ᠬᠦᠬᠡᠬᠤᠳᠠ ᠶᠢᠨ ᠬᠠᠪᠤᠷ ᠤᠨ ᠤᠯᠠᠷᠢᠯ ᠤᠨ ᠪᠠᠭᠰᠢ ᠶᠢᠨ ᠬᠢᠷᠢ ᠬᠡᠮ ᠢ ᠳᠤᠭᠳᠠᠭᠠᠬᠤ ᠠᠵᠢᠯ 5 ᠰᠠᠷ᠎ᠠ ᠶᠢᠨ 7 ᠠᠴᠠ ᠡᠬᠢᠯᠡᠨ᠎ᠡ
ᠨᠡᠶᠢᠲᠡᠯᠡᠭᠰᠡᠨ ᠴᠠᠭ᠄
2018-05-02
      ᠬᠦᠬᠡᠬᠤᠳᠠ ᠶᠢᠨ ᠰᠤᠷᠭᠠᠨ ᠬᠦᠮᠦᠵᠢᠯ ᠤᠨ ᠳᠤᠪᠴᠢᠶ᠎ᠡ ᠠᠴᠠ ᠤᠢᠢᠯᠠᠭᠠᠭᠰᠠᠨ ᠢᠶᠠᠷ᠂ ᠬᠦᠬᠡᠬᠤᠳᠠ ᠶᠢᠨ 2018 ᠤᠨ ᠤ ᠬᠠᠪᠤᠷ ᠤᠨ ᠤᠯᠠᠷᠢᠯ ᠤᠨ ᠪᠠᠭᠰᠢ ᠶᠢᠨ ᠬᠢᠷᠢ ᠬᠡᠮ ᠢ ᠳᠤᠭᠳᠠᠭᠠᠬᠤ ᠠᠵᠢᠯ 5 ᠰᠠᠷ᠎ᠠ ᠶᠢᠨ 7 ᠠᠴᠠ ᠡᠬᠢᠯᠡᠨ᠎ᠡ᠃ ᠭᠤᠶᠤᠴᠢᠯᠠᠭᠴᠢ ︽ᠳᠤᠮᠳᠠᠳᠤ ᠤᠯᠤᠰ ᠤᠨ ᠪᠠᠭᠰᠢ ᠶᠢᠨ ᠬᠢᠷᠢ ᠬᠡᠮ ᠤᠨ ᠰᠦᠯᠵᠢᠶ᠎ᠠ︾ ᠳᠤ ᠭᠠᠷᠴᠤ ᠨᠡᠷ᠎ᠡ ᠮᠡᠳᠡᠬᠦᠯᠦᠨ᠎ᠡ᠃      5 ᠰᠠᠷ᠎ᠠ ᠶᠢᠨ 7 ᠠᠴᠠ 16 ᠤ ᠡᠳᠦᠷ ᠪᠤᠯᠳᠠᠯ᠎ᠠ᠂ ᠭᠤᠶᠤᠴᠢᠯᠠᠭᠴᠢ ᠰᠦᠯᠵᠢᠶᠡᠨ ᠳᠡᠬᠡᠷ᠎ᠡ ᠨᠡᠷ᠎ᠡ ᠮᠡᠳᠡᠬᠦᠯᠵᠦ᠂ 5 ᠰᠠᠷ᠎ᠠ ᠶᠢᠨ 8 ᠠᠴᠠ 17 ᠪᠤᠯᠳᠠᠯ᠎ᠠ ︵9᠄ 00 — 17᠄ 00 ᠪᠤᠯᠳᠠᠯ᠎ᠠ ᠠᠯᠪᠠᠯᠠᠨ᠎ᠠ᠂ ᠭᠠᠷᠠᠭ ᠪᠤᠯᠭᠠᠨ ᠤ ᠭᠠᠷᠠᠭ ᠤᠨ ᠳᠠᠪᠤᠨ ᠳᠤ ᠠᠯᠪᠠᠯᠠᠬᠤ ᠦᠬᠡᠢ︶ ᠳᠤᠬᠠᠢ ᠶᠢᠨ ᠳᠠᠯᠠᠪᠠᠢ ᠳᠤ ᠬᠦᠷᠴᠦ ᠨᠤᠳᠠᠯᠠᠯᠳᠠ ᠬᠢᠨ᠎ᠡ᠃      ᠭᠤᠶᠤᠴᠢᠯᠠᠭᠴᠢ ︽ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠬᠡᠮ︾᠂ ︽ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠪᠠᠭᠰᠢ ᠶᠢᠨ ᠬᠢᠷᠢ ᠬᠡᠮ︾᠂ ︽ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠳᠠᠳᠤᠯᠭ᠎ᠠ ᠶᠢᠨ ᠵᠢᠯᠤᠭᠤᠳᠤᠭᠴᠢ ᠪᠠᠭᠰᠢ ᠶᠢᠨ ᠬᠢᠷᠢ ᠬᠡᠮ︾ ᠢ ᠳᠤᠭᠳᠠᠭᠠᠯᠭᠠᠬᠤ ᠪᠠᠷ ᠭᠤᠶᠤᠴᠢᠯᠠᠪᠠᠯ᠂ ᠬᠦᠬᠡᠬᠤᠳᠠ ᠶᠢᠨ ᠰᠤᠷᠭᠠᠨ ᠬᠦᠮᠦᠵᠢᠯ ᠤᠨ ᠳᠤᠪᠴᠢᠶ᠎ᠠ ᠶᠢ ᠰᠤᠩᠭᠤᠬᠤ ᠬᠡᠷᠡᠭᠳᠡᠢ᠃ ︽ᠠᠩᠬ᠎ᠠ ᠳᠤᠮᠳᠠᠳᠤ ᠶᠢᠨ ᠪᠠᠭᠰᠢ ᠶᠢᠨ ᠬᠢᠷᠢ ᠬᠡᠮ︾᠂ ︽ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ︾᠂ ︽ᠴᠡᠴᠡᠷᠯᠢᠭ ᠤᠨ ᠪᠠᠭᠰᠢ ᠶᠢᠨ ᠬᠢᠷᠢ ᠬᠡᠮ︾ ᠢ ᠳᠤᠭᠳᠠᠭᠠᠯᠭᠠᠬᠤ ᠪᠠᠷ ᠭᠤᠶᠤᠴᠢᠯᠠᠪᠠᠯ᠂ ᠡᠷᠦᠬᠡ ᠠᠮᠠ ᠶᠢᠨ ᠬᠠᠷᠢᠶ᠎ᠠ ᠪᠤᠶᠤ ᠪᠠᠭᠰᠢᠯᠠᠵᠤ ᠪᠠᠶᠢᠬᠤ ᠰᠤᠷᠭᠠᠭᠤᠯᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠳᠤᠭᠤᠷᠢᠭ ᠤᠨ ᠰᠤᠷᠭᠠᠨ ᠬᠦᠮᠦᠵᠢᠯ ᠤᠨ ᠳᠤᠪᠴᠢᠶ᠎ᠠ ᠶᠢ ᠰᠤᠩᠭᠤᠬᠤ ᠬᠡᠷᠡᠭᠳᠡᠢ᠃ ᠭᠤᠶᠤᠴᠢᠯᠠᠭᠴᠢ ᠪᠡᠶ᠎ᠠ ᠶᠢᠨ ᠦᠨᠡᠮᠯᠡᠯ᠂ ᠳᠡᠬᠦᠰᠬᠦ ᠦᠨᠡᠮᠯᠡᠯ᠂ ᠨᠡᠶᠢᠳᠡᠯᠢᠭ ᠬᠡᠯᠡᠨ ᠤ ᠰᠢᠯᠭᠠᠨ ᠪᠠᠶᠢᠴᠠᠭᠠᠯᠳᠠ ᠶᠢᠨ ᠳᠡᠰ ᠳᠡᠪᠰᠢᠬᠦ ᠦᠨᠡᠮᠯᠡᠯ ᠵᠡᠷᠬᠡ ᠬᠤᠯᠪᠤᠭᠳᠠᠯ ᠪᠦᠬᠦᠢ ᠮᠠᠲ᠋ᠧᠷᠢᠶᠠᠯ ᠢᠶᠠᠨ ᠠᠪᠴᠤ ᠬᠦᠬᠡᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠲᠦᠷᠪᠡᠳᠦᠬᠡᠷ ᠳᠠᠪᠬᠤᠷᠭ᠎ᠠ ᠶᠢᠨ ᠰᠤᠷᠭᠠᠨ ᠬᠦᠮᠦᠵᠢᠯ ᠤᠨ ᠳᠤᠪᠴᠢᠶ᠎ᠠ ᠶᠢᠨ ᠴᠤᠩᠬᠤᠨ ᠳᠤ ᠠᠬᠤᠢ ᠳᠠᠯᠠᠪᠠᠢ ᠶᠢᠨ ᠯᠠᠪᠯᠠᠯᠳᠠ ᠬᠢᠵᠦ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号