ᠯᠢᠦ ᠸᠧᠨ ᠢᠦᠢ ᠴᠢᠩ ᠱᠦᠢ ᠾᠧ ᠰᠢᠶᠠᠨ ᠤ ᠯᠣᠣ ᠨᠢᠦ ᠸᠠᠨ ᠪᠠᠯᠭᠠᠰᠤᠨ ᠳᠤ ᠬᠦᠷᠴᠦ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018-05-22
     5 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠸᠧᠨ ᠢᠦᠢ ᠨᠠᠷ ᠴᠢᠩ ᠱᠦᠢ ᠾᠧ ᠰᠢᠶᠠᠨ ᠤ ᠯᠣᠣ ᠨᠢᠦ ᠸᠠᠨ ᠪᠠᠯᠭᠠᠰᠤᠨ ᠳᠤ ᠬᠦᠷᠴᠦ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠤᠭᠰᠠᠨ ᠤ ᠬᠠᠮᠲᠤ ᠲᠣᠰᠬᠤᠨ ᠳᠤ ᠬᠦᠷᠴᠦ ᠡᠷᠦᠬᠡ ᠳᠤ ᠣᠷᠣᠵᠤ ᠬᠦᠴᠢᠷᠳᠡᠯᠲᠡᠶ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠣᠶᠢᠯᠭᠠᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠳ᠋ᠧ ᠮᠢᠩ᠂ ᠰᠢᠶᠠᠨ ᠤ ᠳᠡᠳ᠋ ᠳᠠᠷᠤᠭ᠎ᠠ ᠵᠠᠩ ᠰᠢᠶᠧ ᠵᠢᠶᠦ᠋ᠨ ᠵᠢᠴᠢ ᠯᠣᠣ ᠨᠢᠦ ᠸᠠᠨ ᠪᠠᠯᠭᠠᠰᠤᠨ ᠤ ᠬᠠᠷᠢᠭᠤᠴᠠᠯᠭᠠᠲᠠᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠯᠣᠣ ᠨᠢᠦ ᠸᠠᠨ ᠪᠠᠯᠭᠠᠰᠤ ᠶᠢᠨ ᠬᠤᠤ ᠲᠣᠰᠬᠤᠨ ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠡᠦ ᠱᠤᠸᠠᠨ ᠶᠤᠸᠠᠨ᠂ ᠡᠦ ᠰᠦᠸᠧ ᠶᠤᠸᠠᠨ᠂ ᠵᠧᠩ ᠮᠤᠤ ᠭᠧᠤ ᠲᠣᠰᠬᠤᠨ ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠸᠠᠩ ᠠᠢ ᠴᠧᠩ᠂ ᠼᠠᠢ ᠪᠦᠦ ᠯᠠᠩ ᠸᠠᠨ ᠲᠣᠰᠬᠤᠨ ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠰᠦ᠋ ᠪᠦᠦ ᠶᠤᠸᠠᠨ ᠢ ᠰᠤᠷᠪᠤᠯᠵᠢᠯᠠᠨ ᠲᠣᠬᠤᠨᠢᠭᠤᠯᠤᠭᠰᠠᠨ ᠮᠥᠷᠲᠡᠭᠡᠨ ᠲᠣᠬᠤᠨᠢᠭᠤᠯᠬᠤ ᠮᠥᠩᠭᠦ ᠵᠢᠴᠢ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠬᠦᠷᠭᠡᠪᠡ᠃ ᠭᠠᠵᠠᠷ ᠪᠣᠯᠭᠠᠨ ᠳᠤ ᠬᠦᠷᠦᠮᠡᠭᠴᠡ᠂ ᠯᠢᠦ ᠸᠧᠨ ᠢᠦᠢ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠶᠠᠳᠠᠭᠤᠷᠠᠭᠰᠠᠨ ᠰᠢᠯᠲᠠᠭᠠᠨ᠂ ᠶᠠᠳᠠᠭᠤ ᠶᠢ ᠲᠡᠳᠬᠦᠬᠦ ᠭᠠᠷ ᠠᠪᠤᠯᠭ᠎ᠠ᠂ ᠲᠣᠳᠣᠷᠬᠠᠶᠢᠯᠠᠯᠲᠠ ᠶᠢᠨ ᠺᠠᠷᠲ ᠵᠡᠷᠭᠡ ᠶᠢ ᠨᠢ ᠨᠠᠷᠢᠨ ᠣᠶᠢᠯᠠᠭᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠬᠠᠪᠰᠤᠷᠤᠯᠴᠠᠭ᠎ᠠ ᠪᠠᠶᠢᠭᠤᠯᠤᠭᠰᠠᠨ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠶ ᠰᠣᠨᠣᠰᠪᠠ᠃ ᠳᠠᠷᠠᠭ᠎ᠠ ᠨᠢ᠂ ᠯᠢᠦ ᠸᠧᠨ ᠢᠦᠢ ᠨᠠᠷ ᠯᠣᠣ ᠨᠢᠦ ᠸᠠᠨ ᠪᠠᠯᠭᠠᠰᠤᠨ ᠤ ᠵᠢᠶᠠ ᠡᠯ ᠱᠢ ᠶᠧ ᠲᠣᠰᠬᠤᠨ ᠤ ᠨᠡᠷᠡᠨ ᠡᠨᠧᠷᠭᠢ ᠶᠢᠨ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠼᠠᠢ  ᠪᠦᠦ ᠯᠠᠩ ᠸᠠᠨ ᠲᠣᠰᠬᠤᠨ ᠤ ᠢᠳᠡᠰᠢᠨ ᠲᠠᠭᠲᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠳ᠋ᠠᠨ ᠲᠠᠢ ᠽᠢ ᠲᠣᠰᠬᠤᠨ ᠤ ᠣᠢ ᠵᠢᠮᠢᠰ ᠤᠨ ᠰᠠᠭᠤᠷᠢᠨ ᠭᠠᠵᠠᠷ ᠵᠡᠷᠭᠡ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠤᠨ ᠲᠤᠬᠠᠢ ᠶᠢᠨ ᠭᠠᠵᠠᠷ ᠲᠤ ᠨᠢ ᠬᠦᠴᠦ ᠪᠠᠢᠴᠠᠭᠠᠨ ᠰᠤᠳᠤᠯᠤᠯᠲᠠ ᠬᠢᠪᠡ᠃       ᠯᠢᠦ ᠸᠧᠨ ᠢᠦᠢ ᠱᠠᠭᠠᠷᠳᠠᠭᠰᠠᠨ ᠨᠢ᠂ ᠰᠢᠶᠠᠨ ᠰᠢᠶᠠᠩ ᠤᠨ ᠬᠤᠶᠠᠷ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠠᠬᠤ ᠳᠤᠮᠳᠠᠬᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠭᠤᠣᠯᠳᠠᠯᠭ᠎ᠠ ᠲᠠᠢ ᠲᠦᠪᠡᠭᠲᠡᠢ ᠠᠰᠠᠭᠤᠳᠠᠯ ᠵᠢᠴᠢ ᠵᠠᠰᠠᠭ ᠤᠨ ᠣᠷᠳᠣᠨ ᠤ ᠪᠦᠬᠦᠨ ᠢ ᠳᠠᠭᠠᠭᠠᠵᠤ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠴᠢᠭ᠋ ᠲᠣᠭᠲᠠᠭᠠᠨ ᠬᠠᠪᠰᠤᠷᠤᠨ ᠲᠡᠳᠬᠦᠬᠦ ᠶᠢ ᠨᠠᠷᠢᠨ ᠬᠢᠨᠠᠮᠠᠭᠠᠶ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠨᠢ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠲᠤᠯᠠᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号