ᠤᠰᠤ ᠬᠠᠩᠭᠠᠵᠤ ᠭᠠᠳᠠᠭᠰᠢᠯᠠᠭᠤᠯᠬᠤ ᠰᠠᠯᠠᠭ᠎ᠠ ᠮᠥᠴᠢᠷ | 19 ᠤ ᠡᠳᠦᠷ ᠤᠨ ᠥᠷᠯᠥᠭᠡ᠂ ᠮᠠᠨ ᠤ ᠠᠳᠡ ᠨᠡᠶᠢᠳᠡᠮ ᠪᠠᠭ᠎ᠠ ᠠᠴᠠ ᠳᠤᠮᠳᠠ ᠵᠡᠷᠭᠡ ᠶᠢᠨ ᠪᠣᠷᠣᠭᠠᠨ | ᠣᠷᠣᠵᠤ᠂ ᠬᠤᠲᠠ ᠶᠢᠨ ᠤᠰᠤ ᠬᠠᠩᠭᠠᠵᠤ ᠭᠠᠳᠠᠭᠰᠢᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠶᠡᠷ | ᠢ ᠰᠡᠷᠭᠡᠶᠢᠯᠡᠬᠦ ᠠᠵᠢᠯᠲᠠᠳ 7 ᠴᠠᠭ ᠠᠴᠠ ᠡᠬᠢᠯᠡᠨ ᠡᠯ᠎ᠡ ᠠᠮᠠᠷᠬᠠᠨ ᠤᠰᠤ ᠲᠣᠭᠲᠠᠳᠠᠭ ᠵᠠᠮ ᠪᠣᠯᠣᠨ ᠬᠥᠭᠦᠷᠭᠡ ᠶᠢᠨ | ᠳᠣᠣᠷ᠎ᠠ ᠬᠦᠷᠴᠦ ᠤᠰᠤ ᠲᠠᠲᠠᠭᠰᠠᠨ ᠪᠠᠶᠢᠨ᠎ᠠ᠃ | ᠲᠤᠰ ᠺᠣᠮᠫᠠᠨᠢ ᠠᠴᠠ ᠦᠶᠡᠷ ᠢ ᠰᠡᠷᠭᠡᠶᠢᠯᠡᠬᠦ ᠤᠳᠤᠷᠢᠳᠬᠤ ᠳᠤᠭᠤᠶᠢᠯᠠᠩ ᠪᠠᠶᠢᠭᠤᠯᠵᠤ᠂ ᠳᠣᠣᠷ᠎ᠠ ᠨᠢ | ᠠᠯᠪᠠᠨ ᠭᠡᠷ ᠲᠣᠬᠢᠷᠠᠭᠤᠯᠤᠨ᠂ ᠠᠯᠪᠠᠨ ᠭᠡᠷ ᠲᠡᠭᠡᠨ ᠲᠣᠰᠬᠠᠶᠢᠯᠠᠨ 7 ᠺᠣᠮᠢᠰ ᠤᠨ ᠳᠠᠷᠤᠭ᠎ᠠ ᠠᠪᠴᠢᠷᠠᠨ | ᠵᠢᠯᠣᠭᠤᠳᠴᠤ ᠲᠣᠬᠢᠷᠠᠭᠤᠯᠬᠤ ᠠᠵᠢᠯ ᠢ ᠬᠠᠷᠢᠭᠤᠴᠠᠭᠤᠯᠵᠤ᠂ ᠵᠢᠵᠢᠭᠦᠷ ᠤᠨ ᠬᠥᠮᠥᠰ ᠢ 24 ᠴᠠᠭ ᠢᠶᠠᠷ ᠠᠵᠢᠯ | ᠬᠦᠯᠢᠶᠡᠯᠭᠡᠪᠡ᠃ ᠡᠭᠦᠨ ᠤ ᠬᠠᠮᠲᠤ 6 ᠶᠡᠭᠡ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢᠨ ᠣᠷᠣᠨ ᠬᠤᠪᠢᠶᠠᠵᠤ᠂ ︽ | ᠦᠶᠡᠷ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠠᠵᠢᠯ ᠤᠨ ᠬᠡᠷᠡᠭᠵᠢᠭᠦᠯᠬᠦ | ᠲᠥᠰᠥᠪ︾ ᠢ ᠳᠠᠷᠤᠶᠢᠬᠠᠨ ᠲᠣᠭᠲᠠᠭᠠᠨ ᠲᠠᠷᠬᠠᠭᠠᠪᠠ᠃ ᠡᠯ᠎ᠡ ᠰᠠᠯᠪᠤᠷᠢ ᠺᠣᠮᠫᠠᠨᠢ ᠦᠶᠡᠷ ᠢ ᠰᠡᠷᠭᠡᠶᠢᠯᠡᠬᠦ | ᠱᠠᠭᠠᠷᠳᠠᠯᠭ᠎ᠠ ᠶᠣᠰᠣᠭᠠᠷ ᠲᠤᠰᠬᠠᠢ ᠬᠤᠷᠠᠯ ᠬᠢᠵᠦ᠂ ᠦᠶᠡᠷ ᠢ ᠰᠡᠷᠭᠡᠶᠢᠯᠡᠬᠦ ᠡᠭᠦᠷᠭᠡ ᠶᠢ ᠬᠥᠮᠥᠨ ᠪᠦᠷᠢ ᠳᠤ | ᠨᠣᠭᠳᠠᠭᠤᠯᠤᠭᠰᠠᠨ ᠪᠠᠶᠢᠨ᠎ᠠ᠃ | ᠬᠤᠲᠠ ᠶᠢᠨ ᠲᠣᠭᠤᠷᠢᠭ ᠳᠣᠲᠣᠷᠠᠬᠢ 13 ᠵᠠᠰᠠᠮᠠᠯ ᠵᠠᠮ ᠲᠡᠮᠦᠷ ᠵᠠᠮ ᠤᠨ ᠪᠣᠰᠤᠭ᠎ᠠ ᠵᠥᠷᠢᠯᠢᠭ ᠬᠥᠭᠦᠷᠭᠡ | ᠳᠤ ᠲᠤᠰᠬᠠᠢ ᠬᠥᠮᠥᠨ ᠲᠣᠮᠢᠯᠠᠨ᠂ ᠲᠡᠷᠭᠡ ᠬᠥᠰᠬᠡ ᠡᠭᠡᠯᠵᠢ ᠪᠠᠷ ᠰᠠᠬᠢᠵᠤ᠂ ᠡᠭᠦᠨ ᠤ ᠵᠡᠷᠭᠡᠴᠡᠭᠡ ᠪᠠᠷ 24 ᠴᠠᠭ | ᠢᠶᠠᠷ ᠵᠢᠵᠢᠭᠦᠷᠯᠡᠬᠦ ᠳᠥᠷᠢᠮ ᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠬᠥᠮᠥᠨ ᠳᠤ ᠨᠣᠭᠳᠠᠭᠤᠯᠬᠤ ᠶᠢ ᠪᠠᠲᠤᠯᠠᠭᠰᠠᠨ | ᠪᠠᠶᠢᠨ᠎ᠠ᠃ ᠬᠤᠲᠠ ᠶᠢᠨ ᠠᠮᠠᠷᠬᠠᠨ ᠤᠰᠤ ᠲᠣᠭᠲᠠᠳᠠᠭ ᠵᠠᠮ ᠵᠡᠷᠭᠡ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ | ᠣᠷᠣᠨ ᠪᠦᠰᠡ ᠳᠤ ︽ᠬᠥᠮᠥᠨ ᠲᠡᠷᠭᠡ ᠪᠣᠷᠣᠭᠠᠨ ᠢ ᠬᠦᠯᠢᠶᠡᠵᠦ︾᠂ ᠵᠠᠮ ᠳᠡᠭᠡᠷ᠎ᠡ ᠲᠣᠭᠲᠠᠭᠰᠠᠨ ᠤᠰᠤ ᠶᠢ ᠴᠠᠭ | ᠳᠠᠷᠤᠢ ᠳᠤᠨᠢ ᠲᠠᠲᠠᠵᠤ᠂ ᠲᠡᠷᠭᠡ ᠬᠥᠰᠬᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠭᠰᠠᠨ ᠪᠠᠶᠢᠨ᠎ᠠ᠃ ᠲᠤᠰ | ᠡᠳᠦᠷ ᠤᠨ ᠦᠶᠡᠷ ᠢ ᠰᠡᠷᠭᠡᠶᠢᠯᠡᠬᠦ ᠳᠤ ᠡᠯ᠎ᠡ ᠲᠥᠷᠥᠯ ᠤᠨ ᠠᠶᠤᠯ ᠠᠴᠠ ᠠᠪᠤᠷᠠᠬᠤ ᠲᠡᠷᠭᠡ 100 ᠭᠠᠷᠤᠢ᠂ ᠠᠶᠤᠯ | ᠠᠴᠠ ᠠᠪᠤᠷᠠᠬᠤ ᠬᠥᠮᠥᠨ 300 ᠭᠠᠷᠤᠢ ᠶᠢ ᠬᠥᠳᠡᠯᠭᠡᠭᠰᠡᠨ ᠮᠥᠷᠲᠡᠭᠡᠨ ᠬᠤᠲᠠ ᠶᠢᠨ ᠳᠣᠲᠣᠷᠠᠬᠢ ᠡᠯ᠎ᠡ ᠪᠠᠷᠢᠯᠭ᠎ᠠ | ᠶᠢᠨ ᠭᠠᠵᠠᠷ ᠲᠤ ᠠᠮᠤᠷ ᠲᠥᠪᠰᠢᠨ ᠤ ᠪᠠᠶᠢᠴᠠᠭᠠᠯᠲᠠ ᠬᠢᠭᠰᠡᠨ ᠪᠠᠶᠢᠨ᠎ᠠ᠃ | | | | ᠣᠷᠴᠢᠨ ᠲᠣᠭᠤᠷᠢᠨ ᠢ ᠬᠠᠮᠠᠭᠠᠯᠠᠬᠤ ᠰᠠᠯᠠᠭ᠎ᠠ ᠮᠥᠴᠢᠷ | 19 ᠤ ᠡᠳᠦᠷ᠂ ᠨᠢᠭᠡᠳᠦᠭᠡᠷ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠠᠷᠢᠭᠤᠨ ᠴᠡᠪᠡᠷ ᠢ ᠬᠠᠮᠠᠭᠠᠯᠠᠬᠤ | ᠠᠵᠢᠯᠲᠠᠳ ᠥᠪᠡᠷ ᠤᠨ ᠠᠵᠢᠯ ᠤᠨ ᠪᠠᠶᠢᠷᠢ ᠪᠠᠨ ᠰᠠᠬᠢᠵᠤ᠂ ᠤᠰᠤ ᠲᠦᠯᠬᠢᠬᠦ᠂ ᠤᠰᠤ ᠱᠦᠭᠦᠷᠳᠡᠬᠦ᠂ ᠬᠥᠮᠥᠨ ᠤ | ᠬᠦᠴᠦ ᠪᠠᠷ ᠤᠰᠤ ᠭᠠᠳᠠᠭᠰᠢᠯᠠᠭᠤᠯᠬᠤ ᠬᠤᠳᠳᠤᠭ᠂ ᠤᠰᠤ ᠲᠠᠯᠪᠢᠬᠤ ᠠᠮᠠᠰᠠᠷ᠂ ᠪᠣᠷᠣᠭᠠᠨ ᠤ ᠤᠰᠤ ᠶᠢ ᠵᠠᠯᠠᠬᠤ | ᠰᠤᠪᠠᠭ ᠢ ᠴᠡᠪᠡᠷᠯᠡᠨ ᠨᠡᠪᠲᠡᠷᠡᠭᠦᠯᠬᠦ ᠵᠡᠷᠭᠡ ᠠᠷᠭ᠎ᠠ ᠠᠪᠴᠠᠯ ᠢᠶᠠᠷ ᠪᠣᠷᠣᠭᠠᠨ ᠤ ᠤᠰᠤ ᠪᠠᠷ ᠲᠦᠯᠬᠢᠭᠳᠡᠨ ᠢᠷᠡᠭᠰᠡᠨ | ᠬᠤᠭ ᠨᠣᠪᠰᠢ ᠶᠢ ᠴᠡᠪᠡᠷᠯᠡᠵᠦ᠂ ᠤᠰᠤ ᠭᠠᠳᠠᠭᠰᠢᠯᠠᠭᠤᠯᠬᠤ ᠬᠤᠭᠤᠯᠠᠢ ᠶᠢᠨ ᠪᠥᠭᠯᠡᠷᠡᠬᠦ ᠶᠢ ᠰᠡᠷᠭᠡᠶᠢᠯᠡᠨ᠂ ᠶᠠᠪᠠᠭᠠᠨ | ᠬᠥᠮᠥᠨ ᠪᠣᠯᠣᠨ ᠲᠡᠷᠭᠡ ᠬᠥᠰᠬᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ | | | | | | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ | 19 ᠤ ᠡᠳᠦᠷ ᠤᠨ ᠪᠣᠷᠤᠭ᠎ᠠ ᠠᠴᠠ ᠬᠤᠲᠠ ᠶᠢᠨ ᠵᠠᠮ ᠬᠠᠷᠢᠯᠴᠠᠭ᠎ᠠ ᠳᠤ ᠠᠪᠴᠢᠷᠠᠭᠰᠠᠨ ᠨᠥᠯᠥᠭᠡ ᠶᠢ | ᠠᠷᠭᠠᠴᠠᠭᠠᠵᠤ᠂ ᠣᠯᠠᠨ ᠲᠦᠮᠡᠨ ᠤ ᠠᠮᠤᠷ ᠮᠡᠨᠳᠦ ᠶᠢ ᠪᠠᠲᠤᠯᠠᠬᠤ ᠶᠢᠨ ᠲᠤᠰᠠᠳᠠ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠢᠨ᠎ᠡ ᠬᠤᠲᠠ | ᠲᠣᠭᠤᠷᠢᠭ ᠤᠨ ᠶᠡᠭᠡ ᠠᠩᠭᠢ ᠴᠠᠭ ᠳᠠᠷᠤᠢ ᠳᠤᠨᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ | ᠬᠡᠷᠡᠭᠵᠢᠭᠦᠯᠵᠦ᠂ ᠵᠠᠮ ᠤᠨ ᠴᠠᠭᠳᠠᠨ ᠬᠠᠮᠢᠶᠠᠷᠬᠤ ᠪᠠᠨ ᠴᠢᠩᠭᠠᠳᠬᠠᠭᠰᠠᠨ ᠪᠠᠶᠢᠨ᠎ᠠ᠃ ᠵᠠᠮ ᠬᠠᠷᠢᠯᠴᠠᠭᠠᠨ ᠤ | ᠴᠠᠭᠳᠠᠭ᠎ᠠ ᠵᠠᠮ ᠳᠡᠭᠡᠷ᠎ᠡ ᠤᠰᠤ ᠲᠣᠭᠲᠠᠭᠰᠠᠨ ᠠᠴᠠ ᠪᠣᠯᠵᠤ ᠬᠤᠳᠳᠤᠭ ᠤᠨ ᠲᠠᠭᠯᠠᠭ᠎ᠠ ᠰᠢᠯᠵᠢᠭᠰᠡᠨ᠂ | ᠬᠥᠷᠪᠡᠭᠰᠡᠨ᠂ ᠭᠡᠭᠡᠭᠳᠡᠭᠰᠡᠨ ᠵᠢᠴᠢ ᠪᠠᠷᠢᠯᠭ᠎ᠠ ᠠᠴᠠ ᠪᠣᠯᠵᠤ ᠴᠥᠮᠥᠷᠡᠭᠰᠡᠨ ᠵᠠᠮ᠂ ᠵᠠᠰᠠᠮᠠᠯ ᠵᠠᠮ ᠲᠡᠮᠦᠷ ᠵᠠᠮ ᠤᠨ | ᠪᠣᠰᠤᠭ᠎ᠠ ᠵᠥᠷᠢᠯᠢᠭ ᠬᠥᠭᠦᠷᠭᠡ ᠤᠨ ᠳᠣᠣᠷ᠎ᠠ ᠵᠡᠷᠭᠡ ᠠᠮᠤᠷ ᠲᠥᠪᠰᠢᠨ ᠤ ᠠᠶᠤᠯ ᠲᠠᠢ ᠭᠠᠵᠠᠷ ᠢᠶᠠᠷ ᠭᠤᠣᠯᠳᠠᠯᠭ᠎ᠠ | ᠲᠠᠢ ᠪᠠᠶᠢᠴᠠᠭᠠᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠰᠢᠢᠳᠪᠦᠷᠢ ᠬᠢᠬᠦ ᠶᠢᠨ | ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠳᠡᠨ ᠪᠠᠴᠢᠮ ᠰᠡᠯᠪᠢᠯᠲᠡ ᠬᠢᠯᠭᠡᠪᠡ᠃ | ᠵᠠᠮ ᠤᠨ ᠶᠠᠪᠤᠳᠠᠯ ᠤᠨ ᠰᠠᠯᠠᠭ᠎ᠠ ᠮᠥᠴᠢᠷ | ᠵᠠᠮ ᠨᠡᠪᠲᠡᠷᠡᠯ ᠤᠨ ᠰᠠᠭᠠᠳ ᠦᠭᠡᠢ᠂ ᠲᠡᠷᠭᠡ ᠬᠥᠰᠬᠡ ᠶᠢᠨ ᠠᠶᠤᠯ ᠦᠭᠡᠢ ᠶᠢ ᠪᠠᠲᠤᠯᠠᠬᠤ ᠶᠢᠨ | ᠲᠥᠯᠥᠭᠡ᠂ ᠬᠤᠲᠠ ᠶᠢᠨ ᠵᠠᠮ ᠤᠨ ᠶᠠᠪᠤᠳᠠᠯ ᠤᠨ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ ᠠᠴᠠ | ᠮᠠᠭᠤ ᠠᠭᠤᠷ ᠠᠮᠢᠰᠬᠤᠯ ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠶᠢᠬᠠᠨ ᠬᠡᠷᠡᠭᠵᠢᠭᠦᠯᠵᠦ᠂ ᠰᠡᠷᠡᠮᠵᠢ ᠶᠢᠨ | ᠴᠢᠮᠡᠭᠡ ᠶᠢ ᠴᠠᠭ ᠲᠤᠬᠠᠢ ᠳᠤᠨᠢ ᠨᠡᠶᠢᠲᠡᠯᠡᠬᠦ ᠶᠢᠨ ᠬᠠᠮᠲᠤ ᠭᠤᠣᠯᠳᠠᠯᠭ᠎ᠠ ᠲᠠᠢ ᠵᠠᠮ ᠢ ᠴᠠᠭᠳᠠᠬᠤ ᠪᠠᠨ ᠴᠢᠩᠭᠠᠳᠬᠠᠵᠤ | ᠂ ᠵᠠᠮ ᠤᠨ ᠴᠥᠮᠥᠷᠡᠭᠰᠡᠨ ᠪᠠ ᠬᠤᠷᠳᠤᠨ ᠤ ᠵᠠᠮ ᠤᠨ ᠬᠠᠮᠠᠭᠠᠯᠠᠯᠲᠠ ᠶᠢᠨ ᠳᠠᠪᠠᠭ᠎ᠠ ᠶᠢ ᠭᠤᠣᠯᠳᠠᠯᠭ᠎ᠠ ᠲᠠᠢ | ᠪᠠᠶᠢᠴᠠᠭᠠᠨ᠂ ᠪᠣᠷᠣᠭᠠᠨ ᠲᠠᠢ ᠡᠳᠦᠷ ᠤᠨ ᠵᠠᠰᠠᠮᠠᠯ ᠵᠠᠮ ᠤᠨ ᠠᠶᠤᠯ ᠦᠭᠡᠢ ᠨᠡᠪᠲᠡᠷᠡᠬᠦ ᠶᠢ ᠪᠠᠲᠤᠯᠠᠭᠰᠠᠨ ᠢᠶᠠᠷ | ᠪᠠᠷᠠᠬᠤ ᠦᠭᠡᠢ ᠵᠠᠮ ᠳᠡᠭᠡᠷ᠎ᠡ ᠶᠠᠪᠤᠭ᠎ᠠ ᠲᠡᠷᠭᠡ ᠶᠢ ᠵᠣᠬᠢᠴᠠᠭᠤᠯᠤᠨ ᠵᠢᠯᠣᠭᠤᠳᠴᠤ᠂ ᠵᠠᠮ ᠬᠠᠷᠢᠯᠴᠠᠭᠠᠨ ᠤ | ᠲᠦᠭᠵᠢᠷᠡᠯ ᠡᠭᠦᠰᠬᠦ ᠠᠴᠠ ᠰᠡᠷᠭᠡᠶᠢᠯᠡᠨ᠂ ᠭᠤᠣᠯᠳᠠᠯᠭ᠎ᠠ ᠲᠠᠢ ᠵᠠᠮ ᠳᠡᠭᠡᠷ᠎ᠡ ᠴᠠᠭᠳᠠᠨ ᠪᠠᠶᠢᠴᠠᠭᠠᠬᠤ ᠬᠥᠮᠥᠨ | ᠲᠠᠰᠤᠷᠠᠬᠤ ᠦᠭᠡᠢ᠂ ᠵᠠᠮ ᠬᠠᠷᠢᠯᠴᠠᠭ᠎ᠠ ᠶᠢ ᠵᠢᠯᠣᠭᠤᠳᠬᠤ ᠬᠥᠮᠥᠨ ᠲᠠᠰᠤᠷᠠᠬᠤ ᠦᠭᠡᠢ ᠪᠠᠶᠢᠬᠤ ᠶᠢ ᠪᠠᠲᠤᠯᠠᠪᠠ᠃ |