︵2015ᠣᠨ ᠤ 10 ᠰᠠᠷ᠎ᠠ ᠶᠢᠨ 30 ᠤ ᠡᠳᠦᠷ ᠬᠥᠬᠡᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠲᠠᠪᠤᠳᠤᠭᠠᠷ | ᠤᠳᠠᠭᠠᠨ ᠤ ᠬᠤᠷᠠᠯᠳᠤᠭᠠᠨ ᠢᠶᠠᠷ ᠪᠠᠲᠤᠯᠠᠵᠤ ᠂ 2016 ᠣᠨ ᠤ 1 ᠰᠠᠷ᠎ᠠ ᠶᠢᠨ 15 ᠤ ᠡᠳᠦᠷ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠳᠣᠭᠠᠷ ᠤᠳᠠᠭᠠᠨ ᠤ | ᠬᠤᠷᠠᠯᠳᠣᠭᠠᠨ ᠢᠶᠠᠷ ᠵᠥᠪᠰᠢᠶᠡᠷᠡᠪᠡ ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠬᠤᠲᠠ ᠶᠢᠨ ᠣᠰᠣ ᠬᠠᠩᠭᠠᠬᠤ ᠣᠰᠣ ᠬᠡᠷᠡᠭᠯᠡᠬᠦ ᠠᠵᠢᠯᠯᠠᠭ᠎ᠠ ᠶᠢ ᠵᠢᠷᠣᠮᠵᠢᠭᠤᠯᠣᠨ᠂ | ᠣᠰᠣ ᠬᠠᠩᠭᠠᠬᠤ ᠣᠰᠣ ᠬᠡᠷᠡᠭᠯᠡᠬᠦ ᠬᠤᠶᠠᠷ ᠲᠠᠯ᠎ᠠ ᠶᠢᠨ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠵᠣ᠂ ︽ | ᠪᠦᠬᠦᠲᠡ ᠨᠠᠶᠢᠷᠠᠮᠳᠠᠬᠤ ᠲᠣᠮᠲᠠᠲᠣ ᠠᠷᠠᠳ ᠣᠯᠣᠰ ᠤᠨ ᠣᠰᠣᠨ ᠤ ᠬᠠᠣᠯᠢ︾᠂ ᠲᠦᠷᠦ ᠶᠢᠨ ᠶᠠᠪᠣᠳᠠᠯ ᠤᠨ | ᠬᠤᠷᠢᠶᠠᠨ ᠤ ︽ᠬᠤᠲᠠ ᠶᠢᠨ ᠣᠰᠣ ᠬᠠᠩᠭᠠᠬᠤ ᠳᠦᠷᠢᠮ︾ ᠵᠡᠷᠭᠡ ᠬᠠᠮᠢᠶ᠎ᠠ ᠪᠦᠬᠦᠢ ᠬᠠᠣᠯᠢ ᠴᠠᠭᠠᠵᠠ᠂ ᠬᠠᠣᠯᠢ | ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠲᠠᠲᠠᠢ ᠲᠠᠢ ᠣᠶᠠᠯᠳᠣᠭᠤᠯᠵᠣ᠂ ᠲᠣᠰ ᠳᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠲᠣᠰ ᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠳᠠᠬᠢ ᠬᠤᠲᠠ ᠶᠢᠨ ᠣᠰᠣ | ᠬᠠᠩᠭᠠᠬᠤ ᠣᠰᠣ ᠬᠡᠷᠡᠭᠯᠡᠬᠦ ᠵᠢᠴᠢ ᠬᠤᠯᠪᠣᠭᠳᠠᠯ ᠪᠦᠬᠦᠢ ᠠᠵᠢᠯᠯᠠᠭ᠎ᠠ ᠳᠤ ᠲᠣᠰ ᠳᠦᠷᠢᠮ ᠢ ᠵᠢᠷᠣᠮᠯᠠᠨ᠎ᠠ᠃ | ᠭᠤᠷᠪᠠᠳᠤᠭᠠᠷ ᠵᠦᠢᠯ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠲᠣᠰ ᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠳᠠᠬᠢ ᠬᠤᠲᠠ ᠶᠢᠨ ᠣᠰᠣ ᠬᠠᠩᠭᠠᠬᠤ ᠣᠰᠣ | ᠬᠡᠷᠡᠭᠯᠡᠬᠦ ᠬᠢᠨᠠᠯᠲᠠ ᠬᠠᠮᠢᠶᠠᠷᠣᠯᠲᠠ ᠶᠢᠨ ᠠᠵᠢᠯ ᠢ ᠬᠠᠷᠢᠭᠤᠴᠠᠵᠣ᠂ ᠣᠰᠣ ᠬᠠᠩᠭᠠᠬᠤ ᠲᠦᠬᠦᠭᠡᠷᠦᠮᠵᠢ ᠶᠢ ᠡᠪᠳᠡᠬᠦ ᠪᠠ | ᠬᠠᠣᠯᠢ ᠪᠣᠰᠣ ᠪᠠᠷ ᠣᠰᠣ ᠠᠪᠬᠤ ᠠᠵᠢᠯᠯᠠᠭ᠎ᠠ ᠶᠢ ᠪᠠᠶᠢᠴᠠᠭᠠᠨ ᠰᠢᠢᠳᠬᠡᠵᠣ᠂ ᠣᠰᠣ ᠬᠠᠩᠭᠠᠬᠤ ᠣᠰᠣ ᠬᠡᠷᠡᠭᠯᠡᠬᠦ | ᠠᠮᠣᠷ ᠲᠦᠪᠰᠢᠨ ᠢ ᠪᠠᠲᠣᠯᠠᠨ᠎ᠠ᠃ | ᠬᠤᠲᠠ ᠶᠢᠨ ᠬᠦᠭᠵᠢᠬᠦᠯᠦᠯᠲᠠ ᠦᠭᠡᠷᠡᠴᠢᠯᠡᠯᠲᠡ᠂ ᠡᠳ᠋ ᠤᠨ ᠵᠠᠰᠠᠭ᠂ ᠣᠯᠣᠰ ᠤᠨ ᠭᠠᠵᠠᠷ ᠰᠢᠷᠣᠢ ᠡᠬᠢ | ᠪᠠᠶᠠᠯᠢᠭ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ᠂ ᠲᠦᠯᠦᠪᠵᠢᠬᠦᠯᠭᠡ᠂ ᠡᠷᠡᠬᠦᠯ ᠬᠠᠮᠠᠭᠠᠯᠠᠯ᠂ ᠣᠷᠴᠢᠨ | ᠲᠣᠭᠤᠷᠢᠨ ᠤ ᠬᠠᠮᠠᠭᠠᠯᠠᠯᠲᠠ᠂ ᠲᠣᠲᠣᠭᠠᠲᠣ ᠶᠢ ᠬᠠᠮᠠᠭᠠᠯᠠᠬᠤ᠂ ᠣᠷᠣᠨ ᠰᠠᠭᠤᠴᠠ ᠶᠢᠨ ᠪᠠᠲᠣᠯᠠᠭ᠎ᠠ᠂ ᠴᠢᠨᠠᠷ | ᠴᠢᠨᠰᠠᠭ᠎ᠠ ᠶᠢᠨ ᠬᠢᠨᠠᠯᠲᠠ ᠵᠡᠷᠭᠡ ᠰᠠᠯᠠᠭ᠎ᠠ ᠮᠦᠴᠢᠷ ᠨᠢ ᠲᠣᠰ ᠲᠣᠰ ᠤᠨ ᠲᠣᠰᠢᠶᠠᠯ ᠬᠠᠷᠢᠭᠤᠴᠠᠯᠭ᠎ᠠ ᠶᠣᠰᠣᠭᠠᠷ | ᠬᠤᠲᠠ ᠶᠢᠨ ᠣᠰᠣ ᠬᠠᠩᠭᠠᠬᠤ ᠣᠰᠣ ᠬᠡᠷᠡᠭᠯᠡᠬᠦ ᠠᠵᠢᠯ ᠢ ᠬᠠᠮᠵᠢᠯᠴᠠᠨ ᠰᠠᠶᠢᠲᠣᠷ ᠬᠢᠨ᠎ᠡ᠃ | ᠶᠠᠮᠠᠷᠪᠠ ᠨᠢᠭᠡᠴᠢ ᠪᠠ ᠬᠤᠪᠢ ᠬᠦᠮᠦᠨ ᠳᠤ ᠴᠦᠮ ᠣᠰᠣ ᠬᠠᠩᠭᠠᠬᠤ ᠣᠰᠣᠨ ᠰᠣᠷᠪᠣᠯᠵᠢ ᠶᠢ | ᠪᠣᠬᠢᠷᠳᠣᠭᠤᠯᠬᠤ᠂ ᠣᠰᠣ ᠬᠠᠩᠭᠠᠬᠤ ᠲᠦᠬᠦᠭᠡᠷᠦᠮᠵᠢ ᠶᠢ ᠡᠪᠳᠡᠬᠦ ᠪᠠ ᠬᠠᠣᠯᠢ ᠠᠴᠠ ᠵᠦᠷᠢᠴᠡᠭᠰᠡᠨ ᠣᠰᠣ ᠬᠡᠷᠡᠭᠯᠡᠬᠦ | ᠠᠵᠢᠯᠯᠠᠭ᠎ᠠ ᠶᠢ ᠬᠤᠷᠢᠭᠯᠠᠬᠤ ᠪᠠ ᠢᠯᠡᠴᠢᠯᠡᠨ ᠮᠡᠳᠡᠬᠦᠯᠬᠦ ᠡᠷᠭᠡ ᠲᠠᠢ᠃ | ᠲᠦᠷᠪᠡᠳᠦᠭᠡᠷ ᠵᠦᠢᠯ ᠲᠣᠰ ᠬᠤᠲᠠ ᠶᠢᠨ ᠬᠤᠲᠠ ᠶᠢᠨ ᠣᠰᠣ ᠬᠠᠩᠭᠠᠯᠭ᠎ᠠ ᠣᠰᠣᠨ ᠬᠡᠷᠡᠭᠯᠡᠯᠲᠡ ᠳᠤ | ᠬᠠᠮᠤᠭ ᠴᠢᠩᠭ᠎ᠠ ᠣᠰᠣᠨ ᠰᠣᠷᠪᠣᠯᠵᠢ ᠶᠢᠨ ᠬᠠᠮᠢᠶᠠᠷᠣᠯᠲᠠ ᠶᠢᠨ ᠳᠦᠷᠢᠮ ᠢ ᠬᠡᠷᠡᠭᠵᠢᠬᠦᠯᠵᠣ᠂ ᠣᠰᠣ ᠬᠡᠷᠡᠭᠯᠡᠬᠦ | ᠶᠡᠷᠦᠩᠭᠡᠢ ᠬᠡᠮᠵᠢᠶ᠎ᠡ ᠶᠢ ᠴᠢᠩᠭ᠎ᠠ ᠡᠵᠡᠮᠳᠡᠵᠣ᠂ ᠣᠰᠣ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ︔ | ᠬᠤᠲᠠ ᠶᠢᠨ ᠣᠰᠣ ᠬᠠᠩᠭᠠᠬᠤ ᠣᠰᠣᠨ ᠤ ᠬᠡᠮᠵᠢᠶ᠎ᠡ ᠬᠢᠭᠡᠳ ᠣᠰᠣᠨ ᠤ ᠴᠢᠨᠠᠷ ᠢ ᠵᠡᠷᠭᠡᠪᠡᠷ ᠴᠢᠬᠤᠯᠠᠴᠢᠯᠠᠬᠤ ᠶᠢ | ᠪᠠᠲᠣᠯᠠᠵᠣ᠂ ᠰᠠᠭᠤᠭᠠᠯᠢ ᠠᠷᠠᠳ ᠤᠨ ᠠᠮᠢᠳᠣᠷᠠᠯ ᠤᠨ ᠣᠰᠣᠨ ᠬᠡᠷᠡᠭᠯᠡᠯᠲᠡ ᠶᠢ ᠡᠩ ᠲᠡᠷᠢᠬᠦᠨ ᠳᠤ ᠪᠠᠲᠣᠯᠠᠵᠣ᠂ | ᠣᠰᠣᠨ ᠴᠢᠨᠠᠷ ᠢᠶᠠᠷ ᠲᠦᠷᠦᠯᠵᠢᠬᠦᠯᠦᠨ ᠣᠰᠣ ᠬᠠᠩᠭᠠᠬᠤ ᠶᠢ ᠬᠡᠷᠡᠭᠵᠢᠬᠦᠯᠦᠨ᠂ ᠦᠢᠯᠡᠳᠪᠦᠷᠢᠯᠡᠯ ᠳᠤ ᠬᠡᠷᠡᠭᠯᠡᠬᠦ | ᠣᠰᠣ ᠵᠢᠴᠢ ᠪᠣᠰᠣᠳ ᠣᠰᠣᠨ ᠬᠡᠷᠡᠭᠯᠡᠯᠲᠡ ᠶᠢ ᠨᠢᠭᠡᠳᠦᠯᠲᠠᠢ ᠲᠦᠯᠦᠪᠯᠡᠵᠣ ᠨᠡᠶᠢᠲᠡ ᠳᠤᠨᠢ ᠬᠠᠷᠠᠭᠠᠯᠵᠠᠨ᠎ᠠ᠃ | ᠲᠠᠪᠤᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠣᠰᠣ ᠬᠠᠩᠭᠠᠬᠤ | ᠣᠰᠣ ᠬᠡᠷᠡᠭᠯᠡᠬᠦ ᠦᠢᠯᠡᠰ ᠤᠨ ᠬᠦᠭᠵᠢᠬᠦᠯᠦᠯᠲᠡ ᠶᠢ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ | ᠬᠦᠭᠵᠢᠯᠲᠡ ᠶᠢᠨ ᠲᠦᠯᠦᠪᠵᠢᠬᠦᠯᠭᠡ ᠳᠤ ᠣᠷᠣᠭᠤᠯᠬᠤ ᠶᠢᠨ ᠬᠠᠮᠲᠣ ᠡᠳ᠋ ᠤᠨ ᠵᠠᠰᠠᠭ ᠤᠨ ᠲᠦᠰᠦᠪ ᠲᠤ ᠲᠣᠰᠬᠠᠢ | ᠲᠦᠷᠦᠯ ᠤᠨ ᠪᠡᠯᠡ ᠮᠦᠩᠬᠦ ᠶᠢ ᠲᠣᠬᠢᠷᠠᠭᠤᠯᠵᠣ᠂ ᠣᠰᠣ ᠬᠠᠩᠭᠠᠬᠤ ᠣᠰᠣ ᠬᠡᠷᠡᠭᠯᠡᠬᠦ ᠦᠢᠯᠡᠰ ᠤᠨ ᠡᠷᠡᠬᠦᠯ ᠢᠶᠠᠷ | ᠬᠦᠭᠵᠢᠬᠦ ᠶᠢ ᠪᠠᠲᠣᠯᠠᠬᠤ ᠬᠡᠷᠡᠭᠲᠠᠢ᠃ | ᠵᠢᠷᠭᠤᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠣᠰᠣᠨ ᠶᠠᠪᠣᠳᠠᠯ | ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠡᠷᠡᠬᠦᠯ ᠬᠠᠮᠠᠭᠠᠯᠠᠯ | ᠵᠡᠷᠭᠡ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠ ᠣᠰᠣ ᠬᠠᠩᠭᠠᠬᠤ ᠠᠵᠣ ᠠᠬᠤᠶᠢᠯᠠᠯ ᠢ | ᠵᠣᠬᠢᠶᠠᠨ ᠪᠠᠶᠢᠭᠤᠯᠵᠣ᠂ ᠣᠰᠣᠨ ᠬᠠᠩᠭᠠᠯᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠬᠠᠣᠯᠢ ᠶᠣᠰᠣᠭᠠᠷ | ᠲᠣᠭᠤᠷᠪᠢᠨ ᠲᠣᠭᠲᠠᠭᠠᠬᠤ ᠶᠢᠨ ᠬᠠᠮᠲᠣ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠣᠯᠪᠠᠰᠣᠷᠠᠯ ᠢ | ᠲᠣᠭᠲᠠᠭᠰᠠᠨ ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠬᠡᠷᠡᠭᠲᠠᠢ᠃ | ᠲᠤᠯᠤᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠣᠯᠠᠨ | ᠨᠡᠶᠢᠲᠡ ᠶᠢᠨ ᠣᠰᠣᠨ ᠬᠠᠩᠭᠠᠯᠲᠠ ᠪᠠᠷ ᠭᠤᠣᠯ ᠴᠣᠭᠴᠠ ᠪᠣᠯᠭᠠᠭᠰᠠᠨ᠂ ᠪᠡᠯᠡᠳᠬᠡᠯ ᠣᠰᠣᠨ ᠰᠣᠷᠪᠣᠯᠵᠢ ᠵᠢᠴᠢ | ᠪᠣᠰᠣᠳ ᠬᠡᠯᠪᠡᠷᠢ ᠶᠢᠨ ᠳᠡᠭᠡᠲᠦ ᠬᠡᠮᠵᠢᠶ᠎ᠡ ᠪᠠᠷ ᠴᠡᠪᠡᠷᠰᠢᠬᠦᠯᠦᠭᠰᠡᠨ ᠣᠰᠣ ᠪᠠᠷ ᠨᠦᠬᠦᠪᠦᠷᠢ ᠪᠣᠯᠭᠠᠭᠰᠠᠨ ᠬᠤᠲᠠ ᠶᠢᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠣᠰᠣᠨ ᠰᠣᠷᠪᠣᠯᠵᠢ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠠᠢ᠃ | ᠬᠤᠶᠠᠳᠤᠭᠠᠷ ᠪᠦᠯᠦᠭ ᠲᠦᠯᠦᠪᠵᠢᠬᠦᠯᠭᠡ ᠪᠠ ᠪᠦᠲᠦᠭᠡᠨ ᠪᠠᠶᠢᠭᠤᠯᠣᠯᠲᠠ | ᠨᠠᠢᠮᠠᠳᠤᠭᠠᠷ ᠵᠦᠢᠯ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠬᠦᠭᠵᠢᠬᠦᠯᠦᠯᠲᠡ ᠪᠠ ᠦᠭᠡᠷᠡᠴᠢᠯᠡᠯᠲᠡ᠂ ᠣᠯᠣᠰ ᠤᠨ ᠭᠠᠵᠠᠷ ᠰᠢᠷᠣᠢ ᠡᠬᠢ ᠪᠠᠶᠠᠯᠢᠭ᠂ ᠬᠤᠲᠠ | ᠬᠦᠳᠡᠭᠡ ᠶᠢᠨ ᠪᠦᠲᠦᠭᠡᠨ ᠪᠠᠶᠢᠭᠤᠯᠣᠯᠲᠠ᠂ ᠲᠦᠯᠦᠪᠵᠢᠬᠦᠯᠭᠡ᠂ ᠡᠷᠡᠬᠦᠯ ᠬᠠᠮᠠᠭᠠᠯᠠᠯ᠂ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠰᠠᠯᠠᠭ᠎ᠠ ᠮᠦᠴᠢᠷ ᠲᠠᠢ ᠬᠠᠮᠲᠣᠷᠠᠨ᠂ ᠣᠰᠣ ᠬᠠᠩᠭᠠᠬᠤ ᠲᠣᠰᠬᠠᠢ ᠲᠦᠷᠦᠯ ᠤᠨ | ᠲᠦᠯᠦᠪᠵᠢᠬᠦᠯᠭᠡ ᠶᠢ ᠲᠣᠭᠤᠷᠪᠢᠨ ᠲᠣᠭᠲᠠᠭᠠᠵᠣ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠵᠣ | ᠵᠦᠪᠰᠢᠶᠡᠷᠡᠬᠦᠯᠦᠭᠰᠡᠨ ᠤ ᠳᠠᠷᠠᠭ᠎ᠠ ᠬᠡᠷᠡᠭᠵᠢᠬᠦᠯᠬᠦ ᠬᠡᠷᠡᠭᠲᠠᠢ᠃ | ᠣᠰᠣ ᠬᠠᠩᠭᠠᠬᠤ ᠠᠵᠣ ᠠᠬᠤᠶᠢᠯᠠᠯ ᠨᠢ ᠣᠰᠣ ᠬᠠᠩᠭᠠᠬᠤ ᠲᠣᠰᠬᠠᠢ ᠲᠦᠷᠦᠯ ᠤᠨ ᠲᠦᠯᠦᠪᠵᠢᠬᠦᠯᠭᠡ ᠪᠠ | ᠬᠤᠲᠠ ᠶᠢᠨ ᠪᠦᠲᠦᠭᠡᠨ ᠪᠠᠶᠢᠭᠤᠯᠣᠯᠲᠠ ᠶᠢᠨ ᠬᠦᠭᠵᠢᠯᠲᠡ ᠶᠢᠨ ᠱᠠᠭᠠᠷᠳᠠᠯᠭ᠎ᠠ ᠶᠣᠰᠣᠭᠠᠷ ᠣᠨ ᠤ ᠪᠦᠲᠦᠭᠡᠨ | ᠪᠠᠶᠢᠭᠤᠯᠣᠯᠲᠠ ᠶᠢᠨ ᠲᠦᠯᠦᠪᠯᠡᠭᠡ ᠶᠢ ᠲᠣᠷᠠᠳᠴᠣ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠬᠠᠷᠭᠤᠭᠤᠯᠵᠣ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ | ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ ᠬᠡᠷᠡᠭᠵᠢᠬᠦᠯᠬᠦ ᠬᠡᠷᠡᠭᠲᠠᠢ᠃ | ᠶᠢᠰᠦᠳᠦᠭᠡᠷ ᠵᠦᠢᠯ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠪᠠ ᠬᠠᠭᠤᠴᠢᠨ ᠲᠣᠭᠤᠷᠢᠭ ᠢ | ᠦᠭᠡᠷᠡᠴᠢᠯᠡᠨ ᠪᠠᠶᠢᠭᠤᠯᠬᠤ ᠳᠤ᠂ ᠲᠦᠯᠦᠪᠵᠢᠬᠦᠯᠭᠡ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠣᠰᠣ ᠬᠠᠩᠭᠠᠬᠤ ᠲᠣᠰᠬᠠᠢ ᠲᠦᠷᠦᠯ ᠤᠨ | ᠲᠦᠯᠦᠪᠵᠢᠬᠦᠯᠭᠡ ᠶᠣᠰᠣᠭᠠᠷ᠂ ᠣᠰᠣ ᠬᠠᠩᠭᠠᠬᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠬᠡᠷᠡᠭᠯᠡᠬᠦ | ᠭᠠᠵᠠᠷ ᠢ ᠣᠷᠢᠳᠴᠢᠯᠠᠨ ᠦᠯᠡᠳᠡᠬᠡᠬᠦ ᠬᠡᠷᠡᠭᠲᠠᠢ᠃ ᠲᠦᠯᠦᠪᠵᠢᠬᠦᠯᠭᠡ ᠳᠤ ᠲᠣᠭᠲᠠᠭᠠᠭᠰᠠᠨ ᠣᠰᠣᠨ ᠤ ᠦᠢᠯᠡᠳᠪᠦᠷᠢ᠂ | ᠣᠰᠣᠨ ᠰᠣᠷᠪᠣᠯᠵᠢ ᠶᠢᠨ ᠬᠤᠳᠳᠤᠭ᠂ ᠣᠰᠣ ᠬᠠᠩᠭᠠᠬᠤ ᠬᠤᠭᠤᠯᠠᠢ ᠲᠣᠣᠷ ᠵᠡᠷᠭᠡ ᠣᠰᠣ ᠬᠠᠩᠭᠠᠬᠤ | ᠲᠦᠬᠦᠭᠡᠷᠦᠮᠵᠢ ᠶᠢᠨ ᠬᠡᠷᠡᠭᠯᠡᠬᠦ ᠭᠠᠵᠠᠷ ᠢ ᠶᠠᠮᠠᠷᠪᠠ ᠨᠢᠭᠡᠴᠢ ᠪᠠ ᠬᠤᠪᠢ ᠬᠦᠮᠦᠨ ᠨᠢ ᠡᠵᠡᠯᠡᠬᠦ ᠪᠣᠶᠣ ᠲᠣᠷ᠎ᠠ ᠪᠠᠷ | ᠬᠡᠷᠡᠭᠯᠡᠭᠡ ᠶᠢ ᠨᠢ ᠦᠭᠡᠷᠡᠴᠢᠯᠡᠵᠣ ᠪᠣᠯᠬᠤ ᠦᠭᠡᠢ᠃ | ᠠᠷᠪᠠᠳᠤᠭᠠᠷ ᠵᠦᠢᠯ ᠣᠰᠣ ᠬᠠᠩᠭᠠᠬᠤ ᠢᠨᠵᠧᠨᠧᠷᠢᠩ ᠨᠢ ᠣᠰᠣ ᠬᠠᠩᠭᠠᠬᠤ ᠲᠣᠰᠬᠠᠢ ᠲᠦᠷᠦᠯ ᠤᠨ | ᠲᠦᠯᠦᠪᠵᠢᠬᠦᠯᠭᠡ ᠪᠠ ᠣᠨ ᠤ ᠪᠦᠲᠦᠭᠡᠨ ᠪᠠᠶᠢᠭᠤᠯᠣᠯᠲᠠ ᠶᠢᠨ ᠲᠦᠯᠦᠪᠯᠡᠭᠡ ᠲᠠᠢ ᠨᠠᠶᠢᠴᠡᠵᠣ᠂ ᠬᠤᠲᠠ ᠶᠢᠨ | ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠪᠠᠶᠢᠴᠠᠭᠠᠯᠲᠠ ᠪᠠᠷ | ᠵᠦᠪᠰᠢᠶᠡᠷᠡᠬᠦᠯᠬᠦ ᠶᠢᠨ ᠬᠠᠮᠲᠣ ᠦᠨᠳᠦᠰᠦᠨ ᠪᠦᠲᠦᠭᠡᠨ ᠪᠠᠶᠢᠭᠤᠯᠣᠯᠲᠠ ᠶᠢᠨ ᠬᠢᠨᠠᠨ ᠵᠦᠪᠰᠢᠶᠡᠷᠡᠬᠦ ᠳᠠᠷᠠᠭᠠᠯᠠᠯ ᠢ | ᠭᠦᠢᠴᠡᠳᠬᠡᠭᠰᠡᠨ ᠤ ᠳᠠᠷᠠᠭ᠎ᠠ ᠰᠠᠶ᠋ᠢ ᠪᠠᠷᠢᠯᠭ᠎ᠠ ᠡᠬᠢᠯᠡᠬᠦᠯᠦᠨ ᠪᠦᠲᠦᠭᠡᠨ ᠪᠠᠶᠢᠭᠤᠯᠵᠣ ᠪᠣᠯᠬᠤ ᠪᠦᠭᠡᠳ ᠣᠯᠣᠰ᠂ | ᠦᠪᠡᠷᠲᠡᠭᠡᠨ ᠵᠠᠰᠠᠬᠤ ᠣᠷᠣᠨ ᠵᠢᠴᠢ ᠬᠠᠮᠢᠶ᠎ᠠ ᠪᠦᠬᠦᠢ ᠠᠵᠢᠯ ᠲᠦᠷᠦᠯ ᠤᠨ ᠮᠡᠷᠭᠡᠵᠢᠯ ᠤᠨ ᠪᠠᠷᠢᠮᠵᠢᠶ᠎ᠠ ᠪᠠ | ᠵᠢᠷᠣᠮᠵᠢᠯ ᠢ ᠴᠢᠩᠭ᠎ᠠ ᠬᠡᠷᠡᠭᠵᠢᠬᠦᠯᠬᠦ ᠬᠡᠷᠡᠭᠲᠠᠢ᠃ | ᠠᠷᠪᠠᠨ ᠨᠢᠭᠡᠳᠦᠭᠡᠷ ᠵᠦᠢᠯ ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ ᠨᠢ ᠢᠵᠢ ᠲᠦᠬᠦᠷᠵᠢᠬᠦᠯᠦᠨ | ᠪᠠᠶᠢᠭᠤᠯᠬᠤ ᠣᠰᠣᠨ ᠬᠠᠩᠭᠠᠯᠲᠠ ᠶᠢᠨ ᠲᠦᠬᠦᠭᠡᠷᠦᠮᠵᠢ ᠶᠢ ᠭᠤᠣᠯ ᠴᠣᠭᠴᠠᠲᠣ ᠢᠨᠵᠧᠨᠧᠷᠢᠩ ᠲᠠᠢ ᠵᠡᠷᠭᠡᠪᠡᠷ | ᠲᠦᠰᠦᠪᠯᠡᠵᠣ᠂ ᠵᠡᠷᠭᠡᠪᠡᠷ ᠪᠠᠷᠢᠵᠣ᠂ ᠵᠡᠷᠭᠡᠪᠡᠷ ᠰᠢᠯᠭᠠᠨ ᠬᠤᠷᠢᠶᠠᠵᠣ ᠲᠣᠰᠢᠶᠠᠨ ᠬᠡᠷᠡᠭᠯᠡᠬᠦᠯᠬᠦ ᠬᠡᠷᠡᠭᠲᠠᠢ᠃ | ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠪᠠᠷᠢᠯᠭ᠎ᠠ ᠶᠢᠨ ᠵᠢᠷᠤᠭ ᠢᠶᠠᠨ ᠬᠢᠨᠠᠨ ᠪᠠᠶᠢᠴᠠᠭᠠᠯᠭᠠᠬᠤ ᠪᠠᠷ | ᠭᠤᠶᠣᠴᠢᠯᠠᠬᠤ ᠠᠴᠠ ᠡᠮᠦᠨ᠎ᠡ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠲᠤ ᠣᠰᠣ ᠬᠠᠩᠭᠠᠬᠤ ᠲᠦᠬᠦᠭᠡᠷᠦᠮᠵᠢ ᠶᠢ ᠲᠦᠰᠦᠪᠯᠡᠬᠦ ᠲᠦᠰᠦᠯ ᠢᠶᠠᠨ ᠮᠡᠳᠡᠬᠦᠯᠦᠨ ᠬᠦᠷᠭᠡᠬᠦ ᠬᠡᠷᠡᠭᠲᠠᠢ᠃ | ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠣᠰᠣ ᠬᠠᠩᠭᠠᠬᠤ | ᠬᠤᠭᠤᠯᠠᠢ ᠶᠢᠨ ᠲᠣᠣᠷ ᠵᠢᠴᠢ ᠣᠰᠣ ᠬᠡᠷᠡᠭᠯᠡᠬᠦ ᠡᠷᠦᠭᠡ ᠶᠢᠨ ᠣᠰᠣ ᠬᠡᠷᠡᠭᠯᠡᠬᠦ ᠪᠠᠶᠢᠳᠠᠯ ᠢ ᠦᠨᠳᠦᠰᠦᠯᠡᠨ ᠠᠷᠪᠠᠨ | ᠠᠵᠢᠯᠯᠠᠬᠤ ᠡᠳᠦᠷ ᠤᠨ ᠲᠣᠲᠣᠷ᠎ᠠ ᠪᠢᠴᠢᠭ ᠤᠨ ᠬᠡᠯᠪᠡᠷᠢ ᠪᠠᠷ ᠰᠠᠨᠠᠯ ᠲᠣᠷᠠᠳᠴᠣ᠂ ᠪᠦᠲᠦᠭᠡᠨ ᠪᠠᠶᠢᠭᠤᠯᠣᠯᠲᠠ ᠶᠢᠨ | ᠨᠢᠭᠡᠴᠢ ᠳᠤ ᠬᠠᠷᠢᠭᠤ ᠦᠭᠬᠦ ᠬᠡᠷᠡᠭᠲᠠᠢ᠃ ᠣᠰᠣ ᠬᠠᠩᠭᠠᠬᠤ ᠲᠦᠬᠦᠭᠡᠷᠦᠮᠵᠢ ᠶᠢ ᠲᠦᠰᠦᠪᠯᠡᠬᠦ ᠲᠦᠰᠦᠯ ᠨᠢ ᠬᠢᠨᠠᠨ | ᠪᠠᠶᠢᠴᠠᠭᠠᠯᠲᠠ ᠶᠢ ᠳᠠᠮᠵᠢᠵᠣ ᠵᠦᠪᠰᠢᠶᠡᠷᠡᠬᠦᠯᠦᠭᠰᠡᠨ ᠤ ᠳᠠᠷᠠᠭ᠎ᠠ ᠰᠠᠶ᠋ᠢ ᠣᠰᠣ ᠬᠡᠷᠡᠭᠯᠡᠬᠦ ᠭᠠᠷᠳᠠᠮ ᠢ ᠭᠦᠢᠴᠡᠳᠬᠡᠵᠣ | ᠪᠣᠯᠣᠨ᠎ᠠ᠃ | ᠠᠷᠪᠠᠨ ᠬᠤᠶᠠᠳᠤᠭᠠᠷ ᠵᠦᠢᠯ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠰᠣ ᠬᠠᠩᠭᠠᠬᠤ | ᠲᠦᠬᠦᠭᠡᠷᠦᠮᠵᠢ ᠨᠢ ᠨᠢᠭᠡ ᠡᠷᠦᠭᠡ ᠳᠤ ᠨᠢᠭᠡ ᠬᠡᠮᠵᠢᠬᠦᠷ᠂ ᠣᠰᠣᠨ ᠤ ᠬᠡᠮᠵᠢᠬᠦᠷ ᠢ ᠡᠷᠦᠭᠡ ᠶᠢᠨ ᠭᠠᠳᠠᠨ᠎ᠠ ᠣᠭᠰᠠᠷᠠᠬᠤ | ᠂ ᠡᠷᠦᠭᠡ ᠪᠠᠷ ᠬᠡᠮᠵᠢᠭᠦᠷᠯᠡᠬᠦ ᠱᠠᠭᠠᠷᠳᠠᠯᠭ᠎ᠠ ᠶᠣᠰᠣᠭᠠᠷ ᠲᠦᠰᠦᠪᠯᠡᠬᠦ ᠪᠠ ᠪᠦᠲᠦᠭᠡᠨ ᠪᠠᠶᠢᠭᠤᠯᠬᠤ ᠬᠡᠷᠡᠭᠲᠠᠢ᠃ | ᠨᠢᠭᠡᠨᠲᠡ ᠪᠠᠶᠢᠭᠤᠯᠣᠭᠰᠠᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠰᠣ ᠬᠠᠩᠭᠠᠬᠤ ᠲᠦᠬᠦᠭᠡᠷᠦᠮᠵᠢ ᠨᠢ | ᠨᠦᠬᠦᠴᠡᠯ ᠢ ᠪᠦᠷᠢᠯᠳᠦᠬᠦᠯᠦᠭᠰᠡᠨ ᠪᠣᠯ ᠪᠦᠯᠦᠭ ᠣᠳᠠᠭ᠎ᠠ ᠬᠤᠪᠢᠶᠠᠨ ᠣᠰᠣᠨ ᠤ ᠬᠡᠮᠵᠢᠬᠦᠷ ᠢ ᠡᠷᠦᠭᠡ ᠶᠢᠨ ᠭᠠᠳᠠᠨ᠎ᠠ | ᠣᠭᠰᠠᠷᠠᠬᠤ ᠦᠭᠡᠷᠡᠴᠢᠯᠡᠯᠲᠡ ᠶᠢ ᠬᠡᠷᠡᠭᠵᠢᠬᠦᠯᠵᠣ᠂ ᠨᠢᠭᠡ ᠡᠷᠦᠭᠡ ᠳᠤ ᠨᠢᠭᠡ ᠬᠡᠮᠵᠢᠬᠦᠷ᠂ ᠡᠷᠦᠭᠡ ᠪᠠᠷ | ᠬᠡᠮᠵᠢᠭᠦᠷᠯᠡᠬᠦ ᠶᠢ ᠠᠯᠬᠤᠮ ᠠᠯᠬᠤᠮ ᠢᠶᠠᠷ ᠪᠡᠶᠡᠯᠡᠬᠦᠯᠬᠦ ᠬᠡᠷᠡᠭᠲᠠᠢ᠃ | ᠠᠷᠠᠯᠵᠢᠶᠠᠨ ᠤ ᠰᠠᠭᠤᠴᠠ ᠶᠢᠨ ᠶᠡᠷᠦᠩᠭᠡᠶᠢᠯᠡᠭᠰᠡᠨ ᠪᠠᠷᠢᠯᠭ᠎ᠠ ᠶᠢ ᠰᠢᠨ᠎ᠠ ᠪᠠᠷ ᠪᠠᠶᠢᠭᠤᠯᠬᠤ᠂ ᠦᠭᠡᠷᠡᠴᠢᠯᠡᠨ | ᠪᠠᠶᠢᠭᠤᠯᠬᠤ᠂ ᠦᠷᠭᠡᠳᠬᠡᠨ ᠪᠠᠶᠢᠭᠤᠯᠬᠤ ᠳᠤ ᠠᠷᠠᠯᠵᠢᠶᠠᠨ ᠳᠤ ᠬᠡᠷᠡᠭᠯᠡᠬᠦ ᠪᠠ ᠣᠷᠣᠨ ᠰᠠᠭᠤᠴᠠ ᠶᠢᠨ ᠣᠰᠣ | ᠬᠠᠩᠭᠠᠬᠤ ᠬᠤᠭᠤᠯᠠᠢ ᠶᠢ ᠠᠰ ᠠᠰ ᠲᠤᠨᠢ ᠲᠣᠬᠢᠷᠠᠭᠤᠯᠵᠣ᠂ ᠲᠣᠰᠠᠭᠠᠷ ᠨᠢ ᠬᠡᠮᠵᠢᠭᠦᠷᠯᠡᠬᠦ ᠬᠡᠷᠡᠭᠲᠠᠢ᠃ ᠰᠠᠭᠤᠭᠠᠯᠢ | ᠠᠷᠠᠳ ᠤᠨ ᠪᠣᠰᠣ ᠣᠰᠣ ᠬᠡᠷᠡᠭᠯᠡᠬᠦ ᠡᠷᠦᠭᠡ ᠨᠢ ᠡᠷᠦᠭᠡ ᠶᠢᠨ ᠭᠠᠳᠠᠨ᠎ᠠ ᠳ᠋ᠦᠩᠨᠡᠨ ᠪᠣᠳᠣᠬᠤ ᠬᠡᠮᠵᠢᠬᠦᠷ ᠤᠨ | ᠬᠤᠳᠳᠤᠭ ᠢ ᠲᠣᠬᠢᠷᠠᠭᠤᠯᠬᠤ ᠬᠡᠷᠡᠭᠲᠠᠢ᠃ | ᠠᠷᠪᠠᠨ ᠭᠤᠷᠪᠠᠳᠤᠭᠠᠷ ᠵᠦᠢᠯ ᠣᠰᠣ ᠬᠠᠩᠭᠠᠬᠤ ᠢᠨᠵᠧᠨᠧᠷᠢᠩ ᠵᠢᠴᠢ ᠲᠦᠭᠦᠭᠡᠷᠦᠮᠵᠢ ᠶᠢ ᠬᠠᠶᠢᠨ | ᠪᠠᠶᠢᠴᠠᠭᠠᠬᠤ᠂ ᠲᠦᠰᠦᠪᠯᠡᠬᠦ᠂ ᠪᠠᠷᠢᠬᠤ᠂ ᠬᠢᠨᠠᠨ ᠬᠠᠮᠢᠶᠠᠷᠬᠤ ᠶᠢ ᠡᠬᠦᠷᠭᠡᠯᠡᠬᠦ ᠨᠢᠭᠡᠴᠢ ᠨᠢ ᠵᠣᠬᠢᠴᠠᠩᠭᠤᠢ ᠬᠢᠷᠢ | ᠬᠡᠮ ᠲᠠᠢ ᠪᠠᠶᠢᠬᠤ ᠶᠢᠨ ᠬᠠᠮᠲᠣ ᠲᠡᠷᠢᠬᠦᠨ ᠤ ᠣᠷᠠᠯᠠᠯ᠂ ᠮᠡᠷᠭᠡᠵᠢᠯ ᠪᠠ ᠣᠯᠣᠰ᠂ ᠠᠵᠢᠯ ᠲᠦᠷᠦᠯ ᠪᠠ ᠣᠷᠣᠨ | ᠨᠣᠳᠤᠭ ᠤᠨ ᠪᠠᠷᠢᠮᠵᠢᠶ᠎ᠠ ᠳᠤ ᠨᠡᠶᠢᠴᠡᠭᠰᠡᠨ ᠲᠦᠬᠦᠭᠡᠷᠦᠮᠵᠢ᠂ ᠪᠠᠷᠢᠯᠭ᠎ᠠ ᠶᠢᠨ ᠮᠠᠲ᠋ᠧᠷᠢᠶᠠᠯ ᠢ ᠬᠡᠷᠡᠭᠯᠡᠬᠦ ᠬᠡᠷᠡᠭᠲᠠᠢ᠃ | ᠠᠷᠪᠠᠨ ᠲᠦᠷᠪᠡᠳᠦᠭᠡᠷ ᠵᠦᠢᠯ ᠣᠰᠣᠨ ᠤ ᠴᠢᠨᠠᠷ ᠢᠶᠠᠷ ᠲᠦᠷᠦᠯᠵᠢᠬᠦᠯᠦᠨ ᠣᠰᠣ ᠬᠠᠩᠭᠠᠬᠤ | ᠲᠦᠯᠦᠪᠵᠢᠬᠦᠯᠭᠡ ᠳᠤ ᠲᠣᠭᠲᠠᠭᠠᠭᠰᠠᠨ ᠣᠰᠣ ᠬᠠᠩᠭᠠᠬᠤ ᠬᠡᠪᠴᠢᠶᠡᠨ ᠲᠣᠲᠣᠷ᠎ᠠ᠂ ᠰᠢᠨ᠎ᠡ ᠪᠠᠷ ᠪᠠᠶᠢᠭᠤᠯᠬᠤ ᠣᠷᠣᠨ | ᠰᠠᠭᠤᠴᠠ ᠨᠢ ᠬᠤᠣᠰ ᠬᠤᠭᠤᠯᠠᠢ ᠶᠢᠨ ᠲᠣᠣᠷ᠂ ᠰᠢᠭᠤᠳ ᠣᠣᠭᠤᠬᠤ ᠣᠰᠣ ︵ᠳᠡᠭᠡᠲᠦ ᠬᠡᠮᠵᠢᠶ᠎ᠡ ᠪᠠᠷ | ᠴᠡᠪᠡᠷᠰᠢᠬᠦᠯᠦᠭᠰᠡᠨ ᠣᠰᠣ︶ ᠵᠡᠷᠭᠡ ᠣᠰᠣ ᠬᠠᠩᠭᠠᠬᠤ ᠲᠦᠬᠦᠭᠡᠷᠦᠮᠵᠢ ᠶᠢ ᠢᠵᠢ ᠲᠦᠬᠦᠷᠵᠢᠬᠦᠯᠦᠨ ᠪᠠᠶᠢᠭᠤᠯᠵᠣ᠂ | ᠨᠢᠭᠡᠨᠲᠡ ᠪᠠᠶᠢᠭᠤᠯᠣᠭᠰᠠᠨ ᠣᠷᠣᠨ ᠰᠠᠭᠤᠴᠠ ᠨᠢ ᠦᠭᠡᠷᠡᠴᠢᠯᠡᠨ ᠪᠠᠶᠢᠭᠤᠯᠬᠤ ᠨᠦᠬᠦᠴᠡᠯ ᠢ ᠪᠦᠷᠢᠯᠳᠦᠬᠦᠯᠦᠭᠰᠡᠨ ᠪᠣᠯ | ᠂ ᠣᠰᠣᠨ ᠤ ᠴᠢᠨᠠᠷ ᠢᠶᠠᠷ ᠲᠦᠷᠦᠯᠵᠢᠬᠦᠯᠦᠨ ᠣᠰᠣ ᠬᠠᠩᠭᠠᠬᠤ ᠶᠢ ᠠᠯᠬᠤᠮ ᠠᠯᠬᠤᠮ ᠢᠶᠠᠷ ᠪᠡᠶᠡᠯᠡᠬᠦᠯᠬᠦ ᠬᠡᠷᠡᠭᠲᠠᠢ᠃ | ᠠᠷᠪᠠᠨ ᠲᠠᠪᠤᠳᠤᠭᠠᠷ ᠵᠦᠢᠯ ᠬᠤᠲᠠ ᠶᠢᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠲᠠ ᠶᠢᠨ ᠵᠠᠮ ᠤᠨ ᠲᠦᠬᠦᠭᠡᠷᠦᠮᠵᠢ ᠶᠢᠨ ᠪᠦᠲᠦᠭᠡᠨ | ᠪᠠᠶᠢᠭᠤᠯᠣᠯᠲᠠ ᠶᠢᠨ ᠲᠦᠯᠦᠪᠵᠢᠬᠦᠯᠭᠡ ᠪᠠ ᠣᠨ ᠤ ᠪᠦᠲᠦᠭᠡᠨ ᠪᠠᠶᠢᠭᠤᠯᠣᠯᠲᠠ ᠶᠢᠨ ᠲᠦᠯᠦᠪᠯᠡᠭᠡ ᠶᠣᠰᠣᠭᠠᠷ᠂ | ᠬᠤᠲᠠ ᠶᠢᠨ ᠵᠠᠮ ᠤᠨ ᠭᠠᠵᠠᠷ ᠲᠣᠣᠷᠠᠬᠢ ᠬᠤᠭᠤᠯᠠᠢ ᠶᠢᠨ ᠪᠠᠷᠢᠯᠭ᠎ᠠ ᠶᠢ ᠨᠢᠭᠡᠳᠦᠯᠲᠠᠢ ᠲᠦᠯᠦᠪᠯᠡᠬᠦ ᠶᠢ ᠬᠠᠷᠢᠭᠤᠴᠠᠨ᠎ᠠ | ᠃ ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠣᠰᠣ ᠬᠠᠩᠭᠠᠬᠤ ᠬᠤᠭᠤᠯᠠᠢ ᠶᠢᠨ ᠲᠣᠣᠷ ᠲᠤ ᠪᠠᠷᠢᠯᠭ᠎ᠠ | ᠲᠠᠭᠤᠰᠣᠭᠰᠠᠨ ᠰᠢᠯᠭᠠᠨ ᠬᠤᠷᠢᠶᠠᠯᠲᠠ ᠬᠢᠬᠦ ᠦᠶᠡᠰ᠂ ᠣᠰᠣ ᠬᠠᠩᠭᠠᠬᠤ ᠠᠵᠣ ᠠᠬᠤᠶᠢᠯᠠᠯ ᠵᠡᠷᠭᠡ ᠬᠤᠯᠪᠣᠭᠳᠠᠯ | ᠪᠦᠬᠦᠢ ᠨᠢᠭᠡᠴᠢ ᠶᠢ ᠣᠷᠢᠵᠣ ᠣᠷᠣᠯᠴᠠᠭᠤᠯᠬᠤ ᠬᠡᠷᠡᠭᠲᠠᠢ᠃ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠪᠣᠯ᠂ | ᠣᠰᠣ ᠬᠠᠩᠭᠠᠬᠤ ᠠᠵᠣ ᠠᠬᠤᠶᠢᠯᠠᠯ ᠲᠠᠢ ᠦᠮᠴᠢᠯᠡᠯ ᠤᠨ ᠡᠷᠭᠡ ᠶᠢ ᠰᠢᠯᠵᠢᠬᠦᠯᠦᠨ ᠲᠣᠰᠢᠶᠠᠬᠤ ᠭᠠᠷᠳᠠᠮ ᠢ | ᠭᠦᠢᠴᠡᠳᠬᠡᠵᠣ᠂ ᠣᠰᠣ ᠬᠠᠩᠭᠠᠬᠤ ᠠᠵᠣ ᠠᠬᠤᠶᠢᠯᠠᠯ ᠠᠴᠠ ᠨᠢᠭᠡᠳᠦᠯᠲᠠᠢ ᠬᠠᠮᠢᠶᠠᠷᠴᠣ ᠬᠠᠮᠠᠭᠠᠯᠠᠨ᠎ᠠ᠃ | ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ ᠣᠰᠣ ᠬᠠᠩᠭᠠᠬᠤ ᠲᠦᠬᠦᠭᠡᠷᠦᠮᠵᠢ ᠶᠢ ᠢᠵᠢ ᠲᠦᠬᠦᠷᠵᠢᠬᠦᠯᠦᠨ | ᠪᠠᠶᠢᠭᠤᠯᠣᠭᠰᠠᠨ ᠪᠣᠯ᠂ ᠪᠦᠲᠦᠭᠡᠨ ᠪᠠᠶᠢᠭᠤᠯᠣᠯᠲᠠ ᠶᠢᠨ ᠨᠢᠭᠡᠴᠢ ᠬᠠᠣᠯᠢ ᠶᠣᠰᠣᠭᠠᠷ ᠣᠰᠣ ᠬᠠᠩᠭᠠᠬᠤ ᠢᠨᠵᠧᠨᠧᠷᠢᠩ | ᠵᠢᠴᠢ ᠲᠦᠬᠦᠭᠡᠷᠦᠮᠵᠢ ᠳᠤ ᠪᠠᠷᠢᠯᠭ᠎ᠠ ᠲᠠᠭᠤᠰᠣᠭᠰᠠᠨ ᠰᠢᠯᠭᠠᠨ ᠬᠤᠷᠢᠶᠠᠯᠲᠠ ᠬᠢᠬᠦ ᠦᠶᠡᠰ᠂ ᠬᠤᠲᠠ ᠶᠢᠨ ᠣᠰᠣᠨ ᠤ | ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠ ᠣᠰᠣ ᠬᠠᠩᠭᠠᠬᠤ ᠠᠵᠣ ᠠᠬᠤᠶᠢᠯᠠᠯ ᠳᠤ | ᠮᠡᠳᠡᠭᠳᠡᠨ ᠣᠷᠣᠯᠴᠠᠭᠤᠯᠬᠤ ᠬᠡᠷᠡᠭᠲᠠᠢ᠃ ᠰᠢᠯᠭᠠᠨ ᠬᠤᠷᠢᠶᠠᠯᠲᠠ ᠶᠢ ᠳᠠᠮᠵᠢᠭᠰᠠᠨ ᠦᠭᠡᠢ ᠪᠣᠶᠣ ᠰᠢᠯᠭᠠᠨ | ᠬᠤᠷᠢᠶᠠᠯᠲᠠ ᠳᠤ ᠬᠢᠷᠢ ᠲᠡᠩᠴᠡᠭᠰᠡᠨ ᠦᠭᠡᠢ ᠣᠰᠣ ᠬᠠᠩᠭᠠᠬᠤ ᠢᠨᠵᠧᠨᠧᠷᠢᠩ ᠵᠢᠴᠢ ᠲᠦᠬᠦᠭᠡᠷᠦᠮᠵᠢ ᠶᠢ | ᠬᠡᠷᠡᠭᠯᠡᠯᠲᠡ ᠳᠤ ᠣᠷᠣᠭᠤᠯᠵᠣ ᠪᠣᠯᠬᠤ ᠦᠭᠡᠢ᠃ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠪᠣᠯ᠂ ᠪᠦᠲᠦᠭᠡᠨ | ᠪᠠᠶᠢᠭᠤᠯᠣᠯᠲᠠ ᠶᠢᠨ ᠨᠢᠭᠡᠴᠢ ᠨᠢ ᠣᠰᠣ ᠬᠠᠩᠭᠠᠬᠤ ᠠᠵᠣ ᠠᠬᠤᠶᠢᠯᠠᠯ ᠲᠠᠢ ᠬᠠᠮᠢᠶᠠᠷᠣᠯᠲᠠ ᠬᠠᠮᠠᠭᠠᠯᠠᠯᠲᠠ ᠶᠢᠨ | ᠭᠠᠷᠳᠠᠮ ᠢ ᠭᠦᠢᠴᠡᠳᠭᠡᠭᠰᠡᠨ ᠤ ᠳᠠᠷᠠᠭ᠎ᠠ ᠰᠠᠶ᠋ᠢ ᠬᠡᠷᠡᠭᠯᠡᠯᠲᠡ ᠳᠤ ᠣᠷᠣᠭᠤᠯᠵᠣ ᠪᠣᠯᠣᠨ᠎ᠠ᠃ | ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠣᠰᠣ ᠬᠠᠩᠭᠠᠬᠤ ᠢᠨᠵᠧᠨᠧᠷᠢᠩ ᠵᠢᠴᠢ ᠲᠦᠬᠦᠭᠡᠷᠦᠮᠵᠢ ᠶᠢᠨ | ᠪᠠᠷᠢᠯᠭ᠎ᠠ ᠲᠠᠭᠤᠰᠣᠭᠰᠠᠨ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠡᠳᠦᠷ ᠠᠴᠠ ᠭᠤᠴᠢᠨ ᠡᠳᠦᠷ ᠤᠨ | ᠲᠣᠲᠣᠷ᠎ᠠ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ | ᠳᠠᠩᠰᠠᠯᠠᠭᠤᠯᠵᠣ᠂ ᠭᠠᠯ ᠰᠡᠷᠬᠡᠶᠢᠯᠡᠬᠦ ᠲᠦᠬᠦᠭᠡᠷᠦᠮᠵᠢ ᠶᠢᠨ ᠣᠷᠣᠨ ᠪᠠᠶᠢᠷᠢ ᠶᠢ ᠢᠯᠭᠠᠨ ᠲᠣᠲᠣᠷᠬᠠᠶᠢᠯᠠᠭᠰᠠᠨ | ᠮᠠᠲ᠋ᠧᠷᠢᠶᠠᠯ ᠢ ᠭᠠᠯ ᠰᠡᠷᠬᠡᠶᠢᠯᠡᠬᠦ ᠰᠠᠯᠠᠭ᠎ᠠ ᠮᠦᠴᠢᠷ ᠲᠤ ᠳᠠᠩᠰᠠᠯᠠᠭᠤᠯᠬᠤ ᠶᠢᠨ ᠬᠠᠮᠲᠣ ᠭᠤᠷᠪᠠᠨ ᠰᠠᠷ᠎ᠠ ᠶᠢᠨ | ᠲᠣᠲᠣᠷ᠎ᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠳᠠᠩᠰᠠ ᠡᠪᠬᠡᠮᠡᠯ ᠤᠨ ᠬᠠᠮᠢᠶᠠᠷᠣᠯᠲᠠ ᠶᠢᠨ | ᠪᠠᠶᠢᠭᠤᠯᠣᠮᠵᠢ ᠵᠢᠴᠢ ᠨᠡᠶᠢᠲᠡ ᠶᠢᠨ ᠣᠰᠣ ᠬᠠᠩᠭᠠᠬᠤ ᠠᠵᠣ ᠠᠬᠤᠶᠢᠯᠠᠯ ᠳᠤ ᠪᠦᠷᠢᠨ ᠭᠦᠢᠴᠡᠳ ᠣᠰᠣ ᠬᠠᠩᠭᠠᠬᠤ | ᠢᠨᠵᠧᠨᠧᠷᠢᠩ ᠤᠨ ᠳᠠᠩᠰᠠ ᠡᠪᠬᠡᠮᠡᠯ ᠢ ᠰᠢᠯᠵᠢᠬᠦᠯᠦᠨ ᠲᠣᠰᠢᠶᠠᠬᠤ ᠬᠡᠷᠡᠭᠲᠠᠢ᠃ | ᠠᠷᠪᠠᠨ ᠵᠢᠷᠭᠤᠳᠤᠭᠠᠷ ᠵᠦᠢᠯ ᠳᠡᠭᠡᠲᠦ ᠬᠡᠮᠵᠢᠶ᠎ᠡ ᠪᠠᠷ ᠴᠡᠪᠡᠷᠰᠢᠬᠦᠯᠦᠭᠰᠡᠨ ᠣᠰᠣ᠂ ᠬᠤᠶᠠᠳᠠᠬᠢ ᠳᠠᠷᠣᠴᠠ | ᠨᠡᠮᠡᠬᠦ ᠲᠦᠬᠦᠭᠡᠷᠦᠮᠵᠢ ᠵᠡᠷᠭᠡ ᠦᠪᠡᠷ ᠢᠶᠠᠨ ᠪᠠᠶᠢᠭᠤᠯᠣᠭᠰᠠᠨ ᠣᠰᠣ ᠬᠠᠩᠭᠠᠬᠤ ᠲᠦᠬᠦᠭᠡᠷᠦᠮᠵᠢ ᠶᠢ ᠰᠢᠭᠤᠳ ᠪᠣᠶᠣ | ᠳᠠᠮ ᠢᠶᠠᠷ ᠬᠤᠲᠠ ᠶᠢᠨ ᠨᠡᠶᠢᠲᠡ ᠶᠢᠨ ᠣᠰᠣ ᠬᠠᠩᠭᠠᠬᠤ ᠬᠤᠭᠤᠯᠠᠢ ᠲᠠᠢ ᠵᠠᠯᠭᠠᠬᠤ ᠴᠢᠬᠤᠯᠠᠲᠠᠢ ᠪᠣᠯ᠂ ᠬᠤᠲᠠ ᠶᠢᠨ | ᠡᠷᠡᠬᠦᠯ ᠬᠠᠮᠠᠭᠠᠯᠠᠯ᠂ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ | ᠪᠠᠶᠢᠴᠠᠭᠠᠯᠲᠠ ᠪᠠᠷ ᠵᠦᠪᠰᠢᠶᠡᠷᠡᠭᠳᠡᠭᠰᠡᠨ ᠤ ᠳᠠᠷᠠᠭ᠎ᠠ ᠣᠰᠣ ᠬᠠᠩᠭᠠᠬᠤ ᠠᠵᠣ ᠠᠬᠤᠶᠢᠯᠠᠯ ᠲᠠᠢ ᠵᠠᠯᠭᠠᠬᠤ ᠭᠠᠷᠳᠠᠮ ᠢ | ᠭᠦᠢᠴᠡᠳᠬᠡᠬᠦ ᠬᠡᠷᠡᠭᠲᠠᠢ᠃ | ᠭᠤᠷᠪᠠᠳᠤᠭᠠᠷ ᠪᠦᠯᠦᠭ ᠣᠰᠣ ᠬᠠᠩᠭᠠᠯᠲᠠ ᠶᠢᠨ ᠣᠰᠣᠨ ᠰᠣᠷᠪᠣᠯᠵᠢ ᠶᠢᠨ ᠬᠠᠮᠠᠭᠠᠯᠠᠯᠲᠠ ᠬᠢᠭᠡᠳ | ᠣᠰᠣᠨ ᠤ ᠴᠢᠨᠠᠷ ᠤᠨ ᠬᠢᠨᠠᠨ ᠪᠠᠶᠢᠴᠠᠭᠠᠯᠲᠠ | ᠠᠷᠪᠠᠨ ᠲᠤᠯᠤᠳᠤᠭᠠᠷ ᠵᠦᠢᠯ ᠬᠤᠲᠠ ᠶᠢᠨ ᠣᠰᠣ ᠬᠠᠩᠭᠠᠯᠲᠠ ᠶᠢᠨ ᠣᠰᠣᠨ ᠰᠣᠷᠪᠣᠯᠵᠢ ᠳᠤ ᠭᠠᠵᠠᠷ | ᠳᠡᠭᠡᠷᠡᠬᠢ ᠣᠰᠣ᠂ ᠭᠠᠵᠠᠷ ᠲᠣᠣᠷᠠᠬᠢ ᠣᠰᠣ ᠪᠠ ᠲᠠᠬᠢᠨ ᠠᠰᠢᠭᠯᠠᠭᠰᠠᠨ ᠤᠰᠤ ᠶᠢ ᠪᠠᠭᠳᠠᠭᠠᠨ᠎ᠠ᠃ | ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠭᠠᠵᠠᠷ ᠳᠡᠭᠡᠷᠡᠬᠢ | ᠣᠰᠣ ᠶᠢ ᠡᠩ ᠲᠡᠷᠢᠬᠦᠨ ᠳᠤ ᠠᠰᠢᠭᠯᠠᠬᠤ᠂ ᠲᠠᠬᠢᠨ ᠠᠰᠢᠭᠯᠠᠭᠰᠠᠨ ᠤᠰᠤ ᠶᠢ ᠭᠦᠢᠴᠡᠳ ᠠᠰᠢᠭᠯᠠᠬᠤ᠂ ᠭᠠᠵᠠᠷ | ᠲᠣᠣᠷᠠᠬᠢ ᠣᠰᠣ ᠶᠢ ᠨᠡᠭᠡᠭᠡᠨ ᠮᠠᠯᠳᠠᠬᠤ ᠶᠢ ᠴᠢᠩᠭ᠎ᠠ ᠡᠵᠡᠮᠳᠡᠬᠦ ᠵᠠᠷᠴᠢᠮ ᠢᠶᠠᠷ ᠬᠤᠲᠠ ᠶᠢᠨ ᠣᠰᠣ ᠬᠠᠩᠭᠠᠯᠲᠠ ᠶᠢᠨ | ᠣᠰᠣᠨ ᠰᠣᠷᠪᠣᠯᠵᠢ ᠳᠤ ᠨᠢᠭᠡᠳᠦᠯᠲᠠᠢ ᠲᠦᠯᠦᠪᠵᠢᠬᠦᠯᠬᠦ᠂ ᠨᠢᠭᠡᠳᠦᠯᠲᠠᠢ ᠨᠡᠭᠡᠭᠡᠬᠦ᠂ ᠨᠢᠭᠡᠳᠦᠯᠲᠠᠢ ᠲᠣᠬᠢᠷᠠᠭᠤᠯᠬᠤ᠂ | ᠨᠢᠭᠡᠳᠦᠯᠲᠠᠢ ᠬᠠᠮᠢᠶᠠᠷᠬᠤ ᠶᠢ ᠬᠡᠷᠡᠭᠵᠢᠬᠦᠯᠬᠦ ᠶᠢᠨ ᠬᠠᠮᠲᠣ ᠬᠤᠲᠠ ᠶᠢᠨ ᠣᠰᠣᠨ ᠰᠣᠷᠪᠣᠯᠵᠢ ᠶᠢᠨ ᠪᠠᠶᠢᠳᠠᠯ ᠲᠠᠢ | ᠣᠶᠠᠯᠳᠣᠭᠤᠯᠣᠨ᠂ ᠬᠤᠲᠠ ᠶᠢᠨ ᠣᠰᠣ ᠬᠠᠩᠭᠠᠯᠲᠠ ᠶᠢᠨ ᠣᠰᠣᠨ ᠰᠣᠷᠪᠣᠯᠵᠢ ᠶᠢᠨ ᠣᠨ ᠤ ᠲᠣᠬᠢᠷᠠᠭᠤᠯᠣᠯᠲᠠ ᠶᠢᠨ | ᠲᠦᠯᠦᠪᠯᠡᠭᠡ ᠶᠢ ᠲᠣᠭᠲᠠᠭᠠᠬᠤ ᠬᠡᠷᠡᠭᠲᠠᠢ᠃ ᠬᠤᠲᠠ ᠶᠢᠨ ᠣᠰᠣ ᠬᠠᠩᠭᠠᠯᠲᠠ ᠶᠢᠨ ᠣᠰᠣᠨ ᠰᠣᠷᠪᠣᠯᠵᠢ ᠨᠢ | ᠬᠤᠲᠠ ᠶᠢᠨ ᠣᠰᠣᠨ ᠬᠠᠩᠭᠠᠯᠭ᠎ᠠ ᠶᠢᠨ ᠱᠠᠭᠠᠷᠳᠠᠯᠭ᠎ᠠ ᠳᠤ ᠬᠦᠷᠬᠦ ᠦᠭᠡᠢ ᠪᠣᠯ᠂ ᠬᠤᠲᠠ ᠶᠢᠨ ᠣᠰᠣᠨ ᠤ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠴᠠᠭ ᠳᠠᠷᠣᠢ ᠳᠤᠨᠢ ᠲᠣᠬᠢᠷᠠᠭᠤᠯᠵᠣ᠂ ᠬᠤᠲᠠ ᠶᠢᠨ ᠣᠰᠣ | ᠬᠠᠩᠭᠠᠬᠤ ᠱᠠᠭᠠᠷᠳᠠᠯᠭ᠎ᠠ ᠶᠢ ᠪᠠᠲᠣᠯᠠᠬᠤ ᠬᠡᠷᠡᠭᠲᠠᠢ᠃ | ᠠᠷᠪᠠᠨ ᠨᠠᠢᠮᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠠᠬᠢᠨ ᠠᠰᠢᠭᠯᠠᠭᠰᠠᠨ | ᠣᠰᠣᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠲᠠᠬᠢᠨ ᠠᠰᠢᠭᠯᠠᠭᠰᠠᠨ | ᠣᠰᠣᠨ ᠤ ᠠᠰᠢᠭᠯᠠᠮᠵᠢ ᠶᠢ ᠳᠡᠭᠡᠭᠰᠢᠯᠡᠬᠦᠯᠬᠦ ᠬᠡᠷᠡᠭᠲᠠᠢ᠃ ᠴᠡᠴᠡᠷᠯᠢᠭ ᠤᠨ ᠨᠣᠭᠤᠭᠠᠷᠠᠭᠤᠯᠣᠯᠲᠠ ᠶᠢᠨ ᠣᠰᠣᠯᠠᠮᠵᠢ᠂ | ᠠᠵᠣ ᠦᠢᠯᠡᠳᠪᠦᠷᠢ ᠶᠢᠨ ᠣᠰᠣᠨ ᠬᠡᠷᠡᠭᠯᠡᠯᠲᠡ᠂ ᠪᠠᠷᠢᠯᠭ᠎ᠠ ᠶᠢᠨ ᠣᠰᠣᠨ ᠬᠡᠷᠡᠭᠯᠡᠯᠲᠡ᠂ ᠦᠵᠡᠮᠵᠢ ᠶᠢᠨ ᠭᠤᠣᠯ ᠪᠠ | ᠨᠠᠭᠤᠷ ᠨᠦᠬᠦᠪᠦᠷᠢᠯᠡᠬᠦ᠂ ᠵᠠᠮ ᠢ ᠴᠡᠪᠡᠷ ᠪᠠᠶᠢᠯᠭᠠᠬᠤ᠂ ᠲᠡᠷᠭᠡ ᠣᠬᠢᠶᠠᠬᠤ᠂ ᠵᠣᠷᠯᠣᠩ ᠣᠬᠢᠶᠠᠬᠤ ᠵᠢᠴᠢ | ᠬᠦᠷᠦᠭᠡᠯᠲᠡ ᠶᠢᠨ ᠲᠦᠬᠦᠭᠡᠷᠦᠮᠵᠢ ᠶᠢᠨ ᠣᠰᠣᠨ ᠬᠡᠷᠡᠭᠯᠡᠯᠲᠡ ᠵᠡᠷᠭᠡ ᠳᠤ ᠲᠠᠬᠢᠨ ᠠᠰᠢᠭᠯᠠᠭᠰᠠᠨ ᠣᠰᠣ ᠶᠢ ᠡᠩ | ᠲᠡᠷᠢᠬᠦᠨ ᠳᠤ ᠬᠡᠷᠡᠭᠯᠡᠨ᠎ᠡ᠃ | ᠠᠷᠪᠠ ᠶᠢᠰᠦᠳᠦᠭᠡᠷ ᠵᠦᠢᠯ ᠬᠤᠲᠠ ᠶᠢᠨ ᠨᠡᠶᠢᠲᠡ ᠶᠢᠨ ᠣᠰᠣᠨ ᠬᠠᠩᠭᠠᠯᠭ᠎ᠠ ᠨᠢ ᠣᠰᠣᠨ ᠤ | ᠬᠡᠷᠡᠭᠯᠡᠯᠲᠡ ᠶᠢ ᠬᠠᠩᠭᠠᠵᠣ ᠳᠡᠶᠢᠯᠬᠦ ᠬᠡᠪᠴᠢᠶᠡᠨ ᠲᠣᠲᠣᠷ᠎ᠠ᠂ ᠶᠠᠮᠠᠷᠪᠠ ᠨᠢᠭᠡᠴᠢ ᠪᠠ ᠬᠤᠪᠢ ᠬᠦᠮᠦᠨ ᠨᠢ ᠴᠦ | ᠦᠪᠡᠷ ᠢᠶᠠᠨ ᠬᠡᠷᠡᠭᠯᠡᠬᠦ ᠪᠠᠷ ᠪᠡᠯᠡᠳᠬᠡᠭᠰᠡᠨ ᠣᠰᠣᠨ ᠰᠣᠷᠪᠣᠯᠵᠢ ᠶᠢᠨ ᠬᠤᠳᠳᠤᠭ ᠢ ᠪᠠᠶᠢᠭᠤᠯᠵᠣ ᠪᠣᠯᠬᠤ ᠦᠭᠡᠢ᠃ | ᠵᠦᠪᠰᠢᠶᠡᠷᠡᠯ ᠢ ᠳᠠᠮᠵᠢᠭᠰᠠᠨ ᠦᠭᠡᠢ ᠪᠠ ᠨᠡᠶᠢᠲᠡ ᠶᠢᠨ ᠣᠰᠣ ᠬᠠᠩᠭᠠᠬᠤ ᠬᠤᠭᠤᠯᠠᠢ ᠶᠢᠨ ᠲᠣᠣᠷ ᠶᠢᠨ | ᠪᠦᠷᠬᠦᠴᠡ ᠶᠢᠨ ᠬᠡᠪᠴᠢᠶᠡᠨ ᠲᠣᠲᠣᠷ᠎ᠠ ᠦᠪᠡᠷ ᠢᠶᠠᠨ ᠬᠡᠷᠡᠭᠯᠡᠬᠦ ᠪᠠᠷ ᠪᠡᠯᠡᠳᠬᠡᠭᠰᠡᠨ ᠣᠰᠣᠨ ᠰᠣᠷᠪᠣᠯᠵᠢ ᠶᠢᠨ | ᠬᠤᠳᠳᠤᠭ ᠢ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠪᠦᠬᠦᠨ ᠢ ᠬᠠᠩᠭᠠᠭᠠᠯᠭᠠᠨᠠ᠃ | ᠬᠤᠷᠢᠳᠤᠭᠠᠷ ᠵᠦᠢᠯ ᠬᠤᠲᠠ ᠶᠢᠨ ᠣᠰᠣ ᠬᠠᠩᠭᠠᠯᠲᠠ ᠶᠢᠨ ᠣᠰᠣᠨ ᠰᠣᠷᠪᠣᠯᠵᠢ ᠶᠢ ᠪᠣᠬᠢᠷᠳᠣᠭᠤᠯᠬᠤ | ᠠᠯᠢᠪᠠ ᠠᠵᠢᠯᠯᠠᠭ᠎ᠠ ᠶᠢ ᠴᠠᠭᠠᠵᠠᠯᠠᠨ᠎ᠠ᠃ | ᠣᠷᠴᠢᠨ ᠲᠣᠭᠤᠷᠢᠨ ᠢ ᠬᠠᠮᠠᠭᠠᠯᠠᠬᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ | ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠣᠷᠠᠨ᠂ ᠬᠤᠲᠠ ᠶᠢᠨ ᠣᠰᠣ ᠬᠠᠩᠭᠠᠯᠲᠠ ᠶᠢᠨ ᠣᠰᠣᠨ | ᠰᠣᠷᠪᠣᠯᠵᠢ ᠶᠢᠨ ᠬᠠᠮᠠᠭᠠᠯᠠᠯᠲᠠ ᠶᠢᠨ ᠠᠵᠢᠯ ᠢ ᠬᠠᠮᠳᠣ ᠪᠠᠷ ᠰᠠᠶᠢᠲᠣᠷ ᠬᠢᠬᠦ ᠬᠡᠷᠡᠭᠲᠠᠢ᠃ ᠲᠣᠬᠠᠢ ᠶᠢᠨ ᠭᠠᠵᠠᠷ ᠤᠨ | ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠣᠰᠣ ᠬᠠᠩᠭᠠᠯᠲᠠ ᠶᠢᠨ ᠣᠰᠣᠨ ᠰᠣᠷᠪᠣᠯᠵᠢ ᠶᠢᠨ | ᠬᠠᠮᠠᠭᠠᠯᠠᠯᠲᠠ ᠶᠢᠨ ᠲᠣᠭᠤᠷᠢᠭ ᠤᠨ ᠬᠢᠯᠢ ᠬᠢᠵᠠᠭᠠᠷ ᠲᠤ ᠢᠯᠡᠳᠬᠡᠮᠵᠢ ᠳᠡᠮᠳᠡᠭ ᠪᠠ ᠵᠠᠷᠯᠠᠯ ᠤᠨ ᠫᠠᠶᠢᠰᠠ | ᠲᠣᠬᠢᠷᠠᠭᠤᠯᠬᠤ ᠬᠡᠷᠡᠭᠲᠠᠢ᠃ | ᠬᠤᠷᠢᠨ ᠨᠢᠭᠡᠳᠦᠭᠡᠷ ᠵᠦᠢᠯ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠪᠠ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ | ᠲᠣᠰ ᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠳᠠᠬᠢ ᠬᠤᠲᠠ ᠶᠢᠨ ᠣᠰᠣ ᠬᠠᠩᠭᠠᠯᠲᠠ ᠶᠢᠨ ᠣᠰᠣᠨ ᠤ ᠴᠢᠨᠠᠷ | ᠴᠢᠨᠰᠠᠭ᠎ᠠ ᠶᠢᠨ ᠬᠢᠨᠠᠯᠲᠠ ᠬᠠᠮᠢᠶᠠᠷᠣᠯᠲᠠ ᠶᠢᠨ ᠠᠵᠢᠯ ᠢ ᠬᠠᠷᠢᠭᠤᠴᠠᠵᠣ᠂ ᠣᠰᠣᠨ ᠤ ᠴᠢᠨᠠᠷ ᠴᠢᠨᠰᠠᠭ᠎ᠠ ᠶᠢ | ᠲᠣᠭᠲᠠᠭᠰᠠᠨ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠶᠢᠨ ᠬᠠᠮᠲᠣ ᠬᠠᠩᠭᠠᠭᠰᠠᠨ ᠣᠰᠣᠨ ᠤ ᠴᠢᠨᠠᠷ ᠴᠢᠨᠰᠠᠭ᠎ᠠ ᠶᠢ | ᠬᠢᠨᠠᠨ ᠰᠢᠯᠭᠠᠭᠰᠠᠨ ᠦᠷ᠎ᠡ ᠳ᠋ᠦᠩ ᠢᠶᠠᠨ ᠨᠡᠶᠢᠭᠡᠮ ᠳᠠᠶᠠᠭᠠᠷ ᠲᠤ ᠨᠡᠶᠢᠲᠡᠯᠡᠬᠦ ᠬᠡᠷᠡᠭᠲᠠᠢ᠃ | ᠬᠤᠷᠢᠨ ᠬᠤᠶᠠᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠣᠰᠣᠨ ᠤ ᠴᠢᠨᠠᠷ ᠴᠢᠨᠰᠠᠭ᠎ᠠ᠂ | ᠣᠰᠣᠨ ᠰᠣᠷᠪᠣᠯᠵᠢ ᠶᠢᠨ ᠪᠦᠬᠦ ᠶᠠᠪᠣᠴᠠ ᠶᠢ ᠬᠢᠨᠠᠨ ᠰᠢᠯᠭᠠᠬᠤ᠂ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠣᠨ | ᠳᠡᠬᠦᠯᠳᠡᠷᠵᠢᠬᠦᠯᠵᠣ᠂ ᠣᠯᠣᠰ ᠠᠴᠠ ᠲᠣᠭᠲᠠᠭᠠᠭᠰᠠᠨ ᠣᠰᠣᠨ ᠤ ᠴᠢᠨᠠᠷ ᠴᠢᠨᠰᠠᠭ᠎ᠠ ᠶᠢᠨ ᠪᠠᠷᠢᠮᠵᠢᠶ᠎ᠠ ᠪᠠ | ᠬᠤᠭᠤᠴᠠᠭ᠎ᠠ ᠬᠢᠵᠠᠭᠠᠷ ᠶᠣᠰᠣᠭᠠᠷ᠂ ᠬᠢᠷᠢ ᠬᠡᠮ ᠲᠠᠢ ᠣᠰᠣᠨ ᠤ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ | ᠪᠠᠶᠢᠭᠤᠯᠣᠮᠵᠢ ᠠᠴᠠ ᠣᠣᠯ ᠣᠰᠣ᠂ ᠦᠢᠯᠡᠳᠪᠦᠷᠢ ᠠᠴᠠ ᠭᠠᠷᠬᠤ ᠣᠰᠣ᠂ ᠬᠤᠭᠤᠯᠠᠢ ᠶᠢᠨ ᠲᠣᠣᠷ ᠤᠨ | ᠰᠡᠬᠦᠯᠴᠢ ᠶᠢᠨ ᠬᠡᠰᠡᠭ ᠤᠨ ᠣᠰᠣᠨ ᠤ ᠴᠢᠨᠠᠷ ᠴᠢᠨᠰᠠᠭ᠎ᠠ ᠶᠢ ᠪᠠᠶᠢᠴᠠᠭᠠᠨ ᠰᠢᠯᠭᠠᠵᠣ᠂ ᠬᠠᠩᠭᠠᠬᠤ ᠣᠰᠣᠨ ᠤ ᠴᠢᠨᠠᠷ | ᠴᠢᠨᠰᠠᠭ᠎ᠠ ᠨᠢ ᠣᠯᠣᠰ ᠠᠴᠠ ᠲᠣᠭᠲᠠᠭᠠᠭᠰᠠᠨ ᠠᠮᠢᠳᠣᠷᠠᠯ ᠤᠨ ᠣᠣᠭᠤᠬᠤ ᠣᠰᠣᠨ ᠤ ᠪᠠᠷᠢᠮᠵᠢᠶ᠎ᠠ ᠳᠤ ᠨᠡᠶᠢᠴᠡᠬᠦ ᠶᠢ | ᠪᠠᠲᠣᠯᠠᠵᠣ᠂ ᠱᠠᠭᠠᠷᠳᠠᠯᠭ᠎ᠠ ᠶᠣᠰᠣᠭᠠᠷ ᠲᠣᠭᠲᠠᠭᠰᠠᠨ ᠬᠤᠭᠤᠴᠠᠭ᠎ᠠ ᠲᠠᠢ ᠪᠠᠷ ᠬᠤᠲᠠ ᠶᠢᠨ ᠣᠰᠣᠨ ᠤ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠮᠡᠳᠡᠬᠦᠯᠵᠣ᠂ ᠣᠰᠣᠨ ᠤ ᠴᠢᠨᠠᠷ | ᠴᠢᠨᠰᠠᠭ᠎ᠠ ᠶᠢᠨ ᠮᠡᠳᠡᠭᠡ ᠵᠠᠩᠬᠢ ᠶᠢ ᠨᠡᠶᠢᠭᠡᠮ ᠳᠠᠶᠠᠭᠠᠷ ᠲᠤ ᠨᠡᠶᠢᠲᠡᠯᠡᠵᠣ᠂ ᠣᠯᠠᠨ ᠲᠦᠮᠡᠨ ᠣᠰᠣᠨ ᠤ ᠴᠢᠨᠠᠷ | ᠴᠢᠨᠰᠠᠭ᠎ᠠ ᠶᠢᠨ ᠮᠡᠳᠡᠭᠡ ᠵᠠᠩᠬᠢ ᠶᠢ ᠪᠠᠶᠢᠴᠠᠭᠠᠨ ᠠᠰᠠᠭᠤᠬᠤ ᠶᠢ ᠬᠦᠯᠢᠶᠠᠨ ᠠᠪᠬᠤ ᠬᠡᠷᠡᠭᠲᠠᠢ᠃ | ᠣᠰᠣ ᠬᠠᠩᠭᠠᠬᠤ ᠠᠵᠣ ᠠᠬᠤᠶᠢᠯᠠᠯ ᠤᠨ ᠣᠰᠣ ᠦᠢᠯᠡᠳᠬᠦ᠂ ᠰᠢᠨᠵᠢᠯᠡᠨ ᠰᠢᠯᠭᠠᠬᠤ ᠠᠵᠢᠯ ᠢ ᠡᠷᠬᠢᠯᠡᠵᠣ | ᠪᠠᠶᠢᠭ᠎ᠠ ᠠᠵᠢᠯᠲᠠᠨ ᠨᠢ ᠡᠷᠡᠬᠦᠯ ᠬᠠᠮᠠᠭᠠᠯᠠᠯ ᠤᠨ ᠱᠠᠭᠠᠷᠳᠠᠯᠭ᠎ᠠ ᠶᠣᠰᠣᠭᠠᠷ ᠲᠣᠭᠲᠠᠭᠰᠠᠨ ᠬᠤᠭᠤᠴᠠᠭ᠎ᠠ ᠲᠠᠢ ᠪᠠᠷ | ᠪᠡᠶ᠎ᠡ ᠶᠢᠨ ᠪᠠᠶᠢᠴᠠᠭᠠᠯᠲᠠ ᠬᠢᠵᠣ᠂ ᠡᠷᠡᠬᠦᠯ ᠴᠢᠬᠢᠷᠠᠭ ᠤᠨ ᠬᠢᠷᠢ ᠲᠡᠩᠴᠡᠭᠰᠡᠨ ᠦᠨᠡᠮᠯᠡᠯ ᠢ ᠣᠯᠬᠤ ᠬᠡᠷᠡᠭᠲᠠᠢ᠃ ᠣᠰᠣ | ᠬᠠᠩᠭᠠᠬᠤ ᠠᠵᠣ ᠠᠬᠤᠶᠢᠯᠠᠯ ᠤᠨ ᠬᠡᠷᠡᠭᠯᠡᠬᠦ ᠣᠰᠣ ᠴᠡᠪᠡᠷᠰᠢᠬᠦᠯᠬᠦ ᠡᠮ᠂ ᠠᠷᠢᠭᠤᠳᠬᠠᠬᠤ ᠡᠮ ᠵᠡᠷᠭᠡ | ᠪᠦᠲᠦᠭᠡᠭᠳᠡᠬᠦᠨ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠬᠦ | ᠬᠡᠷᠡᠭᠲᠠᠢ᠃ | ᠣᠰᠣ ᠬᠠᠩᠭᠠᠬᠤ ᠳᠤ ᠬᠡᠷᠡᠭᠯᠡᠬᠦ ᠰᠢᠨ᠎ᠡ ᠲᠦᠬᠦᠭᠡᠷᠦᠮᠵᠢ᠂ ᠰᠢᠨ᠎ᠡ ᠬᠤᠭᠤᠯᠠᠢ ᠲᠣᠣᠷ ᠪᠣᠶᠣ ᠦᠬᠡᠷᠡᠴᠢᠯᠡᠨ | ᠪᠠᠶᠢᠭᠤᠯᠣᠭᠰᠠᠨ ᠣᠣᠯ ᠲᠦᠬᠦᠭᠡᠷᠦᠮᠵᠢ᠂ ᠬᠤᠭᠤᠯᠠᠢ ᠲᠣᠣᠷ ᠢ ᠬᠡᠷᠡᠭᠯᠡᠯᠲᠡ ᠳᠤ ᠣᠷᠣᠭᠤᠯᠬᠤ ᠠᠴᠠ ᠡᠮᠦᠨ᠎ᠡ᠂ | ᠣᠬᠢᠶᠠᠵᠣ ᠠᠷᠢᠭᠤᠳᠬᠠᠬᠤ ᠶᠢᠨ ᠬᠠᠮᠲᠣ ᠬᠢᠷᠢ ᠬᠡᠮ ᠲᠠᠢ ᠣᠰᠣᠨ ᠤ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ | ᠪᠠᠶᠢᠭᠤᠯᠣᠮᠵᠢ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠲᠣᠣᠷᠯᠠᠭᠤᠯᠣᠨ ᠬᠡᠷᠡᠭᠯᠡᠵᠣ | ᠪᠣᠯᠣᠨ᠎ᠠ᠃ | ᠬᠤᠷᠢᠨ ᠭᠤᠷᠪᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠣᠰᠣ | ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠣᠰᠣᠨ ᠰᠣᠷᠪᠣᠯᠵᠢ ᠶᠢ ᠪᠠᠶᠢᠭᠤᠯᠵᠣ᠂ ᠬᠤᠲᠠ ᠶᠢᠨ | ᠠᠮᠢᠳᠣᠷᠠᠯ ᠤᠨ ᠣᠰᠣᠨ ᠬᠡᠷᠡᠭᠯᠡᠯᠲᠡ ᠶᠢ ᠪᠠᠲᠣᠯᠠᠬᠤ ᠬᠡᠷᠡᠭᠲᠠᠢ᠃ | ᠪᠠᠶᠢᠭᠠᠯᠢ ᠶᠢᠨ ᠭᠠᠮᠰᠢᠭ ᠪᠣᠶᠣ ᠬᠡᠨᠡᠳᠲᠡ ᠶᠢᠨ ᠬᠡᠷᠡᠭ ᠠᠴᠠ ᠪᠣᠯᠵᠣ ᠬᠤᠲᠠ ᠶᠢᠨ ᠣᠰᠣ ᠬᠠᠩᠭᠠᠯᠲᠠ ᠶᠢᠨ | ᠣᠰᠣᠨ ᠰᠣᠷᠪᠣᠯᠵᠢ ᠬᠦᠷᠦᠯᠴᠡᠬᠦ ᠦᠭᠡᠢ ᠪᠣᠶᠣ ᠣᠰᠣᠨ ᠤ ᠴᠢᠨᠠᠷ ᠴᠢᠨᠰᠠᠭ᠎ᠠ ᠪᠠᠷᠢᠮᠵᠢᠶ᠎ᠠ ᠳᠤ ᠬᠦᠷᠬᠦ ᠦᠭᠡᠢ ᠪᠣᠯᠵᠣ | ᠂ ᠬᠡᠪ ᠤᠨ ᠣᠰᠣ ᠬᠠᠩᠭᠠᠯᠭ᠎ᠠ ᠶᠢ ᠪᠠᠲᠣᠯᠠᠵᠣ ᠴᠢᠳᠠᠬᠤ ᠦᠭᠡᠢ ᠪᠣᠯ᠂ ᠣᠰᠣ ᠬᠠᠩᠭᠠᠬᠤ ᠠᠵᠣ ᠠᠬᠤᠶᠢᠯᠠᠯ ᠨᠢ | ᠬᠤᠲᠠ ᠶᠢᠨ ᠣᠰᠣ ᠬᠠᠩᠭᠠᠬᠤ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠦᠨᠳᠦᠰᠦᠯᠡᠨ᠂ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠣᠰᠣᠨ ᠰᠣᠷᠪᠣᠯᠵᠢ ᠶᠢ ᠲᠠᠷᠣᠢ ᠲᠦᠷᠭᠡᠨ ᠡᠬᠢᠯᠡᠨ ᠬᠡᠷᠡᠭᠯᠡᠵᠣ᠂ ᠬᠤᠲᠠ ᠶᠢᠨ ᠰᠠᠭᠤᠭᠠᠯᠢ | ᠠᠷᠠᠳ ᠤᠨ ᠠᠮᠢᠳᠣᠷᠠᠯ ᠤᠨ ᠣᠰᠣᠨ ᠬᠡᠷᠡᠭᠯᠡᠯᠲᠡ ᠶᠢᠨ ᠠᠮᠣᠷ ᠲᠦᠪᠰᠢᠨ ᠢ ᠪᠠᠲᠣᠯᠠᠬᠤ ᠶᠢᠨ ᠬᠠᠮᠲᠣ ᠬᠤᠲᠠ ᠶᠢᠨ | ᠣᠰᠣ᠂ ᠡᠷᠡᠬᠦᠯ ᠬᠠᠮᠠᠭᠠᠯᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠬᠦ ᠬᠡᠷᠡᠭᠲᠠᠢ᠃ | ᠠᠮᠣᠷ ᠲᠦᠪᠰᠢᠨ ᠲᠣᠭᠲᠠᠩᠭᠤᠢ ᠣᠰᠣᠨ ᠬᠠᠩᠭᠠᠯᠭ᠎ᠠ ᠶᠢ ᠪᠠᠲᠣᠯᠠᠵᠣ ᠳᠡᠶᠢᠯᠬᠦ ᠦᠭᠡᠢ ᠪᠣᠶᠣ ᠬᠦᠨᠲᠦ | ᠨᠣᠴᠢᠲᠠᠢ ᠠᠳᠡᠭᠳᠡᠯ ᠭᠠᠷᠬᠤ ᠳᠤ ᠴᠠᠭ ᠳᠠᠷᠣᠢ ᠳᠤᠨᠢ ᠪᠦᠲᠦᠮᠵᠢᠲᠠᠢ ᠰᠢᠢᠳᠪᠦᠷᠢᠯᠡᠵᠣ ᠴᠢᠳᠠᠬᠤ ᠦᠭᠡᠢ᠂ ᠬᠡᠪ ᠤᠨ | ᠣᠰᠣᠨ ᠬᠡᠷᠡᠭᠯᠡᠯᠲᠡ ᠶᠢ ᠬᠦᠨᠲᠦ ᠨᠣᠴᠢᠲᠠᠢ ᠨᠦᠯᠦᠭᠡᠯᠡᠵᠤ᠂ ᠨᠡᠶᠢᠭᠡᠮ ᠨᠡᠶᠢᠲᠡ ᠶᠢᠨ ᠠᠰᠢᠭ ᠲᠣᠰᠠ ᠪᠠ ᠠᠮᠣᠷ | ᠲᠦᠪᠰᠢᠨ ᠳᠤ ᠬᠤᠣᠷ ᠨᠦᠯᠦᠭᠡ ᠦᠵᠡᠬᠦᠯᠬᠦ ᠠᠵᠣ ᠠᠬᠤᠶᠢᠯᠠᠯ ᠢ ᠠᠷᠠᠳ ᠤᠨ ᠵᠠᠰᠠᠭ ᠤᠨ ᠣᠷᠳᠣᠨ ᠤ | ᠵᠦᠪᠰᠢᠶᠡᠷᠡᠯ ᠢᠶᠠᠷ ᠳᠠᠮᠵᠢᠨ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠬᠠᠣᠯᠢ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ ᠬᠤᠭᠤᠯᠠᠢ ᠵᠠᠯᠭᠠᠬᠤ ᠪᠣᠶᠣ ᠪᠣᠰᠣᠳ ᠴᠢᠬᠤᠯᠠ | ᠪᠦᠬᠦᠢ ᠠᠷᠭ᠎ᠠ ᠬᠡᠮᠵᠢᠶ᠎ᠡ ᠶᠢ ᠠᠪᠬᠤ ᠬᠡᠷᠡᠭᠲᠠᠢ᠃ ᠬᠤᠭᠤᠯᠠᠢ ᠵᠠᠯᠭᠠᠭᠰᠠᠨ ᠣᠰᠣ ᠬᠠᠩᠭᠠᠬᠤ ᠲᠦᠬᠦᠭᠡᠷᠦᠮᠵᠢ ᠶᠢ | ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠨᠦᠬᠦᠴᠡᠯ ᠳᠤ | ᠨᠡᠶᠢᠴᠡᠭᠰᠡᠨ ᠣᠰᠣ ᠬᠠᠩᠭᠠᠬᠤ ᠠᠵᠣ ᠠᠬᠤᠶᠢᠯᠠᠯ ᠳᠤ ᠨᠠᠶᠢᠲᠠᠨ ᠡᠵᠡᠩᠨᠡᠬᠦᠯᠵᠣ ᠬᠠᠮᠢᠶᠠᠷᠠᠭᠤᠯᠣᠨᠠ᠃ | ᠲᠦᠷᠪᠡᠳᠦᠭᠡᠷ ᠪᠦᠯᠦᠭ ᠣᠰᠣ ᠬᠠᠩᠭᠠᠬᠤ ᠲᠦᠬᠦᠭᠡᠷᠦᠮᠵᠢ ᠶᠢᠨ ᠬᠠᠮᠢᠶᠠᠷᠣᠯᠲᠠ ᠪᠠ ᠬᠠᠮᠠᠭᠠᠯᠠᠯᠲᠠ | ᠬᠤᠷᠢᠨ ᠲᠦᠷᠪᠡᠳᠦᠭᠡᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠣᠯᠣᠰ ᠤᠨ ᠲᠣᠭᠲᠠᠭᠠᠯ ᠵᠢᠴᠢ | ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ᠂ ᠣᠰᠣ ᠬᠠᠩᠭᠠᠬᠤ ᠲᠦᠬᠦᠭᠡᠷᠦᠮᠵᠢ ᠳᠤ ᠠᠮᠣᠷ ᠲᠦᠪᠰᠢᠨ ᠤ | ᠬᠠᠮᠠᠭᠠᠯᠠᠯᠲᠠ ᠶᠢᠨ ᠬᠡᠪᠴᠢᠶ᠎ᠡ ᠲᠣᠭᠲᠠᠭᠠᠵᠣ᠂ ᠠᠮᠣᠷ ᠲᠦᠪᠰᠢᠨ ᠤ ᠬᠠᠮᠠᠭᠠᠯᠠᠯᠲᠠ ᠶᠢᠨ ᠬᠡᠪᠴᠢᠶᠡᠨ ᠲᠣᠲᠣᠷ᠎ᠠ ᠠᠮᠣᠷ | ᠲᠦᠪᠰᠢᠨ ᠤ ᠰᠡᠷᠡᠮᠵᠢᠯᠡᠬᠦᠯᠦᠯ ᠤᠨ ᠢᠯᠡᠳᠬᠡᠮᠵᠢ ᠳᠡᠮᠳᠡᠭ ᠢ ᠲᠣᠬᠢᠷᠠᠭᠤᠯᠬᠤ ᠶᠢᠨ ᠬᠠᠮᠲᠣ ᠬᠠᠮᠠᠭᠠᠯᠠᠬᠤ ᠠᠷᠭ᠎ᠠ | ᠬᠡᠮᠵᠢᠶ᠎ᠡ ᠠᠪᠬᠤ ᠬᠡᠷᠡᠭᠲᠠᠢ᠃ | ᠬᠤᠷᠢᠨ ᠲᠠᠪᠤᠳᠤᠭᠠᠷ ᠵᠦᠢᠯ ᠣᠰᠣ ᠬᠠᠩᠭᠠᠬᠤ ᠲᠦᠬᠦᠭᠡᠷᠦᠮᠵᠢ ᠶᠢᠨ ᠠᠮᠣᠷ ᠲᠦᠪᠰᠢᠨ ᠤ | ᠬᠠᠮᠠᠭᠠᠯᠠᠯᠲᠠ ᠶᠢᠨ ᠬᠡᠪᠴᠢᠶᠡᠨ ᠲᠣᠲᠣᠷ᠎ᠠ ᠲᠣᠣᠷᠠᠬᠢ ᠠᠵᠢᠯᠯᠠᠭ᠎ᠠ ᠡᠷᠬᠢᠯᠡᠬᠦ ᠶᠢ ᠴᠠᠭᠠᠵᠠᠯᠠᠨ᠎ᠠ᠄ | ︵ᠨᠢᠭᠡ︶ ᠦᠨᠳᠦᠰᠦ ᠬᠦᠨ ᠣᠷᠭᠤᠮᠠᠯ ᠲᠠᠷᠢᠬᠤ᠂ ᠲᠡᠵᠢᠭᠡᠨ ᠦᠷᠡᠵᠢᠬᠦᠯᠬᠦ᠂ ᠪᠠᠷᠢᠯᠭ᠎ᠠ ᠶᠢᠨ ᠵᠦᠢᠯᠡᠰ | ᠪᠣᠶᠣ ᠳᠠᠭᠠᠯᠲᠠ ᠵᠦᠢᠯᠡᠰ ᠢ ᠰᠡᠯᠪᠢᠨ ᠪᠠᠶᠢᠭᠤᠯᠬᠤ︔ | ︵ᠬᠤᠶᠠᠷ︶ ᠰᠣᠪᠠᠭ ᠮᠠᠯᠳᠠᠬᠤ᠂ ᠰᠢᠷᠣᠢ ᠠᠪᠬᠤ᠂ ᠬᠦᠨᠳᠦ ᠪᠣᠳᠠᠰ ᠣᠪᠣᠭᠠᠯᠠᠨ ᠳᠠᠷᠣᠬᠤ᠂ ᠪᠣᠯᠠᠬᠤ᠂ | ᠴᠠᠭᠠᠷᠢᠭᠯᠠᠨ ᠡᠵᠡᠯᠡᠬᠦ᠂ ᠨᠡᠭᠡᠯᠡᠬᠡᠢ ᠶᠢᠨ ᠬᠤᠳᠳᠤᠭ᠂ ᠬᠡᠮᠵᠢᠬᠦᠷ ᠤᠨ ᠬᠤᠳᠳᠤᠭ᠂ ᠭᠠᠯ ᠣᠨᠳᠠᠷᠠᠭᠠᠬᠤ ᠪᠠᠭᠠᠵᠢ | ᠵᠢᠴᠢ ᠭᠠᠯ ᠰᠡᠷᠬᠡᠶᠢᠯᠡᠬᠦ ᠲᠡᠭᠡᠯᠡᠢ ᠭᠤᠭᠤᠵᠢᠭᠤᠷ ᠢ ᠬᠠᠯᠬᠠᠯᠠᠬᠤ︔ | ︵ᠭᠤᠷᠪᠠ︶ ᠭᠠᠳᠠᠰᠣ ᠰᠢᠭᠠᠬᠤ᠂ ᠳᠡᠯᠪᠡᠴᠢᠬᠦ ᠪᠣᠶᠣ ᠲᠣᠯᠣᠨ ᠬᠦᠴᠦᠯᠡᠬᠦ ᠠᠵᠢᠯᠯᠠᠭ᠎ᠠ︔ | ︵ᠳᠦᠷᠪᠡ︶ ᠠᠮᠢᠳᠣᠷᠠᠯ ᠤᠨ ᠪᠣᠬᠢᠷ ᠣᠰᠣ᠂ ᠠᠵᠣ ᠦᠢᠯᠡᠳᠪᠦᠷᠢ ᠶᠢᠨ ᠬᠠᠶᠠᠭᠳᠠᠮᠠᠯ ᠣᠰᠣ ᠶᠢ | ᠭᠠᠳᠠᠭᠰᠢᠯᠠᠭᠤᠯᠬᠤ ᠪᠣᠶᠣ ᠬᠤᠣᠷᠲᠠᠢ ᠠᠶᠣᠯᠲᠠᠢ ᠪᠣᠳᠠᠰ ᠢ ᠣᠪᠣᠭᠠᠯᠠᠨ ᠲᠠᠯᠪᠢᠬᠤ︔ | ︵ᠲᠠᠪᠤ︶ ᠨᠡᠶᠢᠲᠡ ᠶᠢᠨ ᠣᠰᠣ ᠬᠠᠩᠭᠠᠬᠤ᠂ ᠰᠢᠭᠤᠳ ᠣᠣᠭᠤᠬᠤ ᠣᠰᠣ ᠳᠠᠮᠵᠢᠭᠤᠯᠵᠣ ᠲᠣᠬᠢᠷᠠᠭᠤᠯᠬᠤ | ᠣᠰᠣᠨ ᠬᠤᠭᠤᠯᠠᠢ ᠶᠢᠨ ᠱᠣᠭᠤᠮ ᠳᠤ ᠪᠣᠰᠣᠳ ᠳᠠᠭᠠᠯᠲᠠ ᠲᠦᠬᠦᠭᠡᠷᠦᠮᠵᠢ ᠶᠢ ᠲᠣᠷ᠎ᠠ ᠪᠠᠷ ᠣᠭᠰᠠᠷᠠᠬᠤ︔ | ︵ᠵᠢᠷᠭᠤᠭ᠎ᠠ︶ ᠳᠠᠮᠵᠢᠭᠤᠯᠵᠣ ᠲᠣᠬᠢᠷᠠᠭᠤᠯᠬᠤ ᠣᠰᠣᠨ ᠬᠤᠭᠤᠯᠠᠢ ᠶᠢᠨ ᠱᠣᠭᠤᠮ ᠢᠶᠠᠷ ᠠᠶᠣᠩᠭ᠎ᠠ | ᠵᠠᠶᠢᠯᠠᠭᠤᠯᠬᠤ ᠲᠣᠨᠣᠭᠯᠠᠯ ᠢ ᠣᠷᠣᠯᠠᠭᠤᠯᠬᠤ ᠪᠣᠶᠣ ᠭᠠᠵᠠᠷ ᠣᠳᠠᠰᠣ ᠲᠠᠢ ᠵᠠᠯᠭᠠᠬᠤ︔ | ︵ᠲᠣᠯᠤᠭ᠎ᠠ︶ ᠣᠰᠣ ᠬᠠᠩᠭᠠᠬᠤ ᠨᠡᠭᠡᠯᠡᠬᠡᠢ ᠵᠢᠴᠢ ᠭᠠᠯ ᠣᠨᠳᠠᠷᠠᠭᠠᠬᠤ ᠪᠠᠭᠠᠵᠢ᠂ ᠨᠡᠶᠢᠲᠡ ᠶᠢᠨ | ᠨᠣᠭᠤᠭᠠᠷᠠᠭᠤᠯᠣᠯᠲᠠ ᠶᠢᠨ ᠬᠤᠳᠳᠤᠭ ᠵᠡᠷᠭᠡ ᠶᠢ ᠲᠣᠷ᠎ᠠ ᠪᠠᠷ ᠨᠡᠭᠡᠭᠡᠵᠣ ᠬᠠᠭᠠᠬᠤ︔ | ︵ᠨᠠᠢᠮᠠ︶ ᠣᠰᠣ ᠬᠠᠩᠭᠠᠬᠤ ᠲᠦᠬᠦᠭᠡᠷᠦᠮᠵᠢ ᠶᠢᠨ ᠠᠮᠣᠷ ᠲᠦᠪᠰᠢᠨ ᠢ ᠬᠤᠬᠢᠷᠭᠠᠬᠤ ᠪᠣᠶᠣ ᠣᠰᠣ | ᠬᠠᠩᠭᠠᠬᠤ ᠲᠦᠬᠦᠭᠡᠷᠦᠮᠵᠢ ᠶᠢ ᠡᠪᠳᠡᠬᠦ ᠪᠣᠰᠣᠳ ᠠᠵᠢᠯᠯᠠᠭ᠎ᠠ᠃ | ᠬᠤᠷᠢᠨ ᠵᠢᠷᠭᠤᠳᠤᠭᠠᠷ ᠵᠦᠢᠯ ᠣᠰᠣ ᠬᠠᠩᠭᠠᠬᠤ ᠲᠦᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ | ᠬᠠᠮᠠᠭᠠᠯᠠᠬᠤ᠂ ᠰᠣᠯᠢᠬᠤ ᠬᠠᠷᠢᠭᠤᠴᠠᠯᠭ᠎ᠠ ᠶᠢ ᠲᠣᠣᠷᠠᠬᠢ ᠲᠣᠭᠲᠠᠭᠠᠯ ᠶᠣᠰᠣᠭᠠᠷ ᠬᠤᠪᠢᠶᠠᠷᠢᠯᠠᠨ᠎ᠠ᠄ | ︵ᠨᠢᠭᠡ︶ ᠣᠰᠣᠨ ᠰᠣᠷᠪᠣᠯᠵᠢ ᠶᠢᠨ ᠰᠢᠰᠲ᠋ᠧᠮ᠂ ᠣᠰᠣ ᠲᠣᠬᠢᠷᠠᠭᠤᠯᠬᠤ ᠦᠢᠯᠡᠳᠪᠦᠷᠢ ᠪᠠ ᠨᠡᠶᠢᠲᠡ ᠶᠢᠨ | ᠣᠰᠣ ᠳᠠᠮᠵᠢᠭᠤᠯᠵᠣ ᠲᠣᠬᠢᠷᠠᠭᠤᠯᠬᠤ ᠭᠤᠣᠯ ᠬᠤᠭᠤᠯᠠᠢ ᠱᠣᠭᠤᠮ᠂ ᠣᠷᠣᠨ ᠪᠦᠰᠡ ᠶᠢᠨ ᠳᠠᠷᠣᠴᠠ ᠨᠡᠮᠡᠬᠦ | ᠬᠦᠭᠡᠷᠭᠡ ᠶᠢᠨ ᠦᠷᠲᠡᠭᠡ᠂ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠪᠡᠯᠡ ᠣᠷᠣᠭᠤᠯᠣᠭᠰᠠᠨ ᠪᠣᠶᠣ ᠣᠰᠣ | ᠬᠠᠩᠭᠠᠬᠤ ᠠᠵᠣ ᠠᠬᠤᠶᠢᠯᠠᠯ ᠠᠴᠠ ᠨᠢᠭᠡᠳᠦᠯᠲᠠᠢ ᠪᠠᠶᠢᠭᠤᠯᠣᠭᠰᠠᠨ ᠣᠰᠣ ᠬᠠᠩᠭᠠᠬᠤ ᠲᠦᠬᠦᠭᠡᠷᠦᠮᠵᠢ ᠶᠢ ᠰᠡᠯᠪᠢᠨ | ᠵᠠᠰᠠᠬᠤ᠂ ᠠᠷᠠᠴᠢᠯᠠᠨ ᠬᠠᠮᠠᠭᠠᠯᠠᠬᠤ᠂ ᠰᠣᠯᠢᠬᠤ ᠬᠠᠷᠢᠭᠤᠴᠠᠯᠭ᠎ᠠ ᠶᠢ ᠣᠰᠣ ᠬᠠᠩᠭᠠᠬᠤ ᠠᠵᠣ ᠠᠬᠤᠶᠢᠯᠠᠯ ᠠᠴᠠ | ᠡᠬᠦᠷᠭᠡᠯᠡᠨ᠎ᠡ︔ | ︵ᠬᠤᠶᠠᠷ︶ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠲᠣᠲᠣᠷᠠᠬᠢ ᠣᠰᠣ ᠬᠠᠩᠭᠠᠬᠤ | ᠲᠦᠬᠦᠭᠡᠷᠦᠮᠵᠢ ᠶᠢ ᠡᠷᠦᠭᠡ ᠳᠤ ᠣᠷᠣᠬᠤ ᠶᠢ ᠳ᠋ᠦᠩᠨᠡᠨ ᠪᠣᠳᠣᠬᠤ ᠬᠡᠮᠵᠢᠬᠦᠷ ᠢᠶᠠᠷ ᠵᠠᠭᠠᠭᠯᠠᠬᠤ ᠴᠡᠭ ᠪᠣᠯᠭᠠᠵᠣ᠂ | ᠬᠤᠲᠠ ᠶᠢᠨ ᠨᠡᠶᠢᠲᠡ ᠶᠢᠨ ᠣᠰᠣ ᠬᠠᠩᠭᠠᠬᠤ ᠬᠤᠭᠤᠯᠠᠢ ᠶᠢᠨ ᠲᠣᠣᠷ ᠠᠴᠠ ᠵᠠᠭᠠᠭᠯᠠᠬᠤ ᠴᠡᠭ ᠬᠦᠷᠳᠡᠯᠬᠢ | ᠬᠡᠪᠴᠢᠶᠡᠨ ᠳᠠᠬᠢ ︵ᠣᠰᠣᠨ ᠤ ᠬᠡᠮᠵᠢᠬᠦᠷ ᠢ ᠪᠠᠭᠳᠠᠭᠠᠨ᠎ᠠ︶ ᠣᠰᠣ ᠬᠠᠩᠭᠠᠬᠤ ᠲᠦᠬᠦᠭᠡᠷᠦᠮᠵᠢ ᠶᠢ ᠰᠡᠯᠪᠢᠨ ᠵᠠᠰᠠᠬᠤ | ᠂ ᠠᠷᠠᠴᠢᠯᠠᠨ ᠬᠠᠮᠠᠭᠠᠯᠠᠬᠤ᠂ ᠰᠣᠯᠢᠬᠤ ᠬᠠᠷᠢᠭᠤᠴᠠᠯᠭ᠎ᠠ ᠶᠢ ᠣᠰᠣ ᠬᠠᠩᠭᠠᠬᠤ ᠠᠵᠣ ᠠᠬᠤᠶᠢᠯᠠᠯ ᠠᠴᠠ ᠡᠬᠦᠷᠭᠡᠯᠡᠵᠣ᠂ | ᠵᠠᠭᠠᠭᠯᠠᠬᠤ ᠴᠡᠭ ᠠᠴᠠ ᠭᠠᠳᠠᠨᠠᠬᠢ ᠣᠰᠣ ᠬᠠᠩᠭᠠᠬᠤ ᠲᠦᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ | ᠬᠠᠮᠠᠭᠠᠯᠠᠬᠤ᠂ ᠰᠣᠯᠢᠬᠤ ᠬᠠᠷᠢᠭᠤᠴᠠᠯᠭ᠎ᠠ ᠶᠢ ᠣᠰᠣ ᠬᠡᠷᠡᠭᠯᠡᠬᠦ ᠡᠷᠦᠭᠡ ᠠᠴᠠ ᠡᠬᠦᠷᠭᠡᠯᠡᠨ᠎ᠡ︔ | ︵ᠭᠤᠷᠪᠠ︶ ᠰᠠᠭᠤᠭᠠᠯᠢ ᠠᠷᠠᠳ ᠤᠨ ᠪᠣᠰᠣ ᠣᠰᠣ ᠬᠡᠷᠡᠭᠯᠡᠬᠦ ᠡᠷᠦᠭᠡ ᠨᠢ ᠣᠰᠣ ᠬᠠᠩᠭᠠᠬᠤ ᠠᠵᠣ | ᠠᠬᠤᠶᠢᠯᠠᠯ ᠬᠢᠭᠡᠳ ᠣᠰᠣ ᠬᠡᠷᠡᠭᠯᠡᠬᠦ ᠡᠷᠦᠭᠡ ᠶᠢᠨ ᠪᠣᠯᠵᠣᠭᠰᠠᠨ ᠡᠷᠦᠭᠡ ᠶᠢᠨ ᠭᠠᠳᠠᠨᠠᠬᠢ ᠶᠡᠷᠦᠩᠭᠡᠢ ᠬᠡᠮᠵᠢᠬᠦᠷ ᠤᠨ | ᠬᠤᠳᠳᠤᠭ ᠢᠶᠠᠷ ᠵᠠᠭᠠᠭ ᠴᠡᠭ ᠪᠣᠯᠭᠠᠵᠣ᠂ ᠵᠠᠭᠠᠭ ᠴᠡᠭ ᠠᠴᠠ ᠡᠮᠦᠨᠡᠬᠢ ᠣᠰᠣ ᠬᠠᠩᠭᠠᠬᠤ ᠲᠦᠬᠦᠭᠡᠷᠦᠮᠵᠢ ᠶᠢ | ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠣᠯᠢᠬᠤ ᠬᠠᠷᠢᠭᠤᠴᠠᠯᠭ᠎ᠠ ᠶᠢ ᠣᠰᠣ ᠬᠠᠩᠭᠠᠬᠤ ᠠᠵᠣ | ᠠᠬᠤᠶᠢᠯᠠᠯ ᠠᠴᠠ ᠡᠬᠦᠷᠭᠡᠯᠡᠨ᠎ᠡ︔ ᠵᠠᠭᠠᠭ ᠴᠡᠭ ᠠᠴᠠ ᠬᠤᠶᠢᠨᠠᠬᠢ ᠶᠡᠷᠦᠩᠭᠡᠶᠢᠯᠡᠨ ᠳ᠋ᠦᠩᠨᠡᠨ ᠪᠣᠳᠣᠬᠤ ᠣᠰᠣᠨ ᠤ | ᠬᠡᠮᠵᠢᠬᠦᠷ ᠵᠢᠴᠢ ᠬᠡᠮᠵᠢᠬᠦᠷ ᠤᠨ ᠬᠤᠳᠳᠤᠭ ᠢ ᠪᠠᠭᠳᠠᠭᠠᠭᠰᠠᠨ ᠣᠰᠣ ᠬᠠᠩᠭᠠᠬᠤ ᠲᠦᠬᠦᠭᠡᠷᠦᠮᠵᠢ ᠶᠢᠨ ᠰᠡᠯᠪᠢᠨ | ᠵᠠᠰᠠᠬᠤ᠂ ᠠᠷᠠᠴᠢᠯᠠᠨ ᠬᠠᠮᠠᠭᠠᠯᠠᠬᠤ᠂ ᠰᠣᠯᠢᠬᠤ ᠬᠠᠷᠢᠭᠤᠴᠠᠯᠭ᠎ᠠ ᠶᠢ ᠰᠠᠭᠤᠭᠠᠯᠢ ᠠᠷᠠᠳ ᠤᠨ ᠪᠣᠰᠣ ᠣᠰᠣ ᠬᠡᠷᠡᠭᠯᠡᠬᠦ | ᠡᠷᠦᠭᠡ ᠠᠴᠠ ᠡᠬᠦᠷᠭᠡᠯᠡᠨ᠎ᠡ︔ ᠡᠷᠦᠭᠡ ᠶᠢᠨ ᠭᠠᠳᠠᠨᠠᠬᠢ ᠶᠡᠷᠦᠩᠭᠡᠢ ᠬᠡᠮᠵᠢᠬᠦᠷ ᠤᠨ ᠬᠤᠳᠳᠤᠭ ᠦᠭᠡᠢ ᠪᠣᠯ᠂ | ᠨᠡᠶᠢᠲᠡ ᠶᠢᠨ ᠣᠰᠣ ᠳᠠᠮᠵᠢᠭᠤᠯᠵᠣ ᠲᠣᠬᠢᠷᠠᠭᠤᠯᠬᠤ ᠭᠤᠣᠯ ᠬᠤᠭᠤᠯᠠᠢ ᠶᠢᠨ ᠱᠣᠭᠤᠮ ᠬᠢᠭᠡᠳ ᠰᠠᠯᠪᠦᠷᠢ | ᠱᠣᠭᠤᠮ ᠤᠨ ᠠᠭᠤᠯᠵᠠᠭᠤᠷ ᠴᠡᠭ ᠢᠶᠠᠷ ᠵᠠᠭᠠᠭ ᠴᠡᠭ ᠪᠣᠯᠭᠠᠵᠣ᠂ ᠵᠠᠭᠠᠭ ᠴᠡᠭ ᠠᠴᠠ ᠡᠮᠦᠨᠡᠬᠢ ᠣᠰᠣ ᠬᠠᠩᠭᠠᠬᠤ | ᠲᠦᠬᠦᠭᠡᠷᠦᠮᠵᠢ ᠶᠢᠨ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠣᠯᠢᠬᠤ ᠬᠠᠷᠢᠭᠤᠴᠠᠯᠭ᠎ᠠ ᠶᠢ ᠣᠰᠣ ᠬᠠᠩᠭᠠᠬᠤ | ᠠᠵᠣ ᠠᠬᠤᠶᠢᠯᠠᠯ ᠠᠴᠠ ᠡᠬᠦᠷᠭᠡᠯᠡᠨ᠎ᠡ︔ ᠵᠠᠭᠠᠭ ᠴᠡᠭ ᠠᠴᠠ ᠬᠤᠶᠢᠨᠠᠬᠢ ᠣᠰᠣ ᠬᠠᠩᠭᠠᠬᠤ ᠲᠦᠬᠦᠭᠡᠷᠦᠮᠵᠢ ᠶᠢᠨ | ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠣᠯᠢᠬᠤ ᠬᠠᠷᠢᠭᠤᠴᠠᠯᠭ᠎ᠠ ᠶᠢ ᠰᠠᠭᠤᠭᠠᠯᠢ ᠠᠷᠠᠳ ᠤᠨ ᠪᠣᠰᠣ ᠣᠰᠣ | ᠬᠡᠷᠡᠭᠯᠡᠬᠦ ᠡᠷᠦᠭᠡ ᠠᠴᠠ ᠡᠬᠦᠷᠭᠡᠯᠡᠨ᠎ᠡ᠃ | ᠬᠤᠷᠢᠨ ᠲᠤᠯᠤᠳᠤᠭᠠᠷ ᠵᠦᠢᠯ ᠤᠰᠣ ᠬᠠᠩᠭᠠᠬᠤ ᠠᠵᠣ ᠠᠬᠤᠶᠢᠯᠠᠯ ᠨᠢ ᠣᠰᠣ ᠬᠠᠩᠭᠠᠬᠤ | ᠲᠦᠬᠦᠭᠡᠷᠦᠮᠵᠢ ᠶᠢ ᠪᠠᠶᠢᠴᠠᠭᠠᠬᠤ ᠳᠦᠷᠢᠮ ᠢ ᠪᠠᠶᠢᠭᠤᠯᠵᠣ᠂ ᠣᠰᠣ ᠬᠠᠩᠭᠠᠬᠤ ᠲᠦᠬᠦᠭᠡᠷᠦᠮᠵᠢ ᠶᠢ ᠲᠣᠭᠲᠠᠭᠰᠠᠨ | ᠬᠤᠭᠤᠴᠠᠭ᠎ᠠ ᠲᠠᠢ ᠪᠠᠶᠢᠴᠠᠭᠠᠵᠣ ᠠᠷᠠᠴᠢᠯᠠᠨ ᠬᠠᠮᠠᠭᠠᠯᠠᠬᠤ ᠬᠡᠷᠡᠭᠲᠠᠢ᠃ ᠣᠰᠣ ᠬᠠᠩᠭᠠᠬᠤ ᠲᠦᠬᠦᠭᠡᠷᠦᠮᠵᠢ ᠨᠢ | ᠰᠠᠭᠠᠳ ᠭᠠᠷᠬᠤ ᠦᠶᠡᠰ᠂ ᠣᠰᠣ ᠬᠠᠩᠭᠠᠬᠤ ᠠᠵᠣ ᠠᠬᠤᠶᠢᠯᠠᠯ ᠨᠢ ᠴᠠᠭ ᠳᠠᠷᠣᠢ ᠳᠤᠨᠢ ᠱᠠᠯᠠᠪᠳᠠᠨ ᠵᠠᠰᠠᠬᠤ | ᠬᠡᠷᠡᠭᠲᠠᠢ᠃ ᠣᠰᠣ ᠬᠠᠩᠭᠠᠬᠤ ᠠᠵᠣ ᠠᠬᠤᠶᠢᠯᠠᠯ ᠨᠢ ᠱᠠᠯᠠᠪᠳᠠᠨ ᠵᠠᠰᠠᠬᠤ ᠠᠵᠢᠯᠯᠠᠭ᠎ᠠ ᠬᠢᠵᠣ ᠪᠠᠶᠢᠬᠤ ᠦᠶᠡᠰ᠂ | ᠠᠵᠢᠯᠯᠠᠭ᠎ᠠ ᠶᠢ ᠬᠠᠷᠰᠢᠯᠠᠬᠤ ᠵᠠᠮ᠂ ᠮᠣᠲᠣ ᠵᠡᠷᠭᠡ ᠬᠠᠮᠢᠶ᠎ᠠ ᠪᠦᠬᠦᠢ ᠲᠦᠬᠦᠭᠡᠷᠦᠮᠵᠢ ᠳᠤ ᠪᠠᠴᠢᠮ ᠪᠠᠶᠢᠳᠠᠯ ᠢ | ᠠᠷᠭᠠᠴᠠᠭᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠣ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠬᠦᠯᠦᠨ᠎ᠡ᠂ | ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠠᠮᠵᠢᠯᠴᠠᠬᠤ ᠬᠡᠷᠡᠭᠲᠠᠢ᠃ | ᠣᠰᠣ ᠬᠡᠷᠡᠭᠯᠡᠬᠦ ᠡᠷᠦᠭᠡ ᠶᠢᠨ ᠬᠠᠮᠲᠣᠪᠡᠷ ᠭᠡᠷᠡᠭᠯᠡᠬᠦ ᠣᠰᠣ ᠬᠠᠩᠭᠠᠬᠤ ᠲᠦᠬᠦᠭᠡᠷᠦᠮᠵᠢ ᠶᠢ ᠱᠠᠯᠠᠪᠳᠠᠨ | ᠵᠠᠰᠠᠬᠤ ᠳᠤ᠂ ᠵᠡᠷᠭᠡᠯᠡᠳᠡᠭᠡ ᠬᠡᠷ ᠪᠠᠶᠢᠰᠢᠩ᠂ ᠭᠠᠵᠠᠷ ᠰᠢᠷᠣᠢ ᠶᠢ ᠠᠰᠢᠭᠯᠠᠬᠤ ᠴᠢᠬᠤᠯᠠᠲᠠᠢ ᠪᠣᠯ᠂ ᠬᠤᠯᠪᠣᠭᠳᠠᠯ | ᠪᠦᠬᠦᠢ ᠨᠢᠭᠡᠴᠢ ᠪᠠ ᠬᠤᠪᠢ ᠬᠦᠮᠦᠨ ᠨᠢ ᠲᠦᠬᠦᠮ ᠦᠵᠡᠬᠦᠯᠬᠦ ᠬᠡᠷᠡᠭᠲᠠᠢ᠃ ᠣᠰᠣ ᠬᠠᠩᠭᠠᠬᠤ ᠲᠦᠬᠦᠭᠡᠷᠦᠮᠵᠢ ᠶᠢ | ᠱᠠᠯᠠᠪᠳᠠᠨ ᠵᠠᠰᠠᠬᠤ ᠠᠴᠠ ᠪᠣᠯᠵᠣ ᠬᠤᠯᠪᠣᠭᠳᠠᠯ ᠪᠦᠬᠦᠢ ᠨᠢᠭᠡᠴᠢ ᠪᠠ ᠬᠤᠪᠢ ᠬᠦᠮᠦᠨ ᠤ ᠡᠳ᠋ ᠬᠦᠷᠦᠩᠭᠡ ᠶᠢ | ᠬᠤᠬᠢᠷᠠᠯ ᠳᠤ ᠣᠴᠠᠷᠠᠭᠤᠯᠣᠭᠰᠠᠨ ᠪᠣᠯ᠂ ᠱᠠᠯᠠᠪᠳᠠᠨ ᠵᠠᠰᠠᠭᠰᠠᠨ ᠤ ᠳᠠᠷᠠᠭ᠎ᠠ ᠲᠡᠷᠠ ᠳᠠᠷᠣᠢ ᠳᠤᠨᠢ ᠣᠣᠯ | ᠪᠠᠶᠢᠳᠠᠯ ᠢ ᠨᠢ ᠰᠡᠷᠬᠦᠬᠡᠬᠦ ᠪᠣᠶᠣ ᠬᠠᠣᠯᠢ ᠶᠣᠰᠣᠭᠠᠷ ᠵᠣᠬᠢᠴᠠᠩᠭᠤᠢ ᠨᠦᠬᠦᠪᠦᠷᠢ ᠬᠦᠷᠲᠡᠭᠡᠬᠦ ᠬᠡᠷᠡᠭᠲᠠᠢ᠃ | ᠣᠰᠣ ᠬᠠᠩᠭᠠᠬᠤ ᠠᠵᠣ ᠠᠬᠤᠶᠢᠯᠠᠯ ᠨᠢ ᠣᠰᠣ ᠬᠠᠩᠭᠠᠬᠤ ᠲᠦᠬᠦᠭᠡᠷᠦᠮᠵᠢ ᠶᠢ ᠪᠠᠴᠢᠮ ᠪᠠᠶᠢᠳᠠᠯ ᠤᠨ ᠲᠣᠣᠷ᠎ᠠ | ᠱᠠᠯᠠᠪᠳᠠᠨ ᠵᠠᠰᠠᠬᠤ ᠡᠬᠦᠷᠭᠡ ᠶᠢ ᠭᠦᠢᠴᠡᠳᠬᠡᠵᠣ ᠪᠠᠶᠢᠬᠤ ᠦᠶᠡᠰ᠂ ᠪᠦᠲᠦᠮᠵᠢᠲᠠᠢ ᠠᠮᠣᠷ ᠲᠦᠪᠰᠢᠨ ᠪᠠ ᠡᠷᠡᠬᠦᠯ | ᠬᠠᠮᠠᠭᠠᠯᠠᠯ ᠤᠨ ᠰᠡᠷᠬᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠠᠢ᠂ ᠠᠮᠣᠷ ᠲᠦᠪᠰᠢᠨ ᠢ ᠪᠠᠲᠣᠯᠠᠭᠰᠠᠨ | ᠣᠷᠢᠳᠠᠴᠢ ᠨᠦᠬᠦᠴᠡᠯ ᠲᠣᠣᠷ᠎ᠠ᠂ ᠵᠠᠪᠲᠣᠨ ᠠᠪᠣᠷᠠᠯᠲᠠ ᠶᠢᠨ ᠲᠡᠷᠭᠡ ᠨᠢ ᠶᠠᠪᠣᠬᠤ ᠵᠠᠮ᠂ ᠶᠠᠪᠣᠬᠤ ᠴᠢᠭᠯᠡᠯ᠂ ᠶᠠᠪᠣᠬᠤ | ᠬᠤᠷᠳᠣᠴᠠ ᠪᠠ ᠲᠣᠬᠢᠶᠠᠨ ᠳ᠋ᠧᠩ ᠤᠨ ᠬᠢᠵᠠᠭᠠᠷᠯᠠᠯ ᠢ ᠬᠦᠷᠲᠡᠭᠦ ᠦᠭᠡᠢ᠂ ᠪᠣᠰᠣᠳ ᠲᠡᠷᠭᠡ ᠪᠠ ᠶᠠᠪᠣᠵᠣ ᠪᠠᠶᠢᠭ᠎ᠠ | ᠬᠦᠮᠦᠰ ᠨᠢ ᠨᠠᠶᠢᠷ ᠲᠠᠯᠪᠢᠬᠤ ᠬᠡᠷᠡᠭᠲᠠᠢ᠃ | ᠬᠤᠷᠢᠨ ᠨᠠᠢᠮᠠᠳᠤᠭᠠᠷ ᠵᠦᠢᠯ ᠣᠰᠣ ᠬᠠᠩᠭᠠᠬᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ | ᠢᠨᠵᠧᠨᠧᠷᠢᠩ ᠢ ᠡᠬᠢᠯᠡᠬᠦᠯᠬᠦ ᠠᠴᠠ ᠡᠮᠦᠨ᠎ᠡ᠂ ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠣᠰᠣ ᠬᠠᠩᠭᠠᠬᠤ ᠠᠵᠣ | ᠠᠬᠤᠶᠢᠯᠠᠯ ᠠᠴᠠ ᠭᠠᠵᠠᠷ ᠲᠣᠣᠷᠠᠬᠢ ᠣᠰᠣ ᠬᠠᠩᠭᠠᠬᠤ ᠬᠤᠭᠤᠯᠠᠢ ᠶᠢᠨ ᠲᠣᠣᠷ ᠤᠨ ᠪᠠᠶᠢᠳᠠᠯ ᠢ ᠪᠠᠶᠢᠴᠠᠭᠠᠨ | ᠣᠶᠢᠯᠠᠭᠠᠬᠤ ᠬᠡᠷᠡᠭᠲᠠᠢ︔ ᠬᠤᠲᠠ ᠶᠢᠨ ᠣᠰᠣ ᠬᠠᠩᠭᠠᠬᠤ ᠲᠦᠬᠦᠭᠡᠷᠦᠮᠵᠢ ᠶᠢᠨ ᠠᠮᠣᠷ ᠲᠦᠪᠰᠢᠨ ᠢ ᠨᠦᠯᠦᠭᠡᠯᠡᠵᠣ | ᠮᠡᠳᠡᠪᠡᠯ᠂ ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠣᠰᠣ ᠬᠠᠩᠭᠠᠬᠤ ᠠᠵᠣ ᠠᠬᠤᠶᠢᠯᠠᠯ ᠲᠠᠢ ᠬᠠᠮᠠᠭᠠᠯᠠᠯᠲᠠ ᠶᠢᠨ | ᠠᠷᠭ᠎ᠠ ᠬᠡᠮᠵᠢᠶ᠎ᠡ ᠶᠢ ᠵᠦᠪᠳᠡᠯᠴᠡᠨ ᠲᠣᠭᠲᠠᠭᠠᠬᠤ ᠬᠡᠷᠡᠭᠲᠠᠢ᠃ | ᠪᠠᠷᠢᠯᠭ᠎ᠠ ᠶᠢᠨ ᠠᠵᠢᠯ ᠤᠨ ᠲᠣᠮᠲᠠ ᠨᠡᠶᠢᠲᠡ ᠶᠢᠨ ᠣᠰᠣ ᠬᠠᠩᠭᠠᠬᠤ ᠲᠦᠬᠦᠭᠡᠷᠦᠮᠵᠢ ᠶᠢ ᠡᠪᠳᠡᠭᠰᠡᠨ ᠪᠣᠯ᠂ | ᠪᠦᠲᠦᠭᠡᠨ ᠪᠠᠶᠢᠭᠤᠯᠣᠯᠲᠠ ᠶᠢᠨ ᠨᠢᠭᠡᠴᠢ ᠪᠠ ᠪᠠᠷᠢᠯᠭ᠎ᠠ ᠶᠢᠨ ᠨᠢᠭᠡᠴᠢ ᠨᠢ ᠵᠣᠬᠢᠴᠠᠩᠭᠤᠢ ᠲᠦᠯᠦᠪᠦᠷᠢ ᠵᠢᠴᠢ ᠪᠣᠰᠣᠳ | ᠬᠠᠣᠯᠢ ᠴᠠᠭᠠᠵᠠ ᠶᠢᠨ ᠬᠠᠷᠢᠭᠤᠴᠠᠯᠭ᠎ᠠ ᠶᠢ ᠬᠠᠣᠯᠢ ᠶᠣᠰᠣᠭᠠᠷ ᠡᠬᠦᠷᠭᠡᠯᠡᠬᠦ ᠬᠡᠷᠡᠭᠲᠠᠢ᠃ | ᠬᠤᠷᠢ ᠶᠢᠰᠦᠳᠦᠭᠡᠷ ᠵᠦᠢᠯ ᠨᠡᠶᠢᠲᠡ ᠶᠢᠨ ᠣᠰᠣ ᠬᠠᠩᠭᠠᠬᠤ ᠲᠦᠬᠦᠭᠡᠷᠦᠮᠵᠢ ᠶᠢ ᠲᠣᠷ᠎ᠠ ᠪᠠᠷ ᠬᠦᠳᠡᠯᠭᠡᠨ | ᠬᠡᠷᠡᠭᠯᠡᠬᠦ᠂ ᠡᠪᠳᠡᠯᠡᠵᠣ ᠬᠠᠶᠠᠬᠤ᠂ ᠦᠭᠡᠷᠡᠴᠢᠯᠡᠨ ᠲᠣᠨᠣᠭᠯᠠᠬᠤ᠂ ᠰᠢᠯᠵᠢᠬᠦᠯᠬᠦ᠂ ᠡᠬᠢᠯᠡᠬᠦᠯᠦᠨ ᠬᠡᠷᠡᠭᠯᠡᠬᠦ ᠶᠢ | ᠴᠠᠭᠠᠵᠠᠯᠠᠨ᠎ᠠ᠃ | ᠦᠨᠡᠨ ᠬᠦ ᠡᠪᠳᠡᠯᠡᠵᠣ ᠬᠠᠶᠠᠬᠤ᠂ ᠰᠢᠯᠵᠢᠬᠦᠯᠬᠦ᠂ ᠡᠬᠢᠯᠡᠬᠦᠯᠦᠨ ᠬᠡᠷᠡᠭᠯᠡᠬᠦ ᠴᠢᠬᠤᠯᠠᠲᠠᠢ ᠪᠣᠯ᠂ ᠬᠤᠲᠠ ᠶᠢᠨ | ᠲᠦᠯᠦᠪᠵᠢᠬᠦᠯᠭᠡ ᠪᠠ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ | ᠵᠦᠪᠰᠢᠶᠡᠷᠡᠯ ᠢᠶᠠᠷ ᠳᠠᠮᠵᠢᠨ᠂ ᠪᠦᠲᠦᠭᠡᠨ ᠪᠠᠶᠢᠭᠤᠯᠣᠯᠲᠠ ᠶᠢᠨ ᠨᠢᠭᠡᠴᠢ ᠪᠣᠶᠣ ᠨᠣᠷᠠᠭᠠᠵᠣ ᠨᠡᠬᠦᠯᠬᠡᠬᠦ ᠰᠠᠯᠠᠭ᠎ᠠ | ᠮᠦᠴᠢᠷ ᠨᠢ ᠣᠰᠣᠨ ᠤ ᠵᠠᠷᠣᠳᠠᠯ ᠢ ᠲᠠᠰᠣᠯᠣᠨ ᠪᠣᠳᠣᠭᠰᠠᠨ ᠤ ᠳᠠᠷᠠᠭ᠎ᠠ ᠣᠰᠣ ᠬᠠᠩᠭᠠᠬᠤ ᠠᠵᠣ ᠠᠬᠤᠶᠢᠯᠠᠯ ᠠᠴᠠ | ᠪᠠᠷᠢᠯᠭ᠎ᠠ ᠶᠢᠨ ᠠᠵᠢᠯ ᠢ ᠬᠢᠨ᠎ᠡ᠂ ᠵᠠᠷᠣᠳᠠᠯ ᠢ ᠨᠢ ᠪᠦᠲᠦᠭᠡᠨ ᠪᠠᠶᠢᠭᠤᠯᠣᠯᠲᠠ ᠶᠢᠨ ᠨᠢᠭᠡᠴᠢ ᠪᠣᠶᠣ ᠨᠣᠷᠠᠭᠠᠵᠣ | ᠨᠡᠬᠦᠯᠬᠡᠬᠦ ᠰᠠᠯᠠᠭ᠎ᠠ ᠮᠦᠴᠢᠷ ᠠᠴᠠ ᠡᠬᠦᠷᠭᠡᠯᠡᠨ᠎ᠡ᠃ ᠵᠦᠪᠰᠢᠶᠡᠷᠡᠯ ᠢ ᠳᠠᠮᠵᠢᠭᠰᠠᠨ ᠦᠭᠡᠢ ᠪᠠᠷ ᠲᠣᠷ᠎ᠠ ᠪᠠᠷ ᠡᠪᠳᠡᠯᠡᠨ | ᠬᠠᠶᠠᠵᠣ᠂ ᠦᠭᠡᠷᠡᠴᠢᠯᠡᠨ ᠲᠣᠨᠣᠭᠯᠠᠵᠣ᠂ ᠰᠢᠯᠵᠢᠬᠦᠯᠵᠣ᠂ ᠡᠬᠢᠯᠡᠵᠣ ᠬᠡᠷᠡᠭᠯᠡᠭᠰᠡᠨ ᠪᠣᠯ ᠬᠤᠯᠪᠣᠭᠳᠠᠯ ᠪᠦᠬᠦᠢ ᠨᠢᠭᠡᠴᠢ | ᠪᠠ ᠬᠤᠪᠢ ᠬᠦᠮᠦᠨ ᠨᠢ ᠲᠦᠯᠦᠪᠦᠷᠢᠯᠡᠬᠦ ᠵᠢᠴᠢ ᠪᠣᠰᠣᠳ ᠵᠣᠬᠢᠴᠠᠩᠭᠤᠢ ᠬᠠᠣᠯᠢ ᠴᠠᠭᠠᠵᠠ ᠶᠢᠨ ᠬᠠᠷᠢᠭᠤᠴᠠᠯᠭ᠎ᠠ ᠶᠢ | ᠡᠬᠦᠷᠭᠡᠯᠡᠬᠦ ᠬᠡᠷᠡᠭᠲᠠᠢ᠃ | ᠭᠤᠴᠢᠳᠤᠭᠠᠷ ᠵᠦᠢᠯ ᠬᠤᠲᠠ ᠶᠢᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠨᠡᠶᠢᠲᠡ ᠶᠢᠨ ᠭᠠᠯ ᠰᠡᠷᠬᠡᠶᠢᠯᠡᠬᠦ ᠣᠰᠣᠨ ᠬᠡᠷᠡᠭᠯᠡᠯᠲᠡ ᠶᠢᠨ | ᠲᠦᠬᠦᠭᠡᠷᠦᠮᠵᠢ ᠶᠢᠨ ᠲᠦᠯᠦᠪᠵᠢᠬᠦᠯᠭᠡ ᠶᠢ ᠬᠠᠷᠢᠭᠤᠴᠠᠵᠣ᠂ ᠣᠰᠣ ᠬᠠᠩᠭᠠᠬᠤ ᠠᠵᠣ ᠠᠬᠤᠶᠢᠯᠠᠯ ᠨᠢ ᠪᠦᠲᠦᠭᠡᠨ | ᠪᠠᠶᠢᠭᠤᠯᠣᠯᠲᠠ᠂ ᠡᠳᠦᠷ ᠲᠣᠲᠣᠮ ᠤᠨ ᠬᠠᠮᠢᠶᠠᠷᠣᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃ | ᠨᠡᠶᠢᠲᠡ ᠶᠢᠨ ᠭᠠᠯ ᠰᠡᠷᠬᠡᠶᠢᠯᠡᠬᠦ ᠲᠦᠬᠦᠭᠡᠷᠦᠮᠵᠢ ᠶᠢ ᠪᠦᠲᠦᠭᠡᠨ ᠪᠠᠶᠢᠭᠤᠯᠬᠤ ᠪᠠ ᠬᠠᠮᠠᠭᠠᠯᠠᠨ ᠬᠠᠮᠢᠶᠠᠷᠬᠤ | ᠪᠡᠯᠡ ᠮᠦᠩᠬᠦ ᠶᠢ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠡᠬᠦᠷᠭᠡᠯᠡᠨ᠎ᠡ᠃ | ᠲᠠᠪᠤᠳᠤᠭᠠᠷ ᠪᠦᠯᠦᠭ ᠬᠤᠲᠠ ᠶᠢᠨ ᠣᠰᠣ ᠬᠠᠩᠭᠠᠬᠤ ᠣᠰᠣ ᠬᠡᠷᠡᠭᠯᠡᠬᠦ ᠡᠵᠡᠩᠨᠡᠯᠲᠡ | ᠭᠤᠴᠢᠨ ᠨᠢᠭᠡᠳᠦᠭᠡᠷ ᠵᠦᠢᠯ ᠬᠤᠲᠠ ᠶᠢᠨ ᠣᠰᠣᠨ ᠬᠠᠩᠭᠠᠯᠭ᠎ᠠ ᠨᠢ ᠵᠦᠪᠰᠢᠶᠡᠷᠡᠯ ᠢᠶᠠᠷ ᠳᠠᠮᠵᠢᠨ | ᠡᠵᠡᠩᠨᠡᠬᠦ ᠳᠦᠷᠢᠮ ᠢ ᠬᠡᠷᠡᠭᠵᠢᠬᠦᠯᠦᠨ᠎ᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠣᠯᠣᠰ ᠤᠨ ᠬᠠᠮᠢᠶ᠎ᠠ | ᠪᠦᠬᠦᠢ ᠲᠣᠭᠲᠠᠭᠠᠯ ᠶᠣᠰᠣᠭᠠᠷ᠂ ᠣᠰᠣ ᠬᠠᠩᠭᠠᠬᠤ ᠶᠢ ᠵᠦᠪᠰᠢᠶᠡᠷᠡᠬᠦ ᠡᠵᠡᠩᠨᠡᠯᠲᠡ ᠶᠢᠨ ᠡᠷᠭᠡ ᠶᠢ ᠨᠦᠬᠦᠴᠡᠯ ᠳᠤ | ᠨᠡᠶᠢᠴᠡᠭᠰᠡᠨ ᠣᠰᠣ ᠬᠠᠩᠭᠠᠬᠤ ᠠᠵᠣ ᠠᠬᠤᠶᠢᠯᠠᠯ ᠳᠤ ᠣᠯᠭᠤᠬᠤ ᠬᠡᠷᠡᠭᠲᠠᠢ᠃ | ᠭᠤᠴᠢᠨ ᠬᠤᠶᠠᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠠᠵᠣ ᠠᠬᠤᠶᠢᠯᠠᠯ ᠤᠨ | ᠬᠠᠣᠯᠢ ᠶᠢᠨ ᠡᠷᠭᠡᠲᠡᠨ ᠤ ᠬᠢᠷᠢ ᠬᠡᠮ᠂ ᠣᠰᠣ ᠠᠪᠬᠤ ᠵᠦᠪᠰᠢᠶᠡᠷᠡᠯ ᠤᠨ ᠦᠨᠡᠮᠯᠡᠯ᠂ ᠡᠷᠡᠬᠦᠯ ᠬᠠᠮᠠᠭᠠᠯᠠᠯ ᠤᠨ | ᠵᠦᠪᠰᠢᠶᠡᠷᠡᠯ ᠤᠨ ᠦᠨᠡᠮᠯᠡᠯ᠂ ᠣᠨᠴᠠ ᠵᠦᠪᠰᠢᠶᠡᠷᠡᠭᠰᠡᠨ ᠡᠵᠡᠩᠨᠡᠬᠦ ᠦᠨᠡᠮᠯᠡᠯ ᠢ ᠬᠠᠣᠯᠢ ᠶᠣᠰᠣᠭᠠᠷ ᠣᠯᠣᠭᠰᠠᠨ ᠤ | ᠳᠠᠷᠠᠭ᠎ᠠ ᠰᠠᠶ᠋ᠢ ᠡᠵᠡᠩᠨᠡᠬᠦ ᠠᠵᠢᠯᠯᠠᠭ᠎ᠠ ᠶᠢ ᠡᠷᠬᠢᠯᠡᠵᠣ ᠪᠣᠯᠣᠨ᠎ᠠ᠃ ᠡᠵᠡᠩᠨᠡᠬᠦ ᠶᠠᠪᠣᠴᠠ ᠲᠣᠮᠲᠠ᠂ ᠣᠰᠣ ᠬᠠᠩᠭᠠᠬᠤ | ᠠᠵᠣ ᠠᠬᠤᠶᠢᠯᠠᠯ ᠨᠢ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠲᠣᠭᠲᠠᠭᠠᠭᠰᠠᠨ ᠣᠰᠣᠨ ᠰᠣᠷᠪᠣᠯᠵᠢ ᠶᠣᠰᠣᠭᠠᠷ ᠣᠰᠣ ᠬᠡᠷᠡᠭᠯᠡᠬᠦ ᠡᠷᠦᠭᠡ ᠲᠠᠢ ᠣᠰᠣ ᠬᠠᠩᠭᠠᠬᠤ ᠬᠡᠷᠡᠭᠯᠡᠬᠦ ᠬᠡᠷ᠎ᠡ | ᠲᠣᠭᠲᠠᠭᠠᠵᠣ᠂ ᠬᠤᠶᠠᠷ ᠲᠠᠯ᠎ᠠ ᠶᠢᠨ ᠡᠷᠭᠡ ᠬᠠᠷᠢᠭᠤᠴᠠᠯᠭ᠎ᠠ ᠵᠢᠴᠢ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ | ᠵᠡᠷᠭᠡ ᠶᠢ ᠲᠣᠲᠣᠷᠬᠠᠶᠢᠯᠠᠬᠤ ᠬᠡᠷᠡᠭᠲᠠᠢ᠃ | ᠭᠤᠴᠢᠨ ᠭᠤᠷᠪᠠᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠣᠰᠣ ᠬᠠᠩᠭᠠᠬᠤ | ᠲᠦᠬᠦᠭᠡᠷᠦᠮᠵᠢ ᠶᠢ ᠲᠣᠷ᠎ᠠ ᠪᠠᠷ ᠰᠢᠯᠵᠢᠬᠦᠯᠦᠨ ᠦᠭᠬᠦ᠂ ᠠᠵᠢᠯ ᠵᠣᠭᠰᠣᠬᠤ ᠪᠠ ᠠᠵᠢᠯ ᠢᠶᠠᠨ ᠠᠮᠠᠷᠠᠭᠠᠵᠣ ᠪᠣᠯᠬᠤ | ᠦᠭᠡᠢ᠃ ᠣᠰᠣ ᠬᠠᠩᠭᠠᠬᠤ ᠲᠦᠬᠦᠭᠡᠷᠦᠮᠵᠢ ᠶᠢ ᠦᠨᠡᠨ ᠬᠦ ᠰᠢᠯᠵᠢᠬᠦᠯᠦᠨ ᠦᠭᠬᠦ ᠪᠣᠶᠣ ᠠᠵᠢᠯ ᠵᠣᠭᠰᠣᠬᠤ᠂ ᠠᠵᠢᠯ | ᠠᠮᠠᠷᠠᠭᠠᠬᠤ ᠴᠢᠬᠤᠯᠠᠲᠠᠢ ᠪᠣᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠬᠢᠨᠠᠨ ᠪᠠᠶᠢᠴᠠᠭᠠᠯᠲᠠ ᠪᠠᠷ ᠳᠠᠮᠵᠢᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠦᠨ | ᠵᠦᠪᠰᠢᠶᠡᠷᠡᠬᠦᠯᠬᠦ ᠶᠢᠨ ᠬᠠᠮᠲᠣ ᠣᠰᠣ ᠬᠡᠷᠡᠭᠯᠡᠬᠦ ᠡᠷᠦᠭᠡ ᠶᠢᠨ ᠣᠰᠣ ᠬᠡᠷᠡᠭᠯᠡᠬᠦ ᠳᠤ ᠵᠣᠬᠢᠰᠲᠠᠢ ᠲᠣᠬᠢᠷᠠᠭᠤᠯᠣᠯᠲᠠ | ᠬᠢᠵᠣ᠂ ᠣᠰᠣ ᠬᠡᠷᠡᠭᠯᠡᠬᠦ ᠡᠷᠦᠭᠡ ᠶᠢᠨ ᠠᠮᠣᠷ ᠲᠦᠪᠰᠢᠨ ᠬᠡᠪ ᠤᠨ ᠣᠰᠣ ᠬᠡᠷᠡᠭᠯᠡᠬᠦ ᠶᠢ ᠪᠠᠲᠣᠯᠠᠬᠤ ᠬᠡᠷᠡᠭᠲᠠᠢ᠃ | ᠭᠤᠴᠢᠨ ᠲᠦᠷᠪᠡᠳᠦᠭᠡᠷ ᠵᠦᠢᠯ ᠣᠰᠣ ᠬᠠᠩᠭᠠᠬᠤ ᠠᠵᠣ ᠠᠬᠤᠶᠢᠯᠠᠯ ᠤᠨ ᠣᠰᠣᠨ ᠤ ᠴᠢᠨᠠᠷ ᠢ ᠰᠢᠯᠭᠠᠬᠤ | ᠂ ᠣᠰᠣ ᠴᠡᠪᠡᠷᠰᠢᠬᠦᠯᠬᠦ᠂ ᠣᠰᠣ ᠳᠠᠮᠵᠢᠭᠤᠯᠬᠤ ᠬᠤᠭᠤᠯᠠᠢ ᠶᠢ ᠠᠷᠠᠴᠢᠯᠠᠨ ᠬᠠᠮᠠᠭᠠᠯᠠᠬᠤ᠂ ᠬᠡᠮᠵᠢᠬᠦᠷ ᠢ ᠪᠠᠶᠢᠴᠠᠭᠠᠬᠤ᠂ | ᠰᠦᠢᠳᠬᠡᠯ ᠬᠤᠷᠢᠶᠠᠬᠤ᠂ ᠲᠦᠬᠦᠭᠡᠷᠦᠮᠵᠢ ᠶᠢ ᠪᠠᠶᠢᠴᠠᠭᠠᠨ ᠰᠡᠯᠪᠢᠬᠦ ᠵᠡᠷᠭᠡ ᠠᠵᠢᠯᠲᠠᠳ ᠨᠢ ᠪᠣᠯᠪᠠᠰᠣᠷᠠᠯ ᠢᠶᠠᠷ | ᠳᠠᠮᠵᠢᠨ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠠᠵᠢᠯ ᠤᠨ ᠪᠠᠶᠢᠷᠢ ᠳᠤ ᠭᠠᠷᠴᠣ ᠪᠣᠯᠣᠨ᠎ᠠ᠃ | ᠭᠤᠴᠢᠨ ᠲᠠᠪᠤᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠣᠯᠣᠰ ᠤᠨ ᠬᠠᠮᠢᠶ᠎ᠠ ᠪᠦᠬᠦᠢ | ᠲᠣᠭᠲᠠᠭᠠᠯ ᠶᠣᠰᠣᠭᠠᠷ ᠣᠰᠣ ᠬᠠᠩᠭᠠᠬᠤ ᠬᠤᠭᠤᠯᠠᠢ ᠶᠢᠨ ᠲᠣᠣᠷ ᠤᠨ ᠳᠠᠷᠣᠴᠠ ᠬᠡᠮᠵᠢᠬᠦ ᠴᠡᠭ ᠢ ᠲᠣᠬᠢᠷᠠᠭᠤᠯᠵᠣ᠂ | ᠣᠰᠣᠨ ᠳᠠᠷᠣᠴᠠ ᠶᠢ ᠰᠠᠶᠢᠲᠣᠷ ᠬᠢᠨᠠᠨ ᠪᠠᠶᠢᠴᠠᠭᠠᠵᠣ᠂ ᠣᠰᠣ ᠬᠠᠩᠭᠠᠬᠤ ᠬᠤᠭᠤᠯᠠᠢ ᠶᠢᠨ ᠲᠣᠣᠷ ᠤᠨ | ᠰᠡᠬᠦᠯᠴᠢ ᠶᠢᠨ ᠬᠡᠰᠡᠭ ᠤᠨ ᠳᠠᠷᠣᠴᠠ ᠨᠢ ᠣᠯᠣᠰ ᠤᠨ ᠪᠠᠷᠢᠮᠵᠢᠶ᠎ᠠ ᠳᠤ ᠬᠦᠷᠬᠦ ᠶᠢ ᠪᠠᠲᠣᠯᠠᠬᠤ ᠬᠡᠷᠡᠭᠲᠠᠢ᠂ ᠣᠰᠣ | ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠵᠣ ᠬᠤᠷᠣᠭᠳᠠᠬᠤ ᠨᠣᠷᠮ᠎ᠠ ᠨᠢ ᠣᠯᠣᠰ ᠤᠨ ᠪᠠᠷᠢᠮᠵᠢᠶ᠎ᠠ ᠠᠴᠠ | ᠬᠡᠲᠦᠷᠡᠵᠣ ᠪᠣᠯᠬᠤ ᠦᠭᠡᠢ᠃ | ᠭᠤᠴᠢᠨ ᠵᠢᠷᠭᠤᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠲᠠᠰᠣᠷᠠᠯᠲᠠ ᠦᠭᠡᠢ ᠣᠰᠣ | ᠬᠠᠩᠭᠠᠬᠤ ᠶᠢ ᠪᠠᠷᠢᠮᠲᠠᠯᠠᠵᠣ᠂ ᠲᠣᠷ᠎ᠠ ᠪᠠᠷ ᠣᠰᠣ ᠬᠠᠩᠭᠠᠬᠤ ᠪᠠᠨ ᠵᠣᠭᠰᠣᠭᠠᠵᠣ ᠪᠣᠯᠬᠤ ᠦᠭᠡᠢ᠂ ᠦᠨᠡᠨ ᠬᠦ ᠣᠰᠣ | ᠬᠠᠩᠭᠠᠬᠤ ᠶᠢ ᠵᠣᠭᠰᠣᠭᠠᠬᠤ ᠴᠢᠬᠤᠯᠠᠲᠠᠢ ᠪᠣᠯ᠂ ᠱᠠᠭᠠᠷᠳᠠᠯᠭ᠎ᠠ ᠶᠣᠰᠣᠭᠠᠷ ᠱᠠᠲᠣ ᠳᠠᠷᠠᠭᠠᠯᠠᠨ ᠳᠡᠭᠡᠭᠰᠢ ᠮᠡᠳᠡᠬᠦᠯᠬᠦ | ᠬᠡᠷᠡᠭᠲᠠᠢ᠃ | ᠪᠠᠷᠢᠯᠭ᠎ᠠ ᠶᠢᠨ ᠠᠵᠢᠯ᠂ ᠲᠦᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠰᠢᠯᠳᠠᠭᠠᠨ ᠠᠴᠠ ᠦᠨᠡᠨ ᠬᠦ ᠣᠰᠣ | ᠬᠠᠩᠭᠠᠬᠤ ᠶᠢ ᠵᠣᠭᠰᠣᠭᠠᠬᠤ ᠴᠢᠬᠤᠯᠠᠲᠠᠢ ᠪᠣᠯ᠂ ᠣᠰᠣ ᠬᠠᠩᠭᠠᠬᠤ ᠠᠵᠣ ᠠᠬᠤᠶᠢᠯᠠᠯ ᠨᠢ ᠬᠤᠲᠠ ᠶᠢᠨ ᠣᠰᠣᠨ ᠤ | ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠣᠷᠢᠳᠴᠢᠯᠠᠨ ᠮᠡᠳᠡᠬᠦᠯᠬᠦ ᠶᠢᠨ ᠬᠠᠮᠲᠣ 24 | ᠴᠠᠭ ᠤᠨ ᠡᠮᠦᠨ᠎ᠡ ᠠᠴᠠ ᠣᠰᠣ ᠬᠡᠷᠡᠭᠯᠡᠬᠦ ᠡᠷᠦᠭᠡ ᠳᠤ ᠮᠡᠳᠡᠭᠳᠡᠬᠦ ᠬᠡᠷᠡᠭᠲᠠᠢ︔ ᠶᠡᠭᠡ ᠬᠡᠪᠴᠢᠶ᠎ᠡ ᠪᠠᠷ ᠣᠰᠣ | ᠵᠣᠭᠰᠣᠭᠠᠬᠤ ᠴᠢᠬᠤᠯᠠᠲᠠᠢ ᠪᠣᠯ᠂ 48 ᠴᠠᠭ ᠤᠨ ᠡᠮᠦᠨ᠎ᠡ ᠠᠴᠠ ᠲᠧᠯᠸᠢᠰ ᠬᠤᠷᠢᠶ᠎ᠠ᠂ ᠷᠠᠳᠢᠣ᠋ ᠬᠤᠷᠢᠶ᠎ᠠ᠂ ᠰᠣᠨᠢᠨ | ᠮᠡᠳᠡᠭᠡ᠂ ᠠᠯᠪᠠᠨ ᠰᠦᠯᠵᠢᠶ᠎ᠡ ᠵᠡᠷᠭᠡ ᠰᠣᠨᠢᠨ ᠮᠡᠳᠡᠭᠡ ᠵᠠᠭᠤᠴᠢᠯᠠᠭᠤᠷ ᠢᠶᠠᠷ ᠳᠠᠮᠵᠢᠨ ᠵᠠᠷᠯᠠᠯ ᠨᠡᠶᠢᠲᠡᠯᠡᠬᠦ ᠬᠡᠷᠡᠭᠲᠠᠢ᠃ | ᠰᠡᠯᠪᠢᠨ ᠵᠠᠰᠠᠬᠤ᠂ ᠱᠠᠯᠠᠪᠳᠠᠨ ᠵᠠᠰᠠᠬᠤ ᠠᠴᠠ ᠪᠣᠯᠵᠣ ᠣᠰᠣ ᠬᠠᠩᠭᠠᠬᠤ ᠶᠢ ᠵᠣᠭᠰᠣᠭᠠᠬᠤ ᠨᠢ 48 ᠴᠠᠭ ᠠᠴᠠ | ᠬᠡᠳᠦᠷᠡᠪᠡᠯ᠂ ᠣᠰᠣ ᠬᠠᠩᠭᠠᠬᠤ ᠠᠵᠣ ᠠᠬᠤᠶᠢᠯᠠᠯ ᠨᠢ ᠰᠠᠭᠤᠭᠠᠯᠢ ᠠᠷᠠᠳ ᠤᠨ ᠣᠰᠣ ᠬᠡᠷᠡᠭᠯᠡᠬᠦ ᠡᠷᠦᠭᠡ ᠳᠤ ᠲᠦᠷ | ᠴᠠᠭ ᠤᠨ ᠬᠡᠷᠡᠭᠯᠡᠬᠦ ᠣᠰᠣ ᠶᠢ ᠬᠠᠩᠭᠠᠵᠣ᠂ ᠰᠠᠭᠤᠭᠠᠯᠢ ᠠᠷᠠᠳ ᠤᠨ ᠦᠨᠳᠦᠰᠦᠨ ᠠᠮᠢᠳᠣᠷᠠᠯ ᠤᠨ ᠣᠰᠣ ᠬᠡᠷᠡᠭᠯᠡᠬᠦ | ᠱᠠᠭᠠᠷᠳᠠᠯᠭ᠎ᠠ ᠶᠢ ᠪᠠᠲᠣᠯᠠᠬᠤ ᠬᠡᠷᠡᠭᠲᠠᠢ︔ ᠭᠠᠢ ᠭᠠᠮᠰᠢᠭ ᠭᠠᠷᠣᠭᠰᠠᠨ ᠪᠣᠶᠣ ᠬᠡᠨᠡᠳᠲᠡ ᠶᠢᠨ ᠬᠡᠷᠡᠭ | ᠡᠬᠦᠰᠦᠭᠰᠡᠨ ᠠᠴᠠ ᠪᠣᠯᠵᠣ ᠣᠷᠢᠳᠴᠢᠯᠠᠨ ᠮᠡᠳᠡᠭᠳᠡᠵᠣ ᠴᠢᠳᠠᠬᠤ ᠦᠭᠡᠢ ᠪᠣᠯ᠂ ᠱᠠᠯᠠᠪᠳᠠᠨ ᠵᠠᠰᠠᠬᠤ ᠶᠢᠨ ᠳᠠᠭᠠᠣ | ᠣᠰᠣ ᠬᠡᠷᠡᠭᠯᠡᠬᠦ ᠡᠷᠦᠭᠡ ᠳᠤ ᠮᠡᠳᠡᠭᠳᠡᠬᠦ ᠶᠢᠨ ᠬᠠᠮᠲᠣ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠣ᠂ ᠬᠡᠪ ᠤᠨ ᠣᠰᠣ ᠬᠠᠩᠭᠠᠯᠭ᠎ᠠ ᠶᠢ ᠠᠯᠢ ᠲᠦᠷᠬᠡᠨ ᠢᠶᠠᠷ ᠰᠡᠷᠬᠦᠭᠡᠬᠦ | ᠬᠡᠷᠡᠭᠲᠠᠢ᠃ | ᠭᠤᠴᠢᠨ ᠲᠤᠯᠤᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠣᠰᠣ ᠬᠠᠩᠭᠠᠬᠤ | ᠦᠢᠯᠡᠴᠢᠯᠡᠭᠡᠨ ᠤ ᠠᠮᠠᠯᠠᠯᠲᠠ ᠶᠢᠨ ᠳᠦᠷᠢᠮ ᠪᠠ ᠵᠠᠭᠠᠯᠳᠣᠯᠭ᠎ᠠ ᠶᠢ ᠬᠦᠯᠢᠶᠠᠨ ᠠᠪᠬᠤ ᠳᠦᠷᠢᠮ᠂ ᠣᠰᠣ ᠬᠠᠩᠭᠠᠬᠤ | ᠦᠢᠯᠡᠴᠢᠯᠡᠭᠡᠨ ᠤ ᠪᠠᠷᠢᠮᠵᠢᠶ᠎ᠠ ᠶᠢ ᠪᠠᠶᠢᠭᠤᠯᠬᠤ ᠶᠢᠨ ᠬᠠᠮᠲᠣ ᠨᠡᠶᠢᠲᠡᠯᠡᠵᠣ᠂ ᠡᠵᠡᠩᠨᠡᠬᠦ ᠪᠠ ᠰᠡᠯᠪᠢᠨ ᠵᠠᠰᠠᠬᠤ | ᠦᠢᠯᠡᠴᠢᠯᠡᠭᠡᠨ ᠤ ᠴᠡᠭ ᠢ ᠲᠣᠬᠢᠷᠠᠭᠤᠯᠵᠣ᠂ ᠣᠯᠠᠨ ᠨᠡᠶᠢᠲᠡ ᠶᠢᠨ ᠬᠢᠨᠠᠯᠲᠠ ᠶᠢ ᠬᠦᠯᠢᠶᠡᠬᠦ ᠬᠡᠷᠡᠭᠲᠠᠢ᠃ | ᠣᠰᠣ ᠬᠠᠩᠭᠠᠬᠤ ᠠᠵᠣ ᠠᠬᠤᠶᠢᠯᠠᠯ ᠨᠢ 24 ᠴᠠᠭ ᠤᠨ ᠦᠢᠯᠡᠴᠢᠯᠡᠭᠡᠨ ᠤ ᠲᠣᠰᠬᠠᠢ ᠣᠳᠠᠰᠣ ᠶᠢ | ᠲᠣᠬᠢᠷᠠᠭᠤᠯᠵᠣ᠂ ᠣᠰᠣ ᠬᠡᠷᠡᠭᠯᠡᠬᠦ ᠡᠷᠦᠭᠡ ᠶᠢᠨ ᠵᠠᠰᠠᠬᠤ ᠪᠠᠷ ᠮᠡᠳᠡᠬᠦᠯᠬᠦ᠂ ᠪᠠᠶᠢᠴᠠᠭᠠᠨ ᠠᠰᠠᠭᠤᠬᠤ᠂ ᠵᠠᠭᠠᠯᠳᠣᠯᠭ᠎ᠠ | ᠬᠢᠬᠦ᠂ ᠢᠯᠡᠴᠢᠯᠡᠨ ᠮᠡᠳᠡᠬᠦᠯᠬᠦ ᠶᠢ ᠬᠦᠯᠢᠶᠠᠨ ᠠᠪᠴᠣ᠂ ᠴᠠᠭ ᠳᠠᠷᠣᠢ ᠳᠤᠨᠢ ᠰᠢᠢᠳᠪᠦᠷᠢᠯᠡᠨ᠂ ᠣᠰᠣ ᠬᠡᠷᠡᠭᠯᠡᠬᠦ | ᠡᠷᠦᠭᠡ ᠶᠢᠨ ᠲᠣᠰᠬᠠᠭᠰᠠᠨ ᠣᠰᠣ ᠬᠡᠷᠡᠭᠯᠡᠬᠦ ᠠᠰᠠᠭᠤᠳᠠᠯ ᠳᠤ ᠬᠠᠷᠢᠭᠤᠯᠲᠠ ᠦᠭᠬᠦ ᠬᠡᠷᠡᠭᠲᠠᠢ᠃ ᠣᠰᠣ ᠬᠡᠷᠡᠭᠯᠡᠬᠦ | ᠡᠷᠦᠭᠡ ᠨᠢ ᠣᠰᠣ ᠬᠠᠩᠭᠠᠬᠤ ᠲᠦᠬᠦᠭᠡᠷᠦᠮᠵᠢ ᠠᠴᠠ ᠣᠰᠣ ᠠᠰᠬᠠᠷᠠᠨ ᠨᠡᠪᠴᠢᠵᠣ ᠪᠠᠶᠢᠬᠤ ᠶᠢ ᠲᠣᠰᠬᠠᠪᠠᠯ᠂ ᠴᠠᠭ | ᠳᠠᠷᠣᠢ ᠳᠤᠨᠢ ᠬᠦᠮᠦᠨ ᠲᠣᠮᠢᠯᠠᠵᠣ ᠰᠡᠯᠪᠢᠨ ᠵᠠᠰᠠᠬᠤ ᠬᠡᠷᠡᠭᠲᠠᠢ᠂ ᠪᠣᠰᠣᠳ ᠰᠠᠭᠠᠳ ᠢ 12 ᠴᠠᠭ ᠤᠨ ᠲᠣᠲᠣᠷ᠎ᠠ | ᠬᠦᠮᠦᠨ ᠲᠣᠮᠢᠯᠠᠵᠣ ᠰᠡᠯᠪᠢᠨ ᠵᠠᠰᠠᠬᠤ ᠬᠡᠷᠡᠭᠲᠠᠢ︔ ᠮᠡᠷᠭᠡᠵᠢᠯ ᠤᠨ ᠪᠣᠰᠣ ᠵᠠᠭᠠᠯᠳᠣᠯᠭ᠎ᠠ ᠳᠤ 3 ᠠᠵᠢᠯᠯᠠᠬᠤ | ᠡᠳᠦᠷ ᠤᠨ ᠲᠣᠲᠣᠷ᠎ᠠ ᠬᠠᠷᠢᠭᠤᠯᠲᠠ ᠦᠭᠴᠣ᠂ ᠦᠢᠯᠡᠴᠢᠯᠡᠭᠡᠨ ᠤ ᠴᠢᠨᠠᠷ ᠤᠨ ᠠᠰᠠᠭᠤᠳᠠᠯ ᠳᠤ 2 ᠠᠵᠢᠯᠯᠠᠬᠤ | ᠡᠳᠦᠷ ᠤᠨ ᠲᠣᠲᠣᠷ᠎ᠠ ᠬᠠᠷᠢᠭᠤᠯᠲᠠ ᠦᠭᠬᠦ ᠬᠡᠷᠡᠭᠲᠠᠢ᠃ | ᠭᠤᠴᠢᠨ ᠨᠠᠢᠮᠠᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠣᠰᠣ ᠬᠠᠩᠭᠠᠬᠤ ᠠᠵᠢᠯ | ᠲᠦᠷᠦᠯ ᠤᠨ ᠪᠦᠷᠢᠳᠬᠡᠯ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠬᠤᠯᠪᠣᠭᠳᠠᠯ ᠪᠦᠬᠦᠢ ᠪᠦᠷᠢᠳᠬᠡᠯ ᠤᠨ ᠮᠠᠲ᠋ᠧᠷᠢᠶᠠᠯ ᠢ ᠲᠣᠭᠲᠠᠭᠰᠠᠨ | ᠬᠤᠭᠤᠴᠠᠭ᠎ᠠ ᠲᠠᠢ ᠮᠡᠳᠡᠬᠦᠯᠦᠨ ᠬᠦᠷᠭᠡᠬᠦ ᠬᠡᠷᠡᠭᠲᠠᠢ᠃ | ᠭᠤᠴᠢ ᠶᠢᠰᠦᠳᠦᠭᠡᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠣᠰᠣ ᠬᠠᠩᠭᠠᠬᠤ ᠠᠵᠣ | ᠠᠬᠤᠶᠢᠯᠠᠯ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠤᠬᠢᠷᠠᠯ ᠤᠨ ᠡᠳ᠋ ᠤᠨ ᠵᠠᠰᠠᠭ ᠤᠨ ᠨᠦᠬᠦᠪᠦᠷᠢ ᠶᠢᠨ | ᠲᠣᠭᠲᠠᠯᠴᠠᠭ᠎ᠠ ᠶᠢ ᠪᠠᠶᠢᠭᠤᠯᠵᠣ᠂ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠠᠵᠢᠯᠯᠠᠭ᠎ᠠ ᠪᠠ ᠬᠠᠣᠯᠢ ᠴᠠᠭᠠᠵᠠ᠂ | ᠬᠠᠣᠯᠢ ᠲᠣᠭᠲᠠᠭᠠᠯ ᠵᠢᠴᠢ ᠵᠠᠰᠠᠭ ᠤᠨ ᠣᠷᠳᠣᠨ ᠠᠴᠠ ᠲᠣᠭᠲᠠᠭᠠᠭᠰᠠᠨ ᠵᠠᠷᠯᠢᠭ ᠤᠨ ᠴᠢᠨᠠᠷᠲᠠᠢ ᠬᠠᠷᠢᠭᠤᠴᠠᠯᠭ᠎ᠠ ᠶᠢ | ᠡᠬᠦᠷᠭᠡᠯᠡᠭᠰᠡᠨ ᠠᠴᠠ ᠪᠣᠯᠵᠣ ᠡᠬᠦᠰᠦᠭᠰᠡᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠤᠬᠢᠷᠠᠯ ᠳᠤ ᠡᠳ᠋ ᠤᠨ | ᠵᠠᠰᠠᠭ ᠠᠴᠠ ᠭᠦᠢᠴᠡᠳ ᠲᠣᠭᠠᠨ ᠤ ᠨᠦᠬᠦᠪᠦᠷᠢ ᠣᠯᠭᠤᠬᠤ ᠬᠡᠷᠡᠭᠲᠠᠢ᠃ | ᠲᠦᠴᠢᠳᠦᠭᠡᠷ ᠵᠦᠢᠯ ᠬᠤᠲᠠ ᠶᠢᠨ ᠣᠰᠣ ᠬᠠᠩᠭᠠᠬᠤ ᠦᠨ᠎ᠡ ᠬᠠᠩᠰᠢ ᠳᠤ ᠵᠠᠰᠠᠭ ᠤᠨ ᠣᠷᠳᠣᠨ ᠠᠴᠠ | ᠦᠨ᠎ᠡ ᠲᠣᠭᠲᠠᠭᠠᠬᠤ ᠶᠢ ᠬᠡᠷᠡᠭᠵᠢᠬᠦᠯᠦᠨ᠎ᠡ᠃ ᠦᠨ᠎ᠡ ᠬᠠᠩᠰᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠣᠰᠣ ᠬᠠᠩᠭᠠᠬᠤ ᠦᠪᠡᠷ ᠤᠨ ᠦᠷᠳᠡᠭ᠂ ᠣᠰᠣᠨ ᠰᠣᠷᠪᠣᠯᠵᠢ ᠶᠢᠨ ᠬᠠᠮᠠᠭᠠᠯᠠᠯᠲᠠ᠂ ᠣᠰᠣ ᠬᠡᠷᠡᠭᠯᠡᠬᠦ ᠲᠦᠷᠦᠯ | ᠵᠦᠢᠯ᠂ ᠬᠤᠲᠠ ᠶᠢᠨ ᠣᠰᠣᠨ ᠬᠠᠩᠭᠠᠯᠭ᠎ᠠ ᠶᠢᠨ ᠠᠯᠣᠰ ᠤᠨ ᠬᠦᠭᠵᠢᠯᠲᠡ᠂ ᠨᠡᠶᠢᠭᠡᠮ ᠤᠨ ᠳᠠᠭᠠᠭᠠᠴᠠ ᠵᠡᠷᠭᠡ | ᠡᠯᠧᠮᠧᠨ᠋ᠲ ᠶᠢ ᠦᠨᠳᠦᠰᠦᠯᠡᠨ᠂ ᠬᠠᠣᠯᠢ ᠶᠣᠰᠣᠭᠠᠷ ᠲᠣᠭᠲᠠᠭᠠᠬᠤ ᠶᠢᠨ ᠬᠠᠮᠲᠣ ᠵᠣᠬᠢᠰᠲᠠᠢ ᠴᠠᠭ ᠲᠤ | ᠲᠣᠬᠢᠷᠠᠭᠤᠯᠣᠯᠲᠠ ᠬᠢᠨ᠎ᠡ᠃ | ᠬᠤᠲᠠ ᠶᠢᠨ ᠪᠣᠬᠢᠷ ᠣᠰᠣ ᠶᠢ ᠰᠢᠢᠳᠪᠦᠷᠢᠯᠡᠬᠦ ᠵᠠᠷᠣᠳᠠᠯ᠂ ᠣᠰᠣᠨ ᠰᠣᠷᠪᠣᠯᠵᠢ ᠶᠢᠨ ᠵᠠᠷᠣᠳᠠᠯ ᠢ ᠣᠰᠣ | ᠬᠡᠷᠡᠭᠯᠡᠬᠦ ᠡᠷᠦᠭᠡ ᠶᠢᠨ ᠬᠡᠷᠡᠭᠯᠡᠵᠣ ᠪᠠᠶᠢᠭ᠎ᠠ ᠣᠰᠣᠨ ᠬᠠᠩᠭᠠᠯᠭ᠎ᠠ ᠶᠢᠨ ᠲᠦᠷᠦᠯ ᠵᠦᠢᠯ ᠢ ᠦᠨᠳᠦᠰᠦᠯᠡᠨ ᠬᠡᠮᠵᠢᠵᠣ᠂ | ᠣᠰᠣ ᠬᠠᠩᠭᠠᠬᠤ ᠠᠵᠣ ᠠᠬᠤᠶᠢᠯᠠᠯ ᠠᠴᠠ ᠣᠷᠣᠯᠠᠨ ᠲᠠᠲᠠᠪᠦᠷᠢᠯᠠᠬᠤ ᠶᠢᠨ ᠬᠠᠮᠲᠣ ᠭᠦᠢᠴᠡᠳ ᠲᠤᠭ᠎ᠠ ᠪᠠᠷ ᠡᠳ᠋ ᠤᠨ | ᠵᠠᠰᠠᠭ ᠲᠤ ᠲᠣᠰᠢᠶᠠᠨ᠎ᠠ᠃ | ᠲᠦᠴᠢᠨ ᠨᠢᠭᠡᠳᠦᠭᠡᠷ ᠵᠦᠢᠯ ᠬᠤᠲᠠ ᠶᠢᠨ ᠣᠰᠣᠨ ᠬᠠᠩᠭᠠᠯᠭ᠎ᠠ ᠣᠰᠣᠨ ᠬᠡᠷᠡᠭᠯᠡᠯᠲᠡ ᠳᠤ | ᠲᠦᠷᠦᠯᠵᠢᠬᠦᠯᠦᠨ ᠬᠡᠮᠵᠢᠬᠦ ᠶᠢ ᠬᠡᠷᠡᠭᠵᠢᠬᠦᠯᠵᠣ᠂ ᠡᠷᠦᠭᠡ ᠪᠠᠷ ᠳ᠋ᠦᠩᠨᠡᠨ ᠪᠣᠳᠣᠨ᠎ᠠ᠃ ᠣᠰᠣ ᠬᠠᠩᠭᠠᠬᠤ ᠠᠵᠣ | ᠠᠬᠤᠶᠢᠯᠠᠯ ᠨᠢ ᠣᠰᠣ ᠬᠡᠷᠡᠭᠯᠡᠬᠦ ᠡᠷᠦᠭᠡ ᠶᠢᠨ ᠣᠰᠣᠨ ᠬᠡᠷᠡᠭᠯᠡᠯᠲᠡ ᠶᠢᠨ ᠲᠦᠷᠦᠯ ᠵᠦᠢᠯ᠂ ᠬᠡᠪᠴᠢᠶ᠎ᠡ ᠶᠢ | ᠦᠨᠳᠦᠰᠦᠯᠡᠨ᠂ ᠦᠨ᠎ᠡ ᠬᠠᠩᠰᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠶᠢᠨ ᠨᠡᠶᠢᠲᠡᠯᠡᠭᠰᠡᠨ ᠦᠨ᠎ᠡ | ᠬᠠᠩᠰᠢ ᠶᠢᠨ ᠪᠠᠷᠢᠮᠵᠢᠶ᠎ᠠ ᠶᠣᠰᠣᠭᠠᠷ ᠣᠰᠣᠨ ᠤ ᠰᠦᠢᠳᠬᠡᠯ ᠢ ᠬᠤᠷᠢᠶᠠᠬᠤ ᠬᠡᠷᠡᠭᠲᠠᠢ᠂ ᠣᠰᠣ ᠬᠡᠷᠡᠭᠯᠡᠬᠦ ᠨᠢᠭᠡᠴᠢ ᠪᠠ | ᠬᠤᠪᠢ ᠬᠦᠮᠦᠨ ᠨᠢ ᠴᠠᠭ ᠲᠠᠭᠠᠨ ᠭᠦᠢᠴᠡᠳ ᠲᠤᠭ᠎ᠠ ᠪᠠᠷ ᠣᠰᠣᠨ ᠤ ᠰᠦᠢᠳᠬᠡᠯ ᠢᠶᠠᠨ ᠲᠣᠰᠢᠶᠠᠬᠤ ᠬᠡᠷᠡᠭᠲᠠᠢ᠃ | ᠠᠳᠠᠯᠢ ᠪᠣᠰᠣ ᠣᠰᠣᠨ ᠬᠡᠷᠡᠭᠯᠡᠯᠲᠡ ᠶᠢᠨ ᠲᠦᠷᠦᠯ ᠵᠦᠢᠯ ᠨᠢ ᠨᠢᠭᠡ ᠣᠰᠣᠨ ᠬᠡᠮᠵᠢᠬᠦᠷ ᠢ ᠬᠠᠮᠲᠣ ᠬᠡᠷᠡᠭᠯᠡᠵᠣ | ᠪᠠᠶᠢᠪᠠᠯ᠂ ᠬᠠᠮᠤᠭ ᠦᠨᠳᠦᠷ ᠣᠰᠣᠨ ᠬᠡᠷᠡᠭᠯᠡᠯᠲᠡ ᠶᠢᠨ ᠲᠦᠷᠦᠯ ᠵᠦᠢᠯ ᠤᠨ ᠪᠠᠷᠢᠮᠵᠢᠶ᠎ᠠ ᠪᠠᠷ ᠣᠰᠣᠨ ᠤ | ᠰᠦᠢᠳᠬᠡᠯ ᠢ ᠬᠡᠮᠵᠢᠨ ᠬᠤᠷᠢᠶᠠᠨ᠎ᠠ᠃ | ᠲᠦᠴᠢᠨ ᠬᠤᠶᠠᠳᠤᠭᠠᠷ ᠵᠦᠢᠯ ᠣᠰᠣ ᠬᠡᠷᠡᠭᠯᠡᠬᠦ ᠡᠷᠦᠭᠡ ᠨᠢ ᠣᠰᠣ ᠬᠡᠷᠡᠭᠯᠡᠭᠰᠡᠨ ᠰᠦᠢᠳᠬᠡᠯ ᠲᠣᠰᠢᠶᠠᠬᠤ | ᠮᠡᠳᠡᠭᠳᠡᠯ ᠳᠤ ᠲᠣᠭᠲᠠᠭᠠᠭᠰᠠᠨ ᠡᠴᠦᠰ ᠤᠨ ᠡᠳᠦᠷ ᠠᠴᠠ ᠠᠷᠪᠠᠨ ᠲᠠᠪᠣᠨ ᠡᠳᠦᠷ ᠤᠨ ᠲᠣᠲᠣᠷ᠎ᠠ ᠣᠰᠣᠨ ᠤ | ᠰᠦᠢᠳᠬᠡᠯ ᠢᠶᠠᠨ ᠲᠣᠰᠢᠶᠠᠬᠤ ᠬᠡᠷᠡᠭᠲᠠᠢ︔ ᠬᠤᠭᠤᠴᠠᠭ᠎ᠠ ᠨᠢ ᠬᠡᠲᠦᠷᠡᠭᠡᠳ ᠣᠰᠣᠨ ᠤ ᠰᠦᠢᠳᠬᠡᠯ ᠢᠶᠠᠨ | ᠲᠣᠰᠢᠶᠠᠭᠰᠠᠨ ᠦᠭᠡᠢ ᠪᠣᠯ᠂ ᠣᠰᠣ ᠬᠠᠩᠭᠠᠬᠤ ᠠᠵᠣ ᠠᠬᠤᠶᠢᠯᠠᠯ ᠠᠴᠠ ᠡᠳᠦᠷ ᠤᠨ ᠮᠢᠩᠭᠠᠨ ᠤ ᠲᠠᠪᠤ ᠪᠠᠷ ᠬᠡᠷ᠎ᠡ | ᠵᠦᠷᠢᠴᠡᠭᠰᠡᠨ ᠲᠦᠯᠦᠪᠦᠷᠢ ᠬᠤᠷᠢᠶᠠᠵᠣ ᠪᠣᠯᠣᠨ᠎ᠠ᠃ ᠣᠰᠣ ᠬᠠᠩᠭᠠᠬᠤ ᠠᠵᠣ ᠠᠬᠤᠶᠢᠯᠠᠯ ᠠᠴᠠ ᠲᠣᠰᠢᠶᠠᠬᠤ ᠶᠢ | ᠱᠠᠯᠠᠪᠳᠠᠭᠤᠯᠵᠣ ᠬᠤᠭᠤᠴᠠᠭ᠎ᠠ ᠨᠢ ᠬᠡᠲᠦᠷᠡᠭᠡᠳ ᠨᠢᠭᠡ ᠰᠠᠷ᠎ᠠ ᠠᠴᠠ ᠳᠡᠭᠡᠭᠰᠢ ᠪᠣᠯᠣᠭᠠᠳ ᠣᠰᠣᠨ ᠤ ᠰᠦᠢᠳᠬᠡᠯ ᠢᠶᠠᠨ | ᠲᠣᠰᠢᠶᠠᠭᠰᠠᠨ ᠦᠭᠡᠢ ᠪᠣᠯ᠂ ᠣᠰᠣ ᠬᠠᠩᠭᠠᠬᠤ ᠪᠠᠨ ᠲᠦᠷ ᠵᠣᠭᠰᠣᠭᠠᠬᠤ ᠪᠣᠶᠣ ᠬᠢᠵᠠᠭᠠᠷᠯᠠᠵᠣ ᠪᠣᠯᠣᠨ᠎ᠠ︔ ᠣᠰᠣ | ᠬᠡᠷᠡᠭᠯᠡᠬᠦ ᠡᠷᠦᠭᠡ ᠨᠢ ᠦᠷᠢᠲᠦᠭᠰᠡᠨ ᠰᠦᠢᠳᠬᠡᠯ ᠢᠶᠠᠨ ᠲᠣᠰᠢᠶᠠᠭᠰᠠᠨ ᠤ ᠳᠠᠷᠠᠭ᠎ᠠ᠂ ᠣᠰᠣ ᠬᠠᠩᠭᠠᠬᠤ ᠠᠵᠣ | ᠠᠬᠤᠶᠢᠯᠠᠯ ᠨᠢ 24 ᠴᠠᠭ ᠤᠨ ᠲᠣᠲᠣᠷ᠎ᠠ ᠣᠰᠣᠨ ᠬᠠᠩᠭᠠᠯᠭ᠎ᠠ ᠪᠠᠨ ᠰᠡᠷᠬᠦᠬᠡᠬᠦ ᠬᠡᠷᠡᠭᠲᠠᠢ᠃ ᠣᠰᠣ ᠬᠡᠷᠡᠭᠯᠡᠬᠦ | ᠡᠷᠦᠭᠡ ᠳᠤ ᠣᠭᠰᠠᠷᠠᠬᠤ ᠪᠠᠷ ᠮᠡᠳᠡᠬᠦᠯᠬᠦ ᠪᠣᠯ ᠡᠷᠬᠡᠪᠰᠢ ᠣᠰᠣᠨ ᠤ ᠰᠦᠢᠳᠬᠡᠯ ᠢᠶᠠᠨ ᠪᠦᠬᠦᠨ ᠢ ᠲᠣᠰᠢᠶᠠᠭᠰᠠᠨ | ᠬᠤᠶᠢᠨ᠎ᠠ ᠡᠷᠦᠭᠡ ᠳᠤ ᠭᠠᠷᠳᠠᠮ ᠭᠦᠢᠴᠡᠳᠬᠡᠨ᠎ᠡ᠃ | ᠲᠦᠴᠢᠨ ᠭᠤᠷᠪᠠᠳᠤᠭᠠᠷ ᠵᠦᠢᠯ ᠣᠰᠣᠨ ᠤ ᠬᠡᠮᠵᠢᠬᠦᠷ ᠢ ᠬᠠᠣᠯᠢ ᠪᠠᠷ ᠲᠣᠭᠲᠠᠭᠠᠭᠰᠠᠨ ᠬᠢᠷᠢ ᠬᠡᠮ ᠲᠠᠢ | ᠬᠡᠮᠵᠢᠯᠲᠡ ᠶᠢ ᠰᠢᠯᠭᠠᠨ ᠪᠠᠶᠢᠴᠠᠭᠠᠬᠤ ᠪᠠᠶᠢᠭᠤᠯᠣᠮᠵᠢ ᠠᠴᠠ ᠬᠢᠷᠢ ᠲᠡᠩᠴᠡᠬᠦ ᠶᠢ ᠰᠢᠯᠭᠠᠨ ᠪᠠᠶᠢᠴᠠᠭᠠᠬᠤ ᠶᠢᠨ ᠬᠠᠮᠲᠣ | ᠦᠶᠡᠯᠡᠯ ᠶᠣᠰᠣᠭᠠᠷ ᠰᠢᠯᠭᠠᠨ ᠲᠣᠭᠲᠠᠭᠠᠬᠤ ᠬᠡᠷᠡᠭᠲᠠᠢ᠃ | ᠣᠰᠣᠨ ᠤ ᠬᠡᠮᠵᠢᠬᠦᠷ ᠢ ᠰᠣᠯᠢᠬᠤ ᠪᠠ ᠦᠨᠡᠨ ᠬᠦ ᠰᠢᠯᠵᠢᠬᠦᠯᠬᠦ ᠴᠢᠬᠤᠯᠠᠲᠠᠢ ᠪᠣᠯ᠂ ᠣᠰᠣ ᠬᠠᠩᠭᠠᠬᠤ ᠠᠵᠣ | ᠠᠬᠤᠶᠢᠯᠠᠯ ᠤᠨ ᠵᠦᠪᠰᠢᠶᠡᠷᠡᠯ ᠢ ᠣᠯᠬᠤ ᠶᠢᠨ ᠬᠠᠮᠲᠣ ᠲᠦᠯᠦᠪᠵᠢᠬᠦᠯᠭᠡ ᠶᠢᠨ ᠵᠢᠷᠣᠮᠵᠢᠯ ᠶᠣᠰᠣᠭᠠᠷ ᠲᠡᠲᠡᠨ ᠢᠶᠠᠷ | ᠪᠠᠷᠢᠯᠭ᠎ᠠ ᠡᠷᠬᠢᠯᠡᠬᠦᠯᠬᠦ ᠬᠡᠷᠡᠭᠲᠠᠢ᠃ | ᠲᠦᠴᠢᠨ ᠲᠦᠷᠪᠡᠳᠦᠭᠡᠷ ᠵᠦᠢᠯ ᠣᠰᠣ ᠬᠡᠷᠡᠭᠯᠡᠬᠦ ᠡᠷᠦᠭᠡ ᠨᠢ ᠣᠰᠣᠨ ᠤ ᠬᠡᠮᠵᠢᠬᠦᠷ ᠤᠨ ᠣᠨᠣᠪᠴᠢᠲᠦ | ᠴᠢᠨᠠᠷ ᠲᠤ ᠣᠨᠳᠣᠣ ᠰᠠᠨᠠᠯ ᠲᠠᠢ ᠪᠣᠯ᠂ ᠬᠠᠣᠯᠢ ᠪᠠᠷ ᠲᠣᠭᠲᠠᠭᠠᠭᠰᠠᠨ ᠬᠢᠷᠢ ᠬᠡᠮ ᠲᠠᠢ ᠬᠡᠮᠵᠢᠯᠲᠡ ᠶᠢ ᠰᠢᠯᠭᠠᠨ | ᠪᠠᠶᠢᠴᠠᠭᠠᠬᠤ ᠪᠠᠶᠢᠭᠤᠯᠣᠮᠵᠢ ᠳᠤ ᠨᠠᠶᠢᠲᠠᠨ ᠰᠢᠯᠭᠠᠨ ᠪᠠᠶᠢᠴᠠᠭᠠᠯᠭᠠᠵᠣ ᠪᠣᠯᠣᠨ᠎ᠠ᠂ ᠠᠯᠳᠠᠭ᠎ᠠ ᠵᠦᠷᠢᠶ᠎ᠡ ᠨᠢ | ᠪᠠᠷᠢᠮᠵᠢᠶ᠎ᠠ ᠠᠴᠠ ᠬᠡᠲᠦᠷᠡᠭᠰᠡᠨ ᠪᠣᠯ᠂ ᠣᠰᠣ ᠬᠠᠩᠭᠠᠬᠤ ᠠᠵᠣ ᠠᠬᠤᠶᠢᠯᠠᠯ ᠠᠴᠠ ᠰᠢᠯᠭᠠᠨ ᠪᠠᠶᠢᠴᠠᠭᠠᠭᠰᠠᠨ ᠦᠷ᠎ᠡ | ᠳ᠋ᠦᠩ ᠢ ᠦᠨᠳᠦᠰᠦᠯᠡᠨ᠂ ᠠᠯᠳᠠᠭ᠎ᠠ ᠵᠦᠷᠢᠶᠠᠨ ᠤ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠤᠨ ᠣᠰᠣᠨ ᠤ | ᠰᠦᠢᠳᠬᠡᠯ ᠤᠨ ᠵᠦᠷᠢᠶ᠎ᠡ ᠲᠤᠭ᠎ᠠ ᠶᠢ ᠪᠣᠴᠠᠭᠠᠬᠤ ᠪᠣᠶᠣ ᠨᠡᠬᠡᠮᠵᠢᠯᠡᠨ ᠬᠤᠷᠢᠶᠠᠵᠣ᠂ ᠰᠢᠯᠭᠠᠨ ᠪᠠᠶᠢᠴᠠᠭᠠᠭᠰᠠᠨ | ᠵᠠᠷᠣᠳᠠᠯ ᠢ ᠣᠰᠣ ᠬᠠᠩᠭᠠᠬᠤ ᠠᠵᠣ ᠠᠬᠤᠶᠢᠯᠠᠯ ᠠᠴᠠ ᠡᠬᠦᠷᠭᠡᠯᠡᠨ᠎ᠡ︔ ᠪᠠᠷᠢᠮᠵᠢᠶ᠎ᠠ ᠠᠴᠠ ᠬᠡᠲᠦᠷᠡᠭᠰᠡᠨ ᠦᠭᠡᠢ ᠪᠣᠯ᠂ | ᠰᠢᠯᠭᠠᠨ ᠪᠠᠶᠢᠴᠠᠭᠠᠭᠰᠠᠨ ᠵᠠᠷᠣᠳᠠᠯ ᠢ ᠣᠰᠣ ᠬᠡᠷᠡᠭᠯᠡᠬᠦ ᠡᠷᠦᠭᠡ ᠠᠴᠠ ᠡᠬᠦᠷᠭᠡᠯᠡᠨ᠎ᠡ᠃ | ᠲᠦᠴᠢᠨ ᠲᠠᠪᠤᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠴᠠᠭ ᠲᠣᠬᠠᠢ ᠳᠠᠭᠠᠨ ᠣᠰᠣ | ᠬᠡᠷᠡᠭᠯᠡᠬᠦ ᠡᠷᠦᠭᠡ ᠶᠢᠨ ᠣᠰᠣᠨ ᠤ ᠬᠡᠮᠵᠢᠬᠦᠷ ᠤᠨ ᠬᠡᠮᠵᠢᠬᠦᠷ ᠲᠣᠭᠠᠨ ᠤ ᠳ᠋ᠦᠩᠨᠡᠨ ᠪᠣᠳᠣᠯᠲᠠ ᠶᠢ ᠬᠠᠭᠤᠯᠣᠨ | ᠳᠡᠮᠳᠡᠭᠯᠡᠵᠣ᠂ ᠣᠰᠣᠨ ᠤ ᠬᠡᠮᠵᠢᠬᠦᠷ ᠤᠨ ᠬᠡᠮᠵᠢᠬᠦᠷ ᠲᠤᠭ᠎ᠠ ᠶᠣᠰᠣᠭᠠᠷ ᠣᠰᠣᠨ ᠤ ᠰᠦᠢᠳᠬᠡᠯ ᠢ ᠪᠣᠳᠣᠨ | ᠬᠤᠷᠢᠶᠠᠬᠤ ᠬᠡᠷᠡᠭᠲᠠᠢ᠃ | ᠲᠦᠴᠢᠨ ᠵᠢᠷᠭᠤᠳᠤᠭᠠᠷ ᠵᠦᠢᠯ ᠰᠠᠭᠤᠭᠠᠯᠢ ᠠᠷᠠᠳ ᠤᠨ ᠪᠣᠰᠣ ᠣᠰᠣ ᠬᠡᠷᠡᠭᠯᠡᠬᠦ ᠡᠷᠦᠭᠡ ᠨᠢ ᠣᠰᠣᠨ | ᠬᠡᠷᠡᠭᠯᠡᠯᠲᠡ ᠶᠢᠨ ᠲᠦᠷᠦᠯ ᠵᠦᠢᠯ ᠢ ᠦᠭᠡᠷᠡᠴᠢᠯᠡᠬᠦ᠂ ᠣᠰᠣ ᠬᠡᠷᠡᠭᠯᠡᠬᠦ ᠬᠡᠪᠴᠢᠶ᠎ᠡ ᠶᠢ ᠦᠷᠭᠡᠳᠬᠡᠬᠦ᠂ ᠡᠷᠦᠭᠡ ᠶᠢᠨ | ᠨᠡᠷ᠎ᠡ ᠶᠢ ᠦᠭᠡᠷᠡᠴᠢᠯᠡᠬᠦ᠂ ᠣᠰᠣᠨ ᠤ ᠬᠡᠮᠵᠢᠬᠦᠷ ᠢ ᠡᠷᠦᠭᠡ ᠪᠠᠷ ᠰᠠᠯᠭᠠᠬᠤ᠂ ᠬᠡᠮᠵᠢᠬᠦᠷ ᠢ ᠰᠢᠯᠵᠢᠬᠦᠯᠬᠦ᠂ ᠣᠰᠣ | ᠬᠡᠷᠡᠭᠯᠡᠬᠦ ᠶᠢ ᠵᠣᠭᠰᠣᠭᠠᠬᠤ ᠪᠣᠶᠣ ᠲᠦᠷ ᠵᠣᠭᠰᠣᠭᠠᠪᠠᠯ᠂ ᠣᠰᠣ ᠬᠠᠩᠭᠠᠬᠤ ᠠᠵᠣ ᠠᠬᠤᠶᠢᠯᠠᠯ ᠲᠠᠢ ᠦᠭᠡᠷᠡᠴᠢᠯᠡᠬᠦ | ᠭᠠᠷᠳᠠᠮ ᠢ ᠭᠦᠢᠴᠡᠳᠬᠡᠬᠦ ᠬᠡᠷᠡᠭᠲᠠᠢ᠂ ᠣᠰᠣ ᠬᠠᠩᠭᠠᠬᠤ ᠠᠵᠣ ᠠᠬᠤᠶᠢᠯᠠᠯ ᠨᠢ 10 ᠠᠵᠢᠯᠯᠠᠬᠤ ᠡᠳᠦᠷ ᠤᠨ | ᠲᠣᠲᠣᠷ᠎ᠠ ᠪᠣᠲᠠᠲᠠᠢ ᠡᠷᠬᠢᠯᠡᠭᠰᠡᠨ ᠠᠵᠢᠯ ᠢ ᠰᠢᠢᠳᠪᠦᠷᠢᠯᠡᠵᠣ ᠳᠠᠭᠤᠰᠬᠠᠬᠤ ᠬᠡᠷᠡᠭᠲᠠᠢ᠃ ᠦᠭᠡᠷᠡᠴᠢᠯᠡᠬᠦ ᠭᠠᠷᠳᠠᠮ ᠢ | ᠭᠦᠢᠴᠡᠳᠭᠡᠭᠰᠡᠨ ᠦᠭᠡᠢ ᠪᠣᠯ᠂ ᠣᠰᠣᠨ ᠤ ᠦᠨ᠎ᠡ ᠨᠢ ᠦᠨᠳᠦᠷ ᠲᠦᠷᠦᠯ ᠵᠦᠢᠯ ᠶᠣᠰᠣᠭᠠᠷ ᠣᠰᠣᠨ ᠤ | ᠰᠦᠢᠳᠬᠡᠯ ᠢ ᠪᠣᠳᠣᠵᠣ ᠬᠤᠷᠢᠶᠠᠨ᠎ᠠ᠃ ᠵᠠᠯᠭᠠᠭᠠᠳ 6 ᠰᠠᠷ᠎ᠠ ᠣᠰᠣ ᠬᠡᠷᠡᠭᠯᠡᠬᠦ ᠪᠠᠨ ᠵᠣᠭᠰᠣᠭᠰᠠᠨ ᠪᠦᠭᠡᠳ | ᠬᠡᠷᠡᠭᠯᠡᠬᠦ ᠪᠠᠨ ᠵᠣᠭᠰᠣᠭᠠᠬᠤ ᠪᠣᠶᠣ ᠳᠠᠩᠰᠠᠨ ᠠᠴᠠ ᠬᠠᠰᠣᠬᠤ ᠭᠠᠷᠳᠠᠮ ᠢ ᠭᠦᠢᠴᠡᠳᠬᠡᠬᠦ ᠪᠠᠷ ᠭᠤᠶᠣᠴᠢᠯᠠᠭᠰᠠᠨ | ᠦᠭᠡᠢ ᠪᠣᠯ᠂ ᠣᠰᠣ ᠬᠠᠩᠭᠠᠬᠤ ᠠᠵᠣ ᠠᠬᠤᠶᠢᠯᠠᠯ ᠠᠴᠠ ᠬᠡᠮᠵᠢᠬᠦᠷ ᠢ ᠵᠠᠳᠠᠯᠵᠣ ᠳᠠᠩᠰᠠᠨ ᠠᠴᠠ ᠬᠠᠰᠣᠵᠣ ᠪᠣᠯᠣᠨ᠎ᠠ᠃ | | ᠲᠦᠴᠢᠨ ᠲᠤᠯᠤᠳᠤᠭᠠᠷ ᠵᠦᠢᠯ ᠣᠷᠴᠢᠨ ᠲᠣᠭᠤᠷᠢᠨ ᠤ ᠡᠷᠡᠬᠦᠯ ᠬᠠᠮᠠᠭᠠᠯᠠᠯ᠂ ᠭᠠᠯ ᠰᠡᠷᠬᠡᠶᠢᠯᠡᠬᠦ᠂ | ᠨᠣᠭᠤᠭᠠᠷᠠᠭᠤᠯᠣᠯᠲᠠ᠂ ᠬᠤᠲᠠ ᠶᠢᠨ ᠶᠠᠪᠣᠳᠠᠯ ᠵᠡᠷᠭᠡ ᠶᠢᠨ ᠣᠰᠣᠨ ᠤ ᠬᠡᠷᠡᠭᠯᠡᠯᠲᠡ ᠳᠤ᠂ ᠬᠡᠮᠵᠢᠬᠦᠷ ᠣᠭᠰᠠᠷᠠᠨ | ᠬᠡᠮᠵᠢᠵᠣ᠂ ᠲᠣᠭᠲᠠᠭᠠᠭᠰᠠᠨ ᠦᠨ᠎ᠡ ᠬᠠᠩᠰᠢ ᠶᠣᠰᠣᠭᠠᠷ ᠣᠰᠣᠨ ᠤ ᠰᠦᠢᠳᠬᠡᠯ ᠲᠣᠰᠢᠶᠠᠬᠤ ᠬᠡᠷᠡᠭᠲᠠᠢ᠃ | ᠲᠦᠴᠢᠨ ᠨᠠᠢᠮᠠᠳᠤᠭᠠᠷ ᠵᠦᠢᠯ ᠶᠠᠮᠠᠷᠪᠠ ᠣᠰᠣ ᠬᠡᠷᠡᠭᠯᠡᠬᠦ ᠡᠷᠦᠭᠡ ᠨᠢ ᠴᠦ ᠣᠰᠣ ᠬᠠᠩᠭᠠᠬᠤ ᠠᠵᠣ | ᠠᠬᠤᠶᠢᠯᠠᠯ ᠤᠨ ᠣᠰᠣ ᠬᠠᠩᠭᠠᠬᠤ ᠬᠤᠭᠤᠯᠠᠢ ᠶᠢᠨ ᠲᠣᠣᠷ ᠤᠨ ᠳᠠᠭᠠᠭᠠᠴᠠ ᠶᠢ ᠦᠨᠳᠦᠰᠦᠯᠡᠨ ᠰᠢᠨ᠎ᠡ ᠣᠰᠣ | ᠬᠡᠷᠡᠭᠯᠡᠬᠦ ᠡᠷᠦᠭᠡ ᠶᠢ ᠬᠦᠭᠵᠢᠬᠦᠯᠬᠦ ᠶᠢ ᠬᠠᠷᠰᠢᠯᠠᠵᠣ ᠪᠣᠯᠬᠤ ᠦᠭᠡᠢ᠂ ᠣᠰᠣ ᠬᠠᠩᠭᠠᠬᠤ ᠠᠵᠣ ᠠᠬᠤᠶᠢᠯᠠᠯ ᠤᠨ | ᠨᠢᠭᠡᠳᠦᠯᠲᠠᠢ ᠬᠠᠮᠢᠶᠠᠷᠣᠯᠲᠠ᠂ ᠣᠰᠣ ᠬᠠᠩᠭᠠᠬᠤ ᠬᠤᠭᠤᠯᠠᠢ ᠶᠢᠨ ᠲᠣᠣᠷ ᠤᠨ ᠲᠦᠬᠦᠭᠡᠷᠦᠮᠵᠢ ᠶᠢ ᠠᠷᠠᠴᠢᠯᠠᠨ | ᠬᠠᠮᠠᠭᠠᠯᠠᠬᠤ ᠶᠢ ᠬᠠᠷᠰᠢᠯᠠᠵᠣ ᠪᠣᠯᠬᠤ ᠦᠭᠡᠢ᠃ | ᠴᠠᠬᠢᠯᠭᠠᠨ ᠬᠠᠩᠭᠠᠬᠤ ᠰᠠᠯᠠᠭ᠎ᠠ ᠮᠦᠴᠢᠷ ᠨᠢ ᠣᠰᠣ ᠬᠠᠩᠭᠠᠬᠤ ᠠᠵᠣ ᠠᠬᠤᠶᠢᠯᠠᠯ ᠤᠨ ᠦᠷᠬᠦᠯᠵᠢᠯᠡᠨ | ᠴᠠᠬᠢᠯᠭᠠᠨ ᠬᠡᠷᠡᠭᠯᠡᠬᠦ ᠶᠢ ᠪᠠᠲᠣᠯᠠᠬᠤ ᠬᠡᠷᠡᠭᠲᠠᠢ᠂ ᠦᠨᠡᠨ ᠬᠦ ᠴᠠᠬᠢᠯᠭᠠᠨ ᠵᠣᠭᠰᠣᠭᠠᠵᠣ ᠠᠷᠠᠴᠢᠯᠠᠨ ᠬᠠᠮᠠᠭᠠᠯᠠᠬᠤ | ᠴᠢᠬᠤᠯᠠᠲᠠᠢ ᠦᠶᠡᠰ 48 ᠴᠠᠭ ᠤᠨ ᠡᠮᠦᠨ᠎ᠡ ᠣᠰᠣ ᠬᠠᠩᠭᠠᠬᠤ ᠠᠵᠣ ᠠᠬᠤᠶᠢᠯᠠᠯ ᠳᠤ ᠮᠡᠳᠡᠭᠳᠡᠬᠦ ᠬᠡᠷᠡᠭᠲᠠᠢ᠃ ᠣᠰᠣ | ᠬᠠᠩᠭᠠᠬᠤ ᠠᠵᠣ ᠠᠬᠤᠶᠢᠯᠠᠯ ᠤᠨ ᠪᠣᠰᠣ ᠰᠢᠯᠳᠠᠭᠠᠨ ᠠᠴᠠ ᠣᠰᠣ ᠵᠣᠭᠰᠣᠭᠠᠬᠰᠡᠨ ᠪᠣᠯ᠂ ᠣᠰᠣ ᠵᠣᠭᠰᠣᠭᠠᠬᠤ ᠶᠢ | ᠡᠬᠦᠰᠭᠡᠭᠰᠡᠨ ᠠᠵᠣ ᠠᠬᠤᠶᠢᠯᠠᠯ ᠪᠣᠶᠣ ᠬᠤᠪᠢ ᠬᠦᠮᠦᠨ ᠠᠴᠠ ᠵᠣᠬᠢᠴᠠᠩᠭᠤᠢ ᠬᠠᠣᠯᠢ ᠴᠠᠭᠠᠵᠠ ᠶᠢᠨ | ᠬᠠᠷᠢᠭᠤᠴᠠᠯᠭ᠎ᠠ ᠶᠢ ᠡᠬᠦᠷᠭᠡᠯᠡᠨ᠎ᠡ᠃ | ᠲᠦᠴᠢ ᠶᠢᠰᠦᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠨᠢ ᠲᠣᠣᠷᠠᠬᠢ ᠠᠵᠢᠯᠯᠠᠭ᠎ᠠ ᠶᠢ ᠬᠢᠵᠣ | ᠪᠣᠯᠬᠤ ᠦᠭᠡᠢ᠄ | ︵ᠨᠢᠭᠡ︶ ᠨᠡᠶᠢᠲᠡ ᠶᠢᠨ ᠬᠠᠩᠭᠠᠯᠭ᠎ᠠ ᠣᠰᠣ ᠶᠢ ᠬᠠᠣᠯᠢ ᠪᠣᠰᠣ ᠪᠠᠷ ᠬᠡᠷᠡᠭᠯᠡᠬᠦ ᠪᠣᠶᠣ ᠰᠢᠯᠵᠢᠬᠦᠯᠦᠨ | ᠬᠠᠩᠭᠠᠬᠤ︔ | ︵ᠬᠤᠶᠠᠷ︶ ᠬᠤᠲᠠ ᠶᠢᠨ ᠣᠰᠣ ᠬᠠᠩᠭᠠᠬᠤ ᠬᠤᠭᠤᠯᠠᠢ ᠳᠡᠭᠡᠷ᠎ᠡ ᠰᠢᠭᠤᠳ ᠬᠦᠭᠡᠷᠭᠡ ᠣᠭᠰᠠᠷᠠᠵᠣ ᠣᠰᠣ | ᠳᠠᠳᠠᠬᠤ︔ | ︵ᠭᠤᠷᠪᠠ︶ ᠦᠪᠡᠷ ᠢᠶᠠᠨ ᠪᠠᠶᠢᠭᠤᠯᠣᠭᠰᠠᠨ ᠣᠰᠣ ᠬᠠᠩᠭᠠᠬᠤ ᠲᠦᠬᠦᠭᠡᠷᠦᠮᠵᠢ ᠪᠣᠶᠣ ᠵᠦᠪᠰᠢᠶᠡᠷᠡᠯ ᠢ | ᠳᠠᠮᠵᠢᠭᠰᠠᠨ ᠦᠭᠡᠢ ᠳᠠᠷᠣᠴᠠ ᠨᠡᠮᠡᠬᠦ ᠬᠤᠳᠳᠤᠭ ᠢ ᠲᠣᠷ᠎ᠠ ᠪᠠᠷ ᠢᠶᠠᠨ ᠬᠤᠲᠠ ᠶᠢᠨ ᠣᠰᠣ ᠬᠠᠩᠭᠠᠬᠤ | ᠬᠤᠭᠤᠯᠠᠢ ᠶᠢᠨ ᠲᠣᠣᠷ ᠲᠠᠢ ᠵᠠᠯᠭᠠᠬᠤ︔ | ︵ᠳᠦᠷᠪᠡ︶ ᠣᠰᠣᠨ ᠬᠡᠷᠡᠭᠯᠡᠯᠲᠡ ᠶᠢᠨ ᠲᠦᠷᠦᠯ ᠵᠦᠢᠯ᠂ ᠬᠡᠪᠴᠢᠶ᠎ᠡ ᠶᠢ ᠲᠣᠷ᠎ᠠ ᠪᠠᠷ ᠢᠶᠠᠨ ᠦᠭᠡᠷᠡᠴᠢᠯᠡᠬᠦ︔ | | ︵ᠲᠠᠪᠤ︶ ᠭᠠᠯ ᠣᠨᠳᠠᠷᠠᠭᠠᠬᠤ ᠪᠠᠭᠠᠵᠢ᠂ ᠭᠠᠯ ᠰᠡᠷᠬᠡᠶᠢᠯᠡᠬᠦ ᠲᠡᠭᠡᠯᠡᠢ ᠭᠤᠭᠤᠵᠢᠭᠤᠷ᠂ ᠨᠣᠭᠤᠭᠠᠷᠠᠭᠤᠯᠣᠯᠲᠠ᠂ | ᠬᠤᠲᠠ ᠶᠢᠨ ᠶᠠᠪᠣᠳᠠᠯ ᠵᠡᠷᠭᠡ ᠶᠢᠨ ᠬᠠᠭᠠᠯᠲᠠ ᠨᠡᠭᠡᠯᠡᠭᠡᠢ ᠶᠢ ᠲᠣᠷ᠎ᠠ ᠪᠠᠷ ᠨᠡᠭᠡᠭᠡᠵᠣ᠂ ᠣᠰᠣ ᠠᠪᠬᠤ︔ | ︵ᠵᠢᠷᠭᠤᠭ᠎ᠠ︶ ᠳ᠋ᠦᠩᠨᠡᠨ ᠪᠣᠳᠣᠬᠤ ᠣᠰᠣᠨ ᠤ ᠬᠡᠮᠵᠢᠬᠦᠷ ᠠᠴᠠ ᠳᠣᠷ᠎ᠠ ᠪᠠᠷ ᠵᠠᠶᠢᠯᠠᠨ ᠲᠣᠭᠤᠷᠢᠵᠣ | ᠬᠤᠭᠤᠯᠠᠢ ᠵᠠᠯᠭᠠᠨ ᠣᠰᠣ ᠠᠪᠬᠤ ᠪᠣᠶᠣ ᠳ᠋ᠦᠩᠨᠡᠨ ᠪᠣᠳᠣᠬᠤ ᠣᠰᠣᠨ ᠤ ᠬᠡᠮᠵᠢᠬᠦᠷ ᠤᠨ ᠡᠮᠦᠨ᠎ᠡ ᠰᠢᠭᠤᠳ ᠬᠦᠭᠡᠷᠭᠡ | ᠣᠭᠰᠠᠷᠠᠵᠣ ᠣᠰᠣ ᠠᠪᠬᠤ︔ | ︵ᠳᠣᠯᠤᠭ᠎ᠠ︶ ᠬᠠᠣᠯᠢ ᠪᠠᠷ ᠲᠣᠭᠲᠠᠭᠠᠭᠰᠠᠨ ᠬᠡᠮᠵᠢᠯᠲᠠ ᠶᠢ ᠬᠢᠨᠠᠨ ᠲᠣᠭᠲᠠᠭᠠᠬᠤ ᠪᠠᠶᠢᠭᠤᠯᠣᠮᠵᠢ ᠶᠢᠨ | ᠪᠢᠲᠡᠬᠦᠮᠵᠢᠯᠡᠭᠰᠡᠨ ᠳ᠋ᠦᠩᠨᠡᠨ ᠪᠣᠳᠣᠬᠤ ᠣᠰᠣᠨ ᠤ ᠬᠡᠮᠵᠢᠬᠦᠷ ᠪᠣᠶᠣ ᠲᠦᠬᠦᠭᠡᠷᠦᠮᠵᠢ ᠶᠢᠨ ᠪᠢᠲᠡᠬᠦᠮᠵᠢᠯᠡᠬᠦ ᠲᠠᠮᠠᠭ᠎ᠠ ᠶᠢ | ᠬᠠᠣᠯᠢ ᠪᠣᠰᠣ ᠪᠠᠷ ᠡᠪᠳᠡᠯᠡᠵᠣ ᠬᠠᠶᠠᠬᠤ᠂ ᠬᠠᠭᠤᠷᠮᠠᠭᠯᠠᠨ ᠦᠢᠯᠡᠳᠬᠦ᠂ ᠨᠡᠭᠡᠭᠡᠬᠦ︔ | ︵ᠨᠠᠢᠮᠠ︶ ᠳ᠋ᠦᠩᠨᠡᠨ ᠪᠣᠳᠣᠬᠤ ᠣᠰᠣᠨ ᠤ ᠬᠡᠮᠵᠢᠬᠦᠷ ᠢ ᠬᠠᠣᠯᠢ ᠪᠣᠰᠣ ᠪᠠᠷ ᠬᠤᠪᠢ ᠪᠠᠷ ᠢᠶᠠᠨ ᠣᠭᠰᠠᠷᠠᠬᠤ᠂ | ᠦᠭᠡᠷᠡᠴᠢᠯᠡᠨ ᠣᠭᠰᠠᠷᠠᠬᠤ᠂ ᠡᠪᠲᠡᠯᠡᠨ ᠵᠠᠳᠠᠯᠬᠤ᠂ ᠲᠣᠩᠭᠤᠷᠠᠭᠤᠯᠣᠨ ᠣᠭᠰᠠᠷᠠᠬᠤ᠂ ᠡᠪᠳᠡᠬᠦ ᠪᠣᠶᠣ ᠳ᠋ᠦᠩᠨᠡᠨ | ᠪᠣᠳᠣᠬᠤ ᠣᠰᠣᠨ ᠤ ᠬᠡᠮᠵᠢᠬᠦᠷ ᠤᠨ ᠬᠡᠪ ᠤᠨ ᠬᠡᠮᠵᠢᠯᠲᠡ ᠶᠢ ᠬᠠᠷᠰᠢᠯᠠᠬᠤ︔ | ︵ᠶᠢᠰᠦ︶ ᠣᠶᠣᠲᠣ ᠣᠰᠣᠨ ᠤ ᠬᠡᠮᠵᠢᠬᠦᠷ ᠢ ᠡᠪᠳᠡᠬᠦ ᠵᠢᠴᠢ ᠬᠡᠪ ᠤᠨ ᠬᠡᠮᠵᠢᠯᠲᠡ ᠶᠢ ᠨᠦᠯᠦᠭᠡᠯᠡᠬᠦ ᠪᠣᠰᠣᠳ | ᠠᠵᠢᠯᠯᠠᠭ᠎ᠠ ᠨᠤᠭᠤᠳ᠃ | ᠣᠰᠣ ᠬᠡᠷᠡᠭᠯᠡᠬᠦ ᠡᠷᠦᠭᠡ ᠬᠠᠣᠯᠢ ᠪᠣᠰᠣ ᠪᠠᠷ ᠣᠰᠣ ᠠᠪᠣᠭᠰᠠᠨ᠂ ᠬᠠᠣᠯᠢ ᠪᠣᠰᠣ ᠪᠠᠷ ᠣᠰᠣ ᠠᠪᠣᠭᠰᠠᠨ | ᠴᠠᠭ ᠢ ᠲᠣᠭᠲᠠᠭᠠᠬᠤ ᠶᠢᠨ ᠠᠷᠭ᠎ᠠ ᠦᠭᠡᠢ ᠪᠣᠯ᠂ ᠣᠰᠣ ᠬᠡᠷᠡᠭᠯᠡᠬᠦ ᠡᠷᠦᠭᠡ ᠶᠢᠨ ᠡᠵᠡᠩᠨᠡᠯᠲᠡ ᠡᠬᠢᠯᠡᠬᠦᠯᠦᠭᠰᠡᠨ ᠪᠣᠶᠣ | ᠣᠷᠣᠵᠣ ᠰᠠᠭᠤᠭᠰᠠᠨ ᠴᠠᠭ ᠠᠴᠠ ᠡᠬᠢᠯᠡᠨ ᠪᠣᠳᠣᠨ᠎ᠠ᠃ | ᠲᠠᠪᠢᠳᠤᠭᠠᠷ ᠵᠦᠢᠯ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠬᠤᠲᠠ ᠶᠢᠨ ᠣᠰᠣᠨ ᠬᠠᠩᠭᠠᠯᠭ᠎ᠠ ᠣᠰᠣᠨ ᠬᠡᠷᠡᠭᠯᠡᠯᠲᠡ ᠳᠠᠬᠢ ᠬᠢᠨᠠᠯᠲᠠ ᠬᠠᠮᠢᠶᠠᠷᠣᠯᠲᠠ ᠪᠠᠨ | ᠴᠢᠩᠭᠠᠳᠬᠠᠨ᠂ ᠴᠠᠭ ᠳᠠᠷᠣᠢ ᠳᠤᠨᠢ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠬᠡᠬᠦ ᠬᠡᠷᠡᠭᠲᠠᠢ᠃ | ᠬᠢᠨᠠᠯᠲᠠ ᠪᠠᠶᠢᠴᠠᠭᠠᠯᠲᠠ ᠬᠢᠬᠦ ᠦᠶᠡᠰ᠂ ᠲᠣᠣᠷᠠᠬᠢ ᠠᠷᠭ᠎ᠠ ᠬᠡᠮᠵᠢᠶ᠎ᠡ ᠶᠢ ᠠᠪᠴᠣ ᠪᠣᠯᠣᠨ᠎ᠠ᠄ | ︵ᠨᠢᠭᠡ︶ ᠲᠣᠬᠠᠢ ᠶᠢᠨ ᠲᠠᠯᠠᠪᠠᠢ ᠳᠤ ᠣᠷᠣᠵᠣ ᠪᠠᠶᠢᠴᠠᠭᠠᠯᠲᠠ ᠬᠢᠬᠦ︔ | ︵ᠬᠤᠶᠠᠷ︶ ᠣᠰᠣ ᠬᠠᠩᠭᠠᠬᠤ ᠣᠰᠣᠨ ᠤ ᠴᠢᠨᠠᠷ ᠴᠢᠨᠰᠠᠭ᠎ᠠ ᠳᠤ ᠦᠯᠢᠭᠡᠷ ᠠᠪᠴᠣ ᠰᠢᠯᠭᠠᠨ ᠪᠠᠶᠢᠴᠠᠭᠠᠯᠲᠠ | ᠬᠢᠬᠦ︔ | ︵ᠭᠤᠷᠪᠠ︶ ᠬᠤᠯᠪᠣᠭᠳᠠᠯ ᠪᠦᠬᠦᠢ ᠬᠦᠰᠦᠨᠦᠭ᠂ ᠲᠤᠭ᠎ᠠ ᠪᠠᠷᠢᠮᠲᠠ᠂ ᠡᠭᠡ ᠳᠡᠮᠳᠡᠭᠯᠡᠯ ᠤᠨ ᠪᠢᠴᠢᠭ | ᠮᠠᠲ᠋ᠧᠷᠢᠶᠠᠯ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠡᠷᠢᠵᠣ ᠦᠵᠡᠬᠦ᠂ ᠬᠠᠭᠤᠯᠪᠦᠷᠢᠯᠠᠬᠤ︔ | ︵ᠳᠦᠷᠪᠡ︶ ᠪᠠᠶᠢᠴᠠᠭᠠᠭᠳᠠᠬᠤ ᠨᠢᠭᠡᠴᠢ ᠠᠴᠠ ᠵᠣᠬᠢᠴᠠᠩᠭᠤᠢ ᠲᠣᠲᠣᠷᠬᠠᠶᠢᠯᠠᠯᠲᠠ ᠬᠢᠬᠦ ᠶᠢ ᠱᠠᠭᠠᠷᠳᠠᠬᠤ᠃ | ᠵᠢᠷᠭᠤᠳᠤᠭᠠᠷ ᠪᠦᠯᠦᠭ ᠬᠤᠶᠠᠳᠠᠬᠢ ᠣᠰᠣᠨ ᠬᠠᠩᠭᠠᠯᠭ᠎ᠠ ᠶᠢᠨ ᠲᠦᠬᠦᠭᠡᠷᠦᠮᠵᠢ ᠶᠢᠨ ᠪᠦᠲᠦᠭᠡᠨ | ᠪᠠᠶᠢᠭᠤᠯᠣᠯᠲᠠ ᠬᠢᠭᠡᠳ ᠠᠷᠠᠴᠢᠯᠠᠨ ᠬᠠᠮᠠᠭᠠᠯᠠᠯᠲᠠ | ᠲᠠᠪᠢᠨ ᠨᠢᠭᠡᠳᠦᠭᠡᠷ ᠵᠦᠢᠯ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠬᠡᠨ | ᠪᠠᠶᠢᠭᠤᠯᠬᠤ ᠢᠨᠵᠧᠨᠧᠷᠢᠩ ᠤᠨ ᠣᠰᠣᠨ ᠳᠠᠷᠣᠴᠠ ᠶᠢᠨ ᠱᠠᠭᠠᠷᠳᠠᠯᠭ᠎ᠠ ᠨᠢ ᠣᠰᠣᠨ ᠬᠠᠩᠭᠠᠯᠭ᠎ᠠ ᠶᠢᠨ | ᠱᠠᠭᠠᠷᠳᠠᠯᠭ᠎ᠠ ᠠᠴᠠ ᠬᠡᠳᠦᠷᠡᠪᠡᠯ᠂ ᠪᠦᠲᠦᠭᠡᠨ ᠪᠠᠶᠢᠭᠤᠯᠣᠯᠲᠠ ᠶᠢᠨ ᠨᠢᠭᠡᠴᠢ ᠪᠣᠶᠣ ᠦᠮᠴᠢᠯᠡᠬᠦ ᠡᠷᠬᠡᠲᠦ ᠨᠢᠭᠡᠴᠢ ᠨᠢ | ᠢᠵᠢ ᠲᠦᠬᠦᠷᠵᠢᠭᠰᠡᠨ ᠬᠤᠶᠠᠳᠡᠬᠢ ᠣᠰᠣᠨ ᠬᠠᠩᠭᠠᠯᠭ᠎ᠠ ᠶᠢᠨ ᠲᠦᠬᠦᠭᠡᠷᠦᠮᠵᠢ ᠶᠢ ᠪᠠᠶᠢᠭᠤᠯᠬᠤ ᠬᠡᠷᠡᠭᠲᠠᠢ᠃ | ᠲᠠᠪᠢᠨ ᠬᠤᠶᠠᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠬᠤᠶᠠᠳᠡᠬᠢ ᠣᠰᠣᠨ | ᠬᠠᠩᠭᠠᠯᠭ᠎ᠠ ᠶᠢᠨ ᠲᠦᠬᠦᠭᠡᠷᠦᠮᠵᠢ ᠶᠢᠨ ᠲᠦᠯᠦᠪᠵᠢᠬᠦᠯᠭᠡ ᠶᠢᠨ ᠲᠦᠰᠦᠯ ᠳᠤ ᠮᠡᠷᠭᠡᠵᠢᠯ ᠤᠨ ᠨᠣᠲᠠᠯᠠᠯᠲᠠ ᠬᠢᠵᠣ᠂ | ᠣᠰᠣᠨ ᠤ ᠴᠢᠨᠠᠷ ᠴᠢᠨᠰᠠᠭ᠎ᠠ ᠪᠠᠷᠢᠮᠵᠢᠶᠠᠨ ᠳᠤ ᠬᠦᠷᠬᠦ ᠪᠠ ᠣᠰᠣ ᠬᠠᠩᠭᠠᠬᠤ ᠬᠤᠭᠤᠯᠠᠢ ᠶᠢᠨ ᠲᠣᠣᠷ ᠤᠨ | ᠠᠵᠢᠯᠯᠠᠭ᠎ᠠ ᠶᠢᠨ ᠠᠮᠣᠷ ᠲᠦᠪᠰᠢᠨ ᠢ ᠪᠠᠲᠣᠯᠠᠭᠰᠠᠨ ᠤᠷᠢᠳᠠᠯ ᠳᠡᠭᠡᠷ᠎ᠡ᠂ ᠬᠤᠶᠠᠳᠡᠬᠢ ᠣᠰᠣᠨ ᠬᠠᠩᠭᠠᠯᠭ᠎ᠠ ᠶᠢᠨ | ᠠᠷᠭ᠎ᠠ ᠬᠡᠮᠵᠢᠶ᠎ᠡ ᠵᠢᠴᠢ ᠲᠦᠬᠦᠭᠡᠷᠦᠮᠵᠢ ᠶᠢ ᠵᠣᠬᠢᠰᠲᠠᠢ ᠰᠣᠩᠭᠤᠬᠤ ᠬᠡᠷᠡᠭᠲᠠᠢ᠃ ᠲᠦᠯᠦᠪᠵᠢᠬᠦᠯᠭᠡ᠂ ᠪᠠᠷᠢᠯᠭ᠎ᠠ | ᠪᠠᠷᠢᠬᠤ᠂ ᠪᠠᠷᠢᠯᠭ᠎ᠠ ᠳᠠᠭᠤᠰᠴᠣ ᠰᠢᠯᠭᠠᠨ ᠬᠤᠷᠢᠶᠠᠬᠤ ᠵᠡᠷᠭᠡ ᠭᠤᠭᠴᠣᠭᠠᠨ ᠳᠤ ᠬᠢᠨᠠᠮᠠᠭᠠᠢ ᠬᠠᠷᠢᠭᠤᠴᠠᠵᠣ᠂ | ᠬᠦᠷᠦᠯᠴᠡᠬᠦ᠋ᠢᠴᠡ ᠰᠢᠯᠵᠢᠬᠦᠯᠦᠨ ᠬᠠᠳᠠᠭᠠᠯᠠᠬᠤ ᠪᠠᠭᠳᠠᠭᠠᠮᠵᠢ ᠲᠠᠢ ᠣᠰᠣ ᠬᠠᠳᠠᠭᠠᠯᠠᠬᠤ ᠲᠦᠬᠦᠭᠡᠷᠦᠮᠵᠢ | ᠲᠣᠬᠢᠷᠠᠭᠤᠯᠬᠤ ᠶᠢ ᠪᠠᠲᠣᠯᠠᠨ᠂ ᠳᠠᠮ ᠢᠶᠠᠷ ᠳᠠᠷᠣᠴᠠ ᠨᠡᠮᠡᠬᠦ ᠶᠢ ᠬᠡᠷᠡᠭᠵᠢᠬᠦᠯᠵᠣ᠂ ᠣᠰᠣ ᠬᠠᠩᠭᠠᠬᠤ ᠣᠷᠬᠢᠯ | ᠴᠠᠭ ᠠᠴᠠ ᠵᠠᠶᠢᠯᠠᠰᠬᠢᠨ ᠣᠰᠣ ᠬᠠᠳᠠᠭᠠᠯᠠᠵᠣ᠂ ᠦᠷᠬᠦᠯᠵᠢᠯᠡᠭᠰᠡᠨ ᠣᠰᠣᠨ ᠬᠠᠩᠭᠠᠯᠭ᠎ᠠ ᠶᠢ ᠪᠠᠲᠣᠯᠠᠨ᠎ᠠ᠃ | ᠠᠮᠣᠷ ᠢ ᠬᠠᠮᠠᠭᠠᠯᠠᠬᠤ ᠬᠢᠨᠠᠨ ᠡᠵᠡᠮᠳᠡᠬᠦ ᠲᠡᠷᠢᠬᠦᠨ ᠤ ᠮᠡᠷᠭᠡᠵᠢᠯ ᠢ ᠳᠡᠯᠭᠡᠷᠡᠬᠦᠯᠦᠨ ᠬᠡᠷᠡᠭᠯᠡᠵᠣ᠂ ᠬᠤᠶᠠᠳᠠᠬᠢ | ᠣᠰᠣᠨ ᠬᠠᠩᠭᠠᠯᠭ᠎ᠠ ᠶᠢ ᠮᠠᠭᠤ ᠰᠠᠨᠠᠭᠠᠲᠠᠢ ᠪᠠᠷ ᠡᠪᠳᠡᠬᠦ ᠶᠢ ᠰᠡᠷᠬᠡᠶᠢᠯᠡᠬᠦ ᠮᠡᠷᠭᠡᠵᠢᠯ ᠤᠨ ᠰᠡᠷᠬᠡᠶᠢᠯᠡᠯᠲᠡ᠂ ᠪᠣᠳᠠᠰ ᠤᠨ | ᠰᠡᠷᠬᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠶᠢᠨ ᠬᠠᠮᠲᠣ ᠰᠦᠯᠵᠢᠶ᠎ᠡ ᠪᠠᠷ ᠬᠢᠨᠠᠨ ᠡᠵᠡᠮᠳᠡᠵᠣ᠂ | ᠲᠣᠰ ᠬᠤᠲᠠ ᠶᠢᠨ ᠬᠤᠶᠠᠳᠠᠬᠢ ᠣᠰᠣᠨ ᠬᠠᠩᠭᠠᠯᠭ᠎ᠠ ᠶᠢᠨ ᠲᠣᠬᠢᠷᠠᠭᠤᠯᠣᠭᠴᠢ ᠰᠢᠰᠲ᠋ᠧᠮ ᠲᠠᠢ ᠵᠣᠬᠢᠴᠠᠯᠳᠣᠬᠤ ᠶᠢ | ᠪᠡᠶᠡᠯᠡᠬᠦᠯᠦᠨ᠎ᠡ᠃ | ᠲᠠᠪᠢᠨ ᠭᠤᠷᠪᠠᠳᠤᠭᠠᠷ ᠵᠦᠢᠯ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠨᠢ ᠣᠰᠣ ᠬᠠᠩᠭᠠᠬᠤ ᠠᠵᠣ ᠠᠬᠤᠶᠢᠯᠠᠯ ᠢ ᠵᠣᠬᠢᠶᠠᠨ ᠪᠠᠶᠢᠭᠤᠯᠣᠨ᠂ ᠬᠠᠭᠤᠴᠢᠨ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠬᠤᠶᠠᠳᠠᠬᠢ ᠣᠰᠣᠨ ᠬᠠᠩᠭᠠᠯᠭ᠎ᠠ ᠶᠢᠨ ᠲᠦᠬᠦᠭᠡᠷᠦᠮᠵᠢ ᠵᠢᠴᠢ | ᠣᠰᠣ ᠬᠠᠩᠭᠠᠬᠤ ᠬᠤᠭᠤᠯᠠᠢ ᠶᠢᠨ ᠲᠣᠣᠷ ᠢ ᠦᠭᠡᠷᠡᠴᠢᠯᠡᠨ ᠪᠠᠶᠢᠭᠤᠯᠬᠤ ᠲᠦᠯᠦᠪᠵᠢᠬᠦᠯᠭᠡ ᠶᠢ ᠲᠣᠭᠲᠠᠭᠠᠯᠭᠠᠵᠣ᠂ | ᠮᠡᠷᠭᠡᠵᠢᠯ᠂ ᠡᠷᠡᠬᠦᠯ ᠬᠠᠮᠠᠭᠠᠯᠠᠯ ᠪᠠ ᠠᠮᠣᠷ ᠲᠦᠪᠰᠢᠨ ᠤ ᠰᠡᠷᠬᠡᠶᠢᠯᠡᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ | ᠬᠤᠶᠠᠳᠠᠬᠢ ᠣᠰᠣᠨ ᠬᠠᠩᠭᠠᠯᠭ᠎ᠠ ᠶᠢᠨ ᠲᠦᠬᠦᠭᠡᠷᠦᠮᠵᠢ ᠳᠤ ᠮᠡᠷᠭᠡᠵᠢᠯ ᠤᠨ ᠲᠦᠰᠦᠯ ᠢ ᠲᠣᠭᠲᠠᠭᠠᠵᠣ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢ ᠣᠯᠣᠭᠰᠠᠨ ᠤ ᠳᠠᠷᠠᠭ᠎ᠠ ᠱᠠᠲᠣ ᠬᠤᠪᠢᠶᠠᠨ ᠬᠡᠷᠡᠭᠵᠢᠬᠦᠯᠦᠨ᠎ᠡ᠃ | ᠬᠤᠶᠠᠳᠡᠬᠢ ᠣᠰᠣᠨ ᠬᠠᠩᠭᠠᠯᠭ᠎ᠠ ᠶᠢᠨ ᠲᠦᠬᠦᠭᠡᠷᠦᠮᠵᠢ ᠶᠢ ᠦᠭᠡᠷᠡᠴᠢᠯᠡᠨ ᠪᠠᠶᠢᠭᠤᠯᠬᠤ ᠳᠤ᠂ ᠡᠷᠦᠭᠡ | ᠬᠦᠷᠳᠡᠯ᠎ᠡ ᠬᠡᠮᠵᠢᠬᠦᠷᠯᠡᠬᠦ᠂ ᠨᠢᠭᠡ ᠡᠷᠦᠭᠡ ᠳᠤ ᠨᠢᠭᠡ ᠬᠡᠮᠵᠢᠬᠦᠷ᠂ ᠣᠰᠣᠨ ᠤ ᠬᠡᠮᠵᠢᠬᠦᠷ ᠢ ᠡᠷᠦᠭᠡ ᠠᠴᠠ ᠭᠠᠷᠭᠠᠬᠤ | ᠦᠭᠡᠷᠡᠴᠢᠯᠡᠯᠲᠡ ᠶᠢ ᠠᠮᠣᠷ ᠲᠦᠪᠰᠢᠨ ᠤ ᠰᠡᠷᠬᠡᠶᠢᠯᠡᠯᠲᠡ ᠶᠢᠨ ᠲᠦᠬᠦᠭᠡᠷᠦᠮᠵᠢ ᠶᠢᠨ ᠪᠠᠶᠢᠭᠤᠯᠣᠯᠲᠠ ᠲᠠᠢ ᠨᠢᠭᠡᠳᠦᠯᠲᠠᠢ | ᠲᠦᠯᠦᠪᠯᠡᠨ ᠬᠡᠷᠡᠭᠵᠢᠬᠦᠯᠬᠦ ᠬᠡᠷᠡᠭᠲᠠᠢ᠂ ᠪᠢᠲᠡᠬᠦᠮᠵᠢᠯᠡᠨ ᠬᠠᠮᠢᠶᠠᠷᠬᠤ ᠬᠡᠪ ᠵᠠᠭᠪᠣᠷ ᠢ ᠬᠡᠷᠡᠭᠵᠢᠬᠦᠯᠦᠨ᠂ ᠠᠮᠣᠷ | ᠲᠦᠪᠰᠢᠨ ᠢᠶᠠᠷ ᠣᠰᠣ ᠬᠠᠩᠭᠠᠬᠤ ᠶᠢ ᠪᠠᠲᠣᠯᠠᠬᠤ ᠴᠢᠳᠠᠪᠦᠷᠢ ᠪᠠᠨ ᠦᠨᠠᠨ ᠬᠦ ᠳᠡᠭᠡᠭᠰᠢᠯᠡᠬᠦᠯᠦᠨ᠎ᠡ᠃ | ᠬᠤᠶᠠᠳᠡᠬᠢ ᠣᠰᠣᠨ ᠬᠠᠩᠭᠠᠯᠭ᠎ᠠ ᠶᠢᠨ ᠲᠦᠬᠦᠭᠡᠷᠦᠮᠵᠢ ᠶᠢ ᠦᠭᠡᠷᠡᠴᠢᠯᠡᠨ ᠪᠠᠶᠢᠭᠤᠯᠬᠤ ᠵᠠᠷᠣᠳᠠᠯ ᠨᠢ | ᠵᠠᠰᠠᠭ ᠤᠨ ᠣᠷᠳᠣᠨ᠂ ᠣᠰᠣ ᠬᠠᠩᠭᠠᠬᠤ ᠠᠵᠣ ᠠᠬᠤᠶᠢᠯᠠᠯ ᠤᠨ ᠣᠷᠣᠭᠤᠯᠣᠯᠲᠠ ᠪᠠᠷ ᠭᠤᠣᠯᠯᠠᠵᠣ᠂ ᠣᠯᠠᠨ | ᠵᠦᠢᠯ ᠤᠨ ᠠᠷᠭ᠎ᠠ ᠵᠠᠮ ᠢᠶᠠᠷ ᠪᠡᠯᠡ ᠮᠦᠩᠬᠦ ᠶᠢ ᠬᠤᠷᠠᠮᠳᠣᠭᠤᠯᠣᠨᠠ᠃ | ᠲᠠᠪᠢᠨ ᠲᠦᠷᠪᠡᠳᠦᠭᠡᠷ ᠵᠦᠢᠯ ᠬᠤᠶᠠᠳᠡᠬᠢ ᠣᠰᠣᠨ ᠬᠠᠩᠭᠠᠯᠭ᠎ᠠ ᠶᠢᠨ ᠲᠦᠬᠦᠭᠡᠷᠦᠮᠵᠢ ᠶᠢ | ᠪᠠᠶᠢᠭᠤᠯᠣᠭᠰᠠᠨ ᠤ ᠳᠠᠷᠠᠭ᠎ᠠ᠂ ᠣᠰᠣ ᠬᠠᠩᠭᠠᠬᠤ ᠠᠵᠣ ᠠᠬᠤᠶᠢᠯᠠᠯ ᠠᠴᠠ ᠰᠢᠯᠭᠠᠨ ᠬᠤᠷᠢᠶᠠᠬᠤ ᠶᠢ ᠵᠣᠬᠢᠶᠠᠨ | ᠪᠠᠶᠢᠭᠤᠯᠬᠤ ᠶᠢᠨ ᠬᠠᠮᠲᠣ ᠬᠠᠣᠯᠢ ᠪᠠᠷ ᠲᠣᠭᠲᠠᠭᠠᠭᠰᠠᠨ ᠬᠢᠷᠢ ᠬᠡᠮ ᠲᠠᠢ ᠨᠢᠭᠡᠴᠢ ᠳᠤ ᠨᠠᠶᠢᠲᠠᠨ ᠣᠰᠣᠨ ᠤ ᠴᠢᠨᠠᠷ ᠤᠨ | ᠰᠢᠯᠭᠠᠨ ᠪᠠᠶᠢᠴᠠᠭᠠᠯᠲᠠ ᠬᠢᠵᠣ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠣᠰᠣ | ᠬᠠᠩᠭᠠᠬᠤ ᠠᠵᠣ ᠠᠬᠤᠶᠢᠯᠠᠯ ᠠᠴᠠ ᠲᠣᠣᠷ ᠨᠡᠶᠢᠯᠡᠬᠦᠯᠵᠣ ᠣᠰᠣ ᠨᠡᠪᠲᠡᠷᠡᠬᠦᠯᠵᠣ ᠪᠣᠯᠣᠨ᠎ᠠ᠃ | ᠲᠠᠪᠢᠨ ᠲᠠᠪᠤᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠲᠦᠬᠦᠭᠡᠷᠦᠮᠵᠢ ᠶᠢ ᠠᠷᠠᠴᠢᠯᠠᠨ | ᠬᠠᠮᠠᠭᠠᠯᠠᠬᠤ᠂ ᠣᠬᠢᠶᠠᠵᠣ ᠠᠷᠢᠭᠤᠳᠬᠠᠬᠤ᠂ ᠣᠰᠣᠨ ᠤ ᠴᠢᠨᠠᠷ ᠢ ᠰᠢᠯᠭᠠᠨ ᠪᠠᠶᠢᠴᠠᠭᠠᠬᠤ᠂ ᠦᠨᠡᠮᠯᠡᠯ ᠲᠠᠢ ᠪᠠᠷ | ᠠᠵᠢᠯ ᠤᠨ ᠪᠠᠶᠢᠷᠢᠨ ᠳᠤ ᠭᠠᠷᠬᠤ᠂ ᠳᠠᠩᠰᠠ ᠡᠪᠬᠡᠮᠡᠯ ᠤᠨ ᠬᠠᠮᠢᠶᠠᠷᠣᠯᠲᠠ᠂ ᠪᠠᠴᠢᠮ ᠪᠠᠶᠢᠳᠠᠯ ᠢ ᠠᠷᠭᠠᠴᠠᠬᠤ ᠪᠠ | ᠠᠮᠣᠷ ᠢ ᠬᠠᠮᠠᠭᠠᠯᠠᠬᠤ ᠰᠡᠷᠬᠡᠶᠢᠯᠡᠬᠦ ᠵᠡᠷᠭᠡ ᠳᠦᠷᠢᠮ ᠢ ᠪᠠᠶᠢᠭᠤᠯᠣᠨ ᠲᠡᠬᠦᠯᠳᠡᠷᠵᠢᠬᠦᠯᠵᠣ᠂ ᠲᠣᠰᠬᠠᠢ ᠲᠣᠰᠢᠶᠠᠯᠲᠣ ᠪᠠ | ᠲᠣᠰᠢᠶᠠᠯ ᠬᠠᠪᠰᠣᠷᠭᠠᠭᠰᠠᠨ ᠠᠮᠣᠷ ᠲᠦᠪᠰᠢᠨ ᠦᠢᠯᠡᠳᠪᠦᠷᠢᠯᠡᠯ᠂ ᠡᠷᠡᠬᠦᠯ ᠬᠠᠮᠠᠭᠠᠯᠠᠯ ᠤᠨ ᠬᠠᠮᠢᠶᠠᠷᠣᠯᠲᠠ᠂ ᠠᠮᠣᠷ ᠢ | ᠬᠠᠮᠠᠭᠠᠯᠠᠬᠤ ᠠᠵᠢᠯᠲᠠᠨ ᠢ ᠲᠣᠬᠢᠷᠠᠭᠤᠯᠵᠣ᠂ ᠡᠳᠦᠷ ᠲᠣᠲᠣᠮ ᠤᠨ ᠬᠠᠮᠢᠶᠠᠷᠣᠯᠲᠠ ᠶᠢ ᠴᠢᠩᠭᠠᠳᠬᠠᠨ᠂ ᠰᠢᠯᠢᠳᠡᠭ | ᠦᠢᠯᠡᠴᠢᠯᠡᠭᠡ ᠶᠢ ᠬᠠᠩᠭᠠᠬᠤ ᠬᠡᠷᠡᠭᠲᠠᠢ᠃ | ᠲᠠᠪᠢᠨ ᠵᠢᠷᠭᠤᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠨᠢ ᠲᠣᠰᠬᠠᠢ ᠮᠡᠷᠭᠡᠵᠢᠯ ᠤᠨ ᠴᠡᠪᠡᠷᠯᠡᠨ | ᠣᠬᠢᠶᠠᠬᠤ ᠨᠢᠭᠡᠴᠢ ᠶᠢ ᠵᠣᠬᠢᠶᠠᠨ ᠪᠠᠶᠢᠭᠤᠯᠣᠨ ᠬᠤᠶᠠᠳᠡᠬᠢ ᠣᠰᠣᠨ ᠬᠠᠩᠭᠠᠯᠭ᠎ᠠ ᠶᠢᠨ ᠲᠦᠬᠦᠭᠡᠷᠦᠮᠵᠢ ᠶᠢ ᠬᠠᠭᠠᠰ | ᠵᠢᠯ ᠪᠦᠷᠢ ᠳᠤ ᠠᠳᠠᠭ ᠲᠠᠭᠠᠨ ᠨᠢᠭᠡ ᠣᠳᠠᠭ᠎ᠠ ᠣᠬᠢᠶᠠᠨ ᠴᠡᠪᠡᠷᠯᠡᠵᠣ᠂ ᠠᠷᠢᠭᠤᠳᠬᠠᠬᠤ ᠶᠢᠨ ᠬᠠᠮᠲᠣ ᠬᠠᠣᠯᠢ ᠪᠠᠷ | ᠲᠣᠭᠲᠠᠭᠠᠭᠰᠠᠨ ᠬᠢᠷᠢ ᠬᠡᠮ ᠲᠠᠢ ᠣᠰᠣᠨ ᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠣᠮᠵᠢ ᠳᠤ ᠨᠠᠶᠢᠲᠠᠨ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠣᠰᠣ ᠬᠡᠷᠡᠭᠯᠡᠬᠦ ᠡᠷᠦᠭᠡ ᠳᠤ ᠰᠢᠯᠭᠠᠨ ᠪᠠᠶᠢᠴᠠᠭᠠᠭᠰᠠᠨ ᠦᠷ᠎ᠡ | ᠳ᠋ᠦᠩ ᠢ ᠨᠡᠶᠢᠲᠡᠯᠡᠬᠦ ᠶᠢᠨ ᠬᠠᠮᠲᠣ ᠳᠠᠩᠰᠠ ᠪᠠᠶᠢᠭᠤᠯᠣᠨ ᠳᠠᠩᠰᠠᠯᠠᠨ᠎ᠠ᠃ | ᠬᠤᠲᠠ ᠶᠢᠨ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠ | ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠶᠠᠳᠡᠬᠢ ᠣᠰᠣᠨ ᠬᠠᠩᠭᠠᠯᠭ᠎ᠠ ᠶᠢᠨ | ᠲᠦᠬᠦᠭᠡᠷᠦᠮᠵᠢ ᠶᠢ ᠣᠬᠢᠶᠠᠨ ᠴᠡᠪᠡᠷᠯᠡᠬᠦ᠂ ᠠᠷᠢᠭᠤᠳᠬᠠᠬᠤ ᠪᠠᠶᠢᠳᠠᠯ ᠳᠤ ᠲᠣᠭᠲᠠᠭᠰᠠᠨ ᠬᠤᠭᠤᠴᠠᠭ᠎ᠠ ᠲᠠᠢ ᠬᠢᠨᠠᠯᠲᠠ | ᠪᠠᠶᠢᠴᠠᠭᠠᠯᠲᠠ ᠬᠢᠬᠦ ᠬᠡᠷᠡᠭᠲᠠᠢ᠃ | ᠲᠠᠪᠢᠨ ᠲᠤᠯᠤᠳᠤᠭᠠᠷ ᠵᠦᠢᠯ ᠣᠰᠣ ᠬᠠᠩᠭᠠᠬᠤ ᠠᠵᠣ ᠠᠬᠤᠶᠢᠯᠠᠯ ᠤᠨ ᠰᠢᠨ᠎ᠡ ᠪᠠᠷ ᠪᠠᠶᠢᠭᠤᠯᠬᠤ | ᠬᠤᠶᠠᠳᠡᠬᠢ ᠣᠰᠣᠨ ᠬᠠᠩᠭᠠᠯᠭ᠎ᠠ ᠶᠢᠨ ᠲᠦᠬᠦᠭᠡᠷᠦᠮᠵᠢ ᠶᠢ ᠨᠢᠭᠡᠳᠦᠯᠲᠠᠢ ᠪᠠᠶᠢᠭᠤᠯᠵᠣ ᠨᠢᠭᠡᠳᠦᠯᠲᠠᠢ ᠬᠠᠮᠢᠶᠠᠷᠬᠤ ᠶᠢ | ᠵᠣᠷᠢᠬᠵᠢᠭᠤᠯᠣᠨ᠎ᠠ᠃ | ᠨᠢᠭᠡᠨᠲᠡ ᠪᠠᠶᠢᠭᠤᠯᠣᠭᠰᠠᠨ ᠬᠤᠶᠠᠳᠡᠬᠢ ᠣᠰᠣᠨ ᠬᠠᠩᠭᠠᠯᠭ᠎ᠠ ᠶᠢᠨ ᠲᠦᠬᠦᠭᠡᠷᠦᠮᠵᠢ ᠶᠢ ᠣᠰᠣ ᠬᠠᠩᠭᠠᠬᠤ | ᠠᠵᠣ ᠠᠬᠤᠶᠢᠯᠠᠯ ᠠᠴᠠ ᠰᠢᠯᠭᠠᠨ ᠬᠤᠷᠢᠶᠠᠵᠣ ᠬᠢᠷᠢ ᠲᠡᠩᠴᠡᠭᠰᠡᠨ ᠤ ᠳᠠᠷᠠᠭ᠎ᠠ ᠨᠢᠭᠡᠳᠦᠯᠲᠠᠢ ᠬᠠᠮᠢᠶᠠᠷᠴᠣ | ᠬᠠᠮᠠᠭᠠᠯᠠᠬᠤ ᠶᠢ ᠬᠡᠷᠡᠭᠵᠢᠬᠦᠯᠦᠨ᠎ᠡ᠃ ᠪᠣᠲᠠᠲᠠᠢ ᠬᠠᠮᠢᠶᠠᠷᠣᠯᠲᠠ ᠶᠢᠨ ᠠᠷᠭ᠎ᠠ ᠶᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠲᠣᠭᠲᠠᠭᠠᠨ᠎ᠠ᠃ | ᠲᠤᠯᠤᠳᠤᠭᠠᠷ ᠪᠦᠯᠦᠭ ᠬᠠᠣᠯᠢ ᠴᠠᠭᠠᠵᠠ ᠶᠢᠨ ᠬᠠᠷᠢᠭᠤᠴᠠᠯᠭ᠎ᠠ | ᠲᠠᠪᠢᠨ ᠨᠠᠢᠮᠠᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠳᠤ᠂ | ᠣᠯᠣᠰ ᠤᠨ ᠬᠠᠮᠢᠶ᠎ᠠ ᠪᠦᠬᠦᠢ ᠬᠠᠣᠯᠢ ᠴᠠᠭᠠᠵᠠ᠂ ᠬᠠᠣᠯᠢ ᠲᠣᠭᠲᠠᠭᠠᠯ ᠳᠤ ᠨᠢᠭᠡᠨᠲᠡ ᠵᠠᠰᠠᠭ ᠵᠠᠬᠢᠷᠭᠠᠨ ᠤ ᠰᠢᠢᠳᠬᠡᠯ | ᠣᠯᠭᠤᠬᠤ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠳᠠᠭᠠᠨ᠎ᠠ᠃ | ᠲᠠᠪᠢ ᠶᠢᠰᠦᠳᠦᠭᠡᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣ ᠬᠠᠩᠭᠠᠬᠤ | ᠢᠨᠵᠧᠨᠧᠷᠢᠩ ᠤᠨ ᠬᠢᠷᠢ ᠬᠡᠮ ᠢ ᠪᠦᠷᠢᠳᠦᠬᠦᠯᠦᠭᠰᠡᠨ ᠦᠭᠡᠢ᠂ ᠠᠵᠢᠯ ᠡᠷᠬᠢᠯᠡᠬᠦ ᠬᠢᠷᠢ ᠬᠡᠮ ᠦᠭᠡᠢ ᠪᠣᠶᠣ ᠣᠯᠣᠰ ᠪᠠ | ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠪᠠ ᠵᠢᠷᠣᠮᠵᠢᠯ ᠶᠣᠰᠣᠭᠠᠷ ᠣᠰᠣ | ᠬᠠᠩᠭᠠᠬᠤ ᠲᠦᠬᠦᠭᠡᠷᠦᠮᠵᠢ ᠶᠢᠨ ᠬᠠᠶᠢᠨ ᠪᠠᠶᠢᠴᠠᠭᠠᠯᠲᠠ᠂ ᠲᠦᠯᠦᠪᠵᠢᠬᠦᠯᠭᠡ᠂ ᠪᠠᠷᠢᠯᠭ᠎ᠠ ᠪᠠᠷᠢᠬᠤ᠂ ᠬᠢᠨᠠᠯᠲᠠ | ᠬᠠᠮᠢᠶᠠᠷᠣᠯᠲᠠ ᠶᠢᠨ ᠠᠵᠢᠯ ᠢ ᠡᠷᠬᠢᠯᠡᠭᠰᠡᠨ ᠦᠭᠡᠢ ᠪᠣᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠣ 5000 | ᠲᠦᠬᠦᠷᠢᠭ ᠠᠴᠠ ᠳᠡᠭᠡᠭᠰᠢ 3 ᠲᠦᠮᠡᠨ ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠨ᠎ᠠ᠃ | ᠵᠢᠷᠠᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠲᠣᠷ᠎ᠠ ᠪᠠᠷ ᠦᠪᠡᠷ ᠢᠶᠠᠨ | ᠪᠡᠯᠡᠳᠬᠡᠭᠰᠡᠨ ᠣᠰᠣᠨ ᠰᠣᠷᠪᠣᠯᠵᠢ ᠶᠢᠨ ᠬᠤᠳᠳᠤᠭ ᠢ ᠪᠠᠶᠢᠭᠤᠯᠪᠠᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ | ᠵᠣᠭᠰᠣᠭᠠᠵᠣ᠂ ᠦᠪᠡᠷ ᠢᠶᠠᠨ ᠪᠡᠯᠡᠳᠬᠡᠭᠰᠡᠨ ᠣᠰᠣᠨ ᠰᠣᠷᠪᠣᠯᠵᠢ ᠶᠢᠨ ᠲᠦᠬᠦᠭᠡᠷᠦᠮᠵᠢ ᠶᠢ ᠨᠣᠷᠠᠭᠠᠵᠣ ᠬᠠᠶᠠᠬᠤ ᠶᠢᠨ | ᠬᠠᠮᠲᠣ 10 ᠲᠦᠮᠡᠨ ᠲᠦᠬᠦᠷᠢᠭ ᠢᠶᠠᠷ ᠲᠣᠷᠭᠠᠨ᠎ᠠ᠃ | ᠵᠢᠷᠠᠨ ᠨᠢᠭᠡᠳᠦᠭᠡᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣ ᠬᠠᠩᠭᠠᠬᠤ ᠠᠵᠣ | ᠠᠬᠤᠶᠢᠯᠠᠯ ᠤᠨ ᠱᠠᠯᠠᠪᠳᠠᠨ ᠵᠠᠰᠠᠬᠤ ᠠᠵᠢᠯᠯᠠᠭ᠎ᠠ ᠶᠢ ᠳᠡᠪᠴᠢᠵᠣ ᠬᠠᠷᠰᠢᠯᠠᠪᠠᠯ᠂ ᠬᠤᠲᠠ ᠶᠢᠨ ᠣᠰᠣᠨ ᠤ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠣ 2000 | ᠲᠦᠬᠦᠷᠢᠭ ᠠᠴᠠ ᠳᠡᠭᠡᠭᠰᠢ 5000 ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠵᠣ ᠪᠣᠯᠣᠨ᠎ᠠ᠃ | ᠵᠢᠷᠠᠨ ᠬᠤᠶᠠᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣ ᠬᠠᠩᠭᠠᠬᠤ | ᠠᠵᠣ ᠠᠬᠤᠶᠢᠯᠠᠯ ᠨᠢ ᠲᠡᠬᠦᠨ ᠤ ᠰᠡᠯᠪᠢᠨ ᠵᠠᠰᠠᠵᠣ ᠠᠷᠠᠴᠢᠯᠠᠨ ᠬᠠᠮᠠᠭᠠᠯᠠᠬᠤ ᠶᠢ ᠬᠠᠷᠢᠭᠤᠴᠠᠵᠣ ᠪᠠᠶᠢᠭ᠎ᠠ ᠣᠰᠣ | ᠬᠠᠩᠭᠠᠬᠤ ᠲᠦᠬᠦᠭᠡᠷᠦᠮᠵᠢ ᠶᠢᠨ ᠠᠳᠡᠭᠳᠡᠯ ᠢ ᠱᠠᠯᠠᠪᠳᠠᠨ ᠵᠠᠰᠠᠭᠰᠠᠨ ᠦᠭᠡᠢ ᠪᠣᠯ᠂ ᠬᠤᠲᠠ ᠶᠢᠨ ᠣᠰᠣᠨ ᠤ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠴᠠᠭ ᠳᠠᠷᠣᠢ ᠳᠤᠨᠢ ᠱᠠᠯᠠᠪᠳᠠᠨ | ᠵᠠᠰᠠᠭᠤᠯᠣᠨᠠ᠂ ᠡᠬᠦᠨ ᠤ ᠬᠠᠮᠲᠣ 5000 ᠲᠦᠬᠦᠷᠢᠭ ᠠᠴᠠ ᠳᠡᠭᠡᠭᠰᠢ 2 ᠲᠦᠮᠡᠨ ᠲᠦᠬᠦᠷᠢᠭ ᠠᠴᠠ ᠲᠣᠷᠣᠭᠰᠢ | ᠵᠣᠭᠤᠰ ᠢᠶᠠᠷ ᠲᠣᠷᠭᠠᠵᠣ ᠪᠣᠯᠣᠨ᠎ᠠ᠃ | ᠵᠢᠷᠠᠨ ᠭᠤᠷᠪᠠᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣ ᠬᠠᠩᠭᠠᠬᠤ | ᠲᠦᠬᠦᠭᠡᠷᠦᠮᠵᠢ ᠳᠤ ᠡᠪᠳᠡᠯᠡᠭᠡ ᠣᠴᠠᠷᠠᠭᠤᠯᠵᠣ᠂ ᠬᠡᠪ ᠤᠨ ᠣᠰᠣᠨ ᠬᠠᠩᠭᠠᠯᠭ᠎ᠠ ᠶᠢ ᠬᠦᠨᠳᠦ ᠨᠣᠴᠢᠲᠠᠢ | ᠨᠦᠯᠦᠭᠡᠯᠡᠭᠰᠡᠨ ᠪᠣᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠬᠤ ᠶᠢᠨ ᠬᠠᠮᠲᠣ 10 ᠲᠦᠮᠡᠨ | ᠲᠦᠬᠦᠷᠢᠭ ᠠᠴᠠ ᠳᠡᠭᠡᠭᠰᠢ 20 ᠲᠦᠮᠡᠨ ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠨ᠎ᠠ︔ ᠬᠤᠬᠢᠷᠠᠯ ᠳᠤ | ᠣᠴᠠᠷᠠᠭᠤᠯᠣᠭᠰᠠᠨ ᠪᠣᠯ᠂ ᠬᠠᠣᠯᠢ ᠶᠣᠰᠣᠭᠠᠷ ᠲᠦᠯᠦᠪᠦᠷᠢᠯᠡᠨᠡ︔ ᠶᠠᠯ᠎ᠠ ᠳᠤ ᠬᠦᠷᠦᠭᠰᠡᠨ ᠪᠣᠯ᠂ ᠬᠠᠣᠯᠢ ᠶᠣᠰᠣᠭᠠᠷ | ᠡᠷᠡᠬᠦᠣ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠠᠨ ᠲᠦᠷᠪᠡᠳᠦᠭᠡᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣ ᠬᠠᠩᠭᠠᠬᠤ | ᠲᠦᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠬᠠᠷᠰᠢᠯᠠᠪᠠᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ | ᠵᠣᠭᠰᠣᠭᠠᠬᠤ ᠶᠢᠨ ᠬᠠᠮᠲᠣ ᠡᠷᠭᠡᠲᠦ ᠠᠷᠠᠳ ᠢ 1000 ᠲᠦᠬᠦᠷᠢᠭ ᠠᠴᠠ ᠳᠡᠭᠡᠭᠰᠢ 3000 ᠲᠦᠬᠦᠷᠢᠭ ᠠᠴᠠ | ᠲᠣᠷᠣᠭᠰᠢ ᠵᠣᠭᠤᠰ ᠢᠶᠠᠷ ᠲᠣᠷᠭᠠᠵᠣ᠂ ᠬᠠᠣᠯᠢ ᠶᠢᠨ ᠡᠷᠭᠡᠲᠡᠨ ᠪᠣᠶᠣ ᠪᠣᠰᠣᠳ ᠵᠣᠬᠢᠶᠠᠨ ᠪᠠᠶᠢᠭᠤᠯᠣᠯᠲᠠ ᠶᠢ 5000 | ᠮᠢᠩᠭᠠᠨ ᠲᠦᠬᠦᠷᠢᠭ ᠠᠴᠠ ᠳᠡᠭᠡᠭᠰᠢ 1 ᠲᠦᠮᠡᠨ ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠨ᠎ᠠ︔ | ᠬᠤᠬᠢᠷᠠᠯ ᠳᠤ ᠣᠴᠠᠷᠠᠭᠤᠯᠣᠭᠰᠠᠨ ᠪᠣᠯ᠂ ᠬᠠᠣᠯᠢ ᠶᠣᠰᠣᠭᠠᠷ ᠲᠦᠯᠦᠪᠦᠷᠢᠯᠡᠨᠡ᠃ | ᠵᠢᠷᠠᠨ ᠲᠠᠪᠤᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠲᠣᠷ᠎ᠠ ᠪᠠᠷ | ᠬᠤᠲᠠ ᠶᠢᠨ ᠣᠰᠣ ᠬᠠᠩᠭᠠᠬᠤ ᠬᠤᠭᠤᠯᠠᠢ ᠲᠠᠢ ᠵᠠᠯᠭᠠᠵᠣ ᠬᠠᠣᠯᠢ ᠪᠣᠰᠣ ᠪᠠᠷ ᠣᠰᠣ ᠠᠪᠬᠤ᠂ ᠨᠡᠶᠢᠲᠡ ᠶᠢᠨ ᠣᠰᠣᠨ | ᠬᠠᠩᠭᠠᠯᠭ᠎ᠠ ᠶᠢ ᠰᠢᠯᠵᠢᠬᠦᠯᠦᠨ ᠣᠰᠣ ᠬᠠᠩᠭᠠᠬᠤ᠂ ᠲᠣᠷ᠎ᠠ ᠪᠠᠷ ᠭᠠᠯ ᠣᠨᠲᠠᠷᠠᠭᠠᠬᠤ ᠪᠠᠭᠠᠵᠢ ᠵᠡᠷᠭᠡ ᠬᠠᠭᠠᠯᠲᠠ | ᠨᠡᠭᠡᠯᠡᠭᠡᠢ ᠶᠢ ᠨᠡᠭᠡᠭᠡᠵᠣ ᠣᠰᠣ ᠠᠪᠬᠤ᠂ ᠳ᠋ᠦᠩᠨᠡᠨ ᠪᠣᠳᠣᠬᠤ ᠣᠰᠣᠨ ᠤ ᠬᠡᠮᠵᠢᠬᠦᠷ ᠠᠴᠠ ᠵᠠᠶᠢᠯᠠᠨ ᠲᠣᠭᠤᠷᠢᠵᠣ | ᠬᠤᠭᠤᠯᠠᠢ ᠵᠠᠯᠭᠠᠨ ᠣᠰᠣ ᠠᠪᠬᠤ ᠪᠣᠶᠣ ᠳ᠋ᠦᠩᠨᠡᠨ ᠪᠣᠳᠣᠬᠤ ᠣᠰᠣᠨ ᠤ ᠬᠡᠮᠵᠢᠬᠦᠷ ᠤᠨ ᠲᠣᠲᠣᠨᠠ ᠭᠠᠳᠠᠨ᠎ᠠ | ᠰᠢᠭᠤᠳ ᠬᠦᠬᠡᠷᠭᠡ ᠣᠭᠰᠠᠷᠠᠨ ᠣᠰᠣ ᠠᠪᠣᠪᠠᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠣ 1000 | ᠲᠦᠬᠦᠷᠢᠭ ᠠᠴᠠ ᠳᠡᠭᠡᠭᠰᠢ 5000 ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠨ᠎ᠠ᠂ ᠬᠠᠣᠯᠢ ᠶᠢᠨ ᠡᠷᠭᠡᠲᠡᠨ | ᠪᠣᠶᠣ ᠪᠣᠰᠣᠳ ᠵᠣᠬᠢᠶᠠᠨ ᠪᠠᠶᠢᠭᠤᠯᠣᠯᠲᠠ ᠶᠢ 5000 ᠲᠦᠬᠦᠷᠢᠭ ᠠᠴᠠ ᠳᠡᠭᠡᠭᠰᠢ 2 ᠲᠦᠮᠡᠨ ᠲᠦᠬᠦᠷᠢᠭ ᠠᠴᠠ | ᠲᠣᠷᠣᠭᠰᠢ ᠵᠣᠭᠤᠰ ᠢᠶᠠᠷ ᠲᠣᠷᠭᠠᠨ᠎ᠠ︔ ᠬᠤᠬᠢᠷᠠᠯ ᠳᠤ ᠣᠴᠠᠷᠠᠭᠤᠯᠣᠭᠰᠠᠨ ᠪᠣᠯ᠂ ᠬᠠᠣᠯᠢ ᠶᠣᠰᠣᠭᠠᠷ | ᠲᠦᠯᠦᠪᠦᠷᠢᠯᠡᠨᠡ᠃ | ᠵᠢᠷᠠᠨ ᠵᠢᠷᠭᠤᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣ ᠬᠠᠩᠭᠠᠬᠤ | ᠠᠵᠣ ᠠᠬᠤᠶᠢᠯᠠᠯ ᠨᠢ ᠲᠣᠷ᠎ᠠ ᠪᠠᠷ ᠣᠰᠣ ᠬᠠᠩᠭᠠᠬᠤ ᠲᠦᠬᠦᠭᠡᠷᠦᠮᠵᠢ ᠶᠢ ᠰᠢᠯᠵᠢᠬᠦᠯᠦᠨ ᠦᠭᠬᠦ ᠪᠣᠶᠣ ᠲᠣᠷ᠎ᠠ ᠪᠠᠷ | ᠠᠵᠢᠯ ᠵᠣᠭᠰᠣᠭᠠᠵᠣ᠂ ᠠᠵᠢᠯ ᠢᠶᠠᠨ ᠠᠮᠠᠷᠠᠭᠠᠪᠠᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠣ 10 | ᠲᠦᠮᠡᠨ ᠲᠦᠬᠦᠷᠢᠭ ᠠᠴᠠ ᠳᠡᠭᠡᠭᠰᠢ 20 ᠲᠦᠮᠡᠨ ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠨ᠎ᠠ᠃ | ᠵᠢᠷᠠᠨ ᠲᠤᠯᠤᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣᠨ ᠳᠠᠷᠣᠴᠠ | ᠣᠯᠣᠰ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠬᠦ ᠦᠭᠡᠢ ᠪᠣᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠣᠨ᠎ᠠ᠂ ᠡᠬᠦᠨ ᠤ | ᠬᠠᠮᠲᠣ 1 ᠲᠦᠮᠡᠨ ᠲᠦᠬᠦᠷᠢᠭ ᠠᠴᠠ ᠳᠡᠭᠡᠭᠰᠢ 5 ᠲᠦᠮᠡᠨ ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠵᠣ | ᠪᠣᠯᠣᠨ᠎ᠠ᠃ | ᠵᠢᠷᠠᠨ ᠨᠠᠢᠮᠠᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣ ᠬᠠᠩᠭᠠᠬᠤ ᠠᠵᠣ | ᠠᠬᠤᠶᠢᠯᠠᠯ ᠨᠢ ᠲᠣᠷ᠎ᠠ ᠪᠠᠷ ᠣᠰᠣ ᠬᠠᠩᠭᠠᠬᠤ ᠪᠠᠨ ᠵᠣᠭᠰᠣᠭᠠᠪᠠᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠣ | 5 ᠲᠦᠮᠡᠨ ᠲᠦᠬᠦᠷᠢᠭ ᠠᠴᠠ ᠳᠡᠭᠡᠭᠰᠢ 10 ᠲᠦᠮᠡᠨ ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠨ᠎ᠠ︔ | ᠬᠤᠬᠢᠷᠠᠯ ᠳᠤ ᠣᠴᠠᠷᠠᠭᠤᠯᠣᠭᠰᠠᠨ ᠪᠣᠯ᠂ ᠬᠠᠣᠯᠢ ᠶᠣᠰᠣᠭᠠᠷ ᠲᠦᠯᠦᠪᠦᠷᠢᠯᠡᠨᠡ᠃ | ᠵᠢᠷᠠ ᠶᠢᠰᠦᠳᠦᠭᠡᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣ ᠬᠠᠩᠭᠠᠬᠤ ᠠᠵᠣ | ᠠᠬᠤᠶᠢᠯᠠᠯ ᠨᠢ ᠲᠣᠭᠲᠠᠭᠠᠭᠰᠠᠨ ᠬᠤᠭᠤᠴᠠᠭᠠᠨ ᠲᠣᠲᠣᠷ᠎ᠠ ᠣᠰᠣ ᠬᠡᠷᠡᠭᠯᠡᠬᠦ ᠡᠷᠦᠭᠡ ᠶᠢᠨ ᠵᠠᠭᠠᠯᠳᠣᠯᠭ᠎ᠠ ᠪᠣᠶᠣ | ᠲᠣᠰᠬᠠᠭᠰᠠᠨ ᠠᠰᠠᠭᠤᠳᠠᠯ ᠢ ᠰᠢᠢᠳᠪᠦᠷᠢᠯᠡᠭᠰᠡᠨ ᠦᠭᠡᠢ ᠪᠣᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠣᠨ᠎ᠠ᠂ ᠡᠬᠦᠨ ᠤ | ᠬᠠᠮᠲᠣ 1000 ᠲᠦᠬᠦᠷᠢᠭ ᠠᠴᠠ ᠳᠡᠭᠡᠭᠰᠢ 5000 ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠵᠣ | ᠪᠣᠯᠣᠨ᠎ᠠ᠃ | ᠲᠠᠯᠠᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣ ᠬᠠᠩᠭᠠᠬᠤ ᠠᠵᠣ | ᠠᠬᠤᠶᠢᠯᠠᠯ ᠨᠢ ᠲᠣᠭᠲᠠᠭᠠᠯ ᠶᠣᠰᠣᠭᠠᠷ ᠣᠰᠣ ᠬᠠᠩᠭᠠᠬᠤ ᠲᠦᠬᠦᠭᠡᠷᠦᠮᠵᠢ ᠶᠢ ᠣᠬᠢᠶᠠᠨ ᠴᠡᠪᠡᠷᠯᠡᠵᠣ᠂ | ᠠᠷᠢᠭᠤᠳᠬᠠᠭᠰᠠᠨ ᠦᠭᠡᠢ ᠪᠣᠯ᠂ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠣᠨ᠎ᠠ᠂ ᠡᠬᠦᠨ ᠤ ᠬᠠᠮᠲᠣ 1 ᠲᠦᠮᠡᠨ | ᠲᠦᠬᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠵᠣ ᠪᠣᠯᠣᠨ᠎ᠠ᠃ | ᠲᠠᠯᠠᠨ ᠨᠢᠭᠡᠳᠦᠭᠡᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠣᠰᠣᠨ ᠤ ᠴᠢᠨᠠᠷ | ᠴᠢᠨᠰᠠᠭ᠎ᠠ ᠨᠢ ᠣᠯᠣᠰ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠬᠦ ᠦᠭᠡᠢ ᠪᠣᠯ᠂ ᠬᠤᠲᠠ ᠶᠢᠨ ᠣᠰᠣᠨ ᠤ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠣᠨ᠎ᠠ | ᠂ ᠡᠬᠦᠨ ᠤ ᠬᠠᠮᠲᠣ 3 ᠲᠦᠮᠡᠨ ᠲᠦᠬᠦᠷᠢᠭ ᠢᠶᠠᠷ ᠲᠣᠷᠭᠠᠵᠣ ᠪᠣᠯᠣᠨ᠎ᠠ᠃ | ᠲᠠᠯᠠᠨ ᠬᠤᠶᠠᠳᠤᠭᠠᠷ ᠵᠦᠢᠯ ᠬᠤᠲᠠ ᠶᠢᠨ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠵᠢᠴᠢ ᠪᠣᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯᠲᠠᠨ ᠨᠢ ᠬᠤᠲᠠ ᠶᠢᠨ ᠣᠰᠣ | ᠬᠠᠩᠭᠠᠬᠤ ᠣᠰᠣ ᠬᠡᠷᠡᠭᠯᠡᠬᠦ ᠠᠵᠢᠯ ᠲᠣᠮᠲᠠ ᠠᠯᠪᠠᠨ ᠲᠣᠰᠢᠶᠠᠯ ᠳᠤ ᠠᠯᠮᠠᠶᠢᠷᠠᠨ ᠣᠰᠣᠯᠳᠠᠵᠣ᠂ ᠡᠷᠭᠡ | ᠲᠣᠰᠢᠶᠠᠯ ᠢᠶᠠᠨ ᠲᠣᠷ᠎ᠠ ᠪᠠᠷ ᠬᠡᠷᠡᠭᠯᠡᠵᠣ᠂ ᠭᠤᠶᠠᠴᠢᠯᠠᠨ ᠬᠠᠣᠯᠢ ᠶᠣᠰᠣ ᠶᠢ ᠵᠦᠷᠢᠴᠡᠭᠰᠡᠨ ᠦᠢᠯᠡ ᠠᠵᠢᠯᠯᠠᠭ᠎ᠠ ᠲᠠᠢ | ᠪᠣᠯ᠂ ᠲᠡᠬᠦᠨ ᠤ ᠪᠠᠶᠢᠭ᠎ᠠ ᠨᠢᠭᠡᠴᠢ ᠪᠣᠶᠣ ᠳᠡᠭᠡᠲᠦ ᠱᠠᠲᠣᠨ ᠤ ᠪᠠᠶᠢᠭᠤᠯᠭ᠎ᠠ ᠠᠴᠠ ᠬᠠᠣᠯᠢ ᠶᠣᠰᠣᠭᠠᠷ ᠵᠠᠰᠠᠭ | ᠵᠠᠬᠢᠷᠭᠠᠨ ᠤ ᠰᠢᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠣᠯ᠂ ᠬᠠᠣᠯᠢ ᠶᠣᠰᠣᠭᠠᠷ ᠡᠷᠡᠬᠦᠣ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠲᠠᠯᠠᠨ ᠭᠤᠷᠪᠠᠳᠤᠭᠠᠷ ᠵᠦᠢᠯ ᠲᠣᠰ ᠳᠦᠷᠢᠮ ᠳᠤ ᠵᠢᠭᠠᠵᠣ ᠪᠠᠶᠢᠭ᠎ᠠ ᠬᠤᠲᠠ ᠶᠢᠨ ᠣᠰᠣᠨ | ᠬᠠᠩᠭᠠᠯᠭ᠎ᠠ ᠨᠢ ᠬᠤᠲᠠ ᠶᠢᠨ ᠨᠡᠶᠢᠲᠡ ᠶᠢᠨ ᠣᠰᠣᠨ ᠬᠠᠩᠭᠠᠯᠭ᠎ᠠ ᠪᠠ ᠦᠪᠡᠷ ᠢᠶᠠᠨ ᠲᠦᠬᠦᠭᠡᠷᠦᠮᠵᠢ ᠪᠠᠶᠢᠭᠤᠯᠣᠭᠰᠠᠨ | ᠣᠰᠣᠨ ᠬᠠᠩᠭᠠᠯᠭ᠎ᠠ ᠶᠢ ᠪᠠᠭᠳᠠᠭᠠᠨ᠎ᠠ᠃ | ᠲᠣᠰ ᠳᠦᠷᠢᠮ ᠳᠤ ᠵᠢᠭᠠᠵᠣ ᠪᠠᠶᠢᠭ᠎ᠠ ᠬᠤᠲᠠ ᠶᠢᠨ ᠨᠡᠶᠢᠲᠡ ᠶᠢᠨ ᠣᠰᠣᠨ ᠬᠠᠩᠭᠠᠯᠭ᠎ᠠ ᠨᠢ ᠬᠤᠲᠠ ᠶᠢᠨ | ᠨᠡᠶᠢᠲᠡ ᠶᠢᠨ ᠣᠰᠣ ᠬᠠᠩᠭᠠᠬᠤ ᠠᠵᠣ ᠠᠬᠤᠶᠢᠯᠠᠯ ᠨᠢ ᠨᠡᠶᠢᠲᠡ ᠶᠢᠨ ᠣᠰᠣ ᠬᠠᠩᠭᠠᠬᠤ ᠬᠤᠭᠤᠯᠠᠢ ᠵᠢᠴᠢ ᠲᠡᠬᠦᠨ ᠤ | ᠳᠠᠭᠠᠯᠲᠠ ᠲᠦᠬᠦᠭᠡᠷᠦᠮᠵᠢ ᠪᠠᠷ ᠨᠢᠭᠡᠴᠢ ᠪᠠ ᠰᠠᠭᠤᠭᠠᠯᠢ ᠠᠷᠠᠳ ᠤᠨ ᠠᠮᠢᠳᠣᠷᠠᠯ᠂ ᠦᠢᠯᠡᠳᠪᠦᠷᠢᠯᠡᠯ ᠪᠠ ᠪᠣᠰᠣᠳ | ᠡᠯ᠎ᠡ ᠲᠦᠷᠦᠯ ᠤᠨ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠣᠰᠣ ᠶᠢ ᠬᠠᠩᠭᠠᠬᠤ ᠶᠢ ᠵᠢᠭᠠᠵᠣ ᠪᠠᠶᠢᠨ᠎ᠠ᠃ | ᠲᠣᠰ ᠳᠦᠷᠢᠮ ᠳᠤ ᠬᠡᠯᠡᠵᠣ ᠪᠠᠶᠢᠭ᠎ᠠ ᠦᠪᠡᠷ ᠢᠶᠠᠨ ᠪᠠᠶᠢᠭᠤᠯᠣᠭᠰᠠᠨ ᠲᠦᠬᠦᠭᠡᠷᠦᠮᠵᠢ ᠪᠠᠷ ᠣᠰᠣ ᠬᠠᠩᠭᠠᠬᠤ | ᠬᠡᠰᠡᠨ ᠨᠢ ᠬᠤᠲᠠ ᠶᠢᠨ ᠣᠰᠣ ᠬᠡᠷᠡᠭᠯᠡᠬᠦ ᠨᠢᠭᠡᠴᠢ ᠨᠢ ᠲᠡᠬᠦᠨ ᠤ ᠦᠪᠡᠷ ᠢᠶᠠᠨ ᠪᠠᠶᠢᠭᠤᠯᠣᠭᠰᠠᠨ ᠣᠰᠣ ᠬᠠᠩᠭᠠᠬᠤ | ᠬᠤᠭᠤᠯᠠᠢ ᠵᠢᠴᠢ ᠲᠡᠬᠦᠨ ᠤ ᠳᠠᠭᠠᠯᠲᠠ ᠲᠦᠬᠦᠭᠡᠷᠦᠮᠵᠢ ᠪᠠᠷ ᠭᠤᠣᠯᠳᠠᠭᠤ ᠲᠣᠰ ᠨᠢᠭᠡᠴᠢ ᠶᠢᠨ ᠠᠮᠢᠳᠣᠷᠠᠯ᠂ | ᠦᠢᠯᠡᠳᠪᠦᠷᠢᠯᠡᠯ ᠪᠠ ᠪᠣᠰᠣᠳ ᠡᠯ᠎ᠡ ᠲᠦᠷᠦᠯ ᠤᠨ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠣᠰᠣ ᠶᠢ ᠬᠠᠩᠭᠠᠬᠤ ᠶᠢ | ᠵᠢᠭᠠᠵᠣ ᠪᠠᠶᠢᠨ᠎ᠠ᠃ | ᠲᠣᠰ ᠳᠦᠷᠢᠮ ᠳᠤ ᠬᠡᠯᠡᠵᠣ ᠪᠠᠶᠢᠭ᠎ᠠ ᠬᠤᠶᠠᠳᠡᠬᠢ ᠣᠰᠣᠨ ᠬᠠᠩᠭᠠᠯᠭ᠎ᠠ ᠬᠡᠳᠡᠭ ᠨᠢ ᠪᠠᠷᠢᠯᠭ᠎ᠠ ᠶᠢᠨ | ᠦᠨᠳᠦᠷᠴᠡ ᠠᠴᠠ ᠪᠣᠯᠵᠣ᠂ ᠣᠰᠣᠨ ᠳᠠᠷᠣᠴᠠ ᠶᠢᠨ ᠱᠠᠭᠠᠷᠳᠠᠯᠭ᠎ᠠ ᠨᠢ ᠲᠣᠰ ᠬᠤᠲᠠ ᠶᠢᠨ ᠲᠣᠭᠲᠠᠭᠠᠭᠰᠠᠨ ᠣᠰᠣ | ᠬᠠᠩᠭᠠᠬᠤ ᠣᠰᠣᠨ ᠳᠠᠷᠣᠴᠠ ᠶᠢᠨ ᠪᠠᠷᠢᠮᠵᠢᠶ᠎ᠠ ᠠᠴᠠ ᠬᠡᠲᠦᠷᠡᠵᠣ᠂ ᠨᠡᠶᠢᠲᠡ ᠶᠢᠨ ᠬᠠᠩᠭᠠᠯᠭ᠎ᠠ ᠣᠰᠣ ᠶᠢ | ᠬᠠᠳᠠᠭᠠᠯᠠᠵᠣ᠂ ᠳᠠᠷᠣᠴᠠ ᠨᠡᠮᠡᠭᠰᠡᠨ ᠤ ᠳᠠᠷᠠᠭ᠎ᠠ᠂ ᠳᠠᠬᠢᠨ ᠣᠰᠣ ᠬᠡᠷᠡᠭᠯᠡᠬᠦ ᠡᠷᠦᠭᠡ ᠳᠤ ᠣᠰᠣ ᠬᠠᠩᠭᠠᠬᠤ ᠶᠢ | ᠵᠢᠭᠠᠵᠣ ᠪᠠᠶᠢᠨ᠎ᠠ᠃ | ᠲᠣᠰ ᠳᠦᠷᠢᠮ ᠳᠤ ᠬᠡᠯᠡᠵᠣ ᠪᠠᠶᠢᠭ᠎ᠠ ᠬᠤᠲᠠ ᠶᠢᠨ ᠣᠰᠣ ᠬᠠᠩᠭᠠᠬᠤ ᠲᠦᠬᠦᠭᠡᠷᠦᠮᠵᠢ ᠬᠡᠳᠡᠭ ᠨᠢ ᠣᠰᠣ | ᠴᠡᠪᠡᠷᠰᠢᠬᠦᠯᠬᠦ ᠣᠰᠣ ᠲᠣᠬᠢᠷᠠᠭᠤᠯᠬᠤ ᠣᠰᠣᠨ ᠤ ᠦᠢᠯᠡᠳᠪᠦᠷᠢ᠂ ᠬᠦᠭᠡᠷᠭᠡ ᠶᠢᠨ ᠦᠷᠲᠡᠭᠡ᠂ ᠣᠰᠣ ᠠᠪᠬᠤ | ᠬᠤᠳᠳᠤᠭ᠂ ᠳᠠᠮᠵᠢᠭᠤᠯᠣᠨ ᠲᠣᠬᠢᠷᠠᠭᠤᠯᠬᠤ ᠣᠰᠣᠨ ᠬᠤᠭᠤᠯᠠᠢ ᠶᠢᠨ ᠲᠣᠣᠷ᠂ ᠬᠠᠭᠠᠯᠲᠠ ᠨᠡᠭᠡᠯᠡᠬᠡᠢ᠂ ᠭᠠᠯ | ᠣᠨᠲᠠᠷᠠᠭᠠᠬᠤ ᠪᠠᠭᠠᠵᠢ᠂ ᠭᠠᠯ ᠰᠡᠷᠬᠡᠶᠢᠯᠡᠬᠦ ᠲᠡᠭᠡᠯᠡᠢ ᠭᠤᠭᠤᠵᠢᠭᠤᠷ᠂ ᠳ᠋ᠦᠩᠨᠡᠨ ᠪᠣᠳᠣᠬᠤ ᠣᠰᠣᠨ ᠤ ᠬᠡᠮᠵᠢᠬᠦᠷ᠂ | ᠬᠤᠶᠠᠳᠡᠬᠢ ᠣᠰᠣᠨ ᠬᠠᠩᠭᠠᠯᠭ᠎ᠠ ᠶᠢᠨ ᠬᠦᠭᠡᠷᠭᠡ ᠶᠢᠨ ᠪᠠᠶᠢᠰᠢᠩ ᠵᠢᠴᠢ ᠲᠦᠬᠦᠭᠡᠷᠦᠮᠵᠢ ᠪᠠ ᠪᠣᠰᠣᠳ ᠬᠠᠮᠲᠣ ᠪᠠᠷ | ᠬᠡᠷᠡᠭᠯᠡᠬᠦ ᠳᠠᠭᠠᠯᠲᠠ ᠲᠦᠬᠦᠭᠡᠷᠦᠮᠵᠢ ᠶᠢ ᠵᠢᠭᠠᠵᠣ ᠪᠠᠶᠢᠨ᠎ᠠ᠃ | ᠲᠣᠰ ᠳᠦᠷᠢᠮ ᠳᠤ ᠬᠡᠯᠡᠵᠣ ᠪᠠᠶᠢᠭ᠎ᠠ ᠣᠰᠣᠨ ᠤ ᠴᠢᠨᠠᠷ ᠢᠶᠠᠷ ᠲᠦᠷᠦᠯᠵᠢᠬᠦᠯᠦᠨ ᠣᠰᠣ ᠬᠠᠩᠭᠠᠬᠤ | ᠭᠡᠳᠡᠭ ᠨᠢ ᠬᠤᠲᠠ ᠶᠢᠨ ᠣᠰᠣ ᠬᠠᠩᠭᠠᠬᠤ ᠠᠵᠣ ᠠᠬᠤᠶᠢᠯᠠᠯ ᠠᠴᠠ ᠣᠰᠣᠨ ᠬᠠᠩᠭᠠᠯᠭ᠎ᠠ ᠶᠢᠨ ᠠᠳᠠᠯᠢ ᠪᠣᠰᠣ ᠴᠢᠨᠠᠷ | ᠴᠢᠨᠰᠠᠭ᠎ᠠ ᠶᠢ ᠦᠨᠳᠦᠰᠦᠯᠡᠨ᠂ ᠣᠰᠣ ᠬᠡᠷᠡᠭᠯᠡᠬᠦ ᠡᠷᠦᠭᠡ ᠳᠤ ᠣᠯᠠᠨ ᠪᠦᠲᠦᠴᠡ ᠲᠠᠢ ᠬᠡᠷᠡᠭᠯᠡᠬᠦ ᠣᠰᠣ ᠬᠠᠩᠭᠠᠬᠤ ᠶᠢ | ᠵᠢᠭᠠᠵᠣ ᠪᠠᠶᠢᠨ᠎ᠠ᠃ | ᠲᠠᠯᠠᠨ ᠲᠦᠷᠪᠡᠳᠦᠭᠡᠷ ᠵᠦᠢᠯ ᠡᠯ᠎ᠡ ᠬᠤᠰᠢᠭᠤ ᠰᠢᠶᠠᠨ ᠤ ᠬᠤᠲᠠ ᠬᠦᠳᠡᠭᠡ ᠶᠢᠨ ᠣᠰᠣᠨ ᠬᠠᠩᠭᠠᠯᠭ᠎ᠠ | ᠣᠰᠣᠨ ᠬᠡᠷᠡᠭᠯᠡᠯᠲᠡ ᠶᠢᠨ ᠬᠠᠮᠢᠶᠠᠷᠣᠯᠲᠠ ᠳᠤ ᠲᠣᠰ ᠳᠦᠷᠢᠮ ᠢ ᠯᠠᠪᠯᠠᠨ ᠬᠡᠷᠡᠭᠵᠢᠬᠦᠯᠦᠨ᠎ᠡ᠃ | ᠲᠠᠯᠠᠨ ᠲᠠᠪᠤᠳᠤᠭᠠᠷ ᠵᠦᠢᠯ ᠲᠣᠰ ᠳᠦᠷᠢᠮ ᠢ 2016 ᠣᠨ ᠤ 3 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠬᠦᠯᠦᠨ᠎ᠡ᠃ |