︽ᠲᠠᠪᠤᠨ ᠲᠠᠭᠠᠳᠬᠠᠯ ᠨᠢᠭᠡ ᠮᠦᠩᠬᠦ︾ ᠶᠢᠨ 4  ᠶᠡᠭᠡ ᠬᠤᠪᠢᠷᠠᠯᠳᠠ ᠨᠢ ᠠᠷᠠᠳ ᠤᠯᠠᠨ ᠤ ᠠᠮᠢᠳᠤᠷᠠᠯ ᠳᠤ ᠨᠦᠯᠤᠭᠡ ᠦᠵᠡᠬᠦᠯᠬᠦ ᠪᠤᠯᠤᠨ᠎ᠠ
ᠨᠡᠶᠢᠲᠡᠯᠡᠭᠰᠡᠨ ᠴᠠᠭ᠄
2018-05-21
     ︽ᠲᠠᠪᠤᠨ ᠲᠠᠭᠠᠳᠬᠠᠯ ᠨᠢᠭᠡ ᠮᠦᠩᠬᠦ︾ ᠳᠤ ᠴᠦᠭᠡᠨ ᠪᠤᠰᠤ ᠴᠢᠬᠤᠯᠠ ᠬᠤᠪᠢᠷᠠᠯᠳᠠ ᠭᠠᠷᠴᠠᠢ᠂ ᠡᠳᠡᠭᠡᠷ  ᠰᠢᠨ᠎ᠠ ᠲᠦᠷᠤ ᠶᠢᠨ ᠪᠤᠳᠤᠯᠭ᠎ᠠ᠂ ᠰᠢᠨ᠎ᠠ ᠬᠤᠪᠢᠷᠠᠯᠳᠠ ᠨᠢ ᠠᠷᠠᠳ ᠤᠯᠠᠨ   ᠤ  ᠤᠷᠤᠯᠭ᠎ᠠ  ᠬᠠᠷᠠᠭᠠᠯᠵᠠᠯ   ᠳᠤ  ᠠᠰᠢᠬᠳᠠᠢ  ᠨᠦᠯᠤᠭᠡ ᠦᠵᠡᠬᠦᠯᠬᠦ ᠶᠢᠨ ᠵᠡᠷᠭᠡ ᠳᠤ ᠠᠵᠤ ᠠᠬᠤᠶᠢᠯᠠᠯ ᠤᠨ ᠲᠠᠷᠤᠭᠠᠰᠤ ᠶᠢ ᠬᠥᠩᠭᠡᠯᠡᠬᠦ ᠲᠠᠯ᠎ᠠ ᠪᠠᠷ ᠴᠦ ᠪᠤᠳᠠᠳᠠᠢ ᠦᠢᠯᠡᠳᠤᠯ ᠭᠠᠷᠭᠠᠬᠤ ᠪᠤᠯᠤᠨ᠎ᠠ᠃                      ᠬᠤᠶᠠᠷ ᠵᠦᠢᠯ ᠤᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠬᠠᠷᠠᠭᠠᠯᠵᠠᠯ ᠢ ᠴᠦᠮ ᠲᠡᠭᠡᠭᠰᠢᠯᠡᠬᠦᠯᠪᠠ                      ᠦᠢᠷ᠎ᠠ ᠳᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ   ᠶᠢ ᠲᠡᠭᠡᠭᠰᠢᠯᠡᠬᠦᠯᠪᠠ᠃ 5 ᠰᠠᠷ᠎ᠠ ᠶᠢᠨ 10 ᠤ ᠡᠳᠤᠷ᠂ ᠬᠥᠮᠤᠨ ᠤ ᠬᠥᠴᠤᠨ ᠤ ᠡᠬᠢ ᠪᠠᠶᠠᠯᠢᠭ ᠪᠠ  ᠨᠡᠶᠢᠭᠡᠮ   ᠤᠨ  ᠪᠠᠳᠤᠯᠠᠭ᠎ᠠ ᠶᠢᠨ ᠶᠠᠮᠤᠨ ᠪᠤᠯᠤᠨ ᠡᠳ᠋ ᠤᠨ ᠵᠠᠰᠠᠭ ᠤᠨ ᠶᠠᠮᠤᠨ ᠮᠡᠳᠡᠭᠳᠡᠯ ᠪᠠᠭᠤᠯᠭᠠᠵᠤ᠂ 2018 ᠤᠨ ᠤ 1 ᠰᠠᠷ᠎ᠠ ᠶᠢᠨ 1   ᠤ  ᠡᠳᠤᠷ ᠠᠴᠠ ᠡᠬᠢᠯᠡᠨ᠂ ᠪᠦᠬᠦ ᠤᠯᠤᠰ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠤᠰᠤᠨ  ᠨᠠᠰᠤᠵᠢᠯ   ᠤᠨ  ᠠᠰᠠᠷᠠᠮᠵᠢ ᠶᠢᠨ ᠲᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ  ᠶᠢᠨ ᠮᠦᠩᠬᠦ ᠶᠢᠨ ᠨᠠᠭᠠᠳᠤ ᠵᠠᠬ᠎ᠠ   ᠶᠢᠨ  ᠪᠠᠷᠢᠮᠵᠢᠶ᠎ᠠ   ᠶᠢ  ᠤᠤᠯ   ᠤᠨ  ᠬᠥᠮᠤᠨ  ᠪᠦᠷᠢ ᠰᠠᠷ᠎ᠠ ᠳᠤ 70 ᠲᠦᠬᠦᠷᠢᠭ ᠪᠠᠶᠢᠬᠰᠠᠨ ᠰᠠᠭᠤᠷᠢᠨ ᠲᠡᠭᠡᠷ᠎ᠡ 18 ᠲᠦᠬᠦᠷᠢᠭ ᠨᠡᠮᠡᠭᠳᠡᠬᠦᠯᠪᠠ᠃               ᠡᠨᠡ ᠨᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ  ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠬᠡᠪ ᠢᠶᠠᠷ ᠲᠤᠬᠢᠷᠠᠭᠤᠯᠬᠤ ᠲᠤᠬᠳᠠᠴᠠ ᠡᠬᠢᠯᠡᠨ ᠠᠵᠢᠯᠯᠠᠵᠤ᠂ ᠨᠡᠩ ᠤᠯᠠᠨ ᠬᠥᠮᠤᠨ ᠳᠤ ᠠᠰᠢᠭ ᠬᠥᠷᠳᠡᠭᠡᠬᠦ ᠪᠤᠯᠤᠨ᠎ᠠ ᠬᠡᠳᠡᠭ ᠢ ᠬᠠᠷᠠᠭᠤᠯᠵᠤ ᠪᠠᠶᠢᠨ᠎ᠠ᠃ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ   ᠤᠨ ᠪᠠᠳᠤᠯᠠᠭ᠎ᠠ ᠶᠢᠨ ᠶᠠᠮᠤᠨ ᠤ ᠲᠤᠭ᠎ᠠ ᠪᠠᠷᠢᠮᠳᠠ ᠳᠤ ᠢᠯᠡᠷᠡᠬᠦᠯᠦᠭᠰᠡᠨ ᠢᠶᠠᠷ᠂ 2017  ᠤᠨ   ᠤ  12  ᠰᠠᠷ᠎ᠠ   ᠶᠢᠨ  ᠡᠴᠤᠰ ᠪᠤᠯᠳᠠᠯ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠲᠠᠭᠠᠳᠬᠠᠯ ᠳᠤ ᠤᠷᠤᠯᠴᠠᠭᠰᠠᠨ ᠬᠥᠮᠤᠨ ᠤ  ᠲᠤᠭ᠎ᠠ  51255ᠲᠦᠮᠡ ᠪᠠᠶᠢᠪᠠ᠂ ᠡᠬᠦᠨ ᠳᠤ᠂ ᠬᠠᠷᠠᠭᠠᠯᠵᠠᠯ ᠬᠦᠷᠲᠡᠭᠰᠡᠨ ᠬᠥᠮᠤᠨ ᠤ ᠲᠤᠭ᠎ᠠ 15598  ᠲᠦᠮᠡ  ᠬᠥᠷᠴᠤ᠂  ᠰᠠᠷ᠎ᠠ   ᠶᠢᠨ ᠬᠥᠮᠤᠨ ᠲᠤᠮᠳᠠᠴᠢ ᠶᠢᠨ ᠬᠠᠷᠠᠭᠠᠯᠵᠠᠯ ᠨᠢ 125 ᠲᠦᠬᠦᠷᠢᠭ ᠪᠠᠶᠢᠪᠠ᠃              ᠡᠬᠦᠨ ᠠᠴᠠ ᠭᠠᠳᠠᠨ᠎ᠠ᠂ ᠠᠵᠢᠯᠳᠠᠨ ᠠᠵᠢᠯᠴᠢᠨ ᠤ  ᠦᠨᠳᠤᠰᠤᠨ  ᠨᠠᠰᠤᠵᠢᠯ   ᠤᠨ  ᠠᠰᠠᠷᠠᠮᠵᠢ   ᠶᠢᠨ  ᠮᠦᠩᠬᠦ   ᠶᠢ ᠪᠤᠳᠠᠳᠠᠢ ᠪᠠᠷ ᠨᠡᠮᠡᠭᠳᠡᠬᠦᠯᠬᠦ ᠪᠠᠷ ᠪᠠᠶᠢᠨ᠎ᠠ᠃ ᠡᠨᠡ ᠵᠢᠯ ᠠᠵᠤ ᠠᠬᠤᠶᠢᠯᠠᠯ ᠪᠠ ᠪᠠᠶᠢᠭᠤᠯᠤᠯᠭ᠎ᠠ ᠠᠵᠢᠯ  ᠦᠢᠯᠡᠰ   ᠤᠨ  ᠨᠢᠭᠡᠴᠡ‌ᠵᠢᠨ ᠨᠠᠰᠤᠨ ᠤ ᠠᠮᠠᠷᠠᠯᠳᠠ ᠠᠪᠤᠭᠰᠠᠳ ᠤᠨ ᠦᠨᠳᠤᠰᠤᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ  ᠬᠢᠷᠢ  ᠬᠡᠮᠵᠢᠶ᠎ᠡ   ᠶᠢ ᠶᠡᠷᠤᠩᠭᠡᠢ ᠳᠡᠭᠡᠨ 5% ᠤᠷᠴᠢᠮ ᠢᠶᠠᠷ ᠨᠡᠮᠡᠭᠳᠡᠬᠦᠯᠤᠨ᠎ᠠ᠂ ᠡᠯ᠎ᠠ ᠭᠠᠵᠠᠷ ᠤᠷᠤᠨ 2018 ᠤᠨ ᠤ 5 ᠰᠠᠷ᠎ᠠ   ᠶᠢᠨ  31  ‍ᠤ‌ᠡᠳᠤᠷ ᠠᠴᠠ ᠡᠮᠤᠨ᠎ᠠ ᠪᠤᠳᠠᠳᠠᠢ ᠬᠡᠷᠡᠭᠵᠢᠬᠦᠯᠬᠦ ᠲᠦᠰᠤᠯ ᠢᠶᠠᠨ ᠮᠡᠳᠡᠬᠦᠯᠵᠤ  ᠵᠦᠪᠰᠢᠶᠡᠷᠡᠬᠦᠯᠬᠦ  ᠬᠡᠷᠡᠭᠳᠠᠢ᠃  ᠤᠳᠤᠬᠠᠨ   ᠳᠤ ᠱᠠᠩᠬᠠᠢ ᠬᠤᠳᠠ ᠶᠢᠨ ᠬᠢᠨ ᠨᠢᠭᠡᠨᠳᠡ ᠡᠩ ᠲᠡᠷᠢᠬᠦᠨ ᠳᠤ ᠨᠠᠰᠤᠵᠢᠯ ᠤᠨ ᠠᠰᠠᠷᠠᠮᠵᠢ ᠶᠢᠨ ᠮᠦᠩᠬᠦ ᠳᠤ ᠲᠤᠬᠢᠷᠠᠭᠤᠯᠤᠯᠳᠡ  ᠬᠢᠬᠦ ᠪᠤᠳᠠᠳᠠᠢ ᠲᠦᠰᠤᠯ ᠢᠶᠠᠨ ᠨᠡᠶᠢᠳᠡᠯᠡᠭᠰᠡᠨ ᠪᠦᠭᠡᠳ 5 ᠰᠠᠷ᠎ᠠ   ᠶᠢᠨ  18   ᠤ  ᠡᠳᠤᠷ  ᠲᠠᠷᠬᠠᠭᠠᠨ  ᠦᠭᠬᠦ  ᠬᠡᠷᠡᠭᠳᠠᠢ  ᠭᠡᠵᠤ ᠱᠠᠭᠠᠷᠳᠠᠪᠠ᠃                      ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠲᠦᠪ ᠠᠴᠠ ᠲᠤᠬᠢᠷᠠᠭᠤᠯᠬᠤ ᠲᠦᠷᠢᠮ ᠤᠨ ᠲᠦᠰᠤᠯ ᠢ ᠵᠦᠪᠰᠢᠶᠡᠷᠡᠪᠡ                      5 ᠰᠠᠷ᠎ᠠ ᠶᠢᠨ 11 ᠤ  ᠡᠳᠤᠷ  ᠬᠤᠷᠠᠯᠳᠤᠭᠤᠯᠤᠭᠰᠠᠨ  ᠲᠦᠪ   ᠤᠨ  ᠦᠭᠡᠷᠡᠴᠢᠯᠠᠯᠳᠠ   ᠶᠢ  ᠪᠦᠬᠦ  ᠲᠠᠯ᠎ᠠ   ᠪᠠᠷ ᠬᠥᠨᠵᠡᠭᠡᠶᠢᠷᠡᠬᠦᠯᠬᠦ ᠵᠦᠪᠯᠡᠯ ᠤᠨ ᠬᠤᠶᠠᠳᠤᠭᠠᠷ ᠬᠤᠷᠠᠯᠳᠤᠭᠠᠨ   ᠠᠴᠠ ︽ᠠᠵᠤ  ᠠᠬᠤᠶᠢᠯᠠᠯ   ᠤᠨ  ᠠᠵᠢᠯᠳᠠᠨ  ᠠᠵᠢᠯᠴᠢᠨ   ᠤ ᠦᠨᠳᠤᠰᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠰᠠᠭᠤᠷᠢ ᠮᠦᠩᠬᠦ ᠶᠢ ᠲᠦᠪ ᠠᠴᠠ ᠲᠤᠬᠢᠷᠠᠭᠤᠯᠬᠤ ᠲᠦᠷᠢᠮ ᠤᠨ ᠲᠦᠰᠤᠯ︾ ᠢ ᠪᠠᠳᠤᠯᠠᠪᠠ᠃              ᠬᠤᠷᠠᠯᠳᠤᠭᠠᠨ ᠠᠴᠠ᠂ ᠨᠡᠶᠢᠭᠡᠮ ᠤᠨ ᠪᠦᠬᠦᠯᠢ ᠴᠤᠭᠴᠠ ᠶᠢᠨ ᠲᠠᠷᠤᠭᠠᠰᠤ ᠶᠢ ᠨᠡᠮᠡᠭᠳᠡᠬᠦᠯᠬᠦ ᠦᠭᠡᠢ ᠪᠠ ᠨᠠᠰᠤᠵᠢᠯ ‍ᠤᠨ‌ᠠᠰᠠᠷᠠᠮᠵᠢ ᠶᠢᠨ ᠲᠠᠭᠠᠳᠬᠠᠯ ᠤᠨ ᠬᠤᠷᠢᠶᠠᠬᠤ ᠰᠦᠢᠳᠭᠡᠯ ᠤᠨ ᠬᠠᠷᠢᠴᠠᠯ   ᠢ  ᠲᠡᠭᠡᠭᠰᠢᠯᠡᠬᠦᠯᠬᠦ  ᠦᠭᠡᠢ  ᠰᠠᠭᠤᠷᠢᠨ  ᠲᠡᠭᠡᠷ᠎ᠡ᠂ ᠰᠠᠭᠤᠷᠢ ᠮᠦᠩᠬᠦ ᠶᠢ ᠴᠤᠭᠯᠠᠭᠤᠯᠬᠤ᠂ ᠰᠠᠭᠤᠷᠢ ᠮᠦᠩᠬᠦ ᠶᠢ ᠰᠠᠯᠭᠠᠨ ᠦᠭᠬᠦ᠂ ᠰᠠᠭᠤᠷᠢ ᠮᠦᠩᠬᠦ ᠶᠢ ᠬᠠᠮᠢᠶᠠᠷᠬᠤ᠂ ᠲᠦᠪ  ‍ᠤᠨ‌ᠡᠳ᠋ ᠤᠨ ᠵᠠᠰᠠᠭ ᠠᠴᠠ ᠨᠦᠬᠦᠪᠤᠷᠢᠯᠡᠬᠦ᠂ ᠭᠠᠵᠠᠷ ᠤᠷᠤᠨ ᠤ ᠬᠤᠭᠤᠷᠤᠨᠳᠤᠬᠢ ᠰᠠᠭᠤᠷᠢ ᠮᠦᠩᠬᠦ ᠶᠢᠨ ᠲᠠᠷᠤᠭᠠᠰᠤ ᠶᠢ ᠵᠤᠬᠢᠰᠳᠠᠢ ᠲᠡᠩᠴᠡᠬᠦᠷᠢᠰᠢᠬᠦᠯᠬᠦ ᠶᠢ ᠲᠦᠪ ᠠᠴᠠ ᠲᠤᠬᠢᠷᠠᠭᠤᠯᠬᠤ ᠪᠠᠷ ᠲᠡᠮᠵᠢᠭᠤᠯᠤᠨ᠂ ᠰᠠᠭᠤᠷᠢ ᠮᠦᠩᠬᠦ ᠶᠢᠨ ᠠᠮᠤᠷ ᠲᠦᠪᠰᠢᠨ  ᠪᠦᠭᠡᠳ ᠦᠷᠬᠦᠯᠵᠢᠯᠡᠵᠤ ᠴᠢᠳᠠᠬᠤ  ᠶᠢ ᠪᠡᠶᠡᠯᠡᠬᠦᠯᠵᠤ᠂ ᠡᠳ᠋ ᠤᠨ ᠵᠠᠰᠠᠭ ᠤᠨ ᠲᠠᠷᠤᠭᠠᠰᠤ ᠶᠢ ᠡᠵᠡᠮᠳᠡᠵᠤ  ᠲᠠᠶᠢᠯᠬᠦ   ᠶᠢ  ᠪᠡᠶᠡᠯᠡᠬᠦᠯᠵᠤ᠂ ᠡᠯ᠎ᠠ ᠭᠠᠵᠠᠷ  ᠤᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠦᠭᠬᠦ ᠶᠢ  ᠦᠨᠡᠨ  ᠬᠦ ᠪᠠᠳᠤᠯᠠᠬᠤ ᠬᠡᠷᠡᠭᠳᠠᠢ ᠭᠡᠵᠤ ᠱᠠᠭᠠᠷᠳᠠᠵᠠᠢ᠃              ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠤᠰᠤᠨ ᠨᠠᠰᠤᠵᠢᠯ ᠤᠨ  ᠠᠰᠠᠷᠠᠮᠵᠢ   ᠶᠢᠨ  ᠲᠠᠭᠠᠳᠬᠠᠯ  ‍ᠤᠨ‌‍ᠰᠠᠭᠤᠷᠢ ᠮᠦᠩᠬᠦ ᠶᠢ ᠲᠦᠪ ᠠᠴᠠ ᠲᠤᠬᠢᠷᠠᠭᠤᠯᠬᠤ ᠲᠦᠷᠢᠮ ᠪᠤᠯ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠢ ᠪᠦᠬᠦ  ᠤᠯᠤᠰ ᠲᠤ ᠨᠢᠭᠡᠳᠤᠯᠳᠠᠢ  ᠲᠦᠯᠤᠪᠯᠡᠬᠦ   ᠶᠢ  ᠪᠡᠶᠡᠯᠡᠬᠦᠯᠬᠦ   ᠶᠢᠨ  ᠲᠦᠷᠤᠬᠦᠤ  ᠠᠯᠬᠤᠮ  ᠮᠦᠨ᠃  ᠡᠨᠡ   ᠨᠢ  ᠭᠠᠵᠠᠷ  ᠤᠷᠤᠨ   ᠤ ᠬᠤᠭᠤᠷᠤᠨᠳᠤᠬᠢ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠠᠷᠤᠭᠠᠰᠤ ᠶᠢ ᠲᠡᠩᠴᠡᠬᠦᠷᠢᠰᠢᠬᠦᠯᠵᠤ᠂ ᠢᠯᠡᠬᠦᠤ  ᠲᠤᠳᠠᠭᠤ ᠶᠢ ᠲᠤᠬᠢᠷᠠᠭᠤᠯᠬᠤ ᠪᠤᠯᠤᠨ᠎ᠠ᠃ ᠦᠭᠡᠷ᠎ᠡ ᠪᠠᠷ ᠬᠡᠯᠡᠪᠡᠯ ᠂ ᠰᠡᠬᠦᠯᠡᠷ ᠵᠠᠷᠢᠮ ᠭᠠᠵᠠᠷ ᠤᠷᠤᠨ ᠤ ᠨᠠᠰᠤᠵᠢᠯ   ᠤᠨ  ᠠᠰᠠᠷᠠᠮᠵᠢ   ᠶᠢᠨ ᠮᠦᠩᠬᠦ ᠨᠢ ᠬᠥᠷᠤᠯᠴᠡᠬᠦ ᠦᠭᠡᠢ ᠪᠤᠯᠬᠤ ᠪᠠᠶᠢᠳᠠᠯ ᠪᠠᠷᠤᠭ ᠪᠠᠶᠢᠬᠤ ᠦᠭᠡᠢ ᠪᠤᠯᠤᠨ᠎ᠠ᠃                      ᠨᠡᠶᠢᠭᠡᠮ ᠤᠨ ᠲᠠᠭᠠᠳᠬᠠᠯ ᠤᠨ  ᠵᠠᠷᠤᠳᠠᠯ   ᠤᠨ  ᠨᠤᠷᠮ᠎ᠠ   ᠶᠢ  ᠦᠷᠬᠦᠯᠵᠢᠯᠡᠨ  ᠱᠠᠳᠤ  ᠦᠶᠡᠴᠢ  ᠴᠢᠨᠠᠷᠳᠠᠢ   ᠪᠠᠷ ᠪᠠᠭᠤᠷᠠᠭᠤᠯᠤᠨ᠎ᠠ                      2018 ᠤᠨ ᠤ 5 ᠰᠠᠷ᠎ᠠ ᠶᠢᠨ 1 ᠤ ᠡᠳᠤᠷ ᠠᠴᠠ ᠡᠬᠢᠯᠡᠨ᠂ ᠠᠵᠤ ᠠᠬᠤᠶᠢᠯᠠᠯ ᠤᠨ ᠠᠵᠢᠯᠳᠠᠨ  ᠠᠵᠢᠯᠴᠢᠨ   ᠤ ᠦᠨᠳᠤᠰᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠳᠠᠬᠢ ᠨᠢᠭᠡᠴᠠ ᠶᠢᠨ ᠵᠠᠷᠤᠳᠠᠯ ᠲᠤᠰᠢᠶᠠᠬᠤ ᠬᠠᠷᠢᠴᠠᠯ ᠨᠢ 19% ᠶᠢ ᠬᠡᠳᠤᠷᠡᠭᠰᠡᠨ ᠮᠤᠵᠢ ︵ᠤᠷᠤᠨ᠂ ᠬᠤᠳᠠ︶᠂ ᠵᠢᠴᠢ ᠨᠢᠭᠡᠴᠠ ᠶᠢᠨ  ᠵᠠᠷᠤᠳᠠᠯ  ᠲᠤᠰᠢᠶᠠᠬᠤ  ᠬᠠᠷᠢᠴᠠᠯ   ᠨᠢ  19%  ᠪᠤᠯᠳᠠᠯ᠎ᠠ ᠲᠤᠷᠤᠬᠰᠢᠯᠠᠭᠰᠠᠨ ᠮᠤᠵᠢ ︵ᠤᠷᠤᠨ᠂ ᠬᠤᠳᠠ︶ ᠶᠢᠨ ᠰᠠᠭᠤᠷᠢ ᠮᠦᠩᠬᠦ ᠶᠢᠨ  ᠨᠡᠶᠢᠳᠡ  ᠦᠯᠡᠳᠡᠪᠤᠷᠢ   ᠨᠢ  9  ᠰᠠᠷ᠎ᠠ  ᠡᠴᠠ‌‍ᠲ᠋ᠡᠭᠡᠭᠰᠢ ᠲᠦᠯᠤᠵᠤ ᠲᠠᠶᠢᠯᠬᠦ ᠳᠤ ᠬᠥᠷᠪᠡᠯ᠂ 19% ᠶᠢᠨ ᠨᠢᠭᠡᠴᠡ  ᠶᠢᠨ ᠵᠠᠷᠤᠳᠠᠯ ᠲᠤᠰᠢᠶᠠᠬᠤ ᠬᠠᠷᠢᠴᠠᠯ ᠢ 2019 ᠤᠨ ᠤ 4 ᠰᠠᠷ᠎ᠠ ᠶᠢᠨ 30 ᠤ ᠡᠳᠤᠷ ᠪᠤᠯᠳᠠᠯ᠎ᠠ ᠱᠠᠳᠤ ᠦᠶᠡᠴᠢ ᠴᠢᠨᠠᠷᠳᠠᠢ ᠪᠠᠷ ᠬᠡᠷᠡᠭᠵᠢᠬᠦᠯᠵᠤ ᠪᠤᠯᠤᠨ᠎ᠠ᠃              ᠡᠬᠦᠨ ᠤ ᠵᠡᠷᠭᠡ ᠳᠤ᠂ 2018 ᠤᠨ ᠤ 5 ᠰᠠᠷ᠎ᠠ ᠶᠢᠨ 1 ᠤ ᠡᠳᠤᠷ ᠠᠴᠠ ᠡᠬᠢᠯᠡᠨ᠂ ︽ᠠᠵᠢᠯ ᠠᠯᠳᠠᠯᠳᠠ   ᠶᠢᠨ ᠲᠠᠭᠠᠳᠬᠠᠯ ᠤᠨ ᠵᠠᠷᠤᠳᠠᠯ ᠤᠨ ᠨᠤᠷᠮ᠎ᠠ ᠶᠢ ᠱᠠᠳᠤ ᠦᠶᠡᠴᠢ ᠴᠢᠨᠠᠷᠳᠠᠢ ᠪᠠᠷ ᠪᠠᠭᠤᠷᠠᠭᠤᠯᠬᠤ ᠲᠤᠬᠠᠢ ᠬᠥᠮᠤᠨ ᠤ  ᠬᠥᠴᠤᠨ   ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠶᠠᠮᠤᠨ᠂ ᠡᠳ᠋ ᠤᠨ ᠵᠠᠰᠠᠭ  ᠤᠨ ᠶᠠᠮᠤᠨ   ᠤ  ᠮᠡᠳᠡᠭᠳᠡᠯ︾   ᠤᠨ  ᠶᠤᠰᠤᠭᠠᠷ ᠠᠵᠢᠯ ᠠᠯᠳᠠᠯᠳᠠ ᠶᠢᠨ ᠲᠠᠭᠠᠳᠬᠠᠯ ᠤᠨ ᠶᠡᠷᠤᠩᠭᠡᠢ ᠵᠠᠷᠤᠳᠠᠯ ᠤᠨ ᠨᠤᠷᠮ᠎ᠠ ᠶᠢ  1%   ᠪᠠᠷ  ᠬᠡᠷᠡᠭᠵᠢᠬᠦᠯᠵᠤ  ᠪᠠᠶᠢᠭ᠎ᠠ  ᠮᠤᠵᠢ ︵ᠤᠷᠤᠨ᠂ ᠬᠤᠳᠠ︶ ᠶᠢᠨ ᠵᠠᠷᠤᠳᠠᠯ ᠤᠨ ᠨᠤᠷᠮ᠎ᠠ ᠶᠢ ᠱᠠᠳᠤ  ᠦᠶᠡᠴᠢ  ᠴᠢᠨᠠᠷᠳᠠᠢ   ᠪᠠᠷ  ᠪᠠᠭᠤᠷᠠᠭᠤᠯᠬᠤ  ᠬᠤᠭᠤᠴᠠᠭ᠎ᠠ   ᠶᠢ 2019 ᠤᠨ ᠤ 4 ᠰᠠᠷ᠎ᠠ ᠶᠢᠨ 30 ᠤ ᠡᠳᠤᠷ ᠪᠤᠯᠳᠠᠯ᠎ᠠ ᠤᠷᠳᠤᠳᠬᠠᠨ᠎ᠠ᠃              ᠠᠵᠢᠯ ᠠᠯᠳᠠᠯᠳᠠ ᠶᠢᠨ ᠲᠠᠭᠠᠳᠬᠠᠯ ᠤᠨ ᠰᠦᠢᠳᠭᠡᠯ ᠢ ᠬᠥᠮᠤᠨ  ᠬᠡᠷᠡᠭᠯᠡᠬᠦ  