ᠰᠢᠨ᠎ᠡ ᠬᠤᠲᠠ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠶᠠᠳᠠᠭᠤ ᠶᠢ ᠲᠡᠳᠬᠦᠬᠦ ᠠᠵᠢᠯ ᠤᠨ ᠪᠣᠷᠣᠬᠤᠰᠢᠭᠤ  ᠪᠠᠯᠭᠠᠰᠤᠨ ᠤ ᠪᠠᠭ᠎ᠠ ᠰᠤᠷᠭᠠᠭᠤᠯᠢ  ᠳᠠᠬᠢ ᠠᠵᠢᠯᠯᠠᠭ᠎ᠠ
ᠨᠡᠶᠢᠲᠡᠯᠡᠭᠰᠡᠨ ᠴᠠᠭ᠄
2018-05-29
     5 ᠰᠠᠷ᠎ᠠ ᠶᠢᠨ 28 ᠤ ᠦᠳᠡ ᠶᠢᠨ ᠡᠮᠦᠨ᠎ᠡ᠂ 69 ᠳ᠋ᠦ᠋ᠭᠡᠷ ᠪᠠᠭᠠᠴᠤᠳ ᠬᠡᠣᠬᠡᠳ ᠤᠨ ᠪᠠᠶᠠᠷ ᠪᠣᠯᠬᠤ ᠲᠠᠰᠢᠷᠠᠮ ᠪᠠᠷ ᠰᠢᠨ᠎ᠡ ᠬᠤᠲᠠ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠣᠷᠣᠬᠤᠰᠢᠭᠤ  ᠪᠠᠯᠭᠠᠰᠦᠨ ᠤ ᠪᠠᠭ᠎ᠠ ᠰᠤᠷᠭᠠᠭᠤᠯᠢ ᠶᠢᠨ ᠡᠷᠭᠢᠯᠡᠭᠰᠡᠨ ᠵᠢᠷᠭᠤᠭᠠᠨ ᠰᠠᠷ᠎ᠠ ᠶᠢᠨ ᠨᠢᠭᠡᠨ ᠤ ᠬᠠᠶᠢᠷ᠎ᠠ ᠶᠢᠨ ᠬᠠᠨᠳᠢᠪ ᠡᠷᠭᠦᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠨ᠂ ᠬᠥᠳᠡᠭᠡ ᠲᠣᠰᠬᠤᠨ ᠤ ᠪᠠᠭᠠᠴᠤᠳ ᠤᠨ ᠣᠷᠳᠣᠨ ᠤ ᠬᠠᠮᠲᠤᠷᠠᠭᠰᠠᠨ ᠲᠣᠭᠯᠠᠯᠳᠠ ᠶᠢ ᠰᠣᠨᠢᠷᠬᠠᠵᠠᠢ᠃ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠪᠣᠷᠣᠬᠤᠰᠢᠭᠤ ᠪᠠᠭ᠎ᠠ ᠰᠤᠷᠭᠠᠭᠤᠯᠢ ᠶᠢᠨ ᠬᠡᠦᠬᠡᠳ ᠤᠳ ᠲᠤ100 ᠪᠢᠴᠢᠭ ᠤᠨ ᠪᠣᠭᠴᠣ ᠬᠦᠷᠭᠡᠨ᠂ ᠬᠤᠰᠢᠭᠤᠴᠢ ᠠᠩᠭᠢ ᠶᠢᠨ ᠭᠡᠰᠢᠭᠦᠨ ᠳᠤ ᠤᠯᠠᠭᠠᠨ ᠪᠦᠴᠡ ᠵᠡᠭᠦᠯᠭᠡᠬᠦ ᠶᠢᠨ ᠬᠠᠮᠲᠤ ᠬᠠᠶᠢᠷ᠎ᠠ ᠬᠠᠯᠠᠮᠵᠢ ᠶᠢᠨ ᠪᠡᠯᠡᠭ ᠪᠠᠨ ᠭᠠᠷᠳᠠᠭᠤᠯᠤᠭᠰᠠᠨ ᠪᠠᠶᠢᠨ᠎ᠠ᠃ ᠬᠡᠦᠬᠡᠳ ᠪᠣᠯ ᠤᠯᠤᠰ ᠦᠨᠳᠦᠰᠦᠲᠡᠨ ᠤ ᠢᠷᠡᠭᠡᠲᠦᠢ᠂ ᠰᠢᠨ᠎ᠡ ᠬᠤᠲᠠ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠤᠶᠢᠰᠢᠬᠢ ᠠᠵᠢᠯ ᠤᠨ ᠳᠤᠮᠳᠠ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠥᠭᠭᠢᠶᠡᠮᠦᠷ ᠬᠠᠶᠢᠷ᠎ᠠ ᠪᠠᠷ ᠥᠰᠪᠦᠷᠢ ᠬᠡᠣᠬᠡᠳ ᠪᠠᠨ ᠦᠷᠭᠦᠯᠵᠢᠯᠡᠨ ᠬᠠᠯᠠᠮᠵᠢᠯᠠᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号