︽ᠡᠷᠡᠬᠦᠯ ᠮᠡᠨᠳᠤ ᠪᠠᠷ ᠶᠠᠳᠠᠭᠤ ᠶᠢ ᠳᠡᠳᠭᠦᠵᠤ ᠮᠠᠯᠵᠢᠬᠤ ᠤᠷᠤᠨ ᠳᠤ ᠥᠢᠯᠡᠴᠢᠯᠡᠬᠦ︾ ᠲᠦᠰᠤᠯ ᠮᠠᠯᠴᠢᠳ ᠲᠤ ᠠᠰᠢᠭ ᠬᠦᠷᠳᠡᠬᠡᠨ᠎ᠡ
ᠨᠡᠶᠢᠲᠡᠯᠡᠭᠰᠡᠨ ᠴᠠᠭ᠄
2018-05-23
     ᠰᠢᠨᠬᠤᠧᠠ ᠮᠣᠩᠭᠤᠯ ᠨᠧᠲ ᠬᠦᠬᠡᠬᠤᠲᠠ ᠶᠢᠨ 5 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ︵ᠰᠤᠷᠤᠶ᠎ᠠ︶ 21 ᠤ ᠡᠳᠦᠷ᠂ ᠥᠪᠦᠷ ᠮᠣᠩᠭᠤᠯ ᠤᠨ ᠬᠦᠰᠡᠬᠦᠢ ᠮᠣᠩᠭᠤᠯ ᠡᠮᠨᠡᠯᠭᠡ ᠶᠢᠨ ︽ᠡᠷᠡᠬᠦᠯ ᠮᠡᠨᠳᠤ ᠪᠠᠷ ᠶᠠᠳᠠᠭᠤ ᠶᠢ ᠳᠡᠳᠭᠦᠵᠤ ᠮᠠᠯᠵᠢᠬᠤ ᠤᠷᠤᠨ ᠳᠤ ᠥᠢᠯᠡᠴᠢᠯᠡᠬᠦ︾ ᠲᠦᠰᠤᠯ ᠤᠨ ᠬᠡᠪᠯᠡᠯ ᠮᠡᠳᠡᠭᠡᠯᠡᠯ ᠤᠨ ᠬᠤᠷᠠᠯ ᠬᠦᠬᠡᠬᠤᠲᠠ ᠳᠤ ᠪᠤᠯᠪᠠ᠃     ᠬᠤᠷᠠᠯ ᠠᠴᠠ ᠤᠶᠢᠯᠠᠭᠠᠬᠰᠠᠨ ᠢᠶᠠᠷ᠂ 2017 ᠤᠨ ᠤ 3 ᠰᠠᠷ᠎ᠠ ᠠᠴᠠ ᠡᠬᠢᠯᠡᠨ ᠥᠪᠦᠷ ᠮᠣᠩᠭᠤᠯ ᠤᠨ ᠬᠦᠰᠡᠬᠦᠢ ᠮᠣᠩᠭᠤᠯ ᠡᠮᠨᠡᠯᠭᠡ ᠨᠢ ᠥᠪᠦᠷ ᠮᠣᠩᠬᠤᠯ ᠤᠨ ᠥᠪᠡᠷᠲᠡᠬᠡᠨ ᠵᠠᠰᠠᠬᠤ ᠤᠷᠤᠨ ᠤ ᠡᠮᠡᠭᠲᠠᠶᠢᠴᠤᠳ ᠤᠨ ᠬᠤᠯᠪᠤᠭᠠᠲᠤ ᠬᠤᠷᠠᠯ᠂ ᠥᠪᠦᠷ ᠮᠣᠩᠭᠤᠯ ᠤᠨ ᠮᠠᠯᠵᠢᠬᠤ ᠤᠷᠤᠨ ᠤ ᠨᠥᠬᠡᠴᠡ ᠪᠠᠶᠠᠯᠢᠬ ᠤᠨ ᠬᠠᠮᠳᠤ ᠶᠢᠨ ᠠᠵᠢᠯᠯᠠᠭᠠᠨ ᠤ ᠡᠪᠯᠡᠯ ᠵᠡᠷᠭᠡ ᠬᠤᠯᠪᠤᠭᠳᠠᠯ ᠪᠦᠬᠦᠢ ᠪᠠᠶᠢᠭᠤᠯᠤᠯᠭ᠎ᠠ ᠲᠠᠢ ᠬᠠᠮᠳᠤᠷᠠᠨ ︽ᠡᠷᠡᠬᠦᠯ ᠮᠡᠨᠳᠤ ᠪᠠᠷ ᠶᠠᠳᠠᠭᠤ ᠶᠢ ᠳᠡᠳᠭᠦᠵᠤ ᠮᠠᠯᠵᠢᠬᠤ ᠤᠷᠤᠨ ᠳᠤ ᠥᠢᠯᠡᠴᠢᠯᠡᠬᠦ︾ ᠲᠦᠰᠤᠯ ᠢ ᠬᠡᠷᠡᠭᠵᠢᠭᠦᠯᠦᠭᠰᠡᠨ ᠪᠠᠶᠢᠨ᠎ᠠ᠃ ᠤᠳᠤ ᠪᠤᠯᠲᠠᠯ᠎ᠠ᠂ ᠳᠤᠰ ᠡᠮᠨᠡᠯᠬᠡ ᠨᠢ ᠳᠠᠪᠬᠤᠷᠳᠠᠬᠰᠠᠨ ᠲᠤᠭ᠎ᠠ ᠪᠠᠷ ᠨᠡᠶᠢᠳᠡ 16000 ᠭᠠᠷᠤᠢ ᠮᠠᠯᠴᠢᠳ ᠲᠤ ᠲᠦᠯᠦᠪᠦᠷᠢ ᠦᠬᠡᠢ ᠡᠷᠡᠬᠦᠯ ᠮᠡᠨᠳᠤ ᠶᠢᠨ ᠦᠵᠡᠯᠬᠡ ᠬᠠᠩᠭᠠᠵᠡᠢ᠃
ᠬᠦᠰᠡᠬᠦᠢ ᠮᠣᠩᠭᠤᠯ ᠡᠮᠨᠡᠯᠭᠡ ᠶᠢᠨ ᠡᠭᠦᠰᠬᠡᠨ ᠪᠠᠶᠢᠭᠤᠯᠤᠭᠴᠢ ᠪᠦᠬᠡᠰᠤᠳᠤ     ︽ᠡᠷᠡᠬᠦᠯ ᠮᠡᠨᠳᠤ ᠶᠢᠨ ᠦᠵᠡᠯᠭᠡ ᠶᠢᠨ ᠳ᠋ᠦᠩᠨᠡᠯᠲᠠ ᠭᠠᠷᠤᠭᠰᠠᠨ ᠤ ᠳᠠᠷᠠᠭ᠎ᠠ ᠮᠠᠨ ᠤ ᠡᠮᠨᠡᠯᠭᠡ ᠲᠤᠰᠬᠠᠢ ᠡᠮᠴᠢᠯᠡᠬᠡᠨ ᠤ ᠪᠠᠭ ᠵᠣᠬᠢᠶᠠᠨ ᠪᠠᠶᠢᠭᠤᠯᠵᠤ᠂ ᠦᠨᠳᠤᠰᠤᠨ ᠱᠠᠳᠤᠨ ᠤ ᠮᠠᠯᠴᠢᠳ ᠲᠤ ᠦᠵᠡᠯᠬᠡᠨ ᠤ ᠳ᠋ᠦᠩ ᠢ ᠨᠢ ᠨᠠᠷᠢᠨ ᠲᠠᠶᠢᠯᠪᠤᠷᠢᠯᠠᠵᠤ ᠦᠭᠬᠦ ᠶᠢᠨ ᠬᠠᠮᠲᠤ ᠪᠠᠰᠠ ᠪᠦᠰᠡ ᠨᠤᠲᠤᠭ ᠤᠨ ᠴᠢᠨᠠᠷᠲᠠᠢ ᠡᠪᠡᠳᠴᠢᠨ ᠤ ᠳᠠᠯ᠎ᠠ ᠪᠠᠷ ᠲᠠᠶᠢᠯᠪᠦᠷᠢᠯᠠᠵᠤ᠂ ᠡᠷᠡᠬᠦᠯ ᠮᠡᠨᠳᠤ ᠶᠢᠨ ᠵᠢᠯᠤᠳᠤᠭᠤᠯᠭ᠎ᠠ ᠦᠭᠳᠡᠭ᠃ ᠢᠩᠬᠢᠬᠦ ᠨᠢ ᠵᠠᠷᠢᠮ ᠮᠠᠯᠴᠢᠳ ᠤᠨ ᠡᠮᠴᠢᠯᠡᠬᠡᠨ ᠤ ᠲᠤᠰᠬᠠᠢ ᠨᠡᠷ᠎ᠡ ᠳᠤᠮᠢᠶ᠎ᠠ᠂ ᠡᠪᠡᠳᠴᠢᠨ ᠤ ᠬᠦᠨᠳᠤ ᠬᠦᠩᠬᠡᠨ ᠢ ᠤᠶᠢᠯᠠᠭᠠᠬᠤ ᠦᠬᠡᠢ ᠠᠴᠠ ᠪᠤᠯᠵᠤ ᠡᠷᠡᠬᠦᠯ ᠮᠡᠨᠳᠦ ᠪᠠᠨ ᠠᠩᠬᠠᠷᠬᠤ ᠦᠬᠡᠢ ᠶᠠᠪᠤᠬᠤ ᠠᠴᠠ ᠨᠢ ᠰᠡᠷᠭᠡᠶᠢᠯᠡᠭᠰᠡᠨ ᠶᠤᠮ︾ ᠬᠡᠵᠤ ᠬᠦᠰᠡᠬᠦᠢ ᠮᠣᠩᠭᠤᠯ ᠡᠮᠨᠡᠯᠭᠡ ᠶᠢᠨ ᠡᠭᠦᠰᠬᠡᠨ ᠪᠠᠶᠢᠭᠤᠯᠤᠭᠴᠢ ᠪᠦᠬᠡᠰᠤᠳᠤ ᠶᠡᠷᠢᠭᠠᠳ᠂ ︽ᠮᠠᠯᠴᠢᠳ ᠲᠤ ᠨᠡᠩ ᠢᠯᠡᠬᠦᠦ ᠳᠦᠬᠦᠮ ᠦᠵᠡᠬᠦᠯᠵᠦ᠂ ᠬᠠᠮᠤᠭ ᠤᠨ ᠴᠢᠨᠠᠷᠯᠢᠭ ᠮᠦᠷᠲᠡᠬᠡᠨ ᠲᠦᠷᠬᠡᠨ ᠡᠮᠴᠢᠯᠡᠬᠡᠨ ᠤ ᠥᠢᠯᠡᠴᠢᠯᠡᠭᠡ ᠬᠠᠩᠬᠠᠬᠤ ᠨᠢ ᠮᠢᠨᠦ ᠤᠤᠯ ᠰᠠᠨᠠᠭ᠎ᠠ︾ ᠬᠡᠰᠡᠨ ᠪᠠᠶᠢᠨ᠎ᠠ᠃     ︽ᠪᠢ ᠬᠠᠨᠢᠶᠠᠭᠠᠳ ᠤᠳᠠᠬᠰᠠᠨ᠂ ᠡᠮ ᠤᠤᠭᠤᠭᠰᠠᠨ ᠴᠤ ᠲᠤᠰᠡ ᠭᠠᠷᠤᠭᠰᠠᠨ ᠦᠬᠡᠢ᠃ ᠠᠵᠠ ᠪᠠᠷ ᠡᠨᠡᠬᠦ ᠡᠷᠡᠬᠦᠯ ᠮᠡᠨᠳᠤ ᠶᠢᠨ ᠲᠦᠯᠦᠪᠦᠷᠢ ᠦᠬᠡᠢ ᠦᠵᠡᠯᠬᠡ ᠳᠤ ᠤᠷᠤᠯᠴᠠᠵᠤ᠂ ᠪᠡᠶ᠎ᠠ ᠶᠢᠨ ᠮᠢᠨᠢ ᠴᠠᠭᠠᠨ ᠡᠰ ᠠᠷᠪᠢᠳᠴᠤ ᠪᠠᠶᠢᠬᠤ ᠶᠢ ᠮᠡᠳᠡᠭᠰᠡᠨ᠃ ᠢᠩᠬᠢᠭᠡᠳ ᠬᠦᠰᠡᠬᠦᠢ ᠮᠣᠩᠭᠤᠯ ᠡᠮᠨᠡᠯᠬᠡ ᠶᠢᠨ ᠰᠠᠨᠠᠭᠤᠯᠭ᠎ᠠ ᠪᠠᠷ ᠬᠤᠯᠪᠤᠭᠳᠠᠯ ᠪᠦᠬᠦᠢ ᠡᠮᠨᠡᠯᠭᠡ ᠳᠤ ᠤᠴᠢᠵᠤ ᠡᠮᠴᠢᠯᠡᠭᠦᠯᠡᠭᠡᠳ ᠡᠪᠡᠳᠴᠢᠨ ᠤ ᠪᠠᠶᠢᠳᠠᠯ ᠢᠶᠠᠨ ᠲᠤᠭᠳᠠᠭᠤᠨ ᠪᠤᠯᠭᠠᠬᠰᠠᠨ ᠪᠠᠶᠢᠨ᠎ᠠ᠃ ᠡᠶᠢᠮᠦ ᠠᠴᠠ ᠪᠢ ᠬᠦᠰᠡᠬᠦᠢ ᠮᠣᠩᠭᠤᠯ ᠡᠮᠨᠡᠯᠭᠡ ᠳᠤ ᠮᠠᠰᠢ ᠶᠡᠭᠡ ᠲᠠᠯᠠᠷᠬᠠᠵᠤ ᠪᠠᠶᠢᠨ᠎ᠠ᠂ ᠥᠷᠭᠡᠨ ᠤᠯᠠᠨ ᠮᠠᠯᠴᠢᠨ ᠲᠦᠮᠡᠨ ᠮᠠᠨᠢ ᠥᠪᠡᠷ ᠤᠨ ᠡᠷᠡᠬᠦᠯ ᠮᠡᠨᠳᠤ ᠶᠢᠨ ᠮᠡᠳᠡᠷᠡᠮᠵᠢ ᠪᠠᠨ ᠳᠡᠭᠡᠭᠰᠢᠯᠡᠬᠦᠯᠤᠨ᠂ ᠪᠠᠶᠢᠩᠬᠤ ᠦᠵᠡᠯᠬᠡ ᠬᠢᠯᠬᠡᠵᠤ ᠡᠷᠡᠬᠦᠯ ᠴᠢᠬᠢᠷᠠᠭ ᠶᠠᠪᠤᠭᠠᠰᠠᠢ︕︾ ᠬᠡᠵᠤ ᠦᠪᠦᠷ ᠮᠤᠩᠬᠤᠯ ᠤᠨ ᠰᠦᠨᠢᠳ ᠵᠡᠬᠦᠨ ᠬᠤᠰᠢᠭᠤ ᠪᠠᠷ ᠨᠤᠲᠤᠭ ᠲᠠᠢ ᠬᠡᠰᠢᠭᠲᠦᠭ᠌ᠳᠠᠬᠤ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠨ᠎ᠠ᠃     ᠡᠬᠦᠨ ᠠᠴᠠ ᠭᠠᠳᠠᠨ᠎ᠠ᠂ ᠥᠪᠦᠷ ᠮᠣᠩᠭᠤᠯ ᠤᠨ ᠬᠦᠰᠡᠬᠦᠢ ᠮᠣᠩᠭᠤᠯ ᠡᠮᠨᠡᠯᠭᠡ ᠨᠢ ︽ᠤᠨᠢᠨ ᠳᠡᠭᠡᠷ᠎ᠠ ᠨᠢ ᠡᠷᠡᠬᠦᠯ ᠮᠡᠨᠳᠤ ᠪᠠᠷ ᠶᠠᠳᠠᠭᠤ ᠶᠢ ᠳᠡᠳᠭᠦᠬᠦ︾᠂ ︽ᠡᠪᠡᠳᠴᠢᠯᠡᠭᠰᠡᠨ ᠠᠴᠠ ᠪᠤᠯᠵᠤ ᠶᠠᠳᠠᠭᠤ ᠬᠦᠴᠢᠷᠳᠡᠯᠲᠠᠢ ᠪᠤᠯᠬᠤ︾ ᠶᠢ ᠦᠬᠡᠶᠢᠰᠬᠡᠬᠦ ᠪᠠᠷ ᠤᠳᠤᠬᠢ ᠨᠦᠬᠦᠴᠡᠯ ᠬᠢᠬᠡᠳ ᠡᠬᠢᠨ ᠤ ᠦᠶ᠎ᠠ ᠶᠢᠨ ᠪᠤᠲᠠᠲᠠᠢ ᠠᠵᠢᠯᠯᠠᠭ᠎ᠠ ᠶᠢ ᠤᠶᠠᠯᠳᠤᠭᠤᠯᠤᠨ᠂ ᠬᠦᠳᠡᠭᠡ ᠲᠤᠰᠬᠤᠨ ᠮᠠᠯᠵᠢᠬᠤ ᠤᠷᠤᠨ ᠬᠢᠬᠡᠳ ᠦᠨᠳᠦᠰᠦᠨ ᠱᠠᠳᠤᠨ ᠤ ᠥᠢᠯᠡᠳᠪᠤᠷᠢᠯᠡᠯ ᠠᠮᠢᠳᠤᠷᠠᠯ ᠳᠤ ᠲᠤᠬᠢᠷᠠᠬᠰᠠᠨ ︽ᠠᠰᠠᠷᠠᠬᠴᠢ ᠮᠠᠶ᠋᠊ᠢᠭ ᠤᠨ ᠡᠷᠡᠭᠦᠯ ᠮᠡᠨᠳᠤ ᠶᠢᠨ ᠥᠢᠯᠡᠴᠢᠯᠡᠭᠡ︾ ᠶᠢ ᠳᠤᠷᠠᠳᠴᠤ᠂ ᠡᠷᠡᠬᠦᠯ ᠮᠡᠨᠳᠤ ᠪᠠᠷ ᠮᠠᠯᠴᠢᠨ ᠳᠠᠷᠢᠶᠠᠴᠢᠳ ᠤᠨ ᠶᠠᠳᠠᠭᠤ ᠶᠢ ᠳᠡᠳᠭᠦᠬᠦ ᠠᠵᠢᠯᠯᠠᠭ᠎ᠠ ᠳᠤ ᠠᠰᠢᠬᠲᠠᠢ ᠬᠡᠪ ᠵᠠᠬᠪᠤᠷ ᠢ ᠬᠠᠩᠭᠠᠬᠰᠠᠭᠠᠷ ᠢᠷᠡᠭᠰᠡᠨ ᠶᠤᠮ᠃
 
ᠢᠷᠡᠯᠲᠡ᠄ ᠰᠢᠨᠬᠤᠧᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号