ᠨᠢᠭᠡᠴᠠ  ᠪᠠ  ᠠᠵᠢᠯᠳᠠᠨ  ᠠᠵᠢᠯᠴᠢᠨ ᠬᠠᠮᠳᠤ ᠳᠠᠭᠠᠨ ᠲᠤᠰᠢᠶᠠᠨ᠎ᠠ᠃  ᠠᠵᠢᠯ  ᠠᠯᠳᠠᠯᠳᠠ   ᠶᠢᠨ  ᠲᠠᠭᠠᠳᠬᠠᠯ   ᠤᠨ  ᠨᠢᠭᠡᠴᠠ   ᠶᠢᠨ  ᠵᠠᠷᠤᠳᠠᠯ   ᠤᠨ  ᠨᠤᠷᠮ᠎ᠠ   ᠶᠢ ᠪᠠᠭᠤᠷᠠᠭᠤᠯᠬᠤ ᠨᠢ ᠠᠵᠤ ᠠᠬᠤᠶᠢᠯᠠᠯ ᠤᠨ ᠲᠠᠷᠤᠭᠠᠰᠤ ᠶᠢ ᠤᠯᠠᠮ ᠨᠢᠭᠡ  ᠬᠥᠩᠭᠡᠷᠡᠬᠦᠯᠬᠦ  ᠪᠤᠯᠤᠨ᠎ᠠ᠂  ᠡᠬᠦᠨ   ᠤ  ᠵᠡᠷᠭᠡ   ᠳᠤ ᠴᠦᠭᠡᠨ ᠪᠤᠰᠤ ᠭᠠᠵᠠᠷ ᠤᠷᠤᠨ ᠬᠤᠪᠢ ᠬᠥᠮᠤᠨ ᠤ ᠵᠠᠷᠤᠳᠠᠯ ᠲᠤᠰᠢᠶᠠᠬᠤ ᠨᠤᠷᠮ᠎ᠠ ᠶᠢ ᠪᠠᠭᠤᠷᠠᠭᠤᠯᠤᠭᠰᠠᠨ ᠤᠴᠢᠷ ᠠᠴᠠ  ᠡᠨᠡ‌ᠨᠢ ᠦᠷᠬᠦᠯᠵᠢᠯᠡᠨ ᠦᠷᠭᠡᠨ ᠤᠯᠠᠨ ᠠᠵᠢᠯᠳᠠᠨ ᠠᠵᠢᠯᠴᠢᠨ ᠳᠤ ᠠᠰᠢᠭ ᠬᠥᠷᠳᠡᠭᠡᠬᠦ ᠪᠤᠯᠤᠨ᠎ᠠ᠃                      ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠲᠤᠰᠢᠶᠠᠨ ᠬᠠᠳᠠᠭᠠᠯᠠᠭᠤᠯᠬᠤ ᠪᠠ ᠭᠠᠷᠭᠠᠨ‌ᠠᠪᠬᠤ ᠨᠢ ᠬᠤᠪᠢᠷᠠᠯᠳᠠ ᠲᠠᠢ ᠪᠤᠯᠵᠠᠢ                      ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠲᠤᠰᠢᠶᠠᠨ ᠬᠠᠳᠠᠭᠠᠯᠠᠭᠤᠯᠬᠤ ᠪᠠ ᠭᠠᠷᠭᠠᠨ‌ᠠᠪᠬᠤ ᠲᠤᠬᠠᠢ ᠴᠦᠮ ᠰᠢᠨ᠎ᠠ ᠲᠤᠬᠳᠠᠭᠠᠯ ᠲᠠᠢ ᠪᠤᠯᠵᠠᠢ᠃  ᠤᠷᠤᠨ  ᠰᠠᠭᠤᠴᠠ  ᠪᠠ  ᠬᠤᠳᠠ  ᠬᠥᠳᠡᠭᠡ   ᠶᠢᠨ  ᠪᠦᠳᠤᠭᠡᠨ ᠪᠠᠶᠢᠭᠤᠯᠤᠯᠳᠡ ᠶᠢᠨ ᠶᠠᠮᠤᠨ ᠵᠡᠷᠭᠡ ᠰᠠᠯᠠᠭ᠎ᠠ ᠮᠦᠴᠢᠷ ᠦᠢᠷ᠎ᠠ ᠳᠤ ︽ᠤᠷᠤᠨ ᠰᠠᠭᠤᠴᠠ ᠶᠢᠨ ᠨᠡᠶᠢᠳᠡ ᠶᠢᠨ  ᠬᠤᠷᠠᠮᠳᠤᠭᠤᠯᠭ᠎ᠠ ᠶᠢᠨ ᠮᠦᠩᠬᠦ ᠶᠢ ᠲᠤᠰᠢᠶᠠᠨ ᠬᠠᠳᠠᠭᠠᠯᠠᠭᠤᠯᠬᠤ ᠲᠤᠬᠳᠠᠴᠠ ᠶᠢ ᠰᠠᠶᠢᠵᠢᠷᠠᠭᠤᠯᠵᠤ ᠠᠵᠤ ᠠᠬᠤᠶᠢᠯᠠᠯ ᠤᠨ ᠦᠪᠡᠷ ᠤᠨ  ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠬᠤ ᠲᠤᠬᠠᠢ ᠮᠡᠳᠡᠭᠳᠡᠯ︾ ᠪᠠᠭᠤᠯᠭᠠᠵᠤ᠂ ᠡᠯ᠎ᠠ ᠭᠠᠵᠠᠷ ᠤᠷᠤᠨ ᠤ 2016  ᠤᠨ   ᠳᠤ ᠨᠡᠶᠢᠳᠡᠯᠡᠭᠰᠡᠨ ᠠᠵᠤ ᠠᠬᠤᠶᠢᠯᠠᠯ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ   ᠶᠢᠨ  ᠲᠤᠰᠢᠶᠠᠨ ᠬᠠᠳᠠᠭᠠᠯᠠᠭᠤᠯᠬᠤ ᠬᠠᠷᠢᠴᠠᠯ ᠢ ᠱᠠᠳᠤ ᠦᠶᠡᠴᠢ ᠴᠢᠨᠠᠷᠳᠠᠢ   ᠪᠠᠷ  ᠵᠤᠬᠢᠰᠳᠠᠢ  ᠪᠠᠭᠤᠷᠠᠭᠤᠯᠬᠤ  ᠲᠦᠷᠤ   ᠶᠢᠨ  ᠪᠤᠳᠤᠯᠭ᠎ᠠ   ᠨᠢ ᠬᠤᠭᠤᠴᠠᠭ᠎ᠠ ᠲᠤᠯᠤᠭᠰᠠᠨ ᠤ ᠲᠠᠷᠠᠭ᠎ᠠ᠂ ᠬᠡᠷᠡᠭᠵᠢᠬᠦᠯᠬᠦ ᠬᠤᠭᠤᠴᠠᠭ᠎ᠠ ᠶᠢ 2020 ᠤᠨ ᠤ 4 ᠰᠠᠷ᠎ᠠ ᠶᠢᠨ 30   ᠤ  ᠡᠳᠤᠷ ᠪᠤᠯᠳᠠᠯ᠎ᠠ ᠦᠷᠬᠦᠯᠵᠢᠯᠡᠬᠦᠯᠤᠨ᠎ᠠ᠃ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ   ᠶᠢᠨ  ᠮᠦᠩᠬᠦ   ᠶᠢᠨ  ᠲᠤᠰᠢᠶᠠᠨ ᠬᠠᠳᠠᠭᠠᠯᠠᠭᠤᠯᠬᠤ  ᠬᠠᠷᠢᠴᠠᠯ   ᠤᠨ  ᠲᠤᠤᠷᠠᠳᠤ  ᠬᠢᠵᠠᠭᠠᠷ   ᠨᠢ  5%  ᠪᠤᠯᠤᠨ᠎ᠠ᠂  ᠲᠡᠭᠡᠳᠤ  ᠬᠢᠵᠠᠭᠠᠷ   ᠢ  ᠡᠯ᠎ᠠ   ᠭᠠᠵᠠᠷ ᠤᠷᠤᠨ ︽ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ  ᠶᠢᠨ ᠬᠠᠮᠢᠶᠠᠷᠤᠯᠳᠠ ᠶᠢᠨ ᠲᠦᠷᠢᠮ︾ ᠳᠤ ᠲᠤᠬᠳᠠᠭᠠᠭᠰᠠᠨ ᠵᠢᠷᠤᠮ ᠶᠤᠰᠤᠭᠠᠷ ᠲᠤᠬᠳᠠᠭᠠᠵᠤ᠂ ᠬᠠᠮᠤᠭ ᠤᠨ ᠦᠨᠳᠤᠷ ᠲᠡᠭᠡᠨ 12% ᠠᠴᠠ ᠬᠡᠳᠤᠷᠡᠬᠦᠯᠵᠤ ᠪᠤᠯᠬᠤ ᠦᠭᠡᠢ ᠭᠡᠵᠠᠢ᠃              ᠭᠠᠷᠭᠠᠨ ᠠᠪᠬᠤ ᠲᠠᠯ᠎ᠠ ᠪᠠᠷ᠂ ᠤᠷᠤᠨ ᠰᠠᠭᠤᠴᠠ ᠪᠠ ᠬᠤᠳᠠ ᠬᠥᠳᠡᠭᠡ ᠶᠢᠨ ᠪᠦᠳᠤᠭᠡᠨ ᠪᠠᠶᠢᠭᠤᠯᠤᠯᠳᠡ  ᠶᠢᠨ ᠶᠠᠮᠤᠨ‌ᠵᠡᠷᠭᠡ ᠰᠠᠯᠠᠭ᠎ᠠ ᠮᠦᠴᠢᠷ ︽ᠲᠤᠬᠳᠠᠭᠠᠯ ᠢ ᠵᠦᠷᠢᠴᠡᠵᠤ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ  ᠮᠦᠩᠬᠦ ᠭᠠᠷᠭᠠᠨ ᠠᠪᠬᠤ ᠦᠢᠯᠡ ᠠᠵᠢᠯᠯᠠᠭ᠎ᠠ ᠶᠢ ᠵᠠᠰᠠᠬᠤ ᠠᠵᠢᠯ   ᠢ  ᠦᠷᠨᠢᠬᠦᠯᠬᠦ  ᠲᠤᠬᠠᠢ  ᠮᠡᠳᠡᠭᠳᠡᠯ︾  ᠪᠠᠭᠤᠯᠭᠠᠵᠤ᠂ ᠤᠷᠤᠨ‌‍ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠪᠠᠨ ᠭᠠᠷᠭᠠᠨ  ᠠᠪᠴᠤ  ᠲᠤᠰᠢᠶᠠᠨ  ᠬᠠᠳᠠᠭᠠᠯᠠᠭᠤᠯᠬᠤ  ᠭᠠᠵᠠᠷ ᠪᠤᠶᠤ ᠡᠷᠤᠭᠡ ᠠᠮᠠ ᠶᠢᠨ ᠲᠠᠩᠰᠠ ᠶᠢᠨ  ᠪᠠᠶᠢᠭ᠎ᠠ  ᠭᠠᠵᠠᠷ   ᠠᠴᠠ  ᠲᠦᠷᠤᠬᠦᠤ  ᠢᠵᠢ  ᠡᠩ   ᠤᠨ  ᠤᠷᠤᠨ  ᠰᠠᠭᠤᠴᠠ  ᠪᠠ ᠬᠤᠶᠠᠳᠤᠭᠠᠷ ᠢᠵᠢ ᠰᠠᠶᠢᠵᠢᠷᠠᠭᠤᠯᠬᠤ ᠮᠠᠶ᠋ᠢᠭ ᠤᠨ ᠤᠷᠤᠨ ᠰᠠᠭᠤᠴᠠ ᠬᠤᠳᠠᠯᠳᠤᠨ ᠠᠪᠬᠤ ᠶᠢ ᠭᠤᠤᠯᠳᠠᠯᠭ᠎ᠠ ᠲᠠᠢ  ᠲᠡᠮᠵᠢᠵᠤ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠶᠢ  ᠭᠠᠷᠭᠠᠨ  ᠠᠪᠴᠤ  ᠭᠡᠷ  ᠪᠠᠶᠢᠰᠢᠩ  ᠰᠠᠷᠢᠭᠠᠯᠠᠵᠤ ᠵᠠᠪᠰᠢᠨ ᠲᠠᠯᠢᠮᠳᠠᠭᠤᠯᠬᠤ ᠶᠢ ᠰᠡᠷᠭᠡᠶᠢᠯᠠᠨ᠎ᠠ᠃  ᠰᠦᠯᠵᠢᠶᠡᠨ  ᠲᠡᠭᠡᠷ᠎ᠡ  ᠬᠢᠨᠠᠨ  ᠬᠠᠷᠭᠤᠭᠤᠯᠬᠤ  ᠪᠠ  ᠲᠤᠬᠠᠶᠢᠯᠠᠭᠰᠠᠨ  ᠠᠵᠢᠯ ᠰᠢᠢᠳᠪᠤᠷᠢᠯᠡᠬᠦ ᠶᠢ ᠶᠡᠭᠡ ᠪᠠᠷ ᠬᠡᠷᠡᠭᠵᠢᠬᠦᠯᠵᠤ᠂  ᠬᠢᠨᠠᠨ ᠬᠠᠷᠭᠤᠭᠤᠯᠬᠤ ᠴᠠᠭ ᠢ ᠪᠤᠭᠤᠨᠢᠰᠬᠠᠨ᠎ᠠ ᠭᠡᠵᠠᠢ᠃              ᠠᠵᠤ ᠠᠬᠤᠶᠢᠯᠠᠯ ᠤᠨ ᠤᠷᠤᠨ ᠰᠠᠭᠤᠴᠠ ᠶᠢᠨ ᠨᠡᠶᠢᠳᠡ ᠶᠢᠨ  ᠬᠤᠷᠠᠮᠳᠤᠭᠤᠯᠭ᠎ᠠ   ᠶᠢᠨ  ᠮᠦᠩᠬᠦ   ᠶᠢᠨ  ᠲᠤᠰᠢᠶᠠᠨ ᠬᠠᠳᠠᠭᠠᠯᠠᠭᠤᠯᠬᠤ ᠬᠠᠷᠢᠴᠠᠯ ᠢ ᠱᠠᠳᠤ ᠦᠶᠡᠴᠢ  ᠴᠢᠨᠠᠷᠳᠠᠢ   ᠪᠠᠷ  ᠵᠤᠬᠢᠰᠳᠠᠢ  ᠪᠠᠭᠤᠷᠠᠭᠤᠯᠬᠤ   ᠨᠢ  ᠠᠵᠤ  ᠠᠬᠤᠶᠢᠯᠠᠯ   ᠤᠨ ᠲᠠᠷᠤᠭᠠᠰᠤ ᠶᠢ ᠬᠥᠩᠭᠡᠷᠡᠬᠦᠯᠬᠦ ᠳᠤ ᠲᠤᠰᠠ ᠪᠤᠯᠳᠠᠭ᠃ ᠲᠤᠬᠳᠠᠭᠠᠯ ᠢ ᠵᠦᠷᠢᠴᠡᠵᠤ ᠭᠠᠷᠭᠠᠨ ᠠᠪᠬᠤ ᠶᠢ ᠵᠠᠰᠠᠬᠤ   ᠨᠢ  ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠶᠢ  ᠮᠡᠭᠡᠯᠡᠵᠤ  ᠠᠪᠬᠤ ︽ᠨᠢᠭᠤᠴᠠᠭᠠᠢ  ᠠᠵᠤ  ᠦᠢᠯᠡᠰ   ᠤᠨ ᠬᠢᠨᠵᠢ︾ ᠶᠢ ᠲᠠᠰᠤᠯᠵᠤ᠂ ᠲᠤᠰᠢᠶᠠᠨ ᠬᠠᠳᠠᠭᠠᠯᠠᠭᠤᠯᠬᠤ ᠠᠵᠢᠯᠳᠠᠨ ᠠᠵᠢᠯᠴᠢᠨ   ᠤ  ᠡᠷᠭᠡ  ᠠᠰᠢᠭ   ᠢ  ᠬᠠᠤᠯᠢ  ᠶᠤᠰᠤᠭᠠᠷ ᠬᠠᠮᠠᠭᠠᠯᠠᠬᠤ ᠳᠤ ᠠᠰᠢᠬᠳᠠᠢ ᠪᠠᠶᠢᠳᠠᠭ᠃ ᠭᠠᠷᠭᠠᠨ ᠠᠪᠬᠤ ᠶᠢ  ᠬᠢᠨᠠᠨ  ᠬᠠᠷᠭᠤᠭᠤᠯᠬᠤ  ᠶᠠᠪᠤᠴᠠ   ᠶᠢ  ᠰᠢᠯᠢᠳᠡᠭᠵᠢᠬᠦᠯᠬᠦ   ᠨᠢ ᠠᠵᠢᠯᠳᠠᠨ ᠠᠵᠢᠯᠴᠢᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠭᠠᠷᠭᠠᠨ ᠠᠪᠬᠤ   ᠳᠠᠭᠠᠨ  ᠨᠡᠩ ᠲᠦᠬᠦᠮ ᠪᠦᠭᠡᠳ ᠲᠦᠷᠭᠡᠨ ᠪᠤᠯᠤᠨ᠎ᠠ ᠭᠡᠳᠡᠭ ᠢ ᠬᠠᠷᠠᠭᠤᠯᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号