ᠥᠴᠥᠭᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ | ᠳᠠᠷᠤᠭ᠎ᠠ ᠡᠥ ᡁᠢ ᠴᠢᠶᠠᠩ ᠦᠴᠦᠸᠠᠨ ᠰᠢᠶᠡᠨ ᠤ ᠶᠠᠳᠠᠭᠤ ᠬᠦᠴᠢᠷᠳᠡᠯᠲᠡᠢ ᠠᠶᠢᠯ᠂ ᠶᠠᠳᠠᠭᠤ ᠶᠢ ᠲᠡᠳᠬᠦᠬᠦ ᠲᠥᠷᠥᠯ | ᠵᠥᠢᠯ ᠤᠨ ᠰᠠᠭᠤᠷᠢᠨ ᠭᠠᠵᠠᠷ᠂ ᠶᠠᠳᠠᠭᠤ ᠶᠢ ᠲᠡᠳᠬᠦᠬᠦ ᠠᠵᠢᠯ ᠤᠨ ᠳᠤᠭᠤᠶᠢᠯᠠᠩ ᠤᠨ ᠰᠠᠭᠤᠭ᠎ᠠ ᠭᠠᠵᠠᠷ ᠢᠶᠠᠷ | ᠭᠦᠨᠵᠡᠭᠡᠶᠢᠷᠡᠵᠦ᠂ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠠᠵᠢᠯ ᠳᠤ ᠪᠠᠶᠢᠴᠠᠭᠠᠨ ᠰᠣᠳᠣᠯᠣᠯᠲᠠ ᠬᠢᠭᠰᠡᠨ | ᠪᠠᠶᠢᠨ᠎ᠠ ᠃ | ᠡᠥ ᡁᠢ ᠴᠢᠶᠠᠩ ᠶᠠᠳᠠᠭᠤ ᠬᠦᠴᠢᠷᠳᠡᠯᠲᠡᠢ ᠠᠶᠢᠯ ᠤᠳ ᠢᠶᠠᠷ ᠣᠷᠣᠵᠤ ᠶᠠᠳᠠᠭᠤ ᠬᠦᠴᠢᠷᠳᠡᠯᠲᠡᠢ ᠪᠣᠯᠣᠭᠰᠠᠨ | ᠰᠢᠯᠲᠠᠭᠠᠨ᠂ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠵᠤ ᠪᠠᠶᠢᠭ᠎ᠠ ᠪᠠᠶᠢᠳᠠᠯ ᠢ | ᠣᠶᠢᠯᠠᠭᠠᠵᠣ᠂ ᠲᠡᠳᠡᠨ ᠲᠠᠢ ᠣᠷᠣᠯᠭ᠎ᠠ ᠵᠠᠷᠤᠳᠠᠯ ᠤᠨ ᠨᠠᠷᠢᠨ ᠳᠠᠩᠰᠠ ᠪᠣᠳᠣᠵᠤ᠂ ᠳᠠᠷᠠᠭ᠎ᠠ ᠠᠯᠬᠤᠮ ᠤᠨ | ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠭᠰᠡᠨ ᠪᠠᠶᠢᠨ᠎ᠠ᠃ ᠲᠡᠷᠡ | ᠶᠠᠳᠠᠭᠤ ᠬᠦᠴᠢᠷᠳᠡᠯᠲᠡᠢ ᠡᠷᠦᠭᠡ ᠶᠢᠨ ᠶᠠᠳᠠᠭᠤ ᠠᠴᠠ ᠠᠩᠭᠢᠵᠢᠷᠠᠬᠤ ᠳᠤ ᠢᠲᠡᠭᠡᠯ ᠲᠠᠢ ᠪᠠᠶᠢᠬᠤ ᠶᠢ ᠬᠦᠰᠡᠵᠦ᠂ | ᠬᠤᠲᠠ ᠰᠢᠶᠡᠨ ᠪᠠᠯᠭᠠᠰᠤ ᠲᠣᠰᠬᠤᠨ ᠤ ᠬᠢᠨ ᠶᠠᠳᠠᠭᠤ ᠬᠦᠴᠢᠷᠳᠡᠯᠲᠡᠢ ᠡᠷᠦᠭᠡ ᠶᠢ ᠬᠠᠪᠰᠤᠷᠴᠤ᠂ ᠣᠳᠣᠬᠢ ᠪᠠᠶᠢᠳᠠᠯ | ᠢ ᠰᠠᠶᠢᠵᠢᠷᠠᠭᠤᠯᠵᠤ ᠶᠠᠳᠠᠭᠤ ᠠᠴᠠ ᠠᠩᠭᠢᠵᠢᠷᠠᠭᠤᠯᠤᠨ᠎ᠠ ᠭᠡᠵᠡᠢ ᠃ | ᠡᠥ ᡁᠢ ᠴᠢᠶᠠᠩ ᠶᠠᠳᠠᠭᠤ ᠶᠢ ᠲᠡᠳᠬᠦᠬᠦ ᠠᠵᠢᠯ ᠤᠨ ᠳᠤᠭᠤᠶᠢᠯᠠᠩ ᠤᠨ ᠬᠢᠨ ᠤ ᠠᠵᠢᠯ ᠠᠮᠢᠳᠤᠷᠠᠯ ᠤᠨ | ᠬᠦᠴᠢᠷ ᠢ ᠲᠡᠪᠴᠢᠨ᠂ ᠰᠢᠷᠭᠠᠭᠤ ᠠᠵᠢᠯᠯᠠᠵᠤ ᠪᠠᠶᠢᠭ᠎ᠠ ᠳᠤ ᠦᠨᠳᠦᠷ ᠦᠨᠡᠯᠡᠯᠲᠡ ᠥᠭᠴᠦ᠂ ᠲᠡᠳᠡᠨ ᠢ ᠣᠯᠠᠨ | ᠲᠦᠮᠡᠨ ᠳᠤ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠶᠢ ᠢᠯᠡᠭᠦᠬᠡᠨ ᠤᠬᠠᠭᠤᠯᠵᠤ᠂ ᠶᠠᠳᠠᠭᠤ ᠬᠦᠴᠢᠷᠳᠡᠯᠲᠡᠢ | ᠣᠯᠠᠨ ᠲᠦᠮᠡᠨ ᠤ ᠪᠠᠶᠠᠵᠢᠨ ᠴᠢᠨᠡᠭᠡᠯᠢᠭᠵᠢᠬᠦ ᠳᠤ ᠵᠠᠮᠴᠢ ᠪᠣᠯᠵᠤ᠂ ᠶᠠᠳᠠᠭᠤ ᠶᠢ ᠲᠡᠳᠬᠦᠬᠦ ᠠᠵᠢᠯ ᠳᠤ ᠦᠨᠡᠨᠬᠦ | ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠱᠠᠭᠠᠷᠳᠠᠪᠠ ᠃ |