ᠲᠣᠭᠲᠠᠬᠤ ᠰᠢᠶᠠᠨ ᠤ ᠬᠠᠪᠤᠷ ᠤᠨ ᠤᠰᠤᠯᠠᠯᠲᠠ ᠶᠢᠨ ᠠᠵᠢᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2018-05-16
     ᠲᠣᠭᠲᠠᠬᠤ ᠰᠢᠶᠠᠨ ᠤ 2018 ᠣᠨ ᠤ ᠬᠠᠪᠤᠷ ᠤᠨ ᠤᠰᠤᠯᠠᠯᠲᠠ ᠶᠢᠨ ᠠᠵᠢᠯ ᠲᠡᠭᠦᠰ ᠠᠮᠵᠢᠯᠲᠠ ᠲᠠᠢ ᠲᠡᠭᠦᠰᠦᠭᠰᠡᠨ ᠪᠠᠶᠢᠨ᠎ᠠ᠃ ᠡᠨᠡ ᠤᠳᠠᠭᠠᠨ ᠤ ᠤᠰᠤᠯᠠᠯᠲᠠ ᠶᠢᠨ ᠠᠵᠢᠯ 3 ᠰᠠᠷ᠎ᠠ ᠶᠢᠨ 17 ᠤ ᠡᠳᠤᠷ ᠠᠴᠠ 5 ᠰᠠᠷ᠎ᠠ ᠶᠢᠨ 5 ᠪᠤᠯᠳᠠᠯ᠎ᠠ ᠨᠠᠶᠢᠳᠠ 48 ᠡᠳᠦᠷ ᠶᠠᠪᠤᠭᠳᠠᠵᠤ᠂ ᠶᠡᠷᠦᠩᠬᠡᠶ ᠤᠰᠤᠨ ᠤ ᠬᠡᠮᠵᠢᠶ᠎ᠡ 5758.66 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠤᠰᠤᠯᠠᠯᠲᠠ ᠶᠢᠨ ᠲᠠᠯᠠᠪᠠᠢ ᠨᠢ 300 ᠲᠦᠮᠡᠨ ᠮᠦ ᠳᠤ ᠬᠦᠷᠴᠡᠢ᠃      ᠬᠠᠪᠤᠷ ᠤᠨ ᠤᠰᠤᠯᠠᠯᠲᠠ ᠶᠢᠨ ᠠᠵᠢᠯ ᠨᠢ ᠤᠯᠠᠷᠢᠯ ᠤᠨ ᠴᠢᠨᠠᠷ ᠴᠢᠩᠭ᠎ᠠ᠂ ᠲᠠᠯᠠᠪᠠᠶ ᠨᠢ ᠶᠡᠭᠡ᠂ ᠴᠠᠭ ᠪᠠᠴᠢᠮ ᠂ ᠡᠭᠦᠷᠭᠡ ᠬᠦᠨᠳᠦ ᠤᠴᠢᠷ ᠠᠴᠠ ᠰᠢᠶᠠᠨ ᠤ ᠬᠤᠪᠢᠳᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠣᠯᠠᠨᠲᠠ ᠤᠰᠤᠯᠠᠯᠲᠠ ᠶᠢᠨ ᠣᠷᠣᠨ ᠤ ᠨᠢᠭᠡᠳᠦᠭᠡᠷ ᠹᠷᠣᠨᠲ ᠲᠤ ᠬᠦᠷᠴᠦ ᠤᠰᠤᠯᠠᠯᠲᠠ ᠶᠢᠨ ᠠᠵᠢᠯ ᠳᠤ ᠪᠠᠶᠢᠴᠭᠠᠨ ᠵᠢᠯᠣᠭᠤᠳᠴᠤ᠂ ᠣᠷᠣᠰᠢᠵᠤ ᠪᠠᠶᠢᠭ᠎ᠠ ᠬᠦᠴᠢᠷ ᠪᠡᠷᠬᠡᠰᠢᠶᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠠᠪᠤᠷ ᠤᠨ ᠤᠰᠤᠯᠠᠯᠲᠠ ᠶᠢᠨ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠶᠡᠬᠡᠪᠡᠷ ᠠᠬᠢᠭᠤᠯᠪᠠ᠃ ᠡᠭᠦᠨ ᠤ ᠵᠡᠷᠭᠡᠴᠡᠭᠡᠪᠡᠷ ᠤᠰᠤᠨ ᠰᠤᠪᠠᠭ᠂ ᠪᠠᠷᠢᠯᠭ᠎ᠠ ᠵᠢᠴᠢ ᠮᠠᠰᠢᠨ ᠴᠠᠬᠢᠯᠭᠠᠨ ᠤ ᠲᠥᠬᠦᠭᠡᠷᠦᠮᠵᠢ ᠳᠤ ᠲᠣᠭᠤᠷᠢᠨ ᠪᠠᠶᠢᠴᠠᠭᠠᠵᠤ ᠬᠠᠮᠠᠭᠠᠯᠠᠯᠳᠠ ᠬᠢᠵᠦ᠂ ᠴᠠᠭ ᠲᠤᠬᠠᠶ ᠳᠤᠨᠢ ᠡᠯ᠎ᠡ ᠵᠦᠢᠯ ᠤᠨ ᠠᠮᠤᠷ ᠲᠦᠪᠰᠢᠨ ᠪᠤᠰᠤ ᠲᠠᠯᠳᠠ ᠭᠡᠮ ᠢ ᠵᠢᠭᠰᠠᠭᠠᠨ ᠪᠠᠶᠢᠴᠠᠭᠠᠵᠤ᠂ ᠤᠰᠤᠯᠠᠯᠲᠠ ᠶᠢᠨ ᠠᠶᠤᠯᠭᠦᠶ ᠤᠷᠤᠭᠰᠢᠲᠠᠶ ᠶᠠᠪᠤᠭᠳᠠᠬᠤ ᠶᠢ ᠦᠨᠡᠨᠬᠦ  ᠪᠠᠳᠤᠯᠠᠵᠤ ᠴᠢᠳᠠᠵᠠᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号