| | 5 ᠳ᠋ᠤᠭᠠᠷ ᠰᠠᠷ᠎ᠠ ᠶᠢᠨ 23 ᠤ ᠡᠳᠦᠷ᠂ ᠮᠠᠨ ᠤ ᠰᠢᠶᠠᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ | ᠲᠤᠬᠠᠢ ᠲᠣᠬᠢᠷᠠᠭᠤᠯᠬᠤ ᠬᠤᠷᠠᠯ ᠵᠢᠴᠢ ︽ᠠᠶᠤᠯ ᠥᠭᠡᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ | ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠵᠠᠩ ᠮᠢᠨ | ᠴᠦᠨ ᠬᠤᠷᠠᠯ ᠢ ᠡᠷᠬᠢᠯᠡᠭᠰᠡᠨ ᠮᠥᠷᠲᠡᠭᠡᠨ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠰᠢᠶᠠᠨ ᠤ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠣᠪᠴᠢᠶ᠎ᠠ ᠶᠢᠨ | ᠳᠠᠷᠤᠭ᠎ᠠ ᠾᠧᠦ ᠢᠦᠢ ᠠᠴᠠ 1 — 5 ᠳ᠋ᠤᠭᠠᠷ ᠰᠠᠷ᠎ᠠ ᠶᠢᠨ ᠪᠦᠬᠦ ᠰᠢᠶᠠᠨ ᠤ ᠠᠶᠤᠢ ᠦᠭᠡᠢ ᠦᠢᠯᠡᠳᠪᠦᠷᠢᠯᠡᠯ ᠤᠨ | ᠠᠵᠢᠯ ᠤᠨ ᠪᠠᠶᠢᠳᠠᠯ ᠢ ᠨᠡᠶᠢᠲᠡᠯᠡᠵᠦ᠂ ᠪᠦᠬᠦ ᠰᠢᠶᠠᠨ ᠤ ᠠᠶᠤᠯ ᠥᠭᠡᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ | ᠵᠠᠳᠠᠯᠤᠨ ᠰᠢᠨᠵᠢᠯᠡᠵᠦ᠂ ᠣᠶᠢᠷ᠎ᠠ ᠶᠢᠨ ᠬᠤᠭᠤᠴᠠᠭᠠᠨ ᠤ ᠠᠶᠤᠯ ᠥᠭᠡᠢ ᠦᠢᠯᠡᠳᠪᠦᠷᠢᠯᠡᠯ ᠤᠨ ᠭᠤᠣᠯᠳᠠᠯᠭ᠎ᠠ ᠲᠠᠢ | ᠠᠵᠢᠯ ᠵᠢᠴᠢ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠷᠠᠯ ᠳᠤ ᠣᠷᠣᠯᠴᠠᠭᠰᠠᠳ ᠠᠶᠤᠯ ᠦᠭᠡᠢ ᠦᠢᠯᠡᠳᠪᠦᠷᠢᠯᠡᠯ ᠤᠨ | ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠠᠶᠤᠯ ᠦᠭᠡᠢ ᠦᠢᠯᠡᠳᠪᠦᠷᠢᠯᠡᠯ ᠢ ᠦᠨᠡᠨ ᠬᠦ | ᠰᠠᠨᠠᠭᠠᠨ ᠳᠠᠭᠠᠨ ᠠᠪᠴᠤ᠂ ᠭᠠᠷ ᠲᠠᠭᠠᠨ ᠠᠳᠬᠤᠵᠤ᠂ ᠮᠥᠷᠥ ᠳᠡᠭᠡᠨ ᠡᠭᠦᠷᠭᠡᠯᠡᠵᠦ᠂ ᠡᠯ᠎ᠡ ᠲᠦᠷᠦᠯ ᠤᠨ | ᠦᠢᠯᠡᠳᠪᠦᠷᠢᠯᠡᠯ ᠤᠨ ᠠᠶᠤᠯ ᠦᠭᠡᠢ ᠶᠢᠨ ᠡ᠊ᠨᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠡᠷᠡᠰ | ᠬᠤᠷᠢᠭᠯᠠᠬᠤ ᠶᠢᠨ ᠬᠠᠮᠲᠤ ︽ᠠᠶᠤᠯ ᠥᠭᠡᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠲᠥᠰᠥᠯ | ᠶᠣᠰᠣᠭᠠᠷ᠂ ᠲᠤᠰ ᠲᠤᠰ ᠤᠨ ᠢᠶᠠᠨ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠲᠠᠭᠠᠨ ᠬᠠᠷᠢᠭᠤᠴᠠᠵᠤ᠂ | ᠭᠤᠣᠯᠳᠠᠯᠭ᠎ᠠ ᠶᠢ ᠲᠤᠪᠤᠶᠢᠯᠭᠠᠨ᠂ ︽ᠠᠶᠤᠯ ᠥᠭᠡᠢ ᠦᠢᠯᠡᠳᠪᠦᠷᠢᠯᠡᠯ ᠤᠨ ᠰᠠᠷ᠎ᠠ︾ ᠶᠢᠨ ᠠᠯᠢ ᠣᠯᠠᠨ ᠤᠬᠠᠭᠤᠯᠬᠤ | ᠠᠵᠢᠯᠯᠠᠭ᠎ᠠ ᠶᠢ ᠰᠠᠶᠢᠳᠣᠷ ᠠᠳᠬᠤᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠠᠶᠤᠯ ᠲᠦᠭᠰᠢᠭᠦᠷᠢ ᠶᠢᠨ ᠲᠤᠬᠠᠶ ᠦᠵᠡᠯ ᠤᠬᠠᠮᠰᠠᠷ ᠢᠶᠠᠨ | ᠴᠢᠩᠭᠠᠳᠬᠠᠵᠤ᠂ ᠤᠯᠤᠰ ᠲᠦᠷᠤ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ ᠥᠭᠡᠢ ᠦᠢᠯᠡᠳᠪᠦᠷᠢᠯᠡᠯ ᠤᠨ | ᠤᠬᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ︔ ᠬᠤᠶᠠᠷ ᠲᠤ᠂ ᠪᠣᠳᠠᠲᠠᠶ ᠶᠢ ᠡᠷᠬᠢᠮᠯᠡᠬᠦ | ᠰᠤᠷᠲᠠᠯ᠂ ᠪᠠᠲᠤ ᠴᠢᠩᠭ᠎ᠠ ᠠᠷᠭ᠎ᠠ ᠬᠡᠮᠵᠢᠶ᠎ᠡ ᠪᠠᠷ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠤᠲᠠᠲᠠᠢ | ᠰᠠᠶᠢᠲᠤᠷ ᠠᠳᠬᠤᠬᠤ ᠬᠡᠷᠡᠭᠲᠡᠶ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠨᠢᠭᠡ ᠳᠤ᠂ | ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠬᠦᠨᠳᠦᠳᠬᠡᠵᠦ᠂ ᠠᠶᠤᠯ ᠥᠭᠡᠢ ᠦᠢᠯᠡᠳᠪᠦᠷᠢᠯᠡᠯ ᠤᠨ | ᠡᠷᠴᠢᠮ ᠢ ᠴᠠᠭ ᠢᠮᠠᠭᠲᠠ ᠴᠢᠩᠳᠠᠯᠠᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠯᠭᠠᠮ᠎ᠠ ᠰᠡᠳᠬᠢᠯᠭᠡ | ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠤᠯᠠᠷᠢᠯ ᠤᠨ ᠴᠢᠨᠠᠷᠲᠠᠶ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ︔ ᠬᠤᠶᠠᠷ ᠲᠤ᠂ ︽ᠨᠠᠮ ᠵᠠᠰᠠᠭ | ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ᠂ ᠴᠤᠭᠭᠠᠷ ᠠᠳᠬᠤᠵᠤ | ᠬᠠᠮᠲᠤᠪᠠᠷ ᠬᠠᠮᠢᠶᠠᠷᠬᠤ︾ ᠪᠠ ︽ᠠᠵᠢᠯ ᠲᠥᠷᠥᠯ ᠢ ᠬᠠᠮᠢᠶᠠᠷᠪᠠᠯ ᠡᠷᠬᠡᠪᠰᠢ ᠠᠶᠤᠯ ᠦᠭᠡᠢ ᠪᠠᠶᠢᠬᠤ ᠶᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠪᠠᠯ ᠡᠷᠬᠡᠪᠰᠢ ᠠᠶᠤᠯ ᠦᠭᠡᠢ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ ᠢ | ᠬᠠᠮᠢᠶᠠᠷᠪᠠᠯ ᠡᠷᠬᠡᠪᠰᠢ ᠠᠶᠤᠯ ᠦᠭᠡᠢ ᠪᠠᠶᠢᠬᠤ ᠶᠢ ᠬᠠᠮᠢᠶᠠᠷᠬᠤ︾ ᠠᠶᠤᠯ ᠥᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠥᠷᠢᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠦᠨᠡᠨ ᠬᠦ ᠪᠤᠲᠠᠲᠠᠢ ᠨᠠᠶᠢᠳᠠᠪᠤᠷᠢᠵᠢᠭᠤᠯᠬᠤ ᠬᠡᠷᠡᠭᠲᠡᠶ᠃ | ᠰᠢᠶᠠᠨ ᠤ ᠠᠶᠤᠯ ᠦᠭᠡᠢ ᠶᠢᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ | ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠰᠢᠶᠠᠨ ᠤ ᠠᠶᠤᠯ ᠥᠬᠡᠶ ᠦᠢᠯᠡᠳᠪᠦᠷᠢᠯᠡᠯ ᠢ | ᠬᠢᠨᠠᠨ ᠬᠠᠮᠢᠶᠠᠷᠬᠤ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠠᠷ ᠬᠤᠷᠠᠯ ᠳᠤ ᠣᠷᠣᠯᠴᠠᠪᠠ᠃ | | |