4 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ | ᠹᠧᠩ ᠢᠦᠶ ᠵᠧᠨ ᠬᠤᠳᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠲᠦᠯᠬᠢᠨ | ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠣᠳᠣᠯᠠᠬᠤ ᠳᠠᠭᠠᠨ ᠴᠢᠬᠤᠯᠠᠴᠢᠯᠠᠭᠰᠠᠨ ᠨᠢ᠂ ᠴᠡᠴᠡᠷᠯᠢᠭ ᠤᠨ | ᠨᠣᠭᠤᠭᠠᠷᠠᠭᠤᠯᠤᠯᠲᠠ ᠨᠢ ᠬᠤᠳᠠ ᠶᠢᠨ ᠲᠥᠷᠬᠦ ᠪᠠᠶᠢᠳᠠᠯ ᠢ ᠳᠡᠭᠡᠭᠰᠢᠯᠡᠭᠦᠯᠬᠦ ᠠᠰᠢᠭᠲᠠᠢ ᠠᠷᠭ᠎ᠠ ᠪᠠᠷᠢᠯ ᠪᠣᠯᠣᠭᠰᠠᠨ | ᠤ ᠬᠤᠪᠢ ᠳᠤ ᠂ ᠪᠦᠲᠦᠭᠡᠨ ᠪᠠᠶᠢᠭᠤᠯᠤᠯᠲᠠ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ | ᠱᠠᠲᠤᠨ ᠤ ᠡᠯ᠎ᠡ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠭᠤᠣᠯᠳᠠᠯᠭ᠎ᠠ ᠲᠠᠢ ᠣᠷᠣᠨ ᠪᠦᠰᠡ ᠪᠣᠯᠤᠨ ᠵᠠᠩᠭᠢᠯᠠᠭ᠎ᠠ ᠶᠢᠨ ᠴᠢᠭ᠋ ᠤᠨ ᠦᠵᠡᠮᠵᠢ ᠶᠢ ᠳᠡᠰ | ᠳᠡᠪᠰᠢᠭᠦᠯᠦᠨ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠢ ᠬᠢᠵᠦ ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ | ᠨᠠᠷᠢᠯᠢᠭ ᠬᠠᠮᠢᠶᠠᠷᠤᠯᠲᠠ ᠶᠢᠨ ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠴᠢᠷᠮᠠᠶᠢᠨ ᠠᠬᠢᠭᠤᠯᠵᠤ᠂ | ᠬᠤᠳᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠠᠵᠢᠯ ᠤᠨ ᠵᠡᠷᠭᠡ ᠲᠡᠰ ᠢ ᠳᠡᠭᠡᠭᠰᠢᠯᠡᠭᠦᠯᠦᠨ ᠰᠢᠨ᠎ᠡ ᠬᠢᠷᠢ | ᠲᠥᠪᠰᠢᠨ ᠳᠤ ᠬᠦᠷᠭᠡᠬᠦ ᠬᠡᠷᠡᠭᠲᠡᠢ ᠭᠡᠪᠡ ᠃ | ᠳᠡᠳ᠋ ᠬᠤᠲᠠ ᠶᠢᠨ ᠳᠠᠷᠤᠭ᠎ᠠ ᠵᠧᠦ ᠴᠢᠶᠠᠩ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠳᠡᠳ᠋ | ᠲᠡᠷᠢᠭᠦᠯᠦᠭᠴᠢ ᠰᠥᠩ ᠾᠦᠢ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ | ᠪᠠᠷ᠎ᠠ ᠪᠣᠯᠪᠠ ᠃ | ᠹᠧᠩ ᠢᠦᠶ ᠵᠧᠨ ᠨᠠᠷ ᠡᠳ᠋ ᠤᠨ ᠵᠠᠰᠠᠭ ᠤᠨ ᠳᠡᠭᠡᠳᠦ ᠰᠤᠷᠭᠠᠭᠤᠯᠢ ᠶᠢᠨ ᠵᠡᠭᠦᠨ ᠬᠤᠷᠢᠶᠠᠯᠠᠯ ᠂ ᠰᠢᠨ᠎ᠡ | ᠲᠣᠰᠬᠤᠨ ᠬᠤᠷᠢᠶᠠᠯᠠᠯ ᠂ ᠬᠠᠶᠢᠯᠠᠷ ᠪᠠᠷᠠᠭᠤᠨ ᠵᠠᠮ ᠤᠨ ᠴᠡᠷᠢᠭ ᠤᠨ ᠬᠤᠷᠢᠶᠠᠯᠠᠯ ᠵᠡᠷᠭᠡ ᠰᠠᠭᠤᠭᠠᠯᠢ ᠠᠷᠠᠳ | ᠤᠨ ᠬᠤᠷᠢᠶᠠᠯᠠᠯ ᠤᠨ ᠨᠣᠭᠤᠭᠠᠷᠠᠭᠤᠯᠤᠯᠲᠠ ᠤᠨ ᠪᠠᠶᠢᠳᠠᠯ ᠪᠣᠯᠣᠨ ᠬᠥᠬᠡᠬᠤᠲᠠ ᠴᠡᠴᠡᠷᠯᠢᠭ ᠤᠨ ᠭᠠᠳᠠᠷ ᠬᠡᠷᠡᠮ ᠢ | ᠨᠤᠷᠠᠭᠠᠭᠰᠠᠨ ᠪᠠᠶᠢᠳᠠᠯ ᠂ ᠪᠣᠣ ᠴᠢᠦᠸᠠᠨ ᠵᠡᠭᠡᠯᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ | ᠪᠠᠶᠢᠭᠤᠯᠤᠯᠲᠠ ᠶᠢᠨ ᠪᠠᠶᠢᠳᠠᠯ ᠳᠤ ᠭᠦᠨᠵᠡᠭᠡᠶᠢᠷᠡᠵᠦ ᠂ ᠲᠣᠭᠤᠷᠢᠨ ᠦᠵᠡᠬᠦ ᠶᠠᠪᠤᠴᠠ ᠳᠠᠭᠠᠨ ᠡᠯ᠎ᠡ ᠲᠥᠷᠥᠯ ᠵᠦᠢᠯ | ᠤᠨ ᠲᠠᠨᠢᠯᠴᠠᠭᠤᠯᠭ᠎ᠠ ᠂ ᠲᠥᠯᠥᠪᠯᠡᠭᠡ ᠪᠠ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠲᠤᠬᠠᠢ ᠨᠠᠷᠢᠨ | ᠠᠰᠠᠭᠤᠵᠤ ᠣᠶᠢᠯᠭᠠᠭᠰᠠᠨ ᠮᠥᠷᠲᠡᠭᠡᠨ ᠬᠤᠲᠠ ᠶᠢᠨ ᠳᠥᠷᠪᠡᠨ ᠲᠣᠭᠤᠷᠢᠭ ᠪᠣᠯᠣᠨ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠠᠢ ᠶᠠᠷᠢᠯᠴᠠᠨ ᠰᠣᠳᠣᠯᠠᠵᠤ ᠠᠵᠢᠯ ᠤᠨ ᠠᠬᠢᠴᠠ ᠳᠤᠮᠳᠠ | ᠲᠣᠬᠢᠶᠠᠯᠳᠤᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ ᠃ | ᠥᠩᠭᠡ ᠶᠢᠨ ᠴᠡᠴᠡᠭ ᠰᠣᠯᠣᠩᠭᠠᠷᠠᠵᠤ ᠣᠨᠴᠠ ᠶᠢᠨ ᠦᠵᠡᠮᠵᠢ ᠪᠦᠷᠢᠳᠦᠭᠰᠡᠨ ᠰᠠᠭᠤᠭᠠᠯᠢ ᠠᠷᠠᠳ ᠤᠨ | ᠬᠤᠷᠢᠶᠠᠯᠠᠯ ᠢᠶᠠᠷ ᠲᠣᠭᠤᠷᠢᠵᠤ ᠶᠠᠪᠤᠬᠤ ᠳᠠᠭᠠᠨ ᠹᠧᠩ ᠢᠦᠶ ᠵᠧᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠤᠨ ᠬᠠᠷᠢᠭᠤᠴᠠᠯᠭᠠᠲᠠᠳ ᠲᠠᠢ ᠳᠣᠲᠣᠨᠣᠰᠢᠭ ᠶᠠᠷᠢᠯᠴᠠᠵᠤ ᠂ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ | ᠵᠡᠷᠭᠡ ᠳᠤᠨᠢ ᠠᠳᠬᠤᠵᠤ ᠂ ᠤᠬᠠᠭᠤᠯᠤᠨ ᠵᠢᠯᠣᠭᠤᠳᠬᠤ ᠪᠠᠷ ᠳᠠᠮᠵᠢᠨ ᠬᠤᠲᠠ ᠶᠢᠨ ᠠᠷᠠᠳ ᠤᠨ | ᠨᠣᠭᠤᠭᠠᠷᠠᠭᠤᠯᠤᠯᠲᠠ ᠶᠢ ᠬᠠᠶᠢᠷᠠᠯᠠᠵᠤ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ ᠂ ᠣᠯᠠᠨ ᠲᠦᠮᠡᠨ ᠤ | ᠥᠪᠡᠷ ᠤᠨ ᠭᠡᠷ ᠣᠷᠣᠨ ᠢᠶᠠᠨ ᠬᠠᠶᠢᠷᠠᠯᠠᠵᠤ ᠬᠠᠮᠠᠭᠠᠯᠠᠬᠤ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ | ᠢ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠵᠠᠬᠢᠵᠤ ᠪᠠᠶᠢᠪᠠ ᠃ | ᠬᠥᠬᠡᠬᠤᠲᠠ ᠴᠡᠴᠡᠷᠯᠢᠭ ᠭᠠᠳᠠᠷ ᠬᠡᠷᠡᠮ ᠦᠭᠡᠢ ᠪᠣᠯᠣᠭᠰᠠᠨ ᠠᠴᠠ ᠬᠥᠮᠥᠰ ᠴᠡᠴᠡᠷᠯᠢᠭ ᠲᠤ ᠴᠢᠯᠦᠭᠡᠲᠡᠢ | ᠵᠢᠭᠤᠯᠴᠢᠯᠠᠵᠤ ᠂ ᠬᠠᠪᠤᠷ ᠤᠨ ᠦᠵᠡᠮᠵᠢ ᠳᠤ ᠰᠣᠭᠲᠣᠭᠤᠷᠠᠨ᠎ᠠ ᠃ ᠹᠧᠩ ᠢᠦᠶ ᠵᠧᠨ ᠶᠠᠪᠤᠳᠠᠯ ᠳᠤᠮᠳᠠ ᠪᠠᠨ | ᠴᠡᠴᠡᠷᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ | ᠶᠠᠷᠢᠯᠴᠠᠵᠤ ᠂ ᠠᠵᠢᠯ ᠤᠨ ᠬᠦᠴᠦᠯᠡᠴᠡ ᠪᠡᠨᠤᠯᠠᠮ ᠨᠢᠭᠡ ᠠᠯᠬᠤᠮ ᠴᠢᠩᠭᠠᠳᠬᠠᠵᠤ ᠂ ᠴᠡᠴᠡᠷᠯᠢᠭ ᠤᠨ ᠭᠠᠳᠠᠷ | ᠬᠡᠷᠡᠮ ᠢ ᠨᠤᠷᠠᠭᠠᠨ ᠨᠣᠭᠤᠭᠠᠷᠠᠭᠤᠯᠤᠯᠲᠠ ᠶᠢ ᠢᠯᠡ ᠭᠠᠷᠭᠠᠨ ᠨᠡᠩ ᠣᠯᠠᠨ ᠬᠦᠮᠥᠨ ᠳᠤ ᠵᠣᠯ ᠵᠢᠷᠭᠠᠯᠲᠤ | ᠰᠡᠳᠬᠢᠯᠭᠡ ᠂ ᠬᠦᠷᠲᠡᠮᠵᠢᠲᠦ ᠰᠡᠳᠬᠢᠯᠭᠡ ᠣᠯᠭᠤᠬᠤ ᠬᠡᠷᠡᠭᠲᠡᠢ ᠭᠡᠪᠡ ᠃ | ᠹᠧᠩ ᠢᠦᠶ ᠵᠧᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠂ ᠡᠯ᠎ᠡ ᠱᠠᠲᠤᠨ ᠤ | ᠡᠯ᠎ᠡ ᠰᠠᠯᠠᠭ᠎ᠠ ᠮᠥᠴᠢᠷ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠢᠮᠳᠠ ᠪᠥᠭᠡᠳ ᠬᠡᠷᠡᠭᠴᠡᠭᠡ | ᠳᠤ ᠲᠣᠬᠢᠷᠠᠭᠰᠠᠨ ᠂ ᠥᠩᠭᠡ ᠦᠵᠡᠮᠵᠢ ᠶᠢ ᠬᠤᠣᠰᠯᠠᠭᠤᠯᠬᠤ ᠵᠠᠷᠴᠢᠮ ᠶᠣᠰᠣᠭᠠᠷ ᠨᠣᠭᠤᠭᠠᠷᠠᠭᠤᠯᠤᠯᠲᠠ ᠶᠢᠨ | ᠡᠪᠡᠰᠦ ᠤᠷᠭᠤᠮᠠᠯ ᠤᠨ ᠲᠥᠷᠥᠯ ᠵᠦᠢᠯ ᠢ ᠵᠣᠬᠢᠰᠲᠠᠢ ᠲᠣᠬᠢᠷᠠᠭᠤᠯᠵᠤ ᠂ ᠢᠭᠴᠤ ᠰᠡᠶᠢᠷᠡᠭ ᠥᠩᠭᠡ ᠪᠣᠳᠤᠭ | ᠵᠣᠬᠢᠴᠠᠭᠰᠠᠨ ᠦᠷ᠎ᠡ ᠳ᠋ᠦᠩ ᠢ ᠪᠤᠢ ᠪᠣᠯᠭᠠᠨ ᠂ ᠬᠤᠲᠠ ᠶᠢᠨ ᠨᠣᠭᠤᠭᠠᠷᠠᠭᠤᠯᠤᠯᠲᠠ ᠶᠢᠨ ᠳᠠᠪᠬᠤᠷᠭᠠᠲᠤ | ᠮᠡᠳᠡᠷᠡᠮᠵᠢ ᠂ ᠪᠡᠶᠡᠴᠢ ᠮᠡᠳᠡᠷᠡᠮᠵᠢ ᠪᠣᠯᠣᠨ ᠦᠵᠡᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠬᠡᠷᠡᠭᠲᠡᠢ ᠭᠡᠪᠡ ᠃ | ᠹᠧᠩ ᠢᠦᠶ ᠵᠧᠨ ᠴᠢᠬᠤᠯᠠᠴᠢᠯᠠᠭᠰᠠᠨ ᠨᠢ ᠂ ᠨᠣᠭᠤᠭᠠᠷᠠᠭᠤᠯᠤᠯᠲᠠ ᠤᠨ ᠬᠠᠮᠢᠶᠠᠷᠤᠯᠲᠠ ᠬᠠᠮᠠᠭᠠᠯᠠᠯᠲᠠ ᠶᠢᠨ | ᠳᠠᠷᠤᠭ᠎ᠠ ᠶᠢᠨ ᠪᠠᠶᠢᠩᠭᠤ ᠶᠢᠨ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ ᠂ | ᠬᠤᠲᠠ ᠲᠣᠭᠤᠷᠢᠭ ᠵᠡᠭᠡᠯᠢ ᠭᠤᠳᠣᠮᠵᠢ ᠶᠢᠨ ᠬᠠᠷᠢᠯᠴᠠᠨ ᠬᠥᠳᠡᠯᠦᠯᠴᠡᠯ ᠢ ᠪᠡᠶᠡᠯᠡᠭᠦᠯᠵᠦ ᠂ ᠠᠷᠠᠴᠢᠯᠠᠵᠤ | ᠬᠠᠮᠠᠭᠠᠯᠠᠬᠤ ᠶᠢ ᠨᠠᠷᠢᠯᠢᠭᠵᠢᠭᠤᠯᠬᠤ ᠶᠢ ᠦᠨᠡᠨᠬᠦ ᠴᠢᠩᠭᠠᠳᠬᠠᠬᠤ ᠬᠡᠷᠡᠭᠲᠡᠢ ᠃ ᠵᠠᠰᠠᠭ ᠵᠠᠬᠢᠷᠭ᠎ᠠ ᠂ ᠬᠠᠤᠯᠢ | ᠴᠠᠭᠠᠵᠠ ᠵᠡᠷᠭᠡ ᠶᠡᠷᠥᠩᠬᠡᠶᠢᠯᠡᠭᠰᠡᠨ ᠠᠷᠭ᠎ᠠ ᠪᠠᠷᠢᠯ ᠢ ᠠᠪᠴᠤ ᠴᠡᠴᠡᠷᠯᠢᠭ ᠤᠨ ᠨᠣᠭᠤᠭᠠᠷᠠᠭᠤᠯᠤᠯᠲᠠ ᠤᠨ | ᠬᠠᠮᠠᠭᠠᠯᠠᠯᠲᠠ ᠶᠢ ᠴᠢᠩᠭᠠᠳᠬᠠᠨ ᠂ ᠡᠯ᠎ᠡ ᠵᠦᠢᠯ ᠤᠨ ᠴᠡᠴᠡᠷᠯᠢᠭ ᠤᠨ ᠨᠣᠭᠤᠭᠠᠷᠠᠭᠤᠯᠤᠯᠲᠠ ᠢ ᠡᠪᠳᠡᠭᠰᠡᠨ | ᠠᠵᠢᠯᠯᠠᠭ᠎ᠠ ᠳᠤ ᠬᠠᠤᠯᠢ ᠶᠣᠰᠣᠭᠠᠷ ᠰᠢᠢᠳᠪᠦᠷᠢ ᠥᠭᠬᠦ ᠬᠡᠷᠡᠭᠲᠡᠢ ᠃ ᠣᠯᠠᠨ ᠲᠦᠮᠡᠨ ᠣᠷᠣᠯᠴᠠᠬᠤ | ᠲᠣᠭᠲᠠᠴᠠ ᠶᠢ ᠪᠦᠷᠢᠯᠳᠦᠭᠦᠯᠵᠦ ᠂ ᠣᠯᠠᠨ ᠲᠦᠮᠡᠨ ᠤ ᠢᠳᠡᠪᠬᠢᠵᠢᠯ ᠢ ᠭᠦᠢᠴᠡᠳ ᠪᠠᠳᠠᠷᠠᠭᠤᠯᠵᠤ ᠂ ᠬᠤᠲᠠ | ᠶᠢᠨ ᠠᠷᠠᠳ ᠢᠷᠭᠡᠨ ᠪᠥᠬᠦᠨ ᠢ ᠦᠵᠡᠮᠵᠢᠲᠦ ᠰᠠᠶᠢᠬᠠᠨ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠳᠤ | ᠠᠭᠤᠰᠬᠠᠨ ᠣᠷᠣᠭᠤᠯᠬᠤ ᠬᠡᠷᠡᠭᠲᠡᠢ ᠭᠡᠪᠡ ᠃ ︵ᠰᠤᠷᠪᠤᠯᠵᠢᠯᠠᠭᠴᠢ ᠹᠧᠩ ᠶᠠᠨ ᠫᠢᠩ︶ |