ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2018-05-02
               ᠬᠥᠬᠡᠬᠤᠲᠠ ᠵᠠᠰᠠᠭ ᠲᠠᠷᠬᠠᠭᠠᠭᠰᠠᠨ ﹇2018﹈ 7 ᠳ᠋ᠤᠭᠠᠷ ᠲᠣᠭᠠᠲᠤ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ :      ︽ᠭᠤᠣᠯᠳᠠᠯᠭ᠎ᠠ ᠲᠠᠢ ᠬᠥᠮᠥᠰ ᠤᠨ ᠠᠮᠢᠵᠢᠷᠠᠯ ᠤᠨ ᠬᠦᠴᠦᠨ ᠢ ᠬᠥᠭᠵᠢᠭᠡᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ︵ᠲᠥᠷᠥ ᠲᠠᠷᠬᠠᠭᠠᠭᠰᠠᠨ ︹ 2016 ︺ 56 ᠳ᠋ᠤᠭᠠᠷ ᠲᠣᠭᠠᠲᠤ︶᠂ ︽ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ︵ᠥᠪᠥᠷ ᠵᠠᠰᠠᠭ ᠲᠠᠷᠬᠠᠭᠠᠭᠰᠠᠨ ﹇2017︶ 49 ᠳ᠋ᠦᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠤᠳᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠢᠵᠠᠭᠠᠷ ᠱᠤᠭᠤᠮ ᠢ ᠪᠠᠲᠤ ᠰᠠᠬᠢᠵᠤ᠂ ᠪᠦᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠵᠢᠯᠯᠠᠬᠤ ᠢᠳᠡᠪᠬᠢᠵᠢᠯ᠂ ᠰᠠᠨᠠᠭᠠᠴᠢᠯᠠᠭᠠᠲᠤ ᠰᠡᠳᠬᠢᠯᠭᠡ᠂ ᠪᠦᠲᠦᠭᠡᠯᠴᠢ ᠴᠢᠨᠠᠷ ᠢ ᠬᠥᠭᠵᠢᠭᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠯᠢᠶᠡᠳ ᠲᠦᠷᠭᠡᠨ ᠨᠡᠮᠡᠭᠳᠡᠭᠦᠯᠬᠦ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠴᠢᠬᠤᠯᠠ ᠲᠦᠰᠢᠭ ᠲᠤᠯᠭᠠᠭᠤᠷᠢ ᠪᠣᠯᠭᠠᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠦᠨᠳᠦᠰᠦᠨ ᠪᠠᠶᠢᠳᠠᠯ᠃ ᠣᠳᠣᠬᠠᠨ᠂ ᠠᠵᠤ ᠠᠬᠤᠶ ᠨᠢᠭᠡᠨᠲᠡ ᠳᠡᠭᠡᠳᠦ ᠬᠤᠷᠳᠤᠴᠠ ᠪᠠᠷ ᠨᠡᠮᠡᠭᠳᠡᠵᠦ ᠪᠠᠶᠢᠭᠰᠠᠨ ᠱᠠᠲᠤ ᠦᠶ᠎ᠡ ᠠᠴᠠ ᠪᠠᠨ ᠳᠡᠭᠡᠳᠦ ᠶᠠᠰᠤ ᠴᠢᠨᠠᠷ ᠲᠠᠢ ᠬᠥᠭᠵᠢᠬᠦ ᠱᠠᠳᠤ ᠦᠶ᠎ᠡ ᠳᠤ ᠰᠢᠯᠵᠢᠵᠦ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠲᠦᠷᠭᠡᠨ ᠪᠤᠶᠢᠵᠢᠵᠤ᠂ ᠰᠢᠨ᠎ᠡ ᠬᠥᠳᠡᠯᠭᠡᠭᠴᠢ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠠᠮᠵᠢᠯᠠᠯᠲᠤ ᠬᠥᠳᠡᠯᠭᠡᠭᠴᠢ ᠬᠦᠴᠦᠨ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠠᠵᠢᠯ ᠣᠯᠭᠤᠯᠲᠠ ᠶᠢᠨ ᠪᠠᠶᠢᠷᠢ ᠶᠢ ᠳᠠᠰᠤᠷᠠᠯᠳᠠ ᠦᠭᠡᠢ ᠡᠭᠦᠳᠦᠨ ᠪᠦᠲᠦᠭᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠪᠠ᠃ ᠭᠡᠪᠡᠴᠦ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠵᠦᠢᠯ ᠤᠨ ᠬᠦᠴᠦᠨ ᠵᠦᠢᠯ ᠤᠨ ᠨᠥᠯᠥᠭᠡᠯᠡᠯ ᠢᠶᠠᠷ᠂ ᠠᠵᠤ ᠠᠬᠤᠶ ᠮᠠᠭᠤᠳᠠᠬᠤ ᠳᠠᠷᠤᠯᠲᠠ ᠴᠦ ᠣᠷᠣᠯᠭ᠎ᠠ ᠶᠢᠨ ᠬᠤᠪᠢᠶᠠᠷᠢᠯᠠᠯᠲᠠ ᠶᠢᠨ ᠬᠦᠷᠢᠶᠡᠨ ᠳᠤ ᠳᠠᠮᠵᠢᠭᠳᠠᠵᠤ᠂ ᠮᠠᠨ ᠤ ᠬᠤᠲᠠ ᠨᠢᠭᠡᠨᠲᠡ ᠦᠷᠭᠦᠯᠵᠢᠯᠡᠨ ᠬᠡᠳᠦᠨ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠳᠤᠮᠳᠠᠴᠢ ᠬᠡᠮᠵᠢᠶ᠎ᠡ ᠠᠴᠠ ᠳᠣᠣᠷ᠎ᠠ ᠪᠣᠯᠵᠤ᠂ ᠥᠪᠡᠷᠲᠡᠭᠡᠨ ᠵᠠᠰᠠᠬᠤ ᠣᠷᠣᠨ ᠤ ︽ᠳᠥᠷᠪᠡ ᠶᠢ ᠳᠠᠪᠠᠭ᠋ᠤ︾ ᠢᠯᠠᠩᠭᠤᠶ᠎ᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠠᠪᠠᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠬᠤᠳᠠ ᠦᠨᠡᠨᠬᠦ ᠶᠠᠪᠤᠭᠳᠠᠭᠤᠰᠢᠲᠠᠶ ᠣᠷᠣᠯᠭ᠎ᠠ ᠶᠢ ᠨᠡᠮᠡᠭᠳᠡᠭᠦᠯᠬᠦ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃      ︵ᠬᠤᠶᠠᠷ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠰᠢᠨ᠎ᠡ ᠣᠨᠣᠯᠵᠢᠬᠤᠨ ᠢ ᠪᠠᠲᠤ ᠪᠤᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠤᠷᠮᠠᠰᠢᠭᠤᠯᠬᠤ ᠶᠢ ᠴᠢᠩᠭᠠᠳᠬᠠᠬᠤ᠂ ᠬᠢᠵᠠᠭᠠᠷ ᠱᠤᠭᠤᠮ ᠢ ᠪᠠᠲᠤ ᠰᠠᠬᠢᠬᠤ ᠶᠢ ᠪᠠᠷᠢᠮᠲᠠᠯᠠᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠭᠤᠣᠯᠳᠠᠯᠭᠠᠲᠤ ᠡᠭᠦᠷᠭᠡ ᠪᠠᠨ ᠪᠣᠯᠭᠠᠵᠤ᠂ ᠡᠳ᠋ ᠬᠥᠷᠤᠩᠭᠡ ᠶᠢᠨ ᠴᠢᠨᠠᠷᠲᠠᠶ ᠪᠣᠯᠣᠨ ᠴᠠᠯᠢᠩ ᠤᠨ ᠴᠢᠨᠠᠷᠲᠠᠶ ᠣᠷᠣᠯᠭ᠎ᠠ ᠶᠢ ᠳᠡᠭᠡᠭᠰᠢᠯᠡᠭᠦᠯᠬᠦ ᠶᠢ ᠰᠢᠪᠲᠤᠯᠤᠯᠲᠠ ᠶᠢᠨ ᠴᠢᠭ᠋ ᠪᠣᠯᠭᠠᠵᠤ᠂ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠪᠠᠷ ᠭᠤᠣᠯ ᠭᠠᠷᠳᠠᠴᠠ ᠪᠣᠯᠭᠠᠵᠤ᠂ ᠭᠤᠣᠯᠳᠠᠯᠭ᠎ᠠ ᠲᠠᠢ ᠬᠥᠮᠥᠰ ᠤᠨ ᠠᠮᠢᠵᠢᠷᠠᠯ ᠬᠦᠴᠦᠨ ᠢ ᠬᠥᠭᠵᠢᠭᠡᠨ ᠪᠠᠳᠠᠷᠠᠭᠤᠯᠬᠤ ᠪᠠᠷ ᠪᠦᠲᠦᠮᠵᠢᠲᠡᠶ ᠠᠷᠭ᠎ᠠ ᠵᠠᠮ ᠪᠣᠯᠭᠠᠵᠤ᠂ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠬᠤ ᠪᠠᠷ ᠲᠦᠰᠢᠭ ᠲᠤᠯᠭᠠᠭᠤᠷᠢ ᠪᠣᠯᠭᠠᠨ᠂ ᠣᠷᠣᠯᠭ᠎ᠠ ᠶᠢᠨ ᠢᠷᠡᠯᠳᠠ ᠶᠢ ᠤᠯᠠᠮ ᠨᠢᠭᠡ ᠠᠯᠬᠤᠮ ᠥᠷᠭᠡᠳᠬᠡᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢᠨ ᠤᠷᠮᠠᠰᠢᠭᠤᠯᠬᠤ ᠤᠳᠤᠷᠢᠳᠤᠮᠵᠢ ᠶᠢ ᠴᠢᠩᠭᠠᠷᠠᠭᠤᠯᠵᠤ᠂ ᠠᠵᠤ ᠠᠬᠤᠶ ᠶᠢᠨ ᠨᠡᠮᠡᠭᠳᠡᠯ ᠬᠢᠭᠡᠳ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢᠨ ᠬᠠᠷᠢᠯᠴᠠᠨ ᠠᠬᠢᠭᠤᠯᠤᠨ ᠬᠠᠮᠲᠤ ᠪᠠᠷ ᠬᠥᠭᠵᠢᠬᠦ ᠶᠢ ᠠᠬᠢᠭᠤᠯᠵᠤ᠂ ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      ︵ᠭᠤᠷᠪᠠ︶ ᠭᠤᠣᠯ ᠬᠠᠷᠠᠯᠲᠠ᠃ 2020 ᠣᠨ ᠪᠣᠯᠬᠤ ᠳᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 50350 ᠲᠥᠭᠦᠷᠢᠭ᠂ 17500 ᠲᠥᠭᠦᠷᠢᠭ ᠲᠤ ᠬᠦᠷᠦᠭᠦᠯᠵᠦ᠂ 2010 ᠣᠨ ᠤ ᠬᠢ ᠠᠴᠠ ᠨᠢᠭᠡ ᠳᠠᠬᠢᠨ ᠨᠡᠮᠡᠭᠳᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠦᠷᠭᠡᠨ ᠬᠡᠷᠡᠭᠵᠢᠭᠦᠯᠵᠦ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ᠂ ᠬᠤᠲᠠᠴᠢᠯᠠᠭᠰᠠᠨ ᠬᠥᠳᠡᠭᠡ ᠠᠵᠤ ᠠᠬᠤᠶ ᠶᠢ ᠲᠦᠷᠭᠡᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠥᠢᠯᠡᠰᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠥᠷᠭᠡᠳᠬᠡᠵᠦ ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠦᠷᠭᠦᠯᠵᠢᠯᠡᠨ ᠨᠡᠯᠢᠶᠡᠳ ᠲᠦᠷᠭᠡᠨ ᠢᠶᠠᠷ ᠨᠡᠮᠡᠭᠳᠡᠬᠦ ᠶᠢ ᠠᠬᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠨ᠎ᠠ᠃      ᠬᠤᠶᠠᠷ᠂ ᠴᠢᠨᠠᠷ ᠰᠠᠶᠢᠲᠠᠶ ᠠᠵᠢᠯ ᠣᠯᠭᠤᠯᠲᠠ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ      ︵ᠨᠢᠭᠡ︶ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠪᠦᠲᠦᠮᠵᠢᠲᠡᠶ ᠪᠠᠷ ᠪᠠᠳᠠᠷᠠᠭᠤᠯᠬᠤ ᠬᠡᠷᠡᠭᠲᠡᠶ᠃ ᠬᠤᠳᠠᠯᠳᠤᠭᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠵᠤ᠂ ᠵᠢᠯ ᠪᠦᠷᠢ ᠨᠢᠭᠡ ᠪᠦᠯᠦᠭ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ ᠲᠣᠬᠢᠷᠠᠭᠤᠯᠤᠨ ᠬᠡᠷᠡᠭᠵᠢᠭᠦᠯᠵᠦ᠂ ᠬᠥᠮᠥᠨ ᠠᠮᠠ ᠶᠢᠨ ᠰᠢᠯᠵᠢᠯᠲᠡ᠂ ᠪᠠᠷᠠᠭᠠᠨ ᠤ ᠭᠦᠢᠯᠭᠡᠭᠡ᠂ ᠪᠡᠯᠠ ᠮᠥᠩᠭᠦ ᠶᠢᠨ ᠭᠦᠢᠯᠭᠡᠭᠡ᠂ ᠮᠡᠳᠡᠭᠡ ᠵᠠᠩᠭᠢ ᠶᠢᠨ ᠤᠷᠤᠰᠬᠠᠯ᠂ ᠮᠡᠷᠭᠡᠵᠢᠯ ᠤᠨ ᠤᠷᠤᠰᠬᠠᠯ ᠢ ᠲᠦᠷᠭᠡᠨ ᠲᠥᠪᠯᠡᠷᠡᠭᠦᠯᠬᠦ ᠶᠢ ᠳᠠᠶᠢᠴᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠢᠶᠠᠷ ᠠᠷᠪᠠᠨ ᠲᠦᠮᠡ ᠰᠢᠬᠠᠮ ᠬᠥᠮᠦᠨ ᠤ ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢ ᠠᠬᠢᠭᠤᠯᠤᠨ᠎ᠠ᠃ ︵ᠬᠤᠲᠠ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠵᠥᠪᠯᠡᠯ‌ᠡᠴᠡ ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠳᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠵᠡᠷᠭᠡ ᠭᠠᠵᠠᠷ ᠣᠷᠣᠨ ᠨᠢᠭᠡᠴᠡ ᠠᠴᠠ ᠬᠠᠮᠵᠢᠯᠴᠠᠨ᠎ᠠ︶      ︵ᠬᠤᠶᠠᠷ︶ ᠦᠢᠯᠡᠴᠢᠯᠡᠭᠡᠨ ᠤ ᠦᠢᠯᠡᠰ ᠤᠨ ᠠᠵᠢᠯ ᠣᠯᠭᠤᠯᠲᠠ ᠶᠢ ᠰᠢᠩᠭᠡᠭᠡᠬᠦ ᠴᠢᠳᠠᠪᠤᠷᠢ ᠶᠢ ᠦᠨᠡᠨ ᠬᠦ ᠴᠢᠩᠭᠠᠷᠠᠭᠤᠯᠬᠤ ᠬᠡᠷᠡᠭᠲᠡᠶ᠃ ︽ᠬᠥᠬᠡᠬᠤᠲᠠ ᠶᠢᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ︵2016 — 2018 ᠣᠨ ︶︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡ᠂ ᠰᠢᠨᠵᠢᠯᠡᠭᠡ ᠮᠡᠷᠭᠡᠵᠢᠯ᠂ ᠰᠣᠶᠣᠯ ᠵᠢᠭᠤᠯᠴᠢᠯᠠᠯ ᠬᠤᠷᠠᠯ ᠦᠵᠡᠰᠬᠦᠯᠡᠩ ᠤᠨ ︽ᠲᠦᠷᠪᠡᠠ ᠶᠡᠭᠡ︾ ᠲᠥᠪ ᠢ ᠪᠥᠬᠦ ᠬᠦᠴᠦᠨ ᠢᠶᠠᠷ ᠢᠶᠠᠨ ᠴᠣᠭᠴᠠᠯᠵᠤ᠂ ᠲᠣᠮᠣ ᠳ᠋ᠠᠶᠢᠲ᠋ᠠ᠂ ᠡᠭᠦᠯᠡᠨ ᠪᠤᠳᠤᠯᠳᠠ᠂ ᠡᠯᠧᠺᠲᠷᠣᠨ ᠬᠤᠳᠠᠯᠳᠤᠭ᠎ᠠ᠂ ᠡᠷᠡᠭᠦᠯ ᠴᠢᠬᠢᠷᠠᠭ ᠨᠠᠰᠤᠵᠢᠯ ᠤᠨ ᠠᠰᠠᠷᠠᠮᠵᠢ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ︽ᠬᠥᠬᠡᠬᠤᠲᠠ ᠶᠢᠨ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ︵2017 —2019 ᠣᠨ︶︾ ᠶᠢ ᠢᠳᠡᠪᠬᠢᠲᠡᠢ ᠲᠦᠯᠬᠢᠨ ᠠᠬᠢᠭᠤᠯᠵᠤ᠂ ︽ᠮᠢᠩᠭᠠᠨ ᠡᠷᠦᠬᠡ ᠵᠠᠭᠤᠨ ᠬᠦᠴᠦᠷᠬᠡᠭ︾ ︽ᠵᠠᠭᠤᠨ ᠡᠷᠦᠬᠡ ᠠᠷᠪᠠᠨ ᠬᠦᠴᠦᠷᠬᠡᠭ︾ ᠵᠡᠷᠭᠡ ᠭᠡᠷ ᠪᠦᠯᠢ ᠶᠢᠨ ᠦᠢᠯᠡᠴᠢᠯᠡᠭᠡᠨ ᠤ ᠲᠦᠷᠦᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠬᠤᠳᠠ ᠶᠢᠨ ᠡᠳ᠋ ᠤᠨ ᠵᠠᠰᠠᠭ ᠠᠴᠠ ᠵᠢᠯ ᠪᠦᠷᠢ ᠲᠤᠰᠬᠠᠶ ᠪᠡᠯᠡ ᠮᠥᠩᠭᠦ ᠲᠣᠬᠢᠷᠠᠭᠤᠯᠵᠤ᠂ ᠦᠢᠯᠡᠴᠢᠯᠡᠭᠡᠨ ᠤ ᠦᠢᠯᠡᠰ ᠤᠨ ᠬᠥᠭᠵᠢᠨ ᠪᠣᠵᠠᠭᠠᠢᠢᠷᠠᠬᠤ᠂ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠳᠡᠮᠵᠢᠨ᠂ ᠦᠢᠯᠡᠴᠢᠯᠡᠭᠡᠨ ᠤ ᠦᠢᠯᠡᠰ ᠤᠨ ᠵᠢᠯ ᠪᠦᠷᠢ ᠬᠤᠲᠠ ᠪᠠᠯᠭᠠᠰᠤᠨ ᠤ 90 ᠲᠦᠮᠨ ᠠᠴᠠ ᠳᠡᠭᠡᠭᠰᠢ ᠬᠥᠮᠥᠨ ᠤ ᠠᠵᠢᠯ ᠣᠯᠭᠤᠯᠲᠠ ᠶᠢ ᠰᠢᠩᠭᠡᠭᠡᠬᠦ ᠶᠢ ᠲᠦᠯᠬᠢᠨ ᠠᠬᠢᠭᠤᠯᠤᠨ᠎ᠠ᠃ ︵ᠬᠤᠲᠠ ᠶᠢᠨ ᠬᠥᠭᠵᠢᠯᠲᠡ ᠪᠠ ᠥᠭᠡᠷᠡᠴᠢᠯᠡᠯᠲᠡ  ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠠᠴᠠ ᠲᠦᠷᠦᠭᠦᠯᠡᠵᠦ᠂ ᠬᠤᠳᠠ ᠶᠢᠨ ᠬᠤᠳᠠᠯᠳᠤᠭᠠᠨ ᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠵᠡᠷᠭᠡ ᠨᠢᠭᠡᠴᠡ ᠠᠴᠠ ᠬᠠᠮᠵᠢᠯᠴᠠᠨ᠎ᠠ︶      ︵ᠭᠤᠷᠪᠠ︶ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠶᠢ ᠳᠠᠶᠢᠴᠢᠯᠠᠬᠤ ᠶᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠡᠶᠢᠲᠡᠯᠡᠭᠰᠡᠨ ᠠᠯᠢ ᠣᠯᠠᠨ ᠭᠠᠶᠢᠯᠢ ᠰᠦᠢᠳᠬᠡᠯ ᠤᠨ ᠬᠠᠷᠠᠭᠠᠯᠵᠠᠯ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ᠂ ᠠᠳᠠᠯ ᠦᠢᠯᠡᠰ ᠴᠣᠭᠴᠠᠯᠠᠬᠤ ᠨᠥᠬᠦᠪᠥᠷᠢ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠲᠠᠮ ᠬᠦᠦ ᠵᠡᠷᠭᠡ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠵᠢᠵᠢᠭ ᠬᠡᠯᠪᠡᠷᠢ ᠶᠢᠨ ᠪᠠ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠵᠢᠱᠢᠶ᠎ᠡ ᠦᠵᠡᠭᠦᠯᠬᠦ ᠬᠤᠳᠠ ᠶᠢᠨ ᠳᠡᠮᠵᠢᠯᠭᠡ ᠦᠵᠡᠭᠦᠯᠬᠦ ᠲᠦᠷᠦ ᠶᠢᠨ ᠪᠤᠳᠤᠯᠭ᠎ᠠ ᠶᠢ ᠠᠮᠢᠳᠤᠯᠢᠭ ᠰᠠᠶᠢᠨ ᠬᠡᠷᠡᠭᠯᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠦᠢᠯᠡᠴᠢᠯᠡᠭᠡᠨ ᠤ ᠦᠢᠯᠡᠰ ᠴᠤᠭᠯᠠᠷᠠᠭᠰᠠᠨ ᠲᠣᠭᠤᠷᠢᠭ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ᠂ ᠣᠨᠴᠠᠯᠢᠭ ᠪᠦᠬᠦᠢ ᠠᠵᠤ ᠦᠢᠯᠡᠰ ᠤᠨ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠪᠣᠯᠤᠨ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠵᠡᠷᠭᠡ ᠠᠴᠢᠶᠠᠯᠠᠪᠤᠷᠢ ᠶᠢᠨ ᠪᠥᠳᠥᠭᠡᠨ ᠪᠠᠶᠢᠭᠤᠯᠤᠯᠲᠠ ᠢ ᠲᠦᠷᠭᠡᠳᠬᠡᠵᠦ᠂ ᠳᠡᠮᠵᠢᠬᠦ᠂ ᠵᠢᠯᠣᠭᠤᠳᠬᠤ ᠪᠠ ᠦᠢᠯᠡᠴᠢᠯᠡᠬᠦ ᠶᠢ ᠨᠢᠭᠡ ᠴᠣᠭᠴᠠ ᠪᠣᠯᠭᠠᠭᠰᠠᠨ ᠵᠢᠵᠢᠭ ᠰᠠᠭᠤᠷᠢᠨ ᠭᠠᠵᠠᠷ ᠠᠰᠠᠷ ᠪᠠᠶᠢᠰᠢᠩ ᠤᠨ ᠬᠡᠯᠪᠡᠷᠢ ᠶᠢᠨ ᠰᠢᠯᠢᠳᠡᠭ ᠠᠳᠠᠯ ᠦᠢᠯᠡᠰ ᠴᠣᠭᠴᠠᠯᠠᠬᠤ ᠲᠠᠪᠴᠠᠩ ᠢ ᠪᠠᠶᠢᠭᠤᠯᠤᠨ᠂ ᠰᠤᠷᠭᠠᠭᠤᠯᠢ ᠲᠡᠭᠦᠰᠦᠭᠰᠡᠨ ᠣᠶᠤᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯ ᠤᠨ ᠠᠵᠢᠯᠲᠠᠨ᠂ ᠠᠵᠢᠯ ᠠᠴᠠ ᠪᠠᠨ ᠬᠠᠰᠤᠭᠳᠠᠵᠤ ᠠᠵᠢᠯ ᠠᠯᠳᠠᠭᠰᠠᠨ ᠬᠥᠮᠦᠰ᠂ ᠬᠥᠳᠡᠭᠡ ᠲᠣᠰᠬᠤᠨ ᠤ ᠰᠢᠯᠵᠢᠭᠰᠡᠨ ᠬᠥᠳᠡᠯᠮᠦᠷᠢ ᠶᠢᠨ ᠬᠦᠴᠦᠨ ᠵᠡᠷᠭᠡ ᠬᠥᠮᠥᠰ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ᠂ ᠠᠳᠠᠯ ᠦᠢᠯᠡᠰ ᠴᠣᠭᠴᠠᠯᠠᠬᠤ ᠬᠡᠯᠪᠡᠷᠢ ᠪᠣᠯᠣᠨ ᠬᠥᠳᠡᠯᠮᠦᠷᠢ ᠬᠤᠷᠠᠭᠰᠠᠨ ᠬᠡᠯᠪᠡᠷᠢ ᠶᠢᠨ ᠠᠵᠤ ᠠᠬᠤᠶᠢᠯᠠᠯ ᠶᠢ ᠡᠭᠦᠳᠦᠨ ᠪᠠᠶᠢᠭᠤᠯᠬᠤ ᠳᠤ ᠣᠷᠣᠯᠴᠠᠭᠤᠯᠵᠤ᠂ 2020 ᠣᠨ ᠪᠣᠯᠬᠤ ᠳᠤ ᠪᠥᠬᠦ ᠬᠤᠲᠠ ᠶᠢᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ 30 ᠲᠦᠮᠡᠨ ᠡᠷᠦᠬᠡ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ︵ᠬᠤᠲᠠ ᠶᠢᠨ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠲᠦᠷᠦᠭᠦᠯᠡᠵᠦ ᠂ ᠬᠤᠲᠠ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠡ ᠠᠴᠠ ᠬᠠᠮᠵᠢᠯᠴᠠᠨ᠎ᠠ︶      ︵ᠲᠦᠷᠪᠡ︶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠬᠦ ᠶᠢ ᠴᠢᠩᠭᠠᠳᠬᠠᠬᠤ ᠬᠡᠷᠡᠭᠲᠡᠶ᠃ ᠬᠥᠳᠡᠭᠡ ᠲᠣᠰᠬᠤᠨ ᠠᠴᠠ ᠰᠢᠯᠵᠢᠭᠰᠡᠨ ᠬᠥᠳᠡᠯᠮᠦᠷᠢ  ᠬᠦᠴᠦ᠂ ᠬᠠᠤᠯᠢ ᠳᠤ ᠲᠣᠭᠲᠠᠭᠰᠠᠨ ᠬᠥᠳᠡᠯᠮᠦᠷᠢᠯᠡᠬᠦ ᠨᠠᠰᠤᠨ ᠳᠠᠬᠢ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠲᠡᠭᠦᠰᠦᠭᠰᠡᠨ ᠵᠢᠯ ᠳᠡᠭᠡᠨ ᠪᠠᠶᠢᠭ᠎ᠠ ᠳᠡᠭᠡᠳᠦ ᠰᠤᠷᠭᠠᠭᠤᠯᠢ ᠶᠢᠨ ᠲᠡᠭᠦᠰᠦᠭᠰᠡᠳ᠂ ᠰᠤᠷᠭᠠᠭᠤᠯᠢ ᠳᠡᠪᠰᠢᠵᠦ ᠴᠢᠳᠠᠭᠰᠠᠨ ᠦᠭᠡᠶ ᠠᠩᠬ᠎ᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠡᠭᠦᠰᠦᠭᠰᠡᠳ᠂ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠦᠷ᠎ᠡ ᠬᠡᠦᠬᠡᠳ ᠵᠡᠷᠭᠡ ᠲᠤ ᠪᠣᠯᠪᠠᠰᠤᠷᠠᠭᠤᠯᠤᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠳᠣᠣᠷ᠎ᠠ ᠣᠷᠣᠯᠭ᠎ᠠ ᠲᠠᠢ ᠪᠦᠯᠦᠭ ᠴᠣᠭᠴᠠ ᠶᠢᠨ ᠠᠵᠢᠯ ᠣᠯᠭᠤᠬᠤ ᠪᠣᠯᠪᠠᠰᠤᠷᠠᠭᠤᠯᠤᠯ ᠬᠦᠷᠲᠡᠬᠦ ᠲᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠵᠢᠯ ᠪᠦᠷᠢ ᠳᠤ 1 ᠲᠦᠮᠡ ᠰᠢᠬᠠᠮ ᠬᠥᠮᠥᠨ ᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢᠶᠠᠷ ᠳᠠᠮᠵᠢᠭᠤᠯᠤᠨ ᠠᠵᠢᠯ ᠣᠯᠭᠤᠬᠤ ᠶᠢ ᠠᠬᠢᠭᠤᠯᠬᠤ᠂ 1.2 ᠲᠦᠮᠨ ᠰᠢᠬᠠᠮ ᠬᠥᠳᠡᠭᠡ ᠲᠣᠰᠬᠤᠨ ᠤ ᠰᠢᠯᠵᠢᠭᠰᠡᠨ ᠬᠥᠳᠡᠯᠮᠦᠷᠢ ᠶᠢᠨ ᠬᠦᠴᠦᠨ ᠢ ᠵᠣᠬᠢᠶᠠᠨ ᠪᠠᠶᠢᠭᠤᠯᠵᠤ ᠪᠠᠶᠢᠭᠠᠳ ᠠᠵᠢᠯ ᠣᠯᠭᠤᠬᠤ ᠪᠣᠯᠪᠠᠰᠤᠷᠠᠭᠤᠯᠤᠯ ᠶᠢ ᠬᠦᠷᠲᠡᠭᠦᠯᠦᠨ᠎ᠡ᠃ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠨᠡᠶᠢᠯᠡᠮᠡᠯ ᠬᠥᠭᠵᠢᠯᠲᠡ ᠪᠣᠯᠣᠨ ᠤᠯᠠᠨ ᠨᠡᠶᠢᠲᠡ ᠶᠢᠨ ᠦᠢᠯᠡᠳᠦᠯᠭᠡ  ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠵᠠᠬᠢᠶᠠᠯᠠᠭ᠎ᠠ ᠶᠢᠨ ᠮᠠᠶ᠋ᠢᠭ᠂ ᠬᠠᠨᠳᠤᠯᠭᠠᠲᠤ ᠮᠠᠶ᠋ᠢᠭ ᠤᠨ ᠪᠣᠯᠪᠠᠰᠤᠷᠠᠭᠤᠯᠤᠯ ᠪᠣᠯᠣᠨ ᠠᠵᠢᠯ ᠤᠨ ᠪᠠᠶᠢᠷᠢ ᠶᠢᠨ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠥᠷᠨᠢᠭᠦᠯᠵᠦ᠂ ᠣᠷᠣᠨ ᠤ ᠲᠥᠪ ᠤᠨ ᠦᠢᠯᠡᠳᠦᠯᠭᠡ ᠪᠣᠯᠪᠠᠰᠤᠷᠠᠭᠤᠯᠤᠯ ᠤᠨ ᠲᠦᠷᠦᠯ ᠲᠡᠮᠳᠡᠭᠲᠦ ᠶᠢ ᠵᠣᠬᠢᠶᠠᠵᠤ᠂ ᠬᠤᠳᠠ ᠶᠢᠨ ᠡᠳ᠋ ᠤᠨ ᠵᠠᠰᠠᠭ ᠠᠴᠠ ᠵᠢᠯ ᠪᠦᠷᠢ 1000 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ ︽ᠱᠠᠩᠨᠠᠯ ᠢᠶᠠᠷ ᠲᠤᠰᠠᠯᠠᠮᠵᠢ ᠶᠢ ᠣᠷᠣᠯᠠᠭᠤᠯᠬᠤ︾ ᠬᠡᠯᠪᠡᠷᠢ ᠪᠠᠷ ᠳᠡᠮᠵᠢᠯᠭᠡ ᠦᠵᠡᠭᠦᠯᠦᠨ᠎ᠡ᠃ ︵ᠬᠤᠲᠠ ᠶᠢᠨ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠲᠦᠷᠦᠭᠦᠯᠡᠵᠦ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠨᠢᠭᠡᠴᠡ ᠠᠴᠠ ᠬᠠᠮᠵᠢᠯᠴᠠᠨ᠎ᠠ︶      ᠭᠤᠷᠪᠠ᠂ ᠴᠠᠯᠢᠩ ᠤᠨ ᠴᠢᠨᠠᠷᠲᠠᠶ ᠣᠷᠣᠯᠭ᠎ᠠ ᠪᠠᠷ ᠨᠡᠮᠡᠭᠳᠡᠯ ᠢ ᠪᠠᠲᠤᠯᠠᠬᠤ ᠶᠢ ᠳᠡᠭᠡᠭᠰᠢᠯᠡᠭᠦᠯᠬᠦ ᠬᠡᠷᠡᠭᠲᠡᠢ      ︵ᠲᠠᠪᠤ︶ ᠠᠵᠤ ᠠᠬᠤᠶᠢᠯᠠᠯ ᠤᠨ ᠡᠵᠡᠩᠨᠡᠨ ᠬᠠᠮᠢᠶᠠᠷᠤᠭᠴᠢ ᠶᠢ ᠤᠷᠮᠠᠰᠢᠭᠤᠯᠤᠨ ᠵᠣᠷᠢᠭᠵᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠬᠡᠷᠡᠭᠲᠡᠢ᠃ ᠬᠤᠲᠠ ᠶᠢᠨ ᠬᠠᠷᠢᠶᠠᠲᠦ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠯ ᠤᠨ ᠦᠨᠳᠦᠰᠦᠨ ᠴᠠᠯᠢᠩ᠂ ᠠᠮᠵᠢᠯᠲᠠ ᠪᠦᠲᠦᠮᠵᠢ ᠶᠢᠨ ᠴᠠᠯᠢᠩ ᠪᠣᠯᠤᠨ ᠲᠤᠰᠢᠶᠠᠯ ᠤᠨ ᠬᠤᠭᠤᠴᠠᠭ᠎ᠠ ᠶᠢᠨ ᠤᠷᠮᠠᠰᠢᠭᠤᠯᠤᠭ᠎ᠠ ᠶᠢᠨ ᠣᠷᠣᠯᠭ᠎ᠠ ᠶᠢ ᠵᠦᠢ ᠵᠣᠬᠢᠰᠲᠠᠢ ᠪᠠᠷ ᠲᠣᠭᠲᠠᠭᠠᠨ᠎ᠠ᠃ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠠᠵᠢᠯ ᠤᠨ ᠠᠮᠵᠢᠯᠲᠠ ᠶᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠠᠶᠢᠭᠤᠯᠤᠨ᠎ᠠ᠃ ᠬᠤᠲᠠ ᠶᠢᠨ ᠬᠠᠷᠢᠶᠠᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠵᠢᠯᠲᠠᠨ ᠠᠵᠢᠯᠴᠢᠨ ᠤ ᠬᠤᠪᠢ ᠡᠵᠡᠮᠰᠢᠬᠦ ᠤᠷᠮᠠᠰᠢᠭᠤᠯᠤᠨ ᠬᠢᠵᠠᠭᠠᠷᠯᠠᠬᠤ ᠤᠷᠳᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ︵ᠬᠤᠲᠠ ᠶᠢᠨ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠵᠥᠪᠯᠡᠯ ᠠᠴᠠ ᠲᠦᠷᠦᠭᠦᠯᠡᠵᠦ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠵᠡᠷᠭᠡ ᠨᠢᠭᠡᠴᠡ ᠠᠴᠠ ᠬᠠᠮᠵᠢᠯᠴᠠᠨ᠎ᠠ︶      ︵ᠵᠢᠷᠭᠤᠭ᠎ᠠ︶ ᠤᠷ᠎ᠠ ᠮᠡᠷᠬᠡᠰᠢᠯᠲᠦ ᠴᠢᠳᠠᠪᠤᠷᠢᠲᠠᠨ ᠤ ᠣᠷᠣᠯᠭ᠎ᠠ ᠶᠢᠨ ᠬᠤᠪᠢᠶᠠᠷᠢᠯᠠᠯᠲᠠ ᠪᠠᠷ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠴᠠᠯᠢᠩ ᠤᠨ ᠵᠥᠪᠯᠡᠯᠭᠡ ᠶᠢᠨ ᠲᠦᠷᠢᠮ ᠪᠠᠶᠢᠭᠤᠯᠬᠤ ᠶᠢ ᠲᠦᠯᠬᠢᠨ ᠠᠬᠢᠭᠤᠯᠵᠤ᠂ ᠢᠯᠡᠭᠦᠦ ᠬᠥᠳᠡᠯᠮᠦᠷᠢᠯᠡᠪᠡᠯ ᠢᠯᠡᠭᠦᠦ ᠤᠯᠬᠤ᠂ ᠮᠡᠷᠭᠡᠵᠢᠯ ᠨᠢ ᠥᠨᠳᠥᠷ  ᠪᠣᠯ ᠢᠯᠡᠭᠦᠦ ᠣᠯᠬᠤ ᠤᠷ᠎ᠠ ᠮᠡᠷᠭᠡᠰᠢᠯᠳᠦ ᠴᠢᠳᠠᠪᠤᠷᠢᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠡᠷᠬᠢᠯᠡᠭᠰᠡᠨ ᠠᠵᠢᠯ ᠤᠨ ᠮᠡᠷᠭᠡᠰᠢᠯ ᠴᠢᠳᠠᠪᠤᠷᠢ ᠶᠢᠨ ᠵᠡᠷᠭᠡ ᠳᠡᠰ ᠶᠢᠨ ᠪᠠᠷᠢᠮᠵᠢᠶ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠲᠡᠷᠢᠭᠦᠨ ᠤ ᠮᠡᠷᠭᠡᠵᠢᠯᠲᠡᠨ ᠤ ᠲᠦᠷᠢᠮ ᠢ ᠰᠦᠪᠡᠭᠴᠢᠯᠡᠨ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠤᠷᠠᠨ ᠳᠠᠷᠬᠠᠴᠤᠳ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠵᠢᠯ ᠤᠨ ᠴᠠᠯᠢᠩ ᠤᠨ ᠲᠦᠷᠢᠮ᠂ ᠮᠡᠷᠭᠡᠵᠢᠯ ᠤᠨ ᠬᠤᠪᠢ ᠣᠷᠤᠭᠤᠯᠤᠯᠲᠠ᠂ ᠰᠲ᠋ᠣᠺ ᠤᠨ ᠡᠷᠬᠡ ᠪᠣᠯᠣᠨ ᠬᠤᠭᠤᠴᠠᠭᠠᠲᠤ ᠡᠷᠬᠡ ᠵᠡᠷᠭᠡ ᠠᠷᠭ᠎ᠠ ᠮᠠᠶ᠋ᠢᠭ ᠢᠶᠠᠷ ᠮᠡᠷᠭᠡᠵᠢᠯ ᠤᠨ ᠥᠭᠡᠷᠡᠴᠢᠯᠡᠯᠲᠡ ᠰᠢᠨᠡᠴᠢᠯᠡᠯᠲᠡ ᠳᠤᠮᠳᠠ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠥᠨᠳᠥᠷ ᠤᠷ᠎ᠠ ᠮᠡᠷᠭᠡᠰᠢᠯᠳᠦ ᠴᠢᠳᠠᠪᠤᠷᠢᠲᠠᠨ ᠢ ᠱᠠᠩᠨᠠᠬᠤ ᠶᠢ ᠶᠡᠬᠡᠪᠡᠷ ᠵᠣᠷᠢᠭᠵᠢᠭᠤᠯᠵᠤ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠢᠯᠴᠢᠳ ᠤᠨ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ᠂ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ ︵ᠬᠤᠳᠠ ᠶᠢᠨ ᠠᠵᠢᠯᠴᠢᠨ ᠤ ᠶᠡᠷᠦᠩᠬᠡᠶ ᠵᠥᠪᠯᠡᠯ᠂ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠲᠦᠷᠦᠭᠦᠯᠡᠵᠦ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠨᠢᠭᠡᠴᠡ ᠠᠴᠠ ᠬᠠᠮᠵᠢᠯᠴᠠᠨ᠎ᠠ︶      ︵ᠲᠤᠯᠤᠭ᠎ᠠ︶ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠴᠠᠯᠢᠩ ᠤᠨ ᠪᠠᠷᠢᠮᠵᠢᠶ᠎ᠠ ᠪᠣᠯᠣᠨ ᠪᠡᠷᠬᠡ ᠬᠠᠲᠠᠭᠤᠵᠢᠯᠲᠠᠶ ᠵᠠᠬ᠎ᠠ ᠬᠢᠵᠠᠭᠠᠷ ᠣᠷᠣᠨ ᠤ ᠨᠥᠬᠦᠪᠦᠷᠢ ᠬᠦᠷᠲᠡᠬᠦ ᠪᠠᠷᠢᠮᠵᠢᠶ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠯᠳᠠ ᠬᠢᠬᠦ ᠲᠤᠬᠠᠶ ᠤᠯᠤᠰ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠲᠤᠰ ᠱᠠᠲᠤ ᠪᠣᠯᠣᠨ ᠬᠤᠰᠢᠭᠤ ᠰᠢᠶᠠᠨ ᠲᠣᠭᠤᠷᠢᠭ ᠤᠨ ᠠᠯᠪᠠᠲᠠᠨ ᠤ ᠴᠠᠯᠢᠩ ᠤᠨ ᠪᠠᠷᠢᠮᠵᠢᠶ᠎ᠠ ᠶᠢ ᠵᠦᠭᠰᠢᠷᠡᠭᠦᠯᠵᠦ᠂ ᠬᠤᠲᠠᠨ ᠲᠣᠲᠣᠷ᠎ᠠ ᠪᠠᠨ ᠠᠳᠠᠯᠢ ᠬᠥᠯᠥᠰᠥ ᠣᠯᠭᠤᠬᠤ ᠶᠢ ᠪᠡᠶᠡᠯᠡᠭᠦᠯᠦᠨ᠎ᠡ᠃ ᠠᠯᠪᠠᠲᠠᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮ ᠢ ᠪᠦᠷᠢᠨᠰᠢᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠴᠠᠯᠢᠩ ᠤᠨ ᠣᠷᠣᠯᠭ᠎ᠠ ᠲᠠᠢ ᠬᠤᠯᠪᠣᠭᠳᠠᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠲᠦᠷᠦᠯ ᠬᠤᠪᠢᠶᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠦᠲᠦᠮᠵᠢ ᠶᠢᠨ ᠴᠠᠯᠢᠩ ᠤᠨ ᠲᠦᠷᠦ ᠶᠢᠨ ᠪᠤᠳᠤᠯᠭ᠎ᠠ ᠪᠣᠯᠣᠨ ᠳᠡᠭᠡᠳᠦ ᠲᠡᠰ ᠤᠨ ᠴᠢᠳᠠᠪᠤᠷᠢᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠤᠷᠮᠠᠰᠢᠭᠤᠯᠤᠨ ᠵᠣᠷᠢᠭᠵᠢᠭᠤᠯᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠵᠤ ᠬᠠᠳᠠᠭᠠᠯᠠᠭᠤᠯᠬᠤ ᠬᠠᠷᠢᠴᠠᠯ ᠢ ᠠᠯᠬᠤᠮ ᠠᠯᠬᠤᠮ ᠢᠶᠠᠷ 12% ᠬᠦᠷᠲᠡᠯ᠎ᠡ ᠳᠡᠭᠡᠭᠰᠢᠯᠡᠭᠦᠯᠦᠨ᠎ᠡ᠃ ︵ᠬᠤᠲᠠ ᠶᠢᠨ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠲᠦᠷᠦᠭᠦᠯᠡᠵᠦ ᠂ ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠡ ᠠᠴᠠ ᠬᠠᠮᠵᠢᠯᠴᠠᠨ᠎ᠠ︶      ᠲᠦᠷᠪᠡ᠂ ᠡᠳ᠋ ᠭᠦᠷᠦᠩᠭᠡ ᠶᠢᠨ ᠴᠢᠨᠠᠷᠲᠠᠶ ᠣᠷᠣᠯᠭ᠎ᠠ ᠪᠠᠷ ᠨᠡᠮᠡᠭᠳᠡᠯ ᠢ ᠠᠬᠢᠭᠤᠯᠬᠤ ᠶᠢ ᠳᠡᠭᠡᠭᠰᠢᠯᠡᠭᠦᠯᠬᠦ ᠬᠡᠷᠡᠭᠲᠡᠢ      ︵ᠨᠠᠢᠮᠠ︶ ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂  ᠪᠡᠯᠡ ᠣᠷᠣᠭᠤᠯᠤᠯᠲᠠ ᠶᠢᠨ ᠪᠠᠷᠢᠮᠵᠢᠶ᠎ᠠ ᠶᠢ ᠪᠠᠭᠤᠷᠠᠭᠤᠯᠵᠤ᠂ ᠠᠷᠠᠳ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠪᠣᠲᠠᠲᠤ ᠠᠵᠤ ᠠᠬᠤᠢ ᠳᠤ ᠣᠷᠣᠭᠤᠯᠵᠤ᠂ ᠠᠷᠠᠳ ᠤᠨ ᠬᠥᠷᠥᠩᠭᠡ ᠶᠢᠨ ᠬᠤᠪᠢ ᠨᠡᠶᠢᠯᠡᠭᠦᠯᠬᠦ᠂ ᠬᠤᠯᠪᠣᠭᠠᠯᠠᠬᠤ᠂ ᠨᠡᠶᠢᠯᠡᠭᠦᠯᠦᠨ ᠠᠪᠬᠤ᠂ ᠲᠤᠰᠠᠭᠠᠷ ᠪᠡᠯᠡ ᠣᠷᠣᠭᠤᠯᠬᠤ ᠵᠡᠷᠭᠡ ᠣᠯᠠᠨ ᠵᠦᠢᠯ ᠤᠨ ᠪᠡᠯᠡ ᠣᠷᠣᠭᠤᠯᠬᠤ ᠠᠷᠭ᠎ᠠ ᠮᠠᠶ᠋ᠢᠭ ᠢᠶᠠᠷ ᠪᠡᠯᠡ ᠣᠷᠣᠭᠤᠯᠵᠤ ᠪᠦᠳᠦᠭᠡᠨ ᠪᠠᠶᠢᠭᠤᠯᠬᠤ ᠳᠤ ᠣᠷᠣᠯᠴᠠᠬᠤ ᠶᠢ ᠵᠣᠷᠢᠭᠵᠢᠭᠤᠯᠤᠨ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠵᠢᠭᠡᠯᠡᠯᠭᠡ ᠶᠢᠨ ᠲᠡᠮᠳᠡᠭᠲᠦ᠂ ᠰᠲ᠋ᠣᠺ ᠂ ᠰᠠᠭᠤᠷᠢ ᠮᠥᠩᠭᠦ᠂ ᠳᠠᠭᠠᠳᠬᠠᠯ ᠪᠣᠯᠣᠨ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠵᠡᠷᠭᠡ ᠪᠠᠷ ᠳᠠᠮᠵᠢᠭᠤᠯᠤᠨ ᠪᠡᠯᠡ ᠣᠷᠣᠭᠤᠯᠵᠤ᠂ ᠰᠲ᠋ᠣᠺ ᠤᠨ ᠡᠷᠬᠡ᠂ ᠠᠪᠤᠴᠠᠭᠠᠨ ᠤ ᠡᠷᠬᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠳᠠᠨᠵᠢᠯᠠᠬᠤ ᠪᠠ ᠪᠠᠷᠢᠴᠠᠭᠠᠯᠠᠵᠤ ᠪᠡᠯᠡ ᠨᠡᠶᠢᠯᠡᠭᠦᠯᠬᠦ ᠶᠢ ᠥᠷᠨᠢᠭᠦᠯᠵᠦ᠂ ᠠᠰᠢᠭ ᠬᠤᠨᠵᠢᠪᠤᠷᠢ᠂ ᠲᠦᠷᠢᠶᠡᠰᠦᠨ ᠮᠥᠩᠭᠦ ᠪᠣᠯᠣᠨ ᠬᠦᠦ ᠮᠥᠩᠭᠦ ᠵᠡᠷᠭᠡ ᠡᠳ᠋ ᠬᠥᠷᠤᠩᠭᠡ ᠶᠢᠨ ᠴᠢᠨᠠᠷᠲᠠᠶ ᠣᠷᠣᠯᠭ᠎ᠠ ᠶᠢ ᠬᠠᠤᠯᠢ ᠶᠣᠰᠣᠭᠠᠷ ᠨᠡᠮᠡᠭᠳᠡᠭᠦᠯᠦᠨ᠎ᠡ᠃ ᠪᠡᠯᠡ ᠮᠥᠩᠭᠦ ᠴᠤᠭᠯᠠᠭᠤᠯᠬᠤ ᠪᠠᠷ ᠮᠡᠬᠡᠯᠡᠬᠦ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠨ ᠬᠢᠵᠠᠭᠠᠷᠯᠠᠵᠤ᠂ ᠴᠡᠭᠴᠡᠯᠡᠨ ᠵᠠᠰᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠰᠠᠭᠤᠭᠠᠯᠢ ᠠᠷᠠᠳ ᠤᠨ ᠠᠰᠢᠭ ᠲᠤᠰᠠ ᠶᠢ ᠬᠠᠮᠠᠭᠠᠯᠠᠨ᠎ᠠ᠃ ︵ᠬᠤᠳᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠠᠴᠠ ᠲᠦᠷᠦᠭᠦᠯᠡᠵᠦ᠂ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠨᠢᠭᠡᠴᠡ ᠠᠴᠠ ᠬᠠᠮᠵᠢᠯᠴᠠᠨ᠎ᠠ︶      ︵ᠶᠢᠰᠦ︶ ᠰᠠᠭᠤᠭᠠᠯᠢ ᠠᠷᠠᠳ ᠤᠨ ᠬᠠᠳᠠᠭᠠᠯᠠᠵᠤ ᠪᠠᠶᠢᠭ᠎ᠠ ᠡᠳ᠋ ᠬᠦᠷᠥᠩᠭᠡ ᠶᠢ ᠠᠮᠢᠳᠤᠯᠢᠭ ᠪᠣᠯᠭᠠᠬᠤ ᠬᠡᠷᠡᠭᠲᠡᠶ᠃ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠲᠥᠪ ᠤᠨ ᠪᠠᠶᠢᠭᠤᠯᠤᠯᠲᠠ ᠶᠢ ᠠᠬᠢᠭᠤᠯᠬᠤ᠂ ᠮᠥᠩᠭᠦᠨ ᠭᠦᠢᠯᠭᠡᠭᠡᠨ ᠤ ᠡᠳ᠋ ᠬᠦᠷᠦᠩᠬᠡ ᠶᠢᠨ ᠠᠷᠠᠯᠵᠢᠶᠠᠨ ᠤ ᠲᠥᠪ ᠤᠨ ᠲᠤᠬᠠᠶᠢᠯᠠᠭᠰᠠᠨ ᠠᠵᠢᠯ ᠢ ᠥᠷᠭᠡᠳᠬᠡᠵᠦ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠪᠡᠯᠡ ᠣᠷᠣᠭᠤᠯᠤᠯᠲᠠ ᠪᠣᠯᠣᠨ ᠠᠷᠠᠯᠵᠢᠶᠠᠨ ᠳᠤ ᠣᠷᠣᠯᠴᠠᠭᠤᠯᠦᠨ᠎ᠡ᠃ ᠢᠲᠡᠭᠡᠮᠵᠢᠲᠦ ᠨᠠᠶᠢᠳᠠᠯᠭ᠎ᠠ᠂ ᠪᠡᠯᠡ ᠲᠣᠬᠢᠷᠠᠭᠤᠯᠤᠨ ᠲᠦᠷᠢᠶᠡᠰᠦᠯᠡᠬᠦ᠂ ᠡᠳ᠋ ᠤᠨ ᠶᠠᠪᠤᠳᠠᠯ ᠤᠨ ᠺᠣᠮᠫᠠᠨᠢ ᠪᠣᠯᠣᠨ ᠬᠡᠷᠡᠭᠯᠡᠭᠡᠨ ᠤ ᠮᠥᠩᠭᠦᠨ ᠭᠦᠢᠯᠭᠡᠭᠡ ᠵᠡᠷᠭᠡ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠪᠠᠶᠢᠳᠠᠯ ᠢ ᠶᠡᠭᠡ ᠪᠠᠷ ᠬᠥᠭᠵᠢᠭᠦᠯᠦᠨ᠎ᠡ᠃ ᠪᠡᠯᠡ ᠲᠣᠬᠢᠷᠠᠭᠤᠯᠬᠤ ᠴᠢᠨᠠᠷᠲᠠᠶ ᠳᠠᠭᠠᠭᠠᠯᠲᠠ ᠶᠢᠨ ᠺᠣᠮᠫᠠᠨᠢ ᠶᠢᠨ ᠲᠦᠷᠭᠡᠨ ᠬᠥᠭᠵᠢᠬᠦ ᠳᠤ ᠳᠡᠮᠵᠢᠯᠭᠡ ᠦᠵᠡᠭᠦᠯᠵᠦ᠂ ᠲᠡᠳᠡ ᠨᠠᠷ ᠢ ᠵᠦᠢ ᠵᠣᠬᠢᠰᠲᠠᠶ ᠪᠠᠷ ᠬᠥᠲᠥᠯᠥᠨ ᠵᠢᠯᠣᠭᠤᠳᠴᠤ ᠪᠠᠶᠢᠭᠠᠳ ᠰᠠᠭᠤᠭᠠᠯᠢ ᠠᠷᠠᠳ ᠤᠨ ᠡᠳ᠋ ᠬᠦᠷᠦᠩᠭᠡ ᠶᠢᠨ ᠳᠠᠨᠵᠢᠯᠠᠭ᠎ᠠ ᠶᠢᠨ ᠳᠠᠭᠠᠭᠠᠯᠲᠠ ᠬᠢᠬᠦ ᠡᠳ᠋ ᠮᠥᠩᠭᠦ ᠠᠬᠤᠶᠢᠯᠠᠬᠤ ᠲᠤᠬᠠᠶᠢᠯᠠᠭᠰᠠᠨ ᠠᠵᠢᠯ ᠢ ᠥᠷᠨᠢᠭᠦᠯᠦᠯᠵᠦ᠂ ᠰᠠᠭᠤᠭᠠᠯᠢ ᠠᠷᠠᠳ ᠤᠨ ᠬᠠᠳᠠᠭᠠᠯᠠᠵᠤ ᠪᠠᠶᠢᠭ᠎ᠠ ᠡᠳ᠋ ᠬᠦᠷᠥᠩᠭᠡ ᠶᠢ ᠠᠮᠢᠳᠤᠯᠢᠭ ᠪᠣᠯᠭᠠᠨ᠎ᠠ᠃ ᠰᠠᠭᠤᠭᠠᠯᠢ ᠠᠷᠠᠳ ᠤᠨ ᠡᠵᠡᠩᠨᠡᠯᠲᠡ ᠶᠢᠨ ᠴᠢᠨᠠᠷᠲᠠᠶ ᠡᠳ᠋ ᠬᠦᠷᠦᠩᠭᠡ ᠶᠢᠨ ᠥᠮᠴᠢᠯᠡᠬᠦ ᠡᠷᠬᠡ ᠶᠢᠨ ᠴᠢᠯᠥᠭᠡᠲᠡᠶ ᠰᠢᠯᠵᠢᠬᠦ᠂ ᠠᠷᠠᠯᠵᠢᠶᠠᠯᠠᠬᠤ ᠳᠤ ᠳᠡᠮᠵᠢᠯᠭᠡ ᠦᠵᠡᠭᠦᠯᠵᠦ᠂ ᠨᠡᠩ ᠤᠯᠠᠨ ᠰᠠᠭᠤᠭᠠᠯᠢ ᠠᠷᠠᠳ ᠲᠤ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠲᠠᠢ ᠪᠣᠯᠭᠠᠵᠤ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠨᠡᠮᠡᠭᠳᠡᠯ ᠤᠨ ᠴᠢᠭ᠋ ᠪᠣᠯᠭᠠᠨ᠎ᠠ᠃ ︵ᠬᠤᠳᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠠᠴᠠ ᠲᠦᠷᠦᠭᠦᠯᠡᠵᠦ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠨᠢᠭᠡᠴᠡ ᠠᠴᠠ ᠬᠠᠮᠵᠢᠯᠴᠠᠨ᠎ᠠ︶      ︵ᠠᠷᠪᠠ︶ ᠲᠠᠷᠢᠶᠠᠴᠢᠳ ᠤᠨ ᠡᠳ᠋ ᠭᠦᠷᠦᠩᠭᠡ ᠶᠢᠨ ᠠᠰᠢᠭ ᠬᠤᠨᠵᠢᠪᠤᠷᠢ ᠣᠯᠬᠤ ᠶᠢ ᠢᠳᠡᠪᠬᠢᠵᠢᠭᠦᠯᠬᠦ ᠬᠡᠷᠡᠭᠲᠡᠢ᠃ ᠪᠥᠬᠦ ᠬᠤᠲᠠ ᠶᠢᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠭᠢᠯᠲᠡ ᠶᠢᠨ ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠵᠤ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠢᠯᠵᠢᠭᠦᠯᠦᠨ ᠳᠠᠭᠠᠭᠠᠴᠢᠯᠠᠭᠤᠯᠬᠤ᠂ ᠲᠦᠷᠢᠶᠡᠰᠦᠯᠡᠭᠦᠯᠬᠦ᠂ ᠰᠣᠯᠢᠯᠴᠠᠬᠤ᠂ ᠰᠢᠯᠵᠢᠭᠦᠯᠦᠨ ᠥᠭᠬᠦ᠂ ᠬᠤᠪᠢ ᠣᠷᠣᠭᠤᠯᠬᠤ ᠵᠡᠷᠭᠡ ᠠᠷᠭ᠎ᠠ ᠪᠠᠷ ᠭᠠᠵᠠᠷ ᠰᠢᠷᠤᠢ ᠶᠢ ᠡᠷᠭᠢᠯᠲᠡ ᠳᠤ ᠣᠷᠣᠭᠤᠯᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠥᠭᠡᠷᠡᠴᠢᠯᠡᠯᠲᠡ ᠶᠢ ᠥᠷᠨᠢᠭᠦᠯᠵᠦ᠂ ᠭᠠᠵᠠᠷ ᠰᠢᠷᠣᠶ ᠶᠢᠨ ᠵᠣᠬᠢᠰ ᠬᠡᠪᠴᠢᠶᠡᠵᠢᠯ  ᠲᠠᠢ ᠡᠵᠡᠩᠨᠡᠬᠦ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ 2020 ᠣᠨ ᠪᠣᠯᠬᠤ ᠳᠤ ᠪᠦᠬᠦ ᠬᠤᠲᠠ ᠶᠢᠨ ᠭᠠᠵᠠᠷ ᠰᠢᠷᠣᠶ ᠶᠢᠨ ᠵᠣᠬᠢᠰ ᠬᠡᠪᠴᠢᠶᠡᠵᠢᠯ ᠲᠠᠢ ᠡᠵᠡᠩᠨᠡᠯᠲᠡ ᠶᠢᠨ ᠨᠤᠷᠮ᠎ᠠ ᠶᠢ 40% ᠠᠴᠠ ᠳᠡᠭᠡᠭᠰᠢ ᠪᠣᠯᠭᠠᠨ᠎ᠠ᠃ ᠪᠥᠬᠦ ᠬᠤᠲᠠ ᠶᠢᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠲᠣᠣᠷ ᠰᠦᠯᠵᠢᠶ᠎ᠡ ᠬᠠᠷᠢᠯᠴᠠᠨ ᠨᠡᠪᠲᠡᠷᠡᠯᠴᠡᠬᠦ ᠭᠠᠵᠠᠷ ᠰᠢᠷᠣᠶ ᠶᠢᠨ ᠡᠷᠭᠢᠯᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠢᠯᠠ ᠵᠠᠬ᠎ᠠ ᠳᠡᠯᠭᠡᠭᠦᠷ ᠶᠢ ᠢᠳᠡᠪᠬᠢᠲᠡᠶ ᠪᠠᠶᠢᠭᠤᠯᠵᠤ᠂ ᠭᠠᠵᠠᠷ ᠰᠢᠷᠣᠶ ᠶᠢᠨ ᠡᠷᠭᠢᠯᠲᠡ ᠶᠢᠨ ᠵᠠᠬ᠎ᠠ ᠳᠡᠯᠭᠡᠭᠦᠷ ᠤᠨ ᠡᠯᠧᠺᠲᠷᠣᠨ ᠠᠷᠠᠯᠵᠢᠶᠠᠨ ᠤ ᠲᠠᠪᠴᠠᠩ ᠵᠢᠴᠢ ᠰᠦᠯᠵᠢᠶ᠎ᠡ ᠶᠢᠨ ᠪᠥᠳᠥᠭᠡᠨ ᠪᠠᠶᠢᠭᠤᠯᠤᠯᠲᠠ ᠢ ᠲᠦᠷᠭᠡᠳᠬᠡᠨ᠎ᠡ᠃ ᠭᠠᠵᠠᠷ ᠰᠢᠷᠣᠶ ᠶᠢᠨ ︽ᠭᠤᠷᠪᠠᠨ ᠡᠷᠬᠡ ᠶᠢ ᠰᠠᠯᠭᠠᠬᠤ︾ ᠠᠵᠢᠯ ᠢ ᠰᠠᠶᠢᠲᠤᠷ ᠬᠢᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ︵ᠬᠤᠲᠠ ᠶᠢᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠦᠷᠦᠭᠦᠯᠡᠵᠦ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠨᠢᠭᠡᠴᠡ ᠠᠴᠠ ᠬᠠᠮᠵᠢᠯᠴᠠᠨ᠎ᠠ︶      ᠲᠠᠪᠤ  ᠂ ᠭᠤᠤᠯᠳᠠᠯᠭ᠎ᠠ ᠲᠠᠢ ᠬᠥᠮᠥᠰ ᠤᠨ ᠣᠷᠣᠯᠭ᠎ᠠ ᠶᠢᠨ ᠨᠡᠮᠡᠭᠳᠡᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ      ︵ᠠᠷᠪᠠᠨ ᠨᠢᠭᠡ︶ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠦᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠶ᠃ ᠳᠡᠭᠡᠳᠦ ᠰᠤᠷᠭᠠᠭᠤᠯᠢ ᠲᠡᠭᠦᠰᠦᠭᠰᠡᠳ ᠢᠶᠠᠷ ᠭᠤᠣᠯ ᠪᠣᠯᠭᠠᠭᠰᠠᠨ ᠠᠳᠠᠯ ᠦᠢᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ ᠲᠥᠯᠥᠪᠯᠡᠭᠡ ᠶᠢ ᠲᠤᠪᠤᠶᠢᠮ᠎ᠠ ᠰᠠᠶᠢᠲᠤᠷ ᠠᠳᠬᠤᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠳᠤ ᠳᠡᠮᠵᠢᠯᠭᠡ ᠦᠵᠡᠭᠦᠯᠬᠦ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠰᠤᠳᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠤᠰᠬᠠᠶ ᠪᠡᠯᠡ ᠮᠥᠩᠭᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2020 ᠣᠨ ᠪᠣᠯᠬᠤ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠭᠰᠠᠨ ᠨᠡᠷᠡᠲᠦ ᠲᠥᠷᠥᠯ ᠲᠡᠮᠳᠡᠭᠲᠦ ᠶᠢ 30 ᠴᠣᠭᠴᠠᠯᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠢ ᠬᠥᠲᠥᠯᠥᠨ ᠵᠢᠯᠣᠭᠤᠳᠴᠤ ᠵᠣᠷᠢᠭᠵᠢᠭᠤᠯᠵᠤ ᠦᠨᠳᠦᠰᠦᠨ ᠱᠠᠲᠤᠨ ᠳᠤ ᠣᠴᠢᠵᠤ ᠠᠵᠢᠯᠯᠠᠭᠤᠯᠵᠤ᠂ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠮᠢᠶᠠᠷᠤᠯᠲᠠ ᠪᠣᠯᠣᠨ ᠨᠡᠶᠢᠭᠡᠮ ᠤᠨ ᠦᠢᠯᠡᠴᠢᠯᠡᠭᠡᠨ ᠤ ᠠᠵᠢᠯ ᠤᠨ ᠪᠠᠶᠢᠷᠢ ᠬᠤᠳᠠᠯᠳᠤᠨ ᠠᠪᠬᠤ ᠠᠵᠢᠯ ᠤᠨ ᠡᠷᠴᠢᠮ ᠢ ᠴᠢᠩᠭᠠᠷᠠᠭᠤᠯᠵᠤ᠂ 5 ᠵᠢᠯ ᠤᠨ ᠲᠣᠲᠣᠷ᠎ᠠ ᠲᠡᠭᠦᠰᠦᠭᠰᠡᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠳᠤ ᠤᠷᠢᠳᠠᠪᠠᠷ ᠬᠡᠷᠡᠭᠯᠡᠵᠦ᠂ ᠬᠡᠷᠡᠭᠰᠡᠬᠦ ᠪᠡᠯᠡ ᠮᠥᠩᠭᠦ ᠶᠢ ᠡᠯ᠎ᠡ ᠱᠠᠲᠤᠨ ᠤ ᠡᠳ᠋ ᠤᠨ ᠵᠠᠰᠠᠭ ᠠᠴᠠ ᠭᠠᠷᠭᠠᠵᠤ᠂ ᠤᠶᠤᠲᠠᠳ ᠤᠨ ᠠᠵᠢᠯ ᠤᠯᠬᠤ ᠨᠤᠷᠮ᠎ᠠ ᠶᠢ 90 % ᠠᠴᠠ ᠳᠡᠭᠡᠭᠰᠢ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ︵ᠬᠤᠲᠠ ᠶᠢᠨ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠲᠦᠷᠦᠭᠦᠯᠡᠵᠦ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠨᠢᠭᠡᠴᠡ ᠠᠴᠠ ᠬᠠᠮᠵᠢᠯᠴᠠᠨ᠎ᠠ︶      ︵ᠠᠷᠪᠠᠨ ᠬᠤᠶᠠᠷ︶ ᠮᠡᠳᠡᠯᠭᠡ ᠶᠢᠨ ᠦᠷᠳᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠡᠷᠳᠡᠮ ᠰᠢᠨᠵᠢᠯᠡᠭᠡᠨ ᠤ ᠠᠵᠢᠯᠲᠠᠳ ᠤᠨ ᠤᠷᠮᠠᠰᠢᠭᠤᠯᠤᠨ ᠵᠣᠷᠢᠭᠵᠢᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠡᠷᠳᠡᠮ ᠰᠢᠨᠵᠢᠯᠡᠭᠡᠨ ᠤ ᠲᠦᠷᠦᠯ ᠵᠦᠢᠯ ᠬᠢᠭᠡᠳ ᠪᠡᠯᠡ ᠮᠥᠩᠭᠦ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠬᠡᠪᠴᠢᠶ᠎ᠡ ᠶᠢ ᠲᠣᠳᠣᠷᠬᠠᠶᠢᠯᠠᠵᠤ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠬᠠᠷᠢᠴᠠᠯ ᠤᠨ ᠬᠢᠵᠠᠭᠠᠷᠯᠠᠯ ᠢ ᠠᠯᠬᠤᠮ ᠠᠯᠬᠤᠮ ᠢᠶᠠᠷ ᠰᠤᠯᠠᠯᠠᠵᠤ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠵᠠᠷᠤᠴᠠᠭᠤᠯᠬᠤ ᠬᠡᠪᠴᠢᠶ᠎ᠡ ᠢ ᠲᠣᠬᠢᠷᠠᠭᠤᠯᠤᠨ᠎ᠠ᠃ ᠳᠠᠮ ᠵᠠᠷᠤᠳᠠᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ ᠂ ᠲᠦᠷᠦᠯ ᠵᠦᠢᠯ ᠡᠭᠦᠷᠭᠡᠯᠡᠭᠰᠡᠨ ᠨᠢᠭᠡᠴᠡ ᠠᠴᠠ ᠨᠢᠭᠡᠳᠦᠭᠡᠷ ᠹᠷᠣᠨᠲ ᠲᠠᠬᠢ ᠡᠷᠳᠡᠮ ᠰᠢᠨᠵᠢᠯᠡᠭᠡᠨ ᠤ ᠠᠵᠢᠯᠲᠠᠳ ᠤᠨ ᠦᠵᠡᠭᠦᠯᠦᠭᠰᠡᠨ ᠪᠣᠳᠠᠲᠠᠶ ᠬᠤᠪᠢ ᠨᠡᠮᠡᠷᠢ ᠲᠠᠢ ᠤᠶᠠᠯᠳᠤᠭᠤᠯᠤᠨ ᠢᠯᠡ ᠲᠣᠳᠣ ᠲᠥᠪ ᠭᠤᠣᠯᠴᠢ ᠪᠠᠷ ᠠᠮᠵᠢᠯᠲᠠ ᠪᠦᠲᠦᠮᠵᠢ ᠶᠢᠨ ᠵᠠᠷᠤᠯᠭ᠎ᠠ ᠶᠢ ᠲᠣᠬᠢᠷᠠᠭᠤᠯᠤᠨ᠎ᠠ᠃ ᠲᠥᠷᠥᠯ ᠵᠦᠢᠯ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢ ᠦᠯᠡᠳᠡᠭᠡᠨ ᠬᠡᠷᠡᠭᠯᠡᠵᠦ ᠰᠢᠢᠳᠪᠦᠷᠢᠯᠡᠬᠦ ᠠᠷᠭ᠎ᠠ ᠮᠠᠶ᠋ᠢᠭ ᠢ ᠰᠠᠶᠢᠵᠢᠷᠠᠭᠤᠯᠨ᠎ᠠ᠃ ︵ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠲᠦᠷᠦᠭᠦᠯᠡᠵᠦ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠨᠢᠭᠡᠴᠡ ᠠᠴᠠ ᠬᠠᠮᠵᠢᠯᠴᠠᠨ᠎ᠠ︶      ᠰᠲ᠋ᠣᠺ ᠤᠨ ᠡᠷᠬᠡ ᠪᠠᠷ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠵᠦ᠂ ᠠᠵᠢᠯ ᠦᠢᠯᠡᠰ ᠤᠨ ᠨᠢᠭᠡᠴᠡ ᠶᠢᠨ ᠡᠷᠳᠡᠮ ᠰᠢᠨᠵᠢᠯᠡᠭᠡᠨ ᠤ ᠠᠵᠢᠯᠲᠠᠳ ᠤᠨ ᠰᠲ᠋ᠣᠺ ᠤᠨ ᠡᠷᠬᠡ ᠪᠠᠷ ᠤᠷᠮᠠᠰᠢᠭᠤᠯᠬᠤ ᠵᠡᠷᠭᠡ ᠤᠷᠲᠤᠪᠲᠤᠷ ᠪᠠ ᠤᠷᠲᠤ ᠬᠤᠭᠤᠴᠠᠭᠠᠨ ᠤ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ ᠠᠴᠠ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠬᠤᠪᠢ ᠣᠷᠤᠭᠤᠯᠤᠯᠲᠠ ᠪᠤᠶᠤ ᠪᠡᠯᠡ ᠮᠥᠩᠭᠦ ᠭᠠᠷᠭᠠᠬᠤ ᠬᠠᠷᠢᠴᠠᠯ ᠵᠡᠷᠭᠡ ᠰᠲ᠋ᠣᠺ ᠤᠨ ᠡᠷᠬᠡ ᠶᠢᠨ ᠬᠡᠯᠪᠡᠷᠢ ᠪᠠᠷ ᠡᠷᠳᠡᠮ ᠰᠢᠨᠵᠢᠯᠡᠭᠡᠨ ᠤ ᠠᠵᠢᠯᠲᠠᠳ ᠲᠤ ᠬᠤᠪᠢ ᠬᠥᠮᠦᠨ ᠤ ᠱᠠᠩᠨᠠᠯ ᠥᠭᠴᠦ᠂ ᠡᠷᠬᠢᠯᠡᠨ ᠬᠠᠮᠢᠶᠠᠷᠬᠤ ᠭᠠᠶᠢᠯᠢ ᠶᠢᠨ  ᠪᠠᠶᠢᠭᠤᠯᠭ᠎ᠠ ᠠᠴᠠ ᠬᠢᠨᠠᠨ ᠪᠠᠶᠢᠴᠠᠭᠠᠭᠰᠠᠨ ᠤ ᠲᠡᠷᠠᠭ᠎ᠠ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠲᠦᠷ ᠲᠠᠲᠠᠪᠤᠷᠢᠯᠠᠬᠤ ᠦᠭᠡᠢ ᠪᠠᠶᠢᠵᠤ ᠪᠣᠯᠣᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠮᠡᠷᠭᠡᠵᠢᠯ ᠤᠨ ᠠᠵᠢᠯᠳᠠᠳ ᠤᠨ ᠣᠯᠣᠭᠰᠠᠨ ᠰᠲ᠋ᠣᠺ ᠤᠨ ᠡᠷᠬᠡ ᠶᠢᠨ ᠱᠠᠩᠨᠠᠯ  ᠨᠢ᠂ ᠮᠡᠷᠭᠡᠵᠢᠯᠲᠡᠳ ᠨᠢᠭᠡ ᠯᠡ ᠤᠳᠠᠭ᠎ᠠ ᠶᠢᠨ ᠴᠢᠨᠠᠷᠲᠠᠶ ᠭᠠᠶᠢᠯᠢ ᠲᠤᠰᠢᠶᠠᠬᠤ ᠳᠤ ᠬᠦᠴᠢᠷᠲᠡᠶ ᠪᠠᠶᠢᠪᠠᠯ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠲᠣᠭᠲᠠᠭᠠᠯ ᠶᠣᠰᠣᠭᠠᠷ ᠬᠤᠭᠤᠴᠠᠭ᠎ᠠ ᠬᠤᠪᠢᠶᠠᠨ ᠲᠤᠰᠢᠶᠠᠵᠤ ᠪᠣᠯᠣᠨ᠎ᠠ᠃ ︵ᠬᠤᠲᠠ ᠶᠢᠨ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠦᠷᠦᠭᠦᠯᠡᠵᠦ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠨᠢᠭᠡᠴᠡ ᠠᠴᠠ ᠬᠠᠮᠵᠢᠯᠴᠠᠨ᠎ᠠ︶      ᠡᠷᠳᠡᠮ ᠰᠢᠨᠵᠢᠯᠡᠭᠡᠨ ᠤ ᠠᠵᠢᠯᠲᠠᠳ ᠤᠨ ᠲᠤᠰᠢᠶᠠᠯ ᠬᠠᠪᠰᠤᠷᠭᠠᠬᠤ ᠪᠠ ᠠᠳᠠᠯ ᠦᠢᠯᠡᠰ ᠴᠣᠭᠴᠠᠯᠠᠬᠤ ᠶᠢ ᠵᠥᠪᠰᠢᠶᠡᠷᠡᠨ᠎ᠡ᠃ ᠡᠷᠳᠡᠮ ᠰᠢᠨᠵᠢᠯᠡᠭᠡᠨ ᠤ ᠠᠵᠢᠯᠳᠡᠳ ᠲᠤᠰ ᠨᠢᠭᠡᠴᠡ ᠶᠢᠨ ᠢᠶᠠᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ᠂ ᠪᠠᠶᠢᠭ᠎ᠠ ᠨᠢᠭᠡᠴᠡ ᠪᠠᠷ ᠢᠶᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠠᠵᠤ ᠠᠬᠤᠶᠢᠯᠠᠯ ᠪᠣᠯᠣᠨ ᠪᠤᠰᠤᠳ ᠡᠷᠳᠡᠮ ᠰᠢᠨᠵᠢᠯᠡᠭᠡᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠲᠤᠰᠢᠶᠠᠯ ᠬᠠᠪᠰᠤᠷᠭᠠᠬᠤ ᠪᠥᠭᠡᠳ ᠬᠠᠤᠯᠢ ᠶᠣᠰᠣᠨ ᠤ ᠬᠥᠯᠥᠰᠥ ᠬᠠᠷᠠᠮᠵᠢ ᠣᠯᠵᠤ ᠪᠣᠯᠤᠨ᠎ᠠ᠃ ᠨᠥᠬᠦᠴᠡᠯ ᠳᠤ ᠨᠡᠶᠢᠴᠡᠭᠰᠡᠨ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ ᠵᠡᠷᠭᠡ ᠠᠵᠢᠯ ᠦᠢᠯᠡᠰ ᠤᠨ ᠨᠢᠭᠡᠴᠡ ᠶᠢᠨ ᠡᠷᠳᠡᠮ ᠰᠢᠨᠵᠢᠯᠡᠭᠡᠨ ᠤ ᠠᠵᠢᠯᠲᠠᠳ ᠨᠢ᠂ ᠪᠠᠶᠢᠭ᠎ᠠ ᠨᠢᠭᠡᠴᠡ ᠪᠠᠷ ᠢᠶᠠᠨ ᠵᠥᠪᠰᠢᠶᠡᠷᠡᠭᠦᠯᠦᠭᠰᠡᠨ ᠤ ᠬᠠᠮᠲᠤ ᠺᠠᠳ᠋ᠷ ᠠᠵᠢᠯᠳᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠡᠷᠳᠡᠮ ᠰᠢᠨᠵᠢᠯᠡᠭᠡᠨ ᠤ ᠲᠥᠷᠥᠯ ᠵᠦᠢᠯ ᠪᠣᠯᠣᠨ ᠦᠷ᠎ᠡ ᠪᠦᠲᠦᠭᠡᠯ ᠢᠶᠠᠨ ᠠᠪᠴᠤ ᠠᠵᠢᠯ ᠤᠨ ᠪᠠᠶᠢᠷᠢ ᠠᠴᠠ ᠪᠠᠨ ᠰᠠᠯᠠᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠵᠤ ᠪᠣᠯᠤᠨ᠎ᠠ᠃ ᠳᠡᠭᠡᠳᠦ ᠰᠤᠷᠭᠠᠭᠤᠯᠢ ᠶᠢᠨ ᠪᠠᠭᠰᠢ ᠨᠠᠷ ᠰᠤᠷᠭᠠᠭᠤᠯᠢ ᠪᠠᠷ ᠢᠶᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠤᠯᠠᠨ ᠭᠠᠵᠠᠷ ᠲᠤ ᠬᠢᠴᠢᠶᠡᠯᠯᠡᠭᠡ ᠥᠷᠨᠢᠭᠦᠯᠬᠦ ᠶᠢᠨ ᠬᠠᠮᠲᠤ ᠬᠥᠯᠥᠰᠥ ᠬᠠᠷᠠᠮᠵᠢ ᠣᠯᠵᠤ ᠪᠣᠯᠤᠨ᠎ᠠ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠲᠦᠷᠦᠭᠦᠯᠡᠵᠦ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠨᠢᠭᠡᠴᠡ ᠠᠴᠠ ᠬᠠᠮᠵᠢᠯᠴᠠᠨ᠎ᠠ︶      ︵ᠠᠷᠪᠠᠨ ᠭᠤᠷᠪᠠ︶ ᠵᠢᠵᠢᠭ ᠪᠢᠴᠢᠯ ᠠᠳᠠᠯ ᠦᠢᠯᠡᠰ ᠴᠣᠭᠴᠠᠯᠠᠭᠴᠢ ᠳᠤ ᠦᠵᠡᠭᠦᠯᠬᠦ ᠪᠠᠶᠠᠵᠢᠭᠤᠯᠬᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠪᠦᠷᠢᠳᠬᠡᠯ ᠠᠴᠠ ᠬᠢᠯᠪᠠᠷᠬᠠᠨ ᠢᠶᠠᠷ ᠬᠠᠰᠤᠬᠤ᠂ ︽ᠤᠯᠠᠨ ᠦᠨᠡᠮᠯᠡᠯ ᠢ ᠨᠢᠭᠡᠳᠬᠡᠬᠦ︾᠂ ᠭᠠᠳᠠᠭᠠᠳᠤ ᠪᠠᠯᠠᠳᠤ ᠠᠵᠤ ᠠᠬᠤᠶᠢᠯᠠᠯ ᠤᠨ ᠬᠢᠨᠠᠨ ᠵᠥᠪᠰᠢᠶᠡᠷᠡᠭᠦᠯᠵᠦ ᠳᠠᠩᠰᠠᠯᠠᠭᠤᠯᠬᠤ᠂ ︽ᠨᠢᠭᠡ ᠦᠨᠡᠮᠯᠡᠯ ᠳᠤ ᠤᠯᠠᠨ ᠬᠠᠶ᠋ᠢᠭ ᠲᠠᠢ︾ ᠵᠡᠷᠭᠡ ᠳᠠᠩᠰᠠᠯᠠᠭᠤᠯᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠠᠵᠤ ᠠᠬᠤᠶᠢᠯᠠᠯ ᠳᠠᠩᠰᠠᠯᠠᠭᠤᠯᠬᠤ ᠲᠥᠷᠥᠯ᠂ ᠭᠡᠷᠡᠴᠢ ᠦᠨᠡᠮᠯᠡᠯ ᠤᠨ ᠲᠥᠷᠥᠯ᠂ ᠬᠠᠮᠢᠶᠠᠷᠤᠯᠲᠠ ᠶᠢᠨ ᠲᠥᠷᠥᠯ ᠵᠡᠷᠭᠡ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠶᠢ ᠲᠣᠭᠲᠠᠭᠠᠯ ᠶᠣᠰᠣᠭᠠᠷ ᠬᠠᠰᠤᠨ ᠬᠡᠯᠲᠦᠷᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠲᠤᠰ ᠵᠢᠯ ᠤᠨ ᠡᠯᠰᠡᠵᠦ ᠬᠡᠷᠡᠭᠯᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠤᠨ ᠭᠤᠶᠤᠴᠢᠯᠠᠯ ᠤᠨ ᠨᠦᠬᠦᠴᠡᠯ ᠳᠤ ᠨᠡᠶᠢᠴᠡᠭᠰᠡᠨ ᠬᠥᠮᠥᠰ ᠨᠢ ᠲᠣᠭᠲᠠᠭᠰᠠᠨ ᠬᠠᠷᠢᠴᠠᠯ ᠳᠤ ᠬᠦᠷᠦᠭᠰᠡᠨ ᠪᠠᠶᠢᠪᠠᠯ᠂ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠠᠴᠠ ᠳᠠᠪᠠᠭ᠋ᠤ ᠦᠭᠡᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠥᠭᠴᠦ ᠪᠣᠯᠤᠨ᠎ᠠ᠃ ᠠᠳᠠᠯ ᠦᠢᠯᠡᠰ ᠴᠣᠭᠴᠠᠯᠠᠬᠤ ᠦᠷ᠎ᠡ ᠪᠦᠲᠦᠭᠡᠯ ᠢᠶᠠᠨ ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠵᠤ ᠰᠲ᠋ᠣᠺ ᠤᠨ ᠡᠷᠬᠡ ᠪᠠᠷ ᠤᠷᠮᠠᠰᠢᠭᠤᠯᠤᠨ ᠵᠣᠷᠢᠭᠵᠢᠭᠤᠯᠬᠤ ᠪᠠ ᠠᠵᠢᠯᠲᠠᠨ ᠠᠵᠢᠯᠴᠢᠨ ᠤ ᠬᠤᠪᠢ ᠡᠵᠡᠮᠰᠢᠬᠦ ᠲᠥᠯᠥᠪᠯᠡᠭᠡ ᠶᠢᠨ ᠪᠠᠶᠢᠭᠤᠯᠤᠯ ᠤᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ︵ᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠲᠦᠷᠦᠭᠦᠯᠡᠵᠦ᠂ ᠬᠤᠲᠠ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢᠭᠡᠴᠡ ᠠᠴᠠ ᠬᠠᠮᠵᠢᠯᠴᠠᠨ᠎ᠠ︶      ︵ᠠᠷᠪᠠᠨ ᠲᠦᠷᠪᠡ︶ ᠬᠥᠳᠡᠯᠮᠦᠷᠢᠯᠡᠬᠦ ᠴᠢᠳᠠᠪᠤᠷᠢ ᠲᠠᠢ ᠬᠦᠴᠢᠷᠳᠡᠯᠲᠡᠶ ᠬᠥᠮᠥᠰ ᠤᠨ ᠣᠷᠣᠯᠭ᠎ᠠ ᠶᠢ ᠨᠡᠮᠡᠭᠳᠡᠭᠦᠯᠦᠨ ᠬᠦᠴᠢᠷᠳᠡᠯ ᠠᠴᠠ ᠨᠢ ᠠᠩᠭᠢᠵᠢᠷᠠᠭᠤᠯᠬᠤ ᠳᠤ ᠳᠡᠮᠵᠢᠯᠭᠡ ᠦᠵᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠬᠥᠮᠦᠰ ᠤᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠬᠥᠮᠦᠨ ᠢ ᠬᠥᠲᠥᠯᠥᠨ ᠵᠢᠯᠣᠭᠤᠳᠴᠤ ᠵᠣᠷᠢᠭᠵᠢᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠦᠢᠯᠡᠳᠪᠦᠷᠢᠯᠡᠯ ᠬᠥᠳᠡᠯᠮᠦᠷᠢ ᠳᠤ ᠣᠷᠣᠯᠴᠠᠭᠤᠯᠵᠤ᠂ ᠥᠪᠡᠷ ᠤᠨ ᠢᠶᠠᠨ ᠴᠢᠷᠮᠠᠶᠢᠯᠭ᠎ᠠ ᠪᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠬᠦ ᠳᠤ ᠳᠡᠮᠵᠢᠯᠭᠡ ᠦᠵᠡᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠣᠷᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠤ ᠠᠵᠢᠯ ᠤᠨ ᠪᠠᠶᠢᠷᠢ ᠶᠢ ᠡᠩ ᠲᠡᠷᠢᠭᠦᠨ ᠳᠤ ᠲᠤᠬᠠᠶ ᠶᠢᠨ ᠭᠠᠵᠠᠷ ᠤᠨ ᠬᠥᠳᠡᠯᠮᠦᠷᠢᠯᠡᠬᠦ ᠴᠢᠳᠠᠪᠤᠷᠢ ᠲᠠᠢ ᠲᠠᠷᠢᠶᠠᠴᠢᠨ ᠶᠠᠳᠠᠭᠤ ᠬᠦᠴᠢᠷᠳᠡᠯᠲᠡᠶ ᠬᠥᠮᠥᠰ ᠲᠤ ᠲᠣᠬᠢᠷᠠᠭᠤᠯᠤᠨ᠎ᠠ᠃ ᠬᠥᠮᠦᠨ ᠬᠡᠷᠡᠭᠯᠡᠬᠦ ᠨᠢᠭᠡᠴᠡ ᠨᠢ ᠠᠵᠢᠯ ᠤᠯᠬᠤ ᠳᠤ ᠬᠦᠴᠢᠷᠲᠡᠶ ᠬᠥᠮᠦᠰ ᠢ ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠵᠤ ᠥᠭᠭᠦᠭᠰᠡᠨ ᠪᠠᠶᠢᠪᠠᠯ᠂ ᠪᠣᠳᠠᠲᠠᠶ ᠡᠯᠰᠡᠨ ᠬᠡᠷᠡᠭᠯᠡᠭᠰᠡᠨ ᠬᠥᠮᠦᠨ ᠤ ᠲᠤᠭ᠎ᠠ ᠪᠠᠷ ᠨᠢ ᠶᠣᠰᠣᠭᠠᠷ ᠨᠢ᠂ ᠵᠣᠬᠢᠬᠤ ᠬᠤᠭᠤᠴᠠᠭᠠᠨ ᠤ ᠳᠣᠲᠣᠷ᠎ᠠ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠃ ᠨᠥᠬᠦᠴᠡᠯ ᠳᠤ ᠨᠡᠶᠢᠴᠡᠭᠰᠡᠨ ᠠᠵᠢᠯ ᠤᠯᠬᠤ ᠳᠤ ᠬᠦᠴᠢᠷᠲᠡᠶ ᠬᠥᠮᠦᠰ ᠨᠢ ᠠᠮᠢᠳᠤᠯᠢᠭ ᠪᠠᠷ ᠠᠵᠢᠯ ᠣᠯᠣᠭᠰᠠᠨ ᠪᠠᠶᠢᠪᠠᠯ᠂ ᠬᠤᠪᠢ ᠬᠥᠮᠦᠨ ᠤ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠭᠤᠷᠪᠠᠨ ᠤ ᠬᠤᠶᠠᠷ ᠬᠤᠪᠢ ᠠᠴᠠ ᠬᠡᠲᠦᠷᠡᠭᠦᠯᠬᠦ ᠦᠭᠡᠢ ᠪᠠᠷ ᠳᠠᠭᠠᠳᠬᠠᠯ ᠤᠨ ᠨᠥᠬᠦᠪᠥᠷᠢ ᠣᠯᠭᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠣᠯᠭᠤᠬᠤ ᠪᠠᠷᠢᠮᠵᠢᠶ᠎ᠠ ᠶᠢ ᠴᠠᠭ ᠲᠤᠬᠠᠢ ᠲᠤᠨᠢ ᠲᠣᠬᠢᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠳᠡᠨ ᠤ ᠴᠠᠯᠢᠩ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢᠨ 110 % ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠬᠠᠷᠢᠶᠠᠭᠳᠠᠬᠤ ᠪᠡᠯᠡ ᠮᠥᠩᠭᠦ ᠶᠢ ᠬᠤᠲᠠ ᠶᠢᠨ ᠡᠳ᠋ ᠤᠨ ᠵᠠᠰᠠᠭ ᠪᠣᠯᠣᠨ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠠᠴᠠ ᠢᠵᠢ ᠪᠦᠷᠢᠯᠳᠦᠭᠦᠯᠦᠨ ᠰᠢᠢᠳᠪᠦᠷᠢᠯᠡᠨ᠎ᠡ᠃ ᠵᠡᠮᠳᠡᠭᠴᠦᠳ ᠤᠨ ᠠᠵᠢᠯ ᠣᠯᠭᠤᠬᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠭᠠᠷᠭᠠᠭᠰᠠᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ 10% ᠬᠠᠷᠢᠴᠠᠯ ᠠᠴᠠ ᠳᠣᠣᠷ᠎ᠠ ᠦᠭᠡᠢ ᠪᠠᠷ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠵᠡᠮᠳᠡᠭᠴᠦᠳ ᠲᠤ ᠡᠩ ᠲᠡᠷᠢᠭᠦᠨ ᠳᠤ ᠠᠵᠢᠯ ᠣᠯᠭᠤᠵᠤ᠂ ᠨᠡᠶᠢᠭᠡᠮ ᠲᠣᠭᠤᠷᠢᠭ ᠤᠨ ᠠᠵᠢᠯ ᠣᠯᠭᠤᠬᠤ ᠪᠠᠶᠢᠷᠢ ᠶᠢ ᠡᠩ ᠲᠡᠷᠢᠭᠦᠨ ᠳᠤ ᠲᠤᠰ ᠭᠠᠵᠠᠷ ᠲᠤᠨᠢ ᠪᠤᠶᠤ ᠣᠶᠢᠷᠠᠯᠴᠠᠭ᠎ᠠ ᠭᠠᠵᠠᠷ ᠳᠠᠭᠠᠤ ᠵᠡᠮᠳᠡᠭᠴᠦᠳ ᠲᠤ ᠲᠣᠬᠢᠷᠠᠭᠤᠯᠤᠨ᠎ᠠ᠃ ︵ᠬᠥᠳᠡᠭᠡ ᠲᠣᠰᠬᠤᠨ ᠤ ᠠᠵᠢᠯ ᠤᠨ ᠵᠥᠪᠯᠡᠯ ᠂ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠲᠦᠷᠦᠭᠦᠯᠡᠵᠦ᠂ ᠬᠤᠲᠠ ᠶᠢᠨ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠨᠢᠭᠡᠴᠡ ᠠᠴᠠ ᠬᠠᠮᠵᠢᠯᠴᠠᠨ᠎ᠠ︶      ︵ᠠᠷᠪᠠᠨ ᠲᠠᠪᠤ︶ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠣᠷᠣᠯᠭ᠎ᠠ ᠨᠡᠮᠡᠭᠳᠡᠭᠦᠯᠬᠦ ᠳᠠᠯᠳᠠ ᠬᠦᠴᠦᠨ ᠢ ᠭᠦᠨᠵᠡᠭᠡᠶ ᠠᠭᠤᠳᠠᠯᠠᠬᠤ ᠬᠡᠷᠡᠭᠲᠡᠢ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠵᠤ᠂ ᠲᠠᠷᠢᠵᠦ ᠲᠡᠵᠢᠭᠡᠬᠦ ᠪᠦᠲᠦᠴᠡ ᠪᠠᠨ ᠳᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠤ᠂ ᠠᠮᠤ ᠪᠤᠳᠠᠭᠠᠨ ᠤ ᠠᠵᠤ ᠠᠬᠤᠶ ᠶᠢᠨ ᠲᠠᠷᠢᠮᠠᠯ ᠪᠣᠷᠳᠣᠭᠠᠨ ᠲᠠᠷᠢᠮᠠᠯ ᠤᠨ ᠬᠠᠷᠢᠴᠠᠯ ᠢ 2016 ᠣᠨ ᠳᠠᠬᠢ 61᠄ 17᠄ 22 ᠪᠠᠶᠢᠭᠰᠠᠨ ᠠᠴᠠ ᠨᠢ 2020 ᠣᠨ ᠪᠣᠯᠲᠠᠯ᠎ᠠ 40  ᠄ 30 ᠄ 30 ᠪᠣᠯᠭᠠᠨ ᠲᠣᠬᠢᠷᠠᠭᠤᠯᠤᠨ᠎ᠠ᠃  ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠨᠣᠭᠤᠭ᠎ᠠ ᠶᠢᠨ ᠲᠠᠷᠢᠶ᠎ᠠ ᠶᠢᠨ ᠲᠠᠯᠠᠪᠠᠶ ᠢ 30 ᠲᠦᠮᠡᠨ ᠮᠥ ᠳᠤ ᠬᠦᠷᠦᠭᠦᠯᠵᠦ᠂ ᠰᠠᠭᠠᠯᠢ ᠶᠢᠨ ᠦᠨᠢᠶ᠎ᠡ ᠶᠢ 50 ᠲᠦᠮᠡ ᠲᠡᠵᠢᠭᠡᠵᠦ᠂ ᠬᠡᠪᠴᠢᠶᠡᠵᠢᠭᠦᠯᠦᠭᠰᠡᠨ ᠬᠢᠷᠢ ᠬᠡᠮᠵᠢᠶ᠎ᠡ ᠶᠢ 100% ᠳᠤ ᠬᠦᠷᠦᠭᠦᠯᠵᠦ᠂ ᠢᠳᠡᠰᠢᠨ ᠬᠤᠨᠢ ᠶᠢ 500 ᠲᠥᠮᠡ ᠠᠴᠠ ᠳᠡᠭᠡᠭᠰᠢ ᠲᠡᠵᠢᠭᠡᠵᠦ᠂ ᠮᠢᠬᠠᠨ ᠤ ᠵᠦᠢᠯ ᠤᠨ ᠶᠡᠷᠦᠩᠬᠡᠢ ᠭᠠᠷᠤᠯᠲᠠ ᠶᠢ 20 ᠲᠥᠮᠡᠨ ᠲᠣᠨ ᠳᠤ ᠬᠦᠷᠦᠭᠦᠯᠦᠨ᠎ᠡ᠃ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢ 3000 ᠠᠴᠠ ᠳᠡᠭᠡᠭᠰᠢ ᠬᠦᠷᠦᠭᠦᠯᠵᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ 1000 ᠳᠤ ᠬᠦᠷᠦᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠣᠷᠣᠯᠭ᠎ᠠ ᠶᠢ 2000 ᠳ᠋ᠦᠩᠰᠢᠭᠤᠷ ᠲᠥᠭᠦᠷᠢᠭ ᠲᠤ ᠬᠦᠷᠭᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠲᠠᠭᠠᠭᠤᠯᠤᠭᠴᠢ ᠠᠵᠤ ᠠᠬᠤᠶᠢᠯᠠᠯ ᠪᠣᠯᠣᠨ ᠲᠠᠷᠢᠶᠠᠴᠢᠳ ᠤᠨ ᠠᠰᠢᠭ ᠲᠤᠰᠠ ᠳᠤ ᠬᠤᠯᠪᠣᠭᠳᠠᠭᠰᠠᠨ ᠬᠠᠷᠢᠴᠠᠯ ᠢ 70% ᠳᠤ ᠬᠦᠷᠦᠭᠦᠯᠦᠨ᠎ᠡ᠃ ᠰᠡᠯᠡᠭᠦᠴᠡᠯ ᠵᠢᠭᠤᠯᠴᠢᠯᠠᠯ ᠤᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠢ ᠰᠢᠨ᠎ᠡ ᠪᠠᠷ 40 ᠨᠡᠮᠡᠭᠳᠡᠭᠦᠯᠵᠦ᠂ 158 ᠳᠤ ᠬᠦᠷᠦᠭᠦᠯᠦᠨ᠎ᠡ᠃ ᠲᠣᠭᠲᠠᠭᠤᠨ ᠪᠥᠭᠡᠳ ᠥᠨᠳᠥᠷ ᠬᠤᠷᠢᠶᠠᠯᠲᠠ ᠲᠠᠢ ᠴᠢᠨᠠᠷ ᠰᠠᠶᠢᠲᠠᠶ ᠪᠡᠯᠴᠢᠭᠡᠷ ᠤᠨ ᠰᠠᠭᠤᠷᠢᠨ ᠭᠠᠵᠠᠷ ᠢ 40 ᠲᠦᠮᠡᠨ ᠮᠦ ᠶᠢᠨ ᠬᠡᠪᠴᠢᠶᠡᠵᠢᠯ ᠲᠠᠢ ᠪᠣᠯᠭᠠᠵᠤ᠂ ᠲᠡᠷᠢᠵᠦ ᠲᠡᠵᠢᠭᠡᠬᠦ ᠶᠢ ᠤᠶᠠᠯᠳᠤᠭᠤᠯᠤᠭᠰᠠᠨ ᠣᠷᠴᠢᠯ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠦᠷᠦᠭᠦᠯᠡᠵᠦ᠂ ᠬᠤᠲᠠ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠠᠬᠤᠶ ᠪᠠ ᠮᠡᠳᠡᠭᠡ ᠵᠠᠩᠭᠢᠵᠢᠯᠠᠯᠲᠠ ᠶᠢᠨ ᠵᠥᠪᠯᠡᠯ ᠵᠡᠷᠭᠡ ᠨᠢᠭᠡᠴᠡ ᠠᠴᠠ ᠬᠠᠮᠵᠢᠯᠴᠠᠨ᠎ᠠ︶      ︵ᠠᠷᠪᠠᠨ ᠵᠢᠷᠭᠤᠭ᠎ᠠ︶ ᠰᠢᠨ᠎ᠡ ᠮᠠᠶ᠋ᠢᠭ ᠤᠨ ᠲᠤᠰᠬᠠᠶ ᠠᠵᠢᠯ ᠤᠨ ᠲᠠᠷᠢᠶᠠᠴᠢᠳ ᠤᠨ ᠡᠩᠨᠡᠭᠡ ᠶᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠶ᠃ ᠰᠢᠨ᠎ᠡ ᠮᠠᠶ᠋ᠢᠭ ᠤᠨ ᠲᠤᠰᠬᠠᠶ ᠠᠵᠢᠯ ᠤᠨ ᠲᠠᠷᠢᠶᠠᠴᠢᠳ ᠢ ᠪᠤᠶᠢᠵᠢᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠦᠨᠳᠦᠰᠦᠯᠡᠵᠦ᠂ ︽ᠣᠨᠴᠠ ᠨᠢᠭᠡ ᠮᠡᠷᠭᠡᠵᠢᠯ︾ ᠪᠦᠬᠦᠢ ᠰᠢᠨ᠎ᠡ ᠦᠶ᠎ᠡ ᠶᠢᠨ ᠬᠥᠯᠥᠰᠥᠨ ᠠᠵᠢᠯᠴᠢᠳ ᠤᠨ ᠡᠩᠨᠡᠭᠡ ᠶᠢ ᠪᠠᠶᠢᠭᠤᠯᠵᠤ᠂ 2020 ᠣᠨ ᠪᠣᠯᠬᠤ ᠳᠤ᠂ ᠪᠥᠬᠦ ᠬᠤᠲᠠ ᠳᠤ ᠨᠢᠭᠡ ᠪᠦᠯᠦᠭ ᠰᠢᠨ᠎ᠡ ᠮᠠᠶ᠋ᠢᠭ ᠤᠨ ᠲᠤᠰᠬᠠᠶ ᠠᠵᠢᠯ ᠤᠨ ᠲᠠᠷᠢᠶᠠᠴᠢᠳ ᠤᠨ ᠡᠩᠨᠡᠭᠡ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯᠲᠠᠨ ᠤ ᠡᠩᠨᠡᠭᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠭᠠᠯᠲᠠ ᠶᠢᠨ  ᠵᠠᠭᠤᠴᠢᠯᠠᠭᠴᠢ ᠶᠢᠨ ᠡᠩᠨᠡᠭᠡ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠡᠩᠨᠡᠭᠡ ᠂ ᠲᠠᠷᠢᠶᠠᠯᠠᠩ ᠮᠠᠯ ᠠᠵᠤ ᠠᠬᠤᠶ ᠶᠢᠨ ᠬᠠᠮᠢᠶᠠᠷᠤᠯᠲᠠ ᠶᠢᠨ ᠡᠩᠨᠡᠭᠡ ᠶᠢ ᠪᠣᠶᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮᠵᠢ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠷᠠᠳᠢᠣ᠋ ᠲᠧᠯᠸᠢᠰ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠤᠰᠬᠠᠶ ᠠᠵᠢᠯ ᠤᠨ ᠲᠠᠷᠢᠶᠠᠴᠢᠨ 4000 ᠬᠥᠮᠦᠨ ᠢ ᠬᠠᠨᠳᠤᠯᠭ᠎ᠠ ᠲᠠᠢ ᠪᠠᠷ ᠬᠥᠮᠥᠵᠢᠭᠦᠯᠵᠦ᠂ ᠬᠥᠳᠡᠭᠡ ᠲᠣᠰᠬᠤᠨ ᠤ ᠡᠮᠡᠭᠲᠡᠶᠢᠴᠦᠳ ᠲᠤ ᠪᠣᠳᠠᠲᠤ ᠬᠡᠷᠡᠭᠯᠡᠭᠡᠨ ᠤ ᠮᠡᠷᠭᠡᠵᠢᠯ ᠪᠣᠯᠣᠨ ᠲᠤᠰᠬᠠᠢ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠨ᠎ᠡ᠃ ︵ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠦᠷᠦᠭᠦᠯᠡᠵᠦ᠂ ᠬᠤᠲᠠ ᠶᠢᠨ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠵᠢᠯᠴᠠᠨ᠎ᠠ︶      ︵ᠠᠷᠪᠠᠨ ᠲᠤᠯᠤᠭ᠎ᠠ︶ ᠲᠠᠷᠢᠶᠠᠴᠢᠳ ᠢ ᠬᠦᠴᠦᠷᠬᠡᠭᠵᠢᠭᠦᠯᠬᠦ ᠲᠠᠷᠢᠶᠠᠴᠢᠳ ᠢ ᠪᠠᠶᠠᠵᠢᠭᠤᠯᠬᠤ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠦᠷᠭᠡᠨ ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠤᠨ ᠳᠡᠮᠵᠢᠯᠭᠡ ᠶᠢᠨ ᠴᠢᠨᠠᠷᠲᠠᠢ ᠬᠠᠮᠠᠭᠠᠯᠠᠯᠲᠠ ᠶᠢᠨ ᠨᠥᠬᠦᠪᠥᠷᠢ᠂ ᠲᠠᠷᠢᠶᠠᠯᠠᠩ ᠤᠨ ᠮᠠᠰᠢᠨ ᠪᠠᠭᠠᠵᠢ ᠶᠢ ᠬᠤᠳᠠᠯᠳᠤᠨ ᠠᠪᠬᠤ ᠨᠥᠬᠦᠪᠥᠷᠢ᠂ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠤᠯᠤᠰ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠲᠠᠷᠢᠶᠠᠴᠢᠳ ᠢ ᠳᠠᠶᠢᠴᠢᠯᠠᠨ ᠳᠠᠭᠠᠭᠤᠯᠵᠤ ᠰᠢᠯᠵᠢᠯᠲᠡ ᠶᠢᠨ ᠴᠢᠨᠠᠷᠲᠠᠶ ᠣᠷᠣᠯᠭ᠎ᠠ ᠶᠢ ᠦᠷᠭᠦᠯᠵᠢᠯᠡᠨ ᠲᠣᠭᠲᠠᠭᠤᠨ ᠪᠠᠷ ᠨᠡᠮᠡᠭᠳᠡᠭᠦᠯᠦᠨ᠎ᠡ᠃ ︵ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠦᠷᠦᠭᠦᠯᠡᠵᠦ᠂ ᠬᠤᠲᠠ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢᠭᠡᠴᠡ ᠠᠴᠠ ᠬᠠᠮᠵᠢᠯᠴᠠᠨ᠎ᠠ︶      ᠵᠢᠷᠭᠤᠭ᠎ᠠ᠂ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ      ︵ᠠᠷᠪᠠᠨ ᠨᠠᠢᠮᠠ︶ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮᠵᠢᠶ᠎ᠡ ᠶᠢ ᠵᠦᠢ ᠵᠣᠬᠢᠰᠲᠠᠶ ᠳᠡᠭᠡᠭᠰᠢᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠠᠳ ᠲᠤ ᠠᠰᠢᠭ ᠬᠦᠷᠲᠡᠭᠡᠬᠦ ᠬᠡᠳᠦᠨ ᠲᠦᠷᠦ ᠶᠢᠨ ᠪᠤᠳᠤᠯᠭ᠎ᠠ ᠶᠢᠨ ᠲᠤᠬᠠᠶ ᠮᠡᠳᠡᠭᠳᠡᠯ ︾ ᠤᠨ ᠱᠠᠭᠠᠷᠳᠠᠯᠭ᠎ᠠ ᠶᠣᠰᠤᠭᠠᠷ᠂ 2017 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠪᠦᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠪᠦᠷᠢ 20 ᠲᠥᠭᠦᠷᠢᠭ ᠥᠰᠬᠡᠨ᠎ᠠ᠃  ᠪᠦᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠤᠨ ᠪᠥᠭᠡᠳ ᠦᠷᠭᠦᠯᠵᠢᠯᠡᠬᠦ᠋ᠢᠴᠡ ᠪᠠᠯᠠ ᠴᠤᠭᠯᠠᠭᠤᠯᠬᠤ ᠪᠠ ᠲᠠᠩᠰᠠ ᠲᠠᠶᠢᠯᠬᠤ ᠬᠠᠷᠢᠴᠠᠯ ᠢ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ 2020 ᠣᠨ ᠪᠣᠯᠬᠤ ᠳᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠡᠮ ᠡᠮᠨᠡᠯᠭᠡ ᠶᠢᠨ ᠵᠠᠷᠤᠳᠠᠯ ᠤᠨ ᠳᠠᠩᠰᠠ ᠲᠠᠶᠢᠯᠬᠤ ᠬᠠᠷᠢᠴᠠᠯ ᠢ 75% ᠣᠷᠴᠢᠮ ᠳᠤ ᠲᠣᠭᠲᠠᠪᠤᠷᠢᠵᠢᠭᠤᠯᠤᠨ᠎ᠠ᠃ ᠲᠦᠷᠦ ᠶᠢᠨ ᠪᠤᠳᠤᠯᠭ᠎ᠠ ᠶᠢᠨ ᠲᠣᠭᠲᠠᠭᠠᠯ ᠳᠤ ᠨᠡᠶᠢᠴᠡᠭᠰᠡᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠡᠯ᠎ᠡ ᠱᠠᠲᠤᠨ ᠤ ᠴᠢᠭ᠋ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠰᠠᠭᠤᠵᠤ ᠡᠮᠴᠢᠯᠡᠭᠦᠯᠪᠡᠯ᠂ ᠵᠠᠷᠤᠳᠠᠯ ᠥᠭᠬᠦ ᠬᠠᠷᠢᠴᠠᠯ ᠢ ᠨᠢ 5% ᠪᠠᠷ ᠳᠡᠭᠡᠭᠰᠢᠯᠡᠭᠦᠯᠵᠦ᠂ ᠡᠬᠢᠯᠡᠵᠦ ᠲᠥᠯᠥᠬᠦ ᠱᠤᠭᠤᠮ ᠢ 50% ᠪᠠᠷ ᠪᠠᠭᠤᠷᠠᠭᠤᠯᠵᠤ᠂ ᠵᠢᠯ ᠤᠨ ᠳᠣᠲᠣᠷ᠎ᠠ ᠠᠳᠠᠯᠢ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠳᠠᠬᠢᠨᠲᠠ ᠡᠮᠨᠡᠯᠭᠡ ᠳᠤ ᠰᠠᠭᠤᠭᠰᠠᠨ ᠪᠠᠶᠢᠪᠠᠯ᠂ ᠡᠬᠢᠯᠡᠵᠦ ᠲᠥᠯᠥᠬᠦ ᠱᠤᠭᠤᠮ ᠨᠢ ᠢ ᠬᠦᠴᠦᠨ ᠦᠭᠡᠢ ᠪᠣᠯᠭᠠᠨ᠎ᠠ᠃ ︵ᠬᠤᠲᠠ ᠶᠢᠨ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠲᠦᠷᠦᠭᠦᠯᠡᠵᠦ᠂ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠵᠡᠷᠭᠡ ᠨᠢᠭᠡᠴᠡ ᠠᠴᠠ ᠬᠠᠮᠵᠢᠯᠴᠠᠨ᠎ᠠ︶      ︵ᠠᠷᠪᠠ ᠶᠢᠰᠦ︶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠠᠶᠠᠨᠳᠠᠭᠠᠨ ᠨᠡᠮᠡᠭᠳᠡᠬᠦ ᠲᠣᠭᠲᠠᠴᠠ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠦᠵᠡᠭᠦᠯᠬᠦ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠥᠬᠦᠴᠡᠯ ᠳᠤ ᠨᠡᠶᠢᠴᠡᠬᠦ ᠵᠡᠮᠳᠡᠭᠴᠦᠳ ᠤᠨ ᠭᠡᠷ ᠪᠦᠯᠢ ᠶᠢ ᠴᠠᠭ ᠲᠤᠬᠠᠶ ᠳᠤᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠬᠦᠴᠢᠷᠳᠡᠯᠲᠡᠶ ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ ᠣᠯᠭᠤᠬᠤ ᠪᠠ ᠬᠦᠨᠳᠦ ᠵᠡᠮᠳᠡᠭᠴᠦᠳ ᠲᠤ ᠠᠰᠠᠷᠠᠨ ᠰᠤᠪᠢᠯᠠᠬᠤ ᠨᠥᠬᠦᠪᠥᠷᠢ ᠣᠯᠭᠤᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠣᠷᠣᠯᠭ᠎ᠠ ᠪᠠᠭᠠᠲᠠᠶ ᠲᠡᠩᠬᠡᠷᠡᠭᠦᠯᠦᠨ ᠲᠤᠰᠠᠯᠠᠬᠤ ᠡᠲᠡᠭᠡᠳ ᠪᠣᠯᠤᠨ ᠡᠪᠡᠳᠴᠢᠨ ᠠᠴᠠ ᠪᠣᠯᠵᠣ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠢ ᠡᠮ ᠡᠮᠨᠡᠯᠭᠡ ᠪᠠᠷ ᠲᠡᠩᠬᠡᠷᠡᠭᠦᠯᠦᠨ ᠲᠤᠰᠠᠯᠠᠬᠤ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠭᠡᠨᠡᠳᠲᠡ ᠶᠢᠨ ᠬᠡᠷᠡᠭ᠂ ᠭᠡᠨᠡᠳᠲᠡ ᠶᠢᠨ ᠭᠡᠮᠲᠦᠯ᠂ ᠬᠦᠨᠳᠦ ᠶᠡᠭᠡ ᠡᠪᠡᠳᠴᠢᠨ ᠲᠤᠯᠭᠠᠷᠠᠭᠰᠠᠨ ᠪᠤᠶᠤ ᠪᠤᠰᠤᠳ ᠣᠨᠴᠠᠭᠠᠢ ᠰᠢᠯᠲᠠᠭᠠᠨ ᠠᠴᠠ ᠪᠤᠯᠵᠤ ᠦᠨᠳᠦᠰᠦᠨ ᠠᠮᠢᠳᠤᠷᠠᠯ ᠨᠢ ᠬᠦᠴᠢᠷᠳᠡᠯᠲᠡᠢ ᠪᠣᠯᠣᠭᠰᠠᠨ ᠭᠡᠷ ᠪᠦᠯᠢ ᠪᠤᠶᠤ ᠬᠤᠪᠢ ᠬᠥᠮᠦᠨ ᠳᠤ ᠲᠥᠷ ᠴᠠᠭ ᠤᠨ ᠲᠤᠰᠠᠯᠠᠮᠵᠢ ᠬᠦᠷᠲᠡᠭᠡᠨ᠎ᠡ᠃ 80 ᠨᠠᠰᠤᠨ ᠠᠴᠠ ᠳᠡᠭᠡᠭᠰᠢᠬᠢ ᠨᠠᠰᠤᠲᠠᠳ ᠲᠤ ᠥᠨᠳᠥᠷ ᠨᠠᠰᠤᠨ ᠤ ᠨᠡᠮᠡᠭᠦᠷᠢ ᠶᠢᠨ ᠲᠦᠭᠡᠮᠡᠯ ᠬᠠᠷᠠᠭᠠᠯᠵᠠᠯᠲᠦ ᠳᠦᠷᠢᠮ ᠢ ᠬᠡᠷᠡᠭᠵᠢᠭᠦᠯᠵᠦ᠂ ᠨᠠᠰᠤᠲᠠᠳ ᠤᠨ ᠭᠡᠨᠡᠳᠲᠡ ᠶᠢᠨ ᠭᠡᠮᠲᠦᠯ ᠤᠨ ᠳᠠᠭᠠᠳᠬᠠᠯ ᠤᠨ ᠲᠣᠭᠲᠠᠴᠠ ᠶᠢ ᠬᠥᠲᠥᠯᠥᠨ ᠵᠢᠯᠣᠭᠤᠳᠴᠤ ᠪᠠᠶᠢᠭᠤᠯᠤᠨ᠎ᠠ᠃ ︵ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠲᠦᠷᠦᠭᠦᠯᠡᠵᠦ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠨᠢᠭᠡᠴᠡ ᠠᠴᠠ ᠬᠠᠮᠵᠢᠯᠴᠠᠨ᠎ᠠ︶      ︵ᠬᠤᠷᠢ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ᠃ ᠭᠠᠵᠠᠷ ᠣᠷᠣᠨ ᠤ ᠣᠨᠴᠠᠯᠢᠭ᠂ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠵᠤ ᠪᠠᠶᠢᠭᠠᠳ ᠂ ᠬᠥᠳᠡᠭᠡ ᠲᠣᠰᠬᠤᠨ ᠤ ᠶᠠᠳᠠᠭᠤ ᠬᠦᠴᠢᠷᠳᠡᠯ ᠡᠷᠦᠬᠡ ᠶᠢᠨ ᠢᠳᠡᠭᠡᠨ ᠤ ᠮᠥᠭᠦ᠂ ᠲᠦᠬᠦᠭᠡᠷᠦᠮᠵᠢᠳᠦ ᠲᠠᠷᠢᠶᠠᠯᠠᠩ᠂ ᠴᠢᠨᠠᠷ ᠰᠠᠶᠢᠲᠠᠶ ᠲᠡᠵᠢᠭᠡᠯ ᠡᠪᠡᠰᠦ᠂ ᠢᠳᠡᠰᠢᠨ ᠬᠤᠨᠢ ᠲᠡᠵᠢᠭᠡᠨ ᠦᠷᠡᠵᠢᠭᠦᠯᠬᠦ᠂ ᠢᠳᠡᠰᠢᠨ ᠦᠬᠡᠷ ᠲᠡᠵᠢᠭᠡᠨ ᠦᠷᠡᠵᠢᠭᠦᠯᠬᠦ᠂ ᠠᠭᠤᠯᠠ ᠰᠢᠭᠤᠶ ᠶᠢᠨ ᠬᠤᠷᠣᠬᠠᠶ ᠡᠪᠡᠰᠦᠲᠦ ᠲᠠᠬᠢᠶ᠎ᠠ᠂ ᠲᠥᠮᠥᠰᠥ᠂ ᠬᠤᠯᠢᠮᠠᠭ ᠠᠮᠤ᠂ ᠵᠢᠮᠢᠰ ᠨᠣᠭᠤᠭ᠎ᠠ ᠵᠡᠷᠭᠡ ᠥᠪᠡᠷᠮᠢᠴᠡ ᠣᠨᠴᠠᠯᠢᠭ ᠲᠠᠢ ᠠᠵᠤ ᠦᠢᠯᠡᠰ ᠬᠥᠭᠵᠢᠭᠦᠯᠬᠦ ᠳᠤ ᠳᠡᠮᠵᠢᠯᠭᠡ ᠦᠵᠡᠭᠦᠯᠬᠦ᠂ ᠨᠥᠬᠦᠴᠡᠯ ᠪᠦᠷᠢᠯᠳᠦᠭᠦᠯᠦᠭᠰᠡᠨ ᠭᠠᠵᠠᠷ ᠣᠷᠣᠨ ᠨᠢ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ︽ᠲᠠᠷᠢᠶᠠᠴᠢᠨ ᠠᠶᠢᠯ ᠤᠨ ᠪᠠᠶᠠᠰᠤᠯ︾ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠶᠢ ᠲᠦᠯᠬᠢᠨ ᠠᠬᠢᠭᠤᠯᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠦᠷ᠎ᠡ ᠬᠡᠦᠬᠡᠳ ᠲᠤ ᠨᠢᠯᠬ᠎ᠠ ᠬᠡᠦᠬᠡᠳ ᠤᠨ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠢ ᠬᠥᠩᠭᠡᠷᠡᠭᠦᠯᠦᠨ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠰᠢᠨ᠎ᠡ ᠪᠠᠷ ᠰᠢᠯᠭᠠᠵᠤ ᠣᠷᠣᠭᠰᠠᠨ ᠳᠤ ᠨᠢ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠰᠤᠷᠤᠭᠴᠢ ᠲᠠᠢ ᠠᠳᠠᠯᠢᠬᠠᠨ ᠢᠶᠠᠷ ᠲᠤᠰᠠᠯᠠᠮᠵᠢ ᠦᠵᠡᠭᠦᠯᠬᠦ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠳᠡᠭᠡᠳᠦ ᠳᠤᠮᠳᠠᠳᠤ ᠳᠤ ᠳᠡᠪᠰᠢᠬᠦ ᠰᠢᠯᠭᠠᠯᠲᠠ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠥᠯᠥ ᠡᠯᠰᠡᠭᠳᠡᠭᠰᠡᠨ ᠳᠤ  ᠨᠢ ᠦᠨ᠎ᠡ ᠲᠥᠯᠥᠪᠦᠷᠢ ᠦᠭᠡᠢ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠭᠡᠬᠦ ᠶᠢᠨ ᠬᠠᠮᠲᠤ ᠨᠥᠬᠦᠪᠥᠷᠢ ᠣᠯᠭᠤᠨ᠎ᠠ᠃ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠪᠠ ᠬᠤᠳᠠᠯᠳᠤᠭᠠᠨ ᠤ ᠠᠵᠤ ᠠᠬᠤᠶᠢᠯᠠᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠬᠠᠶᠢᠨ ᠰᠦᠪᠡᠭᠴᠢᠯᠡᠨ᠎ᠡ᠃ ᠡᠮᠨᠡᠭᠦᠯᠬᠦ᠂ ᠲᠡᠩᠬᠡᠷᠡᠭᠦᠯᠦᠨ ᠲᠤᠰᠠᠯᠠᠵᠤ ᠳᠡᠮᠵᠢᠬᠦ ᠵᠡᠷᠭᠡ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠬᠤᠭᠤᠴᠠᠭ᠎ᠠ ᠶᠣᠰᠣᠭᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ᠃ ︵ᠬᠤᠳᠠ ᠬᠥᠳᠡᠭᠡ ᠠᠵᠤ ᠠᠬᠤᠶ ᠶᠢᠨ ᠵᠥᠪᠯᠡᠯ ᠠᠴᠠ ᠲᠦᠷᠦᠭᠦᠯᠡᠵᠦ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢᠭᠡᠴᠡ ᠠᠴᠠ ᠬᠠᠮᠵᠢᠯᠴᠠᠨ᠎ᠠ︶      ᠲᠤᠯᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠢ      ︵ᠬᠤᠷᠢᠨ ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠬᠤᠳᠠ ᠶᠢᠨ ᠨᠠᠮ ᠤᠨ ᠬᠤᠷᠢᠶ᠎ᠠ᠂ ᠬᠤᠳᠡ ᠶᠢᠨ ᠵᠠᠰᠠᠭ ᠤᠨ ᠣᠷᠳᠣᠨ ᠠᠴᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠤᠳᠤᠷᠢᠳᠬᠤ ᠳᠤᠭᠤᠶᠢᠯᠠᠩ ᠶᠢᠨ ᠪᠠᠶᠢᠭᠤᠯᠤᠯᠲᠠ ᠶᠢ ᠠᠬᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠶ ᠳᠤᠨᠢ ᠰᠤᠳᠤᠯᠵᠤ᠂ ᠰᠠᠯᠠᠭ᠎ᠠ ᠮᠥᠴᠢᠷ ᠤᠨ ᠬᠤᠷᠰᠢᠨ ᠬᠠᠮᠵᠢᠯᠴᠠᠬᠤ ᠶᠢ ᠴᠢᠩᠭᠠᠳᠬᠠᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠭᠠᠵᠠᠷ ᠣᠷᠣᠨ ᠤ ᠪᠠᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠪᠣᠳᠠᠲᠠᠶ ᠲᠥᠰᠦᠯ ᠢ ᠲᠣᠭᠲᠠᠭᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠵᠤ᠂ ᠡᠭᠦᠷᠭᠡ ᠶᠢᠨ ᠬᠤᠪᠢᠶᠠᠷᠢᠯᠠᠯ ᠶᠣᠰᠣᠭᠠᠷ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃      ︵ᠬᠤᠷᠢᠨ ᠬᠤᠶᠠᠷ︶ ᠰᠢᠮᠳᠠᠭᠤᠯᠤᠨ ᠪᠠᠶᠢᠴᠠᠭᠠᠬᠤ ᠦᠨᠡᠯᠡᠯᠲᠡ ᠬᠢᠬᠦ ᠶᠢ ᠴᠢᠩᠭᠠᠳᠬᠠᠬᠤ ᠬᠡᠷᠡᠭᠲᠡᠶ᠃ ᠣᠷᠣᠯᠭ᠎ᠠ ᠶᠢᠨ ᠬᠤᠪᠢᠶᠠᠷᠢᠯᠠᠯᠲᠠ ᠶᠢᠨ ᠪᠦᠷᠢᠳᠬᠡᠯ ᠬᠢᠭᠡᠳ ᠲᠣᠭᠠᠴᠠᠭ᠎ᠠ ᠬᠢᠬᠦ ᠶᠢ ᠴᠢᠩᠭᠠᠳᠬᠠᠨ ᠰᠠᠶᠢᠵᠢᠷᠠᠭᠤᠯᠵᠤ᠂ ᠣᠷᠣᠯᠭ᠎ᠠ ᠶᠢ ᠬᠢᠨᠠᠨ ᠬᠡᠮᠵᠢᠬᠦ ᠠᠷᠭ᠎ᠠ ᠮᠠᠶ᠋ᠢᠭ ᠢᠶᠠᠨ ᠰᠢᠨᠡᠴᠢᠯᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠬᠢᠨᠠᠨ ᠬᠡᠮᠵᠢᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠨᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠂ ᠰᠠᠭᠤᠭᠠᠯᠢ ᠠᠷᠠᠳ ᠤᠨ ᠣᠷᠣᠯᠭ᠎ᠠ ᠤᠨ ᠨᠡᠮᠡᠭᠳᠡᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠠᠵᠢᠯ ᠢ ᠥᠷᠨᠢᠭᠦᠯᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠮᠥᠷᠳᠡᠨ ᠦᠨᠡᠯᠡᠨ ᠵᠢᠱᠢᠬᠦ ᠬᠡᠷᠡᠭᠲᠡᠶ᠃ ᠬᠤᠳᠠ ᠶᠢᠨ ᠨᠠᠮ ᠤᠨ ᠬᠤᠷᠢᠶ᠎ᠠ᠂ ᠬᠤᠳᠡ ᠶᠢᠨ ᠵᠠᠰᠠᠭ ᠤᠨ ᠣᠷᠳᠣᠨ ᠠᠴᠠ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠬᠤ ᠪᠠ ᠭᠤᠷᠪᠠᠳᠠᠬᠢ ᠡᠲᠡᠭᠡᠳ ᠢᠶᠠᠷ ᠦᠨᠡᠯᠡᠭᠦᠯᠬᠦ ᠠᠵᠢᠯ ᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃      ︵ᠬᠤᠷᠢᠨ ᠭᠤᠷᠪᠠ︶ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠶ᠃ ᠡᠯ᠎ᠡ ᠲᠦᠷᠦᠯ ᠤᠨ ᠰᠣᠨᠢᠨ ᠮᠡᠳᠡᠭᠡᠨ ᠤ ᠵᠠᠭᠤᠴᠢᠯᠠᠭᠤᠷ ᠪᠣᠯᠣᠨ ᠤᠬᠠᠭᠤᠯᠭ᠎ᠠ ᠶᠢᠨ ᠰᠠᠭᠤᠷᠢᠨ ᠭᠠᠵᠠᠷ ᠶᠢᠨ ᠦᠢᠯᠡᠳᠦᠯ ᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠪᠣᠯᠤᠨ ᠤᠬᠠᠭᠤᠯᠭ᠎ᠠ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠢ ᠳᠠᠶᠢᠴᠢᠯᠠᠬᠤ᠂ ᠥᠮᠴᠢᠯᠡᠬᠦ ᠡᠷᠬᠡ ᠶᠢ ᠬᠠᠤᠯᠢ ᠶᠣᠰᠣᠭᠠᠷ ᠬᠠᠮᠠᠭᠠᠯᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠠᠵᠢᠯ ᠬᠥᠳᠡᠯᠮᠦᠷᠢ ᠪᠠᠷ ᠢᠶᠠᠨ ᠪᠠᠶᠠᠵᠢᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠦᠬᠦ ᠬᠥᠳᠡᠯᠮᠦᠷᠢᠴᠢᠳ ᠤᠨ ᠢᠳᠡᠪᠬᠢᠵᠢᠯᠲᠦ ᠴᠢᠨᠠᠷ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠵᠦ᠂ ᠪᠦᠬᠦ ᠨᠡᠶᠢᠭᠡᠮ ᠢᠶᠠᠷ ᠢᠶᠠᠨ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠂ ᠬᠠᠮᠲᠤ ᠪᠠᠷ ᠪᠠᠶᠠᠵᠢᠬᠤ ᠣᠷᠴᠢᠨ ᠠᠬᠤᠢ ᠢ ᠤᠯᠠᠮ ᠨᠢᠭᠡ ᠠᠯᠬᠤᠮ ᠪᠤᠢ ᠪᠣᠯᠭᠠᠬᠤ ᠬᠡᠷᠡᠭᠲᠡᠶ᠃      ᠨᠠᠢᠮᠠ᠂ ᠲᠤᠰ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠢᠭᠡᠳᠦᠯᠲᠡᠢ ᠳ᠋ᠤᠭᠠᠷᠯᠠᠬᠤ ᠨᠣᠮᠧᠷ ᠨᠢ᠄ ZG-2018-1 ᠳ᠋ᠤᠭᠠᠷ ᠲᠣᠭᠠᠲᠤ︶                                           ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                                           2018 ᠣᠨ ᠤ 2 ᠳ᠋ᠤᠭᠠᠷ ᠰᠠᠷ᠎ᠠ ᠶᠢᠨ 23 ᠤ ᠡᠳᠦᠷ                                           ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                                           2018 ᠣᠨ ᠤ 2 ᠳ᠋ᠤᠭᠠᠷ ᠰᠠᠷ᠎ᠠ ᠶᠢᠨ 23 ᠤ ᠡᠳᠦᠷ  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号