ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠩᠬᠠᠳᠤᠭᠠᠷ ᠤᠳᠠᠭᠠᠨ ᠤ ︽ᠵᠠᠩᠭᠠᠷ︾ ᠤᠨ ᠮᠡᠳᠡᠯᠭᠡ  ᠶᠢᠨ ᠤᠷᠤᠯᠳᠤᠭᠠᠨ︾ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2018-05-17
      ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ᠂ ᠳᠤᠰ ᠰᠤᠷᠭᠠᠭᠤᠯᠢ ᠶᠢᠨ ︽ᠵᠠᠩᠭᠠᠷ︾ ᠰᠤᠳᠤᠯᠤᠯ ᠤᠨ ᠲᠦᠪ ᠬᠢᠭᠡᠳ 2017 ᠤᠨ ᠤ ᠮᠤᠩᠭᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠶᠢᠨ ᠰᠠᠭᠤᠷᠢᠨ ᠭᠠᠵᠠᠷ ᠤᠨ ᠠᠩᠬᠢ ᠠᠴᠠ ᠬᠠᠮᠲᠤᠷᠠᠨ ᠡᠷᠬᠢᠯᠡᠭᠰᠡᠨ ︽ᠦᠪᠦᠷ ᠮᠤᠩᠭᠤᠯ  ᠤᠨ ᠶᠡᠭᠡ ᠰᠤᠷᠭᠠᠭᠤᠯᠢ ᠶᠢᠨ ᠠᠩᠬᠠᠳᠤᠭᠠᠷ ᠤᠳᠠᠭᠠᠨ ᠤ ︿ᠵᠠᠩᠭᠠᠷ﹀ ᠤᠨ ᠮᠡᠳᠡᠯᠭᠡ ᠶᠢᠨ ᠤᠷᠤᠯᠳᠤᠭᠠᠨ︾ 2018 ᠤᠨ ᠤ 5 ᠰᠠᠷ᠎ᠠ ᠶᠢᠨ 12 ᠤᠨ ᠡᠳᠦᠷ ᠳᠤᠰ ᠳᠡᠭᠡᠳᠦ ᠰᠤᠷᠭᠠᠭᠤᠯᠢ ᠳᠤ ᠠᠮᠵᠢᠯᠳᠠ ᠲᠠᠢ ᠶᠠᠪᠤᠭᠳᠠᠪᠠ᠃ᠨᠠᠮ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯ ᠤᠨ ᠲᠡᠭᠦᠰᠬᠡᠯ ᠶᠠᠷᠢᠶ᠎ᠠ ᠳᠤ ᠰᠢ ᠶᠢᠨ ᠫᠢᠩ ᠶᠠᠷᠦᠩᠬᠡᠢ ᠱᠦᠵᠢ ᠠᠴᠠ ᠳᠤᠮᠳᠠᠳᠤ ᠤᠯᠤᠰ ᠤᠨ ᠭᠤᠷᠪᠠᠨ ᠲᠤᠮᠤ ᠲᠤᠤᠯᠢ ᠶᠢ ᠴᠢᠬᠤᠯᠠᠴᠢᠯᠠᠨ ᠳᠤᠷᠠᠳᠤᠭᠰᠠᠨ ᠵᠤᠷᠢᠭ ᠰᠠᠨᠠᠭ᠎ᠠ ᠲᠠᠢ ᠤᠶᠠᠯᠳᠤᠭᠤᠯᠵᠤ ︽ᠵᠠᠩᠭᠠᠷ︾ ᠰᠤᠳᠤᠯᠤᠯ ᠤᠨ ᠰᠢᠨ᠎ᠡ  ᠰᠤᠳᠤᠯᠭᠠᠨ ᠤ ᠮᠡᠳᠡᠭᠡ ᠵᠠᠩᠬᠢ ᠶᠢ ᠲᠦᠭᠡᠮᠡᠯᠵᠢᠬᠦᠯᠬᠦ ᠵᠢᠴᠢ ᠤᠶᠤᠳᠠᠳ ᠤᠨ ᠮᠤᠩᠭᠤᠯ ᠠᠮᠠᠨ ᠤᠯᠠᠮᠵᠢᠯᠠᠯ ᠪᠤᠯᠤᠨ ᠮᠤᠩᠭᠤᠯ ᠰᠤᠶᠤᠯ ᠤᠨ ᠲᠤᠬᠠᠢ ᠰᠤᠨᠢᠷᠬᠠᠯ ᠢ ᠬᠦᠮᠦᠵᠢᠬᠦᠯᠬᠦ ᠵᠤᠷᠢᠯᠭ᠎ᠠ ᠠᠴᠠ ᠳᠤᠰ ᠤᠷᠤᠯᠳᠤᠭᠠᠨ ᠢ ᠵᠤᠬᠢᠶᠠᠨ ᠪᠠᠶᠢᠭᠤᠯᠵᠤ ᠶᠠᠪᠤᠭᠳᠠᠭᠤᠯᠤᠭᠰᠠᠨ ᠶᠤᠮ᠃      ᠤᠷᠤᠯᠳᠤᠭᠠᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ  ᠂ ᠬᠦᠬᠡᠬᠤᠳᠠ ᠦᠨᠳᠦᠰᠦᠲᠡᠨ ᠤ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠪᠠᠭᠰᠢ ᠡᠷᠳᠡᠮᠳᠡᠳ ᠪᠤᠯᠤᠨ  ᠦᠪᠦᠷ ᠮᠤᠩᠭᠤᠯ ᠤᠨ ᠡᠳᠦᠷ ᠤᠨ ᠰᠤᠨᠢᠨ᠂  ᠦᠪᠦᠷ ᠮᠤᠩᠭᠤᠯ ᠮᠤᠩᠭᠤᠯ ᠤᠳᠤᠨ ᠲᠧᠯᠸᠢᠰ ᠵᠡᠷᠭᠡ ᠬᠤᠯᠪᠤᠭᠳᠠᠯ ᠪᠦᠬᠦᠢ ᠬᠡᠪᠯᠡᠯ ᠮᠡᠳᠡᠭᠡᠯᠡᠯ ᠤᠨ ᠬᠢᠨ ᠢᠷᠡᠵᠦ ᠤᠷᠤᠯᠴᠠᠵᠠᠢ  ᠃ᠤᠷᠤᠯᠳᠤᠭᠠᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠬᠦᠬᠡᠬᠤᠳᠠ ᠦᠨᠳᠦᠰᠦᠲᠡᠨ ᠤ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ 92ᠤᠶᠤᠲᠠᠨ ᠤᠷᠤᠯᠴᠠᠵᠤ᠂ ᠭᠤᠷᠪᠠᠨ ᠨᠤᠭᠤᠯᠤᠭ᠎ᠠ ᠤᠷᠤᠯᠳᠤᠭᠠᠨ ᠢᠶᠠᠷ ᠳᠠᠮᠵᠢᠵᠤ ᠡᠴᠦᠰ ᠤᠨ ᠰᠢᠢᠳᠪᠦᠷᠢᠳᠦ ᠤᠷᠤᠯᠳᠤᠭᠠᠨ ᠳᠤ  ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠶᠢᠷᠬᠠᠨ ᠲᠡᠷᠢᠬᠦᠨ ᠳᠡᠰ ᠲᠤ ᠴᠤᠯᠭᠤᠷᠠᠵᠤ᠂ ᠬᠦᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠶᠢᠩ ᠴᠦᠨ᠂  ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠶᠤᠤ ᠹᠠᠩ ᠵᠡᠷᠭᠡ ᠬᠤᠶᠠᠷ ᠤᠶᠤᠲᠠᠨ ᠳᠡᠳ᠋ ᠪᠠᠶᠢᠷᠢᠨ ᠳᠤ ᠳᠤᠳᠤᠷᠠᠵᠤ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠰᠭᠤᠸ᠎ᠠ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠶᠠᠬᠠᠨ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠠᠶᠢᠷᠬᠠᠨ ᠵᠡᠷᠭᠡ ᠭᠤᠷᠪᠠᠨ ᠤᠶᠤᠳᠠᠨ ᠭᠤᠷᠪᠠᠳᠤᠭᠠᠷ ᠪᠠᠶᠢᠷᠢᠨ ᠳᠤ ᠵᠢᠭᠰᠠᠭᠠᠭᠳᠠᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠨᠤᠮᠢᠨᠳᠠᠨ᠎ᠠ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠹᠧᠩ ᠶᠠᠨ᠂ ᠬᠦᠬᠡᠬᠤᠳᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠪᠤᠤ ᠶᠦᠶᠧ ᠶᠢᠩ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠵᠤᠤ ᠰᠢᠶᠤᠤ ᠬᠤᠩ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠲᠠᠩᠬᠢᠰ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠵᠠᠩ ᠰᠠᠷᠠᠭᠤᠯ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠲᠤᠯᠢ ᠵᠡᠷᠭᠡ ᠳᠤᠯᠤᠭᠠᠨ ᠤᠶᠤᠳᠠᠨ ᠰᠢᠯᠢᠳᠡᠭ  ᠲᠡᠰ ᠲᠤ ᠪᠠᠶᠢᠷᠢᠯᠠᠵᠤ᠂ ᠨᠡᠶᠢᠲᠡ 13 ᠤᠶᠤᠳᠠᠨ ᠱᠠᠩᠨᠠᠯ ᠭᠠᠷᠳᠠᠭᠰᠠᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠠᠴᠠ ᠡᠷᠬᠢᠯᠡᠭᠰᠡᠨ ᠠᠩᠬᠠᠳᠤᠭᠠᠷ ᠤᠳᠠᠭᠠᠨ ᠤ ︽ᠵᠠᠩᠭᠠᠷ︾ ᠤᠨ ᠲᠤᠰᠬᠠᠢ ᠰᠡᠳᠦᠪᠲᠦ ᠮᠡᠳᠡᠯᠭᠡ ᠶᠢᠨ ᠤᠷᠤᠯᠳᠤᠭᠠᠨ ᠪᠤᠯᠤᠭᠰᠠᠨ ᠢᠶᠠᠷ ᠪᠠᠷᠠᠬᠤ ᠦᠭᠡᠢ ᠪᠦᠬᠦ ᠤᠷᠤᠨ᠂ ᠴᠢᠨᠠᠭᠰᠢᠳᠠ ᠪᠦᠬᠦ ᠤᠯᠤᠰ ᠤᠨ ᠬᠦᠷᠢᠶ᠎ᠡ ᠬᠡᠪᠴᠢᠶᠡᠨ ᠳᠤ ︽ᠵᠠᠩᠭᠠᠷ︾ ᠤᠨ ᠲᠤᠰᠬᠠᠢ ᠰᠡᠳᠦᠪᠲᠦ ᠤᠷᠤᠯᠳᠤᠭᠠᠨ ᠪᠤᠯᠤᠭᠰᠠᠨ ᠢᠶᠠᠷ ᠢᠶᠠᠨ ︽ᠵᠠᠩᠭᠠᠷ︾ ᠤᠨ ᠮᠡᠳᠡᠯᠭᠡ ᠶᠢ ᠲᠦᠭᠡᠮᠡᠯᠵᠢᠬᠦᠯᠬᠦ ᠲᠡᠳᠦᠢ ᠪᠤᠰᠤ᠂ ︽ᠵᠠᠩᠭᠠᠷ︾ ᠲᠤᠤᠯᠢ ᠶᠢ ᠨᠡᠶᠢᠭᠡᠮ ᠳᠠᠶᠠᠭᠠᠷ ᠲᠤ ᠲᠠᠨᠢᠨ ᠮᠡᠳᠡᠬᠦᠯᠬᠦ᠂ ︽ᠵᠠᠩᠭᠠᠷ︾ ᠰᠤᠳᠤᠯᠤᠯ  ᠤᠨ ᠵᠠᠯᠭᠠᠮᠵᠢ ᠵᠠᠯᠠᠭᠤ ᠦᠶ᠎ᠡ ᠶᠢ ᠬᠦᠮᠦᠵᠢᠬᠦᠯᠬᠦ᠂ ︽ᠵᠠᠩᠭᠠᠷ︾ ᠰᠤᠳᠤᠯᠤᠯ ᠢ ᠲᠦᠯᠬᠢᠨ ᠠᠬᠢᠭᠤᠯᠬᠤ ᠵᠡᠷᠭᠡ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠠᠵᠢᠯᠯᠠᠭ᠎ᠠ ᠪᠤᠯᠤᠭᠰᠠᠨ ᠪᠠᠶᠢᠨ᠎ᠠ᠃ ᠳᠠᠷᠠᠭᠠᠬᠢ ᠵᠢᠷᠤᠭ ᠪᠤᠯ ᠤᠷᠤᠯᠳᠤᠭᠠᠨ  ᠤ ᠭᠡᠰᠡᠭ ᠦᠵᠡᠭᠳᠡᠯ ᠤᠳ ᠪᠤᠯᠤᠨ᠎ᠠ  ᠃
 
ᠢᠷᠡᠯᠲᠡ᠄ ᠲᠥᠪ ᠲᠧᠯᠸᠢᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号