠦᠷ  ᠳᠠᠬᠢ ᠡᠵᠡᠩᠨᠡᠭᠴᠢᠳ ᠤᠨ ᠲᠣᠭᠲᠠᠮᠠᠯ ᠳᠠᠩᠰᠠᠯᠠᠭᠤᠯᠤᠭᠰᠠᠨ ᠭᠠᠵᠠᠷ ᠪᠠᠶᠢᠭᠤᠯᠬᠤ ᠶᠢᠨ ᠬᠠᠮᠳᠤ᠂ ᠵᠠᠬ᠎ᠠ ᠳᠡᠯᠭᠡᠭᠦᠷ  ᠳᠠᠬᠢ ᠡᠵᠡᠩᠨᠡᠭᠴᠢᠳ ᠵᠠᠪᠠᠯ ᠡᠯᠧᠺᠲᠷᠣᠨ ᠵᠢᠩᠯᠡᠭᠦᠷ ᠬᠡᠷᠡᠭᠯᠡᠬᠦ ᠂ ᠬᠠᠩᠭᠠᠨ ᠪᠣᠷᠣᠯᠠᠭᠤᠯᠬᠤ ᠭᠡᠷᠡᠴᠢ ᠲᠡᠮᠳᠡᠭ ᠪᠠ ᠪᠣᠷᠣᠯᠠᠭᠤᠯᠤᠭᠰᠠᠨ‌ᠮᠡᠳᠡᠭᠡ ᠵᠠᠩᠭᠢ ᠶᠢ ᠳᠠᠮᠵᠢᠭᠤᠯᠬᠤ ᠶᠢ ᠱᠠᠭᠠᠷᠳᠠᠵᠤ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠨᠢ ᠵᠠᠬ᠎ᠠ ᠳᠡᠯᠭᠡᠭᠦᠷ ᠳᠠᠬᠢ ᠡᠵᠡᠩᠨᠡᠭᠴᠢᠳ ᠤᠨ ᠲᠠᠷᠢᠶᠠᠯᠠᠩ᠂ ᠠᠯᠠᠵᠤ ᠨᠢᠲᠤᠯᠬᠤ ᠭᠤᠭᠴᠤᠭ᠎ᠠ ᠠᠴᠠ ᠰᠢᠭᠤᠳ ᠤᠷᠤᠭᠤᠯᠤᠭᠰᠠᠨ ᠮᠢᠬᠠᠨ ᠤ ᠵᠦᠢᠯ ᠢᠳᠡᠰᠢᠨ ᠨᠣᠭᠤᠭ᠎ᠠ ᠶᠢ ᠵᠠᠬ᠎ᠠ ᠳᠡᠯᠭᠡᠭᠦᠷ ᠳᠠᠬᠢ ᠡᠵᠡᠩᠨᠡᠭᠴᠢ ᠶᠢ ᠰᠢᠬᠠᠮᠳᠠᠭᠤᠯᠵᠤ ᠪᠠᠶᠢᠭᠠᠳ ᠲᠤᠰ ᠠᠷᠭ᠎ᠠ ᠶᠢᠨ ᠠᠷᠪᠠᠨ ᠳᠣᠯᠣᠳᠤᠭᠠᠷ ᠵᠦᠢᠯ ᠤᠨ ᠲᠤᠭᠳᠠᠭᠠᠯ ᠶᠤᠰᠤᠭᠠᠷ ᠲᠡᠮᠳᠡᠭᠯᠡᠭᠰᠡᠨ ᠠᠭᠤᠯᠭ᠎ᠠ ᠪᠠᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠮᠥᠷᠳᠡᠨ ᠬᠠᠮᠢᠶᠠᠷᠬᠤ ᠰᠠᠯᠪᠤᠷᠢ ᠰᠢᠰᠲ᠋ᠧᠮ ᠳᠤ ᠤᠷᠤᠭᠤᠯᠤᠨ ᠡᠭᠡ ᠲᠠᠩᠰᠠ ᠪᠤᠢ ᠪᠤᠯᠭᠠᠵᠤ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠬᠤᠳᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠠᠮᠵᠢᠭᠤᠯᠤᠨ ᠬᠦᠷᠭᠡᠬᠦ ᠬᠡᠷᠡᠭᠲᠡᠶ᠃      ᠬᠤᠷᠢᠳᠤᠭᠠᠷ ᠵᠦᠢᠯ  ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ  ᠰᠢᠰᠲ᠋ᠧᠮ ᠳᠤ ᠤᠷᠤᠭᠰᠠᠨ ᠵᠠᠬ᠎ᠠ ᠳᠡᠯᠭᠡᠭᠦᠷ ᠳᠠᠬᠢ ᠡᠵᠡᠩᠨᠡᠭᠴᠢ ᠨᠢ ᠬᠤᠯᠪᠤᠭᠳᠠᠯ  ᠪᠦᠬᠦᠢ ᠰᠠᠯᠠᠭ᠎ᠠ ᠮᠥᠴᠢᠷ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠯᠤᠭ᠎ᠠ ᠬᠠᠮᠵᠢᠯᠴᠠᠵᠤ ᠪᠠᠶᠢᠭᠠᠳ ᠡᠯᠧᠺᠲᠷᠣᠨ ᠵᠢᠩᠯᠡᠭᠦᠷ ᠢ ᠵᠥᠪ  ᠬᠡᠷᠡᠭᠯᠡᠨ᠂ ᠬᠡᠷᠡᠭᠯᠡᠭᠴᠢᠳ ᠳᠤ ᠮᠢᠬᠠᠨ ᠤ ᠵᠦᠢᠯ ᠢᠳᠡᠰᠢᠨ ᠨᠣᠭᠤᠭ᠎ᠠ ᠮᠦᠷᠳᠡᠬᠦ ᠮᠡᠳᠡᠭᠡ ᠵᠠᠩᠭᠢ   ᠲᠠᠢ ᠪᠤᠷᠤᠯᠠᠭᠤᠯᠤᠯᠳᠠ ᠶᠢᠨ ᠭᠡᠷᠡᠴᠢ ᠪᠠᠷᠢᠮᠲᠠ‌ᠬᠠᠩᠭᠠᠬᠤ ᠬᠡᠷᠡᠭᠳᠡᠢ᠃ ᠵᠠᠬ᠎ᠠ ᠳᠡᠯᠭᠡᠭᠦᠷ ᠳᠠᠬᠢ ᠡᠵᠡᠩᠨᠡᠭᠴᠢ ᠨᠢ ᠡᠯᠧᠺᠲᠷᠣᠨ ᠵᠢᠩᠯᠡᠭᠦᠷ ᠬᠡᠷᠡᠭᠯᠡᠬᠦ ᠦᠭᠡᠢ ᠪᠠᠶᠢᠪᠠᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠵᠡᠩᠨᠡᠯᠲᠡ ᠶᠢᠨ ᠲᠠᠯᠠᠪᠤᠷ ᠠᠴᠠ ᠵᠠᠷᠯᠢᠭᠳᠠᠨ ᠭᠠᠷᠭᠠᠬᠤ ᠬᠡᠷᠡᠭᠳᠡᠢ  ᠃      ᠬᠤᠷᠢᠨ ᠨᠢᠭᠡᠳᠦᠭᠡᠷ ᠵᠦᠢᠯ   ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠳᠤ ᠤᠷᠤᠭᠰᠠᠨ ᠪᠦᠭᠡᠮᠯᠡᠨ ᠬᠡᠷᠡᠭᠯᠡᠬᠦ ᠨᠢᠭᠡᠴᠡ ᠨᠢ ᠲᠤᠰ ᠨᠢᠭᠡᠴᠡ ᠶᠢᠨ ᠢᠶᠠᠨ ᠮᠥᠷᠳᠡᠨ ᠬᠠᠮᠢᠶᠠᠷᠬᠤ ᠰᠢᠰᠲ᠋ᠧᠮ ᠤᠨ ᠬᠡᠷᠡᠭᠯᠡᠬᠦ ᠪᠡᠯᠡᠳᠭᠡᠮᠵᠢ ᠲᠥᠬᠦᠭᠡᠷᠦᠮᠵᠢ᠂ ᠬᠤᠳᠠᠯᠳᠤᠨ ᠠᠪᠤᠭᠰᠠᠨ ᠭᠡᠷᠡᠴᠢ ᠪᠠᠷᠢᠮᠲᠠ ᠬᠠᠩᠭᠠᠬᠤ ᠪᠠ ᠬᠤᠳᠠᠯᠳᠤᠨ ᠠᠪᠬᠤ ᠰᠤᠷᠠᠭ ᠵᠠᠩᠭᠢ ᠳᠠᠮᠵᠢᠭᠤᠯᠬᠤ ᠵᠡᠷᠭᠡ ᠠᠵᠢᠯ ᠳᠤ ᠬᠢᠨᠠᠯᠲᠠ ᠲᠠᠯᠪᠢᠨ ᠬᠠᠮᠢᠶᠠᠷᠴᠤ ᠂ ᠲᠤᠰ ᠨᠢᠭᠡᠴᠡ‌‍ᠶᠢᠨ ᠬᠤᠭᠤᠯᠠ ᠤᠮᠳᠠᠭᠠᠨ ᠤ ᠰᠠᠯᠠᠭ᠎ᠠ ᠮᠥᠴᠢᠷ ᠢ ᠰᠢᠬᠠᠮᠳᠠᠭᠤᠯᠵᠤ ᠪᠠᠶᠢᠭᠠᠳ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠵᠡᠩᠨᠡᠯᠲᠡ ᠶᠢᠨ ᠲᠠᠯᠠᠪᠤᠷ ᠠᠴᠠ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠮᠥᠷᠳᠡᠨ ᠬᠠᠮᠢᠶᠠᠷᠬᠤ ᠰᠢᠰᠲ᠋ᠧᠮ ᠤᠨ ᠬᠤᠪᠢᠶᠠᠷᠢ ᠰᠢᠰᠲ᠋ᠧᠮ ᠳᠤ ᠤᠷᠤᠭᠤᠯᠵᠤ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ  ᠳᠤ ᠲᠠᠮᠵᠢᠭᠤᠯᠤᠨ ᠬᠦᠷᠭᠡᠬᠦ ᠬᠡᠷᠡᠭᠲᠡᠶ᠃      ᠬᠤᠷᠢᠨ ᠬᠤᠶᠠᠳᠤᠭᠠᠷ ᠵᠦᠢᠯ  ᠴᠢᠭ᠋ ᠲᠣᠭᠲᠠᠭᠠᠭᠰᠠᠨ‌ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ ᠭᠠᠳᠠᠷ ᠮᠤᠵᠢ ᠤᠷᠤᠨ ᠤ ᠮᠢᠬᠠᠨ ᠤ ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠨᠢ ᠲᠤᠰ ᠡᠳᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠦᠨᠳᠦᠰᠦᠨ ᠮᠡᠳᠡᠭᠡ ᠵᠠᠩᠭᠢ᠂ ᠲᠠᠯᠠᠪᠤᠷ ᠲᠤ ᠤᠷᠤᠭᠰᠠᠨ ᠮᠡᠳᠡᠭᠡ ᠵᠠᠩᠭᠢ᠂ ᠬᠢᠵᠢᠭ ᠰᠢᠯᠭᠠᠨ ᠪᠠᠶᠢᠴᠠᠭᠠᠬᠤ ᠮᠡᠳᠡᠭᠡ ᠵᠠᠩᠭᠢ᠂ ᠠᠷᠠᠯᠵᠢᠶᠠᠨ ᠤ ᠮᠡᠳᠡᠭᠡ ᠵᠠᠩᠭᠢ ᠶᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ  ᠴᠠᠭ ᠲᠤᠬᠠᠢ ᠳᠤᠨᠢ ᠲᠠᠮᠵᠢᠭᠤᠯᠤᠨ ᠬᠦᠷᠭᠡᠬᠦ ᠬᠡᠷᠡᠭᠳᠡᠢ᠃ ᠬᠤᠯᠪᠤᠭᠳᠠᠯ ᠪᠥᠬᠦᠶ ᠡᠯᠧᠺᠲᠷᠣᠨ ᠮᠡᠳᠡᠭᠡ ᠵᠠᠩᠭᠢ ᠶᠢ ᠡᠯ᠎ᠡ ᠮᠥᠷᠳᠡᠨ ᠬᠠᠮᠢᠶᠠᠷᠬᠤ ᠬᠤᠪᠢᠶᠠᠷᠢ ᠰᠢᠰᠲ᠋ᠧᠮ ᠤᠨ ᠳᠣᠲᠣᠷ᠎ᠠ ᠨᠠᠭᠠᠳᠤ ᠵᠠᠬ᠎ᠠ ᠳᠠᠭᠠᠨ ᠬᠤᠶᠠᠷ ᠵᠢᠯ ᠠᠴᠠ ᠳᠡᠭᠡᠭᠰᠢ ᠬᠠᠳᠠᠭᠠᠯᠠᠵᠤ  ᠬᠡᠷᠡᠭᠳᠡᠢ᠃      ᠬᠤᠷᠢᠨ ᠭᠤᠷᠪᠠᠳᠤᠭᠠᠷ ᠵᠦᠢᠯ  ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ ᠭᠠᠳᠠᠷ ᠬᠤᠳᠠ ᠶᠢᠨ ᠮᠢᠬᠠᠨ ᠤ ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠣᠣᠷᠠᠬᠢ ᠮᠡᠳᠤ ᠠᠵᠢᠯᠯᠠᠭ᠎ᠠ ᠶᠢ ᠶᠠᠪᠤᠭᠳᠠᠭᠤᠯᠵᠤ ᠪᠣᠯᠬᠤ ᠦᠭᠡᠢ᠄      ︵ᠨᠢᠭᠡ︶ ᠭᠠᠵᠢᠭᠤ ᠰᠠᠨᠠᠭ᠎ᠠ ᠪᠠᠷ ᠮᠥᠷᠳᠡᠨ ᠬᠠᠮᠢᠶᠠᠷᠬᠤ ᠰᠢᠰᠲ᠋ᠧᠮ ᠤᠨ ᠪᠡᠯᠡᠳᠭᠡᠮᠵᠢ ᠲᠥᠬᠦᠭᠡᠷᠦᠮᠵᠢ  ᠶᠢ ᠡᠪᠳᠡᠵᠦ ᠰᠦᠢᠳᠬᠡᠬᠦ  ︔      ︵ᠬᠤᠶᠠᠷ︶  ᠮᠥᠷᠳᠡᠨ ᠬᠠᠮᠢᠶᠠᠷᠬᠤ ᠮᠡᠳᠡᠭᠡ ᠵᠠᠩᠭᠢ ᠶᠢ  ᠦᠭᠡᠷᠡᠳᠡᠭᠦᠯᠬᠦ︔      ︵ᠭᠤᠷᠪᠠ︶  ᠮᠥᠷᠳᠡᠨ ᠬᠠᠮᠢᠶᠠᠷᠬᠤ ᠮᠡᠳᠡᠭᠡ ᠵᠠᠩᠭᠢ ᠶᠢ ᠦᠯᠦ ᠮᠡᠳᠡᠭᠦᠯᠬᠦ᠂  ᠨᠢᠭᠤᠵᠤ ᠮᠡᠳᠡᠭᠦᠯᠬᠦ᠂ ᠬᠤᠳᠠᠯ ᠮᠡᠳᠡᠭᠦᠯᠬᠦ᠂ ᠬᠤᠴᠤᠷᠠᠵᠤ ᠮᠡᠳᠡᠭᠦᠯᠬᠦ᠂  ᠭᠡᠭᠡᠭᠳᠡᠭᠦᠯᠦᠨ ᠮᠡᠳᠡᠭᠦᠯᠬᠦ᠂ ᠪᠤᠷᠤᠭᠤ ᠮᠡᠳᠡᠭᠦᠯᠬᠦ  ︔      ᠬᠤᠷᠢᠨ ᠳᠥᠷᠪᠡᠳᠦᠭᠡᠷ ᠵᠦᠢᠯ    ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠵᠢᠴᠢ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ ᠪᠣᠯᠤᠨ ᠵᠠᠬ᠎ᠠ ᠳᠡᠯᠭᠡᠭᠦᠷ  ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ  ᠨᠢ ᠲᠠᠭᠠᠴᠢᠯᠠᠨ ᠡᠵᠡᠩᠨᠡᠭᠴᠢᠳ ᠯᠦᠭᠡ ᠡᠵᠡᠩᠨᠡᠬᠦ ᠭᠡᠷ᠎ᠡ ᠲᠣᠭᠲᠠᠭᠠᠬᠤ ᠦᠶ᠎ᠡ ᠳᠤ᠂ ᠭᠡᠷ᠎ᠡ ᠲᠤᠳᠤᠷ᠎ᠠ ᠪᠠᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠶᠢᠨ ᠦᠨᠳᠦᠰᠦᠨ ᠱᠠᠭᠠᠷᠳᠠᠯᠭ᠎ᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠤᠭ᠎ᠠ ᠪᠠᠷᠢᠮᠲᠠ ᠶᠢ ᠴᠠᠭ ᠳᠠᠷᠤᠶ ᠳᠤᠨᠢ ᠲᠠᠮᠵᠢᠭᠤᠯᠤᠨ ᠡᠯᠧᠺᠲᠷᠣᠨ ᠲᠠᠩᠰᠠ ᠡᠪᠬᠢᠮᠡᠯ  ᠪᠦᠷᠢᠯᠳᠦᠭᠦᠯᠵᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠪᠤᠶᠤ ᠬᠤᠯᠪᠣᠭᠳᠠᠯ ᠪᠦᠬᠦᠢ ᠪᠡᠯᠡᠳᠭᠡᠮᠵᠢ ᠲᠥᠬᠦᠭᠡᠷᠦᠮᠵᠢ ᠶᠢ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠬᠤ ᠵᠡᠷᠭᠡ ᠠᠭᠤᠯᠭ᠎ᠠ ᠶᠢ ᠪᠠᠭᠳᠠᠭᠠᠬᠤ ᠬᠡᠷᠡᠭᠳᠡᠢ᠃ ᠭᠡᠷ᠎ᠡ ᠵᠥᠷᠢᠴᠡᠭᠰᠡᠨ ᠵᠠᠬ᠎ᠠ ᠳᠡᠯᠭᠡᠭᠦᠷ  ᠳᠠᠬᠢ ᠡᠵᠡᠩᠨᠡᠭᠴᠢ᠂ ᠵᠠᠬ᠎ᠠ ᠳᠡᠯᠭᠡᠭᠦᠷ ᠤᠨ ᠨᠡᠭᠡᠭᠡᠨ  ᠡᠵᠡᠩᠨᠡᠭᠴᠢᠳ ᠠᠯᠳᠠᠭ᠎ᠠ  ᠪᠤᠷᠤᠭᠤ ᠪᠠᠶᠢᠪᠠᠯ ᠴᠠᠭ ᠲᠤᠬᠠᠶ ᠳᠤᠨᠢ  ᠵᠠᠯᠠᠷᠠᠭᠤᠯᠵᠤ᠂ ᠦᠢᠯᠡ ᠠᠵᠢᠯᠯᠠᠭ᠎ᠠ   ᠨᠢ ᠬᠦᠨᠳᠦ ᠨᠣᠴᠢᠲᠠᠶ ᠪᠠᠶᠢᠪᠠᠯ ᠭᠡᠷ᠎ᠡ ᠶᠢ ᠤᠷᠢᠳᠴᠢᠯᠠᠨ ᠬᠦᠴᠤᠨ ᠦᠭᠡᠢ ᠪᠤᠯᠭᠠᠵᠤ ᠲᠡᠭᠦᠨ ᠢ  ᠵᠠᠷᠯᠢᠭᠳᠠᠵᠤ ᠪᠠᠶᠢᠭᠠᠳ ᠡᠵᠡᠩᠨᠡᠯᠲᠡ ᠶᠢᠨ ᠲᠠᠯᠠᠪᠤᠷ ᠠᠴᠠ ᠭᠠᠷᠭᠠᠬᠤ ᠬᠡᠷᠡᠭᠲᠡᠶ᠃      ᠬᠤᠷᠢᠨ ᠲᠠᠪᠤᠳᠤᠭᠠᠷ ᠵᠦᠢᠯ    ᠬᠤᠳᠠᠯᠳᠤᠭᠠᠨ ᠤ ᠶᠠᠪᠤᠳᠠᠯ᠂ ᠲᠠᠷᠢᠶᠠᠯᠠᠩ ᠮᠠᠯ ᠠᠵᠤ ᠠᠬᠤᠶ᠂ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠤᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠡᠳ᠋ ᠤᠨ ᠵᠠᠰᠠᠭ᠂ ᠰᠤᠷᠭᠠᠨ ᠬᠦᠮᠤᠵᠢᠯ᠂ ᠳᠣᠲᠣᠭᠠᠳᠤ ᠶᠢ ᠬᠠᠮᠠᠭᠠᠯᠠᠬᠤ  ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠮᠥᠷᠳᠡᠨ ᠬᠠᠮᠢᠶᠠᠷᠬᠤ ᠰᠢᠰᠲ᠋ᠧᠮ ᠤᠨ ᠡᠷᠭᠢᠯᠳᠡ ᠶᠢᠨ ᠡᠳᠦᠷ ᠲᠤᠳᠤᠮ ᠤᠨ ᠠᠵᠢᠯ ᠤᠨ ᠬᠢᠨᠠᠯᠲᠠ ᠬᠠᠮᠢᠶᠠᠷᠤᠯᠲᠠ ᠳᠤ ᠪᠠᠨ ᠤᠷᠤᠭᠤᠯᠵᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠯᠧᠺᠲᠷᠥᠨᠵᠢᠭᠦᠯᠦᠭᠰᠡᠨ ᠬᠠᠮᠢᠶᠠᠷᠤᠯᠲᠠ ᠶᠢ  ᠴᠢᠩᠭᠠᠳᠭᠠᠬᠤ ᠶᠢᠨ ᠬᠠᠮᠳᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠵᠢᠴᠢ ᠪᠦᠷᠢᠯᠳᠦᠭᠦᠯᠦᠭᠰᠡᠨ ᠬᠠᠮᠢᠶᠠᠷᠤᠯᠲᠠ ᠶᠢᠨ ᠳᠦᠷᠢᠮ ᠢ  ᠲᠤᠭᠳᠠᠭᠠᠬᠤ ᠬᠡᠷᠡᠭᠳᠡᠢ  ᠃ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ ᠭᠠᠳᠠᠷ ᠮᠤᠵᠢ ᠤᠷᠤᠨ ᠤ ᠮᠢᠬᠠᠨ ᠤ ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠨ ᠪᠠᠶᠢᠴᠠᠭᠠᠯᠳᠠ ᠬᠢᠬᠦ ᠳᠤ ᠢᠳᠡᠪᠬᠢᠲᠡᠶ ᠬᠠᠮᠵᠢᠯᠴᠠᠵᠤ᠂ ᠪᠤᠳᠠᠳᠤ ᠪᠠᠶᠢᠳᠠᠯ ᠢ ᠲᠤᠰᠬᠠᠨ᠂ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠵᠤ᠂ ᠬᠢᠨᠠᠯᠲᠠ ᠲᠠᠯᠪᠢᠨ ᠪᠠᠶᠢᠴᠠᠭᠠᠯᠳᠠ ᠬᠢᠬᠦ ᠶᠢ ᠨᠥᠯᠥᠭᠡᠯᠡᠵᠦ ᠬᠠᠷᠰᠢᠯᠠᠨ ᠰᠠᠭᠠᠲᠠᠭᠠᠵᠤ ᠪᠣᠯᠬᠤ ᠦᠭᠡᠢ  ᠃ ᠮᠢᠬᠠᠨ ᠤ ᠵᠦᠢᠯ ᠤᠨ ᠢᠳᠡᠰᠢᠨ ᠨᠣᠭᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠡ᠊ᠨᠳᠡᠯ ᠭᠠᠷᠬᠤ ᠦᠶ᠎ᠡ ᠳᠤ᠂ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ ᠭᠠᠳᠠᠷ ᠬᠤᠳᠠ ᠶᠢᠨ ᠮᠢᠬᠠᠨ ᠤ ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠨᠢ ᠡᠷᠬᠡᠪᠡᠰᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠢᠳᠡᠰᠢᠨ ᠨᠣᠭᠤᠭ᠎ᠠ ᠮᠢᠬᠠᠨ ᠤ ᠵᠦᠢᠯ ᠤᠨ ᠮᠡᠳᠡᠭᠡ ᠵᠠᠩᠭᠢ ᠶᠢ ᠮᠦᠷᠳᠡᠵᠤ ᠬᠤᠯᠪᠣᠭᠳᠠᠯ ᠪᠦᠬᠦᠢ ᠮᠠᠲ᠋ᠧᠷᠢᠶᠠᠯ ᠢ ᠰᠠᠨᠠᠭᠠᠴᠢᠯᠠᠭ᠎ᠠ ᠪᠠᠷ ᠢᠶᠠᠨ ᠪᠤᠳᠠᠳᠠᠢ ᠪᠠᠷ ᠬᠠᠩᠭᠠᠬᠤ ᠬᠡᠷᠡᠭᠲᠡᠶ᠃      ᠳᠥᠷᠪᠡᠳᠦᠭᠡᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ      ᠬᠤᠷᠢᠨ ᠵᠢᠷᠭᠤᠳᠤᠭᠠᠷ ᠵᠦᠢᠯ  ᠲᠤᠰ ᠠᠷᠭ᠎ᠠ ᠵᠢᠨ‌‍ᠲ᠋ᠣᠭᠲᠠᠭᠠᠯ ᠤᠨ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠠᠴᠠ ᠨᠢ ᠵᠦᠷᠢᠴᠡᠭᠰᠡᠨ ᠪᠠᠶᠢᠪᠠᠯ᠂ ᠲᠠᠷᠢᠶᠠᠯᠠᠩ ᠮᠠᠯ ᠠᠵᠤ ᠠᠬᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰ ᠠᠷᠭ᠎ᠠ ᠶᠢᠨ ᠡᠭᠦᠷᠭᠡ ᠲᠤᠰᠢᠶᠠᠯ ᠤᠨ ᠠᠵᠢᠯ ᠤᠨ ᠬᠤᠪᠢᠶᠠᠷᠢᠯᠠᠯᠲᠠ ᠶᠢ ᠦᠨᠳᠤᠰᠤᠯᠡᠨ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ  ᠰᠢᠢᠳᠭᠡᠨ᠎ᠡ᠄ ︵ᠨᠢᠭᠡ︶ ᠲᠤᠰ ᠠᠷᠭ᠎ᠠ ᠶᠢᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠡᠯᠧᠺᠲᠷᠣᠨ ᠳᠠᠩᠰᠠ  ᠡᠪᠬᠢᠮᠡᠯ ᠢ ᠲᠣᠭᠲᠠᠭᠠᠯ ᠶᠣᠰᠣᠭᠠᠷ ᠪᠠᠶᠢᠭᠤᠯᠤᠭᠰᠠᠨ‌ᠦᠭᠡᠢ ᠪᠤᠯ᠂ ᠬᠤᠭᠤᠴᠠᠭ᠎ᠠ ᠲᠣᠭᠲᠠᠭᠠᠨ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠳᠡᠢ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ  ᠲᠤᠷᠤᠭᠰᠢ  ᠲᠤᠷᠭᠤᠭᠠᠬᠤ ᠪᠠᠷ ᠰᠢᠢᠳᠭᠡᠨ᠎ᠡ︔ ︵ᠬᠤᠶᠠᠷ︶ ᠲᠤᠰ ᠠᠷᠭ᠎ᠠ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ  ᠠᠴᠠ ᠵᠥᠷᠢᠴᠡᠵᠦ᠂ ᠮᠢᠬᠠᠨ ᠤ ᠵᠦᠢᠯ  ᠢᠳᠡᠰᠢᠨ ᠨᠣᠭᠤᠭ᠎ᠠ ᠡᠵᠡᠩᠨᠡᠬᠦ ᠲᠡᠮᠳᠡᠭᠯᠡᠯ᠂ ᠦᠢᠯᠡᠳᠪᠦᠷᠢ ᠠᠴᠠ ᠭᠠᠷᠬᠤ ᠰᠢᠯᠭᠠᠨ ᠪᠠᠶᠢᠴᠠᠭᠠᠬᠤ ᠲᠡᠮᠳᠡᠭᠯᠡᠯ᠂ ᠪᠠᠷᠠᠭ᠎ᠠ ᠤᠷᠤᠭᠤᠯᠤᠭᠰᠠᠨ ᠪᠠᠶᠢᠴᠠᠭᠠᠨ ᠰᠢᠯᠭᠠᠯᠲᠠ ᠶᠢᠨ ᠲᠡᠮᠳᠡᠭᠯᠡᠯ᠂ ᠬᠢᠵᠢᠭ ᠰᠢᠯᠭᠠᠨ ᠪᠠᠶᠢᠴᠠᠭᠠᠬᠤ ᠲᠡᠮᠳᠡᠭᠯᠡᠯ᠂ ᠠᠷᠠᠯᠵᠢᠶᠠᠨ ᠤ ᠡᠭᠡ ᠲᠠᠩᠰᠠ  ᠶᠢᠨ ᠲᠦᠷᠢᠮ ᠪᠠᠶᠢᠭᠤᠯᠤᠭᠰᠠᠨ ᠦᠭᠡᠢ ᠪᠤᠶᠤ ᠲᠡᠭᠡᠷᠡᠬᠢ ᠰᠤᠷᠠᠭ ᠵᠠᠩᠭᠢ ᠶᠢ ᠲᠤᠭᠳᠠᠭᠠᠯ ᠶᠤᠰᠤᠭᠠᠷ ᠮᠦᠷᠳᠡᠨ ᠪᠠᠶᠢᠴᠠᠭᠠᠬᠤ ᠰᠢᠰᠲ᠋ᠧᠮ ᠳᠤ ᠲᠡᠮᠳᠡᠭᠯᠡᠭᠰᠡᠨ ᠦᠭᠡᠢ ᠪᠤᠯ᠂ ᠬᠤᠭᠤᠴᠠᠭ᠎ᠠ ᠲᠣᠭᠲᠠᠭᠠᠨ  ᠵᠠᠷᠯᠢᠭᠳᠡᠵᠤ ᠪᠠᠶᠢᠭᠠᠳ ᠵᠠᠯᠠᠷᠠᠭᠤᠯᠬᠤ ᠬᠡᠷᠡᠭᠳᠡᠢ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠲᠤᠷᠤᠭᠰᠢ ᠲᠤᠷᠭᠤᠭᠠᠬᠤ ᠪᠠᠷ ᠰᠢᠢᠳᠭᠡᠨ᠎ᠡ  ᠃ ︵ᠭᠤᠷᠪᠠ︶ ᠲᠤᠰ ᠠᠷᠭ᠎ᠠ ᠶᠢᠨ ᠬᠤᠷᠢᠨ ᠭᠤᠷᠪᠠᠳᠤᠭᠠᠷ ᠵᠦᠢᠯ ᠤᠨ ︵ᠨᠢᠭᠡ︶  ᠳ᠋ᠤᠭᠡᠷ ᠵᠤᠷᠪᠤᠰ ᠤᠨ ᠲᠤᠭᠳᠠᠭᠠᠭᠰᠠᠨ ᠭᠠᠵᠢᠭᠤ ᠰᠠᠨᠠᠭ᠎ᠠ ᠪᠠᠷ ᠮᠥᠷᠳᠡᠨ ᠬᠠᠮᠢᠶᠠᠷᠬᠤ ᠰᠢᠰᠲ᠋ᠧᠮ ᠤᠨ ᠪᠡᠯᠡᠳᠭᠡᠮᠵᠢ ᠲᠥᠬᠦᠭᠡᠷᠦᠮᠵᠢ ᠶᠢ ᠡᠪᠳᠡᠵᠦ ᠰᠦᠢᠳᠭᠡᠭᠰᠡᠨ ᠪᠠᠶᠢᠪᠠᠯ  ᠂ ᠲᠡᠭᠦᠨ ᠢ ᠵᠠᠷᠯᠢᠭᠳᠡᠵᠤ ᠪᠠᠶᠢᠭᠠᠳ ᠤᠤᠯ ᠪᠠᠶᠢᠳᠠᠯ ᠢ ᠨᠢ ᠰᠡᠷᠭᠦᠭᠡᠵᠤ ᠦᠭᠬᠦ ᠬᠡᠷᠡᠭᠳᠡᠢ᠂ ᠤᠤᠯ ᠪᠠᠶᠢᠳᠠᠯ ᠢ ᠰᠡᠷᠭᠦᠭᠡᠵᠦ ᠳᠡᠶᠢᠯᠬᠦ ᠤᠢᠭᠡᠢ ᠪᠣᠯ᠂ ᠡᠪᠳᠡᠷᠡᠵᠦ ᠰᠦᠢᠳᠦᠭᠰᠡᠨ ᠪᠡᠯᠡᠳᠭᠡᠮᠵᠢ ᠲᠥᠬᠦᠭᠡᠷᠦᠮᠵᠢ ᠶᠢᠨ ᠵᠠᠬ᠎ᠠ ᠳᠡᠯᠭᠡᠭᠦᠷ ᠤᠨ ᠦᠨ᠎ᠡ   ᠪᠠᠷ ᠲᠦᠯᠦᠪᠦᠷᠢ ᠠᠪᠬᠤ ᠶᠢᠨ ᠬᠠᠮᠳᠤ᠂ 500 ᠲᠥᠭᠦᠷᠢᠭ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠲᠤᠰ ᠵᠦᠢᠯ ᠤᠨ ︵ᠬᠤᠶᠠᠷ︶᠂ ︵ᠭᠤᠷᠪᠠ︶  ᠳ᠋ᠤᠭᠠᠷ ᠵᠤᠷᠪᠤᠰ ᠤᠨ ᠲᠣᠭᠲᠠᠭᠠᠯ ᠶᠣᠰᠣᠭᠠᠷ᠂  ᠦᠭᠡᠷᠡᠳᠡᠭᠦᠯᠬᠦ ᠪᠠ ᠦᠯᠦ ᠮᠡᠳᠡᠭᠦᠯᠬᠦ᠂  ᠨᠢᠭᠤᠵᠤ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠂ ᠬᠤᠴᠤᠷᠠᠵᠤ ᠮᠡᠳᠡᠭᠦᠯᠬᠦ᠂ ᠭᠡᠭᠡᠭᠳᠡᠭᠦᠯᠦᠨ ᠮᠡᠳᠡᠭᠦᠯᠬᠦ᠂ ᠪᠤᠷᠤᠭᠤ  ᠮᠡᠳᠡᠭᠦᠯᠦᠭᠰᠡᠳ ᠢ ᠬᠤᠭᠤᠴᠠᠭ᠎ᠠ ᠲᠣᠭᠲᠠᠭᠠᠨ ᠵᠠᠷᠯᠢᠭᠳᠠᠨ ᠵᠠᠯᠠᠷᠠᠭᠤᠯᠤᠭᠤᠯᠵᠤ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 1000 ᠲᠥᠭᠦᠷᠢᠭ  ᠢᠶᠠᠷ ᠲᠤᠷᠭᠤᠭᠠᠬᠤ ᠪᠠᠷ ᠰᠢᠳᠬᠡᠨ᠎ᠡ᠃      ᠬᠤᠷᠢᠨ ᠳᠣᠯᠣᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠲᠤᠰ ᠠᠷᠭ᠎ᠠ ᠶᠢᠨ ᠲᠣᠭᠲᠠᠭᠠᠯ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠠᠴᠠ  ᠵᠦᠷᠢᠴᠡᠭᠰᠡᠨ ᠪᠠᠶᠢᠪᠠᠯ ᠲᠡᠭᠦᠨ ᠤ  ᠬᠠᠮᠢᠶᠠᠷᠬᠤ ᠭᠤᠤᠯ ᠬᠠᠷᠢᠭᠤᠴᠠᠯᠭᠠᠳᠠᠨ ᠪᠣᠯᠤᠨ ᠪᠤᠰᠤᠳ ᠰᠢᠭᠤᠳ  ᠬᠠᠷᠢᠭᠤᠴᠠᠯᠭᠠᠳᠠᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠄ ︵ᠨᠢᠭᠡ︶ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠷᠭᠢᠯᠳᠡ ᠶᠢ ᠡᠳᠦᠷ ᠲᠤᠳᠤᠮ ᠤᠨ ᠬᠢᠨᠠᠨ ᠬᠠᠮᠢᠶᠠᠷᠬᠤ ᠠᠵᠢᠯ  ᠳᠠᠭᠠᠨ ᠤᠷᠤᠭᠤᠯᠤᠭᠰᠠᠨ ᠦᠭᠡᠢ︔ ︵ᠬᠤᠶᠠᠷ︶ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ  ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠳᠪᠦᠷᠢᠯᠡᠭᠰᠨ ᠤᠢᠭᠡᠢ ᠪᠤᠶᠤ ᠪᠠᠶᠢᠴᠠᠭᠠᠵᠤ  ᠰᠢᠳᠪᠦᠷᠢᠯᠡᠭᠰᠡᠨ ᠬᠡᠮᠵᠢᠶ᠎ᠡ ᠨᠢ  ᠪᠠᠷᠢᠮᠵᠢᠶ᠎ᠠ ᠳᠤ ᠭᠦᠷᠦᠭᠰᠡᠨ ᠦᠭᠡᠢ︔ ︵ᠭᠤᠷᠪᠠ︶ ᠲᠤᠰᠢᠶᠠᠯ ᠢᠶᠠᠨ ᠠᠰᠢᠭᠯᠠᠨ ᠠᠰᠢᠭ ᠲᠤᠰᠠ ᠣᠯᠤᠭᠰᠠᠨ ᠵᠡᠷᠭᠡ  ᠃      ᠲᠠᠪᠤᠳᠤᠭᠠᠷ ᠪᠦᠯᠦᠭ     ᠲᠠᠭᠠᠯᠳᠤᠭᠤᠯᠤᠯ      ᠬᠤᠷᠢᠨ ᠨᠠᠢᠮᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠭᠡᠳᠡᠭ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠪᠠᠶᠢᠭᠤᠯᠬᠤ ᠪᠠᠷ ᠭᠤᠣᠯ ᠪᠤᠯᠭᠠᠭᠰᠠᠨ᠂ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠠᠷᠠᠯᠵᠢᠶᠠᠯᠠᠬᠤ ᠶᠠᠪᠤᠴᠠ ᠳᠠᠬᠢ ᠭᠡᠷᠡᠴᠢ ᠪᠣᠯᠤᠨ ᠪᠠᠷᠢᠮᠲᠠ ᠠᠪᠬᠤ᠂  ᠬᠠᠩᠭᠠᠨ ᠪᠣᠷᠣᠯᠠᠭᠤᠯᠬᠤ ᠡᠭᠡ ᠲᠠᠩᠰᠠ ᠶᠢᠨ ᠡᠯᠧᠺᠲ᠋ᠦᠵᠢᠭᠦᠯᠬᠦ ᠶᠢ ᠪᠡᠶᠡᠯᠡᠭᠦᠯᠵᠦ᠂ ᠢᠷᠡᠯᠲᠡ ᠶᠢ ᠨᠢ ᠨᠡᠬᠡᠮᠵᠢᠯᠡᠨ ᠮᠥᠷᠳᠡᠵᠦ ᠤᠯᠬᠤ᠂ ᠪᠤᠷᠤᠯᠠᠭᠤᠯᠤᠭᠰᠠᠨ ᠭᠠᠵᠠᠷ ᠢ ᠨᠢ ᠪᠠᠶᠢᠴᠠᠭᠠᠨ ᠲᠤᠳᠤᠯᠠᠵᠤ ᠪᠤᠯᠬᠤ᠂ ᠬᠠᠷᠢᠭᠤᠴᠠᠯᠭ᠎ᠠ ᠶᠢ ᠨᠢ ᠨᠡᠬᠡᠮᠵᠢᠯᠡᠵᠦ ᠤᠯᠬᠤ ᠮᠦᠷᠳᠡᠨ ᠨᠡᠬᠡᠮᠵᠢᠯᠡᠬᠦ ᠲᠣᠭᠲᠠᠴᠠ ᠶᠢ ᠵᠢᠭᠠᠵᠤ ᠪᠠᠶᠢᠨ᠎ᠠ᠃ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ︵ᠥᠪᠡᠷᠲᠡᠭᠡᠨ ᠡᠵᠡᠩᠨᠡᠬᠦ ᠪᠠ ᠲᠦᠷᠢᠶᠡᠰᠦᠯᠡᠬᠦ ᠪᠠᠭᠲᠠᠨ᠎ᠠ︶ ᠭᠡᠳᠡᠭ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠪᠠ ᠦᠢᠯᠡᠳᠪᠦᠷᠢᠯᠡᠬᠦ ᠪᠠ ᠪᠣᠷᠣᠯᠠᠭᠤᠯᠬᠤ ᠶᠢ ᠤᠶᠠᠯᠳᠠᠭᠤᠯᠤᠨ ᠡᠵᠡᠩᠨᠡᠬᠦ ᠵᠡᠷᠭᠡ ᠡᠵᠡᠩᠨᠡᠯᠲᠡ ᠶᠢᠨ ᠠᠵᠤ ᠠᠬᠤᠶᠢᠯᠠᠯ ᠶᠢ ᠵᠢᠭᠠᠵᠤ ᠪᠠᠶᠢᠨ᠎ᠠ᠃ ᠵᠠᠬ᠎ᠠ ᠳᠡᠯᠭᠡᠭᠦᠷ ᠳᠠᠬᠢ ᠡᠵᠡᠩᠨᠡᠭᠴᠢ ᠭᠡᠳᠡᠭ ᠪᠣᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠲᠤᠳᠤᠷᠠᠬᠢ ᠡᠵᠡᠩᠨᠡᠯᠲᠡ ᠶᠢᠨ ᠠᠵᠤ ᠠᠬᠤᠶᠢᠯᠠᠯ ︵ᠲᠣᠬᠢᠷᠠᠭᠤᠯᠤᠨ ᠬᠦᠷᠭᠡᠬᠦ ᠪᠠᠭᠲᠠᠨ᠎ᠠ︶ ᠪᠠ ᠬᠤᠪᠢ ᠶᠢᠨ ᠡᠵᠡᠩᠨᠡᠭᠴᠢ ᠶᠢ ᠵᠢᠭᠠᠨ᠎ᠠ  ᠃ ᠪᠦᠭᠡᠮᠯᠡᠨ ᠬᠡᠷᠡᠭᠯᠡᠬᠦ ᠨᠢᠭᠡᠴᠡ ᠭᠡᠳᠡᠭ ᠪᠣᠯ ᠲᠤᠮᠤ ᠳᠤᠮᠳᠠ ᠵᠢᠵᠢᠭ ᠬᠡᠯᠪᠡᠷᠢ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ᠂ ᠲᠥᠪ ᠲᠣᠭᠤᠭᠠᠨ ᠭᠡᠷ᠂ ᠪᠠᠶᠢᠭᠤᠯᠭ᠎ᠠ ᠨᠢᠭᠡᠴᠡ᠂ ᠰᠤᠷᠭᠠᠭᠤᠯᠢ ︵ᠬᠡᠦᠬᠡᠳ ᠤᠨ ᠴᠡᠴᠡᠷᠯᠢᠭ ᠪᠠᠭᠳᠠᠨ᠎ᠠ︶᠂ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠵᠢᠴᠢ ᠨᠡᠶᠢᠲᠡ ᠪᠠᠷ ᠬᠤᠭᠤᠯᠠ ᠶᠢ ᠲᠣᠬᠢᠷᠠᠭᠤᠯᠤᠨ ᠬᠦᠷᠭᠡᠬᠦ ᠨᠢᠭᠡᠴᠡ‌ᠵᠡᠷᠭᠡ ᠪᠠᠭᠲᠠᠨ᠎ᠠ᠃ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠺᠠᠷᠲ ︵ᠶᠡᠷᠦ ᠳᠡᠭᠡᠨ IC ᠺᠠᠷᠲ ᠪᠤᠶᠤ CPU ᠺᠠᠷᠲ ᠭᠡᠨ᠎ᠡ᠂ ᠪᠦᠬᠦ ᠤᠯᠤᠰ ᠤᠨ ᠨᠢᠭᠡᠳᠦᠯᠲᠡᠶ ᠢᠯᠡᠳᠭᠡᠯ ᠳᠡᠮᠳᠡᠭ  ᠂ ᠨᠢᠭᠡᠳᠦᠯᠲᠡᠶ ᠶᠠᠩᠵᠤ ᠬᠡᠯᠪᠡᠷᠢ ᠲᠠᠢ︶ ᠭᠡᠳᠡᠭ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠡᠵᠡᠩᠨᠡᠭᠴᠢ ᠡᠵᠡᠮᠰᠢᠵᠦ ᠪᠠᠶᠢᠭ᠎ᠠ ᠪᠡᠶ᠎ᠡ ᠶᠢᠨ ᠭᠡᠷᠡᠴᠢ ᠪᠠᠷᠢᠮᠲᠠ ᠪᠣᠯᠤᠨ ᠲᠡᠮᠳᠡᠭᠯᠡᠯ᠂ ᠠᠷᠠᠯᠵᠢᠶᠠᠨ ᠤ ᠶᠠᠪᠤᠴᠠ ᠳᠠᠬᠢ ᠰᠤᠷᠠᠭ ᠵᠠᠩᠭᠢ  ᠶᠢᠨ ᠵᠠᠭᠤᠯᠴᠢᠯᠠᠭᠤᠷ ᠢ ᠬᠡᠯᠡᠨ᠎ᠡ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠮᠡᠳᠡᠭᠡ ᠵᠠᠩᠭᠢ ᠲᠡᠮᠳᠡᠭᠯᠡᠬᠦ ᠲᠤᠭᠳᠠᠭᠰᠠᠨ ᠬᠡᠯᠪᠡᠷᠢ ᠪᠠ ᠨᠢᠭᠤᠴᠠᠯᠠᠬᠤ ᠲᠣᠭᠲᠠᠭᠠᠯ ᠶᠣᠰᠣᠭᠠᠷ᠂ ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠦᠢᠯᠡᠳᠬᠦ ᠶᠢᠨ ᠬᠠᠮᠳᠤ ᠮᠢᠬᠠᠨ ᠤ ᠵᠦᠢᠯ ᠢᠳᠡᠰᠢᠨ ᠨᠣᠭᠤᠭ᠎ᠠ  ᠡᠵᠡᠩᠨᠡᠭᠴᠢ ᠳᠤ  ᠨᠢᠭᠡᠳᠦᠯᠳᠡᠢ ᠣᠯᠭᠤᠨ᠎ᠠ᠃      ᠬᠤᠷᠢ ᠶᠢᠰᠦᠳᠦᠭᠡᠷ ᠵᠦᠢᠯ    ᠲᠤᠰ ᠠᠷᠭ᠎ᠠ ᠶᠢ 2014 ᠤᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ  ᠃
 
ᠢᠷᠡᠯᠲᠡ᠄ ᠬᠥᠬᠡᠬᠤᠲᠠ  ᠶᠢᠨ ᠵᠠᠰᠠᠭ  ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号