ᠵᠤᠭ᠎ᠠ ᠰᠡᠯᠡᠬᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠤᠭᠠᠴᠠᠯ 5 ᠲᠠᠯ᠎ᠠ ᠪᠠᠷ ᠲᠡᠰ ᠲᠡᠪᠰᠢᠬᠦ ᠴᠢᠬᠤᠯᠠᠲᠠᠢ
ᠨᠡᠶᠢᠲᠡᠯᠡᠭᠰᠡᠨ ᠴᠠᠭ᠄
2018-05-22
      ᠤᠢᠢᠷ᠎ᠠ ᠶᠢᠨ ᠡᠲᠦᠷ᠂ ᠤᠯᠤᠰ ᠤᠨ ᠬᠦᠳᠡᠭᠡ ᠠᠵᠦ ᠠᠬᠤᠢ ᠬᠦᠳᠡᠭᠡ ᠲᠤᠰᠬᠤᠨ ᠤ ᠶᠠᠮᠦᠨ ᠮᠡᠳᠡᠭᠳᠡᠯ ᠪᠠᠭᠤᠯᠭᠠᠵᠦ᠂ ᠵᠤᠭ᠎ᠠ ᠰᠡᠯᠡᠬᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠤᠭᠠᠴᠠᠯ ᠢ ᠲᠡᠰ ᠲᠡᠪᠰᠢᠬᠦᠯᠬᠦ ᠠᠵᠢᠯᠯᠠᠭ᠎ᠠ ᠶᠢ ᠦᠷᠨᠢᠬᠦᠯᠵᠦ᠂ ᠡᠵᠡᠩᠨᠡᠬᠦ ᠬᠡᠯᠪᠡᠷᠢ᠂ ᠰᠭᠠᠤᠷᠢ ᠲᠦᠭᠦᠭᠡᠷᠦᠮᠵᠢ᠂ ᠦᠢᠯᠡᠴᠢᠯᠡᠭᠡ᠂ ᠰᠤᠶᠤᠯ ᠪᠠ ᠬᠠᠮᠢᠶᠠᠷᠤᠯᠲᠠ ᠶᠢ ᠲᠡᠰ ᠲᠡᠪᠰᠢᠬᠦᠯᠦᠨ᠂ 2020 ᠤᠨ ᠪᠤᠯᠲᠠᠯ᠎ᠠ ᠵᠤᠭᠠᠴᠠᠯ ᠤᠨ ᠦᠢᠯᠡᠰ ᠤᠨ ᠡᠵᠡᠩᠨᠡᠯᠳᠡ ᠶᠢᠨ ᠤᠷᠤᠯᠭ᠎ᠠ ᠶᠢ ᠲᠦᠮᠡᠨ ᠳ᠋ᠦᠡᠭᠰᠢᠭᠤᠷ ᠲᠦᠬᠦᠷᠢᠭ ᠬᠦᠷᠭᠡᠬᠦ ᠴᠢᠬᠤᠯᠠ ᠬᠠᠷᠠᠯᠲᠠ ᠶᠢ ᠲᠤᠷᠠᠲᠤᠨ ᠭᠠᠷᠭᠠᠭᠰᠠᠨ ᠪᠠᠶᠢᠨ᠎ᠠ      ᠡᠬᠦᠨ ᠠᠴᠠ ᠭᠠᠲᠠᠨ᠎ᠠ᠂ ᠲᠤᠰ ᠮᠡᠳᠡᠭᠳᠡᠯ ᠳᠤ ᠪᠠᠰᠠ ᠵᠤᠭ᠎ᠠ ᠰᠡᠯᠡᠬᠦᠴᠡᠯ ᠤᠨ ᠲᠠᠷᠢᠶᠠᠯᠨᠩ ᠪᠠ ᠬᠦᠳᠡᠭᠡ ᠲᠤᠰᠬᠤᠨ ᠤ ᠵᠤᠭᠠᠴᠠᠯ ᠢ ᠲᠡᠰ ᠲᠡᠪᠰᠢᠬᠦᠯᠬᠦ ᠳᠤ ᠡᠷᠭᠡᠪᠰᠢ ᠲᠤᠤᠷᠠᠬᠢ 5 ᠲᠠᠯ᠎ᠠ ᠶᠢᠨ ᠠᠭᠤᠯᠭ᠎ᠠ ᠶᠢ ᠬᠠᠮᠤᠷᠬᠤ ᠭᠡᠷᠡᠭᠳᠡᠢ ᠭᠡᠪᠡ᠂ ᠲᠤᠬᠠᠢᠢᠯᠠᠪᠠᠯ᠄      1. ᠰᠢᠯᠢᠳᠡᠭ ᠪᠦᠲᠦᠭᠡᠭᠳᠡᠬᠦᠨ ᠪᠠ ᠲᠦᠷᠦᠯ ᠲᠡᠮᠳᠡᠭ ᠢ ᠡᠬᠦᠳᠴᠦ ᠲᠡᠰ ᠲᠡᠪᠰᠢᠬᠦᠯᠬᠦ ᠭᠡᠷᠡᠭᠳᠡᠢ᠃ ᠵᠤᠭ᠎ᠠ ᠰᠡᠯᠡᠬᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠤᠭᠠᠴᠠᠯ ᠤᠨ ᠨᠡᠷᠡᠲᠦ ᠲᠡᠮᠳᠡᠭ ᠤᠨ ᠰᠢᠰᠲᠧᠮ ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠶᠢ ᠡᠬᠦᠳᠴᠦ ᠠᠬᠢᠭᠤᠯᠤᠨ᠂ ᠨᠢᠬᠡ ᠪᠦᠯᠦᠭ ᠲᠡᠭᠷᠢ ᠨᠢ ᠴᠡᠯᠮᠡᠭ᠂ ᠲᠠᠯ᠎ᠠ ᠨᠢ ᠨᠤᠭᠤᠭᠠᠨ᠂ ᠤᠰᠤ ᠨᠢ ᠲᠤᠩᠭᠠᠯᠠᠭ᠂ ᠤᠷᠤᠰᠢᠨ ᠰᠠᠭᠤᠬᠤ ᠳᠤ ᠲᠠᠭᠠᠯᠠᠮᠵᠢᠲᠠᠢ᠂ ᠠᠵᠢᠯ ᠦᠢᠯᠡᠰ ᠡᠷᠬᠢᠯᠡᠬᠦ ᠳᠤ ᠲᠤᠬᠢᠷᠠᠮᠵᠢᠲᠠᠢ ᠦᠵᠡᠰᠬᠦᠯᠡᠩᠲᠦ ᠰᠠᠶᠢᠬᠠᠨ ᠵᠤᠭ᠎ᠠ ᠰᠡᠯᠡᠬᠦᠴᠡᠯ ᠤᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ ︔ ᠨᠢᠬᠡ ᠪᠦᠯᠦᠭ ᠴᠢᠲᠠᠪᠬᠢ ᠪᠠᠷ ᠪᠦᠷᠢᠨ᠂ ᠪᠠᠶᠢᠷᠢᠰᠢᠯ ᠢᠶᠠᠷ ᠵᠦᠢ ᠵᠤᠬᠢᠰᠲᠠᠢ ᠤᠲᠤ ᠦᠶ᠎ᠡ ᠶᠢᠨ ᠵᠤᠭ᠎ᠠ ᠰᠡᠯᠡᠬᠦᠴᠡᠯ ᠤᠨ ᠲᠠᠷᠢᠶᠠᠯᠠᠩ ᠤᠨ ᠬᠦᠷᠢᠶᠡᠯᠡᠩ ᠲᠤᠭᠤᠷᠢᠭ ᠢ ᠪᠦᠲᠦᠭᠡᠨ ᠪᠠᠶᠢᠭᠤᠯᠤᠨ᠎ᠠ︔ ᠨᠢᠬᠡ ᠪᠦᠯᠦᠭ ᠤᠷᠤᠯᠭ᠎ᠠ ᠶᠢ ᠨᠡᠮᠡᠭᠳᠡᠬᠦᠯᠬᠦ ᠲᠤᠭᠲᠠᠴᠠ ᠪᠠᠷ ᠪᠦᠷᠢᠨ᠂ ᠵᠢᠱᠢᠶ᠎ᠡ ᠦᠵᠡᠬᠦᠯᠬᠦ ᠲᠠᠶᠢᠴᠢᠯᠠᠬᠤ ᠬᠦᠴᠦᠨ ᠢᠶᠠᠷ ᠴᠢᠩᠭ᠎ᠠ ᠤᠲᠤ ᠦᠶ᠎ᠡ ᠶᠢᠨ ᠵᠤᠭ᠎ᠠ ᠰᠡᠯᠡᠬᠦᠴᠡᠯ ᠤᠨ ᠲᠠᠷᠢᠶᠠᠯᠠᠬᠤ ᠲᠤᠰᠬᠤᠨ ᠢ ᠪᠦᠲᠦᠭᠡᠨ ᠪᠠᠶᠢᠭᠤᠯᠤᠨ᠎ᠠ︔ ᠵᠤᠭ᠎ᠠ ᠰᠡᠯᠡᠬᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠤᠭᠠᠴᠠᠯ ᠤᠨ ᠶᠡᠭᠡ ᠬᠤᠷᠠᠯ᠂ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠤ ᠵᠤᠭᠠᠴᠠᠯ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠤᠨ᠎ᠠ᠃ ᠡᠯ᠎ᠡ ᠭᠠᠵᠠᠷ ᠤᠷᠤᠨ ᠤ ᠪᠤᠲᠠᠲᠦ ᠪᠠᠶᠢᠲᠠᠯ ᠢᠶᠠᠨ ᠦᠨᠲᠦᠰᠦᠯᠡᠵᠦ ᠤᠨᠴᠠᠯᠢᠭ ᠢᠶᠠᠷ ᠲᠤᠪᠤᠶᠢᠮ᠎ᠠ ᠲᠦᠷᠦᠯ ᠲᠡᠮᠳᠡᠭ ᠡᠬᠦᠳᠬᠦ ᠶᠢ ᠵᠤᠷᠢᠬᠵᠢᠭᠤᠯᠤᠨ᠎ᠠ᠃      2. ᠤᠯᠠᠨ ᠨᠡᠶᠢᠳᠡ ᠶᠢᠨ ᠲᠦᠬᠦᠭᠡᠷᠦᠮᠵᠢ ᠶᠢ ᠪᠦᠷᠢᠨᠰᠢᠬᠦᠯᠵᠦ ᠲᠡᠰ ᠲᠡᠪᠰᠢᠬᠦᠯᠦᠨ᠎ᠡ᠃ ᠵᠠᠰᠠᠭ ᠤᠨ ᠤᠷᠲᠤᠨ ᠂ ᠨᠡᠶᠢᠬᠡᠮ ᠪᠠ ᠮᠦᠡᠭᠬᠦᠨ ᠬᠦᠢᠯᠬᠡᠬᠡᠨ ᠤ ᠪᠠᠶᠢᠭᠤᠯᠤᠮᠵᠢ ᠵᠡᠷᠭᠡ ᠶᠢ ᠠᠰᠢᠬᠯᠠᠨ ᠠᠳᠠᠯᠢ ᠪᠤᠰᠤ ᠠᠷᠭ᠎ᠠ ᠵᠠᠮ ᠢᠶᠠᠷ ᠪᠡᠯᠡ ᠮᠦᠡᠭᠬᠦ ᠬᠤᠷᠠᠮᠲᠤᠭᠤᠯᠵᠦ᠂ ᠵᠤᠭ᠎ᠠ ᠰᠡᠯᠡᠬᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠤᠭᠠᠴᠠᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠬᠦ ᠬᠦᠴᠦᠯᠡᠴᠡ ᠪᠠᠨ ᠨᠡᠮᠡᠭᠳᠡᠬᠦᠯᠦᠨ᠎ᠡ᠃ ᠪᠤᠲᠠᠲᠦ ᠪᠠᠶᠢᠲᠠᠯ ᠳᠠᠭᠠᠨ ᠲᠤᠬᠢᠷᠠᠭᠤᠯᠤᠨ ᠦᠪᠡᠷ ᠤᠨ ᠢᠶᠠᠨ ᠭᠡᠬᠦ ᠤᠨᠴᠠᠯᠢᠭ ᠲᠠᠢ ᠢᠵᠢ ᠪᠦᠷᠢᠲᠦᠭᠰᠡᠨ ᠦᠢᠯᠡᠴᠢᠯᠡᠭᠡᠨ ᠤ ᠲᠤᠨᠤᠭ ᠲᠦᠬᠦᠭᠡᠷᠦᠮᠵᠢ ᠪᠦᠷᠢᠲᠦᠬᠦᠯᠬᠦ ᠶᠢ ᠵᠤᠷᠢᠭᠵᠢᠭᠤᠯᠤᠨ᠎ᠠ᠃      3. ᠦᠢᠯᠡᠴᠢᠯᠡᠬᠡᠨ ᠤ ᠲᠦᠪᠰᠢᠨ ᠢᠶᠠᠨ ᠲᠡᠭᠡᠭᠰᠢᠯᠡᠬᠦᠯᠵᠦ ᠲᠡᠰ ᠲᠡᠪᠰᠢᠬᠦᠯᠦᠨ᠎ᠡ᠃ ᠵᠤᠭ᠎ᠠ ᠰᠡᠯᠡᠬᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠤᠭᠠᠴᠠᠯ ᠤᠨ ᠴᠢᠲᠠᠪᠦᠷᠢᠲᠠᠨ ᠢ ᠪᠤᠯᠪᠠᠰᠤᠷᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠵᠦ᠂ ᠨᠢᠬᠡ ᠪᠦᠯᠦᠭ ᠢᠳᠡᠪᠬᠢ ᠴᠢᠨᠠᠷ ᠲᠠᠢ᠂ ᠬᠡᠪ ᠪᠤᠯᠪᠠᠰᠤᠷᠠᠯ ᠢᠶᠠᠷ ᠴᠢᠩᠭ᠎ᠠ᠂ ᠡᠵᠡᠩᠨᠡᠬᠦ ᠳᠡᠭᠡᠨ ᠴᠢᠲᠠᠮᠠᠭᠠᠢ ᠬᠠᠮᠢᠶᠠᠷᠤᠯᠲᠠ ᠡᠵᠡᠩᠨᠡᠯᠳᠡ ᠶᠢᠨ ᠴᠢᠲᠠᠪᠦᠷᠢᠲᠠᠨ ᠢ ᠬᠦᠮᠦᠵᠢᠬᠦᠯᠵᠦ᠂ ᠲᠤᠰᠬᠠᠢ ᠮᠡᠷᠭᠡᠵᠢᠯ ᠤᠨ ᠠᠵᠢᠯᠲᠠᠳ ᠤᠨ ᠦᠢᠯᠡᠴᠢᠯᠡᠭᠡ ᠶᠢᠨ ᠲᠦᠷᠢᠮᠵᠢᠯ ᠪᠠ ᠪᠠᠷᠢᠮᠵᠢᠶᠠᠵᠢᠯ ᠤᠨ ᠲᠦᠪᠰᠢᠨ ᠢ ᠲᠡᠭᠡᠭᠰᠢᠯᠡᠬᠦᠯᠵᠦ᠂ ᠤᠯᠠᠨ ᠵᠦᠢᠯ ᠤᠨ ᠰᠤᠷᠭᠠᠨ ᠬᠦᠮᠦᠵᠢᠬᠦᠯᠬᠦ ᠲᠠᠪᠲᠠᠨ ᠪᠤᠯᠪᠠᠰᠤᠷᠠᠭᠤᠯᠬᠤ ᠠᠷᠭ᠎ᠠ ᠶᠢ ᠭᠡᠷᠡᠭᠯᠡᠨ ᠲᠤᠬᠠᠢᠢᠯᠠᠬᠰᠠᠨ ᠠᠵᠢᠯᠲᠠᠳ ᠤᠨ ᠬᠡᠪ ᠪᠤᠯᠪᠠᠰᠤᠷᠠᠯ ᠪᠠ ᠴᠢᠲᠠᠪᠦᠷᠢ ᠶᠢ ᠲᠡᠭᠡᠭᠰᠢᠯᠡᠬᠦᠯᠦᠨ᠎ᠡ᠃      4. ᠲᠠᠷᠢᠶᠠᠯᠠᠬᠤ ᠰᠤᠶᠤᠯ ᠢ ᠤᠯᠠᠮᠵᠢᠯᠠᠵᠦ ᠲᠡᠰ ᠲᠡᠪᠰᠢᠬᠦᠯᠦᠨ᠎ᠠ᠃ ᠡᠬᠢ ᠪᠠᠶᠠᠯᠢᠭ ᠤᠨ ᠲᠠᠪᠠᠭᠤᠯᠢᠭ᠂ ᠰᠤᠶᠤᠯ ᠲᠡᠦᠬᠡ ᠪᠠ ᠠᠵᠦ ᠦᠢᠯᠡᠰ ᠤᠨ ᠤᠨᠴᠠᠯᠢᠭ ᠲᠠᠢ ᠪᠠᠨ ᠤᠶᠠᠯᠲᠤᠭᠤᠯᠵᠦ᠂ ᠬᠦᠳᠡᠭᠡ ᠲᠤᠰᠬᠤᠨ ᠤ ᠰᠤᠶᠤᠯ ᠢ ᠬᠦᠨ ᠠᠭᠤᠲᠠᠯᠵᠦ᠂ ᠵᠤᠭ᠎ᠠ ᠰᠡᠯᠡᠬᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠤᠭᠠᠴᠠᠯ ᠤᠨ ᠰᠤᠶᠤᠯ ᠤᠨ ᠵᠦᠬᠡᠯᠡᠨ ᠪᠤᠲᠠᠲᠦ ᠬᠦᠴᠦᠨ ᠪᠠ ᠦᠷᠢᠰᠦᠯᠲᠦᠬᠦ ᠬᠦᠴᠦᠨ ᠢ ᠲᠡᠭᠡᠭᠰᠢᠯᠡᠬᠦᠯᠵᠦ᠂ ᠲᠤᠮᠲᠠᠲᠦ ᠤᠯᠤᠰ ᠤᠨ ᠴᠢᠬᠤᠯᠠ ᠲᠠᠷᠢᠶᠠᠯᠠᠬᠤ ᠰᠤᠶᠤᠯ ᠢ ᠬᠦᠨᠵᠡᠬᠡᠢ ᠠᠭᠤᠲᠠᠯᠵᠦ᠂ ᠬᠠᠮᠠᠭᠠᠯᠠᠬᠤ᠂ ᠬᠢᠨᠠᠨ ᠲᠤᠭᠲᠠᠭᠠᠬᠤ ᠪᠠ ᠤᠯᠠᠮᠵᠢᠯᠠᠵᠦ ᠠᠰᠢᠬᠯᠠᠬᠤ ᠠᠵᠢᠯ ᠢ ᠰᠠᠶᠢᠲᠦᠷ ᠬᠢᠨ᠎ᠡ᠃      5. ᠲᠦᠷᠢᠮᠵᠢᠬᠦᠯᠦᠨ ᠬᠠᠮᠢᠶᠠᠷᠬᠤ ᠶᠢ ᠴᠢᠬᠤᠯᠠᠴᠢᠯᠠᠵᠦ ᠲᠡᠰ ᠲᠡᠪᠰᠢᠬᠦ ᠶᠢ ᠠᠬᠢᠭᠤᠯᠤᠨ᠎ᠠ᠃ ᠠᠵᠢᠯ ᠲᠦᠷᠦᠯ ᠤᠨ ᠪᠠᠷᠢᠮᠵᠢᠶ᠎ᠠ ᠶᠢ ᠲᠤᠭᠲᠠᠭᠠᠵᠦ ᠵᠠᠰᠠᠪᠦᠷᠢ ᠤᠷᠤᠭᠤᠯᠬᠤ ᠪᠠ ᠤᠬᠠᠭᠤᠯᠵᠦ ᠲᠤᠤᠱᠯᠠᠭᠤᠯᠬᠤ ᠬᠦᠴᠦᠯᠡᠴᠡ ᠪᠠᠨ ᠨᠡᠮᠡᠭᠳᠡᠬᠦᠯᠦᠨ᠂ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢᠨ ᠦᠢᠯᠡᠲᠦᠯ ᠢᠶᠠᠨ ᠪᠠᠲᠠᠷᠠᠭᠤᠯᠵᠦ᠂ ᠬᠠᠮᠢᠶᠠᠷᠤᠯᠲᠠ ᠦᠢᠯᠡᠴᠢᠯᠡᠭᠡᠨ ᠤ ᠰᠢᠰᠲ᠋ᠧᠮ ᠢᠶᠠᠨ ᠲᠡᠬᠦᠯᠳᠡᠷᠵᠢᠬᠦᠯᠵᠦ᠂ ᠦᠨᠡᠨᠴᠢ ᠢᠳᠡᠭᠡᠯ ᠤᠨ ᠰᠤᠷᠭᠠᠨ ᠬᠦᠮᠦᠵᠢᠯ᠂ ᠵᠤᠭᠠᠴᠠᠯ ᠤᠨ ᠦᠢᠯᠡᠴᠢᠯᠡᠭᠡ ᠶᠢ ᠬᠢᠨᠠᠨ ᠲᠤᠭᠲᠠᠭᠠᠬᠤ ᠪᠠ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠢ ᠴᠢᠩᠭᠠᠳᠬᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号