ᠥᠴᠥᠭᠡᠳᠦᠷ᠂ ᠰᠤᠷᠪᠤᠯᠵᠢᠯᠠᠭᠴᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ | ᠣᠶᠢᠯᠭᠠᠭᠰᠠᠨ ᠨᠢ᠂《ᠬᠥᠬᠡᠬᠤᠲᠠ ᠵᠢᠨᠴᠢᠳᠠᠪᠤᠷᠢᠲᠠᠨ ᠢ ᠤᠷᠢᠳ ᠢᠶᠠᠷ ᠬᠥᠭᠵᠢᠭᠦᠯᠬᠦ ᠪᠠᠶᠢᠯᠳᠤᠬᠤ | ᠪᠤᠳᠤᠯᠭ᠎ᠠ ᠵᠢᠨᠠᠷᠭ᠎ᠠ ᠬᠡᠮᠵᠢᠶ᠎ᠡ ᠤᠳ ᠢ ︵ᠲᠤᠷᠰᠢᠨ ᠬᠡᠷᠡᠭᠵᠢᠭᠦᠯᠬᠦ︶ 》 ︵ᠳᠥᠭᠦᠮᠴᠢᠯᠡᠭᠡᠳ《ᠴᠢᠳᠠᠪᠤᠷᠢᠲᠠᠨ ᠤ | ᠰᠢᠨ᠎ᠡ ᠲᠥᠷᠥ ᠶᠢᠨ ᠪᠣᠳᠣᠯᠭ᠎ᠠ 9 ᠵᠣᠷᠪᠣᠰ》︶ ᠢ ᠨᠠᠷᠢᠨ ᠬᠢᠨᠠᠮᠠᠭᠠᠢ ᠲᠣᠣᠱᠠᠯᠠᠭᠤᠯᠣᠨ ᠨᠠᠶᠢᠳᠠᠪᠣᠷᠢᠵᠢᠭᠤᠯᠬᠤ ᠶᠢᠨ | ᠲᠦᠯᠦᠭᠡ᠂ ᠪᠦᠬᠦ ᠣᠯᠤᠰ ᠤᠨ ᠰᠣᠷᠭᠠᠭᠤᠯᠢ ᠳᠤ ᠪᠠᠶᠢᠬᠤ ᠶᠡᠭᠡ ᠰᠣᠷᠭᠠᠭᠤᠯᠢ ᠶᠢᠨ ᠣᠶᠣᠲᠠᠨ ᠤ ᠮᠠᠨ ᠬᠤᠲᠠᠳᠤ | ᠡᠷᠦᠬᠡ ᠠᠮᠠ ᠣᠷᠣᠭᠤᠯᠣᠨᠠᠵᠢᠯ ᠣᠯᠵᠣ ᠦᠢᠯᠡᠰ ᠪᠣᠰᠬᠠᠬᠤ ᠶᠢ ᠢᠳᠡᠪᠬᠢᠯᠡᠨ ᠳᠡᠮᠵᠢᠵᠣ᠂ ᠡᠮᠦᠨᠡᠬᠢ | ᠬᠤᠭᠤᠴᠠᠭᠠᠨ ᠤ ᠭᠦᠢᠴᠡᠳ ᠪᠡᠯᠡᠳᠬᠡᠯ ᠢᠶᠠᠷ ᠳᠠᠮᠵᠢᠭᠠᠳ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 5 | ᠳ᠋ᠣᠭᠠᠷ ᠰᠠᠷ᠎ᠠ ᠶᠢᠨ 21 ᠤ ᠡᠳᠦᠷ ᠪᠦᠬᠦ ᠣᠯᠤᠰ ᠤᠨ ᠰᠣᠷᠭᠠᠭᠤᠯᠢ ᠳᠤ ᠪᠠᠶᠢᠬᠤ ᠶᠡᠭᠡ ᠰᠣᠷᠭᠠᠭᠤᠯᠢ ᠶᠢᠨ ᠣᠶᠣᠲᠠᠨ | ᠤ ᠰᠦᠯᠵᠢᠶᠡᠨ ᠳᠠᠬᠢ ᠡᠷᠦᠬᠡ ᠠᠮᠠ ᠣᠷᠣᠭᠤᠯᠬᠤ ᠲᠠᠪᠴᠠᠩ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ | ᠣᠯᠭᠤᠨ ᠠᠮᠵᠢᠯᠲᠠ ᠲᠠᠢ ᠪᠠᠷ ᠨᠡᠪᠲᠡᠷᠡᠭᠦᠯᠪᠡ᠃ | ᠣᠶᠢᠯᠠᠭᠠᠭᠰᠠᠨ ᠢᠶᠠᠷ᠂ 5ᠳ᠋ᠣᠭᠠᠷ ᠰᠠᠷ᠎ᠠ ᠶᠢᠨ 21 ᠤ ᠡᠳᠦᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠠᠯᠪᠠᠨ ᠭᠡᠷ ᠬᠦᠬᠡᠬᠤᠲᠠ ᠶᠢᠨ | ᠲᠣᠲᠣᠭᠠᠳᠣ ᠶᠢ ᠬᠠᠮᠠᠭᠠᠯᠠᠬᠤ ᠠᠷᠠᠳ ᠤᠨ ᠶᠠᠪᠣᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ | ᠰᠦᠯᠵᠢᠶᠡᠨ ᠳᠠᠬᠢ ᠬᠡᠷᠡᠭ ᠡᠷᠬᠢᠯᠡᠬᠦ ᠲᠢᠩᠭᠬᠢᠮ ᠢᠶᠠᠷ ᠳᠠᠮᠵᠢᠭᠤᠯᠣᠨ ᠠᠩᠬᠠᠳᠠᠭᠴᠢ ᠣᠳᠠᠭᠠᠨ ᠤ ᠪᠦᠬᠦ ᠣᠯᠤᠰ ᠤᠨ | ᠰᠣᠷᠭᠠᠭᠤᠯᠢ ᠳᠤ ᠪᠠᠶᠢᠬᠤ ᠶᠡᠭᠡ ᠰᠣᠷᠭᠠᠭᠤᠯᠢ ᠶᠢᠨ ᠣᠶᠣᠲᠠᠨ ᠤ ᠰᠦᠯᠵᠢᠶᠡᠨ ᠳᠡᠭᠡᠷᠡᠡᠷᠦᠬᠡ ᠠᠮᠠ ᠣᠷᠣᠭᠤᠯᠬᠤ | ᠠᠵᠢᠯ ᠢ ᠬᠦᠯᠢᠶᠡᠨ ᠠᠪᠴᠣ ᠰᠢᠢᠳᠪᠦᠷᠢᠯᠡᠪᠡ᠃ ᠣᠲᠣ ᠪᠣᠯᠲᠠᠯ᠎ᠠ᠂ 2 ᠬᠤᠪᠢ ᠡᠷᠦᠬᠡ ᠠᠮᠠ ᠣᠷᠣᠭᠤᠯᠬᠤ ᠠᠵᠢᠯ ᠢ | ᠠᠮᠵᠢᠯᠲᠠ ᠲᠠᠢ ᠪᠠᠷ ᠰᠢᠳᠪᠦᠷᠢᠯᠡᠵᠣ᠂ 7 ᠠᠰᠠᠭᠤᠨ ᠯᠠᠪᠯᠠᠬᠤ ᠣᠳᠠᠰᠣ ᠶᠢ ᠲᠣᠰᠴᠤ᠂ 3 ᠬᠦᠮᠦᠨ ᠢ ᠬᠦᠯᠢᠶᠡᠨ | ᠠᠪᠴᠣ ᠵᠥᠪᠯᠡᠯᠴᠡᠭᠡ ᠥᠭᠪᠡ᠃ ᠣᠳᠣᠬᠠᠨ ᠳᠤ᠂ ᠪᠦᠬᠦ ᠲᠠᠯ᠎ᠠ ᠪᠠᠷ ᠣᠯᠠᠨ ᠬᠠᠷᠠᠭᠠᠰᠤ ᠠᠴᠠ ᠡᠨᠡ ᠬᠦ ᠠᠵᠢᠯ ᠤᠨ | ᠣᠬᠠᠭᠤᠯᠭ᠎ᠠ ᠶᠢᠨ ᠡᠷᠴᠢᠮ ᠢ ᠴᠢᠩᠭᠠᠳᠬᠠᠵᠣ ᠪᠠᠶᠢᠨ᠎ᠠ᠃ | ᠬᠠᠮᠤᠭ ᠤᠨ ᠶᠡᠭᠡ ᠬᠡᠮᠵᠢᠶ᠎ᠡ ᠪᠠᠷ ᠤᠯᠠᠨ ᠲᠦᠮᠡᠨ ᠳᠤ ᠳᠦᠭᠦᠮ ᠦᠵᠡᠭᠦᠯᠦᠨ᠂ ᠣᠯᠠᠨ ᠲᠥᠮᠡᠨ ᠤ《 ᠬᠠᠮᠤᠭ | ᠣᠯᠠᠨ ᠳᠠᠭᠠᠨ ᠨᠢᠭᠡ ᠤᠳᠠᠭ᠎ᠠ ᠭᠦᠶᠦᠬᠦ》 ᠶᠢ ᠪᠡᠶᠡᠯᠡᠭᠦᠯᠬᠦ ᠶᠢᠨ ᠲᠥᠯᠦᠭᠡ᠂ ᠣᠶᠢᠷ᠎ᠠ ᠶᠢᠨ ᠵᠢᠯ ᠤᠳ ᠲᠤ᠂ | ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠨᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ | ᠠᠯᠪᠠᠨ ᠭᠡᠷ《 ᠵᠠᠰᠠᠭ ᠢ ᠴᠣᠮᠬᠠᠳᠬᠠᠵᠣ᠂ ᠲᠥᠪ ᠭᠤᠣᠯᠴᠢ ᠪᠠᠷ ᠬᠢᠨᠠᠨ ᠬᠠᠮᠢᠶᠠᠷᠴᠣ᠂ ᠦᠢᠯᠡᠴᠢᠯᠡᠭᠡ ᠪᠠᠨ | ᠰᠢᠯᠢᠳᠡᠭᠵᠢᠭᠦᠯᠬᠦ》ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂《 ᠢᠨᠲ᠋ᠧᠷ ᠰᠦᠯᠵᠢᠶ᠎ᠡ +ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ》 ᠢ ᠠᠬᠢᠭᠤᠯᠵᠣ᠂《 ᠣᠨᠴᠠᠭᠠᠶ ᠶᠠᠪᠤᠳᠠᠯ ᠢ ᠣᠨᠴᠠᠭᠠᠶ ᠰᠢᠢᠳᠪᠦᠷᠢᠯᠡᠬᠦ》ᠴᠤᠩᠬᠤ | ᠭᠠᠷᠭᠠᠵᠣ᠂ 《ᠲᠣᠲᠠᠭᠳᠠᠯ ᠲᠠᠢ ᠴᠦ ᠭᠥᠯᠢᠶᠡᠨ ᠠᠪᠴᠤ ᠰᠢᠢᠳᠪᠦᠷᠢᠯᠡᠬᠦ》ᠠᠵᠢᠯ ᠢ ᠥᠷᠨᠢᠭᠦᠯᠵᠦ᠂ ᠠᠵᠢᠯ ᠤᠨ | ᠶᠠᠪᠣᠴᠠ ᠶᠢ ᠥᠭᠡᠷᠡᠴᠢᠯᠡᠵᠣ᠂ ᠦᠢᠯᠡᠴᠢᠯᠡᠭᠡ ᠪᠠᠨ ᠰᠠᠶᠢᠵᠢᠷᠠᠭᠤᠯᠪᠠ᠃ ᠪᠦᠬᠦ ᠣᠯᠤᠰ ᠤᠨ ᠰᠣᠷᠭᠠᠭᠤᠯᠢ ᠳᠤ ᠪᠠᠶᠢᠬᠤ | ᠶᠡᠭᠡ ᠰᠣᠷᠭᠠᠭᠤᠯᠢ ᠶᠢᠨ ᠣᠶᠣᠲᠠᠨ ᠤ ᠡᠷᠦᠬᠡ ᠠᠮᠠ ᠣᠷᠣᠭᠤᠯᠬᠤ ᠲᠡᠪᠴᠡᠩ ᠢ ᠨᠡᠪᠲᠡᠷᠡᠭᠦᠯᠵᠤ᠂ ᠪᠦᠬᠦ ᠶᠠᠪᠣᠴᠠ ᠶᠢ | ᠰᠦᠯᠵᠢᠶᠡᠨ ᠳᠡᠭᠡᠷ᠎ᠡ ᠭᠦᠢᠴᠡᠳᠬᠡᠬᠦ ᠪᠣᠯᠣᠭᠰᠠᠨ ᠨᠢ ᠰᠣᠷᠭᠠᠭᠤᠯᠢ ᠳᠤ ᠪᠠᠶᠢᠬᠤ ᠶᠡᠭᠡ ᠰᠣᠷᠭᠠᠭᠤᠯᠢ ᠶᠢᠨ ᠣᠶᠣᠲᠠᠨ ᠤ | ᠮᠠᠨ ᠤ ᠬᠤᠲᠠ ᠳᠤ ᠡᠷᠦᠬᠡ ᠠᠮᠠ ᠣᠷᠣᠭᠤᠯᠬᠤ ᠳᠤ ᠳᠦᠭᠦᠮ ᠢ ᠬᠠᠩᠭᠠᠪᠠ᠃ ᠰᠣᠷᠭᠠᠭᠤᠯᠢ ᠳᠤ ᠪᠠᠶᠢᠬᠤ ᠶᠡᠭᠡ | ᠰᠣᠷᠭᠠᠭᠤᠯᠢ ᠶᠢᠨ ᠣᠶᠣᠲᠠᠨᠭᠡᠷ ᠠᠴᠠ ᠪᠠᠨ ᠭᠠᠷᠬᠤ ᠦᠭᠡᠢ᠂ ᠵᠥᠪᠬᠡᠨ ᠢᠨᠲ᠋ᠧᠷ ᠰᠦᠯᠵᠢᠶ᠎ᠡ ᠪᠠᠷ ᠳᠠᠮᠵᠢᠭᠤᠯᠤᠨ | ᠰᠦᠯᠵᠢᠶᠡᠨ ᠳᠡᠭᠡᠷ᠎ᠡ ᠰᠤᠷᠭᠠᠭᠤᠯᠢ ᠶᠢᠨ ᠬᠠᠷᠢᠶᠠᠯᠠᠯ ᠤᠨ ᠭᠡᠷᠡᠴᠢ ᠪᠠ ᠪᠡᠶ᠎ᠡ ᠶᠢᠨ ᠦᠨᠡᠮᠯᠡᠯ᠂ ᠡᠯᠧᠺᠲᠷᠣᠨ | ᠭᠤᠶᠤᠴᠢᠯᠠᠯ ᠤᠨ ᠬᠦᠰᠦᠨᠦᠭᠲᠦ᠂ ᠰᠦᠯᠵᠢᠶᠡᠨ ᠳᠡᠭᠡᠷ᠎ᠡ ᠠᠴᠠ ᠪᠠᠭᠤᠯᠭᠠᠭᠰᠠᠨ ᠨᠡᠭᠦᠬᠦ ᠵᠥᠪᠰᠢᠶᠡᠷᠡᠯ ᠤᠨ ᠭᠡᠷᠡᠴᠢ᠂ | ᠡᠷᠦᠬᠡ ᠠᠮᠠ ᠶᠢᠨ ᠳᠠᠩᠰᠠ ᠶᠢᠨ ᠲᠠᠷᠣᠮᠯᠠᠯ ᠢ ᠠᠴᠢᠶᠠᠯᠠᠪᠠᠯ ᠪᠣᠯᠴᠢᠬᠠᠨ᠎ᠠ᠂ ᠡᠨᠡ ᠨᠢ《 ᠲᠤᠭ᠎ᠠ ᠪᠠᠷᠢᠮᠲᠠ ᠶᠢ | ᠠᠰᠢᠭᠯᠠᠨ᠂ ᠣᠯᠠᠨ ᠲᠦᠮᠡᠨ ᠳᠤ ᠳᠦᠭᠦᠮ ᠦᠵᠡᠭᠦᠯᠬᠦ》ᠬᠠᠷᠠᠯᠲᠠ ᠶᠢ ᠦᠨᠡᠨᠬᠦ ᠪᠡᠶᠡᠯᠡᠭᠦᠯᠪᠡ᠃ ︵ᠰᠤᠷᠪᠤᠯᠵᠢᠯᠠᠭᠴᠢ | ᠯᠢᠦ ᠵᠢᠶᠦ᠋ᠨ ᠴᠢᠮᠡᠭᠡᠯᠡᠭᠴᠢ ᠨᠢ ᠵᠢᠶᠦ᠋ᠨ ᠸᠧᠨ︶ |