ᠬᠦᠬᠡᠬᠤᠳᠠ ᠶᠢᠨ ᠬᠤᠳᠠ ᠶᠢᠨ ᠢᠯᠴᠢ ᠬᠠᠨᠭ᠍ᠭᠠᠬᠤ ᠬᠠᠮᠢᠶᠠᠷᠤᠯᠳᠠ ᠶᠢᠨ ᠲᠦᠷᠢᠮ
ᠨᠡᠶᠢᠲᠡᠯᠡᠭᠰᠡᠨ ᠴᠠᠭ᠄
2018-05-29
 ︵2006 ᠣᠨ ᠤ 6 ᠰᠠᠷ᠎ᠠ ᠶᠢᠨ 23 ᠤ ᠡᠳᠦᠷ ᠬᠦᠬᠡᠬᠤᠲᠠ ᠶᠢᠨ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠣᠯᠣᠳᠣᠭᠠᠷ ᠬᠤᠷᠠᠯᠳᠣᠭᠠᠨ ᠢᠶᠠᠷ ᠪᠠᠲᠣᠯᠠᠵᠣ᠂ 2006 ᠣᠨ ᠤ 9 ᠰᠠᠷ᠎ᠠ ᠶᠢᠨ 29 ᠤ ᠡᠳᠦᠷ ᠦᠪᠦᠷ ᠮᠣᠩᠭᠤᠯ ᠤᠨ  ᠦᠪᠡᠷᠲᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠦᠷᠪᠡᠳᠦᠭᠡᠷ ᠬᠤᠷᠠᠯᠳᠣᠭᠠᠨ ᠢᠶᠠᠷ ᠵᠦᠪᠰᠢᠶᠡᠷᠡᠪᠡ︶ 2012 ᠣᠨ ᠤ 3 ᠰᠠᠷ᠎ᠠ ᠶᠢᠨ 31 ᠤ ᠡᠳᠦᠷ ᠤᠨ ︽ᠬᠡᠰᠡᠭ ᠣᠷᠣᠨ ᠨᠣᠳᠤᠭ ᠤᠨ ᠴᠢᠨᠠᠷᠲᠠᠢ  ᠬᠠᠣᠯᠢ ᠲᠣᠭᠳᠠᠭᠠᠯ ᠳᠤ ᠵᠠᠰᠠᠪᠦᠷᠢ ᠣᠷᠣᠭᠤᠯᠬᠤ ᠲᠣᠬᠠᠢ ᠬᠦᠬᠡᠬᠤᠲᠠ ᠶᠢᠨ ᠠᠷᠠᠳ ᠤᠨ ᠲᠦᠯᠦᠭᠡᠯᠡᠭᠴᠢᠳ ᠤᠨ  ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠦᠪᠰᠢᠶᠡᠷᠡᠬᠦ ᠲᠣᠬᠠᠢ ᠦᠪᠦᠷ ᠮᠣᠩᠭᠤᠯ ᠤᠨ  ᠦᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠣᠭᠠᠷ ᠬᠤᠷᠠᠯᠳᠣᠭᠠᠨ ᠤ ᠰᠢᠢᠳᠪᠦᠷᠢ ᠶᠢ ᠦᠨᠳᠦᠰᠦᠯᠡᠨ  ᠵᠠᠰᠠᠪᠦᠷᠢ ᠣᠷᠣᠭᠤᠯᠪᠠ᠂ 2016 ᠣᠨ ᠤ 9 ᠰᠠᠷ᠎ᠠ ᠶᠢᠨ 29 ᠤ ᠡᠳᠦᠷ ︽︿ᠬᠦᠬᠡᠬᠤᠲᠠ ᠶᠢᠨ  ᠬᠤᠲᠠ ᠶᠢᠨ ᠢᠯᠴᠢ ᠬᠠᠩᠭᠠᠬᠤ ᠬᠠᠮᠢᠶᠠᠷᠣᠯᠲᠠ ᠶᠢᠨ ᠳᠦᠷᠢᠮ﹀ ᠳᠤ ᠵᠠᠰᠠᠪᠦᠷᠢ ᠣᠷᠣᠭᠤᠯᠬᠤ ᠲᠣᠬᠠᠢ  ᠬᠦᠬᠡᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠲᠣᠭᠲᠠᠭᠠᠯ︾ ᠢ ᠵᠦᠪᠰᠢᠶᠡᠷᠡᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠣᠭᠠᠷ ᠬᠤᠷᠠᠯᠳᠣᠭᠠᠨ ᠤ ᠰᠢᠢᠳᠪᠦᠷᠢ ᠶᠢ ᠦᠨᠳᠦᠰᠦᠯᠡᠨ ᠵᠠᠰᠠᠪᠦᠷᠢ ᠣᠷᠣᠭᠤᠯᠪᠠ︶      ᠨᠢᠭᠡᠳᠦᠭᠡᠷ ᠪᠦᠯᠦᠭ ᠶᠡᠷᠦᠩᠬᠡᠢ ᠲᠦᠷᠢᠮ      ᠨᠢᠭᠡᠳᠦᠭᠡᠷ ᠵᠦᠢᠯ  ᠬᠤᠳᠠ ᠶᠢᠨ ᠢᠯᠴᠢ ᠬᠠᠨᠭ᠍ᠭᠠᠬᠤ ︵ᠲᠤᠷᠤᠭᠰᠢ ᠢᠯᠴᠢ ᠬᠠᠨᠭ᠍ᠭᠠᠬᠤ ᠭᠡᠵᠤ ᠲᠦᠭᠦᠮᠴᠢᠯᠡᠨ᠎ᠡ︶ ᠬᠠᠮᠢᠶᠠᠷᠤᠯᠳᠠ ᠶᠢᠨ ᠠᠵᠢᠯ ᠢ ᠴᠢᠩᠭᠠᠳᠬᠠᠵᠤ᠂ ᠢᠯᠴᠢ ᠶᠢᠨ ᠬᠠᠨᠭ᠍ᠭᠠᠯᠳᠠ ᠶᠢ ᠪᠠᠳᠤᠯᠠᠨ᠂ ᠡᠨᠧᠷᠭᠢ ᠶᠢ ᠠᠷᠪᠢᠯᠠᠨ᠂ ᠤᠷᠴᠢᠨ ᠲᠤᠭᠤᠷᠢᠨ ᠢ ᠬᠠᠮᠠᠭᠠᠯᠠᠵᠤ᠂ ᠢᠯᠴᠢ ᠬᠠᠨᠭ᠍ᠭᠠᠬᠤ ᠢᠯᠴᠢ ᠬᠡᠷᠡᠭᠯᠡᠬᠦ ᠬᠤᠶᠠᠷ ᠲᠠᠯ᠎ᠠ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠢᠯᠴᠢ ᠬᠠᠨᠭ᠍ᠭᠠᠬᠤ ᠵᠠᠬ᠎ᠠ ᠲᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠬᠤ ᠶᠢᠨ ᠲᠦᠯᠦᠭᠡ᠂ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ ᠦᠨᠳᠦᠰᠤᠯᠡᠨ᠂ ᠲᠤᠰ ᠬᠤᠳᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠲᠤᠰ ᠲᠦᠷᠢᠮ ᠢ ᠲᠤᠭᠳᠠᠭᠠᠪᠠ᠃      ᠬᠤᠶᠠᠳᠤᠭᠠᠷ ᠵᠦᠢᠯ ᠲᠤᠰ ᠬᠤᠳᠠ ᠶᠢᠨ ᠬᠤᠳᠠ ᠶᠢᠨ ᠲᠦᠯᠦᠪᠵᠢᠭᠦᠯᠭᠡ ᠶᠢᠨ ᠤᠷᠤᠨ ᠤ ᠲᠤᠳᠤᠷ᠎ᠠ ᠢᠯᠴᠢ ᠬᠠᠨᠭ᠍ᠭᠠᠬᠤ ᠲᠤᠰᠬᠠᠢ ᠲᠦᠷᠦᠯ ᠤᠨ ᠲᠦᠯᠦᠪᠵᠢᠭᠦᠯᠭᠡ᠂ ᠵᠢᠷᠤᠭ ᠲᠦᠯᠦᠪᠯᠡᠭᠡ᠂ ᠪᠦᠳᠦᠭᠡᠨ ᠪᠠᠶᠢᠭᠤᠯᠤᠯᠳᠠ᠂ ᠡᠵᠡᠩᠨᠡᠯᠳᠡ᠂ ᠬᠠᠮᠢᠶᠠᠷᠤᠯᠳᠠ ᠬᠢᠬᠦ ᠨᠢᠭᠡᠴᠢ᠂ ᠬᠤᠪᠢ ᠬᠦᠮᠦᠨ ᠪᠠ ᠢᠯᠴᠢ ᠬᠡᠷᠡᠭᠯᠡᠬᠦ ᠡᠷᠦᠬᠡ ᠴᠦᠮ ᠲᠤᠰ ᠲᠦᠷᠢᠮ ᠢ ᠵᠢᠷᠤᠮᠯᠠᠬᠤ ᠬᠡᠷᠡᠭᠳᠠᠢ᠃      ᠭᠤᠷᠪᠠᠳᠤᠭᠠᠷ ᠵᠦᠢᠯ ᠲᠣᠰ ᠳᠦᠷᠢᠮ ᠳᠤ ᠬᠡᠯᠡᠵᠣ ᠪᠠᠶᠢᠭ᠎ᠠ ᠢᠯᠴᠢ ᠬᠠᠩᠭᠠᠬᠤ ᠬᠡᠳᠡᠭ ᠪᠣᠯ ᠢᠯᠴᠢ ᠴᠠᠬᠢᠯᠭᠠᠨ ᠢ ᠵᠡᠷᠭᠡᠪᠡᠷ ᠡᠬᠦᠰᠬᠡᠬᠦ᠂ ᠣᠷᠣᠨ ᠬᠡᠪᠴᠢᠶᠡᠨ ᠤ ᠬᠦᠸᠧᠯᠦ ᠵᠡᠷᠭᠡ ᠶᠢ ᠠᠰᠢᠭᠯᠠᠵᠣ ᠡᠬᠦᠰᠬᠡᠭᠰᠡᠨ ᠠᠭᠤᠷ᠂ ᠬᠠᠯᠠᠭᠤᠨ ᠣᠰᠣ ᠪᠠ ᠠᠵᠣ ᠦᠢᠯᠡᠳᠪᠦᠷᠢ ᠶᠢᠨ ᠦᠯᠡᠳᠡᠭᠳᠡᠯ ᠢᠯᠴᠢ᠂ ᠭᠠᠵᠠᠷ ᠤᠨ ᠢᠯᠴᠢ ᠵᠡᠷᠭᠡ ᠢᠯᠴᠢ ᠶᠢᠨ ᠡᠬᠢ ᠰᠣᠷᠪᠣᠯᠵᠢ ᠶᠢ ᠬᠤᠭᠤᠯᠠᠢ ᠶᠢᠨ ᠲᠣᠣᠷ ᠢᠶᠠᠷ ᠳᠠᠮᠵᠢᠵᠣ ᠭᠡᠷᠡᠭᠯᠡᠭᠴᠢ ᠶᠢᠨ ᠦᠢᠯᠡᠳᠪᠦᠷᠢᠯᠡᠯ᠂ ᠠᠮᠢᠳᠣᠷᠠᠯ ᠳᠤ ᠦᠨ᠎ᠡ ᠲᠦᠯᠦᠪᠦᠷᠢ ᠲᠠᠢ ᠢᠯᠴᠢ ᠬᠠᠩᠭᠠᠬᠤ ᠠᠵᠢᠯᠯᠠᠭ᠎ᠠ ᠶᠢ ᠵᠢᠭᠠᠨ᠎ᠠ᠃      ᠲᠦᠷᠪᠡᠳᠦᠭᠡᠷ ᠵᠦᠢᠯ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯ ᠲᠤᠰ ᠬᠤᠳᠠ ᠶᠢᠨ ᠢᠯᠴᠢ ᠬᠠᠨᠭ᠍ᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠮᠦᠨ᠃ ᠬᠤᠳᠠ ᠶᠢᠨ ᠨᠡᠶᠢᠳᠡ ᠶᠢᠨ ᠬᠡᠷᠡᠭᠯᠡᠭᠡᠨ ᠤ ᠦᠢᠯᠡᠰ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠪᠤᠯ ᠲᠤᠰ ᠬᠤᠳᠠ ᠶᠢᠨ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠪᠠᠶᠢᠵᠤ᠂ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠠᠵᠢᠯ ᠢ ᠪᠤᠳᠠᠳᠠᠢ ᠬᠠᠷᠢᠭᠤᠴᠠᠨ᠎ᠠ᠃      ᠡᠯ᠎ᠡ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ︵ᠨᠡᠭᠡᠭᠡᠯᠳᠡ ᠶᠢᠨ ᠲᠤᠭᠤᠷᠢᠭ ᠢ ᠪᠠᠭᠳᠠᠭᠠᠨ᠎ᠠ︶ ᠪᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠢᠶᠠᠨ ᠢᠯᠴᠢ ᠶᠢᠨ ᠬᠠᠨᠭ᠍ᠭᠠᠯᠳᠠ ᠶᠢᠨ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠠᠵᠢᠯ ᠢ ᠬᠠᠮᠵᠢᠯᠴᠠᠨ ᠰᠠᠶᠢᠳᠤᠷ ᠬᠢᠬᠦ ᠬᠡᠷᠡᠭᠳᠠᠢ᠃      ᠲᠠᠪᠤᠳᠤᠭᠠᠷ ᠵᠦᠢᠯ ᠢᠯᠴᠢ ᠶᠢᠨ ᠬᠠᠨᠭ᠍ᠭᠠᠯᠳᠠ ᠳᠤ ᠪᠦᠬᠦ ᠲᠠᠯ᠎ᠠ ᠪᠠᠷ ᠲᠦᠯᠦᠪᠵᠢᠭᠦᠯᠬᠦ᠂ ᠨᠢᠭᠡᠳᠦᠯᠳᠠᠢ ᠬᠠᠮᠢᠶᠠᠷᠬᠤ᠂ ᠤᠯᠠᠨ ᠡᠵᠡᠩᠨᠡᠯᠳᠡ ᠶᠢᠨ ᠡᠷᠦᠬᠡ ᠠᠴᠠ ᠡᠵᠡᠩᠨᠡᠬᠦ᠂ ᠵᠤᠬᠢᠴᠠᠭᠤᠯᠤᠨ ᠬᠦᠭᠵᠢᠭᠦᠯᠬᠦ ᠶᠢ ᠬᠡᠷᠡᠭᠵᠢᠭᠦᠯᠦᠨ᠎ᠡ ᠃ ᠰᠢᠨ᠎ᠡ ᠡᠨᠧᠷᠭᠢ ᠶᠢ ᠠᠰᠢᠭᠯᠠᠬᠤ ᠪᠤᠯᠤᠨ ᠲᠦᠪᠯᠡᠷᠡᠭᠦᠯᠦᠨ ᠢᠯᠴᠢ ᠬᠠᠨᠭ᠍ᠭᠠᠬᠤ ᠶᠢ ᠬᠦᠭᠵᠢᠭᠦᠯᠬᠦ ᠶᠢ ᠵᠤᠷᠢᠬᠵᠢᠭᠤᠯᠵᠤ᠂ ᠨᠡᠭᠦᠷᠡᠰᠦ ᠰᠢᠳᠠᠭᠠᠬᠤ ᠲᠠᠷᠠᠬᠠᠢ ᠬᠦᠸᠧᠯᠦ ᠶᠢ ᠠᠭᠠᠵᠢᠮ ᠢᠶᠠᠷ ᠦᠭᠡᠢ ᠪᠤᠯᠭᠠᠨ᠎ᠠ᠃      ᠬᠤᠶᠠᠳᠤᠭᠠᠷ ᠪᠦᠯᠦᠭ ᠢᠯᠴᠢ ᠬᠠᠨᠭ᠍ᠭᠠᠬᠤ ᠲᠦᠯᠦᠪᠵᠢᠭᠦᠯᠭᠡ ᠪᠤᠯᠤᠨ ᠪᠦᠳᠦᠭᠡᠨ ᠪᠠᠶᠢᠭᠤᠯᠤᠯᠳᠠ      ᠵᠢᠷᠭᠤᠳᠤᠭᠠᠷ ᠵᠦᠢᠯ ᠢᠯᠴᠢ ᠬᠠᠨᠭ᠍ᠭᠠᠬᠤ ᠲᠣᠰᠬᠠᠢ ᠲᠦᠷᠦᠯ ᠤᠨ ᠲᠦᠯᠦᠪᠵᠢᠭᠦᠯᠭᠡ ᠶᠢ ᠬᠤᠳᠠ ᠶᠢᠨ ᠶᠡᠷᠦᠩᠬᠡᠢ ᠲᠦᠯᠦᠪᠵᠢᠭᠦᠯᠭᠡ ᠲᠠᠢ ᠨᠢᠭᠡᠳᠦᠯᠳᠠᠢ ᠪᠠᠶᠢᠯᠭᠠᠬᠤ ᠬᠡᠷᠡᠭᠳᠠᠢ᠃ ᠢᠯᠴᠢ ᠬᠠᠨᠭ᠍ᠭᠠᠬᠤ ᠲᠦᠯᠦᠪᠵᠢᠭᠦᠯᠭᠡ ᠶᠢ ᠢᠯᠴᠢ ᠶᠢᠨ ᠬᠠᠨᠭ᠍ᠭᠠᠯᠳᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠯᠦᠭᠡ ᠬᠠᠮᠳᠤ ᠪᠠᠷ ᠨᠠᠶᠢᠷᠠᠭᠤᠯᠤᠨ ᠵᠤᠬᠢᠶᠠᠵᠤ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠦᠨ᠎ᠡ᠃      ᠨᠢᠭᠡᠨᠳᠡ ᠵᠦᠪᠰᠢᠶᠡᠷᠡᠭᠦᠯᠦᠭᠰᠡᠨ ᠢᠯᠴᠢ ᠬᠠᠨᠭ᠍ᠭᠠᠬᠤ ᠲᠦᠯᠦᠪᠵᠢᠭᠦᠯᠭᠡ ᠶᠢ ᠦᠨᠡᠨ ᠬᠦ ᠬᠤᠪᠢᠷᠠᠭᠤᠯᠬᠤ ᠴᠢᠬᠤᠯᠠ ᠲᠠᠢ ᠪᠤᠯ ᠬᠤᠪᠢᠷᠠᠭᠤᠯᠬᠤ ᠨᠢᠭᠡᠴᠢ ᠨᠢ ᠭᠤᠶᠤᠴᠢᠯᠠᠯ ᠲᠤᠷᠠᠳᠴᠤ᠂ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤ ᠪᠠᠷ ᠠᠷᠭ᠎ᠠ ᠲᠦᠰᠦᠯ ᠢ ᠲᠤᠷᠠᠳᠤᠨ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠬᠦ ᠬᠡᠷᠡᠭᠳᠠᠢ᠃      ᠲᠤᠯᠤᠳᠤᠭᠠᠷ ᠵᠦᠢᠯ ᠢᠯᠴᠢ ᠬᠠᠨᠭ᠍ᠭᠠᠬᠤ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠂ ᠦᠷᠭᠡᠳᠭᠡᠨ ᠪᠠᠶᠢᠭᠤᠯᠬᠤ ᠭᠡᠪᠡᠯ ᠢᠯᠴᠢ ᠬᠠᠨᠭ᠍ᠭᠠᠬᠤ ᠲᠤᠰᠬᠠᠢ ᠲᠦᠷᠦᠯ ᠤᠨ ᠲᠦᠯᠦᠪᠵᠢᠭᠦᠯᠭᠡ ᠳᠤ ᠨᠡᠶᠢᠴᠡᠭᠦᠯᠬᠦ ᠪᠦᠭᠡᠳ ᠢᠯᠴᠢ ᠶᠢᠨ ᠬᠠᠨᠭ᠍ᠭᠠᠯᠳᠠ ᠶᠢᠨ ᠬᠢᠨᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠵᠦ᠂ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠲᠠᠷᠠᠭᠠᠯᠠᠯ ᠢ ᠬᠠᠤᠯᠢ ᠶᠤᠰᠤᠭᠠᠷ ᠭᠦᠢᠴᠡᠳᠭᠡᠬᠦ ᠬᠡᠷᠡᠭᠳᠠᠢ᠃      ᠢᠯᠴᠢ ᠬᠠᠨᠭ᠍ᠭᠠᠬᠤ ᠲᠤᠰᠬᠠᠢ ᠲᠦᠷᠦᠯ ᠤᠨ ᠲᠦᠯᠦᠪᠵᠢᠭᠦᠯᠭᠡ ᠳᠤ ᠲᠤᠭᠳᠠᠭᠠᠭᠰᠠᠨ ᠢᠯᠴᠢ ᠬᠠᠨᠭ᠍ᠭᠠᠬᠤ ᠲᠦᠭᠦᠭᠡᠷᠤᠮᠵᠢ ᠳᠤ ᠬᠡᠷᠡᠭᠯᠡᠬᠦ ᠭᠠᠵᠠᠷ ᠢ ᠶᠠᠮᠠᠷᠪᠠ ᠨᠢᠭᠡᠴᠢ ᠪᠠ ᠬᠤᠪᠢ ᠬᠦᠮᠦᠨ ᠰᠢᠬᠠᠨ ᠡᠵᠡᠯᠡᠬᠦ ᠪᠤᠶᠤ ᠬᠡᠷᠡᠭᠯᠡᠯᠳᠡ ᠶᠢ ᠨᠢ ᠬᠤᠪᠢᠷᠠᠭᠤᠯᠵᠤ ᠪᠤᠯᠬᠤ ᠦᠭᠡᠢ︔ ᠬᠡᠷᠡᠭᠯᠡᠯᠳᠡ ᠶᠢ ᠨᠢ ᠦᠨᠡᠨ ᠬᠦ ᠬᠤᠪᠢᠷᠠᠭᠤᠯᠬᠤ ᠴᠢᠬᠤᠯᠠ ᠲᠠᠢ ᠪᠤᠯ ᠤᠤᠯ ᠤᠨ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠵᠦ ᠵᠦᠪᠰᠢᠶᠡᠷᠡᠭᠦᠯᠬᠦ ᠬᠡᠷᠡᠭᠳᠠᠢ᠃      ᠨᠠᠢᠮᠠᠳᠤᠭᠠᠷ ᠵᠦᠢᠯ ᠨᠢᠭᠡᠨᠳᠡ ᠪᠠᠶᠢᠭᠤᠯᠤᠭᠰᠠᠨ ᠪᠤᠶᠤ ᠪᠠᠶᠢᠭᠤᠯᠬᠤ ᠪᠠᠷ ᠲᠦᠯᠦᠪᠵᠢᠭᠦᠯᠦᠭᠰᠡᠨ ᠲᠦᠪᠯᠡᠷᠡᠭᠦᠯᠦᠨ ᠢᠯᠴᠢ ᠬᠠᠨᠭ᠍ᠭᠠᠬᠤ ᠬᠤᠭᠤᠯᠠᠢ ᠶᠢᠨ ᠲᠤᠤᠷ ᠤᠨ ᠬᠡᠪᠴᠢᠶᠡᠨ ᠳᠤ ᠦᠨᠢᠳᠡ ᠶᠢᠨ ᠴᠢᠨᠠᠷ ᠲᠠᠢ ᠨᠡᠭᠦᠷᠡᠰᠦ ᠰᠢᠳᠠᠭᠠᠬᠤ ᠭᠦᠸᠧᠯᠦ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠶᠢ ᠵᠦᠪᠰᠢᠶᠡᠷᠡᠵᠤ ᠪᠤᠯᠬᠤ ᠦᠭᠡᠢ᠃      ᠢᠯᠴᠢ ᠬᠠᠨᠭ᠍ᠭᠠᠬᠤ ᠲᠤᠰᠬᠠᠢ ᠲᠦᠷᠦᠯ ᠤᠨ ᠲᠦᠯᠦᠪᠵᠢᠭᠦᠯᠭᠡ ᠳᠤ ᠨᠡᠶᠢᠴᠡᠬᠦ ᠦᠭᠡᠢ ᠤᠤᠯ ᠤᠨ ᠪᠠᠶᠢᠬᠰᠠᠨ ᠨᠡᠭᠦᠷᠡᠰᠦ ᠰᠢᠳᠠᠭᠠᠬᠤ ᠭᠦᠸᠧᠯᠦ ᠶᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠵᠤᠬᠢᠰᠳᠠᠢ ᠦᠶᠡᠰ ᠲᠤᠨᠢ ᠨᠤᠷᠠᠭᠠᠵᠤ ᠨᠡᠶᠢᠯᠡᠭᠦᠯᠬᠦ ᠲᠦᠯᠦᠪᠯᠡᠭᠡ ᠲᠤᠭᠳᠠᠭᠠᠵᠤ᠂ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠲᠦᠪᠯᠡᠷᠡᠭᠦᠯᠦᠨ ᠢᠯᠴᠢ ᠬᠠᠨᠭ᠍ᠭᠠᠬᠤ ᠨᠢᠭᠡᠴᠢ ᠨᠢ ᠨᠤᠷᠠᠭᠠᠨ ᠨᠡᠶᠢᠯᠡᠭᠦᠯᠬᠦ ᠲᠦᠯᠦᠪᠯᠡᠭᠡ ᠶᠢᠨ ᠱᠠᠭᠠᠷᠳᠠᠯᠭ᠎ᠠ ᠶᠤᠰᠤᠭᠠᠷ ᠬᠤᠯᠪᠤᠭᠳᠠᠯ ᠪᠦᠬᠦᠢ ᠠᠵᠢᠯ ᠳᠤ ᠬᠠᠮᠵᠢᠯᠴᠠᠬᠤ ᠬᠡᠷᠡᠭᠳᠠᠢ᠃      ᠶᠢᠰᠦᠳᠦᠭᠡᠷ ᠵᠦᠢᠯ ᠬᠤᠳᠠ ᠶᠢᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ᠂ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠰᠢᠯᠳᠠᠭᠠᠨ ᠠᠴᠠ ᠤᠤᠯ ᠤᠨ ᠢᠯᠴᠢ ᠬᠠᠨᠭ᠍ᠭᠠᠬᠤ ᠲᠦᠭᠦᠭᠡᠷᠤᠮᠵᠢ ᠶᠢ ᠨᠤᠷᠠᠭᠠᠬᠤ ᠦᠭᠡᠷᠡᠴᠢᠯᠡᠬᠦ ᠴᠢᠬᠤᠯᠠ ᠲᠠᠢ ᠪᠤᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠢᠯᠴᠢ ᠶᠢᠨ ᠬᠠᠨᠭ᠍ᠭᠠᠯᠳᠠ ᠶᠢᠨ ᠬᠢᠨᠠᠨ ᠬᠠᠮᠢᠶᠠᠷᠬᠤ ᠰᠠᠯᠠᠭ᠎ᠠ ᠮᠦᠴᠢᠷ ᠲᠠᠢ ᠵᠦᠪᠳᠡᠯᠴᠡᠬᠦ ᠶᠢᠨ ᠬᠠᠮᠳᠤ ᠢᠯᠴᠢ ᠶᠢᠨ ᠡᠬᠢ ᠰᠤᠷᠪᠤᠯᠵᠢ ᠶᠢᠨ ᠤᠷᠤᠯᠠᠭᠤᠯᠤᠯᠳᠠ ᠶᠢ ᠨᠠᠶᠢᠳᠠᠪᠦᠷᠢᠵᠢᠭᠤᠯᠤᠭᠰᠠᠨ ᠤ ᠲᠠᠷᠠᠭ᠎ᠠ ᠰᠠᠶ᠋ᠢ ᠨᠤᠷᠠᠭᠠᠵᠤ ᠪᠤᠯᠤᠨ᠎ᠠ᠃ ᠤᠤᠯ ᠤᠨ ᠢᠯᠴᠢ ᠬᠠᠨᠭ᠍ᠭᠠᠬᠤ ᠨᠢᠭᠡᠴᠢ ᠲᠤᠭᠳᠠᠭᠰᠠᠨ ᠬᠤᠭᠤᠴᠠᠭᠠᠨ ᠤ ᠲᠤᠳᠤᠷ᠎ᠠ ᠬᠠᠮᠵᠢᠯᠴᠠᠨ ᠪᠡᠶᠡᠯᠡᠭᠦᠯᠬᠦ ᠬᠡᠷᠡᠭᠳᠠᠢ᠃      ᠠᠷᠪᠠᠳᠤᠭᠠᠷ ᠵᠦᠢᠯ ᠢᠯᠴᠢ ᠶᠢᠨ ᠡᠬᠢ ᠰᠣᠷᠪᠣᠯᠵᠢ ᠬᠠᠩᠭᠠᠬᠤ ᠨᠢᠭᠡᠴᠢ᠂ ᠰᠢᠲᠠᠮᠠᠬᠠᠢ ᠬᠡᠢ ᠬᠠᠩᠭᠠᠬᠤ ᠨᠢᠭᠡᠴᠢ ᠨᠢ ᠢᠯᠴᠢ ᠬᠠᠩᠭᠠᠬᠤ ᠨᠢᠭᠡᠴᠢ ᠯᠦᠭᠡ ᠶᠢᠨ ᠬᠡᠷ᠎ᠡ ᠳᠤ ᠲᠣᠭᠲᠠᠭᠠᠭᠰᠠᠨ ᠬᠡᠪᠴᠢᠶᠡᠨ ᠤ ᠢᠯᠴᠢ ᠶᠢᠨ ᠡᠬᠢ ᠰᠣᠷᠪᠣᠯᠵᠢ ᠪᠣᠯᠣᠨ ᠰᠢᠲᠠᠮᠠᠬᠠᠢ ᠬᠡᠢ ᠶᠢᠨ ᠬᠦᠸᠧᠯᠦ ᠠᠵᠢᠯᠯᠠᠬᠤ ᠪᠠᠷᠢᠮᠵᠢᠶ᠎ᠠ ᠳᠤ ᠨᠡᠶᠢᠴᠡᠭᠰᠡᠨ ᠬᠡᠢ ᠶᠢᠨ ᠡᠬᠢ ᠰᠣᠷᠪᠣᠯᠵᠢ ᠶᠢ ᠬᠠᠩᠭᠠᠬᠤ ᠬᠡᠷᠡᠭᠲᠠᠢ᠂ ᠢᠯᠴᠢ ᠶᠢᠨ ᠡᠬᠢ ᠰᠣᠷᠪᠣᠯᠵᠢ ᠶᠢ ᠬᠠᠩᠭᠠᠬᠤ ᠨᠢᠭᠡᠴᠢ᠂ ᠰᠢᠲᠠᠮᠠᠬᠠᠢ ᠬᠡᠢ ᠶᠢ ᠬᠠᠩᠭᠠᠬᠤ ᠨᠢᠭᠡᠴᠢ ᠶᠢᠨ ᠰᠢᠯᠳᠠᠭᠠᠨ ᠠᠴᠠ ᠢᠯᠴᠢ ᠬᠠᠩᠭᠠᠬᠤ ᠲᠣᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠦᠷᠬᠦ ᠦᠭᠡᠢ᠂ ᠬᠠᠩᠭᠠᠬᠤ ᠪᠠᠨ ᠵᠣᠭᠰᠣᠭᠠᠬᠤ ᠵᠡᠷᠭᠡ ᠪᠠᠶᠢᠳᠠᠯ ᠢ ᠡᠬᠦᠰᠬᠡᠪᠡᠯ᠂ ᠢᠯᠴᠢ ᠬᠠᠩᠭᠠᠬᠤ ᠬᠡᠷᠡᠭᠯᠡᠬᠦ ᠬᠡᠷ᠎ᠡ ᠶᠢ ᠦᠨᠳᠦᠰᠦᠯᠡᠨ ᠬᠠᠣᠯᠢ ᠶᠣᠰᠣᠭᠠᠷ ᠵᠣᠬᠢᠴᠠᠩᠭᠤᠢ ᠬᠠᠷᠢᠭᠤᠴᠠᠯᠭ᠎ᠠ ᠶᠢ ᠡᠬᠦᠷᠭᠡᠯᠡᠨ᠎ᠡ᠃      ᠠᠷᠪᠠᠨ ᠨᠢᠭᠡᠳᠦᠭᠡᠷ ᠵᠦᠢᠯ ᠰᠢᠨ᠎ᠡ ᠪᠠᠷ ᠪᠠᠶᠢᠭᠤᠯᠬᠤ ᠭᠡᠷ ᠪᠠᠶᠢᠰᠢᠩ ᠤᠨ ᠢᠯᠴᠢ ᠬᠠᠨᠭ᠍ᠭᠠᠬᠤ ᠲᠦᠭᠦᠭᠡᠷᠤᠮᠵᠢ ᠶᠢᠨ ᠵᠢᠷᠤᠭ ᠲᠦᠯᠦᠪᠯᠡᠭᠡ ᠨᠢ ᠲᠤᠤᠷᠠᠬᠢ ᠱᠠᠭᠠᠷᠳᠠᠯᠭ᠎ᠠ ᠳᠤ ᠬᠦᠷᠬᠦ ᠬᠡᠷᠡᠭᠳᠠᠢ᠄      ︵ᠨᠢᠭᠡ︶ ᠢᠯᠴᠢ ᠬᠠᠨᠭ᠍ᠭᠠᠬᠤ ᠲᠠᠯᠠᠪᠠᠢ ᠲᠠᠢ ᠵᠤᠬᠢᠴᠠᠭᠰᠠᠨ ᠪᠠᠶᠢᠬᠤ ᠬᠡᠷᠡᠭᠳᠠᠢ︔      ︵ᠬᠤᠶᠠᠷ︶ ᠤᠯᠤᠰ᠂ ᠦᠪᠡᠷᠳᠡᠭᠡᠨ ᠵᠠᠰᠠᠬᠤ ᠤᠷᠤᠨ ᠪᠠ ᠲᠤᠰ ᠬᠤᠳᠠ ᠶᠢᠨ ᠲᠤᠭᠳᠠᠭᠠᠭᠰᠠᠨ ᠪᠠᠷᠢᠯᠭ᠎ᠠ ᠶᠢᠨ ᠡᠨᠧᠷᠬᠢ ᠠᠷᠪᠢᠯᠠᠬᠤ ᠱᠠᠭᠠᠷᠳᠠᠯᠭ᠎ᠠ ᠪᠠ ᠢᠯᠴᠢ ᠬᠠᠨᠭ᠍ᠭᠠᠬᠤ ᠰᠢᠰᠲ᠋ᠧᠮ ᠤᠨ ᠡᠨᠧᠷᠭᠢ ᠠᠷᠪᠢᠯᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠳᠠᠢ︔      ︵ᠭᠤᠷᠪᠠ︶ ᠡᠷᠦᠬᠡ ᠪᠠᠷ ᠬᠤᠪᠢᠶᠠᠷᠢᠯᠠᠵᠣ ᠡᠵᠡᠮᠳᠡᠬᠦ ᠶᠢ ᠬᠡᠷᠡᠭᠵᠢᠭᠦᠯᠦᠨ᠎ᠡ᠃      ᠪᠦᠳᠦᠭᠡᠨ ᠪᠠᠶᠢᠭᠤᠯᠤᠯᠳᠠ ᠶᠢᠨ ᠨᠢᠭᠡᠴᠢ ᠨᠢ ᠵᠢᠷᠤᠭ ᠲᠦᠯᠦᠪᠯᠡᠭᠡ ᠶᠢᠨ ᠲᠦᠰᠦᠯ ᠶᠤᠰᠤᠭᠠᠷ ᠪᠠᠷᠢᠯᠭ᠎ᠠ ᠪᠠᠷᠢᠵᠤ᠂ ᠰᠤᠩᠭᠤᠨ ᠬᠡᠷᠡᠭᠯᠡᠬᠦ ᠲᠦᠭᠦᠭᠡᠷᠤᠮᠵᠢ᠂ ᠮᠠᠲ᠋ᠧᠷᠢᠶᠠᠯ᠂ ᠬᠡᠮᠵᠢᠭᠦᠷ ᠤᠨ ᠪᠠᠭᠠᠵᠢ ᠬᠡᠷᠡᠭᠰᠡᠯ ᠵᠡᠷᠭᠡ ᠨᠢ ᠤᠯᠤᠰ ᠤᠨ ᠲᠤᠭᠳᠠᠭᠠᠭᠰᠠᠨ ᠦᠢᠯᠡᠳᠭᠦᠨ ᠤ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠳᠠᠢ᠃      ᠠᠷᠪᠠᠨ ᠬᠤᠶᠠᠳᠤᠭᠠᠷ ᠵᠦᠢᠯ ᠬᠤᠲᠠ ᠶᠢᠨ ᠢᠯᠴᠢ ᠬᠠᠩᠭᠠᠬᠤ ᠶᠢ ᠣᠶᠣᠨᠴᠢᠯᠠᠭᠰᠠᠨ ᠬᠠᠮᠢᠶᠠᠷᠣᠯᠲᠠ ᠪᠣᠯᠭᠠᠬᠤ ᠶᠢ ᠠᠯᠬᠤᠮ ᠠᠯᠬᠤᠮ ᠢᠶᠠᠷ ᠪᠡᠶᠡᠯᠡᠬᠦᠯᠵᠣ᠂ ᠢᠯᠴᠢ ᠬᠡᠷᠡᠭᠯᠡᠭᠰᠡᠨ ᠬᠡᠮᠵᠢᠶ᠎ᠡ ᠪᠠᠷ ᠨᠢ ᠰᠦᠢᠳᠭᠡᠯ ᠬᠤᠷᠢᠶᠠᠬᠤ ᠲᠦᠷᠢᠮ ᠢ ᠠᠯᠬᠤᠮ ᠠᠯᠬᠤᠮ ᠢᠶᠠᠷ ᠬᠡᠷᠡᠭᠵᠢᠬᠦᠯᠦᠨ᠂ ᠨᠢᠭᠡᠨᠲᠡ ᠪᠠᠶᠢᠭ᠎ᠠ ᠪᠠᠷᠢᠯᠭ᠎ᠠ ᠳᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠰᠢᠰᠲ᠋ᠧᠮ ᠤᠨ ᠡᠨᠧᠷᠭᠢ ᠠᠷᠪᠢᠯᠠᠬᠤ ᠦᠭᠡᠷᠡᠴᠢᠯᠡᠯᠳᠡ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠢᠯᠴᠢ ᠬᠠᠨᠭ᠍ᠭᠠᠬᠤ ᠲᠦᠭᠦᠭᠡᠷᠤᠮᠵᠢ ᠶᠢ ᠡᠷᠦᠬᠡ ᠪᠠᠷ ᠬᠢᠵᠠᠭᠠᠷᠯᠠᠬᠤ᠂ ᠬᠡᠮᠵᠢᠭᠦᠷᠯᠢᠭ ᠢᠶᠠᠷ ᠬᠡᠮᠵᠢᠬᠦ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃      ᠠᠷᠪᠠᠨ ᠭᠤᠷᠪᠠᠳᠤᠭᠠᠷ ᠵᠦᠢᠯ ᠢᠯᠴᠢ ᠬᠠᠩᠭᠠᠬᠤ ᠲᠦᠬᠦᠭᠡᠷᠦᠮᠵᠢ ᠶᠢ ᠣᠭᠰᠠᠷᠠᠬᠤ ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ ᠨᠢ ᠪᠦᠲᠦᠭᠡᠨ ᠪᠠᠶᠢᠭᠤᠯᠣᠯᠲᠠ ᠠᠴᠠ ᠡᠮᠦᠨ᠎ᠡ ᠢᠯᠴᠢ ᠬᠠᠩᠭᠠᠯᠲᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠢᠯᠴᠢ ᠶᠢᠨ ᠡᠬᠢ ᠰᠣᠷᠪᠣᠯᠵᠢ ᠶᠢ ᠲᠣᠭᠲᠠᠭᠠᠬᠤ ᠬᠡᠷᠡᠭᠲᠠᠢ᠂ ᠢᠯᠴᠢ ᠬᠠᠩᠭᠠᠬᠤ ᠲᠣᠰᠬᠠᠢ ᠲᠦᠷᠦᠯ ᠤᠨ ᠲᠦᠯᠦᠪᠵᠢᠬᠦᠯᠭᠡ ᠶᠢ ᠦᠨᠳᠦᠰᠦᠯᠡᠨ ᠢᠯᠴᠢ ᠶᠢᠨ ᠡᠬᠢ ᠰᠣᠷᠪᠣᠯᠵᠢ ᠶᠢ ᠲᠣᠭᠲᠠᠭᠠᠭᠰᠠᠨ ᠤ ᠳᠠᠷᠠᠭ᠎ᠠ ᠰᠠᠶ᠋ᠢ ᠬᠡᠷᠡᠭᠵᠢᠬᠦᠯᠵᠣ ᠪᠣᠯᠣᠨ᠎ᠠ᠃      ᠢᠯᠴᠢ ᠬᠠᠩᠭᠠᠬᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ ᠨᠢ ᠪᠠᠷᠢᠯᠭ᠎ᠠ ᠲᠠᠭᠤᠰᠴᠣ ᠰᠢᠯᠭᠠᠨ ᠬᠤᠷᠢᠶᠠᠬᠤ ᠦᠶᠡᠰ᠂ ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠢᠯᠴᠢ ᠬᠠᠩᠭᠠᠬᠤ ᠨᠢᠭᠡᠴᠢ ᠶᠢ ᠣᠷᠢᠨ ᠣᠷᠣᠯᠴᠠᠭᠤᠯᠬᠤ ᠬᠡᠷᠡᠭᠲᠠᠢ᠃ ᠭᠤᠷᠪᠠᠳᠤᠭᠠᠷ ᠪᠦᠯᠦᠭ ᠢᠯᠴᠢ ᠬᠠᠨᠭ᠍ᠭᠠᠬᠤ ᠲᠦᠭᠦᠭᠡᠷᠤᠮᠵᠢ ᠶᠢᠨ ᠬᠠᠮᠢᠶᠠᠷᠤᠯᠳᠠ      ᠠᠷᠪᠠᠨ ᠲᠦᠷᠪᠡᠳᠦᠭᠡᠷ ᠵᠦᠢᠯ ᠢᠯᠴᠢ ᠬᠠᠨᠭ᠍ᠭᠠᠬᠤ ᠲᠦᠭᠦᠭᠡᠷᠤᠮᠵᠢ ᠳᠤ ᠢᠯᠴᠢ ᠶᠢᠨ ᠡᠬᠢ ᠰᠤᠷᠪᠤᠯᠵᠢ ᠶᠢᠨ ᠦᠢᠯᠡᠳᠪᠦᠷᠢᠯᠡᠯ ᠤᠨ ᠲᠦᠭᠦᠭᠡᠷᠤᠮᠵᠢ᠂ ᠬᠤᠭᠤᠯᠠᠢ ᠶᠢᠨ ᠲᠤᠤᠷ ᠤᠨ ᠲᠠᠮᠵᠢᠭᠤᠯᠭ᠎ᠠ ᠶᠢᠨ ᠲᠦᠭᠦᠭᠡᠷᠤᠮᠵᠢ᠂ ᠢᠯᠴᠢ ᠰᠤᠯᠢᠬᠤ ᠦᠷᠳᠡᠭᠡᠨ ᠤ ᠲᠦᠭᠦᠭᠡᠷᠤᠮᠵᠢ ᠪᠠ ᠡᠷᠦᠬᠡ ᠶᠢᠨ ᠲᠤᠳᠤᠭᠠᠳᠤ ᠶᠢᠨ ᠲᠤᠯᠭᠠᠴᠠᠯᠳᠠ ᠶᠢᠨ ᠲᠦᠭᠦᠭᠡᠷᠤᠮᠵᠢ ᠶᠢ ᠪᠠᠭᠳᠠᠭᠠᠨ᠎ᠠ᠃      ᠠᠷᠪᠠᠨ ᠲᠠᠪᠤᠳᠤᠭᠠᠷ ᠵᠦᠢᠯ ᠢᠯᠴᠢ ᠬᠠᠨᠭ᠍ᠭᠠᠬᠤ ᠲᠦᠭᠦᠭᠡᠷᠤᠮᠵᠢ ᠶᠢᠨ ᠬᠠᠮᠢᠶᠠᠷᠤᠯᠳᠠ᠂ ᠬᠠᠮᠠᠭᠠᠯᠠᠯᠳᠠ᠂ ᠰᠢᠨᠡᠴᠢᠯᠡᠯᠳᠡ ᠦᠭᠡᠷᠡᠴᠢᠯᠡᠯᠳᠡ ᠶᠢᠨ ᠬᠠᠷᠢᠭᠤᠴᠠᠯᠭ᠎ᠠ ᠶᠢ ᠲᠤᠤᠷᠠᠬᠢ ᠲᠤᠭᠳᠠᠭᠠᠯ ᠶᠤᠰᠤᠭᠠᠷ ᠬᠤᠪᠢᠶᠠᠷᠢᠯᠠᠨ᠎ᠠ᠄      ︵ᠨᠢᠭᠡ︶ ᠢᠯᠴᠢ ᠶᠢᠨ ᠡᠬᠢ ᠰᠤᠷᠪᠤᠯᠵᠢ ᠶᠢᠨ ᠨᠢᠭᠡᠴᠢ ᠶᠢᠨ ᠦᠢᠯᠡᠳᠪᠦᠷᠢᠯᠡᠯ ᠤᠨ ᠲᠤᠭᠤᠷᠢᠭ ᠤᠨ ᠲᠤᠳᠤᠷᠠᠬᠢ ᠢᠯᠴᠢ ᠬᠠᠨᠭ᠍ᠭᠠᠬᠤ ᠲᠦᠭᠦᠭᠡᠷᠤᠮᠵᠢ ︵ᠢᠯᠴᠢ ᠶᠢᠨ ᠡᠬᠢ ᠰᠤᠷᠪᠤᠯᠵᠢ ᠶᠢᠨ ᠭᠠᠷᠬᠤ ᠠᠮᠠᠰᠠᠷ ᠲᠠᠬᠢ ᠬᠡᠮᠵᠢᠭᠦᠷᠯᠢᠭ ᠢ ᠪᠠᠭᠳᠠᠭᠠᠨ᠎ᠠ︶ ᠶᠢ ᠢᠯᠴᠢ ᠶᠢᠨ ᠡᠬᠢ ᠰᠤᠷᠪᠤᠯᠵᠢ ᠶᠢᠨ ᠨᠢᠭᠡᠴᠢ ᠬᠠᠷᠢᠭᠤᠴᠠᠨ᠎ᠠ︔      ︵ᠬᠤᠶᠠᠷ︶ ᠰᠠᠭᠤᠭᠠᠯᠢ ᠠᠷᠠᠳ ᠬᠡᠷᠡᠭᠯᠡᠭᠴᠢ ᠶᠢ ᠪᠤᠯ ᠡᠷᠦᠬᠡ ᠪᠠᠷ ᠵᠠᠭᠠᠭ ᠪᠤᠯᠭᠠᠵᠤ᠂ ᠡᠷᠦᠬᠡ ᠳᠤ ᠨᠡᠪᠳᠡᠷᠡᠬᠦ ᠭᠡᠷ ᠤᠨ ᠭᠠᠳᠠᠨᠠᠬᠢ ᠢᠯᠴᠢ ᠬᠠᠨᠭ᠍ᠭᠠᠬᠤ ᠲᠦᠭᠦᠭᠡᠷᠤᠮᠵᠢ ᠶᠢ ᠢᠯᠴᠢ ᠬᠠᠨᠭ᠍ᠭᠠᠬᠤ ᠨᠢᠭᠡᠴᠢ ᠬᠠᠷᠢᠭᠤᠴᠠᠨ᠎ᠠ᠂ ᠡᠷᠦᠬᠡ ᠳᠤ ᠤᠷᠤᠭᠰᠠᠨ ᠭᠡᠷ ᠲᠤᠳᠤᠷᠠᠬᠢ ᠢᠯᠴᠢ ᠬᠠᠨᠭ᠍ᠭᠠᠬᠤ ᠲᠦᠭᠦᠭᠡᠷᠤᠮᠵᠢ ᠶᠢ ᠲᠤᠷᠰᠢᠨ ᠲᠤᠬᠢᠷᠠᠭᠤᠯᠬᠤ ᠪᠠ ᠬᠠᠮᠠᠭᠠᠯᠠᠬᠤ ᠶᠢ ᠢᠯᠴᠢ ᠬᠠᠨᠭ᠍ᠭᠠᠬᠤ ᠨᠢᠭᠡᠴᠢ ᠠᠴᠠ ᠬᠠᠷᠢᠭᠤᠴᠠᠵᠤ ᠡᠷᠦᠬᠡ ᠶᠢᠨ ᠲᠤᠳᠤᠭᠠᠳᠤ ᠶᠢᠨ ᠢᠯᠴᠢ ᠬᠠᠨᠭ᠍ᠭᠠᠬᠤ ᠲᠦᠭᠦᠭᠡᠷᠤᠮᠵᠢ ᠶᠢ ᠰᠢᠨᠡᠴᠢᠯᠡᠨ ᠦᠭᠡᠷᠡᠴᠢᠯᠡᠬᠦ ᠦᠶᠡᠰ ᠲᠠᠬᠢ ᠮᠠᠲ᠋ᠧᠷᠢᠶᠠᠯ ᠪᠠ ᠤᠭᠰᠠᠷᠠᠬᠤ ᠰᠦᠢᠳᠭᠡᠯ ᠢ ᠬᠡᠷᠡᠭᠯᠡᠭᠴᠢ ᠡᠭᠦᠷᠭᠡᠯᠡᠨ᠎ᠡ︔      ︵ᠭᠤᠷᠪᠠ︶ ᠰᠠᠭᠤᠭᠠᠯᠢ ᠠᠷᠠᠳ ᠪᠤᠰᠤ ᠬᠡᠷᠡᠭᠯᠡᠭᠴᠢ ᠶᠢᠨ ᠪᠤᠯ ᠡᠷᠦᠬᠡ ᠳᠤ ᠨᠡᠪᠳᠡᠷᠡᠬᠦ ᠨᠡᠭᠡᠯᠡᠬᠡᠢ ᠶᠢᠨ ᠬᠤᠳᠳᠤᠭ ᠢᠶᠠᠷ ᠵᠠᠭᠠᠭ ᠪᠤᠯᠭᠠᠵᠤ᠂ ᠵᠠᠭᠠᠭ ︵ᠨᠢᠭᠡᠯᠡᠬᠡᠢ ᠶᠢᠨ ᠬᠤᠳᠳᠤᠭ ᠢ ᠪᠠᠭᠳᠠᠭᠠᠨ᠎ᠠ︶ ᠠᠴᠠ ᠭᠠᠳᠠᠨᠠᠬᠢ ᠢᠯᠴᠢ ᠬᠠᠨᠭ᠍ᠭᠠᠬᠤ ᠲᠦᠭᠦᠭᠡᠷᠤᠮᠵᠢ ᠶᠢ ᠢᠯᠴᠢ ᠬᠠᠨᠭ᠍ᠭᠠᠬᠤ ᠨᠢᠭᠡᠴᠢ ᠬᠠᠷᠢᠭᠤᠴᠠᠵᠤ᠂ ᠵᠠᠭᠠᠭ ᠤᠨ ᠲᠤᠳᠤᠷᠠᠬᠢ ᠢᠯᠴᠢ ᠬᠠᠨᠭ᠍ᠭᠠᠬᠤ ᠲᠦᠭᠦᠭᠡᠷᠤᠮᠵᠢ ᠶᠢ ᠬᠡᠷᠡᠭᠯᠡᠭᠴᠢ ᠬᠠᠷᠢᠭᠤᠴᠠᠨ᠎ᠠ᠃ ᠦᠪᠡᠷᠳᠡᠭᠡᠨ ᠬᠠᠮᠢᠶᠠᠷᠬᠤ ᠢᠯᠴᠢ ᠬᠠᠨᠭ᠍ᠭᠠᠬᠤ ᠲᠦᠭᠦᠭᠡᠷᠤᠮᠵᠢ ᠪᠠᠨ ᠬᠠᠮᠢᠶᠠᠷᠬᠤ ᠴᠢᠳᠠᠯ ᠦᠭᠡᠢ ᠪᠤᠯ ᠢᠯᠴᠢ ᠬᠠᠨᠭ᠍ᠭᠠᠬᠤ ᠨᠢᠭᠡᠴᠢ ᠳᠤ ᠨᠠᠶᠢᠳᠠᠵᠤ ᠲᠦᠯᠦᠪᠦᠷᠢ ᠲᠠᠢ ᠪᠠᠷ ᠤᠷᠤᠯᠠᠨ ᠬᠠᠮᠢᠶᠠᠷᠤᠭᠤᠯᠵᠤ ᠪᠤᠯᠤᠨ᠎ᠠ᠃      ᠠᠷᠪᠠᠨ ᠵᠢᠷᠭᠤᠳᠤᠭᠠᠷ ᠵᠦᠢᠯ ᠢᠯᠴᠢ ᠶᠢᠨ ᠡᠬᠢ ᠰᠤᠷᠪᠤᠯᠵᠢ ᠶᠢᠨ ᠨᠢᠭᠡᠴᠢ᠂ ᠪᠦᠳᠦᠭᠡᠨ ᠪᠠᠶᠢᠭᠤᠯᠤᠯᠳᠠ ᠶᠢᠨ ᠨᠢᠭᠡᠴᠢ ᠪᠠ ᠢᠯᠴᠢ ᠬᠠᠨᠭ᠍ᠭᠠᠬᠤ ᠨᠢᠭᠡᠴᠢ ᠨᠢ ᠲᠡᠭᠦᠨ ᠤ ᠬᠠᠮᠢᠶᠠᠷᠴᠤ ᠪᠦᠬᠦᠢ ᠢᠯᠴᠢ ᠬᠠᠨᠭ᠍ᠭᠠᠬᠤ ᠲᠦᠭᠦᠭᠡᠷᠤᠮᠵᠢ ᠪᠠᠨ ᠲᠤᠭᠳᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠨ ᠬᠠᠮᠠᠭᠠᠯᠠᠬᠤ ᠪᠠ ᠰᠢᠨᠡᠴᠢᠯᠡᠨ ᠦᠭᠡᠷᠡᠴᠢᠯᠡᠵᠤ᠂ ᠠᠶᠤᠯ ᠭᠡᠮ ᠢ ᠴᠠᠭ ᠲᠤᠬᠠᠢ ᠳᠤᠨᠢ ᠠᠷᠢᠯᠭᠠᠵᠤ᠂ ᠠᠮᠤᠷ ᠲᠦᠪᠰᠢᠨ ᠠᠵᠢᠯᠯᠠᠭᠤᠯᠬᠤ ᠶᠢ ᠪᠠᠳᠤᠯᠠᠬᠤ ᠬᠡᠷᠡᠭᠳᠠᠢ᠃ ᠢᠯᠴᠢ ᠬᠠᠨᠭ᠍ᠭᠠᠬᠤ ᠨᠢᠭᠡᠴᠢ ᠨᠢ ᠢᠯᠴᠢ ᠶᠢᠨ ᠰᠦᠢᠳᠭᠡᠯ ᠤᠨ ᠲᠤᠳᠤᠷ᠎ᠠ ᠠᠴᠠ ᠦᠯᠡᠳᠡᠭᠡᠵᠤ ᠠᠪᠬᠤ ᠲᠦᠭᠦᠭᠡᠷᠤᠮᠵᠢ ᠶᠢᠨ ᠡᠯᠡᠭᠳᠡᠯ ᠤᠨ ᠰᠦᠢᠳᠭᠡᠯ ᠤᠨ ᠲᠤᠰᠬᠠᠢ ᠵᠤᠭᠤᠰ ᠢ ᠲᠤᠰᠬᠠᠢᠢᠯᠠᠨ ᠬᠡᠷᠡᠭᠯᠡᠬᠦ ᠬᠡᠷᠡᠭᠳᠠᠢ᠃      ᠠᠷᠪᠠᠨ ᠲᠤᠯᠤᠳᠤᠭᠠᠷ ᠵᠦᠢᠯ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠡᠬᠢᠯᠡᠬᠦ ᠠᠴᠠ ᠡᠮᠤᠨ᠎ᠡ᠂ ᠪᠦᠳᠦᠭᠡᠨ ᠪᠠᠶᠢᠭᠤᠯᠤᠯᠳᠠ ᠶᠢᠨ ᠨᠢᠭᠡᠴᠢ ᠨᠢ ᠢᠯᠴᠢ ᠶᠢᠨ ᠡᠬᠢ ᠰᠤᠷᠪᠤᠯᠵᠢ ᠶᠢᠨ ᠨᠢᠭᠡᠴᠢ ᠪᠤᠶᠤ ᠢᠯᠴᠢ ᠬᠠᠨᠭ᠍ᠭᠠᠬᠤ ᠨᠢᠭᠡᠴᠢ ᠠᠴᠠ ᠢᠯᠴᠢ ᠬᠠᠨᠭ᠍ᠭᠠᠬᠤ ᠲᠦᠭᠦᠭᠡᠷᠤᠮᠵᠢ ᠶᠢᠨ ᠪᠠᠶᠢᠳᠠᠯ ᠢ ᠠᠰᠠᠭᠤᠨ ᠯᠠᠪᠯᠠᠬᠤ ᠬᠡᠷᠡᠭᠳᠠᠢ᠃ ᠢᠯᠴᠢ ᠬᠠᠨᠭ᠍ᠭᠠᠬᠤ ᠲᠦᠭᠦᠭᠡᠷᠤᠮᠵᠢ ᠶᠢᠨ ᠠᠮᠤᠷ ᠲᠦᠪᠰᠢᠨ ᠢ ᠨᠦᠯᠦᠭᠡᠯᠡᠬᠦ ᠪᠠᠶᠢᠳᠠᠯ ᠲᠠᠢ ᠪᠤᠯ ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠪᠠᠷᠢᠯᠭ᠎ᠠ ᠶᠢᠨ ᠨᠢᠭᠡᠴᠢ᠂ ᠢᠯᠴᠢ ᠬᠠᠩᠭᠠᠬᠤ ᠨᠢᠭᠡᠴᠢ ᠲᠠᠢ ᠪᠠᠷᠢᠯᠭ᠎ᠠ ᠶᠢᠨ ᠠᠵᠢᠯ ᠤᠨ ᠢᠯᠴᠢ ᠬᠠᠩᠭᠠᠬᠤ ᠲᠦᠬᠦᠭᠡᠷᠦᠮᠵᠢ ᠶᠢᠨ ᠠᠶᠣᠯᠬᠦᠢ ᠶᠢᠨ ᠬᠠᠮᠠᠭᠠᠯᠠᠯᠲᠠ ᠶᠢᠨ ᠲᠦᠰᠦᠯ ᠢ ᠵᠦᠪᠳᠡᠯᠴᠡᠨ ᠲᠣᠭᠲᠠᠭᠠᠵᠣ᠂ ᠢᠯᠴᠢ ᠬᠠᠩᠭᠠᠬᠤ ᠬᠤᠭᠤᠯᠠᠢ ᠶᠢᠨ ᠲᠣᠣᠷ ᠲᠦᠬᠦᠭᠡᠷᠦᠮᠵᠢ ᠶᠢᠨ ᠠᠶᠣᠯᠬᠦᠢ ᠶᠢᠨ ᠬᠠᠮᠠᠭᠠᠯᠠᠯᠲᠠ ᠶᠢᠨ ᠬᠡᠯᠡᠯᠴᠡᠭᠡᠷ ᠲᠣᠭᠲᠠᠭᠠᠵᠣ᠂ ᠢᠯᠴᠢ ᠬᠠᠩᠭᠠᠯᠲᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ ᠳᠠᠩᠰᠠᠯᠠᠭᠤᠯᠬᠤ ᠬᠡᠷᠡᠭᠲᠠᠢ᠃      ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠡᠷᠡᠭᠴᠡᠭᠡ ᠠᠴᠠ ᠢᠯᠴᠢ ᠬᠠᠨᠭ᠍ᠭᠠᠬᠤ ᠲᠦᠭᠦᠭᠡᠷᠤᠮᠵᠢ ᠶᠢ ᠦᠨᠡᠨ ᠬᠦ ᠨᠤᠷᠠᠭᠠᠨ ᠰᠢᠯᠵᠢᠭᠦᠯᠬᠦ ᠴᠢᠬᠤᠯᠠ ᠲᠠᠢ ᠪᠤᠯ᠂ ᠢᠯᠴᠢ ᠬᠠᠨᠭ᠍ᠭᠠᠬᠤ ᠨᠢᠭᠡᠴᠢ ᠪᠤᠯᠤᠨ ᠪᠦᠳᠦᠭᠡᠨ ᠪᠠᠶᠢᠭᠤᠯᠤᠯᠳᠠ ᠶᠢᠨ ᠨᠢᠭᠡᠴᠢ ᠯᠦᠭᠡ ᠨᠤᠷᠠᠭᠠᠨ ᠰᠢᠯᠵᠢᠭᠦᠯᠬᠦ ᠭᠡᠷ᠎ᠡ ᠲᠤᠭᠳᠠᠭᠠᠵᠤ᠂ ᠢᠯᠴᠢ ᠬᠠᠨᠭ᠍ᠭᠠᠬᠤ ᠨᠢᠭᠡᠴᠢ ᠬᠠᠷᠢᠭᠤᠴᠠᠨ ᠬᠡᠷᠡᠭᠵᠢᠭᠦᠯᠵᠦ᠂ ᠪᠦᠳᠦᠭᠡᠨ ᠪᠠᠶᠢᠭᠤᠯᠤᠯᠳᠠ ᠶᠢᠨ ᠨᠢᠭᠡᠴᠢ ᠵᠤᠬᠢᠴᠠᠩᠭᠤᠢ ᠰᠦᠢᠳᠭᠡᠯ ᠢ ᠡᠭᠦᠷᠭᠡᠯᠡᠨ᠎ᠡ᠃      ᠠᠷᠪᠠᠨ ᠨᠠᠢᠮᠠᠳᠤᠭᠠᠷ ᠵᠦᠢᠯ ᠢᠯᠴᠢ ᠬᠠᠨᠭ᠍ᠭᠠᠬᠤ ᠭᠤᠤᠯ ᠬᠤᠭᠤᠯᠠᠢ ᠶᠢᠨ ᠲᠤᠤᠷ ᠵᠢᠴᠢ ᠲᠠᠭᠠᠯᠳᠤᠯ ᠲᠦᠭᠦᠭᠡᠷᠤᠮᠵᠢ ᠶᠢᠨ ᠠᠮᠤᠷ ᠲᠦᠪᠰᠢᠨ ᠤ ᠬᠠᠮᠠᠭᠠᠯᠠᠯᠳᠠ ᠶᠢᠨ ᠬᠡᠪᠴᠢᠶᠡᠨ ᠳᠤ ᠲᠤᠤᠷᠠᠬᠢ ᠠᠵᠢᠯᠯᠠᠭ᠎ᠠ ᠬᠢᠬᠦ ᠶᠢ ᠴᠠᠭᠠᠵᠠᠯᠠᠨ᠎ᠠ᠄      ︵ᠨᠢᠭᠡ︶ ᠪᠠᠷᠢᠯᠭ᠎ᠠ᠂ ᠲᠠᠭᠠᠯᠳᠠ ᠪᠠᠷᠢᠯᠭ᠎ᠠ ᠵᠠᠰᠠᠵᠤ ᠪᠠᠶᠢᠭᠤᠯᠬᠤ︔      ︵ᠬᠤᠶᠠᠷ︶ ᠨᠦᠬᠡ ᠤᠬᠤᠬᠤ᠂ ᠰᠢᠷᠤᠢ ᠠᠪᠬᠤ᠂ ᠪᠠᠭᠠᠨ᠎ᠠ ᠪᠤᠯᠠᠬᠤ︔      ︵ᠭᠤᠷᠪᠠ︶ ᠲᠡᠯᠪᠡᠴᠢᠬᠦ ᠠᠵᠢᠯ ᠬᠢᠬᠦ︔      ︵ᠲᠦᠷᠪᠡ︶ ᠬᠤᠭ ᠨᠤᠪᠰᠢ᠂ ᠶᠠᠭᠤᠮ᠎ᠠ ᠬᠡᠤᠮ᠎ᠠ ᠤᠪᠤᠭᠠᠯᠠᠬᠤ︔      ︵ᠲᠠᠪᠤ︶ ᠪᠤᠵᠠᠷ ᠤᠰᠤ᠂ ᠬᠠᠶᠠᠭᠳᠠᠮᠠᠯ ᠤᠰᠤ ᠭᠠᠳᠠᠭᠰᠢᠯᠠᠭᠤᠯᠬᠤ︔      ︵ᠵᠢᠷᠭᠤᠭ᠎ᠠ︶ ᠢᠯᠴᠢ ᠬᠠᠨᠭ᠍ᠭᠠᠬᠤ ᠬᠤᠭᠤᠯᠠᠢ ᠶᠢᠨ ᠲᠤᠤᠷ᠂ ᠬᠤᠳᠳᠤᠭ ᠤᠨ ᠠᠮᠠᠰᠠᠷ᠂ ᠨᠡᠭᠡᠯᠡᠬᠡᠢ᠂ ᠬᠡᠮᠵᠢᠭᠦᠷᠯᠢᠭ ᠵᠢᠴᠢ ᠫᠠᠶᠢᠰᠠ ᠲᠡᠮᠳᠡᠭ ᠵᠡᠷᠭᠡ ᠲᠦᠭᠦᠭᠡᠷᠤᠮᠵᠢ ᠶᠢ ᠲᠤᠷ᠎ᠠ ᠪᠠᠷ ᠢᠶᠠᠨ ᠦᠭᠡᠷᠡᠴᠢᠯᠡᠵᠤ᠂ ᠨᠤᠷᠠᠭᠠᠵᠤ ᠪᠠᠭᠤᠯᠭᠠᠬᠤ ᠪᠤᠶᠤ ᠰᠢᠯᠵᠢᠭᠦᠯᠬᠦ︔      ︵ᠲᠤᠯᠤᠭ᠎ᠠ︶ ᠢᠯᠴᠢ ᠬᠠᠨᠭ᠍ᠭᠠᠬᠤ ᠲᠦᠭᠦᠭᠡᠷᠤᠮᠵᠢ ᠶᠢᠨ ᠠᠶᠤᠯ ᠦᠭᠡᠢ ᠶᠢ ᠨᠦᠯᠦᠭᠡᠯᠡᠬᠦ ᠪᠤᠰᠤᠳ ᠠᠵᠢᠯᠯᠠᠭ᠎ᠠ᠃      ᠲᠦᠷᠪᠡᠳᠦᠭᠡᠷ ᠪᠦᠯᠦᠭ ᠢᠯᠴᠢ ᠬᠠᠨᠭ᠍ᠭᠠᠬᠤ ᠪᠤᠯᠤᠨ ᠢᠯᠴᠢ ᠬᠡᠷᠡᠭᠯᠡᠬᠦ      ᠠᠷᠪᠠ ᠶᠢᠰᠦᠳᠦᠭᠡᠷ ᠵᠦᠢᠯ ᠲᠣᠰ ᠬᠤᠲᠠ ᠨᠢ ᠢᠯᠴᠢ ᠶᠢᠨ ᠬᠠᠩᠭᠠᠯᠲᠠ ᠳᠤ ᠵᠦᠪᠰᠢᠶᠡᠷᠡᠯ ᠲᠠᠢ ᠪᠠᠷ ᠡᠵᠡᠩᠨᠡᠬᠦ ᠳᠦᠷᠢᠮ ᠢ ᠬᠡᠷᠡᠭᠵᠢᠬᠦᠯᠵᠣ᠂ ᠬᠠᠣᠯᠢ ᠴᠠᠭᠠᠵᠠ᠂ ᠬᠠᠣᠯᠢ ᠲᠣᠭᠲᠠᠭᠠᠯ ᠳᠤ ᠲᠣᠭᠲᠠᠭᠠᠭᠰᠠᠨ ᠨᠦᠬᠦᠴᠡᠯ ᠢ ᠪᠦᠷᠢᠯᠳᠦᠬᠦᠯᠦᠭᠰᠡᠨ ᠢᠯᠴᠢ ᠬᠠᠩᠭᠠᠬᠤ ᠨᠢᠭᠡᠴᠢ ᠨᠢ ᠴᠦᠮ ᠢᠯᠴᠢ ᠬᠠᠩᠭᠠᠯᠲᠠ ᠶᠢ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠭᠤᠶᠣᠴᠢᠯᠠᠵᠣ ᠪᠣᠯᠣᠨ᠎ᠠ᠃      ᠬᠤᠷᠢᠳᠤᠭᠠᠷ ᠵᠦᠢᠯ ᠢᠯᠴᠢ ᠬᠠᠨᠭ᠍ᠭᠠᠬᠤ ᠨᠢᠭᠡᠴᠢ ᠨᠢ ᠢᠯᠴᠢ ᠶᠢᠨ ᠬᠠᠨᠭ᠍ᠭᠠᠯᠳᠠ ᠶᠢᠨ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠲᠡᠭᠦᠨ ᠢᠶᠠᠷ ᠢᠯᠴᠢ ᠬᠠᠨᠭ᠍ᠭᠠᠯᠭᠠᠬᠤ ᠪᠠᠷ ᠱᠠᠭᠠᠷᠳᠠᠭᠰᠠᠨ ᠬᠡᠪᠴᠢᠶᠡᠨ ᠳᠠᠬᠢ ᠡᠷᠦᠬᠡ ᠳᠤ ᠡᠷᠬᠡᠪᠰᠢ ᠢᠯᠴᠢ ᠬᠠᠨᠭ᠍ᠭᠠᠬᠤ ᠦᠢᠯᠡᠴᠢᠯᠡᠭᠡ ᠬᠠᠨᠭ᠍ᠭᠠᠬᠤ ᠬᠡᠷᠡᠭᠳᠠᠢ᠃      ᠬᠤᠷᠢᠨ ᠨᠢᠭᠡᠳᠦᠭᠡᠷ ᠵᠦᠢᠯ ᠢᠯᠴᠢ ᠬᠠᠩᠭᠠᠯᠲᠠ ᠶᠢᠨ ᠬᠠᠮᠢᠶᠠᠷᠣᠯᠲᠠ ᠳᠤ ᠢᠯᠴᠢ ᠬᠠᠩᠭᠠᠬᠤ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ ᠮᠦᠩᠬᠦ ᠶᠢᠨ ᠳᠦᠷᠢᠮ ᠢ ᠬᠡᠷᠡᠭᠵᠢᠬᠦᠯᠦᠨ᠎ᠡ᠃ ᠢᠯᠴᠢ ᠬᠠᠩᠭᠠᠬᠤ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ ᠮᠦᠩᠬᠦ ᠶᠢ ᠢᠯᠴᠢ ᠬᠠᠩᠭᠠᠬᠤ ᠨᠢᠭᠡᠴᠢ ᠨᠢ ᠢᠯᠴᠢ ᠬᠠᠩᠭᠠᠬᠤ ᠠᠴᠠ ᠨᠢᠭᠡ ᠰᠠᠷ᠎ᠠ ᠶᠢᠨ ᠡᠮᠦᠨ᠎ᠡ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠢᠯᠴᠢ ᠬᠠᠩᠭᠠᠯᠲᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠲᠣᠰᠢᠶᠠᠵᠣ᠂ ᠬᠡᠷᠡᠭᠯᠡᠭᠴᠢ ᠶᠢᠨ ᠭᠡᠷ ᠲᠣᠲᠣᠷᠠᠬᠢ ᠲᠣᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠦᠷᠬᠦ ᠦᠭᠡᠢ ᠂ ᠢᠯᠴᠢ ᠬᠠᠩᠭᠠᠬᠤ ᠨᠢᠭᠡᠴᠢ ᠨᠢ ᠲᠣᠭᠲᠠᠭᠠᠯ ᠠᠴᠠ ᠵᠦᠷᠢᠴᠡᠨ ᠰᠦᠢᠳᠬᠡᠯ ᠬᠤᠷᠢᠶᠠᠬᠤ᠂ ᠲᠦᠭᠦᠭᠡᠷᠦᠮᠵᠢ ᠳᠤ ᠰᠠᠭᠠᠳ ᠭᠠᠷᠬᠤ ᠨᠣᠷᠮ᠎ᠠ ᠨᠢ ᠪᠠᠷᠢᠮᠵᠢᠶᠠᠨ ᠠᠴᠠ ᠬᠡᠲᠦᠷᠡᠬᠦ ᠵᠢᠴᠢ ᠰᠢᠯᠳᠠᠭᠠᠨ ᠦᠭᠡᠢ ᠪᠠᠷ ᠢᠯᠴᠢ ᠬᠠᠩᠭᠠᠯᠲᠠ ᠪᠠᠨ ᠵᠣᠭᠰᠣᠭᠠᠬᠤ ᠵᠡᠷᠭᠡ ᠪᠠᠶᠢᠳᠠᠯ ᠲᠣᠯᠭᠠᠷᠠᠬᠤ ᠳᠤ ᠬᠡᠷᠡᠭᠯᠡᠭᠴᠢ ᠶᠢᠨ ᠬᠤᠬᠢᠷᠠᠯ ᠢ ᠲᠦᠯᠦᠪᠦᠷᠢᠯᠡᠬᠦ ᠳᠤ ᠬᠡᠷᠡᠭᠯᠡᠨ᠎ᠡ᠃      ᠢᠯᠴᠢ ᠬᠠᠩᠭᠠᠬᠤ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ ᠮᠦᠩᠬᠦ ᠶᠢ ᠡᠳ᠋ ᠤᠨ ᠵᠠᠰᠠᠭ ᠲᠤ ᠣᠷᠣᠭᠤᠯᠵᠣ ᠨᠢᠭᠡᠳᠦᠯᠲᠠᠢ ᠬᠠᠮᠢᠶᠠᠷᠴᠣ᠂ ᠲᠣᠰᠬᠠᠢ ᠵᠠᠷᠣᠳᠠᠯ ᠢ ᠲᠣᠰᠬᠠᠢ ᠬᠡᠷᠡᠭᠯᠡᠨ᠎ᠡ᠃ ᠵᠢᠯ ᠪᠦᠷᠢ ᠢᠯᠴᠢ ᠬᠠᠩᠭᠠᠬᠤ ᠬᠤᠭᠤᠴᠠᠭ᠎ᠠ ᠲᠣᠯᠬᠤ ᠪᠣᠶᠣ ᠢᠯᠴᠢ ᠬᠠᠩᠭᠠᠬᠤ ᠨᠢᠭᠡᠴᠢ ᠨᠢ ᠢᠯᠴᠢ ᠬᠠᠩᠭᠠᠬᠤ ᠵᠠᠬ᠎ᠠ ᠳᠡᠯᠭᠡᠬᠦᠷ ᠠᠴᠠ ᠣᠬᠤᠷᠢᠨ ᠭᠠᠷᠬᠤ ᠳᠤ᠂ ᠢᠯᠴᠢ ᠬᠠᠩᠭᠠᠬᠤ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ ᠮᠦᠩᠬᠦ ᠵᠢᠴᠢ ᠬᠦᠣ ᠮᠦᠩᠬᠦ ᠶᠢ ᠢᠯᠴᠢ ᠬᠠᠩᠭᠠᠬᠤ ᠨᠢᠭᠡᠴᠢ ᠳᠤ ᠪᠣᠴᠠᠭᠠᠬᠤ ᠬᠡᠷᠡᠭᠲᠠᠢ᠃      ᠢᠯᠴᠢ ᠬᠠᠩᠭᠠᠬᠤ ᠴᠢᠨᠠᠷ ᠴᠢᠨᠰᠠᠭ᠎ᠠ ᠶᠢᠨ ᠪᠠᠲᠣᠯᠠᠭ᠎ᠠ ᠶᠢᠨ ᠮᠦᠩᠬᠦ ᠶᠢᠨ ᠪᠣᠲᠠᠲᠠᠢ ᠬᠠᠮᠢᠶᠠᠷᠣᠯᠲᠠ ᠶᠢᠨ ᠠᠷᠭ᠎ᠠ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃      ᠬᠤᠷᠢᠨ ᠬᠤᠶᠠᠳᠤᠭᠠᠷ ᠵᠦᠢᠯ ᠢᠯᠴᠢ ᠬᠠᠨᠭ᠍ᠭᠠᠬᠤ ᠨᠢᠭᠡᠴᠢ ᠨᠢ ᠢᠯᠴᠢ ᠬᠠᠨᠭ᠍ᠭᠠᠬᠤ ᠪᠡᠯᠡᠳᠭᠡᠮᠵᠢ ᠶᠢ ᠪᠠᠶᠢᠴᠠᠭᠠᠵᠤ ᠬᠠᠮᠠᠭᠠᠯᠠᠬᠤ᠂ ᠲᠦᠯᠡᠰᠢ ᠶᠢ ᠨᠦᠭᠡᠴᠡᠯᠡᠬᠦ ᠵᠡᠷᠭᠡ ᠪᠡᠯᠡᠳᠭᠡᠯ ᠠᠵᠢᠯ ᠢ ᠤᠷᠢᠳᠴᠢᠯᠠᠨ ᠰᠠᠶᠢᠳᠤᠷ ᠬᠢᠬᠦ ᠶᠢᠨ ᠬᠠᠮᠳᠤ ᠢᠯᠴᠢ ᠡᠬᠢᠯᠡᠨ ᠬᠠᠨᠭ᠍ᠭᠠᠬᠤ ᠠᠴᠠ ᠡᠮᠤᠨ᠎ᠡ ᠨᠢᠭᠡ ᠰᠠᠷ᠎ᠠ ᠠᠴᠠ ᠡᠬᠢᠯᠡᠨ ᠢᠯᠴᠢ ᠬᠠᠨᠭ᠍ᠭᠠᠬᠤ ᠪᠡᠯᠡᠳᠭᠡᠯ ᠤᠨ ᠪᠠᠶᠢᠳᠠᠯ ᠢᠶᠠᠨ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠳᠠᠢ᠃      ᠢᠯᠴᠢ ᠬᠠᠨᠭ᠍ᠭᠠᠬᠤ ᠶᠠᠪᠤᠴᠠ ᠳᠤ ᠢᠯᠴᠢ ᠬᠠᠨᠭ᠍ᠭᠠᠬᠤ ᠨᠢᠭᠡᠴᠢ ᠨᠢ ᠬᠡᠷᠡᠭᠯᠡᠭᠴᠢ ᠶᠢᠨ ᠭᠡᠷ ᠤᠨ ᠲᠤᠳᠤᠭᠠᠳᠤ ᠶᠢᠨ ᠢᠯᠴᠢ ᠬᠠᠨᠭ᠍ᠭᠠᠬᠤ ᠰᠢᠰᠲ᠋ᠧᠮ ᠤᠨ ᠵᠢᠷᠤᠭ ᠲᠦᠯᠦᠪᠯᠡᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠢᠯᠴᠢ ᠬᠠᠨᠭ᠍ᠭᠠᠬᠤ ᠤᠷᠴᠢᠯ ᠤᠰᠤᠨ ᠤ ᠤᠰᠤᠨ ᠤ ᠴᠢᠨᠠᠷ ᠢ ᠵᠤᠬᠢᠴᠠᠩᠭᠤᠢ ᠰᠢᠢᠳᠪᠦᠷᠢᠯᠡᠬᠦ ᠬᠡᠷᠡᠭᠳᠠᠢ᠃      ᠢᠯᠴᠢ ᠶᠢᠨ ᠡᠬᠢ ᠰᠣᠷᠪᠣᠯᠵᠢ ᠶᠢᠨ ᠨᠢᠭᠡᠴᠢ ᠪᠠ ᠢᠯᠴᠢ ᠬᠠᠩᠭᠠᠬᠤ ᠨᠢᠭᠡᠴᠢ ᠨᠢ ᠵᠣᠬᠢᠴᠠᠩᠭᠤᠢ ᠬᠢᠷᠢ ᠬᠡᠮ ᠲᠠᠢ ᠠᠵᠢᠯᠲᠠᠨ ᠢ ᠲᠣᠬᠢᠷᠠᠭᠤᠯᠵᠣ᠂ ᠢᠯᠴᠢ ᠬᠠᠩᠭᠠᠬᠤ ᠮᠡᠷᠭᠡᠵᠢᠯ ᠨᠢ ᠠᠮᠣᠷ ᠲᠦᠪᠰᠢᠨ᠂ ᠲᠣᠭᠲᠠᠪᠦᠷᠢᠲᠠᠢ᠂ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦ ᠬᠡᠷᠡᠭᠲᠠᠢ᠃      ᠬᠤᠷᠢᠨ ᠭᠤᠷᠪᠠᠳᠤᠭᠠᠷ ᠵᠦᠢᠯ ᠢᠯᠴᠢ ᠡᠬᠢᠯᠡᠨ ᠬᠠᠩᠭᠠᠬᠤ ᠠᠴᠠ ᠨᠢᠭᠡ ᠰᠠᠷ᠎ᠠ ᠶᠢᠨ ᠡᠮᠦᠨ᠎ᠡ᠂ ᠢᠯᠴᠢ ᠬᠠᠩᠭᠠᠬᠤ ᠨᠢᠭᠡᠴᠢ ᠨᠢ ᠬᠡᠷᠡᠭᠯᠡᠭᠴᠢ ᠲᠠᠢ ᠢᠯᠴᠢ ᠬᠠᠩᠭᠠᠬᠤ ᠬᠡᠷᠡᠭᠯᠡᠬᠦ ᠬᠡᠷ᠎ᠡ ᠲᠣᠭᠲᠠᠵᠣ᠂ ᠬᠤᠶᠠᠷ ᠲᠠᠯ᠎ᠠ ᠶᠢᠨ ᠡᠷᠭᠡ ᠪᠠ ᠬᠠᠷᠢᠭᠤᠴᠠᠯᠭ᠎ᠠ ᠶᠢ ᠲᠣᠭᠲᠠᠭᠠᠬᠤ ᠬᠡᠷᠡᠭᠲᠠᠢ᠃ ᠢᠯᠴᠢ ᠬᠠᠩᠭᠠᠬᠤ ᠬᠡᠷᠡᠭᠯᠡᠬᠦ ᠬᠡᠷ᠎ᠡ ᠶᠢᠨ ᠪᠢᠴᠢᠭ ᠢ ᠦᠪᠡᠷᠲᠡᠭᠡᠨ ᠵᠠᠰᠠᠬᠤ ᠣᠷᠣᠨ ᠤ ᠢᠯᠴᠢ ᠬᠠᠩᠭᠠᠬᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠣᠭᠲᠠᠭᠠᠵᠣ᠂ ᠦᠪᠡᠷᠲᠡᠭᠡᠨ ᠵᠠᠰᠠᠬᠤ ᠣᠷᠣᠨ ᠤ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠠᠴᠠ ᠬᠢᠨᠠᠨ ᠲᠣᠭᠲᠠᠭᠠᠭᠰᠠᠨ ᠪᠠᠷᠢᠮᠵᠢᠶ᠎ᠠ ᠭᠡᠷ᠎ᠡ ᠶᠢᠨ ᠪᠢᠴᠢᠭ ᠢ ᠬᠡᠷᠡᠭᠯᠡᠬᠦ ᠬᠡᠷᠡᠭᠲᠠᠢ᠃      ᠬᠤᠷᠢᠨ ᠲᠦᠷᠪᠡᠳᠦᠭᠡᠷ ᠵᠦᠢᠯ ᠬᠡᠷᠡᠭᠯᠡᠭᠴᠢ ᠨᠢ ᠢᠯᠴᠢ ᠬᠠᠩᠭᠠᠬᠤ ᠶᠢ ᠵᠣᠭᠰᠣᠭᠠᠬᠤ ᠪᠣᠶᠣ ᠰᠡᠷᠬᠦᠬᠡᠬᠦ ᠱᠠᠭᠠᠷᠳᠠᠯᠭ᠎ᠠ ᠲᠠᠢ ᠪᠣᠯ᠂ ᠢᠯᠴᠢ ᠬᠡᠷᠡᠭᠯᠡᠬᠦ ᠪᠠᠨ ᠵᠣᠭᠰᠣᠭᠠᠬᠤ ᠪᠣᠶᠣ ᠰᠡᠷᠬᠦᠬᠡᠬᠦ ᠠᠴᠠ ᠭᠤᠴᠢᠨ ᠡᠳᠦᠷ ᠤᠨ ᠡᠮᠦᠨ᠎ᠡ ᠢᠯᠴᠢ ᠬᠠᠩᠭᠠᠬᠤ ᠨᠢᠭᠡᠴᠢ ᠳᠤ ᠭᠤᠶᠣᠴᠢᠯᠠᠯ ᠲᠣᠷᠠᠳᠬᠤ ᠶᠢᠨ ᠬᠠᠮᠲᠣ ᠬᠤᠯᠪᠣᠭᠳᠠᠯ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠠᠢ᠃ ᠢᠯᠴᠢ ᠬᠡᠷᠡᠭᠯᠡᠬᠦ ᠪᠠᠨ ᠵᠣᠭᠰᠣᠭᠠᠬᠤ ᠬᠤᠭᠤᠴᠠᠭ᠎ᠠ ᠬᠢᠵᠠᠭᠠᠷ ᠢ ᠢᠯᠴᠢ ᠬᠠᠩᠭᠠᠬᠤ ᠬᠡᠷᠡᠭᠯᠡᠬᠦ ᠬᠤᠶᠠᠷ ᠲᠠᠯ᠎ᠠ ᠠᠴᠠ ᠲᠣᠭᠲᠠᠭᠠᠨ᠎ᠠ᠃ ᠢᠯᠴᠢ ᠬᠡᠷᠡᠭᠯᠡᠬᠦ ᠪᠠᠨ ᠵᠣᠭᠰᠣᠭᠠᠭᠰᠠᠨ ᠤ ᠳᠠᠷᠠᠭ᠎ᠠ᠂ ᠪᠣᠯᠵᠣᠨ ᠲᠣᠭᠲᠠᠭᠠᠭᠰᠠᠨ ᠬᠤᠭᠤᠴᠠᠭ᠎ᠠ ᠬᠢᠵᠠᠭᠠᠷ ᠲᠣᠲᠣᠷ᠎ᠠ ᠬᠡᠷᠡᠭᠯᠡᠭᠴᠢ ᠨᠢ ᠲᠣᠷ᠎ᠠ ᠪᠠᠷ ᠢᠯᠴᠢ ᠬᠡᠷᠡᠭᠯᠡᠬᠦ ᠪᠠᠨ ᠰᠡᠷᠬᠦᠬᠡᠵᠣ ᠪᠣᠯᠬᠤ ᠦᠭᠡᠢ᠃      ᠡᠷᠦᠬᠡ ᠪᠠᠷ ᠬᠢᠵᠠᠭᠠᠷᠯᠠᠬᠤ ᠪᠤᠰᠤ ᠬᠡᠷᠡᠭᠯᠡᠭᠴᠢ ᠢᠯᠴᠢ ᠬᠠᠨᠭ᠍ᠭᠠᠬᠤ ᠶᠢ ᠵᠤᠭᠰᠤᠭᠠᠬᠤ ᠭᠤᠶᠤᠴᠢᠯᠠᠯ ᠲᠤᠷᠠᠳᠤᠭᠰᠠᠨ ᠪᠠᠶᠢᠪᠠᠯ ᠢᠯᠴᠢ ᠬᠠᠨᠭ᠍ᠭᠠᠬᠤ ᠨᠢᠭᠡᠴᠢ ᠵᠦᠪᠰᠢᠶᠡᠷᠡᠭᠰᠡᠨ ᠤ ᠲᠠᠷᠠᠭ᠎ᠠ᠂ ᠢᠯᠴᠢ ᠬᠠᠨᠭ᠍ᠭᠠᠬᠤ ᠲᠦᠭᠦᠭᠡᠷᠤᠮᠵᠢ ᠶᠢᠨ ᠬᠠᠵᠠᠭᠤ ᠶᠢᠨ ᠬᠠᠷᠰᠢ ᠰᠠᠭᠠᠳ ᠢ ᠬᠡᠷᠡᠭᠯᠡᠭᠴᠢ ᠦᠪᠡᠷ ᠢᠶᠠᠨ ᠴᠡᠪᠡᠷᠯᠡᠵᠤ᠂ ᠢᠯᠴᠢ ᠬᠠᠨᠭ᠍ᠭᠠᠬᠤ ᠨᠢᠭᠡᠴᠢ ᠠᠴᠠ ᠢᠯᠴᠢ ᠬᠠᠨᠭ᠍ᠭᠠᠬᠤ ᠰᠢᠰᠲ᠋ᠧᠮ ᠢ ᠵᠠᠰᠠᠨ ᠰᠢᠢᠳᠪᠦᠷᠢᠯᠡᠨ᠎ᠡ᠃      ᠢᠯᠴᠢ ᠬᠡᠷᠡᠭᠯᠡᠬᠦ ᠪᠠᠨ ᠵᠣᠭᠰᠣᠭᠠᠭᠰᠠᠨ ᠬᠡᠷᠡᠭᠯᠡᠴᠢ ᠨᠢ ᠢᠯᠴᠢ ᠬᠠᠩᠭᠠᠬᠤ ᠨᠢᠭᠡᠴᠢ ᠳᠤ ᠢᠯᠴᠢ ᠶᠢᠨ ᠰᠦᠢᠳᠬᠡᠯ ᠤᠨ ᠶᠡᠷᠦᠩᠭᠡᠢ ᠬᠡᠮᠵᠢᠶᠡᠨ ᠤ ᠵᠠᠭᠤᠨ ᠤ ᠭᠤᠴᠢ ᠶᠢᠨ ᠦᠨᠳᠦᠰᠦᠨ ᠢᠯᠴᠢ ᠶᠢᠨ ᠰᠦᠢᠳᠬᠡᠯ ᠢ ᠲᠣᠰᠢᠶᠠᠬᠤ ᠬᠡᠷᠡᠭᠲᠠᠢ᠃      ᠢᠯᠴᠢ ᠬᠠᠩᠭᠠᠬᠤ ᠶᠢ ᠵᠣᠭᠰᠣᠭᠠᠬᠤ ᠪᠣᠶᠣ ᠢᠯᠴᠢ ᠬᠠᠩᠭᠠᠬᠤ ᠶᠢ ᠰᠡᠷᠬᠦᠬᠡᠯᠬᠡᠬᠦ ᠭᠠᠷᠳᠠᠮ ᠢ ᠭᠦᠢᠴᠡᠳᠬᠡᠬᠦ ᠵᠢᠴᠢ ᠪᠠᠷᠢᠯᠭ᠎ᠠ ᠶᠢᠨ ᠠᠵᠢᠯ ᠢ ᠰᠢᠢᠳᠪᠦᠷᠢᠯᠡᠬᠦ ᠦᠶᠡᠰ᠂ ᠢᠯᠴᠢ ᠬᠠᠩᠭᠠᠬᠤ ᠨᠢᠭᠡᠴᠢ ᠨᠢ ᠬᠡᠷᠡᠭᠯᠡᠭᠴᠢ ᠠᠴᠠ ᠪᠠᠷᠢᠯᠭ᠎ᠠ ᠶᠢᠨ ᠮᠠᠲ᠋ᠧᠷᠢᠶᠠᠯ ᠤᠨ ᠰᠦᠢᠳᠬᠡᠯ ᠵᠢᠴᠢ ᠠᠵᠢᠯᠴᠢᠨ ᠤ ᠰᠦᠢᠳᠬᠡᠯ ᠬᠤᠷᠢᠶᠠᠵᠣ ᠪᠣᠯᠬᠤ ᠦᠭᠡᠢ᠃      ᠬᠤᠷᠢᠨ ᠲᠠᠪᠤᠳᠤᠭᠠᠷ ᠵᠦᠢᠯ ᠲᠤᠰ ᠬᠤᠳᠠ ᠶᠢᠨ ᠢᠯᠴᠢ ᠬᠠᠨᠭ᠍ᠭᠠᠬᠤ ᠬᠤᠭᠤᠴᠠᠭ᠎ᠠ ᠨᠢ ᠲᠤᠬᠠᠢ ᠶᠢᠨ ᠵᠢᠯ ᠤᠨ 10 ᠰᠠᠷ᠎ᠠ ᠶᠢᠨ 15 ᠠᠴᠠ ᠲᠠᠷᠠᠭ᠎ᠠ ᠵᠢᠯ ᠤᠨ ᠬᠢᠨᠢ 4 ᠰᠠᠷ᠎ᠠ ᠶᠢᠨ 15 ᠬᠦᠷᠳᠡᠯ᠎ᠡ᠃ ᠬᠡᠷᠡᠭᠯᠡᠭᠴᠢ ᠪᠤᠯᠤᠨ ᠢᠯᠴᠢ ᠬᠠᠨᠭ᠍ᠭᠠᠬᠤ ᠬᠤᠭᠤᠴᠠᠭ᠎ᠠ ᠶᠢᠨ ᠲᠤᠬᠠᠢ ᠠᠰᠳᠠᠭᠠᠨ ᠬᠡᠯᠡᠯᠴᠡᠨ ᠲᠤᠭᠳᠠᠭᠰᠠᠨ ᠵᠦᠢᠯ ᠪᠠᠶᠢᠪᠠᠯ ᠲᠡᠷᠡ ᠲᠤᠭᠳᠠᠭᠠᠯ ᠢ ᠨᠢ ᠲᠠᠭᠠᠨ᠎ᠠ᠃      ᠢᠯᠴᠢ ᠬᠠᠨᠭ᠍ᠭᠠᠬᠤ ᠬᠤᠭᠤᠴᠠᠭᠠᠨ ᠳᠤ᠂ ᠡᠰᠡᠷᠭᠦᠴᠡᠵᠤ ᠪᠤᠯᠤᠰᠢ ᠦᠭᠡᠢ ᠬᠦᠴᠦᠨ ᠵᠦᠢᠯ ᠠᠴᠠ ᠭᠠᠳᠠᠨ᠎ᠠ᠂ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠦᠭᠡᠢ ᠪᠠᠷ ᠢᠯᠴᠢ ᠬᠠᠨᠭ᠍ᠭᠠᠬᠤ ᠨᠢᠭᠡᠴᠢ ᠨᠢ ᠢᠯᠴᠢ ᠬᠠᠨᠭ᠍ᠭᠠᠬᠤ ᠪᠠᠨ ᠲᠤᠷ᠎ᠠ ᠪᠠᠷ ᠢᠶᠠᠨ ᠵᠤᠭᠰᠤᠵᠤ ᠪᠤᠯᠬᠤ ᠦᠭᠡᠢ᠃      ᠬᠤᠷᠢᠨ ᠵᠢᠷᠭᠤᠳᠤᠭᠠᠷ ᠵᠦᠢᠯ ᠢᠯᠴᠢ ᠬᠠᠨᠭ᠍ᠭᠠᠵᠤ ᠪᠠᠶᠢᠬᠤ ᠬᠤᠭᠤᠴᠠᠭᠠᠨ ᠳᠤ᠂ ᠰᠠᠭᠤᠭᠠᠯᠢ ᠠᠷᠠᠳ ᠤᠨ ᠭᠡᠷ ᠤᠨ ᠲᠤᠯᠠᠭᠠᠨ 18 ᠭᠷᠠᠳᠦ᠋ᠰ ᠠᠴᠠ ᠲᠡᠭᠡᠭᠰᠢ ᠪᠠᠶᠢᠬᠤ ᠶᠢ ᠪᠠᠲᠣᠯᠠᠬᠤ ᠬᠡᠷᠡᠭᠳᠠᠢ᠃      ᠰᠠᠭᠤᠭᠠᠯᠢ ᠠᠷᠠᠳ ᠤᠨ ᠪᠤᠰᠤ ᠡᠷᠦᠬᠡ ᠶᠢᠨ ᠭᠡᠷ ᠤᠨ ᠲᠤᠯᠠᠭᠠᠨ ᠢ ᠲᠡᠭᠦᠨ ᠤ ᠴᠢᠳᠠᠪᠬᠢ ᠶᠢᠨ ᠬᠡᠷᠡᠭᠴᠡᠭᠡ ᠶᠢ ᠦᠨᠳᠦᠰᠦᠯᠡᠨ ᠢᠯᠴᠢ ᠬᠠᠨᠭ᠍ᠭᠠᠬᠤ ᠬᠡᠷᠡᠭᠯᠡᠬᠦ ᠭᠡᠷ᠎ᠡ ᠳᠤ ᠠᠰᠳᠠᠭᠠᠨ ᠲᠤᠭᠳᠠᠭᠠᠵᠤ ᠪᠤᠯᠤᠨ᠎ᠠ᠃      ᠬᠡᠷᠡᠭᠯᠡᠭᠴᠢ ᠨᠢ ᠭᠡᠷ ᠤᠨ ᠲᠤᠳᠤᠭᠠᠳᠤ ᠶᠢᠨ ᠲᠤᠯᠠᠭᠠᠨ ᠨᠢ ᠲᠤᠭᠳᠠᠭᠠᠭᠰᠠᠨ ᠲᠤᠯᠠᠭᠠᠨ ᠤ ᠬᠡᠮᠵᠢᠶ᠎ᠡ ᠳᠤ ᠦᠯᠦ ᠬᠦᠷᠦᠭᠰᠡᠨ ᠭᠡᠵᠤ ᠦᠵᠡᠪᠡᠯ᠂ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠪᠤᠶᠤ ᠬᠢᠷᠢ ᠭᠡᠮ ᠤᠨ ᠨᠦᠭᠦᠴᠡᠯ ᠳᠤ ᠬᠦᠷᠦᠭᠰᠡᠨ ᠬᠡᠮᠵᠢᠨ ᠪᠠᠶᠢᠴᠠᠭᠠᠬᠤ ᠪᠠᠶᠢᠭᠤᠯᠤᠮᠵᠢ ᠳᠤ ᠭᠤᠶᠤᠴᠢᠯᠠᠵᠤ ᠲᠤᠯᠠᠭᠠᠨ ᠤ ᠬᠡᠮᠵᠢᠶ᠎ᠡ ᠶᠢ ᠪᠠᠶᠢᠴᠠᠭᠠᠨ ᠬᠡᠮᠵᠢᠭᠦᠯᠵᠦ ᠪᠤᠯᠤᠨ᠎ᠠ᠂ ᠬᠡᠮᠵᠢᠨ ᠪᠠᠶᠢᠴᠠᠭᠠᠬᠤ ᠪᠠᠶᠢᠭᠤᠯᠤᠮᠵᠢ ᠨᠢ ᠤᠯᠤᠰ ᠤᠨ ᠬᠤᠯᠪᠤᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠬᠡᠮᠵᠢᠨ ᠪᠠᠶᠢᠴᠠᠭᠠᠬᠤ ᠲᠦᠭᠦᠭᠡᠷᠤᠮᠵᠢ ᠪᠠ ᠬᠡᠮᠵᠢᠨ ᠪᠠᠶᠢᠴᠠᠭᠠᠬᠤ ᠲᠤᠰᠬᠠᠢ ᠮᠡᠷᠭᠡᠵᠢᠯ ᠤᠨ ᠠᠵᠢᠯᠳᠠᠨ ᠲᠠᠢ ᠪᠠᠶᠢᠬᠤ ᠬᠡᠷᠡᠭᠳᠠᠢ᠂ ᠬᠡᠮᠵᠢᠨ ᠪᠠᠶᠢᠴᠠᠭᠠᠬᠤ ᠰᠦᠢᠳᠭᠡᠯ ᠢ ᠬᠠᠷᠢᠭᠤᠴᠠᠯᠭ᠎ᠠ ᠲᠠᠢ ᠲᠠᠯ᠎ᠠ ᠡᠭᠦᠷᠭᠡᠯᠡᠨ᠎ᠡ᠃ ᠰᠠᠭᠤᠭᠠᠯᠢ ᠠᠷᠠᠳ ᠤᠨ ᠭᠡᠷ ᠤᠨ ᠲᠤᠯᠠᠭᠠᠨ ᠢ ᠬᠡᠮᠵᠢᠨ ᠪᠠᠶᠢᠴᠠᠭᠠᠬᠤ ᠦᠶᠡᠰ᠂ ᠭᠡᠷ ᠤᠨ ᠲᠠᠰᠢᠭᠤ ᠱᠤᠭᠤᠮ ᠤᠨ ᠲᠤᠮᠳᠠᠬᠢ ᠴᠡᠭ ᠳᠠᠬᠢ ᠭᠠᠵᠠᠷ ᠠᠴᠠ ᠲᠡᠭᠡᠭᠰᠢ ᠪᠠᠨ 1.2 ᠮᠧᠲᠷ ᠠᠴᠠ 1.5 ᠮᠧᠲᠷ ᠤᠨ ᠦᠨᠳᠦᠷ ᠢᠶᠠᠷ ᠬᠡᠮᠵᠢᠨ ᠪᠠᠶᠢᠴᠠᠭᠠᠬᠤ ᠴᠡᠭ ᠪᠤᠯᠭᠠᠨ᠎ᠠ᠃      ᠬᠤᠷᠢᠨ ᠲᠤᠯᠤᠳᠤᠭᠠᠷ ᠵᠦᠢᠯ ᠢᠯᠴᠢ ᠬᠠᠨᠭ᠍ᠭᠠᠬᠤ ᠨᠢᠭᠡᠴᠢ ᠨᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ᠂ ᠰᠠᠷ᠎ᠠ ᠪᠦᠷᠢ ᠠᠰᠠᠷ ᠤᠨ ᠠᠳᠠᠯᠢ ᠪᠤᠰᠤ ᠲᠡᠭᠳᠡᠷ᠂ ᠬᠠᠨᠳᠤᠰᠢ ᠶᠢᠨ ᠭᠡᠷ ᠤᠨ ᠲᠤᠯᠠᠭᠠᠨ ᠢ ᠲᠠᠰᠢᠷᠠᠮ ᠢᠶᠠᠷ ᠪᠠᠶᠢᠴᠠᠭᠠᠬᠤ ᠬᠡᠷᠡᠭᠳᠠᠢ᠃ ᠬᠡᠮᠵᠢᠨ ᠪᠠᠶᠢᠴᠠᠭᠠᠬᠤ ᠡᠷᠦᠬᠡ ᠶᠢ ᠢᠯᠴᠢ ᠬᠠᠨᠭ᠍ᠭᠠᠬᠤ ᠡᠷᠦᠬᠡ ᠶᠢᠨ 1.5% ᠠᠴᠠ ᠲᠤᠤᠷ᠎ᠠ ᠪᠠᠶᠢᠯᠭᠠᠵᠤ ᠪᠤᠯᠬᠤ ᠦᠭᠡᠢ᠂ ᠬᠡᠮᠵᠢᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠲᠡᠮᠳᠡᠭᠯᠡᠯ ᠬᠢᠬᠦ ᠶᠢᠨ ᠬᠠᠮᠳᠤ ᠬᠡᠷᠡᠭᠯᠡᠭᠴᠢ ᠭᠠᠷ ᠤᠨ ᠦᠰᠦᠭ ᠵᠢᠷᠤᠭᠰᠠᠨ ᠪᠠᠶᠢᠬᠤ ᠬᠡᠷᠡᠭᠳᠠᠢ ᠪᠦᠭᠡᠳ ᠰᠠᠷ᠎ᠠ ᠪᠦᠷᠢ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠳᠠᠢ᠃ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠨᠢ ᠬᠡᠮᠵᠢᠨ ᠪᠠᠶᠢᠴᠠᠭᠠᠭᠰᠠᠨ ᠳ᠋ᠦᠩ ᠢ ᠰᠤᠭᠤᠯᠤᠨ ᠪᠠᠶᠢᠴᠠᠭᠠᠬᠤ ᠬᠡᠷᠡᠭᠳᠠᠢ᠃      ᠢᠯᠴᠢ ᠬᠠᠨᠭ᠍ᠭᠠᠬᠤ ᠨᠢᠭᠡᠴᠢ ᠶᠢᠨ ᠬᠠᠷᠢᠭᠤᠴᠠᠯᠭ᠎ᠠ ᠠᠴᠠ ᠪᠤᠯᠵᠤ ᠬᠡᠷᠡᠭᠯᠡᠭᠴᠢ ᠶᠢᠨ ᠭᠡᠷ ᠤᠨ ᠲᠤᠳᠤᠭᠠᠳᠤ ᠶᠢᠨ ᠲᠤᠯᠠᠭᠠᠨ ᠲᠤᠭᠳᠠᠭᠰᠠᠨ ᠪᠠᠷᠢᠮᠵᠢᠶ᠎ᠠ ᠳᠤ ᠬᠦᠷᠦᠭᠰᠡᠨ ᠦᠭᠡᠢ ᠪᠤᠶᠤ ᠢᠯᠴᠢ ᠬᠠᠨᠭ᠍ᠭᠠᠬᠤ ᠨᠢᠭᠡᠴᠢ ᠨᠢ ᠲᠤᠭᠳᠠᠭᠰᠠᠨ ᠴᠠᠭ ᠲᠠᠭᠠᠨ ᠢᠯᠴᠢ ᠬᠠᠨᠭ᠍ᠭᠠᠬᠤ ᠡᠭᠦᠷᠭᠡ ᠪᠠᠨ ᠭᠦᠢᠴᠡᠳᠭᠡᠭᠰᠡᠨ ᠦᠭᠡᠢ ᠪᠤᠯ ᠢᠯᠴᠢ ᠬᠠᠨᠭ᠍ᠭᠠᠬᠤ ᠨᠢᠭᠡᠴᠢ ᠨᠢ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ᠃      ᠬᠤᠷᠢᠨ ᠨᠠᠢᠮᠠᠳᠤᠭᠠᠷ ᠵᠦᠢᠯ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠡᠷᠡᠭᠯᠡᠭᠴᠢ ᠶᠢᠨ ᠭᠡᠷ ᠤᠨ ᠲᠤᠳᠤᠭᠠᠳᠤ ᠶᠢᠨ ᠲᠤᠯᠠᠭᠠᠨ ᠲᠤᠭᠳᠠᠭᠰᠠᠨ ᠪᠠᠷᠢᠮᠵᠢᠶ᠎ᠠ ᠳᠤ ᠬᠦᠷᠬᠦ ᠦᠭᠡᠢ ᠴᠤ ᠭᠡᠰᠡᠨ ᠢᠯᠴᠢ ᠬᠠᠨᠭ᠍ᠭᠠᠬᠤ ᠨᠢᠭᠡᠴᠢ ᠬᠠᠷᠢᠭᠤᠴᠠᠯᠭ᠎ᠠ ᠡᠭᠦᠷᠭᠡᠯᠡᠬᠦ ᠦᠭᠡᠢ᠄      ︵ᠨᠢᠭᠡ︶ ᠭᠡᠷ ᠤᠨ ᠲᠤᠳᠤᠭᠠᠳᠤ ᠶᠢᠨ ᠢᠯᠴᠢ ᠬᠠᠨᠭ᠍ᠭᠠᠬᠤ ᠲᠦᠭᠦᠭᠡᠷᠤᠮᠵᠢ ᠶᠢ ᠬᠡᠪ ᠤᠨ ᠶᠤᠰᠤᠭᠠᠷ ᠲᠡᠶᠢᠯᠬᠦ ᠦᠭᠡᠢ︔      ︵ᠬᠤᠶᠠᠷ︶ ᠬᠡᠪ ᠤᠨ ᠲᠤᠯᠭᠠᠭᠠᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ︔      ︵ᠭᠤᠷᠪᠠ︶ ᠭᠡᠷ ᠤᠨ ᠪᠦᠳᠦᠴᠡ ᠪᠠ ᠭᠡᠷ ᠤᠨ ᠲᠤᠳᠤᠭᠠᠳᠤ ᠶᠢᠨ ᠢᠯᠴᠢ ᠬᠠᠨᠭ᠍ᠭᠠᠬᠤ ᠲᠦᠭᠦᠭᠡᠷᠤᠮᠵᠢ ᠶᠢ ᠲᠤᠷ᠎ᠠ ᠪᠠᠷ ᠢᠶᠠᠨ ᠦᠭᠡᠷᠡᠴᠢᠯᠡᠭᠰᠡᠨ︔      ︵ᠲᠦᠷᠪᠡ︶ ᠭᠡᠷ ᠤᠨ ᠲᠤᠳᠤᠭᠠᠳᠤ ᠶᠢᠨ ᠴᠢᠮᠡᠭᠯᠡᠯ ᠪᠤᠶᠤ ᠪᠤᠰᠤᠳ ᠲᠦᠭᠦᠭᠡᠷᠤᠮᠵᠢ ᠨᠢ ᠢᠯᠴᠢ ᠲᠠᠷᠬᠠᠭᠠᠬᠤ ᠶᠢ ᠬᠦᠨᠳᠤ ᠨᠤᠴᠢᠳᠠᠢ ᠬᠠᠯᠬᠠᠯᠠᠵᠤ᠂ ᠢᠯᠴᠢ ᠬᠠᠨᠭ᠍ᠭᠠᠬᠤ ᠦᠷ᠎ᠡ ᠳ᠋ᠦᠩ ᠢ ᠨᠦᠯᠦᠭᠡᠯᠡᠭᠰᠡᠨ᠃      ︵ᠲᠠᠪᠤ︶ ᠲᠣᠭᠲᠠᠭᠠᠯ ᠶᠣᠰᠣᠭᠠᠷ ᠢᠯᠴᠢ ᠶᠢᠨ ᠰᠦᠢᠳᠬᠡᠯ ᠢ ᠲᠣᠰᠢᠶᠠᠭᠰᠠᠨ ᠦᠭᠡᠢ᠃      ᠲᠡᠭᠡᠷᠡᠬᠢ ᠰᠢᠯᠳᠠᠭᠠᠨ ᠠᠴᠠ ᠪᠤᠯᠵᠤ ᠪᠤᠰᠤᠳ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠤᠯ ᠬᠠᠷᠢᠭᠤᠴᠠᠯᠭ᠎ᠠ ᠲᠠᠢ ᠬᠦᠮᠦᠨ ᠲᠦᠯᠦᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠨ᠎ᠡ᠃      ᠬᠤᠷᠢ ᠶᠢᠰᠦᠳᠦᠭᠡᠷ ᠵᠦᠢᠯ ᠢᠯᠴᠢ ᠬᠠᠨᠭ᠍ᠭᠠᠬᠤ ᠪᠠᠶᠢᠭᠤᠯᠤᠮᠵᠢ ᠨᠢ ᠦᠢᠯᠡᠴᠢᠯᠡᠭᠡᠨ ᠤ ᠶᠠᠰᠤ ᠴᠢᠨᠠᠷ ᠪᠠ ᠪᠠᠷᠢᠮᠵᠢᠶ᠎ᠠ ᠪᠠᠨ ᠨᠡᠶᠢᠭᠡᠮ ᠳᠤ ᠨᠡᠶᠢᠳᠡᠯᠡᠬᠦ ᠬᠡᠷᠡᠭᠳᠠᠢ᠂ ᠵᠠᠰᠠᠬᠤ᠂ ᠦᠢᠯᠡᠴᠢᠯᠡᠬᠦ᠂ ᠵᠠᠭᠠᠯᠳᠤᠯᠭ᠎ᠠ ᠶᠢᠨ ᠤᠳᠠᠰᠤ ᠭᠠᠷᠭᠠᠬᠤ ᠶᠢᠨ ᠬᠠᠮᠳᠤ ᠨᠡᠶᠢᠭᠡᠮ ᠳᠤ ᠢᠯᠡ ᠨᠡᠶᠢᠳᠡᠯᠡᠵᠤ᠂ ᠣᠳᠠᠰᠣᠨ ᠨᠣᠮᠧᠷ ᠨᠢ 12319᠂ ᠢᠯᠴᠢ ᠬᠠᠩᠭᠠᠬᠤ ᠬᠤᠭᠤᠴᠠᠭᠠᠨ ᠳᠤ 24 ᠴᠠᠭ ᠢᠶᠠᠷ ᠦᠢᠯᠡᠴᠢᠯᠡᠨ᠂ ᠬᠡᠷᠡᠭᠯᠡᠭᠴᠢ ᠶᠢᠨ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠤ᠂ ᠬᠡᠷᠡᠭᠯᠡᠭᠴᠢ ᠶᠢᠨ ᠵᠠᠰᠠᠭᠤᠯᠬᠤ ᠪᠠᠷ ᠮᠡᠳᠡᠭᠦᠯᠦᠭᠰᠡᠨ ᠵᠦᠢᠯᠡᠰ ᠢ ᠴᠠᠭ ᠲᠤᠬᠠᠢ ᠳᠤᠨᠢ ᠵᠠᠰᠠᠬᠤ ᠨᠤᠷᠮ᠎ᠠ ᠶᠢ ᠲᠤᠭᠳᠠᠭᠰᠠᠨ ᠪᠠᠷᠢᠮᠵᠢᠶ᠎ᠠ ᠳᠤ ᠬᠦᠷᠭᠡᠬᠦ ᠶᠢ ᠪᠠᠳᠤᠯᠠᠬᠤ ᠬᠡᠷᠡᠭᠳᠠᠢ᠃      ᠭᠤᠴᠢᠳᠤᠭᠠᠷ ᠵᠦᠢᠯ ᠬᠡᠷᠡᠭᠯᠡᠭᠴᠢ ᠨᠢ ᠢᠯᠴᠢ ᠬᠠᠨᠭ᠍ᠭᠠᠬᠤ ᠨᠢᠭᠡᠴᠢ ᠶᠢᠨ ᠢᠯᠴᠢ ᠬᠠᠨᠭ᠍ᠭᠠᠬᠤ ᠲᠦᠭᠦᠭᠡᠷᠤᠮᠵᠢ ᠶᠢ ᠪᠠᠶᠢᠴᠠᠭᠠᠵᠤ᠂ ᠵᠠᠰᠠᠬᠤ ᠪᠠ ᠭᠡᠷ ᠤᠨ ᠲᠤᠯᠠᠭᠠᠨ ᠢ ᠬᠡᠮᠵᠢᠨ ᠪᠠᠶᠢᠴᠠᠭᠠᠬᠤ ᠠᠵᠢᠯ ᠳᠤ ᠬᠠᠮᠵᠢᠯᠴᠠᠵᠤ᠂ ᠢᠯᠴᠢ ᠬᠠᠨᠭ᠍ᠭᠠᠬᠤ ᠶᠠᠪᠤᠴᠠ ᠳᠤ ᠭᠠᠷᠤᠭᠰᠠᠨ ᠠᠰᠠᠭᠤᠳᠠᠯ ᠢ ᠴᠠᠭ ᠲᠤᠬᠠᠢ ᠳᠤᠨᠢ ᠲᠤᠰᠬᠠᠬᠤ ᠬᠡᠷᠡᠭᠳᠠᠢ᠃      ᠭᠤᠴᠢᠨ ᠨᠢᠭᠡᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠴᠦᠮ ᠲᠤᠤᠷᠠᠬᠢ ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄      ︵ᠨᠢᠭᠡ︶ ᠲᠤᠷ᠎ᠠ ᠪᠠᠷ ᠢᠶᠠᠨ ᠲᠤᠤᠷ ᠲᠤ ᠤᠷᠤᠵᠤ ᠢᠯᠴᠢ ᠬᠡᠷᠡᠭᠯᠡᠬᠦ︔      ︵ᠬᠤᠶᠠᠷ︶ ᠢᠯᠴᠢ ᠬᠠᠨᠭ᠍ᠭᠠᠬᠤ ᠲᠦᠭᠦᠭᠡᠷᠤᠮᠵᠢ ᠶᠢ ᠲᠤᠷ᠎ᠠ ᠪᠠᠷ ᠢᠶᠠᠨ ᠵᠠᠯᠭᠠᠬᠤ ᠪᠤᠶᠤ ᠲᠠᠰᠤᠯᠬᠤ︔      ︵ᠭᠤᠷᠪᠠ︶ ᠢᠯᠴᠢ ᠶᠢᠨ ᠬᠡᠮᠵᠢᠭᠦᠷᠯᠢᠭ ᠪᠠ ᠪᠤᠰᠤᠳ ᠲᠠᠭᠠᠯᠳᠤᠯ ᠵᠦᠢᠯᠡᠰ ᠢ ᠲᠤᠷ᠎ᠠ ᠪᠠᠷ ᠢᠶᠠᠨ ᠰᠢᠯᠵᠢᠭᠦᠯᠬᠦ ᠂ ᠦᠭᠡᠷᠡᠴᠢᠯᠡᠬᠦ︔      ︵ᠲᠦᠷᠪᠡ︶ ᠭᠡᠷ ᠤᠨ ᠲᠤᠳᠤᠭᠠᠳᠤ ᠶᠢᠨ ᠲᠤᠯᠠᠭᠠᠴᠠᠯᠳᠠ ᠶᠢᠨ ᠲᠦᠭᠦᠭᠡᠷᠤᠮᠵᠢ ᠲᠡᠭᠡᠷ᠎ᠡ ᠲᠤᠷ᠎ᠠ ᠪᠠᠷ ᠢᠶᠠᠨ ᠤᠰᠤᠨ ᠴᠤᠷᠭᠤ᠂ ᠤᠰᠤᠨ ᠰᠢᠬᠠᠭᠤᠷ᠂ ᠬᠡᠢ ᠭᠠᠳᠠᠭᠰᠢᠯᠠᠭᠤᠯᠬᠤ ᠨᠡᠭᠡᠯᠡᠬᠡᠢ ᠲᠠᠭᠠᠷᠠᠭᠤᠯᠬᠤ᠂ ᠢᠯᠴᠢ ᠲᠠᠷᠬᠠᠭᠠᠭᠴᠢ ᠮᠠᠰᠢᠨ ᠨᠡᠮᠡᠵᠤ ᠤᠭᠰᠠᠷᠠᠬᠤ ᠪᠠ ᠢᠯᠴᠢ ᠬᠠᠨᠭ᠍ᠭᠠᠬᠤ ᠬᠤᠭᠤᠯᠠᠢ ᠶᠢᠨ ᠲᠤᠳᠤᠷᠠᠬᠢ ᠤᠷᠴᠢᠯ ᠤᠰᠤ ᠶᠢ ᠠᠪᠴᠤ ᠬᠡᠷᠡᠭᠯᠡᠬᠦ︔      ︵ᠲᠠᠪᠤ︶ ᠢᠯᠴᠢ ᠬᠠᠨᠭ᠍ᠭᠠᠬᠤ ᠲᠦᠭᠦᠭᠡᠷᠤᠮᠵᠢ ᠶᠢ ᠡᠪᠳᠡᠬᠦ ᠪᠤᠶᠤ ᠢᠯᠴᠢ ᠬᠠᠨᠭ᠍ᠭᠠᠬᠤ ᠴᠢᠨᠠᠷ ᠴᠢᠨᠰᠠᠭ᠎ᠠ ᠶᠢ ᠨᠦᠯᠦᠭᠡᠯᠡᠬᠦ ᠪᠤᠰᠤᠳ ᠠᠵᠢᠯᠯᠠᠭ᠎ᠠ᠃      ᠲᠠᠪᠤᠳᠤᠭᠠᠷ ᠪᠦᠯᠦᠭ ᠢᠯᠴᠢ ᠶᠢᠨ ᠰᠦᠢᠳᠭᠡᠯ ᠤᠨ ᠬᠠᠮᠢᠶᠠᠷᠤᠯᠳᠠ      ᠭᠤᠴᠢᠨ ᠬᠤᠶᠠᠳᠤᠭᠠᠷ ᠵᠦᠢᠯ ᠬᠡᠷᠡᠭᠯᠡᠭᠴᠢ ᠨᠢ ᠢᠯᠴᠢ ᠬᠠᠨᠭ᠍ᠭᠠᠬᠤ ᠬᠡᠷᠡᠭᠯᠡᠬᠦ ᠭᠡᠷ᠎ᠡ ᠶᠢᠨ ᠰᠦᠢᠳᠭᠡᠯ ᠲᠤᠰᠢᠶᠠᠬᠤ ᠬᠤᠭᠤᠴᠠᠭᠠᠨ ᠳᠤ ᠢᠯᠴᠢ ᠶᠢᠨ ᠰᠦᠢᠳᠭᠡᠯ ᠢᠶᠠᠨ ᠲᠤᠰᠢᠶᠠᠬᠤ ᠬᠡᠷᠡᠭᠳᠠᠢ᠃ ᠢᠯᠴᠢ ᠬᠠᠨᠭ᠍ᠭᠠᠬᠤ ᠨᠢᠭᠡᠴᠢ ᠨᠢ ᠬᠡᠷᠡᠭᠯᠡᠭᠴᠢ ᠠᠴᠠ ᠢᠯᠴᠢ ᠶᠢᠨ ᠰᠦᠢᠳᠭᠡᠯ ᠬᠤᠷᠢᠶᠠᠬᠤ ᠳᠠᠭᠠᠨ ᠬᠠᠮᠤᠭ ᠡᠴᠤᠰ ᠤᠨ ᠬᠡᠷᠡᠭᠯᠡᠭᠴᠢ ᠠᠴᠠ ᠰᠢᠭᠤᠳ ᠬᠤᠷᠢᠶᠠᠬᠤ ᠪᠦᠭᠡᠳ ᠬᠡᠷᠡᠭᠯᠡᠭᠴᠢ ᠲᠦᠪᠯᠡᠷᠡᠭᠰᠡᠨ ᠭᠠᠵᠠᠷ ᠲᠤ ᠰᠦᠢᠳᠭᠡᠯ ᠬᠤᠷᠢᠶᠠᠬᠤ ᠭᠠᠵᠠᠷ ᠭᠠᠷᠭᠠᠬᠤ ᠬᠡᠷᠡᠭᠳᠠᠢ᠂ ᠡᠯ᠎ᠡ ᠵᠦᠢᠯ ᠤᠨ ᠰᠢᠯᠳᠠᠭᠠᠨ ᠠᠴᠠ ᠪᠤᠯᠵᠤ ᠰᠦᠢᠳᠭᠡᠯ ᠬᠤᠷᠢᠶᠠᠬᠤ ᠭᠠᠵᠠᠷ ᠲᠤ ᠴᠠᠭ ᠲᠤᠬᠠᠢ ᠳᠤᠨᠢ ᠰᠦᠢᠳᠭᠡᠯ ᠢᠶᠠᠨ ᠲᠤᠰᠢᠶᠠᠵᠤ ᠲᠡᠶᠢᠯᠬᠦ ᠦᠭᠡᠢ ᠪᠤᠯ᠂ ᠬᠡᠷᠡᠭᠯᠡᠭᠴᠢ ᠶᠢᠨ ᠭᠡᠷ ᠲᠤᠨᠢ ᠬᠦᠷᠴᠤ ᠰᠦᠢᠳᠭᠡᠯ ᠢ ᠬᠤᠷᠢᠶᠠᠬᠤ ᠬᠡᠷᠡᠭᠳᠠᠢ᠃      ᠭᠤᠴᠢᠨ ᠭᠤᠷᠪᠠᠳᠤᠭᠠᠷ ᠵᠦᠢᠯ ᠬᠡᠷᠡᠭᠯᠡᠭᠴᠢ ᠬᠤᠭᠤᠴᠠᠭ᠎ᠠ ᠨᠢ ᠲᠤᠯᠤᠭᠰᠠᠨ ᠪᠠᠶᠢᠳᠠᠯ᠎ᠠ ᠰᠦᠢᠳᠭᠡᠯ ᠢᠶᠠᠨ ᠲᠤᠰᠢᠶᠠᠬᠤ ᠦᠭᠡᠢ ᠪᠤᠯ ᠲᠤᠤᠷᠠᠬᠢ ᠲᠤᠭᠳᠠᠭᠠᠯ ᠶᠤᠰᠤᠭᠠᠷ ᠰᠢᠢᠳᠪᠦᠷᠢᠯᠡᠨ᠎ᠡ᠄      ︵ᠨᠢᠭᠡ︶ ᠬᠤᠭᠤᠴᠠᠭ᠎ᠠ ᠨᠢ ᠭᠤᠴᠢᠨ ᠡᠳᠦᠷ ᠬᠡᠳᠦᠷᠡᠭᠰᠡᠨ ᠪᠠᠶᠢᠳᠠᠯ᠎ᠠ ᠢᠯᠴᠢ ᠶᠢᠨ ᠰᠦᠢᠳᠭᠡᠯ ᠢᠶᠠᠨ ᠲᠤᠰᠢᠶᠠᠭᠰᠠᠨ ᠦᠭᠡᠢ ᠪᠤᠯ᠂ ᠢᠯᠴᠢ ᠬᠠᠨᠭ᠍ᠭᠠᠬᠤ ᠨᠢᠭᠡᠴᠢ ᠨᠢ ᠲᠤᠯᠤᠭᠠᠨ ᠡᠳᠦᠷ ᠤᠨ ᠲᠤᠳᠤᠷ᠎ᠠ ᠢᠯᠴᠢ ᠶᠢᠨ ᠰᠦᠢᠳᠭᠡᠯ ᠢ ᠲᠤᠰᠢᠶᠠᠯᠭᠠᠬᠤ ᠪᠠᠷ ᠰᠢᠪᠠᠳᠠᠨ ᠱᠠᠭᠠᠷᠳᠠᠵᠤ᠂ ᠬᠤᠭᠤᠴᠠᠭ᠎ᠠ ᠨᠢ ᠬᠡᠳᠦᠷᠡᠭᠡᠳ ᠲᠠᠬᠢᠨ ᠲᠤᠰᠢᠶᠠᠭᠰᠠᠨ ᠦᠭᠡᠢ ᠪᠤᠯ᠂ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠵᠦᠪᠰᠢᠶᠡᠷᠡᠭᠦᠯᠦᠭᠰᠡᠨ ᠤ ᠲᠠᠷᠠᠭ᠎ᠠ᠂ ᠲᠡᠭᠦᠨ ᠳᠤ ᠢᠯᠴᠢ ᠬᠠᠨᠭ᠍ᠭᠠᠬᠤ ᠪᠠᠨ ᠲᠦᠷ ᠬᠤᠶᠢᠰᠢᠯᠠᠭᠤᠯᠬᠤ᠂ ᠢᠯᠴᠢ ᠬᠠᠨᠭ᠍ᠭᠠᠬᠤ ᠪᠠᠨ ᠬᠢᠵᠠᠭᠠᠷᠯᠠᠬᠤ ᠪᠤᠶᠤ ᠢᠯᠴᠢ ᠬᠠᠨᠭ᠍ᠭᠠᠬᠤ ᠪᠠᠨ ᠵᠤᠭᠰᠤᠭᠠᠵᠤ ᠪᠤᠯᠤᠨ᠎ᠠ᠂ ᠭᠡᠪᠡᠴᠤ ᠪᠤᠰᠤᠳ ᠬᠡᠷᠡᠭᠯᠡᠭᠴᠢ ᠶᠢᠨ ᠢᠯᠴᠢ ᠬᠡᠷᠡᠭᠯᠡᠬᠦ ᠡᠷᠬᠡ ᠠᠰᠢᠭ ᠲᠤ ᠬᠠᠯᠳᠠᠵᠤ ᠪᠤᠯᠬᠤ ᠦᠭᠡᠢ︔      ︵ᠬᠤᠶᠠᠷ︶ ᠬᠤᠭᠤᠴᠠᠭ᠎ᠠ ᠨᠢ ᠬᠡᠳᠦᠷᠡᠭᠡᠳ ᠭᠤᠷᠪᠠᠨ ᠰᠠᠷ᠎ᠠ ᠪᠤᠯᠤᠭᠰᠠᠨ ᠪᠠᠶᠢᠳᠠᠯ᠎ᠠ ᠢᠯᠴᠢ ᠶᠢᠨ ᠰᠦᠢᠳᠭᠡᠯ ᠢᠶᠠᠨ ᠲᠤᠰᠢᠶᠠᠭᠰᠠᠨ ᠦᠭᠡᠢ ᠬᠡᠷᠡᠭᠯᠡᠭᠴᠢ ᠶᠢ ᠢᠯᠴᠢ ᠬᠠᠨᠭ᠍ᠭᠠᠬᠤ ᠨᠢᠭᠡᠴᠢ ᠨᠢ ᠬᠠᠤᠯᠢ ᠶᠤᠰᠤᠭᠠᠷ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ ᠪᠤᠶᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠤᠯᠤᠨ᠎ᠠ︔      ︵ᠭᠤᠷᠪᠠ︶ ᠦᠡᠭᠭᠡᠷᠡᠭᠰᠡᠨ ᠵᠢᠯ ᠳᠤ ᠢᠯᠴᠢ ᠶᠢᠨ ᠰᠦᠢᠳᠭᠡᠯ ᠢᠶᠠᠨ ᠦᠷᠢᠳᠦᠵᠤ ᠪᠠᠶᠢᠭᠰᠠᠨ ᠬᠡᠷᠡᠭᠯᠡᠭᠴᠢ ᠨᠢ ᠢᠯᠴᠢ ᠬᠠᠨᠭ᠍ᠭᠠᠬᠤ ᠨᠢᠭᠡᠴᠢ ᠲᠠᠢ ᠨᠦᠬᠦᠪᠦᠷᠢᠯᠡᠨ ᠲᠤᠰᠢᠶᠠᠬᠤ ᠬᠡᠯᠡᠯᠴᠡᠭᠡᠷ ᠲᠤᠭᠳᠠᠵᠤ᠂ ᠦᠷᠢᠳᠦᠭᠰᠡᠨ ᠰᠦᠢᠳᠭᠡᠯ ᠢᠶᠠᠨ ᠴᠠᠭ ᠲᠠᠭᠠᠨ ᠲᠤᠰᠢᠶᠠᠬᠤ ᠬᠡᠷᠡᠭᠳᠠᠢ᠃      ᠢᠯᠴᠢ ᠬᠠᠨᠭ᠍ᠭᠠᠬᠤ ᠨᠢᠭᠡᠴᠢ ᠨᠢ ᠦᠡᠭᠭᠡᠷᠡᠭᠰᠡᠨ ᠵᠢᠯ ᠤᠨ ᠰᠦᠢᠳᠭᠡᠯ ᠢ ᠢᠯᠭᠠᠷᠠᠭᠤᠯᠬᠤ ᠪᠤᠶᠤ ᠬᠡᠰᠡᠭ ᠬᠡᠷᠡᠭᠯᠡᠭᠴᠢ ᠰᠦᠢᠳᠭᠡᠯ ᠲᠤᠰᠢᠶᠠᠭᠰᠠᠨ ᠦᠭᠡᠢ ᠰᠢᠯᠳᠠᠭᠠᠨ ᠢᠶᠠᠷ ᠲᠤᠬᠠᠢ ᠶᠢᠨ ᠵᠢᠯ ᠤᠨ ᠢᠯᠴᠢ ᠶᠢᠨ ᠰᠦᠢᠳᠭᠡᠯ ᠢᠶᠠᠨ ᠲᠤᠰᠢᠶᠠᠬᠤ ᠶᠢ ᠲᠡᠪᠴᠢᠬᠦ᠂ ᠢᠯᠴᠢ ᠬᠠᠨᠭ᠍ᠭᠠᠬᠤ ᠶᠢ ᠲᠡᠪᠴᠢᠬᠦ ᠪᠤᠶᠤ ᠢᠯᠴᠢ ᠬᠠᠨᠭ᠍ᠭᠠᠬᠤ ᠪᠠᠷᠢᠮᠵᠢᠶ᠎ᠠ ᠪᠠᠨ ᠪᠠᠭᠤᠷᠠᠭᠤᠯᠵᠤ ᠪᠤᠯᠬᠤ ᠦᠭᠡᠢ᠃      ᠭᠤᠴᠢᠨ ᠲᠦᠷᠪᠡᠳᠦᠭᠡᠷ ᠵᠦᠢᠯ ᠢᠯᠴᠢ ᠬᠠᠩᠭᠠᠬᠤ ᠦᠨ᠎ᠡ ᠬᠠᠩᠰᠢ ᠳᠤ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠬᠦᠯᠦᠨ᠎ᠡ᠃ ᠢᠯᠴᠢ ᠶᠢᠨ ᠦᠨ᠎ᠡ ᠶᠢ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠦᠨ᠎ᠡ ᠬᠠᠩᠰᠢ ᠶᠢ ᠲᠣᠭᠲᠠᠭᠠᠬᠤ ᠡᠷᠭᠡ ᠮᠡᠳᠡᠯ ᠪᠠ ᠬᠡᠪᠴᠢᠶ᠎ᠡ ᠶᠣᠰᠣᠭᠠᠷ᠂ ︽ᠪᠦᠬᠦᠲᠡ ᠨᠠᠶᠢᠷᠠᠮᠳᠠᠬᠤ ᠲᠣᠮᠲᠠᠲᠣ ᠠᠷᠠᠳ ᠣᠯᠣᠰ ᠤᠨ ᠦᠨ᠎ᠡ ᠬᠠᠩᠰᠢ ᠶᠢᠨ ᠬᠠᠣᠯᠢ︾ ᠶᠢᠨ ᠲᠣᠭᠲᠠᠭᠠᠯ ᠢ ᠦᠨᠳᠦᠰᠦᠯᠡᠨ ᠲᠣᠭᠲᠠᠭᠠᠨ᠎ᠠ᠃ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠵᠢᠯ ᠪᠦᠷᠢ ᠢᠯᠴᠢ ᠬᠠᠩᠭᠠᠬᠤ ᠦᠪᠡᠷ ᠤᠨ ᠦᠷᠳᠡᠭ ᠢ ᠬᠢᠨᠠᠨ ᠪᠣᠳᠣᠵᠣ᠂ ᠣᠯᠠᠨ ᠨᠡᠶᠢᠲᠡ ᠶᠢᠨ ᠲᠠᠸᠠᠷ ᠤᠨ ᠦᠷᠳᠡᠭ ᠢ ᠲᠣᠭᠲᠠᠭᠠᠬᠤ ᠵᠠᠷᠴᠢᠮ᠂ ᠨᠡᠶᠢᠭᠡᠮ ᠤᠨ ᠬᠦᠯᠢᠶᠡᠨ ᠠᠪᠬᠤ ᠴᠢᠳᠠᠪᠦᠷᠢ᠂ ᠢᠯᠴᠢ ᠬᠠᠩᠭᠠᠬᠤ ᠦᠪᠡᠷ ᠤᠨ ᠦᠷᠳᠡᠭ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠵᠣᠬᠢᠰᠲᠠᠢ ᠲᠣᠬᠢᠷᠠᠭᠤᠯᠣᠯᠲᠠ ᠬᠢᠬᠦ ᠶᠢᠨ ᠬᠠᠮᠲᠣ ᠨᠡᠶᠢᠭᠡᠮ ᠳᠠᠶᠠᠭᠠᠷ ᠲᠤ ᠨᠡᠶᠢᠲᠡᠯᠡᠬᠦ ᠬᠡᠷᠡᠭᠲᠠᠢ᠃      ᠭᠤᠴᠢᠨ ᠲᠠᠪᠤᠳᠤᠭᠠᠷ ᠵᠦᠢᠯ ᠢᠯᠴᠢ ᠬᠠᠨᠭ᠍ᠭᠠᠬᠤ ᠨᠢᠭᠡᠴᠢ ᠨᠢ ᠦᠨ᠎ᠡ ᠬᠠᠨᠭ᠍ᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠨᠡᠶᠢᠳᠡᠯᠡᠭᠰᠡᠨ ᠪᠠᠷᠢᠮᠵᠢᠶ᠎ᠠ ᠶᠤᠰᠤᠭᠠᠷ ᠢᠯᠴᠢ ᠶᠢᠨ ᠰᠦᠢᠳᠭᠡᠯ ᠬᠤᠷᠢᠶᠠᠬᠤ ᠶᠢᠨ ᠬᠠᠮᠳᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠨᠢᠭᠡᠳᠦᠯᠳᠠᠢ ᠦᠢᠯᠡᠳᠦᠭᠰᠡᠨ ᠫᠢᠶᠤᠤ ᠪᠠᠷᠢᠮᠳᠠ ᠶᠢ ᠭᠠᠷᠭᠠᠵᠤ ᠦᠭᠬᠦ ᠬᠡᠷᠡᠭᠳᠠᠢ᠃      ᠰᠢᠨ᠎ᠡ ᠪᠠᠷᠢᠬᠰᠠᠨ ᠭᠡᠷ ᠪᠠᠶᠢᠰᠢᠩ ᠪᠤᠯ ᠭᠡᠷ ᠬᠤᠳᠠᠯᠳᠤᠨ ᠠᠪᠤᠭᠴᠢ ᠳᠤ ᠲᠤᠰᠢᠶᠠᠨ ᠬᠡᠷᠡᠭᠯᠡᠭᠦᠯᠬᠦ ᠠᠴᠠ ᠡᠮᠤᠨᠡᠬᠢ ᠰᠦᠢᠳᠭᠡᠯ ᠢ ᠪᠦᠳᠦᠭᠡᠨ ᠪᠠᠶᠢᠭᠤᠯᠤᠯᠳᠠ ᠶᠢᠨ ᠨᠢᠭᠡᠴᠢ ᠲᠤᠰᠢᠶᠠᠵᠤ᠂ ᠰᠤᠯᠠ ᠲᠠᠯᠪᠢᠵᠤ ᠪᠠᠶᠢᠭ᠎ᠠ ᠭᠡᠷ ᠪᠤᠯ ᠭᠡᠷ ᠪᠠᠶᠢᠰᠢᠩ ᠤᠨ ᠦᠮᠴᠢᠯᠡᠭᠴᠢ ᠲᠤᠰᠢᠶᠠᠨ᠎ᠠ᠃ ᠬᠡᠷᠡᠭᠯᠡᠭᠴᠢ ᠡᠷᠦᠬᠡ ᠬᠤᠪᠢᠷᠠᠯᠳᠠ ᠲᠠᠢ ᠪᠤᠯ ᠢᠯᠴᠢ ᠬᠠᠨᠭ᠍ᠭᠠᠬᠤ ᠨᠢᠭᠡᠴᠢ ᠳᠤ ᠬᠦᠷᠴᠤ ᠬᠤᠪᠢᠷᠠᠭᠤᠯᠬᠤ ᠭᠠᠷᠳᠠᠮ ᠭᠦᠢᠴᠡᠳᠭᠡᠨ᠂ ᠢᠯᠴᠢ ᠶᠢᠨ ᠰᠦᠢᠳᠭᠡᠯ ᠢᠶᠠᠨ ᠪᠤᠳᠤᠬᠤ ᠶᠢᠨ ᠬᠠᠮᠳᠤ ᠦᠯᠡᠳᠡᠭᠳᠡᠯ ᠠᠰᠠᠭᠤᠳᠠᠯ ᠢ ᠵᠤᠬᠢᠰᠳᠠᠢ ᠰᠢᠢᠳᠪᠦᠷᠢᠯᠡᠬᠦ ᠬᠡᠷᠡᠭᠳᠠᠢ᠃ ᠬᠤᠪᠢᠷᠠᠭᠤᠯᠬᠤ ᠭᠠᠷᠳᠠᠮ ᠭᠦᠢᠴᠡᠳᠭᠡᠬᠦ ᠦᠭᠡᠢ ᠪᠤᠯ ᠰᠢᠨ᠎ᠡ ᠬᠡᠷᠡᠭᠯᠡᠭᠴᠢ ᠵᠤᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠨ᠎ᠡ᠃      ᠵᠢᠷᠭᠤᠳᠤᠭᠠᠷ ᠪᠦᠯᠦᠭ ᠪᠠᠴᠢᠮ ᠠᠷᠭᠠᠴᠠᠭᠠᠬᠤ ᠪᠤᠯᠤᠨ ᠪᠠᠳᠤᠯᠠᠭ᠎ᠠ      ᠭᠤᠴᠢᠨ ᠵᠢᠷᠭᠤᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠤᠳᠠ ᠶᠢᠨ ᠢᠯᠴᠢ ᠬᠠᠨᠭ᠍ᠭᠠᠬᠤ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠬᠤᠳᠠ ᠶᠢᠨ ᠢᠯᠴᠢ ᠬᠠᠨᠭ᠍ᠭᠠᠬᠤ ᠪᠠᠳᠤᠯᠠᠭ᠎ᠠ ᠶᠢᠨ ᠮᠦᠡᠭᠬᠦ ᠪᠠᠶᠢᠭᠤᠯᠵᠤ᠂ ᠬᠦᠴᠢᠷᠳᠡᠯᠳᠠᠢ ᠤᠯᠠᠨ ᠲᠦᠮᠡᠨ ᠤ ᠡᠪᠤᠯ ᠤᠨ ᠲᠤᠯᠠᠭᠠᠴᠠᠯᠳᠠ ᠶᠢ ᠪᠠᠳᠤᠯᠠᠬᠤ ᠬᠡᠷᠡᠭᠳᠠᠢ᠃      ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤ ᠪᠠᠷ ᠬᠤᠳᠠ ᠶᠢᠨ ᠢᠯᠴᠢ ᠬᠠᠨᠭ᠍ᠭᠠᠬᠤ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠬᠤ ᠪᠠ ᠬᠤᠳᠠ ᠶᠢᠨ ᠢᠯᠴᠢ ᠬᠠᠨᠭ᠍ᠭᠠᠬᠤ ᠪᠠᠳᠤᠯᠠᠭ᠎ᠠ ᠶᠢᠨ ᠮᠦᠡᠭᠬᠦ ᠪᠠᠶᠢᠭᠤᠯᠬᠤ ᠪᠤᠳᠠᠳᠠᠢ ᠠᠷᠭ᠎ᠠ ᠲᠦᠰᠦᠯ ᠢ ᠲᠤᠷᠠᠳᠴᠤ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ ᠵᠦᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠳᠠᠢ᠃      ᠭᠤᠴᠢᠨ ᠲᠤᠯᠤᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ ᠢᠯᠴᠢ ᠬᠠᠨᠭ᠍ᠭᠠᠬᠤ ᠠᠳᠡᠭᠳᠡᠯ ᠢ ᠪᠠᠴᠢᠮ ᠵᠠᠪᠳᠤᠨ ᠵᠠᠰᠠᠬᠤ ᠪᠠ ᠪᠠᠴᠢᠮ ᠰᠢᠢᠳᠪᠦᠷᠢᠯᠡᠬᠦ ᠤᠷᠢᠳᠴᠢᠯᠠᠭᠰᠠᠨ ᠲᠦᠰᠦᠯ ᠢ ᠲᠤᠭᠳᠠᠭᠠᠵᠤ᠂ ᠵᠤᠬᠢᠶᠠᠨ ᠪᠠᠶᠢᠭᠤᠯᠤᠨ ᠵᠢᠯᠤᠭᠤᠳᠬᠤ ᠵᠤᠬᠢᠴᠠᠩᠭᠤᠢ ᠰᠢᠰᠲ᠋ᠧᠮ ᠪᠠ ᠪᠡᠯᠡ ᠮᠦᠡᠭᠬᠦ᠂ ᠡᠳ᠋ ᠪᠤᠳᠠᠰ ᠪᠡᠯᠡᠳᠭᠡᠮᠵᠢ ᠶᠢᠨ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠳᠠᠢ᠃      ᠭᠤᠴᠢᠨ ᠨᠠᠢᠮᠠᠳᠤᠭᠠᠷ ᠵᠦᠢᠯ ᠢᠯᠴᠢ ᠬᠠᠨᠭ᠍ᠭᠠᠬᠤ ᠲᠦᠭᠦᠭᠡᠷᠤᠮᠵᠢ ᠰᠠᠭᠠᠳ ᠭᠠᠷᠴᠤ ᠬᠡᠪ ᠤᠨ ᠶᠤᠰᠤᠭᠠᠷ ᠢᠯᠴᠢ ᠬᠠᠨᠭ᠍ᠭᠠᠵᠤ ᠲᠡᠶᠢᠯᠬᠦ ᠦᠭᠡᠢ ᠠᠴᠠ ᠪᠤᠯᠵᠤ᠂ ᠢᠯᠴᠢ ᠶᠢᠨ ᠬᠠᠨᠭ᠍ᠭᠠᠯᠳᠠ ᠶᠢ 8 ᠴᠠᠭ ᠠᠴᠠ ᠲᠡᠭᠡᠭᠰᠢ ᠵᠤᠭᠰᠤᠭᠠᠬᠤ ᠴᠢᠬᠤᠯᠠ ᠲᠠᠢ ᠪᠤᠯ ᠢᠯᠴᠢ ᠬᠠᠨᠭ᠍ᠭᠠᠬᠤ ᠨᠢᠭᠡᠴᠢ ᠨᠢ ᠬᠡᠷᠡᠭᠯᠡᠭᠴᠢ ᠳᠤ ᠴᠠᠭ ᠲᠠᠷᠤᠢ ᠳᠤᠨᠢ ᠮᠡᠳᠡᠭᠳᠡᠵᠤ᠂ ᠲᠠᠷᠤᠢ ᠲᠦᠷᠭᠡᠨ ᠵᠤᠬᠢᠶᠠᠨ ᠪᠠᠶᠢᠭᠤᠯᠤᠨ ᠵᠠᠪᠳᠤᠨ ᠵᠠᠰᠠᠵᠤ ᠢᠯᠴᠢ ᠶᠢᠨ ᠬᠠᠨᠭ᠍ᠭᠠᠯᠳᠠ ᠶᠢ ᠰᠡᠷᠭᠦᠭᠡᠬᠦ ᠶᠢᠨ ᠬᠠᠮᠳᠤ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠳᠠᠢ᠃ ᠢᠯᠴᠢ ᠶᠢᠨ ᠬᠠᠨᠭ᠍ᠭᠠᠯᠳᠠ ᠶᠢ 48 ᠴᠠᠭ ᠠᠴᠠ ᠲᠡᠭᠡᠭᠰᠢ ᠵᠤᠭᠰᠤᠭᠠᠭᠠᠳ ᠰᠡᠷᠭᠦᠭᠡᠵᠤ ᠲᠡᠶᠢᠯᠬᠦ ᠦᠭᠡᠢ ᠪᠤᠶᠤ ᠨᠡᠶᠢᠳᠡ 7 ᠡᠳᠦᠷ ᠠᠴᠠ ᠲᠡᠭᠡᠭᠰᠢ ᠢᠯᠴᠢ ᠬᠠᠨᠭ᠍ᠭᠠᠬᠤ ᠪᠠᠨ ᠵᠤᠭᠰᠤᠭᠰᠠᠨ ᠪᠠᠶᠢᠪᠠᠯ ᠢᠯᠴᠢ ᠵᠤᠭᠰᠤᠭᠰᠠᠨ ᠡᠳᠦᠷ ᠢᠶᠠᠷ ᠨᠢ ᠢᠯᠴᠢ ᠶᠢᠨ ᠰᠦᠢᠳᠭᠡᠯ ᠢ ᠪᠤᠴᠠᠭᠠᠨ ᠦᠭᠬᠦ ᠶᠢᠨ ᠬᠠᠮᠳᠤ ᠬᠡᠷᠡᠭᠯᠡᠭᠴᠢ ᠶᠢᠨ ᠡᠭᠦᠨ ᠠᠴᠠ ᠪᠤᠯᠤᠭᠰᠠᠨ ᠬᠤᠬᠢᠷᠠᠯ ᠢ ᠲᠦᠯᠦᠪᠦᠷᠢᠯᠡᠬᠦ ᠬᠡᠷᠡᠭᠳᠠᠢ᠃ ᠵᠠᠪᠲᠣᠨ ᠵᠠᠰᠠᠬᠤ ᠬᠤᠭᠤᠴᠠᠭᠠᠨ ᠳᠤ᠂ ᠢᠯᠴᠢ ᠬᠠᠩᠭᠠᠬᠤ ᠨᠢᠭᠡᠴᠢ ᠨᠢ ᠢᠯᠴᠢ ᠬᠠᠩᠭᠠᠬᠤ ᠲᠦᠬᠦᠭᠡᠷᠦᠮᠵᠢ ᠶᠢᠨ ᠠᠮᠣᠷ ᠲᠦᠪᠰᠢᠨ ᠢ ᠪᠠᠲᠣᠯᠠᠬᠤ ᠬᠡᠷᠡᠭᠲᠠᠢ᠃      ᠢᠯᠴᠢ ᠬᠠᠨᠭ᠍ᠭᠠᠬᠤ ᠲᠦᠭᠦᠭᠡᠷᠤᠮᠵᠢ ᠰᠠᠭᠠᠳ ᠭᠠᠷᠤᠭᠰᠠᠨ ᠠᠴᠠ ᠪᠤᠯᠵᠤ ᠵᠠᠪᠳᠤᠨ ᠵᠠᠰᠠᠬᠤ ᠴᠢᠬᠤᠯᠠ ᠲᠠᠢ ᠪᠤᠯ ᠤᠷᠢᠳ ᠢᠶᠠᠷ ᠵᠠᠪᠳᠤᠨ ᠵᠠᠰᠠᠬᠤ ᠠᠵᠢᠯ ᠢ ᠬᠢᠵᠤ᠂ ᠲᠠᠷᠠᠭ᠎ᠠ ᠨᠢ ᠬᠤᠯᠪᠤᠭᠳᠠᠯ ᠪᠦᠬᠦᠢ ᠭᠠᠷᠳᠠᠮ ᠢ ᠨᠦᠬᠦᠪᠦᠷᠢᠯᠡᠨ ᠭᠦᠢᠴᠡᠳᠭᠡᠵᠤ ᠪᠤᠯᠤᠨ᠎ᠠ᠂ ᠲᠤᠳᠤᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠲᠡᠭᠡᠭᠡᠪᠦᠷᠢ᠂ ᠣᠷᠣᠨ ᠰᠠᠭᠤᠴᠠ ᠶᠢᠨ ᠪᠠᠳᠤᠯᠠᠭ᠎ᠠ ᠪᠠ ᠪᠠᠶᠢᠰᠢᠩ ᠤᠨ ᠬᠠᠮᠢᠶᠠᠷᠣᠯᠲᠠ᠂ ᠬᠤᠳᠠ ᠶᠢᠨ ᠶᠠᠪᠤᠳᠠᠯ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠢᠳᠡᠪᠬᠢᠳᠠᠢ ᠬᠠᠮᠵᠢᠯᠴᠠᠬᠤ ᠬᠡᠷᠡᠭᠳᠠᠢ᠃      ᠭᠤᠴᠢ ᠶᠢᠰᠦᠳᠦᠭᠡᠷ ᠵᠦᠢᠯ ᠢᠯᠴᠢ ᠬᠠᠨᠭ᠍ᠭᠠᠬᠤ ᠲᠦᠭᠦᠭᠡᠷᠤᠮᠵᠢ ᠬᠠᠭᠠᠷᠠᠬᠤ᠂ ᠤᠰᠤ ᠭᠤᠭᠤᠵᠢᠬᠤ ᠵᠡᠷᠭᠡ ᠤᠯᠠᠨ ᠨᠡᠶᠢᠳᠡ ᠶᠢᠨ ᠠᠮᠤᠷ ᠲᠦᠪᠰᠢᠨ ᠢ ᠰᠦᠷᠳᠡᠭᠦᠯᠬᠦ ᠪᠤᠶᠤ ᠰᠢᠰᠲ᠋ᠧᠮ ᠤᠨ ᠢᠯᠴᠢ ᠬᠠᠨᠭ᠍ᠭᠠᠬᠤ ᠶᠢ ᠨᠦᠯᠦᠭᠡᠯᠡᠬᠦ ᠰᠠᠭᠠᠳ ᠭᠠᠷᠤᠭᠰᠠᠨ ᠦᠶᠡᠰ᠂ ᠢᠯᠴᠢ ᠬᠠᠨᠭ᠍ᠭᠠᠬᠤ ᠨᠢᠭᠡᠴᠢ ᠨᠢ ᠡᠷᠬᠡᠪᠰᠢ ᠪᠠᠴᠢᠮ ᠠᠪᠤᠷᠠᠨ ᠵᠠᠰᠠᠬᠤ ᠬᠡᠷᠡᠭᠳᠠᠢ᠂ ᠵᠠᠪᠳᠤᠨ ᠵᠠᠰᠠᠬᠤ ᠬᠤᠭᠤᠴᠠᠭᠠᠨ ᠳᠤ᠂ ᠲᠤᠬᠠᠢ ᠶᠢᠨ ᠲᠠᠯᠠᠪᠦᠷ ᠲᠤ ᠰᠡᠷᠡᠮᠵᠢᠯᠡᠭᠦᠯᠬᠦ ᠲᠡᠮᠳᠡᠭ ᠪᠤᠰᠬᠠᠬᠤ ᠪᠠ ᠠᠮᠤᠷ ᠲᠦᠪᠰᠢᠨ ᠤ ᠲᠦᠭᠦᠭᠡᠷᠤᠮᠵᠢ ᠲᠠᠯᠪᠢᠵᠤ᠂ ᠵᠠᠪᠳᠤᠨ ᠵᠠᠰᠠᠵᠤ ᠲᠠᠭᠤᠰᠤᠭᠰᠠᠨ ᠤ ᠲᠠᠷᠠᠭ᠎ᠠ ᠤᠤᠯ ᠪᠠᠶᠢᠳᠠᠯ ᠢ ᠰᠡᠷᠭᠦᠭᠡᠬᠦ ᠬᠡᠷᠡᠭᠳᠠᠢ᠃      ᠬᠡᠷᠡᠭᠯᠡᠭᠴᠢ ᠶᠢᠨ ᠭᠡᠷ ᠤᠨ ᠲᠤᠳᠤᠭᠠᠳᠤ ᠶᠢᠨ ᠴᠢᠮᠡᠭᠯᠡᠯ ᠨᠢ ᠵᠠᠪᠳᠤᠨ ᠵᠠᠰᠠᠬᠤ ᠶᠢ ᠬᠠᠯᠬᠠᠯᠠᠵᠤ ᠨᠦᠯᠦᠭᠡᠯᠡᠬᠦ ᠪᠠᠶᠢᠳᠠᠯ ᠲᠠᠢ ᠪᠤᠯ ᠨᠦᠭᠦᠴᠡᠯ ᠦᠭᠡᠢ ᠪᠠᠷ ᠦᠪᠡᠷᠳᠡᠭᠡᠨ ᠨᠤᠷᠠᠭᠠᠵᠤ ᠦᠭᠬᠦ ᠬᠡᠷᠡᠭᠳᠠᠢ᠂ ᠵᠠᠪᠳᠤᠨ ᠵᠠᠰᠠᠬᠤ ᠶᠢ ᠲᠡᠪᠴᠢᠵᠤ ᠪᠤᠯᠬᠤ ᠦᠭᠡᠢ᠃ ᠬᠡᠷᠡᠭᠯᠡᠭᠴᠢ ᠦᠪᠡᠷ ᠢᠶᠠᠨ ᠨᠤᠷᠠᠭᠠᠵᠤ ᠦᠭᠬᠦ ᠦᠭᠡᠢ ᠪᠤᠯ ᠵᠠᠪᠳᠤᠨ ᠵᠠᠰᠠᠬᠤ ᠨᠢᠭᠡᠴᠢ ᠨᠤᠷᠠᠭᠠᠨ᠎ᠠ᠂ ᠬᠤᠬᠢᠷᠠᠯ ᠢ ᠬᠡᠷᠡᠭᠯᠡᠭᠴᠢ ᠡᠭᠦᠷᠭᠡᠯᠡᠨ᠎ᠡ᠃      ᠭᠡᠷ ᠲᠣᠲᠣᠷᠠᠬᠢ ᠢᠯᠴᠢ ᠬᠠᠩᠭᠠᠬᠤ ᠲᠦᠬᠦᠭᠡᠷᠦᠮᠵᠢ ᠬᠠᠭᠠᠷᠠᠬᠤ᠂ ᠣᠰᠣ ᠭᠤᠭᠤᠵᠢᠬᠤ ᠵᠡᠷᠭᠡ ᠰᠠᠭᠠᠳ ᠭᠠᠷᠴᠣ ᠣᠯᠠᠨ ᠨᠡᠶᠢᠲᠡ ᠶᠢᠨ ᠠᠮᠣᠷ ᠲᠦᠪᠰᠢᠨ ᠢ ᠰᠦᠷᠳᠡᠬᠦᠯᠵᠣ᠂ ᠬᠡᠷᠡᠭᠯᠡᠭᠴᠢ ᠶᠢᠨ ᠭᠡᠷ ᠲᠤ ᠬᠦᠮᠦᠨ ᠦᠭᠡᠢ ᠮᠦᠷᠲᠡᠭᠡᠨ ᠬᠡᠷᠡᠭᠯᠡᠭᠴᠢ ᠲᠠᠢ ᠬᠠᠷᠢᠯᠴᠠᠬᠤ ᠶᠢᠨ ᠠᠷᠭ᠎ᠠ ᠦᠭᠡᠢ ᠦᠶ᠎ᠡ ᠳᠤ᠂ ᠢᠯᠴᠢ ᠬᠠᠩᠭᠠᠬᠤ ᠨᠢᠭᠡᠴᠢ ᠠᠴᠠ ᠠᠰᠠᠷ ᠤᠨ ᠨᠡᠭᠡᠯᠡᠬᠡᠢ ᠶᠢ ᠬᠠᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠠᠪᠴᠣ᠂ ᠬᠤᠬᠢᠷᠠᠯ ᠢ ᠪᠠᠭᠠᠰᠬᠠᠬᠤ ᠬᠡᠷᠡᠭᠲᠠᠢ᠂ ᠴᠢᠬᠤᠯᠠ ᠲᠠᠢ ᠦᠶᠡᠰ᠂ ᠢᠯᠴᠢ ᠬᠠᠨᠭ᠍ᠭᠠᠬᠤ ᠨᠢᠭᠡᠴᠢ ᠨᠢ ᠲᠤᠳᠤᠭᠠᠳᠤ ᠶᠢ ᠬᠠᠮᠠᠭᠠᠯᠠᠬᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠠᠭᠤᠭᠠᠯᠢ ᠠᠷᠠᠳ ᠤᠨ ᠵᠦᠪᠯᠡᠯ ᠤᠨ ᠬᠠᠮᠵᠢᠯᠴᠠᠭ᠎ᠠ ᠲᠤᠤᠷ᠎ᠠ ᠂ ᠬᠤᠬᠢᠷᠠᠯ ᠢ ᠪᠠᠭ᠎ᠠ ᠪᠠᠶᠢᠯᠭᠠᠬᠤ ᠠᠷᠭ᠎ᠠ ᠪᠠᠷ ᠭᠡᠷ ᠲᠤ ᠤᠷᠤᠵᠤ ᠵᠠᠪᠳᠤᠨ ᠵᠠᠰᠠᠬᠤ ᠬᠡᠷᠡᠭᠳᠠᠢ᠂ ᠵᠠᠪᠳᠤᠨ ᠵᠠᠰᠠᠵᠤ ᠪᠠᠷᠠᠭᠰᠠᠨ ᠤ ᠲᠠᠷᠠᠭ᠎ᠠ ᠬᠡᠷᠡᠭᠯᠡᠭᠴᠢ ᠳᠤ ᠠᠯᠢ ᠲᠦᠷᠭᠡᠨ ᠮᠡᠳᠡᠭᠳᠡᠬᠦ ᠬᠡᠷᠡᠭᠳᠠᠢ᠃      ᠲᠦᠴᠢᠳᠦᠭᠡᠷ ᠵᠦᠢᠯ ᠢᠯᠴᠢ ᠬᠠᠨᠭ᠍ᠭᠠᠬᠤ ᠬᠤᠭᠤᠴᠠᠭᠠᠨ ᠳᠤ ᠢᠯᠴᠢ ᠬᠠᠨᠭ᠍ᠭᠠᠬᠤ ᠶᠢ ᠲᠡᠪᠴᠢᠬᠦ᠂ ᠢᠯᠴᠢ ᠬᠠᠩᠭᠠᠬᠤ ᠶᠠᠰᠣ ᠴᠢᠨᠠᠷ ᠢ ᠪᠠᠲᠣᠯᠠᠵᠣ ᠲᠡᠶᠢᠯᠬᠦ ᠦᠭᠡᠢ ᠪᠤᠶᠤ ᠴᠢᠬᠤᠯᠠ ᠶᠡᠭᠡ ᠢᠯᠴᠢ ᠬᠠᠩᠭᠠᠬᠤ ᠠᠳᠡᠯ ᠡᠬᠦᠰᠴᠦ᠂ ᠬᠡᠪ ᠤᠨ ᠢᠯᠴᠢ ᠬᠡᠷᠡᠭᠯᠡᠬᠦ ᠶᠢ ᠬᠦᠨᠳᠦ ᠨᠣᠴᠢᠲᠠᠢ ᠨᠦᠯᠦᠭᠡᠯᠡᠭᠰᠡᠨ ᠢᠯᠴᠢ ᠬᠠᠨᠭ᠍ᠭᠠᠬᠤ ᠨᠢᠭᠡᠴᠢ ᠶᠢ ᠢᠯᠴᠢ ᠬᠠᠩᠭᠠᠬᠤ ᠬᠢᠨᠠᠨ ᠬᠠᠮᠢᠶᠠᠷᠬᠤ ᠰᠠᠯᠠᠭ᠎ᠠ ᠮᠦᠴᠢᠷ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠪᠠᠴᠢᠮ ᠪᠠᠶᠢᠳᠠᠯ ᠢ ᠠᠷᠭᠠᠴᠠᠭᠠᠵᠣ ᠬᠦᠯᠢᠶᠡᠨ ᠬᠠᠮᠢᠶᠠᠷᠬᠤ ᠠᠷᠭ᠎ᠠ ᠬᠡᠮᠵᠢᠶ᠎ᠡ ᠪᠤᠶᠤ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠣ ᠪᠣᠯᠣᠨ᠎ᠠ᠂ ᠤᠤᠯ ᠤᠨ ᠢᠯᠴᠢ ᠬᠠᠨᠭ᠍ᠭᠠᠬᠤ ᠨᠢᠭᠡᠴᠢ ᠨᠢ ᠬᠠᠮᠵᠢᠯᠴᠠᠬᠤ ᠬᠡᠷᠡᠭᠳᠠᠢ᠃      ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠪᠠᠴᠢᠮ ᠪᠠᠶᠢᠳᠠᠯ ᠢ ᠠᠷᠭᠠᠴᠠᠭᠠᠬᠤ ᠬᠦᠯᠢᠶᠡᠨ ᠠᠪᠴᠤ ᠬᠠᠮᠢᠶᠠᠷᠬᠤ ᠠᠷᠭ᠎ᠠ ᠠᠪᠤᠭᠰᠠᠨ ᠤ ᠲᠠᠷᠠᠭ᠎ᠠ ᠡᠳ᠋ ᠬᠦᠷᠦᠩᠭᠡ ᠪᠤᠯᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠯᠡᠨ ᠵᠢᠱᠢᠬᠦ ᠲᠤᠰᠬᠠᠢ ᠪᠠᠶᠢᠭᠤᠯᠤᠮᠵᠢ ᠳᠤ ᠨᠠᠶᠢᠳᠠᠵᠤ ᠬᠠᠮᠢᠶᠠᠷᠤᠯᠳᠠ ᠬᠦᠯᠢᠶᠡᠬᠦ ᠨᠢᠭᠡᠴᠢ ᠶᠢ ᠦᠨᠡᠯᠡᠨ ᠵᠢᠱᠢᠭᠦᠯᠬᠦ ᠬᠡᠷᠡᠭᠳᠠᠢ᠃      ᠲᠦᠴᠢᠨ ᠨᠢᠭᠡᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠴᠦᠮ ᠲᠤᠰ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠵᠠᠭᠠᠯᠳᠤᠬᠤ ᠡᠷᠬᠡ ᠲᠠᠢ᠃      ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠨᠢ ᠵᠠᠭᠠᠯᠳᠤᠯᠭ᠎ᠠ ᠶᠢ ᠬᠦᠯᠢᠶᠡᠨ ᠰᠢᠢᠳᠪᠦᠷᠢᠯᠡᠵᠤ ᠬᠠᠤᠯᠢ ᠪᠤᠰᠤ ᠠᠵᠢᠯᠯᠠᠭ᠎ᠠ ᠶᠢ ᠪᠠᠶᠢᠴᠠᠭᠠᠨ ᠰᠢᠢᠳᠭᠡᠬᠦ ᠶᠢᠨ ᠬᠠᠮᠳᠤ ᠵᠠᠭᠠᠯᠳᠤᠯᠭ᠎ᠠ ᠶᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠡᠳᠦᠷ ᠤᠨ ᠲᠤᠳᠤᠷ᠎ᠠ ᠰᠢᠢᠳᠪᠦᠷᠢᠯᠡᠭᠰᠡᠨ ᠦᠷ᠎ᠡ ᠳ᠋ᠦᠩ ᠪᠠ ᠰᠢᠢᠳᠪᠦᠷᠢᠯᠡᠭᠰᠡᠨ ᠪᠠᠶᠢᠳᠠᠯ ᠢᠶᠠᠨ ᠵᠠᠭᠠᠯᠳᠤᠭᠴᠢ ᠳᠤ ᠮᠡᠳᠡᠭᠳᠡᠬᠦ ᠬᠡᠷᠡᠭᠳᠠᠢ᠃      ᠲᠤᠯᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ      ᠲᠦᠴᠢᠨ ᠬᠤᠶᠠᠳᠤᠭᠠᠷ ᠵᠦᠢᠯ ᠪᠦᠳᠦᠭᠡᠨ ᠪᠠᠶᠢᠭᠤᠯᠤᠯᠳᠠ ᠶᠢᠨ ᠨᠢᠭᠡᠴᠢ ᠲᠤᠰ ᠲᠦᠷᠢᠮ ᠤᠨ ᠲᠤᠯᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠤᠭᠳᠠᠭᠠᠯ ᠠᠴᠠ ᠵᠦᠷᠢᠴᠡᠵᠤ᠂ ᠵᠦᠪᠰᠢᠶᠡᠷᠡᠯ ᠠᠪᠤᠭᠰᠠᠨ ᠦᠭᠡᠢ ᠪᠠᠷ ᠢᠯᠴᠢ ᠬᠠᠨᠭ᠍ᠭᠠᠬᠤ ᠪᠠᠷᠢᠯᠭ᠎ᠠ ᠶᠢ ᠲᠤᠷ᠎ᠠ ᠪᠠᠷ ᠢᠶᠠᠨ ᠰᠢᠨ᠎ᠡ ᠪᠠᠷ ᠪᠠᠶᠢᠭᠤᠯᠤᠭᠰᠠᠨ᠂ ᠵᠠᠰᠠᠵᠤ ᠪᠠᠶᠢᠭᠤᠯᠤᠭᠰᠠᠨ᠂ ᠦᠷᠭᠡᠳᠭᠡᠨ ᠪᠠᠶᠢᠭᠤᠯᠤᠭᠰᠠᠨ ᠪᠠᠶᠢᠪᠠᠯ᠂ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ 5000 ᠲᠦᠭᠦᠷᠢᠭ ᠠᠴᠠ ᠲᠡᠭᠡᠷ᠎ᠡ 1 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ᠂ ᠦᠯᠡᠳᠡᠭᠡᠵᠤ ᠪᠤᠯᠬᠤ ᠪᠠᠷᠢᠯᠭ᠎ᠠ ᠶᠢᠨ ᠬᠢᠨᠢ ᠭᠠᠷᠳᠠᠮ ᠢ ᠵᠠᠷᠯᠢᠭᠳᠠᠨ ᠨᠦᠬᠦᠪᠦᠷᠢᠯᠡᠭᠦᠯᠵᠦ᠂ ᠦᠯᠡᠳᠡᠭᠡᠵᠤ ᠪᠤᠯᠬᠤ ᠦᠭᠡᠢ ᠶᠢ ᠨᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠨᠤᠷᠠᠭᠠᠬᠤ ᠬᠡᠷᠡᠭᠳᠠᠢ᠃      ᠲᠤᠯᠤᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠠᠴᠠ ᠵᠦᠷᠢᠴᠡᠨ᠂ ᠢᠯᠴᠢ ᠬᠠᠨᠭ᠍ᠭᠠᠬᠤ ᠲᠦᠭᠦᠭᠡᠷᠤᠮᠵᠢ ᠶᠢᠨ ᠬᠡᠷᠡᠭᠯᠡᠬᠦ ᠭᠠᠵᠠᠷ ᠢ ᠲᠤᠷ᠎ᠠ ᠪᠠᠷ ᠢᠶᠠᠨ ᠬᠡᠷᠡᠭᠯᠡᠭᠰᠡᠨ ᠪᠤᠶᠤ ᠲᠡᠭᠦᠨ ᠤ ᠬᠡᠷᠡᠭᠯᠡᠯᠳᠡ ᠶᠢ ᠬᠤᠪᠢᠷᠠᠭᠤᠯᠤᠭᠰᠠᠨ ᠪᠤᠯ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠵᠤ᠂ ᠡᠵᠡᠯᠡᠨ ᠬᠡᠷᠡᠭᠯᠡᠭᠰᠡᠨ ᠭᠠᠵᠠᠷ ᠢ ᠪᠤᠴᠠᠭᠠᠬᠤ ᠶᠢᠨ ᠬᠠᠮᠳᠤ 2 ᠲᠦᠮᠡᠨ ᠲᠦᠭᠦᠷᠢᠭ ᠠᠴᠠ ᠲᠡᠭᠡᠭᠰᠢ 3 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃      ᠲᠦᠴᠢᠨ ᠭᠤᠷᠪᠠᠳᠤᠭᠠᠷ ᠵᠦᠢᠯ ᠲᠤᠰ ᠲᠦᠷᠢᠮ ᠤᠨ ᠠᠷᠪᠠᠨ ᠨᠢᠭᠡᠳᠦᠭᠡᠷ ᠵᠦᠢᠯ ᠤᠨ ᠲᠤᠭᠳᠠᠭᠠᠯ ᠠᠴᠠ ᠵᠦᠷᠢᠴᠡᠨ᠂ ᠰᠢᠨ᠎ᠡ ᠪᠠᠶᠢᠭᠤᠯᠬᠤ ᠭᠡᠷ ᠪᠠᠶᠢᠰᠢᠩ ᠤᠨ ᠢᠯᠴᠢ ᠬᠠᠨᠭ᠍ᠭᠠᠬᠤ ᠲᠦᠭᠦᠭᠡᠷᠤᠮᠵᠢ ᠶᠢᠨ ᠵᠢᠷᠤᠭ ᠲᠦᠯᠦᠪᠯᠡᠭᠡ ᠨᠢ ᠱᠠᠭᠠᠷᠳᠠᠯᠭ᠎ᠠ ᠳᠤ ᠬᠦᠷᠬᠦ ᠦᠭᠡᠢ ᠪᠤᠯ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠳᠠᠢ᠂ ᠵᠠᠯᠠᠷᠠᠭᠤᠯᠬᠤ ᠦᠭᠡᠢ ᠲᠡᠪᠰᠢᠭᠰᠡᠨ ᠪᠠᠶᠢᠪᠠᠯ᠂ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ︽ᠪᠠᠷᠢᠯᠭ᠎ᠠ ᠶᠢᠨ ᠠᠵᠢᠯ ᠡᠬᠢᠯᠡᠬᠦ ᠵᠦᠪᠰᠢᠶᠡᠷᠡᠯ ᠤᠨ ᠦᠨᠡᠮᠯᠡᠯ ︾ ᠤᠯᠭᠤᠵᠤ ᠪᠤᠯᠬᠤ ᠦᠭᠡᠢ᠃ ᠵᠢᠷᠤᠭ ᠲᠦᠯᠦᠪᠯᠡᠭᠡ ᠶᠢᠨ ᠲᠦᠰᠦᠯ ᠶᠤᠰᠤᠭᠠᠷ ᠪᠠᠷᠢᠯᠭ᠎ᠠ ᠶᠢᠨ ᠠᠵᠢᠯ ᠢᠶᠠᠨ ᠬᠢᠭᠰᠡᠨ ᠦᠭᠡᠢ ᠪᠤᠯ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠬᠤ ᠶᠢᠨ ᠬᠠᠮᠳᠤ 2 ᠲᠦᠮᠡᠨ ᠲᠦᠭᠦᠷᠢᠭ ᠠᠴᠠ ᠲᠡᠭᠡᠭᠰᠢ 3 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ᠂ ᠵᠠᠯᠠᠷᠠᠭᠤᠯᠬᠤ ᠦᠭᠡᠢ ᠲᠡᠪᠰᠢᠭᠰᠡᠨ ᠪᠠᠶᠢᠪᠠᠯ ᠰᠢᠯᠭᠠᠨ ᠬᠤᠷᠢᠶᠠᠵᠤ ᠲᠠᠩᠰᠠᠯᠠᠵᠤ ᠦᠭᠬᠦ ᠦᠭᠡᠢ᠃      ᠲᠦᠴᠢᠨ ᠲᠦᠷᠪᠡᠳᠦᠭᠡᠷ ᠵᠦᠢᠯ ᠢᠯᠴᠢ ᠬᠠᠨᠭ᠍ᠭᠠᠬᠤ ᠨᠢᠭᠡᠴᠢ ᠲᠤᠰ ᠲᠦᠷᠢᠮ ᠤᠨ ᠲᠤᠤᠷᠠᠬᠢ ᠲᠤᠭᠳᠠᠭᠠᠯ ᠠᠴᠠ ᠵᠦᠷᠢᠴᠡᠭᠰᠡᠨ ᠪᠠᠶᠢᠪᠠᠯ᠂ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠤᠭᠰᠤᠭᠠᠬᠤ ᠶᠢᠨ ᠬᠠᠮᠳᠤ ᠵᠤᠬᠢᠴᠠᠩᠭᠤᠢ ᠰᠢᠢᠳᠭᠡᠨ ᠲᠤᠷᠭᠠᠨ᠎ᠠ᠄      ︵ᠨᠢᠭᠡ︶ ᠠᠷᠪᠠᠨ ᠵᠢᠷᠭᠤᠳᠣᠭᠠᠷ ᠵᠦᠢᠯ ᠤᠨ ᠨᠢᠭᠡᠳᠦᠭᠡᠷ ᠪᠠᠳᠠᠭ ᠤᠨ ᠲᠤᠭᠳᠠᠭᠠᠯ ᠠᠴᠠ ᠵᠦᠷᠢᠴᠡᠨ᠂ ᠢᠯᠴᠢ ᠶᠢᠨ ᠡᠬᠢ ᠰᠤᠷᠪᠤᠯᠵᠢ ᠶᠢᠨ ᠨᠢᠭᠡᠴᠢ᠂ ᠪᠦᠳᠦᠭᠡᠨ ᠪᠠᠶᠢᠭᠤᠯᠤᠯᠳᠠ ᠶᠢᠨ ᠨᠢᠭᠡᠴᠢ ᠪᠠ ᠢᠯᠴᠢ ᠬᠠᠨᠭ᠍ᠭᠠᠬᠤ ᠨᠢᠭᠡᠴᠢ ᠲᠡᠭᠦᠨ ᠤ ᠬᠠᠮᠢᠶᠠᠷᠴᠤ ᠪᠠᠶᠢᠭ᠎ᠠ ᠢᠯᠴᠢ ᠬᠠᠨᠭ᠍ᠭᠠᠬᠤ ᠲᠦᠭᠦᠭᠡᠷᠤᠮᠵᠢ ᠪᠠᠨ ᠲᠤᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ᠂ ᠬᠠᠮᠠᠭᠠᠯᠠᠬᠤ ᠪᠠ ᠰᠢᠨᠡᠴᠢᠯᠡᠵᠤ ᠬᠠᠯᠠᠭᠰᠠᠨ ᠦᠭᠡᠢ ᠠᠴᠠ ᠪᠤᠯᠵᠤ ᠢᠯᠴᠢ ᠬᠠᠨᠭ᠍ᠭᠠᠬᠤ ᠲᠦᠭᠦᠭᠡᠷᠤᠮᠵᠢ ᠶᠢᠨ ᠠᠶᠤᠯ ᠦᠭᠡᠢ ᠠᠵᠢᠯᠯᠠᠬᠤ ᠶᠢ ᠨᠦᠯᠦᠭᠡᠯᠡᠭᠰᠡᠨ ᠪᠠᠶᠢᠪᠠᠯ᠂ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠬᠤ ᠶᠢᠨ ᠬᠠᠮᠳᠤ 1 ᠲᠦᠮᠡᠨ ᠲᠦᠭᠦᠷᠢᠭ ᠠᠴᠠ ᠲᠡᠭᠡᠭᠰᠢ 3 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ︔      ︵ᠬᠤᠶᠠᠷ︶ ᠠᠷᠪᠠ ᠶᠢᠰᠦᠳᠦᠭᠡᠷ ᠵᠦᠢᠯ ᠤᠨ ᠲᠣᠭᠲᠠᠭᠠᠯ ᠠᠴᠠ ᠵᠦᠷᠢᠴᠡᠨ᠂ ᠢᠯᠴᠢ ᠬᠠᠩᠭᠠᠬᠤ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢ ᠣᠯᠣᠭᠰᠠᠨ ᠦᠭᠡᠢ ᠪᠠᠷ ᠢᠯᠴᠢ ᠬᠠᠩᠭᠠᠬᠤ ᠡᠵᠡᠩᠨᠡᠯᠲᠡ ᠶᠢᠨ ᠠᠵᠢᠯᠯᠠᠭ᠎ᠠ ᠡᠷᠬᠢᠯᠡᠭᠰᠡᠨ ᠪᠣᠯ᠂ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠯᠭᠠᠵᠣ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠣᠭᠤᠯᠬᠤ ᠶᠢᠨ ᠬᠠᠮᠲᠣ 1 ᠲᠦᠮᠡᠨ ᠲᠦᠬᠦᠷᠢᠭ ᠠᠴᠠ ᠳᠡᠭᠡᠭᠰᠢ 5 ᠲᠦᠮᠡᠨ ᠲᠦᠬᠦᠷᠢᠭ ᠠᠴᠠ ᠲᠣᠷᠣᠭᠰᠢ ᠵᠣᠭᠤᠰ ᠢᠶᠠᠷ ᠲᠣᠷᠭᠠᠨ᠎ᠠ︔      ︵ᠭᠤᠷᠪᠠ︶ ᠬᠤᠷᠢᠨ ᠬᠤᠶᠠᠳᠣᠭᠠᠷ ᠵᠦᠢᠯ᠂ ᠬᠤᠷᠢᠨ ᠲᠣᠯᠣᠳᠣᠭᠠᠷ ᠵᠦᠢᠯ ᠤᠨ ᠨᠢᠭᠡᠳᠦᠭᠡᠷ ᠪᠠᠳᠠᠭ᠂ ᠬᠤᠷᠢ ᠶᠢᠰᠦᠳᠦᠭᠡᠷ ᠵᠦᠢᠯ ᠤᠨ ᠲᠤᠭᠳᠠᠭᠠᠯ ᠠᠴᠠ ᠵᠦᠷᠢᠴᠡᠵᠤ᠂ ᠢᠯᠴᠢ ᠬᠠᠨᠭ᠍ᠭᠠᠬᠤ ᠪᠡᠯᠡᠳᠭᠡᠯ ᠠᠵᠢᠯ ᠢ ᠤᠷᠢᠳ ᠢᠶᠠᠷ ᠰᠠᠶᠢᠳᠤᠷ ᠬᠢᠭᠰᠡᠨ ᠦᠭᠡᠢ᠂ ᠲᠤᠭᠳᠠᠭᠠᠯ ᠶᠤᠰᠤᠭᠠᠷ ᠲᠤᠯᠠᠭᠠᠨ ᠢ ᠬᠡᠮᠵᠢᠭᠰᠡᠨ ᠦᠭᠡᠢ᠂ ᠬᠡᠷᠡᠭᠯᠡᠭᠴᠢ ᠶᠢᠨ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠪᠠᠷᠢᠮᠵᠢᠶ᠎ᠠ ᠪᠠᠨ ᠨᠡᠶᠢᠭᠡᠮ ᠳᠤ ᠨᠡᠶᠢᠳᠡᠯᠡᠵᠤ ᠠᠮᠠᠯᠠᠭᠰᠠᠨ ᠦᠭᠡᠢ ᠪᠤᠯ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠬᠤ ᠶᠢᠨ ᠬᠠᠮᠳᠤ 1000 ᠲᠦᠭᠦᠷᠢᠭ ᠠᠴᠠ ᠲᠡᠭᠡᠭᠰᠢ 5000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ︔      ︵ᠲᠦᠷᠪᠡ︶ ᠬᠤᠷᠢᠨ ᠲᠠᠪᠣᠳᠣᠭᠠᠷ ᠵᠦᠢᠯ᠂ ᠭᠤᠴᠢᠨ ᠭᠤᠷᠪᠠᠳᠣᠭᠠᠷ ᠵᠦᠢᠯ ᠤᠨ ᠨᠢᠭᠡᠳᠦᠭᠡᠷ ᠵᠣᠷᠪᠣᠰ ᠤᠨ ᠲᠤᠭᠳᠠᠭᠠᠯ ᠠᠴᠠ ᠵᠦᠷᠢᠴᠡᠨ᠂ ᠵᠦᠪᠰᠢᠶᠡᠷᠡᠯ ᠠᠪᠤᠭᠰᠠᠨ ᠦᠭᠡᠢ ᠪᠠᠷ ᠢᠯᠴᠢ ᠬᠠᠨᠭ᠍ᠭᠠᠬᠤ ᠶᠢ ᠬᠤᠶᠢᠰᠢᠯᠠᠭᠤᠯᠤᠭᠰᠠᠨ ᠪᠤᠯ ᠢᠯᠴᠢ ᠬᠠᠨᠭ᠍ᠭᠠᠬᠤ ᠶᠢ ᠲᠤᠷ᠎ᠠ ᠪᠠᠷ ᠢᠶᠠᠨ ᠵᠤᠭᠰᠤᠭᠠᠭᠰᠠᠨ ᠪᠠᠶᠢᠪᠠᠯ᠂ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠵᠤ᠂ ᠬᠡᠷᠡᠭᠯᠡᠭᠴᠢ ᠳᠤ ᠵᠤᠬᠢᠴᠠᠩᠭᠤᠢ ᠰᠦᠢᠳᠭᠡᠯ ᠢ ᠪᠤᠴᠠᠭᠠᠯᠭᠠᠬᠤ ᠶᠢᠨ ᠬᠠᠮᠳᠤ ᠳᠤᠨᠢ 5 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ︔      ︵ᠲᠠᠪᠤ︶ ᠬᠤᠷᠢᠨ ᠵᠢᠷᠭᠤᠳᠣᠭᠠᠷ ᠵᠦᠢᠯ ᠤᠨ ᠨᠢᠭᠡᠳᠦᠭᠡᠷ ᠪᠠᠳᠠᠭ ᠤᠨ ᠲᠤᠭᠳᠠᠭᠠᠯ ᠠᠴᠠ ᠵᠦᠷᠢᠴᠡᠭᠰᠡᠨ ᠪᠠᠶᠢᠪᠠᠯ᠂ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠬᠤ ᠬᠡᠷᠡᠭᠳᠠᠢ︔ ᠢᠯᠴᠢ ᠬᠠᠩᠭᠠᠬᠤ ᠨᠢᠭᠡᠴᠢ ᠶᠢᠨ ᠬᠠᠷᠢᠭᠤᠴᠠᠯᠭ᠎ᠠ ᠠᠴᠠ ᠪᠣᠯᠵᠣ ᠭᠡᠷ ᠤᠨ ᠲᠣᠯᠠᠭᠠᠨ ᠤ ᠬᠡᠮᠵᠢᠶ᠎ᠡ 18℃ ᠲᠤ ᠬᠦᠷᠦᠭᠰᠡᠨ ᠦᠭᠡᠢ ᠪᠠᠶᠢᠵᠣ᠂ ᠳᠦᠴᠢᠨ ᠨᠠᠢᠮᠠᠨ ᠴᠠᠭ ᠤᠨ ᠲᠣᠲᠣᠷ᠎ᠠ ᠬᠠᠷᠠᠬᠠᠨ ᠵᠠᠯᠠᠷᠠᠭᠤᠯᠣᠭᠰᠠᠨ ᠦᠭᠡᠢ ᠪᠣᠯ᠂ ᠢᠯᠴᠢ ᠬᠠᠩᠭᠠᠬᠤ ᠨᠢᠭᠡᠴᠢ ᠠᠴᠠ ᠭᠡᠷ ᠤᠨ ᠲᠣᠯᠠᠭᠠᠨ ᠨᠢ ᠲᠣᠭᠲᠠᠭᠠᠭᠰᠠᠨ ᠲᠣᠯᠠᠭᠠᠨ ᠤ ᠬᠡᠮᠵᠢᠶ᠎ᠡ ᠳᠤ ᠬᠦᠷᠦᠭᠰᠡᠨ ᠦᠭᠡᠢ ᠬᠤᠭᠤᠴᠠᠭᠠᠨ ᠳᠠᠬᠢ ᠢᠯᠴᠢ ᠶᠢᠨ ᠰᠦᠢᠳᠬᠡᠯ ᠢ ᠪᠣᠴᠠᠭᠠᠬᠤ ᠬᠡᠷᠡᠭᠲᠠᠢ︔ ᠲᠣᠭᠲᠠᠭᠠᠯ ᠶᠣᠰᠣᠭᠠᠷ ᠬᠡᠷᠡᠭᠯᠡᠭᠴᠢ ᠳᠤ ᠨᠦᠬᠦᠪᠦᠷᠢ ᠦᠭᠬᠦᠭᠰᠡᠨ ᠦᠭᠡᠢ ᠪᠣᠶᠣ ᠢᠯᠴᠢ ᠶᠢᠨ ᠰᠦᠢᠳᠬᠡᠯ ᠢ ᠪᠣᠴᠠᠭᠠᠭᠰᠠᠨ ᠦᠭᠡᠢ ᠪᠣᠯ᠂ 5 ᠲᠦᠮᠡᠨ ᠲᠦᠬᠦᠷᠢᠭ ᠠᠴᠠ ᠳᠡᠭᠡᠭᠰᠢ 10 ᠲᠦᠮᠡᠨ ᠲᠦᠬᠦᠷᠢᠭ ᠠᠴᠠ ᠲᠣᠷᠣᠭᠰᠢ ᠵᠣᠭᠤᠰ ᠢᠶᠠᠷ ᠬᠠᠮᠲᠣ ᠳᠤᠨᠢ ᠲᠣᠷᠭᠠᠨ᠎ᠠ︔      ︵ᠵᠢᠷᠭᠤᠭ᠎ᠠ︶ ᠭᠤᠴᠢᠨ ᠨᠠᠢᠮᠠᠳᠣᠭᠠᠷ ᠵᠦᠢᠯ ᠤᠨ ᠨᠢᠭᠡᠳᠦᠭᠡᠷ ᠪᠠᠳᠠᠭ᠂ ᠭᠤᠴᠢ ᠶᠢᠰᠦᠳᠦᠭᠡᠷ ᠵᠦᠢᠯ ᠤᠨ ᠲᠤᠭᠳᠠᠭᠠᠯ ᠠᠴᠠ ᠵᠦᠷᠢᠴᠡᠵᠤ᠂ ᠢᠯᠴᠢ ᠬᠠᠨᠭ᠍ᠭᠠᠬᠤ ᠪᠠᠨ 8 ᠴᠠᠭ ᠠᠴᠠ ᠲᠡᠭᠡᠭᠰᠢ ᠵᠤᠭᠰᠤᠭᠰᠠᠨ ᠪᠠᠶᠢᠳᠠᠯ᠎ᠠ ᠪᠠᠨ ᠬᠡᠷᠡᠭᠯᠡᠭᠴᠢ ᠳᠤ ᠮᠡᠳᠡᠭᠳᠡᠭᠰᠡᠨ ᠦᠭᠡᠢ ᠪᠤᠯ 1000 ᠲᠦᠭᠦᠷᠢᠭ ᠠᠴᠠ ᠲᠡᠭᠡᠭᠰᠢ 5000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠢᠯᠴᠢ ᠬᠠᠨᠭ᠍ᠭᠠᠬᠤ ᠲᠦᠭᠦᠭᠡᠷᠤᠮᠵᠢ ᠰᠠᠭᠠᠳ ᠭᠠᠷᠤᠭᠰᠠᠨ ᠦᠶᠡᠰ ᠴᠠᠭ ᠲᠠᠷᠤᠢ ᠳᠤᠨᠢ ᠵᠤᠬᠢᠶᠠᠨ ᠪᠠᠶᠢᠭᠤᠯᠵᠤ ᠵᠠᠪᠳᠤᠨ ᠵᠠᠰᠠᠵᠤ ᠢᠯᠴᠢ ᠶᠢᠨ ᠬᠠᠨᠭ᠍ᠭᠠᠯᠳᠠ ᠶᠢ ᠰᠡᠷᠭᠦᠭᠡᠭᠰᠡᠨ ᠦᠭᠡᠢ ᠪᠤᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠰᠡᠷᠭᠦᠭᠡᠯᠭᠡᠬᠦ ᠶᠢᠨ ᠬᠠᠮᠳᠤ 5000 ᠲᠦᠭᠦᠷᠢᠭ ᠠᠴᠠ ᠲᠡᠭᠡᠭᠰᠢ 1 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ︔      ︵ᠲᠤᠯᠤᠭ᠎ᠠ︶ ᠠᠷᠪᠠᠨ ᠨᠠᠢᠮᠠᠳᠣᠭᠠᠷ ᠵᠦᠢᠯ᠂ ᠭᠤᠴᠢᠨ ᠨᠢᠭᠡᠳᠦᠭᠡᠷ ᠵᠦᠢᠯ ᠤᠨ ᠲᠤᠭᠳᠠᠭᠠᠯ ᠠᠴᠠ ᠵᠦᠷᠢᠴᠡᠭᠰᠡᠨ ᠪᠠᠶᠢᠪᠠᠯ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠵᠤ᠂ ᠨᠦᠬᠦᠪᠦᠷᠢᠯᠡᠬᠦ ᠠᠷᠭ᠎ᠠ ᠬᠡᠮᠵᠢᠶ᠎ᠡ ᠠᠪᠤᠭᠤᠯᠤᠨ᠎ᠠ︔ ᠬᠤᠭᠤᠴᠠᠭ᠎ᠠ ᠨᠢ ᠲᠤᠯᠤᠭᠰᠠᠨ ᠪᠠᠶᠢᠳᠠᠯ᠎ᠠ ᠵᠠᠯᠠᠷᠠᠭᠤᠯᠬᠤ ᠦᠭᠡᠢ᠂ ᠨᠦᠬᠦᠪᠦᠷᠢᠯᠡᠬᠦ ᠦᠭᠡᠢ ᠪᠠᠶᠢᠪᠠᠯ ᠨᠢᠭᠡᠴᠢ ᠶᠢ 1 ᠲᠦᠮᠡᠨ ᠲᠦᠭᠦᠷᠢᠭ ᠠᠴᠠ ᠲᠡᠭᠡᠭᠰᠢ 5 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠂ ᠬᠤᠪᠢ ᠬᠦᠮᠦᠨ ᠢ 500 ᠲᠦᠭᠦᠷᠢᠭ ᠠᠴᠠ ᠳᠡᠭᠡᠭᠰᠢ 1000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠦᠪᠦᠷᠢᠯᠡᠬᠦ ᠬᠡᠷᠡᠭᠳᠠᠢ᠃      ᠲᠦᠴᠢᠨ ᠲᠠᠪᠤᠳᠤᠭᠠᠷ ᠵᠦᠢᠯ ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠠᠴᠠ ᠵᠦᠷᠢᠴᠡᠵᠤ᠂ ᠢᠯᠴᠢ ᠬᠠᠨᠭ᠍ᠭᠠᠬᠤ ᠨᠢᠭᠡᠴᠢ ᠨᠢ ᠲᠤᠭᠳᠠᠭᠠᠯ ᠠᠴᠠ ᠵᠦᠷᠢᠴᠡᠨ ᠲᠦᠭᠦᠭᠡᠷᠤᠮᠵᠢ ᠶᠢᠨ ᠡᠯᠡᠭᠳᠡᠯ ᠤᠨ ᠰᠦᠢᠳᠭᠡᠯ ᠢ ᠰᠢᠯᠵᠢᠭᠦᠯᠦᠨ ᠬᠡᠷᠡᠭᠯᠡᠭᠰᠡᠨ ᠪᠠᠶᠢᠪᠠᠯ᠂ ᠢᠯᠴᠢ ᠶᠢᠨ ᠬᠠᠨᠭ᠍ᠭᠠᠯᠳᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠪᠤᠴᠠᠭᠠᠯᠭᠠᠬᠤ ᠶᠢᠨ ᠬᠠᠮᠳᠤ 1 ᠲᠦᠮᠡᠨ ᠲᠦᠭᠦᠷᠢᠭ ᠠᠴᠠ ᠲᠡᠭᠡᠭᠰᠢ 3 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ᠃      ᠲᠦᠴᠢᠨ ᠵᠢᠷᠭᠤᠳᠤᠭᠠᠷ ᠵᠦᠢᠯ ᠲᠤᠰ ᠲᠦᠷᠢᠮ ᠤᠨ ᠭᠤᠴᠢᠨ ᠲᠠᠪᠤᠳᠤᠭᠠᠷ ᠵᠦᠢᠯ ᠤᠨ ᠲᠤᠭᠳᠠᠭᠠᠯ ᠠᠴᠠ ᠵᠦᠷᠢᠴᠡᠵᠤ᠂ ᠢᠯᠴᠢ ᠬᠠᠨᠭ᠍ᠭᠠᠬᠤ ᠨᠢᠭᠡᠴᠢ ᠦᠯᠦ ᠲᠤᠭᠳᠠᠭᠠᠯ ᠶᠤᠰᠤᠭᠠᠷ ᠰᠦᠢᠳᠭᠡᠯ ᠬᠤᠷᠢᠶᠠᠭᠰᠠᠨ ᠪᠤᠶᠤ ᠬᠡᠷᠡᠭᠯᠡᠭᠴᠢ ᠳᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠨᠢᠭᠡᠳᠦᠯᠳᠠᠢ ᠦᠢᠯᠡᠳᠦᠭᠰᠡᠨ ᠫᠢᠶᠤᠤ ᠪᠠᠷᠢᠮᠳᠠ ᠶᠢ ᠦᠯᠦ ᠭᠠᠷᠭᠠᠵᠤ ᠦᠭᠭᠦᠭᠰᠡᠨ ᠪᠠᠶᠢᠪᠠᠯ ᠬᠤᠳᠠ ᠶᠢᠨ ᠦᠨ᠎ᠡ ᠬᠠᠨᠭ᠍ᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠢᠳᠭᠡᠨ ᠲᠤᠷᠭᠠᠨ᠎ᠠ᠃      ᠲᠦᠴᠢᠨ ᠲᠤᠯᠤᠳᠤᠭᠠᠷ ᠵᠦᠢᠯ ᠢᠯᠴᠢ ᠬᠠᠩᠭᠠᠬᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠢᠯᠴᠢ ᠬᠠᠩᠭᠠᠯᠲᠠ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠪᠣᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯᠲᠠᠨ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠲᠣᠣᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠡᠬᠦᠨ ᠤ ᠪᠠᠶᠢᠭ᠎ᠠ ᠨᠢᠭᠡᠴᠢ ᠪᠣᠶᠣ ᠳᠡᠭᠡᠲᠦ ᠱᠠᠲᠣᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠵᠣ ᠪᠠᠶᠢᠭ᠎ᠠ ᠭᠤᠣᠯᠯᠠᠨ ᠬᠠᠮᠢᠶᠠᠷᠣᠭᠴᠢ ᠪᠠ ᠪᠣᠰᠣᠳ ᠰᠢᠭᠤᠳ ᠬᠠᠷᠢᠭᠤᠴᠠᠯᠭᠠᠲᠠᠨ ᠳᠤ ᠬᠠᠣᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠣᠯ᠂ ᠬᠠᠣᠯᠢ ᠶᠣᠰᠣᠭᠠᠷ ᠡᠷᠡᠬᠦᠣ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠵᠦᠪᠰᠢᠶᠡᠷᠡᠯ ᠢᠶᠠᠷ ᠳᠠᠮᠵᠢᠭᠰᠠᠨ ᠢᠯᠴᠢ ᠬᠠᠩᠭᠠᠬᠤ ᠲᠣᠰᠬᠠᠢ ᠲᠦᠷᠦᠯ ᠤᠨ ᠲᠦᠯᠦᠪᠵᠢᠬᠦᠯᠭᠡ ᠶᠢ ᠲᠣᠷ᠎ᠠ ᠪᠠᠷ ᠦᠭᠡᠷᠡᠴᠢᠯᠡᠭᠰᠡᠨ︔      ︵ᠬᠤᠶᠠᠷ︶ ᠢᠯᠴᠢ ᠬᠠᠩᠭᠠᠬᠤ ᠢᠨᠵᠧᠨᠧᠷᠢᠩ ᠤᠨ ᠲᠦᠷᠦᠯ ᠵᠦᠢᠯ ᠪᠠ ᠢᠯᠴᠢ ᠬᠠᠩᠭᠠᠯᠲᠠ ᠶᠢ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠬᠠᠣᠯᠢ ᠶᠣᠰᠣᠭᠠᠷ ᠬᠢᠨᠠᠨ ᠵᠦᠪᠰᠢᠶᠡᠷᠡᠭᠰᠡᠨ ᠦᠭᠡᠢ︔      ︵ᠭᠤᠷᠪᠠ︶ ᠢᠯᠴᠢ ᠬᠠᠩᠭᠠᠬᠤ ᠨᠢᠭᠡᠴᠢ ᠶᠢᠨ ᠠᠵᠢᠯ ᠵᠣᠭᠰᠣᠭᠠᠬᠤ᠂ ᠠᠵᠢᠯ ᠠᠮᠠᠷᠠᠭᠠᠬᠤ ᠶᠢ ᠬᠠᠣᠯᠢ ᠶᠣᠰᠣᠭᠠᠷ ᠬᠢᠨᠠᠨ ᠵᠦᠪᠰᠢᠶᠡᠷᠡᠭᠰᠡᠨ ᠦᠭᠡᠢ︔      ︵ᠳᠦᠷᠪᠡ︶ ᠢᠯᠴᠢ ᠬᠠᠩᠭᠠᠬᠤ ᠨᠢᠭᠡᠴᠢ ᠶᠢ ᠬᠢᠨᠠᠨ ᠪᠠᠶᠢᠴᠠᠭᠠᠬᠤ ᠲᠣᠰᠢᠶᠠᠯ ᠬᠠᠷᠢᠭᠤᠴᠠᠯᠭ᠎ᠠ ᠪᠠᠨ ᠬᠠᠣᠯᠢ ᠶᠣᠰᠣᠭᠠᠷ ᠬᠡᠷᠡᠭᠵᠢᠬᠦᠯᠦᠭᠰᠡᠨ ᠦᠭᠡᠢ︔      ︵ᠲᠠᠪᠤ︶ ᠢᠯᠴᠢ ᠬᠠᠩᠭᠠᠬᠤ ᠴᠢᠨᠠᠷ ᠴᠢᠨᠰᠠᠭ᠎ᠠ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠲᠠᠢ ᠬᠤᠯᠪᠣᠭᠳᠠᠬᠤ ᠵᠠᠭᠠᠯᠳᠣᠯᠭ᠎ᠠ ᠶᠢ ᠬᠠᠣᠯᠢ ᠶᠣᠰᠣᠭᠠᠷ ᠬᠦᠯᠢᠶᠠᠨ ᠠᠪᠴᠣ ᠰᠢᠢᠳᠪᠦᠷᠢᠯᠡᠭᠰᠡᠨ ᠦᠭᠡᠢ ᠵᠢᠴᠢ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠢᠯᠡᠷᠡᠬᠦᠯᠦᠭᠰᠡᠨ ᠪᠣᠯᠪᠠᠴᠣ ᠴᠠᠭ ᠳᠠᠷᠣᠢ ᠳᠤᠨᠢ ᠪᠠᠶᠢᠴᠠᠭᠠᠨ ᠰᠢᠢᠳᠪᠦᠷᠢᠯᠡᠭᠰᠡᠨ ᠦᠭᠡᠢ      ︵ᠵᠢᠷᠭᠤᠭ᠎ᠠ︶ ᠢᠯᠴᠢ ᠬᠠᠩᠭᠠᠬᠤ ᠪᠠᠲᠣᠯᠠᠭ᠎ᠠ ᠶᠢᠨ ᠮᠦᠩᠬᠦ ᠶᠢ ᠱᠠᠮᠰᠢᠭᠰᠠᠨ᠂ ᠰᠢᠯᠵᠢᠬᠦᠯᠦᠨ ᠬᠡᠷᠡᠭᠯᠡᠭᠰᠡᠨ︔      ︵ᠲᠣᠯᠤᠭ᠎ᠠ︶ ᠢᠯᠴᠢ ᠬᠠᠩᠭᠠᠬᠤ ᠴᠢᠨᠠᠷ ᠴᠢᠨᠰᠠᠭᠠᠨ ᠤ ᠪᠠᠲᠣᠯᠠᠭ᠎ᠠ ᠶᠢᠨ ᠮᠦᠩᠬᠦ ᠶᠢ ᠡᠳ᠋ ᠤᠨ ᠵᠠᠰᠠᠭ ᠲᠤ ᠣᠷᠣᠭᠤᠯᠵᠣ ᠨᠢᠭᠡᠳᠦᠯᠲᠠᠢ ᠬᠠᠮᠢᠶᠠᠷᠣᠭᠰᠠᠨ ᠦᠭᠡᠢ ᠪᠣᠶᠣ ᠲᠣᠷ᠎ᠠ ᠪᠠᠷ ᠢᠶᠠᠨ ᠰᠢᠯᠵᠢᠬᠦᠯᠦᠨ ᠪᠣᠰᠣᠳ ᠵᠦᠢᠯ ᠳᠤ ᠬᠡᠷᠡᠭᠯᠡᠭᠰᠡᠨ ᠵᠢᠴᠢ ᠪᠠᠷᠢᠮᠵᠢᠶ᠎ᠠ ᠶᠣᠰᠣᠭᠠᠷ ᠬᠤᠷᠢᠶᠠᠭᠰᠠᠨ ᠦᠭᠡᠢ ᠪᠣᠶᠣ ᠲᠣᠭᠲᠠᠭᠠᠭᠰᠠᠨ ᠨᠦᠬᠦᠴᠡᠯ ᠶᠣᠰᠣᠭᠠᠷ ᠬᠡᠷᠡᠭᠯᠡᠵᠣ᠂ ᠪᠣᠴᠠᠭᠠᠭᠰᠠᠨ ᠦᠭᠡᠢ︔      ︵ᠨᠠᠢᠮᠠ︶ ᠡᠷᠭᠡ ᠲᠣᠰᠢᠶᠠᠯ ᠢᠶᠠᠨ ᠲᠣᠷ᠎ᠠ ᠪᠠᠷ ᠬᠡᠷᠡᠭᠯᠡᠭᠰᠡᠨ᠂ ᠠᠯᠪᠠᠨ ᠲᠣᠰᠢᠶᠠᠯ ᠳᠤ ᠠᠯᠮᠠᠶᠢᠷᠠᠨ ᠣᠰᠣᠯᠳᠠᠭᠰᠠᠨ᠂ ᠭᠤᠶᠠᠴᠢᠯᠠᠨ ᠬᠠᠣᠯᠢ ᠶᠣᠰᠣ ᠶᠢ ᠵᠦᠷᠢᠴᠡᠭᠰᠡᠨ ᠪᠣᠰᠣᠳ ᠠᠵᠢᠯᠯᠠᠭ᠎ᠠ ᠨᠤᠭᠤᠳ᠃      ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ      ᠲᠦᠴᠢᠨ ᠨᠠᠢᠮᠠᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠲᠤᠰ ᠲᠦᠷᠢᠮ ᠢ ᠦᠨᠳᠦᠰᠦᠯᠡᠨ ᠵᠤᠬᠢᠴᠠᠩᠭᠤᠢ ᠲᠤᠭᠳᠠᠭᠠᠯ ᠲᠤᠭᠳᠠᠭᠠᠵᠤ ᠪᠤᠯᠤᠨ᠎ᠠ᠃      ᠲᠦᠴᠢ ᠶᠢᠰᠦᠳᠦᠭᠡᠷ ᠵᠦᠢᠯ ᠬᠤᠰᠢᠭᠤ᠂ ᠰᠢᠶᠠᠨ ᠤ ᠢᠯᠴᠢ ᠬᠠᠨᠭ᠍ᠭᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠲᠤᠰ ᠲᠦᠷᠢᠮ ᠢ ᠯᠠᠪᠯᠠᠯᠳᠠ ᠪᠤᠯᠭᠠᠨ ᠬᠡᠷᠡᠭᠵᠢᠭᠦᠯᠵᠦ ᠪᠤᠯᠤᠨ᠎ᠠ᠃      ᠲᠠᠪᠢᠳᠤᠭᠠᠷ ᠵᠦᠢᠯ ᠲᠤᠰ ᠲᠦᠷᠢᠮ ᠢ 2006 ᠤᠨ ᠤ 10 ᠰᠠᠷ᠎ᠠ ᠶᠢᠨ 15 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号