ᠨᠠᠮ ᠤᠨ ᠠᠷᠪᠠ ᠶᠢᠰᠦᠳᠦᠭᠡᠷ ᠬᠤᠷᠠᠯ  ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠲᠤᠤᠱᠠᠯᠠᠭᠤᠯᠵᠤ ᠡᠳ᠋  ᠤᠨ ᠵᠠᠰᠠᠭ ᠤᠨ ᠪᠠᠲᠤᠯᠠᠭ᠎ᠠ ᠪᠣᠯᠣᠨ ᠠᠷᠠᠳ ᠤᠨ ᠠᠮᠢᠳᠤᠷᠠᠯ  ᠤᠨ ᠬᠢᠷᠢ ᠲᠦᠪᠰᠢᠨ ᠢ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2018-05-29
ᠵᠣᠴᠢᠨ  ᠄ ᠬᠤᠳᠠ ᠶᠢᠨ ᠡᠳ᠋  ᠤᠨ ᠵᠠᠰᠠᠭ  ᠤᠨ ᠳᠡᠳ᠋ ᠲᠣᠪᠴᠢᠶᠠᠨ ᠳᠠᠷᠤᠭ᠎ᠠ ᠵᠣᠣ ᠶᠢᠩ ᠵᠢᠶᠧ  ᠂ ᠰᠤᠷᠭᠠᠨ ᠬᠥᠮᠥᠵᠢᠯ ᠰᠢᠨᠵᠢᠯᠡᠬᠦ ᠤᠬᠠᠭᠠᠨ  ᠤ ᠰᠠᠯᠠᠭ᠎ᠠ  ᠶᠢᠨ ᠰᠠᠯᠠᠭᠠᠨ ᠳᠠᠷᠤᠭ᠎ᠠ ᠲᠥᠩ ᠨᠠ  ᠂ ᠦᠨᠳᠦᠰᠦᠨ ᠱᠠᠲᠤᠨ ᠤ ᠡᠳ᠋  ᠤᠨ ᠵᠠᠰᠠᠭ  ᠤᠨ ᠬᠠᠮᠢᠶᠠᠷᠤᠯᠲᠠ  ᠶᠢᠨ ᠰᠠᠯᠠᠭ᠎ᠠ  ᠶᠢᠨ ᠰᠠᠯᠠᠭᠠᠨ ᠳᠠᠷᠤᠭ᠎ᠠ ᠶᠠᠩ ᠶᠥᠩ ᠮᠧᠢ  ᠂ ᠲᠠᠷᠢᠶᠠᠯᠠᠩ ᠮᠠᠯ ᠠᠵᠤ ᠠᠬᠤᠢ  ᠶᠢᠨ ᠰᠠᠯᠠᠭ᠎ᠠ  ᠶᠢᠨ ᠰᠠᠯᠠᠭᠠᠨ ᠳᠠᠷᠤᠭ᠎ᠠ ᠵᠠᠩ ᠸᠧᠢ ᠳ᠋ᠦᠩ  ᠂ ᠠᠵᠤ ᠠᠬᠤᠢ  ᠶᠢᠨ ᠪᠦᠲᠦᠭᠡᠨ ᠪᠠᠶᠢᠭᠤᠯᠤᠯᠲᠠ  ᠶᠢᠨ ᠰᠠᠯᠠᠭ᠎ᠠ  ᠶᠢᠨ ᠳᠡᠳ᠋ ᠰᠠᠯᠠᠭᠠᠨ ᠳᠠᠷᠤᠭ᠎ᠠ ᠭᠡᠷᠡᠯ᠂ ᠨᠡᠶᠢᠬᠡᠮ  ᠤᠨ ᠪᠠᠲᠤᠯᠠᠭ᠎ᠠ  ᠶᠢᠨ ᠰᠠᠯᠠᠭ᠎ᠠ  ᠶᠢᠨ ᠶᠢᠨ ᠰᠢᠶᠦᠦ ᠴᠧᠨ
      ﹇ᠬᠠᠮᠢᠶᠠᠷᠤᠭᠴᠢ  ﹈ ᠲᠤᠰ ᠤᠳᠠᠭᠠᠨ ᠤ ᠰᠤᠷᠪᠤᠯᠵᠢᠯᠠᠭ᠎ᠠ ᠶᠢ ᠬᠥᠬᠡᠬᠤᠲᠠ ᠶᠢᠨ ᠵᠠᠰᠠᠭ ᠤᠨ ᠣᠷᠳᠣᠨ ᠤ ᠰᠥᠯᠵᠢᠶ᠎ᠡ ᠪᠠ ᠬᠥᠬᠡᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠨᠡᠪᠲᠡᠷᠡᠭᠦᠯᠭᠡ ᠠᠴᠠ ᠬᠠᠮᠲᠤᠷᠠᠭᠰᠠᠨ ᠡᠷᠬᠢᠯᠡᠪᠡ᠃ ᠰᠦᠯᠵᠢᠶᠡᠨ ᠤ ᠨᠥᠬᠦᠳ  ᠦᠭᠡ ᠦᠯᠡᠳᠡᠭᠡᠵᠦ ᠮᠠᠨ ᠤ ᠰᠡᠳᠦᠪ ᠲᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃       ﹇ᠬᠥᠲᠥᠯᠥᠭᠴᠢ﹈ ᠶᠡᠷᠥᠩᠬᠡᠢ ᠱᠥᠵᠢ ᠰᠢ ᠶᠢᠨ ᠫᠢᠩ ᠨᠠᠮ  ᠤᠨ ᠠᠷᠪᠠ ᠶᠢᠰᠦᠳᠦᠭᠡᠷ ᠬᠤᠷᠠᠯ ᠳᠡᠭᠡᠷ᠎ᠡ ᠠᠷᠠᠳ  ᠤᠨ ᠠᠮᠢᠳᠤᠷᠠᠯ ᠤᠨ ᠪᠠᠲᠤᠯᠠᠭ᠎ᠠ  ᠶᠢ ᠳᠡᠭᠡᠭᠰᠢᠯᠡᠭᠦᠯᠦᠨ ᠰᠠᠶᠢᠵᠢᠷᠠᠭᠤᠯᠵᠤ  ᠂ ᠨᠡᠶᠢᠬᠡᠮ  ᠤᠨ ᠵᠠᠰᠠᠯᠲᠠ  ᠶᠢ ᠴᠢᠩᠭᠠᠳᠬᠠᠵᠤ ᠰᠢᠨ᠎ᠡ  ᠶᠢ ᠡᠭᠦᠳᠬᠦ ᠬᠡᠷᠡᠭᠲᠡᠢ ᠭᠡᠵᠦ ᠪᠢᠯᠡ  ᠃ ᠲᠡᠭᠡᠪᠡᠯ ᠬᠤᠲᠠ  ᠶᠢᠨ ᠡᠳ᠋  ᠤᠨ ᠵᠠᠰᠠᠭ  ᠤᠨ ᠲᠣᠪᠴᠢᠶ᠎ᠠ  ᠠᠴᠠ ᠬᠡᠷᠬᠢᠨ ᠡᠭᠦᠷᠭᠡ ᠬᠠᠷᠢᠭᠤᠴᠠᠯᠭ᠎ᠠ ᠪᠠᠨ ᠪᠠᠳᠠᠷᠠᠭᠤᠯᠵᠤ  ᠂ ᠨᠠᠮ  ᠤᠨ ᠠᠷᠪᠠ ᠶᠢᠰᠦᠳᠦᠭᠡᠷ ᠬᠤᠷᠠᠯ  ᠤᠨ ᠵᠣᠷᠢᠭ ᠰᠠᠨᠠᠭ᠎ᠠ  ᠶᠢ ᠲᠤᠤᠱᠠᠯᠠᠭᠤᠯᠤᠨ ᠨᠠᠶᠢᠲᠠᠪᠤᠷᠢᠵᠢᠭᠤᠯᠵᠤ  ᠂ ᠠᠷᠠᠳ  ᠤᠨ ᠠᠮᠢᠳᠤᠷᠠᠯ ᠤᠨ ᠪᠠᠲᠤᠯᠠᠭ᠎ᠠ  ᠶᠢ ᠳᠡᠭᠡᠭᠰᠢᠯᠡᠭᠦᠯᠦᠨ ᠰᠠᠶᠢᠵᠢᠷᠠᠭᠤᠯᠤᠭᠰᠠᠨ ᠪᠤᠢ  ︖       ﹇ᠵᠣᠴᠢᠨ﹈ ᠣᠷᠴᠢᠮ  ᠤᠨ ᠵᠢᠯ  ᠤᠳ  ᠲᠤ  ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠵᠤ ᠠᠬᠤᠢ  ᠶᠢᠨ ᠰᠢᠨ᠎ᠡ ᠬᠡᠪ ᠪᠠᠶᠢᠳᠠᠯ  ᠳᠤ  ᠢᠳᠡᠪᠬᠢᠲᠡᠶ ᠲᠣᠬᠢᠷᠠᠯᠴᠠᠨ᠂ ᠡᠯ᠎ᠡ ᠵᠦᠢᠯ ᠤᠨ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠣᠷᠣᠯᠭ᠎ᠠ ᠶᠢᠨ ᠠᠵᠢᠯ ᠢ ᠬᠦᠴᠦᠲᠡᠶ ᠠᠳᠬᠤᠵᠤ᠂ ᠵᠠᠷᠤᠯᠭ᠎ᠠ ᠶᠢᠨ ᠪᠦᠲᠦᠴᠡ ᠶᠢ ᠤᠯᠠᠮ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ  ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠴᠢᠷᠮᠠᠶᠢᠨ ᠦᠢᠯᠡᠴᠢᠯᠡᠭᠰᠡᠭᠡᠷ ᠢᠷᠡᠪᠡ᠃ 2017 ᠣᠨ ᠳᠤ ᠪᠥᠬᠦ ᠬᠤᠲᠠ ᠶᠢᠨ ᠡ᠊ᠩ ᠤᠨ ᠤᠯᠠᠨ ᠨᠡᠶᠢᠲᠡ ᠶᠢᠨ ᠲᠥᠰᠦᠪ ᠤᠨ ᠶᠡᠷᠦᠩᠬᠡᠶ ᠵᠠᠷᠤᠯᠭ᠎ᠠ 402.3 ᠳ᠋ᠦᠩᠰᠢᠭᠤᠷ ᠲᠥᠭᠦᠷᠢᠭ ᠠᠴᠠ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠵᠠᠷᠤᠳᠠᠯ 294.6 ᠳ᠋ᠦᠩᠰᠢᠭᠤᠷ ᠲᠥᠭᠦᠷᠢᠭ ᠲᠤ ᠬᠦᠷᠴᠦ᠂  73.2%  ᠢ ᠡᠵᠡᠯᠡᠭᠰᠡᠨ ᠪᠠᠶᠢᠨ᠎ᠠ  ᠃ ᠰᠢ ᠶᠢᠨ ᠫᠢᠡᠭ ᠤᠨ ᠰᠢᠨ᠎ᠡ ᠴᠠᠭ ᠦᠶ᠎ᠠ ᠶᠢᠨ ᠲᠣᠮᠳᠠᠳᠣ ᠣᠯᠥᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ  ᠂ ᠨᠠᠮ  ᠤᠨ ᠠᠷᠪᠠ ᠶᠢᠰᠦᠳᠦᠭᠡᠷ ᠬᠤᠷᠠᠯ ᠳᠡᠭᠡᠷ᠎ᠡ ᠳᠤᠷᠠᠳᠤᠭᠰᠠᠨ ᠡᠯ᠎ᠡ ᠵᠥᠢᠯ  ᠤᠨ ᠠᠷᠠᠳ  ᠲᠤ ᠠᠰᠢᠭ ᠲᠠᠢ ᠲᠥᠷᠥ  ᠶᠢᠨ ᠪᠣᠳᠣᠯᠭ᠎ᠠ ᠶᠢ ᠢᠳᠡᠪᠬᠢᠲᠡᠢ ᠨᠠᠶᠢᠲᠠᠪᠤᠷᠢᠵᠢᠭᠤᠯᠵᠤ  ᠂ ᠬᠥᠭᠵᠢᠯᠲᠡ ᠪᠣᠯᠣᠨ ᠠᠷᠠᠳ  ᠤᠨ ᠠᠰᠢᠭ ᠲᠤᠰᠠ  ᠶᠢ ᠤᠶᠠᠯᠳᠤᠭᠤᠯᠵᠤ  ᠂ ᠡᠳ᠋  ᠤᠨ ᠵᠠᠰᠠᠭ  ᠤᠨ ᠣᠷᠣᠭᠤᠯᠤᠯᠲᠠ ᠶᠢᠨ ᠪᠠᠶᠢᠭᠤᠯᠤᠮᠵᠢ  ᠶᠢ ᠰᠠᠶᠢᠵᠢᠷᠠᠭᠤᠯᠵᠤ  ᠂ ᠡᠳ᠋  ᠤᠨ ᠵᠠᠰᠠᠭ  ᠤᠨ ᠵᠠᠷᠤᠯᠭ᠎ᠠ  ᠶᠢᠨ ᠪᠦᠲᠦᠴᠡ  ᠳᠤ ᠵᠣᠬᠢᠰᠲᠠᠢ ᠲᠣᠬᠢᠷᠠᠭᠤᠯᠤᠯᠲᠠ ᠬᠢᠵᠦ  ᠂ ᠰᠤᠷᠭᠠᠨ ᠬᠥᠮᠥᠵᠢᠯ  ᠂ ᠠᠵᠢᠯ  ᠣᠯᠭᠣᠬᠤ᠂ ᠨᠡᠶᠢᠬᠡᠮ  ᠤᠨ ᠪᠠᠲᠤᠯᠠᠭ᠎ᠠ  ᠂ ᠶᠠᠳᠠᠭᠤ  ᠠᠴᠠ ᠠᠩᠭᠢᠵᠢᠷᠠᠭᠤᠯᠬᠤ ᠵᠡᠷᠭᠡ ᠠᠷᠠᠳ  ᠤᠨ ᠠᠮᠢᠳᠤᠷᠠᠯ  ᠳᠤ ᠬᠤᠯᠪᠣᠭᠳᠠᠬᠤ ᠬᠦᠷᠢᠶ᠎ᠡ ᠬᠡᠪᠴᠢᠶᠡᠨ  ᠳᠠᠬᠢ ᠣᠷᠣᠭᠤᠯᠤᠯᠲᠠ  ᠪᠠᠨ ᠴᠢᠩᠭᠠᠳᠬᠠᠵᠤ  ᠂ ᠣᠯᠠᠨ ᠵᠥᠢᠯ  ᠤᠨ ᠪᠦᠲᠦᠮᠵᠢᠲᠡᠢ ᠠᠷᠭ᠎ᠠ ᠠᠪᠴᠠᠯ ᠬᠡᠷᠡᠭᠯᠡᠨ ᠬᠤᠲᠠ  ᠶᠢᠨ ᠡᠯ᠎ᠡ ᠲᠥᠷᠥᠯ  ᠤᠨ ᠠᠷᠠᠳ  ᠤᠨ ᠠᠮᠢᠳᠤᠷᠠᠯ  ᠤᠨ ᠦᠢᠯᠡᠰ  ᠤᠨ ᠬᠥᠭᠵᠢᠯᠲᠡ  ᠶᠢ ᠬᠦᠴᠦᠲᠡᠢ ᠠᠬᠢᠭᠤᠯᠪᠠ  ᠃       ﹇ᠬᠥᠲᠥᠯᠥᠭᠴᠢ﹈ 2017 ᠣᠨ  ᠤ ᠰᠤᠷᠭᠠᠨ ᠬᠥᠮᠥᠵᠢᠯ  ᠤᠨ ᠪᠡᠯᠡ ᠮᠥᠩᠭᠦ  ᠶᠢ ᠬᠡᠷᠡᠭᠯᠡᠭᠰᠡᠨ ᠪᠠᠶᠢᠳᠠᠯ  ᠢ ᠲᠠᠨᠢᠯᠴᠠᠭᠤᠯᠵᠤ ᠥᠭᠭᠦᠨᠡᠦ  ︖       ﹇ᠵᠣᠴᠢᠨ﹈ ᠨᠠᠮ  ᠤᠨ ᠠᠷᠪᠠ ᠶᠢᠰᠦᠳᠦᠭᠡᠷ ᠬᠤᠷᠠᠯ  ᠶᠢᠨ ᠮᠡᠳᠡᠭᠦᠯᠦᠯᠲᠡ  ᠳᠤ  ᠄ ︽ᠰᠤᠷᠭᠠᠨ ᠬᠥᠮᠥᠵᠢᠯ  ᠤᠨ ᠦᠢᠯᠡᠰ  ᠢ ᠤᠷᠢᠳᠠᠪᠠᠷ ᠬᠥᠭᠵᠢᠭᠦᠯᠦᠨ᠎ᠡ᠃ ᠬᠤᠲᠠ ᠬᠥᠳᠡᠭᠡ  ᠶᠢᠨ ᠠᠯᠪᠠᠨ ᠵᠢᠷᠤᠮ  ᠤᠨ ᠰᠤᠷᠭᠠᠨ ᠬᠥᠮᠥᠵᠢᠯ ᠤᠨ ᠨᠢᠭᠡ ᠴᠣᠭᠴᠠᠲᠤ ᠬᠥᠭᠵᠢᠯᠲᠡ  ᠶᠢ ᠠᠬᠢᠭᠤᠯᠤᠨ᠎ᠠ  ᠃︾ ᠭᠡᠵᠦ ᠵᠢᠭᠠᠨ ᠭᠠᠷᠭᠠᠪᠠ  ᠃ ᠰᠤᠷᠭᠠᠨ ᠬᠥᠮᠥᠵᠢᠯ  ᠤᠨ ᠡᠳ᠋  ᠤᠨ ᠵᠠᠰᠠᠭ  ᠤᠨ ᠣᠷᠣᠭᠤᠯᠤᠯᠲᠠ ᠪᠣᠯ ᠰᠤᠷᠭᠠᠨ ᠬᠥᠮᠥᠵᠢᠯ  ᠤᠨ ᠦᠢᠯᠡᠰ  ᠤᠨ ᠬᠥᠭᠵᠢᠯᠲᠡ  ᠶᠢᠨ ᠴᠢᠬᠤᠯᠠ ᠪᠣᠳᠠᠰ  ᠤᠨ ᠰᠠᠭᠤᠷᠢ ᠮᠥᠨ  ᠂ ᠣᠯᠠᠨ ᠨᠡᠶᠢᠲᠡ  ᠶᠢᠨ ᠡᠳ᠋  ᠤᠨ ᠵᠠᠰᠠᠭ  ᠤᠨ ᠪᠠᠲᠤᠯᠠᠭ᠎ᠠ  ᠶᠢᠨ ᠭᠤᠣᠯᠳᠠᠯᠭ᠎ᠠ ᠮᠥᠨ  ᠃  ᠣᠷᠴᠢᠮ  ᠤᠨ ᠵᠢᠯ  ᠤᠳ  ᠲᠤ ᠨᠠᠮ  ᠤᠨ ᠲᠥᠪ ᠬᠤᠷᠢᠶ᠎ᠠ  ᠂ ᠥᠪᠡᠷᠳᠡᠭᠡᠨ ᠵᠠᠰᠠᠬᠤ ᠣᠷᠣᠨ ᠵᠢᠴᠢ ᠮᠠᠨ  ᠤ ᠬᠤᠲᠠ  ᠠᠴᠠ ᠠᠯᠢ ᠣᠯᠠᠨ ᠰᠤᠷᠭᠠᠨ ᠬᠥᠮᠥᠵᠢᠯ  ᠤᠨ ᠦᠢᠯᠡᠰ  ᠢ ᠳᠡᠮᠵᠢᠬᠦ ᠲᠥᠷᠥ  ᠶᠢᠨ ᠪᠣᠳᠣᠯᠭ᠎ᠠ ᠨᠡᠶᠢᠲᠡᠯᠡᠪᠡ  ᠂ ᠵᠢᠱᠢᠶᠡᠯᠡᠪᠡᠯ  ᠄ ᠮᠣᠩᠭᠤᠯ  ᠢᠶᠠᠷ ᠬᠢᠴᠢᠶᠡᠯᠯᠡᠵᠦ ᠪᠠᠶᠢᠭ᠎ᠠ ᠰᠤᠷᠬᠤ ᠨᠠᠰᠤᠨ  ᠠᠴᠠ ᠡᠮᠦᠨᠡᠬᠢ ᠲᠥᠯᠥᠪᠦᠷᠢ ᠦᠭᠡᠢ ᠰᠤᠷᠭᠠᠨ ᠬᠥᠮᠥᠵᠢᠯ ᠤᠨ ᠲᠥᠷᠥ  ᠶᠢᠨ ᠪᠣᠳᠣᠯᠭ᠎ᠠ ; ᠡᠩ  ᠤᠨ ᠳᠡᠭᠡᠳᠦ ᠳᠤᠮᠳᠠᠳᠤ  ᠂  ᠠᠵᠢᠯ ᠮᠡᠷᠭᠡᠵᠢᠯ  ᠤᠨ ᠬᠠᠮᠢᠶ᠎ᠠ ᠲᠠᠢ ᠰᠤᠷᠭᠠᠭᠤᠯᠢ  ᠳᠤ ᠰᠤᠷᠤᠯᠭ᠎ᠠ  ᠶᠢᠨ ᠨᠥᠬᠦᠪᠦᠷᠢ ᠣᠯᠭᠤᠬᠤ ᠳᠦᠷᠢᠮ  ; ᠮᠠᠯᠵᠢᠬᠤ ᠲᠠᠷᠢᠶᠠᠯᠠᠬᠤ ᠣᠷᠣᠨ ᠶᠠᠳᠠᠭᠤ ᠬᠦᠴᠢᠷᠳᠡᠯᠲᠡᠢ ᠠᠶᠢᠯ  ᠤᠨ ᠰᠤᠷᠤᠭᠴᠢ  ᠳᠤ ᠨᠥᠬᠦᠪᠦᠷᠢ ᠣᠯᠭᠤᠬᠤ ; ᠳᠤᠮᠳᠠ ᠵᠡᠷᠭᠡ  ᠶᠢᠨ  ᠠᠵᠢᠯ ᠮᠡᠷᠭᠡᠵᠢᠯ  ᠤᠨ ᠬᠠᠮᠢᠶ᠎ᠠ ᠲᠠᠢ ᠰᠤᠷᠭᠠᠭᠤᠯᠢ ᠪᠣᠯᠣᠨ ᠡᠩ  ᠤᠨ ᠳᠡᠭᠡᠳᠦ ᠳᠤᠮᠳᠠᠳᠤ ᠰᠤᠷᠭᠠᠭᠤᠯᠢ  ᠳᠤ ᠬᠤᠶᠠᠷ  ᠢ ᠬᠠᠰᠤᠬᠤ ᠲᠥᠬᠦᠷ ᠮᠥᠩᠭᠦ ᠣᠯᠭᠤᠬᠤ ᠲᠥᠷᠥ  ᠶᠢᠨ ᠪᠣᠳᠣᠯᠭ᠎ᠠ ᠵᠡᠷᠭᠡ  ᠪᠤᠢ᠃ 2017 ᠣᠨ  ᠳᠤ ᠪᠦᠬᠦ ᠬᠤᠲᠠ  ᠶᠢᠨ ᠰᠤᠷᠭᠠᠨ ᠬᠥᠮᠥᠵᠢᠯ  ᠳᠤ ᠨᠡᠶᠢᠲᠡ  53.59 ᠳ᠋ᠦᠩᠰᠢᠭᠤᠷ ᠲᠥᠭᠦᠷᠢᠭ ᠵᠠᠷᠤᠴᠠᠭᠤᠯᠵᠤ  ᠂ ᠬᠤᠲᠠ  ᠶᠢᠨ ᠱᠠᠲᠤᠨ  ᠳᠤ 8.46 ᠳ᠋ᠦᠩᠰᠢᠭᠤᠷ ᠲᠥᠭᠦᠷᠢᠭ ᠬᠦᠷᠪᠡ  ᠃  ﹇ᠬᠤᠶᠠᠷ  ᠢ ᠬᠠᠰᠤᠬᠤ﹈ ᠨᠥᠬᠦᠪᠦᠷᠢ ᠮᠥᠩᠭᠦ 1.03  ᠳ᠋ᠦᠩᠰᠢᠭᠤᠷ ᠲᠥᠭᠦᠷᠢᠭ  ᠂ ᠪᠠᠶᠢᠷᠢ  ᠳᠤ ᠰᠠᠭᠤᠭ᠎ᠠ ᠮᠠᠯᠵᠢᠬᠤ ᠲᠠᠷᠢᠶᠠᠯᠠᠬᠤ ᠣᠷᠣᠨ  ᠤ ᠶᠠᠳᠠᠭᠤ ᠬᠦᠴᠢᠷᠳᠡᠯᠲᠡᠢ ᠰᠤᠷᠤᠭᠴᠢ  ᠶᠢᠨ ᠠᠮᠢᠳᠤᠷᠠᠯ  ᠤᠨ ᠨᠥᠬᠦᠪᠦᠷᠢ ᠮᠥᠩᠭᠦ 1855 ᠲᠦᠮᠡᠨ ᠲᠥᠭᠦᠷᠢᠭ  ᠂ ᠮᠣᠩᠭᠤᠯ  ᠢᠶᠠᠷ ᠬᠢᠴᠢᠶᠡᠯᠯᠡᠬᠦ ᠰᠤᠷᠤᠭᠴᠢ  ᠶᠢᠨ ᠠᠰᠠᠷᠠᠨ ᠬᠥᠮᠥᠵᠢᠭᠦᠯᠬᠦ ᠰᠦᠢᠳᠬᠡᠯ ᠢ ᠬᠠᠰᠤᠬᠤ  ᠪᠡᠯᠡ ᠮᠥᠩᠭᠦ 369 ᠲᠦᠮᠡᠨ ᠲᠥᠭᠦᠷᠢᠭ ᠰᠠᠯᠭᠠᠵᠤ  ᠂ ᠡᠯ᠎ᠡ ᠵᠥᠢᠯ  ᠤᠨ ᠨᠥᠬᠦᠪᠦᠷᠢ ᠮᠥᠩᠭᠦ ᠶᠢ ᠬᠢᠲᠤᠭᠠᠨ ᠢᠷ ᠳᠡᠭᠡᠷ᠎ᠡ ᠨᠢ ᠬᠡᠷᠡᠭᠯᠡᠬᠦ ᠶᠢ ᠪᠠᠲᠤᠯᠠᠪᠠ  ᠃       ﹇ᠬᠥᠲᠥᠯᠥᠭᠴᠢ﹈ ᠲᠡᠭᠡᠪᠡᠯ  ᠂ 2018 ᠣᠨ  ᠤ ᠲᠥᠰᠥᠯ  ᠳᠤ ᠶᠠᠮᠠᠷ ᠶᠠᠮᠠᠷ ᠪᠡᠯᠡ ᠮᠥᠩᠭᠦ ᠲᠣᠬᠢᠷᠠᠭᠤᠯᠪᠠ  ︖       ﹇ᠵᠣᠴᠢᠨ﹈ 2018 ᠣᠨ  ᠳᠤ  ᠂ ᠬᠤᠲᠠ  ᠶᠢᠨ ᠰᠤᠷᠭᠠᠨ ᠬᠥᠮᠥᠵᠢᠯ  ᠤᠨ ᠰᠠᠯᠠᠭ᠎ᠠ ᠮᠥᠴᠢᠷ  ᠤᠨ 8.19 ᠳ᠋ᠦᠩᠰᠢᠭᠤᠷ ᠲᠥᠭᠦᠷᠢᠭ ᠤᠨ ᠲᠥᠰᠥᠯ  ︵ᠡᠭᠦᠨ  ᠳᠤ  ᠄ ᠦᠨᠳᠦᠰᠦᠨ ᠲᠥᠰᠥᠯ 4.07 ᠳ᠋ᠦᠩᠰᠢᠭᠤᠷ ᠲᠥᠭᠦᠷᠢᠭ  ᠂ ᠲᠥᠷᠥᠯ ᠵᠥᠢᠯ  ᠤᠨ ᠲᠥᠰᠥᠯ 4.12 ᠳ᠋ᠦᠩᠰᠢᠭᠤᠷ ᠲᠥᠭᠦᠷᠢᠭ  ︶᠂ ᠠᠵᠢᠯ ᠮᠡᠷᠭᠡᠵᠢᠯ  ᠤᠨ ᠳᠡᠭᠡᠳᠦ ᠰᠤᠷᠭᠠᠭᠤᠯᠢ  ᠶᠢᠨ ᠰᠠᠯᠠᠭ᠎ᠠ ᠮᠥᠴᠢᠷ  ᠤᠨ 2.1 ᠳ᠋ᠦᠩᠰᠢᠭᠤᠷ ᠲᠥᠭᠦᠷᠢᠭ ᠤᠨ ᠲᠥᠰᠥᠯ ︵ᠡᠭᠦᠨ  ᠳᠤ ᠦᠨᠳᠦᠰᠦᠨ ᠲᠥᠰᠥᠯ 1.39 ᠳ᠋ᠦᠩᠰᠢᠭᠤᠷ ᠲᠥᠭᠦᠷᠢᠭ  ᠂ ᠲᠥᠷᠥᠯ ᠵᠥᠢᠯ  ᠤᠨ ᠲᠥᠰᠥᠯ 0.71 ᠳ᠋ᠦᠩᠰᠢᠭᠤᠷ ᠲᠥᠭᠦᠷᠢᠭ  ︶  ᠢ ᠵᠥᠪᠰᠢᠶᠡᠷᠡᠪᠡ  ᠂ ᠡᠨᠡ ᠨᠢ ᠳᠡᠭᠡᠷ᠎ᠡ ᠵᠢᠯ  ᠤᠨ ᠬᠢ  ᠠᠴᠠ 4700 ᠲᠦᠮᠡ ᠭᠠᠷᠤᠢ ᠲᠥᠭᠦᠷᠢᠭ ᠨᠡᠮᠡᠭᠳᠡᠵᠡᠢ  ᠃      ﹇ᠬᠥᠲᠥᠯᠥᠭᠴᠢ﹈ ᠣᠯᠠᠨ ᠲᠦᠮᠡᠨ  ᠤ ᠰᠣᠶᠣᠯ  ᠤᠨ ᠦᠢᠯᠡᠰ  ᠤᠨ ᠬᠥᠭᠵᠢᠯᠲᠡ  ᠶᠢᠨ ᠳᠡᠮᠵᠢᠬᠦ ᠲᠠᠯ᠎ᠠ  ᠪᠠᠷ 2017 ᠣᠨ  ᠳᠤ ᠭᠤᠣᠯᠳᠠᠭᠤ ᠶᠠᠮᠠᠷ ᠶᠠᠮᠠᠷ ᠪᠡᠯᠡ ᠮᠥᠩᠭᠦ ᠰᠠᠯᠭᠠᠵᠤ  ᠂ 2018 ᠣᠨ  ᠤ ᠲᠥᠰᠥᠯ  ᠳᠡᠭᠡᠨ ᠶᠠᠮᠠᠷ ᠶᠠᠮᠠᠷ ᠪᠡᠯᠡ ᠮᠥᠩᠭᠦ ᠲᠣᠬᠢᠷᠠᠭᠤᠯᠪᠠ  ︖      ﹇ᠵᠣᠴᠢᠨ﹈ 2017 ᠣᠨ  ᠳᠤ  ᠂ ᠬᠤᠲᠠ  ᠶᠢᠨ ᠡᠳ᠋  ᠤᠨ ᠵᠠᠰᠠᠭ  ᠤᠨ ᠲᠣᠪᠴᠢᠶ᠎ᠠ  ᠠᠴᠠ  ᠰᠣᠶᠣᠯ ᠪᠡᠶ᠎ᠡ ᠲᠠᠮᠢᠷ  ᠤᠨ ᠣᠷᠣᠭᠤᠯᠤᠯᠲᠠ  ᠶᠢ ᠰᠠᠨᠠᠭᠠᠴᠢᠯᠠᠭ᠎ᠠ ᠲᠠᠢ  ᠪᠠᠷ ᠴᠢᠩᠭᠠᠳᠬᠠᠵᠤ  ᠂ ᠪᠦᠬᠦ ᠬᠤᠲᠠ  ᠶᠢᠨ ᠰᠣᠶᠣᠯ ᠪᠡᠶ᠎ᠡ ᠲᠠᠮᠢᠷ  ᠤᠨ ᠦᠢᠯᠡᠰ  ᠲᠤ 18.76 ᠳ᠋ᠦᠩᠰᠢᠭᠤᠷ ᠲᠥᠭᠦᠷᠢᠭ ᠵᠠᠷᠤᠴᠠᠭᠤᠯᠵᠤ  ᠂ ᠬᠤᠲᠠ  ᠶᠢᠨ ᠱᠠᠲᠤᠨ  ᠳᠤ 10.64ᠳ᠋ᠦᠩᠰᠢᠭᠤᠷ ᠲᠥᠭᠦᠷᠢᠭ ᠵᠠᠷᠤᠴᠠᠭᠤᠯᠵᠤ  ᠂ ᠭᠤᠣᠯᠳᠠᠭᠤ ᠣᠯᠠᠨ ᠲᠦᠮᠡᠨ  ᠤ ᠰᠣᠶᠣᠯ ᠪᠡᠶ᠎ᠡ ᠲᠠᠮᠢᠷ  ᠤᠨ ᠬᠥᠳᠡᠯᠭᠡᠭᠡᠨ  ᠂ ᠴᠠᠭᠠᠨ ᠰᠠᠷ᠎ᠠ  ᠂ ᠠᠷᠪᠠᠨ ᠲᠠᠪᠤᠨ  ᠤ ᠰᠦᠮ᠎ᠡ  ᠶᠢᠨ ᠨᠠᠶᠢᠷ  ᠂ ᠷᠠᠳᠢᠤ᠋ ᠨᠡᠪᠲᠡᠷᠡᠭᠦᠯᠭᠡ ᠲᠧᠯᠸᠢᠰ  ᠤᠨ ᠪᠦᠷᠬᠦᠯᠲᠡ  ᠂ ᠳᠤᠷᠠᠰᠬᠠᠯ  ᠤᠨ ᠣᠷᠳᠣᠨ ᠮᠦᠽᠧᠢ  ᠶᠢᠨ ᠲᠥᠯᠥᠪᠦᠷᠢ ᠦᠭᠡᠢ ᠨᠡᠭᠡᠭᠡᠬᠦ  ᠂ ᠡᠯ᠎ᠡ ᠵᠥᠢᠯ  ᠤᠨ ᠰᠣᠶᠣᠯ ᠪᠡᠶ᠎ᠡ ᠲᠠᠮᠢᠷ  ᠤᠨ ᠲᠥᠬᠦᠷᠦᠮᠵᠢ  ᠶᠢ ᠪᠦᠲᠦᠭᠡᠨ ᠪᠠᠶᠢᠭᠤᠯᠬᠤ ᠰᠦᠢᠳᠬᠡᠯ ᠵᠡᠷᠭᠡ  ᠳᠤ ᠬᠡᠷᠡᠭᠯᠡᠪᠡ  ᠃      ﹇ᠬᠥᠲᠥᠯᠥᠭᠴᠢ﹈ 2017 ᠣᠨ  ᠤ ᠪᠦᠬᠦ ᠬᠤᠲᠠ  ᠶᠢᠨ ᠨᠡᠶᠢᠬᠡᠮ  ᠤᠨ ᠪᠠᠲᠤᠯᠠᠭ᠎ᠠ ᠪᠠ ᠠᠵᠢᠯ ᠣᠯᠬᠤ ᠵᠠᠷᠤᠳᠠᠯ  ᠢ ᠬᠡᠷᠡᠭᠯᠡᠭᠰᠡᠨ ᠪᠠᠶᠢᠳᠠᠯ  ᠢ ᠲᠠᠨᠢᠯᠴᠠᠭᠤᠯᠵᠤ ᠥᠭᠭᠦᠨᠡᠦ  ︖      ﹇ᠵᠣᠴᠢᠨ﹈ 2017 ᠣᠨ  ᠳᠤ ᠨᠡᠶᠢᠬᠡᠮ  ᠤᠨ ᠪᠠᠲᠤᠯᠠᠭ᠎ᠠ ᠪᠠ ᠠᠵᠢᠯ ᠣᠯᠬᠤ  ᠳᠤ 20.85 ᠳ᠋ᠦᠩᠰᠢᠭᠤᠷ ᠲᠥᠭᠦᠷᠢᠭ ᠵᠠᠷᠤᠴᠠᠭᠤᠯᠪᠠ  ᠃ ᠡᠭᠦᠨ  ᠳᠤ ᠭᠤᠣᠯᠳᠠᠭᠤ ᠨᠡᠶᠢᠲᠡ  ᠶᠢᠨ ᠠᠰᠠᠷᠠᠮᠵᠢ  ᠶᠢᠨ ᠴᠢᠨᠠᠷᠲᠠᠢ ᠠᠵᠢᠯ  ᠤᠨ ᠪᠠᠶᠢᠷᠢ ᠶᠢᠨ ᠨᠥᠬᠦᠪᠦᠷᠢ  ᠂ ᠦᠨᠳᠦᠷ ᠨᠠᠰᠤ ᠲᠠᠢ ᠬᠥᠮᠥᠨ  ᠤ ᠨᠥᠬᠦᠪᠦᠷᠢ  ᠂ ᠬᠦᠴᠢᠷᠳᠡᠯᠲᠡᠢ ᠬᠥᠮᠥᠰ  ᠤᠨ ᠲᠤᠰᠠᠯᠠᠯᠲᠠ  ᠂ ᠥᠨᠥᠴᠢᠨ ᠵᠡᠮᠳᠡᠭ ᠬᠥᠮᠥᠰ  ᠤᠨ ᠨᠥᠬᠦᠪᠦᠷᠢ  ᠂ ᠬᠤᠲᠠ ᠬᠥᠳᠡᠭᠡ  ᠶᠢᠨ ᠦᠨᠳᠦᠰᠦᠨ ᠠᠰᠠᠷᠠᠮᠵᠢ  ᠶᠢᠨ ᠳᠠᠭᠠᠳᠬᠠᠯ  ᠤᠨ ᠡᠳ᠋  ᠤᠨ ᠵᠠᠰᠠᠭ  ᠤᠨ ᠨᠥᠬᠦᠪᠦᠷᠢ  ᠂ ᠵᠡᠮᠳᠡᠭ ᠬᠥᠮᠥᠨ  ᠳᠤ ᠠᠵᠢᠯ ᠣᠯᠭᠤᠬᠤ ᠨᠥᠬᠦᠪᠦᠷᠢ  ᠂  ᠦᠢᠯᠡᠰ ᠪᠣᠰᠬᠠᠬᠤ ᠵᠢᠴᠢ ᠠᠷᠠᠳ  ᠤᠨ ᠶᠠᠪᠤᠳᠠᠯ  ᠤᠨ ᠠᠰᠠᠷᠠᠮᠵᠢ  ᠶᠢᠨ ᠦᠢᠯᠡᠰ ᠵᠡᠷᠭᠡ  ᠳᠤ ᠵᠠᠷᠤᠪᠠ  ᠃ ᠡᠮ ᠡᠮᠨᠡᠯᠭᠡ ᠠᠷᠢᠭᠤᠨ ᠴᠡᠪᠡᠷ ᠪᠣᠯᠣᠨ ᠲᠥᠯᠥᠪᠯᠡᠭᠡᠲᠦ ᠦᠷᠡᠵᠢᠯ  ᠳᠤ 13 ᠳ᠋ᠦᠩᠰᠢᠭᠤᠷ ᠲᠥᠭᠦᠷᠢᠭ ᠵᠠᠷᠤᠴᠠᠭᠤᠯᠵᠤ  ᠂ ᠭᠤᠣᠯᠳᠠᠭᠤ ᠦᠨᠳᠦᠰᠦᠨ ᠡᠮᠴᠢᠯᠡᠭᠡᠨ  ᠤ ᠳᠠᠭᠠᠳᠬᠠᠯ  ᠂ ᠡᠪᠡᠳᠴᠢᠨ ᠬᠡᠵᠢᠭ  ᠢ ᠤᠷᠢᠳᠴᠢᠯᠠᠨ ᠰᠡᠷᠭᠡᠶᠢᠯᠡᠵᠦ ᠡᠷᠬᠡᠰᠢᠶᠡᠬᠦ  ᠂ ᠬᠤᠲᠠ ᠬᠥᠳᠡᠭᠡ  ᠶᠢᠨ ᠡᠮ ᠡᠮᠨᠡᠯᠭᠡ  ᠶᠢᠨ ᠲᠤᠰᠠᠯᠠᠯᠲᠠ  ᠂ ᠠᠯᠪᠠᠨ  ᠤ ᠡᠮᠨᠡᠯᠭᠡ  ᠶᠢᠨ ᠬᠤᠷᠢᠶ᠎ᠠ  ᠶᠢᠨ ᠥᠭᠡᠷᠡᠴᠢᠯᠡᠯᠲᠡ  ᠂ ᠲᠥᠯᠥᠪᠯᠡᠭᠡᠲᠦ ᠦᠷᠡᠵᠢᠯ ᠶᠢᠨ ᠦᠢᠯᠡᠴᠢᠯᠡᠭᠡ  ᠂ ᠢᠳᠡᠭᠡᠨ  ᠤ ᠵᠥᠢᠯ ᠡᠮ  ᠤᠨ ᠵᠥᠢᠯ  ᠤᠨ ᠠᠶᠤᠯᠬᠦᠢ  ᠶᠢᠨ ᠪᠠᠶᠢᠴᠠᠭᠠᠯᠲᠠ ᠵᠡᠷᠭᠡ  ᠳᠤ ᠵᠠᠷᠤᠪᠠ  ᠃      ﹇ᠬᠥᠲᠥᠯᠥᠭᠴᠢ﹈ 2018 ᠣᠨ  ᠳᠤ ᠬᠤᠲᠠ  ᠶᠢᠨ ᠱᠠᠲᠤᠨ  ᠤ ᠡᠳ᠋  ᠤᠨ ᠵᠠᠰᠠᠭ  ᠠᠴᠠ ᠨᠡᠶᠢᠬᠡᠮ  ᠤᠨ ᠪᠠᠲᠤᠯᠠᠭ᠎ᠠ ᠪᠠ ᠠᠵᠢᠯ ᠣᠯᠬᠤ  ᠂ ᠡᠮ ᠡᠮᠨᠡᠯᠭᠡ ᠠᠷᠢᠭᠤᠨ ᠴᠡᠪᠡᠷ ᠪᠠ  ᠲᠥᠯᠥᠪᠯᠡᠭᠡᠲᠦ ᠦᠷᠡᠵᠢᠯ ᠶᠢᠨ ᠲᠠᠯ᠎ᠠ  ᠪᠠᠷ ᠭᠤᠣᠯᠳᠠᠭᠤ ᠶᠠᠮᠠᠷ ᠶᠠᠮᠠᠷ ᠪᠡᠯᠡ ᠮᠥᠩᠭᠦ ᠲᠣᠬᠢᠷᠠᠭᠤᠯᠤᠭᠰᠠᠨ ᠪᠣᠢ  ︖      ﹇ᠵᠣᠴᠢᠨ﹈ ᠪᠦᠬᠦ ᠠᠷᠠᠳ  ᠢᠶᠠᠷ ᠳᠠᠭᠠᠳᠬᠠᠯ  ᠳᠤ ᠣᠷᠣᠯᠴᠠᠬᠤ ᠲᠥᠯᠥᠪᠯᠡᠭᠡ  ᠶᠢ ᠦᠷᠭᠦᠯᠵᠢᠯᠡᠨ ᠨᠠᠶᠢᠲᠠᠪᠤᠷᠢᠵᠢᠭᠤᠯᠵᠤ  ᠂ ᠬᠤᠲᠠ ᠪᠠᠯᠭᠠᠰᠤ  ᠶᠢᠨ ᠠᠵᠢᠯᠲᠠᠨ  ᠤ ᠦᠨᠳᠦᠰᠦᠨ ᠠᠰᠠᠷᠠᠮᠵᠢ  ᠶᠢᠨ ᠳᠠᠭᠠᠳᠬᠠᠯ ᠪᠣᠯᠣᠨ ᠬᠤᠲᠠ ᠬᠥᠳᠡᠭᠡ  ᠶᠢᠨ ᠦᠨᠳᠦᠰᠦᠨ ᠠᠰᠠᠷᠠᠮᠵᠢ  ᠶᠢᠨ ᠳᠠᠭᠠᠳᠬᠠᠯ ᠤ ᠳᠥᠷᠢᠮ  ᠂ ᠨᠢᠭᠡᠳᠦᠯᠲᠡᠢ ᠬᠤᠲᠠ ᠬᠥᠳᠡᠭᠡ  ᠶᠢᠨ ᠰᠠᠭᠤᠭᠠᠯᠢ ᠠᠷᠠᠳ  ᠤᠨ ᠦᠨᠳᠦᠰᠦᠨ ᠡᠮᠴᠢᠯᠡᠭᠡᠨ  ᠤ ᠳᠠᠭᠠᠳᠬᠠᠯ ᠪᠣᠯᠣᠨ ᠬᠦᠨᠳᠦ ᠡᠪᠡᠳᠴᠢᠨ  ᠤ ᠳᠠᠭᠠᠳᠬᠠᠯ  ᠤᠨ ᠳᠦᠷᠢᠮ  ᠂ ᠠᠵᠢᠯ ᠠᠯᠳᠠᠬᠤ  ᠂ ᠠᠵᠢᠯ  ᠤᠨ ᠰᠢᠷᠬᠠᠳᠣᠯ  ᠤᠨ ᠳᠠᠭᠠᠳᠬᠠᠯ ᠤᠨ ᠳᠦᠷᠢᠮ  ᠂ ᠨᠡᠶᠢᠬᠡᠮ  ᠤᠨ ᠲᠤᠰᠠᠯᠠᠮᠵᠢ  ᠂ ᠨᠡᠶᠢᠬᠡᠮ  ᠤᠨ ᠠᠰᠠᠷᠠᠮᠵᠢ  ᠂ ᠬᠠᠷᠠᠭᠠᠯᠵᠠᠨ ᠲᠣᠬᠤᠨᠢᠭᠤᠯᠬᠤ  ᠂ ᠨᠠᠰᠤᠲᠠᠶᠢᠴᠤᠤᠯ  ᠤᠨ ᠬᠠᠯᠠᠮᠵᠢᠯᠠᠯ  ᠤᠨ ᠦᠢᠯᠡᠴᠢᠯᠡᠭᠡ  ᠶᠢᠨ ᠰᠢᠰᠲ᠋ᠧᠮᠵᠢ ᠵᠡᠷᠭᠡ  ᠶᠢ ᠰᠠᠶᠢᠵᠢᠷᠠᠭᠤᠯᠤᠨ᠂ ᠵᠡᠮᠳᠡᠭ ᠬᠥᠮᠥᠨ  ᠤ ᠦᠢᠯᠡᠰ  ᠢ ᠬᠥᠭᠵᠢᠭᠦᠯᠵᠦ  ᠂ ᠠᠯᠪᠠᠨ ᠡᠮᠨᠡᠯᠭᠡ  ᠶᠢᠨ ᠬᠤᠷᠢᠶ᠎ᠠ  ᠶᠢᠨ ᠥᠭᠡᠷᠡᠴᠢᠯᠡᠯᠲᠡ  ᠶᠢ ᠦᠷᠭᠦᠯᠵᠢᠯᠡᠨ ᠠᠬᠢᠭᠤᠯᠤᠨ᠎ᠠ  ᠃ 2018 ᠣᠨ  ᠳᠤ ᠬᠤᠲᠠ  ᠶᠢᠨ ᠱᠠᠲᠤᠨ  ᠤ ᠨᠡᠶᠢᠬᠡᠮ  ᠤᠨ ᠪᠠᠲᠤᠯᠠᠭ᠎ᠠ ᠪᠠ ᠠᠵᠢᠯ  ᠣᠯᠭᠣᠬᠤ  ᠳᠤ 19.96 ᠳ᠋ᠦᠩᠰᠢᠭᠤᠷ ᠲᠥᠭᠦᠷᠢᠭ ᠵᠠᠷᠤᠴᠠᠭᠤᠯᠵᠤ  ᠂ ᠡᠭᠦᠨ  ᠳᠤ ᠭᠤᠣᠯᠳᠠᠭᠤ  ᠄ ᠠᠵᠤ ᠠᠬᠤᠶᠢᠯᠠᠯ  ᠤᠨ ᠠᠵᠢᠯᠲᠠᠨ  ᠤ ᠠᠰᠠᠷᠠᠮᠵᠢ  ᠶᠢᠨ ᠳᠠᠭᠠᠳᠬᠠᠯ  ᠤᠨ ᠰᠠᠭᠤᠷᠢ ᠮᠥᠩᠭᠦᠨ  ᠤ ᠨᠥᠬᠦᠪᠦᠷᠢ  ᠂ ᠬᠤᠲᠠ ᠬᠥᠳᠡᠭᠡ  ᠶᠢᠨ ᠪᠠᠲᠤᠯᠠᠭ᠎ᠠ  ᠶᠢᠨ ᠮᠥᠩᠭᠦ  ᠂ ᠣᠨᠴᠠ ᠬᠦᠴᠢᠷᠳᠡᠯᠲᠡᠢ ᠬᠥᠮᠥᠨ  ᠤ ᠬᠠᠩᠭᠠᠯᠭ᠎ᠠ  ᠶᠢᠨ ᠮᠥᠩᠭᠦ  ᠂ ᠥᠨᠥᠴᠢᠨ ᠬᠡᠦᠬᠡᠳ  ᠤᠨ ᠥᠰᠪᠦᠷᠢ  ᠶᠢᠨ ᠨᠥᠬᠦᠪᠦᠷᠢ  ᠂ ᠨᠡᠶᠢᠲᠡ  ᠶᠢᠨ ᠠᠰᠠᠷᠠᠮᠵᠢ  ᠶᠢᠨ ᠴᠢᠨᠠᠷᠲᠠᠢ ᠠᠵᠢᠯ  ᠤᠨ ᠪᠡᠶᠢᠷᠢ  ᠶᠢᠨ ᠨᠥᠬᠦᠪᠦᠷᠢ  ᠂ ᠠᠷᠠᠳ  ᠤᠨ ᠠᠮᠢᠳᠤᠷᠠᠯ  ᠤᠨ ᠰᠠᠶᠢᠨ ᠳᠤᠷ᠎ᠠ  ᠶᠢᠨ ᠦᠢᠯᠡᠴᠢᠯᠡᠭᠴᠢ  ᠶᠢᠨ ᠨᠥᠬᠦᠪᠦᠷᠢ  ᠂  ﹇ᠭᠤᠷᠪᠠ  ᠶᠢ ᠲᠤᠰᠠᠯᠠᠵᠤ ᠨᠢᠭᠡ  ᠶᠢ ᠲᠡᠳᠬᠦᠬᠦ﹈ ᠨᠥᠬᠦᠪᠦᠷᠢ  ᠂ ᠠᠵᠤ ᠠᠬᠤᠶᠢᠯᠠᠯ  ᠤᠨ ᠠᠵᠢᠯ  ᠠᠴᠠ ᠠᠮᠠᠷᠠᠭᠰᠠᠨ ᠬᠥᠮᠥᠨ  ᠤ ᠳᠤᠯᠠᠭᠠᠴᠠᠯᠤᠭ᠎ᠠ  ᠶᠢᠨ ᠨᠥᠬᠦᠪᠦᠷᠢ  ᠂ ᠬᠤᠲᠠ ᠬᠥᠳᠡᠭᠡ  ᠶᠢᠨ ᠰᠠᠭᠤᠭᠠᠯᠢ ᠠᠷᠠᠳ  ᠤᠨ ᠳᠠᠭᠠᠳᠬᠠᠯ  ᠤᠨ ᠪᠡᠯᠡ ᠮᠥᠩᠭᠦ  ᠂ 70 ᠨᠠᠰᠤᠨ  ᠠᠴᠠ ᠳᠡᠭᠡᠭᠰᠢᠬᠢ ᠬᠤᠲᠠ ᠪᠠᠯᠭᠠᠰᠤᠨ  ᠤ ᠰᠠᠭᠤᠭᠠᠯᠢ ᠨᠠᠰᠤᠲᠠᠨ  ᠤ ᠠᠮᠢᠳᠤᠷᠠᠯ  ᠤᠨ ᠨᠥᠬᠦᠪᠦᠷᠢ  ᠂ 80 ᠨᠠᠰᠤᠨ  ᠠᠴᠠ ᠳᠡᠭᠡᠭᠰᠢᠬᠢ ᠦᠨᠳᠦᠷ ᠨᠠᠰᠤᠨ  ᠤ ᠨᠥᠬᠦᠪᠦᠷᠢ  ᠂ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ  ᠤᠨ ᠨᠥᠬᠦᠪᠦᠷᠢ ᠮᠥᠩᠭᠦ  ᠂ ᠬᠦᠴᠢᠷᠳᠡᠯᠲᠡᠢ ᠵᠡᠮᠳᠡᠭ ᠬᠥᠮᠥᠨ ᠤᠨ ᠠᠮᠢᠳᠤᠷᠠᠯ ᠬᠦᠨᠳᠦ ᠵᠡᠮᠳᠡᠭ ᠬᠥᠮᠥᠨ  ᠤ ᠠᠰᠠᠷᠠᠯᠲᠠ  ᠶᠢᠨ ᠨᠥᠬᠦᠪᠦᠷᠢ  ᠂ ᠵᠡᠮᠳᠡᠭ ᠬᠥᠮᠥᠨ  ᠤ ᠦᠢᠯᠡᠰ  ᠤᠨ ᠬᠥᠭᠵᠢᠯᠲᠡ  ᠶᠢᠨ ᠪᠡᠯᠡ ᠮᠥᠩᠭᠦ  ᠂ ᠤᠯᠤᠰ  ᠤᠨ ᠥᠮᠴᠢᠯᠡᠯᠲᠦ ᠠᠵᠤ ᠠᠬᠤᠶᠢᠯᠠᠯ  ᠤᠨ ᠠᠵᠢᠯᠲᠠᠨ  ᠢ ᠲᠣᠬᠤᠨᠢᠭᠤᠯᠬᠤ ᠵᠡᠷᠭᠡ  ᠳᠤ ᠵᠠᠷᠤᠴᠠᠭᠤᠯᠪᠠ  ᠃      ﹇ᠬᠥᠲᠥᠯᠥᠭᠴᠢ﹈ ᠣᠳᠣᠬᠢ ᠳᠡᠭᠡᠷ᠎ᠡ  ᠂ ᠮᠠᠨ  ᠤ ᠬᠤᠲᠠ  ᠶᠢᠨ ᠬᠢᠨ ᠨᠡᠶᠢᠬᠡᠮ  ᠤᠨ ᠪᠠᠲᠤᠯᠠᠭ᠎ᠠ  ᠶᠢᠨ ᠬᠠᠮᠢᠶ᠎ᠠ ᠲᠠᠢ ᠮᠥᠩᠭᠦ  ᠶᠢ  ﹇ᠪᠦᠬᠦᠨ  ᠳᠤ ᠲᠣᠬᠢᠷᠠᠬᠤ ᠺᠠᠷᠲ﹈  ᠪᠠᠷ ᠥᠭᠴᠦ ᠪᠤᠢ  ᠂ ᠲᠡᠭᠡᠪᠡᠯ  ﹇ᠪᠦᠬᠦᠨ  ᠳᠤ ᠲᠣᠬᠢᠷᠠᠬᠤ ᠺᠠᠷᠲ﹈  ᠪᠠᠷ ᠶᠠᠮᠠᠷ ᠶᠠᠮᠠᠷ ᠪᠡᠯᠡ ᠮᠥᠩᠭᠦ ᠥᠭᠳᠡᠭ ᠪᠣᠢ  ︖ ᠣᠳᠣᠬᠢ ᠬᠤᠪᠢᠶᠠᠨ ᠥᠭᠭᠦᠭᠰᠡᠨ ᠪᠠᠶᠢᠳᠠᠯ ᠶᠠᠮᠠᠷ ᠪᠣᠢ  ︖      ﹇ᠵᠣᠴᠢᠨ﹈ ﹇ᠪᠦᠬᠦᠨ  ᠳᠤ ᠲᠣᠬᠢᠷᠠᠬᠤ ᠺᠠᠷᠲ﹈  ᠪᠠᠷ ᠬᠤᠪᠢᠶᠠᠨ ᠥᠭᠴᠦ ᠪᠠᠶᠢᠭ᠎ᠠ ᠪᠡᠯᠡ ᠮᠥᠩᠭᠦ  ᠳᠤ ᠮᠠᠯ ᠲᠠᠷᠢᠶᠠᠯᠠᠩ ᠣᠢ ᠰᠢᠭᠤᠢ  ᠶᠢᠨ ᠲᠥᠷᠥᠯ  ᠤᠨ ᠨᠥᠬᠦᠪᠦᠷᠢ  ᠂ ᠰᠤᠷᠭᠠᠨ ᠬᠥᠮᠥᠵᠢᠯ  ᠂ ᠠᠷᠢᠭᠤᠨ ᠴᠡᠪᠡᠷ  ᠂ ᠲᠥᠯᠥᠪᠯᠡᠭᠡᠲᠦ ᠦᠷᠡᠵᠢᠯ  ᠤᠨ ᠨᠥᠬᠦᠪᠦᠷᠢ  ᠂ ᠪᠦᠲᠦᠭᠡᠨ ᠪᠠᠶᠢᠭᠤᠯᠤᠯᠲᠠ  ᠶᠢᠨ ᠬᠠᠮᠢᠶ᠎ᠠ ᠲᠠᠢ ᠨᠥᠬᠦᠪᠦᠷᠢ  ᠂ ᠨᠡᠶᠢᠭᠡᠮ ᠶᠢᠨ ᠪᠠᠲᠤᠯᠠᠭ᠎ᠠ  ᠶᠢᠨ ᠬᠠᠮᠢᠶ᠎ᠠ ᠲᠠᠢ ᠨᠥᠬᠦᠪᠦᠷᠢ  ᠂ ᠴᠠᠯᠢᠩ ᠬᠥᠯᠥᠰᠦᠨ  ᠤ ᠨᠥᠬᠦᠪᠦᠷᠢ ᠵᠡᠷᠭᠡ 9 ᠬᠦᠷᠢᠶ᠎ᠡ ᠬᠡᠪᠴᠢᠶᠡᠨ  ᠤ 68 ᠲᠥᠷᠥᠯ 85 ᠵᠥᠢᠯ ᠪᠣᠢ  ᠃      ﹇ᠬᠥᠲᠥᠯᠥᠭᠴᠢ﹈ ᠡᠨᠡ ᠵᠢᠯ  ᠤᠨ 4 ᠳ᠋ᠦ᠋ᠭᠡᠷ ᠰᠠᠷ᠎ᠠ  ᠶᠢᠨ ᠰᠡᠭᠦᠯᠴᠢ ᠪᠣᠯᠲᠠᠯ᠎ᠠ  ﹇ᠪᠦᠬᠦᠨ  ᠳᠤ ᠲᠣᠬᠢᠷᠠᠬᠤ ᠺᠠᠷᠲ﹈  ᠪᠠᠷ ᠶᠠᠮᠠᠷ ᠶᠠᠮᠠᠷ ᠪᠡᠯᠡ ᠮᠥᠩᠭᠦ  ᠶᠢ ᠬᠡᠳᠦᠢ ᠵᠡᠷᠭᠡ ᠬᠤᠪᠢᠶᠠᠭᠰᠠᠨ ᠪᠣᠢ  ︖      ﹇ᠵᠣᠴᠢᠨ﹈ ᠡᠨᠡ ᠵᠢᠯ  ᠤᠨ 4 ᠳ᠋ᠦ᠋ᠭᠡᠷ ᠰᠠᠷ᠎ᠠ  ᠶᠢᠨ ᠰᠡᠭᠦᠯᠴᠢ ᠪᠣᠯᠲᠠᠯ᠎ᠠ  ﹇ᠪᠦᠬᠦᠨ  ᠳᠤ ᠲᠣᠬᠢᠷᠠᠬᠤ ᠺᠠᠷᠲ﹈  ᠪᠠᠷ ᠨᠡᠶᠢᠲᠡ 58549 ᠲᠦᠮᠡᠨ ᠲᠥᠭᠦᠷᠢᠭ  ᠤᠨ ᠪᠡᠯᠡ ᠮᠥᠩᠭᠦ ᠬᠤᠪᠢᠶᠠᠵᠤ  ᠂ ᠡᠭᠦᠨ  ᠳᠤ ᠲᠠᠷᠢᠶᠠᠴᠢᠨ  ᠤ ᠨᠥᠬᠦᠪᠦᠷᠢ 53095 ᠲᠦᠮᠡᠨ ᠲᠥᠭᠦᠷᠢᠭ  ᠂ ᠬᠤᠲᠠ ᠬᠥᠳᠡᠭᠡ  ᠶᠢᠨ ᠰᠠᠭᠤᠭᠠᠯᠢ ᠠᠷᠠᠳ  ᠤᠨ ᠨᠥᠬᠦᠪᠦᠷᠢ 5454 ᠲᠦᠮᠡᠨ ᠲᠥᠭᠦᠷᠢᠭ  ᠬᠤᠪᠢᠶᠠᠵᠤ  ᠂ 397120 ᠡᠷᠦᠭᠡ  ᠂ 814744 ᠬᠥᠮᠥᠨ ᠤᠳᠠᠭ᠎ᠠ ᠠᠰᠢᠭ ᠬᠦᠷᠲᠡᠭᠰᠡᠨ ᠪᠠᠶᠢᠨ᠎ᠠ  ᠃ ᠡᠨᠡ ᠨᠢ  9 ᠬᠦᠷᠢᠶ᠎ᠡ ᠬᠡᠪᠴᠢᠶᠡᠨ  ᠤ 57 ᠲᠥᠷᠥᠯ ᠤᠨ 70 ᠵᠥᠢᠯ ᠳᠤ ᠬᠤᠯᠪᠣᠭᠳᠠᠪᠠ  ᠃      ﹇ᠬᠥᠲᠥᠯᠥᠭᠴᠢ﹈ ᠶᠡᠷᠥᠩᠬᠡᠢ ᠱᠥᠵᠢ ᠰᠢ ᠶᠢᠨ ᠫᠢᠩ ᠨᠠᠮ  ᠤᠨ ᠠᠷᠪᠠ ᠶᠢᠰᠦᠳᠦᠭᠡᠷ ᠬᠤᠷᠠᠯ ᠳᠡᠭᠡᠷ᠎ᠡ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠳᠤ ᠵᠠᠪᠠᠯ ᠢᠯᠠᠯᠲᠠ ᠣᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠢᠯᠡ  ᠃ 2017 ᠣᠨ  ᠳᠤ ᠮᠠᠨ  ᠤ ᠬᠤᠲᠠ  ᠶᠢᠨ ᠡᠳ᠋  ᠤᠨ ᠵᠠᠰᠠᠭ  ᠠᠴᠠ ᠶᠠᠳᠠᠭᠤ  ᠶᠢ ᠲᠡᠳᠬᠦᠬᠦ  ᠳᠤ ᠬᠡᠳᠦᠢ ᠵᠣᠭᠤᠰ  ᠢ ᠶᠠᠭᠠᠬᠢᠵᠤ ᠬᠡᠷᠡᠭᠯᠡᠭᠰᠡᠨ ᠲᠤᠬᠠᠢ ᠲᠠᠨᠢᠯᠴᠠᠭᠤᠯᠵᠤ ᠦᠭᠭᠦᠨᠡᠦ  ︖      ﹇ᠵᠣᠴᠢᠨ﹈ ᠣᠷᠴᠢᠮ  ᠤᠨ ᠵᠢᠯ  ᠤᠳ  ᠲᠤ  ᠂ ᠬᠤᠲᠠ  ᠶᠢᠨ ᠡᠳ᠋ ᠶᠢᠨ ᠵᠠᠰᠠᠭ  ᠤᠨ ᠲᠣᠪᠴᠢᠶ᠎ᠠ ᠨᠢ ᠬᠤᠲᠠ  ᠶᠢᠨ ᠨᠠᠮ  ᠤᠨ ᠬᠤᠷᠢᠶ᠎ᠠ  ᠂ ᠵᠠᠰᠠᠭ  ᠤᠨ ᠣᠷᠳᠣᠨ  ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ  ᠂ ᠤᠯᠤᠰ ᠪᠠ ᠥᠪᠡᠷᠳᠡᠭᠡᠨ ᠵᠠᠰᠠᠬᠤ ᠣᠷᠣᠨ  ᠤ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢ ᠢᠯᠠᠬᠤ ᠶᠡᠷᠦᠩᠬᠡᠢ ᠪᠠᠶᠢᠷᠢᠯᠠᠭᠤᠯᠤᠯᠲᠠ ᠵᠢ‌ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ  ᠂ ᠬᠤᠲᠠ  ᠶᠢᠨ ᠬᠥᠳᠡᠭᠡ ᠲᠣᠰᠬᠤᠨ  ᠤ ᠠᠵᠢᠯ  ᠤᠨ ᠵᠥᠪᠯᠡᠯ ᠲᠠᠢ ᠬᠠᠮᠵᠢᠯᠴᠠᠨ ᠡᠳ᠋  ᠤᠨ ᠵᠠᠰᠠᠭ  ᠤᠨ ᠶᠠᠳᠠᠭᠤ  ᠶᠢ ᠲᠡᠳᠬᠦᠬᠦ ᠲᠤᠰᠬᠠᠢ ᠪᠡᠯᠡ ᠮᠥᠩᠭᠦ  ᠶᠢᠨ ᠬᠡᠷᠡᠭᠯᠡᠭᠡᠨ  ᠤ ᠬᠠᠮᠢᠶᠠᠷᠤᠯᠲᠠ  ᠶᠢᠨ ᠠᠵᠢᠯ ᠢ ᠭᠦᠢᠴᠡᠳᠬᠡᠬᠦ  ᠶᠢᠨ ᠬᠠᠮᠲᠤ  ᠂ ᠬᠤᠲᠠ  ᠶᠢᠨ ᠱᠠᠲᠤᠨ  ᠤ ᠶᠠᠳᠠᠭᠤ  ᠶᠢ ᠲᠡᠳᠬᠦᠬᠦ ᠪᠡᠯᠡ ᠮᠥᠩᠭᠦ  ᠶᠢ ᠢᠳᠡᠪᠬᠢᠯᠡᠨ ᠴᠤᠭᠯᠠᠭᠤᠯᠪᠠ  ᠃ 2017 ᠣᠨ  ᠳᠤ ᠬᠤᠲᠠ  ᠶᠢᠨ ᠡᠳ᠋  ᠤᠨ ᠵᠠᠰᠠᠭ  ᠤᠨ ᠲᠣᠪᠴᠢᠶ᠎ᠠ  ᠠᠴᠠ ᠡᠳ᠋  ᠤᠨ ᠵᠠᠰᠠᠭ  ᠤᠨ ᠶᠠᠳᠠᠭᠤ  ᠶᠢ ᠲᠡᠳᠬᠦᠬᠦ ᠲᠤᠰᠬᠠᠢ ᠪᠡᠯᠡ ᠮᠥᠩᠭᠦ ᠨᠡᠶᠢᠲᠡ 49109 ᠲᠦᠮᠡᠨ ᠲᠥᠭᠦᠷᠢᠭ ᠰᠠᠯᠭᠠᠨ ᠥᠭᠴᠦ  ᠂ ᠡᠭᠦᠨ  ᠳᠤ ᠳᠡᠭᠡᠳᠤ ᠱᠠᠲᠤᠨ  ᠠᠴᠠ 32844 ᠲᠦᠮᠡᠨ ᠲᠥᠭᠦᠷᠢᠭ ᠣᠯᠭᠤᠵᠤ  ᠂ ᠬᠤᠲᠠ  ᠶᠢᠨ ᠱᠠᠲᠤᠨ  ᠠᠴᠠ 16265 ᠲᠦᠮᠡᠨ ᠲᠥᠭᠦᠷᠢᠭ ᠪᠡᠯᠡᠳᠬᠡᠪᠡ  ᠃ ᠡᠳᠡᠭᠡᠷ ᠪᠡᠯᠡ ᠮᠥᠩᠭᠦ  ᠶᠢ ᠡᠳ᠋  ᠤᠨ ᠵᠠᠰᠠᠭ  ᠤᠨ ᠲᠤᠰᠬᠠᠢ ᠪᠡᠯᠡ ᠮᠥᠩᠭᠦ  ᠶᠢᠨ ᠬᠡᠷᠡᠭᠯᠡᠯᠲᠡ  ᠶᠢᠨ ᠱᠠᠭᠠᠷᠳᠠᠯᠭ᠎ᠠ ᠶᠣᠰᠣᠭᠠᠷ ᠴᠠᠭ ᠲᠤᠬᠠᠢ ᠳᠤᠨᠢ ᠡᠯ᠎ᠡ ᠬᠤᠰᠢᠭᠤ ᠰᠢᠶᠡᠨ ᠲᠣᠭᠤᠷᠢᠭ  ᠤᠨ ᠡᠳ᠋  ᠤᠨ ᠵᠠᠰᠠᠭ  ᠤᠨ ᠰᠠᠯᠭ᠎ᠠ ᠮᠥᠴᠢᠷ  ᠲᠤ ᠰᠠᠯᠭᠠᠨ ᠥᠭᠴᠦ  ᠂  ᠬᠤᠰᠢᠭᠤ ᠰᠢᠶᠡᠨ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ  ᠶᠢᠨ ᠠᠵᠢᠯ  ᠳᠤ ᠶᠡᠬᠡᠬᠡᠨ ᠪᠡᠯᠡ ᠮᠥᠩᠭᠦ  ᠶᠢᠨ ᠳᠡᠮᠵᠢᠯᠭᠡ ᠪᠣᠯᠪᠠ  ᠃      ﹇ᠬᠥᠲᠥᠯᠥᠭᠴᠢ﹈ ᠶᠡᠷᠦᠩᠬᠡᠢ ᠱᠥᠵᠢ ᠰᠢ ᠶᠢᠨ ᠫᠢᠩ ᠣᠯᠠᠨ ᠤᠳᠠᠭᠠᠨ  ᠤ ᠶᠠᠷᠢᠶ᠎ᠠ  ᠳᠠᠭᠠᠨ ᠠᠮᠢ ᠠᠬᠤᠢ  ᠶᠢᠨ ᠣᠷᠴᠢᠨ ᠲᠣᠭᠤᠷᠢᠨ  ᠤ ᠬᠠᠮᠠᠭᠠᠯᠠᠯᠲᠠ  ᠶᠢ ᠴᠢᠩᠭᠠᠳᠬᠠᠵᠤ  ᠂ ᠠᠮᠢ ᠠᠬᠤᠢ ᠶᠢ ᠬᠠᠮᠠᠭᠠᠯᠠᠬᠤ ᠬᠦᠴᠦᠯᠡᠴᠡ  ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠳᠤᠷᠠᠳᠤᠭᠰᠠᠨ ᠪᠢᠯᠡ  ᠃ 2017 ᠣᠨ  ᠳᠤ ᠮᠠᠨ  ᠤ ᠬᠤᠲᠠ ᠠᠮᠢ ᠠᠬᠤᠢ  ᠶᠢᠨ ᠬᠠᠮᠠᠭᠠᠯᠠᠯᠲᠠ ᠶᠢᠨ ᠪᠡᠯᠡ ᠮᠥᠩᠭᠦ  ᠢ ᠬᠡᠷᠬᠢᠨ ᠬᠡᠷᠡᠭᠯᠡᠭᠰᠡᠨ ᠪᠤᠢ  ︖      ﹇ᠵᠣᠴᠢᠨ﹈ ᠪᠦᠬᠦ ᠬᠤᠲᠠ  ᠶᠢᠨ ᠡᠳ᠋  ᠤᠨ ᠵᠠᠰᠠᠭ  ᠤᠨ ᠪᠡᠯᠡ ᠮᠥᠩᠭᠦ  ᠠᠴᠠ ᠣᠷᠴᠢᠨ ᠲᠣᠭᠤᠷᠢᠨ  ᠤ ᠬᠠᠮᠠᠭᠠᠯᠠᠯᠲᠠ  ᠳᠤ 285899 ᠲᠦᠮᠡᠨ ᠲᠥᠭᠦᠷᠢᠭ   ᠵᠠᠷᠤᠴᠠᠭᠤᠯᠵᠤ᠂  ᠭᠤᠣᠯᠳᠠᠭᠤ  ᠣᠷᠴᠢᠨ ᠲᠣᠭᠤᠷᠢᠨ ᠤ ᠬᠢᠨᠠᠨ ᠬᠡᠵᠢᠮᠯᠲᠡ  ᠪᠣᠯᠤᠨ ᠪᠠᠶᠢᠴᠠᠭᠠᠯᠲᠠ᠂  ᠪᠣᠬᠢᠷᠳᠠᠯ ᠢ ᠰᠡᠷᠭᠡᠶᠢᠯᠡᠬᠦ᠂  ᠪᠠᠶᠢᠭᠠᠯᠢ ᠶᠢᠨ  ᠠᠮᠢ ᠠᠬᠤᠢ ᠶᠢ ᠬᠠᠮᠠᠭᠠᠯᠠᠬᠤ᠂ ᠪᠠᠶᠢᠭᠠᠯᠢ ᠶᠢᠨ  ᠣᠢ  ᠰᠢᠭᠤᠢ ᠶᠢ  ᠬᠠᠮᠠᠭᠠᠯᠠᠬᠤ᠂  ᠲᠠᠷᠢᠶᠠᠯᠠᠬᠤ ᠪᠠᠨ ᠵᠣᠭᠰᠣᠵᠤ  ᠮᠣᠳᠣ ᠣᠶᠢᠵᠢᠭᠤᠯᠬᠤ᠂  ᠡᠨᠧᠷᠬᠢ ᠶᠢ ᠠᠷᠪᠢᠯᠠᠵᠤ ᠬᠡᠷᠡᠭᠡᠯᠡᠬᠦ᠂  ᠪᠣᠬᠢᠷ ᠪᠣᠳᠠᠰ ᠢ ᠭᠠᠳᠠᠭᠰᠢᠯᠠᠭᠤᠯᠬᠤ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ᠂  ᠵᠤᠤᠬ᠎ᠠ ᠶᠢ ᠨᠤᠷᠠᠭᠠᠵᠤ  ᠨᠡᠭᠦᠷᠡᠰᠦ ᠶᠢ ᠬᠡᠢ ᠪᠠᠷ  ᠰᠣᠯᠢᠬᠤ᠂  ᠬᠤᠲᠠ ᠶᠢᠨ ᠣᠯᠠᠨ ᠡᠬᠢᠲᠦ  ᠪᠣᠬᠢᠷᠳᠤᠯ ᠢ ᠵᠠᠰᠠᠬᠤ  ᠵᠡᠷᠭᠡ ᠵᠡᠷᠭᠡ ᠳᠤ  ᠬᠡᠷᠡᠭᠯᠡᠪᠡ᠃        ﹇ᠬᠥᠲᠥᠯᠥᠭᠴᠢ﹈ 2018  ᠣᠨ ᠳᠤ᠂  ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠲᠠᠯ᠎ᠠ ᠪᠠᠷ ᠶᠠᠮᠠᠷ ᠶᠠᠮᠠᠷ ᠲᠥᠰᠦᠯ ᠲᠣᠬᠢᠷᠠᠭᠤᠯᠤᠭᠰᠠᠨ  ᠪᠤᠢ︖      ﹇ᠵᠣᠴᠢᠨ﹈ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ  ᠳᠤ ᠠᠩᠬ᠎ᠠ ᠠᠯᠬᠤᠮ 155225 ᠲᠦᠮᠡᠨ ᠲᠥᠭᠦᠷᠢᠭ  ᠤᠨ ᠪᠡᠯᠡ ᠮᠥᠩᠭᠦ ᠵᠠᠷᠤᠴᠠᠭᠤᠯᠵᠤ  ᠂ ᠭᠤᠣᠯᠳᠠᠭᠤ ᠪᠤᠵᠠᠷ ᠤᠰᠤ  ᠶᠢ ᠴᠡᠪᠡᠷᠰᠢᠭᠦᠯᠬᠦ ᠦᠢᠯᠡᠳᠪᠦᠷᠢ  ᠶᠢᠨ ᠠᠵᠢᠯᠯᠠᠭ᠎ᠠ  ᠂  ᠣᠷᠴᠢᠨ ᠲᠣᠭᠤᠷᠢᠨ ᠤ ᠬᠢᠨᠠᠨ ᠬᠡᠵᠢᠮᠯᠲᠡ‌ᠵᠢᠴᠢ ᠪᠠᠶᠢᠴᠠᠭᠠᠯᠲᠠ  ᠂ ᠣᠷᠴᠢᠨ ᠲᠣᠭᠤᠷᠢᠨ  ᠤ ᠬᠠᠮᠠᠭᠠᠯᠠᠯᠲᠠ  ᠶᠢᠨ ᠬᠠᠮᠢᠶᠠᠷᠤᠯᠲᠠ  ᠶᠢᠨ ᠠᠵᠢᠯ  ᠂ ᠬᠤᠲᠠ ᠬᠥᠳᠡᠭᠡ  ᠶᠢᠨ ᠨᠡᠶᠢᠬᠡᠮ ᠲᠣᠭᠤᠷᠢᠭ  ᠤᠨ ᠠᠷᠢᠭᠤᠨ ᠴᠡᠪᠡᠷ  ᠂ ᠲᠠᠷᠢᠶᠠᠯᠠᠩ ᠣᠢ ᠰᠢᠭᠤᠢ ᠤᠰᠤ  ᠂ ᠪᠣᠬᠢᠷᠳᠠᠯ ᠢ ᠰᠡᠷᠭᠡᠶᠢᠯᠡᠬᠦ  ᠂ ᠪᠣᠬᠢᠷ ᠪᠣᠳᠠᠰ ᠢ ᠭᠠᠳᠠᠭᠰᠢᠯᠠᠭᠤᠯᠬᠤ  ᠳᠤ ᠬᠡᠷᠡᠭᠯᠡᠪᠡ  ᠃      ﹇ᠵᠣᠴᠢᠨ﹈ ᠬᠠᠮᠤᠭ ᠰᠡᠭᠦᠯ  ᠳᠤ  ᠂ ᠪᠢ ᠬᠤᠲᠠ  ᠶᠢᠨ ᠡᠳ᠋  ᠤᠨ ᠵᠠᠰᠠᠭ  ᠤᠨ ᠲᠣᠪᠴᠢᠶ᠎ᠠ  ᠶᠢ ᠲᠥᠯᠥᠭᠡᠯᠡᠨ ᠮᠠᠨ  ᠤ ᠠᠵᠢᠯ  ᠢ ᠠᠩᠬᠠᠷᠴᠤ  ᠂ ᠳᠡᠮᠵᠢᠭᠰᠡᠭᠡᠷ ᠢᠷᠡᠭᠰᠡᠨ ᠦᠢ ᠲᠦᠮᠡᠨ ᠨᠠᠶᠢᠵᠠ ᠨᠥᠬᠦᠳ  ᠲᠤ ᠴᠢᠩ ᠰᠡᠳᠬᠢᠯ  ᠤᠨ ᠲᠠᠯᠠᠷᠬᠠᠯ  ᠢᠶᠠᠨ ᠢᠯᠡᠳᠬᠡᠬᠦ  ᠶᠢᠨ ᠬᠠᠮᠲᠤ  ᠂ ᠡᠶᠢᠮᠦ ᠨᠢᠭᠡᠨ ᠵᠠᠪᠰᠢᠶᠠᠨ  ᠢᠶᠠᠷ ᠲᠠ ᠪᠦᠭᠦᠳᠡ ᠲᠠᠢ ᠰᠠᠨᠠᠭ᠎ᠠ ᠰᠡᠳᠬᠢᠯ  ᠢᠶᠠᠨ ᠰᠣᠯᠢᠯᠴᠠᠭᠰᠠᠨ  ᠳᠠᠭᠠᠨ ᠶᠡᠭᠡ ᠪᠠᠶᠠᠷ ᠲᠠᠢ ᠪᠠᠶᠢᠨ᠎ᠠ  ᠃ ᠲᠠ ᠪᠦᠬᠦᠨ ᠮᠠᠨ  ᠤ ᠠᠵᠢᠯ  ᠳᠤ ᠨᠡᠩ ᠰᠠᠶᠢᠨ ᠣᠶᠢᠯᠠᠭᠠᠯᠲᠠ ᠲᠠᠢ ᠪᠣᠯᠬᠤ  ᠶᠢ ᠬᠦᠰᠡᠬᠦ  ᠶᠢᠨ ᠵᠡᠷᠭᠡᠪᠡᠷ ᠪᠢᠳᠠᠨ ᠴᠤ ᠠᠷᠠᠳ  ᠤᠨ ᠠᠮᠢᠳᠤᠷᠠᠯ  ᠢ ᠨᠡᠩ ᠠᠩᠬᠠᠷᠴᠤ  ᠂ ᠡᠭᠦᠷᠭᠡ ᠬᠠᠷᠢᠭᠤᠴᠠᠯᠭ᠎ᠠ  ᠪᠠᠨ ᠨᠠᠷᠢᠨ ᠬᠢᠨᠠᠮᠠᠭᠠᠢ ᠭᠦᠢᠴᠡᠳᠬᠡᠨ  ᠂ ᠣᠯᠠᠨ ᠲᠦᠮᠡᠨ  ᠳᠡᠭᠡᠨ ᠨᠡᠩ ᠰᠠᠶᠢᠨ ᠦᠢᠯᠡᠴᠢᠯᠡᠶ᠎ᠡ  ᠂ ᠲᠠᠯᠠᠷᠬᠠᠯ᠎ᠠ  ᠃       ﹇ᠬᠠᠮᠢᠶᠠᠷᠤᠭᠴᠢ﹈  ᠬᠤᠳᠠ ᠶᠢᠨ ᠡᠳ᠋  ᠤᠨ ᠵᠠᠰᠠᠭ  ᠤᠨ ᠳᠡᠳ᠋ ᠲᠣᠪᠴᠢᠶᠠᠨ ᠳᠠᠷᠤᠭ᠎ᠠ ᠵᠣᠣ ᠶᠢᠩ ᠵᠢᠶᠧ  ᠂ ᠰᠤᠷᠭᠠᠨ ᠬᠥᠮᠥᠵᠢᠯ ᠰᠢᠨᠵᠢᠯᠡᠬᠦ ᠤᠬᠠᠭᠠᠨ  ᠤ ᠰᠠᠯᠠᠭ᠎ᠠ  ᠶᠢᠨ ᠰᠠᠯᠠᠭᠠᠨ ᠳᠠᠷᠤᠭ᠎ᠠ ᠲᠥᠩ ᠨᠠ  ᠂ ᠦᠨᠳᠦᠰᠦᠨ ᠱᠠᠲᠤᠨ ᠤ ᠡᠳ᠋  ᠤᠨ ᠵᠠᠰᠠᠭ  ᠤᠨ ᠬᠠᠮᠢᠶᠠᠷᠤᠯᠲᠠ  ᠶᠢᠨ ᠰᠠᠯᠠᠭ᠎ᠠ  ᠶᠢᠨ ᠰᠠᠯᠠᠭᠠᠨ ᠳᠠᠷᠤᠭ᠎ᠠ ᠶᠠᠩ ᠶᠥᠩ ᠮᠧᠢ  ᠂ ᠲᠠᠷᠢᠶᠠᠯᠠᠩ ᠮᠠᠯ ᠠᠵᠤ ᠠᠬᠤᠢ  ᠶᠢᠨ ᠰᠠᠯᠠᠭ᠎ᠠ  ᠶᠢᠨ ᠰᠠᠯᠠᠭᠠᠨ ᠳᠠᠷᠤᠭ᠎ᠠ ᠵᠠᠩ ᠸᠧᠢ ᠳ᠋ᠦᠩ  ᠂ ᠠᠵᠤ ᠠᠬᠤᠢ  ᠶᠢᠨ ᠪᠦᠲᠦᠭᠡᠨ ᠪᠠᠶᠢᠭᠤᠯᠤᠯᠲᠠ  ᠶᠢᠨ ᠰᠠᠯᠠᠭ᠎ᠠ  ᠶᠢᠨ ᠳᠡᠳ᠋ ᠰᠠᠯᠠᠭᠠᠨ ᠳᠠᠷᠤᠭ᠎ᠠ ᠭᠡᠷᠡᠯ᠂ ᠨᠡᠶᠢᠬᠡᠮ  ᠤᠨ ᠪᠠᠲᠤᠯᠠᠭ᠎ᠠ  ᠶᠢᠨ ᠰᠠᠯᠠᠭ᠎ᠠ  ᠶᠢᠨ ᠶᠢᠨ ᠰᠢᠶᠦᠦ ᠴᠧᠨ ᠳᠤ ᠪᠠᠶᠠᠷᠯᠠᠯ᠎ᠠ︕ ᠮᠠᠨ  ᠤ ᠰᠡᠳᠦᠪ  ᠲᠤ ᠠᠩᠬᠠᠷᠤᠯ  ᠤᠨ ᠬᠠᠨᠳᠤᠭᠤᠯᠤᠭᠰᠠᠨ  ᠂ ᠮᠠᠨ  ᠤ ᠰᠡᠳᠦᠪ  ᠲᠤ ᠣᠷᠣᠯᠴᠠᠭᠰᠠᠨ ᠰᠥᠯᠵᠢᠶᠡᠨ  ᠤ ᠨᠥᠬᠦᠳ  ᠲᠤ ᠲᠠᠯᠠᠷᠬᠠᠯ ᠳᠡᠪᠰᠢᠭᠦᠯᠦᠶ᠎ᠡ  ᠃ ᠮᠠᠨ  ᠤ ᠡᠨᠡ ᠤᠳᠠᠭᠠᠨ  ᠤ ᠶᠠᠷᠢᠯᠴᠠᠭ᠎ᠠ ᠠᠳᠡ ᠬᠦᠷᠦᠭᠡᠳ ᠥᠨᠳᠥᠷᠯᠡᠯ᠎ᠡ  ᠃ ᠪᠠᠶᠠᠷᠲᠠᠢ  ᠃
 
ᠢᠷᠡᠯᠲᠡ᠄ ᠬᠥᠬᠡᠬᠤᠲᠠ  ᠶᠢᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号