ᠥᠪᠥᠷ ᠮᠣᠩᠭᠤᠯ ᠤᠨ ᠶᠡᠭᠡ ᠰᠤᠷᠭᠠᠭᠤᠯᠢ ᠰᠤᠷᠤᠭᠴᠢᠳ ᠢᠶᠠᠨ ᠵᠣᠬᠢᠶᠠᠨ ᠪᠠᠶᠢᠭᠤᠯᠤᠨ ᠴᠢᠩ ᠱᠦᠢ ᠾᠧ ᠰᠢᠶᠠᠨ ᠳᠤ ᠢᠷᠡᠵᠦ ᠤᠳᠬ᠎ᠠ ᠵᠣᠬᠢᠶᠠᠯ ᠵᠣᠬᠢᠶᠠᠨ ᠪᠦᠲᠦᠭᠡᠯᠭᠡ ᠶᠢᠨ ᠰᠣᠯᠢᠯᠴᠠᠭᠠᠨ ᠤ ᠬᠥᠳᠡᠯᠭᠡᠭᠡᠨ ᠢ ᠥᠷᠨᠢᠭᠦᠯᠪᠡ
ᠨᠡᠶᠢᠲᠡᠯᠡᠭᠰᠡᠨ ᠴᠠᠭ᠄
2018-05-16
     5 ᠳ᠋ᠤᠭᠠᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠳᠬ᠎ᠠ ᠵᠣᠬᠢᠶᠠᠯ ᠬᠢᠭᠡᠳ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠵᠠᠬᠢᠷᠤᠯ ᠸᠧᠶ ᠶᠦᠩ ᠭᠦᠢ ᠳᠤᠭᠤᠶᠢᠯᠠᠩ ᠳᠠᠭᠠᠭᠤᠯᠤᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠢᠮᠠᠳᠤᠭᠠᠷ ᠬᠤᠭᠤᠴᠠᠭᠠᠨ ᠤ ᠤᠳᠬ᠎ᠠ ᠵᠣᠬᠢᠶᠠᠯ ᠰᠤᠳᠤᠯᠬᠤ ᠠᠩᠭᠢ ᠵᠢᠴᠢ ᠰᠢ ᠵᠦᠴᠦᠭᠡ ᠺᠢᠨᠣ᠋ ᠲᠧᠯᠸᠢᠰ ᠤᠨ ᠨᠠᠶᠢᠷᠠᠭᠤᠯᠤᠭᠴᠢ ᠶᠢᠨ ᠰᠤᠳᠤᠯᠤᠨ ᠰᠤᠷᠤᠯᠴᠠᠬᠤ ᠠᠩᠭᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠮᠠᠨ ᠤ ᠰᠢᠶᠠᠨ ᠳᠤ ᠢᠷᠡᠵᠦ ᠤᠳᠬ᠎ᠠ ᠵᠣᠬᠢᠶᠠᠯ ᠵᠣᠬᠢᠶᠠᠨ ᠪᠦᠲᠦᠭᠡᠯᠭᠡ ᠶᠢᠨ ᠰᠣᠯᠢᠯᠴᠠᠭ᠎ᠠ ᠶᠢ ᠥᠷᠨᠢᠭᠦᠯᠪᠡ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠳ᠋ᠧ ᠮᠢᠩ ᠤᠳᠬ᠎ᠠ ᠵᠣᠬᠢᠶᠠᠯ ᠵᠣᠬᠢᠶᠠᠨ ᠪᠦᠲᠦᠭᠡᠯᠭᠡ ᠶᠢᠨ ᠰᠣᠯᠢᠯᠴᠠᠬᠤ ᠶᠠᠷᠢᠯᠴᠠᠬᠤ ᠬᠤᠷᠠᠯ ᠳᠤ ᠣᠷᠣᠯᠴᠠᠭᠰᠠᠨ ᠤ ᠬᠠᠮᠲᠤ ᠬᠤᠷᠠᠯ ᠳᠤ ᠣᠷᠣᠯᠴᠠᠭᠰᠠᠳ ᠲᠤ ᠮᠠᠨ ᠤ ᠰᠢᠶᠠᠨ ᠤ ᠤᠳᠬ᠎ᠠ ᠤᠷᠠᠯᠢᠭ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠠᠶ᠃      ᠣᠶᠢᠯᠠᠭᠠᠭᠰᠠᠨ ᠢᠶᠠᠷ᠂ ᠮᠠᠨ ᠤ ᠰᠢᠶᠠᠨ ᠶᠡᠷᠦ ᠠᠴᠠ ᠪᠠᠨ ᠮᠠᠰᠢ ᠰᠠᠶᠢᠨ ᠤᠳᠬ᠎ᠠ ᠵᠣᠬᠢᠶᠠᠯ ᠵᠣᠬᠢᠶᠠᠨ ᠪᠦᠲᠦᠭᠡᠯᠭᠡ ᠶᠢᠨ ᠣᠷᠴᠢᠨ ᠲᠣᠭᠤᠷᠢᠨ ᠲᠠᠢ ᠪᠠᠶᠢᠵᠤ᠂ ᠨᠢᠭᠡ ᠪᠥᠯᠥᠭ ᠰᠣᠶᠣᠯ ᠤᠨ ᠨᠡᠷᠡᠲᠦ ᠬᠥᠮᠦᠨ ᠬᠥᠮᠦᠵᠢᠭᠦᠯᠦᠨ ᠭᠠᠷᠭᠠᠭᠰᠠᠨ ᠪᠠᠶᠢᠳᠠᠭ᠃ ᠤᠢᠢᠷ᠎ᠠ ᠶᠢᠨ ᠵᠢᠯ ᠤᠳ ᠲᠤ ᠨᠡᠩ ᠴᠤ ᠴᠥᠭᠡᠨ ᠪᠤᠰᠤ ᠵᠥᠪ ᠡᠨᠧᠷᠭᠢ ᠶᠢ ᠪᠠᠳᠠᠷᠠᠭᠤᠯᠤᠭᠰᠠᠨ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠭᠰᠠᠨ ᠰᠣᠶᠣᠯ ᠤᠷᠠᠯᠢᠭ ᠤᠨ ᠪᠦᠲᠦᠭᠡᠯ ᠪᠣᠯᠣᠨ ᠪᠦᠯᠬᠦᠮ ᠨᠡᠶᠢᠲᠡ ᠴᠣᠯᠭᠤᠷᠠᠨ ᠭᠠᠷᠪᠠ᠂ ᠨᠢᠳᠤᠨᠤᠨ ᠮᠠᠨ ᠤ ᠰᠢᠶᠠᠨ ︽ᠴᠢᠩ ᠱᠦᠢ ᠾᠧ ᠰᠢᠶᠠᠨ ᠤ ᠰᠣᠶᠣᠯ ᠤᠷᠠᠯᠢᠭ ᠤᠨ ᠦᠷ᠎ᠡ ᠪᠦᠲᠦᠭᠡᠯ ᠤᠨ ᠴᠠᠭᠠᠨ ᠬᠡᠷᠡᠮ ᠱᠠᠩᠨᠠᠯ︾ ᠶᠢ ᠪᠠᠶᠢᠭᠤᠯᠤᠭᠰᠠᠨ ᠪᠥᠭᠡᠳ ᠠᠩᠬᠠᠳᠤᠭᠠᠷ ᠬᠤᠭᠤᠴᠠᠭᠠᠨ ᠤ ︽ᠴᠠᠭᠠᠨ ᠬᠡᠷᠡᠮ ᠱᠠᠩᠨᠠᠯ︾ ᠣᠯᠤᠭᠰᠠᠨ ᠵᠣᠬᠢᠶᠠᠯ ᠪᠠ ᠵᠣᠬᠢᠶᠠᠭᠴᠢ ᠶᠢ ᠰᠠᠶᠢᠰᠢᠶᠠᠨ ᠬᠥᠬᠢᠭᠦᠯᠵᠦ᠂ ᠱᠠᠩᠨᠠᠯ ᠣᠯᠭᠤᠬᠤ ᠦᠳᠡᠰᠢᠯᠡᠭᠡ ᠢ ᠦᠪᠡᠳᠡᠭᠰᠢ ᠶᠡᠭᠡ ᠪᠠᠷ ᠶᠠᠪᠤᠭᠳᠠᠭᠤᠯᠵᠤ᠂ ᠨᠡᠶᠢᠲᠡ 68 ᠬᠥᠮᠦᠨ ᠱᠠᠩᠨᠠᠯ ᠬᠦᠷᠲᠡᠪᠡ᠃ ︽ᠴᠠᠭᠠᠨ ᠬᠡᠷᠡᠮ ᠱᠠᠩᠨᠠᠯ︾ ᠶᠢᠨ ᠠᠭᠤᠯᠭ᠎ᠠ ᠨᠢ ᠤᠳᠬ᠎ᠠ ᠵᠣᠬᠢᠶᠠᠯ᠂ ᠳᠠᠭᠤᠤ᠂ ᠪᠥᠵᠢᠭ᠂ ᠺᠢᠨᠣ᠋ ᠲᠧᠯᠸᠢᠰ ᠵᠡᠷᠭᠡ ᠣᠯᠠᠨ ᠲᠥᠷᠥᠯ ᠵᠦᠢᠯ ᠪᠠᠭᠲᠠᠵᠤ᠂ ᠬᠤᠶᠢᠰᠢᠳᠠ ᠮᠠᠨ ᠤ ᠰᠢᠶᠠᠨ ᠵᠢᠯ ᠪᠦᠷᠢ ᠨᠢᠭᠡ ᠪᠦᠯᠦᠭ ᠰᠢᠯᠢᠳᠡᠭ ᠪᠦᠲᠦᠭᠡᠯ ᠢ ᠰᠣᠩᠭᠤᠨ ᠭᠠᠷᠭᠠᠨ ᠰᠠᠶᠢᠰᠢᠶᠠᠨ ᠬᠥᠬᠢᠭᠦᠯᠦᠨ᠎ᠡ᠃ ︽ᠴᠠᠭᠠᠨ ᠬᠡᠷᠡᠮ ᠱᠠᠩᠨᠠᠯ︾ ᠤᠨ ᠬᠥᠬᠢᠭᠦᠯᠬᠦ ᠠᠵᠢᠯᠯᠠᠭ᠎ᠠ ᠨᠢ ᠴᠤ ᠮᠠᠨ ᠤ ᠰᠢᠶᠠᠨ ᠤ ︽ᠣᠷᠳᠣ ᠴᠠᠭᠠᠨ ᠬᠡᠷᠡᠮ ᠵᠢᠭᠤᠯᠴᠢᠯᠠᠯ ᠰᠣᠶᠣᠯ ᠤᠷᠠᠯᠢᠭ ᠤᠨ ᠪᠠᠶᠠᠷ︾ ᠶᠢᠨ ᠴᠢᠬᠤᠯᠠ ᠠᠭᠤᠯᠭ᠎ᠠ ᠪᠣᠯᠵᠤ᠂ ᠨᠥᠯᠥᠭᠡᠯᠡᠬᠦ ᠬᠦᠴᠦᠨ ᠨᠢ ᠲᠠᠰᠤᠷᠠᠯᠳᠠ ᠦᠭᠡᠢ ᠥᠷᠭᠡᠳᠴᠦ ᠪᠣᠢ᠃ ᠮᠠᠨ ᠤ ᠰᠢᠶᠠᠨ ᠤ ᠡᠷᠬᠢᠯᠡᠭᠰᠡᠨ ︽ᠴᠢᠩ ᠾᠧ ᠶᠢᠨ ᠡᠭᠦᠳᠦᠭᠴᠢ ᠴᠣᠭᠴᠠᠯᠠᠭᠴᠢ︾᠂ ︽ᠠᠮᠢᠵᠢᠷᠠᠯ ᠤᠨ ᠬᠦᠴᠦᠨ ᠪᠢᠯᠬᠠᠭᠰᠠᠨ ᠴᠢᠩ ᠱᠦᠢ ᠾᠧ︾ ᠵᠡᠷᠭᠡ ᠶᠢᠨ ᠨᠡᠶᠢᠲᠡ ᠶᠢᠨ ᠸᠢᠴᠠᠲ ᠲᠠᠪᠴᠠᠩ ᠨᠢ ᠡᠯ᠎ᠡ ᠵᠦᠢᠯ ᠤᠨ ᠪᠦᠲᠦᠭᠡᠯ ᠢ ᠴᠠᠭ ᠲᠤᠬᠠᠶ ᠳᠤᠨᠢ ᠨᠡᠶᠢᠲᠡᠯᠡᠵᠦ᠂ ᠥᠷᠭᠡᠨ ᠤᠯᠠᠨ ᠤᠩᠰᠢᠭᠴᠢᠳ ᠤᠨ ᠬᠦᠷᠢᠶᠡᠯᠡᠯ ᠢ ᠣᠯᠪᠠ᠃ ᠳᠣᠲᠣᠭᠠᠳᠤ ᠰᠡᠳᠬᠦᠯ ︽ᠴᠢᠩ ᠱᠦᠢ ᠾᠧ ᠶᠢᠨ ᠤᠳᠬ᠎ᠠ ᠤᠷᠠᠯᠢᠭ︾ ᠨᠢ ᠲᠣᠭᠲᠠᠮᠠᠯ ᠬᠤᠭᠤᠴᠠᠭ᠎ᠠ ᠲᠠᠢ ᠪᠠᠷ ᠰᠣᠳᠣᠨ ᠪᠦᠲᠦᠭᠡᠯ ᠢ ᠴᠤᠭᠯᠠᠭᠤᠯᠤᠨ ᠡᠮᠬᠢᠳᠬᠡᠵᠦ᠂ ᠬᠡᠪᠯᠡᠨ ᠲᠠᠷᠠᠭᠠᠵᠤ ᠪᠠᠶᠢᠳᠠᠭ᠃ ᠴᠢᠷᠮᠠᠶᠢᠯᠭ᠎ᠠ ᠪᠠᠷ ᠢᠶᠠᠨ ᠳᠠᠮᠵᠢᠭᠤᠯᠤᠨ᠂ ᠮᠠᠨ ᠤ ᠰᠢᠶᠠᠨ ᠵᠣᠬᠢᠶᠠᠨ ᠪᠦᠲᠦᠭᠡᠯᠭᠡ᠂ ᠨᠡᠶᠢᠲᠡᠯᠡᠯ᠂ ᠱᠠᠩᠨᠠᠯ ᠲᠣᠭᠲᠠᠭᠠᠬᠤ ᠵᠡᠷᠭᠡ ᠵᠠᠩᠭᠢᠯᠠᠭ᠎ᠠ ᠶᠢ ᠪᠦᠷᠢᠯᠳᠦᠭᠦᠯᠦᠭᠰᠡᠨ ᠨᠡᠯᠢᠶᠡᠳ ᠪᠦᠷᠢᠨ ᠲᠡᠭᠦᠯᠳᠡᠷ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢᠨ ᠤᠷᠮᠠᠰᠢᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠤᠢ ᠪᠣᠯᠭᠠᠵᠤ᠂ ᠵᠣᠬᠢᠶᠠᠨ ᠪᠦᠲᠦᠭᠡᠬᠦ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠣᠯᠭᠠᠵᠤ᠂ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠴᠡᠴᠡᠭᠯᠡᠯ ᠬᠥᠭᠵᠢᠯ ᠢ ᠬᠦᠴᠦᠲᠡᠶ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠴᠦ ᠳᠠᠰᠤᠷᠠᠯᠳᠠ ᠦᠭᠡᠢ ᠬᠠᠩᠭᠠᠵᠤ ᠪᠤᠢ᠃      ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠡᠨᠡ ᠤᠳᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号