ᠦᠪᠦᠷ ᠮᠣᠩᠭᠤᠯ᠄ ᠫᠠᠰᠫᠣᠷᠲ ᠬᠢᠯᠬᠡᠬᠦ ᠭᠠᠷᠳᠠᠮ ᠢ ᠨᠢᠬᠡᠯᠡ ᠤᠳᠠᠭ᠎ᠠ ᠳᠤ ᠬᠦᠢᠴᠡᠳᠬᠡᠵᠤ ᠪᠤᠯᠬᠤ ᠪᠣᠯᠤᠨ᠎ᠠ
ᠨᠡᠶᠢᠲᠡᠯᠡᠭᠰᠡᠨ ᠴᠠᠭ᠄
2018-05-02
     ᠰᠢᠨᠬᠤᠸᠠ ᠨᠧᠲ ᠬᠥᠬᠡᠬᠤᠲᠠ ᠶᠢᠨ 4 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ ︵ᠶᠠᠩ ᠲᠩᠷᠢ︶ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯ᠊ ᠢ ᠪᠠᠷ ᠭᠠᠷᠬᠤ ᠤᠷᠤᠬᠤ ᠬᠠᠮᠢᠶᠠᠷᠤᠯᠲᠠ ᠶᠢᠨ ᠲᠣᠪᠴᠢᠶ᠎ᠠ ᠠᠴᠠ ᠤᠶᠢᠯᠠᠭᠠᠭᠰᠠᠨ ᠢᠶᠠᠷ᠂ 5 ᠰᠠᠷ᠎ᠠ ᠶᠢᠨ 1 ᠤ ᠡᠳᠦᠷ ᠠᠴᠠ ᠡᠬᠢᠯᠡᠨ ᠦᠪᠦᠷ ᠮᠤᠩᠭᠤᠯ ᠨᠢ ᠫᠠᠰᠫᠣᠷᠲ ᠵᠡᠷᠭᠡ ᠬᠢᠯᠢ ᠪᠠᠷ ᠤᠷᠤᠵᠤ ᠭᠠᠷᠬᠤ ᠦᠨᠡᠮᠯᠡᠬᠦ ᠶᠢᠨ ᠭᠠᠷᠳᠠᠮ ᠢ ᠨᠢᠭᠡᠯᠡ ᠤᠳᠠᠭ᠎ᠠ ᠳᠤ ᠬᠦᠢᠴᠡᠳᠬᠡᠵᠤ ᠪᠣᠯᠬᠤ ᠳᠦᠷᠢᠮ ᠢ ᠬᠡᠷᠡᠭᠵᠢᠭᠦᠯᠦᠨ᠎ᠠ᠂ ᠡᠷᠭᠦᠳᠡᠯ ᠳᠡᠪᠰᠢᠬᠦᠯᠦᠭᠴᠢᠳ ᠬᠦᠢᠴᠡᠳᠬᠡᠬᠦ ᠴᠣᠩᠬᠤᠨ ᠳᠤ ᠪᠦᠬᠦ ᠭᠠᠷᠳᠠᠮ ᠢ ᠭᠦᠢᠴᠡᠳᠭᠡᠵᠦ ᠪᠣᠯᠬᠤ ᠶᠢ ᠪᠠᠲᠤᠯᠠᠨ᠎ᠠ ᠭᠡᠵᠡᠢ᠃ ᠨᠠᠷᠢᠨ ᠪᠠᠶᠢᠳᠠᠯ ᠢ ᠳᠤᠳᠤᠷᠠᠭᠤᠯᠪᠠᠯ ᠫᠠᠰᠫᠣᠷᠲ ᠬᠢᠯᠬᠡᠬᠦ ᠳᠤ ᠱᠠᠭᠠᠷᠳᠠᠭᠳᠠᠬᠤ ᠵᠢᠷᠤᠭ ᠰᠡᠬᠦᠳᠡᠷ ᠳᠠᠳᠠᠭᠤᠯᠬᠤ᠂ ᠬᠤᠷᠤᠭᠤᠨ ᠤ ᠤᠷᠤᠮ ᠤᠷᠤᠭᠤᠯᠬᠤ᠂ ᠭᠤᠶᠤᠴᠢᠯᠠᠬᠤ ᠮᠠᠲ᠋ᠧᠷᠢᠶᠠᠯ ᠤᠨ ᠬᠦᠰᠦᠨᠦᠭᠳᠤ ᠳᠠᠭᠯᠠᠵᠤ ᠳᠤᠰᠢᠶᠠᠬᠤ᠂ ᠨᠢᠭᠤᠷᠳᠠᠨ ᠰᠢᠯᠭᠠᠬᠤ᠂ ᠳᠦᠯᠦᠪᠦᠷᠢ ᠳᠤᠰᠢᠶᠠᠬᠤ ᠵᠡᠷᠬᠡ ᠠᠳᠠᠯᠢ ᠪᠤᠰᠤ ᠴᠠᠭ ᠲᠤ᠂ ᠠᠳᠠᠯᠢ ᠪᠤᠰᠤ ᠭᠠᠵᠠᠷ ᠲᠤ ᠬᠦᠢᠴᠡᠳᠬᠡᠳᠡᠭ ᠭᠠᠷᠳᠠᠮ ᠤᠳ ᠢ ᠴᠦᠮ ᠨᠢᠬᠡᠯᠡ ᠴᠤᠩᠬᠤᠨ ᠳᠡᠬᠡᠷ᠎ᠡ ᠬᠦᠢᠴᠡᠳᠬᠡᠵᠤ ᠪᠤᠯᠬᠤ ᠪᠤᠯᠤᠨ᠎ᠠ᠃ ᠡᠬᠦᠨ ᠠᠴᠠ ᠭᠠᠳᠠᠨ᠎ᠠ ᠪᠠᠰᠠ ᠳᠠᠷᠠᠭᠠᠬᠢ ᠬᠤᠪᠢᠷᠠᠯᠳᠠ ᠨᠢ ᠬᠦᠮᠦᠰ ᠲᠤ ᠳᠦᠬᠦᠮ ᠨᠦᠬᠦᠴᠡᠯ ᠬᠠᠩᠭᠠᠬᠤ ᠪᠤᠯᠤᠨ᠎ᠠ᠄    ᠰᠠᠭᠠᠳ ᠦᠬᠡᠢ ᠵᠠᠮ᠄ ᠪᠠᠴᠢᠮ ᠤᠴᠢᠷ ᠢᠶᠠᠷ ᠬᠢᠯᠢ ᠭᠠᠷᠴᠤ ᠬᠤᠷᠠᠯ ᠳᠤ ᠤᠷᠤᠯᠴᠠᠬᠤ᠂ ᠬᠡᠯᠡᠯᠴᠡᠬᠡᠷ ᠬᠢᠬᠦ᠂ ᠬᠡᠷ᠎ᠡ ᠪᠠᠶᠢᠭᠤᠯᠬᠤ᠂ ᠭᠠᠳᠠᠭᠠᠳᠤ ᠳᠤ ᠰᠤᠷᠤᠯᠴᠠᠬᠤ ᠪᠠᠷ ᠭᠠᠷᠬᠤ ᠬᠦᠮᠦᠰ ᠤᠨ ᠨᠡᠷ᠎ᠡ ᠮᠡᠳᠡᠬᠦᠯᠬᠦ ᠴᠠᠭ ᠨᠢ ᠤᠶᠢᠷᠠᠳᠤᠭᠰᠠᠨ᠂ ᠦᠨᠡᠮᠯᠡᠬᠦ ᠪᠠᠨ ᠬᠡᠬᠡᠵᠤ ᠤᠷᠬᠢᠭᠰᠠᠨ ᠵᠡᠷᠬᠡ ᠳᠤᠬᠢᠶᠠᠯᠳᠤᠯ ᠳᠤ ᠳᠦᠷᠬᠡᠨ ᠬᠦᠢᠴᠡᠳᠬᠡᠬᠦ ᠦᠢᠯᠡᠴᠢᠯᠡᠭᠡ ᠬᠠᠩᠭᠠᠨ᠎ᠠ᠃      ᠠᠮᠠᠷᠠᠯᠳᠠ ᠶᠢᠨ ᠡᠳᠦᠷ ᠭᠠᠷᠳᠠᠮ ᠬᠦᠢᠴᠡᠳᠬᠡᠬᠦ᠄ ᠠᠯᠪᠠᠨ ᠠᠵᠢᠯ ᠲᠠᠢ ᠬᠦᠮᠦᠰ ᠲᠤ ᠬᠠᠨᠳᠤᠭᠤᠯᠤᠨ ᠭᠠᠷᠠᠭ ᠤᠨ ᠵᠢᠷᠭᠤᠭᠠᠨ ᠪᠤᠶᠤ ᠪᠠᠶᠠᠷ ᠳᠤᠷᠠᠰᠬᠠᠯ ᠤᠨ ᠡᠳᠦᠷ ᠴᠠᠭ ᠤᠷᠳᠤᠳᠬᠠᠨ ᠬᠦᠢᠴᠡᠳᠬᠡᠬᠦ᠂ ᠤᠷᠬᠢᠯ ᠦᠶ᠎ᠡ ᠶᠢ ᠵᠦᠷᠢᠬᠦᠯᠦᠨ ᠬᠦᠢᠴᠡᠳᠬᠡᠬᠦ ᠵᠡᠷᠬᠡ ᠦᠢᠯᠡᠴᠢᠯᠡᠭᠡ ᠬᠠᠩᠭᠠᠨ᠎ᠠ᠃      ᠮᠤᠵᠢ ᠠᠯᠤᠰᠯᠠᠨ ᠭᠠᠷᠳᠠᠮ ᠬᠦᠢᠴᠡᠳᠬᠡᠬᠦ ᠴᠠᠭ ᠢ ᠪᠤᠭᠤᠨᠢᠰᠬᠠᠬᠤ᠄ ᠮᠤᠵᠢ ᠠᠯᠤᠰᠯᠠᠨ ᠭᠠᠷᠳᠠᠮ ᠬᠦᠢᠴᠡᠳᠬᠡᠬᠦ ᠳᠤᠬᠢᠶᠠᠯᠳᠤᠯ ᠳᠤ ᠬᠢᠨᠠᠨ ᠵᠦᠪᠰᠢᠶᠡᠷᠡᠬᠦ ᠬᠤᠭᠤᠴᠠᠭ᠎ᠠ ᠤᠤᠯ ᠨᠢ 30 ᠡᠳᠦᠷ ᠪᠠᠶᠢᠭᠰᠠᠨ ᠢ 20 ᠡᠳᠦᠷ ᠪᠤᠯᠭᠠᠨ ᠪᠤᠭᠤᠨᠢᠰᠬᠠᠨ᠎ᠠ᠃      ᠭᠠᠭᠴᠠ ᠬᠦᠰᠦᠨᠦᠭᠳᠤ ᠪᠠᠷ ᠭᠤᠶᠤᠴᠢᠯᠠᠬᠤ᠄ ᠨᠢᠬᠡ ᠬᠦᠮᠦᠨ ᠬᠡᠳᠦᠨ ᠦᠨᠡᠮᠯᠡᠬᠦ ᠭᠤᠶᠤᠴᠢᠯᠠᠬᠤ ᠳᠤ ᠨᠢᠬᠡᠯᠡ ᠬᠦᠰᠦᠨᠦᠭᠳᠤ ᠳᠠᠭᠯᠠᠵᠤ᠂ ᠭᠠᠭᠴᠠ ᠨᠤᠮᠧᠷ ᠠᠪᠴᠤ᠂ ᠭᠤᠶᠤᠴᠢᠯᠠᠭᠴᠢ ᠶᠢᠨ ᠬᠦᠰᠡᠯᠳᠡ ᠪᠠᠷ ᠪᠦᠬᠦ ᠦᠨᠡᠮᠯᠡᠬᠦ ᠶᠢ ᠬᠠᠮᠳᠤ ᠳᠤᠨᠢ ᠢᠯᠡᠬᠡᠵᠤ ᠦᠭᠬᠦᠨ᠎ᠠ᠃      ᠢᠨᠲ᠋ᠧᠷᠨᠧᠲ ᠢᠶᠠᠷ ᠪᠤᠯᠵᠤᠬᠤ᠄ ᠭᠤᠶᠤᠴᠢᠯᠠᠭᠴᠢ ᠢᠨᠲ᠋ᠧᠷᠨᠧᠲ ᠢᠶᠠᠷ ᠤᠷᠢᠳᠴᠢᠯᠠᠨ ᠪᠤᠯᠵᠤᠵᠤ ᠳᠤᠭᠳᠠᠭᠰᠠᠨ ᠴᠠᠭ ᠲᠤ ᠳᠤᠭᠳᠠᠭᠰᠠᠨ ᠴᠤᠩᠬᠤᠨ ᠳᠤ ᠬᠦᠷᠴᠤ ᠭᠠᠷᠳᠠᠮ ᠢᠶᠠᠨ ᠬᠦᠢᠴᠡᠳᠬᠡᠵᠤ ᠪᠤᠯᠤᠨ᠎ᠠ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号