ᠤᠳᠤ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠪᠣᠷᠣ ᠲᠥᠯᠥᠪ ᠢ ᠪᠠᠶᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠲᠦᠯᠬᠢᠨ ᠠᠬᠢᠭᠤᠯᠤᠶ᠎ᠠ | ᠵᠣᠴᠢᠨ᠄ ᠬᠥᠬᠡᠬᠤᠲᠠ ᠶᠢᠨ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠲᠤᠰᠢᠶᠠᠯ ᠡᠭᠦᠷᠭᠡᠯᠡᠭᠰᠡᠨ ᠳᠡᠳ᠋ ᠳᠠᠷᠤᠭ᠎ᠠ᠂ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ ᠶᠢᠨ ᠲᠣᠭᠲᠠᠬᠤ ᠰᠢᠶᠠᠨ ᠤ ᠰᠠᠯᠪᠤᠷᠢ ᠪᠠᠩᠬᠢ ᠶᠢᠨ ᠳᠠᠷᠤᠭ᠎ᠠ — ᠵᠠᠩ ᠸᠧᠨ ᠵᠤ᠋ | [ ᠬᠠᠮᠢᠶᠠᠷᠤᠭᠴᠢ ] ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠬᠥᠬᠡᠬᠤᠲᠠ ᠶᠢᠨ ᠷᠠᠳᠢᠣ᠋ | ᠨᠡᠪᠲᠡᠷᠡᠭᠦᠯᠭᠡ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠨᠡᠪᠲᠡᠷᠡᠭᠦᠯᠭᠡ ᠬᠠᠮᠳᠤᠷᠠᠨ ᠡᠷᠬᠢᠯᠡᠭᠰᠡᠨ ᠲᠤᠰᠬᠠᠶ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ | ᠠᠨᠳᠠ ᠮᠠᠨ ᠤ ᠶᠠᠷᠢᠯᠴᠠᠭᠠᠨ ᠳᠤ ᠦᠭᠡ ᠦᠯᠡᠳᠡᠭᠡᠨ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ﹇ᠬᠥᠲᠥᠯᠥᠭᠴᠢ﹈ ᠣᠯᠠᠨ ᠤ ᠮᠡᠳᠡᠭᠡᠵᠢ ᠪᠠᠷ᠂ ᠮᠥᠩᠭᠦᠨ ᠭᠦᠢᠯᠭᠡᠭᠡᠨ ᠤ ᠠᠵᠢᠯ ᠪᠤᠯ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ᠂ | ᠮᠥᠩᠭᠦᠨ ᠭᠦᠢᠯᠭᠡᠭᠡᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠮᠥᠩᠭᠦᠨ ᠭᠦᠢᠯᠭᠡᠭᠡᠨ ᠤ ᠠᠵᠤ ᠦᠢᠯᠡᠰ ᠤᠨ ᠪᠠᠶᠢᠷᠢᠰᠢᠯ ᠵᠡᠷᠭᠡ ᠠᠯᠢ ᠣᠯᠠᠨ | ᠠᠰᠠᠭᠤᠳᠠᠯ ᠳᠤ ᠬᠤᠯᠪᠣᠭᠳᠠᠬᠤ ᠲᠤᠯᠠ᠂ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠠᠳᠬᠤᠬᠤ ᠪᠣᠯ ᠣᠷᠣᠨ ᠨᠤᠲᠤᠭ ᠤᠨ ᠵᠠᠰᠠᠭ ᠤᠨ ᠣᠷᠳᠣᠨ ᠤ | ᠠᠵᠢᠯ ᠤᠨ ᠴᠢᠬᠤᠯᠠ ᠨᠢᠭᠡ ᠠᠭᠤᠯᠭ᠎ᠠ ᠪᠣᠯᠬᠤ ᠶᠤᠮ᠃ ᠲᠤᠤᠷ᠎ᠠ ᠲᠠᠷᠤᠭ᠎ᠠ ᠲᠠ 2017 ᠣᠨ ᠳᠤ ᠲᠣᠭᠲᠠᠬᠤ ᠰᠢᠶᠠᠨ ᠤ ᠮᠥᠩᠭᠦᠨ ᠭᠦᠢᠯᠭᠡᠭᠡᠨ ᠤ | ᠠᠵᠢᠯ ᠤᠨ ᠦᠨᠳᠦᠰᠦᠨ ᠪᠠᠶᠢᠳᠠᠯ ᠢ ᠲᠤᠪᠴᠢᠯᠠᠨ ᠲᠠᠨᠢᠯᠴᠠᠭᠤᠯᠬᠤ ᠪᠣᠯᠪᠠᠤ ︖ | ﹇ᠵᠣᠴᠢᠨ﹈ 2017 ᠣᠨ ᠳᠤ᠂ ᠲᠣᠭᠲᠠᠬᠤ ᠰᠢᠶᠠᠨ ᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠨᠢ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠠ ᠲᠡᠭᠡᠳᠤ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠣᠳᠠᠲᠠᠶ ᠵᠢᠯᠤᠭᠤᠳᠤᠯᠭ᠎ᠠ ᠳᠣᠣᠷ᠎ᠠ | ᠂ ᠵᠣᠬᠢᠴᠠᠭᠤᠯᠤᠨ ᠦᠢᠯᠡᠴᠢᠯᠡᠬᠦ ᠠᠵᠢᠯ ᠢ ᠢᠳᠡᠪᠬᠢᠲᠡᠶ ᠰᠠᠶᠢᠳᠤᠷ ᠬᠢᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠶᠡᠬᠡᠪᠡᠷ ᠲᠡᠮᠵᠢᠨ᠂ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠴᠢᠷᠮᠠᠶᠢᠨ ᠲᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠲᠦᠯᠬᠢᠭᠴᠢ ᠪᠠᠭᠠᠵᠢ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠰ ᠤᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ | ᠦᠵᠡᠭᠦᠯᠦᠭᠰᠡᠨ ᠬᠤᠪᠢ ᠨᠡᠮᠡᠷᠢ ᠢᠯᠡᠳᠲᠡ ᠲᠡᠭᠡᠭᠰᠢᠯᠡᠪᠡ᠃ ᠪᠦᠬᠦ ᠰᠢᠶᠠᠨ ᠳᠤ ᠤᠳᠤ 8 ᠮᠥᠩᠭᠦᠨ ᠭᠦᠢᠯᠭᠡᠭᠡᠨ ᠤ ᠪᠠᠶᠢᠭᠤᠯᠤᠮᠵᠢ ᠂ 10 | ᠳᠠᠭᠠᠳᠬᠠᠯ ᠤᠨ ᠺᠣᠮᠫᠠᠨᠢ ᠪᠠᠶᠢᠵᠤ᠂ 568 ᠠᠵᠢᠯᠳᠠᠨ ᠲᠠᠢ᠃ ᠡᠭᠦᠨ ᠳᠤ ᠠᠷᠠᠳ ᠤᠨ ᠪᠠᠩᠬᠢ ᠨᠢᠭᠡ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠᠩᠬᠢ ᠨᠢᠭᠡ | ᠂ ᠲᠠᠷᠢᠶᠠᠯᠠᠩ ᠤᠨ ᠬᠥᠭᠵᠢᠯᠲᠡ ᠶᠢᠨ ᠪᠠᠩᠬᠢ ᠨᠢᠭᠡ᠂ ᠬᠤᠳᠠᠯᠳᠤᠭᠠᠨ ᠤ ᠴᠢᠨᠠᠷᠲᠠᠶ ᠪᠠᠩᠬᠢ ᠵᠢᠷᠭᠤᠭ᠎ᠠ ᠂ ᠡᠵᠡᠩᠨᠡᠯᠲᠡ ᠶᠢᠨ ᠴᠢᠨᠠᠷᠲᠠᠶ ᠪᠠᠩᠬᠢ ᠲᠤᠯᠤᠭ᠎ᠠ | ᠪᠠᠶᠢᠵᠤ᠂ ᠨᠡᠶᠢᠲᠡ 33 ᠪᠠᠶᠢᠭᠤᠯᠤᠮᠵᠢ ᠲᠠᠢ᠂ ᠥᠪᠡᠷ ᠤᠨ ᠦᠢᠯᠡᠴᠢᠯᠡᠭᠡᠨ ᠤ ᠪᠠᠩᠬᠢ ᠨᠠᠶᠠᠨ ᠬᠤᠶᠠᠷ ᠪᠠᠶᠢᠵᠤ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠴᠢᠭ ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠳᠤ ᠨᠡᠶᠢᠳᠡᠮ ᠲᠠᠷᠬᠠᠵᠤ ᠪᠠᠶᠢᠳᠠᠭ᠃ 2017 ᠣᠨ ᠤ ᠡᠴᠦᠰ ᠪᠣᠯᠲᠠᠯ᠎ᠠ᠂ ᠪᠦᠬᠦ | ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 91.15 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5 ᠳ᠋ᠦᠩᠰᠢᠭᠤᠷ ᠲᠥᠭᠦᠷᠢᠭ ᠨᠡᠮᠡᠭᠳᠡᠨ 6.42% ᠨᠡᠮᠡᠭᠳᠡᠪᠡ︔ ᠠᠷᠠᠳ ᠤᠨ | ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 85.