ᠤᠳᠤ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠪᠣᠷᠣ ᠲᠥᠯᠥᠪ ᠢ ᠪᠠᠶᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2018-05-02
ᠤᠳᠤ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠪᠣᠷᠣ ᠲᠥᠯᠥᠪ ᠢ ᠪᠠᠶᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠶ᠎ᠠᠵᠣᠴᠢᠨ᠄ ᠬᠥᠬᠡᠬᠤᠲᠠ ᠶᠢᠨ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠲᠤᠰᠢᠶᠠᠯ ᠡᠭᠦᠷᠭᠡᠯᠡᠭᠰᠡᠨ ᠳᠡᠳ᠋ ᠳᠠᠷᠤᠭ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠲᠣᠭᠲᠠᠬᠤ ᠰᠢᠶᠠᠨ ᠤ ᠰᠠᠯᠪᠤᠷᠢ ᠪᠠᠩᠬᠢ ᠶᠢᠨ ᠳᠠᠷᠤᠭ᠎ᠠ — ᠵᠠᠩ ᠸᠧᠨ ᠵᠤ᠋      [ ᠬᠠᠮᠢᠶᠠᠷᠤᠭᠴᠢ ] ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠬᠥᠬᠡᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠨᠡᠪᠲᠡᠷᠡᠭᠦᠯᠭᠡ ᠬᠠᠮᠳᠤᠷᠠᠨ ᠡᠷᠬᠢᠯᠡᠭᠰᠡᠨ ᠲᠤᠰᠬᠠᠶ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠠᠨᠳᠠ ᠮᠠᠨ ᠤ ᠶᠠᠷᠢᠯᠴᠠᠭᠠᠨ ᠳᠤ ᠦᠭᠡ ᠦᠯᠡᠳᠡᠭᠡᠨ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃       ﹇ᠬᠥᠲᠥᠯᠥᠭᠴᠢ﹈ ᠣᠯᠠᠨ ᠤ ᠮᠡᠳᠡᠭᠡᠵᠢ ᠪᠠᠷ᠂ ᠮᠥᠩᠭᠦᠨ ᠭᠦᠢᠯᠭᠡᠭᠡᠨ ᠤ ᠠᠵᠢᠯ ᠪᠤᠯ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ᠂ ᠮᠥᠩᠭᠦᠨ ᠭᠦᠢᠯᠭᠡᠭᠡᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠮᠥᠩᠭᠦᠨ ᠭᠦᠢᠯᠭᠡᠭᠡᠨ ᠤ ᠠᠵᠤ ᠦᠢᠯᠡᠰ ᠤᠨ ᠪᠠᠶᠢᠷᠢᠰᠢᠯ ᠵᠡᠷᠭᠡ ᠠᠯᠢ ᠣᠯᠠᠨ ᠠᠰᠠᠭᠤᠳᠠᠯ ᠳᠤ ᠬᠤᠯᠪᠣᠭᠳᠠᠬᠤ ᠲᠤᠯᠠ᠂ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠠᠳᠬᠤᠬᠤ ᠪᠣᠯ ᠣᠷᠣᠨ ᠨᠤᠲᠤᠭ ᠤᠨ ᠵᠠᠰᠠᠭ ᠤᠨ ᠣᠷᠳᠣᠨ ᠤ  ᠠᠵᠢᠯ ᠤᠨ ᠴᠢᠬᠤᠯᠠ ᠨᠢᠭᠡ ᠠᠭᠤᠯᠭ᠎ᠠ ᠪᠣᠯᠬᠤ ᠶᠤᠮ᠃ ᠲᠤᠤᠷ᠎ᠠ ᠲᠠᠷᠤᠭ᠎ᠠ ᠲᠠ 2017 ᠣᠨ ᠳᠤ ᠲᠣᠭᠲᠠᠬᠤ ᠰᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠦᠨᠳᠦᠰᠦᠨ ᠪᠠᠶᠢᠳᠠᠯ ᠢ ᠲᠤᠪᠴᠢᠯᠠᠨ ᠲᠠᠨᠢᠯᠴᠠᠭᠤᠯᠬᠤ  ᠪᠣᠯᠪᠠᠤ  ︖        ﹇ᠵᠣᠴᠢᠨ﹈   2017 ᠣᠨ ᠳᠤ᠂ ᠲᠣᠭᠲᠠᠬᠤ ᠰᠢᠶᠠᠨ ᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠨᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠠ ᠲᠡᠭᠡᠳᠤ ᠱᠠᠲᠤᠨ ᠤ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠣᠳᠠᠲᠠᠶ ᠵᠢᠯᠤᠭᠤᠳᠤᠯᠭ᠎ᠠ ᠳᠣᠣᠷ᠎ᠠ᠂ ᠵᠣᠬᠢᠴᠠᠭᠤᠯᠤᠨ ᠦᠢᠯᠡᠴᠢᠯᠡᠬᠦ ᠠᠵᠢᠯ ᠢ ᠢᠳᠡᠪᠬᠢᠲᠡᠶ ᠰᠠᠶᠢᠳᠤᠷ ᠬᠢᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠶᠡᠬᠡᠪᠡᠷ ᠲᠡᠮᠵᠢᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠴᠢᠷᠮᠠᠶᠢᠨ ᠲᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠲᠦᠯᠬᠢᠭᠴᠢ ᠪᠠᠭᠠᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠰ ᠤᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠢᠯᠡᠳᠲᠡ  ᠲᠡᠭᠡᠭᠰᠢᠯᠡᠪᠡ᠃ ᠪᠦᠬᠦ ᠰᠢᠶᠠᠨ ᠳᠤ ᠤᠳᠤ 8 ᠮᠥᠩᠭᠦᠨ ᠭᠦᠢᠯᠭᠡᠭᠡᠨ ᠤ ᠪᠠᠶᠢᠭᠤᠯᠤᠮᠵᠢ  ᠂ 10  ᠳᠠᠭᠠᠳᠬᠠᠯ ᠤᠨ ᠺᠣᠮᠫᠠᠨᠢ ᠪᠠᠶᠢᠵᠤ᠂ 568 ᠠᠵᠢᠯᠳᠠᠨ ᠲᠠᠢ᠃ ᠡᠭᠦᠨ ᠳᠤ ᠠᠷᠠᠳ ᠤᠨ ᠪᠠᠩᠬᠢ ᠨᠢᠭᠡ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠᠩᠬᠢ ᠨᠢᠭᠡ᠂ ᠲᠠᠷᠢᠶᠠᠯᠠᠩ ᠤᠨ ᠬᠥᠭᠵᠢᠯᠲᠡ ᠶᠢᠨ ᠪᠠᠩᠬᠢ ᠨᠢᠭᠡ᠂ ᠬᠤᠳᠠᠯᠳᠤᠭᠠᠨ ᠤ ᠴᠢᠨᠠᠷᠲᠠᠶ ᠪᠠᠩᠬᠢ ᠵᠢᠷᠭᠤᠭ᠎ᠠ  ᠂ ᠡᠵᠡᠩᠨᠡᠯᠲᠡ ᠶᠢᠨ ᠴᠢᠨᠠᠷᠲᠠᠶ ᠪᠠᠩᠬᠢ ᠲᠤᠯᠤᠭ᠎ᠠ ᠪᠠᠶᠢᠵᠤ᠂ ᠨᠡᠶᠢᠲᠡ 33 ᠪᠠᠶᠢᠭᠤᠯᠤᠮᠵᠢ ᠲᠠᠢ᠂ ᠥᠪᠡᠷ ᠤᠨ  ᠦᠢᠯᠡᠴᠢᠯᠡᠭᠡᠨ ᠤ ᠪᠠᠩᠬᠢ ᠨᠠᠶᠠᠨ ᠬᠤᠶᠠᠷ ᠪᠠᠶᠢᠵᠤ᠂ ᠮᠥᠩᠭᠦᠨ ᠭᠦᠢᠯᠭᠡᠭᠡᠨ ᠤ  ᠦᠢᠯᠡᠴᠢᠯᠡᠭᠡᠨ ᠤ ᠴᠢᠭ ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠳᠤ ᠨᠡᠶᠢᠳᠡᠮ ᠲᠠᠷᠬᠠᠵᠤ ᠪᠠᠶᠢᠳᠠᠭ᠃ 2017 ᠣᠨ ᠤ ᠡᠴᠦᠰ ᠪᠣᠯᠲᠠᠯ᠎ᠠ᠂ ᠪᠦᠬᠦ ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 91.15 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5 ᠳ᠋ᠦᠩᠰᠢᠭᠤᠷ ᠲᠥᠭᠦᠷᠢᠭ ᠨᠡᠮᠡᠭᠳᠡᠨ  6.42% ᠨᠡᠮᠡᠭᠳᠡᠪᠡ︔ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 85.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ10.32 ᠳ᠋ᠦᠩᠰᠢᠭᠤᠷ ᠲᠥᠭᠦᠷᠢᠭ ᠨᠡᠮᠡᠭᠳᠡᠨ 13.65 % ᠨᠡᠮᠡᠭᠳᠡᠵᠡᠢ᠃      ﹇ᠬᠥᠲᠥᠯᠥᠭᠴᠢ﹈ 2017 ᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠤᠨ ᠲᠤᠬᠠᠶ ᠪᠣᠳᠠᠲᠠᠶ  ᠶᠠᠷᠢᠬᠤ ᠪᠣᠯᠪᠠᠤ  ︖        ﹇ᠵᠣᠴᠢᠨ﹈ 2017 ᠣᠨ ᠳᠤ᠂  ᠮᠠᠨ ᠤ ᠰᠢᠶᠠᠨ ᠤ ᠮᠥᠩᠭᠦᠨ ᠭᠦᠢᠯᠭᠡᠭᠡᠨ ᠤ ᠰᠢᠰᠲ᠋ᠧᠮ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠣᠷᠴᠢᠨ ᠨᠥᠬᠦᠴᠡᠯ ᠪᠠ ᠠᠵᠤ ᠠᠬᠤᠶ ᠶᠢᠨ ᠪᠠᠭᠤᠷᠠᠯᠲᠠ ᠶᠢᠨ ᠨᠥᠯᠥᠭᠡᠯᠡᠯ ᠳᠣᠣᠷ᠎ᠠ᠂ ᠶᠡᠷᠦᠩᠬᠡᠶ ᠪᠠᠶᠢᠳᠠᠯ ᠰᠠᠶᠢᠨ ᠪᠠᠶᠢᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠨᠡᠮᠡᠭᠳᠡᠬᠦ ᠪᠠᠶᠢᠳᠠᠯ ᠮᠥᠨ ᠯᠡ  ᠦᠷᠭᠦᠯᠵᠢᠯᠡᠭᠰᠡᠭᠡᠷ ᠪᠠᠶᠢᠨ᠎ᠠ᠃ ᠨᠢᠭᠡ ᠳᠤ᠂ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠦᠷᠭᠦᠯᠵᠢᠯᠡᠨ ᠨᠡᠮᠡᠭᠳᠡᠪᠡ᠃ ᠬᠠᠳᠠᠭᠠᠯᠠᠮᠵᠢ ᠶᠢᠨ ᠪᠦᠲᠦᠴᠡ ᠠᠴᠠ ᠦᠵᠡᠪᠡᠯ᠂ 2017 ᠣᠨ ᠤ ᠡᠴᠦᠰ ᠪᠣᠯᠲᠠᠯ᠎ᠠ᠂ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ 59.66ᠳ᠋ᠦᠩᠰᠢᠭᠤᠷ ᠲᠥᠭᠦᠷᠢᠭ ᠲᠤ ᠭᠦᠷᠴᠤ᠂ ᠪᠦᠬᠦ ᠬᠠᠳᠠᠭᠠᠯᠠᠮᠵᠢ ᠶᠢᠨ ᠮᠥᠩᠭᠦᠨ ᠤ ᠦᠯᠡᠳᠡᠪᠦᠷᠢ ᠶᠢᠨ 65.45 % ᠶᠢ ᠡᠵᠡᠯᠡᠵᠤ᠂ ᠵᠢᠯ ᠤᠨ ᠡᠬᠢᠨ ᠤ ᠬᠢ ᠠᠴᠠ 9.74 ᠳ᠋ᠦᠩᠰᠢᠭᠤᠷ ᠲᠥᠭᠦᠷᠢᠭ ᠨᠡᠮᠡᠭᠳᠡᠵᠡᠢ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ 15.34 ᠳ᠋ᠦᠩᠰᠢᠭᠤᠷ ᠲᠥᠭᠦᠷᠢᠭ ᠲᠤ ᠭᠦᠷᠴᠤ᠂ ᠪᠦᠬᠦ ᠬᠠᠳᠠᠭᠠᠯᠠᠮᠵᠢ ᠶᠢᠨ ᠮᠥᠩᠭᠦᠨ ᠤ ᠦᠯᠡᠳᠡᠪᠦᠷᠢ ᠶᠢᠨ 16.83% ᠶᠢ ᠡᠵᠡᠯᠡᠨ᠂ ᠵᠢᠯ ᠤᠨ ᠡᠬᠢᠨ ᠤ ᠬᠢ ᠠᠴᠠ 3312 ᠳ᠋ᠦᠩᠰᠢᠭᠤᠷ ᠲᠥᠭᠦᠷᠢᠭ ᠨᠠᠮᠡᠭᠳᠡᠵᠡᠢ᠃ ᠬᠤᠶᠠᠷ ᠲᠤ᠂ ᠠᠷᠠᠳ ᠤᠨ ᠵᠣᠭᠤᠰᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ ᠨᠡᠯᠢᠶᠡᠳ ᠲᠦᠷᠭᠡᠨ ᠨᠡᠮᠡᠭᠳᠡᠪᠡ᠃ ᠵᠢᠭᠡᠯᠡᠯᠭᠡ ᠶᠢᠨ ᠪᠦᠲᠦᠴᠡ ᠠᠴᠠ ᠦᠵᠡᠪᠡᠯ᠂ ᠣᠬᠤᠷ ᠬᠤᠭᠤᠴᠠᠭᠠᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 40.59 ᠳ᠋ᠦᠩᠰᠢᠭᠤᠷ ᠲᠥᠭᠦᠷᠢᠭ ᠪᠤᠯᠵᠤ᠂ ᠪᠦᠭᠦ ᠵᠢᠭᠡᠯᠡᠯᠭᠡ ᠶᠢᠨ 52.75% ᠶᠢ ᠡᠵᠡᠯᠡᠵᠤ᠂ ᠵᠢᠯ ᠤᠨ ᠡᠬᠢᠨ ᠤ ᠬᠢ ᠠᠴᠠ 3.89 ᠳ᠋ᠦᠩᠰᠢᠭᠤᠷ ᠲᠥᠭᠦᠷᠢᠭ ᠨᠠᠮᠡᠭᠳᠡᠵᠡᠢ︔ ᠤᠷᠲᠤ ᠰᠢᠭ᠋ ᠪᠠ ᠤᠷᠲᠤ ᠬᠤᠭᠤᠴᠠᠭᠠᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 45.32 ᠳ᠋ᠦᠩᠰᠢᠭᠤᠷ ᠲᠥᠭᠦᠷᠢᠭ ᠪᠤᠯᠵᠤ᠂ ᠪᠦᠭᠦ ᠵᠢᠭᠡᠯᠡᠯᠭᠡ ᠶᠢᠨ 52.75% ᠶᠢ ᠡᠵᠡᠯᠡᠵᠤ᠂ ᠵᠢᠯ ᠤᠨ ᠡᠬᠢᠨ ᠤ ᠬᠢ ᠠᠴᠠ 6.43 ᠳ᠋ᠦᠩᠰᠢᠭᠤᠷ ᠲᠥᠭᠦᠷᠢᠭ ᠨᠡᠮᠡᠭᠳᠡᠪᠡ᠃ ᠡᠭᠦᠨ ᠤ ᠳᠣᠲᠣᠷ᠎ᠠ ᠬᠡᠷᠡᠭᠯᠡᠭᠡᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 12.07 ᠳ᠋ᠦᠩᠰᠢᠭᠤᠷ ᠲᠥᠭᠦᠷᠢᠭ ᠲᠤ ᠬᠦᠷᠴᠤ᠂ ᠪᠦᠭᠦ ᠵᠢᠭᠡᠯᠡᠯᠭᠡ ᠶᠢᠨ 14.05 % ᠶᠢ ᠡᠵᠡᠯᠡᠵᠤ᠂ ᠵᠢᠯ ᠤᠨ ᠡᠬᠢᠨ ᠤ ᠬᠢ ᠠᠴᠠ 9940 ᠲᠦᠮᠡᠨ ᠲᠥᠭᠦᠷᠢᠭ ᠨᠡᠮᠡᠭᠳᠡᠪᠡ᠃ ᠡᠵᠡᠩᠨᠡᠯᠲᠡ ᠶᠢᠨ ᠴᠢᠨᠠᠷᠲᠠᠶ ᠵᠢᠭᠡᠯᠡᠯᠭᠡ ᠶᠢᠨ ᠦᠯᠡᠳᠡᠪᠦᠷᠢ ᠲᠤᠭ᠎ᠠ 23.38 ᠳ᠋ᠦᠩᠰᠢᠭᠤᠷ ᠲᠥᠭᠦᠷᠢᠭ ᠪᠤᠯᠵᠤ᠂ ᠪᠦᠭᠦ ᠵᠢᠭᠡᠯᠡᠯᠭᠡ ᠶᠢᠨ 27.21% ᠶᠢ ᠡᠵᠡᠯᠡᠵᠤ  ᠂ ᠵᠢᠯ ᠤᠨ ᠡᠬᠢᠨ ᠤ ᠬᠢ ᠠᠴᠠ 3.7 ᠳ᠋ᠦᠩᠰᠢᠭᠤᠷ ᠲᠥᠭᠦᠷᠢᠭ ᠨᠡᠮᠡᠭᠳᠡᠪᠡ᠃ ᠭᠤᠷᠪᠠ ᠳᠤ᠂ ᠳᠠᠭᠠᠳᠬᠠᠯ ᠤᠨ ᠵᠠᠬ᠎ᠠ ᠳᠡᠯᠭᠡᠭᠦᠷ ᠯᠠᠪᠳᠠᠭᠤᠨ ᠢᠶᠠᠷ  ᠬᠦᠭᠵᠢᠵᠦ ᠪᠠᠶᠢᠨ᠎ᠠ᠃ 2017 ᠣᠨ ᠤ ᠡᠴᠦᠰ ᠪᠣᠯᠲᠠᠯ᠎ᠠ᠂ ᠪᠦᠬᠦ ᠰᠢᠶᠠᠨ ᠤ ᠳᠠᠭᠠᠳᠬᠠᠯ ᠤᠨ ᠪᠠᠶᠢᠭᠤᠯᠤᠮᠵᠢ ᠨᠢ  ᠳᠠᠭᠠᠳᠬᠠᠯ ᠤᠨ ᠰᠦᠢᠳᠭᠡᠯ ᠤᠨ ᠣᠷᠣᠯᠭ᠎ᠠ ᠨᠡᠶᠢᠳᠡ 8778 ᠲᠦᠮᠡᠨ‌‍ᠲ᠋ᠥ᠋ᠭᠦᠷᠢᠭ ᠢ ᠪᠡᠶᠡᠯᠡᠭᠦᠯᠵᠡᠢ᠃ ᠡᠭᠦᠨ ᠳᠤ᠂ ᠡᠳ᠋ ᠬᠦᠷᠦᠩᠭᠡ ᠶᠢᠨ ᠳᠠᠭᠠᠳᠬᠠᠯ ᠤᠨ ᠰᠦᠢᠳᠭᠡᠯ ᠤᠨ ᠣᠷᠣᠯᠭ᠎ᠠ 8434 ᠲᠦᠮᠡᠨ ᠲᠥᠭᠦᠷᠢᠭ  ᠢ ᠪᠡᠶᠡᠯᠡᠭᠦᠯᠵᠦ  ᠂ ᠬᠥᠮᠦᠨ ᠤ ᠪᠡᠶ᠎ᠡ ᠶᠢᠨ ᠳᠠᠭᠠᠳᠬᠠᠯ ᠤᠨ ᠰᠦᠢᠳᠭᠡᠯ ᠤᠨ ᠣᠷᠣᠯᠭ᠎ᠠ 344 ᠲᠦᠮᠡᠨ ᠲᠥᠭᠦᠷᠢᠭ  ᠢ ᠪᠡᠶᠡᠯᠡᠭᠦᠯᠵᠦ᠂ ᠳᠠᠭᠠᠳᠬᠠᠯ ᠤᠨ ᠲᠤᠬᠠᠶᠢᠯᠠᠭᠰᠠᠨ ᠠᠵᠢᠯ ᠳᠤ ᠲᠥᠯᠥᠪᠦᠷᠢ ᠥᠭᠬᠦ ᠵᠠᠷᠤᠯᠭ᠎ᠠ 6704 ᠲᠦᠮᠡᠨ‌‍ᠲ᠋ᠥ᠋ᠭᠦᠷᠢᠭ ᠲᠤ ᠬᠦᠷᠴᠡᠢ᠃ ᠲᠦᠷᠪᠡ ᠳᠤ᠂ ᠪᠢᠴᠢᠯ ᠵᠢᠭᠡᠯᠡᠯᠭᠡ ᠶᠢᠨ ᠺᠣᠮᠫᠠᠨᠢ ᠶᠢᠨ ᠲᠤᠬᠠᠶᠢᠯᠠᠭᠰᠠᠨ ᠠᠵᠢᠯ ᠵᠣᠭᠰᠣᠩᠭᠢ  ᠪᠠᠶᠢᠳᠠᠯ ᠳᠤ ᠤᠷᠤᠵᠠᠢ᠃ ᠪᠦᠬᠦ ᠰᠢᠶᠠᠨ ᠳᠤ ᠨᠡᠶᠢᠲᠡ ᠪᠢᠴᠢᠯ ᠵᠢᠭᠡᠯᠡᠯᠭᠡ ᠶᠢᠨ ᠺᠣᠮᠫᠠᠨᠢ ᠭᠤᠷᠪᠠ ᠪᠠᠶᠢᠵᠤ᠂ ᠳᠠᠩᠰᠠᠯᠠᠭᠤᠯᠤᠭᠰᠠᠨ ᠬᠦᠷᠦᠩᠭᠡ ᠨᠢ 6000 ᠲᠦᠮᠡᠨ ᠲᠥᠭᠦᠷᠢᠭ ᠪᠣᠯᠤᠨ᠎ᠠ᠃ ᠭᠤᠷᠪᠠᠨ ᠪᠢᠴᠢᠯ ᠵᠢᠭᠡᠯᠡᠯᠭᠡ ᠶᠢᠨ ᠺᠣᠮᠫᠠᠨᠢ ᠶᠢᠨ ᠵᠢᠯ ᠤᠨ ᠰᠡᠭᠦᠯᠴᠢ ᠶᠢᠨ ᠦᠯᠡᠳᠡᠪᠦᠷᠢ 8712 ᠲᠦᠮᠡᠨ ᠲᠥᠭᠦᠷᠢᠭ ᠬᠦᠷᠴᠤ᠂ ᠨᠡᠶᠢᠲᠡ120 ᠡᠷᠤᠬᠡ ᠳᠤ 126 ᠤᠳᠠᠭ᠎ᠠ ᠵᠢᠭᠡᠯᠡᠯᠭᠡ ᠲᠠᠯᠪᠢᠵᠠᠢ᠃ ᠠᠵᠤ ᠠᠬᠤᠶ ᠶᠢᠨ ᠨᠦᠯᠦᠭᠡᠯᠡᠯ ᠢᠶᠠᠷ᠂ ᠪᠢᠴᠢᠯ ᠵᠢᠭᠡᠯᠡᠯᠭᠡ ᠶᠢᠨ ᠺᠣᠮᠫᠠᠨᠢ ᠶᠢᠨ ᠵᠢᠭᠡᠯᠡᠯᠭᠡ ᠲᠠᠯᠪᠢᠬᠤ ᠪᠠ ᠵᠢᠭᠡᠯᠡᠯᠭᠡ ᠶᠢ ᠪᠤᠴᠠᠭᠠᠵᠤ ᠠᠪᠴᠢᠷᠠᠬᠤ ᠳᠤ ᠲᠤᠩ  ᠬᠦᠴᠢᠷᠳᠡᠯᠳᠡᠢ ᠪᠠᠶᠢᠬᠤ ᠨᠢ ᠲᠤᠬᠠᠶᠢᠯᠠᠭᠰᠠᠨ ᠠᠵᠢᠯ ᠢ ᠬᠦᠨᠳᠦ ᠨᠣᠴᠢᠲᠠᠶ ᠵᠣᠭᠰᠣᠩᠭᠢ ᠪᠠᠶᠢᠳᠠᠯ ᠳᠤ ᠤᠷᠤᠭᠤᠯᠵᠤ᠂ ᠪᠢᠴᠢᠯ ᠵᠢᠭᠡᠯᠡᠯᠭᠡ ᠶᠢᠨ ᠺᠣᠮᠫᠠᠨᠢ ᠶᠢᠨ ᠣᠷᠣᠰᠢᠨ  ᠲᠤᠭᠳᠠᠨᠢᠬᠤ  ᠪᠠ ᠬᠥᠭᠵᠢᠬᠦ ᠳᠤ ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠪᠤᠯᠵᠠᠢ᠃      ﹇ᠬᠥᠲᠥᠯᠥᠭᠴᠢ﹈ ᠢᠷᠡᠭᠡᠳᠦᠶ ᠶᠢᠨ ᠬᠥᠭᠵᠢᠯᠲᠡ ᠳᠤ ᠴᠢᠭᠯᠡᠭᠦᠯᠦᠨ᠂ ᠲᠣᠭᠲᠠᠬᠤ ᠰᠢᠶᠠᠨ ᠤ ᠣᠳᠣᠬᠠᠨ ᠤ ᠮᠥᠩᠭᠦᠨ ᠭᠦᠢᠯᠭᠡᠭᠡᠨ ᠤ ᠠᠵᠢᠯᠯᠠᠭᠠᠨ ᠳᠤ ᠶᠠᠮᠠᠷ ᠶᠠᠮᠠᠷ ᠠᠰᠠᠭᠤᠳᠠᠯ ᠣᠷᠣᠰᠢᠵᠤ ᠪᠠᠶᠢᠬᠤ ᠪᠤᠢ︖      ﹇ᠵᠣᠴᠢᠨ﹈ ᠣᠳᠣᠬᠠᠨ ᠤ ᠪᠠᠶᠢᠳᠠᠯ ᠠᠴᠠ ᠦᠵᠡᠪᠡᠯ᠂ ᠮᠠᠨ ᠤ ᠰᠢᠶᠠᠨ ᠤ ᠮᠥᠩᠭᠦᠨ ᠭᠦᠢᠯᠭᠡᠭᠡᠨ ᠤ ᠠᠵᠢᠯᠯᠠᠭᠠᠨ  ᠳᠤ ᠭᠤᠤᠯᠳᠠᠭᠤ ᠭᠤᠷᠪᠠᠨ ᠠᠰᠠᠭᠤᠳᠠᠯ ᠣᠷᠣᠰᠢᠵᠤ ᠪᠠᠶᠢᠨ᠎ᠠ᠄ ᠨᠢᠭᠡ ᠳᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠠᠷᠢᠶ᠎ᠠ ᠣᠷᠣᠨ ᠳᠠᠬᠢ ᠳᠤᠮᠳᠠ ᠵᠢᠵᠢᠭ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠵᠤ ᠪᠠᠶᠢᠭ᠎ᠠ ᠨᠢ ᠭᠦᠢᠴᠡᠳ ᠦᠭᠡᠢ᠂ ᠨᠥᠭᠡᠴᠡ ᠬᠦᠴᠦᠨ ᠬᠦᠷᠦᠯᠴᠡᠬᠦ ᠦᠭᠡᠢ ᠪᠠᠶᠢᠨ᠎ᠠ᠃ ᠮᠠᠨ ᠤ ᠰᠢᠶᠠᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠦᠢᠯᠡᠰ ᠤᠨ ᠳᠡᠰ ᠳᠠᠪᠬᠤᠷᠭ᠎ᠠ ᠪᠠᠷ ᠳᠣᠣᠷ᠎ᠠ᠂ ᠰᠢᠶᠠᠨ ᠤ ᠳᠣᠲᠣᠷᠠᠬᠢ ᠵᠠᠷᠢᠮ ᠠᠵᠤ ᠠᠬᠤᠶᠢᠯᠠᠯ ᠤᠨ ᠬᠠᠮᠢᠶᠠᠷᠤᠯᠲᠠ ᠨᠢ ᠪᠦᠳᠦᠭᠦᠯᠢᠭ᠂   ᠬᠦᠴᠦᠨ ᠪᠦᠬᠦᠢ ᠡᠳ᠋ ᠬᠦᠷᠦᠩᠭᠡ ᠲᠤᠳᠠᠮᠠᠭ᠂ ᠲᠠᠨᠵᠢᠯᠠᠨ ᠲᠠᠭᠠᠭᠠᠴᠢᠯᠠᠬᠤ  ᠴᠢᠳᠠᠪᠤᠷᠢ ᠨᠢ ᠨᠡᠯᠢᠶᠡᠳ ᠪᠠᠭᠤᠷᠠᠶ ᠤᠴᠢᠷ ᠠᠴᠠ ᠪᠠᠩᠬᠢ ᠶᠢᠨ ᠵᠢᠭᠡᠯᠡᠯᠭᠡ ᠶᠢᠨ ᠵᠦᠪᠰᠢᠶᠡᠷᠡᠯ ᠤᠯᠬᠤ ᠨᠥᠬᠦᠴᠡᠯ  ᠬᠠᠩᠭᠠᠬᠤ ᠳᠤ ᠬᠦᠴᠢᠷ ᠪᠠᠶᠢᠨ᠎ᠠ᠃  ᠲᠡᠷᠡᠴᠢᠯᠡᠨ ᠣᠳᠣᠬᠠᠨ ᠳᠤ ᠡᠯ᠎ᠡ ᠬᠤᠳᠠᠯᠳᠤᠭᠠᠨ ᠤ ᠪᠠᠩᠬᠢ ᠨᠢ ᠵᠢᠭᠡᠯᠡᠯᠭᠡ ᠲᠠᠯᠪᠢᠬᠤ ᠬᠢᠨᠠᠨ ᠵᠥᠪᠰᠢᠶᠡᠷᠡᠬᠦ ᠡᠷᠬᠡ ᠶᠢ ᠬᠤᠷᠢᠶᠠᠨ ᠠᠪᠴᠤ᠂ ᠰᠠᠯᠪᠤᠷᠢ ᠪᠠᠩᠬᠢ ᠠᠴᠠ ᠢᠳᠡᠭᠡᠮᠵᠢᠳᠤ ᠵᠢᠭᠡᠯᠡᠯᠭᠡ ᠣᠯᠭᠤᠬᠤ ᠡᠷᠬᠡ ᠶᠢᠨ ᠬᠡᠪᠴᠢᠶ᠎ᠡ ᠨᠢ ᠮᠠᠰᠢ ᠪᠠᠭ᠎ᠠ᠂ ᠠᠶᠤᠯ ᠲᠦᠭᠰᠢᠭᠦᠷᠢ  ᠶᠢᠨ ᠢᠲᠡᠭᠡᠮᠵᠢ ᠣᠯᠭᠤᠬᠤ ᠵᠡᠷᠭᠡ ᠨᠥᠯᠥᠭᠡ ᠠᠯᠬᠤᠮ ᠠᠯᠬᠤᠮ ᠢᠶᠠᠷ ᠪᠠᠭᠠᠰᠬᠠᠬᠤ᠂ ᠵᠢᠭᠡᠯᠡᠯᠭᠡ ᠶᠢᠨ ᠨᠥᠬᠦᠴᠡᠯ ᠪᠠ  ᠲᠦᠷᠢᠮ  ᠤᠯᠠᠮ ᠴᠢᠩᠭ᠎ᠠ ᠪᠤᠯᠤᠭᠰᠠᠨ ᠠᠴᠠ ᠠᠵᠤ ᠠᠬᠤᠶᠢᠯᠠᠯ ᠤᠨ ᠪᠠᠩᠬᠢ ᠶᠢᠨ ᠳᠡᠮᠵᠢᠯᠭᠡ ᠶᠢ ᠤᠯᠬᠤ ᠨᠢ ᠨᠡᠩ ᠪᠡᠷᠬᠡ ᠪᠤᠯᠵᠠᠢ  ᠃ ᠬᠤᠶᠠᠷ ᠲᠤ᠂ ᠪᠡᠯᠡ ᠬᠤᠷᠠᠮᠳᠤᠭᠤᠯᠬᠤ ᠠᠷᠭ᠎ᠠ ᠵᠠᠮ ᠳᠠᠩ ᠴᠤᠯᠭᠤᠶ᠂ ᠪᠡᠯᠡ ᠬᠤᠷᠠᠮᠳᠤᠭᠤᠯᠬᠤ ᠴᠢᠳᠠᠪᠤᠷᠢ ᠪᠠᠷ ᠨᠡᠯᠢᠶᠡᠳ ᠪᠠᠭᠤᠷᠠᠶ ᠪᠠᠶᠢᠭᠰᠠᠭᠠᠷ᠃ ᠰᠢᠶᠠᠨ ᠤ ᠲᠤᠳᠤᠷᠠᠬᠢ ᠠᠵᠤ ᠠᠬᠤᠶᠢᠯᠠᠯ ᠤᠨ ᠰᠢᠭᠤᠳ ᠪᠡᠯᠡ ᠬᠤᠷᠠᠮᠳᠤᠭᠤᠯᠬᠤ ᠦᠵᠡᠯ ᠤᠬᠠᠮᠰᠠᠷ ᠨᠢ ᠲᠤᠷᠤᠢ ᠪᠥᠭᠡᠳ ᠳᠡᠭᠡᠳᠦ ᠰᠢᠨ᠎ᠡ ᠲᠧᠭᠨᠢᠭ ᠮᠡᠷᠭᠡᠵᠢᠯ ᠤᠨ ᠪᠠ ᠰᠢᠨ᠎ᠡ ᠶᠢ ᠡᠭᠦᠳᠬᠦ ᠴᠢᠳᠠᠪᠤᠷᠢ  ᠲᠤᠳᠠᠭᠤ᠂ ᠣᠯᠠᠩᠬᠢ ᠲᠣᠭᠠᠨ ᠤ ᠳᠤᠮᠳᠠ ᠪᠠᠭ᠎ᠠ ᠠᠵᠤ ᠠᠬᠤᠶᠢᠯᠠᠯ ᠨᠢ ᠦᠨᠳᠦᠰᠦᠨ ᠳᠡᠭᠡᠨ ᠰᠢᠭᠤᠳ ᠪᠡᠯᠡ ᠬᠤᠷᠠᠮᠳᠤᠭᠤᠯᠬᠤ ᠨᠥᠬᠦᠴᠡᠯ ᠪᠦᠷᠢᠯᠳᠦᠭᠦᠯᠦᠭᠰᠡᠨ ᠦᠭᠡᠢ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠬᠡᠷᠡᠭᠴᠡᠭᠡ ᠶᠢ ᠭᠤᠣᠯᠳᠠᠭᠤ ᠤᠯᠠᠮᠵᠢᠯᠠᠯᠲᠤ ᠪᠠᠩᠬᠢ ᠶᠢᠨ ᠪᠡᠯᠡ ᠬᠤᠷᠠᠮᠳᠤᠭᠤᠯᠬᠤ ᠳᠤ ᠲᠦᠰᠢᠭᠯᠡᠳᠡᠭ᠂ ᠰᠢᠭᠤᠳ ᠪᠡᠯᠡ ᠬᠤᠷᠠᠮᠳᠤᠭᠤᠯᠬᠤ ᠬᠦᠷᠢᠶᠡᠨ ᠳᠤ ᠮᠥᠨ ᠯᠡ ᠬᠤᠭᠤᠰᠣᠨ ᠪᠠᠶᠢᠭᠰᠠᠭᠠᠷ᠃ ᠭᠤᠷᠪᠠ ᠳᠤ᠂ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ᠃ ᠡᠨᠡ ᠵᠢᠯ ᠠᠴᠠ ᠨᠠᠰᠢ ᠵᠠᠷᠢᠮ ᠠᠵᠤ ᠠᠬᠤᠶᠢᠯᠠᠯ ᠤᠨ ᠪᠡᠯᠡ ᠮᠥᠩᠭᠦ ᠶᠢᠨ ᠬᠦᠴᠢᠷᠳᠡᠯ  ᠠᠴᠠ ᠪᠤᠯᠵᠤ᠂ ᠦᠢᠯᠡᠳᠪᠦᠷᠢᠯᠡᠯ ᠡᠵᠡᠩᠨᠡᠯᠲᠡ ᠨᠢ ᠬᠢᠵᠭᠠᠷᠯᠠᠭᠳᠠᠵᠤ᠂ ᠰᠢᠶᠠᠨ ᠤ ᠳᠣᠲᠣᠷᠠᠬᠢ ᠪᠢᠴᠢᠯ ᠵᠢᠭᠡᠯᠡᠯᠭᠡ ᠶᠢᠨ ᠺᠣᠮᠫᠠᠨᠢ ᠨᠢ ᠵᠢᠭᠡᠯᠡᠯᠭᠡ  ᠪᠠᠨ ᠬᠤᠭᠤᠴᠠᠭ᠎ᠠ ᠶᠣᠰᠣᠭᠠᠷ ᠬᠤᠷᠢᠶᠠᠨ ᠠᠪᠴᠤ ᠲᠡᠶᠢᠯᠬᠦ ᠦᠭᠡᠢ᠂ ᠡᠵᠡᠩᠨᠡᠯᠲᠡ ᠨᠢ ᠬᠦᠴᠢᠷᠳᠡᠯ ᠲᠠᠢ ᠪᠠᠶᠢᠬᠤ ᠪᠠᠶᠢᠳᠠᠯ ᠭᠠᠷᠴᠤ  ᠂ ᠵᠢᠭᠡᠯᠡᠯᠭᠡ ᠲᠠᠯᠪᠢᠬᠤ ᠢᠳᠡᠪᠬᠢᠵᠢᠯ ᠰᠢᠭᠤᠳ ᠨᠦᠯᠦᠭᠡᠯᠡᠭᠳᠡᠵᠦ᠂ ᠢᠳᠡᠭᠡᠮᠵᠢᠳᠦ ᠵᠢᠭᠡᠯᠡᠯᠭᠡ ︽ᠬᠤᠶᠠᠷ ᠲᠦᠪᠡᠭᠲᠡᠶ︾ ᠪᠠᠶᠢᠳᠠᠯ ᠲᠠᠢ ᠪᠤᠯᠵᠡᠢ᠃      ﹇ᠬᠥᠲᠥᠯᠥᠭᠴᠢ﹈ ᠠᠵᠤ ᠠᠬᠤᠶ ᠶᠢᠨ ᠪᠠᠶᠢᠳᠠᠯ ᠡᠶᠢᠮᠦ ᠬᠦᠨᠳᠦ ᠰᠦᠷᠡᠬᠡᠶ ᠪᠠᠶᠢᠭ᠎ᠠ ᠪᠠᠶᠢᠳᠠᠯ ᠳᠣᠣᠷ᠎ᠠ᠂ ᠲᠣᠭᠲᠠᠬᠤ ᠰᠢᠶᠠᠨ ᠤ ᠤᠳᠤᠬᠢ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠠᠷᠠᠭᠠᠴᠢ ᠶᠢᠨ ᠠᠯᠬᠤᠮ ᠳᠤ ᠠᠯᠢ ᠠᠯᠢ ᠲᠠᠯ᠎ᠠ ᠶᠢᠨ ᠠᠵᠢᠯ ᠢ ᠰᠠᠶᠢᠲᠤᠷ ᠬᠢᠬᠦ ᠴᠢᠬᠤᠯᠠᠳᠠᠢ ᠪᠤᠢ︖      ﹇ᠵᠣᠴᠢᠨ﹈ ᠲᠠᠷᠠᠭᠠᠴᠢ ᠶᠢᠨ ᠠᠯᠬᠤᠮ ᠳᠤ᠂ ᠪᠢᠳᠡ ᠪᠦᠬᠦ ᠤᠯᠤᠰ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭᠠᠨ ᠤ ᠲᠤᠭᠤᠷᠢᠨ ᠳᠤ᠂ ᠲᠣᠭᠲᠠᠬᠤ ᠰᠢᠶᠠᠨ ᠤ ᠬᠥᠭᠵᠢᠯᠲᠡ ᠶᠢᠨ ᠲᠥᠯᠥᠪᠵᠢᠭᠦᠯᠭᠡ ᠲᠠᠢ  ᠤᠶᠠᠯᠳᠤᠭᠤᠯᠤᠨ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠭᠤᠷᠪᠠᠨ ᠡᠭᠦᠷᠭᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ  ᠂ ᠮᠥᠩᠭᠦᠨ ᠭᠦᠢᠯᠭᠡᠭᠡᠨ ᠤ ᠲᠤᠬᠢᠷᠠᠭᠤᠯᠤᠯ ᠡᠵᠡᠮᠳᠡᠯ ᠳᠤ ᠰᠢᠨ᠎ᠡ ᠶᠢ ᠡᠭᠦᠳᠬᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠪᠣᠷᠣ ᠲᠥᠯᠥᠪ ᠢ ᠪᠠᠶᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ  ᠃ ᠮᠥᠩᠭᠦᠨ ᠭᠦᠢᠯᠭᠡᠭᠡᠨ ᠤ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠮᠥᠩᠭᠦᠨ ᠭᠦᠢᠯᠭᠡᠭᠡ ᠶᠢ ᠬᠠᠤᠯᠢ ᠪᠠᠷ ᠵᠠᠰᠠᠬᠤ ᠠᠵᠢᠯ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ  ᠰᠢᠪᠳᠤᠯᠤᠯᠳᠡ  ᠶᠢᠨ ᠲᠠᠶᠢᠨ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠴᠢᠩᠭ᠎ᠠ ᠠᠳᠬᠤᠬᠤ ᠬᠡᠷᠡᠭᠲᠡᠶ᠃ ᠨᠢᠭᠡ ᠳᠤ᠂ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ  ᠤ ᠬᠡᠪᠴᠢᠶᠡᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠰᠢᠯᠢᠳᠡᠭ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠤᠬᠠᠶ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠷᠢᠨ ᠬᠢᠨᠠᠮᠠᠭᠠᠶ ᠲᠤᠤᠱᠯᠠᠭᠤᠯᠵᠤ᠂  ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠰᠢᠷᠢᠰ ᠱᠠᠭᠠᠷᠳᠠᠯᠭ᠎ᠠ ᠪᠠᠷ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠳᠤᠯᠤᠯᠳᠠ ᠶᠢᠨ ᠲᠠᠶᠢᠨ ᠢ ᠰᠠᠶᠢᠲᠤᠷ ᠬᠢᠬᠦ ᠬᠡᠷᠡᠭᠲᠡᠶ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠠᠵᠢᠯᠯᠠᠭ᠎ᠠ ᠵᠢᠴᠢ ᠢᠨᠲ᠋ᠧᠷ ᠰᠦᠯᠵᠢᠶ᠎ᠡ ᠶᠢᠨ ᠮᠥᠩᠭᠦᠨ ᠭᠦᠢᠯᠭᠡᠭᠡᠨ  ᠤ  ᠠᠶᠤᠯ ᠲᠦᠭᠰᠢᠭᠦᠷᠢ ᠶᠢ ᠲᠤᠰᠬᠠᠶ ᠪᠠᠶᠢᠴᠠᠭᠠᠬᠤ  ᠪᠤᠯᠤᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠳ ᠢ ᠢᠯᠡᠴᠢᠯᠡᠨ ᠮᠡᠳᠡᠭᠦᠯᠦᠭᠰᠡᠳ ᠲᠤ ᠱᠠᠩᠨᠠᠯ ᠤᠯᠭᠤᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠪᠦᠬᠦ ᠰᠢᠶᠠᠨ ᠤ ᠮᠥᠩᠭᠦᠨ ᠭᠦᠢᠯᠭᠡᠭᠡᠨ ᠤ ᠠᠮᠢ ᠠᠬᠤᠶ ᠶᠢᠨ ᠠᠮᠤᠷ ᠲᠦᠪᠰᠢᠨ ᠪᠠ ᠡᠮᠬᠢ ᠵᠢᠷᠤᠮ ᠲᠠᠢ ᠲᠣᠭᠲᠠᠭᠤᠨ ᠪᠠᠶᠢᠯᠭᠠᠬᠤ ᠶᠢ ᠦᠨᠡᠨ ᠬᠦ  ᠪᠠᠳᠤᠯᠠᠬᠤ ᠬᠡᠷᠡᠭᠲᠡᠶ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ  ᠳᠤ ᠲᠦᠪᠯᠡᠷᠡᠭᠦᠯᠦᠨ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠶ᠃ ᠰᠢᠶᠠᠨ ᠤ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠲᠠᠷᠢᠶᠠᠯᠠᠩ ᠤᠨ ᠪᠠᠩᠬᠢ᠂ ᠬᠦᠳᠡᠭᠡ ᠲᠤᠰᠬᠤᠨ ᠤ ᠬᠤᠳᠠᠯᠳᠤᠭᠠᠨ ᠤ ᠪᠠᠩᠭᠢ ᠵᠡᠷᠭᠡ ᠪᠠᠩᠭᠢ ᠶᠢᠨ ᠬᠤᠭᠤᠷᠤᠨᠳᠤᠬᠢ ᠵᠤᠯᠭᠤᠭᠠᠯᠤᠯᠳᠠ ᠶᠢ ᠴᠢᠩᠭᠠᠳᠬᠠᠨ᠂ ᠲᠣᠭᠲᠠᠬᠤ ᠰᠢᠶᠠᠨ ᠤ ᠮᠥᠩᠭᠦᠨ ᠭᠦᠢᠯᠭᠡᠭᠡ ᠪᠠᠷ ᠨᠠᠷᠢᠯᠢᠭ ᠤᠨᠤᠪᠴᠢᠳᠠᠢ ᠶᠠᠳᠠᠭᠤ ᠶᠢ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ ᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢ ᠬᠠᠪᠰᠤᠷᠤᠨ ᠰᠢᠮᠳᠠᠭᠤᠯᠵᠤ ᠪᠠᠶᠢᠭᠠᠳ ︽ᠶᠠᠳᠠᠭᠤ ᠶᠢ ᠲᠡᠳᠬᠦᠬᠦ  ᠪᠢᠴᠢᠯ ᠵᠢᠭᠡᠯᠡᠯᠭᠡ︾ ᠲᠠᠯᠪᠢᠬᠤ ᠠᠵᠢᠯ  ᠦᠷᠨᠢᠭᠦᠯᠵᠦ  ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ︽ᠶᠠᠳᠠᠭᠤ ᠬᠦᠴᠢᠷᠳᠡᠯᠲᠡᠶ ᠡᠷᠦᠬᠡ ︾ ᠶᠢᠨ ᠪᠤᠳᠠᠳᠤ ᠪᠠᠶᠢᠳᠠᠯ ᠤᠨ ᠣᠨᠴᠠᠯᠢᠭ ᠲᠤ ᠴᠢᠭᠯᠡᠭᠦᠯᠦᠨ᠂ ᠰᠢᠨ᠎ᠡ ᠮᠠᠶ᠋ᠢᠭ ᠤᠨ ᠢᠳᠡᠭᠡᠮᠵᠢᠳᠤ ᠵᠢᠭᠡᠯᠡᠯᠭᠡ ᠶᠢᠨ ᠦᠢᠯᠡᠳᠬᠦᠨ ᠭᠠᠷᠭᠠᠬᠤ ᠶᠢ ᠲᠦᠷᠭᠡᠪᠴᠢᠯᠡᠨ ᠲᠦᠯᠬᠢᠨ ᠠᠬᠢᠭᠤᠯᠬᠤ ᠬᠡᠷᠡᠭᠳᠡᠢ᠃ ᠭᠤᠷᠪᠠ ᠳᠤ᠂  ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠨ ᠠᠵᠢᠯᠯᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠤᠭᠤᠷᠤᠨᠳᠤᠬᠢ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠶᠢᠯᠠᠭᠠᠵᠤ᠂  ᠮᠠᠨ ᠤ ᠰᠢᠶᠠᠨ ᠤ ᠰᠢᠯᠢᠳᠡᠭ ᠰᠠᠶᠢᠨ ᠠᠵᠤ ᠠᠬᠤᠶᠢᠯᠠᠯ ᠳᠤ ᠨᠡᠩ ᠤᠯᠠᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ  ᠶᠢ ᠢᠳᠡᠪᠬᠢᠲᠡᠶ ᠪᠠᠷ ᠲᠦᠯᠬᠢᠨ ᠤᠷᠤᠭᠰᠢᠯᠠᠭᠤᠯᠵᠤ᠂ ᠪᠦᠬᠦ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠲᠦᠷᠪᠡ ᠳᠤ  ᠂ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠬᠦ ᠴᠢᠳᠠᠪᠦᠷᠢ ᠶᠢ ᠤᠯᠠᠮ ᠨᠢᠭᠡ ᠠᠯᠬᠤᠮ᠂ᠴᠢᠩᠭᠠᠷᠠᠭᠤᠯᠤᠨ᠎ᠠ᠃ ᠡᠯ᠎ᠡ ᠪᠠᠩᠬᠢ ᠶᠢᠨ ᠪᠠᠶᠢᠭᠤᠯᠤᠮᠵᠢ  ᠲᠠᠢ ᠬᠠᠮᠵᠢᠯᠴᠠᠨ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠰᠢᠨ᠎ᠡ ᠦᠢᠯᠡᠳᠬᠦᠨ ᠪᠠ ᠦᠢᠯᠡᠴᠢᠯᠡᠭᠡ ᠶᠢ ᠬᠠᠨᠳᠤᠯᠭᠠᠲᠤ ᠴᠢᠨᠠᠷ ᠲᠠᠢ ᠪᠠᠷ ᠴᠢᠩᠭᠠᠳᠭᠠᠬᠤ ᠶᠢᠨ ᠬᠠᠮᠳᠤ ᠲᠠᠭᠠᠴᠢᠯᠠᠨ ᠪᠠᠳᠤᠯᠠᠬᠤ ᠠᠷᠭ᠎ᠠ ᠬᠡᠯᠪᠡᠷᠢ ᠶᠢ ᠰᠢᠨᠡᠳᠭᠡᠨ ᠰᠢᠯᠢᠳᠡᠭᠵᠢᠭᠦᠯᠵᠦ᠂ ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠠᠭᠤᠯᠬᠤ  ᠳᠤ ᠬᠦᠴᠢᠷᠲᠡᠶ᠂ ᠪᠡᠯᠡ ᠬᠤᠷᠠᠮᠳᠤᠯᠭ᠎ᠠ ᠦᠨᠡᠲᠡᠶ ᠪᠠᠶᠢᠬᠤ ᠵᠡᠷᠭᠡ ᠠᠰᠠᠭᠤᠳᠠᠯ ᠢ ᠦᠨᠡᠨ ᠪᠣᠳᠠᠲᠠᠶ ᠰᠢᠢᠳᠪᠦᠷᠢᠯᠡᠬᠦ ᠬᠡᠷᠡᠭᠳᠡᠢ᠃ ᠲᠠᠪᠤ ᠳᠤ᠂ ᠬᠦᠷᠦᠩᠭᠡ ᠶᠢᠨ ᠵᠠᠬ᠎ᠠ ᠳᠡᠯᠭᠡᠭᠦᠷ ᠢ ᠪᠤᠶᠢᠵᠢᠭᠤᠯᠬᠤ ᠠᠵᠢᠯ ᠢ ᠬᠦᠴᠦᠲᠡᠶ ᠠᠳᠬᠤᠬᠤ ᠬᠡᠷᠡᠭᠲᠡᠶ᠃ 2018 ᠣᠨ ᠳᠤ ᠵᠢᠶᠠᠨ ᠯᠦᠩ ᠠᠮᠢᠳᠤ ᠪᠣᠳᠠᠰ ᠪᠠ ᠵᠧᠩ ᠯᠦᠩ ᠠᠮᠤ ᠪᠤᠳᠠᠭᠠᠨ ᠤ ᠺᠤᠮᠫᠠᠨᠢ ᠵᠡᠷᠭᠡ ᠬᠤᠶᠠᠷ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠬᠤ ᠠᠵᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠮᠠᠨ ᠤ ᠰᠢᠶᠠᠨ ᠤ ᠭᠤᠣᠯᠳᠠᠯᠭ᠎ᠠ ᠲᠠᠢ ᠨᠥᠬᠦᠴᠡᠯ  ᠳᠤ ᠨᠡᠶᠢᠴᠡᠬᠦ ᠠᠵᠤ ᠠᠬᠤᠶᠢᠯᠠᠯ᠂ ᠪᠡᠯᠡᠳᠬᠡᠯ ᠠᠵᠤ ᠠᠬᠤᠶᠢᠯᠠᠯ ᠢ ᠦᠷᠭᠦᠯᠵᠢᠯᠡᠨ ᠪᠤᠶᠢᠵᠢᠭᠤᠯᠵᠤ᠂ ᠡᠬᠢ ᠪᠠᠶᠠᠯᠢᠭ ᠤᠨ ᠬᠥᠮᠥᠷᠭᠡ ᠳᠤ ᠣᠷᠣᠬᠤ ᠶᠢ ᠲᠡᠮᠵᠢᠨ᠎ᠡ᠂ ᠬᠥᠮᠥᠷᠭᠡ ᠳᠤ ᠤᠷᠤᠭᠰᠠᠨ ᠪᠡᠯᠡᠳᠬᠡᠯ ᠠᠵᠤ ᠠᠬᠤᠶᠢᠯᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠭ᠎ᠠ ᠪᠠ ᠮᠥᠷᠳᠡᠵᠦ ᠦᠢᠯᠡᠴᠢᠯᠡᠬᠦ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠵᠢᠷᠭᠤᠭ᠎ᠠ ᠳᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠥᠷᠢᠰᠥᠯᠳᠦᠭᠡᠨ ᠤ ᠴᠢᠨᠠᠷᠲᠠᠶ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠢ ᠪᠤᠢ ᠪᠤᠯᠭᠠᠬᠤ ᠬᠡᠷᠡᠭᠳᠡᠢ᠃ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠳᠠ ᠶᠢᠨ ᠪᠠᠩᠬᠢ᠂ ᠥᠪᠥᠷ ᠮᠣᠩᠭᠤᠯ ᠤᠨ ᠬᠤᠪᠢᠶᠠᠷᠢ ᠪᠠᠩᠬᠢ ᠪᠠ ᠥᠪᠥᠷ ᠮᠣᠩᠭᠤᠯ ᠪᠠᠩᠬᠢ ᠮᠠᠨ ᠤ ᠰᠢᠶᠠᠨ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠬᠤ  ᠬᠡᠷᠡᠭᠲᠡᠶ᠃ ᠨᠥᠬᠦᠴᠡᠯ ᠪᠦᠬᠦᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠠᠷᠠᠳ ᠤᠨ ᠲᠤᠳᠤᠷᠠᠬᠢ ᠬᠥᠷᠥᠩᠭᠡ ᠲᠠᠢ ᠬᠦᠮᠦᠰ ᠪᠢᠴᠢᠯ ᠵᠢᠭᠡᠯᠡᠯᠭᠡ ᠶᠢᠨ ᠺᠣᠮᠫᠠᠨᠢ᠂ ᠪᠡᠯᠡ ᠬᠤᠷᠠᠮᠳᠠᠭᠤᠯᠬᠤ ᠴᠢᠨᠠᠷᠲᠠᠶ ᠲᠠᠨᠵᠢᠯᠠᠬᠤ ᠺᠣᠮᠫᠠᠨᠢ ᠵᠡᠷᠭᠡ ᠰᠢᠨ᠎ᠡ ᠮᠠᠶ᠋ᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠭᠤᠯᠬᠤ ᠶᠢ ᠵᠤᠷᠢᠭᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠨᠡᠶᠢᠭᠡᠮ ᠲᠣᠭᠤᠷᠢᠭ᠂ ᠰᠢᠶᠠᠩ ᠪᠠᠯᠭᠠᠰᠤ ᠪᠣᠯᠤᠨ  ᠭᠤᠤᠯᠳᠠᠯᠭ᠎ᠠ ᠲᠠᠢ ᠲᠣᠰᠬᠤᠨ ᠳᠤ ᠦᠢᠯᠡᠴᠢᠯᠡᠭᠡᠨ ᠤ ᠲᠣᠣᠷ ᠴᠡᠭ ᠢ ᠥᠷᠭᠡᠳᠬᠡᠵᠦ᠂ ᠪᠣᠳᠠᠲᠤ ᠴᠣᠭᠴᠠ ᠶᠢᠨ ᠠᠵᠤ ᠠᠬᠤᠶ ᠪᠣᠯᠤᠨ ᠪᠢᠴᠢᠯ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ  ᠦᠢᠯᠡᠴᠢᠯᠡᠭᠡ ᠦᠵᠡᠭᠦᠯᠬᠦ ᠶᠢ ᠲᠦᠷᠭᠡᠳᠬᠡᠵᠦ᠂ ᠣᠷᠣᠨ ᠨᠤᠲᠤᠭ ᠤᠨ ᠠᠵᠤ ᠠᠬᠤᠶ ᠶᠢᠨ ᠵᠢᠭᠡᠯᠡᠯᠭᠡ ᠶᠢᠨ ᠲᠤᠭ᠎ᠠ ᠶᠢ ᠨᠡᠮᠡᠭᠳᠡᠭᠦᠯᠬᠦ ᠱᠠᠩᠨᠠᠯ ᠤᠨ ᠠᠷᠭ᠎ᠠ ᠶᠢ ᠨᠡᠶᠢᠲᠡᠯᠡᠨ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠷᠢᠰᠥᠯᠳᠦᠭᠡᠨ ᠤ ᠴᠢᠨᠠᠷᠲᠠᠶ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠶᠢ ᠠᠯᠬᠤᠮ ᠠᠯᠬᠤᠮ ᠢᠶᠠᠷ ᠪᠤᠢ ᠪᠣᠯᠭᠠᠵᠤ᠂  ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠡᠯᠪᠡᠷᠢ ᠬᠤᠪᠢᠷᠠᠨ ᠴᠢᠨᠠᠷ ᠰᠠᠶᠢᠲᠠᠶ ᠬᠥᠭᠵᠢᠯᠲᠡ ᠳᠤ ᠪᠦᠬᠦ ᠲᠠᠯ᠎ᠠ ᠶᠢᠨ᠂ ᠤᠯᠠᠨ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠶ᠃        ﹇ᠵᠣᠴᠢᠨ﹈ ᠰᠦᠯᠵᠢᠶᠡᠨ ᠤ ᠠᠨᠳᠠ ᠨᠠᠷ ᠤᠨ ᠮᠥᠩᠭᠦᠨ ᠭᠦᠢᠯᠭᠡᠭᠡ ᠪᠠᠷ ︿ᠠᠷᠠᠳ ᠲᠤ ᠠᠰᠢᠭ ᠬᠦᠷᠲᠡᠭᠡᠬᠦ﹀  ᠠᠰᠠᠭᠤᠳᠠᠯ ᠤᠨ ᠲᠤᠬᠠᠶ ᠤᠢᠢᠷ᠎ᠠ ᠶᠢᠨ ᠬᠡᠳᠦᠨ ᠵᠢᠯ ᠳᠤ ᠮᠠᠨ ᠤ ᠰᠢᠶᠠᠨ ᠭᠤᠣᠯᠳᠠᠭᠤ ᠳᠣᠣᠷᠠᠬᠢ ᠮᠡᠲᠦ ᠬᠡᠳᠦᠨ ᠲᠠᠯ᠎ᠠ ᠶᠢᠨ ᠠᠵᠢᠯ ᠢ ᠬᠢᠭᠰᠡᠨ ᠪᠠᠶᠢᠨ᠎ᠠ  ᠄ ᠨᠢᠭᠡ ᠳᠤ᠂ ᠲᠠᠷᠢᠶᠠᠯᠠᠩ ᠳᠤ ᠳᠡᠮᠵᠢᠬᠦ ᠳᠠᠬᠢᠨᠲᠠ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ ᠃  ︽ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ︾ ᠳᠤ ᠦᠢᠯᠡᠴᠢᠯᠡᠬᠦ ᠪᠠᠷ ᠵᠣᠷᠢᠯᠲᠠ ᠪᠤᠯᠭᠠᠨ  ᠂ 2017 ᠣᠨ ᠳᠤ ᠮᠥᠩᠭᠦᠨ ᠭᠦᠢᠯᠭᠡᠭᠡᠨ ᠤ ᠰᠢᠰᠲ᠋ᠧᠮ ᠨᠡᠶᠢᠲᠡ 9000 ᠲᠦᠮᠡᠨ ᠲᠥᠭᠦᠷᠢᠭ ᠤᠨ ᠲᠠᠷᠢᠶᠠᠯᠠᠩ ᠢ ᠳᠡᠮᠵᠢᠬᠦ ᠲᠤᠰᠬᠠᠶ ᠵᠦᠢᠯ  ᠤᠨ ᠳᠠᠬᠢᠨᠲᠠ ᠵᠢᠭᠡᠯᠡᠯᠭᠡ  ᠲᠠᠯᠪᠢᠪᠠ᠃ ᠡᠭᠦᠨ ᠤ ᠳᠣᠲᠣᠷ᠎ᠠ ᠲᠣᠭᠲᠠᠬᠤ ᠰᠢᠶᠠᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ  5000 ᠲᠦᠮᠡᠨ ᠲᠥᠭᠦᠷᠢᠭ ᠂ ᠲᠣᠭᠲᠠᠬᠤ ᠰᠢᠶᠠᠨ  ᠤ ᠯᠢ ᠨᠦᠩ ᠬᠥᠳᠡᠭᠡ  ᠪᠠᠯᠭᠠᠰᠤᠨ ᠤ ᠪᠠᠩᠬᠢ  4000 ᠲᠦᠮᠡᠨ ᠲᠥᠭᠦᠷᠢᠭ ᠵᠢᠭᠡᠯᠡᠯᠭᠡ ᠲᠠᠯᠪᠢᠵᠠᠢ᠃ ᠠᠷᠠᠳ ᠤᠨ ᠪᠠᠩᠭᠢ ᠶᠢᠨ ᠲᠠᠷᠢᠶᠠᠯᠠᠩ  ᠶᠢ ᠳᠡᠮᠵᠢᠬᠦ ᠳᠠᠬᠢᠨᠲᠠ ᠵᠢᠭᠡᠯᠡᠯᠭᠡ ᠶᠢᠨ ᠬᠦᠦ ᠮᠥᠩᠭᠦᠨ ᠤ ᠰᠠᠭᠤᠷᠢ ᠪᠠᠷᠢᠮᠵᠢᠶ᠎ᠠ ᠨᠤᠷᠮ᠎ᠠ 2 .75 %  ᠪᠠᠷ ᠬᠡᠷᠡᠭᠵᠢᠭᠦᠯᠵᠦ ᠪᠠᠶᠢᠨ᠎ᠠ᠂ ᠲᠠᠷᠢᠶᠠᠴᠢᠳ ᠤᠨ ᠵᠢᠭᠡᠯᠡᠯᠭᠡ ᠠᠪᠬᠤ ᠦᠶ᠎ᠡ ᠶᠢᠨ ᠳᠤᠮᠳᠠᠴᠢ ᠬᠦᠦ ᠮᠥᠩᠭᠦ ᠶᠢᠨ ᠨᠤᠷᠮ᠎ᠠ 6.75 % ᠪᠠᠶᠢᠵᠤ᠂ ᠪᠤᠰᠤᠳ ᠪᠠᠩᠬᠢ ᠶᠢᠨ ᠬᠤᠪᠢᠨ ᠤ ᠪᠡᠯᠡ ᠮᠥᠩᠭᠦ ᠶᠢᠨ ᠬᠦᠦ ᠮᠥᠩᠭᠦ ᠶᠢᠨ ᠨᠣᠷᠮ᠎ᠠ 9.25 % ᠲᠠᠢ ᠬᠠᠷᠢᠴᠠᠭᠤᠯᠪᠠᠯ ᠪᠠᠷᠤᠭ ᠲᠠᠷᠢᠶᠠᠴᠢᠳ ᠲᠤ 200 ᠭᠠᠷᠤᠶ ᠲᠦᠮᠡᠨ ᠲᠥᠭᠦᠷᠢᠭ ᠤᠨ ᠬᠦᠦ ᠮᠥᠩᠭᠦ ᠶᠢᠨ ᠵᠠᠷᠤᠯᠭ᠎ᠠ ᠠᠷᠪᠢᠯᠠᠵᠤ ᠦᠭᠴᠡᠢ᠃ ᠲᠠᠷᠢᠶᠠᠯᠠᠩ ᠶᠢ ᠳᠡᠮᠵᠢᠬᠦ ᠳᠠᠬᠢᠨᠲᠠ ᠵᠢᠭᠡᠯᠡᠯᠭᠡ ᠨᠢ ︽ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠪᠡᠯᠡ ᠮᠥᠩᠭᠦ  ᠶᠢᠨ ᠰᠢᠯᠢᠳᠡᠭ ᠣᠷᠴᠢᠯ ᠢ ᠪᠡᠶᠡᠯᠡᠭᠦᠯᠵᠦ᠂  ᠬᠦᠤ ᠮᠦᠩᠭᠦ ᠠᠷᠪᠢᠯᠠᠭᠰᠠᠨ ᠦᠷ᠎ᠡ ᠪᠦᠲᠦᠮᠵᠢ ᠢᠯᠡᠷᠬᠡᠶ︾  ᠵᠣᠷᠢᠯᠭ᠎ᠠ ᠳᠤ ᠬᠦᠷᠦᠭᠰᠡᠨ ᠪᠣᠯᠬᠤᠷ᠂ ︽ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ︾  ᠤ ᠠᠵᠢᠯ ᠳᠤ ᠬᠦᠴᠦᠷᠬᠡᠭ ᠶᠡᠭᠡ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠮᠠᠨ ᠤ ᠰᠢᠶᠠᠨ ᠤ ᠬᠥᠳᠡᠭᠡ ᠲᠣᠰᠬᠤᠨ ᠤ ᠠᠵᠤ ᠠᠬᠤᠶ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ ᠬᠤᠶᠠᠷ ᠲᠤ᠂ ︽ᠲᠠᠷᠢᠶᠠᠯᠠᠩ  ᠳᠤ ᠬᠠᠪᠰᠤᠷᠬᠤ︾ ᠲᠤᠬᠠᠶᠢᠯᠠᠭᠰᠠᠨ ᠠᠵᠢᠯ ᠤᠨ ᠵᠢᠭᠡᠯᠡᠯᠭᠡ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠶᠢᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠥᠷᠭᠡᠳᠬᠡᠬᠦ ᠶᠢ ᠲᠡᠮᠵᠢᠨ ᠵᠣᠷᠢᠭᠵᠢᠭᠤᠯᠵᠤ᠂ ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠤᠷᠴᠢᠯ ᠪᠡᠯᠡ ᠮᠥᠩᠭᠦᠨ ᠤ ᠳᠤᠲᠠᠭᠳᠠᠬᠤ ᠠᠰᠠᠭᠤᠳᠠᠯ ᠢ  ᠨᠠᠮᠳᠠᠭᠤᠯᠬᠤ ᠶᠢᠨ ᠲᠦᠯᠦᠭᠡ᠂ ︽ᠲᠣᠭᠲᠠᠬᠤ ᠰᠢᠶᠠᠨ ᠤ ᠢᠲᠡᠭᠡᠮᠵᠢ ᠨᠡᠮᠡᠭᠳᠡᠭᠦᠯᠬᠦ < ᠲᠠᠷᠢᠶᠠᠯᠠᠩ  ᠳᠤ ᠲᠤᠰᠠᠯᠠᠬᠤ ᠵᠢᠭᠡᠯᠡᠯᠭᠡ > ᠶᠢᠨ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠲᠤᠬᠠᠶᠢᠯᠠᠭᠰᠠᠨ ᠠᠵᠢᠯ ᠤᠨ ᠲᠤᠷᠰᠢᠨ ᠬᠡᠷᠡᠭᠵᠢᠭᠦᠯᠬᠦ ᠲᠥᠰᠦᠯ︾ ᠢ ᠲᠤᠭᠳᠠᠭᠠᠵᠤ ᠦᠷᠨᠢᠭᠦᠯᠪᠡ᠃ ︽< ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠲᠠᠷᠢᠶᠠᠯᠠᠩ ᠳᠤ ᠲᠤᠰᠠᠯᠠᠬᠤ ᠤᠨ ᠵᠢᠭᠡᠯᠡᠯᠭᠡ︾ ᠪᠣᠯ  ᠬᠤᠷᠰᠢᠨ ᠬᠠᠮᠳᠤᠷᠠᠭᠰᠠᠨ ᠪᠠᠩᠬᠢ ᠠᠴᠠ ᠨᠥᠬᠦᠴᠡᠯ ᠳᠤ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠨᠡᠶᠢᠴᠡᠭᠰᠡᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠂ ᠲᠤᠰᠬᠠᠶ ᠠᠵᠢᠯ ᠤᠨ ᠲᠤᠮᠤ ᠡᠷᠤᠬᠡ ᠵᠡᠷᠭᠡ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠳᠤ ᠣᠯᠭᠤᠬᠤ᠂ ᠵᠠᠰᠠᠭ ᠤᠨ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠣᠷᠳᠣᠨ ᠠᠴᠠ ᠬᠠᠩᠭᠠᠭᠰᠠᠨ ︽ᠠᠶᠤᠯ ᠲᠦᠭᠰᠢᠭᠦᠷᠢ ᠶᠢᠨ ᠨᠥᠬᠦᠪᠥᠷᠢ ᠮᠥᠩᠭᠦ ︾  ᠪᠠᠷ ᠢᠲᠡᠭᠡᠮᠵᠢ ᠨᠡᠮᠡᠭᠳᠡᠭᠦᠯᠬᠦ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠠᠷᠭ᠎ᠠ ᠬᠡᠷᠡᠭᠯᠡᠭᠦᠷ  ᠪᠤᠯᠭᠠᠭᠰᠠᠨ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠬᠡᠯᠡᠨ᠎ᠡ᠃ ᠲᠤᠰ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠤᠳᠠᠭᠠᠨ ᠤ ᠲᠠᠷᠢᠶᠠᠯᠠᠩ  ᠳᠤ ᠲᠤᠰᠠᠯᠠᠬᠤ  ᠵᠢᠭᠡᠯᠡᠯᠭᠡ  ᠶᠢᠨ ᠵᠢᠯ ᠤᠨ ᠬᠦᠤ ᠮᠦᠩᠭᠦ ᠶᠢᠨ ᠨᠤᠷᠮ᠎ᠠ 7.83% < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠬᠦᠷᠴᠦ᠂ ᠬᠦᠦ ᠶᠢᠨ ᠨᠤᠷᠮ᠎ᠠ 0.1589 ᠵᠠᠭᠤᠨ ᠤ ᠬᠤᠪᠢ ᠪᠠᠷ ᠲᠤᠷᠤᠭᠰᠢᠯᠠᠭᠤᠯᠵᠤ᠂ ᠲᠠᠷᠢᠶᠠᠯᠠᠩ ᠤᠨ ᠰᠢᠨ᠎ᠡ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠡᠰᠦᠷᠡᠯᠳᠠ ᠤᠢᠭᠡᠢ ᠬᠦᠭᠵᠢᠬᠦ ᠶᠢ ᠬᠦᠴᠦᠲᠡᠶ ᠠᠬᠢᠭᠤᠯᠵᠤ᠂ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >︽ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ︾ ᠤ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠪᠠᠶᠢᠨ᠎ᠠ᠃ ᠭᠤᠷᠪᠠ ᠳᠤ᠂  ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠪᠠ ᠠᠵᠤ ᠦᠢᠯᠡᠰᠵᠢᠭᠰᠡᠨ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠲᠣᠯᠣᠭᠠᠶᠢᠯᠠᠭᠴᠢ ᠠᠵᠤ ᠠᠬᠤᠶᠢᠯᠠᠯ ᠤᠨ ᠬᠦᠦ ᠮᠥᠩᠭᠦ ᠶᠢ ᠨᠢ ᠤᠷᠤᠯᠠᠨ ᠦᠭᠬᠦ  ᠵᠢᠭᠡᠯᠡᠯᠭᠡ  ᠶᠢ ᠦᠷᠭᠡᠳᠭᠡᠵᠡᠢ  ᠃ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠨᠥᠬᠦᠴᠡᠯ ᠳᠤ ᠨᠡᠶᠢᠴᠡᠬᠦ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ  ᠳᠤ ᠡᠳ᠋ ᠤᠨ ᠵᠠᠰᠠᠭ  ᠠᠴᠠ 2.88 < ᠲᠠᠷᠢᠶᠠᠯᠠᠩ  ᠳᠤ ᠲᠤᠰᠠᠯᠠᠬᠤ ᠵᠢᠭᠡᠯᠡᠯᠭᠡ >%  ᠬᠦᠦ ᠮᠥᠩᠭᠦ ᠶᠢ ᠨᠢ ᠤᠷᠤᠯᠠᠨ  ᠦᠭᠴᠦ᠂ ᠠᠵᠤ ᠦᠢᠯᠡᠰᠵᠢᠯᠲᠡ  ᠶᠢᠨ ᠲᠠᠭᠠᠭᠤᠯᠤᠭᠴᠢ ᠠᠵᠤ ᠠᠬᠤᠶᠢᠯᠠᠯ  < ᠲᠠᠷᠢᠶᠠᠯᠠᠩ  ᠳᠤ ᠲᠤᠰᠠᠯᠠᠬᠤ ᠵᠢᠭᠡᠯᠡᠯᠭᠡ > ᠨᠢ ᠠᠵᠤ ᠠᠬᠤᠶᠢᠯᠠᠯ ᠤᠨ ᠠᠯᠪᠠᠨ ᠭᠡᠷ ᠠᠴᠠ ᠬᠦᠦ ᠮᠥᠩᠭᠦ ᠶᠢ ᠨᠢ ᠤᠷᠤᠯᠠᠨ ᠦᠭᠴᠦ᠂ ᠬᠤᠶᠠᠷ ᠵᠦᠢᠯ ᠤᠨ  < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠬᠦᠦ ᠮᠥᠩᠭᠦ ᠶᠢ ᠨᠢ ᠤᠷᠤᠯᠠᠨ   ᠦᠭᠭᠦᠭᠰᠡᠨ ᠠᠴᠠ ᠠᠵᠤ ᠠᠬᠤᠶᠢᠯᠠᠯ ᠤᠨ ᠳᠠᠷᠤᠭᠠᠰᠤ ᠬᠥᠩᠭᠡᠷᠡᠵᠦ᠂ ᠠᠰᠢᠭ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠬᠤᠨᠵᠢᠪᠣᠷᠢ ᠤᠯᠬᠤ ᠴᠢᠳᠠᠪᠤᠷᠢ ᠪᠠ ᠬᠥᠭᠵᠢᠯᠲᠡ ᠶᠢᠨ ᠴᠢᠳᠠᠪᠤᠷᠢ ᠨᠢ ᠨᠡᠮᠡᠭᠳᠡᠭᠰᠡᠨ ᠪᠠᠶᠢᠨ᠎ᠠ ᠃  < ᠲᠠᠷᠢᠶᠠᠯᠠᠩ  ᠳᠤ ᠲᠤᠰᠠᠯᠠᠬᠤ ᠵᠢᠭᠡᠯᠡᠯᠭᠡ >      ﹇ᠵᠣᠴᠢᠨ﹈ ᠰᠦᠯᠵᠢᠶᠡᠨ ᠤ ᠨᠠᠶᠢᠵᠠ ᠨᠠᠷ ᠤᠨ ︿ ᠬᠦᠭᠵᠢᠯᠳᠡ﹀ ᠶᠢᠨ ᠠᠰᠠᠭᠤᠳᠠᠯ ᠤᠨ ᠲᠤᠬᠠᠶ  ᠂ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠣᠳᠣᠬᠠᠨ ᠪᠣᠯᠲᠠᠯ᠎ᠠ᠂ ᠪᠦᠬᠦ ᠰᠢᠶᠠᠨ ᠤ  ᠵᠠᠬ᠎ᠠ ᠳᠡᠯᠭᠡᠭᠦᠷ ᠲᠤ  ᠭᠠᠷᠤᠭᠰᠠᠨ ᠨᠤᠲᠤᠭ ᠤᠰᠤᠨ ᠤ ᠠᠵᠤ ᠠᠬᠤᠶᠢᠯᠠᠯ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >︵ ᠶᠢᠨ ᠾᠧ ᠬᠤᠪᠢ ᠤᠷᠤᠭᠤᠯᠤᠯᠳᠠ︶ ᠨᠢᠭᠡ ᠪᠠᠶᠢᠵᠤ  ᠂  ᠫᠠᠶᠢᠰᠠ ᠡᠯᠭᠦᠵᠤ ᠵᠠᠬ᠎ᠠ ᠳᠡᠯᠭᠡᠭᠦᠷ ᠲᠤ ᠭᠠᠷᠭᠠᠬᠤ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠪᠡᠯᠡᠳᠬᠡᠯ ᠠᠵᠢᠯ ᠢ ᠦᠨᠡᠨᠬᠦ ᠦᠷᠨᠢᠭᠦᠯᠵᠦ ᠪᠠᠶᠢᠭ᠎ᠠ ᠪᠡᠯᠡᠳᠬᠡᠯ ᠠᠵᠤ ᠠᠬᠤᠶᠢᠯᠠᠯ ᠬᠤᠶᠠᠷ ᠪᠠᠶᠢᠵᠤ᠂ ︽ᠰᠢᠨ᠎ᠡ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠭᠤᠷᠪᠠᠳᠤᠭᠠᠷ ᠰᠠᠮᠪᠠᠷ᠎ᠠ︾  ᠳᠤ  ᠫᠠᠶᠢᠰᠠ ᠡᠯᠭᠦᠭᠰᠡᠨ ᠠᠵᠤ ᠠᠬᠤᠶᠢᠯᠠᠯ ︵ᠵᠢᠶᠠᠨ ᠯᠦᠩ ᠺᠣᠮᠫᠠᠨᠢ︶ ᠨᠢᠭᠡ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠪᠠᠶᠢᠵᠤ  ᠂ ᠥᠪᠥᠷ ᠮᠣᠩᠭᠤᠯ ᠤᠨ ᠰᠲ᠋ᠣᠺ ᠤᠨ ᠠᠷᠠᠯᠵᠢᠶᠠᠨ ᠤ ᠲᠥᠪ ᠲᠤ ᠫᠠᠶᠢᠰᠠ ᠡᠯᠭᠦᠵᠦ ᠪᠠᠶᠢᠭ᠎ᠠ ᠠᠵᠤ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠠᠬᠤᠶᠢᠯᠠᠯ 15 ᠪᠠᠶᠢᠨ᠎ᠠ᠃ ᠥᠪᠥᠷ ᠮᠣᠩᠭᠤᠯ ᠤᠨ ᠰᠲ᠋ᠣᠺ ᠤᠨ ᠠᠷᠠᠯᠵᠢᠶᠠᠨ ᠤ ᠲᠥᠪ ᠲᠤ ᠨᠡᠷ᠎ᠡ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠲᠡᠮᠳᠡᠭᠯᠡᠭᠦᠯᠬᠦ ᠪᠠᠷ ᠴᠢᠷᠮᠠᠶᠢᠵᠤ ᠪᠠᠶᠢᠭ᠎ᠠ ᠠᠵᠤ ᠠᠬᠤᠶᠢᠯᠠᠯ ᠭᠤᠷᠪᠠ ᠪᠠᠶᠢᠬᠤ ᠮᠦᠷᠳᠡᠭᠡᠨ ᠥᠪᠥᠷ ᠮᠣᠩᠭᠤᠯ ᠤᠨ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠰᠲ᠋ᠣᠺ ᠤᠨ ᠠᠷᠠᠯᠵᠢᠶᠠᠨ ᠤ ᠲᠥᠪ ᠲᠤ ᠲᠣᠭᠲᠠᠬᠤ ᠰᠢᠶᠠᠨ ᠤ ᠠᠵᠢᠯ ᠤᠨ ᠦᠷᠳᠡᠭᠡ ᠪᠠᠶᠢᠭᠤᠯᠬᠤ ᠪᠠᠷ  < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠲᠦᠰᠦᠪᠯᠡᠵᠤ ᠵᠢᠱᠢᠯᠲᠡ ᠪᠠᠷ ᠵᠢᠯ ᠤᠨ ᠳᠣᠲᠣᠷ᠎ᠠ ᠪᠡᠶᠡᠯᠡᠭᠳᠡᠨ᠎ᠡ᠃ ᠥᠪᠡᠷᠲᠡᠭᠡᠨ ᠵᠠᠰᠠᠬᠤ ᠣᠷᠣᠨ᠂ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠬᠥᠬᠡᠬᠤᠲᠠ ᠶᠢᠨ ᠠᠵᠤ ᠠᠬᠤᠶᠢᠯᠠᠯ ᠢ ᠵᠣᠷᠢᠭᠵᠢᠭᠤᠯᠤᠨ ᠲᠡᠮᠵᠢᠵᠤ ᠪᠠᠶᠢᠭᠠᠳ ᠵᠠᠬ᠎ᠠ ᠳᠡᠯᠭᠡᠭᠦᠷ ᠲᠤ ᠭᠠᠷᠴᠤ ᠪᠡᠯᠡ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠬᠤᠷᠠᠮᠳᠠᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠶᠣᠰᠣᠭᠠᠷ ᠮᠠᠨ ᠤ ᠰᠢᠶᠠᠨ ᠤ ᠵᠠᠬ᠎ᠠ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠳᠡᠯᠭᠡᠭᠦᠷ ᠲᠤ ᠭᠠᠷᠭᠠᠬᠤ ᠪᠠ ᠰᠢᠭᠤᠳ ᠪᠡᠯᠡ ᠬᠤᠷᠠᠮᠳᠠᠭᠤᠯᠭ᠎ᠠ ᠶᠢᠨ ᠠᠵᠢᠯ ᠢ ᠦᠷᠭᠦᠯᠵᠢᠯᠡᠨ ᠲᠦᠯᠬᠢᠨ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠠᠬᠢᠭᠤᠯᠵᠤ᠂ ᠲᠣᠭᠲᠠᠬᠤ ᠰᠢᠶᠠᠨ ᠤ ᠨᠤᠲᠤᠭ ᠤᠰᠤᠨ ᠤ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠪᠤᠢ ᠪᠤᠯᠭᠠᠬᠤ ᠶᠢᠨ ᠲᠦᠯᠦᠭᠡ  ᠴᠢᠷᠮᠠᠶᠢᠵᠤ ᠪᠠᠶᠢᠨ᠎ᠠ᠃ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >      ﹇ᠬᠥᠲᠥᠯᠥᠭᠴᠢ﹈ ᠲᠣᠭᠲᠠᠬᠤ ᠶᠢᠨ ᠬᠥᠭᠵᠢᠯᠲᠡ ᠶᠢ ᠪᠢᠳᠡ ᠦᠷᠭᠦᠯᠵᠢᠯᠡᠨ ᠠᠩᠬᠠᠷᠴᠤ᠂ ᠢᠷᠡᠭᠡᠳᠤᠢ ᠶᠢᠨ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠲᠤᠭᠳᠠᠬᠤ ᠨᠡᠩ ᠰᠠᠶᠢᠨ ᠰᠠᠶᠢᠬᠠᠨ ᠪᠤᠯᠬᠤ ᠶᠢ ᠵᠦᠩᠨᠡᠵᠦ ᠪᠠᠶᠢᠨ᠎ᠠ︕ ᠲᠠᠷᠤᠭ᠎ᠠ ᠲᠠᠨ ᠳᠤ ᠪᠠᠶᠠᠷᠯᠠᠯ᠎ᠠ  < ᠲᠠᠷᠢᠶᠠᠯᠠᠩ  ᠳᠤ ᠲᠤᠰᠠᠯᠠᠬᠤ ᠵᠢᠭᠡᠯᠡᠯᠭᠡ >    [ ᠬᠠᠮᠢᠶᠠᠷᠤᠭᠴᠢ ] ᠬᠥᠬᠡᠬᠤᠲᠠ ᠶᠢᠨ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠲᠤᠰᠢᠶᠠᠯ  < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠡᠭᠦᠷᠭᠡᠯᠡᠭᠰᠡᠨ ᠳᠡᠳ᠋ ᠳᠠᠷᠤᠭ᠎ᠠ ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠲᠣᠭᠲᠠᠬᠤ ᠰᠢᠶᠠᠨ ᠤ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠰᠠᠯᠪᠤᠷᠢ ᠪᠠᠩᠬᠢ ᠶᠢᠨ ᠳᠠᠷᠤᠭ᠎ᠠ ᠵᠠᠩ ᠸᠧᠨ ᠵᠤ᠋ ᠨᠦᠬᠦᠷ ᠲᠤ ᠪᠠᠶᠠᠷᠯᠠᠯ᠎ᠠ  ᠂ ᠰᠦᠯᠵᠢᠶᠡᠨ ᠤ ᠠᠨᠳᠠ ᠨᠠᠷ ᠤᠨ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠠᠩᠬᠠᠷᠤᠯ  ᠲᠠᠯᠪᠢᠨ ᠢᠳᠡᠪᠬᠢᠳᠡᠢ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ < ᠲᠠᠷᠢᠶᠠᠯᠠᠩ  ᠳᠤ ᠲᠤᠰᠠᠯᠠᠬᠤ ᠵᠢᠭᠡᠯᠡᠯᠭᠡ >ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂  ᠪᠠᠶᠠᠷᠯᠠᠯ᠎ᠠ  ︕
 
ᠢᠷᠡᠯᠲᠡ᠄ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号