ᠥᠪᠥᠷ ᠮᠣᠩᠭᠤᠯ ᠠᠷᠠᠳ ᠤᠨ ᠥᠭᠦᠯᠡᠨ ᠳᠠᠭᠤᠯᠠᠬᠤ ᠤᠷᠠᠯᠢᠭ ᠢ ᠡᠮᠬᠢᠳᠬᠡᠨ ᠬᠠᠮᠠᠭᠠᠯᠠᠵᠤ ᠪᠤᠢ
ᠨᠡᠶᠢᠲᠡᠯᠡᠭᠰᠡᠨ ᠴᠠᠭ᠄
2018-05-29
     ᠠᠷᠠᠳ ᠤᠨ ᠡᠳᠦᠷ ᠤᠨ ᠰᠣᠨᠢᠨ ᠤ ᠬᠥᠬᠡᠬᠤᠲᠠ ᠶᠢᠨ 5  ᠰᠠᠷ᠎ᠠ ᠶᠢᠨ  27   ᠤ  ᠡᠳᠦᠷ ᠤᠨ  ᠴᠠᠬᠢᠯᠭᠠᠨ  ᠮᠡᠳᠡᠭᠡ︵ᠰᠤᠷᠪᠤᠯᠵᠢᠯᠠᠭᠴᠢ ᠳ᠋ᠢᠩ ᡁᠢ ᠵᠢᠶᠦ᠋ᠨ︶ ᠣᠶᠢᠷ᠎ᠠ ᠶᠢᠨ ᠡᠳᠦᠷ᠂ ︽ᠳᠤᠮᠳᠠᠳᠤ  ᠤᠯᠤᠰ ᠤᠨ  ᠠᠷᠠᠳ ᠤᠨ  ᠠᠮᠠᠨ  ᠵᠣᠬᠢᠶᠠᠯ ‍ᠤᠨ‌‍ᠲ᠋ᠤᠮᠤ ᠰᠤᠳᠤᠷ· ᠥᠭᠦᠯᠡᠨ ᠳᠠᠭᠤᠯᠠᠬᠤ  ᠤᠷᠠᠯᠢᠭ·  ᠥᠪᠥᠷ  ᠮᠣᠩᠭᠤᠯ ᠤᠨ  ᠪᠣᠳᠢ︾ ᠶᠢ  ᠨᠠᠶᠢᠷᠠᠭᠤᠯᠤᠨ  ᠪᠢᠴᠢᠬᠦ  ᠠᠵᠢᠯ‌ᠵᠢᠩᠬᠢᠨᠢ ᠪᠠᠷ ᠡᠬᠢᠯᠡᠵᠦ᠂ ᠥᠪᠤᠷ ᠮᠣᠩᠭᠤᠯ ᠤᠨ  ᠥᠪᠡᠷᠲᠡᠭᠡᠨ  ᠵᠠᠰᠠᠬᠤ  ᠣᠷᠣᠨ ᠠᠴᠠ  ᠮᠣᠩᠭᠤᠯ᠂  ᠬᠢᠲᠠᠳ᠂  ᠡᠸᠡᠩᠬᠢ᠂ᠣᠷᠴᠣᠨ᠂ ᠳᠠᠭᠤᠷ ᠵᠡᠷᠭᠡ ᠣᠯᠠᠨ ᠦᠨᠳᠦᠰᠦᠲᠡᠨ ᠤ ᠠᠷᠠᠳ ᠤᠨ ᠳᠤᠮᠳᠠᠬᠢ  ᠥᠭᠦᠯᠡᠨ  ᠳᠠᠭᠤᠯᠠᠬᠤ  ᠤᠷᠠᠯᠢᠭ   ᠢ  ᠵᠠᠪᠳᠤᠨ‌ᠠᠪᠤᠷᠠᠬᠤ ᠴᠢᠨᠠᠷᠲᠠᠢ ᠡᠮᠬᠢᠳᠭᠡᠨ ᠴᠤᠭᠯᠠᠭᠤᠯᠵᠤ ᠡᠬᠢᠯᠡᠪᠡ᠃              ᠡᠨᠡᠬᠦ ᠠᠵᠢᠯ ᠨᠢ ᠳᠠᠭᠤᠨ ᠳᠠᠪᠲᠠᠮᠵᠢ᠂ ᠬᠠᠷᠠᠭᠠᠨ ᠳᠠᠪᠲᠠᠮᠵᠢ ᠪᠠᠷ ᠳᠠᠮᠵᠢᠭᠤᠯᠤᠨ ᠥᠪᠥᠷ ᠮᠣᠩᠭᠤᠯ ᠤᠨ  ᠠᠷᠠᠳ ‍ᠤᠨ‌‍ᠲ᠋ᠤᠮᠳᠠ ᠳᠡᠯᠭᠡᠷᠡᠭᠰᠡᠨ ᠣᠯᠠᠨ ᠦᠨᠳᠦᠰᠦᠲᠡᠨ ᠤ ᠥᠭᠦᠯᠡᠨ  ᠳᠠᠭᠤᠯᠠᠬᠤ  ᠤᠷᠠᠯᠢᠭ ᠢ  ᠴᠤᠭᠯᠠᠭᠤᠯᠤᠨ  ᠡᠮᠬᠢᠳᠬᠡᠵᠦ᠂  ᠲᠣᠮᠣ‌‍ᠰᠤᠶᠤᠯ ᠤᠨ ᠰᠠᠩ ᠢ ᠬᠡᠪᠯᠡᠭᠦᠯᠬᠦ ᠶᠢᠨ ᠬᠠᠮᠲᠤ᠂ ᠡᠯᠧᠺᠲᠷᠣᠨ ᠲᠤᠯᠭᠤᠷ ᠪᠢᠴᠢᠭ ᠤᠨ ᠳ᠋ᠠᠶᠢᠲ᠋ᠠ  ᠬᠦᠮᠦᠷᠭᠡ ᠶᠢ ᠪᠠᠶᠢᠭᠤᠯᠤᠨ᠎ᠠ᠃             ᠠᠷᠠᠳ ᠤᠨ ᠳᠤᠮᠳᠠᠬᠢ ᠥᠭᠦᠯᠡᠨ ᠳᠠᠭᠤᠯᠠᠬᠤ ᠤᠷᠠᠯᠢᠭ ᠨᠢ ᠲᠡᠥᠬᠡᠨ ᠳᠡᠭᠡᠷ᠎ᠡ ᠪᠤᠢ ᠪᠣᠯᠵᠤ ᠪᠦᠷᠢᠯᠳᠦᠬᠦ ᠶᠢᠨ ᠬᠠᠮᠲᠤ᠂ᠠᠮᠢᠳᠤ ᠲᠣᠭᠯᠠᠯᠲᠠ ᠪᠠ ᠪᠢᠴᠢᠭ ᠲᠡᠮᠳᠡᠭᠯᠡᠯ ᠤᠨ ᠬᠡᠯᠪᠡᠷᠢ ᠪᠠᠷ ᠠᠷᠠᠳ ᠤᠨ ᠳᠤᠮᠳᠠ ᠤᠯᠠᠮᠵᠢᠯᠠᠭᠳᠠᠨ ᠳᠡᠯᠭᠡᠷᠡᠭᠰᠡᠨ᠂  ᠥᠭᠦᠯᠡᠨ‌‍ᠲ᠋ᠠᠭᠤᠯᠠᠬᠤ ᠬᠡᠯᠪᠡᠷᠢ ᠪᠠᠷ ᠦᠯᠢᠭᠡᠷ ᠪᠤᠶᠤ ᠳᠦᠷᠢ ᠶᠢ  ᠵᠢᠷᠤᠭᠯᠠᠳᠠᠭ  ᠤᠯᠠᠮᠵᠢᠯᠠᠯᠲᠤ  ᠲᠣᠭᠯᠠᠯᠲᠠ ᠶᠢᠨ  ᠤᠷᠠᠯᠢᠭ  ᠪᠣᠯᠣᠨ᠎ᠠ᠃ᠣᠳᠣᠬᠠᠨ ᠳᠤ᠂ ᠥᠪᠥᠷ ᠮᠣᠩᠭᠤᠯ ᠳᠤ 30 ᠭᠠᠷᠤᠢ ᠵᠦᠢᠯ ᠤᠨ ᠣᠨᠴᠠᠯᠢᠭ ᠢᠶᠠᠷ ᠢᠯᠡ ᠲᠣᠳᠣ᠂ ᠣᠯᠠᠨ ᠬᠡᠯᠪᠡᠷᠢ ᠶᠠᠩᠵᠤ ᠵᠢᠨ‌ᠠᠷᠠᠳ ᠤᠨ ᠥᠭᠦᠯᠡᠨ ᠳᠠᠭᠤᠯᠠᠬᠤ ᠤᠷᠠᠯᠢᠭ ᠪᠤᠢ᠃ ᠭᠡᠪᠡᠴᠦ ᠡᠳᠡᠭᠡᠷ ᠠᠷᠠᠳ ᠤᠨ ᠤᠷᠠᠯᠢᠭ ᠢ  ᠤᠯᠠᠮᠵᠢᠯᠠᠨ  ᠵᠠᠯᠭᠠᠮᠵᠢᠯᠠᠭᠰᠠᠨ‌‍ᠪᠠᠶᠢᠳᠠᠯ ᠲᠡᠶᠢᠮᠤ ᠰᠠᠶᠢᠨ ᠪᠢᠰᠢ᠂ ᠠᠪᠤᠷᠠᠬᠤ ᠴᠢᠨᠠᠷᠲᠠᠢ ᠬᠠᠮᠠᠭᠠᠯᠠᠨ ᠡᠮᠬᠢᠳᠬᠡᠬᠦ ᠠᠵᠢᠯ ᠨᠢᠳᠦᠨ ᠡᠮᠦᠨ᠎ᠡ ᠲᠤᠯᠭᠠᠮᠳᠠᠵᠤ ᠪᠠᠶᠢᠨ᠎ᠠ᠃ᠨᠢᠭᠡ  ᠪᠦᠯᠦᠭ  ᠠᠬᠠᠮᠠᠳ  ᠠᠷᠠᠳ ᠤᠨ  ᠤᠷᠠᠯᠢᠭᠴᠢᠳ ᠤᠨ  ᠨᠠᠰᠤ  ᠪᠠᠷᠠᠭᠰᠠᠨ   ᠨᠢ᠂   ᠶᠡᠭᠡ   ᠬᠡᠮᠵᠢᠶᠡᠨ ᠤ   ᠠᠮᠠ ᠪᠠᠷ‌ᠤᠯᠠᠮᠵᠢᠯᠠᠭᠳᠠᠵᠤ᠂ ᠶᠡᠷᠦ ᠠᠴᠠ ᠲᠡᠮᠳᠡᠭᠯᠡᠨ  ᠦᠯᠡᠳᠡᠭᠡᠭᠡ  ᠦᠭᠡᠢ  ᠪᠤᠶᠤ  ᠵᠠᠯᠠᠭᠤ  ᠨᠢᠭᠡᠨ  ᠦᠶ᠎ᠡ ᠶᠢᠨ   ᠬᠢᠨ  ᠤᠯᠠᠮᠵᠢᠯᠠᠨ‌ᠵᠠᠯᠭᠠᠮᠵᠢᠯᠠᠭᠰᠠᠨ ᠦᠭᠡᠢ ᠠᠷᠠᠳ ᠤᠨ ᠳᠤᠮᠳᠠᠬᠢ ᠥᠭᠦᠯᠡᠵᠦ ᠳᠠᠭᠤᠯᠠᠬᠤ ᠤᠷᠠᠯᠢᠭ ᠢ ᠳᠠᠯᠲᠠ ᠤᠷᠤᠵᠠᠢ᠃              ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠠᠷᠠᠳ ᠤᠨ ᠠᠮᠠᠨ ᠵᠣᠬᠢᠶᠠᠯ ᠤᠨ ᠲᠤᠮᠤ  ᠰᠤᠳᠤᠷ︾    ᠢ  ᠬᠡᠪᠯᠡᠬᠦ‌ᠢᠨᠵᠧᠨᠧᠷᠢᠩ ᠠᠴᠠ᠂ 2025 ᠣᠨ ᠪᠣᠯᠬᠤ ᠳᠤ ᠠᠷᠠᠳ ᠤᠨ ᠥᠭᠦᠯᠡᠨ ᠳᠠᠭᠤᠯᠠᠬᠤ ᠤᠷᠠᠯᠢᠭ᠂ ᠠᠷᠠᠳ ᠤᠨ ᠳᠣᠮᠤᠭ  ᠵᠡᠷᠭᠡ‌‍ᠲ᠋ᠥ᠋ᠷᠥᠯ ᠵᠦᠢᠯ ᠪᠣᠯᠣᠨ ᠰᠢᠷᠢᠰ ᠲᠣᠮᠣ  ᠬᠡᠯᠪᠡᠷᠢ ᠶᠢᠨ  ᠪᠢᠴᠢᠭ ᠤᠨ  ᠰᠠᠩ ᠤᠨ  1000  ᠪᠣᠳᠢ ᠶᠢ  ᠵᠢᠩᠬᠢᠨᠢ ᠪᠠᠷ  ᠬᠡᠪᠯᠡᠨ‌ᠨᠡᠶᠢᠲᠡᠯᠡᠬᠦ ᠪᠠᠷ ᠲᠥᠯᠥᠪᠯᠡᠵᠦ ᠪᠠᠶᠢᠨ᠎ᠠ᠂ ᠪᠤᠳᠢ ᠪᠦᠷᠢ ᠨᠢ 100 ᠲᠦᠮᠡᠨ ᠦᠰᠦᠭ  ᠲᠠᠢ᠃ ᠡᠭᠦᠨ ᠤ ᠬᠠᠮᠲᠤ ᠪᠠᠰᠠ  ︽ᠠᠮᠠᠨ‌ᠵᠣᠬᠢᠶᠠᠯ ᠤᠨ ᠥᠪ ᠤᠨ ᠳ᠋ᠠᠶᠢᠲ᠋ᠠ  ᠬᠥᠮᠥᠷᠭᠡ︾ ᠶᠢ ᠪᠠᠶᠢᠭᠤᠯᠬᠤ ᠪᠠᠷ ᠪᠣᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号