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ10.32 ᠳ᠋ᠦᠩᠰᠢᠭᠤᠷ ᠲᠥᠭᠦᠷᠢᠭ ᠨᠡᠮᠡᠭᠳᠡᠨ 13.65 % ᠨᠡᠮᠡᠭᠳᠡᠵᠡᠢ᠃ | ﹇ᠬᠥᠲᠥᠯᠥᠭᠴᠢ﹈ 2017 ᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠤᠨ ᠲᠤᠬᠠᠶ ᠪᠣᠳᠠᠲᠠᠶ ᠶᠠᠷᠢᠬᠤ ᠪᠣᠯᠪᠠᠤ ︖ | ﹇ᠵᠣᠴᠢᠨ﹈ 2017 ᠣᠨ ᠳᠤ᠂ ᠮᠠᠨ ᠤ ᠰᠢᠶᠠᠨ ᠤ ᠮᠥᠩᠭᠦᠨ ᠭᠦᠢᠯᠭᠡᠭᠡᠨ ᠤ ᠰᠢᠰᠲ᠋ᠧᠮ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ | ᠣᠷᠴᠢᠨ ᠨᠥᠬᠦᠴᠡᠯ ᠪᠠ ᠠᠵᠤ ᠠᠬᠤᠶ ᠶᠢᠨ ᠪᠠᠭᠤᠷᠠᠯᠲᠠ ᠶᠢᠨ ᠨᠥᠯᠥᠭᠡᠯᠡᠯ ᠳᠣᠣᠷ᠎ᠠ᠂ ᠶᠡᠷᠦᠩᠬᠡᠶ ᠪᠠᠶᠢᠳᠠᠯ ᠰᠠᠶᠢᠨ ᠪᠠᠶᠢᠵᠤ᠂ ᠵᠢᠭᠡᠯᠡᠯᠭᠡ ᠶᠢᠨ ᠦᠯᠡᠳᠡᠪᠦᠷᠢ | ᠲᠤᠭ᠎ᠠ ᠨᠡᠮᠡᠭᠳᠡᠬᠦ ᠪᠠᠶᠢᠳᠠᠯ ᠮᠥᠨ ᠯᠡ ᠦᠷᠭᠦᠯᠵᠢᠯᠡᠭᠰᠡᠭᠡᠷ ᠪᠠᠶᠢᠨ᠎ᠠ᠃ ᠨᠢᠭᠡ ᠳᠤ᠂ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ | ᠦᠯᠡᠳᠡᠪᠦᠷᠢ ᠲᠤᠭ᠎ᠠ ᠦᠷᠭᠦᠯᠵᠢᠯᠡᠨ ᠨᠡᠮᠡᠭᠳᠡᠪᠡ᠃ ᠬᠠᠳᠠᠭᠠᠯᠠᠮᠵᠢ ᠶᠢᠨ ᠪᠦᠲᠦᠴᠡ ᠠᠴᠠ ᠦᠵᠡᠪᠡᠯ᠂ 2017 ᠣᠨ ᠤ ᠡᠴᠦᠰ ᠪᠣᠯᠲᠠᠯ᠎ᠠ᠂ ᠰᠠᠭᠤᠭᠠᠯᠢ | ᠠᠷᠠᠳ ᠤᠨ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ 59.66ᠳ᠋ᠦᠩᠰᠢᠭᠤᠷ ᠲᠥᠭᠦᠷᠢᠭ ᠲᠤ ᠭᠦᠷᠴᠤ᠂ ᠪᠦᠬᠦ ᠬᠠᠳᠠᠭᠠᠯᠠᠮᠵᠢ ᠶᠢᠨ ᠮᠥᠩᠭᠦᠨ ᠤ | ᠦᠯᠡᠳᠡᠪᠦᠷᠢ ᠶᠢᠨ 65.45 % ᠶᠢ ᠡᠵᠡᠯᠡᠵᠤ᠂ ᠵᠢᠯ ᠤᠨ ᠡᠬᠢᠨ ᠤ ᠬᠢ ᠠᠴᠠ 9.74 ᠳ᠋ᠦᠩᠰᠢᠭᠤᠷ ᠲᠥᠭᠦᠷᠢᠭ ᠨᠡᠮᠡᠭᠳᠡᠵᠡᠢ︔ ᠮᠥᠩᠭᠦᠨ ᠭᠦᠢᠯᠭᠡᠭᠡᠨ ᠤ | ᠪᠤᠰᠤ ᠠᠵᠤ ᠠᠬᠤᠶᠢᠯᠠᠯ ᠤᠨ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ 15.34 ᠳ᠋ᠦᠩᠰᠢᠭᠤᠷ ᠲᠥᠭᠦᠷᠢᠭ ᠲᠤ ᠭᠦᠷᠴᠤ᠂ ᠪᠦᠬᠦ ᠬᠠᠳᠠᠭᠠᠯᠠᠮᠵᠢ ᠶᠢᠨ | ᠮᠥᠩᠭᠦᠨ ᠤ ᠦᠯᠡᠳᠡᠪᠦᠷᠢ ᠶᠢᠨ 16.83% ᠶᠢ ᠡᠵᠡᠯᠡᠨ᠂ ᠵᠢᠯ ᠤᠨ ᠡᠬᠢᠨ ᠤ ᠬᠢ ᠠᠴᠠ 3312 ᠳ᠋ᠦᠩᠰᠢᠭᠤᠷ ᠲᠥᠭᠦᠷᠢᠭ ᠨᠠᠮᠡᠭᠳᠡᠵᠡᠢ᠃ ᠬᠤᠶᠠᠷ ᠲᠤ᠂ | ᠠᠷᠠᠳ ᠤᠨ ᠵᠣᠭᠤᠰᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ ᠨᠡᠯᠢᠶᠡᠳ ᠲᠦᠷᠭᠡᠨ ᠨᠡᠮᠡᠭᠳᠡᠪᠡ᠃ ᠵᠢᠭᠡᠯᠡᠯᠭᠡ ᠶᠢᠨ ᠪᠦᠲᠦᠴᠡ ᠠᠴᠠ ᠦᠵᠡᠪᠡᠯ᠂ ᠣᠬᠤᠷ | ᠬᠤᠭᠤᠴᠠᠭᠠᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 40.59 ᠳ᠋ᠦᠩᠰᠢᠭᠤᠷ ᠲᠥᠭᠦᠷᠢᠭ ᠪᠤᠯᠵᠤ᠂ ᠪᠦᠭᠦ ᠵᠢᠭᠡᠯᠡᠯᠭᠡ ᠶᠢᠨ 52.75% ᠶᠢ ᠡᠵᠡᠯᠡᠵᠤ᠂ | ᠵᠢᠯ ᠤᠨ ᠡᠬᠢᠨ ᠤ ᠬᠢ ᠠᠴᠠ 3.89 ᠳ᠋ᠦᠩᠰᠢᠭᠤᠷ ᠲᠥᠭᠦᠷᠢᠭ ᠨᠠᠮᠡᠭᠳᠡᠵᠡᠢ︔ ᠤᠷᠲᠤ ᠰᠢᠭ᠋ ᠪᠠ ᠤᠷᠲᠤ ᠬᠤᠭᠤᠴᠠᠭᠠᠨ ᠤ ᠵᠢᠭᠡᠯᠡᠯᠭᠡ ᠶᠢᠨ ᠦᠯᠡᠳᠡᠪᠦᠷᠢ | ᠲᠤᠭ᠎ᠠ 45.32 ᠳ᠋ᠦᠩᠰᠢᠭᠤᠷ ᠲᠥᠭᠦᠷᠢᠭ ᠪᠤᠯᠵᠤ᠂ ᠪᠦᠭᠦ ᠵᠢᠭᠡᠯᠡᠯᠭᠡ ᠶᠢᠨ 52.75% ᠶᠢ ᠡᠵᠡᠯᠡᠵᠤ᠂ ᠵᠢᠯ ᠤᠨ ᠡᠬᠢᠨ ᠤ ᠬᠢ ᠠᠴᠠ 6.43 ᠳ᠋ᠦᠩᠰᠢᠭᠤᠷ | ᠲᠥᠭᠦᠷᠢᠭ ᠨᠡᠮᠡᠭᠳᠡᠪᠡ᠃ ᠡᠭᠦᠨ ᠤ ᠳᠣᠲᠣᠷ᠎ᠠ ᠬᠡᠷᠡᠭᠯᠡᠭᠡᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 12.07 ᠳ᠋ᠦᠩᠰᠢᠭᠤᠷ ᠲᠥᠭᠦᠷᠢᠭ ᠲᠤ ᠬᠦᠷᠴᠤ᠂ ᠪᠦᠭᠦ | ᠵᠢᠭᠡᠯᠡᠯᠭᠡ ᠶᠢᠨ 14.05 % ᠶᠢ ᠡᠵᠡᠯᠡᠵᠤ᠂ ᠵᠢᠯ ᠤᠨ ᠡᠬᠢᠨ ᠤ ᠬᠢ ᠠᠴᠠ 9940 ᠲᠦᠮᠡᠨ ᠲᠥᠭᠦᠷᠢᠭ ᠨᠡᠮᠡᠭᠳᠡᠪᠡ᠃ ᠡᠵᠡᠩᠨᠡᠯᠲᠡ ᠶᠢᠨ ᠴᠢᠨᠠᠷᠲᠠᠶ | ᠵᠢᠭᠡᠯᠡᠯᠭᠡ ᠶᠢᠨ ᠦᠯᠡᠳᠡᠪᠦᠷᠢ ᠲᠤᠭ᠎ᠠ 23.38 ᠳ᠋ᠦᠩᠰᠢᠭᠤᠷ ᠲᠥᠭᠦᠷᠢᠭ ᠪᠤᠯᠵᠤ᠂ ᠪᠦᠭᠦ ᠵᠢᠭᠡᠯᠡᠯᠭᠡ ᠶᠢᠨ 27.21% ᠶᠢ ᠡᠵᠡᠯᠡᠵᠤ ᠂ ᠵᠢᠯ ᠤᠨ | ᠡᠬᠢᠨ ᠤ ᠬᠢ ᠠᠴᠠ 3.7 ᠳ᠋ᠦᠩᠰᠢᠭᠤᠷ ᠲᠥᠭᠦᠷᠢᠭ ᠨᠡᠮᠡᠭᠳᠡᠪᠡ᠃ ᠭᠤᠷᠪᠠ ᠳᠤ᠂ ᠳᠠᠭᠠᠳᠬᠠᠯ ᠤᠨ ᠵᠠᠬ᠎ᠠ ᠳᠡᠯᠭᠡᠭᠦᠷ ᠯᠠᠪᠳᠠᠭᠤᠨ ᠢᠶᠠᠷ ᠬᠦᠭᠵᠢᠵᠦ ᠪᠠᠶᠢᠨ᠎ᠠ᠃ | 2017 ᠣᠨ ᠤ ᠡᠴᠦᠰ ᠪᠣᠯᠲᠠᠯ᠎ᠠ᠂ ᠪᠦᠬᠦ ᠰᠢᠶᠠᠨ ᠤ ᠳᠠᠭᠠᠳᠬᠠᠯ ᠤᠨ ᠪᠠᠶᠢᠭᠤᠯᠤᠮᠵᠢ ᠨᠢ ᠳᠠᠭᠠᠳᠬᠠᠯ ᠤᠨ ᠰᠦᠢᠳᠭᠡᠯ ᠤᠨ ᠣᠷᠣᠯᠭ᠎ᠠ ᠨᠡᠶᠢᠳᠡ 8778 | ᠲᠦᠮᠡᠨᠲ᠋ᠥ᠋ᠭᠦᠷᠢᠭ ᠢ ᠪᠡᠶᠡᠯᠡᠭᠦᠯᠵᠡᠢ᠃ ᠡᠭᠦᠨ ᠳᠤ᠂ ᠡᠳ᠋ ᠬᠦᠷᠦᠩᠭᠡ ᠶᠢᠨ ᠳᠠᠭᠠᠳᠬᠠᠯ ᠤᠨ ᠰᠦᠢᠳᠭᠡᠯ ᠤᠨ ᠣᠷᠣᠯᠭ᠎ᠠ 8434 ᠲᠦᠮᠡᠨ ᠲᠥᠭᠦᠷᠢᠭ ᠢ | ᠪᠡᠶᠡᠯᠡᠭᠦᠯᠵᠦ ᠂ ᠬᠥᠮᠦᠨ ᠤ ᠪᠡᠶ᠎ᠡ ᠶᠢᠨ ᠳᠠᠭᠠᠳᠬᠠᠯ ᠤᠨ ᠰᠦᠢᠳᠭᠡᠯ ᠤᠨ ᠣᠷᠣᠯᠭ᠎ᠠ 344 ᠲᠦᠮᠡᠨ ᠲᠥᠭᠦᠷᠢᠭ ᠢ ᠪᠡᠶᠡᠯᠡᠭᠦᠯᠵᠦ᠂ ᠳᠠᠭᠠᠳᠬᠠᠯ ᠤᠨ | ᠲᠤᠬᠠᠶᠢᠯᠠᠭᠰᠠᠨ ᠠᠵᠢᠯ ᠳᠤ ᠲᠥᠯᠥᠪᠦᠷᠢ ᠥᠭᠬᠦ ᠵᠠᠷᠤᠯᠭ᠎ᠠ 6704 ᠲᠦᠮᠡᠨᠲ᠋ᠥ᠋ᠭᠦᠷᠢᠭ ᠲᠤ ᠬᠦᠷᠴᠡᠢ᠃ ᠲᠦᠷᠪᠡ ᠳᠤ᠂ ᠪᠢᠴᠢᠯ ᠵᠢᠭᠡᠯᠡᠯᠭᠡ ᠶᠢᠨ ᠺᠣᠮᠫᠠᠨᠢ ᠶᠢᠨ | ᠲᠤᠬᠠᠶᠢᠯᠠᠭᠰᠠᠨ ᠠᠵᠢᠯ ᠵᠣᠭᠰᠣᠩᠭᠢ ᠪᠠᠶᠢᠳᠠᠯ ᠳᠤ ᠤᠷᠤᠵᠠᠢ᠃ ᠪᠦᠬᠦ ᠰᠢᠶᠠᠨ ᠳᠤ ᠨᠡᠶᠢᠲᠡ ᠪᠢᠴᠢᠯ ᠵᠢᠭᠡᠯᠡᠯᠭᠡ ᠶᠢᠨ ᠺᠣᠮᠫᠠᠨᠢ ᠭᠤᠷᠪᠠ ᠪᠠᠶᠢᠵᠤ᠂ | ᠳᠠᠩᠰᠠᠯᠠᠭᠤᠯᠤᠭᠰᠠᠨ ᠬᠦᠷᠦᠩᠭᠡ ᠨᠢ 6000 ᠲᠦᠮᠡᠨ ᠲᠥᠭᠦᠷᠢᠭ ᠪᠣᠯᠤᠨ᠎ᠠ᠃ ᠭᠤᠷᠪᠠᠨ ᠪᠢᠴᠢᠯ ᠵᠢᠭᠡᠯᠡᠯᠭᠡ ᠶᠢᠨ ᠺᠣᠮᠫᠠᠨᠢ ᠶᠢᠨ ᠵᠢᠯ ᠤᠨ ᠰᠡᠭᠦᠯᠴᠢ ᠶᠢᠨ | ᠦᠯᠡᠳᠡᠪᠦᠷᠢ 8712 ᠲᠦᠮᠡᠨ ᠲᠥᠭᠦᠷᠢᠭ ᠬᠦᠷᠴᠤ᠂ ᠨᠡᠶᠢᠲᠡ120 ᠡᠷᠤᠬᠡ ᠳᠤ 126 ᠤᠳᠠᠭ᠎ᠠ ᠵᠢᠭᠡᠯᠡᠯᠭᠡ ᠲᠠᠯᠪᠢᠵᠠᠢ᠃ ᠠᠵᠤ ᠠᠬᠤᠶ ᠶᠢᠨ | ᠨᠦᠯᠦᠭᠡᠯᠡᠯ ᠢᠶᠠᠷ᠂ ᠪᠢᠴᠢᠯ ᠵᠢᠭᠡᠯᠡᠯᠭᠡ ᠶᠢᠨ ᠺᠣᠮᠫᠠᠨᠢ ᠶᠢᠨ ᠵᠢᠭᠡᠯᠡᠯᠭᠡ ᠲᠠᠯᠪᠢᠬᠤ ᠪᠠ ᠵᠢᠭᠡᠯᠡᠯᠭᠡ ᠶᠢ ᠪᠤᠴᠠᠭᠠᠵᠤ ᠠᠪᠴᠢᠷᠠᠬᠤ ᠳᠤ ᠲᠤᠩ ᠬᠦᠴᠢᠷᠳᠡᠯᠳᠡᠢ | ᠪᠠᠶᠢᠬᠤ ᠨᠢ ᠲᠤᠬᠠᠶᠢᠯᠠᠭᠰᠠᠨ ᠠᠵᠢᠯ ᠢ ᠬᠦᠨᠳᠦ ᠨᠣᠴᠢᠲᠠᠶ ᠵᠣᠭᠰᠣᠩᠭᠢ ᠪᠠᠶᠢᠳᠠᠯ ᠳᠤ ᠤᠷᠤᠭᠤᠯᠵᠤ᠂ ᠪᠢᠴᠢᠯ ᠵᠢᠭᠡᠯᠡᠯᠭᠡ ᠶᠢᠨ ᠺᠣᠮᠫᠠᠨᠢ ᠶᠢᠨ ᠣᠷᠣᠰᠢᠨ | ᠲᠤᠭᠳᠠᠨᠢᠬᠤ ᠪᠠ ᠬᠥᠭᠵᠢᠬᠦ ᠳᠤ ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠪᠤᠯᠵᠠᠢ᠃ | ﹇ᠬᠥᠲᠥᠯᠥᠭᠴᠢ﹈ ᠢᠷᠡᠭᠡᠳᠦᠶ ᠶᠢᠨ ᠬᠥᠭᠵᠢᠯᠲᠡ ᠳᠤ ᠴᠢᠭᠯᠡᠭᠦᠯᠦᠨ᠂ ᠲᠣᠭᠲᠠᠬᠤ ᠰᠢᠶᠠᠨ ᠤ ᠣᠳᠣᠬᠠᠨ ᠤ ᠮᠥᠩᠭᠦᠨ ᠭᠦᠢᠯᠭᠡᠭᠡᠨ ᠤ ᠠᠵᠢᠯᠯᠠᠭᠠᠨ ᠳᠤ | ᠶᠠᠮᠠᠷ ᠶᠠᠮᠠᠷ ᠠᠰᠠᠭᠤᠳᠠᠯ ᠣᠷᠣᠰᠢᠵᠤ ᠪᠠᠶᠢᠬᠤ ᠪᠤᠢ︖ | ﹇ᠵᠣᠴᠢᠨ﹈ ᠣᠳᠣᠬᠠᠨ ᠤ ᠪᠠᠶᠢᠳᠠᠯ ᠠᠴᠠ ᠦᠵᠡᠪᠡᠯ᠂ ᠮᠠᠨ ᠤ ᠰᠢᠶᠠᠨ ᠤ ᠮᠥᠩᠭᠦᠨ ᠭᠦᠢᠯᠭᠡᠭᠡᠨ ᠤ ᠠᠵᠢᠯᠯᠠᠭᠠᠨ ᠳᠤ ᠭᠤᠤᠯᠳᠠᠭᠤ ᠭᠤᠷᠪᠠᠨ | ᠠᠰᠠᠭᠤᠳᠠᠯ ᠣᠷᠣᠰᠢᠵᠤ ᠪᠠᠶᠢᠨ᠎ᠠ᠄ ᠨᠢᠭᠡ ᠳᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠠᠷᠢᠶ᠎ᠠ ᠣᠷᠣᠨ ᠳᠠᠬᠢ ᠳᠤᠮᠳᠠ | ᠵᠢᠵᠢᠭ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠵᠤ ᠪᠠᠶᠢᠭ᠎ᠠ ᠨᠢ ᠭᠦᠢᠴᠡᠳ ᠦᠭᠡᠢ᠂ ᠨᠥᠭᠡᠴᠡ ᠬᠦᠴᠦᠨ ᠬᠦᠷᠦᠯᠴᠡᠬᠦ | ᠦᠭᠡᠢ ᠪᠠᠶᠢᠨ᠎ᠠ᠃ ᠮᠠᠨ ᠤ ᠰᠢᠶᠠᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠦᠢᠯᠡᠰ ᠤᠨ ᠳᠡᠰ ᠳᠠᠪᠬᠤᠷᠭ᠎ᠠ ᠪᠠᠷ ᠳᠣᠣᠷ᠎ᠠ᠂ ᠰᠢᠶᠠᠨ ᠤ | ᠳᠣᠲᠣᠷᠠᠬᠢ ᠵᠠᠷᠢᠮ ᠠᠵᠤ ᠠᠬᠤᠶᠢᠯᠠᠯ ᠤᠨ ᠬᠠᠮᠢᠶᠠᠷᠤᠯᠲᠠ ᠨᠢ ᠪᠦᠳᠦᠭᠦᠯᠢᠭ᠂ ᠬᠦᠴᠦᠨ ᠪᠦᠬᠦᠢ ᠡᠳ᠋ ᠬᠦᠷᠦᠩᠭᠡ ᠲᠤᠳᠠᠮᠠᠭ᠂ ᠲᠠᠨᠵᠢᠯᠠᠨ ᠲᠠᠭᠠᠭᠠᠴᠢᠯᠠᠬᠤ | ᠴᠢᠳᠠᠪᠤᠷᠢ ᠨᠢ ᠨᠡᠯᠢᠶᠡᠳ ᠪᠠᠭᠤᠷᠠᠶ ᠤᠴᠢᠷ ᠠᠴᠠ ᠪᠠᠩᠬᠢ ᠶᠢᠨ ᠵᠢᠭᠡᠯᠡᠯᠭᠡ ᠶᠢᠨ ᠵᠦᠪᠰᠢᠶᠡᠷᠡᠯ ᠤᠯᠬᠤ ᠨᠥᠬᠦᠴᠡᠯ ᠬᠠᠩᠭᠠᠬᠤ ᠳᠤ ᠬᠦᠴᠢᠷ ᠪᠠᠶᠢᠨ᠎ᠠ᠃ | ᠲᠡᠷᠡᠴᠢᠯᠡᠨ ᠣᠳᠣᠬᠠᠨ ᠳᠤ ᠡᠯ᠎ᠡ ᠬᠤᠳᠠᠯᠳᠤᠭᠠᠨ ᠤ ᠪᠠᠩᠬᠢ ᠨᠢ ᠵᠢᠭᠡᠯᠡᠯᠭᠡ ᠲᠠᠯᠪᠢᠬᠤ ᠬᠢᠨᠠᠨ ᠵᠥᠪᠰᠢᠶᠡᠷᠡᠬᠦ ᠡᠷᠬᠡ ᠶᠢ ᠬᠤᠷᠢᠶᠠᠨ ᠠᠪᠴᠤ᠂ ᠰᠠᠯᠪᠤᠷᠢ | ᠪᠠᠩᠬᠢ ᠠᠴᠠ ᠢᠳᠡᠭᠡᠮᠵᠢᠳᠤ ᠵᠢᠭᠡᠯᠡᠯᠭᠡ ᠣᠯᠭᠤᠬᠤ ᠡᠷᠬᠡ ᠶᠢᠨ ᠬᠡᠪᠴᠢᠶ᠎ᠡ ᠨᠢ ᠮᠠᠰᠢ ᠪᠠᠭ᠎ᠠ᠂ ᠠᠶᠤᠯ ᠲᠦᠭᠰᠢᠭᠦᠷᠢ ᠶᠢᠨ ᠢᠲᠡᠭᠡᠮᠵᠢ ᠣᠯᠭᠤᠬᠤ ᠵᠡᠷᠭᠡ | ᠨᠥᠯᠥᠭᠡ ᠠᠯᠬᠤᠮ ᠠᠯᠬᠤᠮ ᠢᠶᠠᠷ ᠪᠠᠭᠠᠰᠬᠠᠬᠤ᠂ ᠵᠢᠭᠡᠯᠡᠯᠭᠡ ᠶᠢᠨ ᠨᠥᠬᠦᠴᠡᠯ ᠪᠠ ᠲᠦᠷᠢᠮ ᠤᠯᠠᠮ ᠴᠢᠩᠭ᠎ᠠ ᠪᠤᠯᠤᠭᠰᠠᠨ ᠠᠴᠠ ᠠᠵᠤ ᠠᠬᠤᠶᠢᠯᠠᠯ ᠤᠨ | ᠪᠠᠩᠬᠢ ᠶᠢᠨ ᠳᠡᠮᠵᠢᠯᠭᠡ ᠶᠢ ᠤᠯᠬᠤ ᠨᠢ ᠨᠡᠩ ᠪᠡᠷᠬᠡ ᠪᠤᠯᠵᠠᠢ ᠃ ᠬᠤᠶᠠᠷ ᠲᠤ᠂ ᠪᠡᠯᠡ ᠬᠤᠷᠠᠮᠳᠤᠭᠤᠯᠬᠤ ᠠᠷᠭ᠎ᠠ ᠵᠠᠮ ᠳᠠᠩ ᠴᠤᠯᠭᠤᠶ᠂ ᠪᠡᠯᠡ | ᠬᠤᠷᠠᠮᠳᠤᠭᠤᠯᠬᠤ ᠴᠢᠳᠠᠪᠤᠷᠢ ᠪᠠᠷ ᠨᠡᠯᠢᠶᠡᠳ ᠪᠠᠭᠤᠷᠠᠶ ᠪᠠᠶᠢᠭᠰᠠᠭᠠᠷ᠃ ᠰᠢᠶᠠᠨ ᠤ ᠲᠤᠳᠤᠷᠠᠬᠢ ᠠᠵᠤ ᠠᠬᠤᠶᠢᠯᠠᠯ ᠤᠨ ᠰᠢᠭᠤᠳ ᠪᠡᠯᠡ ᠬᠤᠷᠠᠮᠳᠤᠭᠤᠯᠬᠤ | ᠦᠵᠡᠯ ᠤᠬᠠᠮᠰᠠᠷ ᠨᠢ ᠲᠤᠷᠤᠢ ᠪᠥᠭᠡᠳ ᠳᠡᠭᠡᠳᠦ ᠰᠢᠨ᠎ᠡ ᠲᠧᠭᠨᠢᠭ ᠮᠡᠷᠭᠡᠵᠢᠯ ᠤᠨ ᠪᠠ ᠰᠢᠨ᠎ᠡ ᠶᠢ ᠡᠭᠦᠳᠬᠦ ᠴᠢᠳᠠᠪᠤᠷᠢ ᠲᠤᠳᠠᠭᠤ᠂ ᠣᠯᠠᠩᠬᠢ ᠲᠣᠭᠠᠨ ᠤ | ᠳᠤᠮᠳᠠ ᠪᠠᠭ᠎ᠠ ᠠᠵᠤ ᠠᠬᠤᠶᠢᠯᠠᠯ ᠨᠢ ᠦᠨᠳᠦᠰᠦᠨ ᠳᠡᠭᠡᠨ ᠰᠢᠭᠤᠳ ᠪᠡᠯᠡ ᠬᠤᠷᠠᠮᠳᠤᠭᠤᠯᠬᠤ ᠨᠥᠬᠦᠴᠡᠯ ᠪᠦᠷᠢᠯᠳᠦᠭᠦᠯᠦᠭᠰᠡᠨ ᠦᠭᠡᠢ᠂ ᠠᠵᠤ ᠠᠬᠤᠶᠢᠯᠠᠯ ᠤᠨ | ᠪᠡᠯᠡ ᠬᠤᠷᠠᠮᠳᠤᠭᠤᠯᠬᠤ ᠬᠡᠷᠡᠭᠴᠡᠭᠡ ᠶᠢ ᠭᠤᠣᠯᠳᠠᠭᠤ ᠤᠯᠠᠮᠵᠢᠯᠠᠯᠲᠤ ᠪᠠᠩᠬᠢ ᠶᠢᠨ ᠪᠡᠯᠡ ᠬᠤᠷᠠᠮᠳᠤᠭᠤᠯᠬᠤ ᠳᠤ ᠲᠦᠰᠢᠭᠯᠡᠳᠡᠭ᠂ ᠰᠢᠭᠤᠳ ᠪᠡᠯᠡ | ᠬᠤᠷᠠᠮᠳᠤᠭᠤᠯᠬᠤ ᠬᠦᠷᠢᠶᠡᠨ ᠳᠤ ᠮᠥᠨ ᠯᠡ ᠬᠤᠭᠤᠰᠣᠨ ᠪᠠᠶᠢᠭᠰᠠᠭᠠᠷ᠃ ᠭᠤᠷᠪᠠ ᠳᠤ᠂ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ᠃ ᠡᠨᠡ ᠵᠢᠯ ᠠᠴᠠ ᠨᠠᠰᠢ ᠵᠠᠷᠢᠮ ᠠᠵᠤ ᠠᠬᠤᠶᠢᠯᠠᠯ ᠤᠨ ᠪᠡᠯᠡ ᠮᠥᠩᠭᠦ ᠶᠢᠨ ᠬᠦᠴᠢᠷᠳᠡᠯ ᠠᠴᠠ ᠪᠤᠯᠵᠤ᠂ | ᠦᠢᠯᠡᠳᠪᠦᠷᠢᠯᠡᠯ ᠡᠵᠡᠩᠨᠡᠯᠲᠡ ᠨᠢ ᠬᠢᠵᠭᠠᠷᠯᠠᠭᠳᠠᠵᠤ᠂ ᠰᠢᠶᠠᠨ ᠤ ᠳᠣᠲᠣᠷᠠᠬᠢ ᠪᠢᠴᠢᠯ ᠵᠢᠭᠡᠯᠡᠯᠭᠡ ᠶᠢᠨ ᠺᠣᠮᠫᠠᠨᠢ ᠨᠢ ᠵᠢᠭᠡᠯᠡᠯᠭᠡ ᠪᠠᠨ ᠬᠤᠭᠤᠴᠠᠭ᠎ᠠ ᠶᠣᠰᠣᠭᠠᠷ | ᠬᠤᠷᠢᠶᠠᠨ ᠠᠪᠴᠤ ᠲᠡᠶᠢᠯᠬᠦ ᠦᠭᠡᠢ᠂ ᠡᠵᠡᠩᠨᠡᠯᠲᠡ ᠨᠢ ᠬᠦᠴᠢᠷᠳᠡᠯ ᠲᠠᠢ ᠪᠠᠶᠢᠬᠤ ᠪᠠᠶᠢᠳᠠᠯ ᠭᠠᠷᠴᠤ ᠂ ᠵᠢᠭᠡᠯᠡᠯᠭᠡ ᠲᠠᠯᠪᠢᠬᠤ ᠢᠳᠡᠪᠬᠢᠵᠢᠯ ᠰᠢᠭᠤᠳ | ᠨᠦᠯᠦᠭᠡᠯᠡᠭᠳᠡᠵᠦ᠂ ᠢᠳᠡᠭᠡᠮᠵᠢᠳᠦ ᠵᠢᠭᠡᠯᠡᠯᠭᠡ ︽ᠬᠤᠶᠠᠷ ᠲᠦᠪᠡᠭᠲᠡᠶ︾ ᠪᠠᠶᠢᠳᠠᠯ ᠲᠠᠢ ᠪᠤᠯᠵᠡᠢ᠃ | ﹇ᠬᠥᠲᠥᠯᠥᠭᠴᠢ﹈ ᠠᠵᠤ ᠠᠬᠤᠶ ᠶᠢᠨ ᠪᠠᠶᠢᠳᠠᠯ ᠡᠶᠢᠮᠦ ᠬᠦᠨᠳᠦ ᠰᠦᠷᠡᠬᠡᠶ ᠪᠠᠶᠢᠭ᠎ᠠ ᠪᠠᠶᠢᠳᠠᠯ ᠳᠣᠣᠷ᠎ᠠ᠂ ᠲᠣᠭᠲᠠᠬᠤ ᠰᠢᠶᠠᠨ ᠤ ᠤᠳᠤᠬᠢ ᠣᠷᠣᠰᠢᠵᠤ | ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠠᠷᠠᠭᠠᠴᠢ ᠶᠢᠨ ᠠᠯᠬᠤᠮ ᠳᠤ ᠠᠯᠢ ᠠᠯᠢ ᠲᠠᠯ᠎ᠠ ᠶᠢᠨ ᠠᠵᠢᠯ ᠢ ᠰᠠᠶᠢᠲᠤᠷ ᠬᠢᠬᠦ ᠴᠢᠬᠤᠯᠠᠳᠠᠢ ᠪᠤᠢ︖ | ﹇ᠵᠣᠴᠢᠨ﹈ ᠲᠠᠷᠠᠭᠠᠴᠢ ᠶᠢᠨ ᠠᠯᠬᠤᠮ ᠳᠤ᠂ ᠪᠢᠳᠡ ᠪᠦᠬᠦ ᠤᠯᠤᠰ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭᠠᠨ ᠤ | ᠲᠤᠭᠤᠷᠢᠨ ᠳᠤ᠂ ᠲᠣᠭᠲᠠᠬᠤ ᠰᠢᠶᠠᠨ ᠤ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠪᠣᠳᠠᠲᠤ ᠴᠣᠭᠴᠠ ᠶᠢᠨ ᠠᠵᠤ ᠠᠬᠤᠶ ᠳᠤ | ᠦᠢᠯᠡᠴᠢᠯᠡᠬᠦ ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠵᠡᠷᠭᠡ ᠭᠤᠷᠪᠠᠨ ᠡᠭᠦᠷᠭᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠮᠥᠩᠭᠦᠨ ᠭᠦᠢᠯᠭᠡᠭᠡᠨ ᠤ ᠲᠤᠬᠢᠷᠠᠭᠤᠯᠤᠯ ᠡᠵᠡᠮᠳᠡᠯ ᠳᠤ ᠰᠢᠨ᠎ᠡ ᠶᠢ ᠡᠭᠦᠳᠬᠦ | ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ | ᠪᠣᠷᠣ ᠲᠥᠯᠥᠪ ᠢ ᠪᠠᠶᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ ᠃ ᠮᠥᠩᠭᠦᠨ ᠭᠦᠢᠯᠭᠡᠭᠡᠨ ᠤ ᠬᠥᠭᠵᠢᠯᠲᠡ ᠶᠢᠨ | ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠮᠥᠩᠭᠦᠨ ᠭᠦᠢᠯᠭᠡᠭᠡ ᠶᠢ ᠬᠠᠤᠯᠢ ᠪᠠᠷ ᠵᠠᠰᠠᠬᠤ ᠠᠵᠢᠯ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠳᠤᠯᠤᠯᠳᠡ ᠶᠢᠨ ᠲᠠᠶᠢᠨ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠳᠤ ᠭᠤᠣᠯᠳᠠᠭᠤ ᠳᠣᠣᠷᠠᠬᠢ | ᠬᠡᠳᠦᠨ ᠲᠠᠯ᠎ᠠ ᠶᠢᠨ ᠠᠵᠢᠯ ᠢ ᠴᠢᠩᠭ᠎ᠠ ᠠᠳᠬᠤᠬᠤ ᠬᠡᠷᠡᠭᠲᠡᠶ᠃ ᠨᠢᠭᠡ ᠳᠤ᠂ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ ᠤ ᠬᠡᠪᠴᠢᠶᠡᠨ ᠤ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠰᠢᠯᠢᠳᠡᠭ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠶᠢᠨ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠤᠬᠠᠶ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠷᠢᠨ ᠬᠢᠨᠠᠮᠠᠭᠠᠶ ᠲᠤᠤᠱᠯᠠᠭᠤᠯᠵᠤ᠂ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠰᠢᠷᠢᠰ ᠱᠠᠭᠠᠷᠳᠠᠯᠭ᠎ᠠ ᠪᠠᠷ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠰᠢᠪᠳᠤᠯᠤᠯᠳᠠ ᠶᠢᠨ ᠲᠠᠶᠢᠨ ᠢ ᠰᠠᠶᠢᠲᠤᠷ ᠬᠢᠬᠦ ᠬᠡᠷᠡᠭᠲᠡᠶ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠠᠵᠢᠯᠯᠠᠭ᠎ᠠ ᠵᠢᠴᠢ | ᠢᠨᠲ᠋ᠧᠷ ᠰᠦᠯᠵᠢᠶ᠎ᠡ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠲᠤᠰᠬᠠᠶ ᠪᠠᠶᠢᠴᠠᠭᠠᠬᠤ ᠪᠤᠯᠤᠨ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠬᠦ ᠪᠠᠷ ᠳᠠᠮᠵᠢᠭᠤᠯᠤᠨ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠳ ᠢ ᠢᠯᠡᠴᠢᠯᠡᠨ ᠮᠡᠳᠡᠭᠦᠯᠦᠭᠰᠡᠳ ᠲᠤ ᠱᠠᠩᠨᠠᠯ ᠤᠯᠭᠤᠬᠤ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠪᠦᠬᠦ ᠰᠢᠶᠠᠨ ᠤ ᠮᠥᠩᠭᠦᠨ ᠭᠦᠢᠯᠭᠡᠭᠡᠨ ᠤ ᠠᠮᠢ ᠠᠬᠤᠶ ᠶᠢᠨ ᠠᠮᠤᠷ ᠲᠦᠪᠰᠢᠨ ᠪᠠ ᠡᠮᠬᠢ ᠵᠢᠷᠤᠮ ᠲᠠᠢ | ᠲᠣᠭᠲᠠᠭᠤᠨ ᠪᠠᠶᠢᠯᠭᠠᠬᠤ ᠶᠢ ᠦᠨᠡᠨ ᠬᠦ ᠪᠠᠳᠤᠯᠠᠬᠤ ᠬᠡᠷᠡᠭᠲᠡᠶ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ | ᠲᠦᠪᠯᠡᠷᠡᠭᠦᠯᠦᠨ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠶ᠃ ᠰᠢᠶᠠᠨ ᠤ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ᠂ ᠲᠠᠷᠢᠶᠠᠯᠠᠩ ᠤᠨ ᠪᠠᠩᠬᠢ᠂ ᠬᠦᠳᠡᠭᠡ ᠲᠤᠰᠬᠤᠨ ᠤ ᠬᠤᠳᠠᠯᠳᠤᠭᠠᠨ ᠤ ᠪᠠᠩᠭᠢ ᠵᠡᠷᠭᠡ ᠪᠠᠩᠭᠢ ᠶᠢᠨ ᠬᠤᠭᠤᠷᠤᠨᠳᠤᠬᠢ | ᠵᠤᠯᠭᠤᠭᠠᠯᠤᠯᠳᠠ ᠶᠢ ᠴᠢᠩᠭᠠᠳᠬᠠᠨ᠂ ᠲᠣᠭᠲᠠᠬᠤ ᠰᠢᠶᠠᠨ ᠤ ᠮᠥᠩᠭᠦᠨ ᠭᠦᠢᠯᠭᠡᠭᠡ ᠪᠠᠷ ᠨᠠᠷᠢᠯᠢᠭ ᠤᠨᠤᠪᠴᠢᠳᠠᠢ ᠶᠠᠳᠠᠭᠤ ᠶᠢ ᠲᠡᠳᠬᠦᠬᠦ ᠠᠵᠢᠯ ᠤᠨ | ᠬᠡᠷᠡᠭᠵᠢᠭᠦᠯᠬᠦ ᠲᠥᠰᠦᠯ ᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢ ᠬᠠᠪᠰᠤᠷᠤᠨ | ᠰᠢᠮᠳᠠᠭᠤᠯᠵᠤ ᠪᠠᠶᠢᠭᠠᠳ ︽ᠶᠠᠳᠠᠭᠤ ᠶᠢ ᠲᠡᠳᠬᠦᠬᠦ ᠪᠢᠴᠢᠯ ᠵᠢᠭᠡᠯᠡᠯᠭᠡ︾ ᠲᠠᠯᠪᠢᠬᠤ ᠠᠵᠢᠯ ᠦᠷᠨᠢᠭᠦᠯᠵᠦ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ | ︽ᠶᠠᠳᠠᠭᠤ ᠬᠦᠴᠢᠷᠳᠡᠯᠲᠡᠶ ᠡᠷᠦᠬᠡ ︾ ᠶᠢᠨ ᠪᠤᠳᠠᠳᠤ ᠪᠠᠶᠢᠳᠠᠯ ᠤᠨ ᠣᠨᠴᠠᠯᠢᠭ ᠲᠤ ᠴᠢᠭᠯᠡᠭᠦᠯᠦᠨ᠂ ᠰᠢᠨ᠎ᠡ ᠮᠠᠶ᠋ᠢᠭ ᠤᠨ ᠢᠳᠡᠭᠡᠮᠵᠢᠳᠤ ᠵᠢᠭᠡᠯᠡᠯᠭᠡ ᠶᠢᠨ | ᠦᠢᠯᠡᠳᠬᠦᠨ ᠭᠠᠷᠭᠠᠬᠤ ᠶᠢ ᠲᠦᠷᠭᠡᠪᠴᠢᠯᠡᠨ ᠲᠦᠯᠬᠢᠨ ᠠᠬᠢᠭᠤᠯᠬᠤ ᠬᠡᠷᠡᠭᠳᠡᠢ᠃ ᠭᠤᠷᠪᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠨ | ᠠᠵᠢᠯᠯᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ | ᠢᠳᠡᠪᠬᠢᠲᠡᠶ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠤᠭᠤᠷᠤᠨᠳᠤᠬᠢ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠢᠲᠡᠭᠡᠮᠵᠢᠲᠦ | ᠵᠢᠭᠡᠯᠡᠯᠭᠡ ᠶᠢᠨ ᠲᠥᠷᠥ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠶᠢᠯᠠᠭᠠᠵᠤ᠂ ᠮᠠᠨ ᠤ ᠰᠢᠶᠠᠨ ᠤ ᠰᠢᠯᠢᠳᠡᠭ ᠰᠠᠶᠢᠨ ᠠᠵᠤ ᠠᠬᠤᠶᠢᠯᠠᠯ ᠳᠤ ᠨᠡᠩ ᠤᠯᠠᠨ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠶᠢ ᠢᠳᠡᠪᠬᠢᠲᠡᠶ ᠪᠠᠷ ᠲᠦᠯᠬᠢᠨ ᠤᠷᠤᠭᠰᠢᠯᠠᠭᠤᠯᠵᠤ᠂ ᠪᠦᠬᠦ ᠰᠢᠶᠠᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠲᠦᠷᠪᠡ ᠳᠤ ᠂ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠬᠦ ᠴᠢᠳᠠᠪᠦᠷᠢ ᠶᠢ ᠤᠯᠠᠮ | ᠨᠢᠭᠡ ᠠᠯᠬᠤᠮ᠂ᠴᠢᠩᠭᠠᠷᠠᠭᠤᠯᠤᠨ᠎ᠠ᠃ ᠡᠯ᠎ᠡ ᠪᠠᠩᠬᠢ ᠶᠢᠨ ᠪᠠᠶᠢᠭᠤᠯᠤᠮᠵᠢ ᠲᠠᠢ ᠬᠠᠮᠵᠢᠯᠴᠠᠨ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠰᠢᠨ᠎ᠡ ᠦᠢᠯᠡᠳᠬᠦᠨ ᠪᠠ ᠦᠢᠯᠡᠴᠢᠯᠡᠭᠡ ᠶᠢ ᠬᠠᠨᠳᠤᠯᠭᠠᠲᠤ | ᠴᠢᠨᠠᠷ ᠲᠠᠢ ᠪᠠᠷ ᠴᠢᠩᠭᠠᠳᠭᠠᠬᠤ ᠶᠢᠨ ᠬᠠᠮᠳᠤ ᠲᠠᠭᠠᠴᠢᠯᠠᠨ ᠪᠠᠳᠤᠯᠠᠬᠤ ᠠᠷᠭ᠎ᠠ ᠬᠡᠯᠪᠡᠷᠢ ᠶᠢ ᠰᠢᠨᠡᠳᠭᠡᠨ ᠰᠢᠯᠢᠳᠡᠭᠵᠢᠭᠦᠯᠵᠦ᠂ ᠪᠢᠴᠢᠯ ᠠᠵᠤ ᠠᠬᠤᠶᠢᠯᠠᠯ ᠤᠨ | ᠪᠡᠯᠡ ᠬᠤᠷᠠᠮᠳᠠᠭᠤᠯᠬᠤ ᠳᠤ ᠬᠦᠴᠢᠷᠲᠡᠶ᠂ ᠪᠡᠯᠡ ᠬᠤᠷᠠᠮᠳᠤᠯᠭ᠎ᠠ ᠦᠨᠡᠲᠡᠶ ᠪᠠᠶᠢᠬᠤ ᠵᠡᠷᠭᠡ ᠠᠰᠠᠭᠤᠳᠠᠯ ᠢ ᠦᠨᠡᠨ ᠪᠣᠳᠠᠲᠠᠶ ᠰᠢᠢᠳᠪᠦᠷᠢᠯᠡᠬᠦ ᠬᠡᠷᠡᠭᠳᠡᠢ᠃ | ᠲᠠᠪᠤ ᠳᠤ᠂ ᠬᠦᠷᠦᠩᠭᠡ ᠶᠢᠨ ᠵᠠᠬ᠎ᠠ ᠳᠡᠯᠭᠡᠭᠦᠷ ᠢ ᠪᠤᠶᠢᠵᠢᠭᠤᠯᠬᠤ ᠠᠵᠢᠯ ᠢ ᠬᠦᠴᠦᠲᠡᠶ ᠠᠳᠬᠤᠬᠤ ᠬᠡᠷᠡᠭᠲᠡᠶ᠃ 2018 ᠣᠨ ᠳᠤ ᠵᠢᠶᠠᠨ ᠯᠦᠩ ᠠᠮᠢᠳᠤ | ᠪᠣᠳᠠᠰ ᠪᠠ ᠵᠧᠩ ᠯᠦᠩ ᠠᠮᠤ ᠪᠤᠳᠠᠭᠠᠨ ᠤ ᠺᠤᠮᠫᠠᠨᠢ ᠵᠡᠷᠭᠡ ᠬᠤᠶᠠᠷ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠬᠤ ᠠᠵᠢᠯ ᠢ ᠭᠤᠣᠯᠳᠠᠯᠭ᠎ᠠ ᠲᠠᠢ | ᠲᠦᠯᠬᠢᠨ ᠠᠬᠢᠭᠤᠯᠵᠤ᠂ ᠮᠠᠨ ᠤ ᠰᠢᠶᠠᠨ ᠤ ᠭᠤᠣᠯᠳᠠᠯᠭ᠎ᠠ ᠲᠠᠢ ᠨᠥᠬᠦᠴᠡᠯ ᠳᠤ ᠨᠡᠶᠢᠴᠡᠬᠦ ᠠᠵᠤ ᠠᠬᠤᠶᠢᠯᠠᠯ᠂ ᠪᠡᠯᠡᠳᠬᠡᠯ ᠠᠵᠤ ᠠᠬᠤᠶᠢᠯᠠᠯ ᠢ ᠦᠷᠭᠦᠯᠵᠢᠯᠡᠨ | ᠪᠤᠶᠢᠵᠢᠭᠤᠯᠵᠤ᠂ ᠡᠬᠢ ᠪᠠᠶᠠᠯᠢᠭ ᠤᠨ ᠬᠥᠮᠥᠷᠭᠡ ᠳᠤ ᠣᠷᠣᠬᠤ ᠶᠢ ᠲᠡᠮᠵᠢᠨ᠎ᠡ᠂ ᠬᠥᠮᠥᠷᠭᠡ ᠳᠤ ᠤᠷᠤᠭᠰᠠᠨ ᠪᠡᠯᠡᠳᠬᠡᠯ ᠠᠵᠤ ᠠᠬᠤᠶᠢᠯᠠᠯ ᠳᠤ ᠲᠣᠭᠲᠠᠮᠠᠯ | ᠬᠤᠭᠤᠴᠠᠭ᠎ᠠ ᠲᠠᠢ ᠪᠠᠷ ᠰᠤᠷᠪᠤᠯᠵᠢᠯᠠᠭ᠎ᠠ ᠪᠠ ᠮᠥᠷᠳᠡᠵᠦ ᠦᠢᠯᠡᠴᠢᠯᠡᠬᠦ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠵᠢᠷᠭᠤᠭ᠎ᠠ ᠳᠤ᠂ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠥᠷᠢᠰᠥᠯᠳᠦᠭᠡᠨ ᠤ ᠴᠢᠨᠠᠷᠲᠠᠶ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠢ ᠪᠤᠢ | ᠪᠤᠯᠭᠠᠬᠤ ᠬᠡᠷᠡᠭᠳᠡᠢ᠃ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠳᠠ ᠶᠢᠨ ᠪᠠᠩᠬᠢ᠂ ᠥᠪᠥᠷ ᠮᠣᠩᠭᠤᠯ ᠤᠨ ᠬᠤᠪᠢᠶᠠᠷᠢ ᠪᠠᠩᠬᠢ ᠪᠠ ᠥᠪᠥᠷ ᠮᠣᠩᠭᠤᠯ | ᠪᠠᠩᠬᠢ ᠮᠠᠨ ᠤ ᠰᠢᠶᠠᠨ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠶ᠃ ᠨᠥᠬᠦᠴᠡᠯ ᠪᠦᠬᠦᠢ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠪᠣᠯᠤᠨ ᠠᠷᠠᠳ ᠤᠨ ᠲᠤᠳᠤᠷᠠᠬᠢ ᠬᠥᠷᠥᠩᠭᠡ ᠲᠠᠢ ᠬᠦᠮᠦᠰ ᠪᠢᠴᠢᠯ ᠵᠢᠭᠡᠯᠡᠯᠭᠡ ᠶᠢᠨ ᠺᠣᠮᠫᠠᠨᠢ᠂ ᠪᠡᠯᠡ ᠬᠤᠷᠠᠮᠳᠠᠭᠤᠯᠬᠤ | ᠴᠢᠨᠠᠷᠲᠠᠶ ᠲᠠᠨᠵᠢᠯᠠᠬᠤ ᠺᠣᠮᠫᠠᠨᠢ ᠵᠡᠷᠭᠡ ᠰᠢᠨ᠎ᠡ ᠮᠠᠶ᠋ᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠭᠤᠯᠬᠤ ᠶᠢ ᠵᠤᠷᠢᠭᠵᠢᠭᠤᠯᠤᠨ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠠᠴᠠ ᠨᠡᠶᠢᠭᠡᠮ ᠲᠣᠭᠤᠷᠢᠭ᠂ ᠰᠢᠶᠠᠩ ᠪᠠᠯᠭᠠᠰᠤ ᠪᠣᠯᠤᠨ ᠭᠤᠤᠯᠳᠠᠯᠭ᠎ᠠ ᠲᠠᠢ ᠲᠣᠰᠬᠤᠨ ᠳᠤ ᠦᠢᠯᠡᠴᠢᠯᠡᠭᠡᠨ ᠤ ᠲᠣᠣᠷ ᠴᠡᠭ ᠢ | ᠥᠷᠭᠡᠳᠬᠡᠵᠦ᠂ ᠪᠣᠳᠠᠲᠤ ᠴᠣᠭᠴᠠ ᠶᠢᠨ ᠠᠵᠤ ᠠᠬᠤᠶ ᠪᠣᠯᠤᠨ ᠪᠢᠴᠢᠯ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠦᠵᠡᠭᠦᠯᠬᠦ ᠶᠢ | ᠲᠦᠷᠭᠡᠳᠬᠡᠵᠦ᠂ ᠣᠷᠣᠨ ᠨᠤᠲᠤᠭ ᠤᠨ ᠠᠵᠤ ᠠᠬᠤᠶ ᠶᠢᠨ ᠵᠢᠭᠡᠯᠡᠯᠭᠡ ᠶᠢᠨ ᠲᠤᠭ᠎ᠠ ᠶᠢ ᠨᠡᠮᠡᠭᠳᠡᠭᠦᠯᠬᠦ ᠱᠠᠩᠨᠠᠯ ᠤᠨ ᠠᠷᠭ᠎ᠠ ᠶᠢ ᠨᠡᠶᠢᠲᠡᠯᠡᠨ ᠬᠡᠷᠡᠭᠵᠢᠭᠦᠯᠵᠦ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠷᠢᠰᠥᠯᠳᠦᠭᠡᠨ ᠤ ᠴᠢᠨᠠᠷᠲᠠᠶ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠶᠢ ᠠᠯᠬᠤᠮ ᠠᠯᠬᠤᠮ ᠢᠶᠠᠷ ᠪᠤᠢ | ᠪᠣᠯᠭᠠᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠡᠯᠪᠡᠷᠢ ᠬᠤᠪᠢᠷᠠᠨ ᠴᠢᠨᠠᠷ ᠰᠠᠶᠢᠲᠠᠶ ᠬᠥᠭᠵᠢᠯᠲᠡ ᠳᠤ ᠪᠦᠬᠦ ᠲᠠᠯ᠎ᠠ ᠶᠢᠨ᠂ ᠤᠯᠠᠨ ᠳᠠᠪᠬᠤᠷᠭ᠎ᠠ ᠶᠢᠨ | ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠶ᠃ | ﹇ᠵᠣᠴᠢᠨ﹈ ᠰᠦᠯᠵᠢᠶᠡᠨ ᠤ ᠠᠨᠳᠠ ᠨᠠᠷ ᠤᠨ ᠮᠥᠩᠭᠦᠨ ᠭᠦᠢᠯᠭᠡᠭᠡ ᠪᠠᠷ ︿ᠠᠷᠠᠳ ᠲᠤ ᠠᠰᠢᠭ ᠬᠦᠷᠲᠡᠭᠡᠬᠦ﹀ ᠠᠰᠠᠭᠤᠳᠠᠯ ᠤᠨ ᠲᠤᠬᠠᠶ ᠤᠢᠢᠷ᠎ᠠ ᠶᠢᠨ | ᠬᠡᠳᠦᠨ ᠵᠢᠯ ᠳᠤ ᠮᠠᠨ ᠤ ᠰᠢᠶᠠᠨ ᠭᠤᠣᠯᠳᠠᠭᠤ ᠳᠣᠣᠷᠠᠬᠢ ᠮᠡᠲᠦ ᠬᠡᠳᠦᠨ ᠲᠠᠯ᠎ᠠ ᠶᠢᠨ ᠠᠵᠢᠯ ᠢ ᠬᠢᠭᠰᠡᠨ ᠪᠠᠶᠢᠨ᠎ᠠ ᠄ | ᠨᠢᠭᠡ ᠳᠤ᠂ ᠲᠠᠷᠢᠶᠠᠯᠠᠩ ᠳᠤ ᠳᠡᠮᠵᠢᠬᠦ ᠳᠠᠬᠢᠨᠲᠠ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ᠃ ︽ᠲᠠᠷᠢᠶᠠᠯᠠᠩ᠂ ᠬᠥᠳᠡᠭᠡ | ᠲᠣᠰᠬᠤᠨ᠂ ᠲᠠᠷᠢᠶᠠᠴᠢᠨ︾ ᠳᠤ ᠦᠢᠯᠡᠴᠢᠯᠡᠬᠦ ᠪᠠᠷ ᠵᠣᠷᠢᠯᠲᠠ ᠪᠤᠯᠭᠠᠨ ᠂ 2017 ᠣᠨ ᠳᠤ ᠮᠥᠩᠭᠦᠨ ᠭᠦᠢᠯᠭᠡᠭᠡᠨ ᠤ ᠰᠢᠰᠲ᠋ᠧᠮ ᠨᠡᠶᠢᠲᠡ 9000 ᠲᠦᠮᠡᠨ | ᠲᠥᠭᠦᠷᠢᠭ ᠤᠨ ᠲᠠᠷᠢᠶᠠᠯᠠᠩ ᠢ ᠳᠡᠮᠵᠢᠬᠦ ᠲᠤᠰᠬᠠᠶ ᠵᠦᠢᠯ ᠤᠨ ᠳᠠᠬᠢᠨᠲᠠ ᠵᠢᠭᠡᠯᠡᠯᠭᠡ ᠲᠠᠯᠪᠢᠪᠠ᠃ ᠡᠭᠦᠨ ᠤ ᠳᠣᠲᠣᠷ᠎ᠠ ᠲᠣᠭᠲᠠᠬᠤ ᠰᠢᠶᠠᠨ ᠤ ᠬᠥᠳᠡᠭᠡ | ᠲᠣᠰᠬᠤᠨ ᠤ ᠬᠤᠳᠠᠯᠳᠤᠭᠠᠨ ᠤ ᠪᠠᠩᠬᠢ 5000 ᠲᠦᠮᠡᠨ ᠲᠥᠭᠦᠷᠢᠭ ᠂ ᠲᠣᠭᠲᠠᠬᠤ ᠰᠢᠶᠠᠨ ᠤ ᠯᠢ ᠨᠦᠩ ᠬᠥᠳᠡᠭᠡ ᠪᠠᠯᠭᠠᠰᠤᠨ ᠤ ᠪᠠᠩᠬᠢ 4000 | ᠲᠦᠮᠡᠨ ᠲᠥᠭᠦᠷᠢᠭ ᠵᠢᠭᠡᠯᠡᠯᠭᠡ ᠲᠠᠯᠪᠢᠵᠠᠢ᠃ ᠠᠷᠠᠳ ᠤᠨ ᠪᠠᠩᠭᠢ ᠶᠢᠨ ᠲᠠᠷᠢᠶᠠᠯᠠᠩ ᠶᠢ ᠳᠡᠮᠵᠢᠬᠦ ᠳᠠᠬᠢᠨᠲᠠ ᠵᠢᠭᠡᠯᠡᠯᠭᠡ ᠶᠢᠨ ᠬᠦᠦ ᠮᠥᠩᠭᠦᠨ ᠤ ᠰᠠᠭᠤᠷᠢ | ᠪᠠᠷᠢᠮᠵᠢᠶ᠎ᠠ ᠨᠤᠷᠮ᠎ᠠ 2 .75 % ᠪᠠᠷ ᠬᠡᠷᠡᠭᠵᠢᠭᠦᠯᠵᠦ ᠪᠠᠶᠢᠨ᠎ᠠ᠂ ᠲᠠᠷᠢᠶᠠᠴᠢᠳ ᠤᠨ ᠵᠢᠭᠡᠯᠡᠯᠭᠡ ᠠᠪᠬᠤ ᠦᠶ᠎ᠡ ᠶᠢᠨ ᠳᠤᠮᠳᠠᠴᠢ ᠬᠦᠦ ᠮᠥᠩᠭᠦ ᠶᠢᠨ ᠨᠤᠷᠮ᠎ᠠ | 6.75 % ᠪᠠᠶᠢᠵᠤ᠂ ᠪᠤᠰᠤᠳ ᠪᠠᠩᠬᠢ ᠶᠢᠨ ᠬᠤᠪᠢᠨ ᠤ ᠪᠡᠯᠡ ᠮᠥᠩᠭᠦ ᠶᠢᠨ ᠬᠦᠦ ᠮᠥᠩᠭᠦ ᠶᠢᠨ ᠨᠣᠷᠮ᠎ᠠ 9.25 % ᠲᠠᠢ ᠬᠠᠷᠢᠴᠠᠭᠤᠯᠪᠠᠯ ᠪᠠᠷᠤᠭ | ᠲᠠᠷᠢᠶᠠᠴᠢᠳ ᠲᠤ 200 ᠭᠠᠷᠤᠶ ᠲᠦᠮᠡᠨ ᠲᠥᠭᠦᠷᠢᠭ ᠤᠨ ᠬᠦᠦ ᠮᠥᠩᠭᠦ ᠶᠢᠨ ᠵᠠᠷᠤᠯᠭ᠎ᠠ ᠠᠷᠪᠢᠯᠠᠵᠤ ᠦᠭᠴᠡᠢ᠃ ᠲᠠᠷᠢᠶᠠᠯᠠᠩ ᠶᠢ ᠳᠡᠮᠵᠢᠬᠦ ᠳᠠᠬᠢᠨᠲᠠ | ᠵᠢᠭᠡᠯᠡᠯᠭᠡ ᠨᠢ ︽ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠪᠡᠯᠡ ᠮᠥᠩᠭᠦ ᠶᠢᠨ ᠰᠢᠯᠢᠳᠡᠭ ᠣᠷᠴᠢᠯ ᠢ ᠪᠡᠶᠡᠯᠡᠭᠦᠯᠵᠦ᠂ ᠬᠦᠤ ᠮᠦᠩᠭᠦ | ᠠᠷᠪᠢᠯᠠᠭᠰᠠᠨ ᠦᠷ᠎ᠡ ᠪᠦᠲᠦᠮᠵᠢ ᠢᠯᠡᠷᠬᠡᠶ︾ ᠵᠣᠷᠢᠯᠭ᠎ᠠ ᠳᠤ ᠬᠦᠷᠦᠭᠰᠡᠨ ᠪᠣᠯᠬᠤᠷ᠂ ︽ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ︾ ᠤ ᠠᠵᠢᠯ ᠳᠤ | ᠬᠦᠴᠦᠷᠬᠡᠭ ᠶᠡᠭᠡ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠮᠠᠨ ᠤ ᠰᠢᠶᠠᠨ ᠤ ᠬᠥᠳᠡᠭᠡ ᠲᠣᠰᠬᠤᠨ ᠤ ᠠᠵᠤ ᠠᠬᠤᠶ ᠶᠢᠨ | ᠡᠶ᠎ᠡ ᠵᠣᠬᠢᠴᠠᠯ ᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ ᠬᠤᠶᠠᠷ ᠲᠤ᠂ ︽ᠲᠠᠷᠢᠶᠠᠯᠠᠩ ᠳᠤ ᠬᠠᠪᠰᠤᠷᠬᠤ︾ ᠲᠤᠬᠠᠶᠢᠯᠠᠭᠰᠠᠨ ᠠᠵᠢᠯ ᠤᠨ | ᠵᠢᠭᠡᠯᠡᠯᠭᠡ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠶᠢᠵᠢᠭᠤᠯᠤᠨ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠥᠷᠭᠡᠳᠬᠡᠬᠦ ᠶᠢ ᠲᠡᠮᠵᠢᠨ ᠵᠣᠷᠢᠭᠵᠢᠭᠤᠯᠵᠤ᠂ ᠲᠠᠷᠢᠶᠠᠯᠠᠩ ᠤᠨ ᠰᠢᠨ᠎ᠡ ᠮᠠᠶ᠋ᠢᠭ ᠤᠨ | ᠡᠵᠡᠩᠨᠡᠯᠲᠡ ᠶᠢᠨ ᠪᠡᠶᠡᠴᠢ ᠴᠣᠭᠴᠠ ᠶᠢᠨ ᠤᠷᠴᠢᠯ ᠪᠡᠯᠡ ᠮᠥᠩᠭᠦᠨ ᠤ ᠳᠤᠲᠠᠭᠳᠠᠬᠤ ᠠᠰᠠᠭᠤᠳᠠᠯ ᠢ ᠨᠠᠮᠳᠠᠭᠤᠯᠬᠤ ᠶᠢᠨ ᠲᠦᠯᠦᠭᠡ᠂ ︽ᠲᠣᠭᠲᠠᠬᠤ ᠰᠢᠶᠠᠨ ᠤ | ᠢᠲᠡᠭᠡᠮᠵᠢ ᠨᠡᠮᠡᠭᠳᠡᠭᠦᠯᠬᠦ < ᠲᠠᠷᠢᠶᠠᠯᠠᠩ ᠳᠤ ᠲᠤᠰᠠᠯᠠᠬᠤ ᠵᠢᠭᠡᠯᠡᠯᠭᠡ > ᠶᠢᠨ ᠲᠤᠬᠠᠶᠢᠯᠠᠭᠰᠠᠨ ᠠᠵᠢᠯ ᠤᠨ ᠲᠤᠷᠰᠢᠨ ᠬᠡᠷᠡᠭᠵᠢᠭᠦᠯᠬᠦ ᠲᠥᠰᠦᠯ︾ ᠢ ᠲᠤᠭᠳᠠᠭᠠᠵᠤ ᠦᠷᠨᠢᠭᠦᠯᠪᠡ᠃ ︽ᠲᠠᠷᠢᠶᠠᠯᠠᠩ ᠳᠤ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠲᠤᠰᠠᠯᠠᠬᠤ ᠤᠨ ᠵᠢᠭᠡᠯᠡᠯᠭᠡ︾ ᠪᠣᠯ ᠬᠤᠷᠰᠢᠨ ᠬᠠᠮᠳᠤᠷᠠᠭᠰᠠᠨ ᠪᠠᠩᠬᠢ ᠠᠴᠠ ᠨᠥᠬᠦᠴᠡᠯ ᠳᠤ ᠨᠡᠶᠢᠴᠡᠭᠰᠡᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠂ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠲᠤᠰᠬᠠᠶ ᠠᠵᠢᠯ ᠤᠨ ᠲᠤᠮᠤ ᠡᠷᠤᠬᠡ ᠵᠡᠷᠭᠡ ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠳᠤ ᠣᠯᠭᠤᠬᠤ᠂ ᠵᠠᠰᠠᠭ ᠤᠨ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠣᠷᠳᠣᠨ ᠠᠴᠠ ᠬᠠᠩᠭᠠᠭᠰᠠᠨ ︽ᠠᠶᠤᠯ ᠲᠦᠭᠰᠢᠭᠦᠷᠢ ᠶᠢᠨ ᠨᠥᠬᠦᠪᠥᠷᠢ ᠮᠥᠩᠭᠦ ︾ ᠪᠠᠷ ᠢᠲᠡᠭᠡᠮᠵᠢ ᠨᠡᠮᠡᠭᠳᠡᠭᠦᠯᠬᠦ ᠠᠷᠭ᠎ᠠ ᠬᠡᠷᠡᠭᠯᠡᠭᠦᠷ ᠪᠤᠯᠭᠠᠭᠰᠠᠨ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠬᠡᠯᠡᠨ᠎ᠡ᠃ ᠲᠤᠰ ᠤᠳᠠᠭᠠᠨ ᠤ ᠲᠠᠷᠢᠶᠠᠯᠠᠩ ᠳᠤ ᠲᠤᠰᠠᠯᠠᠬᠤ ᠵᠢᠭᠡᠯᠡᠯᠭᠡ ᠶᠢᠨ ᠵᠢᠯ ᠤᠨ ᠬᠦᠤ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠮᠦᠩᠭᠦ ᠶᠢᠨ ᠨᠤᠷᠮ᠎ᠠ 7.83% ᠬᠦᠷᠴᠦ᠂ ᠬᠦᠦ ᠶᠢᠨ ᠨᠤᠷᠮ᠎ᠠ 0.1589 ᠵᠠᠭᠤᠨ ᠤ ᠬᠤᠪᠢ ᠪᠠᠷ ᠲᠤᠷᠤᠭᠰᠢᠯᠠᠭᠤᠯᠵᠤ᠂ ᠲᠠᠷᠢᠶᠠᠯᠠᠩ ᠤᠨ ᠰᠢᠨ᠎ᠡ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠡᠰᠦᠷᠡᠯᠳᠠ ᠤᠢᠭᠡᠢ ᠬᠦᠭᠵᠢᠬᠦ ᠶᠢ ᠬᠦᠴᠦᠲᠡᠶ ᠠᠬᠢᠭᠤᠯᠵᠤ᠂ ︽ᠲᠠᠷᠢᠶᠠᠯᠠᠩ᠂ ᠬᠥᠳᠡᠭᠡ ᠲᠣᠰᠬᠤᠨ᠂ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠲᠠᠷᠢᠶᠠᠴᠢᠨ︾ ᠤ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ ᠪᠠᠶᠢᠨ᠎ᠠ᠃ ᠭᠤᠷᠪᠠ ᠳᠤ᠂ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠪᠠ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ ᠤᠨ ᠬᠦᠦ ᠮᠥᠩᠭᠦ ᠶᠢ ᠨᠢ ᠤᠷᠤᠯᠠᠨ ᠦᠭᠬᠦ ᠵᠢᠭᠡᠯᠡᠯᠭᠡ ᠶᠢ ᠦᠷᠭᠡᠳᠭᠡᠵᠡᠢ ᠃ ᠨᠥᠬᠦᠴᠡᠯ ᠳᠤ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠨᠡᠶᠢᠴᠡᠬᠦ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠳᠤ ᠡᠳ᠋ ᠤᠨ ᠵᠠᠰᠠᠭ ᠠᠴᠠ 2.88 % ᠬᠦᠦ ᠮᠥᠩᠭᠦ ᠶᠢ ᠨᠢ ᠤᠷᠤᠯᠠᠨ ᠦᠭᠴᠦ᠂ ᠠᠵᠤ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠦᠢᠯᠡᠰᠵᠢᠯᠲᠡ ᠶᠢᠨ ᠲᠠᠭᠠᠭᠤᠯᠤᠭᠴᠢ ᠠᠵᠤ ᠠᠬᠤᠶᠢᠯᠠᠯ ᠨᠢ ᠠᠵᠤ ᠠᠬᠤᠶᠢᠯᠠᠯ ᠤᠨ ᠠᠯᠪᠠᠨ ᠭᠡᠷ ᠠᠴᠠ ᠬᠦᠦ ᠮᠥᠩᠭᠦ ᠶᠢ ᠨᠢ ᠤᠷᠤᠯᠠᠨ ᠦᠭᠴᠦ᠂ ᠬᠤᠶᠠᠷ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠵᠦᠢᠯ ᠤᠨ ᠬᠦᠦ ᠮᠥᠩᠭᠦ ᠶᠢ ᠨᠢ ᠤᠷᠤᠯᠠᠨ ᠦᠭᠭᠦᠭᠰᠡᠨ ᠠᠴᠠ ᠠᠵᠤ ᠠᠬᠤᠶᠢᠯᠠᠯ ᠤᠨ ᠳᠠᠷᠤᠭᠠᠰᠤ ᠬᠥᠩᠭᠡᠷᠡᠵᠦ᠂ ᠠᠰᠢᠭ ᠬᠤᠨᠵᠢᠪᠣᠷᠢ ᠤᠯᠬᠤ ᠴᠢᠳᠠᠪᠤᠷᠢ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠪᠠ ᠬᠥᠭᠵᠢᠯᠲᠡ ᠶᠢᠨ ᠴᠢᠳᠠᠪᠤᠷᠢ ᠨᠢ ᠨᠡᠮᠡᠭᠳᠡᠭᠰᠡᠨ ᠪᠠᠶᠢᠨ᠎ᠠ ᠃ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ > ﹇ᠵᠣᠴᠢᠨ﹈ ᠰᠦᠯᠵᠢᠶᠡᠨ ᠤ ᠨᠠᠶᠢᠵᠠ ᠨᠠᠷ ᠤᠨ ︿ ᠬᠦᠭᠵᠢᠯᠳᠡ﹀ ᠶᠢᠨ ᠠᠰᠠᠭᠤᠳᠠᠯ ᠤᠨ ᠲᠤᠬᠠᠶ ᠂ ᠣᠳᠣᠬᠠᠨ ᠪᠣᠯᠲᠠᠯ᠎ᠠ᠂ ᠪᠦᠬᠦ ᠰᠢᠶᠠᠨ ᠤ ᠵᠠᠬ᠎ᠠ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠳᠡᠯᠭᠡᠭᠦᠷ ᠲᠤ ᠭᠠᠷᠤᠭᠰᠠᠨ ᠨᠤᠲᠤᠭ ᠤᠰᠤᠨ ᠤ ᠠᠵᠤ ᠠᠬᠤᠶᠢᠯᠠᠯ ︵ ᠶᠢᠨ ᠾᠧ ᠬᠤᠪᠢ ᠤᠷᠤᠭᠤᠯᠤᠯᠳᠠ︶ ᠨᠢᠭᠡ ᠪᠠᠶᠢᠵᠤ ᠂ ᠫᠠᠶᠢᠰᠠ ᠡᠯᠭᠦᠵᠤ ᠵᠠᠬ᠎ᠠ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠳᠡᠯᠭᠡᠭᠦᠷ ᠲᠤ ᠭᠠᠷᠭᠠᠬᠤ ᠪᠡᠯᠡᠳᠬᠡᠯ ᠠᠵᠢᠯ ᠢ ᠦᠨᠡᠨᠬᠦ ᠦᠷᠨᠢᠭᠦᠯᠵᠦ ᠪᠠᠶᠢᠭ᠎ᠠ ᠪᠡᠯᠡᠳᠬᠡᠯ ᠠᠵᠤ ᠠᠬᠤᠶᠢᠯᠠᠯ ᠬᠤᠶᠠᠷ ᠪᠠᠶᠢᠵᠤ᠂ ︽ᠰᠢᠨ᠎ᠡ ᠭᠤᠷᠪᠠᠳᠤᠭᠠᠷ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠰᠠᠮᠪᠠᠷ᠎ᠠ︾ ᠳᠤ ᠫᠠᠶᠢᠰᠠ ᠡᠯᠭᠦᠭᠰᠡᠨ ᠠᠵᠤ ᠠᠬᠤᠶᠢᠯᠠᠯ ︵ᠵᠢᠶᠠᠨ ᠯᠦᠩ ᠺᠣᠮᠫᠠᠨᠢ︶ ᠨᠢᠭᠡ ᠪᠠᠶᠢᠵᠤ ᠂ ᠥᠪᠥᠷ ᠮᠣᠩᠭᠤᠯ ᠤᠨ ᠰᠲ᠋ᠣᠺ ᠤᠨ ᠠᠷᠠᠯᠵᠢᠶᠠᠨ ᠤ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠲᠥᠪ ᠲᠤ ᠫᠠᠶᠢᠰᠠ ᠡᠯᠭᠦᠵᠦ ᠪᠠᠶᠢᠭ᠎ᠠ ᠠᠵᠤ ᠠᠬᠤᠶᠢᠯᠠᠯ 15 ᠪᠠᠶᠢᠨ᠎ᠠ᠃ ᠥᠪᠥᠷ ᠮᠣᠩᠭᠤᠯ ᠤᠨ ᠰᠲ᠋ᠣᠺ ᠤᠨ ᠠᠷᠠᠯᠵᠢᠶᠠᠨ ᠤ ᠲᠥᠪ ᠲᠤ ᠨᠡᠷ᠎ᠡ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠲᠡᠮᠳᠡᠭᠯᠡᠭᠦᠯᠬᠦ ᠪᠠᠷ ᠴᠢᠷᠮᠠᠶᠢᠵᠤ ᠪᠠᠶᠢᠭ᠎ᠠ ᠠᠵᠤ ᠠᠬᠤᠶᠢᠯᠠᠯ ᠭᠤᠷᠪᠠ ᠪᠠᠶᠢᠬᠤ ᠮᠦᠷᠳᠡᠭᠡᠨ ᠥᠪᠥᠷ ᠮᠣᠩᠭᠤᠯ ᠤᠨ ᠰᠲ᠋ᠣᠺ ᠤᠨ ᠠᠷᠠᠯᠵᠢᠶᠠᠨ ᠤ ᠲᠥᠪ ᠲᠤ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠲᠣᠭᠲᠠᠬᠤ ᠰᠢᠶᠠᠨ ᠤ ᠠᠵᠢᠯ ᠤᠨ ᠦᠷᠳᠡᠭᠡ ᠪᠠᠶᠢᠭᠤᠯᠬᠤ ᠪᠠᠷ ᠲᠦᠰᠦᠪᠯᠡᠵᠤ ᠵᠢᠱᠢᠯᠲᠡ ᠪᠠᠷ ᠵᠢᠯ ᠤᠨ ᠳᠣᠲᠣᠷ᠎ᠠ ᠪᠡᠶᠡᠯᠡᠭᠳᠡᠨ᠎ᠡ᠃ ᠥᠪᠡᠷᠲᠡᠭᠡᠨ ᠵᠠᠰᠠᠬᠤ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠣᠷᠣᠨ᠂ ᠬᠥᠬᠡᠬᠤᠲᠠ ᠶᠢᠨ ᠠᠵᠤ ᠠᠬᠤᠶᠢᠯᠠᠯ ᠢ ᠵᠣᠷᠢᠭᠵᠢᠭᠤᠯᠤᠨ ᠲᠡᠮᠵᠢᠵᠤ ᠪᠠᠶᠢᠭᠠᠳ ᠵᠠᠬ᠎ᠠ ᠳᠡᠯᠭᠡᠭᠦᠷ ᠲᠤ ᠭᠠᠷᠴᠤ ᠪᠡᠯᠡ ᠬᠤᠷᠠᠮᠳᠠᠭᠤᠯᠬᠤ ᠬᠤᠯᠪᠣᠭᠳᠠᠯ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠪᠦᠬᠦᠢ ᠲᠦᠷᠦ ᠶᠢᠨ ᠪᠤᠳᠤᠯᠭ᠎ᠠ ᠶᠢᠨ ᠶᠣᠰᠣᠭᠠᠷ ᠮᠠᠨ ᠤ ᠰᠢᠶᠠᠨ ᠤ ᠵᠠᠬ᠎ᠠ ᠳᠡᠯᠭᠡᠭᠦᠷ ᠲᠤ ᠭᠠᠷᠭᠠᠬᠤ ᠪᠠ ᠰᠢᠭᠤᠳ ᠪᠡᠯᠡ ᠬᠤᠷᠠᠮᠳᠠᠭᠤᠯᠭ᠎ᠠ ᠶᠢᠨ ᠠᠵᠢᠯ ᠢ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠦᠷᠭᠦᠯᠵᠢᠯᠡᠨ ᠲᠦᠯᠬᠢᠨ ᠠᠬᠢᠭᠤᠯᠵᠤ᠂ ᠲᠣᠭᠲᠠᠬᠤ ᠰᠢᠶᠠᠨ ᠤ ᠨᠤᠲᠤᠭ ᠤᠰᠤᠨ ᠤ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠮᠥᠩᠭᠦᠨ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠭᠦᠢᠯᠭᠡᠭᠡᠨ ᠤ ᠣᠷᠴᠢᠨ ᠨᠥᠬᠦᠴᠡᠯ ᠢ ᠪᠤᠢ ᠪᠤᠯᠭᠠᠬᠤ ᠶᠢᠨ ᠲᠦᠯᠦᠭᠡ ᠴᠢᠷᠮᠠᠶᠢᠵᠤ ᠪᠠᠶᠢᠨ᠎ᠠ᠃ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ > ﹇ᠬᠥᠲᠥᠯᠥᠭᠴᠢ﹈ ᠲᠣᠭᠲᠠᠬᠤ ᠶᠢᠨ ᠬᠥᠭᠵᠢᠯᠲᠡ ᠶᠢ ᠪᠢᠳᠡ ᠦᠷᠭᠦᠯᠵᠢᠯᠡᠨ ᠠᠩᠬᠠᠷᠴᠤ᠂ ᠢᠷᠡᠭᠡᠳᠤᠢ ᠶᠢᠨ ᠲᠤᠭᠳᠠᠬᠤ ᠨᠡᠩ ᠰᠠᠶᠢᠨ ᠰᠠᠶᠢᠬᠠᠨ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠪᠤᠯᠬᠤ ᠶᠢ ᠵᠦᠩᠨᠡᠵᠦ ᠪᠠᠶᠢᠨ᠎ᠠ︕ ᠲᠠᠷᠤᠭ᠎ᠠ ᠲᠠᠨ ᠳᠤ ᠪᠠᠶᠠᠷᠯᠠᠯ᠎ᠠ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ > [ ᠬᠠᠮᠢᠶᠠᠷᠤᠭᠴᠢ ] ᠬᠥᠬᠡᠬᠤᠲᠠ ᠶᠢᠨ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠲᠤᠰᠢᠶᠠᠯ ᠡᠭᠦᠷᠭᠡᠯᠡᠭᠰᠡᠨ ᠳᠡᠳ᠋ ᠳᠠᠷᠤᠭ᠎ᠠ ᠂ ᠲᠠᠷᠢᠶᠠᠯᠠᠩ ᠤᠨ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠬᠥᠭᠵᠢᠭᠦᠯᠦᠯᠲᠡ ᠶᠢᠨ ᠪᠠᠩᠬᠢ ᠶᠢᠨ ᠲᠣᠭᠲᠠᠬᠤ ᠰᠢᠶᠠᠨ ᠤ ᠰᠠᠯᠪᠤᠷᠢ ᠪᠠᠩᠬᠢ ᠶᠢᠨ ᠳᠠᠷᠤᠭ᠎ᠠ ᠵᠠᠩ ᠸᠧᠨ ᠵᠤ᠋ ᠨᠦᠬᠦᠷ ᠲᠤ ᠪᠠᠶᠠᠷᠯᠠᠯ᠎ᠠ ᠂ ᠰᠦᠯᠵᠢᠶᠡᠨ ᠤ ᠠᠨᠳᠠ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠨᠠᠷ ᠤᠨ ᠠᠩᠬᠠᠷᠤᠯ ᠲᠠᠯᠪᠢᠨ ᠢᠳᠡᠪᠬᠢᠳᠡᠢ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ > | < ᠲᠠᠷᠢᠶᠠᠯᠠᠩ ᠳᠤ ᠲᠤᠰᠠᠯᠠᠬᠤ ᠵᠢᠭᠡᠯᠡᠯᠭᠡ >ᠲᠡᠭᠦᠰᠦᠯ᠎ᠡ᠂ ᠪᠠᠶᠠᠷᠯᠠᠯ᠎ᠠ ︕ > |