ᠬᠦᠬᠡᠬᠤᠲᠠ ᠳᠤ ᠳᠡᠯᠡᠬᠡᠢ ᠶᠢᠨ ᠵᠢᠤᠳᠤᠤ ᠪᠦᠬᠡ ᠶᠢᠨ ᠲᠡᠮᠡᠴᠡᠭᠡᠨ ᠪᠤᠯᠵᠦ ᠪᠤᠢ
ᠨᠡᠶᠢᠲᠡᠯᠡᠭᠰᠡᠨ ᠴᠠᠭ᠄
2018-05-28
      ︽ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠳᠤ︾ 2018 ᠤᠨ ᠤ ᠳᠡᠯᠡᠬᠡᠢ ᠶᠢᠨ ᠵᠢᠤᠳᠤᠤ ᠪᠦᠬᠡ ᠶᠢᠨ ᠲᠤᠮᠤ ᠱᠠᠩᠨᠠᠯᠲᠤ ᠲᠡᠮᠡᠴᠡᠭᠡᠨ ᠤ ᠬᠦᠬᠡᠬᠤᠲᠠ ᠦᠷᠲᠡᠭᠡᠨ ᠤ ᠲᠡᠮᠡᠴᠡᠭᠡᠨ 5 ᠰᠠᠷ᠎ᠠ ᠶᠢᠨ 25 ᠤ ᠡᠳᠦᠷ ᠡᠬᠢᠯᠡᠭᠰᠡᠨ ᠪᠠᠶᠢᠨ᠎ᠠ᠃      ᠲᠤᠰ ᠤᠳᠠᠭᠠᠨ ᠤ ᠲᠡᠮᠡᠴᠡᠭᠡᠨ ᠳᠤ ᠳᠤᠮᠳᠠᠳᠤ᠂ ᠠᠮᠤᠷᠢᠺᠠ᠂ ᠠᠩᠭ᠍ᠯᠢ᠂ ᠤᠷᠤᠰ᠂ ᠶᠠᠫᠤᠨ᠂ ᠮᠤᠩᠭᠤᠯ ᠵᠡᠷᠭᠡ 53 ᠤᠯᠤᠰ ᠤᠷᠤᠨ ᠤ 400 ᠭᠠᠷᠤᠢ ᠲᠠᠮᠢᠷᠴᠢᠳ ᠤᠷᠤᠯᠴᠠᠵᠦ᠂ ᠳᠤᠮᠳᠠᠳᠤ ᠤᠯᠤᠰ ᠠᠴᠠ ᠡᠷᠡᠭᠲᠡᠢ ᠡᠮᠡᠭᠲᠡᠢ ᠲᠤᠰᠪᠦᠷᠢ 28 ᠲᠠᠮᠢᠷᠴᠢᠨ ᠤᠷᠤᠯᠴᠠᠨ᠂ ᠡᠭᠦᠨ ᠳᠤ ᠦᠪᠦᠷ ᠮᠤᠩᠭᠤᠯ ᠠᠴᠠ 8 ᠡᠷᠡᠭᠲᠡᠢ᠂ 1 ᠡᠮᠡᠭᠲᠡᠢ ᠲᠠᠮᠢᠷᠴᠢᠨ ᠤᠯᠤᠰ ᠢᠶᠠᠨ ᠲᠦᠯᠦᠭᠡᠯᠡᠨ ᠤᠷᠤᠯᠴᠠᠵᠦ ᠪᠤᠢ᠃ ᠡᠨᠡᠬᠦ ᠲᠡᠮᠡᠴᠡᠭᠡᠨ ᠨᠢ ᠤᠯᠠᠨ ᠤᠯᠤᠰ ᠤᠨ ᠵᠢᠤᠳᠤᠤ ᠪᠦᠬᠡ ᠶᠢᠨ ᠬᠤᠯᠪᠤᠭᠠᠳᠤ ᠬᠤᠷᠠᠯ ᠠᠴᠠ ᠭᠡᠰᠢᠭᠦᠨ ᠤᠯᠤᠰ ᠲᠠᠭᠠᠨ ᠶᠠᠪᠤᠬᠳᠠᠭᠤᠯᠳᠠᠬ A ᠵᠡᠷᠭᠡᠯᠡᠯ ᠤᠨ ᠲᠡᠮᠡᠴᠡᠭᠡᠨ ᠮᠦᠷᠲᠡᠭᠡᠨ 2020 ᠤᠨ ᠤ ᠲᠤᠤᠺᠢᠤ᠋ ᠶᠢᠨ ᠤᠯᠢᠮᠫᠢᠺ ᠤᠨ ᠴᠤᠬᠯᠠᠭᠠᠨ ᠳᠤ ᠬᠤᠪᠢ ᠳᠡᠮᠳᠡᠭᠯᠡᠬᠦ ᠲᠡᠮᠡᠴᠡᠭᠡᠨ ᠪᠤᠯᠤᠨ᠎ᠠ᠃ ᠤᠳᠤᠬᠠᠨ ᠳᠤ ᠠᠽᠢᠶ᠎ᠠ ᠲᠢᠪ ᠠᠴᠠ ᠮᠠᠨ ᠤ ᠤᠯᠤᠰ ᠪᠤᠯᠤᠨ ᠶᠠᠫᠤᠨ ᠤᠯᠤᠰ ᠲᠤ ᠯᠡ ᠡᠨᠡᠬᠦ ᠲᠡᠮᠡᠴᠡᠭᠡᠨ ᠢ ᠵᠤᠬᠢᠶᠠᠨ ᠪᠠᠶᠢᠭᠤᠯᠵᠦ ᠪᠠᠢᠨ᠎ᠠ᠃      ᠲᠡᠮᠡᠴᠡᠭᠡᠨ ᠤ ᠨᠡᠶᠢᠲᠡ ᠱᠠᠩᠨᠠᠯ ᠤᠨ ᠮᠦᠩᠭᠦ ᠨᠢ 10 ᠲᠦᠮᠡᠨ ᠳ᠋ᠤᠯᠯᠠᠷ ᠪᠠᠶᠢᠵᠤ᠂ ᠡᠷᠡᠭᠲᠡᠢ ᠡᠮᠡᠭᠲᠡᠢ ᠶᠢᠨ ᠲᠤᠰᠪᠦᠷᠢ ᠶᠢᠨ ᠳᠤᠯᠤᠭᠠᠨ ᠵᠡᠷᠭᠡᠯᠡᠯ ᠤᠨ ᠪᠠᠷᠢᠯᠳᠤᠭᠠᠨ ᠢᠶᠠᠷ 3 ᠡᠳᠦᠷ ᠦᠷᠭᠦᠯᠵᠢᠯᠡᠨ᠎ᠡ᠃ 25 ᠤ ᠦᠳᠡ ᠶᠢᠨ ᠬᠤᠶᠢᠨ᠎ᠠ ᠶᠢᠨ ᠪᠠᠷᠢᠯᠳᠤᠭᠠᠨ ᠢᠶᠠᠷ ᠤᠯᠤᠰ ᠢᠶᠠᠨ ᠲᠦᠯᠦᠭᠡᠯᠡᠨ ᠪᠠᠷᠢᠯᠳᠤᠬᠰᠠᠨ ᠦᠪᠦᠷ ᠮᠤᠩᠭᠤᠯ ᠤᠨ ᠲᠠᠮᠢᠷᠴᠢᠨ ᠡᠦ ᠱᠦ ᠭᠦ᠋ᠨ ᠡᠮᠡᠭᠲᠡᠢ ᠶᠢᠨ 52 ᠺᠢᠯᠤᠭ᠍ᠷᠠᠮ ᠤᠨ ᠵᠢᠩ ᠳᠤ ᠮᠦᠩᠭᠦᠨ ᠮᠤᠳᠠᠯ ᠭᠠᠷᠳᠠᠵᠠᠢ᠃
 
ᠢᠷᠡᠯᠲᠡ᠄ ᠰᠢᠨᠬᠤᠸᠠ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号