︵2016 ᠣᠨ ᠤ 9 ᠰᠠᠷ᠎ᠠ ᠶᠢᠨ 1 ᠤ ᠡᠳᠦᠷ ᠬᠦᠬᠡᠬᠤᠲᠠ ᠶᠢᠨ ᠠᠷᠪᠠᠨ ᠳᠦᠷᠪᠡᠳᠦᠭᠡᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ | ᠬᠤᠷᠠᠯᠳᠣᠭᠠᠨ ᠢᠶᠠᠷ ᠪᠠᠲᠣᠯᠠᠪᠠ᠂ 2016 ᠣᠨ ᠤ 12 ᠰᠠᠷ᠎ᠠ ᠶᠢᠨ 1 ᠤ ᠡᠳᠦᠷ ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠣᠭᠠᠷ ᠬᠤᠷᠠᠯᠳᠣᠭᠠᠨ ᠢᠶᠠᠷ ᠵᠦᠪᠰᠢᠶᠡᠷᠡᠪᠡ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠰᠢᠲᠠᠮᠠᠬᠠᠢ ᠭᠡᠢ ᠶᠢᠨ ᠦᠢᠯᠡᠰ ᠤᠨ ᠡᠷᠡᠬᠦᠯ ᠬᠦᠭᠵᠢᠯᠲᠡ ᠶᠢ ᠠᠬᠢᠭᠤᠯᠵᠣ᠂ ᠠᠷᠠᠳ | ᠲᠦᠮᠡᠨ ᠤ ᠠᠮᠢ ᠨᠠᠰᠣ ᠡᠳ᠋ ᠬᠦᠷᠦᠩᠭᠡ ᠪᠣᠯᠣᠨ ᠨᠡᠶᠢᠭᠡᠮ ᠨᠡᠶᠢᠲᠡ ᠶᠢᠨ ᠠᠮᠣᠷ ᠲᠦᠪᠰᠢᠨ ᠢ ᠪᠠᠲᠣᠯᠠᠵᠣ᠂ | ᠬᠡᠷᠡᠭᠯᠡᠭᠴᠢᠳ ᠪᠠ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠤᠨ ᠬᠠᠣᠯᠢ ᠶᠣᠰᠣᠨ ᠤ ᠡᠷᠭᠡ | ᠠᠰᠢᠭ ᠢ ᠬᠠᠮᠠᠭᠠᠯᠠᠬᠤ ᠶᠢᠨ ᠲᠦᠯᠦᠭᠡ᠂ ᠣᠯᠣᠰ ᠤᠨ ᠬᠠᠮᠢᠶ᠎ᠠ ᠪᠦᠬᠦᠢ ᠬᠠᠣᠯᠢ ᠴᠠᠭᠠᠵᠠ᠂ ᠬᠠᠣᠯᠢ ᠲᠣᠭᠲᠠᠭᠠᠯ ᠢ | ᠦᠨᠳᠦᠰᠦᠯᠡᠨ᠂ ᠲᠣᠰ ᠬᠤᠲᠠ ᠶᠢᠨ ᠪᠣᠲᠠᠲᠠᠢ ᠲᠠᠢ ᠣᠶᠠᠯᠳᠣᠭᠤᠯᠵᠣ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠳᠦᠷᠢᠮ ᠳᠤ ᠬᠡᠯᠡᠵᠣ ᠪᠠᠶᠢᠭ᠎ᠠ ᠰᠢᠲᠠᠮᠠᠬᠠᠢ ᠬᠡᠢ ᠪᠣᠯ ᠬᠤᠲᠠ ᠪᠠᠯᠭᠠᠰᠣᠨ ᠤ | ᠦᠢᠯᠡᠳᠪᠦᠷᠢᠯᠡᠯ ᠠᠮᠢᠳᠣᠷᠠᠯ ᠤᠨ ᠬᠡᠷᠡᠭᠯᠡᠭᠡᠨ ᠳᠤ ᠬᠠᠩᠭᠠᠬᠤ ᠪᠠᠶᠢᠭᠠᠯᠢ ᠶᠢᠨ ᠰᠢᠲᠠᠮᠠᠬᠠᠢ ᠬᠡᠢ᠂ ᠰᠢᠩᠭᠡᠵᠢᠯ ᠴᠢᠯᠠᠭᠤᠨ | ᠲᠣᠰᠣᠨ ᠤ ᠬᠡᠢ᠂ ᠵᠣᠬᠢᠶᠠᠮᠠᠯ ᠨᠡᠬᠦᠷᠡᠰᠦᠨ ᠬᠡᠢ ᠵᠡᠷᠭᠡ ᠬᠡᠢ ᠪᠡᠶᠡᠲᠦ ᠲᠦᠯᠡᠰᠢ ᠶᠢᠨ ᠶᠡᠷᠦᠩᠭᠡᠢ ᠨᠡᠷᠡᠶᠢᠳᠦᠯ ᠪᠣᠯᠣᠨ᠎ᠠ᠂ | ᠨᠠᠮᠤᠭ ᠤᠨ ᠬᠡᠢ᠂ ᠡᠰᠢ ᠰᠦᠷᠡᠯ ᠤᠨ ᠬᠡᠢ᠂ ᠮᠧᠲ᠋ᠢᠯ ᠠᠯᠺᠣᠣᠯ ᠤᠨ ᠲᠣᠰᠣ ᠵᠡᠷᠭᠡ ᠠᠯᠺᠣᠣᠯᠲᠣ ᠲᠦᠯᠡᠰᠢ ᠶᠢ | ᠪᠠᠭᠳᠠᠭᠠᠬᠤ ᠦᠭᠡᠢ᠃ | ᠬᠤᠭᠤᠯᠠᠢ ᠪᠠᠷ ᠳᠠᠮᠵᠢᠭᠤᠯᠣᠨ ᠬᠦᠷᠭᠡᠬᠦ ᠶᠢ ᠬᠤᠭᠤᠯᠠᠢ ᠶᠢᠨ ᠰᠢᠲᠠᠮᠠᠬᠠᠢ ᠬᠡᠢ ᠬᠡᠵᠣ᠂ ᠬᠡᠢ ᠶᠢᠨ ᠯᠣᠩᠬᠤ ᠳᠤ | ᠰᠠᠪᠠᠯᠠᠭᠰᠠᠨ ᠢ ᠯᠣᠩᠬᠤᠨ ᠳᠤ ᠰᠠᠪᠠᠯᠠᠭᠰᠠᠨ ᠬᠡᠢ ᠬᠡᠵᠣ ᠨᠢᠭᠡᠳᠦᠯᠲᠠᠢ ᠨᠡᠷᠡᠶᠢᠳᠦᠪᠡ᠃ | ᠭᠤᠷᠪᠠᠳᠤᠭᠠᠷ ᠵᠦᠢᠯ ᠲᠣᠰ ᠬᠤᠲᠠ ᠶᠢᠨ ᠰᠢᠲᠠᠮᠠᠬᠠᠢ ᠬᠡᠢ ᠶᠢᠨ ᠲᠦᠯᠦᠪᠵᠢᠬᠦᠯᠭᠡ ᠬᠢᠭᠡᠳ ᠪᠦᠲᠦᠭᠡᠨ | ᠪᠠᠶᠢᠭᠤᠯᠣᠯᠲᠠ᠂ ᠡᠵᠡᠩᠨᠡᠯᠲᠡ ᠬᠢᠭᠡᠳ ᠦᠢᠯᠡᠴᠢᠯᠡᠭᠡ᠂ ᠪᠠᠭᠠᠵᠢ ᠬᠡᠷᠡᠭᠰᠡᠯ ᠤᠨ ᠬᠠᠮᠢᠶᠠᠷᠣᠯᠲᠠ ᠬᠢᠭᠡᠳ ᠰᠢᠲᠠᠮᠠᠬᠠᠢ | ᠭᠡᠢ ᠶᠢᠨ ᠬᠡᠷᠡᠭᠯᠡᠯᠲᠡ᠂ ᠲᠣᠨᠤᠭ ᠲᠦᠬᠦᠭᠡᠷᠦᠮᠵᠢ ᠬᠢᠭᠡᠳ ᠲᠡᠭᠡᠭᠡᠪᠦᠷᠢ ᠶᠢᠨ ᠠᠮᠣᠷ ᠲᠦᠪᠰᠢᠨ᠂ ᠬᠢᠨᠠᠯᠲᠠ | ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠢᠭᠡᠳ ᠠᠳᠡᠭᠳᠡᠯ ᠤᠨ ᠪᠠᠶᠢᠴᠠᠭᠠᠯᠲᠠ ᠵᠢᠴᠢ ᠪᠣᠰᠣᠳ | ᠬᠤᠯᠪᠣᠭᠳᠠᠯ ᠪᠦᠬᠦᠢ ᠬᠠᠮᠢᠶᠠᠷᠣᠯᠲᠠ ᠶᠢᠨ ᠠᠵᠢᠯᠯᠠᠭ᠎ᠠ ᠳᠤ ᠲᠣᠰ ᠳᠦᠷᠢᠮ ᠢ ᠬᠡᠷᠡᠭᠵᠢᠬᠦᠯᠦᠨ᠎ᠡ᠃ | ᠲᠦᠷᠪᠡᠳᠦᠭᠡᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠪᠦᠬᠦ ᠬᠤᠲᠠ ᠶᠢᠨ ᠰᠢᠲᠠᠮᠠᠬᠠᠢ | ᠬᠡᠢ ᠶᠢᠨ ᠬᠠᠮᠢᠶᠠᠷᠣᠯᠲᠠ ᠶᠢᠨ ᠠᠵᠢᠯ ᠳᠠᠬᠢ ᠵᠢᠯᠣᠭᠤᠳᠣᠯᠭ᠎ᠠ ᠪᠠᠨ ᠴᠢᠩᠭᠠᠳᠬᠠᠵᠣ᠂ ᠰᠢᠲᠠᠮᠠᠬᠠᠢ ᠬᠡᠢ ᠶᠢᠨ | ᠦᠢᠯᠡᠰ ᠤᠨ ᠪᠠᠶᠢᠭᠤᠯᠣᠯᠲᠠ ᠪᠣᠯᠣᠨ ᠬᠦᠭᠵᠢᠯᠲᠡ ᠶᠢ ᠲᠣᠰ ᠬᠤᠲᠠ ᠶᠢᠨ ᠣᠯᠣᠰ ᠠᠷᠠᠳ ᠤᠨ ᠠᠵᠣ ᠠᠬᠤᠢ ᠪᠠ | ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ᠂ ᠬᠤᠲᠠ ᠶᠢᠨ ᠶᠡᠷᠦᠩᠭᠡᠢ ᠲᠦᠯᠦᠪᠵᠢᠬᠦᠯᠭᠡ ᠳᠤ ᠣᠷᠣᠭᠤᠯᠵᠣ᠂ | ᠰᠢᠲᠠᠮᠠᠬᠠᠢ ᠬᠡᠢ ᠶᠢᠨ ᠬᠠᠮᠢᠶᠠᠷᠣᠯᠲᠠ ᠶᠢᠨ ᠬᠠᠷᠢᠭᠤᠴᠠᠯᠭᠠᠲᠣ ᠲᠣᠭᠲᠠᠯᠴᠠᠭ᠎ᠠ ᠪᠠ ᠰᠠᠯᠠᠭ᠎ᠠ ᠮᠦᠴᠢᠷ ᠠᠴᠠ ᠬᠢᠨᠠᠨ | ᠬᠠᠮᠢᠶᠠᠷᠬᠤ ᠲᠣᠬᠢᠷᠠᠭᠤᠯᠣᠯᠲᠠ ᠶᠢᠨ ᠲᠣᠭᠲᠠᠯᠴᠠᠭ᠎ᠠ᠂ ᠰᠢᠲᠠᠮᠠᠬᠠᠢ ᠬᠡᠢ ᠶᠢᠨ ᠠᠳᠡᠭᠳᠡᠯ ᠢ ᠰᠡᠷᠬᠡᠶᠢᠯᠡᠬᠦ ᠪᠠ | ᠠᠶᠣᠯᠬᠦᠢ ᠶᠢᠨ ᠲᠣᠬᠢᠷᠠᠭᠤᠯᠣᠯᠲᠠ ᠶᠢᠨ ᠲᠣᠭᠲᠠᠯᠴᠠᠭ᠎ᠠ᠂ ᠰᠢᠲᠠᠮᠠᠬᠠᠢ ᠬᠡᠢ ᠶᠢᠨ ᠪᠠᠴᠢᠮ ᠪᠠᠶᠢᠳᠠᠯ ᠢ ᠠᠷᠭᠠᠴᠠᠭᠠᠬᠤ | ᠪᠠ ᠪᠠᠴᠢᠮ ᠪᠠᠶᠢᠳᠠᠯ ᠢ ᠰᠢᠢᠳᠪᠦᠷᠢᠯᠡᠬᠦ ᠲᠣᠭᠲᠠᠯᠴᠠᠭ᠎ᠠ ᠶᠢ ᠪᠠᠶᠢᠭᠤᠯᠵᠣ᠂ ᠪᠦᠬᠦ ᠬᠤᠲᠠ ᠶᠢᠨ ᠰᠢᠲᠠᠮᠠᠬᠠᠢ ᠬᠡᠢ ᠶᠢᠨ | ᠬᠠᠩᠭᠠᠯᠭ᠎ᠠ ᠬᠡᠷᠡᠭᠯᠡᠭᠡᠨ ᠤ ᠠᠮᠣᠷ ᠲᠦᠪᠰᠢᠨ ᠢ ᠪᠠᠲᠣᠯᠠᠬᠤ ᠬᠡᠷᠡᠭᠲᠠᠢ᠃ | ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︵ᠠᠵᠣ ᠠᠬᠤᠢ ᠮᠡᠷᠭᠡᠵᠢᠯ ᠤᠨ | ᠨᠡᠭᠡᠭᠡᠯᠲᠡ ᠶᠢᠨ ᠣᠷᠣᠨ᠂ ᠲᠡᠭᠡᠲᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠬᠠᠮᠢᠶᠠᠷᠣᠯᠲᠠ ᠶᠢᠨ ᠵᠦᠪᠯᠡᠯ ᠢ | ᠪᠠᠭᠲᠠᠭᠠᠨ᠎ᠠ︶ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠲᠣᠰᠢᠶᠠᠯ ᠬᠠᠷᠢᠭᠤᠴᠠᠯᠭ᠎ᠠ | ᠶᠣᠰᠣᠭᠠᠷ ᠲᠣᠰ ᠬᠠᠷᠢᠶᠠᠲᠣ ᠣᠷᠣᠨ ᠳᠠᠬᠢ ᠰᠢᠲᠠᠮᠠᠬᠠᠢ ᠬᠡᠢ ᠶᠢᠨ ᠬᠠᠮᠢᠶᠠᠷᠣᠯᠲᠠ ᠶᠢᠨ ᠠᠵᠢᠯ ᠢ ᠰᠠᠶᠢᠲᠣᠷ ᠬᠢᠬᠦ | ᠬᠡᠷᠡᠭᠲᠠᠢ᠃ | ᠰᠢᠶᠠᠩ᠂ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ | ᠭᠠᠵᠠᠷ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠪᠰᠣᠷᠣᠯᠴᠠᠵᠣ᠂ ᠬᠠᠷᠢᠶᠠᠲᠣ ᠣᠷᠣᠨ ᠳᠠᠬᠢ ᠰᠢᠲᠠᠮᠠᠬᠠᠢ | ᠬᠡᠢ ᠶᠢᠨ ᠬᠠᠮᠢᠶᠠᠷᠣᠯᠲᠠ ᠶᠢᠨ ᠠᠵᠢᠯ ᠢ ᠰᠠᠶᠢᠲᠣᠷ ᠬᠢᠬᠦ ᠬᠡᠷᠡᠭᠲᠠᠢ᠃ | ᠲᠠᠪᠤᠳᠤᠭᠠᠷ ᠵᠦᠢᠯ ᠬᠤᠲᠠ ᠶᠢᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯ ᠲᠣᠰ ᠬᠤᠲᠠ ᠶᠢᠨ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ᠎ᠠ᠂ ᠲᠣᠰ ᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠳᠠᠬᠢ | ᠰᠢᠲᠠᠮᠠᠬᠠᠢ ᠬᠡᠢ ᠶᠢᠨ ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ᠂ ᠰᠢᠶᠠᠨ᠂ ᠲᠣᠭᠤᠷᠢᠭ ᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯ ᠲᠣᠰ ᠵᠠᠰᠠᠭ ᠵᠠᠬᠢᠷᠭᠠᠨ ᠤ ᠬᠡᠪᠴᠢᠶᠡᠨ ᠳᠠᠬᠢ ᠰᠢᠲᠠᠮᠠᠬᠠᠢ | ᠬᠡᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ᠎ᠠ᠂ ᠲᠣᠰ ᠵᠠᠰᠠᠭ ᠵᠠᠬᠢᠷᠭᠠᠨ ᠤ | ᠬᠡᠪᠴᠢᠶᠡᠨ ᠳᠠᠬᠢ ᠰᠢᠲᠠᠮᠠᠬᠠᠢ ᠬᠡᠢ ᠶᠢᠨ ᠬᠠᠮᠢᠶᠠᠷᠣᠯᠲᠠ ᠶᠢᠨ ᠠᠵᠢᠯ ᠢ ᠬᠠᠷᠢᠭᠤᠴᠠᠵᠣ᠂ ᠡᠷᠬᠢᠯᠡᠭᠰᠡᠨ ᠠᠵᠢᠯ ᠤᠨ | ᠲᠠᠯ᠎ᠠ ᠪᠠᠷ ᠬᠤᠲᠠ ᠶᠢᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠤᠨ ᠵᠢᠯᠣᠭᠤᠳᠣᠯᠭ᠎ᠠ᠂ ᠲᠣᠬᠢᠷᠠᠭᠤᠯᠣᠯᠲᠠ ᠪᠠ ᠬᠢᠨᠠᠯᠲᠠ ᠶᠢ ᠬᠦᠯᠢᠶᠡᠨ᠎ᠡ᠃ | ᠰᠣᠷᠭᠠᠨ ᠬᠦᠮᠦᠵᠢᠯ᠂ ᠲᠣᠲᠣᠭᠠᠲᠣ ᠶᠢ ᠬᠠᠮᠠᠭᠠᠯᠠᠬᠤ᠂ ᠲᠦᠯᠦᠪᠵᠢᠬᠦᠯᠭᠡ᠂ ᠵᠠᠮ ᠬᠠᠷᠢᠯᠴᠠᠭᠠᠨ ᠤ | ᠲᠡᠭᠡᠭᠡᠪᠦᠷᠢ᠂ ᠬᠤᠳᠠᠯᠳᠣᠭᠠᠨ ᠤ ᠶᠠᠪᠣᠳᠠᠯ᠂ ᠬᠤᠲᠠ ᠶᠢᠨ ᠬᠠᠮᠢᠶᠠᠷᠣᠯᠲᠠ ᠶᠢᠨ ᠬᠠᠣᠯᠢ ᠬᠡᠷᠡᠭᠵᠢᠬᠦᠯᠦᠯᠲᠡ᠂ ᠣᠷᠣᠨ | ᠰᠠᠭᠤᠴᠠ ᠶᠢᠨ ᠪᠠᠲᠣᠯᠠᠭ᠎ᠠ ᠪᠠ ᠬᠡᠷ ᠪᠠᠶᠢᠰᠢᠩ ᠤᠨ ᠬᠠᠮᠢᠶᠠᠷᠣᠯᠲᠠ᠂ ᠠᠶᠣᠯᠬᠦᠢ ᠦᠢᠯᠡᠳᠪᠦᠷᠢᠯᠡᠯ ᠤᠨ ᠬᠢᠨᠠᠯᠲᠠ᠂ | ᠦᠢᠯᠡᠳᠪᠦᠷᠢ ᠬᠤᠳᠠᠯᠳᠤᠭ᠎ᠠ᠂ ᠴᠢᠨᠠᠷ ᠴᠢᠨᠰᠠᠭ᠎ᠠ ᠮᠡᠷᠭᠡᠵᠢᠯ ᠤᠨ ᠬᠢᠨᠠᠯᠲᠠ᠂ ᠴᠠᠭ ᠠᠭᠤᠷ ᠵᠡᠷᠭᠡ ᠬᠠᠮᠢᠶ᠎ᠠ ᠪᠦᠬᠦᠢ | ᠰᠠᠯᠠᠭ᠎ᠠ ᠮᠦᠴᠢᠷ ᠨᠢ ᠲᠣᠰ ᠲᠣᠰ ᠤᠨ ᠲᠣᠰᠢᠶᠠᠯ ᠬᠠᠷᠢᠭᠤᠴᠠᠯᠭ᠎ᠠ ᠶᠣᠰᠣᠭᠠᠷ ᠰᠢᠲᠠᠮᠠᠬᠠᠢ ᠬᠡᠢ ᠶᠢᠨ | ᠬᠠᠮᠢᠶᠠᠷᠣᠯᠲᠠ ᠲᠠᠢ ᠬᠤᠯᠪᠣᠭᠳᠠᠯ ᠪᠦᠬᠦᠢ ᠠᠵᠢᠯ ᠢ ᠰᠠᠶᠢᠲᠣᠷ ᠬᠢᠬᠦ ᠬᠡᠷᠡᠭᠲᠠᠢ᠃ | ᠵᠢᠷᠭᠤᠳᠤᠭᠠᠷ ᠵᠦᠢᠯ ᠲᠣᠰ ᠬᠤᠲᠠ ᠶᠢᠨ ᠰᠢᠲᠠᠮᠠᠬᠠᠢ ᠬᠡᠢ ᠶᠢᠨ ᠬᠠᠮᠢᠶᠠᠷᠣᠯᠲᠠ ᠳᠤ ᠠᠮᠣᠷ ᠲᠦᠪᠰᠢᠨ ᠢ | ᠲᠡᠷᠢᠬᠦᠨ ᠳᠤ ᠲᠠᠯᠪᠢᠬᠤ᠂ ᠰᠡᠷᠬᠡᠶᠢᠯᠡᠯ ᠢᠶᠠᠷ ᠭᠤᠣᠯᠯᠠᠬᠤ᠂ ᠵᠢᠷᠣᠮᠵᠢᠭᠤᠯᠣᠨ ᠡᠵᠡᠩᠨᠡᠬᠦ᠂ ᠬᠠᠩᠭᠠᠯᠭ᠎ᠠ ᠶᠢ ᠪᠠᠲᠣᠯᠠᠬᠤ᠂ | ᠢᠳᠡᠬᠡᠮᠵᠢᠲᠠᠢ ᠦᠢᠯᠡᠴᠢᠯᠡᠬᠦ ᠪᠣᠯᠣᠨ ᠡᠨᠧᠷᠬᠢ ᠠᠷᠪᠢᠯᠠᠵᠣ ᠦᠨᠳᠦᠷ ᠦᠷ᠎ᠡ ᠠᠰᠢᠭ ᠲᠠᠢ ᠪᠠᠶᠢᠬᠤ ᠵᠠᠷᠴᠢᠮ ᠢ | ᠬᠡᠷᠡᠭᠵᠢᠬᠦᠯᠦᠨ᠎ᠡ᠃ | ᠲᠤᠯᠤᠳᠤᠭᠠᠷ ᠵᠦᠢᠯ ᠬᠤᠲᠠ ᠪᠠ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠵᠢᠴᠢ ᠲᠡᠬᠦᠨ ᠤ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠨᠢ ᠰᠢᠲᠠᠮᠠᠬᠠᠢ ᠬᠡᠢ ᠶᠢᠨ ᠠᠶᠣᠯᠬᠦᠢ ᠶᠢᠨ ᠬᠢᠨᠠᠯᠲᠠ ᠬᠠᠮᠢᠶᠠᠷᠣᠯᠲᠠ ᠶᠢᠨ ᠳᠦᠷᠢᠮ ᠢ ᠪᠠᠶᠢᠭᠤᠯᠣᠨ | ᠲᠡᠬᠦᠯᠳᠡᠷᠵᠢᠬᠦᠯᠵᠣ᠂ ᠰᠢᠲᠠᠮᠠᠬᠠᠢ ᠬᠡᠢ ᠶᠢ ᠠᠶᠣᠯᠬᠦᠢ ᠪᠠᠷ ᠬᠡᠷᠡᠭᠯᠡᠬᠦ ᠣᠬᠠᠭᠤᠯᠭ᠎ᠠ ᠪᠠᠨ ᠴᠢᠩᠭᠠᠳᠬᠠᠨ᠂ ᠨᠡᠶᠢᠭᠡᠮ | ᠨᠡᠶᠢᠲᠡ ᠶᠢᠨ ᠰᠢᠲᠠᠮᠠᠬᠠᠢ ᠬᠡᠢ ᠶᠢ ᠠᠶᠣᠯᠬᠦᠢ ᠬᠡᠷᠡᠭᠯᠡᠬᠦ ᠦᠵᠡᠯ ᠣᠬᠠᠮᠰᠠᠷ ᠢ ᠳᠡᠭᠡᠭᠰᠢᠯᠡᠬᠦᠯᠵᠣ᠂ ᠰᠢᠲᠠᠮᠠᠬᠠᠢ ᠬᠡᠢ ᠶᠢᠨ | ᠬᠡᠨᠡᠳᠡᠯ ᠢ ᠰᠡᠷᠬᠡᠶᠢᠯᠡᠬᠦ ᠪᠠ ᠠᠷᠭᠠᠴᠠᠭᠠᠬᠤ ᠴᠢᠳᠠᠪᠦᠷᠢ ᠶᠢ ᠳᠡᠭᠡᠭᠰᠢᠯᠡᠬᠦᠯᠬᠦ ᠬᠡᠷᠡᠭᠲᠠᠢ᠃ | ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠨᠢ ᠰᠢᠲᠠᠮᠠᠬᠠᠢ ᠬᠡᠢ ᠶᠢᠨ ᠠᠶᠣᠯᠬᠦᠢ ᠶᠢᠨ ᠮᠡᠳᠡᠯᠭᠡ ᠶᠢ ᠲᠣᠮᠲᠠᠲᠣ | ᠪᠠᠭ᠎ᠠ ᠰᠣᠷᠭᠠᠭᠤᠯᠢ ᠶᠢᠨ ᠰᠣᠷᠣᠭᠴᠢ ᠶᠢᠨ ᠠᠶᠣᠯᠬᠦᠢ ᠶᠢᠨ ᠰᠣᠷᠭᠠᠨ ᠬᠦᠮᠦᠵᠢᠯ ᠤᠨ ᠠᠭᠤᠯᠭ᠎ᠠ ᠳᠤ ᠣᠷᠣᠭᠤᠯᠬᠤ | ᠬᠡᠷᠡᠭᠲᠠᠢ᠃ ᠷᠠᠳᠢᠣ᠋ ᠨᠡᠪᠲᠡᠷᠡᠬᠦᠯᠬᠡ᠂ ᠲᠧᠯᠸᠢᠰ᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠰᠣᠨᠢᠨ ᠮᠡᠳᠡᠭᠡ | ᠵᠠᠭᠤᠴᠢᠯᠠᠭᠤᠷ ᠨᠢ ᠰᠢᠲᠠᠮᠠᠬᠠᠢ ᠬᠡᠢ ᠶᠢ ᠠᠶᠣᠯᠬᠦᠢ ᠬᠡᠷᠡᠭᠯᠡᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠣᠬᠠᠭᠤᠯᠭ᠎ᠠ ᠶᠢ ᠦᠷᠨᠢᠬᠦᠯᠬᠦ ᠬᠡᠷᠡᠭᠲᠠᠢ᠃ | ᠨᠠᠢᠮᠠᠳᠤᠭᠠᠷ ᠵᠦᠢᠯ ᠰᠢᠲᠠᠮᠠᠬᠠᠢ ᠬᠡᠢ ᠶᠢᠨ ᠡᠵᠩᠨᠡᠯᠲᠡ ᠶᠢᠨ ᠠᠵᠣ ᠠᠬᠤᠶᠢᠯᠠᠯ ᠨᠢ ᠬᠡᠷᠡᠭᠯᠡᠭᠴᠢᠳ ᠤᠨ | ᠦᠢᠯᠡᠴᠢᠯᠡᠭᠡᠨ ᠤ ᠳᠦᠷᠢᠮ ᠢ ᠪᠠᠶᠢᠭᠤᠯᠣᠨ ᠲᠡᠬᠦᠯᠳᠡᠷᠵᠢᠬᠦᠯᠵᠣ᠂ ᠣᠯᠣᠰ ᠤᠨ ᠰᠢᠲᠠᠮᠠᠬᠠᠢ ᠬᠡᠢ ᠶᠢᠨ | ᠦᠢᠯᠡᠴᠢᠯᠡᠭᠡᠨ ᠤ ᠪᠠᠷᠢᠮᠵᠢᠶ᠎ᠠ ᠶᠣᠰᠣᠭᠠᠷ ᠬᠡᠷᠡᠭᠯᠡᠭᠴᠢᠳ ᠲᠤ ᠦᠢᠯᠡᠴᠢᠯᠡᠭᠡ ᠬᠠᠩᠭᠠᠵᠣ᠂ ᠦᠢᠯᠡᠴᠢᠯᠡᠭᠡᠨ ᠤ | ᠠᠵᠢᠯᠯᠠᠭ᠎ᠠ ᠪᠠᠨ ᠵᠢᠷᠣᠮᠵᠢᠭᠤᠯᠬᠤ ᠬᠡᠷᠡᠭᠲᠠᠢ᠃ | ᠶᠠᠮᠠᠷᠪᠠ ᠨᠢᠭᠡᠴᠢ ᠪᠠ ᠬᠤᠪᠢ ᠬᠦᠮᠦᠨ ᠨᠢ ᠴᠦᠮ ᠰᠢᠲᠠᠮᠠᠬᠠᠢ ᠬᠡᠢ ᠶᠢᠨ ᠲᠦᠬᠦᠭᠡᠷᠦᠮᠵᠢ ᠶᠢ ᠬᠠᠮᠠᠭᠠᠯᠠᠵᠣ᠂ | ᠰᠢᠲᠠᠮᠠᠬᠠᠢ ᠬᠡᠢ ᠶᠢ ᠵᠢᠷᠣᠮᠵᠢᠯ ᠲᠠᠢ ᠬᠡᠷᠡᠭᠯᠡᠵᠣ᠂ ᠰᠢᠲᠠᠮᠠᠬᠠᠢ ᠬᠡᠢ ᠶᠢᠨ ᠠᠮᠣᠷ ᠲᠦᠪᠰᠢᠨ ᠤ ᠬᠡᠨᠡᠳᠡᠯ ᠡᠬᠦᠰᠬᠦ ᠠᠴᠠ | ᠰᠡᠷᠬᠡᠶᠢᠯᠡᠬᠦ ᠬᠡᠷᠡᠭᠲᠠᠢ᠂ ᠰᠢᠲᠠᠮᠠᠬᠠᠢ ᠬᠡᠢ ᠶᠢᠨ ᠠᠶᠣᠯᠬᠦᠢ ᠶᠢ ᠬᠤᠬᠢᠷᠠᠭᠤᠯᠬᠤ ᠠᠵᠢᠯᠯᠠᠭ᠎ᠠ ᠶᠢ ᠬᠤᠷᠢᠭᠯᠠᠬᠤ ᠪᠠ | ᠢᠯᠡᠴᠢᠯᠡᠨ ᠮᠡᠳᠡᠬᠦᠯᠬᠦ ᠡᠷᠭᠡ ᠲᠠᠢ᠃ | ᠬᠤᠶᠠᠳᠤᠭᠠᠷ ᠪᠦᠯᠦᠭ ᠲᠦᠯᠦᠪᠵᠢᠬᠦᠯᠭᠡ ᠪᠠ ᠪᠦᠲᠦᠭᠡᠨ ᠪᠠᠶᠢᠭᠤᠯᠣᠯᠲᠠ | ᠶᠢᠰᠦᠳᠦᠭᠡᠷ ᠵᠦᠢᠯ ᠬᠤᠲᠠ ᠶᠢᠨ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ᠂ | ᠬᠤᠲᠠ ᠶᠢᠨ ᠶᠡᠷᠦᠩᠭᠡᠢ ᠲᠦᠯᠦᠪᠵᠢᠬᠦᠯᠭᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠭᠡᠢ ᠲᠦᠯᠦᠪᠵᠢᠬᠦᠯᠭᠡ᠂ | ᠡᠨᠧᠷᠬᠢ ᠶᠢᠨ ᠲᠦᠯᠦᠪᠵᠢᠬᠦᠯᠭᠡ ᠵᠢᠴᠢ ᠦᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠬᠦᠭᠵᠢᠯᠲᠡ ᠶᠢᠨ | ᠲᠦᠯᠦᠪᠵᠢᠬᠦᠯᠭᠡ ᠶᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠣᠷᠠᠨ ᠲᠣᠰ ᠬᠤᠲᠠ ᠶᠢᠨ | ᠰᠢᠲᠠᠮᠠᠬᠠᠢ ᠬᠡᠢ ᠶᠢᠨ ᠲᠣᠰᠬᠠᠢ ᠲᠦᠷᠦᠯ ᠤᠨ ᠲᠦᠯᠦᠪᠵᠢᠬᠦᠯᠭᠡ ᠶᠢ ᠲᠣᠭᠲᠠᠭᠠᠵᠣ᠂ ᠬᠠᠣᠯᠢ ᠪᠠᠷ ᠲᠣᠭᠲᠠᠭᠠᠭᠰᠠᠨ | ᠳᠠᠷᠠᠭᠠᠯᠠᠯ ᠢᠶᠠᠷ ᠵᠦᠪᠰᠢᠶᠡᠷᠡᠬᠦᠯᠦᠭᠰᠡᠨ ᠤ ᠳᠠᠷᠠᠭ᠎ᠠ ᠬᠡᠷᠡᠭᠵᠢᠬᠦᠯᠬᠦ ᠶᠢᠨ ᠬᠠᠮᠲᠣ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠲᠤ ᠳᠠᠩᠰᠠᠯᠠᠭᠤᠯᠬᠤ ᠪᠠᠷ ᠮᠡᠳᠡᠬᠦᠯᠬᠦ ᠬᠡᠷᠡᠭᠲᠠᠢ᠃ ᠰᠢᠲᠠᠮᠠᠬᠠᠢ ᠬᠡᠢ ᠶᠢᠨ ᠲᠣᠰᠬᠠᠢ ᠲᠦᠷᠦᠯ ᠤᠨ | ᠲᠦᠯᠦᠪᠵᠢᠬᠦᠯᠭᠡ ᠳᠤ ᠲᠣᠬᠢᠷᠠᠭᠤᠯᠣᠯᠲᠠ ᠬᠢᠬᠦ ᠳᠤ ᠣᠣᠯ ᠤᠨ ᠬᠢᠨᠠᠨ ᠵᠦᠪᠰᠢᠶᠡᠷᠡᠭᠰᠡᠨ ᠳᠠᠷᠠᠭᠠᠯᠠᠯ ᠶᠣᠰᠣᠭᠠᠷ | ᠬᠡᠷᠡᠭᠵᠢᠬᠦᠯᠬᠦ ᠬᠡᠷᠡᠭᠲᠠᠢ᠃ | ᠠᠷᠪᠠᠳᠤᠭᠠᠷ ᠵᠦᠢᠯ ᠰᠢᠲᠠᠮᠠᠬᠠᠢ ᠬᠡᠢ ᠶᠢᠨ ᠢᠨᠵᠧᠨᠧᠷᠢᠩ ᠤᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ | ᠦᠭᠡᠷᠡᠴᠢᠯᠡᠨ ᠪᠠᠶᠢᠭᠤᠯᠬᠤ᠂ ᠦᠷᠭᠡᠳᠬᠡᠨ ᠪᠠᠶᠢᠭᠤᠯᠬᠤ ᠳᠤ᠂ ᠣᠯᠣᠰ ᠠᠴᠠ ᠲᠦᠯᠦᠪᠯᠡᠵᠣ ᠵᠢᠷᠣᠮᠵᠢᠭᠤᠯᠣᠭᠰᠠᠨ | ᠪᠠᠷᠢᠮᠵᠢᠶ᠎ᠠ ᠪᠠ ᠰᠢᠲᠠᠮᠠᠬᠠᠢ ᠬᠡᠢ ᠶᠢᠨ ᠲᠣᠰᠬᠠᠢ ᠲᠦᠷᠦᠯ ᠤᠨ ᠲᠦᠯᠦᠪᠵᠢᠬᠦᠯᠭᠡ ᠲᠠᠢ ᠨᠡᠶᠢᠴᠡᠬᠦᠯᠵᠣ᠂ ᠰᠢᠲᠠᠮᠠᠬᠠᠢ | ᠬᠡᠢ ᠶᠢᠨ ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ ᠤᠨ ᠬᠢᠨᠠᠨ ᠵᠦᠪᠰᠢᠶᠡᠷᠡᠬᠦ ᠳᠠᠷᠠᠭᠠᠯᠠᠯ ᠢ ᠬᠠᠣᠯᠢ ᠶᠣᠰᠣᠭᠠᠷ | ᠬᠦᠢᠴᠡᠳᠬᠡᠬᠦ ᠬᠡᠷᠡᠭᠲᠠᠢ᠃ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠨᠢ ᠭᠠᠵᠠᠷ ᠰᠣᠩᠭᠤᠬᠤ ᠰᠠᠨᠠᠯ ᠲᠣᠷᠠᠳᠣᠯᠭ᠎ᠠ ᠶᠢᠨ ᠪᠢᠴᠢᠭ ᠢ ᠬᠠᠣᠯᠢ ᠶᠣᠰᠣᠭᠠᠷ | ᠬᠢᠨᠠᠨ ᠲᠠᠷᠬᠠᠭᠠᠬᠤ ᠦᠶᠡᠰ᠂ ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠨᠢ ᠰᠢᠲᠠᠮᠠᠬᠠᠢ | ᠬᠡᠢ ᠶᠢᠨ ᠲᠣᠰᠬᠠᠢ ᠲᠦᠷᠦᠯ ᠤᠨ ᠲᠦᠯᠦᠪᠵᠢᠬᠦᠯᠭᠡ ᠲᠠᠢ ᠨᠡᠶᠢᠴᠡᠬᠦ ᠡᠰᠡᠬᠦ ᠶᠢᠨ ᠲᠣᠬᠠᠢ ᠰᠢᠲᠠᠮᠠᠬᠠᠢ ᠬᠡᠢ ᠶᠢᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ ᠬᠤᠷᠢᠶᠠᠬᠤ ᠬᠡᠷᠡᠭᠲᠠᠢ︔ ᠭᠠᠵᠠᠷ ᠰᠣᠩᠭᠤᠬᠤ | ᠰᠠᠨᠠᠯ ᠲᠣᠷᠠᠳᠣᠯᠭ᠎ᠠ ᠶᠢᠨ ᠪᠢᠴᠢᠭ ᠢ ᠬᠢᠨᠠᠨ ᠲᠠᠷᠬᠠᠭᠠᠬᠤ ᠴᠢᠬᠤᠯᠠ ᠦᠭᠡᠢ ᠪᠣᠯ᠂ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠪᠦᠲᠦᠭᠡᠨ | ᠪᠠᠶᠢᠭᠤᠯᠣᠯᠲᠠ ᠳᠤ ᠬᠡᠷᠡᠭᠯᠡᠬᠦ ᠭᠠᠵᠠᠷ ᠤᠨ ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠪᠣᠶᠣ ᠬᠦᠳᠡᠭᠡ | ᠲᠣᠰᠬᠤᠨ ᠤ ᠪᠦᠲᠦᠭᠡᠨ ᠪᠠᠶᠢᠭᠤᠯᠣᠯᠲᠠ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠢ ᠬᠠᠣᠯᠢ | ᠶᠣᠰᠣᠭᠠᠷ ᠬᠢᠨᠠᠨ ᠲᠠᠷᠬᠠᠭᠠᠬᠤ ᠳᠤ᠂ ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠨᠢ | ᠰᠢᠲᠠᠮᠠᠬᠠᠢ ᠬᠡᠢ ᠶᠢᠨ ᠲᠣᠰᠬᠠᠢ ᠲᠦᠷᠦᠯ ᠤᠨ ᠲᠦᠯᠦᠪᠵᠢᠬᠦᠯᠭᠡ ᠳᠤ ᠨᠡᠶᠢᠴᠡᠬᠦ ᠡᠰᠡᠬᠦ ᠶᠢᠨ ᠲᠣᠬᠠᠢ ᠰᠢᠲᠠᠮᠠᠬᠠᠢ | ᠬᠡᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ ᠬᠤᠷᠢᠶᠠᠬᠤ ᠬᠡᠷᠡᠭᠲᠠᠢ᠃ | ᠰᠢᠲᠠᠮᠠᠬᠠᠢ ᠬᠡᠢ ᠶᠢᠨ ᠭᠠᠵᠠᠷ ᠲᠣᠣᠷᠠᠬᠢ ᠬᠤᠭᠤᠯᠠᠢ ᠣᠳᠠᠰᠣ ᠵᠡᠷᠭᠡ ᠨᠢᠭᠤᠭᠳᠠᠮᠠᠯ ᠢᠨᠵᠧᠨᠧᠷᠢᠩ ᠤᠨ | ᠪᠠᠷᠢᠯᠭ᠎ᠠ ᠶᠢ ᠰᠢᠷᠣᠢ ᠪᠠᠷ ᠪᠦᠷᠬᠦᠬᠦ ᠠᠴᠠ ᠡᠮᠦᠨ᠎ᠡ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠦᠯᠦᠪᠵᠢᠬᠦᠯᠭᠡ ᠶᠢ ᠬᠢᠨᠠᠨ ᠬᠠᠷᠭᠤᠭᠤᠯᠬᠤ ᠪᠠᠷ ᠭᠤᠶᠣᠴᠢᠯᠠᠬᠤ | ᠬᠡᠷᠡᠭᠲᠠᠢ᠃ ᠬᠢᠨᠠᠨ ᠬᠠᠷᠭᠤᠭᠤᠯᠣᠭᠰᠠᠨ ᠦᠭᠡᠢ ᠪᠣᠶᠣ ᠬᠢᠨᠠᠨ ᠬᠠᠷᠭᠤᠭᠤᠯᠣᠭᠠᠳ ᠲᠦᠯᠦᠪᠵᠢᠬᠦᠯᠭᠡ ᠶᠢᠨ | ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ᠂ ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠬᠡᠷᠡᠭᠯᠡᠯᠲᠡ ᠳᠤ | ᠣᠷᠣᠭᠤᠯᠵᠣ ᠪᠣᠯᠬᠤ ᠦᠭᠡᠢ᠂ ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ ᠪᠣᠯ᠂ ᠡᠳ᠋ ᠤᠨ ᠵᠠᠰᠠᠭ ᠤᠨ | ᠰᠠᠯᠠᠭ᠎ᠠ ᠮᠦᠴᠢᠷ ᠠᠴᠠ ᠪᠡᠯᠡ ᠮᠦᠩᠬᠦ ᠰᠠᠯᠭᠠᠨ ᠦᠭᠬᠦ ᠦᠭᠡᠢ᠃ ᠭᠠᠵᠠᠷ ᠲᠣᠣᠷᠠᠬᠢ ᠬᠤᠭᠤᠯᠠᠢ ᠣᠳᠠᠰᠣᠨ ᠤ | ᠢᠨᠵᠧᠨᠧᠷᠢᠩ ᠤᠨ ᠲᠦᠯᠦᠪᠵᠢᠬᠦᠯᠭᠡ ᠶᠢ ᠬᠢᠨᠠᠨ ᠬᠠᠷᠭᠤᠭᠤᠯᠣᠭᠰᠠᠨ ᠤ ᠳᠠᠷᠠᠭ᠎ᠠ᠂ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠪᠠᠷᠢᠯᠭ᠎ᠠ ᠳᠠᠭᠤᠰᠣᠭᠰᠠᠨ | ᠬᠡᠮᠵᠢᠯᠲᠡ ᠶᠢᠨ ᠦᠷ᠎ᠡ ᠳ᠋ᠦᠩ ᠢᠶᠠᠨ ᠭᠠᠵᠠᠷ ᠲᠣᠣᠷᠠᠬᠢ ᠬᠤᠭᠤᠯᠠᠢ ᠣᠳᠠᠰᠣᠨ ᠤ ᠲᠤᠭ᠎ᠠ ᠪᠠᠷᠢᠮᠲᠠ ᠶᠢᠨ ᠬᠦᠮᠦᠷᠭᠡ | ᠪᠣᠯᠣᠨ ᠮᠡᠳᠡᠭᠡ ᠵᠠᠩᠬᠢ ᠶᠢᠨ ᠬᠠᠮᠢᠶᠠᠷᠣᠯᠲᠠ ᠶᠢᠨ ᠰᠢᠰᠲ᠋ᠧᠮ ᠳᠡᠭᠡᠨ ᠳᠠᠷᠣᠢ ᠲᠦᠷᠭᠡᠨ ᠰᠢᠨᠡᠴᠢᠯᠡᠬᠦ ᠬᠡᠷᠡᠭᠲᠠᠢ᠃ | ᠠᠷᠪᠠᠨ ᠨᠢᠭᠡᠳᠦᠭᠡᠷ ᠵᠦᠢᠯ ᠬᠤᠲᠠ ᠶᠢᠨ ᠰᠢᠨ᠎ᠡ ᠲᠣᠭᠤᠷᠢᠭ ᠤᠨ ᠨᠡᠭᠡᠭᠡᠯᠲᠡ᠂ ᠬᠠᠭᠤᠴᠢᠨ ᠲᠣᠭᠤᠷᠢᠭ ᠢ | ᠦᠭᠡᠷᠡᠴᠢᠯᠡᠨ ᠪᠠᠶᠢᠭᠤᠯᠬᠤ ᠪᠠ ᠰᠢᠨ᠎ᠡ ᠪᠠᠷ ᠪᠠᠶᠢᠭᠤᠯᠬᠤ᠂ ᠲᠣᠮᠣ ᠬᠡᠯᠪᠡᠷᠢ ᠶᠢᠨ ᠪᠦᠲᠦᠭᠡᠨ ᠪᠠᠶᠢᠭᠤᠯᠣᠯᠲᠠ ᠶᠢᠨ | ᠲᠦᠷᠦᠯ ᠵᠦᠢᠯ ᠢ ᠦᠭᠡᠷᠡᠴᠢᠯᠡᠨ ᠪᠠᠶᠢᠭᠤᠯᠬᠤ ᠳᠤ᠂ ᠰᠢᠲᠠᠮᠠᠬᠠᠢ ᠬᠡᠢ ᠶᠢᠨ ᠲᠣᠰᠬᠠᠢ ᠲᠦᠷᠦᠯ ᠤᠨ ᠲᠦᠯᠦᠪᠵᠢᠬᠦᠯᠭᠡ | ᠶᠣᠰᠣᠭᠠᠷ ᠵᠣᠬᠢᠴᠠᠭᠰᠠᠨ ᠰᠢᠲᠠᠮᠠᠬᠠᠢ ᠬᠡᠢ ᠶᠢᠨ ᠲᠦᠬᠦᠭᠡᠷᠦᠮᠵᠢ ᠶᠢ ᠢᠵᠢ ᠪᠦᠷᠢᠳᠦᠬᠦᠯᠦᠨ ᠲᠦᠬᠦᠷᠵᠢᠬᠦᠯᠦᠨ | ᠪᠠᠶᠢᠭᠤᠯᠬᠤ ᠬᠡᠷᠡᠭᠲᠠᠢ᠃ ᠪᠦᠲᠦᠬᠡᠨ ᠪᠠᠶᠢᠭᠤᠯᠬᠤ ᠨᠦᠬᠦᠴᠡᠯ ᠢ ᠲᠦᠷ ᠴᠠᠭ ᠪᠦᠷᠢᠯᠳᠦᠬᠦᠯᠦᠭᠡᠳᠦᠢ ᠪᠣᠯ᠂ ᠰᠢᠲᠠᠮᠠᠬᠠᠢ | ᠬᠡᠢ ᠶᠢᠨ ᠲᠦᠬᠦᠭᠡᠷᠦᠮᠵᠢ ᠶᠢ ᠢᠵᠢ ᠪᠦᠷᠢᠳᠦᠬᠦᠯᠦᠨ ᠲᠦᠬᠦᠷᠵᠢᠬᠦᠯᠬᠦ ᠪᠠᠶᠢᠭᠤᠯᠣᠯᠲᠠ ᠳᠤ ᠬᠡᠷᠡᠭᠯᠡᠬᠦ ᠭᠠᠵᠠᠷ ᠢ | ᠣᠷᠢᠳᠴᠢᠯᠠᠨ ᠦᠯᠡᠳᠡᠬᠡᠬᠦ ᠬᠡᠷᠡᠭᠲᠠᠢ᠃ | ᠰᠢᠲᠠᠮᠠᠬᠠᠢ ᠬᠡᠢ ᠶᠢᠨ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ ᠪᠣᠯ ᠬᠤᠲᠠ ᠶᠢᠨ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠲᠣᠰᠬᠠᠢ ᠬᠡᠷᠡᠭᠯᠡᠬᠦ ᠭᠠᠵᠠᠷ ᠲᠤ ᠬᠠᠷᠢᠶᠠᠯᠠᠭᠳᠠᠨ᠎ᠠ᠂ ᠬᠠᠣᠯᠢ ᠳᠤ | ᠲᠣᠭᠲᠠᠭᠠᠭᠰᠠᠨ ᠲᠠᠷᠠᠭᠠᠯᠠᠯ ᠢ ᠳᠠᠮᠵᠢᠭᠰᠠᠨ ᠦᠭᠡᠢ ᠪᠠᠷ ᠶᠠᠮᠠᠷᠪᠠ ᠨᠢᠭᠡᠴᠢ ᠪᠠ ᠬᠤᠪᠢ ᠬᠦᠮᠦᠨ ᠴᠦ ᠡᠵᠡᠯᠡᠬᠦ ᠪᠣᠶᠣ | ᠲᠡᠬᠦᠨ ᠤ ᠬᠡᠷᠡᠭᠴᠡᠭᠡ ᠶᠢ ᠦᠭᠡᠷᠡᠴᠢᠯᠡᠵᠣ ᠪᠣᠯᠬᠤ ᠦᠭᠡᠢ᠃ ᠦᠨᠡᠨ ᠬᠦ ᠦᠭᠡᠷᠡᠴᠢᠯᠡᠬᠦ ᠴᠢᠬᠤᠯᠠᠲᠠᠢ ᠪᠣᠯ᠂ | ᠣᠣᠯ ᠤᠨ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠳᠤ ᠵᠦᠪᠰᠢᠶᠡᠷᠡᠬᠦᠯᠬᠦ ᠪᠠᠷ ᠮᠡᠳᠡᠬᠦᠯᠬᠦ ᠬᠡᠷᠡᠭᠲᠠᠢ᠃ | ᠠᠷᠪᠠᠨ ᠬᠤᠶᠠᠳᠤᠭᠠᠷ ᠵᠦᠢᠯ ᠡᠯ᠎ᠡ ᠲᠦᠷᠦᠯ ᠤᠨ ᠬᠤᠲᠠ ᠶᠢᠨ ᠰᠢᠲᠠᠮᠠᠬᠠᠢ ᠬᠡᠢ ᠶᠢᠨ ᠢᠨᠵᠧᠨᠧᠷᠢᠩ ᠤᠨ | ᠲᠦᠷᠦᠯ ᠵᠦᠢᠯ ᠤᠨ ᠬᠠᠶᠢᠨ ᠪᠠᠶᠢᠴᠠᠭᠠᠯᠲᠠ᠂ ᠵᠢᠷᠤᠭ ᠲᠦᠯᠦᠪᠯᠡᠭᠡ᠂ ᠪᠠᠷᠢᠯᠭ᠎ᠠ᠂ ᠬᠢᠨᠠᠯᠲᠠ ᠬᠠᠮᠢᠶᠠᠷᠣᠯᠲᠠ ᠶᠢ | ᠵᠣᠬᠢᠴᠠᠩᠭᠤᠢ ᠬᠢᠷᠢ ᠬᠡᠮ ᠤᠨ ᠲᠡᠰ ᠲᠤ ᠬᠦᠷᠦᠭᠰᠡᠨ ᠨᠢᠭᠡᠴᠢ ᠪᠠᠷ ᠡᠬᠦᠷᠭᠡᠯᠡᠬᠦᠯᠬᠦ ᠬᠡᠷᠡᠭᠲᠠᠢ᠃ | ᠡᠯ᠎ᠡ ᠲᠦᠷᠦᠯ ᠤᠨ ᠰᠢᠲᠠᠮᠠᠬᠠᠢ ᠬᠡᠢ ᠶᠢᠨ ᠢᠨᠵᠧᠨᠧᠷᠢᠩ ᠤᠨ ᠲᠦᠷᠦᠯ ᠵᠦᠢᠯ ᠤᠨ ᠬᠠᠶᠢᠨ ᠪᠠᠶᠢᠴᠠᠭᠠᠯᠲᠠ᠂ | ᠵᠢᠷᠤᠭ ᠲᠦᠯᠦᠪᠯᠡᠭᠡ᠂ ᠪᠠᠷᠢᠯᠭ᠎ᠠ ᠵᠢᠴᠢ ᠰᠢᠲᠠᠮᠠᠬᠠᠢ ᠬᠡᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠳᠤ | ᠰᠣᠩᠭᠤᠨ ᠬᠡᠷᠡᠭᠯᠡᠬᠦ ᠲᠦᠬᠦᠭᠡᠷᠦᠮᠵᠢ᠂ ᠮᠠᠲ᠋ᠧᠷᠢᠶᠠᠯ ᠨᠢ ᠣᠯᠣᠰ ᠪᠠ ᠣᠷᠣᠨ ᠨᠣᠳᠤᠭ ᠤᠨ ᠬᠠᠮᠢᠶ᠎ᠠ ᠪᠦᠬᠦᠢ | ᠮᠡᠷᠭᠡᠵᠢᠯ ᠤᠨ ᠪᠠᠷᠢᠮᠵᠢᠶ᠎ᠠ ᠪᠠ ᠲᠦᠷᠢᠮᠵᠢᠯ ᠢ ᠴᠢᠩᠭ᠎ᠠ ᠬᠡᠷᠡᠭᠵᠢᠬᠦᠯᠬᠦ ᠬᠡᠷᠡᠭᠲᠠᠢ᠃ | ᠰᠢᠲᠠᠮᠠᠬᠠᠢ ᠬᠡᠢ ᠶᠢᠨ ᠢᠨᠵᠧᠨᠧᠷᠢᠩ ᠢ ᠲᠦᠯᠦᠪᠯᠡᠬᠦ ᠠᠴᠠ ᠡᠮᠦᠨ᠎ᠡ ᠬᠡᠢ ᠬᠡᠷᠡᠭᠯᠡᠬᠦ ᠲᠠᠯᠠᠪᠣᠷ ᠢ ᠬᠠᠶᠢᠨ | ᠪᠠᠶᠢᠴᠠᠭᠠᠬᠤ ᠬᠡᠷᠡᠭᠲᠠᠢ᠂ ᠬᠡᠢ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠲᠠᠯᠠᠪᠣᠷ ᠲᠤ ᠬᠡᠢ ᠬᠠᠩᠭᠠᠬᠤ | ᠲᠦᠬᠦᠭᠡᠷᠦᠮᠵᠢ ᠶᠢ ᠬᠡᠷᠡᠭᠯᠡᠬᠦᠯᠬᠦ ᠪᠠᠷ ᠲᠦᠯᠦᠪᠯᠡᠵᠣ ᠪᠣᠯᠬᠤ ᠦᠭᠡᠢ᠃ ᠰᠢᠲᠠᠮᠠᠬᠠᠢ ᠬᠡᠢ ᠶᠢᠨ ᠢᠨᠵᠧᠨᠧᠷᠢᠩ ᠢ ᠵᠢᠷᠣᠵᠣ | ᠲᠦᠯᠦᠪᠯᠡᠬᠦ ᠳᠤ ᠦᠷᠬᠦᠯᠵᠢᠯᠡᠯ ᠬᠦᠭᠵᠢᠯᠲᠡ ᠪᠠ ᠪᠠᠴᠢᠮ ᠪᠠᠶᠢᠳᠠᠯ ᠢ ᠠᠷᠭᠠᠴᠠᠭᠠᠬᠤ ᠳᠤ ᠲᠠᠰᠣᠯᠳᠠᠯ ᠦᠭᠡᠢ ᠪᠠᠷ ᠬᠡᠢ | ᠬᠠᠩᠭᠠᠬᠤ ᠬᠡᠷᠡᠭᠴᠡᠭᠡ ᠶᠢ ᠬᠠᠩᠭᠠᠬᠤ ᠬᠡᠷᠡᠭᠲᠠᠢ᠃ | ᠰᠢᠨ᠎ᠠ ᠪᠠᠷ ᠪᠠᠶᠢᠭᠤᠯᠣᠭᠰᠠᠨ ᠪᠠᠷᠢᠯᠭ᠎ᠠ ᠶᠢᠨ ᠢᠵᠢ ᠲᠦᠬᠦᠷᠵᠢᠬᠦᠯᠦᠭᠰᠡᠨ ᠰᠢᠲᠠᠮᠠᠬᠠᠢ ᠬᠡᠢ ᠶᠢᠨ | ᠢᠨᠵᠧᠨᠧᠷᠢᠩ ᠢ ᠭᠤᠣᠯ ᠴᠣᠭᠴᠠ ᠶᠢᠨ ᠢᠨᠵᠧᠨᠧᠷᠢᠩ ᠲᠠᠢ ᠬᠠᠮᠲᠣ ᠳᠤᠨᠢ ᠲᠦᠯᠦᠪᠯᠡᠵᠣ᠂ ᠬᠠᠮᠲᠣ ᠳᠤᠨᠢ ᠪᠠᠷᠢᠵᠣ᠂ | ᠬᠠᠮᠲᠣ ᠳᠤᠨᠢ ᠰᠢᠯᠭᠠᠨ ᠬᠤᠷᠢᠶᠠᠬᠤ ᠬᠡᠷᠡᠭᠲᠠᠢ᠃ | ᠠᠷᠪᠠᠨ ᠭᠤᠷᠪᠠᠳᠤᠭᠠᠷ ᠵᠦᠢᠯ ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠰᠢᠲᠠᠮᠠᠬᠠᠢ ᠬᠡᠢ ᠶᠢᠨ ᠢᠨᠵᠧᠨᠧᠷᠢᠩ ᠤᠨ | ᠪᠠᠷᠢᠯᠭ᠎ᠠ ᠳᠠᠭᠤᠰᠬᠤ ᠦᠶ᠎ᠡ ᠳᠤ᠂ ᠰᠢᠯᠭᠠᠨ ᠬᠤᠷᠢᠶᠠᠬᠤ ᠶᠢ ᠬᠠᠣᠯᠢ ᠶᠣᠰᠣᠭᠠᠷ ᠵᠣᠬᠢᠶᠠᠨ ᠪᠠᠶᠢᠭᠤᠯᠬᠤ ᠬᠡᠷᠡᠭᠲᠠᠢ᠃ | ᠰᠢᠯᠭᠠᠨ ᠬᠤᠷᠢᠶᠠᠬᠤ ᠶᠢ ᠳᠠᠮᠵᠢᠭᠰᠠᠨ ᠦᠭᠡᠢ ᠪᠣᠶᠣ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ | ᠰᠢᠲᠠᠮᠠᠬᠠᠢ ᠬᠡᠢ ᠶᠢᠨ ᠢᠨᠵᠧᠨᠧᠷᠢᠩ ᠢ ᠬᠡᠷᠡᠭᠯᠡᠯᠲᠡ ᠳᠤ ᠣᠷᠣᠭᠤᠯᠵᠣ ᠪᠣᠯᠬᠤ ᠦᠭᠡᠢ᠃ ᠴᠢᠬᠤᠯᠠ ᠶᠡᠭᠡ ᠰᠢᠲᠠᠮᠠᠬᠠᠢ | ᠬᠡᠢ ᠶᠢᠨ ᠢᠨᠵᠧᠨᠧᠷᠢᠩ ᠢ ᠰᠢᠯᠭᠠᠨ ᠬᠤᠷᠢᠶᠠᠬᠤ ᠳᠤ᠂ ᠪᠦᠲᠦᠭᠡᠨ ᠪᠠᠶᠢᠭᠤᠯᠣᠯᠲᠠ ᠶᠢᠨ ᠨᠢᠭᠡᠴᠢ ᠠᠴᠠ ᠬᠠᠮᠢᠶ᠎ᠠ | ᠪᠦᠬᠦᠢ ᠲᠣᠰᠬᠠᠢ ᠮᠡᠷᠭᠡᠵᠢᠯᠲᠡᠳ ᠢ ᠣᠷᠢᠨ ᠣᠷᠣᠯᠴᠠᠭᠤᠯᠵᠣ ᠪᠣᠯᠣᠨ᠎ᠠ᠃ | ᠰᠢᠲᠠᠮᠠᠬᠠᠢ ᠬᠡᠢ ᠶᠢᠨ ᠢᠨᠵᠧᠨᠧᠷᠢᠩ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠠᠷᠪᠠᠨ | ᠲᠠᠪᠣᠨ ᠡᠳᠦᠷ ᠤᠨ ᠲᠣᠲᠣᠷ᠎ᠠ᠂ ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠪᠠᠷᠢᠯᠭ᠎ᠠ ᠳᠠᠭᠤᠰᠴᠣ ᠰᠢᠯᠭᠠᠨ | ᠬᠤᠷᠢᠶᠠᠭᠰᠠᠨ ᠮᠡᠳᠡᠬᠦᠯᠦᠯᠲᠡ ᠪᠣᠯᠣᠨ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠭᠠᠷᠭᠠᠭᠰᠠᠨ ᠰᠢᠯᠭᠠᠨ | ᠬᠤᠷᠢᠶᠠᠯᠲᠠ ᠳᠤ ᠬᠢᠷᠢ ᠲᠡᠩᠴᠡᠭᠰᠡᠨ ᠪᠢᠴᠢᠭ ᠮᠠᠲ᠋ᠧᠷᠢᠶᠠᠯ ᠢ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ ᠳᠠᠩᠰᠠᠯᠠᠭᠤᠯᠬᠤ ᠬᠡᠷᠡᠭᠲᠠᠢ᠃ ᠰᠢᠲᠠᠮᠠᠬᠠᠢ ᠬᠡᠢ ᠶᠢᠨ ᠢᠨᠵᠧᠨᠧᠷᠢᠩ | ᠪᠠᠷᠢᠯᠭ᠎ᠠ ᠳᠠᠭᠤᠰᠣᠭᠰᠠᠨ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠭᠤᠷᠪᠠᠨ ᠰᠠᠷ᠎ᠠ ᠶᠢᠨ ᠲᠣᠲᠣᠷ᠎ᠠ | ᠂ ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠣᠯᠣᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠲᠠ ᠶᠢᠨ | ᠪᠦᠲᠦᠭᠡᠨ ᠪᠠᠶᠢᠭᠤᠯᠣᠯᠲᠠ ᠶᠢᠨ ᠳᠠᠩᠰᠠ ᠡᠪᠬᠡᠮᠡᠯ ᠤᠨ ᠬᠠᠮᠢᠶᠠᠷᠣᠯᠲᠠ ᠶᠢᠨ ᠪᠠᠶᠢᠭᠤᠯᠣᠮᠵᠢ ᠳᠤ ᠪᠦᠷᠢᠨ ᠪᠦᠲᠦᠨ | ᠢᠨᠵᠧᠨᠧᠷᠢᠩ ᠤᠨ ᠲᠦᠷᠦᠯ ᠵᠦᠢᠯ ᠤᠨ ᠳᠠᠩᠰᠠ ᠡᠪᠬᠡᠮᠡᠯ ᠢᠶᠠᠨ ᠲᠣᠰᠢᠶᠠᠬᠤ ᠬᠡᠷᠡᠭᠲᠠᠢ᠃ | ᠠᠷᠪᠠᠨ ᠲᠦᠷᠪᠡᠳᠦᠭᠡᠷ ᠵᠦᠢᠯ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠪᠦᠷᠬᠦᠯᠲᠡ ᠶᠢᠨ | ᠬᠡᠪᠴᠢᠶ᠎ᠡ ᠲᠣᠲᠣᠷᠠᠬᠢ ᠣᠷᠣᠨ ᠰᠠᠭᠤᠴᠠ ᠶᠢᠨ ᠲᠣᠭᠤᠷᠢᠭ ᠲᠤ᠂ ᠰᠢᠩᠭᠡᠵᠢᠬᠦᠯᠬᠦ᠂ ᠳᠠᠷᠣᠴᠠ ᠪᠠᠷ ᠯᠣᠩᠬᠤᠨ ᠳᠤ | ᠰᠠᠪᠠᠯᠠᠬᠤ ᠬᠡᠢ ᠶᠢᠨ ᠦᠷᠲᠡᠭᠡ ᠵᠡᠷᠭᠡ ᠬᠡᠢ ᠬᠠᠩᠭᠠᠬᠤ ᠲᠦᠬᠦᠭᠡᠷᠦᠮᠵᠢ ᠶᠢ ᠪᠠᠶᠢᠭᠤᠯᠵᠣ ᠪᠣᠯᠬᠤ ᠦᠭᠡᠢ᠃ ᠨᠢᠭᠡᠨᠲᠠ | ᠪᠠᠶᠢᠭᠤᠯᠣᠭᠰᠠᠨ ᠪᠣᠶᠣ ᠬᠡᠷᠡᠭᠯᠡᠭᠰᠡᠨ ᠪᠣᠯ᠂ ᠬᠠᠣᠯᠢ ᠶᠣᠰᠣᠭᠠᠷ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢ | ᠣᠯᠣᠭᠰᠠᠨ ᠬᠤᠭᠤᠯᠠᠢ ᠪᠠᠷ ᠳᠡᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠢᠶᠠᠷ | ᠬᠠᠮᠢᠶᠠᠷᠤᠭᠤᠯᠣᠨᠠ᠃ | ᠭᠤᠷᠪᠠᠳᠤᠭᠠᠷ ᠪᠦᠯᠦᠭ ᠡᠵᠡᠩᠨᠡᠯᠲᠡ ᠬᠢᠭᠡᠳ ᠦᠢᠯᠡᠴᠢᠯᠡᠭᠡ | ᠠᠷᠪᠠᠨ ᠲᠠᠪᠤᠳᠤᠭᠠᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠡ ᠶᠢ ᠡᠷᠬᠢᠯᠡᠵᠣ ᠪᠠᠶᠢᠭ᠎ᠠ ᠠᠵᠣ ᠠᠬᠤᠶᠢᠯᠠᠯ ᠨᠢ | ᠬᠠᠣᠯᠢ ᠶᠣᠰᠣᠭᠠᠷ ᠰᠢᠲᠠᠮᠠᠬᠠᠢ ᠬᠡᠢ ᠶᠢᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢ ᠣᠯᠬᠤ ᠶᠢᠨ ᠬᠠᠮᠲᠣ | ᠵᠦᠪᠰᠢᠶᠡᠷᠡᠭᠰᠡᠨ ᠬᠡᠪᠴᠢᠶᠡᠨ ᠲᠣᠲᠣᠷ᠎ᠠ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠡᠷᠬᠢᠯᠡᠬᠦ ᠬᠡᠷᠡᠭᠲᠠᠢ᠃ | | ᠠᠷᠪᠠᠨ ᠵᠢᠷᠭᠤᠳᠤᠭᠠᠷ ᠵᠦᠢᠯ ᠣᠯᠣᠰ ᠠᠴᠠ ᠲᠣᠭᠲᠠᠭᠠᠭᠰᠠᠨ ᠨᠦᠬᠦᠴᠡᠯ ᠳᠤ ᠨᠡᠶᠢᠴᠡᠭᠰᠡᠨ ᠰᠢᠲᠠᠮᠠᠬᠠᠢ | ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠳᠤ᠂ ᠬᠤᠲᠠ ᠪᠠ ᠬᠤᠰᠢᠭᠤ᠂ ᠰᠢᠶᠠᠨ ᠤ ᠰᠢᠲᠠᠮᠠᠬᠠᠢ ᠬᠡᠢ ᠶᠢᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠢᠶᠠᠷᠣᠯᠲᠠ ᠶᠢᠨ ᠬᠡᠪᠴᠢᠶ᠎ᠡ ᠶᠣᠰᠣᠭᠠᠷ ︽ | ᠰᠢᠲᠠᠮᠠᠬᠠᠢ ᠬᠡᠢ ᠶᠢᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠢ ᠬᠢᠨᠠᠨ ᠲᠠᠷᠬᠠᠭᠠᠨ᠎ᠠ᠃ | ᠠᠷᠪᠠᠨ ᠲᠤᠯᠤᠳᠤᠭᠠᠷ ᠵᠦᠢᠯ ︽ᠰᠢᠲᠠᠮᠠᠬᠠᠢ ᠬᠡᠢ ᠶᠢᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠤᠨ | ᠬᠦᠴᠦᠨ ᠪᠦᠬᠦᠢ ᠬᠤᠭᠤᠴᠠᠭ᠎ᠠ ᠨᠢ ᠲᠠᠪᠣᠨ ᠵᠢᠯ ᠪᠦᠭᠡᠳ ᠣᠨ ᠤ ᠪᠠᠶᠢᠴᠠᠭᠠᠯᠲᠠ ᠶᠢ ᠬᠡᠷᠡᠭᠵᠢᠬᠦᠯᠦᠨ᠎ᠡ᠂ ᠣᠨ ᠤ | ᠪᠠᠶᠢᠴᠠᠭᠠᠯᠲᠠ ᠶᠢ ᠦᠨᠡᠮᠯᠡᠯ ᠲᠠᠷᠬᠠᠭᠠᠭᠰᠠᠨ ᠪᠠᠶᠢᠭᠤᠯᠭ᠎ᠠ ᠠᠴᠠ ᠬᠠᠷᠢᠭᠤᠴᠠᠨ᠎ᠠ︔ ᠬᠤᠭᠤᠴᠠᠭ᠎ᠠ ᠶᠢ ᠣᠷᠳᠣᠳᠬᠠᠬᠤ | ᠴᠢᠬᠤᠯᠠᠲᠠᠢ ᠪᠣᠯ᠂ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠵᠦᠪᠰᠢᠶᠡᠷᠡᠯ ᠤᠨ ᠦᠨᠡᠮᠯᠡᠯ ᠤᠨ | ᠬᠦᠴᠦᠨ ᠪᠦᠬᠦᠢ ᠬᠤᠭᠤᠴᠠᠭ᠎ᠠ ᠳᠠᠭᠤᠰᠬᠤ ᠠᠴᠠ ᠡᠮᠦᠨ᠎ᠡ ᠭᠤᠴᠢᠨ ᠡᠳᠦᠷ ᠤᠨ ᠲᠣᠲᠣᠷ᠎ᠠ ᠣᠣᠯ ᠤᠨ ᠦᠨᠡᠮᠯᠡᠯ | ᠲᠠᠷᠬᠠᠭᠠᠭᠰᠠᠨ ᠪᠠᠶᠢᠭᠤᠯᠭ᠎ᠠ ᠠᠴᠠ ᠬᠤᠭᠤᠴᠠᠭ᠎ᠠ ᠶᠢ ᠣᠷᠳᠣᠳᠬᠠᠬᠤ ᠭᠠᠷᠳᠠᠮ ᠢ ᠭᠦᠢᠴᠡᠳᠬᠡᠬᠦ ᠪᠠᠷ ᠭᠤᠶᠣᠴᠢᠯᠠᠬᠤ | ᠬᠡᠷᠡᠭᠲᠠᠢ᠃ ᠨᠦᠬᠦᠴᠡᠯ ᠳᠤ ᠨᠡᠶᠢᠴᠡᠪᠡᠯ᠂ ᠵᠦᠪᠰᠢᠶᠡᠷᠡᠯ ᠤᠨ ᠦᠨᠡᠮᠯᠡᠯ ᠢ ᠰᠣᠯᠢᠵᠣ ᠲᠠᠷᠬᠠᠭᠠᠨ᠎ᠠ︔ ᠨᠦᠬᠦᠴᠡᠯ ᠳᠤ | ᠨᠡᠶᠢᠴᠡᠬᠦ ᠦᠭᠡᠢ ᠪᠣᠯ᠂ ᠰᠣᠯᠢᠵᠣ ᠲᠠᠷᠬᠠᠭᠠᠵᠣ ᠦᠭᠬᠦ ᠦᠭᠡᠢ ᠰᠢᠯᠳᠠᠭᠠᠨ ᠢᠶᠠᠨ ᠪᠢᠴᠢᠭ ᠤᠨ ᠬᠡᠯᠪᠡᠷᠢ ᠪᠠᠷ | ᠮᠡᠳᠡᠭᠳᠡᠨ᠎ᠡ᠃ | ᠲᠣᠭᠲᠠᠭᠠᠭᠰᠠᠨ ᠬᠤᠭᠤᠴᠠᠭᠠᠨ ᠲᠣᠲᠣᠷ᠎ᠠ ᠣᠨ ᠤ ᠪᠠᠶᠢᠴᠠᠭᠠᠯᠲᠠ ᠶᠢ ᠭᠦᠢᠴᠡᠳᠬᠡᠭᠰᠡᠨ ᠦᠭᠡᠢ ᠪᠣᠯ᠂ | ᠦᠨᠡᠮᠯᠡᠯ ᠦᠭᠡᠢ ᠪᠠᠷ ᠡᠵᠡᠩᠨᠡᠭᠰᠡᠨ ᠢᠶᠠᠷ ᠦᠵᠡᠨ᠎ᠡ᠃ | ᠠᠷᠪᠠᠨ ᠨᠠᠢᠮᠠᠳᠤᠭᠠᠷ ᠵᠦᠢᠯ ︽ᠰᠢᠲᠠᠮᠠᠬᠠᠢ ᠬᠡᠢ ᠶᠢᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠢ | ᠣᠯᠣᠭᠰᠠᠨ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠬᠡᠢ ᠨᠡᠮᠡᠬᠦ ᠦᠷᠲᠡᠭᠡ᠂ ᠯᠣᠩᠬᠤᠲᠣ | ᠬᠡᠢ ᠶᠢᠨ ᠬᠠᠩᠭᠠᠯᠭ᠎ᠠ ᠶᠢᠨ ᠦᠷᠲᠡᠭᠡ᠂ ᠬᠡᠶᠢᠵᠢᠬᠦᠯᠬᠦ ᠦᠷᠲᠡᠭᠡ ᠵᠡᠷᠭᠡ ᠡᠯ᠎ᠡ ᠲᠦᠷᠦᠯ ᠤᠨ ᠬᠠᠩᠭᠠᠯᠭ᠎ᠠ ᠶᠢᠨ | ᠦᠷᠲᠡᠭᠡ ︵ᠴᠡᠭ︶ ᠶᠢ ᠨᠡᠮᠡᠵᠣ ᠪᠠᠶᠢᠭᠤᠯᠬᠤ ᠪᠣᠶᠣ ᠦᠭᠡᠶᠢᠰᠬᠡᠬᠦ ᠳᠤ᠂ ᠦᠨᠡᠮᠯᠡᠯ ᠲᠠᠷᠬᠠᠭᠠᠭᠰᠠᠨ ᠪᠠᠶᠢᠭᠤᠯᠭ᠎ᠠ ᠳᠤ | ᠵᠦᠪᠰᠢᠶᠡᠷᠡᠯ ᠤᠨ ᠬᠡᠪᠴᠢᠶ᠎ᠡ ᠶᠢ ᠦᠭᠡᠷᠡᠴᠢᠯᠡᠬᠦ ᠪᠠᠷ ᠬᠠᠣᠯᠢ ᠶᠣᠰᠣᠭᠠᠷ ᠭᠤᠶᠣᠴᠢᠯᠠᠬᠤ ᠬᠡᠷᠡᠭᠲᠠᠢ᠂ ᠦᠷᠲᠡᠭᠡ ︵ᠴᠡᠭ | ︶ ᠶᠢ ᠨᠡᠮᠡᠵᠣ ᠪᠠᠶᠢᠭᠤᠯᠬᠤ ᠳᠤ ᠵᠦᠪᠰᠢᠶᠡᠷᠡᠯ ᠤᠨ ᠬᠡᠪᠴᠢᠶ᠎ᠡ ᠶᠢ ᠦᠭᠡᠷᠡᠴᠢᠯᠡᠬᠦ ᠪᠠᠷ ᠭᠤᠶᠣᠴᠢᠯᠠᠭᠰᠠᠨ ᠦᠭᠡᠢ ᠪᠣᠯ᠂ | ᠦᠨᠡᠮᠯᠡᠯ ᠦᠭᠡᠢ ᠪᠠᠷ ᠡᠵᠡᠩᠨᠡᠭᠰᠡᠨ ᠢᠶᠠᠷ ᠪᠠᠶᠢᠴᠠᠭᠠᠨ ᠰᠢᠢᠳᠬᠡᠨ᠎ᠡ᠃ | ᠠᠷᠪᠠ ᠶᠢᠰᠦᠳᠦᠭᠡᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠣᠯᠠᠨ | ᠨᠡᠶᠢᠲᠡ ᠶᠢᠨ ᠬᠠᠷᠢᠭᠤᠴᠠᠯᠭᠠᠲᠣ ᠳᠠᠭᠠᠳᠬᠠᠯ ᠳᠤ ᠣᠷᠣᠬᠤ ᠬᠡᠷᠡᠭᠲᠠᠢ᠃ | ᠬᠤᠷᠢᠳᠤᠭᠠᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠡᠷᠭᠡ ᠲᠡᠭᠰᠢ ᠬᠠᠷᠢᠯᠴᠠᠨ | ᠠᠰᠢᠭ ᠬᠦᠷᠲᠡᠭᠡᠬᠦ᠂ ᠠᠮᠣᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠪᠠ ᠵᠦᠪᠳᠡᠯᠴᠡᠨ ᠨᠢᠭᠡᠳᠦᠯᠴᠡᠬᠦ | ᠵᠠᠷᠴᠢᠮ ᠢᠶᠠᠷ ᠰᠢᠲᠠᠮᠠᠬᠠᠢ ᠬᠡᠢ ᠶᠢᠨ ᠬᠠᠩᠭᠠᠯᠭ᠎ᠠ ᠬᠡᠷᠡᠭᠴᠡᠭᠡ ᠶᠢᠨ ᠲᠡᠩᠴᠡᠬᠦᠷᠢ ᠵᠢᠴᠢ ᠠᠶᠣᠯᠬᠦᠢ ᠬᠠᠩᠭᠠᠯᠭ᠎ᠠ ᠶᠢ | ᠪᠠᠲᠣᠯᠠᠵᠣ᠂ ᠣᠨ ᠤ ᠪᠠ ᠣᠯᠠᠷᠢᠯ ᠤᠨ ᠦᠢᠯᠡᠳᠪᠦᠷᠢᠯᠡᠯ ᠬᠠᠩᠭᠠᠯᠭ᠎ᠠ ᠶᠢᠨ ᠲᠦᠯᠦᠪᠯᠡᠭᠡ ᠶᠢ ᠬᠤᠲᠠ ᠶᠢᠨ ᠰᠢᠲᠠᠮᠠᠬᠠᠢ | ᠬᠡᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠳᠠᠩᠰᠠᠯᠠᠭᠤᠯᠬᠤ ᠪᠠᠷ ᠮᠡᠳᠡᠬᠦᠯᠬᠦ | ᠬᠡᠷᠡᠭᠲᠠᠢ᠃ | ᠬᠤᠷᠢᠨ ᠨᠢᠭᠡᠳᠦᠭᠡᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠬᠤᠲᠠ ᠶᠢᠨ | ᠶᠠᠪᠣᠳᠠᠯ ᠤᠨ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠪᠦᠷᠬᠦᠯᠲᠡ ᠶᠢᠨ ᠬᠡᠪᠴᠢᠶᠡᠨ ᠲᠣᠲᠣᠷᠠᠬᠢ ᠬᠡᠢ ᠬᠡᠷᠡᠭᠯᠡᠬᠦ | ᠨᠦᠬᠦᠴᠡᠯ ᠳᠤ ᠨᠡᠶᠢᠴᠡᠭᠰᠡᠨ ᠬᠡᠷᠡᠭᠯᠡᠭᠴᠢᠳ ᠲᠤ ᠬᠡᠢ ᠬᠠᠩᠭᠠᠬᠤ ᠡᠬᠦᠷᠭᠡ ᠲᠠᠢ᠂ ᠰᠢᠲᠠᠮᠠᠬᠠᠢ ᠬᠡᠢ ᠶᠢᠨ | ᠡᠵᠡᠩᠨᠡᠯᠲᠡ ᠶᠢᠨ ᠠᠵᠣ ᠠᠬᠤᠶᠢᠯᠠᠯ ᠨᠢ ᠬᠡᠢ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠬᠡᠷᠡᠭᠯᠡᠭᠴᠢᠳ ᠲᠤ ᠬᠡᠢ | ᠬᠠᠩᠭᠠᠵᠣ ᠪᠣᠯᠬᠤ ᠦᠭᠡᠢ᠃ | ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠬᠡᠢ ᠬᠡᠷᠡᠭᠯᠡᠬᠦ ᠭᠤᠶᠣᠴᠢᠯᠠᠯ ᠢ ᠬᠦᠯᠢᠶᠠᠨ | ᠠᠪᠬᠤ ᠦᠶᠡᠰ᠂ ᠲᠣᠰ ᠠᠵᠣ ᠠᠬᠤᠶᠢᠯᠠᠯ ᠪᠣᠶᠣ ᠲᠣᠭᠲᠠᠭᠠᠭᠰᠠᠨ ᠨᠢᠭᠡᠴᠢ ᠶᠢᠨ ᠦᠢᠯᠡᠳᠪᠦᠷᠢᠯᠡᠵᠣ᠂ ᠪᠣᠷᠣᠯᠠᠭᠤᠯᠣᠨ | ᠬᠤᠳᠠᠯᠳᠣᠵᠣ ᠪᠠᠶᠢᠭ᠎ᠠ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠰᠠᠪᠠ ᠬᠡᠷᠡᠭᠰᠡᠯ ᠪᠠ ᠬᠤᠯᠪᠣᠭᠳᠠᠯ ᠪᠦᠬᠦᠢ | ᠪᠦᠲᠦᠭᠡᠭᠳᠡᠬᠦᠨ ᠢ ᠬᠡᠷᠡᠭᠯᠡᠭᠴᠢᠳ ᠢᠶᠠᠷ ᠬᠤᠳᠠᠯᠳᠣᠨ ᠠᠪᠣᠭᠤᠯᠬᠤ ᠪᠠᠷ ᠬᠢᠵᠠᠭᠠᠷᠯᠠᠨ ᠲᠣᠭᠲᠠᠭᠠᠵᠣ ᠪᠣᠯᠬᠤ ᠦᠭᠡᠢ︔ | ᠲᠣᠰ ᠠᠵᠣ ᠠᠬᠤᠶᠢᠯᠠᠯ ᠪᠣᠶᠣ ᠵᠢᠭᠠᠨ ᠲᠣᠭᠲᠠᠭᠠᠭᠰᠠᠨ ᠣᠭᠰᠠᠷᠠᠬᠤ ᠪᠠᠶᠢᠭᠤᠯᠭ᠎ᠠ ᠳᠤ ᠨᠠᠶᠢᠳᠠᠵᠣ᠂ ᠰᠢᠲᠠᠮᠠᠬᠠᠢ | ᠬᠡᠢ ᠶᠢᠨ ᠰᠢᠲᠠᠭᠠᠯᠭ᠎ᠠ ᠶᠢᠨ ᠰᠠᠪᠠ ᠬᠡᠷᠡᠭᠰᠡᠯ ᠣᠭᠰᠠᠷᠠᠭᠤᠯᠬᠤ ᠪᠠᠷ ᠬᠡᠷᠡᠭᠯᠡᠭᠴᠢᠳ ᠢ ᠬᠢᠵᠠᠭᠠᠷᠯᠠᠵᠣ ᠪᠣᠯᠬᠤ ᠦᠭᠡᠢ︔ | ᠲᠣᠭᠲᠠᠭᠠᠯ ᠠᠴᠠ ᠵᠦᠷᠢᠴᠡᠨ ᠰᠦᠢᠳᠬᠡᠯ ᠬᠤᠷᠢᠶᠠᠵᠣ ᠪᠣᠯᠬᠤ ᠦᠭᠡᠢ᠃ | ᠬᠤᠷᠢᠨ ᠬᠤᠶᠠᠳᠤᠭᠠᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠬᠠᠩᠭᠠᠵᠣ | ᠪᠠᠶᠢᠭ᠎ᠠ ᠰᠢᠲᠠᠮᠠᠬᠠᠢ ᠬᠡᠢ ᠶᠢᠨ ᠴᠢᠨᠠᠷ ᠴᠢᠨᠰᠠᠭ᠎ᠠ ᠣᠯᠣᠰ ᠤᠨ ᠪᠠᠷᠢᠮᠵᠢᠶ᠎ᠠ ᠳᠤ ᠬᠦᠷᠬᠦ ᠶᠢ ᠪᠠᠲᠣᠯᠠᠬᠤ ᠬᠡᠷᠡᠭᠲᠠᠢ᠃ | ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠰᠢᠲᠠᠮᠠᠬᠠᠢ ᠬᠡᠢ ᠶᠢᠨ ᠲᠠᠷᠣᠴᠠ᠂ ᠰᠢᠲᠠᠮᠠᠬᠠᠢ | ᠬᠡᠢ ᠶᠢᠨ ᠯᠣᠩᠬᠤᠨ ᠳᠤ ᠰᠠᠪᠠᠯᠠᠭᠰᠠᠨ ᠬᠦᠨᠳᠦᠴᠡ ᠵᠢᠴᠢ ᠦᠯᠡᠳᠡᠪᠦᠷᠢ ᠰᠢᠩᠬᠡᠨ ᠤ ᠣᠯᠣᠰ ᠤᠨ ᠪᠡᠷᠢᠮᠵᠢᠶ᠎ᠡ ᠳᠤ | ᠨᠡᠶᠢᠴᠡᠬᠦ ᠶᠢ ᠪᠠᠲᠣᠯᠠᠬᠤ ᠬᠡᠷᠡᠭᠲᠠᠢ᠃ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠰᠢᠲᠠᠮᠠᠬᠠᠢ ᠬᠡᠢ ᠶᠢᠨ ᠪᠦᠷᠢᠯᠳᠦᠬᠦᠨ᠂ ᠢᠯᠴᠢ ᠶᠢᠨ ᠬᠡᠮᠵᠢᠭᠳᠡᠯ᠂ ᠳᠠᠷᠣᠴᠠ ᠪᠠ ᠰᠢᠲᠠᠮᠠᠬᠠᠢ ᠬᠡᠢ ᠶᠢᠨ | ᠯᠣᠩᠬᠤᠨ ᠳᠤ ᠰᠠᠪᠠᠯᠠᠭᠰᠠᠨ ᠬᠦᠨᠳᠦᠴᠡ᠂ ᠦᠯᠡᠳᠡᠪᠦᠷᠢ ᠰᠢᠩᠭᠡᠨ ᠤ ᠬᠦᠨᠳᠦᠴᠡ ᠳᠤ ᠲᠣᠭᠲᠠᠭᠰᠠᠨ | ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠯᠲᠠ ᠬᠢᠬᠦ ᠬᠡᠷᠡᠭᠲᠠᠢ᠃ | ᠬᠤᠷᠢᠨ ᠭᠤᠷᠪᠠᠳᠤᠭᠠᠷ ᠵᠦᠢᠯ ᠰᠢᠲᠠᠮᠠᠬᠠᠢ ᠬᠡᠢ ᠶᠢᠨ ᠬᠡᠮᠵᠢᠯᠲᠡ ᠳᠤ ᠣᠯᠣᠰ ᠤᠨ ᠬᠡᠮᠵᠢᠯᠲᠡ ᠶᠢᠨ | ᠪᠠᠷᠢᠮᠵᠢᠶ᠎ᠠ ᠳᠤ ᠨᠡᠶᠢᠴᠡᠬᠦ ᠰᠢᠲᠠᠮᠠᠬᠠᠢ ᠬᠡᠢ ᠶᠢᠨ ᠬᠡᠮᠵᠢᠯᠲᠡ ᠶᠢᠨ ᠲᠣᠨᠣᠭᠯᠠᠯ ᠢ ᠬᠡᠷᠡᠭᠯᠡᠵᠣ᠂ ᠬᠡᠷᠡᠭᠯᠡᠭᠴᠢ ᠶᠢᠨ ᠬᠡᠢ | ᠬᠡᠷᠡᠭᠯᠡᠭᠰᠡᠨ ᠬᠡᠮᠵᠢᠶ᠎ᠡ ᠶᠢ ᠰᠢᠲᠠᠮᠠᠬᠠᠢ ᠬᠡᠢ ᠶᠢᠨ ᠬᠡᠮᠵᠢᠯᠲᠡ ᠶᠢᠨ ᠲᠣᠨᠣᠭᠯᠠᠯ ᠳᠤ ᠢᠯᠡᠷᠡᠭᠰᠡᠨ ᠲᠤᠭ᠎ᠠ ᠪᠠᠷᠢᠮᠲᠠ ᠪᠠᠷ | ᠦᠨᠳᠦᠰᠦ ᠪᠠᠷᠢᠮᠲᠠ ᠪᠣᠯᠭᠠᠨ᠎ᠠ᠃ ᠰᠢᠲᠠᠮᠠᠬᠠᠢ ᠬᠡᠢ ᠶᠢᠨ ᠬᠡᠮᠵᠢᠯᠲᠡ ᠶᠢᠨ ᠲᠣᠨᠣᠭᠯᠠᠯ ᠢ ᠬᠢᠷᠢ ᠬᠡᠮ ᠪᠦᠬᠦᠢ ᠰᠢᠯᠭᠠᠨ | ᠪᠠᠶᠢᠴᠠᠭᠠᠬᠤ ᠪᠠᠶᠢᠭᠤᠯᠣᠮᠵᠢ ᠠᠴᠠ ᠣᠷᠢᠳᠴᠢᠯᠠᠨ ᠰᠢᠯᠭᠠᠨ ᠪᠠᠶᠢᠴᠠᠭᠠᠨ᠎ᠠ᠃ | ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠪᠣᠶᠣ ᠬᠡᠷᠡᠭᠯᠡᠭᠴᠢ ᠨᠢ ᠰᠢᠲᠠᠮᠠᠬᠠᠢ ᠬᠡᠢ ᠶᠢᠨ | ᠬᠡᠮᠵᠢᠯᠲᠡ ᠶᠢᠨ ᠲᠤᠭ᠎ᠠ ᠪᠠᠷᠢᠮᠲᠠ ᠳᠤ ᠣᠨᠳᠣᠣ ᠰᠠᠨᠠᠯ ᠲᠠᠢ ᠪᠣᠯ᠂ ᠬᠤᠶᠠᠷ ᠲᠠᠯ᠎ᠠ ᠠᠴᠠ ᠲᠣᠰᠬᠠᠢ ᠮᠡᠷᠭᠡᠵᠢᠯ ᠤᠨ | ᠰᠢᠯᠭᠠᠨ ᠪᠠᠶᠢᠴᠠᠭᠠᠬᠤ ᠪᠠᠶᠢᠭᠤᠯᠣᠮᠵᠢ ᠳᠤ ᠨᠠᠶᠢᠳᠠᠵᠣ ᠪᠠᠶᠢᠴᠠᠭᠠᠨ ᠲᠣᠭᠲᠠᠭᠠᠯᠭᠠᠵᠣ ᠪᠣᠯᠬᠤ ᠶᠢᠨ ᠬᠠᠮᠲᠣ ᠰᠢᠯᠭᠠᠨ | ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠰᠢᠲᠠᠮᠠᠬᠠᠢ ᠬᠡᠢ ᠶᠢ ᠬᠡᠷᠡᠭᠯᠡᠭᠰᠡᠨ ᠰᠦᠢᠳᠬᠡᠯ ᠢ ᠪᠣᠴᠠᠭᠠᠬᠤ ᠪᠣᠶᠣ | ᠨᠦᠬᠦᠪᠦᠷᠢᠯᠡᠵᠣ᠂ ᠰᠢᠯᠭᠠᠨ ᠪᠠᠶᠢᠴᠠᠭᠠᠬᠤ ᠰᠦᠢᠳᠬᠡᠯ ᠢ ᠬᠠᠷᠢᠭᠤᠴᠠᠯᠭ᠎ᠠ ᠪᠦᠬᠦᠢ ᠲᠠᠯ᠎ᠠ ᠠᠴᠠ ᠡᠬᠦᠷᠭᠡᠯᠡᠨ᠎ᠡ᠃ | ᠬᠤᠷᠢᠨ ᠲᠦᠷᠪᠡᠳᠦᠭᠡᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠰᠢᠲᠠᠮᠠᠬᠠᠢ | ᠬᠡᠢ ᠶᠢᠨ ᠬᠤᠭᠤᠯᠠᠢ ᠲᠣᠣᠷ᠂ ᠴᠢᠬᠤᠯᠠ ᠪᠦᠬᠦᠢ ᠰᠢᠲᠠᠮᠠᠬᠠᠢ ᠬᠡᠢ ᠶᠢᠨ ᠲᠦᠬᠦᠭᠡᠷᠦᠮᠵᠢ ᠪᠠ ᠰᠢᠲᠠᠮᠠᠬᠠᠢ ᠬᠡᠢ ᠶᠢᠨ | ᠠᠮᠣᠷ ᠲᠦᠪᠰᠢᠨ ᠤ ᠬᠠᠮᠢᠶᠠᠷᠣᠯᠲᠠ ᠶᠢᠨ ᠭᠤᠣᠯᠳᠠᠯᠭᠠᠲᠣ ᠬᠡᠰᠡᠭ ᠲᠤ ᠠᠮᠣᠷ ᠲᠦᠪᠰᠢᠨ ᠤ ᠬᠢᠨᠠᠨ ᠡᠵᠡᠮᠳᠡᠬᠦ | ᠲᠣᠨᠣᠭᠯᠠᠯ ᠢ ᠣᠭᠰᠠᠷᠠᠵᠣ᠂ ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ ᠠᠮᠣᠷ ᠲᠦᠪᠰᠢᠨ ᠤ ᠬᠢᠨᠠᠨ ᠡᠵᠡᠮᠳᠡᠬᠦ | ᠲᠣᠭᠠᠵᠢᠭᠤᠯᠣᠭᠰᠠᠨ ᠵᠢᠯᠣᠭᠤᠳᠣᠨ ᠲᠣᠬᠢᠷᠠᠭᠤᠯᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠠᠢ᠃ | ᠬᠤᠷᠢᠨ ᠲᠠᠪᠤᠳᠤᠭᠠᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠰᠢᠲᠠᠮᠠᠬᠠᠢ | ᠬᠡᠢ ᠶᠢᠨ ᠴᠢᠨᠠᠷ ᠴᠢᠨᠰᠠᠭ᠎ᠠ᠂ ᠳᠠᠷᠣᠴᠠ ᠪᠠ ᠬᠡᠮᠵᠢᠯᠲᠡ ᠶᠢᠨ ᠣᠯᠣᠰ ᠤᠨ ᠪᠠᠷᠢᠮᠵᠢᠶ᠎ᠠ ᠶᠣᠰᠣᠭᠠᠷ ᠬᠡᠷᠡᠭᠯᠡᠭᠴᠢᠳ ᠲᠤ | ᠲᠠᠰᠣᠯᠳᠠᠯ ᠦᠭᠡᠢ ᠪᠠᠷ ᠬᠡᠢ ᠬᠠᠩᠭᠠᠬᠤ ᠬᠡᠷᠡᠭᠲᠠᠢ᠂ ᠠᠰᠳᠠᠭᠠᠨ ᠪᠣᠯᠵᠣᠭᠰᠠᠨ ᠲᠣᠭᠲᠠᠭᠠᠯ ᠲᠠᠢ ᠪᠣᠯ ᠲᠡᠷᠡ | ᠲᠣᠭᠲᠠᠭᠠᠯ ᠶᠣᠰᠣᠭᠠᠷ ᠶᠠᠪᠣᠭᠳᠠᠭᠤᠯᠣᠨ᠎ᠠ᠃ | ᠰᠢᠲᠠᠮᠠᠬᠠᠢ ᠬᠡᠢ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠪᠣᠶᠣ ᠰᠢᠲᠠᠮᠠᠬᠠᠢ ᠬᠡᠢ ᠶᠢᠨ | ᠲᠦᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠠᠴᠠ ᠪᠣᠯᠵᠣ ᠦᠨᠡᠨ ᠬᠦ ᠬᠡᠢ ᠬᠠᠩᠭᠠᠬᠤ ᠪᠠᠨ ᠲᠦᠷ ᠵᠣᠭᠰᠣᠭᠠᠬᠤ | ᠪᠣᠶᠣ ᠳᠠᠷᠣᠴᠠ ᠪᠠᠨ ᠪᠠᠭᠤᠷᠠᠭᠤᠯᠬᠤ ᠴᠢᠬᠤᠯᠠᠲᠠᠢ ᠪᠣᠯ᠂ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ | ᠠᠬᠤᠶᠢᠯᠠᠯ ᠨᠢ ᠳᠦᠴᠢᠨ ᠨᠠᠢᠮᠠᠨ ᠴᠠᠭ ᠤᠨ ᠡᠮᠦᠨ᠎ᠡ ᠵᠠᠷ ᠨᠡᠶᠢᠲᠡᠯᠡᠬᠦ ᠪᠣᠶᠣ ᠪᠢᠴᠢᠭ ᠤᠨ ᠬᠡᠯᠪᠡᠷᠢ ᠪᠠᠷ | ᠬᠡᠷᠡᠭᠯᠡᠭᠴᠢᠳ ᠲᠤ ᠮᠡᠳᠡᠭᠳᠡᠬᠦ ᠶᠢᠨ ᠬᠠᠮᠲᠣ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠠᠭ ᠳᠠᠷᠣᠢ ᠳᠤᠨᠢ ᠬᠡᠪ ᠤᠨ | ᠬᠡᠢ ᠬᠠᠩᠭᠠᠯᠭ᠎ᠠ ᠶᠢ ᠰᠡᠷᠬᠦᠬᠡᠬᠦ ᠬᠡᠷᠡᠭᠲᠠᠢ᠃ ᠨᠡᠯᠢᠶᠡᠳ ᠶᠡᠭᠡ ᠬᠡᠮᠵᠢᠶ᠎ᠡ ᠪᠠᠷ ᠬᠡᠢ ᠬᠠᠩᠭᠠᠬᠤ ᠪᠠᠨ ᠲᠦᠷ ᠵᠣᠭᠰᠣᠭᠠᠬᠤ | ᠪᠣᠶᠣ ᠳᠠᠷᠣᠴᠠ ᠪᠠᠭᠤᠷᠠᠭᠤᠯᠬᠤ ᠴᠢᠬᠤᠯᠠᠲᠠᠢ ᠪᠣᠯ᠂ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ | ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠳᠠᠩᠰᠠᠯᠠᠭᠤᠯᠬᠤ ᠬᠡᠷᠡᠭᠲᠠᠢ᠃ | | ᠬᠤᠷᠢᠭᠯᠠᠭᠳᠠᠰᠢ ᠦᠭᠡᠢ ᠬᠦᠴᠦᠨ ᠵᠦᠢᠯ ᠪᠣᠶᠣ ᠰᠢᠲᠠᠮᠠᠬᠠᠢ ᠬᠡᠢ ᠶᠢᠨ ᠲᠦᠬᠦᠭᠡᠷᠦᠮᠵᠢ ᠶᠢ ᠱᠠᠯᠠᠪᠳᠠᠨ | ᠵᠠᠰᠠᠬᠤ ᠵᠡᠷᠭᠡ ᠬᠡᠨᠡᠳᠲᠡ ᠶᠢᠨ ᠬᠡᠷᠡᠭ ᠶᠠᠪᠣᠳᠠᠯ ᠤᠨ ᠪᠠᠴᠢᠮ ᠪᠠᠶᠢᠳᠠᠯ ᠠᠴᠠ ᠪᠣᠯᠵᠣ ᠦᠨᠡᠨ ᠬᠦ ᠬᠡᠢ ᠬᠠᠩᠭᠠᠬᠤ ᠶᠢ | ᠲᠦᠷ ᠵᠣᠭᠰᠣᠭᠠᠬᠤ ᠪᠣᠶᠣ ᠳᠠᠷᠣᠴᠠ ᠪᠠᠭᠤᠷᠠᠭᠤᠯᠬᠤ ᠴᠢᠬᠤᠯᠠᠲᠠᠢ ᠪᠣᠯ᠂ ᠰᠢᠲᠠᠮᠠᠬᠠᠢ ᠬᠡᠢ ᠶᠢᠨ ᠡᠵᠡᠩᠨᠡᠯᠲᠡ ᠶᠢᠨ | ᠠᠵᠣ ᠠᠬᠤᠶᠢᠯᠠᠯ ᠠᠴᠠ ᠴᠠᠭ ᠳᠠᠷᠣᠢ ᠳᠤᠨᠢ ᠬᠡᠷᠡᠭᠯᠡᠭᠴᠢᠳ ᠲᠤ ᠮᠡᠳᠡᠭᠳᠡᠬᠦ ᠶᠢᠨ ᠬᠠᠮᠲᠣ ᠰᠢᠲᠠᠮᠠᠬᠠᠢ ᠬᠡᠢ ᠶᠢᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠣ᠂ ᠲᠠᠰᠣᠯᠳᠠᠯ ᠦᠭᠡᠢ ᠱᠠᠯᠠᠪᠳᠠᠨ ᠵᠠᠰᠠᠬᠤ | ᠠᠷᠭ᠎ᠠ ᠬᠡᠮᠵᠢᠶ᠎ᠡ ᠠᠪᠴᠣ᠂ ᠬᠡᠪ ᠤᠨ ᠬᠡᠢ ᠬᠠᠩᠭᠠᠯᠭ᠎ᠠ ᠶᠢ ᠰᠡᠷᠬᠦᠬᠡᠬᠦ ᠬᠡᠷᠡᠭᠲᠠᠢ᠃ | ᠬᠤᠷᠢᠨ ᠵᠢᠷᠭᠤᠳᠤᠭᠠᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠣ ᠠᠬᠤᠶᠢᠯᠠᠯ ᠨᠢ ᠰᠢᠲᠠᠮᠠᠬᠠᠢ | ᠬᠡᠢ ᠶᠢᠨ ᠬᠡᠢ ᠬᠠᠩᠭᠠᠬᠤ ᠦᠷᠲᠡᠭᠡ ᠴᠡᠭ ᠢ ᠲᠣᠷ᠎ᠠ ᠪᠠᠷ ᠬᠠᠭᠠᠬᠤ ᠪᠣᠶᠣ ᠰᠢᠯᠵᠢᠬᠦᠯᠵᠣ ᠪᠣᠯᠬᠤ ᠦᠭᠡᠢ᠃ | ᠡᠵᠡᠩᠨᠡᠯᠲᠡ ᠶᠢᠨ ᠪᠠᠶᠢᠳᠠᠯ ᠪᠣᠶᠣ ᠬᠡᠷᠡᠭᠯᠡᠭᠴᠢᠳ ᠤᠨ ᠬᠡᠷᠡᠭᠴᠡᠭᠡ ᠳᠤ ᠨᠡᠯᠢᠶᠡᠳ ᠶᠡᠭᠡ ᠬᠤᠪᠢᠷᠠᠯᠲᠠ ᠭᠠᠷᠴᠣ ᠦᠨᠡᠨ | ᠬᠦ ᠬᠠᠭᠠᠬᠤ ᠪᠣᠶᠣ ᠰᠢᠯᠵᠢᠬᠦᠯᠬᠦ ᠴᠢᠬᠤᠯᠠᠲᠠᠢ ᠠᠴᠠ ᠪᠣᠯᠵᠣ ᠠᠵᠢᠯ ᠵᠣᠭᠰᠣᠭᠠᠵᠣ᠂ ᠠᠮᠠᠷᠠᠭᠠᠬᠤ ᠪᠣᠯ᠂ ᠣᠷᠢᠳᠠᠪᠠᠷ | ᠬᠡᠢ ᠬᠠᠩᠭᠠᠬᠤ ᠬᠡᠪᠴᠢᠶᠡᠨ ᠲᠣᠲᠣᠷᠠᠬᠢ ᠭᠡᠷᠡᠭᠯᠡᠭᠴᠢᠳ ᠤᠨ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠬᠡᠷᠡᠭ | ᠶᠠᠪᠣᠳᠠᠯ ᠢ ᠵᠣᠬᠢᠰᠲᠠᠢ ᠲᠣᠬᠢᠷᠠᠭᠤᠯᠬᠤ ᠶᠢᠨ ᠬᠠᠮᠲᠣ 90 ᠠᠵᠢᠯᠯᠠᠬᠤ ᠡᠳᠦᠷ ᠤᠨ ᠡᠮᠦᠨ᠎ᠡ ᠰᠢᠲᠠᠮᠠᠬᠠᠢ ᠬᠡᠢ ᠶᠢᠨ | ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠠᠶᠣᠯᠬᠦᠢ ᠶᠢᠨ ᠪᠠᠲᠣᠯᠠᠭ᠎ᠠ ᠪᠠ ᠬᠠᠩᠭᠠᠯᠭ᠎ᠠ ᠶᠢᠨ | ᠠᠷᠭ᠎ᠠ ᠬᠡᠮᠵᠢᠶ᠎ᠡ ᠪᠠᠨ ᠮᠡᠳᠡᠬᠦᠯᠵᠣ᠂ ᠵᠦᠪᠰᠢᠶᠡᠷᠡᠯ ᠢ ᠣᠯᠣᠭᠰᠠᠨ ᠤ ᠳᠠᠷᠠᠭ᠎ᠠ ᠰᠠᠶ᠋ᠢ ᠦᠷᠲᠡᠭᠡ ᠴᠡᠭ ᠤᠨ ᠠᠵᠢᠯ | ᠵᠣᠭᠰᠣᠭᠠᠬᠤ᠂ ᠠᠵᠢᠯ ᠠᠮᠠᠷᠠᠭᠠᠬᠤ ᠭᠠᠷᠳᠠᠮ ᠢ ᠭᠦᠢᠴᠡᠳᠬᠡᠵᠣ ᠪᠣᠯᠣᠨ᠎ᠠ᠃ | ᠬᠤᠷᠢᠨ ᠲᠤᠯᠤᠳᠤᠭᠠᠷ ᠵᠦᠢᠯ ᠬᠤᠭᠤᠯᠠᠶᠢᠲᠤ ᠰᠢᠲᠠᠮᠠᠬᠠᠢ ᠭᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ | ᠲᠤᠤᠷᠠᠬᠢ ᠲᠤᠭᠲᠠᠭᠠᠯ ᠢ ᠵᠢᠷᠤᠮᠯᠠᠬᠤ ᠬᠡᠷᠡᠭᠲᠠᠢ᠄ | ︵ᠨᠢᠭᠡ︶ ᠰᠢᠲᠠᠮᠠᠬᠠᠢ ᠭᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ ᠬᠡᠷᠡᠭᠯᠡᠭᠴᠢ ᠳᠤ ᠰᠢᠲᠠᠮᠠᠬᠠᠢ ᠭᠡᠢ | ᠬᠠᠩᠭᠠᠬᠤ ᠠᠴᠠ ᠡᠮᠦᠨ᠎ᠡ᠂ ᠤᠯᠤᠰ ᠤᠨ ᠬᠠᠤᠯᠢ ᠴᠠᠭᠠᠵᠠ᠂ ᠬᠠᠤᠯᠢ ᠲᠤᠭᠲᠠᠭᠠᠯ ᠤᠨ ᠲᠤᠭᠲᠠᠭᠠᠯ ᠢ ᠦᠨᠳᠦᠰᠦᠯᠡᠵᠤ | ᠬᠡᠷᠡᠭᠯᠡᠭᠴᠢ ᠲᠠᠢ ᠬᠡᠢ ᠬᠠᠩᠭᠠᠬᠤ ᠭᠡᠷ᠎ᠡ ᠲᠤᠭᠲᠠᠭᠠᠵᠤ᠂ ᠬᠡᠷᠡᠭᠯᠡᠭᠴᠢ ᠳᠤ ᠬᠡᠢ ᠬᠡᠷᠡᠭᠯᠡᠬᠦ ᠦᠨᠡᠮᠯᠡᠯ ᠢ ᠬᠠᠩᠭᠠᠵᠤ᠂ | ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ ᠲᠤᠳᠤᠷᠬᠠᠶᠢᠯᠠᠬᠤ ᠬᠡᠷᠡᠭᠲᠠᠢ︔ | ︵ᠬᠤᠶᠠᠷ︶ ᠬᠡᠷᠡᠭᠯᠡᠭᠴᠢ ᠶᠢᠨ ᠰᠤᠷᠠᠭ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠬᠡᠷᠡᠭᠯᠡᠬᠦ ᠦᠮᠴᠢᠲᠡᠨ | ᠂ ᠬᠡᠷᠡᠭᠯᠡᠭᠴᠢ ᠶᠢᠨ ᠦᠨᠳᠦᠰᠦᠨ ᠪᠠᠶᠢᠳᠠᠯ᠂ ᠬᠤᠯᠪᠤᠬᠤ ᠬᠤᠭᠤᠯᠠᠢ᠂ ᠰᠢᠲᠠᠭᠠᠯᠭ᠎ᠠ ᠶᠢᠨ ᠪᠠᠭᠠᠵᠢ ᠬᠡᠷᠡᠭᠰᠡᠯ ᠤᠨ | ᠬᠡᠷᠡᠭᠯᠡᠬᠦ ᠴᠠᠭ ᠤᠨ ᠬᠢᠵᠠᠭᠠᠷ ᠵᠡᠷᠭᠡ ᠰᠤᠷᠠᠭ ᠵᠠᠩᠭᠢ ᠶᠢ ᠲᠠᠩᠰᠠᠯᠠᠬᠤ ᠶᠢᠨ ᠬᠠᠮᠲᠤ ᠴᠠᠭ ᠲᠤᠬᠠᠢ ᠳᠤᠨᠢ ᠰᠢᠨᠡᠳᠭᠡᠬᠦ | ᠬᠡᠷᠡᠭᠲᠠᠢ︔ | ︵ᠭᠤᠷᠪᠡ︶ ᠬᠡᠷᠡᠭᠯᠡᠭᠴᠢ ᠶᠢᠨ ᠡᠷᠦᠭᠡ ᠳᠤ ᠤᠷᠤᠬᠤ ᠠᠶᠤᠯᠭᠦᠢ ᠶᠢᠨ ᠪᠠᠶᠢᠴᠠᠭᠠᠯᠲᠠ ᠶᠢᠨ ᠠᠵᠢᠯᠯᠠᠭᠠᠨ ᠤ | ᠲᠦᠷᠢᠮᠵᠢᠯ ᠪᠠ ᠤᠨ ᠤ ᠲᠦᠯᠦᠪᠯᠡᠭᠡ ᠲᠤᠭᠲᠠᠭᠠᠬᠤ ᠶᠢᠨ ᠬᠠᠮᠲᠤ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠲᠠᠩᠰᠠᠯᠠᠭᠤᠯᠤᠨᠡ︔ ᠪᠠᠶᠢᠭᠤᠯᠭ᠎ᠠ ᠨᠢᠭᠡᠴᠢ ᠪᠤᠯᠬᠤ | ᠬᠡᠷᠡᠭᠯᠡᠭᠴᠢ ᠳᠤ ᠵᠢᠷᠭᠤᠭᠠᠨ ᠰᠠᠷ᠎ᠠ ᠪᠦᠷᠢ ᠳᠤ ᠨᠢᠭᠡ ᠤᠳᠠᠭ᠎ᠠ ᠠᠴᠠ ᠴᠦᠭᠡᠨ ᠪᠤᠰᠤ ᠠᠶᠤᠯᠭᠦᠢ ᠶᠢᠨ ᠪᠠᠶᠢᠴᠠᠭᠠᠯᠲᠠ | ᠬᠢᠵᠤ᠂ ᠰᠠᠭᠤᠭᠠᠯᠢ ᠠᠷᠠᠳ ᠬᠡᠷᠡᠭᠯᠡᠭᠴᠢ ᠳᠤ ᠵᠢᠯ ᠪᠤᠯᠭᠠᠨ ᠨᠢᠭᠡ ᠤᠳᠠᠭ᠎ᠠ ᠠᠴᠠ ᠴᠦᠭᠡᠨ ᠪᠤᠰᠤ ᠠᠶᠤᠯᠭᠦᠢ ᠶᠢᠨ | ᠪᠠᠶᠢᠴᠠᠭᠠᠯᠲᠠ ᠬᠢᠵᠤ᠂ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠪᠢᠴᠢᠭ ᠤᠨ ᠬᠡᠯᠪᠡᠷᠢ ᠪᠠᠷ ᠬᠡᠷᠡᠭᠯᠡᠭᠴᠢ ᠳᠤ | ᠮᠡᠳᠡᠭᠳᠡᠬᠦ ᠶᠢᠨ ᠬᠠᠮᠲᠤ ᠬᠡᠷᠡᠭᠯᠡᠭᠴᠢ ᠳᠤ ᠠᠶᠤᠯᠭᠦᠢ ᠭᠡᠢ ᠬᠡᠷᠡᠭᠯᠡᠬᠦ ᠵᠢᠯᠤᠭᠤᠳᠤᠯᠭ᠎ᠠ ᠬᠢᠵᠤ᠂ ᠬᠡᠷᠡᠭᠯᠡᠭᠴᠢ ᠳᠤ | ᠠᠶᠤᠯᠭᠦᠢ ᠬᠡᠢ ᠬᠡᠷᠡᠭᠯᠡᠬᠦ ᠭᠠᠷ ᠲᠡᠪᠲᠡᠷ ᠲᠠᠷᠬᠠᠭᠠᠨ᠎ᠠ︔ ᠡᠷᠦᠬᠡ ᠳᠤ ᠬᠦᠷᠴᠤ ᠦᠢᠯᠡᠴᠢᠯᠡᠬᠦ ᠪᠠ ᠠᠮᠤᠷ ᠲᠦᠪᠰᠢᠨ ᠤ | ᠪᠠᠶᠢᠴᠠᠭᠠᠯᠲᠠ ᠬᠢᠬᠦ ᠦᠶᠡᠰ᠂ ᠠᠵᠢᠯᠲᠡᠨ ᠨᠢᠭᠡᠲᠦᠯᠲᠠᠢ ᠲᠡᠮᠳᠡᠭ ᠢᠶᠠᠨ ᠵᠡᠭᠦᠭᠦ ᠶᠢᠨ ᠬᠠᠮᠲᠤ ᠬᠦᠴᠦᠨ ᠪᠦᠬᠦᠢ | ᠠᠵᠢᠯ ᠤᠨ ᠦᠨᠡᠮᠯᠡᠯ ᠢᠶᠠᠨ ᠭᠠᠷᠭᠠᠬᠤ ᠬᠡᠷᠡᠭᠲᠠᠢ︔ | ︵ᠲᠦᠷᠪᠡ︶ ᠰᠢᠲᠠᠮᠠᠬᠠᠢ ᠭᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠡᠷᠦᠭᠡ ᠳᠤ ᠬᠦᠷᠴᠤ | ᠪᠠᠶᠢᠴᠠᠭᠠᠬᠤ ᠳᠤ ᠬᠠᠮᠵᠢᠯᠴᠠᠬᠤ ᠦᠭᠡᠢ ᠪᠤᠶᠤ ᠨᠢᠭᠡ ᠵᠢᠯ ᠬᠡᠲᠦᠷᠡᠭᠡᠳ ᠠᠶᠤᠯᠭᠦᠢ ᠶᠢᠨ ᠲᠠᠯᠲᠠ ᠭᠡᠮ ᠤᠷᠤᠰᠢᠵᠤ | ᠪᠠᠶᠢᠬᠤ ᠡᠰᠡᠬᠦ ᠶᠢ ᠡᠷᠦᠭᠡ ᠳᠤ ᠬᠦᠷᠴᠤ ᠪᠠᠶᠢᠴᠠᠭᠠᠬᠤ ᠶᠢᠨ ᠠᠷᠭ᠎ᠠ ᠦᠭᠡᠢ ᠪᠤᠯ ᠮᠡᠳᠡᠭᠳᠡᠬᠦ ᠡᠭᠦᠷᠭᠡ ᠪᠠᠨ | ᠭᠦᠢᠴᠡᠳᠭᠡᠭᠰᠡᠨ ᠤ ᠲᠠᠷᠠᠭ᠎ᠠ ᠬᠡᠢ ᠬᠠᠩᠭᠠᠬᠤ ᠶᠢ ᠲᠦᠷ ᠵᠤᠭᠰᠤᠭᠠᠬᠤ ᠠᠷᠭ᠎ᠠ ᠪᠠᠷᠢᠯ ᠠᠪᠴᠤ ᠪᠤᠯᠤᠨ᠎ᠡ︔ | ︵ᠲᠠᠪᠤ︶ ᠠᠵᠢᠯᠲᠠᠨ ᠡᠷᠦᠭᠡ ᠳᠤ ᠬᠦᠷᠴᠤ ᠬᠡᠮᠵᠢᠭᠦᠷ ᠢ ᠪᠠᠶᠢᠴᠠᠭᠠᠬᠤ ᠦᠶᠡᠰ᠂ ᠬᠡᠷᠡᠭᠯᠡᠭᠴᠢ ᠳᠤ ᠰᠢᠲᠠᠮᠠᠬᠠᠢ | ᠬᠡᠢ ᠶᠢ ᠬᠡᠷᠡᠭᠯᠡᠬᠦ ᠠᠶᠤᠯᠭᠦᠢ ᠶᠢᠨ ᠪᠠᠶᠢᠴᠠᠭᠠᠯᠲᠠ ᠪᠠ ᠵᠢᠯᠤᠭᠤᠳᠤᠯᠭ᠎ᠠ ᠬᠢᠬᠦ ᠬᠡᠷᠡᠭᠲᠠᠢ︔ | ︵ᠵᠢᠷᠭᠤᠭ᠎ᠠ︶ ᠠᠵᠢᠯᠲᠡᠨ ᠠᠴᠠ ᠬᠡᠷᠡᠭᠯᠡᠭᠴᠢ ᠶᠢᠨ ᠠᠶᠤᠯᠭᠦᠢ ᠬᠡᠢ ᠬᠡᠷᠡᠭᠯᠡᠬᠦ ᠲᠦᠷᠢᠮᠵᠢᠯ ᠢ ᠵᠢᠷᠤᠮᠯᠠᠬᠤ | ᠦᠭᠡᠢ ᠠᠶᠤᠯᠭᠦᠢ ᠶᠢᠨ ᠲᠠᠯᠲᠠ ᠭᠡᠮ ᠤᠷᠤᠰᠢᠵᠤ ᠪᠠᠶᠢᠬᠤ ᠶᠢ ᠢᠯᠡᠷᠡᠭᠦᠯᠪᠡᠯ᠂ ᠬᠡᠷᠡᠭᠯᠡᠭᠴᠢ ᠳᠤ ᠮᠡᠳᠡᠭᠳᠡᠨ ᠴᠡᠭᠴᠡᠯᠡᠨ | ᠰᠠᠶᠢᠵᠢᠷᠠᠭᠤᠯᠬᠤ ᠬᠡᠷᠡᠭᠲᠠᠢ︔ ᠬᠦᠨᠲᠦ ᠨᠤᠴᠢᠲᠠᠢ ᠠᠶᠤᠯᠭᠦᠢ ᠶᠢᠨ ᠲᠠᠯᠲᠠ ᠭᠡᠮ ᠤᠷᠤᠰᠢᠬᠤ ᠪᠦᠭᠡᠳ ᠱᠠᠭᠠᠷᠳᠠᠯᠭ᠎ᠠ | ᠶᠤᠰᠤᠭᠠᠷ ᠴᠡᠭᠴᠡᠯᠡᠨ ᠦᠭᠡᠷᠡᠴᠢᠯᠡᠬᠦ ᠦᠭᠡᠢ ᠠᠴᠠ ᠪᠤᠯᠵᠤ ᠦᠪᠡᠷ ᠤᠨ ᠪᠡᠶ᠎ᠡ ᠪᠤᠶᠤ ᠤᠯᠠᠨ ᠨᠡᠶᠢᠲᠠ ᠶᠢᠨ ᠠᠮᠤᠷ | ᠲᠦᠪᠰᠢᠨ ᠢ ᠰᠦᠷᠳᠡᠭᠦᠯᠪᠡᠯ᠂ ᠲᠠᠯᠲᠠ ᠭᠡᠮ ᠢ ᠠᠷᠢᠯᠭᠠᠳᠠᠯᠠ ᠬᠡᠢ ᠬᠠᠩᠭᠠᠬᠤ ᠶᠢ ᠲᠦᠷ ᠵᠤᠭᠰᠤᠭᠠᠬᠤ ᠠᠷᠭ᠎ᠠ ᠪᠠᠷᠢᠯ | ᠠᠪᠬᠤ ᠬᠡᠷᠡᠭᠲᠠᠢ︔ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ᠂ ᠬᠤᠯᠪᠤᠬᠤ ᠬᠤᠭᠤᠯᠠᠢ ᠶᠢᠨ ᠬᠡᠷᠡᠭᠯᠡᠬᠦ | ᠵᠢᠯ ᠤᠨ ᠬᠢᠵᠠᠭᠠᠷ ᠨᠢ ᠨᠢᠭᠡᠨᠲᠠ ᠲᠦᠭᠦᠷᠦᠭᠰᠡᠨ ᠪᠤᠶᠤ ᠤᠯᠤᠰ ᠠᠴᠠ ᠬᠠᠶᠠᠬᠤ ᠪᠠᠷ ᠵᠠᠷᠯᠢᠭ ᠪᠠᠭᠤᠯᠭᠠᠭᠰᠠᠨ ᠶᠤᠮ | ᠪᠤᠯ᠂ ᠬᠡᠷᠡᠭᠯᠡᠭᠴᠢ ᠳᠤ ᠮᠡᠳᠡᠭᠳᠡᠨ ᠴᠠᠭ ᠲᠤᠬᠠᠢ ᠳᠤᠨᠢ ᠰᠤᠯᠢᠬᠤ ᠬᠡᠷᠡᠭᠲᠠᠢ︔ ᠰᠤᠯᠢᠬᠤ ᠶᠢ ᠲᠡᠪᠴᠢᠭᠰᠡᠨ | ᠬᠡᠷᠡᠭᠯᠡᠭᠴᠢ ᠳᠤ ᠬᠡᠢ ᠬᠠᠩᠭᠠᠬᠤ ᠶᠢ ᠲᠦᠷ ᠵᠤᠭᠰᠤᠭᠠᠬᠤ ᠠᠷᠭ᠎ᠠ ᠪᠠᠷᠢᠯ ᠠᠪᠴᠤ ᠪᠤᠯᠤᠨ᠎ᠡ︔ ᠰᠢᠲᠠᠮᠠᠬᠠᠢ ᠬᠡᠢ ᠶᠢ | ᠠᠶᠤᠯᠭᠦᠢ ᠬᠡᠷᠡᠭᠯᠡᠬᠦ ᠦᠢᠯᠠ ᠠᠵᠢᠯᠯᠠᠭ᠎ᠠ ᠶᠢᠨ ᠴᠢᠳᠠᠪᠤᠷᠢ ᠦᠭᠡᠢ ᠬᠡᠷᠡᠭᠯᠡᠭᠴᠢ ᠳᠤ᠂ ᠲᠡᠭᠦᠨ ᠤ ᠬᠢᠨᠠᠨ | ᠬᠠᠮᠠᠭᠠᠯᠠᠭᠴᠢ ᠲᠠᠢ ᠵᠦᠪᠳᠡᠯᠴᠡᠨ ᠪᠤᠰᠤᠳ ᠠᠷᠭ᠎ᠠ ᠪᠠᠷᠢᠯ ᠢᠶᠠᠷ ᠠᠶᠤᠯᠭᠦᠢ ᠬᠡᠢ ᠬᠡᠷᠡᠭᠯᠡᠬᠦ ᠶᠢ ᠪᠠᠲᠤᠯᠠᠵᠤ ᠲᠡᠶᠢᠯᠬᠦ | ᠦᠭᠡᠢ ᠪᠤᠯ ᠬᠡᠢ ᠬᠠᠩᠭᠠᠬᠤ ᠶᠢ ᠲᠦᠷ ᠵᠤᠭᠰᠤᠭᠠᠬᠤ ᠠᠷᠭ᠎ᠠ ᠪᠠᠷᠢᠯ ᠠᠪᠴᠤ ᠪᠤᠯᠤᠨ᠎ᠡ︔ | ︵ᠲᠤᠯᠤᠭ᠎ᠠ︶ ᠰᠢᠲᠠᠮᠠᠬᠠᠢ ᠬᠡᠢ ᠶᠢ ᠰᠡᠯᠪᠢᠨ ᠵᠠᠰᠠᠬᠤ ᠠᠶᠤᠯ ᠠᠴᠠ ᠠᠪᠤᠷᠠᠬᠤ ᠤᠳᠠᠰᠤ ᠶᠢ ᠬᠤᠷᠢᠨ | ᠲᠦᠷᠪᠡᠨ ᠴᠠᠭ ᠢᠶᠠᠷ ᠲᠤᠬᠢᠷᠠᠭᠤᠯᠤᠨ ᠨᠡᠶᠢᠲᠡᠯᠡᠵᠤ᠂ ᠲᠤᠰᠬᠠᠢ ᠮᠡᠷᠭᠡᠵᠢᠯ ᠤᠨ ᠠᠶᠤᠯ ᠠᠴᠠ ᠠᠪᠤᠷᠠᠬᠤ ᠠᠵᠢᠯᠲᠡᠨ ᠪᠠ | ᠬᠠᠷᠠᠭᠠᠯᠵᠠᠭᠰᠠᠨ ᠪᠡᠯᠡᠳᠭᠡᠮᠵᠢ ᠲᠦᠬᠦᠭᠡᠷᠦᠮᠵᠢ ᠶᠢ ᠲᠤᠬᠢᠷᠠᠭᠤᠯᠤᠨ᠎ᠡ᠃ | ᠬᠤᠷᠢᠨ ᠨᠠᠢᠮᠠᠳᠤᠭᠠᠷ ᠵᠦᠢᠯ ᠯᠤᠩᠬᠤᠨ ᠳᠤ ᠰᠠᠪᠠᠯᠠᠭᠰᠠᠨ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ | ᠲᠤᠤᠷᠠᠬᠢ ᠲᠤᠭᠲᠠᠭᠠᠯ ᠢ ᠵᠢᠷᠤᠮᠯᠠᠬᠤ ᠬᠡᠷᠡᠭᠲᠠᠢ᠄ | ︵ᠨᠢᠭᠡ︶ ᠡᠵᠡᠩᠨᠡᠯᠲᠠ ᠶᠢᠨ ᠦᠢᠯᠡᠴᠢᠯᠡᠭᠡᠨ ᠤ ᠲᠠᠯᠠᠪᠤᠷ ᠲᠤ ᠰᠢᠲᠠᠮᠠᠬᠠᠢ ᠬᠡᠢ ᠶᠢᠨ ᠡᠵᠡᠩᠨᠡᠯᠲᠠ ᠶᠢᠨ | ᠵᠦᠪᠰᠢᠶᠡᠷᠡᠯ ᠤᠨ ᠦᠨᠡᠮᠯᠡᠯ ᠢᠶᠠᠨ ᠢᠯᠡ ᠲᠠᠯᠪᠢᠨ᠎ᠡ︔ | ︵ᠬᠤᠶᠠᠷ︶ ᠬᠡᠢ ᠶᠢᠨ ᠰᠠᠪᠠ ᠶᠢᠨ ᠬᠠᠮᠢᠶᠠᠷᠤᠯᠲᠠ ᠶᠢᠨ ᠲᠠᠩᠰᠠᠨ ᠤ ᠲᠦᠷᠢᠮ ᠢ ᠪᠠᠶᠢᠭᠤᠯᠵᠤ᠂ | ᠦᠪᠡᠷ ᠤᠨ ᠢᠶᠠᠨ ᠬᠡᠢ ᠶᠢᠨ ᠰᠠᠪᠠ ᠳᠠᠭᠠᠨ ᠬᠠᠷᠢᠶᠠᠯᠠᠭᠳᠠᠬᠤ ᠨᠢᠭᠡᠴᠢ ᠲᠡᠮᠳᠡᠭ ᠢᠶᠠᠨ ᠰᠦᠷᠴᠢᠨ ᠲᠡᠮᠳᠡᠭᠯᠡᠵᠤ᠂ | ᠬᠡᠢ ᠶᠢᠨ ᠰᠠᠪᠠᠨ ᠳᠤ ᠰᠠᠪᠠᠯᠠᠬᠤ᠂ ᠵᠦᠭᠡᠭᠡᠪᠦᠷᠢᠯᠡᠬᠦ᠂ ᠲᠤᠬᠢᠷᠠᠭᠤᠯᠤᠨ ᠬᠦᠷᠭᠡᠬᠦ᠂ ᠬᠡᠷᠡᠭᠯᠡᠬᠦ ᠭᠤᠭᠴᠤᠭᠠᠨ ᠳᠠᠬᠢ | ᠪᠦᠬᠦ ᠶᠠᠪᠤᠴᠠ ᠶᠢ ᠮᠦᠷᠲᠡᠨ ᠲᠡᠮᠳᠡᠭᠯᠡᠬᠦ ᠶᠢᠨ ᠬᠠᠮᠲᠤ ᠭᠠᠷᠤᠯ ᠤᠨ ᠮᠡᠳᠡᠭᠡᠯᠡᠯ ᠢ ᠢᠯᠭᠠᠬᠤ ᠴᠢᠳᠠᠪᠤᠷᠢ ᠶᠢ | ᠪᠦᠷᠢᠯᠳᠦᠭᠦᠯᠵᠤ᠂ ᠦᠷᠲᠡᠭᠡᠨ ᠳᠤ ᠤᠷᠤᠵᠤ ᠭᠠᠷᠬᠤ ᠬᠡᠢ ᠶᠢᠨ ᠰᠠᠪᠠ ᠶᠢ ᠲᠠᠩᠰᠠᠯᠠᠨ ᠬᠠᠮᠢᠶᠠᠷᠤᠨ᠎ᠠ︔ | ︵ᠭᠤᠷᠪᠠ︶ ᠰᠠᠪᠠᠯᠠᠨ ᠲᠦᠭᠦᠷᠭᠡᠭᠰᠡᠨ ᠤ ᠲᠠᠷᠠᠭ᠎ᠠ ᠭᠤᠭᠤᠵᠢᠭᠰᠠᠨ ᠡᠰᠡᠬᠦ ᠶᠢ ᠰᠠᠪᠠ ᠲᠠᠷᠠᠭᠠᠯᠠᠨ | ᠪᠠᠶᠢᠴᠠᠭᠠᠵᠤ᠂ ᠬᠢᠷᠢ ᠲᠡᠩᠴᠡᠭᠰᠡᠨ ᠳᠤᠨᠢ ᠬᠢᠷᠢ ᠲᠡᠩᠴᠡᠭᠰᠡᠨ ᠲᠡᠮᠳᠡᠭ ᠨᠠᠭᠠᠨᠡ︔ | ︵ᠲᠦᠷᠪᠡ︶ ᠤᠯᠤᠰ ᠤᠨ ᠪᠠᠷᠢᠮᠵᠢᠶ᠎ᠡ ᠠᠴᠠ ᠬᠡᠲᠦᠷᠡᠭᠰᠡᠨ᠂ ᠬᠤᠭᠤᠴᠠᠭ᠎ᠠ ᠨᠢ ᠬᠡᠲᠤᠷᠡᠭᠡᠳ ᠰᠢᠯᠭᠠᠨ | ᠪᠠᠶᠢᠴᠠᠭᠠᠭᠰᠠᠨ ᠦᠭᠡᠢ ᠪᠠ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ᠂ ᠬᠡᠷᠡᠭᠯᠡᠵᠤ ᠪᠤᠯᠬᠤ ᠦᠭᠡᠢ | ᠪᠤᠯᠤᠭᠰᠠᠨ᠂ ᠦᠭᠡᠷᠡᠴᠢᠯᠡᠨ ᠲᠤᠨᠤᠭᠯᠠᠭᠰᠠᠨ ᠬᠡᠢ ᠶᠢᠨ ᠰᠠᠪᠠᠨ ᠳᠤ ᠰᠢᠲᠠᠮᠠᠬᠠᠢ ᠬᠡᠢ ᠶᠢ ᠰᠠᠪᠠᠯᠠᠨ ᠲᠦᠬᠦᠷᠭᠡᠵᠤ | ᠪᠤᠯᠬᠤ ᠦᠭᠡᠢ᠂ ᠠᠶᠤᠯᠲᠠᠢ ᠪᠠᠷᠠᠭᠠᠨ ᠤ ᠪᠤᠳᠠᠰ ᠢ ᠵᠦᠭᠡᠭᠡᠪᠦᠷᠢᠯᠡᠬᠦ ᠬᠢᠷᠢ ᠭᠡᠮ ᠢ ᠤᠯᠤᠭ᠎ᠠ ᠦᠭᠡᠢ ᠲᠡᠷᠭᠡᠨ ᠤ | ᠬᠡᠢ ᠶᠢᠨ ᠰᠠᠪᠠ ᠳᠤ ᠰᠢᠲᠠᠮᠠᠬᠠᠢ ᠬᠡᠢ ᠰᠠᠪᠠᠯᠠᠨ ᠵᠦᠭᠡᠭᠡᠪᠤᠷᠢᠯᠡᠵᠤ ᠪᠤᠯᠬᠤ ᠦᠭᠡᠢ︔ | ︵ᠲᠠᠪᠤ︶ ᠰᠠᠪᠠᠯᠠᠭᠰᠠᠨ ᠬᠡᠢ ᠶᠢ ᠬᠠᠳᠠᠭᠠᠯᠠᠬᠤ ᠪᠠ ᠬᠡᠷᠡᠭᠯᠡᠬᠦ ᠳᠤ ᠤᠯᠤᠰ ᠤᠨ ᠬᠢᠨᠠᠨ ᠲᠤᠭᠲᠠᠭᠠᠭᠰᠠᠨ | ᠲᠤᠭ᠎ᠠ ᠬᠡᠮᠵᠢᠶ᠎ᠡ ᠲᠠᠢ ᠨᠡᠶᠢᠴᠡᠵᠤ᠂ ᠲᠤᠭᠲᠠᠭᠠᠯ ᠳᠤ ᠨᠡᠶᠢᠴᠡᠬᠦ ᠦᠭᠡᠢ ᠲᠠᠯᠠᠪᠤᠷ ᠲᠤ ᠰᠠᠪᠠᠲᠠᠢ ᠬᠡᠢ ᠶᠢ ᠬᠠᠳᠠᠭᠠᠯᠠᠨ | ᠬᠡᠷᠡᠭᠯᠡᠵᠤ ᠪᠤᠯᠬᠤ ᠦᠭᠡᠢ︔ | ︵ᠵᠢᠷᠭᠤᠭ᠎ᠠ︶ ᠰᠠᠪᠠᠲᠤ ᠲᠡᠷᠭᠡ ᠪᠠᠷ ᠬᠡᠢ ᠶᠢᠨ ᠰᠠᠪᠠᠨ ᠳᠤ ᠰᠢᠭᠤᠳ ᠰᠢᠲᠠᠮᠠᠬᠠᠢ ᠬᠡᠢ ᠶᠢ ᠰᠠᠪᠠᠯᠠᠨ | ᠲᠦᠭᠦᠷᠭᠡᠬᠦ ᠪᠤᠶᠤ ᠬᠡᠢ ᠶᠢᠨ ᠰᠠᠪᠠ ᠶᠢᠨ ᠬᠤᠭᠤᠷᠤᠨᠲᠤ ᠰᠢᠲᠠᠮᠠᠬᠠᠢ ᠬᠡᠢ ᠶᠢ ᠬᠠᠷᠢᠯᠴᠠᠨ ᠶᠡᠭᠦᠯᠡᠨ ᠲᠦᠭᠦᠷᠭᠡᠵᠤ | ᠪᠤᠯᠬᠤ ᠦᠭᠡᠢ︔ | ︵ᠲᠤᠯᠤᠭ᠎ᠠ︶ ᠰᠢᠩᠭᠡᠵᠢᠯ ᠴᠢᠯᠠᠭᠤᠨ ᠲᠤᠰᠤᠨ ᠤ ᠰᠢᠲᠠᠮᠠᠬᠠᠢ ᠬᠡᠢ ᠶᠢᠨ ᠰᠠᠪᠠᠨ ᠳᠤ ᠬᠤᠶᠠᠷ ᠮᠧᠲ᠋ᠢᠯᠲᠤ | ᠡᠲ᠋ᠧᠷ ᠪᠤᠶᠤ ᠪᠤᠰᠤᠳ ᠪᠤᠳᠠᠰ ᠢ ᠰᠠᠪᠠᠯᠠᠬᠤ ᠪᠤᠶᠤ ᠬᠤᠯᠢᠵᠤ ᠪᠤᠯᠬᠤ ᠦᠭᠡᠢ︔ | ︵ᠨᠠᠢᠮᠠ︶ ᠰᠢᠲᠠᠮᠠᠬᠠᠢ ᠬᠡᠢ ᠶᠢᠨ ᠡᠵᠡᠩᠨᠡᠯᠲᠠ ᠶᠢᠨ ᠦᠨᠡᠮᠯᠡᠯ ᠦᠭᠡᠢ ᠨᠢᠭᠡᠴᠢ ᠪᠠ ᠬᠤᠪᠢ ᠬᠦᠮᠦᠨ ᠳᠤ | ᠰᠢᠲᠠᠮᠠᠬᠠᠢ ᠬᠡᠢ ᠶᠢ ᠡᠵᠡᠩᠨᠡᠬᠦ ᠬᠡᠢ ᠶᠢᠨ ᠰᠤᠷᠪᠤᠯᠵᠢ ᠶᠢ ᠬᠠᠩᠭᠠᠵᠤ ᠪᠤᠯᠬᠤ ᠦᠭᠡᠢ︔ | ︵ᠶᠢᠰᠦ︶ ᠠᠶᠤᠯᠲᠠᠢ ᠪᠤᠳᠠᠰ ᠢ ᠵᠦᠭᠡᠭᠡᠪᠦᠷᠢᠯᠡᠬᠦ ᠪᠠᠷᠢᠮᠵᠢᠶᠠᠲᠤ ᠲᠡᠷᠭᠡ ᠶᠢ ᠨᠢᠭᠡᠲᠦᠯᠲᠠᠢ ᠬᠤᠳᠠᠯᠳᠤᠨ | ᠠᠪᠴᠤ᠂ ᠬᠡᠢ ᠵᠦᠭᠡᠭᠡᠪᠦᠷᠢᠯᠡᠬᠦ ᠲᠤᠰᠬᠠᠢ ᠲᠤᠰᠢᠶᠠᠯᠲᠤ ᠠᠵᠢᠯᠲᠡᠨ ᠢ ᠤᠷᠢᠨ ᠰᠢᠩᠭᠡᠵᠢᠯ ᠬᠡᠢ ᠶᠢᠨ ᠰᠠᠪᠠ ᠤᠨ ᠵᠠᠬ᠎ᠠ | ᠲᠡᠯᠭᠡᠭᠦᠷ ᠤᠨ ᠵᠦᠭᠡᠭᠡᠪᠦᠷᠢᠯᠡᠯᠲᠠ ᠪᠠ ᠡᠷᠦᠬᠡ ᠳᠤ ᠬᠦᠷᠭᠡᠬᠦ ᠦᠢᠯᠡᠴᠢᠯᠡᠭᠡ ᠶᠢ ᠬᠢᠯᠭᠡᠨ᠎ᠡ︔ | ︵ᠠᠷᠪᠡ︶ ᠰᠢᠩᠭᠡᠵᠢᠯ ᠬᠡᠢ ᠶᠢᠨ ᠬᠡᠷᠡᠭᠯᠡᠭᠴᠢ ᠶᠢᠨ ᠦᠢᠯᠡᠴᠢᠯᠡᠭᠡᠨ ᠤ ᠲᠠᠪᠴᠠᠩ ᠤᠨ ᠰᠢᠰᠲ᠋ᠧᠮ ᠢ | ᠪᠠᠶᠢᠭᠤᠯᠵᠤ᠂ ᠬᠡᠷᠡᠭᠯᠡᠭᠴᠢ ᠶᠢᠨ ᠠᠶᠤᠯᠭᠦᠢ ᠬᠡᠢ ᠬᠡᠷᠡᠭᠯᠡᠬᠦ ᠲᠠᠩᠰᠠ ᠡᠪᠬᠡᠮᠡᠯ ᠢ ᠪᠠᠶᠢᠭᠤᠯᠵᠤ᠂ ᠬᠡᠷᠡᠭᠯᠡᠭᠴᠢ ᠳᠤ | ᠠᠶᠤᠯᠭᠦᠢ ᠬᠡᠢ ᠬᠡᠷᠡᠭᠯᠡᠬᠦ ᠵᠢᠯᠤᠭᠤᠳᠤᠯᠭ᠎ᠠ ᠬᠢᠬᠦ᠂ ᠬᠡᠢ ᠬᠡᠷᠡᠭᠯᠡᠬᠦ ᠤᠷᠴᠢᠨ ᠲᠤᠭᠤᠷᠢᠨ ᠳᠤ ᠠᠮᠤᠷ ᠲᠦᠪᠰᠢᠨ ᠤ | ᠪᠠᠶᠢᠴᠠᠭᠠᠯᠲᠠ ᠬᠢᠬᠦ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠤᠨ ᠠᠶᠤᠯᠭᠦᠢ ᠶᠢᠨ ᠪᠠᠶᠢᠴᠠᠭᠠᠯᠲᠠ ᠬᠢᠬᠦ ᠵᠡᠷᠭᠡ | ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠬᠤᠯᠪᠤᠭᠳᠠᠯ ᠪᠦᠬᠦᠢ ᠦᠢᠯᠡᠴᠢᠯᠡᠭᠡ ᠶᠢ ᠬᠠᠩᠭᠠᠨ᠎ᠡ᠃ | ᠬᠤᠷᠢ ᠶᠢᠰᠦᠳᠦᠭᠡᠷ ᠵᠦᠢᠯ ᠮᠠᠰᠢᠨ ᠲᠡᠷᠭᠡᠨ ᠳᠤ ᠬᠡᠢ ᠨᠡᠮᠡᠬᠦ ᠡᠵᠡᠩᠨᠡᠯᠲᠠ ᠶᠢᠨ ᠠᠵᠤ ᠠᠬᠤᠶᠢᠯᠠᠯ ᠲᠤᠤᠷᠠᠬᠢ | ᠲᠤᠭᠲᠠᠭᠠᠯ ᠢ ᠵᠢᠷᠤᠮᠯᠠᠬᠤ ᠬᠡᠷᠡᠭᠲᠠᠢ᠄ | ︵ᠨᠢᠭᠡ︶ ᠮᠠᠰᠢᠨ ᠲᠡᠷᠭᠡᠨ ᠳᠤ ᠬᠡᠢ ᠨᠡᠮᠡᠬᠦ ᠠᠴᠠ ᠡᠮᠦᠨ᠎ᠡ᠂ ᠵᠢᠯᠤᠭᠤᠴᠢ ᠳᠤ ᠬᠡᠢ ᠨᠡᠮᠡᠬᠦ ᠭᠡᠵᠤ ᠪᠠᠶᠢᠭ᠎ᠠ | ᠲᠡᠷᠭᠡ ᠪᠠᠨ ᠤᠨᠲᠠᠷᠠᠭᠠᠬᠤ ᠶᠢᠨ ᠬᠠᠮᠲᠤ ᠲᠡᠷᠭᠡᠨ ᠬᠠᠵᠠᠭᠤ ᠳᠤ ᠬᠢᠨᠠᠨ ᠬᠠᠮᠠᠭᠠᠯᠠᠵᠤ᠂ ᠠᠶᠠᠨᠴᠢᠨ ᠲᠡᠷᠭᠡᠨ ᠠᠴᠠ | ᠰᠠᠯᠵᠤ ᠠᠮᠤᠷ ᠲᠦᠪᠰᠢᠨ ᠤᠷᠤᠨ ᠳᠤ ᠬᠦᠯᠢᠶᠡᠬᠦ ᠶᠢ ᠰᠠᠨᠠᠭᠠᠴᠢᠯᠠᠭ᠎ᠠ ᠠᠴᠠ ᠪᠠᠨ ᠰᠠᠨᠠᠭᠤᠯᠤᠨᠡ︔ | ︵ᠬᠤᠶᠠᠷ︶ ᠲᠠᠷᠤᠯᠲᠠᠲᠤ ᠰᠠᠪᠠ ᠶᠢ ᠬᠡᠷᠡᠭᠯᠡᠬᠦ ᠦᠨᠡᠮᠯᠡᠯ ᠦᠭᠡᠢ ᠪᠤᠶᠤ ᠬᠡᠷᠡᠭᠯᠡᠬᠦ ᠦᠨᠡᠮᠯᠡᠯ ᠤᠨ | ᠲᠠᠩᠰᠠᠯᠠᠭᠰᠠᠨ ᠮᠡᠳᠡᠭᠡ ᠵᠠᠩᠭᠢ ᠲᠠᠢ ᠨᠢᠭᠡᠳᠦᠯ ᠦᠭᠡᠢ ᠮᠠᠰᠢᠨ ᠲᠡᠷᠭᠡᠨ ᠤ ᠬᠡᠢ ᠬᠠᠳᠠᠭᠠᠯᠠᠬᠤ ᠰᠠᠪᠠᠯᠠᠭᠤᠷ ᠲᠤ ᠬᠡᠢ | ᠨᠡᠮᠡᠵᠤ ᠪᠤᠯᠬᠤ ᠦᠭᠡᠢ︔ | ︵ᠭᠤᠷᠪᠡ︶ ᠮᠠᠰᠢᠨ ᠲᠡᠷᠭᠡᠨ ᠤ ᠬᠡᠢ ᠬᠠᠳᠠᠭᠠᠯᠠᠬᠤ ᠰᠠᠪᠠᠯᠠᠭᠤᠷ ᠠᠴᠠ ᠭᠠᠳᠠᠨᠠᠬᠢ ᠪᠤᠰᠤᠳ ᠬᠡᠢ ᠶᠢᠨ ᠰᠠᠪᠠ | ᠪᠤᠶᠤ ᠲᠤᠨᠤᠭ ᠲᠦᠬᠦᠭᠡᠷᠦᠮᠵᠢ ᠳᠤ ᠬᠡᠢ ᠨᠡᠮᠡᠵᠤ ᠪᠤᠯᠬᠤ ᠦᠭᠡᠢ︔ | ︵ᠲᠦᠷᠪᠡ︶ ᠰᠢᠲᠠᠮᠠᠬᠠᠢ ᠬᠡᠢ ᠭᠤᠭᠤᠵᠢᠬᠤ᠂ ᠰᠢᠲᠠᠮᠠᠬᠠᠢ ᠬᠡᠢ ᠶᠢᠨ ᠲᠠᠷᠤᠯᠲᠠ ᠬᠡᠪ ᠤᠨ ᠪᠤᠰᠤ᠂ | ᠤᠶᠢᠷᠠᠯᠴᠠᠭ᠎ᠠ ᠭᠠᠯ ᠤᠨ ᠠᠶᠤᠯ ᠭᠠᠷᠤᠭᠰᠠᠨ᠂ ᠠᠶᠤᠩᠭ᠎ᠠ ᠴᠠᠬᠢᠯᠭᠠᠨ ᠡᠭᠦᠰᠬᠦ ᠵᠡᠷᠭᠡ ᠠᠶᠤᠯ ᠲᠠᠢ ᠪᠠᠶᠢᠳᠠᠯ ᠲᠤᠤᠷ᠎ᠠ | ᠬᠡᠢ ᠨᠡᠮᠡᠬᠦ ᠪᠤᠶᠤ ᠬᠡᠢ ᠲᠠᠯᠪᠢᠬᠤ ᠠᠵᠢᠯ ᠢ ᠬᠢᠵᠤ ᠪᠤᠯᠬᠤ ᠦᠭᠡᠢ︔ | ︵ᠲᠠᠪᠤ︶ ᠬᠡᠢ ᠬᠠᠳᠠᠭᠠᠯᠠᠬᠤ ᠰᠠᠪᠠᠯᠠᠭᠤᠷ ᠲᠠᠢ ᠴᠢᠷᠦᠭᠦᠯ ᠲᠡᠷᠭᠡ ᠪᠤᠶᠤ ᠰᠠᠪᠠᠲᠤ ᠲᠡᠷᠭᠡ ᠶᠢ ᠢᠯᠭᠠᠨ | ᠲᠤᠭᠲᠠᠭᠠᠭᠰᠠᠨ ᠤᠷᠤᠨ ᠳᠤ ᠲᠠᠯᠪᠢᠨ᠎ᠡ᠂ ᠦᠷᠲᠡᠭᠡᠨ ᠲᠤᠲᠤᠷᠠᠬᠢ ᠴᠢᠷᠦᠭᠦᠯ ᠲᠡᠷᠭᠡ ᠪᠤᠶᠤ ᠰᠠᠪᠠᠲᠤ ᠲᠡᠷᠭᠡᠨ ᠤ ᠬᠡᠢ | ᠬᠠᠳᠠᠭᠠᠯᠠᠬᠤ ᠰᠠᠪᠠᠯᠠᠭᠤᠷ ᠶᠡᠷᠦᠩᠭᠡᠢ ᠪᠠᠭᠲᠠᠭᠠᠮᠵᠢ ᠨᠢ ᠬᠢᠨᠠᠨ ᠲᠤᠭᠲᠠᠭᠠᠭᠰᠠᠨ ᠪᠠᠭᠲᠠᠭᠠᠮᠵᠢ ᠠᠴᠠ ᠬᠡᠲᠤᠷᠡᠵᠤ ᠪᠤᠯᠬᠤ | ᠦᠭᠡᠢ︔ | ︵ᠵᠢᠷᠭᠤᠭ᠎ᠠ︶ ᠰᠢᠲᠠᠮᠠᠬᠠᠢ ᠬᠡᠢ ᠭᠤᠭᠤᠵᠢᠬᠤ ᠰᠠᠷᠡᠮᠵᠢ ᠶᠢᠨ ᠲᠤᠬᠢᠶᠠᠨ ᠤ ᠰᠢᠰᠲ᠋ᠧᠮ ᠢ ᠲᠤᠭᠲᠠᠭᠰᠠᠨ | ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠨ᠎ᠡ᠃ | ᠲᠦᠷᠪᠡᠳᠦᠭᠡᠷ ᠪᠦᠯᠦᠭ ᠪᠠᠭᠠᠵᠢ ᠬᠡᠷᠡᠭᠰᠡᠯ ᠤᠨ ᠬᠠᠮᠢᠶᠠᠷᠤᠯᠲᠠ ᠪᠤᠯᠤᠨ ᠰᠢᠲᠠᠮᠠᠬᠠᠢ ᠬᠡᠢ ᠶᠢᠨ ᠬᠡᠷᠡᠭᠯᠡᠯᠲᠠ | ᠭᠤᠴᠢᠳᠤᠭᠠᠷ ᠵᠦᠢᠯ ᠲᠤᠰ ᠬᠤᠲᠠᠨ ᠳᠤ ᠪᠤᠷᠤᠯᠠᠭᠤᠯᠬᠤ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ | ᠬᠡᠷᠡᠭᠰᠡᠯ ᠨᠢ ᠤᠯᠤᠰ ᠤᠨ ᠪᠠᠷᠢᠮᠵᠢᠶ᠎ᠡ ᠳᠤ ᠨᠡᠶᠢᠴᠡᠬᠦ ᠬᠡᠷᠡᠭᠲᠠᠢ᠂ ᠬᠠᠤᠯᠢ ᠪᠠᠷ ᠲᠤᠭᠲᠠᠭᠠᠭᠰᠠᠨ ᠪᠠᠶᠢᠴᠠᠭᠠᠨ ᠰᠢᠯᠭᠠᠬᠤ | ᠪᠠᠶᠢᠭᠤᠯᠤᠮᠵᠢ ᠪᠠᠷ ᠲᠠᠮᠵᠢᠨ ᠬᠡᠢ ᠶᠢᠨ ᠰᠤᠷᠪᠤᠯᠵᠢ ᠶᠢᠨ ᠲᠤᠬᠢᠷᠠᠮᠵᠢᠲᠤ ᠴᠢᠨᠠᠷ ᠢ ᠪᠠᠶᠢᠴᠠᠭᠠᠨ ᠰᠢᠯᠭᠠᠭᠠᠳ ᠬᠢᠷᠢ | ᠲᠡᠩᠴᠡᠪᠡᠯ ᠪᠤᠷᠤᠯᠠᠭᠤᠯᠵᠤ᠂ ᠤᠭᠰᠠᠷᠠᠵᠤ᠂ ᠬᠡᠷᠡᠭᠯᠡᠵᠤ ᠪᠤᠯᠤᠨ᠎ᠡ᠃ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ | ᠠᠬᠤᠶᠢᠯᠠᠯ ᠨᠢ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ | ᠬᠡᠷᠡᠭᠰᠡᠯ ᠢ ᠬᠡᠷᠡᠭᠯᠡᠭᠰᠡᠨ ᠬᠡᠷᠡᠭᠯᠡᠭᠴᠢ ᠳᠤ ᠬᠡᠢ ᠬᠠᠩᠭᠠᠬᠤ ᠦᠭᠡᠢ᠃ | ᠭᠤᠴᠢᠨ ᠨᠢᠭᠡᠳᠦᠭᠡᠷ ᠵᠦᠢᠯ ᠲᠤᠰ ᠬᠤᠲᠠᠨ ᠳᠤ ᠤᠯᠤᠰ ᠤᠨ ᠪᠠᠷᠢᠮᠵᠢᠶ᠎ᠡ ᠳᠤ ᠨᠡᠶᠢᠴᠡᠭᠰᠡᠨ ᠭᠠᠯ ᠤᠨᠲᠠᠷᠭᠠᠬᠤ | ᠬᠠᠮᠠᠭᠠᠯᠠᠯᠲᠠ ᠶᠢᠨ ᠲᠤᠨᠤᠭᠯᠠᠯ ᠲᠠᠢ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ᠂ ᠵᠢᠪᠡᠷᠡᠬᠦ ᠦᠭᠡᠢ | ᠢᠷᠡᠯᠵᠢ ᠲᠠᠢ ᠵᠦᠭᠡᠯᠡᠨ ᠬᠤᠭᠤᠯᠠᠢ᠂ ᠰᠢᠲᠠᠮᠠᠬᠠᠢ ᠬᠡᠢ ᠪᠠᠶᠡᠲᠤ ᠶᠢᠨ ᠦᠳᠭᠡᠴᠠ ᠶᠢᠨ ᠬᠡᠮᠵᠢᠶ᠎ᠡ ᠶᠢ ᠪᠠᠶᠢᠴᠠᠭᠠᠨ | ᠰᠢᠯᠭᠠᠬᠤ ᠰᠠᠷᠡᠮᠵᠢ ᠶᠢᠨ ᠲᠤᠬᠢᠶᠠᠨ ᠤ ᠲᠤᠨᠤᠭᠯᠠᠯ ᠢ ᠲᠡᠯᠭᠡᠷᠡᠭᠦᠯᠦᠨ ᠬᠡᠷᠡᠭᠯᠡᠨ᠎ᠡ᠃ | ᠬᠤᠳᠠᠯᠳᠤᠭᠠᠨ ᠤ ᠦᠢᠯᠡᠰ᠂ ᠲᠤᠯᠠᠭᠠᠯᠠᠯᠭ᠎ᠠ᠂ ᠢᠳᠡᠭᠡᠨ ᠤᠮᠳᠠᠭᠠᠨ᠂ ᠵᠤᠭ᠎ᠠ ᠴᠡᠩᠭᠡᠯ ᠵᠡᠷᠭᠡ ᠶᠢᠨ | ᠬᠡᠷᠡᠭᠯᠡᠭᠴᠢ ᠨᠢ ᠤᠯᠤᠰ ᠤᠨ ᠪᠠᠷᠢᠮᠵᠢᠶ᠎ᠡ ᠳᠤ ᠨᠡᠶᠢᠴᠡᠭᠰᠡᠨ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ᠂ | ᠤᠶᠤᠨᠴᠢ ᠰᠢᠲᠠᠮᠠᠬᠠᠢ ᠬᠡᠢ ᠶᠢᠨ ᠬᠡᠮᠵᠢᠯᠲᠠ ᠶᠢᠨ ᠬᠡᠮᠵᠢᠭᠦᠷ᠂ ᠠᠶᠤᠯᠭᠦᠢ ᠦᠪᠡᠷᠲᠡᠭᠡᠨ ᠬᠠᠭᠠᠭᠳᠠᠬᠤ ᠨᠡᠭᠡᠯᠡᠬᠡᠢ᠂ | ᠵᠢᠪᠡᠷᠡᠬᠦ ᠦᠭᠡᠢ ᠢᠷᠡᠯᠵᠢ ᠲᠠᠢ ᠵᠦᠭᠡᠯᠡᠨ ᠬᠤᠭᠤᠯᠠᠢ ᠪᠠ ᠰᠢᠲᠠᠮᠠᠬᠠᠢ ᠬᠡᠢ ᠶᠢ ᠬᠡᠷᠡᠭᠯᠡᠬᠦ ᠬᠡᠮᠵᠢᠶ᠎ᠡ ᠲᠠᠢ ᠬᠠᠷᠢᠯᠴᠠᠨ | ᠵᠤᠬᠢᠴᠠᠭᠰᠠᠨ ᠠᠯᠪᠠᠳᠠᠯᠭ᠎ᠠ ᠪᠠᠷ ᠠᠭᠠᠷ ᠰᠤᠯᠢᠬᠤ ᠰᠢᠰᠲ᠋ᠧᠮ ᠢ ᠬᠡᠷᠡᠭᠯᠡᠵᠤ᠂ ᠤᠯᠤᠰ ᠤᠨ ᠮᠡᠷᠭᠡᠵᠢᠯ ᠤᠨ | ᠲᠦᠷᠢᠮᠵᠢᠭᠰᠡᠨ ᠱᠠᠭᠠᠷᠳᠠᠯᠭ᠎ᠠ ᠶᠤᠰᠤᠭᠠᠷ ᠰᠢᠲᠠᠮᠠᠬᠠᠢ ᠬᠡᠢ ᠪᠠᠶᠡᠲᠤ ᠶᠢᠨ ᠦᠳᠭᠡᠴᠠ ᠶᠢᠨ ᠬᠡᠮᠵᠢᠶ᠎ᠡ ᠶᠢ ᠪᠠᠶᠢᠴᠠᠭᠠᠨ | ᠰᠢᠯᠭᠠᠬᠤ ᠰᠠᠷᠡᠮᠵᠢ ᠶᠢᠨ ᠲᠤᠬᠢᠶᠠᠨ ᠤ ᠲᠤᠨᠤᠭᠯᠠᠯ ᠢ ᠤᠭᠰᠠᠷᠠᠵᠤ ᠬᠡᠷᠡᠭᠯᠡᠬᠦ ᠬᠡᠷᠡᠭᠲᠠᠢ᠃ | ᠭᠤᠴᠢᠨ ᠬᠤᠶᠠᠳᠤᠭᠠᠷ ᠵᠦᠢᠯ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ ᠢ ᠦᠢᠯᠡᠳᠪᠦᠷᠢᠯᠡᠬᠦ | ᠪᠤᠶᠤ ᠡᠵᠡᠩᠨᠡᠬᠦ ᠠᠵᠤ ᠠᠬᠤᠶᠢᠯᠠᠯ ᠨᠢ ᠲᠤᠰ ᠬᠤᠲᠠᠨ ᠳᠤ ᠬᠤᠳᠠᠯᠳᠤᠭᠰᠠᠨ ᠤ ᠲᠠᠷᠠᠭᠠᠬᠢ ᠦᠢᠯᠡᠴᠢᠯᠡᠭᠡᠨ ᠤ | ᠦᠷᠲᠡᠭᠡ ᠶᠢ ᠪᠠᠶᠢᠭᠤᠯᠬᠤ ᠪᠤᠶᠤ ᠨᠠᠶᠢᠳᠠᠨ ᠪᠠᠶᠢᠭᠤᠯᠵᠤ᠂ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ | ᠬᠡᠷᠡᠭᠰᠡᠯ ᠢ ᠤᠭᠰᠠᠷᠠᠵᠤ ᠰᠡᠯᠪᠢᠨ ᠵᠠᠰᠠᠬᠤ ᠠᠵᠢᠯ ᠤᠨ ᠪᠠᠶᠢᠷᠢ ᠶᠢᠨ ᠦᠨᠡᠮᠯᠡᠯ ᠲᠠᠢ ᠠᠵᠢᠯᠲᠠᠨ ᠢ ᠲᠤᠬᠢᠷᠠᠭᠤᠯᠵᠤ᠂ | ᠬᠤᠳᠠᠯᠳᠤᠭᠰᠠᠨ ᠤ ᠲᠠᠷᠠᠭᠠᠬᠢ ᠤᠭᠰᠠᠷᠠᠬᠤ᠂ ᠰᠡᠯᠪᠢᠨ ᠵᠠᠰᠠᠬᠤ ᠶᠢ ᠬᠠᠷᠢᠭᠤᠴᠠᠬᠤ ᠶᠢᠨ ᠬᠠᠮᠲᠤ ᠬᠤᠲᠠ ᠶᠢᠨ | ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠠᠩᠰᠠᠯᠠᠭᠤᠯᠤᠨᠡ᠃ | ᠬᠤᠲᠠ ᠶᠢᠨ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠨᠡᠶᠢᠭᠡᠮ ᠳᠤ | ᠵᠠᠷᠯᠠᠬᠤ ᠶᠢᠨ ᠬᠠᠮᠲᠤ ᠲᠠᠩᠰᠠᠯᠠᠯᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠨᠡᠳᠭᠡᠬᠦ ᠬᠡᠷᠡᠭᠲᠠᠢ᠃ | ᠲᠠᠩᠰᠠᠯᠠᠭᠤᠯᠬᠤ ᠳᠤ ᠲᠤᠤᠷᠠᠬᠢ ᠮᠠᠲ᠋ᠧᠷᠢᠶᠡᠯ ᠢ ᠲᠤᠰᠢᠶᠠᠬᠤ ᠬᠡᠷᠡᠭᠲᠠᠢ᠄ | ︵ᠨᠢᠭᠡ︶ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ ᠢ ᠦᠢᠯᠡᠳᠪᠦᠷᠢᠯᠡᠭᠰᠡᠨ ᠨᠢᠭᠡᠴᠢ ᠶᠢᠨ | ᠠᠵᠤ ᠠᠬᠤᠶᠢᠯᠠᠯ ᠤᠨ ᠬᠠᠤᠯᠢ ᠶᠢᠨ ᠡᠷᠭᠡᠳᠡᠨ ᠤ ᠡᠵᠡᠩᠨᠡᠯᠲᠠ ᠶᠢᠨ ᠦᠨᠡᠮᠯᠡᠯ ᠪᠠ ᠰᠢᠲᠠᠮᠠᠬᠠᠢ ᠬᠡᠢ ᠶᠢᠨ | ᠰᠢᠲᠠᠭᠠᠯᠭ᠎ᠠ ᠶᠢᠨ ᠪᠠᠭᠠᠵᠢ ᠬᠡᠷᠡᠭᠰᠡᠯ ᠤᠨ ᠪᠦᠲᠦᠭᠡᠭᠳᠡᠭᠦᠨ ᠢ ᠦᠢᠯᠡᠳᠪᠦᠷᠢᠯᠡᠬᠦ ᠶᠢ ᠵᠦᠪᠰᠢᠶᠡᠷᠡᠭᠰᠡᠨ ᠦᠨᠡᠮᠯᠡᠯ ᠵᠡᠷᠭᠡ | ᠬᠡᠷᠡᠴᠢ ᠮᠠᠲ᠋ᠧᠷᠢᠶᠡᠯ︔ | ︵ᠬᠤᠶᠠᠷ︶ ᠬᠠᠤᠯᠢ ᠪᠠᠷ ᠲᠤᠭᠲᠠᠭᠠᠭᠰᠠᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ | ᠭᠠᠷᠭᠠᠭᠰᠠᠨ ᠪᠦᠲᠦᠭᠡᠭᠳᠡᠭᠦᠨ ᠤ ᠰᠢᠯᠭᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠮᠡᠳᠡᠭᠦᠯᠦᠯᠲᠠ︔ | ︵ᠭᠤᠷᠪᠡ︶ ᠲᠤᠰ ᠬᠤᠲᠠᠨ ᠳᠤ ᠬᠤᠳᠠᠯᠳᠤᠭᠰᠠᠨ ᠤ ᠲᠠᠷᠠᠭᠠᠬᠢ ᠦᠢᠯᠡᠴᠢᠯᠡᠭᠡᠨ ᠤ ᠦᠷᠲᠡᠭᠡ ᠴᠡᠭ ᠢ | ᠬᠠᠤᠯᠢ ᠶᠤᠰᠤᠭᠠᠷ ᠪᠠᠶᠢᠭᠤᠯᠤᠭᠰᠠᠨ ᠪᠤᠶᠤ ᠨᠠᠶᠢᠲᠠᠨ ᠪᠠᠶᠢᠭᠤᠯᠤᠭᠰᠠᠨ ᠬᠤᠯᠪᠤᠭᠳᠠᠯ ᠪᠦᠬᠦᠢ ᠮᠠᠲ᠋ᠧᠷᠢᠶᠠᠯ︔ | ︵ᠲᠦᠷᠪᠡ︶ ᠬᠤᠳᠠᠯᠳᠤᠭᠰᠠᠨ ᠤ ᠲᠠᠷᠠᠭᠠᠬᠢ ᠦᠢᠯᠡᠴᠢᠯᠡᠭᠡᠨ ᠤ ᠦᠷᠲᠡᠭᠡ ᠴᠡᠭ ᠤᠨ ᠭᠤᠤᠯ | ᠬᠠᠷᠢᠭᠤᠴᠠᠯᠭᠠᠳᠠᠨ᠂ ᠮᠡᠷᠭᠡᠵᠢᠯ ᠤᠨ ᠬᠠᠷᠢᠭᠤᠴᠠᠯᠭᠠᠳᠠᠨ ᠤ ᠬᠦᠳᠡᠯᠮᠦᠷᠢ ᠶᠢᠨ ᠭᠡᠷ᠎ᠡ ᠪᠠ ᠨᠡᠶᠢᠭᠡᠮ ᠤᠨ ᠲᠠᠭᠠᠳᠬᠠᠯ | ᠲᠤᠰᠢᠶᠠᠭᠰᠠᠨ ᠬᠡᠷᠡᠴᠢ ᠮᠠᠲ᠋ᠧᠷᠢᠶᠠᠯ᠃ | ᠭᠤᠴᠢᠨ ᠭᠤᠷᠪᠠᠳᠤᠭᠠᠷ ᠵᠦᠢᠯ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ ᠢ ᠤᠭᠰᠠᠷᠠᠬᠤ | ᠰᠡᠯᠪᠢᠨ ᠵᠠᠰᠠᠬᠤ ᠠᠵᠤ ᠠᠬᠤᠶᠢᠯᠠᠯ ᠤᠨ ᠤᠷᠢᠨ ᠬᠡᠷᠡᠭᠯᠡᠭᠰᠡᠨ ᠤᠭᠰᠠᠷᠠᠵᠤ ᠰᠡᠯᠪᠢᠨ ᠵᠠᠰᠠᠬᠤ ᠠᠵᠢᠯᠲᠡᠨ ᠨᠢ | ᠤᠯᠤᠰ ᠤᠨ ᠲᠤᠭᠲᠠᠭᠠᠯ ᠶᠤᠰᠤᠭᠠᠷ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ ᠢ ᠤᠭᠰᠠᠷᠠᠵᠤ | ᠰᠡᠯᠪᠢᠨ ᠵᠠᠰᠠᠬᠤ ᠠᠵᠢᠯ ᠤᠨ ᠪᠠᠶᠢᠷᠢ ᠶᠢᠨ ᠦᠨᠡᠮᠯᠡᠯ ᠢ ᠤᠯᠬᠤ ᠬᠡᠷᠡᠭᠲᠠᠢ᠃ ᠤᠭᠰᠠᠷᠠᠵᠤ ᠰᠡᠯᠪᠢᠨ ᠵᠠᠰᠠᠬᠤ | ᠠᠵᠢᠯᠯᠠᠭ᠎ᠠ ᠶᠢ ᠬᠢᠬᠦ ᠳᠤ ᠠᠶᠤᠯᠭᠦᠢ ᠪᠠ ᠮᠡᠷᠭᠡᠵᠢᠯ ᠤᠨ ᠪᠠᠷᠢᠮᠵᠢᠶᠡᠨ ᠤ ᠲᠤᠭᠲᠠᠭᠠᠯ ᠢ ᠵᠢᠷᠤᠮᠯᠠᠵᠤ᠂ ᠰᠢᠲᠠᠮᠠᠬᠠᠢ | ᠬᠡᠢ ᠶᠢ ᠬᠡᠷᠡᠭᠯᠡᠬᠦ ᠱᠠᠭᠠᠷᠳᠠᠯᠭ᠎ᠠ ᠲᠠᠢ ᠨᠡᠶᠢᠴᠡᠬᠦ ᠶᠢᠨ ᠬᠠᠮᠲᠤ ᠬᠡᠷᠡᠭᠯᠡᠭᠴᠢ ᠳᠤ ᠠᠶᠤᠯᠭᠦᠢ ᠪᠠᠷ ᠰᠢᠲᠠᠮᠠᠬᠠᠢ ᠬᠡᠢ ᠶᠢᠨ | ᠰᠢᠲᠠᠭᠠᠯᠭ᠎ᠠ ᠶᠢᠨ ᠪᠠᠭᠠᠵᠢ ᠬᠡᠷᠡᠭᠰᠡᠯ ᠢ ᠬᠡᠷᠡᠭᠯᠡᠬᠦ ᠶᠢ ᠵᠢᠭᠠᠨ ᠵᠢᠯᠤᠭᠤᠳᠬᠤ ᠬᠡᠷᠡᠭᠲᠠᠢ᠃ | ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ ᠢ ᠤᠭᠰᠠᠷᠠᠬᠤ ᠳᠤ ᠵᠠᠰᠠᠬᠤ ᠶᠢ ᠪᠠᠲᠤᠯᠠᠬᠤ | ᠬᠤᠭᠤᠴᠠᠭ᠎ᠠ ᠲᠤᠭᠲᠠᠭᠠᠵᠤ᠂ ᠵᠠᠰᠠᠬᠤ ᠶᠢ ᠪᠠᠲᠤᠯᠠᠬᠤ ᠬᠤᠭᠤᠴᠠᠭ᠎ᠠ ᠨᠢ ᠨᠢᠭᠡ ᠵᠢᠯ ᠠᠴᠠ ᠲᠤᠤᠷ᠎ᠠ ᠪᠠᠶᠢᠵᠤ ᠪᠤᠯᠬᠤ | ᠦᠭᠡᠢ᠃ | ᠭᠤᠴᠢᠨ ᠲᠦᠷᠪᠡᠳᠦᠭᠡᠷ ᠵᠦᠢᠯ ᠬᠤᠭᠤᠯᠠᠶᠢᠲᠤ ᠰᠢᠲᠠᠮᠠᠬᠠᠢ ᠭᠡᠢ ᠶᠢᠨ ᠬᠤᠭᠤᠯᠠᠢ ᠲᠤᠤᠷ ᠵᠢᠴᠢ ᠲᠠᠭᠠᠯᠲᠠ | ᠲᠦᠬᠦᠭᠡᠷᠦᠮᠵᠢ᠂ ᠪᠡᠯᠡᠳᠭᠡᠮᠵᠢ ᠪᠠ ᠭᠡᠷ ᠲᠤᠲᠤᠷᠠᠬᠢ ᠰᠢᠲᠠᠮᠠᠬᠠᠢ ᠬᠡᠢ ᠶᠢᠨ ᠬᠤᠭᠤᠯᠠᠢ᠂ ᠬᠡᠮᠵᠢᠯᠲᠠ ᠶᠢᠨ ᠬᠡᠮᠵᠢᠭᠦᠷ᠂ | ᠠᠶᠤᠯᠭᠦᠢ ᠦᠪᠡᠷᠲᠡᠭᠡᠨ ᠬᠠᠭᠠᠭᠳᠠᠬᠤ ᠨᠡᠭᠡᠯᠡᠬᠡᠢ᠂ ᠵᠠᠯᠭᠠᠯᠲᠠ ᠬᠤᠭᠤᠯᠠᠢ ᠶᠢ ᠰᠡᠯᠪᠢᠨ ᠵᠠᠰᠠᠬᠤ᠂ ᠠᠷᠠᠴᠢᠯᠠᠨ | ᠬᠠᠮᠠᠭᠠᠯᠠᠬᠤ᠂ ᠰᠢᠨᠡᠳᠭᠡᠬᠦ ᠶᠢ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢᠭᠡᠲᠦᠯᠲᠠᠢ ᠬᠠᠷᠢᠭᠤᠴᠠᠨ᠎ᠡ | ᠃ | ᠬᠡᠷᠡᠭᠯᠡᠭᠴᠢ ᠬᠢᠷᠢ ᠲᠡᠩᠴᠡᠭᠰᠡᠨ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ ᠢ ᠬᠡᠷᠡᠭᠯᠡᠵᠤ᠂ | ᠤᠯᠤᠰ ᠠᠴᠠ ᠰᠢᠭᠰᠢᠳᠡᠭᠦᠯᠬᠦ ᠪᠠᠷ ᠵᠠᠷᠯᠢᠭᠳᠠᠭᠰᠠᠨ ᠪᠤᠶᠤ ᠬᠡᠷᠡᠭᠯᠡᠬᠦ ᠴᠠᠭ ᠤᠨ ᠬᠢᠵᠠᠭᠠᠷ ᠨᠢ ᠨᠢᠭᠡᠨᠲᠠ ᠲᠤᠯᠤᠭᠰᠠᠨ | ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ᠂ ᠵᠠᠯᠭᠠᠬᠤ ᠬᠤᠭᠤᠯᠠᠢ ᠶᠢ ᠴᠠᠭ ᠲᠤᠬᠠᠢ ᠳᠤᠨᠢ ᠰᠤᠯᠢᠵᠤ᠂ | ᠵᠠᠷᠤᠳᠠᠯ ᠢ ᠬᠡᠷᠡᠭᠯᠡᠭᠴᠢ ᠡᠭᠦᠷᠭᠡᠯᠡᠬᠦ ᠬᠡᠷᠡᠭᠲᠠᠢ᠃ | ᠭᠤᠴᠢᠨ ᠲᠠᠪᠤᠳᠤᠭᠠᠷ ᠵᠦᠢᠯ ᠬᠡᠷᠡᠭᠯᠡᠭᠴᠢ ᠵᠢᠴᠢ ᠬᠤᠯᠪᠤᠭᠳᠠᠯ ᠪᠦᠬᠦᠢ ᠨᠢᠭᠡᠴᠢ ᠪᠠ ᠬᠤᠪᠢ ᠬᠦᠮᠦᠨ | ᠲᠤᠤᠷᠠᠬᠢ ᠦᠢᠯᠡ ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄ | ︵ᠨᠢᠭᠡ︶ ᠰᠢᠲᠠᠮᠠᠬᠠᠢ ᠬᠡᠢ ᠶᠢᠨ ᠡᠵᠡᠩᠨᠡᠯᠲᠠ ᠶᠢᠨ ᠵᠦᠪᠰᠢᠶᠡᠷᠡᠯ ᠢ ᠤᠯᠤᠭᠰᠠᠨ ᠦᠭᠡᠢ ᠨᠢᠭᠡᠴᠢ ᠠᠴᠠ | ᠬᠠᠩᠭᠠᠭᠰᠠᠨ ᠰᠢᠲᠠᠮᠠᠬᠠᠢ ᠬᠡᠢ ᠶᠢ ᠬᠤᠳᠠᠯᠳᠤᠨ ᠠᠪᠬᠤ ᠪᠠ ᠬᠡᠷᠡᠭᠯᠡᠬᠦ︔ | ︵ᠬᠤᠶᠠᠷ︶ ᠠᠶᠤᠯᠭᠦᠢ ᠨᠦᠬᠦᠴᠡᠯ ᠢ ᠪᠦᠷᠢᠯᠳᠦᠭᠦᠯᠦᠭᠰᠡᠨ ᠦᠭᠡᠢ ᠲᠠᠯᠠᠪᠤᠷ ᠲᠤ ᠰᠢᠲᠠᠮᠠᠬᠠᠢ ᠬᠡᠢ ᠶᠢ | ᠬᠡᠷᠡᠭᠯᠡᠵᠤ ᠬᠠᠳᠠᠭᠠᠯᠠᠬᠤ︔ ᠨᠢᠭᠡ ᠦᠷᠦᠭᠡ ᠳᠤ ᠬᠤᠭᠤᠯᠠᠶᠢᠲᠤ ᠰᠢᠲᠠᠮᠠᠬᠠᠢ ᠬᠡᠢ ᠪᠠ ᠰᠠᠪᠠ ᠲᠠᠢ ᠬᠡᠢ ᠶᠢ ᠬᠤᠯᠢᠨ | ᠬᠡᠷᠡᠭᠯᠡᠬᠦ︔ ᠰᠢᠲᠠᠮᠠᠬᠠᠢ ᠬᠡᠢ ᠬᠡᠷᠡᠭᠯᠡᠭᠰᠡᠨ ᠦᠷᠦᠭᠡᠨ ᠳᠤ ᠵᠤᠤᠬᠠᠨ ᠭᠠᠯ ᠬᠡᠷᠡᠭᠯᠡᠬᠦ ᠪᠤᠶᠤ ᠨᠤᠴᠤᠮᠠᠳᠠᠭᠠᠢ | ᠲᠠᠰᠤᠷᠡᠮᠡᠳᠡᠭᠡᠢ ᠪᠤᠳᠠᠰ ᠢ ᠴᠤᠭ ᠲᠠᠯᠪᠢᠬᠤ︔ ᠦᠨᠳᠦᠷ ᠲᠠᠪᠬᠤᠷᠭᠠᠲᠤ ᠪᠠᠷᠢᠯᠭ᠎ᠠ ᠪᠠ ᠭᠠᠵᠠᠷ ᠲᠤᠤᠷ᠎ᠠ᠂ ᠬᠠᠭᠠᠰ | ᠭᠠᠵᠠᠷ ᠲᠤᠤᠷᠠᠬᠢ ᠬᠤᠭᠤᠰᠤᠨ ᠵᠠᠢ ᠳᠤ ᠰᠠᠪᠠᠲᠠᠢ ᠬᠡᠢ ᠬᠡᠷᠡᠭᠯᠡᠵᠤ᠂ ᠬᠠᠳᠠᠭᠠᠯᠠᠬᠤ︔ | ︵ᠭᠤᠷᠪᠡ︶ ᠰᠢᠲᠠᠮᠠᠬᠠᠢ ᠬᠡᠢ ᠶᠢᠨ ᠰᠠᠪᠠ ᠶᠢ ᠬᠠᠯᠠᠭᠠᠬᠤ᠂ ᠰᠠᠪᠠᠵᠤ ᠬᠠᠭᠠᠯᠬᠤ᠂ ᠲᠤᠩᠭᠤᠷᠠᠭᠤᠯᠤᠨ | ᠲᠠᠯᠪᠢᠬᠤ᠂ ᠨᠠᠷᠠᠨ ᠳᠤ ᠰᠢᠷᠠᠬᠤ᠂ ᠰᠢᠲᠠᠮᠠᠬᠠᠢ ᠬᠡᠢ ᠶᠢᠨ ᠬᠡᠢ ᠶᠢᠨ ᠰᠠᠪᠠ ᠲᠠᠬᠢ ᠦᠯᠡᠳᠡᠭᠳᠡᠯ ᠰᠢᠩᠭᠡᠨ ᠢ ᠠᠰᠬᠠᠬᠤ᠂ | ᠬᠡᠢ ᠶᠢᠨ ᠰᠠᠪᠠ ᠶᠢᠨ ᠬᠤᠭᠤᠷᠤᠨᠲᠤ ᠬᠡᠢ ᠶᠡᠭᠦᠯᠡᠬᠦ︔ | ︵ᠲᠦᠷᠪᠡ︶ ᠰᠢᠲᠠᠮᠠᠬᠠᠢ ᠬᠡᠢ ᠶᠢᠨ ᠬᠡᠮᠵᠢᠭᠦᠷ ᠤᠨ ᠲᠤᠨᠤᠭ ᠲᠦᠬᠦᠭᠡᠷᠦᠮᠵᠢ ᠪᠠ ᠰᠢᠲᠠᠮᠠᠬᠠᠢ ᠬᠡᠢ ᠶᠢᠨ | ᠲᠦᠬᠦᠭᠡᠷᠦᠮᠵᠢ ᠶᠢ ᠲᠤᠷ᠎ᠠ ᠪᠠᠷ ᠤᠭᠰᠠᠷᠠᠵᠤ᠂ ᠦᠭᠡᠷᠡᠴᠢᠯᠡᠨ ᠤᠭᠰᠠᠷᠠᠵᠤ᠂ ᠵᠠᠳᠠᠯᠤᠨ ᠪᠠᠭᠤᠯᠭᠠᠬᠤ︔ | ︵ᠲᠠᠪᠤ︶ ᠰᠢᠲᠠᠮᠠᠬᠠᠢ ᠬᠡᠢ ᠶᠢᠨ ᠬᠤᠭᠤᠯᠠᠢ ᠪᠤᠶᠤ ᠪᠤᠰᠤᠳ ᠰᠢᠲᠠᠮᠠᠬᠠᠢ ᠬᠡᠢ ᠶᠢᠨ ᠲᠦᠬᠦᠭᠡᠷᠦᠮᠵᠢ ᠶᠢ | ᠬᠦᠨᠳᠦᠴᠡ ᠶᠢ ᠲᠤᠯᠭᠠᠭᠤᠷᠯᠠᠬᠤ ᠲᠤᠯᠭᠠᠭᠤᠷ ᠪᠤᠯᠭᠠᠬᠤ ᠪᠤᠶᠤ ᠭᠠᠵᠠᠷ ᠤᠳᠠᠰᠤ ᠵᠠᠯᠭᠠᠬᠤ︔ | ︵ᠵᠢᠷᠭᠤᠭ᠎ᠠ︶ ᠰᠢᠲᠠᠮᠠᠬᠠᠢ ᠬᠡᠢ ᠶᠢᠨ ᠬᠡᠷᠡᠭᠴᠡᠭᠡ ᠶᠢ ᠦᠭᠡᠷᠡᠴᠢᠯᠡᠬᠦ ᠪᠤᠶᠤ ᠰᠢᠲᠠᠮᠠᠬᠠᠢ ᠬᠡᠢ ᠶᠢ | ᠬᠤᠪᠢᠷᠠᠭᠤᠯᠤᠨ ᠬᠠᠩᠭᠠᠬᠤ᠂ ᠬᠡᠢ ᠬᠡᠷᠡᠭᠯᠡᠬᠦ ᠬᠦᠷᠢᠶ᠎ᠡ ᠬᠡᠪᠴᠢᠶ᠎ᠡ ᠶᠢ ᠲᠤᠷ᠎ᠠ ᠪᠠᠷ ᠦᠷᠭᠡᠳᠭᠡᠵᠤ᠂ ᠠᠷᠠᠳ ᠤᠨ | ᠬᠡᠷᠡᠭᠯᠡᠭᠡᠨ ᠤ ᠰᠢᠲᠠᠮᠠᠬᠠᠢ ᠬᠡᠢ ᠶᠢᠨ ᠬᠡᠷᠡᠭᠴᠡᠭᠡ ᠶᠢ ᠲᠤᠷ᠎ᠠ ᠪᠠᠷ ᠦᠭᠡᠷᠡᠴᠢᠯᠡᠵᠤ᠂ ᠠᠷᠠᠳ ᠤᠨ ᠬᠡᠷᠡᠭᠯᠡᠭᠡᠨ ᠤ | ᠰᠢᠲᠠᠮᠠᠬᠠᠢ ᠬᠡᠢ ᠶᠢ ᠠᠵᠤ ᠦᠢᠯᠡᠳᠪᠦᠷᠢ ᠶᠢᠨ ᠲᠦᠭᠦᠬᠡᠢ ᠡᠳ᠋ ᠪᠠᠷ ᠬᠡᠷᠡᠭᠯᠡᠬᠦ᠂ ᠠᠼᠧᠲ᠋ᠢᠯᠧᠨ ᠶᠢ ᠤᠷᠤᠯᠠᠨ | ᠬᠡᠷᠴᠢᠬᠦ ᠳᠤ ᠬᠡᠷᠡᠭᠯᠡᠬᠦ ᠬᠡᠢ ᠪᠡᠶᠠᠲᠤ ᠪᠤᠯᠭᠠᠬᠤ ᠵᠡᠷᠭᠡ᠃ | ︵ᠲᠤᠯᠤᠭ᠎ᠠ︶ ᠦᠪᠡᠷᠲᠡᠭᠡᠨ ᠠᠭᠠᠷ ᠨᠡᠪᠲᠡᠷᠡᠭᠦᠯᠵᠤ᠂ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ | ᠠᠬᠤᠶᠢᠯᠠᠯ ᠤᠨ ᠪᠢᠲᠡᠭᠦᠮᠵᠢᠯᠡᠭᠰᠡᠨ ᠰᠢᠲᠠᠮᠠᠬᠠᠢ ᠬᠡᠢ ᠶᠢᠨ ᠲᠦᠬᠦᠭᠡᠷᠦᠮᠵᠢ ᠶᠢ ᠲᠤᠷ᠎ᠠ ᠪᠠᠷ ᠢᠶᠠᠨ ᠪᠢᠲᠡᠭᠦᠮᠵᠢ ᠶᠢ | ᠨᠡᠭᠡᠭᠡᠬᠦ᠂ ᠬᠦᠳᠡᠯᠭᠡᠬᠦ᠂ ᠲᠤᠬᠢᠷᠠᠭᠤᠯᠬᠤ︔ | ︵ᠨᠠᠢᠮᠠ︶ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠠᠴᠠ ᠰᠢᠲᠠᠮᠠᠬᠠᠢ ᠬᠡᠢ ᠶᠢᠨ | ᠲᠦᠬᠦᠭᠡᠷᠦᠮᠵᠢ ᠪᠡᠯᠡᠳᠭᠡᠮᠵᠢ ᠶᠢ ᠴᠠᠭᠳᠠᠨ ᠪᠠᠶᠢᠴᠠᠭᠠᠬᠤ᠂ ᠪᠠᠶᠢᠴᠠᠭᠠᠨ ᠰᠢᠯᠭᠠᠬᠤ᠂ ᠰᠡᠯᠪᠢᠨ ᠵᠠᠰᠠᠬᠤ᠂ ᠬᠠᠮᠠᠭᠠᠯᠠᠬᠤ | ᠠᠵᠢᠯ ᠳᠤ ᠭᠠᠷ ᠲᠦᠷᠦᠨ ᠬᠠᠷᠰᠢᠯᠠᠬᠤ᠃ | ᠭᠤᠴᠢᠨ ᠵᠢᠷᠭᠤᠳᠤᠭᠠᠷ ᠵᠦᠢᠯ ᠢᠳᠡᠭᠡᠨ ᠤᠮᠳᠠᠭᠠᠨ ᠤ ᠦᠢᠯᠡᠰ ᠢ ᠡᠷᠬᠢᠯᠡᠳᠡᠭ ᠰᠠᠪᠠ ᠲᠠᠢ ᠬᠡᠢ ᠶᠢᠨ | ᠬᠡᠷᠡᠭᠯᠡᠭᠴᠢ ᠨᠢ ᠲᠤᠤᠷᠠᠬᠢ ᠲᠤᠭᠲᠠᠭᠠᠯ ᠢ ᠵᠢᠷᠤᠮᠯᠠᠬᠤ ᠬᠡᠷᠡᠭᠲᠠᠢ᠄ | ︵ᠨᠢᠭᠡ︶ ᠰᠢᠲᠠᠮᠠᠬᠠᠢ ᠬᠡᠢ ᠶᠢ ᠬᠠᠳᠠᠭᠠᠯᠠᠭᠰᠠᠨ ᠶᠡᠷᠦᠩᠭᠡᠢ ᠬᠦᠨᠲᠦ ᠶᠢᠨ ᠬᠡᠮᠵᠢᠶ᠎ᠡ ᠨᠢ 100 ᠺᠢᠯᠤᠭ᠍ᠷᠠᠮ ᠢ | ᠬᠡᠲᠦᠷᠡᠭᠰᠡᠨ ᠦᠶᠡᠰ᠂ ᠲᠤᠰᠬᠠᠢ ᠬᠡᠷᠡᠭᠯᠡᠬᠦ ᠬᠡᠢ ᠶᠢᠨ ᠰᠠᠪᠠ ᠶᠢ ᠬᠠᠳᠠᠭᠠᠯᠠᠬᠤ ᠤᠷᠤᠨ ᠲᠤᠬᠢᠷᠠᠭᠤᠯᠬᠤ ᠬᠡᠷᠡᠭᠲᠠᠢ︔ | 100 ᠺᠢᠯᠤᠭ᠍ᠷᠠᠮ ᠠᠴᠠ ᠶᠡᠭᠡ 420 ᠺᠢᠯᠤᠭ᠍ᠷᠠᠮ ᠠᠴᠠ ᠪᠠᠭ᠎ᠠ ᠦᠶᠡᠰ ᠬᠡᠢ ᠶᠢᠨ ᠰᠠᠪᠠ ᠶᠢ ᠬᠠᠳᠠᠭᠠᠯᠠᠬᠤ ᠤᠷᠤᠨ ᠢ | ᠬᠡᠢ ᠬᠡᠷᠡᠭᠯᠡᠬᠦ ᠪᠠᠷᠢᠯᠭ᠎ᠠ ᠲᠠᠢ ᠵᠡᠷᠭᠡᠯᠡᠳᠡᠭᠡ ᠪᠠᠶᠢᠭ᠎ᠠ ᠲᠤᠰᠬᠠᠢ ᠬᠡᠷᠡᠭᠯᠡᠬᠦ ᠦᠷᠦᠭᠡᠨ ᠲᠤᠲᠤᠷ᠎ᠠ ᠲᠤᠬᠢᠷᠠᠭᠤᠯᠵᠤ | ᠪᠤᠯᠤᠨ᠎ᠡ︔ 420 ᠺᠢᠯᠤᠭ᠍ᠷᠠᠮ ᠠᠴᠠ ᠶᠡᠭᠡ ᠪᠤᠯ ᠬᠡᠢ ᠶᠢᠨ ᠰᠠᠪᠠ ᠶᠢ ᠬᠠᠳᠠᠭᠠᠯᠠᠬᠤ ᠦᠷᠦᠭᠡ ᠶᠢ ᠪᠤᠰᠤᠳ | ᠠᠷᠠᠳ ᠤᠨ ᠬᠡᠷᠡᠭᠯᠡᠭᠡᠨ ᠤ ᠪᠠᠷᠢᠯᠭ᠎ᠠ ᠠᠴᠠ 10 ᠮᠧᠲᠷ ᠠᠴᠠ ᠪᠠᠭ᠎ᠠ ᠪᠤᠰᠤ ᠵᠠᠢ ᠲᠠᠢ ᠲᠤᠰᠠᠭᠠᠷ ᠪᠠᠷᠢᠯᠭ᠎ᠠ ᠶᠢᠨ | ᠲᠤᠲᠤᠷ᠎ᠠ ᠲᠤᠬᠢᠷᠠᠭᠤᠯᠬᠤ ᠬᠡᠷᠡᠭᠲᠠᠢ︔ | ︵ᠬᠤᠶᠠᠷ︶ ᠬᠡᠢ ᠶᠢᠨ ᠰᠠᠪᠠ ᠶᠢᠨ ᠬᠠᠳᠠᠭᠠᠯᠠᠬᠤ ᠦᠷᠦᠭᠡᠨ ᠤ ᠦᠨᠳᠦᠷ ᠤᠨ ᠬᠡᠮᠵᠢᠶ᠎ᠡ ᠨᠢ 2.2 | ᠮᠧᠲᠷ ᠠᠴᠠ ᠲᠤᠤᠷ᠎ᠠ ᠪᠠᠶᠢᠵᠤ ᠪᠤᠯᠬᠤ ᠦᠭᠡᠢ᠂ ᠦᠷᠦᠭᠡᠨ ᠲᠤᠲᠤᠷ᠎ᠠ ᠰᠢᠲᠠᠮᠠᠬᠠᠢ ᠬᠡᠢ ᠪᠡᠶᠡᠲᠤ ᠶᠢᠨ ᠦᠳᠭᠡᠨ ᠤ | ᠬᠡᠮᠵᠢᠶ᠎ᠡ ᠶᠢ ᠰᠡᠷᠡᠮᠵᠢᠯᠡᠭᠦᠯᠬᠦ ᠲᠤᠨᠤᠭᠯᠠᠯ ᠢ ᠨᠡᠮᠡᠨ ᠤᠭᠰᠠᠷᠠᠵᠤ᠂ ᠲᠡᠯᠪᠡᠷᠡᠬᠦ ᠶᠢ ᠰᠡᠷᠭᠡᠶᠢᠯᠡᠬᠦ ᠬᠡᠷᠡᠯᠲᠦᠭᠦᠯᠭᠡ ᠵᠡᠷᠭᠡ | ᠴᠠᠬᠢᠯᠭᠠᠨ ᠪᠠᠯᠡᠳᠭᠡᠮᠵᠢ ᠶᠢ ᠬᠡᠷᠡᠭᠯᠡᠵᠤ᠂ ᠴᠠᠬᠢᠯᠭᠠᠨ ᠬᠡᠷᠡᠭᠰᠡᠯ ᠤᠨ ᠨᠡᠭᠡᠭᠡᠯᠭᠡ ᠶᠢ ᠦᠷᠦᠭᠡᠨ ᠭᠠᠳᠠᠨ᠎ᠠ | ᠲᠤᠬᠢᠷᠠᠭᠤᠯᠬᠤ ᠶᠢᠨ ᠬᠠᠮᠲᠤ ᠬᠠᠳᠠᠭᠠᠯᠠᠬᠤ ᠦᠷᠦᠭᠡᠨ ᠤ ᠭᠠᠳᠠᠨ᠎ᠠ ᠢᠯᠡ ᠲᠤᠲᠤ ᠠᠮᠤᠷ ᠲᠦᠪᠰᠢᠨ ᠤ ᠰᠡᠷᠡᠮᠵᠢ ᠶᠢᠨ | ᠲᠡᠮᠳᠡᠭ ᠢ ᠲᠤᠬᠢᠷᠠᠭᠤᠯᠬᠤ ᠬᠡᠷᠡᠭᠲᠠᠢ︔ | ︵ᠭᠤᠷᠪᠠ︶ ᠬᠡᠢ ᠶᠢᠨ ᠰᠠᠪᠠ ᠶᠢ ᠬᠠᠳᠠᠭᠠᠯᠠᠬᠤ ᠦᠷᠦᠭᠡᠨ ᠭᠠᠵᠠᠷ ᠲᠤᠤᠷ᠎ᠠ ᠲᠤᠯᠠᠭᠠᠯᠠᠮᠵᠢ ᠶᠢᠨ ᠬᠤᠪᠢᠯ᠂ | ᠪᠤᠬᠢᠷ ᠤᠰᠤᠨ ᠤ ᠭᠤᠭᠤᠵᠢᠬᠤ ᠵᠢᠴᠢ ᠪᠤᠰᠤᠳ ᠪᠠᠷᠢᠯᠭ᠎ᠠ ᠶᠢᠨ ᠲᠠᠭᠠᠯᠲᠠ ᠵᠦᠢᠯᠡᠰ ᠪᠠᠶᠢᠵᠤ ᠪᠤᠯᠬᠤ ᠦᠭᠡᠢ᠂ | ᠨᠤᠴᠤᠮᠠᠳᠠᠭᠠᠢ ᠲᠡᠰᠦᠷᠡᠮᠡᠳᠡᠭᠡᠢ ᠪᠤᠳᠠᠰ ᠢ ᠤᠪᠤᠭᠠᠯᠠᠵᠤ ᠲᠠᠯᠪᠢᠬᠤ ᠪᠠ ᠭᠠᠯ ᠬᠡᠷᠡᠭᠯᠡᠬᠦ ᠶᠢ ᠴᠠᠭᠠᠵᠠᠯᠡᠨ᠎ᠡ︔ | ︵ᠲᠦᠷᠪᠡ︶ ᠬᠡᠢ ᠰᠢᠩᠭᠡᠨ ᠬᠤᠶᠠᠷ ᠢ ᠰᠠᠪᠠᠯᠠᠭᠰᠠᠨ ᠰᠠᠪᠠ ᠶᠢ ᠬᠡᠷᠡᠭᠯᠡᠬᠦ ᠶᠢ ᠴᠠᠭᠠᠵᠠᠯᠠᠵᠤ᠂ ᠰᠢᠲᠠᠮᠠᠬᠠᠢ | ᠬᠡᠢ ᠶᠢᠨ ᠪᠡᠯᠡᠳᠭᠡᠯ ᠬᠡᠢ ᠶᠢᠨ ᠰᠠᠪᠠ ᠶᠢ ᠰᠠᠯᠭᠠᠨ ᠲᠠᠯᠪᠢᠬᠤ ᠪᠤᠶᠤ ᠭᠠᠯ ᠰᠡᠷᠭᠡᠶᠢᠯᠡᠬᠦ ᠬᠠᠯᠬᠠᠪᠴᠢ ᠪᠠᠷ ᠲᠤᠰᠠᠭᠠᠷᠯᠠᠬᠤ | ᠬᠡᠷᠡᠭᠲᠠᠢ︔ | ︵ᠲᠠᠪᠤ︶ ᠰᠢᠲᠠᠮᠠᠬᠠᠢ ᠬᠡᠢ ᠶᠢᠨ ᠬᠡᠢ ᠶᠢᠨ ᠰᠠᠪᠠ ᠪᠤᠯᠤᠨ ᠭᠠᠭᠴᠠ ᠰᠠᠭᠤᠷᠢ ᠴᠢᠯᠠᠭᠤᠨ ᠲᠤᠰᠤᠨ ᠰᠢᠲᠠᠮᠠᠬᠠᠢ | ᠬᠡᠢ ᠶᠢᠨ ᠭᠠᠯ ᠲᠤᠭᠤᠭᠠᠨ ᠬᠡᠷᠡᠭᠰᠡᠯ ᠢ ᠵᠠᠯᠭᠠᠬᠤ ᠳᠤ ᠲᠦᠷᠢᠮᠵᠢᠭᠰᠡᠨ ᠪᠠᠷᠢᠮᠵᠢᠶ᠎ᠡ ᠳᠤ ᠨᠡᠶᠢᠴᠡᠭᠰᠡᠨ ᠵᠠᠯᠭᠠᠬᠤ | ᠬᠤᠭᠤᠯᠠᠢ ᠶᠢ ᠬᠡᠷᠡᠭᠯᠡᠵᠤ᠂ ᠬᠡᠢ ᠶᠢᠨ ᠰᠠᠪᠠ ᠪᠠ ᠭᠠᠯ ᠲᠤᠭᠤᠭᠠᠨ ᠬᠡᠷᠡᠭᠰᠡᠯ ᠤᠨ ᠵᠠᠯᠭᠠᠬᠤ ᠭᠠᠵᠠᠷ ᠲᠤ | ᠬᠠᠪᠴᠢᠭᠤᠷ ᠢᠶᠠᠷ ᠪᠠᠲᠤ ᠪᠠᠬᠢᠯᠡᠬᠦ ᠶᠢᠨ ᠬᠠᠮᠲᠤ ᠲᠤᠳᠤᠷᠬᠠᠶᠢᠯᠠᠭᠰᠠᠨ ᠬᠡᠷᠡᠭᠯᠡᠬᠦ ᠬᠤᠭᠤᠴᠠᠭᠠᠨ ᠬᠢᠵᠠᠭᠠᠷ ᠲᠤ ᠰᠤᠯᠢᠵᠤ | ᠂ ᠵᠠᠯᠭᠠᠬᠤ ᠬᠤᠭᠤᠯᠠᠢ ᠨᠢ ᠬᠠᠭᠤᠴᠢᠷᠠᠭᠰᠠᠨ᠂ ᠢᠳᠡᠭᠳᠡᠭᠰᠡᠨ ᠵᠡᠷᠭᠡ ᠶᠢ ᠢᠯᠡᠷᠡᠭᠦᠯᠪᠡᠯ ᠴᠠᠭ ᠲᠠᠷᠤᠢ ᠳᠤᠨᠢ ᠰᠤᠯᠢᠵᠤ᠂ | ᠰᠢᠳᠠᠮᠠᠬᠠᠢ ᠬᠡᠢ ᠶᠢᠨ ᠬᠡᠢ ᠶᠢᠨ ᠰᠠᠪᠠ ᠪᠠᠷ ᠤᠯᠠᠨ ᠰᠠᠭᠤᠷᠢ ᠰᠢᠩᠭᠡᠵᠢᠯ ᠴᠢᠯᠠᠭᠤᠨ ᠲᠤᠰᠤᠨ ᠤ ᠰᠢᠳᠠᠮᠠᠬᠠᠢ ᠬᠡᠢ ᠶᠢᠨ | ᠭᠠᠯ ᠲᠤᠭᠤᠭᠠᠨ ᠬᠡᠷᠡᠭᠰᠡᠯ ᠬᠡᠢ ᠬᠠᠩᠭᠠᠪᠠᠯ᠂ ᠰᠢᠳᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ ᠢ | ᠪᠠᠬᠢᠯᠡᠭᠰᠡᠨ ᠤ ᠲᠠᠷᠠᠭ᠎ᠠ ᠵᠠᠯᠭᠠᠬᠤ ᠬᠤᠭᠤᠯᠠᠢ ᠪᠠᠷ ᠵᠠᠯᠭᠠᠬᠤ ᠬᠡᠷᠡᠭᠲᠠᠢ︔ | ︵ᠵᠢᠷᠭᠤᠭ᠎ᠠ︶ ᠲᠦᠭᠦᠬᠡᠢ ᠭᠤᠮ ᠤᠨ ᠵᠦᠭᠡᠯᠡᠨ ᠬᠤᠭᠤᠯᠠᠢ ᠳᠤ ᠵᠠᠯᠭᠠᠭᠠᠳᠠᠰᠤ ᠪᠠᠶᠢᠵᠤ ᠪᠤᠯᠬᠤ ᠦᠭᠡᠢ᠂ | ᠤᠷᠳᠤ ᠶᠢᠨ ᠬᠡᠮᠵᠢᠶ᠎ᠡ ᠶᠢ 1.2 ᠮᠧᠲᠷ ᠠᠴᠠ 2.0 ᠮᠧᠲᠷ ᠤᠨ ᠬᠤᠭᠤᠷᠤᠨᠲᠤ ᠬᠢᠵᠠᠭᠠᠷᠯᠠᠵᠤ᠂ ᠬᠠᠨ᠎ᠠ᠂ ᠡᠭᠦᠲᠠ | ᠴᠤᠩᠬᠤ ᠶᠢ ᠨᠡᠪᠳᠡᠯᠵᠤ ᠪᠤᠯᠬᠤ ᠦᠭᠡᠢ︔ | ︵ᠲᠤᠯᠤᠭ᠎ᠠ︶ ᠡᠵᠡᠩᠨᠡᠭᠴᠢ ᠪᠠ ᠠᠵᠢᠯᠯᠠᠭᠴᠢᠳ ᠲᠤᠭᠲᠠᠭᠰᠠᠨ ᠬᠤᠭᠤᠴᠠᠭ᠎ᠠ ᠲᠠᠢ ᠪᠠᠷ ᠠᠮᠦᠷ ᠲᠦᠪᠰᠢᠨ ᠤ | ᠰᠤᠷᠭᠠᠨ ᠬᠦᠮᠦᠵᠢᠯ ᠤᠨ ᠪᠤᠯᠪᠠᠰᠤᠷᠠᠯ ᠳᠤ ᠤᠷᠤᠯᠴᠠᠵᠤ᠂ ᠠᠶᠤᠯᠭᠦᠢ ᠪᠠᠷ ᠬᠡᠢ ᠬᠡᠷᠡᠭᠯᠡᠬᠦ ᠦᠵᠡᠯ ᠤᠬᠠᠮᠰᠠᠷ ᠢ ᠪᠤᠢ | ᠪᠤᠯᠭᠠᠵᠤ᠂ ᠰᠢᠳᠠᠮᠠᠬᠠᠢ ᠬᠡᠢ ᠶᠢᠨ ᠠᠶᠤᠯᠭᠦᠢ ᠬᠡᠷᠡᠭᠯᠡᠬᠦ ᠶᠡᠷᠤ ᠶᠢᠨ ᠮᠡᠳᠡᠯᠭᠡ ᠶᠢ ᠡᠵᠡᠮᠰᠢᠵᠤ᠂ ᠰᠢᠳᠠᠮᠠᠬᠠᠢ ᠬᠡᠢ ᠶᠢᠨ | ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ | ᠬᠠᠮᠲᠤ ᠨᠠᠶᠢᠳᠠᠪᠤᠷᠢᠵᠢᠭᠤᠯᠬᠤ ᠬᠡᠷᠡᠭᠲᠠᠢ᠃ ᠠᠵᠢᠯᠯᠠᠭᠴᠢᠳ ᠰᠢᠳᠠᠮᠠᠬᠠᠢ ᠬᠡᠢ ᠶᠢᠨ ᠠᠶᠤᠯᠭᠦᠢ ᠶᠢᠨ ᠪᠤᠯᠪᠠᠰᠤᠷᠠᠯ ᠢ | ᠲᠠᠮᠵᠢᠮᠠᠨᠵᠢᠨ ᠰᠠᠶ᠋ᠢ ᠠᠵᠢᠯ ᠤᠨ ᠪᠠᠶᠢᠷᠢ ᠳᠤ ᠭᠠᠷᠴᠤ᠂ ᠠᠶᠤᠯᠭᠦᠢ ᠬᠡᠢ ᠬᠡᠷᠡᠭᠯᠡᠬᠦ ᠲᠤᠭᠲᠠᠭᠠᠯ ᠢ ᠴᠢᠩᠭ᠎ᠠ ᠵᠢᠷᠤᠮᠯᠠᠨ | ᠰᠢᠲᠠᠮᠠᠬᠠᠢ ᠬᠡᠢ ᠶᠢ ᠬᠡᠷᠡᠭᠯᠡᠬᠦ ᠬᠡᠷᠡᠭᠲᠠᠢ᠃ | ᠭᠤᠴᠢᠨ ᠲᠤᠯᠤᠳᠤᠭᠠᠷ ᠵᠦᠢᠯ ᠰᠢᠨ᠎ᠡ ᠪᠠᠷ ᠪᠠᠶᠢᠭᠤᠯᠤᠭᠰᠠᠨ ᠤᠷᠤᠨ ᠰᠠᠭᠤᠴᠠ ᠶᠢᠨ ᠲᠤᠭᠤᠷᠢᠭ ᠲᠤ | ᠤᠶᠤᠨᠴᠢ ᠰᠢᠳᠠᠮᠠᠬᠠᠢ ᠬᠡᠢ ᠶᠢᠨ ᠬᠡᠮᠵᠢᠭᠦᠷ᠂ ᠠᠶᠤᠯᠭᠦᠢ ᠦᠪᠡᠷᠲᠡᠭᠡᠨ ᠬᠠᠭᠠᠭᠳᠠᠬᠤ ᠨᠡᠭᠡᠯᠡᠭᠡᠢ ᠶᠢ ᠵᠢᠷᠤᠵᠤ | ᠲᠦᠯᠦᠪᠯᠡᠨ ᠤᠭᠰᠠᠷᠠᠵᠤ᠂ ᠵᠠᠷᠤᠳᠠᠯ ᠢ ᠢᠨᠵᠧᠨᠧᠷᠢᠩ ᠤᠨ ᠶᠡᠷᠦᠩᠭᠡᠢ ᠦᠨ᠎ᠡ ᠶᠢᠨ ᠵᠠᠷᠤᠯᠭ᠎ᠠ ᠲᠤ ᠵᠢᠭᠰᠠᠭᠠᠨ | ᠤᠷᠤᠭᠤᠯᠤᠨ᠎ᠡ᠂ ᠪᠠᠷᠢᠯᠭ᠎ᠠ ᠶᠢᠨ ᠨᠢᠭᠡᠴᠢ ᠨᠢ ᠦᠮᠴᠢᠲᠡᠨ ᠠᠴᠠ ᠠᠰᠲᠠᠭᠠᠨ ᠵᠠᠷᠤᠳᠠᠯ ᠬᠤᠷᠢᠶᠠᠵᠤ ᠪᠤᠯᠬᠤ ᠦᠭᠡᠢ᠃ | ᠭᠤᠴᠢᠨ ᠨᠠᠢᠮᠠᠳᠤᠭᠠᠷ ᠵᠦᠢᠯ ᠰᠢᠳᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ | ᠲᠦᠯᠦᠪᠵᠢᠭᠦᠯᠭᠡ ᠶᠤᠰᠤᠭᠠᠷ ᠨᠢᠭᠡᠨᠲᠠ ᠪᠠᠶᠢᠭ᠎ᠠ ᠪᠠᠷᠢᠯᠭ᠎ᠠ ᠶᠢᠨ ᠰᠠᠭᠤᠭᠠᠯᠢ ᠠᠷᠠᠳ ᠤᠨ ᠡᠷᠦᠭᠡ ᠳᠤ ᠤᠶᠤᠨᠴᠢ | ᠰᠢᠳᠠᠮᠠᠬᠠᠢ ᠬᠡᠢ ᠶᠢᠨ ᠬᠡᠮᠵᠢᠭᠦᠷ ᠢ ᠰᠤᠯᠢᠵᠤ᠂ ᠠᠶᠤᠯᠭᠦᠢ ᠦᠪᠡᠷᠲᠡᠭᠡᠨ ᠬᠠᠭᠠᠭᠳᠠᠬᠤ ᠨᠡᠭᠡᠯᠡᠭᠡᠢ ᠶᠢ ᠤᠭᠰᠠᠷᠠᠪᠠᠯ᠂ | ᠵᠠᠷᠤᠳᠠᠯ ᠢ ᠠᠵᠤ ᠠᠬᠤᠶᠢᠯᠠᠯ ᠤᠨ ᠡᠵᠡᠩᠨᠡᠯᠲᠠ ᠶᠢᠨ ᠦᠪᠡᠷ ᠤᠨ ᠦᠷᠳᠡᠭ ᠤᠨ ᠵᠠᠷᠤᠯᠭ᠎ᠠ ᠳᠤ ᠤᠷᠤᠭᠤᠯᠬᠤ ᠬᠡᠷᠡᠭᠲᠠᠢ | ᠃ | ᠲᠠᠪᠤᠳᠤᠭᠠᠷ ᠪᠦᠯᠦᠭ ᠲᠦᠬᠦᠭᠡᠷᠦᠮᠵᠢ ᠪᠤᠯᠤᠨ ᠲᠡᠭᠡᠭᠡᠪᠤᠷᠢ ᠶᠢᠨ ᠠᠮᠤᠷ ᠲᠦᠪᠰᠢᠨ | ᠭᠤᠴᠢ ᠶᠢᠰᠦᠳᠦᠭᠡᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ ᠰᠢᠲᠠᠮᠠᠬᠠᠢ | ᠬᠡᠢ ᠶᠢᠨ ᠲᠦᠬᠦᠭᠡᠷᠦᠮᠵᠢ ᠳᠤ ᠲᠤᠭᠲᠠᠭᠰᠠᠨ ᠬᠤᠭᠤᠴᠠᠭ᠎ᠠ ᠲᠠᠢ ᠪᠠᠷ ᠴᠠᠭᠳᠠᠨ ᠪᠠᠶᠢᠴᠠᠭᠠᠯᠲᠠ ᠪᠠ ᠪᠠᠶᠢᠴᠠᠭᠠᠨ | ᠰᠢᠯᠭᠠᠯᠲᠠ ᠬᠢᠵᠤ᠂ ᠴᠠᠭ ᠲᠤᠬᠠᠢ ᠳᠤᠨᠢ ᠰᠡᠯᠪᠢᠨ ᠵᠠᠰᠠᠵᠤ ᠬᠠᠮᠠᠭᠠᠯᠠᠬᠤ ᠶᠢᠨ ᠬᠠᠮᠲᠤ ᠴᠠᠭᠳᠠᠨ ᠪᠠᠶᠢᠴᠠᠭᠠᠯᠲᠠ᠂ | ᠪᠠᠶᠢᠴᠠᠭᠠᠨ ᠰᠢᠯᠭᠠᠯᠲᠠ ᠪᠠ ᠰᠡᠯᠪᠢᠨ ᠵᠠᠰᠠᠵᠤ ᠬᠠᠮᠠᠭᠠᠯᠠᠭᠰᠠᠨ ᠲᠡᠮᠳᠡᠭᠯᠡᠯ ᠢ ᠪᠠᠶᠢᠭᠤᠯᠵᠤ᠂ ᠲᠤᠭᠲᠠᠭᠰᠠᠨ | ᠬᠤᠭᠤᠴᠠᠭ᠎ᠠ ᠲᠠᠢ ᠪᠠᠷ ᠰᠢᠲᠠᠮᠠᠬᠠᠢ ᠬᠡᠢ ᠶᠢᠨ ᠲᠦᠬᠦᠭᠡᠷᠦᠮᠵᠢ ᠳᠤ ᠠᠶᠤᠯᠭᠦᠢ ᠶᠢᠨ ᠦᠨᠡᠯᠡᠯᠲᠠ ᠬᠢᠬᠦ ᠬᠡᠷᠡᠭᠲᠠᠢ᠃ | ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ ᠡᠳᠦᠷ ᠲᠤᠲᠤᠮ ᠤᠨ ᠠᠷᠠᠴᠢᠯᠠᠨ | ᠬᠠᠮᠢᠶᠠᠷᠤᠯᠲᠠ ᠲᠤᠮᠲᠠ᠂ ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ ᠬᠡᠪ ᠤᠨ ᠠᠵᠢᠯᠯᠠᠭ᠎ᠠ ᠳᠤ ᠠᠶᠤᠯ ᠤᠴᠠᠷᠠᠭᠰᠠᠨ | ᠪᠠᠶᠢᠬᠤ ᠶᠢ ᠢᠯᠡᠷᠡᠭᠦᠯᠪᠡᠯ᠂ ᠲᠠᠷᠤᠢ ᠲᠦᠷᠭᠡᠨ ᠵᠤᠭᠰᠤᠭᠠᠬᠤ ᠬᠡᠷᠡᠭᠲᠠᠢ᠃ ᠵᠤᠭᠰᠤᠭᠠᠭᠠᠳ ᠲᠡᠶᠢᠯᠬᠦ ᠦᠭᠡᠢ ᠪᠤᠯ᠂ | ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠬᠤᠯᠪᠤᠭᠳᠠᠯ ᠪᠦᠬᠦᠢ | ᠰᠠᠯᠠᠭ᠎ᠠ ᠮᠦᠴᠢᠷ ᠲᠤ ᠮᠡᠳᠡᠭᠦᠯᠬᠦ ᠶᠢᠨ ᠬᠠᠮᠲᠤ ᠪᠠᠶᠢᠴᠠᠭᠠᠵᠤ ᠭᠡᠷᠡᠴᠢ ᠠᠪᠬᠤ ᠠᠵᠢᠯ ᠢ ᠬᠠᠮᠵᠢᠯᠴᠠᠨ ᠰᠠᠶᠢᠲᠤᠷ ᠬᠢᠬᠦ | ᠬᠡᠷᠡᠭᠲᠠᠢ᠃ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠬᠤᠯᠪᠤᠭᠳᠠᠯ | ᠪᠦᠬᠦᠢ ᠰᠠᠯᠠᠭ᠎ᠠ ᠮᠦᠴᠢᠷ ᠨᠢ ᠮᠡᠳᠡᠭᠦᠯᠦᠯᠲᠠ ᠶᠢ ᠤᠯᠤᠭᠰᠠᠨ ᠤ ᠲᠠᠷᠠᠭ᠎ᠠ ᠴᠠᠭ ᠲᠤᠬᠠᠢ ᠳᠤᠨᠢ ᠠᠵᠢᠯᠲᠡᠨ ᠲᠤᠮᠢᠯᠠᠨ | ᠪᠠᠶᠢᠴᠠᠭᠠᠨ ᠰᠢᠢᠳᠪᠦᠷᠢᠯᠡᠬᠦ ᠬᠡᠷᠡᠭᠲᠠᠢ᠃ | ᠲᠦᠴᠢᠳᠦᠭᠡᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ ︽ᠬᠤᠲᠠ ᠪᠠᠯᠭᠠᠰᠤᠨ ᠤ | ᠰᠢᠲᠠᠮᠠᠬᠠᠢ ᠬᠡᠢ ᠶᠢᠨ ᠲᠡᠮᠳᠡᠭ ᠤᠨ ᠪᠠᠷᠢᠮᠵᠢᠶ᠎ᠡ︾ ᠶᠢᠨ ᠱᠠᠭᠠᠷᠳᠠᠯᠭ᠎ᠠ ᠶᠤᠰᠤᠭᠠᠷ᠂ ᠰᠢᠲᠠᠮᠠᠬᠠᠢ ᠬᠡᠢ ᠶᠢᠨ | ᠲᠦᠬᠦᠭᠡᠷᠦᠮᠵᠢ ᠶᠢᠨ ᠲᠡᠮᠳᠡᠭ ᠤᠨ ᠲᠤᠬᠢᠷᠠᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠠᠢ᠃ ᠰᠢᠲᠠᠮᠠᠬᠠᠢ ᠬᠡᠢ | ᠬᠠᠳᠠᠭᠠᠯᠠᠨ ᠲᠤᠬᠢᠷᠠᠭᠤᠯᠬᠤ ᠦᠷᠲᠡᠭᠡ᠂ ᠡᠭᠦᠲᠡᠨ ᠦᠷᠳᠡᠭᠡ᠂ ᠲᠠᠷᠤᠯᠲᠠ ᠲᠤᠬᠢᠷᠠᠭᠤᠯᠬᠤ ᠦᠷᠳᠡᠭᠡ ︵ᠦᠷᠦᠭᠡ︶᠂ | ᠭᠡᠶᠢᠵᠢᠭᠦᠯᠬᠦ ᠦᠷᠳᠡᠭᠡ᠂ ᠬᠡᠢ ᠨᠡᠮᠡᠬᠦ ᠦᠷᠳᠡᠭᠡ᠂ ᠬᠠᠩᠭᠠᠯᠭ᠎ᠠ ᠶᠢᠨ ᠦᠷᠳᠡᠭᠡ ᠵᠡᠷᠭᠡ ᠴᠢᠬᠤᠯᠠ ᠰᠢᠲᠠᠮᠠᠬᠠᠢ | ᠬᠡᠢ ᠶᠢᠨ ᠲᠦᠬᠦᠭᠡᠷᠦᠮᠵᠢ ᠲᠡᠭᠡᠷ᠎ᠡ ᠴᠦᠮ ᠢᠯᠡ ᠬᠠᠷᠠᠭᠳᠠᠬᠤ ᠢᠯᠵᠢᠷᠡᠬᠦ ᠶᠢ ᠰᠡᠷᠭᠡᠶᠢᠯᠡᠬᠦ᠂ ᠬᠦᠨᠳᠡᠶᠢᠷᠡᠭᠦᠯᠬᠦ᠂ | ᠠᠶᠤᠩᠭ᠎ᠠ ᠰᠡᠷᠭᠡᠶᠢᠯᠡᠬᠦ᠂ ᠲᠠᠷᠤᠯᠲᠠ ᠶᠢ ᠲᠤᠷᠤᠭᠰᠠᠯᠠᠭᠤᠯᠬᠤ᠂ ᠲᠤᠰᠠᠭᠠᠷᠯᠠᠬᠤ ᠵᠡᠷᠭᠡ ᠬᠠᠮᠠᠭᠠᠯᠠᠯᠲᠠ ᠶᠢᠨ ᠲᠤᠨᠤᠭᠯᠠᠯ | ᠪᠠ ᠠᠶᠤᠯᠭᠦᠢ ᠶᠢᠨ ᠰᠡᠷᠡᠮᠵᠢ ᠶᠢᠨ ᠲᠡᠮᠳᠡᠭ ᠢ ᠨᠢᠭᠡᠲᠦᠯᠲᠠᠢ ᠲᠤᠬᠢᠷᠠᠭᠤᠯᠵᠤ᠂ ᠢᠯᠭᠠᠨ ᠲᠤᠭᠲᠠᠭᠠᠭᠰᠠᠨ | ᠠᠶᠤᠯᠭᠦᠢ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶᠡᠨ ᠤ ᠬᠠᠵᠠᠭᠤ ᠳᠤ ᠨᠢᠭᠡᠲᠦᠯᠲᠠᠢ ᠠᠶᠤᠯᠭᠦᠢ ᠶᠢᠨ | ᠬᠠᠮᠠᠭᠠᠯᠠᠯᠲᠠ ᠶᠢᠨ ᠫᠠᠶᠢᠰᠠ ᠲᠡᠮᠳᠡᠭ ᠢ ᠲᠤᠬᠢᠷᠠᠭᠤᠯᠬᠤ ᠶᠢᠨ ᠬᠠᠮᠲᠤ ᠲᠤᠰᠬᠠᠢ ᠲᠤᠰᠢᠶᠠᠯᠲᠤ ᠠᠵᠢᠯᠲᠡᠨ ᠢ | ᠲᠤᠬᠢᠷᠠᠭᠤᠯᠤᠨ ᠴᠠᠭᠳᠠᠨ ᠪᠠᠶᠢᠴᠠᠭᠠᠯᠲᠠ᠂ ᠪᠠᠶᠢᠴᠠᠭᠠᠨ ᠰᠢᠯᠭᠠᠯᠲᠠ᠂ ᠰᠡᠯᠪᠢᠨ ᠵᠠᠰᠠᠯᠲᠠ ᠪᠠ ᠬᠠᠮᠠᠭᠠᠯᠠᠯᠲᠠ ᠬᠢᠬᠦ | ᠬᠡᠷᠡᠭᠲᠠᠢ᠃ ᠶᠠᠮᠠᠷᠪᠠ ᠨᠢᠭᠡᠴᠢ ᠪᠠ ᠬᠤᠪᠢ ᠬᠦᠮᠦᠨ ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ ᠠᠶᠤᠯᠭᠦᠢ ᠶᠢᠨ | ᠰᠡᠷᠡᠮᠵᠢ ᠶᠢᠨ ᠲᠡᠮᠳᠡᠭ ᠢ ᠲᠤᠷ᠎ᠠ ᠪᠠᠷ ᠰᠢᠯᠵᠢᠭᠦᠯᠵᠤ᠂ ᠪᠦᠷᠬᠦᠵᠤ᠂ ᠪᠡᠯᠠᠯᠤᠨ ᠵᠠᠰᠠᠵᠤ᠂ ᠡᠪᠳᠡᠯᠡᠵᠤ ᠪᠤᠯᠬᠤ ᠦᠭᠡᠢ᠃ | | ᠲᠦᠴᠢᠨ ᠨᠢᠭᠡᠳᠦᠭᠡᠷ ᠵᠦᠢᠯ ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ ᠠᠶᠤᠯᠭᠦᠢ ᠶᠢᠨ ᠬᠠᠮᠠᠭᠠᠯᠠᠯᠲᠠ ᠶᠢᠨ | ᠬᠦᠷᠢᠶ᠎ᠡ ᠬᠡᠪᠴᠢᠶᠡᠨ ᠲᠤᠲᠤᠷ᠎ᠠ ᠲᠤᠤᠷᠠᠬᠢ ᠦᠢᠯᠡ ᠠᠵᠢᠯᠯᠠᠭ᠎ᠠ ᠶᠢ ᠴᠠᠭᠠᠵᠠᠯᠠᠨ᠎ᠡ᠄ | ︵ᠨᠢᠭᠡ︶ ᠭᠠᠵᠠᠷ ᠲᠤᠤᠷᠠᠬᠢ ᠰᠢᠲᠠᠮᠠᠬᠠᠢ ᠬᠡᠢ ᠶᠢᠨ ᠬᠤᠭᠤᠯᠠᠢ ᠱᠤᠭᠤᠮ ᠢ ᠡᠵᠡᠯᠡᠵᠤ ᠲᠠᠷᠤᠭᠰᠠᠨ ᠪᠠᠷᠢᠯᠭ᠎ᠠ᠂ | ᠲᠠᠯᠲᠠ ᠪᠠᠷᠢᠯᠭ᠎ᠠ ᠪᠠᠶᠢᠭᠤᠯᠬᠤ︔ | ︵ᠬᠤᠶᠠᠷ︶ ᠢᠳᠡᠭᠳᠡᠮᠡᠯ ᠴᠢᠨᠠᠷᠲᠠᠢ ᠪᠤᠳᠠᠰ ᠢ ᠠᠰᠬᠠᠬᠤ᠂ ᠭᠠᠳᠠᠭᠰᠢᠯᠠᠭᠤᠯᠬᠤ︔ | ︵ᠭᠤᠷᠪᠠ︶ ᠨᠤᠴᠤᠮᠠᠲᠠᠭᠠᠢ᠂ ᠲᠠᠯᠪᠡᠷᠡᠮᠡᠳᠡᠭᠡᠢ ᠠᠶᠤᠯᠲᠠᠢ ᠪᠤᠳᠠᠰ ᠢ ᠲᠠᠯᠪᠢᠬᠤ ᠪᠤᠶᠤ ᠮᠤᠲᠤ ᠵᠡᠷᠭᠡ ᠬᠦᠨ | ᠦᠨᠳᠦᠰᠦᠲᠤ ᠤᠷᠭᠤᠮᠠᠯ ᠢ ᠲᠠᠷᠢᠬᠤ︔ | ︵ᠲᠦᠷᠪᠡ︶ ᠲᠡᠯᠪᠡᠯᠬᠦ᠂ ᠰᠢᠷᠤᠢ ᠤᠬᠤᠬᠤ ᠵᠡᠷᠭᠡ ᠠᠵᠢᠯ ᠬᠢᠬᠦ ᠪᠤᠶᠤ ᠭᠠᠯ ᠬᠡᠷᠡᠭᠯᠡᠬᠦ︔ | ︵ᠲᠠᠪᠤ︶ ᠬᠤᠭᠤᠯᠠᠶᠢᠲᠤ ᠰᠢᠲᠠᠮᠠᠬᠠᠢ ᠬᠡᠢ ᠶᠢᠨ ᠲᠦᠬᠦᠭᠡᠷᠦᠮᠵᠢ ᠲᠡᠭᠡᠷ᠎ᠡ ᠴᠠᠬᠢᠯᠭᠠᠨ ᠤᠳᠠᠰᠤ᠂ ᠲᠠᠭᠡᠰᠤ | ᠬᠤᠯᠪᠤᠵᠤ ᠡᠯᠭᠦᠭᠦ︔ | ︵ᠵᠢᠷᠭᠤᠭ᠎ᠠ︶ ᠰᠢᠲᠠᠮᠠᠬᠠᠢ ᠬᠡᠢ ᠶᠢᠨ ᠲᠦᠬᠦᠭᠡᠷᠦᠮᠵᠢ ᠶᠢ ᠡᠪᠳᠡᠯᠡᠬᠦ ᠪᠤᠶᠤ ᠰᠢᠲᠠᠮᠠᠬᠠᠢ ᠬᠡᠢ ᠶᠢᠨ | ᠲᠦᠬᠦᠭᠡᠷᠦᠮᠵᠢ ᠶᠢᠨ ᠠᠮᠤᠷ ᠲᠦᠪᠰᠢᠨ ᠢ ᠬᠤᠬᠢᠷᠠᠭᠤᠯᠬᠤ ᠪᠤᠰᠤᠳ ᠦᠢᠯᠡ ᠠᠵᠢᠯᠯᠠᠭ᠎ᠠ᠃ | ᠲᠦᠴᠢᠨ ᠬᠤᠶᠠᠳᠤᠭᠠᠷ ᠵᠦᠢᠯ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠤᠯᠵᠤ᠂ | ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶᠡᠨ ᠲᠤᠲᠤᠷ᠎ᠠ ᠬᠤᠭᠤᠯᠠᠢ ᠲᠡᠪᠢᠰᠬᠦ | ᠂ ᠭᠠᠳᠠᠰᠤ ᠰᠢᠭᠠᠬᠤ᠂ ᠲᠤᠯᠬᠤ᠂ ᠤᠬᠤᠬᠤ᠂ ᠦᠷᠦᠮᠳᠡᠨ ᠬᠠᠶᠢᠬᠤ ᠵᠡᠷᠭᠡ ᠰᠢᠲᠠᠮᠠᠬᠠᠢ ᠬᠡᠢ ᠶᠢᠨ | ᠲᠦᠬᠦᠭᠡᠷᠦᠮᠵᠢ ᠶᠢᠨ ᠠᠮᠤᠷ ᠲᠦᠪᠰᠢᠨ ᠳᠤ ᠠᠶᠤᠯᠲᠠᠢ ᠠᠵᠢᠯ ᠢ ᠦᠨᠡᠨ ᠬᠦ ᠬᠢᠬᠦ ᠴᠢᠬᠤᠯᠠᠲᠠᠢ ᠪᠤᠯ᠂ ᠪᠦᠲᠦᠭᠡᠨ | ᠪᠠᠶᠢᠭᠤᠯᠤᠯᠲᠠ ᠶᠢᠨ ᠨᠢᠭᠡᠴᠢ ᠪᠤᠶᠤ ᠪᠠᠷᠢᠯᠭ᠎ᠠ ᠶᠢᠨ ᠨᠢᠭᠡᠴᠢ ᠨᠢ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ | ᠠᠬᠤᠶᠢᠯᠠᠯ ᠲᠠᠢ ᠵᠦᠪᠳᠡᠯᠴᠡᠨ ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ ᠠᠶᠤᠯᠭᠦᠢ ᠶᠢ ᠬᠠᠮᠠᠭᠠᠯᠠᠬᠤ ᠠᠷᠭ᠎ᠠ | ᠬᠡᠮᠵᠢᠶ᠎ᠡ ᠠᠪᠬᠤ ᠶᠢᠨ ᠬᠠᠮᠲᠤ ᠲᠤᠰᠬᠠᠢ ᠮᠡᠷᠭᠡᠵᠢᠯᠲᠡᠨ ᠤ ᠬᠢᠨᠠᠯᠲᠠ ᠲᠤᠤᠷ᠎ᠠ ᠠᠵᠢᠯᠯᠠᠵᠤ᠂ ᠰᠢᠲᠠᠮᠠᠬᠠᠢ ᠬᠡᠢ ᠶᠢᠨ | ᠲᠦᠬᠦᠭᠡᠷᠦᠮᠵᠢ ᠶᠢᠨ ᠠᠶᠤᠯᠭᠦᠢ ᠶᠢᠨ ᠬᠠᠮᠠᠭᠠᠯᠠᠯᠲᠠ ᠶᠢᠨ ᠠᠷᠭ᠎ᠠ ᠪᠠᠷᠢᠯ ᠢ ᠴᠢᠩᠭ᠎ᠠ ᠨᠠᠶᠢᠲᠠᠪᠤᠷᠢᠵᠢᠭᠤᠯᠬᠤ ᠬᠡᠷᠡᠭᠲᠠᠢ᠃ | | ︵ᠨᠢᠭᠡ︶ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠪᠠᠷᠢᠯᠭ᠎ᠠ ᠡᠬᠢᠯᠡᠬᠦ ᠠᠴᠠ ᠡᠮᠦᠨ᠎ᠡ ᠬᠤᠲᠠ | ᠬᠦᠳᠡᠭᠡ ᠶᠢᠨ ᠲᠦᠯᠦᠪᠵᠢᠭᠦᠯᠭᠡ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ | ᠬᠤᠭᠤᠯᠠᠶᠢᠲᠤ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠠᠴᠠ ᠪᠠᠷᠢᠯᠭ᠎ᠠ ᠶᠢᠨ ᠬᠦᠷᠢᠶ᠎ᠡ ᠬᠡᠪᠴᠢᠶᠡᠨ | ᠲᠤᠲᠤᠷᠠᠬᠢ ᠭᠠᠵᠠᠷ ᠲᠤᠤᠷᠠᠬᠢ ᠰᠢᠲᠠᠮᠠᠬᠠᠢ ᠬᠡᠢ ᠶᠢᠨ ᠬᠤᠭᠤᠯᠠᠢ ᠶᠢᠨ ᠲᠤᠤᠷ ᠱᠤᠭᠤᠮ ᠤᠨ ᠪᠠᠶᠢᠷᠢ ᠪᠠ ᠡᠷᠭᠦᠭᠳᠡᠴᠡ | ᠵᠡᠷᠭᠡ ᠵᠠᠩᠭᠢ ᠶᠢ ᠪᠠᠶᠢᠴᠠᠭᠠᠵᠤ᠂ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ᠂ ᠬᠤᠭᠤᠯᠠᠶᠢᠲᠤ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ | ᠲᠠᠪᠤᠨ ᠡᠳᠦᠷ ᠲᠤᠲᠤᠷ᠎ᠠ ᠬᠤᠯᠪᠤᠭᠳᠠᠯ ᠪᠦᠬᠦᠢ ᠭᠠᠵᠠᠷ ᠲᠤᠤᠷᠠᠬᠢ ᠱᠤᠭᠤᠮ ᠤᠨ ᠮᠡᠳᠡᠭᠡ ᠵᠠᠩᠭᠢ ᠶᠢᠨ ᠮᠠᠲ᠋ᠧᠷᠢᠶᠡᠯ ᠢ | ᠬᠠᠩᠭᠠᠬᠤ ᠬᠡᠷᠡᠭᠲᠠᠢ︔ | ︵ᠬᠤᠶᠠᠷ︶ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠬᠤᠲᠠ ᠬᠦᠳᠡᠭᠡ ᠶᠢᠨ ᠲᠦᠯᠦᠪᠵᠢᠭᠦᠯᠭᠡ ᠶᠢᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠬᠤᠭᠤᠯᠠᠶᠢᠲᠤ ᠰᠢᠲᠠᠮᠠᠬᠠᠢ ᠬᠡᠢ ᠶᠢᠨ | ᠡᠵᠡᠩᠨᠡᠯᠲᠠ ᠶᠢᠨ ᠠᠵᠤ ᠠᠬᠤᠶᠢᠯᠠᠯ ᠤᠨ ᠬᠠᠩᠭᠠᠭᠰᠠᠨ ᠭᠠᠵᠠᠷ ᠲᠤᠤᠷᠠᠬᠢ ᠬᠤᠭᠤᠯᠠᠢ ᠱᠤᠭᠤᠮ ᠤᠨ ᠮᠡᠳᠡᠭᠡ | ᠵᠠᠩᠭᠢ ᠶᠢᠨ ᠮᠠᠲ᠋ᠧᠷᠢᠶᠠᠯ ᠶᠤᠰᠤᠭᠠᠷ᠂ ᠬᠠᠷᠠᠭᠠᠯᠵᠠᠭᠰᠠᠨ ᠬᠢᠷᠢ ᠭᠡᠮ ᠲᠠᠢ ᠪᠠᠶᠢᠭᠤᠯᠤᠮᠵᠢ ᠳᠤ ᠨᠠᠶᠢᠲᠡᠨ ᠲᠤᠬᠠᠢ ᠶᠢᠨ | ᠲᠠᠯᠠᠪᠤᠷ ᠲᠤ ᠰᠢᠲᠠᠮᠠᠬᠠᠢ ᠬᠡᠢ ᠶᠢᠨ ᠬᠤᠭᠤᠯᠠᠢ ᠶᠢᠨ ᠲᠤᠤᠷ ᠤᠨ ᠲᠠᠷᠬᠠᠯᠲᠠ ᠶᠢ ᠬᠠᠶᠢᠨ ᠪᠠᠶᠢᠴᠠᠭᠠᠵᠤ ᠬᠠᠷᠭᠤᠭᠤᠯᠵᠤ | ᠂ ᠪᠠᠷᠢᠯᠭ᠎ᠠ ᠶᠢᠨ ᠨᠢᠭᠡᠴᠢ᠂ ᠬᠤᠭᠤᠯᠠᠶᠢᠲᠤ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠲᠠᠢ | ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ ᠠᠶᠤᠯᠭᠦᠢ ᠶᠢᠨ ᠬᠠᠮᠠᠭᠠᠯᠠᠯᠲᠠ ᠶᠢᠨ ᠲᠦᠰᠦᠯ ᠢ ᠵᠦᠪᠯᠡᠨ ᠲᠤᠭᠲᠠᠭᠠᠵᠤ᠂ | ᠰᠢᠲᠠᠮᠠᠬᠠᠢ ᠬᠡᠢ ᠶᠢᠨ ᠬᠤᠭᠤᠯᠠᠢ ᠲᠤᠤᠷ ᠤᠨ ᠲᠦᠬᠦᠭᠡᠷᠦᠮᠵᠢ ᠶᠢᠨ ᠠᠶᠤᠯᠭᠦᠢ ᠶᠢᠨ ᠬᠠᠮᠠᠭᠠᠯᠠᠯᠲᠠ ᠶᠢᠨ ᠬᠡᠯᠡᠯᠴᠡᠭᠡᠷ | ᠲᠤᠭᠲᠠᠵᠤ᠂ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ | ᠲᠠᠩᠰᠠᠯᠠᠭᠤᠯᠬᠤ ᠬᠡᠷᠡᠭᠲᠠᠢ᠃ | ︵ᠭᠤᠷᠪᠡ︶ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠪᠠᠷᠢᠯᠭ᠎ᠠ ᠬᠢᠬᠦ ᠠᠴᠠ ᠡᠮᠦᠨ᠎ᠡ ᠬᠤᠭᠤᠯᠠᠶᠢᠲᠤ | ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠳᠤ ᠲᠤᠰᠬᠠᠢ ᠬᠦᠮᠦᠨ ᠲᠤᠮᠢᠯᠠᠨ ᠲᠤᠬᠠᠢ ᠶᠢᠨ | ᠲᠠᠯᠠᠪᠤᠷ ᠲᠤ ᠪᠠᠷᠢᠯᠭ᠎ᠠ ᠶᠢ ᠵᠢᠯᠤᠭᠤᠳᠬᠤ ᠶᠢ ᠮᠡᠳᠡᠭᠳᠡᠵᠤ᠂ ᠬᠤᠭᠤᠯᠠᠶᠢᠲᠤ ᠰᠢᠲᠠᠮᠠᠬᠠᠢ ᠬᠡᠢ ᠶᠢᠨ ᠡᠵᠡᠩᠨᠡᠯᠲᠠ ᠶᠢᠨ | ᠠᠵᠤ ᠠᠬᠤᠶᠢᠯᠠᠯ ᠨᠢ ᠲᠤᠰᠬᠠᠢ ᠮᠡᠷᠭᠡᠵᠢᠯ ᠤᠨ ᠠᠵᠢᠯᠲᠡᠨ ᠲᠤᠮᠢᠯᠠᠨ ᠴᠠᠭ ᠲᠤᠬᠠᠢ ᠳᠤᠨᠢ ᠲᠤᠬᠠᠢ ᠶᠢᠨ ᠲᠠᠯᠠᠪᠤᠷ ᠲᠤ | ᠵᠢᠯᠤᠭᠤᠳᠤᠯᠭ᠎ᠠ ᠬᠢᠵᠤ᠂ ᠠᠶᠤᠯᠭᠦᠢ ᠪᠠᠷᠢᠯᠭ᠎ᠠ ᠬᠢᠬᠦ ᠱᠠᠭᠠᠷᠳᠠᠯᠭ᠎ᠠ ᠪᠠ ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ | ᠠᠮᠦᠷ ᠲᠦᠪᠰᠢᠨ ᠢ ᠬᠠᠮᠠᠭᠠᠯᠠᠬᠤ ᠠᠷᠭ᠎ᠠ ᠪᠡᠷᠢᠯ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠰᠢᠲᠠᠮᠠᠬᠠᠢ | ᠬᠡᠢ ᠶᠢᠨ ᠲᠦᠬᠦᠭᠡᠷᠦᠮᠵᠢ ᠶᠢᠨ ᠠᠵᠢᠯᠯᠠᠬᠤ ᠠᠮᠤᠷ ᠲᠦᠪᠰᠢᠨ ᠢ ᠪᠠᠲᠤᠯᠠᠵᠤ᠂ ᠪᠠᠷᠢᠯᠭ᠎ᠠ ᠬᠢᠬᠦ ᠠᠵᠢᠯ ᠨᠢ ᠰᠢᠲᠠᠮᠠᠬᠠᠢ | ᠬᠡᠢ ᠶᠢᠨ ᠲᠦᠬᠦᠭᠡᠷᠦᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠦᠰᠦᠯ ᠢ ᠴᠢᠩᠭ᠎ᠠ ᠬᠡᠷᠡᠭᠵᠢᠭᠦᠯᠵᠤ᠂ | ᠮᠠᠰᠢᠨ ᠲᠦᠬᠦᠭᠡᠷᠦᠮᠵᠢ ᠲᠤᠷ᠎ᠠ ᠪᠠᠷ ᠤᠬᠤᠵᠤ ᠪᠤᠯᠬᠤ ᠦᠭᠡᠢ᠂ ᠰᠢᠲᠠᠮᠠᠬᠠᠢ ᠬᠡᠢ ᠶᠢᠨ ᠲᠦᠬᠦᠭᠡᠷᠦᠮᠵᠢ ᠶᠢ ᠲᠠᠷᠤᠵᠤ | ᠰᠢᠬᠠᠵᠤ᠂ ᠮᠦᠷᠭᠦᠯᠳᠦᠭᠦᠯᠵᠤ ᠪᠤᠯᠬᠤ ᠦᠭᠡᠢ᠃ | ᠪᠠᠷᠢᠯᠭ᠎ᠠ ᠬᠢᠬᠦ ᠨᠢ ᠵᠤᠬᠢᠰ ᠦᠭᠡᠢ ᠠᠴᠠ ᠪᠤᠯᠵᠤ ᠰᠢᠲᠠᠮᠠᠬᠠᠢ ᠬᠡᠢ ᠶᠢᠨ ᠲᠦᠬᠦᠭᠡᠷᠦᠮᠵᠢ ᠶᠢ ᠡᠪᠳᠡᠭᠰᠡᠨ ᠪᠤᠯ᠂ | ᠪᠦᠲᠦᠭᠡᠨ ᠪᠠᠶᠢᠭᠤᠯᠤᠯᠲᠠ ᠶᠢᠨ ᠨᠢᠭᠡᠴᠢ ᠪᠤᠶᠤ ᠪᠠᠷᠢᠯᠭ᠎ᠠ ᠶᠢᠨ ᠨᠢᠭᠡᠴᠢ ᠨᠢ ᠰᠢᠲᠠᠮᠠᠬᠠᠢ ᠬᠡᠢ ᠶᠢᠨ ᠡᠵᠡᠩᠨᠡᠯᠲᠠ ᠶᠢᠨ | ᠠᠵᠤ ᠠᠬᠤᠶᠢᠯᠠᠯ ᠲᠠᠢ ᠬᠠᠮᠵᠢᠯᠴᠠᠨ ᠬᠠᠷᠠᠭᠠᠯᠵᠠᠭᠰᠠᠨ ᠠᠷᠭ᠎ᠠ ᠬᠡᠮᠵᠢᠶ᠎ᠡ ᠠᠪᠴᠤ ᠱᠠᠯᠠᠪᠳᠠᠨ ᠵᠠᠰᠠᠬᠤ ᠶᠢᠨ ᠬᠠᠮᠲᠤ | ᠡᠭᠦᠨ ᠠᠴᠠ ᠪᠤᠯᠤᠭᠰᠠᠨ ᠠᠵᠤ ᠠᠬᠤᠢ ᠶᠢᠨ ᠬᠤᠬᠢᠷᠠᠯ ᠢ ᠲᠦᠯᠦᠪᠦᠷᠢᠯᠡᠬᠦ ᠬᠡᠷᠡᠭᠲᠠᠢ᠃ | ᠲᠦᠴᠢᠨ ᠭᠤᠷᠪᠠᠳᠤᠭᠠᠷ ᠵᠦᠢᠯ ᠰᠢᠲᠠᠮᠠᠬᠠᠢ ᠬᠡᠢ ᠶᠢᠨ ᠲᠡᠭᠡᠭᠡᠪᠤᠷᠢᠯᠡᠯᠲᠠ ᠨᠢ ᠵᠠᠰᠠᠭ ᠵᠠᠬᠢᠷᠭᠠᠨ ᠤ | ᠵᠦᠪᠰᠢᠶᠡᠷᠡᠯ ᠤᠨ ᠲᠦᠷᠢᠮ ᠢ ᠬᠠᠤᠯᠢ ᠶᠤᠰᠤᠭᠠᠷ ᠨᠠᠶᠢᠳᠠᠪᠤᠷᠢᠵᠢᠭᠤᠯᠵᠤ᠂ ᠵᠦᠪᠰᠢᠶᠡᠷᠡᠯ ᠦᠭᠡᠢ ᠪᠠᠷ ᠰᠢᠲᠠᠮᠠᠬᠠᠢ ᠬᠡᠢ | ᠲᠡᠭᠡᠭᠡᠪᠦᠷᠢᠯᠡᠬᠦ ᠶᠢ ᠴᠠᠭᠠᠵᠠᠯᠠᠨ᠎ᠠ᠃ | ᠰᠢᠲᠠᠮᠠᠬᠠᠢ ᠬᠡᠢ ᠶᠢᠨ ᠲᠡᠭᠡᠭᠡᠪᠤᠷᠢᠯᠡᠯᠲᠠ ᠶᠢᠨ ᠲᠡᠷᠭᠡ ᠪᠠ ᠲᠡᠷᠭᠡᠨ ᠳᠤ ᠤᠭᠰᠠᠷᠠᠭᠰᠠᠨ᠂ ᠲᠠᠭᠠᠭᠤᠯᠤᠭᠰᠠᠨ | ᠲᠠᠷᠤᠯᠲᠠᠲᠤ ᠰᠠᠪᠠ ᠳᠤ ᠲᠤᠭᠲᠠᠭᠰᠠᠨ ᠬᠤᠭᠤᠴᠠᠭ᠎ᠠ ᠲᠠᠢ ᠪᠠᠷ ᠠᠶᠤᠯᠭᠦᠢ ᠶᠢᠨ ᠮᠡᠷᠭᠡᠵᠢᠯ ᠤᠨ ᠰᠢᠯᠭᠠᠨ ᠪᠠᠶᠢᠴᠠᠭᠠᠯᠲᠠ | ᠬᠢᠬᠦ ᠬᠡᠷᠡᠭᠲᠠᠢ᠃ ᠠᠶᠤᠯᠭᠦᠢ ᠶᠢᠨ ᠮᠡᠷᠭᠡᠵᠢᠯ ᠤᠨ ᠨᠦᠬᠦᠴᠡᠯ ᠳᠤ ᠨᠡᠶᠢᠴᠡᠬᠦ ᠦᠭᠡᠢ ᠪᠤᠶᠤ ᠲᠤᠭᠲᠠᠭᠰᠠᠨ | ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠯᠲᠠ ᠶᠢ ᠲᠠᠮᠵᠢᠭᠰᠠᠨ ᠦᠭᠡᠢ ᠵᠢᠴᠢ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠦᠭᠡᠢ ᠰᠢᠲᠠᠮᠠᠬᠠᠢ ᠬᠡᠢ ᠶᠢᠨ ᠲᠡᠭᠡᠭᠡᠪᠤᠷᠢᠯᠡᠯᠲᠠ ᠶᠢᠨ ᠲᠡᠷᠭᠡ ᠵᠠᠮ ᠳᠤ ᠭᠠᠷᠴᠤ ᠪᠤᠯᠬᠤ ᠦᠭᠡᠢ᠃ | ᠰᠢᠲᠠᠮᠠᠬᠠᠢ ᠬᠡᠢ ᠲᠡᠭᠡᠭᠡᠪᠦᠷᠢᠯᠡᠬᠦ ᠲᠡᠷᠭᠡ ᠨᠢ ᠲᠤᠲᠤᠭᠠᠲᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠲᠤᠭᠲᠠᠭᠠᠭᠰᠠᠨ ᠶᠠᠪᠤᠬᠤ ᠱᠤᠭᠤᠮ ᠪᠠ ᠨᠡᠪᠲᠡᠷᠡᠬᠦ ᠴᠠᠭ ᠲᠤ ᠰᠢᠲᠠᠮᠠᠬᠠᠢ | ᠬᠡᠢ ᠶᠢ ᠲᠡᠭᠡᠭᠡᠪᠦᠷᠢᠯᠡᠬᠦ ᠬᠡᠷᠡᠭᠲᠠᠢ᠃ | ᠲᠦᠴᠢᠨ ᠲᠦᠷᠪᠡᠳᠦᠭᠡᠷ ᠵᠦᠢᠯ ᠲᠡᠷᠭᠡ ᠨᠢ ᠰᠢᠲᠠᠮᠠᠬᠠᠢ ᠬᠡᠢ ᠶᠢᠨ ᠬᠡᠢ ᠶᠢᠨ ᠰᠠᠪᠠ ᠶᠢ ᠲᠡᠭᠡᠭᠡᠪᠦᠷᠢᠯᠡᠬᠦ ᠦᠶᠡᠰ | ᠂ ᠬᠠᠤᠯᠢ ᠴᠠᠭᠠᠵᠠ᠂ ᠬᠠᠤᠯᠢ ᠲᠤᠭᠲᠠᠭᠠᠯ ᠤᠨ ᠲᠤᠭᠲᠠᠭᠠᠯ ᠠᠴᠠ ᠭᠠᠳᠠᠨ᠎ᠠ ᠲᠤᠤᠷᠠᠬᠢ ᠲᠤᠭᠲᠠᠭᠠᠯ ᠢ ᠵᠢᠷᠤᠮᠯᠠᠬᠤ | ᠬᠡᠷᠡᠭᠲᠠᠢ᠄ | ︵ᠨᠢᠭᠡ︶ ᠲᠡᠷᠭᠡᠨ ᠳᠤ ᠢᠯᠡ ᠲᠤᠲᠤ ᠠᠶᠤᠯᠭᠦᠢ ᠶᠢᠨ ᠲᠡᠮᠳᠡᠭ ᠪᠠᠶᠢᠬᠤ ᠬᠡᠷᠡᠭᠲᠠᠢ︔ | ︵ᠬᠤᠶᠠᠷ︶ ᠰᠢᠲᠠᠮᠠᠬᠠᠢ ᠬᠡᠢ ᠶᠢᠨ ᠬᠡᠢ ᠶᠢᠨ ᠰᠠᠪᠠ ᠶᠢ ᠲᠡᠭᠡᠭᠡᠪᠦᠷᠢᠯᠡᠬᠦ ᠳᠤ ᠰᠡᠷᠭᠡᠶᠢᠯᠡᠨ ᠬᠠᠮᠠᠭᠠᠯᠠᠬᠤ | ᠬᠠᠯᠬᠠᠪᠴᠢ ᠲᠠᠢ ᠬᠡᠢ ᠶᠢᠨ ᠰᠠᠪᠠ ᠪᠠᠶᠢᠬᠤ ᠠᠴᠠ ᠭᠠᠳᠠᠨ᠎ᠠ᠂ ᠰᠠᠪᠠ ᠶᠢᠨ ᠲᠠᠭᠯᠠᠭ᠎ᠠ ᠶᠢ ᠰᠠᠶᠢᠲᠤᠷ ᠲᠤᠬᠢᠷᠠᠭᠤᠯᠵᠤ᠂ | ᠬᠡᠢ ᠶᠢᠨ ᠰᠠᠪᠠ ᠶᠢ ᠲᠦᠪᠯᠡᠷᠡᠭᠦᠯᠦᠨ ᠤᠭᠰᠠᠷᠠᠬᠤ ᠠᠴᠠ ᠭᠠᠳᠠᠨ᠎ᠡ ᠪᠠᠰᠠ ᠲᠤᠷᠬᠢᠬᠤ ᠶᠢ ᠰᠡᠷᠭᠡᠶᠢᠯᠡᠬᠦ ᠴᠠᠭᠠᠷᠢᠭ | ᠤᠭᠰᠠᠷᠠᠵᠤ᠂ ᠲᠤᠬᠢᠷᠠᠮᠵᠢᠲᠠᠢ ᠪᠠᠬᠢᠯᠡᠵᠤ᠂ ᠬᠡᠢ ᠶᠢᠨ ᠰᠠᠪᠠ ᠬᠡᠯᠬᠢᠯᠳᠤᠨ ᠬᠦᠳᠡᠯᠬᠦ᠂ ᠪᠦᠮᠪᠦᠷᠢᠬᠦ ᠶᠢ ᠰᠡᠷᠭᠡᠶᠢᠯᠡᠨ᠂ | ᠲᠡᠭᠡᠭᠡᠪᠤᠷᠢ ᠶᠢᠨ ᠲᠡᠩᠴᠡᠭᠦᠷᠢ ᠶᠢ ᠪᠠᠲᠤᠯᠠᠵᠤ᠂ ᠰᠢᠲᠠᠮᠠᠬᠠᠢ ᠬᠡᠢ ᠶᠢᠨ ᠬᠡᠢ ᠶᠢᠨ ᠰᠠᠪᠠ ᠶᠢ ᠲᠡᠭᠡᠭᠡᠪᠤᠷᠢᠯᠡᠬᠦ ᠳᠤ | ᠬᠦᠩᠭᠡᠨ ᠰᠠᠪᠠᠯᠠᠵᠤ ᠬᠦᠩᠭᠡᠨ ᠪᠠᠭᠤᠯᠭᠠᠨ᠂ ᠬᠡᠢ ᠶᠢᠨ ᠰᠠᠪᠠ ᠶᠢ ᠰᠢᠳᠠᠬᠦ᠂ ᠭᠤᠯᠭᠤᠷᠢᠬᠤ᠂ ᠪᠦᠮᠪᠦᠷᠢᠬᠦ ᠶᠢ | ᠰᠡᠷᠭᠡᠶᠢᠯᠡᠵᠤ᠂ ᠲᠦᠪᠯᠡᠷᠡᠭᠦᠯᠦᠨ ᠤᠭᠰᠠᠷᠠᠭᠰᠠᠨ ᠬᠡᠢ ᠶᠢᠨ ᠰᠠᠪᠠ ᠶᠢ ᠲᠡᠭᠡᠭᠡᠪᠦᠷᠢᠯᠡᠬᠦ ᠠᠴᠠ ᠭᠠᠳᠠᠨᠠᠬᠢ ᠪᠤᠰᠤᠳ | ᠲᠡᠷᠭᠡ ᠨᠢ ᠲᠡᠭᠦᠨ ᠲᠠᠢ ᠬᠠᠷᠢᠯᠴᠠᠨ ᠲᠤᠬᠢᠷᠠᠭᠰᠠᠨ ᠰᠡᠷᠭᠡᠶᠢᠯᠡᠨ ᠬᠠᠮᠠᠭᠠᠯᠠᠯᠲᠠ ᠶᠢᠨ ᠲᠤᠨᠤᠭᠯᠠᠯ ᠪᠠ ᠬᠡᠢ ᠶᠢᠨ | ᠰᠠᠪᠠ ᠶᠢ ᠪᠠᠬᠢᠯᠡᠬᠦ ᠬᠠᠷᠠᠭᠠᠯᠵᠠᠭᠰᠠᠨ ᠲᠤᠨᠤᠭᠯᠠᠯ ᠢ ᠲᠤᠬᠢᠷᠠᠭᠤᠯᠬᠤ ᠬᠡᠷᠡᠭᠲᠠᠢ︔ | ︵ᠭᠤᠷᠪᠡ︶ ᠰᠢᠲᠠᠮᠠᠬᠠᠢ ᠬᠡᠢ ᠶᠢ ᠲᠡᠭᠡᠭᠡᠪᠦᠷᠢᠯᠡᠬᠦ ᠠᠵᠤ ᠠᠬᠤᠶᠢᠯᠠᠯ ᠨᠢ ᠠᠳᠡᠯ ᠢ ᠪᠠᠴᠢᠮ ᠠᠷᠭᠠᠴᠠᠭᠠᠨ | ᠰᠢᠢᠳᠪᠦᠷᠢᠯᠡᠬᠦ ᠲᠦᠰᠦᠪ ᠢ ᠲᠤᠭᠲᠠᠭᠠᠵᠤ᠂ ᠰᠢᠲᠠᠮᠠᠬᠠᠢ ᠬᠡᠢ ᠶᠢ ᠠᠶᠤᠯᠭᠦᠢ ᠲᠠᠭᠡᠭᠡᠪᠦᠷᠢᠯᠡᠬᠦ ᠪᠤᠯᠪᠠᠰᠤᠷᠠᠯ ᠢ | ᠦᠷᠨᠢᠭᠦᠯᠵᠤ᠂ ᠲᠡᠷᠭᠡᠨ ᠵᠢᠯᠤᠭᠤᠴᠢ ᠪᠠ ᠲᠡᠭᠡᠭᠡᠪᠦᠷᠢᠯᠡᠬᠦ ᠠᠵᠢᠯᠲᠡᠨ ᠳᠤ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠷᠭ᠎ᠠ ᠪᠠᠷᠢᠯ ᠢ ᠰᠤᠷᠮᠠᠭᠠᠢ ᠡᠵᠡᠮᠰᠢᠭᠦᠯᠵᠤ᠂ ᠰᠢᠲᠠᠮᠠᠬᠠᠢ ᠬᠡᠢ ᠶᠢᠨ ᠬᠡᠢ ᠶᠢᠨ ᠰᠠᠪᠠ ᠶᠢ | ᠲᠡᠭᠡᠭᠡᠪᠦᠷᠢᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠠᠢ᠃ | ᠵᠢᠷᠭᠤᠳᠤᠭᠠᠷ ᠪᠦᠯᠦᠭ ᠬᠢᠨᠠᠯᠲᠠ ᠪᠠᠶᠢᠴᠠᠭᠠᠯᠲᠠ | ᠲᠦᠴᠢᠨ ᠲᠠᠪᠤᠳᠤᠭᠠᠷ ᠵᠦᠢᠯ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠳᠠᠬᠢ ᠡᠳᠦᠷ ᠲᠤᠲᠤᠮ ᠤᠨ ᠬᠢᠨᠠᠨ | ᠬᠠᠮᠢᠶᠠᠷᠤᠯᠲᠠ ᠪᠠᠨ ᠴᠢᠩᠭᠠᠳᠬᠠᠵᠤ᠂ ᠰᠢᠲᠠᠮᠠᠬᠠᠢ ᠬᠡᠢ ᠶᠢᠨ ᠵᠠᠬ᠎ᠠ ᠲᠡᠯᠭᠡᠭᠦᠷ ᠢ ᠲᠦᠷᠢᠮᠵᠢᠭᠦᠯᠬᠦ ᠶᠢᠨ ᠬᠠᠮᠲᠤ | ᠲᠤᠤᠷᠠᠬᠢ ᠲᠤᠭᠲᠠᠭᠠᠯ ᠢ ᠵᠢᠷᠤᠮᠯᠠᠬᠤ ᠬᠡᠷᠡᠭᠲᠠᠢ᠄ | ︵ᠨᠢᠭᠡ︶ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠠᠵᠤ ᠠᠬᠤᠶᠢᠯᠠᠯ ᠤᠨ ᠦᠪᠡᠷ ᠤᠨ | ᠦᠷᠳᠡᠭ ᠲᠤ ᠬᠢᠨᠠᠯᠲᠠ ᠲᠠᠯᠪᠢᠵᠤ᠂ ᠦᠨ᠎ᠡ ᠬᠠᠩᠰᠢ ᠶᠢ ᠲᠤᠬᠢᠷᠠᠭᠤᠯᠬᠤ ᠰᠠᠨᠠᠯ ᠲᠤᠷᠠᠳᠤᠨ ᠭᠠᠷᠭᠠᠬᠤ︔ | ︵ᠬᠤᠶᠠᠷ︶ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠤᠨ ᠲᠤᠭᠲᠠᠭᠰᠠᠨ | ᠬᠤᠭᠤᠴᠠᠭ᠎ᠠ ᠲᠠᠢ ᠪᠠᠷ ᠡᠷᠦᠭᠡ ᠳᠤ ᠤᠷᠤᠨ ᠰᠢᠯᠭᠠᠨ ᠪᠠᠶᠢᠴᠠᠭᠠᠬᠤ ᠵᠢᠴᠢ ᠪᠤᠰᠤᠳ ᠬᠠᠤᠯᠢ ᠪᠠᠷ ᠲᠤᠭᠲᠠᠭᠠᠭᠰᠠᠨ | ᠡᠭᠦᠷᠭᠡ ᠶᠢ ᠭᠦᠢᠴᠡᠳᠭᠡᠬᠦ ᠳᠤ ᠬᠢᠨᠠᠯᠲᠠ ᠲᠠᠯᠪᠢᠬᠤ︔ | ︵ᠭᠤᠷᠪᠠ︶ ᠠᠵᠤ ᠠᠬᠤᠶᠢᠯᠠᠯ ᠤᠨ ᠡᠵᠡᠩᠨᠡᠯᠲᠠ ᠶᠢᠨ ᠲᠦᠯᠦᠪᠯᠡᠭᠡ ᠪᠠᠨ ᠬᠡᠷᠡᠭᠵᠢᠭᠦᠯᠦᠭᠰᠡᠨ᠂ | ᠪᠦᠲᠦᠭᠡᠭᠳᠡᠭᠦᠨ ᠤ ᠶᠠᠰᠤ ᠴᠢᠨᠠᠷ᠂ ᠦᠢᠯᠡᠴᠢᠯᠡᠭᠡᠨ ᠤ ᠶᠠᠰᠤ ᠴᠢᠨᠠᠷ᠂ ᠠᠶᠤᠯᠭᠦᠢ ᠦᠢᠯᠡᠳᠪᠦᠷᠢᠯᠡᠯ᠂ | ᠦᠢᠯᠡᠴᠢᠯᠡᠭᠡᠨ ᠤ ᠬᠠᠩᠭᠠᠯᠭ᠎ᠠ ᠳᠤ ᠬᠢᠨᠠᠯᠲᠠ ᠲᠠᠯᠪᠢᠵᠤ᠂ ᠠᠶᠤᠯᠭᠦᠢ ᠦᠢᠯᠡᠳᠪᠦᠷᠢᠯᠡᠯ᠂ ᠦᠢᠯᠡᠴᠢᠯᠡᠭᠡᠨ ᠤ ᠶᠠᠰᠤ | ᠴᠢᠨᠠᠷ ᠲᠤ ᠲᠤᠭᠲᠠᠭᠰᠠᠨ ᠬᠤᠭᠤᠴᠠᠭ᠎ᠠ ᠲᠠᠢ ᠪᠠᠷ ᠦᠨᠡᠯᠡᠯᠲᠠ ᠬᠢᠬᠦ︔ | ︵ᠲᠦᠷᠪᠡ︶ ᠲᠤᠭᠲᠠᠭᠰᠠᠨ ᠬᠤᠭᠤᠴᠠᠭ᠎ᠠ ᠲᠠᠢ ᠪᠠᠷ ᠨᠡᠶᠢᠭᠡᠮ ᠤᠨ ᠰᠢᠲᠠᠮᠠᠬᠠᠢ ᠬᠡᠢ ᠶᠢᠨ ᠠᠵᠤ | ᠠᠬᠤᠶᠢᠯᠠᠯ ᠳᠠᠬᠢ ᠰᠠᠨᠠᠯ ᠪᠠ ᠰᠠᠨᠠᠭᠤᠯᠭ᠎ᠠ ᠶᠢ ᠬᠤᠷᠢᠶᠡᠨ ᠠᠪᠴᠤ᠂ ᠤᠯᠠᠨ ᠨᠡᠶᠢᠲᠠ ᠶᠢᠨ ᠠᠵᠤ ᠠᠬᠤᠶᠢᠯᠠᠯ ᠢ | ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ︔ | ︵ᠲᠠᠪᠤ︶ ᠵᠠᠰᠠᠭ ᠤᠨ ᠤᠷᠳᠤᠨ ᠳᠤ ᠤᠨ ᠤ ᠬᠢᠨᠠᠯᠲᠠ ᠪᠠᠶᠢᠴᠠᠭᠠᠯᠲᠠ ᠶᠢᠨ ᠮᠡᠳᠡᠭᠦᠯᠦᠯᠲᠠ ᠲᠡᠪᠰᠢᠭᠦᠯᠬᠦ︔ | ︵ᠵᠢᠷᠭᠤᠭ᠎ᠠ︶ ᠠᠶᠤᠯᠲᠠᠢ ᠪᠤᠶᠤ ᠤᠯᠠᠨ ᠨᠡᠶᠢᠲᠠ ᠶᠢᠨ ᠠᠰᠢᠭ ᠲᠤᠰᠠ᠂ ᠨᠡᠶᠢᠭᠡᠮ ᠤᠨ ᠠᠮᠤᠷ ᠲᠦᠪᠰᠢᠨ ᠶᠢ | ᠰᠦᠷᠳᠡᠭᠦᠯᠵᠤ ᠮᠡᠳᠡᠬᠦ ᠵᠡᠷᠭᠡ ᠪᠠᠴᠢᠮ ᠪᠠᠶᠢᠳᠠᠯ ᠲᠤᠤᠷ᠎ᠠ᠂ ᠡᠵᠡᠩᠨᠡᠯᠲᠠ ᠶᠢᠨ ᠵᠦᠪᠰᠢᠶᠡᠷᠡᠯ ᠤᠨ ᠲᠦᠷᠦᠯ ᠵᠦᠢᠯ ᠢ | ᠲᠦᠷ ᠴᠠᠭ ᠬᠦᠯᠢᠶᠡᠨ ᠬᠠᠮᠢᠶᠠᠷᠴᠤ ᠵᠤᠬᠢᠶᠠᠨ ᠪᠠᠶᠢᠭᠤᠯᠬᠤ︔ | ︵ᠲᠤᠯᠤᠭ᠎ᠠ︶ ᠬᠠᠤᠯᠢ ᠠᠴᠠ ᠵᠦᠷᠢᠴᠡᠭᠰᠡᠨ ᠡᠵᠡᠩᠨᠡᠯᠲᠠ ᠶᠢᠨ ᠦᠢᠯᠡ ᠠᠵᠢᠯᠯᠠᠭ᠎ᠠ ᠶᠢ ᠬᠠᠤᠯᠢ ᠶᠤᠰᠤᠭᠠᠷ | ᠪᠠᠶᠢᠴᠠᠭᠠᠨ ᠰᠢᠢᠳᠭᠡᠬᠦ︔ | ︵ᠨᠠᠢᠮᠠ︶ ᠬᠠᠤᠯᠢ ᠴᠠᠭᠠᠵᠠ᠂ ᠬᠠᠤᠯᠢ ᠲᠤᠭᠲᠠᠭᠠᠯ ᠤᠨ ᠪᠤᠰᠤᠳ ᠲᠤᠭᠲᠠᠭᠠᠯ᠃ | ᠲᠦᠴᠢᠨ ᠵᠢᠷᠭᠤᠳᠤᠭᠠᠷ ᠵᠦᠢᠯ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠵᠤ᠂ ᠰᠢᠲᠠᠮᠠᠬᠠᠢ ᠬᠡᠢ ᠶᠢᠨ ᠲᠤᠬᠠᠢ | ᠬᠠᠤᠯᠢ ᠴᠠᠭᠠᠵᠠ᠂ ᠬᠠᠤᠯᠢ ᠲᠤᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠠᠬᠢ ᠬᠢᠨᠠᠯᠲᠠ ᠪᠠᠶᠢᠴᠠᠭᠠᠯᠲᠠ ᠪᠠᠨ | ᠴᠢᠩᠭᠠᠳᠬᠠᠵᠤ᠂ ᠪᠠᠶᠢᠴᠠᠭᠠᠭᠳᠠᠭᠰᠠᠨ ᠨᠢᠭᠡᠴᠢ ᠪᠠ ᠬᠤᠪᠢ ᠬᠦᠮᠦᠨ ᠠᠴᠠ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ | ᠬᠠᠩᠭᠠᠬᠤ ᠶᠢ ᠱᠠᠭᠠᠷᠳᠠᠬᠤ ᠡᠷᠬᠡ ᠲᠠᠢ ᠪᠠᠶᠢᠵᠤ᠂ ᠲᠤᠬᠠᠢ ᠶᠢᠨ ᠲᠠᠯᠠᠪᠤᠷ ᠲᠤ ᠤᠴᠢᠵᠤ ᠪᠠᠶᠢᠴᠠᠭᠠᠬᠤ ᠡᠷᠬᠡ ᠲᠠᠢ᠂ | ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠪᠡᠯ ᠴᠠᠭ ᠲᠤᠬᠠᠢ ᠲᠤᠨᠢ ᠪᠠᠶᠢᠴᠠᠭᠠᠨ ᠰᠢᠢᠳᠪᠦᠷᠢᠯᠡᠬᠦ | ᠬᠡᠷᠡᠭᠲᠠᠢ᠃ | ᠬᠤᠯᠪᠤᠭᠳᠠᠯ ᠪᠦᠬᠦᠢ ᠨᠢᠭᠡᠴᠢ ᠪᠠ ᠬᠤᠪᠢ ᠬᠦᠮᠦᠨ ᠨᠢ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠤᠨ ᠬᠢᠨᠠᠯᠲᠠ ᠪᠠᠶᠢᠴᠠᠭᠠᠯᠲᠠ ᠳᠤ ᠬᠠᠮᠵᠢᠯᠴᠠᠬᠤ ᠬᠡᠷᠡᠭᠲᠠᠢ᠂ ᠰᠢᠲᠠᠮᠠᠬᠠᠢ ᠬᠡᠢ ᠶᠢᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠡᠨ ᠤ ᠬᠠᠤᠯᠢ ᠶᠤᠰᠤᠭᠠᠷ ᠠᠵᠢᠯᠯᠠᠬᠤ ᠶᠢ ᠲᠡᠪᠴᠢᠬᠦ ᠪᠤᠶᠤ | ᠬᠠᠷᠰᠢᠯᠠᠵᠤ ᠪᠤᠯᠬᠤ ᠦᠭᠡᠢ᠃ | ᠲᠦᠴᠢᠨ ᠲᠤᠯᠤᠳᠤᠭᠠᠷ ᠵᠦᠢᠯ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠢᠯᠡᠴᠢᠯᠡᠨ ᠮᠡᠳᠡᠭᠦᠯᠵᠤ ᠵᠠᠭᠠᠯᠳᠤᠬᠤ ᠲᠦᠷᠢᠮ ᠢ ᠪᠠᠶᠢᠭᠤᠯᠵᠤ᠂ ᠢᠯᠡᠴᠢᠯᠡᠨ ᠮᠡᠳᠡᠭᠦᠯᠵᠤ ᠵᠠᠭᠠᠯᠳᠤᠬᠤ | ᠵᠠᠬᠢᠳᠠᠯ ᠤᠨ ᠬᠠᠶᠢᠷᠴᠠᠭ ᠪᠤᠶᠤ ᠡᠯᠧᠺᠲᠷᠤᠨ ᠰᠢᠤᠳᠠᠨ ᠬᠠᠶᠢᠷᠴᠠᠭ ᠤᠨ ᠬᠠᠶ᠋ᠢᠭ ᠢᠶᠠᠨ ᠢᠯᠡ ᠪᠤᠯᠭᠠᠵᠤ᠂ ᠢᠯᠡᠴᠢᠯᠡᠨ | ᠮᠡᠳᠡᠭᠦᠯᠵᠤ ᠵᠠᠭᠠᠯᠳᠤᠬᠤ ᠤᠳᠠᠰᠤ 12319 ᠶᠢ ᠲᠤᠬᠢᠷᠠᠭᠤᠯᠬᠤ ᠪᠦᠭᠡᠳ ᠨᠡᠪᠲᠡᠷᠡᠭᠦᠯᠵᠤ᠂ ᠰᠢᠲᠠᠮᠠᠬᠠᠢ ᠬᠡᠢ ᠶᠢᠨ | ᠦᠢᠯᠡᠴᠢᠯᠡᠭᠡᠨ ᠤ ᠶᠠᠰᠤ ᠴᠢᠨᠠᠷ ᠲᠠᠢ ᠬᠤᠯᠪᠤᠭᠳᠠᠬᠤ ᠮᠡᠳᠡᠭᠦᠯᠦᠯᠲᠠ ᠵᠠᠭᠠᠯᠳᠤᠯᠭ᠎ᠠ ᠶᠢ ᠬᠦᠯᠢᠶᠡᠨ ᠠᠪᠴᠤ᠂ | ᠢᠯᠡᠴᠢᠯᠡᠨ ᠮᠡᠳᠡᠭᠦᠯᠦᠯᠲᠠ ᠵᠠᠭᠠᠯᠳᠤᠯᠭ᠎ᠠ ᠶᠢ ᠬᠦᠯᠢᠶᠡᠨ ᠠᠪᠤᠭᠰᠠᠨ ᠭᠤᠷᠪᠠᠨ ᠡᠳᠦᠷ ᠤᠨ ᠲᠤᠲᠤᠷ᠎ᠠ ᠬᠠᠷᠢᠭᠤᠯᠲᠠ | ᠦᠭᠬᠦ ᠬᠡᠷᠡᠭᠲᠠᠢ᠃ | ᠲᠤᠯᠤᠳᠤᠭᠠᠷ ᠪᠦᠯᠦᠭ ᠪᠠᠴᠢᠮ ᠪᠠᠶᠢᠳᠠᠯ ᠢ ᠠᠷᠭᠠᠴᠠᠭᠠᠬᠤ ᠪᠠ ᠠᠳᠡᠯ ᠢ ᠪᠠᠶᠢᠴᠠᠭᠠᠬᠤ | ᠲᠦᠴᠢᠨ ᠨᠠᠢᠮᠠᠳᠤᠭᠠᠷ ᠵᠦᠢᠯ ᠬᠤᠲᠠ ᠶᠢᠨ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠨᠢ ᠲᠤᠰ ᠬᠤᠲᠠ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠭᠠᠬᠤ ᠲᠦᠰᠦᠯ ᠢ ᠲᠤᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ | ᠵᠦᠪᠰᠢᠶᠡᠷᠡᠭᠦᠯᠵᠤ ᠬᠡᠷᠡᠭᠵᠢᠭᠦᠯᠦᠨ᠎ᠡ᠃ ᠬᠤᠰᠢᠭᠤ᠂ ᠰᠢᠶᠡᠨ᠂ ᠲᠤᠭᠤᠷᠢᠭ ᠤᠨ ᠰᠢᠲᠠᠮᠠᠬᠠᠢ ᠬᠡᠢ ᠶᠢᠨ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠬᠤᠲᠠ ᠶᠢᠨ ᠰᠢᠲᠠᠮᠠᠬᠠᠢ ᠬᠡᠢ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠦᠯᠦᠨ ᠲᠠᠩᠰᠠᠯᠠᠭᠤᠯᠬᠤ ᠬᠡᠷᠡᠭᠲᠠᠢ᠃ | ᠲᠦᠴᠢ ᠶᠢᠰᠦᠳᠦᠭᠡᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ ᠲᠤᠰ ᠭᠠᠵᠠᠷ | ᠤᠷᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠲᠠᠢ | ᠬᠠᠷᠢᠯᠴᠠᠨ ᠤᠶᠠᠯᠳᠤᠭᠰᠠᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠠᠯᠲᠠ ᠠᠷᠬᠠᠭ ᠪᠠ ᠠᠳᠡᠯ ᠤᠨ ᠪᠠᠴᠢᠮ | ᠪᠠᠶᠢᠳᠠᠯ ᠢ ᠠᠷᠭᠠᠴᠠᠭᠠᠬᠤ ᠱᠠᠯᠠᠪᠳᠠᠨ ᠵᠠᠰᠠᠬᠤ ᠲᠦᠰᠦᠯ ᠢ ᠲᠤᠭᠲᠠᠭᠠᠵᠤ᠂ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ | ᠲᠤᠲᠤᠭᠠᠲᠤ ᠶᠢ ᠬᠠᠮᠠᠭᠠᠯᠠᠬᠤ ᠭᠠᠯ ᠤᠨᠲᠠᠷᠠᠭᠠᠬᠤ ᠰᠠᠯᠠᠭ᠎ᠠ ᠮᠦᠴᠢᠷ ᠲᠤ ᠮᠡᠳᠡᠭᠦᠯᠦᠨ ᠲᠠᠩᠰᠠᠯᠠᠭᠤᠯᠬᠤ ᠶᠢᠨ ᠬᠠᠮᠲᠤ | ᠲᠦᠰᠦᠯ ᠶᠤᠰᠤᠭᠠᠷ ᠴᠢᠮᠡᠭᠡ ᠬᠤᠯᠪᠤᠭᠠᠨ ᠤ ᠪᠠᠭᠠᠵᠢ ᠬᠡᠷᠡᠭᠰᠡᠯ᠂ ᠱᠠᠯᠠᠪᠳᠠᠨ ᠵᠠᠰᠠᠬᠤ ᠪᠡᠯᠡᠳᠭᠡᠮᠵᠢ᠂ ᠰᠡᠷᠭᠡᠶᠢᠯᠡᠨ | ᠬᠠᠮᠠᠭᠠᠯᠠᠬᠤ ᠬᠡᠷᠡᠭᠰᠡᠯ ᠢ ᠲᠤᠬᠢᠷᠠᠭᠤᠯᠤᠨ ᠪᠡᠯᠡᠳᠭᠡᠵᠤ᠂ ᠲᠤᠭᠲᠠᠭᠰᠠᠨ ᠬᠤᠭᠤᠴᠠᠭ᠎ᠠ ᠲᠠᠢ ᠪᠠᠷ ᠪᠠᠴᠢᠮ ᠪᠠᠶᠢᠳᠠᠯ ᠢ | ᠠᠷᠭᠠᠴᠠᠭᠠᠬᠤ ᠰᠤᠷᠢᠯᠲᠠ ᠶᠢ ᠵᠤᠬᠢᠶᠠᠨ ᠪᠠᠶᠢᠭᠤᠯᠤᠨ ᠦᠷᠨᠢᠭᠦᠯᠵᠤ᠂ ᠲᠤᠰᠬᠠᠢ ᠠᠵᠢᠯ ᠤᠨ ᠪᠠᠶᠢᠷᠢ ᠲᠤᠬᠢᠷᠠᠭᠤᠯᠵᠤ | ᠬᠤᠷᠢᠨ ᠲᠦᠷᠪᠡᠨ ᠴᠠᠭ ᠢᠶᠠᠷ ᠵᠢᠵᠢᠭᠦᠷᠯᠡᠬᠦ ᠬᠡᠷᠡᠭᠲᠠᠢ᠃ | ᠲᠠᠪᠢᠳᠤᠭᠠᠷ ᠵᠦᠢᠯ ᠬᠡᠷᠡᠭᠯᠡᠭᠴᠢ ᠵᠢᠴᠢ ᠪᠤᠰᠤᠳ ᠨᠢᠭᠡᠴᠢ ᠪᠠ ᠬᠤᠪᠢ ᠬᠦᠮᠦᠨ ᠨᠢ ᠰᠢᠲᠠᠮᠠᠬᠠᠢ ᠬᠡᠢ | ᠭᠤᠭᠤᠵᠢᠬᠤ ᠪᠤᠶᠤ ᠰᠢᠲᠠᠮᠠᠬᠠᠢ ᠬᠡᠢ ᠶᠢᠨ ᠲᠦᠬᠦᠭᠡᠷᠦᠮᠵᠢ ᠠᠮᠤᠷ ᠲᠦᠪᠰᠢᠨ ᠤ ᠲᠠᠯᠲᠠ ᠠᠷᠬᠠᠭ ᠤᠷᠤᠰᠢᠵᠤ | ᠪᠠᠶᠢᠬᠤ ᠶᠢ ᠢᠯᠡᠷᠡᠭᠦᠯᠪᠡᠯ᠂ ᠲᠠᠷᠤᠢ ᠲᠦᠷᠭᠡᠨ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠳᠤ | ᠮᠡᠳᠡᠭᠳᠡᠬᠦ ᠪᠤᠶᠤ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ | ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠯ ᠤᠨᠲᠠᠷᠠᠭᠠᠬᠤ ᠪᠠᠶᠢᠭᠤᠯᠤᠮᠵᠢ ᠵᠡᠷᠭᠡ ᠬᠤᠯᠪᠤᠭᠳᠠᠯ ᠪᠦᠬᠦᠢ | ᠰᠠᠯᠠᠭ᠎ᠠ ᠮᠦᠴᠢᠷ ᠪᠠ ᠨᠢᠭᠡᠴᠢ ᠳᠤ ᠮᠡᠳᠡᠭᠦᠯᠬᠦ ᠬᠡᠷᠡᠭᠲᠠᠢ᠃ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ | ᠠᠬᠤᠶᠢᠯᠠᠯ ᠨᠢ ᠮᠡᠳᠡᠭᠦᠯᠦᠯᠲᠠ ᠶᠢ ᠤᠯᠤᠭᠰᠠᠨ ᠤ ᠲᠠᠷᠠᠭᠠᠬᠢ ᠲᠠᠪᠤᠨ ᠮᠢᠨᠦ᠋ᠲ ᠤᠨ ᠲᠤᠲᠤᠷ᠎ᠠ ᠲᠤᠰᠬᠠᠢ | ᠮᠡᠷᠭᠡᠵᠢᠯ ᠤᠨ ᠠᠵᠢᠯᠲᠡᠨ ᠪᠠ ᠠᠶᠤᠯ ᠠᠴᠠ ᠠᠪᠤᠷᠠᠬᠤ ᠱᠠᠯᠠᠪᠳᠠᠨ ᠵᠠᠰᠠᠬᠤ ᠠᠵᠢᠯᠲᠡᠨ ᠢ ᠲᠤᠮᠢᠯᠠᠨ ᠴᠠᠭ | ᠲᠤᠬᠠᠢ ᠳᠤᠨᠢ ᠲᠤᠬᠠᠢ ᠶᠢᠨ ᠲᠠᠯᠠᠪᠤᠷ ᠲᠤ ᠬᠦᠷᠦᠨ ᠠᠶᠤᠯ ᠠᠴᠠ ᠠᠪᠤᠷᠠᠬᠤ ᠱᠠᠯᠠᠪᠳᠠᠨ ᠵᠠᠰᠠᠬᠤ ᠠᠵᠢᠯ ᠢ ᠬᠢᠬᠦ ᠪᠤᠶᠤ | ᠠᠮᠤᠷ ᠲᠦᠪᠰᠢᠨ ᠤ ᠲᠠᠯᠲᠠ ᠠᠷᠬᠠᠭ ᠢ ᠰᠢᠯᠭᠠᠨ ᠪᠠᠶᠢᠴᠠᠭᠠᠵᠤ᠂ ᠬᠤᠷᠢᠨ ᠲᠦᠷᠪᠡᠨ ᠴᠠᠭ ᠤᠨ ᠲᠤᠲᠤᠷ᠎ᠠ ᠰᠡᠯᠪᠢᠬᠦ | ᠠᠵᠢᠯᠲᠠᠨ ᠢ ᠲᠤᠮᠢᠯᠠᠨ ᠰᠡᠯᠪᠢᠬᠦ ᠬᠡᠷᠡᠭᠲᠠᠢ᠃ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ | ᠲᠤᠬᠠᠢ ᠶᠢᠨ ᠲᠠᠯᠠᠪᠤᠷ ᠲᠤ ᠴᠠᠭ ᠲᠤᠬᠠᠢ ᠳᠤᠨᠢ ᠬᠦᠷᠴᠤ ᠠᠳᠠᠯ ᠢ ᠰᠢᠢᠳᠪᠦᠷᠢᠯᠡᠭᠰᠡᠨ ᠦᠭᠡᠢ ᠪᠤᠶᠤ ᠠᠮᠦᠷ | ᠲᠦᠪᠰᠢᠨ ᠤ ᠲᠠᠯᠲᠠ ᠠᠷᠬᠠᠭ ᠢ ᠰᠢᠯᠭᠠᠨ ᠪᠠᠶᠢᠴᠠᠭᠠᠭᠰᠠᠨ ᠦᠭᠡᠢ ᠪᠤᠯ᠂ ᠬᠡᠷᠡᠭᠯᠡᠭᠴᠢ ᠰᠢᠲᠠᠮᠠᠬᠠᠢ ᠬᠡᠢ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠢᠯᠡᠴᠢᠯᠡᠨ ᠮᠡᠳᠡᠭᠦᠯᠵᠤ ᠵᠠᠭᠠᠯᠳᠤᠵᠤ ᠪᠤᠯᠤᠨ᠎ᠡ᠃ | ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ ᠰᠢᠲᠠᠮᠠᠬᠠᠢ ᠬᠡᠢ ᠭᠤᠭᠤᠵᠢᠬᠤ ᠪᠤᠶᠤ | ᠰᠢᠲᠠᠮᠠᠬᠠᠢ ᠬᠡᠢ ᠭᠤᠭᠤᠵᠢᠭᠰᠠᠨ ᠠᠴᠠ ᠪᠤᠯᠵᠤ ᠭᠠᠯ ᠤᠨ ᠠᠶᠤᠯ᠂ ᠲᠠᠯᠪᠡᠷᠡᠯᠲᠠ ᠵᠡᠷᠭᠡ ᠠᠳᠡᠯ ᠡᠭᠦᠰᠦᠭᠰᠡᠨ | ᠮᠡᠳᠡᠭᠦᠯᠦᠯᠲᠠ ᠶᠢ ᠤᠯᠤᠭᠰᠠᠨ ᠤ ᠲᠠᠷᠠᠭ᠎ᠠ ᠲᠠᠷᠤᠢ ᠲᠦᠷᠭᠡᠨ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠯ | ᠤᠨᠲᠠᠷᠠᠭᠠᠬᠤ ᠪᠠᠶᠢᠭᠤᠯᠤᠮᠵᠢ ᠳᠤ ᠮᠡᠳᠡᠭᠳᠡᠵᠤ᠂ ᠬᠠᠮᠲᠤ ᠳᠤᠨᠢ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ᠂ ᠠᠶᠤᠯᠭᠦᠢ ᠦᠢᠯᠡᠳᠪᠦᠷᠢᠯᠡᠯ ᠲᠤ ᠬᠢᠨᠠᠯᠲᠠ ᠲᠠᠯᠪᠢᠬᠤ᠂ ᠶᠠᠰᠤ ᠴᠢᠨᠠᠷ ᠮᠡᠷᠭᠡᠵᠢᠯ ᠳᠤ | ᠬᠢᠨᠠᠯᠲᠠ ᠲᠠᠯᠪᠢᠬᠤ᠂ ᠤᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ | ᠮᠡᠳᠡᠭᠦᠯᠬᠦ ᠬᠡᠷᠡᠭᠲᠠᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠠᠳᠡᠯ ᠢ ᠰᠢᠢᠳᠪᠦᠷᠢᠯᠡᠬᠦ ᠠᠪᠤᠷᠠᠨ | ᠲᠤᠰᠠᠯᠠᠯᠲᠠ ᠶᠢ ᠴᠠᠭ ᠲᠠᠷᠤᠢ ᠳᠤᠨᠢ ᠵᠤᠬᠢᠶᠠᠨ ᠪᠠᠶᠢᠭᠤᠯᠵᠤ᠂ ᠠᠳᠡᠯ ᠤᠨ ᠦᠷᠭᠡᠳᠬᠦ ᠪᠤᠶᠤ ᠬᠤᠶᠠᠳᠠᠭᠴᠢ ᠠᠳᠡᠯ | ᠡᠭᠦᠰᠬᠦ ᠶᠢ ᠰᠡᠷᠭᠡᠶᠢᠯᠡᠬᠦ ᠶᠢᠨ ᠬᠠᠮᠲᠤ ᠠᠳᠠᠯᠢ ᠱᠠᠲᠤᠨ ᠤ ᠠᠷᠠᠳ ᠤᠨ ᠵᠠᠰᠠᠭ ᠤᠨ ᠤᠷᠳᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠠᠢ᠃ | ᠲᠠᠪᠢᠨ ᠨᠢᠭᠡᠳᠦᠭᠡᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ ᠰᠢᠲᠠᠮᠠᠬᠠᠢ | ᠬᠡᠢ ᠶᠢᠨ ᠠᠮᠤᠷ ᠲᠦᠪᠰᠢᠨ ᠤ ᠠᠳᠡᠯ ᠡᠭᠦᠰᠴᠤ᠂ ᠠᠶᠤᠯ ᠠᠴᠠ ᠠᠪᠤᠷᠠᠬᠤ ᠱᠠᠯᠠᠪᠳᠠᠨ ᠵᠠᠰᠠᠬᠤ ᠡᠭᠦᠷᠭᠡ ᠶᠢ | ᠭᠦᠢᠴᠡᠳᠭᠡᠬᠦ ᠳᠤ ᠠᠵᠢᠯᠯᠠᠭ᠎ᠠ ᠶᠢ ᠬᠠᠷᠰᠢᠯᠠᠭᠰᠠᠨ ᠪᠤᠰᠤᠳ ᠲᠦᠬᠦᠭᠡᠷᠦᠮᠵᠢ᠂ ᠪᠠᠷᠢᠯᠭ᠎ᠠ ᠶᠢᠨ ᠵᠦᠢᠯᠡᠰ᠂ ᠲᠠᠭᠠᠯᠲᠠ | ᠪᠠᠷᠢᠯᠭ᠎ᠠ ᠪᠠ ᠭᠡᠷ ᠲᠤᠲᠤᠷᠠᠬᠢ ᠰᠢᠲᠠᠮᠠᠬᠠᠢ ᠬᠡᠢ ᠶᠢᠨ ᠬᠤᠭᠤᠯᠠᠢ ᠲᠤᠤᠷ ᠢ ᠬᠠᠯᠬᠠᠯᠠᠵᠤ ᠪᠤᠭᠤᠭᠰᠠᠨ ᠬᠤᠭᠤᠯᠠᠢ | ᠤᠳᠠᠰᠤ᠂ ᠲᠦᠬᠦᠭᠡᠷᠦᠮᠵᠢ ᠶᠢᠨ ᠵᠠᠰᠠᠯ ᠴᠢᠮᠡᠭᠯᠡᠯ ᠤᠨ ᠵᠦᠢᠯᠡᠰ ᠢ ᠬᠠᠤᠯᠢ ᠶᠤᠰᠤᠭᠠᠷ ᠨᠤᠷᠠᠭᠠᠵᠤ ᠵᠠᠶᠢᠯᠠᠭᠤᠯᠵᠤ | ᠪᠤᠯᠤᠨ᠎ᠡ᠃ ᠡᠳ᠋ ᠬᠦᠷᠦᠩᠭᠡ ᠶᠢᠨ ᠬᠤᠬᠢᠷᠠᠯ ᠡᠭᠦᠰᠭᠡᠭᠰᠡᠨ ᠪᠤᠯ᠂ ᠠᠳᠡᠯ ᠤᠨ ᠬᠠᠷᠢᠭᠤᠴᠠᠯᠭ᠎ᠠ ᠶᠢᠨ ᠲᠠᠯ᠎ᠠ ᠠᠴᠠ | ᠲᠦᠯᠦᠪᠦᠷᠢᠯᠡᠨᠡ᠃ | ᠰᠢᠲᠠᠮᠠᠬᠠᠢ ᠬᠡᠢ ᠶᠢᠨ ᠢᠨᠵᠧᠨᠧᠷᠢᠩ ᠤᠨ ᠲᠡᠷᠭᠡ ᠠᠶᠤᠯ ᠠᠴᠠ ᠠᠪᠤᠷᠠᠬᠤ ᠱᠠᠯᠠᠪᠳᠠᠨ ᠵᠠᠰᠠᠬᠤ ᠡᠭᠦᠷᠭᠡ ᠶᠢ | ᠭᠦᠢᠴᠡᠳᠭᠡᠬᠦ ᠳᠤ᠂ ᠰᠡᠷᠡᠮᠵᠢ ᠶᠢᠨ ᠲᠤᠬᠢᠶ᠎ᠠ᠂ ᠲᠤᠬᠢᠶᠠᠨ ᠤ ᠳ᠋ᠧᠩ ᠢ ᠬᠡᠷᠡᠭᠯᠡᠵᠤ ᠪᠤᠯᠬᠤ ᠶᠢᠨ ᠬᠠᠮᠲᠤ ᠠᠮᠤᠷ | ᠲᠦᠪᠰᠢᠨ ᠢ ᠪᠠᠲᠤᠯᠠᠭᠰᠠᠨ ᠤᠷᠢᠳᠠᠯ ᠲᠤᠤᠷ᠎ᠠ᠂ ᠶᠠᠪᠤᠬᠤ ᠵᠠᠮ ᠱᠤᠭᠤᠮ᠂ ᠶᠠᠪᠤᠬᠤ ᠴᠢᠭᠯᠡᠯ᠂ ᠶᠠᠪᠤᠬᠤ ᠬᠤᠷᠳᠤᠴᠠ᠂ | ᠨᠡᠪᠲᠡᠷᠡᠬᠦ ᠴᠠᠭ ᠪᠠ ᠲᠤᠬᠢᠶᠠᠨ ᠤ ᠳ᠋ᠧᠩ ᠤᠨ ᠬᠢᠵᠠᠭᠠᠷᠯᠠᠯ ᠢ ᠬᠦᠷᠳᠡᠬᠦ ᠦᠭᠡᠢ᠂ ᠪᠤᠰᠤᠳ ᠲᠡᠷᠭᠡ ᠪᠠ ᠶᠠᠪᠠᠭᠠᠨ | ᠬᠦᠮᠦᠨ ᠵᠠᠶᠢᠯᠠᠨ ᠦᠭᠴᠤ᠂ ᠬᠠᠮᠵᠢᠯᠴᠠᠬᠤ ᠬᠡᠷᠡᠭᠲᠠᠢ᠃ | ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ᠂ ᠭᠠᠯ ᠤᠨᠲᠠᠷᠠᠭᠠᠬᠤ | ᠵᠡᠷᠭᠡ ᠬᠤᠯᠪᠤᠭᠳᠠᠯ ᠪᠦᠬᠦᠢ ᠪᠠᠶᠢᠭᠤᠯᠤᠮᠵᠢ ᠪᠤᠯᠤᠨ ᠬᠤᠪᠢ ᠬᠦᠮᠦᠨ ᠨᠢ ᠠᠶᠤᠯ ᠠᠴᠠ ᠠᠪᠤᠷᠠᠬᠤ ᠱᠠᠯᠠᠪᠳᠠᠨ | ᠵᠠᠰᠠᠬᠤ ᠳᠤ ᠬᠠᠮᠵᠢᠯᠴᠠᠵᠤ᠂ ᠠᠶᠤᠯ ᠠᠴᠠ ᠠᠪᠤᠷᠠᠬᠤ ᠱᠠᠯᠠᠪᠳᠠᠨ ᠵᠠᠰᠠᠬᠤ ᠶᠢ ᠬᠠᠷᠰᠢᠯᠠᠭᠰᠠᠨ ᠨᠢᠭᠡᠴᠢ ᠪᠠ ᠬᠤᠪᠢ | ᠬᠦᠮᠦᠨ ᠢ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠪᠠᠶᠢᠴᠠᠭᠠᠨ ᠰᠢᠢᠳᠭᠡᠬᠦ ᠬᠡᠷᠡᠭᠲᠠᠢ᠃ | ᠲᠠᠪᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠨᠢ ᠪᠠᠴᠢᠮ ᠪᠠᠶᠢᠳᠠᠯ ᠢ | ᠰᠢᠢᠳᠪᠦᠷᠢᠯᠡᠬᠦ ᠲᠦᠰᠦᠯ ᠶᠤᠰᠤᠭᠠᠷ ᠨᠢᠭᠡᠲᠦᠯᠲᠠᠢ ᠵᠢᠯᠤᠭᠤᠳᠴᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ | ᠠᠳᠡᠯ ᠢ ᠱᠠᠲᠤ ᠬᠤᠪᠢᠶᠠᠨ ᠰᠢᠢᠳᠪᠦᠷᠢᠯᠡᠬᠦ ᠬᠡᠷᠡᠭᠲᠠᠢ᠃ | ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ ᠰᠢᠲᠠᠮᠠᠬᠠᠢ ᠬᠡᠢ ᠶᠢᠨ ᠠᠮᠤᠷ ᠲᠦᠪᠰᠢᠨ ᠤ | ᠠᠳᠡᠯ ᠢ ᠪᠠᠶᠢᠴᠠᠭᠠᠬᠤ ᠳᠤ ᠬᠠᠮᠵᠢᠯᠴᠠᠬᠤ ᠶᠢᠨ ᠬᠠᠮᠲᠤ ᠮᠡᠷᠭᠡᠵᠢᠯ ᠤᠨ ᠲᠡᠮᠵᠢᠯᠭᠡ ᠦᠵᠡᠭᠦᠯᠬᠦ ᠬᠡᠷᠡᠭᠲᠠᠢ᠃ | ᠬᠤᠯᠪᠤᠭᠳᠠᠯ ᠪᠦᠬᠦᠢ ᠲᠤᠬᠠᠢ ᠶᠢᠨ ᠬᠦᠮᠦᠨ ᠨᠢ ᠠᠳᠡᠯ ᠤᠨ ᠰᠢᠯᠲᠠᠭᠠᠨ ᠳᠤ ᠮᠠᠷᠭᠤᠭᠠᠨ ᠲᠠᠢ ᠪᠤᠯ᠂ | ᠬᠠᠷᠠᠭᠠᠯᠵᠠᠭᠰᠠᠨ ᠬᠢᠷᠢ ᠭᠡᠮ ᠲᠠᠢ ᠮᠡᠷᠭᠡᠵᠢᠯ ᠤᠨ ᠰᠢᠯᠭᠠᠨ ᠲᠤᠭᠲᠠᠭᠠᠬᠤ ᠪᠠᠶᠢᠭᠤᠯᠤᠮᠵᠢ ᠳᠤ ᠨᠠᠶᠢᠲᠠᠨ ᠮᠡᠷᠭᠡᠵᠢᠯ ᠤᠨ | ᠰᠢᠯᠭᠠᠨ ᠲᠤᠭᠲᠠᠭᠠᠯᠲᠠ ᠬᠢᠯᠭᠡᠵᠤ ᠪᠤᠯᠤᠨ᠎ᠡ᠃ ᠬᠠᠷᠢᠭᠤᠴᠠᠯᠭ᠎ᠠ ᠡᠭᠦᠷᠭᠡᠯᠡᠬᠦ ᠳᠤ ᠮᠠᠷᠭᠤᠭᠠᠨ ᠲᠠᠢ ᠪᠤᠯ᠂ ᠠᠷᠠᠳ ᠤᠨ | ᠰᠢᠭᠦᠭᠦ ᠬᠤᠷᠢᠶᠡᠨ ᠳᠤ ᠵᠠᠭᠠᠯᠳᠤᠵᠤ ᠪᠤᠯᠤᠨ᠎ᠡ᠃ | ᠨᠠᠢᠮᠠᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠠᠪᠢᠨ ᠭᠤᠷᠪᠠᠳᠤᠭᠠᠷ ᠵᠦᠢᠯ ᠨᠢᠭᠡᠴᠢ ᠪᠠ ᠬᠤᠪᠢ ᠬᠦᠮᠦᠨ ᠲᠤᠰ ᠲᠦᠷᠢᠮ ᠢ ᠵᠦᠷᠢᠴᠡᠵᠤ ᠲᠤᠤᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠲᠤᠤᠷᠠᠬᠢ ᠲᠤᠭᠲᠠᠭᠠᠯ ᠶᠤᠰᠤᠭᠠᠷ ᠰᠢᠢᠳᠭᠡᠨ ᠲᠤᠷᠭᠠᠨ᠎ᠠ᠄ | ︵ᠨᠢᠭᠡ︶ ᠲᠤᠰ ᠲᠦᠷᠢᠮ ᠤᠨ ᠲᠦᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠤᠭᠲᠠᠭᠠᠯ ᠢ | ᠵᠦᠷᠢᠴᠡᠪᠡᠯ᠂ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠤᠨ ᠬᠠᠮᠢᠶ᠎ᠠ | ᠪᠦᠬᠦᠢ ᠲᠤᠭᠲᠠᠭᠠᠯ ᠶᠤᠰᠤᠭᠠᠷ ᠰᠢᠢᠳᠭᠡᠨ᠎ᠡ︔ | ︵ᠬᠤᠶᠠᠷ︶ ᠲᠤᠰ ᠲᠦᠷᠢᠮ ᠤᠨ ᠲᠦᠴᠢᠨ ᠨᠢᠭᠡᠳᠦᠭᠡᠷ ᠵᠦᠢᠯ ᠤᠨ ᠬᠤᠶᠠᠳᠤᠭᠠᠷ᠂ ᠭᠤᠷᠪᠠᠳᠤᠭᠠᠷ᠂ | ᠲᠦᠷᠪᠡᠳᠦᠭᠡᠷ᠂ ᠲᠠᠪᠤᠳᠤᠭᠠᠷ ᠵᠤᠷᠪᠤᠰ ᠤᠨ ᠲᠤᠭᠲᠠᠭᠠᠯ ᠢ ᠵᠦᠷᠢᠴᠡᠪᠠᠯ᠂ ᠬᠠᠤᠯᠢ ᠠᠴᠠ ᠵᠦᠷᠢᠴᠡᠭᠰᠠᠨ ᠦᠢᠯᠡ | ᠠᠵᠢᠯᠯᠠᠭ᠎ᠠ ᠶᠢ ᠵᠤᠭᠰᠤᠭᠠᠬᠤ ᠪᠠᠷ ᠵᠠᠷᠯᠢᠭᠳᠠᠵᠤ᠂ ᠬᠤᠭᠤᠴᠠᠭ᠎ᠠ ᠬᠢᠵᠠᠭᠠᠷᠯᠠᠨ ᠤᠤᠯ ᠪᠠᠶᠢᠳᠠᠯ ᠢ ᠰᠡᠷᠭᠦᠭᠡᠬᠦ ᠪᠤᠶᠤ | ᠪᠤᠰᠤᠳ ᠠᠪᠤᠷᠠᠯᠲᠠ ᠶᠢᠨ ᠠᠷᠭ᠎ᠠ ᠪᠠᠷᠢᠯ ᠠᠪᠤᠭᠤᠯᠵᠤ᠂ ᠨᠢᠭᠡᠴᠢ ᠶᠢ 5 ᠲᠦᠮᠡᠨ ᠲᠦᠭᠦᠷᠢᠭ ᠠᠴᠠ ᠲᠡᠭᠡᠭᠰᠢ 10 | ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ᠂ ᠬᠤᠪᠢ ᠬᠦᠮᠦᠨ ᠢ 5000 ᠲᠦᠭᠦᠷᠢᠭ ᠠᠴᠠ | ᠲᠡᠭᠡᠭᠰᠢ 5 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ᠂ ᠬᠤᠬᠢᠷᠠᠯ ᠡᠭᠦᠰᠦᠭᠰᠡᠨ ᠪᠤᠯ᠂ | ᠬᠠᠤᠯᠢ ᠶᠤᠰᠤᠭᠠᠷ ᠲᠦᠯᠦᠪᠦᠷᠢᠯᠡᠬᠦ ᠬᠠᠷᠢᠭᠤᠴᠠᠯᠭ᠎ᠠ ᠡᠭᠦᠷᠭᠡᠯᠡᠨ᠎ᠡ︔ | ︵ᠭᠤᠷᠪᠠ︶ ᠲᠤᠰ ᠲᠦᠷᠢᠮ ᠤᠨ ᠲᠦᠴᠢᠨ ᠬᠤᠶᠠᠳᠤᠭᠠᠷ ᠵᠦᠢᠯ ᠤᠨ ᠲᠤᠭᠲᠠᠭᠠᠯ ᠢ ᠵᠦᠷᠢᠴᠡᠵᠤ᠂ | ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠲᠠᠢ ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ | ᠬᠠᠮᠠᠭᠠᠯᠠᠯᠲᠠ ᠶᠢᠨ ᠲᠦᠰᠦᠯ ᠢ ᠲᠤᠭᠲᠠᠭᠠᠭᠰᠠᠨ ᠦᠭᠡᠢ ᠪᠠᠷ ᠬᠠᠷᠠᠭᠠᠯᠵᠠᠭᠰᠠᠨ ᠠᠮᠤᠷ ᠲᠦᠪᠰᠢᠨ ᠤ | ᠬᠠᠮᠠᠭᠠᠯᠠᠯᠲᠠ ᠶᠢᠨ ᠠᠷᠭ᠎ᠠ ᠪᠠᠷᠢᠯ ᠢ ᠠᠪᠴᠤ᠂ ᠬᠤᠭᠤᠯᠠᠢ ᠲᠡᠪᠢᠰᠬᠦ᠂ ᠭᠠᠳᠠᠰᠤ ᠰᠢᠭᠠᠬᠤ᠂ ᠲᠤᠯᠬᠤ᠂ ᠤᠬᠤᠬᠤ᠂ | ᠦᠷᠦᠮᠳᠡᠨ ᠬᠠᠶᠢᠬᠤ ᠵᠡᠷᠭᠡ ᠰᠢᠲᠠᠮᠠᠬᠠᠢ ᠬᠡᠢ ᠶᠢᠨ ᠲᠦᠬᠦᠭᠡᠷᠦᠮᠵᠢ ᠶᠢᠨ ᠠᠮᠤᠷ ᠲᠦᠪᠰᠢᠨ ᠢ ᠨᠦᠯᠦᠭᠡᠯᠡᠬᠦ ᠠᠵᠢᠯᠯᠠᠭ᠎ᠠ | ᠬᠢᠭᠰᠡᠨ ᠪᠤᠯ᠂ ᠬᠠᠤᠯᠢ ᠶᠢ ᠵᠦᠷᠢᠴᠡᠭᠰᠠᠨ ᠦᠢᠯᠡ ᠠᠵᠢᠯᠯᠠᠭ᠎ᠠ ᠶᠢ ᠵᠤᠭᠰᠤᠭᠠᠬᠤ ᠪᠠᠷ ᠵᠠᠷᠯᠢᠭᠳᠠᠵᠤ᠂ ᠬᠤᠭᠤᠴᠠᠭ᠎ᠠ | ᠬᠢᠵᠠᠭᠠᠷᠯᠠᠨ ᠤᠤᠯ ᠪᠠᠶᠢᠳᠠᠯ ᠢ ᠰᠡᠷᠭᠦᠭᠡᠬᠦ ᠪᠤᠶᠤ ᠪᠤᠰᠤᠳ ᠠᠪᠤᠷᠠᠯᠲᠠ ᠶᠢᠨ ᠠᠷᠭ᠎ᠠ ᠪᠠᠷᠢᠯ ᠠᠪᠤᠭᠤᠯᠵᠤ᠂ | ᠨᠢᠭᠡᠴᠢ ᠶᠢ 5 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ | ᠲᠤᠷᠭᠠᠵᠤ᠂ ᠬᠤᠪᠢ ᠬᠦᠮᠦᠨ ᠢ 5000 ᠲᠦᠭᠦᠷᠢᠭ ᠠᠴᠠ ᠲᠡᠭᠡᠭᠰᠢ 5 ᠲᠦᠮᠡᠨ ᠲᠦᠭᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠵᠤ᠂ ᠬᠤᠬᠢᠷᠠᠯ ᠡᠭᠦᠰᠦᠭᠰᠡᠨ ᠪᠤᠯ᠂ ᠬᠠᠤᠯᠢ ᠶᠤᠰᠤᠭᠠᠷ ᠲᠦᠯᠦᠪᠦᠷᠢᠯᠡᠬᠦ ᠬᠠᠷᠢᠭᠤᠴᠠᠯᠭ᠎ᠠ | ᠡᠭᠦᠷᠭᠡᠯᠡᠨ᠎ᠡ᠃ | ᠲᠠᠪᠢᠨ ᠲᠦᠷᠪᠡᠳᠦᠭᠡᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠠ ᠶᠢᠨ ᠠᠵᠤ ᠠᠬᠤᠶᠢᠯᠠᠯ ᠨᠢ ᠲᠤᠰ | ᠲᠦᠷᠢᠮ ᠤᠨ ᠲᠤᠭᠲᠠᠭᠠᠯ ᠢ ᠵᠦᠷᠢᠴᠡᠵᠤ ᠲᠤᠤᠷᠠᠬᠢ ᠦᠢᠯᠡ ᠠᠵᠢᠯᠠᠯᠭ᠎ᠠ ᠲᠠᠢ ᠪᠤᠯ᠂ ᠰᠢᠲᠠᠮᠠᠬᠠᠢ ᠬᠡᠢ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠤᠷᠠᠬᠢ ᠲᠤᠭᠲᠠᠭᠠᠯ ᠶᠤᠰᠤᠭᠠᠷ ᠰᠢᠢᠳᠭᠡᠨ ᠲᠤᠷᠭᠠᠨ᠎ᠠ | ᠄ | ︵ᠨᠢᠭᠡ︶ ᠬᠡᠢ ᠶᠢᠨ ᠰᠤᠷᠪᠤᠯᠵᠢ ᠶᠢᠨ ᠲᠤᠬᠢᠷᠠᠮᠵᠢᠲᠤ ᠴᠢᠨᠠᠷ ᠤᠨ ᠪᠠᠶᠢᠴᠠᠭᠠᠨ ᠬᠡᠮᠵᠢᠯᠲᠠ ᠳᠤ ᠬᠢᠷᠢ | ᠲᠡᠩᠴᠡᠭᠰᠡᠨ ᠦᠭᠡᠢ ᠪᠠᠭᠠᠵᠢ ᠬᠡᠷᠡᠭᠰᠡᠯ ᠢᠶᠠᠷ ᠬᠡᠢ ᠨᠡᠪᠲᠡᠷᠡᠭᠦᠯᠦᠭᠰᠡᠨ ᠪᠤᠯ᠂ ᠬᠤᠭᠤᠴᠠᠭ᠎ᠠ ᠬᠢᠵᠠᠭᠠᠷᠯᠠᠨ | ᠵᠠᠯᠠᠷᠠᠭᠤᠯᠬᠤ ᠪᠠᠷ ᠵᠠᠷᠯᠢᠭᠳᠠᠵᠤ᠂ ᠬᠤᠭᠤᠴᠠᠭ᠎ᠠ ᠬᠡᠲᠦᠷᠡᠨ ᠵᠠᠯᠠᠷᠠᠭᠤᠯᠤᠭᠰᠠᠨ ᠦᠭᠡᠢ ᠪᠤᠯ᠂ 1 ᠲᠦᠮᠡᠨ | ᠲᠦᠭᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ︔ | ︵ᠬᠤᠶᠠᠷ︶ ᠬᠡᠢ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠬᠡᠷᠡᠭᠯᠡᠭᠴᠢ ᠳᠤ ᠲᠤᠷ᠎ᠠ ᠪᠠᠷ ᠬᠡᠢ ᠬᠠᠩᠭᠠᠪᠠᠯ᠂ | ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ ᠬᠤᠭᠤᠴᠠᠭ᠎ᠠ ᠬᠡᠲᠦᠷᠡᠭᠡᠳ ᠵᠠᠯᠠᠷᠠᠭᠤᠯᠤᠭᠰᠠᠨ ᠦᠭᠡᠢ | ᠪᠤᠯ 1 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ︔ | | ︵ᠭᠤᠷᠪᠡ︶ ᠴᠢᠬᠤᠯᠠ ᠮᠡᠳᠡᠭᠳᠡᠬᠦ ᠡᠭᠦᠷᠭᠡ ᠪᠠᠨ ᠭᠦᠢᠴᠡᠳᠭᠡᠭᠰᠡᠨ ᠦᠭᠡᠢ ᠪᠠᠷ ᠤᠷᠤᠨ ᠪᠦᠰᠠ ᠶᠢᠨ | ᠴᠢᠨᠠᠷᠲᠠᠢ ᠬᠡᠢ ᠬᠠᠩᠭᠠᠬᠤ ᠶᠢ ᠵᠤᠭᠰᠤᠭᠠᠪᠠᠯ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠬᠤ ᠶᠢᠨ | ᠬᠠᠮᠲᠤ 2 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ | ᠂ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠤᠯ ᠬᠠᠤᠯᠢ ᠶᠤᠰᠤᠭᠠᠷ ᠲᠦᠯᠦᠪᠦᠷᠢᠯᠡᠨᠡ︔ | ︵ᠲᠦᠷᠪᠡ︶ ᠬᠢᠨᠠᠨ ᠵᠦᠪᠰᠢᠶᠡᠷᠡᠯ ᠢ ᠲᠠᠮᠵᠢᠭᠰᠠᠨ ᠦᠭᠡᠢ ᠪᠠᠷ ᠰᠢᠲᠠᠮᠠᠬᠠᠢ ᠬᠡᠢ ᠶᠢᠨ ᠬᠡᠢ ᠬᠠᠩᠭᠠᠬᠤ | ᠦᠷᠳᠡᠭᠡ ᠶᠢ ᠵᠤᠭᠰᠤᠭᠠᠬᠤ᠂ ᠠᠮᠠᠷᠭᠠᠬᠤ ᠪᠤᠶᠤ ᠰᠢᠯᠵᠢᠭᠦᠯᠦᠭᠰᠡᠨ ᠪᠤᠯ᠂ ᠬᠤᠭᠤᠴᠠᠭ᠎ᠠ ᠬᠢᠵᠠᠭᠠᠷᠯᠠᠨ ᠬᠡᠢ | ᠬᠠᠩᠭᠠᠬᠤ ᠶᠢ ᠰᠡᠷᠭᠦᠭᠡᠬᠦ ᠪᠠᠷ ᠵᠠᠷᠯᠢᠭᠳᠠᠵᠤ᠂ 1 ᠲᠦᠮᠡᠨ ᠲᠦᠭᠦᠷᠢᠭ ᠠᠴᠠ ᠲᠡᠭᠡᠭᠰᠢ 10 ᠲᠦᠮᠡᠨ | ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ︔ | ︵ᠲᠠᠪᠤ︶ ᠰᠢᠲᠠᠮᠠᠬᠠᠢ ᠬᠡᠢ ᠶᠢᠨ ᠲᠦᠬᠦᠭᠡᠷᠦᠮᠵᠢ ᠳᠤ ᠲᠤᠭᠲᠠᠭᠰᠠᠨ ᠬᠤᠭᠤᠴᠠᠭ᠎ᠠ ᠲᠠᠢ ᠪᠠᠷ ᠴᠠᠭᠳᠠᠨ | ᠪᠠᠶᠢᠴᠠᠭᠠᠯᠲᠠ ᠪᠠ ᠪᠠᠶᠢᠴᠠᠭᠠᠯᠲᠠ ᠰᠢᠯᠭᠠᠯᠲᠠ ᠬᠢᠭᠰᠡᠨ ᠦᠭᠡᠢ᠂ ᠴᠠᠭ ᠲᠤᠬᠠᠢ ᠳᠤᠨᠢ ᠰᠡᠯᠪᠢᠨ ᠵᠠᠰᠠᠵᠤ | ᠠᠷᠠᠴᠢᠯᠠᠭᠰᠠᠨ ᠦᠭᠡᠢ ᠠᠴᠠ ᠠᠮᠤᠷ ᠲᠦᠪᠰᠢᠨ ᠤ ᠲᠠᠯᠲᠠ ᠠᠷᠬᠠᠭ ᠡᠭᠦᠰᠦᠭᠰᠡᠨ ᠪᠤᠯ᠂ ᠬᠤᠭᠤᠴᠠᠭ᠎ᠠ ᠬᠢᠵᠠᠭᠠᠷᠯᠠᠨ | ᠵᠠᠯᠠᠷᠠᠭᠤᠯᠬᠤ ᠪᠠᠷ ᠵᠠᠷᠯᠢᠭᠳᠠᠵᠤ᠂ 1 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ | ᠲᠤᠷᠤᠭᠰᠢ ᠵᠤᠭᠤᠰ ᠢᠶᠠᠷ ᠲᠤᠷᠭᠠᠨ᠎ᠠ︔ | ︵ᠵᠢᠷᠭᠤᠭ᠎ᠠ︶ ᠬᠠᠷᠠᠭᠠᠯᠵᠠᠭᠰᠠᠨ ᠠᠵᠢᠯ ᠤᠨ ᠪᠠᠶᠢᠷᠢ ᠶᠢᠨ ᠦᠨᠡᠮᠯᠡᠯ ᠦᠭᠡᠢ ᠠᠵᠢᠯᠲᠡᠨ ᠢ ᠬᠦᠯᠦᠰᠦᠯᠡᠨ | ᠰᠢᠲᠠᠮᠠᠬᠠᠢ ᠬᠡᠢ ᠶᠢ ᠤᠭᠰᠠᠷᠠᠵᠤ ᠰᠡᠯᠪᠢᠨ ᠵᠠᠰᠠᠭᠰᠠᠨ ᠪᠤᠯ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ | ᠵᠠᠷᠯᠢᠭᠳᠠᠵᠤ᠂ ᠦᠨᠡᠮᠯᠡᠯ ᠦᠭᠡᠢ ᠪᠠᠷ ᠠᠵᠢᠯ ᠤᠨ ᠪᠠᠶᠢᠷᠢ ᠳᠤ ᠭᠠᠷᠤᠭᠰᠠᠨ ᠲᠤᠬᠠᠢ ᠶᠢᠨ ᠬᠦᠮᠦᠨ ᠢ 200 | ᠲᠦᠭᠦᠷᠢᠭ ᠠᠴᠠ ᠲᠡᠭᠡᠭᠰᠢ 500 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ᠂ ᠲᠡᠭᠦᠨ ᠤ | ᠬᠠᠷᠢᠶᠠᠯᠠᠭᠳᠠᠬᠤ ᠠᠵᠤ ᠠᠬᠤᠶᠢᠯᠠᠯ ᠢ 5000 ᠲᠦᠭᠦᠷᠢᠭ ᠠᠴᠠ ᠲᠡᠭᠡᠭᠰᠢ 1 ᠲᠦᠮᠡᠨ ᠲᠦᠭᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠨ᠎ᠡ︔ | ︵ᠲᠤᠯᠤᠭ᠎ᠠ︶ ᠰᠠᠪᠠ ᠲᠠᠢ ᠬᠡᠢ ᠶᠢ ᠬᠠᠳᠠᠭᠠᠯᠠᠬᠤ ᠪᠠ ᠬᠡᠷᠡᠭᠯᠡᠬᠦ ᠨᠢ ᠤᠯᠤᠰ ᠠᠴᠠ ᠲᠤᠭᠲᠠᠭᠠᠭᠰᠠᠨ ᠬᠢᠨᠠᠨ | ᠲᠤᠭᠲᠠᠭᠠᠬᠤ ᠲᠤᠭ᠎ᠠ ᠬᠡᠮᠵᠢᠶ᠎ᠡ ᠳᠤ ᠨᠡᠶᠢᠴᠡᠬᠦ ᠦᠭᠡᠢ᠂ ᠲᠤᠭᠲᠠᠭᠠᠯ ᠳᠤ ᠨᠡᠶᠢᠴᠡᠬᠦ ᠦᠭᠡᠢ ᠲᠠᠯᠠᠪᠤᠷ ᠲᠤ ᠰᠠᠪᠠ ᠲᠠᠢ | ᠬᠡᠢ ᠶᠢ ᠬᠠᠳᠠᠭᠠᠯᠠᠵᠤ ᠬᠡᠷᠡᠭᠯᠡᠪᠡᠯ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠬᠤ ᠶᠢᠨ ᠬᠠᠮᠲᠤ 1 | ᠲᠦᠮᠡᠨ ᠲᠦᠭᠦᠷᠢᠭ ᠠᠴᠠ ᠲᠡᠭᠡᠭᠰᠢ 2 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ︔ | ︵ᠨᠠᠢᠮᠠ︶ ᠮᠠᠰᠢᠨ ᠲᠡᠷᠭᠡᠨ ᠤ ᠬᠡᠢ ᠨᠡᠮᠡᠬᠦ ᠡᠵᠡᠩᠨᠡᠯᠲᠠ ᠶᠢᠨ ᠠᠵᠤ ᠠᠬᠤᠶᠢᠯᠠᠯ ᠨᠢ ᠮᠠᠰᠢᠨ ᠲᠡᠷᠭᠡᠨ ᠤ ᠬᠡᠢ | ᠬᠠᠳᠠᠭᠠᠯᠠᠬᠤ ᠰᠠᠪᠠ ᠠᠴᠠ ᠭᠠᠳᠠᠨᠠᠬᠢ ᠪᠤᠰᠤᠳ ᠬᠡᠢ ᠶᠢᠨ ᠰᠠᠪᠠ ᠪᠤᠶᠤ ᠲᠤᠨᠤᠭᠯᠠᠯ ᠳᠤ ᠬᠡᠢ ᠨᠡᠮᠡᠪᠡᠯ᠂ ᠬᠤᠭᠤᠴᠠᠭ᠎ᠠ | ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠬᠤ ᠶᠢᠨ ᠬᠠᠮᠲᠤ 1 ᠲᠦᠮᠡᠨ ᠲᠦᠭᠦᠷᠢᠭ ᠠᠴᠠ ᠲᠡᠭᠡᠭᠰᠢ 3 ᠲᠦᠮᠡᠨ | ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃ | ᠲᠠᠪᠢᠨ ᠲᠠᠪᠤᠳᠤᠭᠠᠷ ᠵᠦᠢᠯ ᠬᠡᠷᠡᠭᠯᠡᠭᠴᠢ ᠵᠢᠴᠢ ᠬᠤᠯᠪᠤᠭᠳᠠᠯ ᠪᠦᠬᠦᠢ ᠨᠢᠭᠡᠴᠢ ᠪᠠ ᠬᠤᠪᠢ ᠬᠦᠮᠦᠨ ᠨᠢ ᠲᠤᠰ | ᠲᠦᠷᠢᠮ ᠤᠨ ᠭᠤᠴᠢᠨ ᠲᠠᠪᠤᠳᠤᠭᠠᠷ ᠵᠦᠢᠯ ᠤᠨ ᠭᠤᠷᠪᠠᠳᠤᠭᠠᠷ᠂ ᠲᠠᠪᠤᠳᠤᠭᠠᠷ᠂ ᠵᠢᠷᠭᠤᠳᠤᠭᠠᠷ᠂ ᠲᠤᠯᠤᠳᠤᠭᠠᠷ᠂ | ᠨᠠᠢᠮᠠᠳᠤᠭᠠᠷ ᠵᠦᠢᠯ ᠤᠨ ᠲᠤᠭᠲᠠᠭᠠᠯ ᠢ ᠵᠦᠷᠢᠴᠡᠪᠡᠯ᠂ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠨᠢ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ ᠬᠤᠭᠤᠴᠠᠭ᠎ᠠ | ᠬᠡᠲᠤᠷᠠᠨ ᠵᠠᠯᠠᠷᠠᠭᠤᠯᠬᠤ ᠦᠭᠡᠢ ᠪᠤᠯ᠂ ᠨᠢᠭᠡᠴᠢ ᠶᠢᠨ ᠬᠡᠷᠡᠭᠯᠡᠭᠴᠢ ᠶᠢ 2000 ᠲᠦᠭᠦᠷᠢᠭ ᠠᠴᠠ ᠲᠡᠭᠡᠭᠰᠢ 1 | ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ᠂ ᠬᠤᠪᠢ ᠬᠦᠮᠦᠨ ᠢ 200 ᠲᠦᠭᠦᠷᠢᠭ ᠠᠴᠠ | ᠲᠡᠭᠡᠭᠰᠢ 1000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ᠂ ᠬᠤᠬᠢᠷᠠᠯ ᠤᠴᠠᠷᠠᠭᠤᠯᠤᠭᠰᠠᠨ ᠪᠤᠯ | ᠬᠠᠤᠯᠢ ᠶᠤᠰᠤᠭᠠᠷ ᠲᠦᠯᠦᠪᠦᠷᠢᠯᠡᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠲᠠᠪᠢᠨ ᠵᠢᠷᠭᠤᠳᠤᠭᠠᠷ ᠵᠦᠢᠯ ᠰᠢᠲᠠᠮᠠᠬᠠᠢ ᠬᠡᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠵᠢᠴᠢ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠨᠢ | ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯ ᠬᠠᠷᠢᠭᠤᠴᠠᠯᠭᠠᠳᠠᠨ ᠪᠠ ᠪᠤᠰᠤᠳ ᠰᠢᠭᠤᠳ | ᠬᠠᠷᠢᠭᠤᠴᠠᠯᠭᠠᠳᠠᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠴᠤ᠂ ᠶᠠᠯ᠎ᠠ ᠳᠤ ᠬᠦᠷᠦᠭᠰᠡᠨ ᠪᠤᠯ᠂ | ᠬᠠᠤᠯᠢ ᠶᠤᠰᠤᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠲᠤᠰ ᠲᠦᠷᠢᠮ ᠤᠨ ᠲᠤᠭᠲᠠᠭᠠᠭᠰᠠᠨ ᠨᠦᠬᠦᠴᠡᠯ ᠳᠤ ᠨᠡᠶᠢᠴᠡᠬᠦ ᠵᠦᠢᠯᠡᠰ ᠢ ᠲᠤᠭᠲᠠᠭᠠᠭᠰᠠᠨ | ᠲᠠᠷᠠᠭᠠᠯᠠᠯ ᠪᠠ ᠴᠠᠭ ᠤᠨ ᠬᠢᠵᠠᠭᠠᠷ ᠶᠤᠰᠤᠭᠠᠷ ᠵᠦᠪᠰᠢᠶᠡᠷᠡᠭᠰᠡᠨ ᠦᠭᠡᠢ᠂ ᠲᠤᠰ ᠲᠦᠷᠢᠮ ᠤᠨ ᠲᠤᠭᠲᠠᠭᠠᠭᠰᠠᠨ | ᠨᠦᠬᠦᠴᠡᠯ ᠳᠤ ᠨᠡᠶᠢᠴᠡᠬᠦ ᠦᠭᠡᠢ ᠵᠦᠢᠯᠡᠰ ᠢ ᠵᠦᠪᠰᠢᠶᠡᠷᠡᠭᠰᠡᠨ︔ | ︵ᠬᠤᠶᠠᠷ︶ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠲᠤᠭᠲᠠᠭᠠᠯ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠦᠭᠡᠢ ᠪᠤᠶᠤ ᠢᠯᠡᠴᠢᠯᠡᠨ ᠮᠡᠳᠡᠭᠦᠯᠦᠯᠲᠠ᠂ | ᠵᠠᠭᠠᠯᠳᠤᠯᠭ᠎ᠠ ᠶᠢ ᠬᠠᠤᠯᠢ ᠶᠤᠰᠤᠭᠠᠷ ᠰᠢᠢᠳᠪᠦᠷᠢᠯᠡᠬᠦ ᠦᠭᠡᠢ︔ | ︵ᠭᠤᠷᠪᠠ︶ ᠠᠯᠪᠠᠨ ᠲᠤᠰᠢᠶᠠᠯ ᠳᠠᠭᠠᠨ ᠠᠯᠠᠮᠠᠶᠢᠷᠠᠨ ᠤᠰᠤᠯᠳᠤᠭᠰᠠᠨ᠂ ᠡᠷᠭᠡ ᠲᠤᠰᠢᠶᠠᠯ ᠢᠶᠠᠨ ᠲᠤᠷ᠎ᠠ ᠪᠠᠷ | ᠬᠡᠷᠡᠭᠯᠡᠭᠰᠡᠨ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃ | ᠶᠢᠰᠦᠳᠦᠭᠡᠷ ᠪᠦᠯᠦᠭ ᠲᠠᠭᠠᠯᠳᠤᠭᠤᠯᠤᠭᠰᠠᠨ ᠲᠦᠷᠢᠮ | ᠲᠠᠪᠢᠨ ᠲᠤᠯᠤᠳᠤᠭᠠᠷ ᠵᠦᠢᠯ ᠲᠤᠰ ᠲᠦᠷᠢᠮ ᠳᠠᠬᠢ ᠲᠤᠤᠷᠠᠬᠢ ᠦᠭᠡᠰ ᠤᠨ ᠤᠳᠬ᠎ᠠ ᠪᠤᠯ᠄ | ︵ᠨᠢᠭᠡ︶ ᠰᠢᠲᠠᠮᠠᠬᠠᠢ ᠬᠡᠢ ᠶᠢᠨ ᠢᠨᠵᠧᠨᠧᠷᠢᠩ ᠭᠡᠳᠡᠭ ᠨᠢ ᠰᠢᠲᠠᠮᠠᠬᠠᠢ ᠬᠡᠢ ᠶᠢᠨ ᠲᠦᠬᠦᠭᠡᠷᠦᠮᠵᠢ ᠪᠠ | ᠰᠢᠲᠠᠮᠠᠬᠠᠢ ᠬᠡᠢ ᠶᠢᠨ ᠬᠡᠢ ᠬᠠᠩᠭᠠᠬᠤ ᠦᠷᠳᠡᠭᠡ ᠴᠡᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠵᠢᠭᠠᠨ᠎ᠡ︔ | | ︵ᠬᠤᠶᠠᠷ︶ ᠰᠢᠲᠠᠮᠠᠬᠠᠢ ᠬᠡᠢ ᠶᠢᠨ ᠲᠦᠬᠦᠭᠡᠷᠦᠮᠵᠢ ᠭᠡᠳᠡᠭ ᠨᠢ ᠵᠤᠬᠢᠶᠠᠮᠠᠯ ᠨᠡᠭᠦᠷᠡᠰᠦᠨ ᠬᠡᠢ ᠶᠢᠨ | ᠦᠢᠯᠡᠳᠪᠦᠷᠢ᠂ ᠰᠢᠲᠠᠮᠠᠬᠠᠢ ᠬᠡᠢ ᠶᠢᠨ ᠬᠡᠢ ᠬᠠᠳᠠᠭᠠᠯᠠᠵᠤ ᠲᠤᠬᠢᠷᠠᠭᠤᠯᠬᠤ ᠦᠷᠳᠡᠭᠡ᠂ ᠬᠡᠢ ᠲᠠᠮᠵᠢᠭᠤᠯᠵᠤ ᠬᠦᠷᠭᠡᠬᠦ | ᠦᠷᠳᠡᠭᠡ᠂ ᠬᠡᠶᠢᠵᠢᠭᠦᠯᠬᠦ ᠦᠷᠳᠡᠭᠡ᠂ ᠬᠡᠢ ᠬᠤᠯᠢᠬᠤ ᠦᠷᠳᠡᠭᠡ᠂ ᠬᠡᠢ ᠨᠡᠮᠡᠬᠦ ᠦᠷᠳᠡᠭᠡ᠂ ᠬᠡᠢ ᠰᠠᠪᠠᠯᠠᠬᠤ ᠦᠷᠲᠡᠭᠡ | ᠂ ᠬᠠᠩᠭᠠᠬᠤ ᠦᠷᠳᠡᠭᠡ᠂ ᠲᠠᠷᠤᠯᠲᠠ ᠶᠢ ᠲᠤᠬᠢᠷᠠᠭᠤᠯᠬᠤ ᠦᠷᠳᠡᠭᠡ᠂ ᠬᠤᠲᠠ ᠶᠢᠨ ᠵᠠᠰᠠᠭ ᠤᠨ ᠶᠠᠪᠤᠳᠠᠯ ᠤᠨ | ᠰᠢᠳᠠᠮᠠᠬᠠᠢ ᠬᠡᠢ ᠶᠢᠨ ᠬᠤᠭᠤᠯᠠᠢ ᠲᠤᠤᠷ ᠵᠡᠷᠭᠡ ᠶᠢᠨ ᠶᠡᠷᠦᠩᠭᠡᠢ ᠨᠡᠷᠡᠶᠢᠳᠦᠯ ᠢ ᠵᠢᠭᠠᠵᠤ ᠪᠤᠢ᠂ ᠬᠤᠲᠠ ᠶᠢᠨ | ᠵᠠᠰᠠᠭ ᠤᠨ ᠶᠠᠪᠤᠳᠠᠯ ᠤᠨ ᠰᠢᠲᠠᠮᠠᠬᠠᠢ ᠬᠡᠢ ᠶᠢᠨ ᠲᠦᠬᠦᠭᠡᠷᠦᠮᠵᠢ᠂ ᠪᠠᠷᠢᠯᠭ᠎ᠠ ᠶᠢᠨ ᠲᠤᠭᠤᠷᠢᠭ ᠤᠨ ᠲᠤᠲᠤᠷᠠᠬᠢ | ᠦᠮᠴᠢᠲᠡᠨ ᠤ ᠲᠤᠰᠬᠠᠢ ᠪᠠᠶᠢᠬᠤ ᠬᠡᠰᠡᠭ ᠠᠴᠠ ᠭᠠᠳᠠᠨᠠᠬᠢ ᠰᠢᠳᠠᠮᠠᠬᠠᠢ ᠬᠡᠢ ᠶᠢᠨ ᠲᠦᠬᠦᠭᠡᠷᠦᠮᠵᠢ ᠵᠢᠴᠢ ᠡᠷᠦᠭᠡ ᠶᠢᠨ | ᠲᠤᠲᠤᠷᠠᠬᠢ ᠰᠢᠳᠠᠮᠠᠬᠠᠢ ᠬᠡᠢ ᠶᠢᠨ ᠲᠦᠬᠦᠭᠡᠷᠦᠮᠵᠢ ᠵᠡᠷᠭᠡ ᠶᠢ ᠪᠠᠭᠲᠠᠭᠠᠨ᠎ᠠ︔ | ︵ᠭᠤᠷᠪᠡ︶ ᠰᠢᠲᠠᠮᠠᠬᠠᠢ ᠬᠡᠢ ᠶᠢᠨ ᠰᠢᠲᠠᠭᠠᠯᠭ᠎ᠠ ᠶᠢᠨ ᠪᠠᠭᠠᠵᠢ ᠬᠡᠷᠡᠭᠰᠡᠯ ᠭᠡᠳᠡᠭ ᠨᠢ ᠰᠢᠲᠠᠮᠬᠠᠢ ᠬᠡᠢ ᠪᠠᠷ | ᠲᠦᠯᠡᠰᠢ ᠪᠤᠯᠭᠠᠭᠰᠠᠨ ᠰᠢᠲᠠᠭᠠᠯᠭ᠎ᠠ ᠶᠢᠨ ᠪᠠᠭᠠᠵᠢ ᠬᠡᠷᠡᠭᠰᠡᠯ ᠢ ᠵᠢᠭᠠᠨ᠎ᠡ᠂ ᠰᠠᠭᠤᠭᠠᠯᠢ ᠠᠷᠠᠳ ᠤᠨ ᠭᠡᠷ ᠪᠦᠯᠢ ᠪᠠ | ᠬᠤᠳᠠᠯᠳᠤᠭᠠᠨ ᠤ ᠡᠷᠦᠭᠡ ᠶᠢᠨ ᠬᠡᠷᠡᠭᠯᠡᠳᠡᠭ ᠰᠢᠲᠠᠮᠠᠬᠠᠢ ᠬᠡᠢ ᠶᠢᠨ ᠵᠤᠤᠬ᠎ᠠ᠂ ᠤᠰᠤ ᠬᠠᠯᠠᠭᠠᠬᠤ ᠪᠠᠭᠠᠵᠢ᠂ ᠤᠰᠤ | ᠪᠤᠴᠠᠯᠭᠠᠬᠤ ᠪᠠᠭᠠᠵᠢ᠂ ᠲᠤᠯᠠᠭᠠᠴᠠᠬᠤ ᠪᠠᠭᠠᠵᠢ᠂ ᠠᠭᠠᠷ ᠲᠤᠬᠢᠷᠠᠭᠤᠯᠬᠤ ᠪᠠᠭᠠᠵᠢ ᠵᠡᠷᠭᠡ ᠪᠠᠭᠠᠵᠢ ᠬᠡᠷᠡᠭᠰᠡᠯ ᠢ | ᠪᠠᠭᠲᠠᠭᠠᠨ᠎ᠡ᠃ | ᠲᠠᠪᠢᠨ ᠨᠠᠢᠮᠠᠳᠤᠭᠠᠷ ᠵᠦᠢᠯ ᠲᠤᠰ ᠲᠦᠷᠢᠮ ᠢ 2017 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | | |