| | | 5 ᠳ᠋ᠤᠭᠠᠷ ᠰᠠᠷ᠎ᠠ ᠶᠢᠨ12 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ | ᠳᠠᠷᠤᠭ᠎ᠠ ᠴᠧᠨ ᠯᠢ ᠶᠢᠨ ᠶᠠᠳᠠᠭᠤ ᠶᠢ ᠳᠡᠳᠬᠦᠵᠦ ᠨᠡᠭᠡᠭᠡᠨ ᠬᠦᠭᠵᠢᠭᠦᠯᠬᠦ ᠣᠳᠣᠷᠢᠳᠬᠤ ᠪᠠᠭ ᠤᠨ ᠬᠤᠷᠠᠯ ᠢ ᠡᠷᠬᠢᠯᠡᠨ | ᠬᠤᠷᠠᠯᠳᠣᠭᠤᠯᠪᠠ᠃ ᠬᠤᠲᠠ ᠠᠴᠠ ᠮᠠᠨ ᠤ ᠰᠢᠶᠠᠨ ᠳᠤ ᠲᠣᠮᠢᠯᠠᠭᠰᠠᠨ ᠶᠠᠳᠠᠭᠤ ᠠᠴᠠ ᠠᠩᠭᠢᠵᠢᠷᠠᠭᠤᠯᠵᠣ ᠪᠣᠭᠤᠮᠲᠠ | ᠰᠢᠪᠲᠣᠯᠬᠤ ᠰᠢᠮᠳᠠᠭᠤᠯᠣᠨ ᠪᠠᠶᠢᠴᠠᠭᠠᠬᠤ ᠳᠣᠭᠤᠶᠢᠯᠠᠩ ᠤᠨ ᠳᠣᠭᠤᠶᠢᠯᠠᠩ ᠤᠨ ᠳᠠᠷᠤᠭ᠎ᠠ ᠯᠢ ᠵᠧᠩ ᠾᠥᠩ ᠬᠤᠷᠠᠯ | ᠳᠤ ᠣᠷᠣᠯᠴᠠᠨ ᠵᠢᠯᠣᠭᠤᠳᠣᠯᠭ᠎ᠠ ᠬᠢᠵᠦ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠰᠣᠶᠣᠯ᠂ ᠰᠢᠶᠠᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠣᠬᠠᠭᠤᠯᠬᠤ ᠬᠡᠯᠲᠡᠰ ᠤᠨ ᠳᠠᠷᠤᠭ᠎ᠠ ᠵᠠᠩ ᠰᠢᠣᠸᠠᠢ ᠮᠧᠢ᠂ | ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠣᠯᠣᠰ ᠲᠦᠷᠥ ᠬᠠᠣᠯᠢ ᠴᠠᠭᠠᠵᠠ ᠶᠢᠨ ᠬᠤᠷᠢᠶ᠎ᠠ ᠶᠢᠨ | ᠱᠦᠵᠢ ᠵᠠᠩ ᠴᠢᠣᠸᠠᠨ ᠱᠧᠩ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠬᠢᠯᠡᠭᠴᠢ᠂ ᠣᠷᠣᠨ ᠰᠠᠭᠤᠴᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠶᠢᠨ ᠳᠠᠷᠤᠭ᠎ᠠ | ᠫᠦ᠋ ᠰᠢ ᠸᠠᠨ᠂ ᠰᠢᠶᠠᠨ ᠤ ᠳᠡᠳ᠋ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠭᠦᠸᠧ ᠸᠧᠨ | ᠵᠢᠶᠦ᠋ᠨ᠂ ᠰᠢᠶᠠᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠰᠣᠷᠭᠠᠨ ᠬᠦᠮᠦᠵᠢᠯ ᠤᠨ ᠲᠣᠪᠴᠢᠶ᠎ᠠ᠂ | ᠣᠷᠣᠨ ᠰᠠᠭᠤᠴᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠵᠢᠴᠢ | ᠡᠯ᠎ᠡ ᠰᠢᠶᠠᠩ ᠪᠠᠯᠭᠠᠰᠣ ︵ᠬᠦᠷᠢᠶᠡᠯᠡᠩ ᠲᠣᠭᠤᠷᠢᠭ︶ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠶᠠᠳᠠᠭᠤ ᠶᠢ ᠳᠡᠳᠬᠦᠬᠦ ᠠᠯᠪᠠᠨ ᠭᠡᠷ ᠤᠨ ᠬᠠᠷᠢᠭᠤᠴᠠᠯᠭᠠᠲᠠᠨ ᠣᠳᠣᠬᠠᠨ ᠤ ᠶᠠᠳᠠᠭᠤ ᠠᠴᠠ | ᠠᠩᠭᠢᠵᠢᠷᠠᠭᠤᠯᠵᠣ ᠪᠣᠭᠤᠮᠲᠠ ᠰᠢᠪᠲᠣᠯᠬᠤ ᠶᠠᠪᠣᠴᠠ ᠳᠣᠮᠳᠠ ᠣᠷᠣᠰᠢᠵᠣ ᠪᠠᠶᠢᠭ᠎ᠠ ᠠᠰᠠᠭᠤᠳᠠᠯ᠂ ᠠᠷᠭ᠎ᠠ ᠠᠪᠴᠠᠯ | ᠵᠢᠴᠢ ᠳᠠᠷᠠᠭᠠᠴᠢ ᠶᠢᠨ ᠠᠯᠬᠤᠮ ᠤᠨ ᠲᠣᠬᠢᠷᠠᠭᠤᠯᠣᠯᠲᠠ ᠶᠢᠨ ᠲᠣᠬᠠᠢ ᠶᠡᠷᠦᠩᠬᠡᠶᠢᠯᠡᠭᠰᠡᠨ ᠬᠠᠷᠢᠭᠤ ᠮᠡᠳᠡᠭᠦᠯᠦᠯᠲᠡ | ᠬᠢᠪᠡ︔ ᠬᠦᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠶᠠᠳᠠᠭᠤ ᠬᠦᠴᠢᠷᠳᠡᠯᠲᠡᠢ | ᠡᠷᠦᠬᠡ ᠶᠢᠨ ᠨᠣᠷᠠᠬᠤ ᠠᠶᠣᠯ ᠲᠠᠢ ᠭᠡᠷ ᠪᠠᠶᠢᠰᠢᠩ ᠢ ᠥᠭᠡᠷᠡᠴᠢᠯᠡᠬᠦ ᠳᠣᠮᠳᠠ ᠣᠷᠣᠰᠢᠵᠣ ᠪᠠᠶᠢᠭ᠎ᠠ ᠠᠰᠠᠭᠤᠳᠠᠯ ᠵᠢᠴᠢ | ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠣᠬᠠᠢ ᠬᠠᠷᠢᠭᠤ ᠮᠡᠳᠡᠭᠦᠯᠦᠯᠲᠡ ᠬᠢᠪᠡ︔ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠡᠷᠡᠭᠦᠯ ᠢᠶᠠᠷ ᠶᠠᠳᠠᠭᠤ ᠶᠢ ᠳᠡᠳᠬᠦᠬᠦ ᠳᠣᠮᠳᠠ ᠣᠷᠣᠰᠢᠵᠣ | ᠪᠠᠶᠢᠭ᠎ᠠ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠶᠢᠨ ᠲᠣᠬᠠᠢ ᠬᠠᠷᠢᠭᠤ ᠮᠡᠳᠡᠭᠦᠯᠦᠯᠲᠡ ᠬᠢᠪᠡ︔ ᠴᠧᠩ ᠭᠤᠸᠠᠨ | ᠪᠠᠯᠭᠠᠰᠣ᠂ ᠱᠧᠩ ᠯᠧ ᠪᠠᠯᠭᠠᠰᠣ᠂ ᠰᠢᠨ ᠳ᠋ᠢᠶᠠᠨ ᠽᠢ ᠪᠠᠯᠭᠠᠰᠣ ᠵᠡᠷᠭᠡ ᠡᠯ᠎ᠡ ᠰᠢᠶᠠᠩ ᠪᠠᠯᠭᠠᠰᠣ ᠶᠢ | ᠬᠠᠷᠢᠭᠤᠴᠠᠯᠭᠠᠲᠠᠨ ᠲᠣᠰ ᠪᠠᠯᠭᠠᠰᠣᠨ ᠤ ᠪᠠᠨ ᠪᠣᠳᠠᠲᠠᠢ ᠲᠠᠢ ᠣᠶᠠᠯᠳᠣᠭᠤᠯᠵᠣ᠂ ᠣᠳᠣᠬᠠᠨ ᠤ ᠣᠷᠣᠰᠢᠵᠣ ᠪᠠᠶᠢᠭ᠎ᠠ | ᠠᠰᠠᠭᠤᠳᠠᠯ ᠬᠢᠭᠡᠳ ᠵᠠᠰᠠᠨ ᠴᠡᠭᠴᠡᠯᠡᠬᠦ ᠠᠷᠭ᠎ᠠ ᠬᠡᠮᠵᠢᠶ᠎ᠡ ᠶᠢᠨ ᠲᠠᠯ᠎ᠠ ᠪᠠᠷ ᠶᠠᠷᠢᠶ᠎ᠠ ᠲᠠᠯᠪᠢᠪᠠ᠃ | ᠯᠢ ᠵᠧᠩ ᠾᠥᠩ ᠵᠢᠭᠠᠵᠣ ᠭᠠᠷᠭᠠᠭᠰᠠᠨ ᠨᠢ᠂ ᠪᠦᠬᠦ ᠰᠢᠶᠠᠨ ᠤ ᠶᠠᠳᠠᠭᠤ ᠶᠢ ᠳᠡᠳᠬᠦᠵᠦ ᠪᠣᠭᠤᠮᠲᠠ | ᠰᠢᠪᠲᠣᠯᠬᠤ ᠠᠵᠢᠯ ᠤᠨ ᠭᠤᠣᠯᠳᠠᠯᠭ᠎ᠠ ᠶᠢ ᠠᠳᠬᠤᠵᠣ᠂ ᠣᠷᠣᠰᠢᠵᠣ ᠪᠠᠶᠢᠭ᠎ᠠ ᠠᠰᠠᠭᠤᠳᠠᠯ ᠢ ᠴᠠᠭ ᠲᠣᠬᠠᠢ ᠳᠤᠨᠢ | ᠴᠡᠭᠴᠡᠯᠡᠨ ᠵᠠᠰᠠᠬᠤ ᠬᠡᠷᠡᠭᠲᠡᠢ᠄ ᠨᠢᠭᠡ ᠳᠤ᠂ ᠲᠦᠷᠥ ᠶᠢᠨ ᠪᠣᠳᠣᠯᠭ᠎ᠠ ᠶᠢᠨ ᠪᠣᠭᠤᠮᠲᠠ᠂ ᠬᠠᠷᠢᠭᠤᠴᠠᠯᠭ᠎ᠠ ᠶᠢᠨ | ᠪᠣᠭᠤᠮᠲᠠ᠂ ᠠᠵᠢᠯ ᠨᠠᠶᠢᠳᠠᠪᠣᠷᠢᠵᠢᠭᠤᠯᠬᠤ ᠪᠣᠭᠤᠮᠲᠠ ᠶᠢ ᠰᠠᠶᠢᠲᠣᠷ ᠠᠳᠬᠤᠵᠣ᠂ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠬᠦᠨᠳᠦ ᠡᠭᠦᠷᠭᠡ ᠶᠢ ᠡᠭᠦᠷᠭᠡᠯᠡᠵᠦ ᠠᠪᠬᠤ ᠬᠡᠷᠡᠭᠲᠡᠢ︔ ᠬᠤᠶᠠᠷ ᠲᠤ᠂ ᠠᠷᠭ᠎ᠠ ᠠᠪᠴᠠᠯ ᠢ | ᠡᠵᠡᠮᠳᠡᠵᠦ᠂ ᠵᠠᠷᠴᠢᠮᠲᠣ ᠴᠢᠨᠠᠷ ᠪᠣᠯᠣᠨ ᠠᠮᠢᠳᠣᠯᠢᠭ ᠴᠢᠨᠠᠷ ᠢ ᠣᠷᠭᠠᠨᠢᠭ ᠢᠶᠠᠷ ᠣᠶᠠᠯᠳᠣᠭᠤᠯᠵᠣ᠂ ᠶᠡᠷᠦᠩᠬᠡᠶᠢᠯᠡᠨ | ᠵᠣᠬᠢᠴᠠᠭᠤᠯᠬᠤ ᠬᠦᠴᠦᠯᠡᠴᠡ ᠶᠢᠨ ᠴᠡᠭ ᠢᠶᠠᠨ ᠣᠨᠣᠪᠴᠢᠲᠠᠢ ᠬᠠᠶᠢᠨ᠂ ᠶᠠᠳᠠᠭᠤ ᠠᠴᠠ ᠠᠩᠭᠢᠵᠢᠷᠠᠭᠤᠯᠵᠣ ᠪᠣᠭᠤᠮᠲᠠ | ᠰᠢᠪᠲᠣᠯᠬᠤ ᠠᠵᠢᠯ ᠤᠨ ᠣᠷᠣᠭᠰᠢᠲᠠᠢ ᠥᠷᠨᠢᠭᠦᠯᠬᠦ ᠶᠢ ᠪᠠᠲᠣᠯᠠᠬᠤ ᠬᠡᠷᠡᠭᠲᠡᠢ︔ ᠭᠤᠷᠪᠠ ᠳᠤ᠂ ᠳᠠᠷᠠᠭᠠᠴᠢ ᠶᠢᠨ | ᠠᠯᠬᠤᠮ ᠤᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ︔ ᠳᠥᠷᠪᠡ ᠳᠤ᠂ ᠬᠦᠬᠡᠬᠤᠲᠠ ᠶᠢᠨ | ᠶᠠᠳᠠᠭᠤ ᠠᠴᠠ ᠠᠩᠭᠢᠵᠢᠷᠠᠭᠤᠯᠵᠣ ᠪᠣᠭᠤᠮᠲᠠ ᠰᠢᠪᠲᠣᠯᠬᠤ ᠲᠣᠰᠬᠤᠨ ᠳᠤ ᠰᠠᠭᠤᠭ᠎ᠠ ᠠᠵᠢᠯ ᠤᠨ ᠳᠦᠷᠢᠮ ᠤᠨ | ᠱᠠᠭᠠᠷᠳᠠᠯᠭ᠎ᠠ ᠶᠣᠰᠣᠭᠠᠷ᠂ ᠡᠯ᠎ᠡ ᠰᠢᠶᠠᠩ ᠪᠠᠯᠭᠠᠰᠣ ᠶᠢᠨ ᠲᠣᠰᠬᠤᠨ ᠳᠤ ᠰᠠᠭᠤᠭ᠎ᠠ ᠠᠵᠢᠯᠯᠠᠬᠤ ᠳᠣᠭᠤᠶᠢᠯᠠᠩ ᠴᠠᠭ | ᠲᠣᠬᠠᠢ ᠳᠤᠨᠢ ᠮᠡᠳᠡᠭᠦᠯᠦᠯᠲᠡ ᠬᠢᠵᠦ᠂ ᠠᠵᠢᠯ ᠤᠨ ᠭᠢᠯᠠᠰ ᠴᠡᠭ ᠢᠶᠠᠨ ᠮᠡᠳᠡᠭᠡ ᠵᠠᠩᠭᠢ ᠪᠠᠷ ᠳᠠᠮᠵᠢᠭᠤᠯᠵᠣ ᠬᠠᠮᠲᠣ | ᠡᠳ᠋ᠯᠡᠬᠦ ᠬᠡᠷᠡᠭᠲᠡᠢ ᠭᠡᠵᠡᠢ᠃ | ᠴᠧᠨ ᠯᠢ ᠶᠢᠨ ᠴᠢᠩᠭᠠᠳᠬᠠᠭᠰᠠᠨ ᠨᠢ᠂ ᠨᠢᠭᠡ ᠳᠤ᠂ ᠲᠣᠳᠣᠷᠬᠠᠶᠢᠯᠠᠯᠲᠠ ᠶᠢᠨ ᠺᠠᠷᠲ ᠢ ᠦᠷᠭᠦᠯᠵᠢᠯᠡᠨ | ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠦᠴᠢᠷ ᠬᠠᠮᠵᠢᠯᠴᠠᠭ᠎ᠠ ᠪᠠᠨ ᠴᠢᠩᠭᠠᠳᠬᠠᠵᠣ᠂ ᠬᠠᠮᠢᠶ᠎ᠠ ᠪᠦᠬᠦᠢ ᠲᠤᠭ᠎ᠠ | ᠪᠠᠷᠢᠮᠲᠠ ᠶᠢ ᠬᠠᠩᠭᠠᠬᠤ ᠬᠡᠷᠡᠭᠲᠡᠢ︔ ᠬᠤᠶᠠᠷ ᠲᠤ᠂ ᠶᠠᠳᠠᠭᠤ ᠶᠢ ᠳᠡᠳᠬᠦᠬᠦ ᠠᠯᠪᠠᠨ ᠭᠡᠷ ᠬᠦᠴᠢᠷᠳᠡᠯᠳᠡᠢ ᠡᠷᠦᠬᠡ | ᠪᠦᠷᠢ ᠶᠢᠨ ᠪᠣᠳᠠᠲᠣ ᠪᠠᠶᠢᠳᠠᠯ ᠳᠤ ᠬᠠᠨᠳᠣᠭᠤᠯᠵᠣ ᠶᠠᠳᠠᠭᠤ ᠠᠴᠠ ᠠᠩᠭᠢᠵᠢᠷᠠᠭᠤᠯᠬᠤ ᠲᠦᠯᠥᠪᠯᠡᠭᠡ ᠲᠣᠭᠲᠠᠭᠠᠬᠤ | ᠬᠡᠷᠡᠭᠲᠡᠢ︔ ᠭᠤᠷᠪᠠ ᠳᠤ᠂ ᠡᠯ᠎ᠡ ᠰᠢᠶᠠᠩ ᠪᠠᠯᠭᠠᠰᠣ ᠨᠠᠷᠢᠨ ᠳᠠᠩᠰᠠ ᠶᠢ ᠦᠨᠳᠦᠰᠦᠯᠡᠵᠦ᠂ ᠡᠷᠦᠬᠡ ᠪᠠᠷ ᠨᠢᠭᠡᠴᠡ | ᠪᠣᠯᠭᠠᠵᠣ᠂ ᠭᠠᠷᠠᠭ ᠤᠨ ᠲᠣᠬᠢᠷᠠᠭᠤᠯᠣᠯᠲᠠ ᠶᠢᠨ ᠳᠦᠷᠢᠮ ᠢ ᠭᠦᠢᠴᠡᠳᠬᠡᠬᠦ ᠬᠡᠷᠡᠭᠲᠡᠢ︔ ᠳᠥᠷᠪᠡ ᠳᠤ᠂ ᠰᠣᠷᠭᠠᠨ | ᠬᠦᠮᠦᠵᠢᠯ ᠢᠶᠠᠷ ᠶᠠᠳᠠᠭᠤ ᠶᠢ ᠳᠡᠳᠬᠦᠬᠦ ᠳᠣᠮᠳᠠᠬᠢ ᠣᠷᠣᠵᠣ ᠳᠡᠶᠢᠯᠦᠭᠰᠡᠨ ᠦᠭᠡᠢ ᠬᠦᠮᠦᠰ ᠲᠤ ᠬᠠᠨᠳᠣᠭᠤᠯᠵᠣ᠂ | ᠲᠣᠰᠬᠠᠢ ᠰᠣᠷᠭᠠᠨ ᠬᠦᠮᠦᠵᠢᠯ ᠤᠨ ᠰᠠᠭᠤᠷᠢ ᠮᠦᠩᠭᠦ ᠶᠢ ᠪᠠᠶᠢᠭᠤᠯᠵᠣ ᠳᠡᠮᠵᠢᠯᠭᠡ ᠦᠵᠡᠭᠦᠯᠬᠦ ᠬᠡᠷᠡᠭᠲᠡᠢ︔ ᠲᠠᠪᠤ ᠳᠤ᠂ | ᠰᠢᠶᠠᠨ ᠳᠤ ᠪᠠᠶᠢᠭ᠎ᠠ ᠠᠵᠣ ᠠᠬᠤᠶᠢᠯᠠᠯ ᠲᠠᠢ ᠬᠤᠯᠪᠣᠭᠠᠯᠠᠵᠣ᠂ ᠠᠵᠣ ᠠᠬᠤᠶᠢᠯᠠᠯ ᠢ ᠳᠠᠶᠢᠴᠢᠯᠠᠵᠣ᠂ ᠬᠦᠴᠢᠷᠳᠡᠯᠳᠡᠢ | ᠡᠷᠦᠬᠡ ᠵᠢᠴᠢ ᠲᠡᠳᠡᠨ ᠤ ᠬᠡᠥᠬᠡᠳ ᠲᠤ ᠠᠵᠢᠯ ᠤᠨ ᠪᠠᠶᠢᠷᠢ ᠬᠠᠩᠭᠠᠬᠤ ᠬᠡᠷᠡᠭᠲᠡᠢ︔ ᠵᠢᠷᠭᠤᠭ᠎ᠠ ᠳᠤ᠂ ᠠᠵᠣ | ᠦᠢᠯᠡᠰ ᠢᠶᠠᠷ ᠶᠠᠳᠠᠭᠤ ᠶᠢ ᠳᠡᠳᠬᠦᠬᠦ ᠳᠣᠮᠳᠠᠬᠢ ᠭᠠᠭ᠋ᠠᠢ ᠶᠢ ᠣᠷᠣᠯᠠᠨ ᠲᠡᠵᠢᠭᠡᠬᠦ ᠳᠤ ᠬᠦᠳᠡᠯᠮᠦᠷᠢ ᠬᠦᠴᠦᠨ ᠲᠠᠢ | ᠬᠦᠴᠢᠷᠳᠡᠯᠲᠡᠢ ᠡᠷᠦᠬᠡ ᠨᠢ ᠥᠪᠡᠷ ᠤᠨ ᠬᠦᠳᠡᠯᠮᠦᠷᠢ ᠬᠦᠴᠦ ᠪᠠᠨ ᠭᠠᠷᠭᠠᠪᠠᠯ ᠵᠣᠬᠢᠨ᠎ᠠ︔ ᠳᠣᠯᠤᠭ᠎ᠠ ᠳᠤ᠂ | ᠣᠬᠠᠭᠤᠯᠬᠤ ᠰᠠᠯᠠᠭ᠎ᠠ ᠮᠦᠴᠢᠷ ᠶᠠᠳᠠᠭᠤ ᠶᠢ ᠳᠡᠳᠬᠦᠬᠦ ᠶᠠᠪᠣᠴᠠ ᠳᠣᠮᠳᠠᠬᠢ ᠰᠠᠶᠢᠨ ᠲᠣᠷᠰᠢᠯᠭ᠎ᠠ ᠵᠢᠴᠢ ᠭᠢᠯᠠᠰ | ᠴᠡᠭ ᠢ ᠲᠣᠬᠠᠢ ᠶᠢᠨ ᠴᠠᠭ ᠲᠤᠨᠢ ᠣᠬᠠᠭᠤᠯᠣᠨ ᠲᠠᠷᠬᠠᠭᠠᠬᠤ ᠬᠡᠷᠡᠭᠲᠡᠢ ᠭᠡᠵᠡᠢ᠃ | |